ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢ ᠬᠡᠷᠡᠭᠵᠢᠭᠦᠯᠵᠦ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2017-12-25

   


      ᠰᠤᠷᠪᠤᠯᠵᠢᠯᠠᠭᠰᠠᠨ ᠴᠠᠭ᠄
     2017 ᠣᠨ᠎ᠤ 11 ᠳ᠋ᠦ᠍ᠭᠡᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠣᠴᠢᠨ᠄  
      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠵᠢᠶᠨ ᠶᠣᠸᠠᠢ ᠹᠸᠩ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢ ᠰᠦᠪᠡᠭᠴᠢᠯᠡᠨ ᠬᠡᠷᠡᠭᠵᠢᠭᠦᠯᠬᠦ ᠪᠣᠯ ᠲᠥᠪ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠤᠳᠤᠷᠢᠳᠬᠤ ᠳᠤᠭᠤᠶ᠋ᠢᠯᠠᠩ᠎ᠤᠨ ᠪᠠᠶ᠋ᠢᠷᠢᠯᠠᠭᠤᠯᠤᠭᠰᠠᠨ ᠴᠢᠬᠤᠯᠠ ᠶᠡᠬᠡ ᠥᠭᠡᠷᠡᠴᠢᠯᠡᠯᠲᠡ ᠵᠢᠨ ᠡᠭᠦᠷᠭᠡ ᠮᠥᠨ᠃ ᠡᠭᠦᠨ᠎ᠤ ᠵᠣᠷᠢᠯᠭ᠎ᠠ ᠵᠢ ᠬᠡᠷᠡᠭᠯᠡᠬᠦ ᠪᠠ ᠥᠩᠰᠢᠭᠦᠯᠬᠦ ᠵᠢ ᠤᠶᠠᠯᠳᠤᠭᠤᠯᠬᠤ᠎ᠪᠠᠷ ᠳᠠᠮᠵᠢᠨ ᠡᠷᠳᠡᠨᠢ ᠰᠢᠰᠢ ᠲᠠᠷᠢᠬᠤ ᠵᠢ ᠪᠠᠭ᠋ᠠᠰᠬᠠᠨ᠂ ᠪᠦᠲᠦᠴᠡ ᠵᠢ ᠰᠢᠯᠢᠳᠡᠭᠵᠢᠭᠦᠯᠦᠨ ᠣᠷᠣᠯᠭ᠎ᠠ ᠵᠢ ᠪᠠᠲᠤᠯᠠᠵᠤ᠂ ᠬᠠᠮᠤᠭ ᠡᠴᠦᠰ᠎ᠲᠤ ᠬᠡᠪᠰᠢᠭᠰᠡᠨ ᠡᠭᠡᠯᠵᠢᠯᠡᠨ ᠲᠠᠷᠢᠬᠤ ᠳᠦᠷᠢᠮ᠎ᠢ ᠪᠦᠷᠢᠯᠳᠦᠭᠦᠯᠦᠨ᠎ᠡ ᠬᠡᠮᠡᠨ ᠬᠤᠷᠢᠶᠠᠩᠭᠤᠶ᠋ᠢᠯᠠᠵᠤ ᠪᠣᠯᠣᠨ᠎ᠠ᠃ ᠡᠨᠡ ᠪᠣᠯ ᠨᠢᠭᠡᠨ ᠥᠭᠡᠷᠡᠴᠢᠯᠡᠯᠲᠡ ᠵᠢᠨ ᠡᠭᠦᠷᠭᠡ᠂ ᠡᠷᠬᠡᠪᠰᠢ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ᠎ᠪᠠᠷ ᠲᠠᠪᠴᠠᠩ ᠪᠣᠯᠭ᠋ᠠᠵᠤ᠂ ᠲᠠᠷᠢᠶᠠᠯᠠᠩ᠎ᠤᠨ ᠣᠨᠣᠯᠵᠢᠬᠤᠨ᠎ᠳᠤ ᠰᠢᠨ᠎ᠡ ᠵᠢ ᠡᠭᠦᠳᠬᠦ᠂ ᠮᠡᠷᠭᠡᠵᠢᠯ᠎ᠤᠨ ᠵᠠᠭᠪᠤᠷ ᠎ᠲᠤ ᠰᠢᠨ᠎ᠡ ᠵᠢ ᠡᠭᠦᠳᠬᠦ᠂ ᠣᠷᠣᠭᠤᠯᠤᠯᠲᠠ ᠭᠠᠷᠭ᠋ᠠᠯᠲᠠ ᠵᠢᠨ ᠦᠷ᠎ᠡ ᠠᠰᠢᠭ᠎ᠤᠨ ᠵᠠᠭᠪᠤᠷ᠎ᠲᠤ ᠰᠢᠨ᠎ᠡ ᠵᠢ ᠡᠭᠦᠳᠬᠦ᠂ ᠨᠡᠮᠡᠭᠦᠷᠢ ᠵᠢᠨ ᠲᠣᠭᠲᠠᠴᠠ᠎ᠳᠤ ᠰᠢᠨ᠎ᠡ ᠵᠢ ᠡᠭᠦᠳᠬᠦ ᠪᠠ ᠠᠯᠤᠰ ᠮᠡᠳᠡᠷᠡᠮᠵᠢ ᠵᠢᠨ ᠮᠡᠷᠭᠡᠵᠢᠯ ᠵᠶ᠋ᠠᠷ ᠰᠠᠭᠤᠷᠢ ᠪᠣᠯᠭ᠋ᠠᠭᠰᠠᠨ ᠬᠥᠳᠡᠭᠡ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠲᠣᠭᠲᠠᠴᠠ ᠵᠢᠨ ᠲᠠᠯ᠎ᠠ᠎ᠪᠠᠷ᠎ᠬᠢ ᠰᠢᠨ᠎ᠡ ᠡᠭᠦᠳᠦᠯᠲᠡ᠎ᠳᠤ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ ᠲᠤᠷᠰᠢᠯᠲᠠ ᠳᠠᠭᠤᠰᠤᠭᠰᠠᠨ᠎ᠤ ᠳᠠᠷᠠᠭ᠎ᠠ ᠵᠣᠬᠢᠶᠠᠨ ᠪᠠᠶ᠋ᠢᠭᠤᠯᠬᠤ ᠠᠷᠭ᠎ᠠ ᠬᠡᠯᠪᠡᠷᠢ᠂ ᠮᠡᠷᠭᠡᠵᠢᠯ᠎ᠤᠨ ᠵᠠᠭᠪᠤᠷ᠂ ᠲᠦᠷᠦ ᠵᠢᠨ ᠪᠤᠳᠤᠯᠭ᠎ᠠ ᠵᠢᠨ ᠪᠣᠷᠣ ᠲᠥᠯᠥᠪ ᠵᠶ᠋ᠠᠷ ᠭᠣᠣᠯ ᠴᠣᠭᠴᠠ ᠪᠣᠯᠭ᠋ᠠᠭᠰᠠᠨ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠪᠦᠷᠢᠨ ᠲᠡᠭᠦᠯᠳᠡᠷ ᠳᠦᠷᠢᠮ᠎ᠢ ᠪᠦᠷᠢᠯᠳᠦᠭᠦᠯᠬᠦ ᠵᠢ ᠱᠠᠭ᠋ᠠᠷᠳᠠᠪᠠ᠃


            ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠣᠰ ᠬᠤᠭᠤᠴᠠᠭ᠋ᠠᠨ᠎ᠤ 《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶᠡᠨ᠎ᠳᠠᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠭᠰᠡᠨ᠎ᠳᠤ   ᠪᠠᠶᠠᠷᠯᠠᠯ᠎ᠠ᠃ ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠢᠶᠨ ᠶᠣᠸᠠᠢ ᠹᠸᠩ᠎ᠢ ᠤᠷᠢᠵᠤ᠂ ᠮᠠᠨ᠎ᠤ ᠣᠷᠣᠨ᠎ᠤ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢᠨ ᠠᠵᠢᠯ᠎ᠤᠨ ᠲᠤᠬᠠᠶ ᠣᠯᠠᠨ᠎ᠲᠠᠢ ᠰᠠᠨᠠᠯ ᠰᠣᠯᠢᠯᠴᠠᠬᠤ ᠵᠢᠨ ᠬᠠᠮᠲᠤ ᠰᠦᠯᠵᠢᠶᠡᠨ ᠠᠨᠳᠠ ᠵᠢᠨ ᠠᠰᠠᠭᠤᠯᠲᠠ ᠵᠢ ᠬᠠᠷᠢᠭᠤᠯᠬᠤ᠎ᠪᠠᠷ ᠪᠣᠯᠣᠯ᠎ᠠ᠃ ᠵᠢᠶᠠ ᠲᠢᠩᠬᠢᠮ᠎ᠤᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠵᠢᠶᠨ ᠶᠣᠸᠠᠢ ᠹᠸᠩ᠄
      ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ!   ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠶ᠋ᠢᠨ᠎ᠠ᠃
      ᠬᠥᠲᠥᠯᠥᠭᠴᠢ᠄
      ᠶᠠᠭᠤᠨ᠎ᠳᠤ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠳᠦᠷᠢᠮ᠎ᠤᠨ ᠲᠤᠷᠰᠢᠯᠲᠠ ᠵᠢ ᠪᠠᠢ᠌ᠭᠤᠯᠬᠤ ᠭᠡᠵᠦ ᠪᠠᠢ᠌ᠭ᠎ᠠ ᠎ᠪᠠᠨ ᠶᠠᠭᠤᠨ᠎ᠤ ᠤᠷᠢᠳ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
      ᠵᠢᠶᠨ ᠶᠣᠸᠠᠢ ᠹᠸᠩ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢ ᠰᠦᠪᠡᠭᠴᠢᠯᠡᠨ ᠬᠡᠷᠡᠭᠵᠢᠭᠦᠯᠬᠦ ᠪᠣᠯ ᠲᠥᠪ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠤᠳᠤᠷᠢᠳᠬᠤ ᠳᠤᠭᠤᠶ᠋ᠢᠯᠠᠩ᠎ᠤᠨ ᠪᠠᠶ᠋ᠢᠷᠢᠯᠠᠭᠤᠯᠤᠭᠰᠠᠨ ᠴᠢᠬᠤᠯᠠ ᠶᠡᠬᠡ ᠥᠭᠡᠷᠡᠴᠢᠯᠡᠯᠲᠡ ᠵᠢᠨ ᠡᠭᠦᠷᠭᠡ ᠮᠥᠨ᠃ ᠡᠭᠦᠨ᠎ᠤ ᠵᠣᠷᠢᠯᠭ᠎ᠠ ᠵᠢ ᠬᠡᠷᠡᠭᠯᠡᠬᠦ ᠪᠠ ᠥᠩᠰᠢᠭᠦᠯᠬᠦ ᠵᠢ ᠤᠶᠠᠯᠳᠤᠭᠤᠯᠵᠤ ᠡᠷᠳᠡᠨᠢ ᠰᠢᠰᠢ ᠲᠠᠷᠢᠬᠤ ᠵᠢ ᠪᠠᠭ᠋ᠠᠰᠬᠠᠨ᠂ ᠪᠦᠲᠦᠴᠡ ᠵᠢ ᠰᠢᠯᠢᠳᠡᠭᠵᠢᠭᠦᠯᠦᠨ ᠣᠷᠣᠯᠭ᠎ᠠ ᠵᠢ ᠪᠠᠲᠤᠯᠠᠵᠤ᠂ ᠡᠴᠦᠰ᠎ᠲᠤ ᠬᠡᠪᠰᠢᠭᠰᠡᠨ ᠡᠭᠡᠯᠵᠢᠯᠡᠨ ᠲᠠᠷᠢᠬᠤ ᠳᠦᠷᠢᠮ᠎ᠢ ᠪᠦᠷᠢᠯᠳᠦᠭᠦᠯᠦᠨ᠎ᠡ ᠬᠡᠮᠡᠨ ᠬᠤᠷᠢᠶᠠᠩᠭᠤᠶ᠋ᠢᠯᠠᠵᠤ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠠᠴᠠ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠥᠷᠨᠢᠭᠦᠯᠬᠦ ᠵᠢ ᠳᠤᠷᠠᠳᠴᠤ᠂ 2016 ᠣᠨ᠂ 2017 ᠣᠨ᠎ᠳᠤ ᠬᠣᠶᠠᠷ ᠵᠢᠯ ᠳᠠᠷᠠᠭ᠋ᠠᠯᠠᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠤᠷᠰᠢᠯᠲᠠ ᠥᠷᠨᠢᠭᠦᠯᠬᠦ ᠲᠣᠬᠠᠢ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ᠎ᠨᠢ ᠲᠥᠪ᠎ᠠᠴᠠ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠪᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠡᠷᠡᠰ ᠵᠣᠷᠢᠭ᠎ᠢ ᠭᠦᠢ᠍ᠴᠡᠳ ᠬᠠᠷᠠᠭᠤᠯᠵᠠᠶ᠃ ᠡᠨᠡ ᠬᠦ᠌ ᠠᠵᠢᠯ᠎ᠢ ᠰᠠᠶ᠋ᠢᠲᠤᠷ ᠠᠳᠬᠤᠵᠤ ᠴᠢᠳᠠᠬᠤ ᠡᠰᠡᠬᠦ ᠪᠣᠯ ᠬᠥᠳᠡᠭᠡ ᠠᠵᠤ ᠠᠬᠤᠶ ᠵᠢᠨ ᠰᠠᠯᠠᠭ᠎ᠠ ᠮᠥᠴᠢᠷ᠎ᠤᠨ ᠰᠢᠨ᠎ᠡ ᠵᠢ ᠡᠭᠦᠳᠬᠦ ᠤᠬᠠᠮᠰᠠᠷ ᠪᠣᠯᠤᠨ ᠠᠵᠢᠯᠯᠠᠬᠤ ᠴᠢᠳᠠᠪᠤᠷᠢ᠎ᠳᠠᠬᠢ ᠰᠢᠯᠭ᠋ᠠᠯᠲᠠ ᠪᠣᠯᠬᠤ ᠶᠤᠮ᠃ ᠡᠨᠡ ᠪᠣᠯ ᠨᠢᠭᠡᠨ ᠥᠭᠡᠷᠡᠴᠢᠯᠡᠯᠲᠡ ᠵᠢᠨ ᠡᠭᠦᠷᠭᠡ᠂ ᠡᠷᠬᠡᠪᠰᠢ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ᠎ᠪᠠᠷ ᠲᠠᠪᠴᠠᠩ ᠪᠣᠯᠭ᠋ᠠᠵᠤ᠂ ᠲᠠᠷᠢᠶᠠᠯᠠᠩ᠎ᠤᠨ ᠣᠨᠣᠯᠵᠢᠬᠤᠨ᠎ᠳᠤ ᠰᠢᠨ᠎ᠡ ᠵᠢ ᠡᠭᠦᠳᠬᠦ᠂ ᠮᠡᠷᠭᠡᠵᠢᠯ᠎ᠤᠨ ᠵᠠᠭᠪᠤᠷ᠎ᠲᠤ ᠰᠢᠨ᠎ᠡ ᠵᠢ ᠡᠭᠦᠳᠬᠦ᠂ ᠣᠷᠣᠭᠤᠯᠤᠯᠲᠠ ᠭᠠᠷᠭ᠋ᠠᠯᠲᠠ ᠵᠢᠨ ᠦᠷ᠎ᠡ ᠠᠰᠢᠭ᠎ᠤᠨ ᠵᠠᠭᠪᠤᠷ᠎ᠲᠤ ᠰᠢᠨ᠎ᠡ ᠵᠢ ᠡᠭᠦᠳᠬᠦ᠂ ᠨᠡᠮᠡᠭᠦᠷᠢ ᠵᠢᠨ ᠲᠣᠭᠲᠠᠴᠠ᠎ᠳᠤ ᠰᠢᠨ᠎ᠡ ᠵᠢ ᠡᠭᠦᠳᠬᠦ ᠪᠠ ᠠᠯᠤᠰ ᠮᠡᠳᠡᠷᠡᠮᠵᠢ ᠵᠢᠨ ᠮᠡᠷᠭᠡᠵᠢᠯ ᠵᠶ᠋ᠠᠷ ᠰᠠᠭᠤᠷᠢ ᠪᠣᠯᠭ᠋ᠠᠭᠰᠠᠨ ᠬᠥᠳᠡᠭᠡ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠲᠣᠭᠲᠠᠴᠠ ᠵᠢᠨ ᠲᠠᠯ᠎ᠠ᠎ᠪᠠᠷ᠎ᠬᠢ ᠰᠢᠨ᠎ᠡ ᠡᠭᠦᠳᠦᠯᠲᠡ᠎ᠳᠤ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ ᠲᠤᠷᠰᠢᠯᠲᠠ ᠳᠠᠭᠤᠰᠤᠭᠰᠠᠨ᠎ᠤ ᠳᠠᠷᠠᠭ᠎ᠠ ᠵᠣᠬᠢᠶᠠᠨ ᠪᠠᠶ᠋ᠢᠭᠤᠯᠬᠤ ᠠᠷᠭ᠎ᠠ ᠬᠡᠯᠪᠡᠷᠢ᠂ ᠮᠡᠷᠭᠡᠵᠢᠯ᠎ᠤᠨ ᠵᠠᠭᠪᠤᠷ᠂ ᠲᠦᠷᠦ ᠵᠢᠨ ᠪᠤᠳᠤᠯᠭ᠎ᠠ ᠵᠢᠨ ᠪᠣᠷᠣ ᠲᠥᠯᠥᠪ ᠵᠶ᠋ᠠᠷ ᠭᠣᠣᠯ ᠴᠣᠭᠴᠠ ᠪᠣᠯᠭ᠋ᠠᠭᠰᠠᠨ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠪᠦᠷᠢᠨ   ᠲᠡᠭᠦᠯᠳᠡᠷ ᠳᠦᠷᠢᠮ᠎ᠢ ᠪᠦᠷᠢᠯᠳᠦᠭᠦᠯᠬᠦ ᠵᠢ ᠱᠠᠭ᠋ᠠᠷᠳᠠᠪᠠ᠃ ᠡᠶ᠋ᠢᠮᠦ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠨᠡ ᠬᠦ᠌ ᠠᠵᠢᠯ᠎ᠢ ᠴᠤ᠌ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠬᠦ ᠵᠢᠨ ᠬᠠᠮᠲᠤ ᠣᠨ᠎ᠤ ᠭᠣᠣᠯᠳᠠᠯᠭ᠎ᠠ᠎ᠲᠠᠢ ᠰᠢᠮᠳᠠᠭᠤᠯᠤᠨ ᠪᠠᠶ᠋ᠢᠴᠠᠭ᠋ᠠᠬᠤ ᠠᠵᠢᠯ᠎ᠳᠤ ᠵᠢᠭᠰᠠᠭ᠋ᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠪᠠᠰᠠ ᠤᠯᠠᠨ ᠤᠳᠠᠭ᠋ᠠᠨ᠎ᠤ ᠲᠤᠰᠬᠠᠢ ᠵᠦᠢ᠍ᠯ᠎ᠤᠨ ᠲᠤᠰᠬᠠᠶ ᠲᠤᠬᠢᠷᠠᠭᠤᠯᠤᠯᠲᠠ ᠪᠠᠶ᠋ᠢᠷᠢᠯᠠᠭᠤᠯᠤᠯᠲᠠ ᠬᠢᠭᠰᠡᠨ ᠪᠠᠶ᠋ᠢᠨ᠎ᠠ᠃ ᠬᠣᠯᠪᠣᠭᠳᠠᠯ ᠪᠦᠬᠦᠢ ᠠᠶ᠋ᠢᠮᠠᠭ ᠬᠤᠳᠠ ᠪᠣᠯᠤᠨ ᠲᠥᠷᠥᠯ ᠵᠦᠢ᠍ᠯ᠎ᠲᠠᠢ ᠬᠣᠰᠢᠭᠤ ᠰᠢᠶᠠᠨ ᠡᠷᠬᠡᠪᠰᠢ ᠲᠠᠨᠢᠯᠲᠠ᠎ᠪᠠᠨ ᠦᠨᠡᠨᠬᠦ ᠳᠡᠭᠡᠭᠰᠢᠯᠡᠭᠦᠯᠵᠦ᠂ ᠥᠩᠭᠡᠷᠡᠭᠰᠡᠨ᠎ᠤ ᠰᠢᠭ ᠴᠤᠯᠤ ᠲᠥᠷᠥᠯ ᠵᠦᠢ᠍ᠯ ᠬᠡᠮᠡᠨ ᠬᠠᠨᠳᠤᠵᠤ ᠪᠣᠯᠬᠤ ᠦᠭᠡᠢ᠂ ᠬᠠᠷᠢᠨ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠪᠠᠴᠢᠮ ᠲᠤᠯᠭ᠋ᠠᠮ᠎ᠠ ᠰᠡᠳᠬᠢᠯᠭᠡ᠎ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠤ᠂ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠦᠴᠦ᠎ᠪᠠᠨ ᠬᠠᠮᠲᠤᠳᠬᠠᠨ ᠳᠥᠯᠭᠢᠨ ᠠᠬᠢᠭᠤᠯᠵᠤ᠂ ᠪᠣᠳᠠᠲᠠᠢ᠌ᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃
      ᠬᠥᠲᠥᠯᠥᠭᠴᠢ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ᠎ᠪᠠᠷ ᠳᠠᠮᠵᠢᠨ ᠶᠠᠮᠠᠷ ᠬᠠᠷᠠᠯᠲᠠ ᠵᠢ ᠪᠡᠶᠡᠯᠡᠭᠦᠯᠬᠦ ᠪᠤᠢ?
      ᠵᠢᠶᠨ ᠶᠣᠸᠠᠢ ᠹᠸᠩ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠥᠷᠨᠢᠭᠦᠯᠬᠦ᠎ᠪᠠᠷ ᠳᠠᠮᠵᠢᠨ᠂ ᠣᠷᠣᠨ ᠨᠤᠲᠤᠭ᠎ᠢ ᠬᠥᠲᠥᠯᠥᠨ ᠵᠢᠯᠣᠭᠣᠳᠴᠤ ᠪᠠᠢ᠌ᠭ᠋ᠠᠳ ᠦᠢ᠍ᠯᠡᠳᠪᠦᠷᠢᠯᠡᠯ᠎ᠤᠨ ᠣᠨᠣᠯᠵᠢᠬᠣᠨ᠎ᠢ᠎ᠨᠢ ᠬᠤᠪᠢᠷᠠᠭᠤᠯᠵᠤ᠂ ᠲᠣᠭ᠎ᠠ ᠬᠡᠮᠵᠢᠶ᠎ᠡ ᠵᠢ ᠴᠢᠬᠤᠯᠠᠴᠢᠯᠠᠵᠤ ᠪᠠᠶ᠋ᠢᠭᠰᠠᠨ᠎ᠠᠴᠠ ᠲᠣᠭ᠎ᠠ ᠬᠡᠮᠵᠢᠶ᠎ᠡ᠂ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ ᠵᠦᠭ ᠬᠤᠪᠢᠷᠠᠭᠤᠯᠤᠨ᠂ ᠭᠠᠷᠤᠯᠲᠠ ᠪᠠ ᠦᠷ᠎ᠡ ᠠᠰᠢᠭ᠎ᠢ ᠨᠡᠮᠡᠭᠳᠡᠭᠦᠯᠬᠦ ᠵᠢ ᠨᠢᠭᠡᠳᠬᠡᠵᠤ᠂ ᠦᠢ᠍ᠯᠡᠳᠪᠦᠷᠢᠯᠡᠯ ᠠᠮᠢ ᠠᠬᠤᠶ ᠵᠢ ᠬᠠᠷᠢᠯᠴᠠᠨ ᠵᠣᠬᠢᠴᠠᠭᠤᠯᠬᠤ ᠵᠢ ᠪᠡᠶᠡᠯᠡᠭᠦᠯᠦᠨ᠎ᠡ; ᠲᠠᠷᠢᠶᠠᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠠᠷᠢᠮᠠᠯ ᠲᠠᠷᠢᠬᠤ ᠳᠠᠳᠬᠠᠯ᠎ᠢ᠎ᠨᠢ ᠬᠤᠪᠢᠷᠠᠭᠤᠯᠵᠤ᠂ ᠢᠵᠢᠯ ᠨᠢᠭᠡ ᠭᠠᠵᠠᠷ᠎ᠲᠤ ᠵᠢᠯ ᠳᠠᠷᠠᠭ᠋ᠠᠯᠠᠨ ᠠᠳᠠᠯᠢ ᠵᠦᠢ᠍ᠯ᠎ᠤᠨ ᠲᠠᠷᠢᠮᠠᠯ ᠲᠠᠷᠢᠬᠤ ᠪᠠᠶ᠋ᠢᠳᠠᠯ᠎ᠢ ᠦᠭᠡᠢ᠌ᠰᠬᠡᠨ᠂ ᠢᠯᠠᠩᠭᠤᠶ᠎ᠠ ᠲᠠᠷᠢᠶᠠᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ 《ᠲᠡᠮᠦᠷ ᠡᠰᠢᠲᠦ ᠡᠷᠳᠡᠨᠢ ᠰᠢᠰᠢ》 ᠲᠠᠷᠢᠬᠤ ᠳᠠᠳᠬᠠᠯ᠎ᠢ᠎ᠨᠢ ᠬᠤᠪᠢᠷᠠᠭᠤᠯᠵᠤ᠂ ᠲᠠᠷᠢᠶᠠᠨ ᠭᠠᠵᠠᠷ ᠬᠡᠷᠡᠭᠯᠡᠵᠦ ᠬᠥᠷᠥᠰᠥ ᠥᠩᠰᠢᠭᠦᠯᠬᠦ ᠵᠢ   ᠣᠶᠠᠯᠳᠤᠭᠤᠯᠬᠤ ᠵᠢ ᠪᠡᠶᠡᠯᠡᠭᠦᠯᠦᠨ᠎ᠡ᠃ 3 — 5 ᠵᠢᠯ᠎ᠤᠨ ᠬᠤᠭᠤᠴᠠᠭ᠋ᠠᠨ᠎ᠳᠤ ᠬᠦᠴᠦᠯᠡᠵᠦ ᠪᠠᠢ᠌ᠭ᠋ᠠᠳ᠂ ᠨᠢᠭᠡ ᠪᠦᠯᠦᠭ ᠲᠠᠷᠢᠶ᠎ᠠ ᠲᠠᠷᠢᠬᠤ ᠪᠠ ᠲᠠᠷᠢᠶᠠᠨ ᠭᠠᠵᠠᠷ ᠥᠩᠰᠢᠭᠦᠯᠬᠦ ᠵᠢ ᠤᠶᠠᠯᠳᠤᠭᠤᠯᠤᠭᠰᠠᠨ ᠦᠢ᠍ᠯᠡᠳᠪᠦᠷᠢᠯᠡᠯ᠎ᠤᠨ ᠮᠡᠷᠭᠡᠵᠢᠯ᠎ᠢ ᠬᠤᠷᠠᠮᠳᠤᠭᠤᠯᠤᠨ ᠳᠡᠯᠭᠡᠷᠡᠭᠦᠯᠵᠦ᠂ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠳᠦᠷᠢᠮ᠎ᠤᠨ ᠵᠢᠷᠤᠮᠯᠠᠨ ᠳᠠᠭᠤᠷᠢᠶᠠᠵᠤ ᠪᠣᠯᠬᠣᠢ᠌ᠴᠠ ᠵᠠᠭᠪᠤᠷ᠎ᠢ ᠰᠦᠪᠡᠭᠴᠢᠯᠡᠨ ᠳᠡᠯᠭᠡᠷᠡᠭᠦᠯᠬᠦ ᠪᠥᠭᠡᠳ ᠡᠭᠡᠯᠵᠢᠯᠡᠨ ᠲᠠᠷᠢᠬᠤ ᠲᠤᠷᠰᠢᠯᠲᠠ ᠵᠢᠨ ᠣᠷᠣᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠣᠳᠣᠬᠢ ᠪᠠᠶ᠋ᠢᠳᠠᠯ ᠪᠠ ᠬᠤᠪᠢᠷᠠᠯᠲᠠ ᠵᠢᠨ ᠬᠠᠨᠳᠤᠰᠢ ᠵᠢᠴᠢ ᠡᠭᠡᠯᠵᠢᠯᠡᠨ ᠲᠠᠷᠢᠬᠤ ᠳᠦᠷᠢᠮ᠎ᠤᠨ ᠬᠡᠷᠡᠭᠵᠢᠭᠦᠯᠦᠯᠲᠡ᠎ᠨᠢ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠤᠪᠢᠷᠠᠯᠲᠠ᠎ᠳᠤ ᠦᠵᠡᠭᠦᠯᠦᠭᠰᠡᠨ ᠨᠥᠯᠥᠭᠡ ᠵᠢ ᠡᠵᠡᠮᠰᠢᠨ᠎ᠠ᠃
      ᠬᠦᠲᠦᠯᠦᠭᠴᠢ᠄
      ᠲᠡᠭᠡᠪᠡᠯ ᠮᠠᠨ᠎ᠤ ᠣᠷᠣᠨ᠎ᠤ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠳᠦᠷᠢᠮ᠎ᠤᠨ ᠲᠤᠷᠰᠢᠯᠲᠠ ᠵᠢᠨ ᠠᠵᠢᠯ᠎ᠢ ᠲᠤᠷᠰᠢᠬᠤ ᠣᠷᠣᠨ ᠪᠤᠯ?
      ᠵᠢᠶᠠ ᠶᠤᠸᠠᠢ ᠹᠧᠩ᠄
      ᠭᠤᠤᠯᠳᠠᠭᠤ ᠮᠠᠨ᠎ᠤ ᠣᠷᠣᠨ᠎ᠤ ᠥᠨᠳᠥᠷ ᠥᠷᠭᠡᠷᠢᠭ᠎ᠤᠨ ᠬᠦᠢᠲᠡᠨ ᠰᠡᠷᠢᠭᠦᠨ ᠣᠷᠣᠨ᠂ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠣᠷᠣᠨ ᠪᠠ ᠪᠦᠲᠦᠴᠡ᠎ᠪᠠᠷ ᠳᠠᠩ ᠴᠤᠯᠭᠤᠢ ᠦᠷ᠎ᠡ ᠵᠠᠯᠭ᠋ᠠᠭᠤᠯᠤᠨ ᠲᠠᠷᠢᠭᠰᠠᠨ ᠬᠦᠨᠳᠦ ᠨᠣᠴᠢᠲᠠᠶ ᠭᠠᠵᠠᠷ ᠣᠷᠣᠨ᠎ᠳᠤ 《ᠨᠢᠭᠡ ᠵᠦᠢ᠍ᠯ᠎ᠤᠨ ᠲᠠᠷᠢᠮᠠᠯ ᠵᠶ᠋ᠠᠷ ᠭᠣᠣᠯᠯᠠᠭᠤᠯᠵᠤ ᠤᠯᠠᠨ ᠵᠦᠢ᠍ᠯ᠎ᠤᠨ ᠲᠠᠷᠢᠮᠠᠯ ᠵᠶ᠋ᠠᠷ ᠳᠡᠳ᠋ᠯᠡᠭᠦᠯᠬᠦ》 ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ 200 ᠲᠦᠮᠡᠨ ᠮᠥ᠍ ᠲᠤᠷᠰᠢᠯᠲᠠ ᠦᠷᠨᠢᠭᠦᠯᠵᠦ᠂ ᠡᠭᠦᠨ᠎ᠳᠤ 2016 ᠣᠨ᠎ᠤ 100 ᠲᠦᠮᠡᠨ ᠮᠦ᠍ ᠳᠡᠭᠡᠷ᠎ᠡ 2017 ᠣᠨ᠎ᠳᠤ ᠰᠢᠨ᠎ᠡ᠎ᠪᠠᠷ ᠨᠡᠮᠡᠭᠰᠡᠨ 100 ᠲᠦᠮᠡᠨ ᠮᠦ᠍ ᠵᠢ ᠪᠠᠭᠲᠠᠭ᠋ᠠᠪᠠ᠃ ᠡᠳᠡᠭᠡᠷ᠎ᠨᠢ ᠲᠤᠰ ᠲᠤᠰ᠄ ᠬᠥᠯᠥᠨ ᠪᠣᠶ᠋ᠢᠷ ᠬᠤᠲᠠ ᠵᠢᠨ (ᠠᠲᠠᠷ ᠬᠠᠭ᠋ᠠᠯᠪᠤᠷᠢᠯᠠᠭᠰᠠᠨ ᠭᠠᠵᠠᠷ ᠪᠠᠭᠲᠠᠨ᠎ᠠ) 65 ᠲᠦᠮᠡᠨ ᠮᠥ᠍᠂ ᠬᠢᠩᠭ᠋ᠠᠨ ᠠᠶ᠋ᠢᠮᠠᠭ᠎ᠤᠨ 25 ᠲᠦᠮᠡᠨ ᠮᠥ᠍᠂ ᠲᠦᠩᠯᠢᠶᠣᠤ ᠬᠣᠲᠠ ᠵᠢᠨ 40 ᠲᠦᠮᠡᠨ ᠮᠥ᠍᠂ ᠤᠯᠠᠭ᠋ᠠᠨᠬᠠᠳᠠ ᠬᠣᠲᠠ ᠵᠢᠨ 10 ᠲᠦᠮᠡᠨ ᠮᠦ᠍᠂ ᠰᠢᠯᠢ ᠵᠢᠨ ᠭᠣᠣᠯ ᠠᠶ᠋ᠢᠮᠠᠭ᠎ᠤᠨ 10 ᠲᠦᠮᠡᠨ ᠮᠦ᠍᠂ ᠤᠯᠠᠭ᠋ᠠᠨᠴᠠᠪ ᠬᠣᠲᠠ ᠵᠢᠨ 15 ᠲᠦᠮᠡᠨ ᠮᠦ᠍᠂ ᠬᠥᠬᠡᠬᠣᠲᠠ ᠵᠢᠨ 5 ᠲᠦᠮᠡᠨ ᠮᠥ᠍᠂ ᠪᠤᠭᠤᠲᠤ ᠬᠤᠳᠠ ᠵᠢᠨ 5 ᠲᠦᠮᠡᠨ ᠮᠥ᠍᠂ ᠤᠷᠳᠤᠰ ᠬᠤᠳᠠ ᠵᠢᠨ 10 ᠲᠦᠮᠡᠨ ᠮᠦ᠍᠂ ᠪᠠᠶᠠᠨᠨᠠᠭᠤᠷ ᠬᠤᠳᠠ ᠵᠢᠨ 10 ᠲᠦᠮᠡᠨ ᠮᠦ᠍᠂ ᠠᠯᠠᠱ᠌ᠠ ᠠᠢ᠌ᠮᠠᠭ᠎ᠤᠨ 5 ᠲᠦᠮᠡᠨ ᠮᠥ᠍ ᠪᠤᠯᠤᠨ᠎ᠠ᠃ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠲᠤᠬᠠᠶ ᠵᠢᠨ ᠭᠠᠵᠠᠷ᠎ᠤᠨ ᠵᠶ᠋ᠠᠨ ᠪᠣᠳᠠᠲᠠᠶ᠎ᠳᠤ ᠨᠡᠢ᠌ᠴᠡᠭᠰᠡᠨ ᠡᠭᠡᠯᠵᠢᠯᠡᠨ ᠳᠠᠷᠢᠬᠤ ᠵᠠᠭᠪᠤᠷ᠎ᠢ ᠲᠤᠭᠲᠠᠭ᠋ᠠᠬᠤ ᠬᠡᠷᠡᠭᠲᠡᠢ᠃
      ᠬᠥᠲᠥᠯᠥᠭᠴᠢ᠄
      ᠮᠠᠨ᠎ᠤ ᠣᠷᠣᠨ᠎ᠤ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠳᠦᠷᠢᠮ᠎ᠤᠨ ᠲᠤᠷᠰᠢᠯᠲᠠ ᠵᠢᠨ ᠴᠢᠭ᠋᠎ᠤᠨ ᠠᠵᠢᠯ᠎ᠤᠨ ᠮᠡᠷᠭᠡᠵᠢᠯ᠎ᠤᠨ ᠠᠷᠭ᠎ᠠ ᠬᠡᠮᠵᠢᠶ᠎ᠡ᠎ᠨᠢ ᠶᠠᠭᠤ ᠪᠤᠢ?
      ᠵᠢᠶᠠ ᠶᠤᠸᠠᠢ ᠹᠧᠩ᠄
     《ᠨᠢᠭᠡ ᠵᠦᠢ᠍ᠯ᠎ᠤᠨ ᠲᠠᠷᠢᠮᠠᠯ ᠵᠶ᠋ᠠᠷ ᠭᠣᠣᠯᠯᠠᠭᠤᠯᠵᠤ ᠤᠯᠡᠨ ᠵᠦᠢ᠍ᠯ᠎ᠤᠨ ᠲᠠᠷᠢᠮᠠᠯ ᠵᠶ᠋ᠠᠷ ᠳᠡᠳ᠋ᠯᠡᠭᠦᠯᠬᠦ》 ᠵᠠᠭᠪᠤᠷ᠎ᠢ ᠭᠣᠣᠯᠳᠠᠯᠭ᠎ᠠ᠎ᠲᠠᠢ ᠳᠡᠯᠭᠡᠷᠡᠭᠦᠯᠦᠨ᠎ᠡ᠃ 《ᠨᠢᠭᠡ ᠵᠦᠢ᠍ᠯ᠎ᠤᠨ ᠲᠠᠷᠢᠮᠠᠯ ᠵᠶ᠋ᠠᠷ ᠭᠤᠤᠯᠯᠠᠭᠤᠯᠬᠤ》᠄ ᠲᠤᠬᠠᠢ᠌ᠯᠠᠪᠠᠯ ᠡᠷᠳᠡᠨᠢ ᠰᠢᠰᠢ ᠪᠠ ᠰᠢᠷ᠎ᠠ ᠪᠤᠷᠴᠠᠭ᠎ᠢ ᠡᠭᠡᠯᠵᠢᠯᠡᠨ ᠲᠠᠷᠢᠵᠤ᠂ ᠰᠢᠷ᠎ᠠ ᠪᠤᠷᠴᠠᠭ᠎ᠤᠨ ᠦᠨᠳᠦᠰᠦᠨ᠎ᠤ ᠪᠡᠳᠡᠬᠢ ᠵᠢᠨ ᠠᠽᠣᠲ ᠲᠤᠭᠲᠠᠭ᠋ᠠᠵᠤ ᠲᠠᠷᠢᠶᠠᠨ ᠭᠠᠵᠠᠷ᠎ᠢ ᠦᠩᠰᠢᠭᠦᠯᠬᠦ ᠦᠢ᠍ᠯᠡᠳᠦᠯ᠎ᠢ ᠪᠠᠳᠠᠷᠠᠭᠤᠯᠵᠤ᠂ ᠬᠥᠷᠥᠰᠥᠨ᠎ᠤ ᠥᠩ ᠰᠢᠮ᠎ᠡ ᠵᠢ ᠳᠡᠭᠡᠭᠰᠢᠯᠡᠭᠦᠯᠦᠨ᠂ ᠢᠳᠡᠰᠢᠨ᠎ᠤ ᠰᠢᠯᠢᠳᠡᠭ ᠰᠢᠷ᠎ᠠ ᠪᠤᠷᠴᠠᠭ᠎ᠤᠨ ᠬᠠᠩᠭ᠋ᠠᠯᠭ᠎ᠠ ᠵᠢ ᠨᠡᠮᠡᠭᠳᠡᠭᠦᠯᠬᠦ ᠪᠤᠯᠤᠨ᠎ᠠ᠃ 《ᠤᠯᠡᠨ ᠵᠦᠢ᠍ᠯ᠎ᠤᠨ ᠲᠠᠷᠢᠮᠠᠯ ᠵᠶ᠋ᠠᠷ ᠳᠡᠳ᠋ᠯᠡᠭᠦᠯᠬᠦ》᠄ ᠲᠤᠬᠠᠶ᠋ᠢᠯᠠᠪᠠᠯ ᠡᠷᠳᠡᠨᠢ ᠰᠢᠰᠢ ᠬᠢᠭᠡᠳ ᠲᠥᠮᠥᠰᠥ᠂ ᠪᠤᠭᠤᠲᠠᠢ᠂ ᠲᠤᠰᠤᠯᠢᠭ ᠵᠦᠢ᠍ᠯ᠂ ᠪᠦᠳᠦᠭᠦᠯᠢᠭ ᠠᠮᠤ ᠬᠤᠯᠢᠮᠠᠭ ᠪᠤᠷᠴᠠᠭ᠂ ᠴᠠᠷᠭ᠋ᠠᠰᠤ᠂ ᠲᠡᠵᠢᠭᠡᠯ᠎ᠤᠨ ᠨᠣᠬᠠᠶ ᠵᠢᠨ ᠬᠣᠰᠢᠭᠤ ᠵᠡᠷᠭᠡ ᠲᠠᠷᠢᠮᠠᠯ᠎ᠢ ᠡᠭᠡᠯᠵᠢᠯᠡᠨ ᠲᠠᠷᠢᠬᠤ ᠵᠢ ᠬᠡᠷᠡᠭᠵᠢᠭᠦᠯᠵᠦ᠂ ᠦᠷ᠎ᠡ ᠵᠠᠯᠭ᠋ᠠᠭᠤᠯᠤᠨ ᠲᠠᠷᠢᠬᠤ ᠪᠤᠶᠤ ᠦᠨᠵᠢᠭᠦᠯᠦᠨ ᠲᠠᠷᠢᠬᠤ ᠵᠢ ᠬᠤᠪᠢᠷᠠᠭᠤᠯᠵᠤ᠂ ᠰᠢᠷᠣᠶ᠎ᠪᠠᠷ ᠲᠠᠷᠬᠠᠬᠤ ᠡᠪᠡᠳᠴᠢᠨ ᠬᠣᠷᠣᠬᠠᠶ ᠵᠢᠨ ᠬᠥᠨᠥᠭᠡᠯ᠎ᠢ ᠬᠥᠩᠭᠡᠷᠡᠭᠦᠯᠬᠦ᠂ ᠰᠢᠮ᠎ᠡ ᠲᠡᠵᠢᠭᠡᠯ᠎ᠢ ᠠᠰᠢᠭᠯᠠᠬᠤ ᠵᠢ ᠲᠡᠩᠴᠡᠭᠦᠷᠢᠰᠢᠭᠦᠯᠦᠨ᠂ ᠬᠦᠷᠦᠰᠦᠨ᠎ᠤ ᠹᠢᠽᠢᠺ᠎ᠤᠨ ᠰᠢᠨᠵᠢ ᠪᠠᠶ᠋ᠢᠳᠠᠯ᠎ᠢ ᠰᠠᠢ᠌ᠵᠢᠷᠠᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠨ᠂ ᠲᠡᠵᠢᠭᠡᠬᠦ᠎ᠪᠠᠷ ᠲᠠᠷᠢᠬᠤ ᠵᠢ ᠳᠠᠭ᠋ᠠᠭᠤᠯᠬᠤ᠂ ᠲᠠᠷᠢᠬᠤ᠎ᠪᠠᠷ ᠲᠡᠵᠢᠭᠡᠬᠦ ᠵᠢ ᠠᠬᠢᠭᠤᠯᠬᠤ ᠵᠢ ᠲᠦᠯᠬᠢᠨ ᠠᠬᠢᠭᠤᠯᠤᠨ᠎ᠠ᠃ ᠡᠭᠦᠨ᠎ᠤ ᠬᠠᠮᠲᠤ ᠣᠷᠣᠨ ᠨᠤᠲᠤᠭ᠎ᠤᠨ ᠳᠠᠪᠠᠭᠤᠯᠢᠭ ᠴᠢᠨᠠᠷ᠎ᠲᠠᠢ ᠤᠨᠴᠠᠯᠢᠬᠳᠤ ᠲᠠᠷᠢᠮᠠᠯ᠎ᠢ ᠪᠤᠰᠤᠳ ᠲᠠᠷᠢᠮᠠᠯ᠎ᠯᠤᠭ᠎ᠠ ᠡᠭᠡᠯᠵᠢᠯᠡᠨ ᠲᠠᠷᠢᠬᠣ ᠵᠠᠭᠪᠤᠷ᠎ᠢ ᠰᠦᠪᠡᠭᠴᠢᠯᠡᠨ ᠥᠷᠨᠢᠭᠦᠯᠬᠦ ᠵᠢ ᠢᠳᠡᠪᠬᠢᠲᠡᠶ᠎ᠪᠠᠷ ᠵᠣᠷᠢᠭᠵᠢᠭᠤᠯᠤᠨ᠎ᠠ᠃
      ᠬᠥᠲᠥᠯᠥᠭᠴᠢ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢᠨ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠨᠢ ᠶᠠᠭᠤ ᠪᠤᠢ?
      ᠵᠢᠶᠠ ᠶᠤᠸᠠᠢ ᠹᠧᠩ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠪᠣᠯ ᠡᠭᠦᠳᠦᠯᠲᠡ ᠵᠢᠨ ᠴᠢᠨᠠᠷᠲᠠᠶ ᠠᠵᠢᠯ ᠮᠥᠨ᠃ ᠲᠤᠷᠰᠢᠯᠲᠠ ᠵᠢᠨ ᠠᠵᠢᠯ ᠵᠶ᠋ᠠᠷ ᠲᠠᠪᠴᠠᠩ ᠪᠣᠯᠭ᠋ᠠᠵᠤ᠂ ᠲᠠᠷᠢᠶᠠᠯᠠᠩ᠎ᠤᠨ ᠤᠨᠤᠯᠵᠢᠬᠤᠨ᠎ᠳᠤ ᠰᠢᠨ᠎ᠡ ᠵᠢ ᠡᠭᠦᠳᠬᠦ᠂ ᠮᠡᠷᠭᠡᠵᠢᠯ᠎ᠤᠨ ᠵᠠᠭᠪᠤᠷ᠎ᠲᠤ ᠰᠢᠨ᠎ᠡ ᠵᠢ ᠡᠭᠦᠳᠬᠦ᠂ ᠤᠷᠤᠭᠤᠯᠤᠯᠲᠠ ᠭᠠᠷᠭ᠋ᠠᠯᠲᠠ ᠵᠢᠨ ᠦᠷ᠎ᠡ ᠠᠰᠢᠭ᠎ᠤᠨ ᠵᠠᠭᠪᠤᠷ᠎ᠲᠤ ᠰᠢᠨ᠎ᠡ ᠵᠢ ᠡᠭᠦᠳᠬᠦ᠂ ᠨᠡᠮᠡᠭᠦᠷᠢ ᠵᠢᠨ ᠲᠣᠭᠲᠠᠴᠠ᠎ᠳᠤ ᠰᠢᠨ᠎ᠡ ᠵᠢ ᠡᠭᠦᠳᠬᠦ᠂ ᠠᠯᠤᠰ ᠮᠡᠳᠡᠷᠡᠮᠵᠢ ᠵᠢᠨ ᠮᠡᠷᠭᠡᠵᠢᠯ ᠵᠶ᠋ᠠᠷ ᠰᠠᠭᠤᠷᠢ ᠪᠣᠯᠭ᠋ᠠᠭᠰᠠᠨ ᠬᠥᠳᠡᠭᠡ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠲᠣᠭᠲᠠᠴᠠ ᠵᠢᠨ ᠲᠠᠯ᠎ᠠ᠎ᠪᠠᠷ᠎ᠬᠢ ᠰᠢᠨ᠎ᠡ ᠡᠭᠦᠳᠦᠯᠲᠡ᠎ᠳᠤ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ 《ᠨᠢᠭᠡ ᠲᠠᠪᠴᠠᠩ ᠪᠠᠶ᠋ᠢᠭᠤᠯᠵᠤ᠂ ᠲᠠᠪᠤᠨ ᠰᠢᠨ᠎ᠡ ᠵᠢ ᠡᠭᠦᠳᠬᠦ》 ᠪᠠᠶ᠋ᠢᠷᠢᠰᠢᠯ᠎ᠢ ᠴᠤᠭᠴᠠᠯᠠᠨ ᠪᠠᠢ᠌ᠭᠤᠯᠬᠤ ᠬᠡᠷᠡᠭᠲᠡᠶ᠃
      ᠨᠢᠭᠡ᠎ᠳᠤ ᠲᠠᠷᠢᠶᠠᠯᠠᠩ᠎ᠤᠨ ᠤᠨᠤᠯᠵᠢᠬᠤᠨ᠎ᠳᠤ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠬᠤ ᠬᠡᠷᠡᠭᠲᠡᠶ᠃ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠥᠷᠨᠢᠭᠦᠯᠬᠦ᠎ᠪᠠᠷ ᠳᠠᠮᠵᠢᠭᠤᠯᠤᠨ᠂ ᠣᠷᠣᠨ ᠨᠤᠲᠤᠭ᠎ᠢ ᠬᠥᠲᠥᠯᠥᠨ ᠵᠢᠯᠣᠭᠣᠳᠴᠤ ᠪᠠᠢ᠌ᠭ᠋ᠠᠳ ᠦᠢ᠍ᠯᠡᠳᠪᠦᠷᠢᠯᠡᠯ᠎ᠤᠨ ᠤᠨᠤᠯᠵᠢᠬᠤᠨ᠎ᠢ᠎ᠨᠢ ᠬᠤᠪᠢᠷᠠᠭᠤᠯᠵᠤ᠂ ᠲᠣᠭ᠎ᠠ ᠬᠡᠮᠵᠢᠶ᠎ᠡ ᠵᠢ ᠴᠢᠬᠤᠯᠠᠴᠢᠯᠠᠵᠤ ᠪᠠᠶ᠋ᠢᠭᠰᠠᠨ᠎ᠠᠴᠠ ᠲᠣᠭ᠎ᠠ ᠬᠡᠮᠵᠢᠶ᠎ᠡ᠂ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ ᠵᠦᠭ ᠬᠤᠪᠢᠷᠠᠭᠤᠯᠤᠨ᠂ ᠭᠠᠷᠤᠯᠲᠠ ᠪᠠ ᠦᠷ᠎ᠡ ᠠᠰᠢᠭ᠎ᠢ ᠨᠡᠮᠡᠭᠳᠡᠭᠦᠯᠬᠦ ᠵᠢ ᠨᠢᠭᠡᠳᠬᠡᠬᠦ᠂ ᠦᠢ᠍ᠯᠡᠳᠪᠦᠷᠢᠯᠡᠯ ᠠᠮᠢ ᠠᠬᠤᠢ ᠵᠢ ᠬᠠᠷᠢᠯᠴᠠᠨ ᠵᠣᠬᠢᠴᠠᠯᠳᠤᠭᠤᠯᠬᠤ ᠵᠢ ᠪᠡᠶᠡᠯᠡᠭᠦᠯᠬᠦ ᠬᠡᠷᠡᠭᠲᠡᠶ; ᠲᠠᠷᠢᠶᠠᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠠᠷᠢᠮᠠᠯ ᠲᠠᠷᠢᠬᠤ ᠳᠠᠳᠬᠠᠯ᠎ᠢ᠎ᠨᠢ ᠬᠤᠪᠢᠷᠠᠭᠤᠯᠵᠤ᠂ ᠢᠵᠢᠯ ᠨᠢᠭᠡ ᠭᠠᠵᠠᠷ᠎ᠲᠤ ᠵᠢᠯ ᠳᠠᠷᠠᠭ᠋ᠠᠯᠠᠨ ᠠᠳᠠᠯᠢ ᠵᠦᠢ᠍ᠯ᠎ᠤᠨ ᠲᠠᠷᠢᠮᠠᠯ ᠲᠠᠷᠢᠬᠤ ᠪᠠᠢ᠌ᠳᠠᠯ᠎ᠢ ᠦᠭᠡᠢ᠌ᠰᠭᠡᠨ᠂ ᠢᠯᠠᠩᠭᠤᠶ᠎ᠠ ᠲᠠᠷᠢᠶᠠᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ 《ᠲᠡᠮᠦᠷ ᠡᠰᠢᠲᠦ ᠡᠷᠳᠡᠨᠢ ᠰᠢᠰᠢ》 ᠲᠠᠷᠢᠬᠤ ᠳᠠᠳᠬᠠᠯ᠎ᠢ᠎ᠨᠢ ᠬᠤᠪᠢᠷᠠᠭᠤᠯᠵᠤ᠂ ᠲᠠᠷᠢᠶᠠᠨ ᠭᠠᠵᠠᠷ ᠬᠡᠷᠡᠭᠯᠡᠵᠦ ᠦᠩᠰᠢᠭᠦᠯᠬᠦ ᠵᠢ ᠬᠠᠷᠢᠯᠴᠠᠨ ᠤᠶᠠᠯᠳᠤᠭᠤᠯᠬᠤ ᠵᠢ ᠪᠡᠶᠡᠯᠡᠭᠦᠯᠦᠨ᠎ᠡ᠃       ᠬᠣᠶᠠᠷ᠎ᠲᠤ ᠮᠡᠷᠭᠡᠵᠢᠯ᠎ᠤᠨ ᠵᠠᠭᠪᠤᠷ᠎ᠲᠤ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ᠎ᠳᠤ ᠲᠦᠰᠢᠭᠯᠡᠨ᠂ ᠲᠠᠷᠢᠶᠠᠯᠠᠬᠤ ᠳᠦᠷᠢᠮ᠎ᠢ ᠰᠠᠶ᠋ᠢᠵᠢᠷᠠᠭᠤᠯᠬᠤ ᠪᠠ ᠮᠡᠷᠭᠡᠵᠢᠯ᠎ᠤᠨ ᠵᠠᠭᠪᠤᠷ᠎ᠲᠤ ᠰᠢᠨ᠎ᠡ ᠵᠢ ᠡᠭᠦᠳᠬᠦ ᠵᠢ ᠠᠬᠢᠭᠤᠯᠵᠤ᠂ ᠡᠬᠢ ᠪᠠᠶᠠᠯᠢᠭ ᠪᠠ ᠮᠡᠷᠭᠡᠵᠢᠯ᠂ ᠦᠢ᠍ᠯᠡᠳᠪᠦᠷᠢᠯᠡᠯ ᠪᠣᠯᠤᠨ ᠠᠮᠢ ᠠᠬᠤᠶ ᠵᠢᠨ ᠵᠤᠬᠢᠴᠠᠯᠳᠤᠯ᠎ᠢ ᠪᠡᠶᠡᠯᠡᠭᠦᠯᠬᠦ ᠬᠡᠷᠡᠭᠲᠡᠶ᠃ ᠲᠠᠷᠢᠮᠠᠯ᠎ᠤᠨ ᠭᠤᠤᠷᠰᠤ ᠵᠢ ᠰᠢᠯᠢᠳᠡᠭᠵᠢᠭᠦᠯᠵᠦ᠂ ᠡᠷᠳᠡᠨᠢ ᠰᠢᠰᠢ ᠪᠠ ᠰᠢᠷ᠎ᠠ ᠪᠤᠷᠴᠠᠭ ᠵᠡᠷᠭᠡ ᠪᠤᠰᠤᠳ ᠵᠦᠢ᠍ᠯ᠎ᠤᠨ ᠲᠠᠷᠢᠮᠠᠯ᠎ᠢ ᠡᠭᠡᠯᠵᠢᠯᠡᠨ ᠲᠠᠷᠢᠬᠤ ᠪᠠ ᠰᠡᠯᠭᠦᠭᠡᠨ ᠲᠠᠷᠢᠬᠤ ᠵᠢ ᠬᠡᠷᠡᠭᠵᠢᠭᠦᠯᠵᠦ᠂ ᠭᠠᠵᠠᠷ ᠣᠷᠣᠨ᠎ᠤ ᠤᠨᠴᠠᠯᠢᠭᠲᠤ ᠲᠠᠷᠢᠮᠠᠯ᠎ᠢ ᠡᠭᠡᠯᠵᠢᠯᠡᠨ ᠲᠠᠷᠢᠬᠤ ᠵᠠᠭᠪᠤᠷ ᠰᠦᠪᠡᠭᠴᠢᠯᠡᠬᠦ ᠵᠢ ᠵᠤᠷᠢᠭᠵᠢᠭᠤᠯᠤᠨ᠂ ᠦᠷ᠎ᠡ ᠵᠠᠯᠭ᠋ᠠᠭᠤᠯᠤᠨ ᠲᠠᠷᠢᠬᠤ ᠪᠤᠶᠤ ᠦᠨᠵᠢᠭᠦᠯᠦᠨ ᠲᠠᠷᠢᠬᠤ ᠵᠢᠨ ᠰᠠᠭ᠋ᠠᠳ᠎ᠢ ᠬᠥᠩᠭᠡᠯᠡᠵᠦ᠂ ᠲᠠᠷᠢᠶᠠᠨ ᠭᠠᠵᠠᠷ᠎ᠤᠨ ᠰᠢᠮ᠎ᠡ ᠲᠡᠵᠢᠭᠡᠯ᠎ᠢ ᠠᠰᠢᠭᠯᠠᠬᠤ ᠵᠢ ᠲᠡᠩᠴᠡᠭᠦᠷᠢᠰᠢᠭᠦᠯᠦᠨ᠎ᠡ᠃ ᠣᠷᠣᠨ ᠪᠦᠰᠡ ᠬᠤᠪᠢᠶᠠᠨ᠂ ᠦᠷ᠎ᠡ ᠡᠭᠦᠯᠳᠡᠷ ᠬᠤᠪᠢᠶᠠᠨ ᠬᠤᠷᠠᠮᠠᠯ ᠪᠦᠭᠡᠳ ᠪᠣᠬᠢᠷᠲᠤᠯ ᠦᠭᠡᠢ ᠥᠨᠳᠥᠷ ᠦᠷ᠎ᠡ ᠠᠰᠢᠭ᠎ᠲᠠᠢ ᠮᠡᠷᠭᠡᠵᠢᠯ᠎ᠤᠨ ᠵᠠᠭᠪᠤᠷ᠎ᠢ ᠰᠦᠪᠡᠭᠴᠢᠯᠡᠵᠦ᠂ ᠣᠷᠣᠯᠠᠬᠤ ᠦᠷ᠎ᠡ ᠡᠭᠦᠯᠳᠡᠷ ᠪᠣᠯᠤᠨ ᠠᠮᠢ ᠠᠬᠤᠶ ᠵᠢᠨ ᠨᠦᠭᠦᠴᠡᠯ᠎ᠢ ᠬᠠᠷᠢᠯᠴᠠᠨ ᠵᠤᠬᠢᠴᠠᠭᠤᠯᠬᠤ᠂ ᠲᠠᠷᠢᠶᠠᠯᠠᠩ᠎ᠤᠨ ᠮᠠᠰᠢᠨ ᠪᠠ ᠲᠠᠷᠢᠶᠠᠯᠠᠩ᠎ᠤᠨ ᠮᠡᠷᠭᠡᠰᠢᠯ᠎ᠤᠨ ᠬᠠᠷᠢᠯᠴᠠᠨ ᠠᠭᠤᠰᠤᠯᠴᠠᠬᠤ ᠵᠢ ᠠᠬᠢᠭᠤᠯᠤᠨ᠎ᠠ᠃
      ᠭᠤᠷᠪᠠ᠎ᠳᠤ ᠤᠷᠤᠭᠤᠯᠤᠯᠲᠠ ᠭᠠᠷᠭ᠋ᠠᠯᠲᠠ ᠵᠢᠨ ᠦᠷ᠎ᠡ ᠠᠰᠢᠭ᠎ᠤᠨ ᠵᠠᠭᠪᠤᠷ᠎ᠲᠤ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠬᠤ ᠬᠡᠷᠡᠭᠲᠡᠢ᠃ ᠦᠩᠭᠡᠷᠡᠭᠰᠡᠨ᠎ᠤ ᠬᠦᠴᠦᠨ ᠵᠦᠢ᠍ᠯ᠎ᠤᠨ ᠣᠷᠣᠭᠤᠯᠤᠯᠲᠠ ᠵᠢ ᠴᠢᠬᠤᠯᠠᠴᠢᠯᠠᠬᠤ ᠪᠦᠳᠦᠭᠦᠯᠢᠭ ᠬᠥᠭᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠵᠤ᠂ ᠥᠪᠡᠷ᠎ᠤᠨ ᠥᠷᠲᠡᠭ᠎ᠢ ᠪᠠᠭᠤᠷᠠᠭᠤᠯᠵᠤ ᠬᠣᠷᠣᠭᠳᠠᠭᠤᠯᠤᠯ᠎ᠢ ᠳᠣᠷᠣᠭᠰᠢᠯᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠬᠠᠮᠤᠭ᠎ᠤᠨ ᠰᠢᠯᠢᠳᠡᠭ ᠤᠷᠤᠭᠤᠯᠤᠯᠲᠠ ᠭᠠᠷᠭ᠋ᠠᠯᠲᠠ ᠵᠢᠨ ᠬᠡᠪ ᠵᠠᠭᠪᠤᠷ᠎ᠢ ᠰᠦᠪᠡᠭᠴᠢᠯᠡᠨ᠎ᠡ᠃ 《ᠳᠦᠷᠪᠡ ᠵᠢ ᠠᠬᠢᠭᠤᠯᠵᠤ ᠳᠦᠷᠪᠡ ᠵᠢ ᠡᠵᠡᠮᠳᠡᠬᠦ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠭᠠᠵᠠᠷ᠎ᠤᠨ ᠬᠦᠴᠦ ᠰᠢᠮ᠎ᠡ ᠵᠢ ᠳᠡᠭᠡᠭᠰᠢᠯᠡᠭᠦᠯᠬᠦ ᠵᠢ ᠠᠬᠢᠭᠤᠯᠵᠤ ᠪᠤᠷᠳᠤᠭᠤᠷ᠎ᠢ ᠡᠵᠡᠮᠳᠡᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠬᠦ᠂ ᠨᠢᠭᠡᠳᠦᠯᠲᠡᠶ ᠰᠡᠷᠭᠡᠢ᠌ᠯᠡᠵᠦ ᠵᠠᠰᠠᠬᠤ ᠵᠢ ᠠᠬᠢᠭᠤᠯᠵᠤ ᠡᠮ᠎ᠢ ᠡᠵᠡᠮᠳᠡᠨ ᠬᠦᠨᠦᠭᠡᠯ᠎ᠢ ᠪᠠᠭ᠋ᠠᠰᠬᠠᠬᠤ ᠵᠢ ᠪᠡᠶᠡᠯᠡᠭᠦᠯᠬᠦ᠂ ᠥᠨᠳᠥᠷ ᠦᠷ᠎ᠡ ᠪᠦᠲᠦᠮᠵᠢᠲᠡᠶ᠎ᠪᠠᠷ ᠤᠰᠤ ᠠᠷᠪᠢᠯᠠᠬᠤ ᠵᠢ ᠠᠬᠢᠭᠤᠯᠵᠤ ᠤᠰᠤ ᠵᠢ ᠡᠵᠡᠮᠳᠡᠨ ᠬᠣᠷᠣᠭᠳᠠᠯ᠎ᠢ ᠪᠠᠭ᠋ᠠᠰᠬᠠᠬᠤ ᠵᠢ ᠪᠡᠶᠡᠯᠡᠭᠦᠯᠵᠦ᠂ ᠬᠢᠯᠪᠠᠷ ᠳᠦᠬᠦᠮᠬᠡᠨ ᠵᠶ᠋ᠡᠷ ᠲᠠᠷᠢᠬᠤ ᠵᠢ ᠠᠬᠢᠭᠤᠯᠵᠤ ᠪᠦᠷᠬᠦᠭᠦᠯ᠎ᠢ ᠡᠵᠡᠮᠳᠡᠨ ᠦᠷ᠎ᠡ ᠠᠰᠢᠭ᠎ᠢ ᠳᠡᠭᠡᠭᠰᠢᠯᠡᠭᠦᠯᠬᠦ ᠵᠢ ᠪᠡᠶᠡᠯᠡᠭᠦᠯᠵᠦ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠷᠢᠨᠰᠢᠭᠦᠯᠵᠦ᠂ ᠨᠠᠷᠢᠯᠢᠭᠵᠢᠭᠤᠯᠵᠤ᠂ ᠭᠠᠷᠤᠯᠲᠠ ᠪᠠ ᠦᠷ᠎ᠡ ᠠᠰᠢᠭ᠎ᠢ ᠨᠡᠮᠡᠭᠳᠡᠭᠦᠯᠬᠦ᠂ ᠦᠪᠡᠷ᠎ᠤᠨ ᠦᠷᠲᠡᠭ᠎ᠢ ᠠᠷᠪᠢᠯᠠᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠦᠨ᠎ᠡ᠃ ᠪᠣᠬᠢᠷᠲᠤᠯ ᠦᠭᠡᠢ ᠤᠨᠠᠯᠲᠠ ᠰᠠᠢ᠌ᠲᠠᠢ ᠥᠨᠳᠥᠷ ᠦᠷ᠎ᠡ ᠠᠰᠢᠭ ᠪᠦᠬᠦᠢ ᠡᠭᠦᠳᠦᠯᠲᠡ ᠬᠡᠷᠡᠭᠵᠢᠭᠦᠯᠬᠦ᠎ᠲᠠᠢ ᠤᠶᠠᠯᠳᠤᠭᠤᠯᠤᠨ᠂ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠢ ᠠᠬᠢᠭᠤᠯᠤᠨ᠂ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠨᠡᠷᠡᠳᠥ ᠲᠡᠮᠳᠡᠭᠲᠦ ᠡᠭᠦᠳᠬᠦ᠎ᠪᠠᠨ ᠲᠦᠷᠭᠡᠳᠬᠡᠵᠦ᠂ ᠪᠣᠬᠢᠷᠲᠤᠯ ᠦᠭᠡᠢ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠂ ᠴᠢᠨᠠᠷ ᠵᠶ᠋ᠠᠷ ᠰᠠᠢ᠌ᠲᠠᠢ ᠦᠨ᠎ᠡ᠎ᠪᠠᠷ ᠲᠤᠬᠢᠲᠠᠢ ᠪᠤᠯᠭ᠋ᠠᠵᠤ᠂ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠦᠨ᠎ᠡ᠃
      ᠲᠦᠷᠪᠡ᠎ᠳᠤ᠂ ᠨᠡᠮᠡᠭᠦᠷᠢ ᠵᠢᠨ ᠲᠣᠭᠲᠠᠴᠠ᠎ᠳᠤ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠠᠮᠢ ᠠᠬᠤᠶ᠎ᠪᠠᠷ ᠤᠳᠤᠷᠢᠳᠤᠮᠵᠢ ᠪᠣᠯᠭ᠋ᠠᠭᠰᠠᠨ ᠲᠠᠷᠢᠶᠠᠯᠠᠩ᠎ᠤᠨ ᠨᠡᠮᠡᠭᠦᠷᠢ ᠤᠯᠭᠤᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠡᠭᠡᠯᠵᠢᠯᠡᠨ ᠳᠠᠷᠢᠬᠤ᠎ᠳᠤ ᠨᠡᠮᠡᠭᠦᠷᠢ ᠤᠯᠭᠤᠬᠤ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠴᠢᠳ᠎ᠤᠨ ᠣᠷᠣᠯᠭ᠎ᠠ ᠵᠢ ᠨᠥᠯᠥᠭᠡᠯᠡᠬᠦ ᠦᠭᠡᠢ ᠤᠷᠢᠲᠠᠯ ᠳᠤᠤᠷ᠎ᠠ᠂ ᠡᠭᠡᠯᠵᠢᠯᠡᠨ ᠲᠠᠷᠢᠬᠤ ᠡᠭᠦᠷᠭᠡ ᠵᠢ ᠳᠠᠭ᠋ᠠᠭ᠋ᠠᠭᠰᠠᠨ ᠲᠠᠷᠢᠶᠠᠴᠢᠨ ᠡᠷᠦᠬᠡ᠎ᠳᠤ ᠤᠤᠯ᠎ᠤᠨ ᠲᠠᠷᠢᠭᠰᠠᠨ ᠲᠠᠷᠢᠮᠠᠯ᠎ᠤᠨ ᠠᠰᠢᠭ ᠤᠷᠤᠯᠭ᠎ᠠ ᠶᠣᠰᠣᠭ᠋ᠠᠷ ᠴᠢᠬᠤᠯᠠ ᠪᠥᠬᠥᠢ ᠨᠡᠮᠡᠭᠦᠷᠢ ᠣᠯᠭᠣᠵᠤ᠂ ᠡᠭᠡᠯᠵᠢᠯᠡᠨ ᠲᠠᠷᠢᠭᠰᠠᠨ᠎ᠤ ᠳᠠᠷᠠᠭ᠋ᠠᠬᠢ ᠠᠰᠢᠭ ᠤᠷᠤᠯᠭ᠎ᠠ ᠵᠢ ᠬᠠᠰᠤᠭᠳᠠᠭᠤᠯᠬᠤ ᠦᠭᠡᠢ ᠪᠠᠢ᠌ᠬᠤ ᠵᠢ ᠪᠠᠲᠤᠯᠠᠨ᠎ᠠ᠃
      ᠬᠦᠲᠦᠯᠦᠭᠴᠢ᠄
      ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢᠨ ᠠᠵᠢᠯ᠎ᠢ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠤᠰᠠᠳᠠ᠂ ᠮᠠᠨ᠎ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ?
      ᠵᠢᠶᠨ ᠶᠤᠸᠠᠢ ᠹᠧᠩ᠄
      ᠨᠢᠭᠡ᠎ᠳᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠦᠷᠤᠯ ᠵᠦᠢ᠍ᠯ᠎ᠤᠨ ᠨᠠᠢ᠌ᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠨᠢᠭᠡᠨᠲᠡ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠥᠬᠥᠢ ᠳᠡᠳ᠋ ᠲᠡᠷᠢᠭᠦᠯᠡᠭᠴᠢ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ 10 ᠰᠠᠯᠠᠭ᠎ᠠ ᠮᠥᠴᠢᠷ ᠬᠠᠮᠲᠤᠷᠠᠨ ᠠᠵᠢᠯᠯᠠᠬᠤ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠨᠢ ᠬᠤᠪᠢᠳᠠᠨ ᠬᠠᠮᠢᠶᠠᠷᠴᠤ ᠪᠦᠬᠦᠢ ᠳᠡᠳ᠋ ᠲᠢᠩᠬᠢᠮ᠎ᠤᠨ ᠳᠠᠷᠤᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠲᠤᠷᠰᠢᠯᠲᠠ ᠵᠢᠨ ᠠᠵᠢᠯ᠎ᠢ ᠵᠣᠬᠢᠴᠠᠭᠤᠯᠬᠤ ᠲᠤᠰᠬᠠᠶ ᠮᠡᠷᠭᠡᠵᠢᠯᠲᠡᠨ᠎ᠤ ᠵᠢᠯᠣᠭᠣᠳᠬᠤ ᠳᠤᠭᠤᠶ᠋ᠢᠯᠠᠩ ᠪᠠᠢ᠌ᠭᠤᠯᠪᠠ᠃ ᠡᠯ᠎ᠡ ᠬᠣᠯᠪᠣᠭᠳᠠᠯ ᠪᠥᠬᠥᠢ ᠠᠶ᠋ᠢᠮᠠᠭ ᠬᠤᠳᠠ᠎ᠨᠤᠭᠤᠳ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠤᠷᠰᠢᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠣᠯᠠᠴᠢᠯᠠᠨ ᠦᠵᠡᠵᠦ᠂ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠥᠬᠥᠢ ᠤᠳᠤᠷᠢᠳᠤᠯᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠤᠳᠤᠷᠢᠳᠬᠤ ᠳᠤᠭᠤᠶ᠋ᠢᠯᠠᠩ᠎ᠢ ᠪᠠᠢ᠌ᠭᠤᠯᠪᠠ; ᠬᠣᠰᠢᠭᠤ ᠰᠢᠶᠠᠨ᠎ᠨᠤᠭᠤᠳ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠤᠳᠤᠷᠢᠳᠬᠤ ᠳᠤᠭᠤᠶ᠋ᠢᠯᠠᠩ ᠪᠣᠯᠣᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠵᠢᠨ ᠳᠠᠷᠤᠭ᠎ᠠ᠎ᠪᠠᠷ ᠮᠡᠷᠭᠡᠵᠢᠯ᠎ᠤᠨ ᠬᠠᠷᠢᠭᠤᠴᠠᠯᠭ᠋ᠠᠲᠠᠨ ᠪᠣᠯᠭ᠋ᠠᠭᠰᠠᠨ ᠲᠤᠰᠬᠠᠶ ᠮᠡᠷᠭᠡᠵᠢᠯᠲᠡᠨ᠎ᠤ ᠵᠢᠯᠣᠭᠣᠳᠬᠤ ᠳᠤᠭᠤᠶ᠋ᠢᠯᠠᠩ᠎ᠢ ᠪᠠᠢ᠌ᠭᠤᠯᠵᠤ᠂ ᠭᠤᠷᠪᠠᠨ ᠱᠠᠲᠤᠨ᠎ᠤ ᠠᠮᠠᠯᠠᠯᠲᠠ ᠵᠢ ᠦᠨᠡᠨᠬᠦ ᠪᠠᠲᠤᠯᠠᠨ᠂ ᠬᠠᠷᠢᠭᠤᠴᠠᠯᠭ᠎ᠠ ᠵᠢ ᠬᠦᠮᠦᠨ ᠪᠦᠬᠦᠨ᠎ᠳᠤ ᠨᠠᠢ᠌ᠳᠠᠪᠤᠷᠢᠵᠢᠭᠤᠯᠵᠦ ᠪᠠᠢ᠌ᠨ᠎ᠠ᠃
      ᠬᠣᠶᠠᠷ᠎ᠲᠤ ᠠᠵᠢᠯ᠎ᠤᠨ ᠲᠥᠰᠦᠯ ᠵᠶ᠋ᠠᠨ ᠲᠣᠭᠲᠠᠭ᠋ᠠᠵᠤ᠂ ᠡᠭᠦᠷᠭᠡ ᠵᠢ ᠠᠬᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠪᠠ᠃ ᠠᠶ᠋ᠢᠮᠠᠭ ᠬᠤᠳᠠ᠎ᠨᠤᠭᠤᠳ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠠᠬᠢᠭᠤᠯᠬᠤ ᠪᠣᠳᠠᠲᠠᠶ ᠲᠥᠰᠦᠯ᠎ᠢ ᠲᠦᠷᠭᠡᠬᠡᠨ ᠲᠣᠭᠲᠠᠭ᠋ᠠᠵᠤ᠂ ᠠᠬᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ᠂ ᠬᠡᠷᠡᠭᠵᠢᠭᠦᠯᠬᠦ ᠠᠭᠤᠯᠭ᠎ᠠ᠂ ᠲᠤᠷᠰᠢᠯᠲᠠ ᠵᠢᠨ ᠣᠷᠣᠨ ᠪᠦᠰᠡ᠂ ᠮᠡᠷᠭᠡᠵᠢᠯ᠎ᠤᠨ ᠠᠷᠭ᠎ᠠ ᠵᠠᠮ᠂ ᠨᠡᠮᠡᠭᠦᠷᠢ ᠣᠯᠭᠣᠬᠣ ᠠᠵᠢᠯᠯᠠᠭ᠋ᠠᠨ᠎ᠤ ᠠᠷᠭ᠎ᠠ ᠮᠠᠶᠢᠭ᠂ ᠪᠠᠲᠤᠯᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠲᠣᠳᠣᠷᠬᠠᠢ᠌ᠯᠠᠬᠤ ᠵᠢᠨ ᠬᠠᠮᠲᠤ ᠲᠤᠷᠰᠢᠯᠲᠠ ᠬᠢᠬᠦ ᠬᠣᠰᠢᠭᠤ ᠰᠢᠶᠠᠨ᠎ᠨᠤᠭᠤᠳ᠎ᠨᠢ ᠦᠨᠳᠦᠰᠦᠨ ᠵᠠᠷᠴᠢᠮ ᠶᠣᠰᠣᠭ᠋ᠠᠷ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠪᠣᠳᠠᠲᠠᠶ ᠨᠠᠢ᠌ᠳᠠᠪᠤᠷᠢᠵᠢᠭᠤᠯᠤᠯᠲᠠ ᠵᠢᠨ ᠲᠥᠰᠦᠯ ᠵᠶ᠋ᠠᠨ ᠲᠣᠭᠲᠠᠭ᠋ᠠᠬᠤ ᠬᠡᠷᠡᠭᠲᠡᠢ᠃
      ᠭᠤᠷᠪᠠ᠎ᠳᠤ ᠵᠥᠪᠯᠡᠯᠴᠡᠭᠡᠷ ᠲᠣᠭᠲᠠᠭ᠋ᠠᠬᠤ ᠵᠢ ᠵᠢᠷᠤᠮᠵᠢᠭᠤᠯᠵᠤ᠂ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢ ᠪᠦᠷᠢᠨᠰᠢᠭᠦᠯᠪᠡ᠃ ᠲᠤᠷᠰᠢᠯᠲᠠ ᠵᠢᠨ ᠬᠣᠰᠢᠭᠤ ᠰᠢᠶᠠᠨ᠎ᠨᠢ ᠳᠠᠨᠭ᠌ᠰᠠ ᠡᠪᠬᠡᠮᠡᠯ᠎ᠤᠨ ᠬᠠᠮᠢᠶᠠᠷᠤᠯᠲᠠ᠎ᠪᠠᠨ ᠪᠦᠷᠢᠨᠰᠢᠭᠦᠯᠵᠦ᠂ 《ᠳᠥᠷᠪᠡᠨ ᠪᠠᠢ᠌ᠬᠤ》 ᠵᠢ ᠪᠡᠶᠡᠯᠡᠭᠦᠯᠪᠡ᠂ ᠲᠤᠬᠠᠶ᠋ᠢᠯᠠᠪᠠᠯ᠄ ᠡᠭᠡᠯᠵᠢᠯᠡᠨ ᠲᠠᠷᠢᠬᠤ ᠭᠠᠵᠠᠷ ᠲᠠᠷᠢᠶ᠎ᠠ ᠵᠢᠨ ᠳᠣᠯᠪᠣᠲᠣ ᠵᠢᠷᠤᠭ ᠬᠠᠳᠠᠭᠰᠠᠨ ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ᠎ᠤᠨ ᠵᠢᠷᠤᠭ ᠪᠠᠢ᠌ᠬᠤ᠂ ᠵᠥᠪᠯᠡᠯᠴᠡᠭᠡᠷ ᠪᠠᠢ᠌ᠬᠤ᠂ ᠠᠵᠢᠯ᠎ᠤᠨ ᠲᠥᠰᠦᠯ ᠪᠠᠢ᠌ᠬᠤ᠂ ᠮᠡᠷᠭᠡᠵᠢᠯ᠎ᠤᠨ ᠲᠥᠰᠦᠯ ᠪᠠᠢ᠌ᠬᠤ ᠵᠢ ᠵᠢᠭ᠋ᠠᠨ᠎ᠠ᠃ ᠵᠥᠪᠯᠡᠯᠴᠡᠭᠡᠷ᠎ᠢ ᠵᠠᠷᠴᠢᠮ ᠳᠡᠭᠡᠷ᠎ᠡ᠎ᠪᠠᠨ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠨᠢ ᠲᠠᠷᠢᠶᠠᠴᠢᠨ ᠡᠷᠦᠬᠡ (ᠰᠢᠨ᠎ᠡ ᠮᠠᠶᠢᠭ᠎ᠤᠨ ᠡᠵᠡᠩᠨᠡᠯᠲᠡ ᠵᠢᠨ ᠭᠣᠣᠯ ᠴᠣᠭᠴᠠ)᠎ᠯᠦᠭᠡ ᠲᠣᠭᠲᠠᠭ᠋ᠠᠵᠤ᠂ ᠭᠤᠷᠪᠠᠨ ᠵᠢᠯ᠎ᠤᠨ ᠡᠭᠡᠯᠵᠢᠯᠡᠨ ᠳᠠᠷᠢᠬᠤ ᠵᠠᠭᠪᠤᠷ᠂ ᠬᠠᠮᠢᠶ᠎ᠠ ᠪᠦᠬᠦᠢ ᠡᠷᠬᠡ᠂ ᠬᠠᠷᠢᠭᠤᠴᠠᠯᠭ᠎ᠠ ᠪᠣᠯᠣᠨ ᠡᠭᠦᠷᠭᠡ ᠵᠢ ᠲᠣᠳᠣᠷᠬᠠᠢ᠌ᠯᠠᠨ᠂ ᠲᠤᠷᠰᠢᠯᠲᠠ ᠵᠢᠨ ᠠᠵᠢᠯ᠎ᠤᠨ ᠬᠠᠤᠯᠢ ᠲᠣᠭᠲᠠᠭ᠋ᠠᠯ ᠶᠣᠰᠣᠭ᠋ᠠᠷ ᠡᠮᠬᠢ ᠵᠢᠷᠤᠮ᠎ᠲᠠᠢ ᠥᠷᠨᠢᠬᠦ ᠵᠢ ᠦᠨᠡᠨᠬᠦ ᠪᠠᠲᠤᠯᠠᠵᠦ᠂ ᠵᠥᠪᠯᠡᠯᠴᠡᠭᠡᠷ᠎ᠢ ᠠᠳᠠᠯᠢᠬᠠᠨ ᠬᠣᠶᠠᠷ ᠬᠤᠪᠢ ᠭᠠᠷᠭ᠋ᠠᠨ᠂ ᠲᠤᠰ ᠲᠤᠰ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠪᠣᠯᠣᠨ ᠲᠠᠷᠢᠶᠠᠴᠢᠨ ᠡᠷᠦᠬᠡ᠎ᠳᠤ ᠬᠠᠳᠠᠭ᠋ᠠᠯᠠᠭᠤᠯᠵᠤ᠂ ᠡᠯ᠎ᠡ ᠭᠠᠵᠠᠷ᠎ᠤᠨ᠎ᠬᠢᠨ ᠴᠦ᠍ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠳᠡᠰ ᠳᠠᠷᠠᠭ᠋ᠠᠯᠠᠯ ᠵᠶ᠋ᠠᠨ ᠨᠠᠷᠢᠯᠢᠭᠵᠢᠭᠤᠯᠵᠤ ᠪᠠᠢ᠌ᠨ᠎ᠠ᠃ ᠭᠠᠴᠠᠭ᠋ᠠᠨ᠎ᠤ ᠱᠠᠲᠤ᠎ᠨᠢ ᠡᠭᠡᠯᠵᠢᠯᠡᠨ ᠲᠠᠷᠢᠬᠤ ᠲᠤᠷᠰᠢᠯᠲᠠ ᠵᠢᠨ ᠲᠠᠷᠢᠶᠠᠴᠢᠨ ᠡᠷᠦᠬᠡ ᠵᠢᠨ ᠡᠭᠡ ᠲᠠᠨᠭ᠌ᠰᠠ ᠵᠢ ᠪᠠᠶ᠋ᠢᠭᠤᠯᠬᠤ ᠵᠢᠨ ᠬᠠᠮᠲᠤ ᠮᠡᠳᠡᠭᠡ ᠵᠠᠩᠭᠢ ᠵᠢ ᠢᠯᠡ ᠨᠡᠢ᠌ᠲᠡᠯᠡᠵᠦ᠂ ᠡᠭᠦᠨ᠎ᠳᠤ ᠲᠠᠷᠢᠶᠠᠴᠢᠨ ᠡᠷᠦᠬᠡ ᠵᠢᠨ ᠨᠡᠷ᠎ᠡ᠂ ᠭᠠᠵᠠᠷ ᠲᠠᠷᠢᠶ᠎ᠠ ᠵᠢᠨ ᠪᠠᠢ᠌ᠷᠢᠰᠢᠯ᠂ ᠳᠡᠯᠡᠪᠡᠢ᠂ ᠳᠥᠷᠪᠡᠨ ᠲᠠᠯ᠎ᠠ ᠵᠢᠨ ᠣᠷᠣᠨ ᠪᠠᠢ᠌ᠷᠢᠰᠢᠯ ᠪᠣᠯᠣᠨ ᠨᠡᠮᠡᠭᠦᠷᠢ ᠣᠯᠭᠣᠬᠣ ᠵᠣᠭᠣᠰ᠎ᠤᠨ ᠲᠣᠭ᠎ᠠ ᠵᠡᠷᠭᠡ ᠠᠭᠤᠯᠭ᠎ᠠ ᠵᠢ ᠪᠠᠭᠲᠠᠭ᠋ᠠᠵᠤ᠂ ᠢᠯᠡ ᠲᠣᠳᠣ ᠪᠠᠢ᠌ᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ᠃
      ᠲᠦᠷᠪᠡ᠎ᠳᠤ ᠮᠡᠷᠭᠡᠵᠢᠯ᠎ᠤᠨ ᠦᠢ᠍ᠯᠡᠴᠢᠯᠡᠭᠡ ᠵᠢ ᠴᠢᠩᠭ᠋ᠠᠷᠠᠭᠤᠯᠵᠤ᠂ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠪᠡ᠃ ᠠᠶ᠋ᠢᠮᠠᠭ ᠬᠤᠳᠠ᠂ ᠬᠣᠰᠢᠭᠤ ᠰᠢᠶᠠᠨ᠎ᠨᠤᠭᠤᠳ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠬᠠᠨᠳᠤᠯᠭ᠋ᠠᠲᠤ ᠴᠢᠨᠠᠷ᠎ᠲᠠᠢ᠎ᠪᠠᠷ ᠦᠷᠨᠢᠭᠦᠯᠵᠦ᠂ ᠪᠣᠳᠠᠲᠤ ᠪᠠᠶ᠋ᠢᠳᠠᠯ᠎ᠳᠤ ᠨᠡᠢ᠌ᠴᠡᠬᠦ ᠳᠡᠯᠭᠡᠷᠡᠭᠦᠯᠵᠦ ᠳᠠᠭᠤᠷᠢᠶᠠᠵᠤ ᠪᠣᠯᠬᠤᠢ᠌ᠴᠠ ᠡᠭᠡᠯᠵᠢᠯᠡᠨ ᠲᠠᠷᠢᠬᠤ ᠮᠡᠷᠭᠡᠵᠢᠯ᠎ᠤᠨ ᠵᠠᠭᠪᠤᠷ᠎ᠢ ᠰᠦᠪᠡᠭᠴᠢᠯᠡᠨ ᠳ᠋ᠦᠩᠨᠡᠬᠦ ᠬᠡᠷᠡᠭᠲᠡᠢ᠃ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠦᠢ᠍ᠯᠡᠴᠢᠯᠡᠭᠡ ᠵᠢ ᠢᠳᠡᠪᠬᠢᠲᠡᠶ᠎ᠪᠠᠷ ᠥᠷᠨᠢᠭᠦᠯᠵᠦ᠂ ᠲᠠᠷᠢᠶᠠᠴᠢᠳ᠎ᠢ ᠵᠢᠯᠣᠭᠣᠳᠤᠨ ᠮᠡᠷᠭᠡᠵᠢᠯ᠎ᠤᠨ ᠠᠷᠭ᠎ᠠ ᠳᠡᠮ᠎ᠢ ᠠᠯᠢ ᠲᠥᠷᠭᠡᠨ ᠵᠶ᠋ᠡᠷ ᠡᠵᠡᠮᠰᠢᠭᠦᠯᠦᠨ᠂ ᠮᠧᠬᠠᠨᠢᠭ ᠪᠠᠭ᠋ᠠᠵᠢ ᠵᠢ ᠥᠭᠡᠷᠡᠴᠢᠯᠡᠨ ᠲᠣᠨᠣᠭᠯᠠᠵᠤ ᠢᠵᠢ ᠪᠦᠷᠢᠳᠦᠭᠦᠯᠬᠦ ᠠᠵᠢᠯ᠎ᠢ ᠰᠠᠶ᠋ᠢᠲᠤᠷ ᠬᠢᠵᠦ᠂ ᠣᠷᠣᠯᠠᠭᠤᠯᠬᠤ ᠲᠠᠷᠢᠮᠠᠯ᠎ᠤᠨ ᠦᠷ᠎ᠡ ᠵᠢ ᠨᠠᠢ᠌ᠳᠠᠪᠤᠷᠢᠵᠢᠭᠤᠯᠤᠨ᠂ ᠡᠭᠡᠯᠵᠢᠯᠡᠨ ᠲᠠᠷᠢᠬᠤ ᠵᠠᠩᠭᠢᠯᠠᠭ᠎ᠠ ᠵᠢᠨ ᠮᠡᠷᠭᠡᠵᠢᠯ᠎ᠢ ᠨᠠᠢ᠌ᠳᠠᠪᠤᠷᠢᠵᠢᠭᠤᠯᠬᠤ ᠬᠡᠷᠡᠭᠲᠡᠢ᠃ ᠵᠠᠭᠤᠴᠢᠯᠠᠭᠤᠷ᠎ᠤᠳ᠎ᠢ ᠭᠦᠢ᠍ᠴᠡᠳ ᠠᠰᠢᠭᠯᠠᠨ᠂ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠥᠷᠭᠡᠨ ᠤᠯᠠᠠ ᠲᠠᠷᠢᠶᠠᠴᠢᠳ᠎ᠲᠤ ᠤᠯᠤᠰ᠎ᠤᠨ ᠬᠠᠮᠢᠶ᠎ᠠ ᠪᠦᠭᠦᠢ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ᠂ ᠵᠥᠪ ᠣᠨᠣᠪᠴᠢᠲᠠᠶ᠎ᠪᠠᠷ ᠣᠢ᠌ᠯᠠᠭ᠋ᠠᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ ᠠᠩᠬᠠᠷᠤᠯ᠎ᠢ ᠲᠠᠲᠠᠬᠤ᠎ᠪᠠᠷ ᠳᠠᠮᠵᠢᠨ ᠲᠤᠷᠰᠢᠯᠲᠠ ᠵᠢᠨ ᠠᠵᠢᠯ᠎ᠳᠤ ᠳᠡᠮᠵᠢᠯᠭᠡ ᠦᠵᠡᠭᠦᠯᠬᠦ ᠬᠡᠷᠡᠭᠲᠡᠢ᠃
      ᠲᠠᠪᠤ᠎ᠳᠤ ᠳᠡᠰ ᠱᠡᠳᠦ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠨᠢ ᠲᠤᠷᠰᠢᠯᠲᠠ ᠵᠢᠨ ᠠᠵᠢᠯ᠎ᠤᠨ ᠥᠷᠨᠢᠭᠦᠯᠵᠦ ᠪᠠᠢ᠌ᠭ᠎ᠠ ᠪᠠᠶ᠋ᠢᠳᠠᠯ᠎ᠳᠤ ᠲᠠᠰᠢᠷᠠᠮ ᠵᠶ᠋ᠠᠷ ᠰᠢᠮᠳᠠᠭᠤᠯᠤᠨ ᠪᠠᠢ᠌ᠴᠠᠭ᠋ᠠᠯᠲᠠ ᠬᠢᠵᠦ᠂ ᠵᠣᠬᠢᠶᠠᠨ ᠪᠠᠢ᠌ᠭᠤᠯᠤᠯᠲᠠ ᠵᠢᠨ ᠠᠵᠢᠯ ᠵᠶ᠋ᠠᠷ ᠬᠦᠴᠦ ᠰᠤᠯᠠᠪᠲᠤᠷ᠂ ᠪᠡᠯᠡ ᠮᠦᠩᠭᠥ ᠬᠡᠷᠡᠭᠯᠡᠬᠦ᠎ᠪᠠᠷ ᠵᠢᠷᠤᠮᠵᠢᠯ ᠦᠭᠡᠢ᠂ ᠬᠠᠮᠢᠶᠠᠷᠤᠯᠲᠠ ᠵᠢᠨ ᠠᠷᠭ᠎ᠠ ᠪᠠᠷᠢᠯ ᠵᠶ᠋ᠠᠷ ᠲᠣᠢ᠌ᠯᠠᠪᠤᠷᠢ ᠦᠭᠡᠢ ᠵᠢ᠎ᠨᠢ ᠲᠤᠷᠰᠢᠬᠤ ᠬᠡᠪᠴᠢᠶᠡᠨ᠎ᠠᠴᠠ ᠪᠤᠴᠠᠭ᠋ᠠᠨ ᠭᠠᠷᠭ᠋ᠠᠨ᠎ᠠ᠃ ᠠᠶ᠋ᠢᠮᠠᠭ ᠬᠤᠳᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠨᠢ ᠲᠤᠷᠰᠢᠯᠲᠠ ᠵᠢᠨ ᠬᠣᠰᠢᠭᠤ ᠰᠢᠶᠠᠨ᠎ᠤ ᠠᠵᠢᠯ᠎ᠤᠨ ᠦᠷᠨᠢᠭᠰᠡᠨ ᠪᠠᠶ᠋ᠢᠳᠠᠯ᠎ᠢ᠎ᠳᠤ ᠲᠤᠬᠠᠢ ᠵᠢᠨ ᠴᠠᠭ᠎ᠲᠤ ᠬᠢᠨᠠᠨ ᠡᠵᠡᠮᠳᠡᠬᠦ ᠵᠢ ᠬᠠᠷᠢᠭᠤᠴᠠᠨ᠂ ᠣᠷᠣᠰᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠲᠤᠷᠰᠢᠯᠲᠠ ᠵᠢᠨ ᠬᠣᠰᠢᠭᠤ ᠰᠢᠶᠠᠨ᠎ᠢ ᠰᠢᠮᠳᠠᠭᠤᠯᠵᠤ ᠪᠠᠢ᠌ᠭ᠋ᠠᠳ ᠡᠯ᠎ᠡ ᠵᠦᠢ᠍ᠯ᠎ᠤᠨ ᠠᠵᠢᠯ᠎ᠤᠨ ᠴᠠᠭ᠎ᠲᠠᠭᠠᠨ ᠶᠠᠪᠤᠭᠳᠠᠬᠤ ᠵᠢ ᠠᠬᠢᠭᠤᠯᠤᠨ᠎ᠠ᠃ ᠬᠣᠰᠢᠭᠤ ᠰᠢᠶᠠᠨ᠎ᠨᠤᠭᠤᠳ᠎ᠨᠢ ᠰᠢᠶᠠᠨ᠎ᠠᠴᠠ ᠨᠢᠭᠡᠳᠦᠯᠲᠡᠶ ᠲᠥᠯᠥᠪᠯᠡᠬᠦ᠂ ᠰᠢᠶᠠᠩ᠎ᠠᠴᠠ ᠬᠢᠨᠠᠨ ᠬᠠᠮᠢᠶᠠᠷᠬᠤ᠂ ᠭᠠᠴᠠᠭ᠎ᠠ᠎ᠠᠴᠠ ᠨᠠᠢ᠌ᠳᠠᠪᠤᠷᠢᠵᠢᠭᠤᠯᠬᠤ ᠮᠠᠶᠢᠭ᠎ᠤᠨ ᠡᠭᠡᠯᠵᠢᠯᠡᠨ ᠲᠠᠷᠢᠬᠤ ᠵᠢᠨ ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠤᠨ᠂ ᠲᠤᠷᠰᠢᠯᠲᠠ ᠵᠢᠨ ᠳᠠᠩᠰᠠ ᠡᠪᠬᠡᠮᠡᠯ᠎ᠢ ᠪᠠᠢ᠌ᠭᠤᠯᠤᠨ ᠲᠡᠭᠦᠯᠳᠡᠷᠵᠢᠭᠦᠯᠵᠦ᠂ ᠲᠤᠷᠰᠢᠯᠲᠠ ᠵᠢᠨ ᠡᠭᠦᠷᠭᠡ ᠵᠢ ᠵᠥᠪ ᠣᠨᠤᠪᠴᠢᠲᠠᠢ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠲᠤᠷᠰᠢᠯᠲᠠ ᠵᠢᠨ ᠰᠢᠶᠠᠩ ᠪᠠᠯᠭ᠋ᠠᠰᠤ ᠪᠤᠶᠤ ᠭᠠᠴᠠᠭ᠎ᠠ᠎ᠨᠢ ᠲᠤᠷᠰᠢᠯᠲᠠ ᠬᠢᠬᠦ ᠲᠠᠷᠢᠶᠠᠴᠢᠨ ᠡᠷᠤᠭᠡ᠂ ᠲᠠᠷᠢᠶᠠᠨ ᠭᠠᠵᠠᠷ᠂ ᠲᠠᠯᠠᠪᠠᠢ ᠪᠣᠯᠤᠨ ᠨᠡᠮᠡᠭᠦᠷᠢ ᠵᠢᠨ ᠵᠣᠭᠣᠰ᠎ᠤᠨ ᠲᠣᠭ᠎ᠠ ᠵᠢ ᠴᠠᠭ ᠲᠤᠬᠠᠶ᠎ᠳᠤᠨᠢ ᠵᠠᠷᠯᠠᠨ ᠨᠡᠢ᠌ᠲᠡᠯᠡᠵᠦ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ᠃       ᠵᠢᠷᠭᠤᠭ᠎ᠠ᠎ᠳᠤ ᠠᠵᠢᠯ᠎ᠤᠨ ᠳ᠋ᠥᠩᠨᠡᠯᠲᠡ᠎ᠪᠠᠨ ᠴᠢᠩᠭ᠋ᠠᠳᠬᠠᠵᠤ᠂ ᠬᠡᠷᠡᠭᠵᠢᠭᠦᠯᠦᠯᠲᠡ ᠵᠢ ᠳᠠᠷᠠᠭ᠋ᠠᠯᠠᠨ ᠠᠬᠢᠭᠤᠯᠪᠠ᠃ ᠠᠶ᠋ᠢᠮᠠᠭ ᠬᠤᠳᠠ᠂ ᠬᠣᠰᠢᠭᠤ ᠰᠢᠶᠠᠨ᠎ᠨᠤᠭᠤᠳ ᠲᠤᠷᠰᠢᠯᠲᠠ ᠵᠢᠨ ᠠᠵᠢᠯ᠎ᠢ ᠨᠠᠷᠢᠨ ᠬᠢᠨᠠᠮᠠᠭ᠋ᠠᠶ ᠳ᠋ᠥᠩᠨᠡᠵᠦ᠂ ᠲᠤᠷᠰᠢᠯᠲᠠ ᠵᠢᠨ ᠲᠤᠷᠰᠢᠯᠭ᠎ᠠ ᠵᠢ ᠵᠠᠳᠠᠯᠤᠨ ᠬᠤᠷᠢᠶᠠᠩᠭᠤᠢ᠌ᠯᠠᠵᠤ᠂ ᠲᠠᠰᠤᠷᠠᠯᠲᠠ ᠦᠭᠡᠢ ᠮᠡᠷᠭᠡᠵᠢᠯ ᠵᠶ᠋ᠠᠨ ᠪᠦᠷᠢᠨᠰᠢᠭᠦᠯᠬᠦ᠂ ᠲᠣᠭᠲᠠᠴᠠ᠎ᠪᠠᠨ ᠰᠠᠢ᠌ᠵᠢᠷᠠᠭᠤᠯᠬᠤ ᠪᠥᠭᠡᠳ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠳᠦᠷᠢᠮ᠎ᠢ ᠪᠠᠶ᠋ᠢᠭᠤᠯᠬᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠴᠤ᠂ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠵᠢᠨ ᠮᠡᠷᠭᠡᠵᠢᠯ᠎ᠤᠨ ᠵᠠᠭᠪᠤᠷ᠂ ᠵᠣᠬᠢᠶᠠᠨ ᠪᠠᠢ᠌ᠭᠤᠯᠤᠯᠲᠠ ᠵᠢᠨ ᠠᠷᠭ᠎ᠠ ᠮᠠᠶᠢᠭ᠂ ᠲᠦᠷᠦ ᠵᠢᠨ ᠪᠤᠳᠤᠯᠭ᠎ᠠ ᠵᠢᠨ ᠰᠢᠰᠲᠸᠮᠵᠢ ᠵᠢ ᠰᠦᠪᠡᠭᠴᠢᠯᠡᠨ ᠪᠦᠷᠢᠯᠳᠦᠭᠦᠯᠵᠦ᠂ ᠭᠤᠷᠪᠠᠨ ᠵᠢᠯ ᠳᠠᠷᠠᠭ᠋ᠠᠯᠠᠨ ᠬᠡᠷᠡᠭᠵᠢᠭᠦᠯᠬᠦ᠎ᠪᠠᠷ ᠳᠠᠮᠵᠢᠨ ᠵᠢᠱ᠌ᠢᠭᠰᠡᠨ ᠦᠷ᠎ᠡ ᠠᠰᠢᠭ᠎ᠲᠠᠭᠠᠨ ᠬᠦᠷᠬᠦ ᠵᠢ ᠪᠠᠲᠤᠯᠬᠠᠤ ᠬᠡᠷᠡᠭᠲᠡᠢ᠃
      ᠬᠦᠲᠦᠯᠦᠭᠴᠢ᠄
      ᠵᠠ ᠰᠠᠢ᠌ᠨ ᠪᠣᠯᠣᠯ᠎ᠠ᠂ ᠵᠢᠶᠠ ᠲᠢᠩᠬᠢᠮ᠎ᠤᠨ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠃ ᠴᠠᠭ᠎ᠤᠨ ᠬᠠᠷᠠᠭ᠋ᠠᠨ᠎ᠠᠴᠠ ᠪᠣᠯᠵᠤ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠥᠨᠳᠦᠷᠯᠡᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠨᠧᠷᠭᠢ ᠵᠢ ᠠᠷᠪᠢᠯᠠᠨ ᠡᠨᠧᠷᠭᠢ ᠵᠢᠨ ᠬᠣᠷᠣᠭᠳᠠᠯ᠎ᠢ ᠪᠠᠭ᠋ᠠᠰᠬᠠᠵᠤ᠂ ᠴᠡᠩᠬᠡᠷ ᠣᠭᠲᠠᠷᠭᠤᠢ ᠵᠢ ᠬᠠᠮᠠᠭ᠋ᠠᠯᠠᠶ᠎ᠠ
ᠬᠠᠤᠯᠢ ᠬᠡᠷᠡᠭᠵᠢᠭᠦᠯᠬᠦ ᠡᠩᠨᠡᠭᠡᠨ᠎ᠤ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠳᠡᠭᠡᠭᠰᠢᠯᠡᠭᠦᠯᠦᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠬᠢᠴᠠ ᠵᠢ ᠲᠦᠷᠭᠡᠨ ᠠᠬᠢᠭᠤᠯᠤᠶ᠎ᠠ
ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠦᠨᠡᠨᠴᠢ ᠢᠲᠡᠭᠡᠮᠵᠢ ᠵᠢᠨ ᠨᠡᠢ᠌ᠭᠡᠮ᠎ᠤᠨ ᠪᠠᠢ᠌ᠭᠤᠯᠤᠯᠲᠠ ᠵᠢ ᠠᠬᠢᠭᠤᠯᠤᠶ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
ᠬᠢᠨᠠᠨ ᠪᠣᠳᠣᠵᠤ ᠬᠢᠨᠠᠯᠲᠠ ᠲᠠᠯᠪᠢᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ ᠬᠦᠨᠳᠦ ᠶᠡᠬᠡ ᠲᠦᠭᠰᠢᠭᠦᠷᠢ ᠵᠢ ᠰᠡᠷᠡᠮᠵᠢᠯᠡᠭᠦᠯᠦᠨ ᠨᠠᠮᠳᠠᠭ᠋ᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠰᠦᠭᠡᠢ
 
            