
ᠰᠤᠷᠪᠤᠯᠵᠢᠯᠠᠭᠰᠠᠨ ᠴᠠᠭ᠄
2017 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ᠎ᠲᠤ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠦᠦ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠨᠡᠶ᠋ᠢᠲᠡᠯᠡᠨ ᠬᠡᠷᠡᠭᠵᠢᠭᠦᠯᠪᠡ᠃ ᠥᠨᠥᠳᠦᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠦᠦ ᠨᠥᠬᠥᠷ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ ᠵᠢᠨ ᠰᠦᠯᠵᠢᠶᠡᠨ ᠰᠤᠷᠪᠤᠯᠵᠢᠯᠠᠭ᠎ᠠ ᠵᠢᠨ ᠪᠤᠯᠤᠩ᠎ᠳᠤ ᠰᠠᠭ᠋ᠠᠲᠠᠵᠤ᠂ ᠮᠠᠨ᠎ᠤ ᠣᠷᠣᠨ᠎ᠤ 《13 · 5》 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠶ ᠣᠯᠠᠨ᠎ᠲᠠᠢ ᠰᠦᠯᠵᠢᠶᠡᠨ᠎ᠳᠤ ᠵᠣᠭᠣᠭ ᠳᠡᠯᠭᠡᠬᠦ ᠪᠣᠯᠤᠨ᠎ᠠ᠃ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠶ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ ᠵᠢᠨ ᠰᠦᠯᠵᠢᠶᠡᠨ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠰᠣᠨᠢᠷᠬᠠᠭᠰᠠᠨ᠎ᠳᠤ ᠪᠠᠶᠠᠷᠯᠠᠯ᠎ᠠ᠃ 《13 · 5》 ᠵᠢᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠮᠠᠨ᠎ᠤ ᠣᠷᠣᠨ᠎ᠤ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠣᠯᠬᠤ ᠱᠠᠲᠦ᠂ ᠪᠠᠰᠠ ᠴᠦ᠍ ᠠᠷᠭ᠎ᠠ ᠬᠡᠯᠪᠡᠷᠢ᠎ᠪᠠᠨ ᠬᠤᠪᠢᠷᠠᠭᠤᠯᠵᠤ ᠪᠦᠲᠦᠴᠡ᠎ᠪᠠᠨ ᠲᠣᠬᠢᠷᠠᠭᠤᠯᠬᠤ ᠵᠠᠩᠭᠢᠯᠠᠭ᠎ᠠ ᠵᠢᠨ ᠬᠤᠭᠤᠴᠠᠭ᠎ᠠ᠃ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠪᠴᠢᠯᠡᠨ ᠬᠥᠭᠵᠢᠭᠦᠯᠬᠦ᠎ᠨᠢ ᠮᠠᠨ᠎ᠤ ᠣᠷᠣᠨ᠎ᠤ ᠲᠣᠭᠲᠠᠭᠤᠨ ᠵᠶ᠋ᠠᠷ ᠨᠡᠮᠡᠭᠳᠡᠭᠦᠯᠬᠦ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠲᠦᠭᠰᠢᠭᠦᠷᠢ ᠵᠢ ᠰᠡᠷᠭᠡᠶ᠋ᠢᠯᠡᠬᠦ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ᠎ᠳᠤ ᠴᠥᠮ ᠴᠢᠬᠤᠯᠠ ᠠᠴᠢ ᠬᠣᠯᠪᠣᠭᠳᠠᠯ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠶ᠋ᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》᠎ᠨᠢ ᠮᠠᠨ᠎ᠤ ᠣᠷᠣᠨ᠎ᠤ ᠬᠣᠢ᠌ᠰᠢᠲᠠ ᠵᠢᠨ ᠲᠠᠪᠤᠨ ᠵᠢᠯ᠎ᠤᠨ ᠲᠤᠷᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠴᠢᠬᠤᠯᠠ ᠵᠢᠯᠣᠭᠣᠳᠬᠤ ᠠᠴᠢ ᠬᠣᠯᠪᠣᠭᠳᠠᠯ᠎ᠲᠠᠢ ᠶᠤᠮ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠦᠦ ᠨᠥᠬᠥᠷ᠎ᠢ ᠤᠷᠢᠵᠤ ᠮᠠᠨ᠎ᠤ ᠣᠷᠣᠨ᠎ᠤ 《13 · 5》 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠬᠠᠮᠢᠶ᠎ᠠ ᠪᠥᠬᠥᠢ ᠠᠭᠤᠯᠭ᠎ᠠ ᠵᠢ ᠣᠯᠠᠨ᠎ᠲᠠᠢ ᠰᠦᠯᠵᠢᠶᠡᠨ᠎ᠳᠤ ᠰᠠᠨᠠᠯ ᠰᠣᠯᠢᠯᠴᠠᠬᠤ ᠪᠣᠯᠣᠭᠰᠠᠨ᠎ᠳᠤ ᠮᠠᠰᠢ ᠪᠠᠶᠠᠷᠲᠠᠢ ᠪᠠᠢ᠌ᠨ᠎ᠠ᠃ ᠸᠠᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠶ᠎ᠠ!
ᠸᠠᠩ ᠵᠢᠨ ᠪᠦᠦ᠄
ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠤ ᠪᠠᠶᠠᠷᠲᠠᠢ᠌ᠬᠠᠨ ᠪᠠᠶ᠋ᠢᠨ᠎ᠠ᠃ ᠡᠨᠡ ᠬᠦ᠌ ᠲᠣᠬᠢᠶᠠᠯ᠎ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠠᠵᠤ ᠦᠢ᠍ᠯᠡᠰ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠯ᠎ᠡ ᠪᠦᠷᠢᠯᠳᠦᠬᠦᠨ ᠨᠢᠭᠡᠴᠡ ᠵᠢᠨ ᠡᠮᠦᠨ᠎ᠡ᠎ᠠᠴᠠ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠠᠵᠢᠯ᠎ᠢ ᠳᠡᠮᠵᠢᠵᠤ᠂ ᠬᠠᠯᠠᠮᠵᠢᠯᠠᠭᠰᠠᠭ᠋ᠠᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ᠎ᠳᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ᠃
ᠬᠥᠲᠥᠯᠥᠭᠴᠢ᠄
ᠸᠠᠩ ᠡᠷᠬᠢᠯᠡᠭᠴᠢ ᠡ᠂ ᠤᠢ᠍ᠢ᠍ᠷ᠎ᠠ ᠵᠢᠨ ᠬᠡᠳᠦᠨ ᠵᠢᠯ᠎ᠳᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠤᠶ᠋ᠢᠯ ᠵᠶ᠋ᠠᠷ ᠴᠢᠬᠤᠯᠠᠴᠢᠯᠠᠨ ᠦᠵᠡᠵᠦ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠠᠯᠢ ᠤᠯᠠᠨ ᠨᠡᠶ᠋ᠢᠲᠡᠯᠡᠵᠤ᠂ ᠮᠠᠨ᠎ᠤ ᠣᠷᠣᠨ ᠤ ᠦᠢ᠍ᠯᠡᠴᠢᠯᠡᠭᠡᠨ᠎ᠤ ᠦᠢ᠍ᠯᠡᠰ ᠬᠥᠭᠵᠢᠯᠲᠡ ᠵᠢᠨ ᠰᠢᠨ᠎ᠡ ᠱᠠᠲᠤᠨ᠎ᠳᠤ ᠣᠷᠣᠪᠠ᠃
ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠮᠠᠰᠢ ᠠᠩᠬᠠᠷᠴᠤ ᠪᠠᠢ᠌ᠳᠠᠭ᠂ ᠣᠶ᠋ᠢᠷ᠎ᠠ ᠵᠢᠨ ᠬᠤᠭᠤᠴᠠᠭ᠋ᠠᠨ᠎ᠳᠤ 《13 · 5》 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠡᠶ᠋ᠢᠲᠡᠯᠡᠭᠰᠡᠨ᠎ᠨᠢ ᠶᠠᠮᠠᠷ ᠠᠬᠤᠶ ᠪᠠᠶ᠋ᠢᠳᠠᠯ᠎ᠲᠠᠢ ᠪᠣᠢ?
ᠸᠠᠩ ᠵᠢᠨ ᠪᠦᠦ᠄
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠮᠠᠨ᠎ᠤ ᠣᠷᠣᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠬᠦ ᠶᠠᠪᠤᠳᠠᠯ᠎ᠢ ᠪᠠᠶ᠋ᠢᠯᠳᠤᠬᠤ ᠪᠤᠳᠦᠯᠭ᠎ᠠ ᠵᠢᠨ ᠭᠣᠣᠯᠳᠠᠯᠭ᠋ᠠᠲᠤ ᠡᠭᠦᠷᠭᠡ ᠪᠣᠯᠭ᠋ᠠᠨ᠂ ᠲᠦᠷᠦ ᠵᠢᠨ ᠪᠤᠳᠤᠯᠭ᠎ᠠ ᠵᠶ᠋ᠡᠷ ᠠᠬᠢᠭᠤᠯᠬᠤ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠤᠷᠢᠳ ᠬᠣᠵᠢᠳ 《ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠬᠦ ᠲᠤᠬᠠᠶ ᠲᠦᠷᠤ ᠵᠢᠨ ᠪᠤᠳᠤᠯᠭ᠎ᠠ ᠵᠢᠨ ᠲᠣᠭᠲᠠᠭ᠋ᠠᠯ᠎ᠤᠳ》᠂ 《ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠬᠤ ᠵᠢᠯᠣᠭᠣᠳᠬᠤ ᠰᠠᠨᠠᠯ》᠂ 《ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠵᠦ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠵᠦ ᠳᠡᠰ ᠳᠡᠪᠰᠢᠭᠦᠯᠬᠦ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2015 — 2017 ᠣᠨ)》 ᠵᠡᠷᠭᠡ ᠲᠦᠷᠦ ᠵᠢᠨ ᠪᠤᠳᠤᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠵᠢᠭᠤᠯᠴᠢᠯᠠᠯ᠂ ᠮᠥᠩᠭᠥᠨ ᠭᠦᠢ᠍ᠯᠭᠡᠭᠡ᠂ ᠡᠯᠧᠺᠲᠷᠣᠨ ᠬᠤᠳᠠᠯᠳᠤᠭ᠎ᠠ᠂ ᠰᠣᠶᠣᠯ᠎ᠤᠨ ᠪᠦᠲᠦᠭᠡᠯᠴᠢ ᠲᠥᠰᠥᠪᠯᠡᠯ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠠᠯᠢ ᠤᠯᠠᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠬᠤᠷᠳᠤᠴᠠ ᠮᠡᠳᠡᠭᠳᠡᠬᠦᠶ᠋ᠢᠴᠡ ᠲᠦᠷᠭᠡᠰᠦᠨ᠂ ᠬᠡᠪᠴᠢᠶ᠎ᠡ᠎ᠨᠢ ᠦᠳᠲᠡᠷ ᠶᠡᠬᠡᠰᠴᠦ᠂ ᠦᠢ᠍ᠯᠡᠴᠢᠯᠡᠭᠡᠨ᠎ᠤ ᠦᠢ᠍ᠯᠡᠰ᠎ᠤᠨ ᠭᠤᠷᠪᠠᠳᠤᠭ᠋ᠠᠷ ᠠᠵᠤ ᠦᠢ᠍ᠯᠡᠰ᠎ᠲᠤ ᠡᠵᠡᠯᠡᠬᠦ ᠬᠠᠷᠢᠴᠠᠯ᠎ᠨᠢ 《13 · 5》 ᠵᠢᠨ ᠡᠬᠢᠨ᠎ᠤ ᠬᠤᠭᠤᠴᠠᠭ᠋ᠠᠨ᠎ᠳᠠᠬᠢ 36.1%᠎ᠠᠴᠠ 2015 ᠣᠨ᠎ᠳᠤ 40% ᠪᠣᠯᠣᠨ ᠳᠡᠭᠡᠭᠰᠢᠯᠡᠵᠦ᠂ ᠵᠢᠯ ᠪᠦᠷᠢ ᠳᠤᠮᠳᠠᠴᠢ᠎ᠪᠠᠷ 8.9%᠎ᠪᠠᠷ ᠨᠡᠮᠡᠭᠳᠡᠨ᠂ ᠦᠢ᠍ᠯᠡᠴᠢᠯᠡᠭᠡᠨ᠎ᠤ ᠦᠢ᠍ᠯᠡᠰ᠎ᠤᠨ ᠲᠣᠭᠲᠠᠮᠠᠯ ᠬᠦ᠍ᠷᠦᠡᠭᠭᠡᠳᠤ ᠪᠡᠯᠡ ᠣᠷᠣᠭᠤᠯᠬᠤ ᠬᠡᠪᠴᠢᠶ᠎ᠡ 6200 ᠳ᠋ᠦᠩᠰᠢᠭᠤᠷ ᠲᠥᠭᠥᠷᠢᠭ᠎ᠢ ᠳᠠᠪᠠᠵᠤ᠂ ᠪᠦᠬᠦ ᠪᠡᠯᠡ ᠣᠷᠣᠭᠤᠯᠤᠯᠲᠠ ᠵᠢᠨ 45.5% ᠵᠢ ᠡᠵᠡᠯᠡᠨ᠂ ᠦᠢ᠍ᠯᠡᠴᠢᠯᠡᠭᠡᠨ᠎ᠤ ᠦᠢ᠍ᠯᠡᠰ᠎ᠨᠢ ᠰᠢᠨ᠎ᠡ ᠬᠡᠪ ᠪᠠᠶ᠋ᠢᠳᠠᠯ᠎ᠳᠤ ᠠᠵᠤ ᠠᠬᠤᠶ ᠵᠢᠨ ᠨᠡᠮᠡᠭᠳᠡᠯ᠎ᠢ ᠬᠥᠲᠥᠯᠥᠨ ᠳᠠᠶ᠋ᠢᠴᠢᠯᠠᠬᠤ ᠰᠢᠨ᠎ᠡ ᠬᠥᠳᠡᠯᠭᠡᠭᠦᠷ ᠪᠠ ᠡᠳ᠋᠎ᠤᠨ ᠵᠠᠰᠠᠭ᠎ᠤᠨ ᠣᠷᠣᠯᠭ᠎ᠠ ᠪᠠ ᠠᠵᠢᠯ ᠣᠯᠭᠣᠯᠲᠠ ᠵᠢ ᠨᠡᠮᠡᠭᠳᠡᠭᠦᠯᠬᠦ ᠭᠣᠣᠯ ᠬᠦᠴᠦᠨ ᠪᠣᠯᠪᠠ᠃ ᠵᠢᠭᠤᠯᠴᠢᠯᠠᠯ᠂ ᠮᠥᠩᠭᠥᠨ ᠭᠦᠢ᠍ᠯᠭᠡᠭᠡ᠂ ᠪᠠᠷᠠᠭ᠋ᠠᠨ᠎ᠤ ᠭᠦᠢ᠍ᠯᠭᠡᠭᠡ᠂ ᠮᠡᠳᠡᠭᠡ ᠵᠠᠩᠭᠢ᠂ ᠭᠡᠷ᠎ᠤᠨ ᠠᠳᠠᠯ ᠠᠬᠤᠢ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ ᠵᠡᠷᠭᠡ ᠰᠢᠨ᠎ᠡ᠎ᠪᠠᠷ ᠬᠥᠭᠵᠢᠭᠰᠡᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠨᠢ ᠠᠵᠤ ᠠᠬᠤᠶ ᠵᠢᠨ ᠰᠢᠨ᠎ᠡ ᠨᠡᠮᠡᠭᠳᠡᠯ ᠴᠢᠭ᠋᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠴᠢᠬᠤᠯᠠ ᠲᠦᠯᠬᠢᠴᠡ ᠬᠦᠴᠦᠨ ᠪᠣᠯᠵᠠᠢ᠃ ᠭᠡᠪᠡᠴᠦ ᠪᠦᠬᠦ ᠲᠠᠯ᠎ᠠ᠎ᠠᠴᠠ ᠦᠵᠡᠪᠡᠯ᠂ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠢ ᠪᠦᠬᠦ ᠤᠯᠤᠰ ᠪᠣᠯᠤᠨ ᠬᠥᠭᠵᠢᠭᠰᠡᠨ ᠮᠤᠵᠢ ᠬᠣᠲᠠ ᠲᠤᠭᠤᠷᠢᠭᠯᠤᠭᠠ ᠬᠠᠷᠢᠴᠠᠭᠤᠯᠪᠠᠯ᠂ ᠬᠥᠭᠵᠢᠯᠲᠡ᠎ᠨᠢ ᠬᠠᠷᠢᠴᠠᠩᠭᠤᠶ᠎ᠪᠠᠷ ᠬᠣᠴᠣᠷᠤᠩᠭᠤᠶ ᠪᠠᠶ᠋ᠢᠵᠤ᠂ ᠮᠥᠨ ᠬᠦ᠌ ᠵᠣᠬᠢᠬᠤ ᠵᠥᠷᠢᠶ᠎ᠡ ᠣᠷᠣᠰᠢᠨ᠂ ᠭᠣᠤᠯᠳᠠᠭᠤ ᠦᠢ᠍ᠯᠡᠴᠢᠯᠡᠭᠡᠨ᠎ᠤ ᠦᠢ᠍ᠯᠡᠰ᠎ᠤᠨ ᠡᠵᠡᠯᠡᠬᠦ ᠬᠠᠷᠢᠴᠠᠯ ᠪᠠᠭ᠎ᠠ᠂ ᠳᠣᠲᠣᠭ᠋ᠠᠳᠤ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠦᠷᠦ ᠵᠢᠨ ᠪᠤᠳᠤᠯᠭ᠎ᠠ ᠵᠢᠨ ᠰᠢᠰᠲᠸᠮᠵᠢ ᠵᠢ ᠦᠷᠭᠦᠯᠵᠢᠯᠡᠨ ᠪᠦᠷᠢᠨᠰᠢᠭᠦᠯᠬᠦ ᠵᠡᠷᠭᠡ᠎ᠳᠤ ᠢᠯᠡᠷᠡᠵᠦ ᠪᠣᠢ᠃ ᠭᠡᠪᠡᠴᠦ ᠵᠥᠷᠢᠶ᠎ᠡ ᠢᠯᠭ᠋ᠠᠭ᠎ᠠ ᠪᠣᠯ ᠬᠥᠭᠵᠢᠯᠲᠡ ᠵᠢᠨ ᠲᠠᠯᠳᠠ ᠬᠦᠴᠦᠨ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠵᠦ᠂ ᠦᠢ᠍ᠯᠡᠴᠢᠯᠡᠭᠡᠨ᠎ᠤ ᠦᠢ᠍ᠯᠡᠰ᠎ᠤᠨ ᠬᠤᠪᠢ ᠵᠢᠨ ᠵᠢᠩ᠎ᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠤᠰᠤᠳᠴᠢ ᠬᠡᠷᠡᠭᠴᠡᠭᠡ ᠱᠠᠭ᠋ᠠᠷᠳᠠᠯᠭ᠎ᠠ ᠪᠠ ᠪᠣᠳᠠᠲᠤ ᠰᠣᠩᠭᠣᠯᠲᠠ ᠮᠥᠨ᠂ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠨᠢ ᠲᠦᠷᠭᠡᠨ ᠬᠥᠭᠵᠢᠬᠦ ᠰᠠᠭᠤᠷᠢ᠎ᠪᠠᠨ ᠨᠢᠭᠡᠨᠲᠡ ᠪᠦᠷᠢᠯᠳᠦᠭᠦᠯᠪᠠ᠂ ᠨᠡᠩ ᠲᠦᠷᠭᠡᠨ ᠬᠥᠭᠵᠢᠯᠲᠡ ᠵᠢ ᠪᠡᠶᠡᠯᠡᠭᠦᠯᠵᠦ᠂ ᠨᠡᠩ ᠶᠡᠬᠡ ᠬᠤᠪᠢ ᠨᠡᠮᠡᠷᠢ ᠭᠠᠷᠭ᠋ᠠᠬᠤ ᠴᠢᠬᠤᠯᠠᠲᠠᠢ ᠪᠣᠯᠣᠭᠰᠠᠨ ᠭᠡᠳᠡᠭ᠎ᠲᠤ ᠪᠢᠳᠡ ᠰᠡᠷᠭᠡᠭ ᠵᠶ᠋ᠡᠷ ᠲᠠᠨᠢᠬᠤ ᠬᠡᠷᠡᠭᠲᠡᠢ᠃ ᠡᠶ᠋ᠢᠮᠦᠷᠬᠦ ᠠᠬᠤᠶ ᠪᠠᠶ᠋ᠢᠳᠠᠯ ᠳᠣᠣᠷ᠎ᠠ᠂ ᠬᠤᠢ᠌ᠰᠢᠳᠠ ᠵᠢᠨ ᠲᠠᠪᠤᠨ ᠵᠢᠯ᠎ᠳᠠᠬᠢ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠲᠥᠯᠥᠪᠵᠢᠭᠦᠯᠵᠦ᠂ ᠤᠳᠤ ᠦᠶ᠎ᠡ ᠵᠢᠨ ᠦᠢ᠍ᠯᠡᠳᠬᠦ ᠦᠢ᠍ᠯᠡᠰ᠎ᠲᠠᠢ ᠠᠭᠤᠰᠤᠯᠴᠠᠭᠰᠠᠨ᠂ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠶ᠎ᠲᠠᠢ ᠢᠵᠢ ᠪᠦᠷᠢᠳᠦᠭᠰᠡᠨ᠂ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ᠎ᠲᠠᠢ ᠵᠣᠬᠢᠴᠠᠭᠰᠠᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠲᠠᠢ ᠲᠣᠬᠢᠷᠠᠯᠴᠠᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠴᠣᠭᠴᠠᠯᠠᠵᠤ᠂ ᠬᠥᠭᠵᠢᠭᠰᠡᠨ ᠭᠠᠵᠠᠷ ᠣᠷᠣᠨ᠎ᠯᠤᠭ᠎ᠠ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠵᠢᠨ ᠲᠤᠯᠠᠳᠠ 《ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠲᠤᠰ 《ᠲᠥᠯᠥᠪᠵᠢᠭᠦᠯᠭᠡ》 ᠵᠢ ᠵᠣᠬᠢᠶᠠᠨ ᠪᠠᠢ᠌ᠭᠤᠯᠵᠤ ᠨᠠᠶ᠋ᠢᠷᠠᠭᠤᠯᠤᠨ ᠵᠣᠬᠢᠶᠠᠪᠠ᠃
ᠬᠥᠲᠥᠯᠥᠭᠴᠢ᠄
《13·5》 ᠵᠢᠨ ᠰᠡᠭᠦᠯᠴᠢ ᠵᠢᠨ ᠬᠤᠭᠤᠴᠠᠭ᠎ᠠ ᠪᠤᠯᠲᠠᠯ᠎ᠠ᠂ ᠮᠠᠨ᠎ᠤ ᠣᠷᠣᠨ ᠦᠢ᠍ᠯᠡᠴᠢᠯᠡᠭᠡᠨ᠎ᠤ ᠦᠢ᠍ᠯᠡᠰ ᠬᠦᠭᠵᠢᠭᠡᠳ ᠶᠠᠮᠠᠷ ᠬᠢᠷᠢ ᠬᠡᠮᠵᠢᠶᠡᠨ᠎ᠳᠤ ᠬᠦᠷᠳᠡᠭ ᠪᠤᠯ?
ᠸᠠᠩ ᠵᠢᠨ ᠪᠦᠦ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠤ ᠪᠤᠢ᠃ ᠯᠢ ᠵᠢᠶ ᠾᠧᠩ ᠱᠦᠵᠢ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠤᠬᠠᠶ ᠤᠯᠠᠨᠲᠠ ᠴᠣᠬᠣᠯᠠᠪᠤᠷᠢ ᠭᠠᠷᠭ᠋ᠠᠵᠤ᠂ ᠲᠡᠷᠢᠭᠦᠯᠡᠭᠴᠢ ᠪᠦ᠋ ᠰᠢᠶᠤᠤ ᠯᠢᠨ᠂ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠵᠡᠷᠭᠡ ᠥᠪᠡᠷᠲᠡᠭᠡᠨ ᠵᠠᠰᠠᠬᠤ ᠣᠷᠣᠨ᠎ᠤ ᠭᠣᠣᠯ ᠤᠳᠤᠷᠢᠳᠤᠯᠭ᠎ᠠ ᠨᠠᠷ ᠣᠳᠣᠬᠠᠨ᠎ᠤ ᠭᠣᠣᠯᠳᠠᠯᠭ᠎ᠠ᠎ᠲᠠᠢ ᠠᠵᠢᠯ᠎ᠢ ᠤᠯᠠᠨᠲᠠ ᠰᠤᠳᠤᠯᠤᠨ ᠪᠠᠢ᠌ᠷᠢᠯᠠᠭᠤᠯᠪᠠ᠂ ᠬᠤᠢ᠌ᠰᠢᠳᠠ ᠵᠢᠨ ᠲᠠᠪᠤᠨ ᠵᠢᠯ᠎ᠳᠤ᠂ ᠮᠠᠨ᠎ᠤ ᠣᠷᠣᠨ᠎ᠤ ᠦᠢᠯᠡᠴᠢᠯᠡᠭᠡᠨ᠎ᠤ ᠦᠢᠯᠡᠰ ᠣᠯᠳᠠᠬᠤᠶ᠎ᠠ ᠪᠡᠷᠬᠡ ᠬᠥᠭᠵᠢᠯᠲᠡ ᠵᠢᠨ ᠠᠵᠠ ᠲᠣᠬᠢᠶᠠᠯ᠎ᠢ ᠤᠭᠲᠤᠬᠤ ᠪᠤᠯᠤᠨ᠎ᠠ ᠬᠡᠵᠤ ᠬᠡᠯᠡᠵᠤ ᠪᠤᠯᠤᠮᠠᠷ ᠶᠤᠮ᠃ ᠪᠢᠳᠡ 《ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠲᠣᠭᠲᠠᠭ᠋ᠠᠬᠤ᠎ᠳᠤ᠎ᠪᠠᠨ᠂ ᠬᠤᠢ᠌ᠰᠢᠳᠠ ᠵᠢᠨ ᠲᠠᠪᠤᠨ ᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠷᠠᠯᠲᠠᠲᠤ ᠡᠭᠦᠷᠭᠡ ᠪᠣᠯᠤᠨ ᠠᠵᠢᠯ᠎ᠤᠨ ᠭᠣᠣᠯᠳᠠᠯᠭ᠎ᠠ ᠵᠢ ᠲᠤᠲᠤᠷᠬᠠᠢ᠌ᠯᠠᠪᠠ᠂ ᠲᠤᠬᠠᠢ᠌ᠯᠠᠪᠠᠯ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠂ ᠡᠯ᠎ᠡ ᠠᠶ᠋ᠢᠮᠠᠭ ᠬᠤᠳᠠ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ ᠴᠥᠬᠥᠷᠡᠰᠢ ᠦᠭᠡᠢ ᠴᠢᠷᠮᠠᠢ᠌ᠯᠭ᠎ᠠ᠎ᠪᠠᠷ ᠳᠠᠮᠵᠢᠨ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠦ ᠦᠷᠳᠡᠭᠲᠠᠬᠢ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠦᠷᠳᠡᠭ᠎ᠤᠨ ᠡᠵᠡᠯᠡᠬᠦ ᠬᠤᠪᠢ ᠵᠢᠨ ᠵᠢᠩ᠎ᠢ 45% ᠵᠢᠨ ᠤᠷᠴᠢᠮ ᠬᠦᠷᠦᠬᠦᠯᠬᠦ᠎ᠪᠠᠷ ᠴᠢᠷᠮᠠᠢ᠌ᠵᠤ᠂ ᠵᠢᠯ᠎ᠤᠨ ᠨᠡᠮᠡᠭᠳᠡᠯ᠎ᠤᠨ ᠬᠤᠷᠳᠤᠴᠠ ᠵᠢ 8%᠎ᠠᠴᠠ ᠳᠠᠪᠠᠭᠤᠯᠤᠨ᠂ ᠦᠢ᠍ᠯᠡᠴᠢᠯᠡᠭᠡᠨ᠎ᠤ ᠦᠢ᠍ᠯᠡᠰ᠎ᠤᠨ ᠳᠣᠲᠣᠭ᠋ᠠᠳᠤ ᠪᠦᠲᠦᠴᠡ ᠵᠢ ᠤᠯᠠᠮ ᠰᠢᠯᠢᠳᠡᠭᠵᠢᠵᠦ᠂ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ ᠬᠢᠭᠡᠳ ᠦᠢ᠍ᠯᠡᠳᠬᠦ ᠦᠢ᠍ᠯᠡᠰ ᠠᠭᠤᠰᠤᠯᠴᠠᠵᠤ ᠦᠢ᠍ᠯᠡᠳᠦᠯᠴᠡᠬᠦ᠎ᠨᠢ ᠬᠦᠨᠵᠡᠭᠡᠢ᠌ᠷᠡᠵᠤ᠂ ᠰᠠᠭᠤᠭ᠋ᠠᠯᠢ ᠠᠷᠠᠳ᠎ᠤᠨ ᠤᠯᠠᠨ ᠳᠡᠰ ᠳᠠᠪᠬᠤᠷᠭ᠎ᠠ ᠪᠠ ᠤᠯᠠᠨ ᠶᠠᠨᠭ᠌ᠵᠤ᠎ᠲᠤ ᠬᠡᠷᠡᠭᠴᠡᠭᠡ ᠱᠠᠭ᠋ᠠᠷᠳᠠᠯᠭ᠎ᠠ ᠵᠢ ᠬᠠᠨᠭ᠌ᠭ᠋ᠠᠬᠤ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠴᠢᠳᠠᠪᠤᠷᠢ ᠵᠢ ᠳᠡᠭᠡᠭᠰᠢᠯᠡᠭᠦᠯᠦᠨ᠂ ᠨᠢᠭᠡ ᠪᠦᠯᠦᠭ ᠲᠤᠯᠭ᠋ᠠᠭᠤᠷᠢ ᠠᠵᠤ ᠦᠢ᠍ᠯᠡᠰ ᠪᠤᠯᠤᠨ ᠲᠤᠮᠤ ᠠᠵᠤ ᠠᠬᠤᠶ᠋ᠢᠯᠠᠯ ᠲᠤᠮᠤ ᠪᠦᠯᠦᠭᠯᠡᠯ᠎ᠢ ᠪᠣᠶ᠋ᠢᠵᠢᠭᠤᠯᠵᠤ᠂ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠬᠤ ᠪᠠ ᠬᠥᠭᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠬᠤ᠎ᠳᠠᠬᠢ ᠦᠢ᠍ᠯᠡᠴᠢᠯᠡᠭᠡᠨ᠎ᠤ ᠦᠢ᠍ᠯᠡᠰ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠢᠯᠡᠳᠲᠡ ᠴᠢᠨᠭ᠌ᠭ᠋ᠠᠷᠠᠭᠤᠯᠬᠤ ᠪᠤᠯᠤᠨ᠎ᠠ᠃
ᠬᠥᠲᠥᠯᠥᠭᠴᠢ᠄
ᠡᠮᠦᠨ᠎ᠡ ᠳᠤᠷᠠᠳᠤᠭᠰᠠᠨ ᠬᠠᠷᠠᠯᠲᠠ ᠵᠢ ᠪᠡᠶᠡᠯᠡᠬᠦᠯᠬᠦ ᠵᠢᠨ ᠲᠥᠯᠥᠭᠡ᠂ ᠮᠠᠨ᠎ᠤ ᠣᠷᠣᠨ ᠠᠯᠢ ᠠᠯᠢ ᠬᠦᠷᠢᠶ᠎ᠡ ᠴᠠᠷᠠᠭ᠎ᠠ ᠵᠢ ᠭᠣᠣᠯᠳᠠᠯᠭ᠎ᠠ᠎ᠲᠠᠢ ᠬᠦᠭᠵᠢᠬᠦᠯᠬᠦ᠎ᠪᠠᠷ ᠪᠠᠢ᠌ᠭ᠎ᠠ ᠪᠤᠢ?
ᠸᠠᠩ ᠵᠢᠨ ᠪᠦᠦ᠄
ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠪᠢᠳᠡ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠭᠣᠣᠯᠳᠠᠯᠭ᠎ᠠ᠎ᠲᠠᠢ ᠬᠦᠭᠵᠢᠬᠦᠯᠬᠦ᠂ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠭᠡᠨ ᠬᠦᠭᠵᠢᠬᠦᠯᠬᠦ᠂ ᠢᠨᠲᠸᠷ ᠰᠦᠯᠵᠢᠶᠡᠨ᠎ᠤ ᠦᠢ᠍ᠯᠡᠰ᠎ᠢ ᠢᠳᠡᠪᠬᠢᠲᠡᠶ ᠬᠦᠭᠵᠢᠬᠦᠯᠬᠦ᠂ ᠮᠥᠩᠭᠥᠨ ᠭᠦᠢ᠍ᠯᠭᠡᠭᠡᠨ᠎ᠤ ᠦᠢ᠍ᠯᠡᠰ᠎ᠲᠤ ᠰᠢᠨ᠎ᠡ ᠵᠢ ᠡᠭᠦᠳᠦᠨ ᠬᠥᠭᠵᠢᠭᠦᠯᠬᠦ ᠵᠡᠷᠭᠡ ᠳᠦᠷᠪᠡᠨ ᠶᠡᠬᠡ ᠬᠦᠷᠢᠶ᠎ᠡ ᠴᠠᠷᠠᠭ᠎ᠠ ᠵᠢ ᠭᠤᠤᠯᠳᠠᠯᠭ᠎ᠠ᠎ᠲᠠᠢ ᠬᠦᠭᠵᠢᠬᠦᠯᠬᠦ᠎ᠪᠠᠷ ᠳᠤᠷᠠᠳᠴᠠᠢ᠃ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠲᠠᠯ᠎ᠠ᠎ᠪᠠᠷ᠂ 《ᠲᠠᠪᠤᠨ ᠶᠡᠬᠡ ᠰᠠᠭᠤᠷᠢᠨ ᠭᠠᠵᠠᠷ》᠎ᠤᠨ ᠪᠥᠲᠥᠭᠡᠨ ᠪᠠᠶ᠋ᠢᠭᠤᠯᠤᠯᠲᠠ ᠵᠢᠨ ᠲᠤᠭᠤᠷᠢᠨ᠎ᠳᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ᠂ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠲᠤᠰᠬᠠᠢ᠌ᠵᠢᠬᠤ ᠪᠠ ᠦᠷᠳᠡᠭ᠎ᠤᠨ ᠬᠡᠯᠬᠢᠶᠡᠨ᠎ᠤ ᠳᠡᠭᠡᠲᠦ ᠦᠵᠦᠬᠦᠷ ᠲᠡᠰᠢ ᠦᠷᠬᠦᠯᠵᠢᠯᠡᠬᠦᠯᠬᠦ ᠵᠢ ᠠᠬᠢᠭᠤᠯᠵᠤ᠂ ᠦᠢ᠍ᠯᠡᠳᠬᠦ ᠦᠢ᠍ᠯᠡᠰ ᠬᠢᠭᠡᠳ ᠦᠢ᠍ᠯᠡᠴᠢᠯᠡᠭᠡᠨ᠎ᠤ ᠦᠢ᠍ᠯᠡᠰ᠎ᠢ ᠠᠭᠤᠰᠤᠯᠴᠠᠭᠤᠯᠤᠨ ᠬᠦᠭᠵᠢᠬᠦᠯᠬᠦ ᠬᠠᠨᠳᠤᠰᠢ ᠵᠢ ᠳᠠᠭ᠋ᠠᠭᠤᠯᠤᠨ᠂ ᠦᠢ᠍ᠯᠡᠳᠬᠦ ᠦᠢ᠍ᠯᠡᠰ᠎ᠢ ᠦᠢ᠍ᠯᠡᠳᠪᠦᠷᠢᠯᠡᠬᠦ ᠬᠡᠯᠪᠡᠷᠢ᠎ᠠᠴᠠ ᠦᠢ᠍ᠯᠡᠳᠪᠦᠷᠢᠯᠡᠵᠤ ᠦᠢ᠍ᠯᠡᠴᠢᠯᠡᠬᠦ ᠬᠡᠯᠪᠡᠷᠢ ᠲᠡᠰᠢ ᠬᠤᠪᠢᠷᠠᠭᠤᠯᠬᠤ ᠵᠢ ᠠᠬᠢᠭᠤᠯᠵᠤ᠂ ᠤᠳᠤ ᠦᠶ᠎ᠡ ᠵᠢᠨ ᠪᠠᠷᠠᠭ᠋ᠠᠨ᠎ᠤ ᠬᠦᠢ᠍ᠯᠬᠡᠬᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ᠂ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡ᠂ ᠰᠢᠯᠭ᠋ᠠᠨ ᠪᠠᠢ᠌ᠴᠠᠭ᠋ᠠᠵᠤ ᠭᠡᠷᠡᠴᠢᠯᠡᠬᠦ ᠦᠢ᠍ᠯᠡᠴᠢᠯᠡᠭᠡ᠂ ᠪᠡᠯᠡ ᠲᠤᠬᠢᠷᠠᠭᠤᠯᠵᠤ ᠳᠦᠷᠢᠶᠡᠰᠦᠯᠡᠭᠦᠯᠬᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠦᠢ᠍ᠯᠡᠴᠢᠯᠡᠭᠡᠨ᠎ᠤ ᠭᠠᠳᠠᠭᠰᠢ ᠳᠠᠭ᠋ᠠᠭ᠋ᠠᠴᠢᠯᠠᠯᠲᠠ᠂ ᠡᠨᠧᠷᠭᠢ ᠠᠷᠪᠢᠯᠠᠵᠤ ᠣᠷᠴᠢᠨ ᠲᠤᠭᠤᠷᠢᠨ᠎ᠢ ᠬᠠᠮᠠᠭ᠋ᠠᠯᠠᠬᠤ ᠦᠢ᠍ᠯᠡᠴᠢᠯᠡᠭᠡ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ᠂ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠦᠢ᠍ᠯᠡᠴᠢᠯᠡᠭᠡ ᠵᠡᠷᠭᠡ 12 ᠲᠤᠮᠤ ᠦᠢ᠍ᠯᠡᠰ᠎ᠢ ᠭᠣᠣᠯᠳᠠᠯᠭ᠎ᠠ᠎ᠲᠠᠢ ᠬᠦᠭᠵᠢᠬᠦᠯᠬᠦ ᠬᠡᠷᠡᠭᠲᠠᠢ ᠬᠡᠵᠤ ᠳᠤᠷᠠᠳᠪᠠ᠃ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠲᠠᠯ᠎ᠠ᠎ᠪᠠᠷ᠂ ᠬᠤᠳᠠ ᠪᠠᠯᠭ᠋ᠠᠰᠤᠵᠢᠯᠳᠡ ᠪᠠ ᠰᠢᠨ᠎ᠡ ᠬᠥᠳᠡᠭᠡ ᠲᠣᠰᠬᠣᠨ ᠮᠠᠯᠵᠢᠬᠤ ᠣᠷᠣᠨ᠎ᠤ ᠪᠠᠶ᠋ᠢᠭᠤᠯᠤᠯᠲᠠ ᠵᠢᠨ ᠲᠤᠭᠤᠷᠢᠨ᠎ᠳᠤ᠂ ᠠᠷᠠᠳ ᠲᠦᠮᠡᠨ᠎ᠤ ᠬᠡᠷᠡᠭᠯᠡᠭᠡ ᠵᠢ ᠲᠡᠰ ᠳᠡᠪᠰᠢᠬᠦᠯᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠤᠳᠤᠷᠢᠳᠤᠮᠵᠢ ᠪᠤᠯᠭ᠋ᠠᠨ᠂ ᠬᠡᠷᠡᠭᠯᠡᠭᠡ ᠵᠢᠨ ᠦᠪᠡᠷᠮᠢᠴᠡ ᠰᠢᠨᠵᠢ᠂ ᠤᠯᠠᠨ ᠶᠠᠩᠵᠤᠲᠤ ᠰᠢᠨᠵᠢ ᠵᠢ ᠡᠵᠡᠮᠰᠢᠵᠤ᠂ ᠤᠯᠠᠮᠵᠢᠯᠠᠯᠲᠤ ᠦᠢ᠍ᠯᠡᠴᠢᠯᠡᠭᠡᠨ᠎ᠤ ᠦᠢ᠍ᠯᠡᠰ᠎ᠤᠨ ᠡᠵᠡᠨᠭᠨᠡᠯᠲᠡ ᠵᠢᠨ ᠪᠠᠢ᠌ᠳᠠᠯ᠎ᠢ ᠪᠡᠬᠢᠵᠢᠬᠦᠯᠦᠨ᠂ ᠰᠢᠨ᠎ᠡ ᠬᠡᠯᠪᠡᠷᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠥᠷᠭᠡᠳᠬᠡᠵᠦ᠂ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠳᠥᠭᠥᠮ ᠲᠦᠳᠡᠵᠢᠬᠦᠯᠬᠦ᠂ ᠨᠠᠷᠢᠯᠢᠭᠵᠢᠭᠤᠯᠬᠤ᠂ ᠴᠢᠨᠠᠷᠯᠢᠭᠵᠢᠭᠤᠯᠬᠤ ᠬᠦᠭᠵᠢᠯᠲᠡ ᠵᠢ ᠠᠬᠢᠭᠤᠯᠤᠨ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠋ᠠᠨ᠎ᠤ ᠬᠦᠢ᠍ᠯᠭᠡᠭᠡ᠂ ᠭᠡᠷ ᠪᠠᠢ᠌ᠰᠢᠨᠭ᠌ ᠭᠠᠵᠠᠷ ᠬᠥᠷᠥᠩᠭᠡ ᠵᠢᠨ ᠦᠢ᠍ᠯᠡᠰ᠂ ᠰᠣᠶᠣᠯ᠎ᠤᠨ ᠦᠢ᠍ᠯᠡᠰ᠂ ᠪᠡᠶ᠎ᠡ ᠵᠢᠨ ᠲᠠᠮᠢᠷ᠎ᠤᠨ ᠦᠢ᠍ᠯᠡᠰ᠂ ᠰᠠᠭᠤᠭ᠋ᠠᠯᠢ ᠠᠷᠠᠳ ᠪᠤᠯᠤᠨ ᠭᠡᠷ ᠪᠦᠯᠢ ᠵᠢᠨ ᠦᠢ᠍ᠯᠡᠴᠢᠯᠡᠭᠡ᠂ ᠡᠷᠡᠭᠦᠯ ᠮᠡᠨᠳᠦ ᠵᠢᠨ ᠦᠢ᠍ᠯᠡᠴᠢᠯᠡᠭᠡ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ 8 ᠶᠡᠬᠡ ᠦᠢ᠍ᠯᠡᠰ᠎ᠢ ᠭᠣᠣᠯᠳᠠᠯᠭ᠎ᠠ᠎ᠲᠠᠢ ᠬᠦᠭᠵᠢᠬᠦᠯᠬᠦ ᠬᠡᠷᠡᠭᠲᠠᠢ ᠬᠡᠵᠤ ᠳᠤᠷᠠᠳᠪᠠ᠃ ᠢᠨᠲᠸᠷ ᠰᠦᠯᠵᠢᠶᠡᠨ᠎ᠤ ᠦᠢ᠍ᠯᠡᠰ᠎ᠤᠨ ᠲᠠᠯ᠎ᠠ᠎ᠪᠠᠷ᠂ 《ᠢᠨᠲᠸᠷ ᠰᠦᠯᠵᠢᠶ᠎ᠡ +》 ᠬᠥᠭᠵᠢᠯᠲᠡ ᠵᠢᠨ ᠬᠠᠨᠳᠤᠰᠢ ᠵᠢ ᠲᠠᠭ᠋ᠠᠵᠤ᠂ ᠮᠠᠨ᠎ᠤ ᠣᠷᠣᠨ᠎ᠤ ᠡᠭᠦᠯᠡᠨ ᠪᠤᠳᠤᠯᠲᠠ ᠵᠢᠨ ᠳ᠋ᠠᠶ᠋ᠢᠲ᠋ᠠ ᠵᠢᠨ ᠲᠥᠪ᠎ᠤᠨ ᠤᠷᠤᠨ ᠪᠠᠢ᠌ᠷᠢᠰᠢᠯ ᠪᠣᠯᠤᠨ ᠬᠡᠪᠴᠢᠶᠡᠵᠢᠯ᠎ᠤᠨ ᠳᠠᠪᠠᠭᠤᠯᠢᠭ᠎ᠢ ᠪᠠᠳᠠᠷᠠᠭᠤᠯᠤᠨ᠂ ᠢᠨᠲᠸᠷ ᠰᠦᠯᠵᠢᠶ᠎ᠡ ᠬᠢᠭᠡᠳ ᠠᠵᠤ ᠠᠬᠤᠶ ᠨᠡᠶ᠋ᠢᠭᠡᠮ᠎ᠤᠨ ᠡᠯ᠎ᠡ ᠬᠦᠷᠢᠶ᠎ᠡ ᠴᠠᠷᠠᠭ᠎ᠠ᠎ᠲᠠᠢ ᠠᠭᠤᠰᠤᠯᠴᠠᠭᠤᠯᠬᠤ ᠥᠷᠭᠡᠴᠡ ᠪᠠ ᠭᠦᠨᠴᠡ ᠵᠢ ᠶᠡᠬᠡᠪᠡᠷ ᠥᠷᠭᠡᠳᠬᠡᠵᠦ᠂ ᠡᠭᠦᠯᠡᠨ ᠪᠤᠳᠤᠯᠲᠠ᠂ ᠲᠤᠮᠤ ᠳ᠋ᠠᠶ᠋ᠢᠲ᠋ᠠ᠂ ᠪᠤᠳᠠᠰᠯᠢᠭ ᠬᠤᠯᠪᠤᠭ᠋ᠠᠲᠤ ᠰᠦᠯᠵᠢᠶᠡᠨ᠎ᠤ ᠦᠢ᠍ᠯᠡᠰ᠎ᠢ ᠲᠦᠷᠭᠡᠳᠭᠡᠨ ᠬᠦᠭᠵᠢᠬᠦᠯᠵᠤ᠂ ᠮᠡᠳᠡᠭᠡ ᠵᠠᠩᠭᠢ ᠵᠢᠨ ᠰᠠᠭᠤᠷᠢ ᠪᠡᠯᠡᠳᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ 《ᠢᠨᠲᠸᠷ ᠰᠦᠯᠵᠢᠶ᠎ᠡ +》 ᠦᠢ᠍ᠯᠡᠰ᠎ᠢ ᠶᠡᠬᠡᠪᠡᠷ ᠬᠦᠭᠵᠢᠬᠦᠯᠬᠦ᠂ ᠡᠭᠦᠯᠡᠨ ᠪᠤᠳᠤᠯᠲᠠ ᠵᠢᠨ ᠲᠣᠮᠣ ᠳ᠋ᠠᠶ᠋ᠢᠲ᠋ᠠ ᠵᠢᠨ ᠦᠢᠯᠡᠰ᠎ᠢ ᠲᠦᠷᠭᠡᠳᠭᠡᠨ ᠬᠦᠭᠵᠢᠬᠦᠯᠬᠦ᠂ ᠪᠤᠳᠠᠰᠯᠢᠭ ᠬᠤᠯᠪᠤᠭ᠋ᠠᠲᠤ ᠰᠦᠯᠵᠢᠶᠡᠨ᠎ᠤ ᠦᠢ᠍ᠯᠡᠰ᠎ᠢ ᠢᠳᠡᠪᠬᠢᠲᠡᠶ ᠬᠦᠭᠵᠢᠬᠦᠯᠬᠦ ᠵᠡᠷᠭᠡ ᠵᠢ ᠪᠠᠭᠲᠠᠭ᠋ᠠᠭᠰᠠᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠳᠠᠪᠠᠭᠤᠯᠢᠭ ᠲᠠᠯ᠎ᠠ ᠪᠤᠯᠤᠨ ᠰᠢᠨ᠎ᠡ ᠬᠥᠳᠡᠯᠭᠡᠭᠴᠢ ᠬᠦᠴᠦᠨ᠎ᠢ ᠴᠤᠭᠴᠠᠯᠠᠬᠤ ᠬᠡᠷᠡᠭᠲᠠᠢ ᠬᠡᠵᠤ ᠳᠤᠷᠠᠳᠪᠠ᠃ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠲᠠᠯ᠎ᠠ᠎ᠪᠠᠷ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠬᠡᠪᠴᠢᠶ᠎ᠡ ᠵᠢ ᠦᠷᠭᠡᠳᠭᠡᠬᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠳᠤ ᠰᠢᠨ᠎ᠡ ᠵᠢ ᠡᠭᠦᠳᠬᠦ ᠵᠢ ᠴᠢᠨᠭ᠌ᠭ᠋ᠠᠳᠬᠠᠬᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠪᠣᠳᠠᠲᠤ ᠴᠤᠭᠴᠠᠲᠤ ᠠᠵᠤ ᠠᠬᠤᠶ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠤᠯᠭ᠋ᠠᠨ᠂ ᠲᠦᠷᠦᠯ ᠢᠯᠭ᠋ᠠᠯ ᠵᠶ᠋ᠠᠷ ᠪᠦᠷᠢᠨ ᠬᠦᠢ᠍ᠴᠡᠳ᠂ ᠦᠢ᠍ᠯᠡᠴᠢᠯᠡᠭᠡ᠎ᠪᠠᠷ ᠥᠨᠳᠥᠷ ᠪᠦᠲᠦᠮᠵᠢᠲᠡᠶ᠂ ᠠᠮᠤᠷ ᠲᠦᠪᠰᠢᠨ ᠪᠦᠭᠡᠳ ᠲᠤᠭᠲᠠᠪᠤᠷᠢᠲᠠᠢ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠤᠯᠠᠨ ᠲᠡᠰ ᠳᠠᠪᠬᠤᠷᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠤᠬᠢᠴᠠᠭᠰᠠᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠰᠲᠸᠮᠵᠢ ᠵᠢ ᠬᠦᠴᠦᠯᠡᠨ ᠪᠠᠢ᠌ᠭᠤᠯᠬᠤ ᠬᠡᠷᠡᠭᠲᠠᠢ᠃ ᠡᠭᠦᠨ᠎ᠳᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠰᠢᠰᠲᠸᠮᠵᠢ ᠵᠢ ᠲᠡᠭᠦᠯᠳᠡᠷᠵᠢᠬᠦᠯᠬᠦ᠂ ᠤᠯᠠᠨ ᠳᠡᠰ ᠳᠠᠪᠬᠤᠷᠭ᠎ᠠ᠎ᠲᠠᠢ ᠬᠦᠷᠦᠨᠭᠭᠡ ᠵᠢᠨ ᠵᠠᠬ᠎ᠠ ᠳᠡᠯᠭᠡᠭᠦᠷ᠎ᠢ ᠪᠠᠢ᠌ᠭᠤᠯᠬᠤ᠂ ᠨᠡᠢ᠌ᠳᠡᠮ ᠠᠰᠢᠭ ᠬᠦᠷᠲᠡᠭᠡᠬᠦ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠰᠲᠸᠮᠵᠢ ᠵᠢ ᠪᠠᠢ᠌ᠭᠤᠯᠬᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠳᠤ ᠰᠢᠨ᠎ᠡ ᠵᠢ ᠡᠭᠦᠳᠬᠦ ᠵᠢ ᠠᠬᠢᠭᠤᠯᠬᠤ ᠵᠡᠷᠭᠡ᠎ᠪᠠᠷ ᠭᠤᠤᠯᠳᠠᠯᠭ᠎ᠠ ᠪᠤᠯᠭ᠋ᠠᠨ᠎ᠠ ᠬᠡᠵᠤ ᠳᠤᠷᠠᠳᠪᠠ᠃
ᠬᠥᠲᠥᠯᠥᠭᠴᠢ᠄
ᠸᠠᠩ ᠡᠷᠬᠢᠯᠡᠭᠴᠢ ᠡ᠂ ᠲᠠᠷᠠᠭ᠋ᠠᠴᠢ ᠵᠢᠨ ᠠᠯᠬᠤᠮ᠎ᠳᠤ ᠦᠢ᠍ᠯᠡᠴᠢᠯᠡᠭᠡᠨ᠎ᠤ ᠦᠢ᠍ᠯᠡᠰ᠎ᠢ ᠪᠠᠷᠢᠮᠵᠢᠶᠠᠵᠢᠭᠤᠯᠬᠤ᠂ ᠲᠦᠷᠦᠯ ᠲᠡᠮᠲᠡᠭᠵᠢᠭᠦᠯᠬᠦ᠂ ᠪᠦᠭᠡᠭᠡᠨᠡᠷᠡᠨ ᠬᠦᠭᠵᠢᠭᠦᠯᠬᠦ ᠵᠢ ᠬᠡᠷᠬᠢᠨ ᠠᠬᠢᠭᠤᠯᠬᠤ᠎ᠪᠠᠷ ᠪᠠᠢ᠌ᠭ᠎ᠠ ᠪᠤᠢ?
ᠸᠠᠩ ᠵᠢᠨ ᠪᠦᠦ᠄
ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠦᠯᠦᠭᠡ᠂ ᠳᠠᠷᠠᠭ᠋ᠠᠴᠢ ᠵᠢᠨ ᠠᠯᠬᠤᠮ᠎ᠳᠤ ᠪᠢᠳᠡ ᠰᠢᠨ᠎ᠡ ᠵᠢ ᠡᠭᠦᠳᠬᠦ ᠰᠢᠰᠲᠸᠮᠵᠢ ᠵᠢᠨ ᠪᠠᠶ᠋ᠢᠭᠤᠯᠤᠯᠲᠠ᠂ ᠶᠠᠰᠤ ᠴᠢᠨᠠᠷ᠎ᠤᠨ ᠲᠦᠷᠦᠯ ᠲᠡᠮᠳᠡᠭᠲᠦ ᠵᠢᠨ ᠪᠠᠶ᠋ᠢᠭᠤᠯᠤᠯᠲᠠ᠂ ᠪᠠᠷᠢᠮᠵᠢᠶᠠᠵᠢᠭᠤᠯᠬᠤ ᠪᠠᠶ᠋ᠢᠭᠤᠯᠤᠯᠲᠠ᠂ ᠭᠤᠤᠯᠳᠠᠯᠭ᠋ᠠᠲᠤ ᠠᠵᠤ ᠠᠬᠤᠶ᠋ᠢᠯᠠᠯ᠎ᠢ ᠪᠣᠶ᠋ᠢᠵᠢᠭᠤᠯᠬᠤ᠂ ᠪᠦᠭᠡᠭᠡᠨᠡᠷᠡᠭᠰᠡᠨ ᠣᠷᠣᠨ᠎ᠤ ᠪᠠᠶ᠋ᠢᠭᠤᠯᠤᠯᠲᠠ᠂ ᠭᠤᠤᠯᠳᠠᠯᠭ᠋ᠠᠲᠤ ᠲᠥᠷᠥᠯ ᠵᠦᠢ᠍ᠯ᠎ᠤᠨ ᠪᠠᠶ᠋ᠢᠭᠤᠯᠤᠯᠲᠠ ᠵᠡᠷᠭᠡ ᠵᠢᠷᠭᠤᠭ᠋ᠠᠨ ᠶᠡᠬᠡ ᠢᠨᠵᠧᠨᠧᠷᠢᠩ᠎ᠢ ᠭᠣᠤᠯᠳᠠᠯᠭ᠎ᠠ᠎ᠲᠠᠢ ᠬᠡᠷᠡᠭᠵᠢᠭᠦᠯᠦᠨ᠎ᠡ᠃ ᠰᠢᠨ᠎ᠡ ᠵᠢ ᠡᠭᠦᠳᠬᠦ ᠰᠢᠰᠲᠸᠮᠵᠢ᠎ᠲᠤ ᠢᠨᠵᠧᠨᠧᠷᠢᠩ᠎ᠤᠨ ᠲᠠᠯ᠎ᠠ᠎ᠪᠠᠷ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠲᠣᠭᠲᠠᠴᠠ ᠵᠢ ᠪᠠᠢ᠌ᠭᠤᠯᠵᠤ᠂ ᠨᠡᠶ᠋ᠢᠭᠡᠮ᠎ᠤᠨ ᠬᠦᠷᠦᠩᠭᠡ ᠵᠢᠨ ᠤᠷᠤᠭᠤᠯᠤᠯᠲᠠ ᠵᠢ ᠬᠥᠲᠥᠯᠥᠨ ᠵᠢᠯᠣᠭᠣᠳᠴᠤ᠂ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠵᠢ ᠡᠭᠦᠳᠬᠦ ᠰᠢᠰᠲᠸᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ ᠭᠡᠵᠦ ᠳᠤᠷᠠᠳᠪᠠ᠃ ᠶᠠᠰᠤ ᠴᠢᠨᠠᠷ᠎ᠤᠨ ᠲᠦᠷᠦᠯ ᠲᠡᠮᠳᠡᠭᠲᠦ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠲᠠᠯ᠎ᠠ᠎ᠪᠠᠷ᠂ ᠦᠢ᠍ᠯᠡᠴᠢᠯᠡᠭᠡᠨ᠎ᠤ ᠦᠢ᠍ᠯᠡᠰ᠎ᠤᠨ ᠲᠦᠷᠦᠯ ᠲᠡᠮᠳᠡᠭᠲᠦ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠪᠡᠶ᠎ᠡ᠎ᠪᠠᠨ ᠳᠠᠭ᠋ᠠᠭ᠋ᠠᠭᠰᠠᠨ ᠲᠦᠷᠦᠯ ᠲᠡᠮᠳᠡᠭᠲᠦ ᠵᠢ ᠪᠤᠢ᠌ᠵᠢᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠦᠷᠦᠯ ᠲᠡᠮᠳᠡᠭᠲᠦ ᠵᠢ ᠡᠭᠦᠳᠦᠨ ᠪᠠᠶ᠋ᠢᠭᠤᠯᠬᠤ᠂ ᠲᠦᠷᠦᠯ ᠲᠡᠮᠳᠡᠭᠲᠦ ᠵᠢ ᠨᠡᠭᠡᠭᠡᠨ ᠬᠥᠭᠵᠢᠭᠦᠯᠬᠦ ᠪᠠ ᠲᠦᠷᠦᠯ ᠲᠡᠮᠳᠡᠭᠲᠦ ᠵᠢ ᠡᠵᠡᠩᠨᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠢᠭᠡ ᠪᠦᠯᠦᠭ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠦᠮᠴᠢᠯᠡᠬᠦ ᠡᠷᠬᠡ ᠪᠠ ᠭᠣᠣᠯᠯᠠᠬᠤ ᠥᠷᠢᠰᠥᠯᠳᠦᠬᠦ ᠬᠦᠴᠦᠨ᠎ᠲᠠᠢ ᠳᠠᠪᠠᠭᠤᠯᠢᠭ ᠲᠦᠷᠦᠯ ᠲᠡᠮᠳᠡᠭᠲᠦ ᠠᠵᠤ ᠠᠬᠤᠶ᠋ᠢᠯᠠᠯ᠎ᠢ ᠲᠡᠳᠬᠦᠨ ᠪᠣᠶ᠋ᠢᠵᠢᠭᠤᠯᠵᠤ᠂ ᠲᠦᠷᠦᠯ ᠲᠡᠮᠳᠡᠭᠲᠦ ᠵᠢᠨ ᠨᠡᠮᠡᠭᠳᠡᠯ ᠦᠷᠲᠡᠭ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠠᠯ᠎ᠠ᠎ᠪᠠᠷ᠂ ᠪᠠᠷᠠᠭ᠋ᠠᠨ᠎ᠤ ᠭᠦᠢ᠍ᠯᠭᠡᠭᠡᠨ᠂ ᠮᠥᠩᠭᠥᠨ ᠭᠦᠢ᠍ᠯᠭᠡᠭᠡ᠂ ᠮᠡᠳᠡᠭᠡ ᠵᠠᠩᠭᠢ᠂ ᠰᠢᠨᠵᠢᠯᠡᠭᠡ ᠤᠬᠠᠭ᠋ᠠᠨ ᠮᠡᠷᠭᠡᠵᠢᠯ᠂ ᠬᠤᠳᠠᠯᠳᠤᠭ᠋ᠠᠨ᠎ᠤ ᠶᠠᠪᠤᠳᠠᠯ᠂ ᠵᠢᠭᠤᠯᠴᠢᠯᠠᠯ᠂ ᠰᠣᠶᠣᠯ᠂ ᠠᠷᠠᠯᠵᠢᠶ᠎ᠠ ᠬᠤᠳᠠᠯᠳᠤᠭ᠎ᠠ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠋ᠠᠨ᠎ᠳᠠᠬᠢ ᠪᠡᠷᠢᠮᠵᠢᠶ᠎ᠠ᠎ᠲᠤ ᠰᠢᠰᠲᠸᠮᠵᠢ ᠵᠢ ᠲᠦᠷᠭᠡᠪᠴᠢᠯᠡᠨ ᠪᠠᠶ᠋ᠢᠭᠤᠯᠵᠤ᠂ ᠵᠢᠭᠤᠯᠴᠢᠯᠠᠯ᠎ᠤᠨ ᠦᠵᠡᠮᠵᠢᠲᠦ ᠣᠷᠣᠨ ᠬᠢᠭᠡᠳ ᠵᠢᠭᠤᠯᠴᠢᠯᠠᠯ᠎ᠤᠨ ᠭᠠᠵᠠᠷ᠂ ᠵᠢᠭᠤᠯᠴᠢᠯᠠᠯ᠎ᠤᠨ ᠪᠡᠯᠡᠳᠬᠡᠮᠵᠢ᠂ ᠵᠢᠭᠤᠯᠴᠢᠯᠠᠯ᠎ᠤᠨ ᠠᠮᠤᠷ ᠲᠦᠪᠰᠢᠨ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠂ ᠤᠳᠤ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠂ ᠪᠠᠷᠠᠭ᠋ᠠᠨ᠎ᠤ ᠭᠦᠢ᠍ᠯᠭᠡᠭᠡᠨ᠎ᠤ ᠮᠡᠳᠡᠭᠡ ᠵᠠᠩᠭᠢ ᠵᠢᠨ ᠵᠠᠭᠤᠴᠢ᠂ ᠬᠤᠷᠠᠯ ᠦᠵᠡᠰᠬᠦᠯᠡᠩ᠎ᠤᠨ ᠦᠢ᠍ᠯᠡᠴᠢᠯᠡᠭᠡ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡ᠂ ᠭᠡᠷ᠎ᠤᠨ ᠠᠳᠠᠯ ᠠᠬᠤᠶ ᠵᠢᠨ ᠦᠢ᠍ᠯᠡᠴᠢᠯᠡᠭᠡ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ᠂ ᠠᠳᠠᠯ ᠠᠬᠤᠶ ᠵᠢᠨ ᠦᠢ᠍ᠯᠡᠴᠢᠯᠡᠭᠡ ᠵᠡᠷᠭᠡ ᠭᠤᠤᠯᠳᠠᠯᠭ᠋ᠠᠲᠤ ᠬᠦᠷᠢᠶ᠎ᠡ ᠴᠠᠷᠠᠭ᠋ᠠᠨ᠎ᠤ ᠲᠤᠭᠤᠷᠢᠨ᠎ᠳᠤ᠂ ᠨᠢᠭᠡ ᠪᠦᠯᠦᠭ ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠲᠤᠭᠲᠠᠭ᠋ᠠᠨ᠎ᠠ ᠭᠡᠵᠦ ᠳᠤᠷᠠᠳᠪᠠ᠃ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠢ ᠪᠣᠶ᠋ᠢᠵᠢᠭᠤᠯᠬᠤ ᠢᠨᠵᠧᠨᠧᠷᠢᠩ ᠲᠠᠯ᠎ᠠ᠎ᠪᠠᠷ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠢ᠌ᠯᠠᠯ᠎ᠢ ᠲᠠᠲᠠᠨ ᠮᠠᠨ᠎ᠤ ᠤᠷᠤᠨ᠎ᠳᠤ ᠶᠡᠷᠦᠩᠬᠡᠶ ᠬᠡᠯᠲᠡᠰ ᠪᠤᠶᠤ ᠬᠤᠪᠢᠶᠠᠷᠢ ᠰᠠᠯᠪᠤᠷᠢ ᠪᠠᠶ᠋ᠢᠭᠤᠯᠤᠮᠵᠢ ᠪᠠᠢ᠌ᠭᠤᠯᠤᠭᠤᠯᠵᠤ᠂ ᠤᠯᠤᠰ᠎ᠤᠨ ᠦᠮᠴᠢᠯᠡᠯᠲᠤ ᠠᠵᠤ ᠠᠬᠤᠶ ᠵᠢᠨ ᠤᠳᠤᠷᠢᠳᠬᠤ ᠦᠢ᠍ᠯᠡᠳᠦᠯ᠎ᠢ ᠪᠠᠳᠠᠷᠠᠭᠤᠯᠤᠨ᠎ᠠ᠃ ᠳᠤᠮᠳᠠ ᠵᠢᠵᠢᠭ ᠠᠵᠤ ᠠᠬᠤᠶ᠋ᠢᠯᠠᠯ᠂ ᠨᠡᠶ᠋ᠢᠲᠡ ᠵᠢᠨ ᠦᠮᠴᠢᠯᠡᠯᠲᠤ ᠪᠤᠰᠤ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠ ᠵᠢᠵᠢᠭ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠡᠷᠡᠭᠦᠯ ᠵᠶ᠋ᠠᠷ ᠬᠦᠭᠵᠢᠬᠦ ᠵᠢ ᠲᠡᠳᠬᠦᠨ ᠳᠡᠮᠵᠢᠨ᠎ᠡ᠃ ᠪᠦᠭᠡᠭᠡᠨᠡᠷᠡᠭᠰᠡᠨ ᠣᠷᠣᠨ᠎ᠤ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠠᠯ᠎ᠠ᠎ᠪᠠᠷ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠡᠡᠭᠬᠢᠴᠢᠯᠡᠯᠳᠠ᠂ ᠬᠤᠳᠠ ᠪᠠᠯᠭ᠋ᠠᠰᠤᠵᠢᠯᠲᠠ ᠪᠠ ᠲᠠᠷᠢᠶᠠᠯᠠᠩ ᠮᠠᠯ ᠠᠵᠤ ᠠᠬᠤᠶ ᠵᠢᠨ ᠤᠳᠤᠬᠢᠴᠢᠯᠠᠯᠲᠠ ᠵᠢᠨ ᠪᠠᠶ᠋ᠢᠭᠤᠯᠤᠯᠲᠠ ᠵᠢᠨ ᠲᠤᠭᠤᠷᠢᠨ᠎ᠳᠤ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠴᠢᠩᠭ᠋ᠠᠳᠬᠠᠵᠤ᠂ ᠨᠢᠭᠡ ᠪᠦᠯᠦᠭ ᠦᠢ᠍ᠯᠡᠴᠢᠯᠡᠭᠡᠨ᠎ᠤ ᠦᠢ᠍ᠯᠡᠰ᠎ᠤᠨ ᠪᠦᠭᠡᠭᠡᠨᠡᠷᠡᠭᠰᠡᠨ ᠤᠷᠤᠨ᠎ᠢ ᠲᠦᠷᠭᠡᠨ ᠪᠠᠢ᠌ᠭᠤᠯᠬᠤ ᠪᠠ ᠳᠡᠰ ᠵᠡᠷᠭᠡ ᠦᠰᠭᠡᠵᠦ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ᠂ ᠮᠡᠳᠡᠭᠡ ᠵᠠᠩᠭᠢ ᠵᠢᠨ ᠦᠢ᠍ᠯᠡᠴᠢᠯᠡᠭᠡ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠲᠤᠰᠬᠠᠶ ᠮᠡᠷᠭᠡᠵᠢᠯ᠎ᠤᠨ ᠦᠢ᠍ᠯᠡᠴᠢᠯᠡᠭᠡ᠂ ᠵᠠᠭᠤᠴᠢ ᠦᠢ᠍ᠯᠡᠴᠢᠯᠡᠭᠡ ᠵᠡᠷᠭᠡ ᠤᠯᠠᠨ ᠨᠡᠢ᠌ᠲᠡ ᠵᠢᠨ ᠲᠠᠪᠴᠠᠩ᠎ᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠲᠥᠪᠯᠡᠷᠡᠬᠦ᠂ ᠠᠵᠤ ᠦᠢ᠍ᠯᠡᠰ᠎ᠤᠨ ᠴᠤᠭᠯᠠᠷᠠᠬᠤ᠂ ᠡᠬᠢ ᠰᠤᠷᠪᠤᠯᠵᠢ ᠵᠢ ᠬᠠᠮᠲᠤ᠎ᠪᠠᠷ ᠬᠦᠷᠲᠡᠬᠦ᠂ ᠡᠵᠡᠩᠨᠡᠯᠲᠡ ᠵᠢ ᠡᠷᠴᠢᠮᠵᠢᠭᠦᠯᠬᠦ ᠵᠢ ᠠᠬᠢᠭᠤᠯᠤᠨ᠎ᠠ ᠭᠡᠵᠦ ᠳᠤᠷᠠᠳᠪᠠ᠃ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠠᠯ᠎ᠠ᠎ᠪᠠᠷ᠂ ᠦᠢ᠍ᠯᠡᠴᠢᠯᠡᠭᠡᠨ᠎ᠤ ᠦᠢ᠍ᠯᠡᠰ᠎ᠤᠨ ᠴᠢᠬᠤᠯᠠ ᠶᠡᠬᠡ ᠲᠦᠷᠦᠯ ᠵᠦᠢ᠍ᠯ ᠵᠶ᠋ᠠᠷ ᠳᠠᠢ᠌ᠴᠢᠯᠠᠨ ᠳᠠᠭ᠋ᠠᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠬᠡᠪ ᠵᠠᠭᠪᠤᠷ᠎ᠢ ᠪᠤᠳᠤᠯᠬᠢᠯᠠᠨ᠂ ᠲᠦᠷᠦᠯ ᠵᠦᠢ᠍ᠯ ᠵᠶ᠋ᠡᠷ ᠠᠵᠤ ᠦᠢ᠍ᠯᠡᠰ᠎ᠢ ᠦᠷᠭᠡᠳᠬᠡᠬᠦ᠂ ᠲᠦᠷᠦᠯ ᠵᠦᠢ᠍ᠯ ᠵᠶ᠋ᠡᠷ ᠠᠵᠤ ᠦᠢ᠍ᠯᠡᠰ᠎ᠢ ᠳᠡᠭᠡᠭᠰᠢᠯᠡᠭᠦᠯᠬᠦ᠂ ᠲᠥᠷᠥᠯ ᠵᠦᠢ᠍ᠯ ᠵᠶ᠋ᠡᠷ ᠠᠵᠤ ᠦᠢ᠍ᠯᠡᠰ᠎ᠢ ᠪᠦᠭᠡᠭᠡᠨᠡᠷᠡᠭᠦᠯᠵᠦ᠂ ᠰᠢᠨ᠎ᠡ ᠨᠡᠮᠡᠭᠳᠡᠯ ᠴᠡᠭ᠎ᠢ ᠲᠦᠷᠭᠡᠨ ᠪᠣᠢ ᠪᠤᠯᠭ᠋ᠠᠨ᠂ ᠦᠢ᠍ᠯᠡᠴᠢᠯᠡᠭᠡᠨ᠎ᠤ ᠦᠢ᠍ᠯᠡᠰ᠎ᠢ ᠬᠡᠪᠴᠢᠶᠡᠵᠢᠭᠦᠯᠬᠦ᠂ ᠲᠦᠷᠦᠯ ᠲᠡᠮᠳᠡᠭᠴᠢᠯᠡᠭᠦᠯᠬᠦ᠂ ᠦᠵᠦᠭᠦᠷᠯᠡᠬᠦ ᠬᠦᠭᠵᠢᠯᠲᠡ ᠵᠢ ᠳᠠᠢ᠌ᠴᠢᠯᠠᠨ ᠳᠠᠭ᠋ᠠᠭᠤᠯᠤᠨ᠎ᠠ ᠭᠡᠵᠦ ᠳᠤᠷᠠᠳᠪᠠ᠃ ᠴᠢᠳᠠᠪᠤᠷᠢᠲᠠᠨ᠎ᠤ ᠪᠠᠲᠤᠯᠠᠭ᠎ᠠ ᠵᠢᠨ ᠢᠨᠵᠧᠨᠧᠷᠢᠩ᠎ᠤᠨ ᠲᠠᠯ᠎ᠠ᠎ᠪᠠᠷ᠂ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠲᠤᠰᠬᠠᠢ᠌ᠵᠢᠭᠰᠠᠨ ᠴᠢᠳᠠᠪᠤᠷᠢᠲᠠᠨ᠎ᠤ ᠬᠡᠪᠴᠢᠶ᠎ᠡ ᠵᠢ ᠥᠷᠭᠡᠳᠬᠡᠨ᠂ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠳᠡᠭᠡᠳᠦ ᠮᠡᠷᠭᠡᠰᠢᠯ᠎ᠤᠨ ᠴᠢᠳᠠᠪᠤᠷᠢᠲᠠᠨ ᠪᠣᠯᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠤᠰᠬᠠᠢ᠌ᠵᠢᠭᠤᠯᠵᠤ ᠡᠵᠡᠩᠨᠡᠨ ᠬᠠᠮᠢᠶᠠᠷᠬᠤ ᠪᠦᠯᠬᠦᠮ ᠨᠢᠭᠡᠴᠡ ᠵᠢ ᠪᠤᠢ᠌ᠵᠢᠭᠤᠯᠤᠨ᠎ᠠ᠃ ᠴᠢᠳᠠᠪᠤᠷᠢᠲᠠᠨ᠎ᠢ ᠪᠣᠯᠪᠠᠰᠤᠷᠠᠭᠤᠯᠬᠤ ᠲᠤᠰᠬᠠᠶ ᠵᠦᠢ᠍ᠯ᠎ᠤᠨ ᠪᠡᠯᠡ ᠮᠥᠩᠭᠥ ᠵᠢ ᠪᠠᠢ᠌ᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠴᠢᠳᠠᠪᠤᠷᠢᠲᠠᠨ᠎ᠤ ᠤᠯᠠᠨ ᠨᠡᠶ᠋ᠢᠲᠡ ᠵᠢᠨ ᠦᠢ᠍ᠯᠡᠳᠦᠯᠭᠡ᠎ᠪᠠᠷ ᠪᠣᠯᠪᠠᠰᠤᠷᠠᠭᠤᠯᠬᠤ ᠰᠠᠭᠤᠷᠢᠨ ᠵᠡᠷᠭᠡ ᠵᠢ ᠪᠠᠢ᠌ᠭᠤᠯᠬᠤ ᠵᠡᠷᠭᠡ ᠵᠢ ᠳᠡᠮᠵᠢᠨ᠎ᠡ ᠭᠡᠵᠦ ᠳᠤᠷᠠᠳᠴᠠᠢ᠃
ᠬᠥᠲᠥᠯᠥᠭᠴᠢ᠄
ᠸᠠᠩ ᠡᠷᠬᠢᠯᠡᠭᠴᠢ ᠡ᠂ ᠤᠯᠤᠰ᠎ᠤᠨ ᠳᠣᠲᠣᠭ᠋ᠠᠳᠤ ᠭᠠᠳᠠᠭ᠋ᠠᠳᠤ᠂ ᠣᠷᠣᠨ᠎ᠤ ᠳᠣᠲᠣᠷ᠎ᠠ ᠭᠠᠳᠠᠨᠠᠬᠢ ᠡᠯ᠎ᠡ ᠲᠠᠯ᠎ᠠ ᠵᠢᠨ ᠡᠬᠢ ᠪᠠᠶᠠᠯᠢᠭ ᠪᠠ ᠵᠠᠬ᠎ᠠ ᠳᠡᠯᠭᠡᠭᠦᠷ᠎ᠢ ᠬᠡᠷᠬᠢᠨ ᠨᠡᠩ ᠰᠠᠢ᠌ᠨ ᠵᠶ᠋ᠡᠷ ᠠᠰᠢᠭᠯᠠᠵᠤ᠂ ᠨᠡᠩ ᠲᠤᠮᠤ ᠬᠡᠪᠴᠢᠶ᠎ᠡ᠂ ᠨᠡᠩ ᠥᠨᠳᠥᠷ ᠬᠦᠷᠢᠶ᠎ᠡ ᠴᠠᠷᠠᠭ᠎ᠠ᠂ ᠨᠡᠩ ᠥᠨᠳᠥᠷ ᠲᠡᠰ ᠳᠠᠪᠬᠤᠷᠭ᠋ᠠᠨᠳᠤ ᠦᠢ᠍ᠯᠡᠴᠢᠯᠡᠭᠡᠨ᠎ᠤ ᠦᠢ᠍ᠯᠡᠰ᠎ᠤᠨ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ᠎ᠳᠤ ᠣᠷᠣᠯᠴᠠᠬᠤ ᠪᠤᠢ?
ᠸᠠᠩ ᠵᠢᠨ ᠪᠦᠦ᠄
ᠪᠢᠳᠡ ᠦᠢ᠍ᠯᠡᠴᠢᠯᠡᠭᠡᠨ᠎ᠤ ᠦᠢ᠍ᠯᠡᠰ᠎ᠢ ᠴᠢᠯᠦᠭᠡᠲᠡᠢ ᠪᠤᠯᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠣᠷᠣᠨ ᠪᠠᠢ᠌ᠷᠢᠰᠢᠯ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠨᠡᠭᠡᠭᠡᠯᠲᠡᠲᠦ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠦᠨ᠎ᠡ᠃ ᠬᠠᠮᠤᠭ᠎ᠤᠨ ᠲᠡᠷᠢᠭᠦᠨ᠎ᠳᠤ᠂ ᠭᠠᠳᠠᠭ᠋ᠠᠳᠤ᠎ᠲᠠᠢ ᠴᠢᠯᠥᠭᠡᠲᠡᠶ ᠶᠠᠪᠤᠯᠴᠠᠬᠤ ᠵᠢ ᠦᠷᠭᠡᠳᠬᠡᠵᠦ᠂ 《ᠨᠢᠭᠡ ᠪᠦᠰᠡ ᠨᠢᠭᠡ ᠵᠠᠮ》᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠲᠠᠢ ᠭᠦᠨᠵᠡᠭᠡᠶ ᠠᠭᠤᠰᠤᠯᠴᠠᠭᠤᠯᠤᠨ᠂ ᠦᠢ᠍ᠯᠡᠴᠢᠯᠡᠭᠡᠨ᠎ᠤ ᠦᠢ᠍ᠯᠡᠰ᠎ᠤᠨ ᠨᠡᠭᠡᠭᠡᠯᠲᠡᠲᠤ ᠲᠠᠪᠴᠠᠩ᠎ᠤᠨ ᠠᠴᠢᠶᠠᠯᠠᠭᠴᠢ ᠵᠢᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠤᠯᠤᠰ᠎ᠤᠨ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠭᠤᠯᠬᠤ ᠭᠤᠤᠯᠳᠠᠯᠭ᠋ᠠᠲᠤ ᠲᠤᠷᠰᠢᠯᠲᠠ ᠵᠢᠨ ᠣᠷᠣᠨ ᠪᠤᠯᠬᠤ ᠮᠠᠨᠵᠤᠤᠷ᠂ ᠡᠷᠢᠶᠡᠨ ᠬᠤᠲᠠ ᠪᠣᠯᠤᠨ ᠬᠥᠯᠥᠨ ᠪᠤᠢ᠌ᠷᠲᠠᠬᠢ ᠳᠤᠮᠳᠠᠳᠤ ᠣᠷᠣᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠠᠶ᠋ᠢᠭᠤᠯᠤᠯᠲᠠ ᠵᠢ ᠠᠬᠢᠭᠤᠯᠵᠤ᠂ ᠡᠷᠢᠶᠡᠨ ᠬᠣᠲᠠ — ᠵᠠᠮ᠎ᠤᠨ ᠡᠭᠦᠳᠡ ᠵᠢᠨ ᠬᠢᠯᠢ ᠰᠤᠨᠳᠠᠯᠠᠭᠰᠠᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠲᠤᠭᠤᠷᠢᠭ᠎ᠤᠨ ᠪᠠᠶ᠋ᠢᠭᠤᠯᠤᠯᠲᠠ ᠵᠢ ᠠᠬᠢᠭᠤᠯᠤᠨ᠂ ᠮᠠᠨᠵᠤᠤᠷ᠎ᠲᠠᠬᠢ ᠳᠤᠮᠳᠠᠳᠤ ᠣᠷᠣᠰ ᠮᠣᠩᠭᠣᠯ᠎ᠤᠨ ᠬᠢᠯᠢ ᠰᠤᠨᠳᠠᠯᠠᠭᠰᠠᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠲᠤᠭᠤᠷᠢᠭ᠎ᠢ ᠭᠤᠤᠯᠴᠢᠯᠠᠨ ᠮᠡᠳᠡᠭᠦᠯᠵᠦ ᠪᠠᠢ᠌ᠭᠤᠯᠬᠤ ᠠᠬᠢᠴᠠ ᠵᠢ ᠲᠦᠷᠭᠡᠳᠬᠡᠨ᠎ᠡ᠃ ᠳᠤᠮᠳᠠᠳᠤ ᠮᠣᠩᠭᠣᠯ᠎ᠤᠨ ᠦᠵᠡᠭᠦᠯᠦᠯᠭᠡ ᠵᠢᠨ ᠴᠤᠭᠯᠠᠭ᠋ᠠᠨ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠋ᠠᠨ᠎ᠤ ᠵᠦᠪᠳᠡᠯᠴᠡᠬᠦ ᠬᠤᠷᠠᠯ᠂ ᠳᠤᠮᠳᠠᠳᠤ ᠤᠯᠤᠰ (ᠮᠠᠨᠵᠤᠤᠷ)᠎ᠤᠨ ᠤᠮᠠᠷᠠᠲᠤ ᠵᠢᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠤᠭᠯᠠᠭ᠋ᠠᠨ᠎ᠢ ᠰᠠᠢ᠌ᠲᠤᠷ ᠡᠷᠬᠢᠯᠡᠨ᠎ᠡ᠃ ᠭᠠᠳᠠᠭ᠋ᠠᠳᠤ ᠪᠡᠯᠡ ᠮᠥᠩᠭᠥ ᠵᠢ ᠠᠰᠢᠭᠯᠠᠬᠤ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶ᠎ᠡ ᠴᠠᠷᠠᠭ᠎ᠠ ᠵᠢ ᠦᠷᠭᠡᠳᠬᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠤᠷᠤᠭᠤᠯᠤᠯᠲᠠ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠬᠦᠭᠵᠢᠭᠦᠯᠵᠦ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠤᠷᠤᠭᠤᠯᠤᠯᠲᠠ ᠵᠢ ᠲᠠᠲᠠᠵᠤ ᠪᠠᠢ᠌ᠭ᠋ᠠᠳ ᠭᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠦᠭᠵᠢᠭᠦᠯᠵᠦ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠢ ᠵᠤᠷᠢᠭᠵᠢᠭᠤᠯᠵᠤ ᠪᠠᠢ᠌ᠭ᠋ᠠᠳ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠭᠤᠯᠤᠯ᠎ᠳᠤ ᠪᠡᠯᠡ ᠤᠷᠤᠭᠤᠯᠤᠨ᠎ᠠ᠃ ᠦᠢ᠍ᠯᠡᠴᠢᠯᠡᠭᠡᠨ᠎ᠤ ᠦᠢ᠍ᠯᠡᠰ᠎ᠤᠨ ᠭᠠᠳᠠᠭ᠋ᠠᠳᠤ ᠪᠡᠯᠡ ᠵᠢ ᠠᠰᠢᠭᠯᠠᠬᠤ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ᠂ ᠭᠠᠳᠠᠭ᠋ᠠᠳᠤ ᠵᠢᠨ ᠳᠡᠭᠡᠳᠦ ᠳᠡᠰ᠎ᠤᠨ ᠴᠢᠳᠠᠪᠤᠷᠢᠲᠠᠨ᠎ᠢ ᠤᠷᠤᠭᠤᠯᠤᠨ᠂ ᠭᠠᠳᠠᠭ᠋ᠠᠳᠤ ᠵᠢᠨ ᠬᠠᠷᠭ᠋ᠠᠯᠵᠠᠲᠤ ᠵᠢᠭᠡᠯᠡᠯᠭᠡ ᠪᠠ ᠤᠯᠠᠨ ᠤᠯᠤᠰ᠎ᠤᠨ ᠬᠤᠳᠠᠯᠳᠤᠭ᠋ᠠᠨ᠎ᠤ ᠵᠢᠭᠡᠯᠡᠯᠭᠡ ᠵᠢ ᠪᠦᠲᠦᠮᠵᠢᠲᠡᠶ᠎ᠪᠠᠷ ᠠᠰᠢᠭᠯᠠᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠤᠷᠤᠭᠤᠯᠤᠯᠲᠠ ᠵᠢ ᠵᠤᠷᠢᠭᠵᠢᠭᠤᠯᠵᠤ ᠪᠠᠢ᠌ᠭ᠋ᠠᠳ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠠᠵᠤ ᠠᠬᠤᠶ᠋ᠢᠯᠠᠯ ᠪᠠᠢ᠌ᠭᠤᠯᠤᠭᠤᠯᠵᠤ᠂ ᠠᠳᠠᠯ ᠦᠢ᠍ᠯᠡᠰ ᠴᠤᠭᠴᠠᠯᠠᠬᠤ᠎ᠳᠤ ᠪᠡᠯᠡ ᠤᠷᠤᠭᠤᠯᠬᠤ ᠲᠤᠭᠲᠠᠭ᠋ᠠᠯ᠎ᠢ ᠪᠦᠷᠢᠨᠰᠢᠭᠦᠯᠵᠦ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠤᠷᠤᠭᠤᠯᠤᠯᠲᠠ ᠵᠢ ᠵᠣᠬᠢᠰᠲᠠᠶ᠎ᠪᠠᠷ ᠬᠥᠲᠥᠯᠥᠨ ᠵᠢᠯᠣᠭᠣᠳᠴᠤ ᠪᠠᠢ᠌ᠭ᠋ᠠᠳ ᠪᠡᠯᠡ ᠲᠤᠬᠢᠷᠠᠭᠤᠯᠭ᠎ᠠ ᠳᠠᠭ᠋ᠠᠭ᠋ᠠᠯᠲᠠ ᠵᠡᠷᠭᠡ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠳᠤ ᠬᠤᠯᠪᠤᠭᠳᠠᠬᠤ ᠠᠵᠤ ᠦᠢ᠍ᠯᠡᠰ᠎ᠢ ᠬᠦᠭᠵᠢᠭᠦᠯᠦᠨ᠎ᠡ᠃ 《ᠭᠠᠳᠠᠭᠰᠢ ᠭᠠᠷᠬᠤ》 ᠪᠠ 《ᠰᠢᠯᠢᠳᠡᠭ᠎ᠢ ᠣᠷᠣᠭᠤᠯᠵᠤ ᠰᠢᠯᠢᠳᠡᠭ᠎ᠢ ᠭᠠᠷᠭ᠋ᠠᠬᠤ》 ᠪᠠᠶ᠋ᠢᠯᠳᠤᠬᠤ ᠪᠤᠳᠤᠯᠭ᠎ᠠ ᠵᠢ ᠯᠠᠪᠳᠠᠭᠤᠨ ᠵᠶ᠋ᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠬᠤ ᠪᠠ ᠠᠵᠤ ᠠᠬᠤᠶ᠋ᠢᠯᠠᠯ ᠡᠵᠡᠨ ᠮᠡᠳᠡᠵᠦ ᠰᠢᠢ᠍ᠳᠪᠦᠷᠢᠲᠦ ᠪᠤᠳᠤᠯᠭ᠎ᠠ ᠲᠤᠭᠲᠠᠭ᠋ᠠᠬᠤ ᠵᠠᠷᠴᠢᠮ ᠶᠣᠰᠣᠭ᠋ᠠᠷ᠂ ᠡᠯ᠎ᠡ ᠲᠦᠷᠦᠯ᠎ᠤᠨ ᠦᠮᠴᠢᠯᠡᠯᠲᠤ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠢ ᠬᠦᠲᠦᠯᠦᠨ ᠵᠢᠯᠤᠭᠤᠳᠴᠦ ᠬᠢᠯᠢ ᠵᠢᠨ ᠭᠠᠳᠠᠨ᠎ᠠ ᠪᠡᠯᠡ ᠤᠷᠤᠭᠤᠯᠬᠤ ᠵᠢ ᠡᠮᠬᠢ ᠵᠢᠷᠤᠮ᠎ᠲᠠᠢ᠎ᠪᠠᠷ ᠦᠷᠨᠢᠭᠦᠯᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠦᠢ᠍ᠯᠡᠴᠢᠯᠡᠭᠡ ᠵᠢᠨ ᠭᠠᠳᠠᠭ᠋ᠠᠳᠤ ᠭᠠᠷᠭ᠋ᠠᠯᠲᠠ ᠵᠢ ᠦᠷᠭᠡᠳᠬᠡᠨ᠎ᠡ᠃ ᠳᠠᠷᠠᠭ᠋ᠠᠯᠠᠪᠠᠯ᠂ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠦᠭᠵᠢᠬᠦ ᠪᠠᠶ᠋ᠢᠯᠳᠤᠬᠤ ᠪᠤᠳᠤᠯᠭ᠎ᠠ᠎ᠳᠤ ᠢᠳᠡᠪᠬᠢᠲᠡᠶ ᠠᠭᠤᠰᠤᠯᠴᠠᠵᠤ᠂ ᠠᠷᠠᠯᠵᠢᠶ᠎ᠠ ᠬᠤᠳᠠᠯᠳᠤᠭ᠎ᠠ᠂ ᠪᠠᠷᠠᠭ᠋ᠠᠨ᠎ᠤ ᠭᠦᠢ᠍ᠯᠭᠡᠭᠡ᠂ ᠡᠭᠦᠯᠡᠨ ᠪᠤᠳᠤᠯᠳᠠ ᠵᠢᠨ ᠦᠢ᠍ᠯᠡᠴᠢᠯᠡᠭᠡ᠂ ᠰᠢᠨᠵᠢᠯᠡᠭᠡ ᠤᠬᠠᠭ᠋ᠠᠨ ᠮᠡᠷᠭᠡᠵᠢᠯ᠂ ᠰᠣᠶᠣᠯ ᠵᠡᠷᠭᠡ ᠠᠵᠤ ᠦᠢ᠍ᠯᠡᠰ᠎ᠤᠨ ᠰᠢᠯᠵᠢᠬᠦ ᠲᠠᠨ᠎ᠢ ᠰᠠᠨᠠᠭ᠋ᠠᠴᠢᠯᠠᠭ᠎ᠠ᠎ᠠᠴᠠ᠎ᠪᠠᠨ ᠵᠤᠯᠭ᠋ᠠᠭᠤᠯᠵᠤ᠂ ᠡᠯ᠎ᠡ ᠲᠦᠷᠦᠯ᠎ᠤᠨ ᠠᠵᠤ ᠠᠬᠤᠶ᠋ᠢᠯᠠᠯ᠎ᠢ ᠢᠳᠡᠪᠬᠢᠲᠡᠢ᠎ᠪᠠᠷ ᠲᠠᠲᠠᠵᠤ ᠪᠠᠢ᠌ᠭ᠋ᠠᠳ ᠮᠠᠨ᠎ᠤ ᠣᠷᠣᠨ᠎ᠳᠤ ᠭᠠᠵᠠᠷ ᠣᠷᠣᠨ᠎ᠳᠤ ᠶᠡᠷᠦᠩᠬᠡᠶ ᠬᠡᠯᠲᠡᠰ᠂ ᠰᠤᠳᠤᠯᠤᠨ ᠬᠦᠭᠵᠢᠭᠦᠯᠬᠦ ᠭᠠᠵᠠᠷ ᠪᠠ ᠪᠣᠷᠣᠯᠠᠭᠤᠯᠬᠤ ᠭᠠᠵᠠᠷ ᠪᠠᠢ᠌ᠭᠤᠯᠤᠨ᠎ᠠ᠃ ᠲᠢᠶᠠᠨᠵᠢᠨ᠎ᠤ ᠴᠢᠯᠥᠭᠡᠲᠦ ᠠᠷᠠᠯᠵᠢᠶᠠᠨ᠎ᠤ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠮᠠᠨ᠎ᠤ ᠣᠷᠣᠨ᠎ᠤ ᠪᠣᠭᠣᠮᠲᠠ ᠵᠢᠨ ᠬᠢᠨᠠᠨ ᠬᠠᠮᠢᠶᠠᠷᠤᠯᠲᠠ ᠵᠢᠨ ᠤᠨᠴᠤᠭᠤᠢ ᠣᠷᠣᠨ ᠪᠣᠯᠤᠨ ᠭᠠᠶ᠋ᠢᠯᠢ ᠪᠠᠲᠤᠯᠠᠬᠤ ᠬᠢᠨᠠᠯᠲᠠ ᠬᠠᠮᠢᠶᠠᠷᠤᠯᠲᠠ ᠵᠢᠨ ᠲᠠᠯᠠᠪᠤᠷ ᠭᠠᠵᠠᠷ ᠪᠠᠢ᠌ᠭᠤᠯᠬᠤ ᠵᠢ ᠠᠬᠢᠭᠤᠯᠤᠨ᠎ᠠ᠃ ᠤᠢ᠌ᠷᠠᠯᠴᠠᠬᠢ ᠮᠤᠵᠢ ᠣᠷᠣᠨ᠎ᠲᠠᠢ ᠬᠠᠮᠲᠤᠷᠠᠯᠴᠠᠬᠤ᠎ᠪᠠᠨ ᠴᠢᠩᠭ᠋ᠠᠳᠬᠠᠵᠤ᠂ ᠬᠥᠬᠡᠬᠣᠲᠠ ᠪᠤᠭᠤᠲᠤ ᠢᠷᠭ᠋ᠠᠢ ᠲᠡᠮᠡᠭᠡᠲᠦ ᠵᠢᠨ ᠠᠵᠤ ᠠᠬᠤᠶ ᠵᠢᠨ ᠣᠷᠣᠨ᠎ᠤ ᠬᠥᠭᠵᠢᠯᠲᠡ ᠵᠢ ᠶᠡᠬᠡᠪᠡᠷ ᠠᠬᠢᠭᠤᠯᠤᠨ᠂ ᠥᠪᠥᠷ ᠮᠣᠩᠭᠣᠯ ᠱᠠᠨ ᠰᠢ ᠾᠸᠪᠸᠢ (ᠤᠯᠠᠭ᠋ᠠᠨᠴᠠᠪ᠂ ᠳ᠋ᠠᠲ᠋ᠦ᠋ᠩ᠂ ᠴᠢᠭᠤᠯᠤᠯᠲᠤ ᠬᠠᠭ᠋ᠠᠯᠭ᠎ᠠ) ᠵᠢᠨ ᠤᠷᠲᠤ ᠴᠠᠭ᠋ᠠᠨ ᠬᠡᠷᠡᠮ᠎ᠤᠨ ᠠᠯᠲᠠᠨ ᠭᠤᠷᠪᠠᠯᠵᠢᠨ ᠤᠷᠤᠨ᠎ᠤ ᠬᠠᠮᠲᠤᠷᠠᠯᠴᠠᠭ᠋ᠠᠨ᠎ᠤ ᠣᠷᠣᠨ᠎ᠤ ᠪᠠᠶ᠋ᠢᠭᠤᠯᠤᠯᠲᠠ ᠵᠢ ᠲᠦᠷᠭᠡᠳᠬᠡᠨ᠂ ᠵᠡᠭᠦᠨ ᠬᠣᠶ᠋ᠢᠲᠤ ᠵᠢᠨ ᠠᠵᠤ ᠠᠬᠤᠶ ᠵᠢᠨ ᠣᠷᠣᠨ᠎ᠤ ᠬᠦᠭᠵᠢᠯᠲᠡ᠎ᠳᠤ ᠵᠡᠭᠦᠨ ᠪᠡᠶ᠎ᠡ ᠵᠢᠨ ᠠᠢ᠌ᠮᠠᠭ ᠬᠤᠲᠠ ᠵᠢ ᠠᠭᠤᠰᠬᠠᠬᠤ ᠵᠢ ᠠᠬᠢᠭᠤᠯᠤᠨ᠎ᠠ᠃ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ ᠵᠡᠷᠭᠡ ᠭᠠᠵᠠᠷ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠂ ᠮᠥᠩᠭᠥᠨ ᠭᠦᠢ᠍ᠯᠭᠡᠭᠡ᠂ ᠮᠡᠳᠡᠭᠡ ᠵᠠᠩᠭᠢ ᠵᠡᠷᠭᠡ ᠬᠦᠷᠢᠶ᠎ᠡ ᠴᠠᠷᠠᠭ᠋ᠠᠨ᠎ᠤ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠮᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ ᠵᠢᠨ ᠦᠢ᠍ᠯᠡᠳᠦᠯ᠎ᠢ ᠪᠠᠳᠠᠷᠠᠭᠤᠯᠤᠨ᠂ 《ᠳᠤᠮᠳᠠᠳᠤ ᠧᠦ᠋ᠷᠣᠫᠠ ᠵᠢᠨ ᠡᠭᠡᠯᠵᠢᠨ᠎ᠤ ᠴᠤᠪᠤᠭ᠎ᠠ ᠲᠡᠷᠭᠡ》 ᠵᠢᠨ ᠬᠦᠴᠦᠨ᠎ᠢ ᠠᠰᠢᠭᠯᠠᠵᠤ ᠪᠠᠷᠠᠭ᠋ᠠᠨ᠎ᠤ ᠭᠦᠢ᠍ᠯᠭᠡᠭᠡᠨ᠎ᠤ ᠬᠦᠷᠢᠶ᠎ᠡ ᠴᠠᠷᠠᠭ᠋ᠠᠨ᠎ᠳᠤ ᠬᠠᠮᠲᠤᠷᠠᠨ ᠠᠵᠢᠯᠯᠠᠬᠤ ᠵᠢ ᠠᠬᠢᠭᠤᠯᠤᠨ᠎ᠠ᠃
ᠬᠥᠲᠥᠯᠥᠭᠴᠢ᠄
ᠸᠠᠩ ᠡᠷᠬᠢᠯᠡᠭᠴᠢ ᠡ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠬᠦᠯᠢᠶᠡᠰᠦᠯᠡᠵᠦ ᠪᠠᠶ᠋ᠢᠭ᠎ᠠ ᠪᠠᠶ᠋ᠢᠭᠤᠯᠤᠯ ᠲᠣᠭᠲᠠᠴᠠ ᠵᠢᠨ ᠰᠠᠭ᠋ᠠᠳ᠎ᠢ ᠬᠡᠷᠬᠢᠨ ᠠᠷᠢᠯᠭ᠋ᠠᠬᠤ ᠪᠤᠢ?
ᠸᠠᠩ ᠵᠢᠨ ᠪᠦᠦ᠄
ᠪᠢᠳᠡ ᠦᠢ᠍ᠯᠡᠴᠢᠯᠡᠭᠡᠨ᠎ᠤ ᠦᠢ᠍ᠯᠡᠰ᠎ᠤᠨ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ᠂ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶ᠎ᠠ ᠴᠠᠷᠠᠭ᠋ᠠᠨ᠎ᠳᠠᠬᠢ ᠥᠭᠡᠷᠡᠴᠢᠯᠡᠯᠲᠡ ᠵᠢ ᠶᠡᠬᠡᠪᠡᠷ ᠠᠬᠢᠭᠤᠯᠤᠨ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠬᠦᠯᠢᠶᠡᠰᠦᠯᠡᠵᠦ ᠪᠠᠶ᠋ᠢᠭ᠎ᠠ ᠪᠠᠶ᠋ᠢᠭᠤᠯᠤᠯ ᠲᠣᠭᠲᠠᠴᠠ ᠵᠢᠨ ᠰᠠᠭ᠋ᠠᠳ᠎ᠢ ᠠᠷᠢᠯᠭ᠋ᠠᠨ᠎ᠠ ᠭᠡᠵᠦ ᠳᠤᠷᠠᠳᠪᠠ᠃ ᠬᠥᠭᠵᠢᠯᠲᠡ ᠵᠢᠨ ᠲᠥᠷᠥ ᠵᠢᠨ ᠪᠣᠳᠣᠯᠭ᠎ᠠ᠎ᠳᠤ ᠰᠢᠨ᠎ᠡ ᠵᠢ ᠡᠭᠦᠳᠴᠦ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠠᠰᠢᠭᠲᠠᠶ ᠲᠦᠷᠦ ᠵᠢᠨ ᠪᠤᠳᠤᠯᠭ᠎ᠠ ᠵᠢᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃ ᠨᠢᠭᠡ᠎ᠳᠤ᠂ ᠦᠢ᠍ᠯᠡᠴᠢᠯᠡᠭᠡᠨ᠎ᠤ ᠦᠢ᠍ᠯᠡᠰ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠢᠭᠡᠳᠦᠯᠲᠡᠶ᠂ ᠴᠢᠯᠦᠭᠡᠲᠡᠢ᠂ ᠦᠷᠢᠰᠦᠯᠳᠦᠬᠦ᠂ ᠡᠮᠬᠢ ᠵᠢᠷᠤᠮ᠎ᠲᠠᠢ ᠦᠢ᠍ᠯᠡᠴᠢᠯᠡᠭᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠢ ᠪᠠᠢ᠌ᠭᠤᠯᠵᠤ᠂ ᠵᠠᠰᠠᠭ ᠵᠠᠬᠢᠷᠭ᠋ᠠᠨ᠎ᠤ ᠭᠠᠭᠴᠠᠭ᠋ᠠᠷ ᠡᠵᠡᠮᠰᠢᠯ᠂ ᠠᠵᠢᠯ ᠲᠦᠷᠦᠯ᠎ᠤᠨ ᠭᠠᠭᠴᠠᠭ᠋ᠠᠷ ᠡᠵᠡᠮᠰᠢᠯ ᠪᠠ ᠣᠷᠣᠨ ᠨᠤᠲᠤᠭ᠎ᠤᠨ ᠬᠠᠮᠠᠭ᠋ᠠᠯᠠᠬᠤ ᠦᠵᠡᠯ᠎ᠢ ᠠᠷᠢᠯᠭ᠋ᠠᠵᠤ᠂ ᠨᠢᠭᠡᠳᠦᠯᠲᠡᠶ ᠵᠠᠬ᠎ᠠ ᠳᠡᠯᠭᠡᠭᠦᠷ ᠪᠣᠯᠣᠨ ᠲᠥᠪ ᠭᠣᠣᠯᠴᠢ ᠦᠷᠢᠰᠦᠯᠳᠦᠭᠡᠨ ᠪᠦᠷᠢᠯᠳᠦᠬᠦ ᠵᠢ ᠬᠠᠷᠰᠢᠯᠠᠵᠦ ᠪᠠᠢ᠌ᠭ᠎ᠠ ᠡᠯ᠎ᠡ ᠵᠦᠢ᠍ᠯ᠎ᠤᠨ ᠲᠣᠭᠲᠠᠭ᠋ᠠᠯ᠎ᠢ ᠦᠭᠡᠢ᠌ᠰᠬᠡᠬᠦ ᠵᠢᠨ ᠬᠠᠮᠲᠤ ᠬᠦᠴᠦᠨ ᠦᠬᠡᠢ ᠪᠣᠯᠭ᠋ᠠᠨ᠎ᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠢᠯ ᠬᠡᠷᠡᠭ᠎ᠤᠨ ᠳᠤᠮᠳᠠᠬᠢ ᠪᠠ ᠲᠠᠷᠠᠭ᠋ᠠᠬᠢ ᠬᠢᠨᠠᠯᠲᠠ ᠬᠠᠮᠢᠶᠠᠷᠤᠯᠳ᠋ᠨ ᠵᠢ ᠴᠢᠩᠭ᠋ᠠᠳᠬᠠᠨ᠎ᠠ᠃ ᠦᠢ᠍ᠯᠡᠳᠪᠦᠷᠢ ᠬᠤᠳᠠᠯᠳᠤᠭ᠋ᠠᠨ᠎ᠤ ᠵᠦᠢ᠍ᠯᠡᠰ᠎ᠤᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠠᠢ᠌ᠵᠢᠷᠠᠭᠤᠯᠤᠨ᠎ᠠ᠃ ᠦᠢ᠍ᠯᠡᠴᠢᠯᠡᠭᠡᠨ᠎ᠤ ᠡᠵᠡᠩᠨᠡᠯᠲᠡ ᠵᠢᠨ ᠪᠠᠶ᠋ᠢᠳᠠᠯ ᠪᠣᠯᠣᠨ ᠬᠤᠳᠠᠯᠳᠤᠭ᠋ᠠᠨ᠎ᠤ ᠵᠠᠭᠪᠤᠷ᠎ᠢ ᠰᠢᠨᠡᠴᠢᠯᠡᠨ᠂ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠠᠢ᠌ᠵᠢᠷᠠᠭᠤᠯᠵᠤ᠂ ᠴᠤᠬᠠᠭ ᠦᠢ᠍ᠯᠡᠴᠢᠯᠡᠭᠡ ᠵᠢ ᠨᠡᠮᠡᠭᠳᠡᠭᠦᠯᠦᠨ᠂ ᠰᠢᠨ᠎ᠡ ᠮᠠᠶᠢᠭ᠎ᠤᠨ ᠦᠢ᠍ᠯᠡᠴᠢᠯᠡᠭᠡ ᠵᠢ ᠨᠡᠭᠡᠭᠡᠨ ᠬᠥᠭᠵᠢᠭᠦᠯᠦᠨ᠎ᠡ᠃ ᠤᠯᠤᠰ᠎ᠤᠨ ᠦᠮᠴᠢᠯᠡᠯᠲᠦ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠴᠠᠬᠢᠯᠭ᠋ᠠᠨ ᠬᠣᠯᠪᠣᠭ᠎ᠠ᠂ ᠵᠠᠮ ᠬᠠᠷᠢᠯᠴᠠᠭ᠎ᠠ᠂ ᠬᠤᠳᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡ ᠵᠡᠷᠭᠡ ᠠᠶᠠᠨᠳᠠᠭ᠋ᠠᠨ ᠭᠠᠭᠴᠠᠭ᠋ᠠᠷ ᠡᠵᠡᠮᠰᠢᠬᠦ ᠠᠵᠢᠯ ᠲᠦᠷᠦᠯ᠎ᠤᠨ᠎ᠬᠢᠨ᠎ᠤ ᠥᠷᠢᠰᠥᠯᠳᠦᠭᠡᠨ᠎ᠤ ᠴᠢᠨᠠᠷᠲᠠᠶ ᠲᠤᠬᠠᠶ᠋ᠢᠯᠠᠭᠰᠠᠨ ᠠᠵᠢᠯ ᠵᠶ᠋ᠠᠨ ᠴᠢᠯᠥᠭᠡᠲᠡᠶ ᠪᠣᠯᠭ᠋ᠠᠬᠤ ᠵᠢ ᠠᠬᠢᠭᠤᠯᠵᠤ᠂ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ ᠵᠡᠷᠭᠡ ᠠᠵᠢᠯ ᠦᠢ᠍ᠯᠡᠰ᠎ᠤᠨ ᠨᠢᠭᠡᠴᠡ ᠵᠢ ᠲᠦᠷᠦᠯ ᠬᠤᠪᠢᠶᠠᠵᠤ ᠦᠭᠡᠷᠡᠴᠢᠯᠡᠬᠦ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠠᠯᠭ᠋ᠠᠨ ᠲᠤᠰᠠᠭ᠋ᠠᠷᠯᠠᠬᠤ ᠪᠠ ᠭᠣᠣᠯᠯᠠᠬᠤ ᠪᠣᠰᠤ ᠲᠤᠬᠠᠢ᠌ᠯᠠᠭᠰᠠᠨ ᠠᠵᠢᠯ᠎ᠢ᠎ᠨᠢ ᠭᠠᠳᠠᠭᠰᠢ ᠳᠠᠭ᠋ᠠᠭ᠋ᠠᠴᠢᠯᠠᠭᠤᠯᠬᠤ ᠵᠢ ᠬᠥᠲᠦᠯᠦᠨ ᠵᠢᠯᠣᠭᠣᠳᠴᠤ᠂ ᠦᠢ᠍ᠯᠡᠴᠢᠯᠡᠭᠡᠨ᠎ᠤ ᠦᠢ᠍ᠯᠡᠰ᠎ᠢ ᠲᠤᠰᠬᠠᠶ᠋ᠢᠵᠢᠬᠤ᠂ ᠨᠡᠶ᠋ᠢᠭᠡᠮᠴᠢᠯᠡᠬᠦ ᠬᠠᠨᠳᠤᠰᠢ ᠲᠡᠰᠢ ᠬᠥᠭᠵᠢᠭᠦᠯᠬᠦ ᠵᠢ ᠠᠬᠢᠭᠤᠯᠤᠨ᠎ᠠ᠃ ᠬᠥᠬᠡᠬᠣᠲᠠ ᠵᠢᠨ ᠤᠯᠤᠰ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠤᠯᠤᠰ᠎ᠤᠨ ᠰᠢᠨ᠎ᠡ ᠨᠢᠭᠡᠨ ᠡᠭᠡᠯᠵᠢᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠢ ᠴᠢᠷᠮᠠᠢ᠌ᠨ ᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠲᠤᠷᠰᠢᠯᠲᠠ ᠵᠢᠨ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠭᠰᠡᠨ ᠲᠤᠷᠰᠢᠯᠭ᠎ᠠ᠎ᠪᠠᠨ ᠳ᠋ᠦᠩᠨᠡᠨ ᠲᠦᠭᠡᠮᠡᠯᠵᠢᠭᠦᠯᠦᠨ᠎ᠡ᠃ ᠬᠣᠶᠠᠷ᠎ᠲᠤ᠂ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠲᠦᠷᠦ ᠵᠢᠨ ᠪᠤᠳᠤᠯᠭ᠎ᠠ᠎ᠳᠤ ᠰᠢᠨ᠎ᠡ ᠵᠢ ᠡᠭᠦᠳᠴᠦ᠂ ᠭᠣᠣᠯᠳᠠᠭᠤ ᠡᠳ᠋᠎ᠤᠨ ᠵᠠᠰᠠᠭ ᠭᠠᠶ᠋ᠢᠯᠢ ᠵᠢᠨ ᠲᠦᠷᠦ ᠵᠢᠨ ᠪᠤᠳᠤᠯᠭ᠎ᠠ᠂ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ᠂ ᠭᠠᠵᠠᠷ ᠰᠢᠷᠦᠢ ᠵᠢᠨ ᠲᠥᠷᠥ ᠵᠢᠨ ᠪᠣᠳᠣᠯᠭ᠎ᠠ᠂ ᠪᠡᠯᠡ ᠳᠤᠬᠢᠷᠠᠭᠤᠯᠭ᠎ᠠ ᠵᠢᠨ ᠠᠷᠭ᠎ᠠ ᠵᠠᠮ᠎ᠢ ᠦᠷᠭᠡᠳᠬᠡᠬᠦ ᠲᠠᠯ᠎ᠠ᠎ᠪᠠᠷ ᠰᠢᠨ᠎ᠡ ᠵᠢ ᠡᠭᠦᠳᠴᠦ ᠲᠡᠭᠦᠯᠳᠡᠷᠵᠢᠭᠦᠯᠦᠨ᠎ᠡ᠃ ᠵᠢᠱ᠌ᠢᠶᠡᠯᠡᠪᠡᠯ᠄ ᠡᠳ᠋᠎ᠤᠨ ᠵᠠᠰᠠᠭ ᠭᠠᠶ᠋ᠢᠯᠢ ᠵᠢᠨ ᠲᠦᠷᠦ ᠵᠢᠨ ᠪᠤᠳᠤᠯᠭ᠎ᠠ᠎ᠳᠤ ᠰᠢᠨ᠎ᠡ ᠵᠢ ᠡᠭᠦᠳᠬᠦ ᠲᠠᠯ᠎ᠠ᠎ᠪᠠᠷ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠤᠯᠤᠰ᠎ᠤᠨ ᠡᠳ᠋᠎ᠤᠨ ᠵᠠᠰᠠᠭ ᠭᠠᠶ᠋ᠢᠯᠢ ᠵᠢᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠥᠪᠡᠷ᠎ᠤᠨ ᠦᠷᠲᠡᠭ᠎ᠢ᠎ᠨᠢ ᠪᠠᠭᠤᠷᠠᠭᠤᠯᠤᠨ᠎ᠠ᠃ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠵᠤ᠂ ᠡᠳ᠋᠎ᠤᠨ ᠵᠠᠰᠠᠭ᠎ᠤᠨ ᠪᠡᠯᠡ ᠮᠦᠩᠭᠥ ᠵᠢ ᠬᠡᠷᠡᠭᠯᠡᠬᠦ ᠠᠷᠭ᠎ᠠ ᠬᠡᠯᠪᠡᠷᠢ ᠵᠢ ᠰᠢᠨᠡᠴᠢᠯᠡᠨ᠂ ᠵᠠᠰᠠᠭ᠎ᠤᠨ ᠣᠷᠳᠣᠨ ᠪᠣᠯᠣᠨ ᠨᠡᠶ᠋ᠢᠭᠡᠮ᠎ᠤᠨ ᠭᠦᠷᠦᠨᠭᠭᠡ ᠵᠢᠨ ᠬᠠᠮᠲᠤᠷᠠᠯᠴᠠᠭ᠋ᠠᠨ (ppp)᠎ᠤ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ᠂ ᠠᠵᠤ ᠦᠢ᠍ᠯᠡᠰ᠎ᠤᠨ ᠰᠠᠭᠤᠷᠢ ᠮᠥᠩᠭᠥ ᠵᠡᠷᠭᠡ ᠵᠠᠬ᠎ᠠ ᠳᠡᠯᠭᠡᠭᠦᠷᠴᠢᠯᠡᠭᠰᠡᠨ ᠪᠡᠯᠡ ᠳᠤᠬᠢᠷᠠᠭᠤᠯᠭ᠎ᠠ ᠵᠢᠨ ᠠᠷᠭ᠎ᠠ ᠪᠠᠷᠢᠯ᠎ᠢ ᠬᠡᠷᠡᠭᠯᠡᠵᠦ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠳᠡᠮᠵᠢᠨ᠎ᠡ᠃
ᠬᠥᠲᠥᠯᠥᠭᠴᠢ᠄
ᠸᠠᠩ ᠡᠷᠬᠢᠯᠡᠭᠴᠢ ᠡ᠂ 《13·5》 ᠵᠢᠨ ᠦᠢᠯᠡᠴᠢᠯᠡᠭᠡᠨ᠎ᠤ ᠦᠢᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠬᠡᠷᠬᠢᠨ ᠪᠠᠲᠤᠯᠠᠬᠤ ᠪᠤᠢ?
ᠸᠠᠩ ᠵᠢᠨ ᠪᠦᠦ᠄
ᠪᠢᠳᠡ ᠲᠥᠯᠥᠪᠵᠢᠭᠦᠯᠭᠡ ᠵᠢᠨ ᠰᠡᠭᠦᠯᠴᠢ ᠵᠢᠨ ᠪᠦᠯᠦᠭ᠎ᠲᠤ ᠲᠥᠯᠥᠪᠵᠢᠭᠦᠯᠭᠡ ᠵᠢ ᠬᠡᠷᠡᠭᠵᠢᠭᠦᠯᠬᠦ ᠠᠵᠢᠯ᠎ᠢ ᠠᠬᠢᠭᠤᠯᠬᠤ ᠲᠣᠭᠲᠠᠴᠠ ᠵᠢ ᠪᠠᠢ᠌ᠭᠤᠯᠤᠨ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠴᠢᠩᠭ᠋ᠠᠳᠬᠠᠨ᠂ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠪᠦᠬᠦ ᠨᠡᠶ᠋ᠢᠭᠡᠮ᠎ᠤᠨ ᠢᠳᠡᠪᠬᠢᠵᠢᠯ᠎ᠢ ᠳᠠᠶ᠋ᠢᠴᠢᠯᠠᠵᠦ᠂ ᠲᠥᠯᠥᠪᠵᠢᠭᠦᠯᠭᠡ ᠵᠢᠨ ᠡᠭᠦᠷᠭᠡ ᠬᠠᠷᠠᠯᠲᠠ ᠵᠢ ᠴᠢᠷᠮᠠᠶ᠋ᠢᠨ ᠪᠡᠶᠡᠯᠡᠭᠦᠯᠬᠦ᠎ᠪᠠᠷ ᠳᠤᠷᠠᠳᠪᠠ᠃ ᠶᠠᠭᠤᠨ᠎ᠤ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠠᠵᠤ ᠦᠢ᠍ᠯᠡᠰ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠨᠢ ᠬᠣᠷᠸ᠎ᠠ ᠵᠢᠯᠤᠭᠤᠳᠤᠯᠭ᠎ᠠ ᠪᠣᠯᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠤᠳᠤᠷᠢᠳᠬᠤ ᠳᠤᠭᠤᠶ᠋ᠢᠯᠠᠩ᠎ᠤᠨ ᠡᠯ᠎ᠡ ᠪᠦᠷᠢᠯᠳᠦᠬᠦᠨ ᠨᠢᠭᠡᠴᠡ᠎ᠨᠦᠭᠦᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ᠂ ᠰᠠᠨᠠᠭ᠋ᠠᠴᠢᠯᠠᠭ᠎ᠠ᠎ᠠᠴᠠ᠎ᠪᠠᠨ ᠠᠮᠵᠢᠯᠲᠠ ᠪᠦᠲᠦᠮᠵᠢ ᠭᠠᠷᠭ᠋ᠠᠵᠤ᠂ ᠬᠠᠮᠵᠢᠯᠴᠠᠭ᠎ᠠ᠎ᠪᠠᠨ ᠴᠢᠩᠭ᠋ᠠᠳᠬᠠᠨ᠂ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ᠎ᠤ ᠡᠯ᠎ᠡ ᠬᠣᠯᠪᠣᠭᠳᠠᠯ ᠪᠥᠬᠥᠢ ᠰᠠᠯᠠᠭ᠎ᠠ ᠮᠥᠴᠢᠷ ᠲᠥᠯᠥᠪᠵᠢᠭᠦᠯᠭᠡ ᠵᠢ ᠬᠡᠷᠡᠭᠵᠢᠭᠦᠯᠬᠦ ᠲᠥᠰᠦᠯ ᠪᠣᠯᠤᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠪᠦᠭᠡᠳ ᠲᠥᠯᠥᠪᠵᠢᠭᠦᠯᠭᠡ ᠵᠢ ᠬᠡᠷᠡᠭᠵᠢᠭᠦᠯᠬᠦ ᠠᠵᠢᠯ᠎ᠢ ᠡᠳᠦᠷ ᠲᠤᠳᠦᠮ᠎ᠤᠨ ᠴᠢᠬᠤᠯᠠ ᠵᠥᠪᠯᠡᠬᠦ ᠵᠦᠢ᠍ᠯ᠎ᠳᠤ ᠣᠷᠣᠭᠤᠯᠵᠤ᠂ ᠭᠣᠣᠯ ᠤᠳᠤᠷᠢᠳᠤᠯᠭ᠎ᠠ᠎ᠠᠴᠠ ᠭᠠᠷᠳᠠᠨ ᠰᠤᠳᠤᠯᠵᠦ᠂ ᠭᠠᠷᠳᠠᠨ ᠪᠠᠶ᠋ᠢᠷᠢᠯᠠᠭᠤᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠮᠡᠳᠡᠭᠦᠯᠦᠯᠲᠡ ᠵᠢ ᠰᠣᠨᠣᠰᠴᠤ᠂ ᠲᠥᠯᠥᠪᠵᠢᠭᠦᠯᠭᠡ ᠵᠢ ᠬᠡᠷᠡᠭᠵᠢᠭᠦᠯᠬᠦ᠎ᠳᠤ ᠲᠤᠯᠭ᠋ᠠᠷᠠᠭᠰᠠᠨ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢᠳᠪᠦᠷᠢᠯᠡᠵᠦ᠂ ᠬᠠᠷᠠᠯᠲᠠᠲᠤ ᠡᠭᠦᠷᠭᠡ ᠵᠢ ᠪᠣᠳᠠᠲᠠᠶ᠋ᠢᠵᠢᠭᠤᠯᠬᠤ ᠵᠢ ᠥᠨᠡᠨᠬᠦ ᠪᠠᠲᠤᠯᠠᠨ᠎ᠠ᠃ ᠠᠵᠢᠯ ᠲᠦᠷᠦᠯ᠎ᠤᠨ ᠨᠡᠢ᠌ᠭᠡᠮᠯᠢᠭᠲᠠᠬᠢ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠠᠵᠢᠯ ᠳᠦᠷᠦᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠳᠠᠷᠠᠭ᠎ᠠ᠎ᠨᠢ᠂ ᠦᠢ᠍ᠯᠡᠴᠢᠯᠡᠭᠡᠨ᠎ᠤ ᠦᠢ᠍ᠯᠡᠰ᠎ᠤᠨ ᠰᠢᠯᠭ᠋ᠠᠨ ᠬᠢᠨᠠᠬᠤ ᠲᠥᠷᠢᠮ᠎ᠢ ᠪᠦᠷᠢᠨᠰᠢᠭᠦᠯᠵᠦ᠂ ᠤᠳᠤᠷᠢᠳᠬᠤ ᠺᠠᠳ᠋ᠷ᠎ᠤᠨ ᠠᠵᠢᠯ᠎ᠤᠨ ᠪᠣᠳᠠᠲᠠᠢ ᠪᠦᠲᠦᠮᠵᠢ ᠵᠢᠨ ᠰᠢᠯᠭ᠋ᠠᠠ ᠬᠢᠨᠠᠯᠲᠠ᠎ᠳᠠᠬᠢ ᠦᠢ᠍ᠯᠡᠴᠢᠯᠡᠭᠡᠨ᠎ᠤ ᠦᠢ᠍ᠯᠡᠰ᠎ᠤᠨ ᠡᠷᠬᠡ ᠵᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠬᠦ ᠬᠡᠷᠡᠭᠲᠡᠶ᠃ ᠬᠢᠨᠠᠯᠲᠠ ᠲᠠᠯᠪᠢᠵᠤ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢᠨ ᠪᠠᠢ᠌ᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠯᠲᠠ ᠪᠠᠢ᠌ᠴᠠᠭ᠋ᠠᠯᠲᠠ ᠦᠷᠨᠢᠭᠦᠯᠦᠨ᠎ᠡ᠃ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢᠨ ᠪᠠᠢ᠌ᠳᠠᠯ᠎ᠤᠨ ᠦᠨᠡᠯᠡᠨ ᠵᠢᠱ᠌ᠢᠬᠦ ᠰᠢᠰᠲᠸᠮᠵᠢ ᠵᠢ ᠪᠥᠷᠢᠨᠰᠢᠭᠦᠯᠵᠦ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠯᠲᠡ᠂ ᠨᠡᠢ᠌ᠭᠡᠮ᠎ᠠᠴᠠ ᠬᠢᠨᠠᠯᠲᠠ ᠲᠠᠯᠪᠢᠭᠰᠠᠨ ᠦᠨᠡᠯᠡᠯᠲᠡ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠨ᠎ᠡ᠃ ᠳᠠᠬᠢᠪᠠᠯ᠂ ᠦᠢ᠍ᠯᠡᠴᠢᠯᠡᠭᠡᠨ᠎ᠤ ᠦᠢ᠍ᠯᠡᠰ᠎ᠤᠨ ᠪᠦᠷᠢᠳᠬᠡᠯ᠎ᠤᠨ ᠭᠦᠢ᠍ᠴᠡᠳᠬᠡᠯ ᠲᠣᠭ᠋ᠠᠨ᠎ᠤ ᠰᠢᠰᠲᠸᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠣᠭ᠎ᠠ ᠪᠦᠷᠢᠳᠬᠡᠯ᠎ᠤᠨ ᠲᠦᠷᠢᠮ᠎ᠢ ᠲᠡᠭᠦᠯᠳᠡᠷᠵᠢᠭᠦᠯᠦᠨ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠤᠯᠠᠷᠢᠯ᠂ ᠣᠨ᠎ᠤ ᠮᠡᠳᠡᠭᠡ ᠵᠠᠩᠭᠢ ᠵᠢ ᠨᠡᠶ᠋ᠢᠲᠡᠯᠡᠬᠦ ᠲᠣᠭᠲᠠᠴᠠ ᠵᠢ ᠪᠠᠢ᠌ᠭᠤᠯᠤᠨ᠎ᠠ᠃ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠬᠤᠳᠠᠯᠳᠤᠭ᠋ᠠᠨ᠎ᠤ ᠰᠢᠨ᠎ᠡ ᠵᠠᠭᠪᠤᠷ᠎ᠢ ᠪᠦᠷᠢᠳᠬᠡᠬᠦ ᠠᠵᠢᠯ᠎ᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠪᠦᠬᠦ ᠲᠠᠯ᠎ᠠ᠎ᠪᠠᠷ ᠲᠤᠰᠬᠠᠨ᠎ᠠ᠃ ᠦᠢ᠍ᠯᠡᠴᠢᠯᠡᠭᠡᠨ᠎ᠤ ᠦᠢ᠍ᠯᠡᠰ᠎ᠤᠨ ᠭᠣᠣᠯᠳᠠᠯᠭ᠋ᠠᠲᠤ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠪᠣᠯᠪᠠᠰᠤᠷᠠᠭᠤᠯᠤᠯ ᠬᠢᠭᠡᠳ ᠬᠢᠨᠠᠨ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠨ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠣᠨᠣᠪᠴᠢᠲᠠᠶ ᠲᠤᠰᠬᠠᠵᠤ᠂ ᠬᠡᠪᠴᠢᠶᠡᠵᠢᠯ᠎ᠠᠴᠠ ᠳᠣᠭᠤᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠤᠯᠠᠮ ᠨᠢᠭᠡ ᠠᠯᠬᠤᠮ ᠪᠠᠢ᠌ᠭᠤᠯᠤᠨ ᠪᠦᠷᠢᠨᠰᠢᠭᠦᠯᠦᠨ᠎ᠡ᠃ ᠡᠴᠦᠰ᠎ᠲᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠦᠢ᠍ᠯᠡᠴᠢᠯᠡᠭᠡᠨ᠎ᠤ ᠦᠢ᠍ᠯᠡᠰ᠎ᠤᠨ ᠤᠬᠠᠭᠤᠯᠭ᠎ᠠ ᠵᠢᠨ ᠰᠠᠷ᠎ᠠ᠂ ᠰᠤᠷᠪᠤᠯᠵᠢᠯᠠᠯ᠂ ᠲᠤᠰᠬᠠᠶ ᠰᠡᠳᠦᠪᠲᠦ ᠰᠤᠷᠪᠤᠯᠵᠢᠯᠠᠭ᠎ᠠ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠵᠠᠭᠪᠤᠷ ᠪᠣᠯᠤᠨ ᠰᠢᠨ᠎ᠡ ᠮᠡᠷᠭᠡᠵᠢᠯ᠎ᠢ ᠥᠷᠭᠡᠨ ᠵᠶ᠋ᠠᠷ ᠤᠬᠠᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶ᠎ᠡ ᠴᠠᠷᠠᠭ᠋ᠠᠨ᠎ᠳᠠᠬᠢ ᠨᠡᠷ᠎ᠡ ᠠᠯᠳᠠᠷᠰᠢᠭᠰᠠᠨ ᠠᠵᠤ ᠠᠬᠤᠶ᠋ᠢᠯᠠᠯ᠂ ᠴᠣᠣᠲᠤ ᠲᠠᠸᠠᠷ᠎ᠤᠨ ᠲᠡᠮᠳᠡᠭᠲᠦ ᠪᠣᠯᠤᠨ ᠨᠡᠷᠡᠲᠦ ᠱᠣᠰᠢᠭ᠎ᠠ᠎ᠲᠠᠢ ᠦᠢ᠍ᠯᠡᠳᠬᠦᠨ᠎ᠢ ᠤᠬᠠᠭᠤᠯᠤᠨ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠡᠯ᠎ᠡ ᠭᠠᠵᠠᠷ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠨᠡᠶ᠋ᠢᠲᠡᠯᠢᠭ ᠲᠤᠷᠰᠢᠯᠭ᠎ᠠ ᠵᠢ ᠤᠬᠠᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠰᠠᠢ᠌ᠨ ᠰᠠᠶ᠋ᠢᠬᠠᠨ ᠣᠷᠴᠢᠨ᠎ᠢ ᠪᠤᠢ ᠪᠣᠯᠭ᠋ᠠᠨ᠎ᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈13·5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠬᠡᠷᠡᠭᠵᠢᠭᠦᠯᠬᠦ᠎ᠪᠠᠷ ᠳᠠᠮᠵᠢᠭᠤᠯᠵᠤ᠂ ᠪᠢᠳᠡ ᠬᠠᠮᠲᠤᠪᠡᠷ ᠴᠢᠷᠮᠠᠶ᠋ᠢᠵᠤ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠥᠷᠭᠡᠳᠬᠡᠨ᠂ ᠮᠠᠨ᠎ᠤ ᠣᠷᠣᠨ᠎ᠤ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠬᠦ᠎ᠳᠤ ᠬᠦᠴᠦᠨ ᠨᠡᠮᠡᠷᠢᠯᠡᠵᠦ᠂ ᠥᠪᠥᠷ ᠮᠣᠩᠭᠣᠯ᠎ᠤᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠣᠯᠬᠣ ᠱᠠᠲᠤ ᠵᠢ ᠠᠮᠵᠢᠯᠲᠠ᠎ᠲᠠᠢ ᠪᠡᠶᠡᠯᠡᠭᠦᠯᠬᠦ ᠵᠢ ᠬᠦᠰᠡᠨ ᠵᠥᠩᠨᠡᠶ᠎ᠡ᠃
ᠬᠥᠲᠥᠯᠥᠭᠴᠢ᠄
ᠰᠠᠢ᠌ᠨ ᠪᠣᠯᠣᠯ᠎ᠠ᠂ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ ᠸᠠᠩ ᠡᠷᠬᠢᠯᠡᠭᠴᠢ ᠪᠠ ᠰᠦᠯᠵᠢᠶᠡᠨ ᠠᠨᠳᠠ᠎ᠳᠤ ᠲᠠᠯᠠᠷᠬᠠᠯ ᠳᠡᠪᠰᠢᠭᠦᠯᠦᠯ᠎ᠡ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠥᠨᠳᠥᠷᠯᠡᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!