
ᠰᠤᠷᠪᠤᠯᠵᠢᠯᠠᠭᠰᠠᠨ ᠴᠠᠭ᠄
2017 ᠣᠨ᠎ᠤ1 ᠳ᠋ᠦ᠍ᠭᠡᠷ ᠰᠠᠷ᠎ᠠ ᠵᠢᠨ 24᠎ᠤ ᠦᠳᠡ ᠵᠢᠨ ᠡᠮᠦᠨ᠎ᠡ ᠵᠢᠨ 9 ᠴᠠᠭ᠎ᠲᠤ
ᠰᠤᠷᠪᠤᠯᠵᠢᠯᠠᠭᠰᠠᠨ ᠵᠣᠴᠢᠨ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠲᠠᠨ ᠡᠾᠸᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠣᠶ᠋ᠢᠷ᠎ᠠ ᠵᠢᠨ ᠵᠢᠯ᠎ᠤᠨ ᠲᠤᠷᠰᠢ᠂ ᠠᠵᠤ ᠠᠬᠤᠶ ᠵᠢᠨ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦ᠂ ᠳᠤᠮᠳᠠ ᠳᠡᠭᠡᠳᠦ ᠳᠡᠰ ᠵᠦᠭ ᠳᠠᠪᠰᠢᠬᠤ ᠵᠢ ᠲᠦᠯᠬᠢᠨ ᠠᠬᠢᠭᠤᠯᠬᠤ ᠵᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠴᠢᠬᠤᠯᠠ ᠶᠡᠬᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠪᠡ᠃ ᠡᠭᠦᠨ᠎ᠳᠤ ᠭᠣᠣᠯᠳᠠᠭᠤ᠄ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠂ ᠵᠢᠵᠢᠭ ᠬᠡᠯᠪᠡᠷᠢ ᠵᠢᠨ ᠥᠴᠦᠬᠡᠨ ᠠᠰᠢᠭ᠎ᠲᠤ ᠠᠵᠤ ᠠᠬᠤᠶ᠋ᠢᠯᠠᠯ᠎ᠠᠴᠠ ᠠᠵᠤ ᠠᠬᠤᠢ᠌ᠯᠠᠯ᠎ᠤᠨ ᠣᠯᠵᠠᠪᠤᠷᠢ ᠵᠢᠨ ᠭᠠᠶ᠋ᠢᠯᠢ ᠵᠢ ᠬᠠᠭ᠋ᠠᠰ ᠵᠶ᠋ᠡᠷ ᠬᠠᠰᠤᠵᠤ ᠲᠠᠲᠠᠪᠤᠷᠢᠯᠠᠬᠤ ᠲᠦᠷᠦ ᠵᠢᠨ ᠪᠤᠳᠤᠯᠭ᠎ᠠ ᠵᠢᠨ ᠲᠣᠬᠢᠷᠠᠬᠤ ᠬᠦᠷᠢᠶ᠎ᠡ ᠬᠡᠪᠴᠢᠶ᠎ᠡ ᠵᠢ ᠥᠷᠭᠡᠳᠬᠡᠬᠦ᠂ ᠵᠢᠵᠢᠭ ᠪᠢᠴᠢᠯ ᠠᠵᠤ ᠠᠬᠤᠶ᠋ᠢᠯᠠᠯ᠎ᠢ ᠥᠷᠲᠡᠭ ᠨᠡᠮᠡᠭᠳᠡᠯ᠎ᠤᠨ ᠭᠠᠶ᠋ᠢᠯᠢ᠎ᠠᠴᠠ ᠬᠡᠯᠲᠦᠷᠢᠭᠦᠯᠬᠦ ᠨᠥᠬᠥᠴᠡᠯ᠎ᠢ ᠠᠭᠤᠵᠢᠭᠤ ᠲᠠᠯᠪᠢᠬᠤ᠂ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠠᠪᠬᠤ ᠲᠥᠷᠥ ᠵᠢᠨ ᠪᠤᠳᠤᠯᠭ᠎ᠠ ᠵᠢᠨ ᠬᠡᠪᠴᠢᠶ᠎ᠡ ᠵᠢ ᠥᠷᠭᠡᠳᠬᠡᠬᠦ᠂ ᠭᠣᠣᠯᠳᠠᠯᠭ᠎ᠠ᠎ᠲᠠᠢ ᠳᠡᠮᠵᠢᠵᠦ ᠪᠠᠢ᠌ᠭ᠎ᠠ ᠠᠵᠢᠯ ᠲᠦᠷᠦᠯ᠎ᠳᠤ ᠨᠡᠩ ᠢᠯᠡᠭᠦᠦ ᠬᠠᠷᠠᠭ᠋ᠠᠯᠵᠠᠯ᠎ᠤᠨ ᠲᠣᠭᠲᠠᠮᠠᠯ ᠬᠥᠷᠥᠩᠭᠡ ᠵᠢᠨ ᠡᠯᠡᠭᠳᠡᠯ᠎ᠢ ᠲᠦᠷᠭᠡᠳᠬᠡᠬᠦ ᠲᠥᠷᠥ ᠵᠢᠨ ᠪᠣᠳᠣᠯᠭ᠎ᠠ ᠬᠡᠷᠡᠭᠵᠢᠭᠦᠯᠬᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠦᠨᠡᠮᠰᠢᠨ ᠲᠣᠭᠲᠠᠭ᠋ᠠᠬᠤ ᠬᠦᠷᠢᠶ᠎ᠡ ᠬᠡᠪᠴᠢᠶ᠎ᠡ ᠵᠢ ᠡᠮᠬᠢ ᠵᠢᠷᠤᠮ᠎ᠲᠠᠢ ᠥᠷᠭᠡᠳᠬᠡᠬᠦ᠂ ᠦᠨᠡᠮᠰᠢᠨ ᠲᠣᠭᠲᠠᠭ᠋ᠠᠬᠤ ᠭᠠᠷᠳᠠᠮ᠎ᠢ ᠳᠦᠭᠦᠮᠴᠢᠯᠡᠬᠦ᠂ ᠤᠯᠤᠰ᠎ᠤᠨ ᠭᠠᠶ᠋ᠢᠯᠢ᠂ ᠣᠷᠣᠨ ᠨᠤᠲᠤᠭ᠎ᠤᠨ ᠭᠠᠶ᠋ᠢᠯᠢ ᠵᠢᠨ ᠲᠠᠲᠠᠪᠤᠷᠢᠯᠠᠨ ᠬᠠᠮᠢᠶᠠᠷᠬᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠡᠷᠭᠡ ᠠᠭᠤᠯᠭ᠎ᠠ ᠪᠠᠭᠲᠠᠨ᠎ᠠ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄
ᠥᠷᠭᠡᠨ ᠣᠯᠠᠨ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠤᠤ᠂ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠎ᠳᠤ ᠣᠷᠣᠯᠴᠠᠭᠰᠠᠨ᠎ᠳᠤ ᠪᠠᠶᠠᠷᠯᠠᠨ ᠤᠭᠲᠤᠵᠤ ᠪᠠᠢ᠌ᠨ᠎ᠠ᠃ ᠤᠳᠣᠬᠠᠨ᠎ᠳᠤ᠂ ᠬᠠᠩᠭ᠋ᠠᠯᠭ᠎ᠠ ᠵᠢᠨ ᠲᠠᠯ᠎ᠠ᠎ᠳᠠᠬᠢ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠪᠣᠯᠣᠨ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠬᠤ ᠳᠤᠮᠳᠠ ᠭᠠᠶ᠋ᠢᠯᠢ ᠵᠢᠨ ᠬᠦᠷᠢᠶ᠎ᠡ ᠬᠡᠪᠴᠢᠶᠡᠨ᠎ᠳᠠᠬᠢ ᠥᠭᠡᠷᠡᠴᠢᠯᠡᠯᠲᠡ ᠵᠢᠴᠢ ᠭᠠᠶ᠋ᠢᠯᠢ ᠵᠢ ᠬᠥᠩᠭᠡᠯᠡᠵᠦ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢᠨ ᠦᠵᠡᠭᠦᠯᠬᠦ ᠦᠢ᠍ᠯᠡᠳᠦᠯ ᠤᠯᠠᠮ᠎ᠠᠴᠠ ᠤᠯᠠᠮ ᠢᠯᠡᠷᠬᠡᠶ ᠪᠣᠯᠵᠤ᠂ ᠤᠯᠠᠨ᠎ᠤ ᠡᠭᠦᠨ᠎ᠤ ᠲᠤᠬᠠᠶ ᠠᠩᠬᠠᠷᠤᠯ᠎ᠤᠨ ᠬᠡᠮᠵᠢᠶ᠎ᠡ ᠴᠦ᠍ ᠤᠯᠠᠮ᠎ᠠᠴᠠ ᠤᠯᠠᠮ ᠥᠨᠳᠥᠷ ᠪᠤᠯᠵᠤ ᠪᠠᠶ᠋ᠢᠨ᠎ᠠ᠃ ᠥᠨᠥᠳᠦᠷ᠂ ᠪᠢᠳᠡ ᠮᠠᠰᠢ ᠪᠠᠶᠠᠷᠲᠠᠶ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠲᠠᠨ ᠡᠾᠸᠩᠢ ᠤᠷᠢᠵᠤ᠂ ᠤᠯᠠᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠰᠡᠳᠦᠪ᠎ᠤᠨ ᠲᠠᠯ᠎ᠠ᠎ᠪᠠᠷ ᠲᠠ ᠪᠦᠬᠦᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠨ᠂ ᠲᠡᠭᠦᠨ ᠵᠶ᠋ᠡᠷ ᠬᠣᠯᠪᠣᠭᠳᠠᠯ ᠪᠦᠬᠦᠢ ᠪᠠᠶ᠋ᠢᠳᠠᠯ᠎ᠢ ᠤᠯᠠᠨ᠎ᠳᠤ ᠲᠠᠨᠢᠯᠴᠠᠭᠤᠯᠬᠤ ᠵᠢᠨ ᠬᠠᠮᠲᠤ ᠤᠯᠠᠨ᠎ᠤ ᠠᠰᠠᠭᠤᠯᠲᠠ ᠵᠢ ᠬᠠᠷᠠᠭᠤᠯᠬᠤ᠎ᠪᠠᠷ ᠪᠣᠯᠪᠠ᠃
ᠲᠠᠨ ᠡᠾᠸᠩ᠄
ᠬᠥᠲᠥᠯᠥᠭᠴᠢ᠂ ᠰᠦᠯᠵᠢᠶᠡᠨ ᠠᠨᠳᠠ ᠨᠠᠷ ᠡ᠂ ᠲᠠ ᠪᠦᠬᠦᠨ ᠰᠠᠢ᠌ᠨ ᠪᠠᠶ᠋ᠢᠵᠠᠭ᠋ᠠᠨ᠎ᠠ ᠤᠤ! 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷ᠎ᠡ ᠣᠯᠠᠨ᠎ᠲᠠᠢ ᠰᠠᠨᠠᠯ ᠵᠶ᠋ᠡᠨ ᠰᠣᠯᠢᠯᠴᠠᠬᠤ ᠪᠣᠯᠣᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ᠃ ᠡᠨᠡ ᠲᠠᠰᠢᠷᠠᠮ᠎ᠳᠤ᠂ ᠪᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠡᠮᠦᠨ᠎ᠡ᠎ᠠᠴᠠ ᠭᠠᠢ᠌ᠯᠢ ᠲᠠᠲᠠᠪᠤᠷᠢ ᠵᠢᠨ ᠠᠵᠢᠯ᠎ᠳᠤ ᠢᠮᠠᠭᠲᠠ ᠰᠡᠳᠬᠢᠯ ᠲᠠᠯᠪᠢᠵᠤ᠂ ᠳᠡᠮᠵᠢᠵᠦ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ᠎ᠲᠠᠭᠠᠨ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ᠃
ᠬᠥᠲᠥᠯᠥᠭᠴᠢ᠄
ᠶᠠᠭᠤᠨ᠎ᠤ ᠤᠷᠢᠳ ᠲᠠ ᠣᠢ᠌ᠷ᠎ᠠ ᠵᠢᠨ ᠵᠢᠯ᠎ᠤᠳ᠎ᠲᠤ ᠪᠢᠳᠠ ᠶᠠᠮᠠᠷ ᠶᠠᠮᠠᠷ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ᠎ᠢ ᠲᠠᠨᠢᠯᠴᠠᠭᠤᠯᠤᠭ᠋ᠠᠳ ᠥᠭᠭᠥᠨ᠎ᠡ ᠤᠤ?
ᠲᠠᠨ ᠡᠾᠸᠩ᠄
ᠣᠶ᠋ᠢᠷ᠎ᠠ ᠵᠢᠨ ᠵᠢᠯ᠎ᠳᠤ᠂ ᠠᠵᠤ ᠠᠬᠤᠶ ᠵᠢᠨ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦ ᠵᠢ ᠠᠬᠢᠭᠤᠯᠵᠤ᠂ ᠳᠤᠮᠳᠠ ᠳᠡᠭᠡᠳᠦ ᠳᠡᠰ ᠵᠦᠭ ᠳᠠᠪᠰᠢᠭᠤᠯᠬᠤ ᠵᠢ ᠠᠬᠢᠭᠤᠯᠬᠤ ᠵᠢᠨ ᠲᠤᠯᠠᠳᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠴᠢᠬᠤᠯᠠ ᠶᠡᠬᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠬᠡᠷᠡᠭᠵᠢᠭᠦᠯᠪᠡ᠂ ᠭᠠᠶ᠋ᠢᠯᠢ ᠵᠢᠨ ᠲᠦᠷᠢᠮ᠎ᠤᠨ ᠥᠭᠡᠷᠡᠴᠢᠯᠡᠯᠲᠡ ᠪᠣᠯᠣᠨ ᠭᠠᠶ᠋ᠢᠯᠢ ᠬᠠᠰᠤᠵᠤ ᠬᠡᠯᠲᠦᠷᠢᠭᠦᠯᠬᠦ ᠲᠦᠷᠦ ᠵᠢᠨ ᠪᠤᠳᠤᠯᠭ᠎ᠠ ᠪᠣᠯ ᠡᠭᠦᠨ᠎ᠤ ᠳᠣᠲᠣᠷᠠᠬᠢ ᠴᠢᠬᠤᠯᠠ ᠨᠢᠭᠡ ᠲᠠᠯ᠎ᠠ ᠪᠣᠯᠤᠨ᠎ᠠ᠃ ᠡᠭᠦᠨ᠎ᠳᠤ ᠭᠣᠣᠯᠳᠠᠭᠤ ᠳᠣᠣᠷᠠᠬᠢ ᠠᠭᠤᠯᠭ᠎ᠠ᠎ᠤᠳ ᠪᠠᠭᠲᠠᠨ᠎ᠠ᠄ ᠨᠢᠭᠡ᠎ᠳᠤ 2013 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠪᠥᠬᠥ ᠣᠷᠣᠨ᠎ᠤ ᠵᠠᠮ ᠲᠡᠭᠡᠭᠡᠪᠦᠷᠢ ᠵᠢᠨ ᠦᠢ᠍ᠯᠡᠰ ᠪᠣᠯᠣᠨ ᠬᠡᠰᠡᠭ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠲᠤ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠬᠢᠵᠦ᠂ 2016 ᠣᠨ᠎ᠤ 5 ᠳ᠋ᠤᠭ᠋ᠠᠷ ᠰᠠᠷ᠎ᠠ ᠵᠢᠨ1᠎ᠤ ᠡᠳᠦᠷ ᠪᠣᠯᠬᠤ᠎ᠳᠤ ᠮᠥᠩᠭᠥᠨ ᠭᠦᠢ᠍ᠯᠭᠡᠭᠡᠨ᠎ᠤ ᠦᠢ᠍ᠯᠡᠰ ᠵᠡᠷᠭᠡ ᠳᠥᠷᠪᠡᠨ ᠲᠣᠮᠣ ᠠᠵᠢᠯ ᠲᠥᠷᠥᠯ᠎ᠳᠤ ᠪᠦᠬᠦ ᠲᠠᠯ᠎ᠠ᠎ᠪᠠᠷ ᠳᠡᠯᠭᠡᠷᠡᠭᠦᠯᠦᠨ᠂ ᠪᠤᠢ ᠪᠦᠬᠦᠢ ᠡᠳ᠋ ᠪᠠᠷᠠᠭ᠎ᠠ᠂ ᠦᠢ᠍ᠯᠡᠴᠢᠯᠡᠭᠡᠨ᠎ᠤ ᠪᠤᠢ ᠪᠦᠭᠦᠢ ᠵᠠᠩᠭᠢᠯᠠᠭᠠᠨᠤᠭᠤᠳᠲᠤ 《ᠪᠦᠷᠢᠨ ᠪᠥᠷᠬᠥᠭᠦᠯᠬᠦ》 ᠵᠢ ᠠᠯᠬᠤᠮ ᠠᠯᠬᠤᠮ ᠵᠶ᠋ᠠᠷ ᠪᠡᠶᠡᠯᠡᠭᠦᠯᠪᠡ᠃ 2016 ᠣᠨ᠎ᠤ ᠵᠢᠯ᠎ᠤᠨ ᠡᠴᠦᠰ ᠪᠣᠯᠬᠤ᠎ᠳᠤ᠂ ᠪᠥᠬᠥ ᠣᠷᠣᠨ᠎ᠳᠤ 《ᠪᠣᠶ ᠪᠥᠬᠥᠶ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠬᠠᠰᠤᠭᠳᠠᠭᠤᠯᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ》 ᠥᠭᠡᠷᠡᠴᠢᠯᠡᠯᠲᠡ ᠵᠢᠨ ᠬᠠᠷᠠᠯᠲᠠ ᠵᠢ ᠪᠦᠬᠦ ᠲᠠᠯ᠎ᠠ᠎ᠪᠠᠷ ᠪᠡᠶᠡᠯᠡᠭᠦᠯᠦᠨ᠂ ᠳᠥᠷᠪᠡᠨ ᠲᠣᠮᠣ ᠠᠵᠢᠯ ᠲᠥᠷᠥᠯ᠎ᠤᠨ ᠭᠠᠶ᠋ᠢᠯᠢ ᠲᠤᠰᠢᠶᠠᠭᠴᠢ ᠵᠢᠨ ᠭᠠᠶ᠋ᠢᠯᠢ ᠵᠢ 18.53 ᠳ᠋ᠦᠩᠰᠢᠭᠤᠷ ᠲᠦᠬᠦᠷᠢᠭ ᠬᠠᠰᠤᠵᠤ᠂ ᠭᠠᠢ᠌ᠯᠢ ᠬᠠᠰᠤᠭᠰᠠᠨ ᠭᠠᠶ᠋ᠢᠯᠢ ᠲᠤᠰᠢᠶᠠᠭᠴᠢ ᠵᠢᠨ ᠡᠷᠦᠬᠡ ᠵᠢᠨ ᠲᠣᠭ᠋ᠠᠨ᠎ᠤ ᠬᠠᠷᠢᠴᠠᠯ ᠨᠢ 99.22%᠎ᠲᠤ ᠬᠦᠷᠴᠦ᠂ 《3 + 7》 ᠠᠵᠢᠯ ᠲᠥᠷᠥᠯ᠎ᠤᠨ 21.41 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠬᠠᠰᠤᠵᠤ᠂ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠲᠤᠰᠢᠶᠠᠭᠴᠢ ᠵᠢᠨ 35.76 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠬᠠᠰᠤᠵᠤ᠂ ᠡᠵᠡᠩᠨᠡᠯᠲᠡ ᠵᠢᠨ ᠭᠠᠶ᠋ᠢᠯᠢ ᠵᠢ ᠥᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠡᠳ ᠨᠡᠶ᠋ᠢᠲᠡ 75.7 ᠳ᠋ᠦᠩᠰᠢᠭᠤᠷ ᠲᠥᠭᠥᠷᠢᠭ᠎ᠤᠨ ᠭᠠᠢ᠌ᠯᠢ ᠬᠠᠰᠤᠪᠠ; ᠬᠣᠶᠠᠷ᠎ᠲᠤ ᠵᠢᠵᠢᠭ ᠬᠡᠯᠪᠡᠷᠢ ᠵᠢᠨ ᠥᠴᠦᠬᠡᠨ ᠠᠰᠢᠭ᠎ᠲᠤ ᠠᠵᠤ ᠠᠬᠤᠶ᠋ᠢᠯᠠᠯ᠎ᠠᠴᠠ ᠣᠯᠵᠠᠪᠤᠷᠢ ᠵᠢᠨ ᠭᠠᠶ᠋ᠢᠯᠢ ᠵᠢ ᠬᠠᠭ᠋ᠠᠰ ᠵᠶ᠋ᠡᠷ ᠬᠠᠰᠤᠵᠤ ᠲᠠᠲᠠᠪᠤᠷᠢᠯᠠᠬᠤ ᠲᠦᠷᠦ ᠵᠢᠨ ᠪᠤᠳᠤᠯᠭ᠎ᠠ ᠵᠢᠨ ᠲᠣᠬᠢᠷᠠᠬᠤ ᠬᠦᠷᠢᠶ᠎ᠡ ᠬᠡᠪᠴᠢᠶ᠎ᠡ ᠵᠢ ᠤᠷᠢᠳ ᠬᠣᠵᠢᠳ 4 ᠤᠳᠠᠭ᠎ᠠ ᠥᠷᠭᠡᠳᠬᠡᠨ᠂ ᠵᠢᠯ᠎ᠤᠨ ᠭᠠᠶ᠋ᠢᠯᠢ ᠲᠤᠰᠢᠶᠠᠬᠤ ᠶᠣᠰᠣᠲᠠᠶ ᠣᠯᠵᠠᠪᠤᠷᠢ ᠵᠢᠨ ᠲᠣᠭ᠎ᠠ᠎ᠨᠢ ᠤᠤᠯ᠎ᠳᠠᠭᠠᠨ 3 ᠲᠦᠮᠡᠨ ᠲᠥᠭᠥᠷᠢᠭ ᠪᠠᠢ᠌ᠭᠰᠠᠨ᠎ᠠᠴᠠ᠎ᠨᠢ ᠠᠯᠬᠤᠮ ᠠᠯᠬᠤᠮ᠎ᠪᠠᠷ 30 ᠲᠦᠮᠡᠨ ᠲᠥᠭᠥᠷᠢᠭ ᠪᠣᠯᠭ᠋ᠠᠨ ᠳᠡᠭᠡᠭᠰᠢᠯᠡᠭᠦᠯᠪᠡ; ᠭᠤᠷᠪᠠ᠎ᠳᠤ᠂ ᠵᠢᠵᠢᠭ ᠪᠢᠴᠢᠯ ᠠᠵᠤ ᠠᠬᠤᠶ᠋ᠢᠯᠠᠯ᠎ᠢ ᠦᠷᠳᠡᠭ ᠨᠡᠮᠡᠭᠳᠡᠯ᠎ᠤᠨ ᠭᠠᠶ᠋ᠢᠯᠢ ᠵᠢ ᠬᠡᠯᠲᠦᠷᠢᠭᠦᠯᠬᠦ ᠨᠥᠬᠥᠴᠡᠯ᠎ᠢ ᠬᠣᠶᠠᠷ ᠣᠳᠠᠭ᠎ᠠ ᠠᠭᠤᠵᠢᠭᠤ ᠲᠠᠯᠪᠢᠵᠤ᠂ ᠰᠠᠷ᠎ᠠ ᠵᠢᠨ ᠪᠣᠷᠣᠯᠠᠭᠤᠯᠤᠯᠲᠠ ᠵᠢᠨ ᠲᠣᠭ᠎ᠠ᠎ᠨᠢ 5000 ᠲᠥᠭᠥᠷᠢᠭ᠎ᠠᠴᠠ ᠪᠠᠢ᠌ᠭᠰᠠᠨ᠎ᠠᠴᠠ᠎ᠨᠢ 3 ᠲᠦᠮᠡᠨ ᠲᠥᠭᠥᠷᠢᠭ ᠪᠣᠯᠭ᠋ᠠᠨ ᠳᠡᠭᠡᠭᠰᠢᠯᠡᠭᠦᠯᠪᠡ; ᠲᠦᠷᠪᠡ᠎ᠳᠤ᠂ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠠᠪᠬᠤ ᠳᠦᠷᠦ ᠵᠢᠨ ᠪᠤᠲᠤᠯᠭ᠎ᠠ ᠵᠢᠨ ᠬᠡᠷᠡᠭᠵᠢᠭᠦᠯᠬᠦ ᠬᠡᠪᠴᠢᠶ᠎ᠡ ᠵᠢ 2 ᠤᠳᠠᠭ᠎ᠠ ᠥᠷᠭᠡᠳᠬᠡᠨ᠂ ᠵᠦᠩ ᠭᠤᠸᠠᠨ ᠴᠦᠨ᠎ᠤ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢ ᠪᠦᠬᠦ ᠤᠯᠤᠰ ᠳᠠᠶᠠᠭ᠋ᠠᠷ᠎ᠲᠤ ᠳᠡᠯᠭᠡᠷᠡᠭᠦᠯᠪᠡ; ᠲᠠᠪᠤ᠎ᠳᠤ ᠭᠣᠣᠯᠳᠠᠯᠭ᠎ᠠ᠎ᠲᠠᠢ ᠳᠡᠮᠵᠢᠬᠦ 6 ᠠᠵᠢᠯ ᠲᠦᠷᠦᠯ᠎ᠳᠤ ᠲᠣᠭᠲᠠᠮᠠᠯ ᠬᠥᠷᠥᠩᠭᠡ ᠵᠢᠨ ᠡᠯᠡᠭᠳᠡᠯ᠎ᠢ ᠲᠦᠷᠭᠡᠳᠬᠡᠬᠦ ᠨᠡᠩ ᠢᠯᠡᠭᠦᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠠᠷᠠᠭ᠎ᠠ᠎ᠪᠠᠷ᠎ᠨᠢ 10 ᠠᠵᠢᠯ ᠲᠥᠷᠥᠯ ᠪᠣᠯᠭ᠋ᠠᠨ ᠥᠷᠭᠡᠳᠬᠡᠪᠡ᠃ ᠵᠢᠷᠭᠤᠭ᠎ᠠ᠎ᠳᠤ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠦᠨᠡᠮᠰᠢᠨ ᠲᠣᠭᠲᠠᠭ᠋ᠠᠬᠤ ᠬᠦᠷᠢᠶ᠎ᠡ ᠬᠡᠪᠴᠢᠶ᠎ᠡ ᠵᠢ ᠡᠮᠬᠢ ᠵᠢᠷᠤᠮ᠎ᠲᠠᠢ᠎ᠪᠠᠷ ᠥᠷᠭᠡᠳᠭᠡᠵᠦ᠂ ᠦᠨᠡᠮᠰᠢᠨ ᠲᠣᠭᠲᠠᠭ᠋ᠠᠬᠤ ᠭᠠᠷᠳᠠᠮ᠎ᠢ ᠳᠦᠭᠦᠮᠴᠢᠯᠡᠪᠡ᠃
ᠬᠥᠲᠥᠯᠥᠭᠴᠢ᠄
ᠭᠠᠶ᠋ᠢᠯᠢ ᠲᠠᠲᠠᠪᠤᠷᠢ ᠵᠢᠨ ᠲᠦᠷᠢᠮ᠎ᠤᠨ ᠥᠭᠡᠷᠡᠴᠢᠯᠡᠯᠲᠡ ᠪᠣᠯᠣᠨ ᠭᠠᠶ᠋ᠢᠯᠢ ᠬᠠᠰᠤᠵᠤ ᠬᠡᠯᠲᠦᠷᠢᠭᠦᠯᠬᠦ ᠲᠦᠷᠦ ᠵᠢᠨ ᠪᠤᠳᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠠᠬᠢᠭᠤᠯᠬᠤ ᠪᠠ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ᠎ᠳᠤ ᠶᠠᠮᠠᠷ ᠦᠢ᠍ᠯᠡᠳᠦᠯ ᠦᠵᠡᠭᠦᠯᠦᠭᠰᠡᠨ ᠪᠤᠢ?
ᠲᠠᠨ ᠾᠸᠩ᠄
ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠰᠢᠨ᠎ᠡ ᠬᠡᠪ ᠪᠠᠶ᠋ᠢᠳᠠᠯ᠎ᠳᠤ ᠣᠷᠣᠬᠤ ᠵᠢ ᠳᠠᠭ᠋ᠠᠯᠳᠤᠨ᠂ 2012 ᠣᠨ᠎ᠠᠴᠠ 2016 ᠣᠨ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ GDP ᠵᠢᠨ ᠨᠡᠮᠡᠭᠳᠡᠯ᠎ᠨᠢ 10.59% ᠪᠠᠢ᠌ᠭᠰᠠᠨ᠎ᠠᠴᠠ᠎ᠪᠠᠨ ᠢᠳᠡᠭ ᠢᠳᠡᠭ ᠵᠶ᠋ᠠᠷ 7.3% ᠣᠷᠴᠢᠮ ᠪᠣᠯᠣᠨ ᠪᠠᠭᠤᠷᠠᠵᠤ᠂ ᠨᠡᠮᠡᠭᠳᠡᠯ᠎ᠨᠢ 3.29 ᠵᠠᠭᠤᠨ᠎ᠤ ᠴᠡᠭ ᠪᠠᠭᠤᠷᠠᠪᠠ᠃ ᠡᠨᠡ ᠬᠦ᠌ 7.3% ᠣᠷᠴᠢᠮ᠎ᠤᠨ ᠨᠡᠮᠡᠭᠳᠡᠯ᠎ᠤᠨ ᠬᠡᠮᠵᠢᠶ᠎ᠡ᠎ᠨᠢ ᠶᠠᠰᠤ ᠴᠢᠨᠠᠷ᠎ᠢ ᠳᠡᠭᠡᠭᠰᠢᠯᠡᠭᠦᠯᠬᠦ᠂ ᠪᠦᠲᠦᠴᠡ ᠵᠢ ᠰᠢᠯᠢᠳᠡᠭᠵᠢᠭᠦᠯᠬᠦ᠂ ᠠᠵᠤ ᠦᠢ᠍ᠯᠡᠰ ᠳᠡᠰ᠎ᠢ ᠳᠡᠪᠰᠢᠭᠦᠯᠬᠦ᠂ ᠬᠥᠳᠡᠯᠭᠡᠭᠴᠢ ᠡᠨᠧᠷᠭᠢ ᠵᠢᠨ ᠰᠣᠯᠢᠯᠲᠠ ᠳᠤᠮᠳᠠ ᠪᠡᠶᠡᠯᠡᠭᠦᠯᠦᠭᠰᠡᠨ ᠪᠣᠯᠬᠣᠷ ᠨᠡᠩ ᠡᠷᠬᠢᠮ ᠨᠠᠨᠳᠢᠨ ᠪᠣᠯᠬᠤ ᠶᠤᠮ᠃ ᠭᠠᠢ᠌ᠯᠢ ᠬᠠᠰᠤᠵᠤ ᠬᠡᠯᠲᠦᠷᠢᠭᠦᠯᠬᠦ᠎ᠪᠠᠷ ᠭᠣᠣᠯ ᠠᠭᠤᠯᠭ᠎ᠠ ᠪᠣᠯᠭ᠋ᠠᠭᠰᠠᠨ ᠠᠯᠢ ᠤᠯᠠᠨ ᠭᠠᠶ᠋ᠢᠯᠢ ᠵᠢᠨ ᠲᠦᠷᠢᠮ᠎ᠤᠨ ᠥᠭᠡᠷᠡᠴᠢᠯᠡᠯᠲᠡ ᠪᠠ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠦᠴᠦᠯᠡᠬᠦ ᠵᠢ ᠳᠠᠭ᠋ᠠᠯᠳᠤᠨ᠂ ᠮᠠᠨ᠎ᠤ ᠣᠷᠣᠨ᠎ᠤ ᠤᠯᠤᠰ᠎ᠤᠨ ᠭᠠᠶ᠋ᠢᠯᠢ ᠵᠢᠨ ᠰᠠᠯᠠᠭ᠎ᠠ ᠮᠥᠴᠢᠷ᠎ᠤᠨ ᠵᠣᠬᠢᠶᠠᠨ ᠪᠠᠢ᠌ᠭᠤᠯᠤᠭᠰᠠᠨ ᠭᠠᠶ᠋ᠢᠯᠢ ᠲᠠᠲᠠᠪᠤᠷᠢ ᠵᠢᠨ ᠣᠷᠣᠯᠭ᠎ᠠ ᠵᠢᠨ ᠨᠡᠮᠡᠭᠳᠡᠯ᠎ᠨᠢ 2012 ᠣᠨ᠎ᠳᠤ 4.1% ᠪᠠᠢ᠌ᠭᠰᠠᠨ᠎ᠠᠴᠠ᠎ᠪᠠᠨ ᠪᠠᠭᠤᠷᠠᠭ᠋ᠠᠳ 2016 ᠣᠨ᠎ᠳᠤ 0.7% ᠪᠣᠯᠵᠤ (ᠰᠢᠨ᠎ᠡ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠳᠥᠷᠪᠡᠨ ᠶᠡᠬᠡ ᠠᠵᠢᠯ ᠲᠥᠷᠥᠯ᠎ᠤᠨ ᠬᠠᠷᠢᠴᠠᠭᠤᠯᠵᠤ ᠪᠣᠯᠤᠰᠢ ᠦᠬᠡᠢ ᠡᠯᠧᠮᠧᠨ᠋ᠲ᠎ᠢ ᠬᠠᠰᠤᠪᠠ)᠂ 3.4 ᠵᠠᠭᠤᠨ᠎ᠤ ᠴᠡᠭ ᠪᠠᠭᠤᠷᠠᠵᠤ᠂ ᠠᠳᠠᠯᠢ ᠬᠤᠭᠤᠴᠠᠭ᠋ᠠᠨ᠎ᠤ GDP ᠵᠢᠨ ᠨᠡᠮᠡᠭᠳᠡᠯ᠎ᠤᠨ ᠪᠠᠭᠤᠷᠠᠯᠲᠠ᠎ᠠᠴᠠ ᠪᠠᠰᠠ ᠢᠯᠡᠭᠦᠦ ᠰᠢᠭ ᠪᠣᠯᠪᠠ᠃ ᠡᠭᠦᠨ᠎ᠳᠤ ᠬᠡᠳᠦᠶ᠋ᠢᠪᠡᠷ ᠣᠯᠠᠨ ᠵᠦᠢ᠍ᠯ᠎ᠤᠨ ᠰᠢᠯᠲᠠᠭ᠋ᠠᠨ ᠪᠠᠢ᠌ᠬᠤ ᠪᠣᠯᠪᠠᠴᠤ ᠭᠠᠢ᠌ᠯᠢ ᠬᠠᠰᠤᠵᠤ ᠬᠡᠯᠲᠦᠷᠢᠭᠦᠯᠦᠭᠰᠡᠨ᠎ᠨᠢ ᠴᠢᠬᠤᠯᠠ ᠰᠢᠯᠲᠠᠭ᠋ᠠᠨ᠎ᠤ ᠨᠢᠭᠡ᠎ᠨᠢ ᠪᠣᠯᠬᠤ᠎ᠨᠢ ᠳᠠᠮᠵᠢᠭ ᠦᠭᠡᠢ᠃ 2012 ᠣᠨ᠎ᠠᠴᠠ 2016 ᠪᠣᠯᠲᠠᠯ᠎ᠠ᠂ ᠪᠦᠬᠦ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠰᠢᠰᠲ᠋ᠧᠮ 100.4 ᠳ᠋ᠦᠩᠰᠢᠭᠤᠷ ᠲᠥᠭᠥᠷᠢᠭ᠎ᠤᠨ ᠭᠠᠢ᠌ᠯᠢ ᠬᠠᠰᠤᠵᠤ ᠬᠡᠯᠲᠦᠷᠢᠭᠦᠯᠵᠦ ᠪᠠᠢ᠌ᠭᠰᠠᠨ᠎ᠠᠴᠠ᠎ᠪᠠᠨ 199.5 ᠳ᠋ᠦᠩᠰᠢᠭᠤᠷ ᠲᠥᠭᠥᠷᠢᠭ ᠪᠣᠯᠭ᠋ᠠᠨ ᠨᠡᠮᠡᠭᠳᠡᠭᠦᠯᠵᠦ᠂ ᠲᠤᠰ ᠵᠢᠯ᠎ᠤᠨ ᠭᠠᠶ᠋ᠢᠯᠢ ᠵᠢᠨ ᠣᠷᠣᠯᠭ᠎ᠠ ᠵᠢᠨ ᠬᠠᠷᠢᠴᠠᠯ᠎ᠤᠨ 9% ᠵᠢ ᠡᠵᠡᠯᠡᠵᠦ ᠪᠠᠢ᠌ᠭᠰᠠᠨ᠎ᠠᠴᠠ᠎ᠪᠠᠨ 20.3% ᠪᠣᠯᠣᠨ ᠳᠡᠭᠡᠭᠰᠢᠯᠡᠪᠡ᠃ ᠭᠠᠶ᠋ᠢᠯᠢ ᠲᠠᠲᠠᠪᠤᠷᠢ ᠵᠢᠨ ᠣᠷᠣᠯᠭ᠎ᠠ ᠵᠢᠨ ᠨᠡᠮᠡᠭᠳᠡᠯ ᠦᠷᠭᠦᠯᠵᠢᠯᠡᠨ ᠪᠠᠭᠤᠷᠠᠭᠰᠠᠨ ᠪᠠ ᠬᠠᠰᠤᠵᠤ ᠬᠡᠯᠲᠦᠷᠢᠭᠦᠯᠬᠦ ᠶᠠᠪᠤᠳᠠᠯ ᠲᠠᠰᠤᠷᠠᠯᠳᠠ ᠦᠭᠡᠢ ᠳᠡᠭᠡᠭᠰᠢᠯᠡᠭᠰᠡᠨ᠎ᠨᠢ ᠭᠠᠢ᠌ᠯᠢ ᠬᠠᠰᠤᠵᠤ ᠬᠡᠯᠲᠦᠷᠢᠭᠦᠯᠬᠦ ᠠᠯᠢ ᠣᠯᠠᠨ ᠲᠦᠷᠦ ᠵᠢᠨ ᠪᠤᠳᠤᠯᠭ᠎ᠠ᠎ᠨᠢ ᠭᠠᠶ᠋ᠢᠯᠢ ᠲᠤᠰᠢᠶᠠᠭᠴᠢᠳ᠎ᠲᠤ ᠲᠥᠷᠥ ᠵᠢᠨ ᠪᠣᠳᠣᠯᠭ᠎ᠠ ᠵᠢᠨ ᠠᠰᠢᠭ ᠬᠦᠷᠲᠡᠭᠡᠭᠰᠡᠨᠢ ᠲᠣᠳᠣᠷᠬᠠᠢ᠌ᠯᠠᠪᠠ᠃ ᠭᠠᠶ᠋ᠢᠯᠢ ᠵᠢᠨ ᠲᠦᠷᠢᠮ᠎ᠤᠨ ᠥᠭᠡᠷᠡᠴᠢᠯᠡᠯᠲᠡ ᠪᠠ ᠭᠠᠢ᠌ᠯᠢ ᠬᠠᠰᠤᠵᠤ ᠬᠡᠯᠲᠦᠷᠢᠭᠦᠯᠬᠦ ᠲᠦᠷᠦ ᠵᠢᠨ ᠪᠤᠳᠤᠯᠭ᠎ᠠ᠎ᠨᠢ ᠭᠠᠶ᠋ᠢᠯᠢ ᠲᠤᠰᠢᠶᠠᠭᠴᠢ ᠵᠢᠨ ᠭᠠᠶ᠋ᠢᠯᠢ ᠲᠠᠲᠠᠪᠤᠷᠢ ᠵᠢᠨ ᠡᠭᠦᠷᠭᠡᠯᠡᠯ᠎ᠢ ᠰᠢᠭᠤᠳ ᠬᠥᠩᠭᠡᠯᠡᠭᠰᠡᠨ ᠵᠶ᠋ᠡᠷ ᠪᠠᠷᠠᠬᠤ ᠦᠭᠡᠢ ᠪᠠᠰᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠪᠣᠯᠣᠨ ᠭᠠᠶ᠋ᠢᠯᠢ ᠲᠤᠰᠢᠶᠠᠭᠴᠢ ᠵᠢᠨ ᠬᠡᠯᠪᠡᠷᠢ᠎ᠪᠠᠨ ᠬᠤᠪᠢᠷᠠᠭᠤᠯᠵᠤ ᠲᠡᠰ ᠳᠡᠪᠰᠢᠭᠦᠯᠬᠦ ᠵᠢ ᠠᠬᠢᠭᠤᠯᠵᠤ᠂ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠭ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠠᠵᠤ ᠠᠬᠤᠶ ᠵᠢᠨ ᠨᠡᠮᠡᠭᠳᠡᠯ᠎ᠢ ᠲᠣᠭᠲᠠᠪᠤᠷᠢᠵᠢᠭᠤᠯᠬᠤ ᠪᠠ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠎ᠳᠤ ᠠᠬᠢᠭᠤᠯᠬᠤ ᠦᠢ᠍ᠯᠡᠳᠦᠯ ᠦᠵᠡᠭᠦᠯᠵᠡᠢ᠃
ᠬᠥᠲᠥᠯᠥᠭᠴᠢ᠄
ᠲᠠ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠨᠢ ᠪᠣᠳᠠᠲᠤ ᠴᠣᠭᠴᠠ ᠵᠢᠨ ᠠᠵᠤ ᠠᠬᠤᠶ᠎ᠳᠤ ᠶᠠᠮᠠᠷ ᠨᠥᠯᠥᠭᠡ ᠦᠵᠡᠭᠦᠯᠦᠭᠰᠡᠨ᠎ᠢ ᠶᠠᠷᠢᠭ᠋ᠠᠳ ᠥᠭᠭᠦᠨ᠎ᠡ ᠦᠦ?
ᠲᠠᠨ ᠾᠸᠩ᠄
ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ ᠪᠠ ᠭᠠᠶ᠋ᠢᠯᠢ ᠲᠠᠲᠠᠪᠤᠷᠢ ᠵᠢᠨ ᠠᠯᠢ ᠤᠯᠠᠨ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠵᠡᠷᠭᠡ ᠪᠣᠳᠠᠲᠤ ᠴᠣᠭᠴᠠ ᠵᠢᠨ ᠠᠵᠤ ᠠᠬᠤᠶ᠎ᠳᠤ ᠠᠰᠢᠭ ᠬᠦᠷᠲᠡᠭᠡᠵᠦ᠂ ᠲᠣᠩ ᠢᠳᠡᠪᠬᠢᠲᠡᠶ ᠦᠢ᠍ᠯᠡᠳᠦᠯ ᠦᠵᠡᠭᠦᠯᠦᠭᠰᠡᠨ ᠪᠠᠢ᠌ᠨ᠎ᠠ᠃ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ ᠵᠶ᠋ᠡᠷ ᠠᠪᠴᠤ ᠬᠡᠯᠡᠪᠡᠯ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯ ᠤᠤᠯ᠎ᠳᠠᠭᠠᠨ ᠥᠷᠲᠡᠭ ᠨᠡᠮᠡᠭᠳᠡᠯ᠎ᠤᠨ ᠭᠠᠶ᠋ᠢᠯᠢ ᠲᠤᠰᠢᠶᠠᠭᠴᠢ ᠪᠠᠢ᠌ᠵᠤ᠂ ᠲᠤᠰ ᠪᠡᠶ᠎ᠡ᠎ᠨᠢ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠬᠡᠪᠴᠢᠶᠡᠨ᠎ᠳᠤ ᠪᠠᠭᠲᠠᠬᠤ ᠦᠭᠡᠢ ᠪᠠᠢ᠌ᠪᠠ᠃ ᠭᠡᠪᠡᠴᠦ ᠲᠡᠳ᠋ᠨ ᠰᠢᠨ᠎ᠡ᠎ᠪᠠᠷ ᠥᠷᠭᠡᠳᠬᠡᠭᠰᠡᠨ ᠬᠡᠪᠴᠢᠶᠡᠨ᠎ᠳᠠᠬᠢ ᠭᠠᠶ᠋ᠢᠯᠢ ᠲᠤᠰᠢᠶᠠᠭᠴᠢ ᠵᠢᠨ ᠬᠤᠪᠢ᠎ᠪᠠᠷ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠲᠠᠷᠠᠭ᠎ᠠ ᠭᠠᠷᠭ᠋ᠠᠭᠰᠠᠨ ᠤᠢ᠌ᠷᠳᠡᠭ ᠨᠡᠮᠡᠭᠳᠡᠯ᠎ᠤᠨ ᠭᠠᠶ᠋ᠢᠯᠢ ᠵᠢᠨ ᠲᠤᠰᠬᠠᠶ ᠪᠠᠷᠢᠮᠲᠠ᠎ᠪᠠᠷ ᠲᠤᠯᠭ᠋ᠠᠨ ᠬᠠᠰᠤᠵᠤ ᠪᠣᠯᠬᠤ ᠪᠣᠯᠣᠭᠰᠠᠨ ᠲᠤᠯᠠ ᠵᠣᠬᠢᠬᠤ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ ᠲᠡᠳᠡ ᠪᠣᠯ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ᠎ᠳᠤ 《ᠴᠡᠪᠡᠷ ᠠᠰᠢᠭ ᠬᠦᠷᠳᠡᠭᠴᠢ》᠎ᠨᠢ ᠮᠥᠨ᠃ 2013 ᠣᠨ᠎ᠠᠴᠠ 2015 ᠣᠨ ᠪᠣᠯᠲᠠᠯ᠎ᠠ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠵᠶ᠋ᠡᠷ ᠭᠣᠣᠯ ᠪᠣᠯᠭ᠋ᠠᠭᠰᠠᠨ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠲᠤᠰᠢᠶᠠᠭᠴᠢᠳ 《3 + 7》 ᠠᠵᠢᠯ ᠲᠥᠷᠥᠯ᠎ᠤᠨ ᠲᠤᠯᠭ᠋ᠠᠨ ᠬᠠᠰᠤᠭᠰᠠᠨ ᠭᠠᠶ᠋ᠢᠯᠢ᠎ᠨᠢ ᠲᠤᠰ ᠲᠤᠰ 4.83 ᠳ᠋ᠦᠩᠰᠢᠭᠤᠷ ᠲᠥᠭᠥᠷᠢᠭ᠂ 16.86 ᠳ᠋ᠦᠩᠰᠢᠭᠤᠷ ᠲᠥᠭᠥᠷᠢᠭ᠂ 18.52 ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ ᠠᠯᠬᠤᠮ ᠠᠯᠬᠤᠮ ᠵᠶ᠋ᠠᠷ ᠨᠡᠮᠡᠭᠳᠡᠬᠦ ᠬᠠᠨᠳᠤᠰᠢ᠎ᠲᠠᠢ ᠪᠣᠯᠵᠠᠢ᠃ ᠢᠯᠠᠩᠭᠤᠶ᠎ᠠ 2016 ᠣᠨ᠎ᠳᠤ ᠭᠠᠶ᠋ᠢᠯᠢ ᠵᠢᠨ ᠬᠠᠰᠤᠬᠤ ᠬᠡᠪᠴᠢᠶ᠎ᠡ ᠦᠷᠭᠦᠯᠵᠢᠯᠡᠨ ᠥᠷᠭᠡᠳᠴᠦ᠂ 1 — 4 ᠳ᠋ᠦ᠍ᠭᠡᠷ ᠰᠠᠷ᠎ᠠ᠎ᠳᠤ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠲᠤᠰᠢᠶᠠᠭᠴᠢ 《3 + 7》 ᠠᠵᠢᠯ ᠲᠥᠷᠤᠯ᠎ᠤᠨ ᠲᠤᠯᠭ᠋ᠠᠨ ᠬᠠᠰᠤᠭᠰᠠᠨ ᠭᠠᠶ᠋ᠢᠯᠢ᠎ᠨᠢ 6.84 ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ 5 ᠳ᠋ᠤᠭ᠋ᠠᠷ ᠰᠠᠷ᠎ᠠ᠎ᠳᠤ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂ ᠲᠤᠯᠭ᠋ᠠᠨ ᠬᠠᠰᠤᠵᠤ ᠪᠣᠯᠬᠤ ᠭᠠᠶ᠋ᠢᠯᠢ ᠵᠢᠨ ᠲᠣᠭ᠎ᠠ ᠦᠷᠭᠦᠯᠵᠢᠯᠡᠨ ᠨᠡᠮᠡᠭᠳᠡᠵᠦ᠂ 5 —12 ᠳ᠋ᠤᠭ᠋ᠠᠷ ᠰᠠᠷ᠎ᠠ᠎ᠳᠤ 《3 + 7》 ᠠᠵᠢᠯ ᠲᠥᠷᠥᠯ᠎ᠤᠨ ᠲᠤᠯᠭ᠋ᠠᠨ ᠬᠠᠰᠤᠭᠰᠠᠨ ᠭᠠᠶ᠋ᠢᠯᠢ᠎ᠨᠢ 16.37 ᠳ᠋ᠦᠩᠰᠢᠭᠤᠷ ᠲᠥᠭᠥᠷᠢᠭ ᠪᠣᠯᠣᠭᠰᠠᠨ᠎ᠠᠴᠠ ᠭᠠᠳᠠᠨ᠎ᠠ᠂ ᠪᠠᠰᠠ ᠰᠢᠨ᠎ᠡ᠎ᠪᠠᠷ ᠨᠡᠮᠡᠭᠳᠡᠭᠰᠡᠨ ᠳᠥᠷᠪᠡᠨ ᠶᠡᠬᠡ ᠠᠵᠢᠯ ᠲᠥᠷᠥᠯ᠎ᠤᠨ ᠲᠤᠯᠭ᠋ᠠᠨ ᠬᠠᠰᠤᠭᠰᠠᠨ ᠭᠠᠶ᠋ᠢᠯᠢ 12.55 ᠳ᠋ᠦᠩᠰᠢᠭᠤᠷ ᠲᠥᠭᠥᠷᠢᠭ ᠣᠯᠪᠠ᠃ ᠢᠩᠭᠢᠭᠰᠡᠨ ᠵᠶ᠋ᠡᠷ᠂ 2016 ᠣᠨ᠎ᠳᠤ᠂ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠲᠤᠰᠢᠶᠠᠭᠴᠢᠳ᠎ᠲᠤ ᠨᠡᠢ᠌ᠲᠡ 35.76 ᠳ᠋ᠦᠩᠰᠢᠭᠤᠷ ᠲᠥᠭᠥᠷᠢᠭ᠎ᠤᠨ ᠭᠠᠢ᠌ᠯᠢ ᠬᠠᠰᠤᠨ ᠥᠭᠴᠦ᠂ ᠪᠦᠬᠦ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠨ ᠬᠠᠰᠤᠭᠰᠠᠨ ᠭᠠᠶ᠋ᠢᠯᠢ ᠵᠢᠨ ᠲᠣᠭ᠎ᠠ ᠵᠢᠨ ᠪᠠᠷᠤᠭ ᠬᠣᠶᠠᠷ ᠬᠤᠪᠢ ᠵᠢᠨ ᠨᠢᠭᠡ ᠰᠢᠬᠠᠮ᠎ᠢ ᠡᠵᠡᠯᠡᠪᠡ᠃ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠦᠷᠳᠡᠭ ᠨᠡᠮᠡᠭᠳᠡᠯ᠎ᠤᠨ ᠭᠠᠶ᠋ᠢᠯᠢ ᠪᠠ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠤᠨ ᠬᠠᠷᠢᠴᠠᠯ ᠬᠡᠮᠵᠢᠭᠳᠡᠯ᠎ᠤᠨ ᠬᠤᠪᠢᠷᠠᠯᠲᠠ ᠵᠢᠨ ᠪᠠᠶ᠋ᠢᠳᠠᠯ᠎ᠠᠴᠠ ᠦᠵᠡᠪᠡᠯ᠂ 2012 ᠣᠨ᠎ᠳᠤ ᠡᠨᠡ ᠬᠦ᠌ ᠬᠠᠷᠢᠴᠠᠯ᠎ᠨᠢ 6.7% ᠪᠠᠢ᠌ᠵᠤ᠂ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠬᠦᠷᠢᠶ᠎ᠡ ᠬᠡᠪᠴᠢᠶ᠎ᠡ ᠲᠠᠰᠤᠷᠠᠯᠳᠡ ᠦᠭᠡᠢ ᠥᠷᠭᠡᠵᠢᠬᠦ ᠵᠢ ᠳᠠᠭ᠋ᠠᠯᠳᠤᠨ᠂ ᠲᠤᠯᠭ᠋ᠠᠨ ᠬᠠᠰᠤᠭᠰᠠᠨ ᠭᠠᠶ᠋ᠢᠯᠢ ᠵᠢᠨ ᠲᠣᠭ᠎ᠠ ᠲᠠᠰᠤᠷᠠᠯᠲᠠ ᠦᠭᠡᠶ ᠨᠡᠮᠡᠭᠳᠡᠵᠦ᠂ ᠡᠨᠡ ᠬᠦ᠌ ᠬᠠᠷᠢᠴᠠᠯ᠎ᠨᠢ ᠵᠢᠯ ᠳᠠᠷᠠᠭ᠋ᠠᠯᠠᠨ ᠪᠠᠭᠤᠷᠠᠨ 2015 ᠣᠨ᠎ᠳᠤ 5.1% ᠪᠣᠯᠪᠠ᠃ ᠣᠳᠣᠬᠠᠨ᠂ ᠥᠪᠥᠷ ᠮᠣᠩᠭᠣᠯ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ 2016 ᠣᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠢ ᠬᠠᠷᠠᠬᠠᠨ ᠨᠡᠢ᠌ᠲᠡᠯᠡᠭᠡᠳᠦᠢ᠂ ᠠᠵᠤ ᠦᠢ᠍ᠯᠡᠳᠪᠦᠷᠢ ᠵᠢᠨ ᠦᠷᠳᠡᠭ ᠨᠡᠮᠡᠭᠳᠡᠯ᠎ᠤᠨ ᠭᠠᠶ᠋ᠢᠯᠢ ᠠᠳᠠᠯᠢ ᠬᠤᠭᠤᠴᠠᠭ᠋ᠠᠨ᠎ᠤ᠎ᠬᠢ᠎ᠠᠴᠠ 4.6% ᠪᠠᠭᠤᠷᠠᠭᠰᠠᠨ ᠪᠣᠯᠬᠣᠷ ᠥᠪᠥᠷ ᠮᠣᠩᠭᠣᠯ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠨᠡᠶ᠋ᠢᠲᠡᠯᠡᠭᠰᠡᠨ 1 — 11 ᠳ᠋ᠦ᠍ᠭᠡᠷ ᠰᠠᠷ᠎ᠠ ᠪᠣᠯᠲᠠᠯᠠᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.2% ᠨᠡᠮᠡᠭᠳᠡᠵᠦ᠂ ᠨᠢᠭᠡ᠎ᠨᠢ ᠪᠠᠭᠤᠷᠠᠭ᠋ᠠᠳ ᠨᠢᠭᠡ᠎ᠨᠢ ᠨᠡᠮᠡᠭᠳᠡᠵᠦ᠂ 2016 ᠣᠨ᠎ᠤ ᠠᠵᠤ ᠦᠢ᠍ᠯᠡᠳᠪᠦᠷᠢ ᠵᠢᠨ ᠦᠷᠳᠡᠭ ᠨᠡᠮᠡᠭᠳᠡᠯ᠎ᠤᠨ ᠭᠠᠶ᠋ᠢᠯᠢ ᠪᠣᠯᠣᠨ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠤᠨ ᠬᠠᠷᠢᠴᠠᠯ ᠬᠡᠮᠵᠢᠭᠳᠡᠯ᠎ᠨᠢ ᠯᠠᠪᠲᠠᠶ ᠨᠡᠡᠭ ᠳᠣᠣᠷ᠎ᠠ ᠰᠢᠭ᠋ ᠪᠣᠯᠣᠨ᠎ᠠ᠃ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢᠴᠢ ᠡᠯ᠎ᠡ ᠵᠦᠢ᠍ᠯ᠎ᠤᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ᠎ᠨᠢ ᠪᠣᠳᠠᠲᠤ ᠴᠣᠭᠴᠠ ᠵᠢᠨ ᠠᠵᠤ ᠠᠬᠤᠶ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠂ ᠦᠢ᠍ᠯᠡᠳᠬᠡᠯ᠎ᠤᠨ ᠠᠵᠤ ᠦᠢ᠍ᠯᠡᠰ᠎ᠲᠤ ᠦᠵᠡᠭᠦᠯᠦᠭᠰᠡᠨ ᠭᠠᠶ᠋ᠢᠯᠢ ᠬᠠᠰᠤᠬᠤ ᠦᠢ᠍ᠯᠡᠳᠦᠯ᠎ᠨᠢ ᠦᠨᠡᠨ ᠪᠣᠳᠠᠲᠠᠶ ᠪᠥᠭᠡᠳ ᠡᠳᠡᠭᠡᠷ ᠠᠵᠤ ᠠᠬᠤᠶ᠋ᠢᠯᠠᠯ᠎ᠤᠨ ᠠᠵᠤ ᠠᠬᠤᠶ ᠵᠢᠨ ᠤᠷᠤᠭᠤᠳᠠᠯ᠎ᠤᠨ ᠳᠠᠷᠤᠯᠲᠠ ᠵᠢ ᠠᠷᠭ᠋ᠠᠴᠠᠬᠤ᠎ᠳᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠭᠰᠡᠨ᠂ ᠠᠵᠤ ᠦᠢ᠍ᠯᠡᠰ᠎ᠤᠨ ᠪᠦᠲᠦᠴᠡ ᠵᠢᠨ ᠳᠡᠰ ᠳᠡᠪᠰᠢᠭᠦᠯᠬᠦ᠎ᠳᠤ ᠬᠥᠭᠵᠢᠯᠲᠡ ᠵᠢᠨ ᠵᠠᠮ ᠡᠷᠢᠯᠬᠢᠯᠡᠬᠦ᠎ᠳᠤ ᠦᠵᠡᠭᠦᠯᠦᠭᠰᠡᠨ ᠬᠠᠪᠰᠤᠷᠤᠯᠭ᠎ᠠ᠎ᠨᠢ ᠴᠦ᠍ ᠦᠨᠡᠨ ᠪᠣᠲᠠᠲᠠᠢ ᠶᠤᠮ᠃
ᠬᠥᠲᠥᠯᠥᠭᠴᠢ᠄
ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠨᠢ ᠵᠢᠵᠢᠭ ᠠᠵᠤ ᠠᠬᠤᠶ᠋ᠢᠯᠠᠯ᠎ᠳᠤ ᠶᠠᠮᠠᠷ ᠶᠠᠮᠠᠷ ᠲᠡᠳᠬᠦᠨ ᠳᠡᠮᠵᠢᠬᠦ ᠦᠢ᠍ᠯᠡᠳᠦᠯ ᠦᠵᠡᠭᠦᠯᠦᠭᠰᠡᠨ ᠪᠤᠢ?
ᠲᠠᠨ ᠾᠧᠩ᠄
ᠵᠢᠵᠢᠭ ᠠᠵᠤ ᠠᠬᠤᠶ᠋ᠢᠯᠠᠯ ᠪᠣᠯ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ᠎ᠳᠤ ᠮᠠᠰᠢ ᠶᠡᠬᠡ ᠠᠰᠢᠭ ᠲᠤᠰᠠ ᠬᠦᠷᠲᠡᠭᠰᠡᠨ ᠬᠠᠮᠲᠤ ᠨᠡᠢ᠌ᠲᠡ ᠪᠣᠯᠣᠨ᠎ᠠ᠃ ᠪᠦᠷᠢᠳᠬᠡᠯ᠎ᠠᠴᠠ ᠦᠵᠡᠪᠡᠯ᠂ ᠨᠢᠳᠤᠨᠤᠨ᠎ᠤ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ ᠲᠤᠷᠰᠢᠯᠲᠠ ᠵᠢᠨ ᠴᠢᠭ᠋᠎ᠤᠨ 23. 8 ᠲᠦᠮᠡᠨ ᠡᠷᠦᠬᠡ ᠭᠠᠶ᠋ᠢᠯᠢ ᠲᠤᠰᠢᠶᠠᠭᠴᠢᠳ᠎ᠤᠨ ᠳᠣᠲᠣᠷ᠎ᠠ᠂ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ 22.6 ᠲᠦᠮᠡᠨ ᠡᠷᠦᠬᠡ ᠪᠠᠢ᠌ᠵᠤ᠂ ᠪᠦᠬᠦ ᠲᠤᠷᠰᠢᠯᠲᠠ ᠵᠢᠨ ᠴᠢᠭ᠋᠎ᠤᠨ ᠭᠠᠶ᠋ᠢᠯᠢ ᠲᠤᠰᠢᠶᠠᠭᠴᠢ ᠵᠢᠨ 95% ᠵᠢ ᠡᠵᠡᠯᠡᠵᠡᠶ᠃ 5 —12 ᠳ᠋ᠤᠭ᠋ᠠᠷ ᠰᠠᠷ᠎ᠠ᠎ᠳᠤ᠂ ᠡᠨᠡ ᠬᠦ᠌ 22.6 ᠲᠦᠮᠡᠨ ᠡᠷᠦᠬᠡ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠵᠢᠨ ᠭᠠᠶ᠋ᠢᠯᠢ ᠵᠢᠨ ᠡᠭᠦᠷᠭᠡᠯᠡᠯ᠎ᠨᠢ ᠳᠤᠮᠳᠠᠴᠢ᠎ᠪᠠᠷ 36.8%᠎ᠪᠠᠷ ᠪᠠᠭᠤᠷᠠᠵᠠᠢ᠃ ᠡᠨᠡ᠎ᠨᠢ ᠲᠦᠷᠢᠮ᠎ᠤᠨ ᠲᠥᠯᠥᠪᠯᠡᠭᠡᠨ᠎ᠤ ᠦᠢ᠍ᠯᠡᠴᠢᠯᠡᠬᠦ ᠲᠠᠯ᠎ᠠ᠎ᠪᠠᠷ ᠢᠯᠡᠷᠡᠭᠰᠡᠨ ᠮᠥᠷᠲᠡᠭᠡᠨ ᠪᠠᠰᠠ ᠡᠯ᠎ᠡ ᠱᠠᠲᠤᠨ᠎ᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠠᠶ᠋ᠢᠯᠢ ᠲᠤᠰᠢᠶᠠᠬᠤ᠎ᠳᠤ ᠦᠢ᠍ᠯᠡᠴᠢᠯᠡᠬᠦ ᠲᠠᠯ᠎ᠠ᠎ᠪᠠᠷ ᠭᠦᠢ᠍ᠴᠡᠳ ᠢᠯᠡᠷᠡᠵᠠᠢ᠃ ᠲᠦᠷᠢᠮ᠎ᠤᠨ ᠲᠥᠯᠥᠪᠯᠡᠭᠡᠨ᠎ᠤ ᠲᠠᠯ᠎ᠠ᠎ᠪᠠᠷ ᠠᠪᠴᠤ ᠬᠡᠯᠡᠪᠡᠯ᠂ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠎ᠨᠢ᠂ ᠵᠢᠵᠢᠭ ᠠᠵᠤ ᠠᠬᠤᠶ᠋ᠢᠯᠠᠯ᠎ᠳᠤ 3%᠎ᠪᠠᠷ ᠲᠠᠲᠠᠪᠤᠷᠢᠯᠠᠬᠤ ᠨᠤᠷᠮ᠎ᠠ ᠵᠢ ᠬᠡᠷᠡᠭᠵᠢᠭᠦᠯᠪᠡ᠃ ᠬᠡᠷᠪᠡ ᠲᠡᠳᠡ ᠤᠤᠯ᠎ᠳᠠᠭᠠᠨ 5% ᠵᠢᠨ ᠡᠵᠡᠩᠨᠡᠯᠲᠡ ᠵᠢᠨ ᠭᠠᠶ᠋ᠢᠯᠢ ᠲᠣᠰᠢᠶᠠᠵᠤ ᠪᠠᠢ᠌ᠭᠰᠠᠨ ᠪᠣᠯ᠂ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠠᠴᠠ ᠬᠣᠶ᠋ᠢᠰᠢ ᠲᠠᠲᠠᠪᠤᠷᠢᠯᠠᠬᠤ ᠨᠤᠷᠮ᠎ᠠ᠎ᠨᠢ 3% ᠪᠣᠯᠵᠤ ᠪᠠᠭᠤᠷᠠᠵᠤ᠂ ᠡᠭᠦᠷᠭᠡᠯᠡᠬᠦ ᠬᠡᠮᠵᠢᠶ᠎ᠡ᠎ᠨᠢ ᠰᠢᠭᠤᠳ 40%᠎ᠪᠠᠷ ᠪᠠᠭᠤᠷᠠᠪᠠ; ᠬᠡᠷᠪᠡ ᠲᠡᠳᠡ ᠤᠤᠯ᠎ᠳᠠᠭᠠᠨ 3% ᠵᠢᠨ ᠡᠵᠡᠩᠨᠡᠯᠲᠡ ᠵᠢᠨ ᠭᠠᠶ᠋ᠢᠯᠢ ᠲᠣᠰᠢᠶᠠᠵᠤ ᠪᠠᠢ᠌ᠭᠰᠠᠨ ᠪᠣᠯ ᠦᠨᠭᠭᠡᠨ ᠲᠠᠯ᠎ᠠ᠎ᠠᠴᠠ᠎ᠨᠢ ᠦᠵᠡᠪᠡᠯ ᠵᠥᠪᠬᠡᠨ ᠭᠠᠶ᠋ᠢᠯᠢ ᠵᠢᠨ ᠡᠭᠦᠷᠭᠡᠯᠡᠯ᠎ᠨᠢ ᠵᠡᠷᠭᠡᠴᠡᠡ ᠰᠢᠯᠢᠵᠢᠵᠠᠢ᠂ ᠭᠡᠪᠡᠴᠦ ᠬᠡᠷᠡᠭ ᠳᠡᠭᠡᠷ᠎ᠡ᠎ᠪᠠᠨ ᠭᠠᠶ᠋ᠢᠯᠢ ᠪᠤᠳᠦᠬᠤ ᠦᠨᠳᠦᠰᠦᠯᠡᠯ᠎ᠳᠤᠨᠢ ᠬᠤᠪᠢᠷᠠᠯᠲᠠ ᠭᠠᠷᠴᠤ᠂ ᠤᠤᠯ᠎ᠤᠨ ᠡᠵᠡᠩᠨᠡᠯᠲᠡ ᠵᠢᠨ ᠭᠠᠶ᠋ᠢᠯᠢ ᠵᠢᠨ ᠭᠠᠶ᠋ᠢᠯᠢ ᠪᠤᠳᠤᠬᠤ ᠦᠨᠳᠦᠰᠦᠯᠡᠯ᠎ᠳᠤᠨᠢ ᠭᠠᠶ᠋ᠢᠯᠢ ᠵᠢᠨ ᠦᠨ᠎ᠡ ᠪᠠᠭᠲᠠᠭ᠋ᠠᠵᠤ ᠪᠠᠢ᠌ᠭᠰᠠᠨ ᠪᠣᠯ ᠦᠷᠳᠡᠭ ᠨᠡᠮᠡᠭᠳᠡᠯ᠎ᠤᠨ ᠭᠠᠶ᠋ᠢᠯᠢ ᠵᠢᠨ ᠭᠠᠶ᠋ᠢᠯᠢ ᠪᠤᠳᠦᠬᠤ ᠦᠨᠳᠦᠰᠦᠯᠡᠯ ᠳᠤ ᠭᠠᠶ᠋ᠢᠯᠢ ᠵᠢᠨ ᠦᠨ᠎ᠡ ᠪᠠᠭᠲᠠᠬᠤ ᠦᠭᠡᠢ ᠪᠣᠯᠵᠠᠢ᠂ ᠢᠩᠭᠢᠵᠦ ᠰᠣᠯᠢᠵᠤ ᠪᠣᠳᠣᠪᠠᠯ ᠭᠠᠶ᠋ᠢᠯᠢ ᠵᠢᠨ ᠡᠭᠦᠷᠭᠡᠯᠡᠯ᠎ᠨᠢ ᠴᠦ᠍ ᠪᠠᠭᠤᠷᠠᠵᠠᠢ᠃ ᠭᠠᠶ᠋ᠢᠯᠢ ᠲᠤᠰᠢᠶᠠᠬᠤ᠎ᠳᠤ ᠦᠢ᠍ᠯᠡᠴᠢᠯᠡᠬᠦᠲ᠋ᠠᠯᠠᠪᠠᠷ ᠠᠪᠴᠤ ᠬᠡᠯᠡᠪᠡᠯ᠂ ᠪᠦᠬᠦ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠰᠢᠰᠲ᠋ᠧᠮ᠎ᠨᠢ ᠡᠵᠡᠩᠨᠡᠯᠲᠡ ᠵᠢᠨ ᠭᠠᠶ᠋ᠢᠯᠢ ᠵᠢ ᠥᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠡᠯ᠎ᠡ ᠱᠠᠲᠤᠨ᠎ᠤ ᠠᠵᠢᠯ᠎ᠤᠨ ᠭᠣᠣᠯᠳᠠᠯᠭ᠎ᠠ ᠵᠢ ᠦᠨᠳᠦᠰᠦᠯᠡᠵᠦ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠨᠡᠶ᠋ᠢᠲᠡᠯᠡᠭᠰᠡᠨ 80 ᠵᠦᠢ᠍ᠯ᠎ᠤᠨ ᠭᠠᠶ᠋ᠢᠯᠢ ᠲᠤᠰᠢᠶᠠᠬᠤ᠎ᠳᠤ ᠦᠢ᠍ᠯᠡᠴᠢᠯᠡᠬᠦ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠪᠠ᠃ ᠪᠦᠬᠦ ᠣᠷᠣᠨ᠎ᠤ ᠡᠯ᠎ᠡ ᠱᠠᠲᠤᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ ᠨᠤᠭᠤᠳ ᠴᠢᠭ᠋ ᠱᠤᠭᠤᠮ ᠨᠡᠢ᠌ᠳᠡᠮ᠎ᠢ ᠤᠶᠠᠯᠳᠤᠭᠤᠯᠵᠤ᠂ ᠡᠯ᠎ᠡ ᠲᠦ᠍ᠷᠦᠯᠤᠨ ᠭᠠᠶ᠋ᠢᠯᠢ ᠲᠤᠰᠢᠶᠠᠭᠴᠢ ᠵᠢᠨ ᠪᠣᠯᠪᠠᠰᠤᠷᠠᠭᠤᠯᠤᠯ᠎ᠢ 1341 ᠤᠳᠠᠭ᠎ᠠ ᠬᠢᠵᠦ᠂ ᠭᠠᠶ᠋ᠢᠯᠢ ᠲᠤᠰᠢᠶᠠᠭᠴᠢ᠎ᠳᠤ 22.54 ᠲᠦᠮᠡᠨ ᠡᠷᠦᠬᠡ ᠤᠳᠠᠭ᠎ᠠ ᠪᠣᠯᠪᠠᠰᠤᠷᠠᠭᠤᠯᠤᠯ ᠬᠢᠵᠦ᠂ 91.04 ᠲᠦᠮᠡᠨ ᠬᠤᠪᠢ ᠤᠬᠠᠭᠤᠯᠬᠤ ᠮᠠᠲ᠋ᠧᠷᠢᠶᠠᠯ ᠲᠠᠷᠬᠠᠭ᠋ᠠᠵᠤ᠂ 12366 ᠦᠢ᠍ᠯᠡᠴᠢᠯᠡᠭᠡᠨ᠎ᠤ ᠰᠢᠭᠤᠳ ᠤᠲᠠᠰᠤ᠎ᠪᠠᠷ ᠳᠠᠮᠵᠢᠭᠤᠯᠤᠨ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠦᠷᠦ ᠵᠢᠨ ᠪᠤᠳᠤᠯᠭ᠎ᠠ ᠵᠢᠨ ᠯᠠᠪᠯᠠᠯᠭ᠎ᠠ ᠵᠢ 1.5 ᠲᠦᠮᠡ ᠭᠠᠷᠤᠶ ᠬᠦᠯᠢᠶᠡᠨ ᠠᠪᠴᠤ ᠭᠦᠢ᠍ᠴᠡᠳᠬᠡᠪᠡ᠂ ᠸᠢᠴᠠᠲ ᠲᠠᠪᠴᠠᠩ ᠺᠣᠳ᠋ ᠵᠶ᠋ᠠᠷ ᠳᠠᠮᠵᠢᠭᠤᠯᠤᠨ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠣᠢ᠌ᠯᠠᠭ᠋ᠠᠭᠤᠯᠵᠤ᠂ ᠵᠢᠵᠢᠭ ᠠᠵᠤ ᠠᠬᠤᠶ᠋ᠢᠯᠠᠯ᠎ᠤᠳ ᠡᠵᠡᠩᠨᠡᠯᠲᠡ ᠵᠢᠨ ᠭᠠᠶ᠋ᠢᠯᠢ ᠵᠢ ᠥᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠦᠷᠦ ᠵᠢᠨ ᠪᠤᠳᠤᠯᠭ᠎ᠠ ᠵᠢ ᠭᠦᠢᠴᠡᠳ ᠬᠡᠷᠡᠭᠯᠡᠬᠦ᠎ᠳᠤᠨᠢ ᠬᠠᠪᠰᠤᠷᠤᠯᠭ᠎ᠠ ᠦᠵᠡᠭᠦᠯᠪᠡ᠃ ᠰᠢᠦᠳᠠᠨ᠎ᠳᠤ ᠨᠠᠶ᠋ᠢᠳᠠᠵᠤ 《ᠬᠣᠶᠠᠷ᠎ᠢ ᠣᠷᠣᠯᠠᠬᠤ》᠂ ᠲᠤᠰᠬᠠᠶ ᠪᠠᠷᠢᠮᠲᠠ ᠵᠢ ᠣᠷᠣᠯᠠᠨ ᠬᠢᠵᠦ ᠥᠭᠬᠦ ᠵᠢ ᠰᠦᠯᠵᠢᠶᠡᠨ ᠳᠡᠭᠡᠷ᠎ᠡ ᠤᠷᠢᠳᠴᠢᠯᠠᠨ ᠭᠤᠶᠤᠴᠢᠯᠠᠬᠤ᠂ ᠥᠪᠡᠷᠲᠡᠭᠡᠨ ᠪᠠᠷᠢᠮᠲᠠ ᠣᠷᠣᠯᠠᠨ ᠬᠢᠵᠦ ᠥᠭᠬᠦ ᠦᠵᠦᠭᠦᠷ ᠲᠣᠬᠢᠷᠠᠭᠤᠯᠬᠤ᠂ ᠪᠠᠷᠢᠮᠲᠠ ᠭᠠᠷᠭ᠋ᠠᠨ ᠠᠪᠬᠤ ᠤᠳᠠᠭ᠎ᠠ ᠲᠣᠭ᠎ᠠ ᠵᠢ ᠳᠥᠭᠥᠮᠴᠢᠯᠡᠬᠦ ᠵᠡᠷᠭᠡ᠎ᠪᠠᠷ ᠳᠠᠮᠵᠢᠭᠤᠯᠤᠨ ᠪᠠᠷᠢᠮᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠪᠡ᠃ ᠬᠠᠤᠯᠢ ᠶᠣᠰᠣᠭ᠋ᠠᠷ ᠭᠠᠢ᠌ᠯᠢ ᠲᠤᠰᠢᠶᠠᠭᠰᠠᠨ ᠭᠤᠶᠤᠴᠢᠯᠠᠯ᠎ᠤᠨ ᠤᠳᠠᠭ᠎ᠠ ᠲᠤᠭ᠎ᠠ ᠵᠢ ᠳᠥᠭᠥᠮᠴᠢᠯᠡᠵᠦ᠂ ᠬᠠᠨᠳᠤᠯᠭ᠎ᠠ᠎ᠲᠠᠢ ᠰᠠᠨᠠᠭᠤᠯᠬᠤ ᠣᠬᠣᠷ ᠮᠡᠳᠡᠭᠡ ᠵᠢ 42 ᠲᠦᠮᠡᠨ ᠵᠤᠷᠪᠤᠰ ᠶᠠᠪᠤᠭᠤᠯᠪᠠ᠃ ᠬᠣᠨᠣᠭᠯᠠᠬᠤ ᠠᠵᠤ ᠦᠢ᠍ᠯᠡᠰ᠎ᠤᠨ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ᠎ᠳᠤ ᠲᠤᠷᠰᠢᠯᠲᠠ᠂ ᠥᠪᠡᠰᠦᠪᠡᠨ ᠲᠤᠰᠬᠠᠶ ᠪᠠᠷᠢᠮᠲᠠ ᠭᠠᠷᠭ᠋ᠠᠬᠤ ᠵᠢ ᠬᠢᠪᠡ᠃ ᠦᠷᠳᠡᠭ ᠨᠡᠮᠡᠭᠳᠡᠯ᠎ᠤᠨ ᠭᠠᠶ᠋ᠢᠯᠢ ᠵᠢᠨ ᠪᠠᠷᠢᠮᠲᠠ ᠵᠢᠨ ᠥᠨᠡᠮᠰᠢᠯᠡᠯᠲᠡ ᠵᠢ ᠦᠭᠡᠢ᠌ᠰᠬᠡᠬᠦ ᠬᠦᠷᠢᠶ᠎ᠡ ᠬᠡᠪᠴᠢᠶ᠎ᠡ ᠵᠢ ᠭᠠᠶ᠋ᠢᠯᠢ ᠲᠤᠰᠢᠶᠠᠬᠤ ᠢᠲᠡᠭᠡᠮᠵᠢ ᠵᠢᠨ C ᠲᠡᠰ᠎ᠤᠨ ᠭᠠᠶ᠋ᠢᠯᠢ ᠲᠤᠰᠢᠶᠠᠭᠴᠢ ᠬᠦᠷᠲᠡᠯ᠎ᠡ ᠥᠷᠭᠡᠳᠬᠡᠵᠤ᠂ ᠥᠨᠡᠮᠰᠢᠯᠡᠯᠲᠡ ᠵᠢ ᠦᠭᠡᠢ᠌ᠰᠬᠡᠬᠦ ᠨᠤᠷᠮ᠎ᠠ ᠵᠢ 68%᠎ᠳᠤ ᠬᠦᠷᠦᠭᠦᠯᠵᠦ᠂ ᠥᠷᠭᠡᠨ ᠤᠯᠠᠨ ᠵᠢᠵᠢᠭ ᠠᠵᠤ ᠠᠬᠤᠶ᠋ᠢᠯᠠᠯ᠎ᠳᠤ ᠰᠢᠭᠤᠳ ᠠᠰᠢᠭ ᠬᠦᠷᠲᠡᠭᠡᠵᠦ᠂ ᠲᠡᠳᠡᠨ᠎ᠤ ᠭᠠᠶ᠋ᠢᠯᠢ ᠭᠦᠢ᠍ᠴᠡᠳᠬᠡᠬᠦ ᠥᠪᠡᠷ᠎ᠤᠨ ᠥᠷᠳᠡᠭ᠎ᠢ᠎ᠨᠢ ᠪᠦᠲᠦᠮᠵᠢᠲᠡᠶ᠎ᠪᠠᠷ ᠪᠠᠭᠤᠷᠠᠭᠤᠯᠵᠠᠶ᠃
ᠬᠥᠲᠥᠯᠥᠭᠴᠢ᠄
ᠲᠨ ᠰᠠᠶᠢ 《ᠪᠣᠶ ᠪᠥᠬᠥᠶ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠬᠠᠰᠤᠬᠤ᠎ᠠᠴᠠ ᠪᠢᠰᠢ ᠨᠡᠮᠡᠭᠳᠡᠭᠦᠯᠬᠦ ᠦᠭᠡᠶ》 ᠭᠡᠵᠦ ᠶᠠᠷᠢᠪᠠ᠂ ᠭᠡᠲᠡᠯ᠎ᠡ ᠣᠶ᠋ᠢᠯᠠᠭ᠋ᠠᠭᠰᠠᠨ ᠵᠶ᠋ᠠᠷ᠂ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠎ᠠ᠂ ᠴᠥᠭᠡᠨ ᠲᠣᠭ᠋ᠠᠨ᠎ᠤ ᠠᠵᠤ ᠠᠬᠤᠶ᠋ᠢᠯᠠᠯ᠎ᠤᠨ ᠭᠠᠶ᠋ᠢᠯᠢ ᠵᠢᠨ ᠡᠭᠦᠷᠭᠡᠯᠡᠯ᠎ᠨᠢ ᠨᠡᠮᠡᠭᠳᠡᠭᠰᠡᠨ ᠪᠠᠶ᠋ᠢᠨ᠎ᠠ᠂ ᠲᠠ ᠡᠨᠡ ᠠᠰᠠᠭᠤᠳᠠᠯ ᠢ ᠤᠯᠠᠨ᠎ᠳᠤ ᠲᠠᠢ᠌ᠯᠪᠤᠷᠢᠯᠠᠭ᠋ᠠᠳ ᠥᠭᠭᠦᠨ᠎ᠡ ᠦᠦ᠃
ᠲᠠᠨ ᠾᠧᠩ᠄
2016 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠠᠴᠠ ᠨᠠᠰᠢ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ ᠠᠯᠢ ᠣᠯᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠠᠵᠤ ᠠᠬᠤᠶ᠋ᠢᠯᠠᠯ᠎ᠤᠨ ᠨᠡᠶ᠋ᠢᠲᠡᠴᠢ ᠴᠢᠨᠠᠷᠲᠠᠶ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠦᠨᠳᠦᠰᠦᠯᠡᠨ᠂ ᠣᠯᠠᠨ ᠨᠥᠬᠥᠪᠥᠷᠢ ᠲᠣᠭᠲᠠᠭ᠋ᠠᠯ ᠭᠠᠷᠭ᠋ᠠᠭᠰᠠᠨ ᠪᠦᠭᠡᠳ ᠦᠢ᠍ᠯᠡᠴᠢᠯᠡᠭᠡ ᠵᠢ ᠰᠢᠯᠢᠳᠡᠭᠵᠢᠭᠦᠯᠬᠦ ᠠᠯᠢ ᠣᠯᠠᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠪᠣᠶ ᠪᠥᠬᠥᠶ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠦᠬᠦᠨ᠎ᠢ ᠬᠥᠩᠭᠡᠷᠡᠭᠦᠯᠬᠦ ᠵᠢ ᠪᠡᠶᠡᠯᠡᠭᠦᠯᠪᠡ᠃ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠎ᠠ᠂ ᠵᠠᠷᠢᠮ ᠠᠵᠤ ᠠᠬᠤᠶ᠋ᠢᠯᠠᠯ᠎ᠤᠨ ᠭᠠᠶ᠋ᠢᠯᠢ ᠵᠢᠨ ᠡᠭᠦᠷᠭᠡᠯᠡᠯ ᠬᠦᠨᠳᠦᠷᠡᠬᠦ ᠪᠠᠶ᠋ᠢᠳᠠᠯ ᠠᠯᠬᠤᠮ ᠠᠯᠬᠤᠮ ᠵᠶ᠋ᠠᠷ ᠢᠳᠡᠪᠬᠢᠲᠡᠶ ᠬᠤᠪᠢᠷᠠᠯᠲᠠ ᠭᠠᠷᠪᠠ᠃ ᠪᠥᠬᠥ ᠣᠷᠣᠨ᠎ᠤ ᠪᠠᠶ᠋ᠢᠳᠠᠯ᠎ᠠᠴᠠ ᠦᠵᠡᠪᠡᠯ᠂ 2016 ᠣᠨ᠎ᠤ 5 ᠳ᠋ᠤᠭ᠋ᠠᠷ ᠰᠠᠷ᠎ᠠ᠎ᠳᠤ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ ᠲᠤᠰ ᠰᠠᠷ᠎ᠠ᠎ᠳᠤ᠂ ᠳᠥᠷᠪᠡᠨ ᠶᠡᠬᠡ ᠠᠵᠢᠯ ᠲᠥᠷᠥᠯ ᠳᠣᠲᠣᠷᠠᠬᠢ ᠭᠠᠶ᠋ᠢᠯᠢ ᠵᠢᠨ ᠡᠭᠦᠷᠭᠡᠯᠡᠯ᠎ᠨᠢ ᠬᠥᠨᠳᠦᠷᠡᠭᠰᠡᠨ ᠭᠠᠶ᠋ᠢᠯᠢ ᠲᠤᠰᠢᠶᠠᠭᠴᠢ ᠵᠢᠨ ᠬᠠᠷᠢᠴᠠᠯ᠎ᠨᠢ 1.02% ᠪᠣᠯᠪᠠ᠃ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠪᠠ ᠠᠵᠤ ᠠᠬᠤᠶ᠋ᠢᠯᠠᠯ ᠬᠣᠶᠠᠷ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ ᠳᠠᠮᠵᠢᠭ᠋ᠠᠳ᠂ 2016 ᠣᠨ᠎ᠤ 12 ᠳ᠋ᠤᠭ᠋ᠠᠷ ᠰᠠᠷ᠎ᠠ ᠪᠣᠯᠬᠤ᠎ᠳᠤ᠂ ᠳᠥᠷᠪᠡᠨ ᠶᠡᠬᠡ ᠠᠵᠢᠯ ᠲᠥᠷᠥᠯ᠎ᠤᠨ 23.8 ᠲᠦᠮᠡᠨ ᠡᠷᠦᠬᠡ ᠲᠤᠷᠰᠢᠯᠲᠠ ᠵᠢᠨ ᠴᠢᠭ᠋᠎ᠤᠨ ᠭᠠᠶ᠋ᠢᠯᠢ ᠲᠤᠰᠢᠶᠠᠭᠴᠢᠳ᠎ᠤᠨ ᠳᠣᠲᠣᠷ᠎ᠠ᠂ ᠵᠥᠪᠬᠡᠨ 0.78% ᠭᠠᠶ᠋ᠢᠯᠢ ᠲᠤᠰᠢᠶᠠᠭᠴᠢᠳ᠎ᠤᠨ ᠭᠠᠶ᠋ᠢᠯᠢ ᠵᠢᠨ ᠡᠭᠦᠷᠭᠡᠯᠡᠯ᠎ᠨᠢ ᠠᠳᠠᠯᠢ ᠪᠤᠰᠤ ᠬᠡᠮᠵᠢᠶ᠎ᠡ᠎ᠪᠠᠷ ᠬᠥᠨᠳᠦᠷᠡᠬᠦ ᠠᠰᠠᠭᠤᠳᠠᠯ ᠣᠷᠣᠰᠢᠵᠤ ᠪᠠᠢ᠌ᠪᠠ᠃ ᠠᠵᠤ ᠠᠬᠤᠶ᠋ᠢᠯᠠᠯ᠎ᠤᠨ ᠭᠠᠶ᠋ᠢᠯᠢ ᠵᠢᠨ ᠡᠭᠦᠷᠭᠡᠯᠡᠯ᠎ᠤᠨ ᠲᠣᠭᠲᠠᠭᠤᠨ ᠪᠤᠰᠤ ᠪᠠᠶ᠋ᠢᠳᠠᠯ᠎ᠤᠨ ᠢᠯᠡᠷᠡᠯ᠎ᠨᠢ ᠨᠡᠯᠢᠶᠡᠳ ᠪᠤᠳᠤᠯᠢᠶᠠᠨᠲᠠᠶ ᠪᠠᠢ᠌ᠵᠤ᠂ ᠪᠦᠲᠦᠴᠡ ᠵᠢᠨ ᠴᠢᠨᠠᠷᠲᠠᠶ ᠬᠤᠪᠢᠷᠠᠬᠤ ᠪᠠᠶ᠋ᠢᠳᠠᠯ ᠢᠯᠡᠷᠡᠵᠡᠢ᠄ ᠳᠥᠷᠪᠡᠨ ᠶᠡᠬᠡ ᠠᠵᠢᠯ ᠲᠥᠷᠥᠯ᠎ᠤᠨ 26 ᠵᠢᠵᠢᠭ ᠠᠵᠢᠯ ᠲᠦᠷᠦᠯ᠎ᠤᠨ ᠳᠣᠲᠣᠷ᠎ᠠ᠂ ᠵᠠᠷᠢᠮ ᠵᠢᠵᠢᠭ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠨᠢ ᠬᠥᠨᠳᠦᠷᠡᠭᠰᠡᠨ ᠠᠵᠤ ᠠᠬᠤᠶ᠋ᠢᠯᠠᠯ᠎ᠤᠨ ᠡᠵᠡᠯᠡᠬᠦ ᠬᠠᠷᠢᠴᠠᠯ᠎ᠨᠢ ᠬᠠᠷᠢᠴᠠᠩᠭᠤᠶ᠎ᠪᠠᠷ ᠣᠯᠠᠨ ᠰᠢᠭ᠋᠂ ᠵᠠᠷᠢᠮ᠎ᠨᠢ ᠴᠥᠭᠡᠨ ᠰᠢᠭ ᠪᠥᠭᠡᠳ ᠬᠤᠪᠢᠷᠠᠯᠲᠠ ᠵᠢᠨ ᠳᠤᠮᠳᠠ ᠣᠷᠣᠰᠢᠵᠤ ᠪᠠᠢ᠌ᠨ᠎ᠠ; ᠵᠠᠷᠢᠮ ᠠᠵᠤ ᠠᠬᠤᠶ᠋ᠢᠯᠠᠯ᠎ᠤᠨ ᠡᠨᠡ ᠰᠠᠷ᠎ᠠ ᠵᠢᠨ ᠭᠠᠶ᠋ᠢᠯᠢ ᠵᠢᠨ ᠡᠭᠦᠷᠭᠡᠯᠡᠯ᠎ᠨᠢ ᠬᠥᠨᠳᠥᠷᠡᠵᠦ᠂ ᠳᠠᠷᠠᠭ᠎ᠠ ᠰᠠᠷ᠎ᠠ ᠵᠢᠨ ᠭᠠᠶ᠋ᠢᠯᠢ ᠵᠢᠨ ᠡᠭᠦᠷᠭᠡᠯᠡᠯ᠎ᠨᠢ ᠪᠠᠭᠤᠷᠠᠳᠠᠭ; ᠠᠳᠠᠯᠢ ᠨᠢᠭᠡᠨ ᠵᠢᠵᠢᠭ ᠠᠵᠢᠯ ᠲᠦᠷᠦᠯ᠎ᠤᠨ ᠳᠣᠲᠣᠷ᠎ᠠ᠂ ᠵᠠᠷᠢᠮ᠎ᠳᠠᠭᠠᠨ ᠡᠨᠡ ᠨᠢᠭᠡᠨ ᠠᠵᠤ ᠠᠬᠤᠶ᠋ᠢᠯᠠᠯ᠎ᠤᠨ ᠭᠠᠶ᠋ᠢᠯᠢ ᠵᠢᠨ ᠡᠭᠦᠷᠭᠡᠯᠡᠯ᠎ᠨᠢ ᠬᠥᠨᠳᠥᠷᠡᠵᠦ᠂ ᠵᠠᠷᠢᠮ᠎ᠳᠠᠭᠠᠨ ᠲᠡᠷᠡ ᠨᠢᠭᠡ ᠠᠵᠤ ᠠᠬᠤᠶ᠋ᠢᠯᠠᠯ᠎ᠤᠨ ᠭᠠᠶ᠋ᠢᠯᠢ ᠵᠢᠨ ᠡᠭᠦᠷᠭᠡᠯᠡᠯ᠎ᠨᠢ ᠳᠡᠭᠡᠭᠰᠢᠯᠡᠳᠡᠭ᠃ ᠭᠡᠪᠡᠴᠦ ᠭᠠᠶ᠋ᠢᠯᠢ ᠵᠢᠨ ᠡᠭᠦᠷᠭᠡᠯᠡᠯ᠎ᠤᠨ ᠬᠥᠨᠳᠦᠷᠡᠬᠦ ᠬᠡᠮᠵᠢᠶ᠎ᠡ ᠪᠣᠯᠤᠨ ᠲᠣᠭ᠎ᠠ ᠬᠡᠮᠵᠢᠶ᠎ᠡ᠎ᠨᠢ ᠣᠯᠠᠩᠬᠢ᠎ᠳᠠᠭᠠᠨ ᠪᠠᠭᠤᠷᠠᠬᠤ ᠬᠠᠨᠳᠤᠰᠢ᠎ᠲᠠᠢ ᠪᠣᠯᠤᠭᠰᠠᠨ ᠶᠤᠮ᠃ ᠠᠵᠤ ᠠᠬᠤᠶ᠋ᠢᠯᠠᠯ᠎ᠤᠨ ᠭᠠᠶ᠋ᠢᠯᠢ ᠵᠢᠨ ᠡᠭᠦᠷᠭᠡᠯᠡᠯ᠎ᠤᠨ ᠬᠡᠯᠪᠡᠯᠵᠡᠯ ᠭᠠᠷᠤᠭᠰᠠᠨ ᠰᠢᠯᠲᠠᠭ᠋ᠠᠨ᠎ᠨᠢ ᠤᠯᠠᠨ ᠲᠠᠯ᠎ᠠ ᠵᠢᠨ ᠪᠠᠶ᠋ᠢᠳᠠᠭ᠂ ᠪᠡᠯᠡ ᠤᠷᠤᠭᠤᠯᠤᠯᠲᠠ ᠵᠢᠨ ᠦᠶᠡᠯᠡᠯ᠎ᠤᠨ ᠬᠤᠭᠤᠴᠠᠭ᠎ᠠ᠂ ᠬᠥᠷᠥᠩᠭᠡ ᠵᠢᠨ ᠪᠦᠲᠦᠴᠡ᠂ ᠬᠠᠮᠢᠶᠠᠷᠤᠯᠲᠠ ᠵᠢᠨ ᠪᠠᠶ᠋ᠢᠳᠠᠯ᠂ ᠲᠥᠷᠥ ᠵᠢᠨ ᠪᠤᠳᠦᠯᠭ᠎ᠠ ᠣᠢ᠌ᠯᠠᠭ᠋ᠠᠬᠤ ᠬᠡᠮᠵᠢᠶ᠎ᠡ ᠵᠡᠷᠭᠡ ᠤᠯᠠᠨ ᠵᠦᠢ᠍ᠯ᠎ᠤᠨ ᠬᠦᠴᠦᠨ ᠵᠦᠢ᠍ᠯ ᠪᠦᠷ ᠨᠥᠯᠥᠭᠡᠯᠡᠳᠡᠭ᠃ ᠠᠵᠤ ᠠᠬᠤᠶ᠋ᠢᠯᠠᠯ᠎ᠤᠨ ᠪᠠᠶ᠋ᠢᠳᠠᠯ ᠲᠦᠮᠨ ᠮᠢᠩᠭ᠋ᠠᠨ ᠢᠯᠭ᠋ᠠᠭ᠎ᠠ ᠵᠥᠷᠢᠶ᠎ᠡ᠎ᠲᠠᠢ ᠪᠣᠯᠣᠭ᠋ᠠᠳ᠂ ᠨᠢᠭᠡᠳᠦᠯᠲᠡᠶ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢᠨ ᠳᠣᠣᠷ᠎ᠠ ᠪᠤᠢ ᠪᠦ᠍ᠬᠦᠢ ᠠᠵᠤ ᠠᠬᠤᠶ᠋ᠢᠯᠠᠯ ᠵᠢᠴᠢ ᠠᠵᠤ ᠠᠬᠤᠶ᠋ᠢᠯᠠᠯ᠎ᠤᠨ ᠪᠤᠢ ᠪᠦᠬᠦᠢ ᠴᠠᠭ ᠦᠶ᠎ᠡ ᠵᠢᠨ ᠭᠠᠶ᠋ᠢᠯᠢ ᠵᠢᠨ ᠡᠭᠦᠷᠭᠡᠯᠡᠯ᠎ᠢ ᠴᠥᠮ ᠪᠠᠭᠤᠷᠠᠭᠤᠯᠬᠤ᠎ᠳᠤ ᠦᠨᠡᠬᠡᠷ ᠬᠦᠴᠢᠷᠲᠡᠶ ᠶᠤᠮ᠂ ᠬᠡᠳᠦᠶ᠋ᠢᠪᠡᠷ ᠬᠤᠪᠢᠷᠠᠯᠲᠠ ᠵᠢᠨ ᠬᠠᠨᠳᠤᠰᠢ ᠰᠠᠢ᠌ᠨ ᠪᠠᠢ᠌ᠪᠠᠴᠤ ᠪᠦᠬᠦ ᠣᠷᠣᠨ᠎ᠤ ᠡᠯ᠎ᠡ ᠱᠠᠲᠤᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠨᠤᠭᠤᠳ ᠡᠨᠡ ᠠᠰᠠᠭᠤᠳᠠᠯ᠎ᠢ ᠮᠥᠨ ᠬᠦ᠌ ᠥᠩᠭᠡᠷᠡᠭᠰᠡᠨ᠎ᠲᠠᠢ᠎ᠪᠠᠨ ᠠᠳᠠᠯᠢ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠨ᠎ᠠ᠃ 2016 ᠣᠨ᠎ᠤ 12 ᠳ᠋ᠤᠭ᠋ᠠᠷ ᠰᠠᠷ᠎ᠠ ᠵᠢᠨ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠪᠦᠬᠦ ᠣᠷᠣᠨ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠪᠠᠶ᠋ᠢᠳᠠᠯ᠎ᠢ ᠪᠦᠬᠦ ᠲᠠᠯ᠎ᠠ᠎ᠪᠠᠷ ᠳ᠋ᠦᠩᠨᠡᠵᠦ ᠦᠨᠡᠯᠡᠨ ᠵᠢᠱ᠌ᠢᠭᠰᠡᠨ᠎ᠤ ᠳᠠᠭ᠋ᠠᠤ᠂ ᠲᠤᠰᠬᠠᠢ ᠬᠥᠮᠥᠨ ᠵᠣᠬᠢᠶᠠᠨ ᠪᠠᠢ᠌ᠭᠤᠯᠦᠨ ᠭᠠᠶ᠋ᠢᠯᠢ ᠵᠢᠨ ᠡᠭᠦᠷᠭᠡᠯᠡᠯ᠎ᠨᠢ 0.78% ᠬᠥᠨᠳᠦᠷᠡᠭᠰᠡᠨ ᠠᠵᠤ ᠠᠬᠤᠶ᠋ᠢᠯᠠᠯ᠎ᠤᠳ᠎ᠲᠤ ᠵᠠᠳᠠᠯᠵᠤ ᠰᠤᠳᠤᠯᠤᠨ ᠮᠠᠭ᠋ᠠᠳᠯᠠᠯᠲᠠ ᠬᠢᠪᠡ᠃ ᠠᠵᠤ ᠠᠬᠤᠶ᠋ᠢᠯᠠᠯ᠎ᠤᠨ ᠵᠦᠢ ᠵᠣᠬᠢᠰᠲᠠᠶ ᠬᠦᠰᠡᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠢᠳᠡᠪᠬᠢᠲᠡᠶ ᠰᠢᠢ᠍ᠳᠪᠦᠷᠢᠯᠡᠭᠰᠡᠨ ᠪᠤᠶᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠳᠤ ᠲᠤᠰᠬᠠᠪᠠ᠃ ᠡᠭᠦᠨ᠎ᠠᠴᠠ ᠭᠠᠳᠠᠨ᠎ᠠ ᠪᠠᠰᠠ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ ᠭᠣᠣᠯᠳᠠᠯᠭ᠎ᠠ᠎ᠲᠠᠢ ᠠᠵᠢᠯ ᠲᠥᠷᠥᠯ ᠪᠣᠯᠤᠨ ᠭᠠᠶ᠋ᠢᠯᠢ ᠵᠢᠨ ᠡᠭᠦᠷᠭᠡᠯᠡᠯ᠎ᠨᠢ ᠣᠬᠣᠷ ᠬᠤᠭᠤᠴᠠᠭ᠋ᠠᠨ᠎ᠳᠤ ᠢᠯᠡᠳᠲᠡ ᠬᠥᠨᠳᠦᠷᠡᠭᠰᠡᠨ ᠠᠵᠤ ᠠᠬᠤᠶ᠋ᠢᠯᠠᠯ᠎ᠤᠳ᠎ᠲᠤ ᠣᠴᠢᠨ ᠬᠠᠪᠰᠤᠷᠤᠨ ᠵᠢᠯᠣᠭᠣᠳᠴᠤ᠂ ᠠᠵᠤ ᠠᠬᠤᠶ᠋ᠢᠯᠠᠯ᠎ᠢ ᠬᠠᠪᠰᠣᠷᠣᠨ ᠳᠣᠲᠣᠭ᠋ᠠᠳᠤ ᠵᠢᠨ ᠬᠠᠮᠢᠶᠠᠷᠤᠯᠲᠠ ᠵᠢ᠎ᠨᠢ ᠰᠠᠢ᠌ᠵᠢᠷᠠᠭᠤᠯᠤᠨ᠂ ᠡᠵᠡᠩᠨᠡᠯᠲᠡ ᠵᠢᠨ ᠭᠠᠶ᠋ᠢᠯᠢ ᠵᠢ ᠥᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢᠴᠢ ᠬᠣᠯᠪᠣᠭᠳᠠᠯ ᠪᠦᠬᠦᠢ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢ ᠭᠦᠢᠴᠡᠳ ᠰᠠᠢ᠌ᠨ ᠬᠡᠷᠡᠭᠯᠡᠭᠦᠯᠵᠦ᠂ ᠨᠡᠩ ᠤᠯᠠᠨ ᠠᠵᠤ ᠠᠬᠤᠶ᠋ᠢᠯᠠᠯ᠎ᠤᠳ᠎ᠲᠤ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢᠨ ᠠᠰᠢᠭ ᠬᠦᠷᠲᠡᠭᠡᠪᠡ᠃
ᠬᠥᠲᠥᠯᠥᠭᠴᠢ᠄
ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ᠎ᠨᠢ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠪᠤᠯᠭ᠋ᠠᠨ ᠦᠭᠡᠷᠡᠴᠢᠯᠡᠬᠦ ᠭᠠᠶ᠋ᠢᠯᠢ ᠬᠥᠩᠭᠡᠯᠡᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠎ᠳᠤ ᠶᠠᠮᠠᠷ ᠨᠥᠯᠥᠭᠡ ᠦᠵᠡᠭᠦᠯᠬᠦ ᠪᠤᠢ?
ᠲᠠᠨ ᠾᠸᠩ᠄
ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ᠎ᠨᠢ ᠭᠠᠢ᠌ᠯᠢ ᠵᠢᠨ ᠲᠦᠷᠢᠮ᠎ᠤᠨ ᠥᠭᠡᠷᠡᠴᠢᠯᠡᠯᠲᠡ ᠵᠢᠨ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠤᠭᠰᠠᠨ᠎ᠤ ᠬᠤᠪᠢ᠎ᠳᠤ᠂ ᠭᠠᠢ᠌ᠯᠢ ᠵᠢ ᠰᠢᠭᠤᠳ ᠬᠠᠰᠤᠵᠤ ᠬᠡᠯᠲᠦᠷᠢᠭᠦᠯᠬᠦ᠎ᠲᠠᠢ ᠪᠦᠷᠢᠮᠦᠰᠦᠨ ᠠᠳᠠᠯᠢ ᠦᠭᠡᠢ ᠶᠤᠮ᠂ ᠠᠵᠤ ᠠᠬᠤᠶ᠋ᠢᠯᠠᠯ᠎ᠨᠢ ᠲᠥᠷᠢᠮ᠎ᠤᠨ ᠱᠠᠭ᠋ᠠᠷᠳᠠᠯᠭ᠎ᠠ ᠵᠢᠨ ᠬᠤᠪᠢᠷᠠᠯᠲᠠ ᠵᠢ ᠦᠨᠳᠦᠰᠦᠯᠡᠨ ᠳᠣᠲᠣᠭ᠋ᠠᠳᠤ ᠵᠢᠨ ᠬᠠᠮᠢᠶᠠᠷᠤᠯᠲᠠ᠎ᠪᠠᠨ ᠵᠣᠬᠢᠴᠠᠩᠭᠤᠶ ᠰᠠᠶ᠋ᠢᠵᠢᠷᠠᠭᠤᠯᠬᠤ ᠪᠠ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠴᠢᠳᠠᠬᠤ ᠵᠢᠨ ᠬᠢᠷᠢ᠎ᠪᠠᠷ ᠢᠯᠡᠭᠦᠬᠡᠨ ᠬᠦᠷᠲᠡᠬᠦ᠎ᠨᠢ ᠨᠡᠩ ᠴᠢᠬᠤᠯᠠ ᠶᠤᠮ᠃ ᠨᠢᠭᠡ ᠵᠢᠱ᠌ᠢᠶ᠎ᠡ ᠲᠠᠲᠠᠵᠤ ᠬᠡᠯᠡᠪᠡᠯ᠄ 2016 ᠣᠨ᠎ᠤ 5 ᠳ᠋ᠤᠭ᠋ᠠᠷ ᠰᠠᠷ᠎ᠠ᠎ᠠᠴᠠ ᠤᠷᠢᠳ ᠬᠣᠵᠢᠳ ᠵᠶ᠋ᠠᠷ᠂ ᠭᠠᠳᠠᠷ ᠮᠤᠵᠢ᠎ᠳᠤ ᠪᠠᠭᠤᠳᠠᠯ᠎ᠤᠨ ᠦᠢ᠍ᠯᠡᠰ᠎ᠨᠢ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠨᠡᠷ᠎ᠡ᠎ᠪᠠᠷ ᠦᠨ᠎ᠡ ᠦᠰᠭᠡᠭᠰᠡᠨ ᠬᠡᠷᠡᠭ ᠭᠠᠷᠴᠤ᠂ ᠨᠡᠶ᠋ᠢᠭᠡᠮ᠎ᠤᠨ ᠠᠩᠬᠠᠷᠤᠯ᠎ᠢ ᠲᠠᠲᠠᠪᠠ᠃ ᠡᠭᠦᠨ᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠤᠯᠤᠰ᠎ᠤᠨ ᠵᠢᠭᠤᠯᠴᠢᠯᠠᠯ᠎ᠤᠨ ᠲᠣᠪᠴᠢᠶ᠎ᠠ ᠪᠠ ᠡᠯ᠎ᠡ ᠭᠠᠵᠠᠷ᠎ᠤᠨ ᠪᠠᠷᠠᠭ᠋ᠠᠨ᠎ᠤ ᠦᠨ᠎ᠡ ᠵᠢᠨ ᠰᠠᠯᠠᠭ᠎ᠠ ᠮᠥᠴᠢᠷ᠎ᠤᠳ ᠲᠡᠷᠡ ᠳᠠᠷᠤᠶᠳᠤᠨᠢ ᠰᠢᠢ᠍ᠳᠪᠦᠷᠢᠯᠡᠪᠡ᠃ ᠪᠦᠬᠦ ᠣᠷᠣᠨ᠎ᠤ ᠡᠯ᠎ᠡ ᠱᠠᠲᠤᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠨᠤᠭᠤᠳ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠲᠥᠷᠥ ᠵᠢᠨ ᠪᠤᠳᠤᠯᠭ᠎ᠠ ᠵᠢᠨ ᠲᠤᠭᠲᠠᠭ᠋ᠠᠯ᠎ᠢ ᠠᠵᠤ ᠠᠬᠤᠶ᠋ᠢᠯᠠᠯ᠎ᠳᠤ ᠤᠯᠠᠮ ᠨᠠᠷᠢᠨ ᠲᠠᠶ᠋ᠢᠯᠪᠤᠷᠢᠯᠠᠯᠲᠠ ᠲᠠᠶ᠋ᠢᠯᠤᠮᠵᠢ ᠬᠢᠵᠦ᠂ ᠠᠵᠤ ᠠᠬᠤᠶ᠋ᠢᠯᠠᠯ᠎ᠤᠨ ᠪᠤᠷᠤᠭᠤ ᠣᠶ᠋ᠢᠯᠠᠭ᠋ᠠᠯᠲᠠ ᠵᠢ ᠴᠠᠭ ᠲᠤᠬᠠᠶ᠎ᠳᠤᠨᠢ ᠠᠷᠢᠯᠭ᠋ᠠᠵᠤ᠂ ᠪᠦᠬᠦ ᠤᠯᠤᠰ᠎ᠤᠨ ᠠᠩᠬᠠᠳᠠᠭᠴᠢ ᠢᠳᠡᠭᠡᠨ ᠤᠮᠳᠠᠭ᠋ᠠᠨ᠎ᠤ ᠦᠢ᠍ᠯᠡᠰ᠎ᠲᠤ ᠲᠠᠷᠢᠶᠠᠯᠠᠩ᠎ᠤᠨ ᠪᠦᠲᠦᠭᠡᠭᠳᠡᠬᠦᠨ᠎ᠢ ᠬᠢᠨᠠᠨ ᠲᠣᠭᠲᠠᠭ᠋ᠠᠵᠤ ᠬᠠᠰᠤᠬᠤ ᠠᠷᠭ᠎ᠠ ᠵᠢ ᠬᠡᠷᠡᠭᠵᠢᠭᠦᠯᠪᠡ᠃ ᠪᠦᠷᠢᠳᠬᠡᠯ᠎ᠤᠨ ᠲᠣᠭ᠎ᠠ ᠪᠠᠷᠢᠮᠲᠠ᠎ᠠᠴᠠ ᠦᠵᠡᠪᠡᠯ᠂ 2016 ᠣᠨ᠎ᠤ 5-12 ᠳ᠋ᠤᠭ᠋ᠠᠷ ᠰᠠᠷ᠎ᠠ ᠪᠤᠯᠲᠠᠯ᠎ᠠ ᠢᠳᠡᠭᠡᠨ ᠤᠮᠳᠠᠭ᠋ᠠᠨ᠎ᠤ ᠦᠢ᠍ᠯᠡᠰ᠎ᠲᠤ 1.1 ᠳ᠋ᠦᠩᠰᠢᠭᠤᠷ ᠲᠥᠭᠥᠷᠢᠭ᠎ᠤᠨ ᠭᠠᠢ᠌ᠯᠢ ᠬᠠᠰᠤᠵᠤ᠂ ᠭᠠᠶ᠋ᠢᠯᠢ ᠵᠢᠨ ᠡᠭᠦᠷᠭᠡᠯᠡᠯ᠎ᠢ 40.5% ᠪᠠᠭᠤᠷᠠᠭᠤᠯᠪᠠ; ᠬᠣᠨᠣᠭᠯᠠᠬᠤ ᠦᠢ᠍ᠯᠡᠰ᠎ᠲᠤ 0.7 ᠳ᠋ᠦᠩᠰᠢᠭᠤᠷ ᠲᠥᠭᠥᠷᠢᠭ᠎ᠤᠨ ᠭᠠᠢ᠌ᠯᠢ ᠬᠠᠰᠤᠵᠤ᠂ ᠭᠠᠶ᠋ᠢᠯᠢ ᠵᠢᠨ ᠡᠭᠦᠷᠭᠡᠯᠡᠯ᠎ᠢ 37.1% ᠪᠠᠭᠤᠷᠠᠭᠤᠯᠤᠭᠰᠠᠨ ᠪᠠᠢ᠌ᠨ᠎ᠠ᠃ ᠪᠠᠰᠠ ᠵᠢᠱ᠌ᠢᠶᠡᠯᠡᠪᠡᠯ᠂ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂ ᠮᠠᠢ ᠳ᠋ᠠᠩ ᠯᠤᠤ ᠵᠢᠨ ᠥᠪᠡᠷᠲᠡᠭᠡᠨ ᠡᠵᠡᠩᠨᠡᠬᠦ ᠳᠡᠯᠭᠡᠭᠦᠷ᠎ᠤᠨ ᠦᠷᠲᠡᠭ ᠨᠡᠮᠡᠭᠳᠡᠯ᠎ᠤᠨ ᠭᠠᠶ᠋ᠢᠯᠢ ᠵᠢᠨ ᠡᠭᠦᠷᠭᠡᠯᠡᠯ᠎ᠨᠢ ᠢᠯᠡᠳᠲᠡ ᠪᠠᠭᠤᠷᠠᠵᠠᠢ᠂ ᠪᠦᠬᠦ ᠣᠷᠣᠨ᠎ᠤ ᠪᠠᠶ᠋ᠢᠳᠠᠯ᠎ᠠᠴᠠ ᠦᠵᠡᠪᠡᠯ᠂ 2016 ᠣᠨ᠎ᠤ 1— 4 ᠳ᠋ᠦ᠍ᠭᠡᠷ ᠰᠠᠷ᠎ᠠ᠎ᠳᠤ 4.9% ᠪᠠᠢ᠌ᠭᠰᠠᠨ᠎ᠠᠴᠠ᠎ᠪᠠᠨ 5-12 ᠳ᠋ᠤᠭ᠋ᠠᠷ ᠰᠠᠷ᠎ᠠ ᠪᠤᠯᠬᠤ᠎ᠳᠤ 0.5% ᠪᠤᠯᠵᠤ ᠪᠠᠭᠤᠷᠠᠪᠠ᠃ ᠡᠨᠡᠬᠦ ᠬᠤᠪᠢᠷᠠᠯᠲᠠ᠎ᠨᠢ᠂ ᠨᠢᠭᠡ ᠲᠠᠯ᠎ᠠ᠎ᠪᠠᠷ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ᠎ᠨᠢ ᠲᠤᠯᠭ᠋ᠠᠨ ᠬᠠᠰᠤᠬᠤ ᠲᠣᠭᠲᠠᠴᠠ ᠵᠢ ᠤᠷᠤᠭᠤᠯᠤᠭᠰᠠᠨ᠎ᠠᠴᠠ ᠪᠤᠯᠤᠭᠰᠠᠨ ᠪᠠ ᠡᠭᠦᠨ᠎ᠲᠠᠢ ᠠᠳᠠᠯᠢᠬᠠᠨ ᠴᠢᠬᠤᠯᠠ᠎ᠨᠢ ᠮᠠᠢ ᠳ᠋ᠠᠩ ᠯᠤᠤ ᠳᠣᠲᠣᠭ᠋ᠠᠳᠤ ᠵᠢᠨ ᠬᠠᠮᠢᠶᠠᠷᠤᠯᠲᠠ ᠵᠢᠨ ᠡᠵᠡᠮᠰᠢᠯ᠎ᠤᠨ ᠳᠦᠷᠢᠮ ᠵᠶ᠋ᠡᠨ ᠴᠠᠭ ᠲᠤᠬᠠᠶ᠎ᠳᠤᠨᠢ ᠳᠡᠰ ᠲᠡᠪᠰᠢᠭᠦᠯᠦᠨ ᠪᠦᠷᠢᠨᠰᠢᠭᠦᠯᠵᠦ᠂ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢᠨ ᠲᠤᠬᠢᠶᠠᠯ᠎ᠢ ᠠᠳᠬᠤᠵᠤ᠂ ᠬᠤᠳᠠᠯᠳᠤᠨ ᠠᠪᠬᠤ ᠰᠢᠰᠲᠸᠮᠵᠢ᠂ ᠲᠦᠭᠦᠬᠡᠶ ᠡᠳ᠋ ᠮᠠᠲ᠋ᠧᠷᠢᠶᠠᠯ ᠪᠣᠯᠪᠠᠰᠤᠷᠠᠭᠤᠯᠬᠤ᠂ ᠪᠠᠷᠠᠭ᠎ᠠ ᠵᠢᠨ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠵᠢᠨ ᠲᠤᠰᠬᠠᠶ᠋ᠢᠵᠢᠭᠤᠯᠤᠭᠰᠠᠨ ᠠᠵᠢᠯ᠎ᠤᠨ ᠬᠤᠪᠢᠶᠠᠷᠢᠯᠠᠯ ᠵᠶ᠋ᠠᠷ ᠳᠠᠮᠵᠢᠭᠤᠯᠤᠨ᠂ ᠦᠢ᠍ᠯᠡᠳᠬᠦᠨ᠎ᠤ ᠬᠡᠯᠬᠢᠶ᠎ᠡ ᠵᠢ ᠰᠢᠯᠢᠳᠡᠭᠵᠢᠭᠦᠯᠵᠦ᠂ ᠡᠵᠡᠩᠨᠡᠯᠲᠡ ᠵᠢᠨ ᠵᠠᠭᠪᠤᠷ᠎ᠢ ᠤᠯᠠᠮ ᠠᠮᠢᠳᠤᠯᠢᠭ ᠪᠣᠯᠭ᠋ᠠᠵᠤ᠂ ᠠᠵᠢᠯᠯᠠᠭ᠋ᠠᠨ᠎ᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠬᠠᠰᠤᠬᠤ ᠴᠢᠬᠤᠯᠠᠲᠠᠢ ᠵᠢ᠎ᠨᠢ ᠴᠦᠮ ᠬᠠᠰᠤᠬᠤ》 ᠵᠢ ᠪᠡᠶᠡᠯᠡᠭᠦᠯᠵᠦ᠂ ᠭᠠᠶ᠋ᠢᠯᠢ ᠵᠢᠨ ᠡᠭᠦᠷᠭᠡᠯᠡᠯ ᠵᠶ᠋ᠡᠨ ᠶᠡᠬᠡᠪᠡᠷ ᠬᠦᠩᠭᠡᠷᠡᠭᠦᠯᠦᠭᠰᠡᠨ᠎ᠳᠤ ᠪᠤᠢ᠃ ᠭᠠᠶ᠋ᠢᠯᠢ ᠵᠢᠨ ᠡᠭᠦᠷᠭᠡᠯᠡᠯ᠎ᠢ ᠬᠦᠩᠭᠡᠷᠡᠭᠦᠯᠦᠭᠰᠡᠨ ᠵᠢᠱ᠌ᠢᠶ᠎ᠡ ᠮᠠᠰᠢ ᠠᠷᠪᠢᠨ ᠪᠠᠢ᠌ᠬᠤ᠎ᠨᠢ ᠠᠵᠤ ᠠᠬᠤᠶ᠋ᠢᠯᠠᠯ ᠳᠣᠲᠣᠭ᠋ᠠᠳᠤ ᠵᠢᠨ ᠬᠠᠮᠢᠶᠠᠷᠤᠯᠲᠠ ᠪᠤᠯ ᠴᠢᠩᠭ᠋ᠠᠳᠬᠠᠨ ᠰᠠᠢ᠌ᠵᠢᠷᠠᠭᠤᠯᠵᠤ᠂ ᠡᠵᠡᠩᠨᠡᠯᠲᠡ ᠵᠢᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠪᠡᠯ ᠲᠤᠯᠭ᠋ᠠᠨ ᠬᠠᠰᠤᠬᠤ ᠵᠢ ᠴᠢᠳᠠᠬᠤ ᠵᠢᠨ ᠬᠢᠷᠢ᠎ᠪᠠᠷ ᠢᠯᠡᠭᠦᠦ ᠬᠦᠷᠲᠡᠭᠡᠳ ᠭᠠᠶ᠋ᠢᠯᠢ ᠵᠢᠨ ᠡᠭᠦᠷᠭᠡᠯᠡᠯ ᠵᠶ᠋ᠡᠨ ᠬᠦᠩᠭᠡᠯᠡᠬᠦ᠎ᠳᠤ ᠲᠤᠶ᠋ᠢᠯ᠎ᠤᠨ ᠴᠢᠬᠤᠯᠠ ᠦᠢ᠍ᠯᠡᠳᠦᠯ᠎ᠲᠠᠢ ᠶᠤᠮ ᠭᠡᠰᠡᠨ᠎ᠢ ᠬᠠᠷᠠᠭᠤᠯᠵᠤ ᠪᠠᠢ᠌ᠨ᠎ᠠ᠃ ᠴᠠᠭ ᠬᠤᠭᠤᠴᠠᠭ᠋ᠠᠨ᠎ᠤ ᠤᠯᠠᠷᠢᠯᠲᠠ ᠵᠢ ᠳᠠᠭ᠋ᠠᠯᠳᠤᠨ᠂ ᠠᠵᠤ ᠠᠬᠤᠶ᠋ᠢᠯᠠᠯ᠎ᠤᠨ ᠡᠵᠡᠩᠨᠡᠯᠲᠡ ᠬᠠᠮᠢᠶᠠᠷᠤᠯᠲᠠ ᠲᠡᠰᠦᠷᠡᠯᠳᠠ ᠦᠭᠡᠢ ᠰᠠᠢ᠌ᠵᠢᠷᠠᠵᠤ᠂ ᠲᠤᠯᠭ᠋ᠠᠨ ᠬᠠᠰᠤᠬᠤ ᠨᠡᠩ ᠢᠯᠡᠭᠦᠦ ᠪᠦᠷᠢᠨ ᠭᠦᠢ᠍ᠴᠡᠳ ᠪᠤᠯᠵᠤ᠂ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠨ ᠭᠠᠢ᠌ᠯᠢ ᠵᠢ ᠬᠥᠩᠭᠡᠯᠡᠬᠦ ᠦᠢ᠍ᠯᠡᠳᠦᠯ ᠤᠯᠠᠮ᠎ᠠᠴᠠ ᠤᠯᠠᠮ ᠢᠯᠡᠷᠬᠡᠶ ᠪᠣᠯᠵᠤ᠂ ᠠᠵᠤ ᠠᠬᠤᠶ᠋ᠢᠯᠠᠯ᠎ᠢ ᠳᠡᠮᠵᠢᠬᠦ ᠶᠠᠪᠤᠳᠠᠯ ᠤᠯᠠᠮ᠎ᠠᠴᠠ ᠤᠯᠠᠮ ᠪᠦᠲᠦᠮᠵᠢᠲᠡᠶ ᠪᠣᠯᠤᠨ᠎ᠠ ᠭᠡᠵᠦ ᠪᠢ ᠪᠠᠲᠤ ᠢᠲᠡᠭᠡᠵᠦ ᠪᠠᠢ᠌ᠨ᠎ᠠ᠃
ᠬᠥᠲᠥᠯᠥᠭᠴᠢ᠄
ᠥᠭᠡᠷᠡᠴᠢᠯᠡᠯᠲᠡ ᠭᠡᠪᠡᠯ᠂ ᠤᠯᠤᠰ᠎ᠤᠨ ᠭᠠᠶ᠋ᠢᠯᠢ᠂ ᠣᠷᠣᠨ ᠨᠤᠲᠤᠭ᠎ᠤᠨ ᠭᠠᠶ᠋ᠢᠯᠢ ᠵᠢᠨ ᠲᠠᠲᠠᠪᠤᠷᠢᠯᠠᠨ ᠬᠠᠮᠢᠶᠠᠷᠬᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠵᠢᠯ ᠵᠢᠯ ᠢᠯᠡᠭᠦᠦ ᠶᠠᠪᠤᠭᠳᠠᠵᠤ ᠪᠠᠶ᠋ᠢᠨ᠎ᠠ᠂ ᠪᠢᠳᠡ ᠡᠨᠡ ᠲᠠᠯ᠎ᠠ᠎ᠪᠠᠷ ᠶᠠᠮᠠᠷ ᠶᠠᠮᠠᠷ ᠠᠮᠵᠢᠯᠲᠠ ᠤᠯᠤᠭᠰᠠᠨ᠎ᠢ ᠲᠠ ᠤᠯᠠᠨ᠎ᠳᠤ ᠲᠠᠨᠢᠯᠴᠠᠭᠤᠯᠵᠤ ᠦᠭᠭᠦᠨ᠎ᠡ ᠤᠤ?
ᠲᠠᠨ ᠾᠸᠩ᠄
ᠥᠪᠥᠷ ᠮᠣᠩᠭᠣᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ 《ᠤᠯᠤᠰ᠎ᠤᠨ ᠭᠠᠶ᠋ᠢᠯᠢ᠂ ᠣᠷᠣᠨ ᠨᠤᠲᠤᠭ᠎ᠤᠨ ᠭᠠᠶ᠋ᠢᠯᠢ ᠵᠢᠨ ᠲᠠᠲᠠᠪᠤᠷᠢᠯᠠᠨ ᠬᠠᠮᠢᠶᠠᠷᠬᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠦᠯ》 ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠦᠰᠦᠯ᠎ᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠭᠠᠶ᠋ᠢᠯᠢ ᠲᠠᠲᠠᠪᠤᠷᠢ ᠵᠢ ᠬᠠᠮᠲᠤ᠎ᠪᠠᠷ ᠵᠠᠰᠠᠬᠤ ᠪᠠᠢ᠌ᠷᠢᠰᠢᠯ᠎ᠢ ᠪᠤᠢ ᠪᠤᠯᠭ᠋ᠠᠬᠤ᠎ᠪᠠᠷ ᠭᠣᠣᠯᠳᠠᠯᠭ᠎ᠠ ᠪᠣᠯᠭ᠋ᠠᠨ᠂ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ 10 ᠲᠦᠷᠦᠯ ᠵᠦᠢ᠍ᠯ ᠪᠠ ᠰᠢᠨ᠎ᠡ ᠵᠢ ᠡᠭᠦᠳᠬᠦ ᠥᠭᠡᠷᠡᠴᠢᠯᠡᠯᠲᠡ ᠵᠢᠨ 3 ᠲᠦᠷᠦᠯ ᠵᠦᠢ᠍ᠯ᠎ᠢ ᠲᠤᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠠᠷ ᠤᠯᠤᠰ ᠪᠣᠯᠤᠨ ᠣᠷᠣᠨ ᠨᠤᠲᠤᠭ᠎ᠤᠨ ᠭᠠᠶ᠋ᠢᠯᠢ ᠵᠢᠨ ᠬᠠᠮᠲᠤᠷᠠᠯᠴᠠᠭ᠎ᠠ ᠵᠢ ᠠᠬᠢᠭᠤᠯᠬᠤ ᠬᠤᠷᠠᠯ ᠬᠢᠯᠭᠡᠵᠦ᠂ ᠤᠷᠢᠳ ᠬᠣᠵᠢᠳ 《ᠲᠥᠰᠦᠯ》᠎ᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ 12 ᠤᠳᠠᠭ᠎ᠠ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠴᠢᠭ᠋ ᠵᠶ᠋ᠠᠷ ᠨᠡᠶ᠋ᠢᠳᠡᠮ᠎ᠢ ᠳᠠᠶ᠋ᠢᠴᠢᠯᠠᠬᠤ᠂ ᠨᠠᠷᠢᠨ ᠪᠤᠲᠠᠲᠠᠢ ᠵᠢ ᠵᠡᠷᠭᠡ᠎ᠪᠡᠷ ᠠᠳᠬᠤᠵᠤ᠂ 62 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠭᠰᠡᠨ ᠪᠠ ᠲᠦᠯᠬᠢᠨ ᠠᠬᠢᠭᠤᠯᠵᠤ᠂ ᠥᠭᠡᠷᠡᠴᠢᠯᠡᠯᠲᠡ ᠵᠢᠨ ᠰᠠᠢ᠌ᠨ ᠰᠠᠢ᠌ᠬᠠᠨ ᠪᠠᠶ᠋ᠢᠳᠠᠯ᠎ᠢ ᠪᠤᠢ ᠪᠤᠯᠭ᠋ᠠᠵᠤ᠂ ᠭᠠᠶ᠋ᠢᠯᠢ ᠲᠤᠰᠢᠶᠠᠭᠴᠢ ᠵᠢᠨ ᠬᠦᠷᠲᠡᠮᠵᠢ ᠵᠢᠨ ᠲᠦᠷᠦᠭᠳᠡᠯ ᠪᠣᠯᠤᠨ ᠲᠠᠭ᠋ᠠᠰᠢᠶᠠᠯ᠎ᠤᠨ ᠬᠡᠮᠵᠢᠶ᠎ᠡ ᠶᠡᠬᠡ᠎ᠪᠠᠷ ᠳᠡᠭᠡᠭᠰᠢᠯᠡᠪᠡ᠃ ᠨᠢᠭᠡ᠎ᠳᠤ ᠲᠠᠲᠠᠪᠤᠷᠢᠯᠠᠨ ᠬᠠᠮᠢᠶᠠᠷᠬᠤ ᠬᠠᠷᠢᠭᠤᠴᠠᠯᠭ᠎ᠠ ᠵᠢ ᠬᠤᠪᠢᠶᠠᠷᠢᠯᠠᠬᠤ ᠵᠢ ᠰᠢᠯᠤᠭᠤᠳᠬᠠᠬᠤ ᠲᠠᠯ᠎ᠠ᠎ᠪᠠᠷ᠃ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ᠎ᠳᠤ 《ᠰᠠᠢ᠌ᠲᠤᠷ ᠪᠠᠷᠢᠮᠲᠠ ᠬᠢᠬᠦ》᠂ 《ᠰᠠᠢ᠌ᠲᠤᠷ ᠭᠠᠶ᠋ᠢᠯᠢ ᠮᠡᠳᠡᠭᠦᠯᠬᠦ》᠂ 《ᠰᠠᠢ᠌ᠲᠤᠷ ᠵᠠᠳᠠᠯᠤᠯᠲᠠ ᠬᠢᠬᠦ》᠂ 《ᠰᠠᠢ᠌ᠲᠤᠷ ᠰᠠᠢ᠌ᠵᠢᠷᠠᠭᠤᠯᠬᠤ》 ᠲᠦᠷᠪᠡᠨ ᠳᠠᠶ᠋ᠢᠯᠠᠯᠳᠤᠭ᠋ᠠᠨ᠎ᠢ ᠦᠷᠬᠦᠯᠵᠢᠯᠡᠨ ᠰᠠᠢ᠌ᠲᠤᠷ ᠬᠢᠵᠦ᠂ 《ᠬᠣᠶᠠᠷ᠎ᠢ ᠦᠷᠭᠡᠳᠬᠡᠨ ᠨᠢᠭᠡ ᠵᠢ ᠪᠠᠭᠤᠷᠠᠭᠤᠯᠬᠤ》 ᠬᠠᠷᠠᠯᠲᠠ ᠵᠢ ᠪᠡᠶᠡᠯᠡᠭᠦᠯᠵᠦ᠂ ᠥᠭᠡᠷᠡᠴᠢᠯᠡᠯᠲᠡ ᠵᠢᠨ 《ᠦᠷ᠎ᠡ ᠠᠰᠢᠭ》᠎ᠢ ᠦᠷᠭᠦᠯᠵᠢᠯᠡᠨ ᠴᠢᠯᠦᠭᠡᠯᠡᠪᠡ; ᠤᠯᠤᠰ᠎ᠤᠨ ᠪᠠ ᠣᠷᠣᠨ ᠨᠤᠲᠤᠭ᠎ᠤᠨ ᠭᠠᠶ᠋ᠢᠯᠢ ᠵᠢᠨ ᠬᠠᠷᠢᠯᠴᠠᠨ ᠨᠠᠶ᠋ᠢᠳᠠᠵᠤ ᠣᠷᠣᠯᠠᠨ ᠲᠠᠲᠠᠪᠤᠷᠢᠯᠠᠬᠤ ᠠᠵᠢᠯ᠎ᠢ ᠰᠠᠶ᠋ᠢᠲᠤᠷ ᠬᠢᠪᠡ᠃ ᠬᠣᠶᠠᠷ᠎ᠲᠤ ᠭᠠᠶ᠋ᠢᠯᠢ ᠲᠤᠰᠢᠶᠠᠬᠤ᠎ᠳᠤ ᠦᠢ᠍ᠯᠡᠴᠢᠯᠡᠬᠦ ᠲᠤᠭᠲᠠᠴᠠ ᠵᠢᠨ ᠰᠢᠨ᠎ᠡ ᠵᠢ ᠡᠭᠦᠳᠬᠦ ᠲᠠᠯ᠎ᠠ᠎ᠪᠠᠷ᠃ 《ᠭᠠᠢ᠌ᠯᠢ ᠲᠤᠰᠢᠶᠠᠭᠴᠢ᠎ᠳᠤ ᠳᠦᠬᠦᠮ ᠦᠵᠡᠭᠦᠯᠬᠦ ᠬᠠᠪᠤᠷ᠎ᠤᠨ ᠰᠠᠯᠬᠢᠨ ᠠᠵᠢᠯᠯᠠᠭ᠎ᠠ》 ᠵᠢ ᠭᠦᠨᠵᠡᠭᠡᠢ᠌ᠷᠡᠭᠦᠯᠵᠦ᠂ 10 ᠲᠥᠷᠥᠯ᠎ᠤᠨ 34 ᠵᠦᠢ᠍ᠯ᠎ᠤᠨ ᠳᠥᠭᠥᠮ ᠦᠵᠡᠭᠦᠯᠬᠦ ᠠᠷᠭ᠎ᠠ ᠬᠡᠮᠵᠢᠶ᠎ᠡ ᠵᠢ ᠠᠪᠤᠪᠠ; 37 ᠵᠦᠢ᠍ᠯ᠎ᠤᠨ ᠦᠨᠳᠦᠰᠦᠨ ᠬᠠᠮᠲᠤᠷᠠᠯᠴᠠᠭ᠋ᠠᠨ᠎ᠤ ᠵᠦᠢ᠍ᠯᠡᠰ ᠪᠠ 14 ᠵᠦᠢ᠍ᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠦᠢ᠍ᠯᠡᠰ᠎ᠢ ᠲᠦᠯᠬᠢᠨ ᠠᠬᠢᠭᠤᠯᠪᠠ; 7 ᠲᠣᠮᠣ ᠲᠦᠷᠦᠯ 54 ᠶᠡᠬᠡ ᠵᠦᠢ᠍ᠯ 211 ᠪᠠᠭ᠎ᠠ ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠨ 《ᠪᠥᠬᠥ ᠣᠷᠣᠨ᠎ᠳᠤ ᠨᠡᠢ᠌ᠳᠡᠮ ᠰᠢᠢ᠍ᠳᠪᠦᠷᠢᠯᠡᠬᠦ》 ᠵᠢ ᠬᠡᠷᠡᠭᠵᠢᠭᠦᠯᠪᠡ; ᠬᠠᠷᠢᠭᠤᠴᠠᠯᠭ᠎ᠠ ᠠᠩᠬ᠎ᠠ ᠲᠤᠯᠭ᠋ᠠᠬᠤ᠂ ᠬᠤᠭᠤᠴᠠᠭ᠎ᠠ ᠲᠣᠭᠲᠠᠭ᠋ᠠᠨ ᠭᠦᠢ᠍ᠴᠡᠳᠬᠡᠵᠦ ᠳᠠᠭᠤᠰᠬᠠᠬᠤ᠂ ᠤᠷᠢᠳᠴᠢᠯᠠᠨ ᠪᠣᠯᠵᠣᠵᠤ ᠭᠠᠶ᠋ᠢᠯᠢ ᠭᠦᠢ᠍ᠴᠡᠳᠬᠡᠬᠦ᠂ ᠴᠠᠭ ᠤᠷᠲᠤᠳᠬᠠᠨ ᠦᠢ᠍ᠯᠡᠴᠢᠯᠡᠬᠦ ᠵᠢ ᠪᠦᠷᠢᠨᠰᠢᠭᠦᠯᠪᠡ; ᠭᠠᠶ᠋ᠢᠯᠢ ᠲᠤᠰᠢᠶᠠᠭᠴᠢ ᠵᠢᠨ ᠲᠠᠭ᠋ᠠᠰᠢᠶᠠᠯ᠎ᠤᠨ ᠬᠡᠮᠵᠢᠶ᠎ᠡ ᠵᠢᠨ ᠪᠠᠶ᠋ᠢᠴᠠᠭ᠋ᠠᠯᠲᠠ ᠵᠢ ᠰᠠᠶ᠋ᠢᠲᠤᠷ ᠬᠢᠪᠡ; ᠭᠠᠳᠠᠭ᠋ᠠᠳᠤ ᠭᠠᠷᠭ᠋ᠠᠯᠲᠠ ᠵᠢᠨ ᠭᠠᠶ᠋ᠢᠯᠢ ᠪᠤᠴᠠᠭ᠋ᠠᠬᠤ ᠴᠤᠪᠤᠷᠠᠯ᠎ᠢ ᠳᠥᠭᠥᠮᠴᠢᠯᠡᠵᠦ᠂ ᠭᠠᠳᠠᠭ᠋ᠠᠳᠤ ᠭᠠᠷᠭ᠋ᠠᠯᠲᠠ ᠵᠢᠨ ᠭᠠᠶ᠋ᠢᠯᠢ ᠪᠤᠴᠠᠭ᠋ᠠᠬᠤ ᠠᠬᠢᠴᠠ ᠵᠢ ᠲᠦᠷᠭᠡᠳᠬᠡᠪᠡ; ᠭᠠᠶ᠋ᠢᠯᠢ ᠭᠦᠢᠴᠡᠳᠬᠡᠬᠦ ᠦᠢᠯᠡᠴᠢᠯᠡᠭᠡᠨ᠎ᠤ 300 ᠢᠵᠢ ᠠᠦ᠋ᠲ᠋ᠤ᠋ ᠦᠵᠦᠭᠦᠷ ᠠᠰᠢᠭᠯᠠᠯᠲᠠ᠎ᠳᠤ ᠤᠷᠤᠭᠤᠯᠤᠨ ᠬᠡᠷᠡᠭᠯᠡᠪᠡ; ᠭᠠᠶ᠋ᠢᠯᠢ ᠵᠢᠨ ᠬᠥᠮᠥᠷᠭᠡ ᠵᠢᠨ ᠮᠥᠩᠭᠥᠨ᠎ᠤ ᠰᠢᠰᠲ᠋ᠧᠮ᠎ᠢ ᠨᠡᠪᠲᠡᠷᠡᠭᠦᠯᠵᠦ᠂ 80% ᠵᠢᠨ ᠭᠠᠶ᠋ᠢᠯᠢ ᠵᠢᠨ ᠮᠦᠩᠭᠦ ᠵᠢ ᠡᠯᠸᠺᠲᠷᠤᠨ ᠵᠶ᠋ᠠᠷ ᠲᠤᠰᠢᠶᠠᠬᠤ ᠵᠢ ᠪᠡᠶᠡᠯᠡᠭᠦᠯᠪᠡ; ᠪᠦᠬᠦ ᠣᠷᠣᠨ᠎ᠤ 118 ᠬᠣᠰᠢᠭᠤ ᠰᠢᠶᠠᠨ ᠨᠢᠭᠡᠴᠡ ᠪᠦᠷ ᠤᠯᠤᠰ᠎ᠤᠨ ᠪᠠ ᠣᠷᠣᠨ ᠨᠤᠲᠤᠭ᠎ᠤᠨ ᠭᠠᠶ᠋ᠢᠯᠢ ᠵᠢᠨ᠎ᠬᠢᠨ ᠬᠠᠮᠲᠤᠷᠠᠨ ᠭᠠᠶ᠋ᠢᠯᠢ ᠭᠦᠢᠴᠡᠳᠬᠡᠬᠦ ᠵᠢ ᠪᠡᠶᠡᠯᠡᠭᠦᠯᠵᠦ᠂ 《ᠨᠢᠭᠡ ᠡᠭᠦᠳᠡ᠎ᠪᠠᠷ ᠤᠷᠤᠵᠤ᠂ ᠬᠣᠶᠠᠷ ᠡᠷᠦᠬᠡ ᠵᠢᠨ ᠤᠴᠢᠷ᠎ᠢ ᠰᠢᠢ᠍ᠳᠪᠦᠷᠢᠯᠡᠬᠦ》 ᠵᠢ ᠪᠡᠶᠡᠯᠡᠭᠦᠯᠪᠡ; 《ᠮᠦᠩᠭᠦ ᠭᠠᠶ᠋ᠢᠯᠢ ᠵᠢᠨ ᠰᠤᠯᠢᠯᠴᠠᠭ᠎ᠠ》 ᠵᠢᠨ ᠲᠠᠪᠴᠠᠩ ᠭᠠᠷᠭ᠋ᠠᠵᠤ᠂ 7.65 ᠳ᠋ᠦᠩᠰᠢᠭᠤᠷ ᠲᠦᠬᠦᠷᠢᠭ᠎ᠤᠨ ᠵᠢᠭᠡᠯᠡᠯᠭᠡ ᠲᠠᠯᠪᠢᠵᠤ᠂ 3000 ᠭᠠᠷᠤᠶ ᠬᠥᠮᠦᠨ᠎ᠢ ᠳᠠᠢ᠌ᠴᠢᠯᠠᠨ ᠠᠵᠢᠯ ᠤᠯᠭᠤᠵᠤ᠂ 《ᠬᠣᠤᠰ ᠡᠭᠦᠳᠦᠯᠲᠡ》 ᠵᠢ ᠬᠦᠴᠦᠲᠡᠢ ᠲᠤᠰᠠᠯᠠᠪᠠ; ᠤᠯᠤᠰ᠎ᠤᠨ ᠪᠠ ᠣᠷᠣᠨ ᠨᠤᠲᠤᠭ᠎ᠤᠨ ᠭᠠᠶ᠋ᠢᠯᠢ ᠵᠢᠨ᠎ᠬᠢᠨ ᠰᠦᠯᠵᠢᠶᠡᠨ ᠳᠡᠭᠡᠷ᠎ᠡ ᠭᠠᠶ᠋ᠢᠯᠢ ᠭᠦᠢ᠍ᠴᠡᠳᠬᠡᠬᠦ ᠲᠠᠪᠴᠠᠩ᠎ᠢ ᠬᠠᠮᠲᠤ᠎ᠪᠠᠷ ᠪᠠᠢ᠌ᠭᠤᠯᠪᠠ᠃
ᠭᠤᠷᠪᠠ᠎ᠳᠤ ᠲᠠᠲᠠᠪᠤᠷᠢᠯᠠᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠤᠪᠢᠷᠠᠭᠤᠯᠬᠤ ᠲᠠᠯ᠎ᠠ᠎ᠪᠠᠷ᠃ ᠪᠥᠬᠥ ᠣᠷᠣᠨ᠎ᠳᠤ ᠭᠠᠶ᠋ᠢᠯᠢ ᠲᠤᠰᠢᠶᠠᠭᠴᠢ ᠵᠢ ᠲᠦᠷᠦᠯ ᠬᠤᠪᠢᠶᠠᠨ ᠲᠡᠰ ᠬᠤᠪᠢᠶᠠᠨ ᠬᠠᠮᠢᠶᠠᠷᠬᠤ ᠵᠢ ᠪᠥᠬᠥ ᠲᠠᠯ᠎ᠠ᠎ᠪᠠᠷ ᠬᠡᠷᠡᠭᠵᠢᠭᠦᠯᠪᠡ; ᠲᠤᠮᠤ ᠠᠵᠤ ᠠᠬᠤᠶ᠋ᠢᠯᠠᠯ᠎ᠳᠤ ᠦᠢ᠍ᠯᠡᠴᠢᠯᠡᠬᠦ ᠬᠢᠭᠡᠳ ᠬᠠᠮᠢᠶᠠᠷᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠪᠡ; ᠭᠠᠶ᠋ᠢᠯᠢ ᠬᠠᠰᠤᠵᠤ ᠬᠡᠯᠲᠦᠷᠢᠭᠦᠯᠬᠦ ᠬᠢᠨᠠᠨ ᠪᠣᠳᠣᠯᠲᠠ ᠵᠢᠨ ᠰᠢᠰᠲᠸᠮᠵᠢ ᠵᠢ ᠪᠦᠷᠢᠨᠰᠢᠭᠦᠯᠪᠡ; 《ᠬᠠᠨᠳᠤᠯᠭ᠋ᠠᠲᠤ ᠪᠠᠢ᠌ᠴᠠᠭ᠋ᠠᠯᠲᠠ》 ᠵᠢᠨ ᠬᠡᠪ ᠵᠠᠭᠪᠤᠷ᠎ᠢ ᠬᠡᠷᠡᠭᠵᠢᠭᠦᠯᠪᠡ; ᠪᠠᠷᠢᠮᠲᠠ ᠵᠢᠨ ᠰᠢᠨ᠎ᠡ ᠰᠢᠰᠲ᠋ᠧᠮ᠎ᠢ ᠬᠡᠷᠡᠭᠵᠢᠭᠦᠯᠵᠦ᠂ ᠪᠠᠷᠢᠮᠲᠠ ᠵᠢᠨ ᠲᠤᠮᠤ ᠳ᠋ᠠᠶ᠋ᠢᠲ᠋ᠠ ᠵᠢ ᠠᠰᠢᠭᠯᠠᠨ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠬᠤ ᠵᠡᠷᠭᠡ ᠭᠠᠶ᠋ᠢᠯᠢ ᠲᠠᠲᠠᠪᠤᠷᠢ ᠵᠢᠨ ᠲᠦᠭᠰᠢᠭᠦᠷᠢ ᠵᠢ ᠡᠬᠢ ᠰᠤᠷᠪᠤᠯᠵᠢ᠎ᠠᠴᠠ᠎ᠨᠢ ᠰᠡᠷᠭᠡᠶ᠋ᠢᠯᠡᠨ ᠡᠵᠡᠮᠳᠡᠪᠡ; ᠬᠤᠪᠢ ᠵᠢᠨ ᠡᠵᠡᠩᠨᠡᠯᠲᠡ ᠵᠢᠨ ᠭᠠᠶ᠋ᠢᠯᠢ ᠲᠠᠲᠠᠪᠤᠷᠢ ᠵᠢᠨ ᠨᠡᠶ᠋ᠢᠭᠡᠮᠴᠢᠯᠡᠭᠰᠡᠨ ᠬᠠᠮᠢᠶᠠᠷᠤᠯᠲᠠ ᠵᠢᠨ ᠬᠢᠷᠢ ᠲᠥᠪᠰᠢᠨ᠎ᠢ ᠳᠡᠭᠡᠭᠰᠢᠯᠡᠭᠦᠯᠪᠡ᠃ ᠲᠦᠷᠪᠡ᠎ᠳᠤ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠭᠦᠨᠵᠡᠭᠡᠶ ᠤᠷᠤᠯᠴᠠᠬᠤ ᠲᠠᠯ᠎ᠠ᠎ᠪᠠᠷ᠃ 《ᠤᠯᠠᠨ ᠲᠠᠯᠠᠲᠤ ᠭᠠᠢ᠌ᠯᠢ ᠲᠠᠲᠠᠪᠤᠷᠢ ᠵᠢᠨ ᠲᠠᠲᠠᠪᠤᠷᠢᠯᠠᠯᠲᠠ ᠬᠠᠮᠢᠶᠠᠷᠤᠯᠲᠠ ᠵᠢᠨ ᠬᠠᠷᠢᠯᠴᠠᠨ ᠲᠤᠰᠠᠯᠠᠯᠴᠠᠬᠤ ᠨᠡᠶ᠋ᠢᠲᠡ ᠵᠢᠨ ᠭᠡᠷ᠎ᠡ》 ᠵᠢ ᠰᠠᠶ᠋ᠢᠲᠤᠷ ᠭᠦᠢ᠍ᠴᠡᠳᠬᠡᠪᠡ; 《ᠭᠠᠳᠠᠭᠰᠢ ᠭᠠᠷᠬᠤ》 ᠭᠠᠶ᠋ᠢᠯᠢ ᠲᠤᠰᠢᠶᠠᠭᠴᠢ ᠵᠢᠨ ᠰᠠᠭᠤᠷᠢ ᠮᠡᠳᠡᠭᠡ ᠵᠠᠩᠭᠢ ᠪᠣᠯᠣᠨ ᠭᠠᠶ᠋ᠢᠯᠢ ᠲᠠᠲᠠᠪᠤᠷᠢ ᠵᠢᠨ ᠲᠥᠷᠥ ᠵᠢᠨ ᠪᠤᠳᠤᠯᠭ᠎ᠠ ᠵᠢᠨ ᠯᠠᠪᠯᠠᠯᠲᠠ ᠥᠭᠬᠦ᠂ ᠤᠬᠠᠭᠤᠯᠤᠨ ᠲᠠᠶ᠋ᠢᠯᠪᠤᠷᠢᠯᠠᠬᠤ ᠵᠡᠷᠭᠡ ᠠᠵᠢᠯ᠎ᠢ ᠰᠠᠶ᠋ᠢᠲᠤᠷ ᠬᠢᠪᠡ; ᠤᠯᠠᠨ ᠤᠯᠤᠰ᠎ᠤᠨ ᠭᠠᠶ᠋ᠢᠯᠢ ᠲᠠᠲᠠᠪᠤᠷᠢ ᠵᠢᠨ ᠮᠡᠳᠡᠭᠡᠯᠡᠯ᠎ᠤᠨ ᠰᠣᠯᠢᠯᠴᠠᠯᠢ ᠴᠢᠩᠭ᠋ᠠᠳᠬᠠᠵᠤ᠂ ᠭᠠᠶ᠋ᠢᠯᠢ᠎ᠠᠴᠠ ᠵᠠᠶ᠋ᠢᠯᠠᠬᠤ ᠵᠢ ᠡᠰᠡᠷᠭᠦᠴᠡᠬᠦ ᠪᠠᠶ᠋ᠢᠴᠠᠭ᠋ᠠᠯᠲᠠ ᠵᠢᠨ ᠡᠷᠴᠢᠮ᠎ᠢ ᠴᠢᠩᠭ᠋ᠠᠷᠠᠭᠤᠯᠪᠡ; ᠤᠯᠤᠰ᠎ᠤᠨ ᠢᠯᠭ᠋ᠠᠯ᠎ᠳᠤ ᠭᠠᠶ᠋ᠢᠯᠢ ᠲᠠᠲᠠᠪᠤᠷᠢ ᠵᠢᠨ ᠮᠡᠳᠡᠭᠡ ᠵᠠᠩᠭᠢ ᠵᠢᠨ ᠰᠣᠳᠣᠯᠣᠯᠲᠠ ᠵᠢ ᠠᠬᠢᠭᠤᠯᠪᠠ᠃ ᠲᠠᠪᠤ᠎ᠳᠤ ᠭᠠᠶ᠋ᠢᠯᠢ ᠵᠢᠨ ᠶᠠᠪᠤᠳᠠᠯ᠎ᠤᠨ ᠵᠣᠬᠢᠶᠠᠨ ᠪᠠᠶ᠋ᠢᠭᠤᠯᠤᠯᠲᠠ ᠵᠢᠨ ᠰᠢᠰᠲᠸᠮᠵᠢ ᠵᠢ ᠰᠢᠯᠢᠳᠡᠭᠵᠢᠭᠦᠯᠬᠦ ᠲᠠᠯ᠎ᠠ᠎ᠪᠠᠷ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠲᠤᠤᠱᠯᠠᠭᠤᠯᠵᠤ; ᠴᠢᠳᠠᠪᠤᠷᠢᠲᠠᠨ ᠵᠶ᠋ᠠᠷ ᠭᠠᠶ᠋ᠢᠯᠢ ᠲᠠᠲᠠᠪᠤᠷᠢ ᠵᠢ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ 《1155》 ᠲᠡᠷᠢᠭᠦᠨ᠎ᠢ ᠡᠭᠦᠳᠴᠦ ᠰᠢᠯᠢᠳᠡᠭ ᠪᠣᠯᠬᠤ᠎ᠪᠠᠷ ᠴᠢᠷᠮᠠᠢ᠌ᠬᠤ ᠠᠵᠢᠯᠯᠠᠭ᠎ᠠ ᠥᠷᠨᠢᠭᠦᠯᠪᠡ; ᠴᠢᠳᠠᠪᠤᠷᠢᠲᠠᠨ᠎ᠤ ᠬᠥᠮᠥᠷᠭᠡ 14 ᠪᠠᠶ᠋ᠢᠭᠤᠯᠵᠤ᠂ ᠳᠠᠭ᠋ᠠᠭᠤᠯᠤᠭᠴᠢ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ ᠵᠶ᠋ᠠᠨ ᠨᠡᠮᠡᠭᠳᠡᠭᠦᠯᠪᠡ; 《ᠪᠦᠭᠦ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠰᠢᠰᠲ᠋ᠧᠮ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ ᠭᠠᠵᠠᠷ》 1 ᠵᠢ ᠪᠠᠢ᠌ᠭᠤᠯᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ ᠵᠠᠰᠠᠭ᠎ᠤᠨ ᠪᠠᠶ᠋ᠢᠭᠤᠯᠭ᠎ᠠ᠎ᠪᠠᠷ ᠨᠡᠷᠡᠢ᠌ᠳᠦᠭᠳᠡᠭᠰᠡᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ ᠭᠠᠵᠠᠷ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠵᠢᠱ᠌ᠢᠶ᠎ᠡ ᠦᠵᠡᠭᠦᠯᠬᠦ ᠴᠢᠬ ᠪᠣᠯᠣᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠠᠭᠤᠷᠢᠨ ᠭᠠᠵᠠᠷ 104 ᠪᠠᠢ᠌ᠨ᠎ᠠ; ᠬᠡᠷᠡᠭᠯᠡᠭᠡᠨ᠎ᠤ ᠭᠠᠶ᠋ᠢᠯᠢ ᠲᠠᠲᠠᠪᠤᠷᠢ ᠵᠢᠨ ᠲᠦᠭᠰᠢᠭᠦᠷᠢ ᠬᠢᠭᠡᠳ ᠳᠣᠲᠣᠭ᠋ᠠᠳᠤ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠰᠤᠳᠤᠯᠤᠨ ᠨᠡᠭᠡᠭᠡᠵᠦ ᠂ 《ᠬᠣᠶᠠᠷ ᠡᠷᠬᠡ》 ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠪᠠ᠃ ᠵᠢᠷᠭᠤᠭ᠎ᠠ᠎ᠳᠤ ᠭᠠᠶ᠋ᠢᠯᠢ ᠲᠠᠲᠠᠪᠤᠷᠢ ᠵᠢ ᠬᠠᠮᠲᠤ᠎ᠪᠠᠷ ᠵᠠᠰᠠᠬᠤ ᠪᠠᠶ᠋ᠢᠷᠢᠰᠢᠯ᠎ᠢ ᠪᠠᠢ᠌ᠭᠤᠯᠬᠤ ᠲᠠᠯ᠎ᠠ᠎ᠪᠠᠷ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠭᠠᠶ᠋ᠢᠯᠢ ᠵᠢ ᠶᠡᠷᠦᠩᠬᠡᠢ᠌ᠯᠡᠨ ᠵᠠᠰᠠᠬᠤ ᠵᠢᠨ ᠬᠡᠷᠡᠭᠵᠢᠭᠦᠯᠬᠦ ᠰᠠᠨᠠᠯ᠎ᠢ ᠨᠠᠶ᠋ᠢᠳᠠᠪᠤᠷᠢᠵᠢᠭᠤᠯᠵᠤ᠂ ᠠᠯᠳᠡᠠ ᠭᠠᠶ᠋ᠢᠯᠢ ᠵᠢᠨ ᠭᠤᠷᠪᠠᠳᠤᠭ᠋ᠠᠷ ᠬᠤᠭᠤᠴᠠᠭ᠎ᠠ᠂ ᠬᠠᠭᠤᠷᠮᠠᠭ᠎ᠢ ᠰᠡᠷᠭᠡᠶ᠋ᠢᠯᠡᠬᠦ ᠭᠠᠶ᠋ᠢᠯᠢ ᠡᠵᠡᠮᠳᠡᠬᠦ ᠵᠡᠷᠭᠡ 9 ᠰᠢᠰᠲ᠋ᠧᠮ᠎ᠤᠨ ᠳ᠋ᠠᠶ᠋ᠢᠲ᠋ᠠ ᠵᠢ ᠡᠮᠬᠢᠯᠡᠨ ᠨᠡᠶ᠋ᠢᠯᠡᠭᠦᠯᠵᠦ᠂ ᠭᠠᠶ᠋ᠢᠯᠢ ᠲᠠᠲᠠᠪᠤᠷᠢ ᠵᠢᠨ ᠲᠤᠮᠤ ᠳ᠋ᠠᠶ᠋ᠢᠲ᠋ᠠ ᠵᠢᠨ ᠲᠠᠪᠴᠠᠩ᠎ᠢ ᠪᠠᠢ᠌ᠭᠤᠯᠤᠨ᠂ ᠳ᠋ᠠᠶ᠋ᠢᠲ᠋ᠠ ᠵᠢᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ᠎ᠤᠨ ᠬᠠᠮᠢᠶᠠᠷᠤᠯᠲᠠ ᠵᠢ ᠠᠬᠢᠭᠤᠯᠵᠤ᠂ ᠮᠡᠳᠡᠭᠡ ᠵᠠᠩᠭᠢ ᠵᠢ ᠬᠠᠮᠲᠤ᠎ᠪᠠᠷ ᠬᠥᠷᠲᠡᠬᠦ ᠵᠢᠴᠢ ᠦᠷᠳᠡᠭ᠎ᠤᠨ ᠨᠡᠮᠡᠭᠳᠡᠯ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠪᠡ; ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠪᠡ; ᠪᠦᠬᠦ ᠤᠯᠤᠰ᠎ᠤᠨ ᠠᠩᠬᠠᠳᠠᠭᠴᠢ ᠰᠦᠯᠵᠢᠶᠡᠨ ᠳᠡᠭᠡᠷᠡᠬᠢ ᠠᠯᠳᠡᠠ ᠭᠠᠶ᠋ᠢᠯᠢ ᠵᠢᠨ ᠭᠤᠷᠪᠠᠳᠤᠭ᠋ᠠᠷ ᠬᠤᠭᠤᠴᠠᠭ᠋ᠠᠨ᠎ᠤ ᠭᠠᠶ᠋ᠢᠯᠢ ᠲᠤᠰᠢᠶᠠᠬᠤ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠯᠤᠭ᠎ᠠ ᠰᠢᠰᠲᠸᠮᠵᠢᠭᠦᠯᠦᠨ ᠵᠤᠯᠭ᠋ᠠᠯᠳᠤᠭᠤᠯᠬᠤ ᠵᠢ ᠪᠡᠶᠡᠯᠡᠭᠦᠯᠪᠡ; 《ᠲᠠᠪᠤᠨ ᠦᠨᠡᠮᠯᠡᠯ᠎ᠢ ᠨᠢᠭᠡᠳᠬᠡᠬᠦ》 《ᠬᠣᠶᠠᠷ ᠦᠨᠡᠮᠯᠡᠯ᠎ᠢ ᠨᠡᠶ᠋ᠢᠯᠡᠭᠦᠯᠬᠦ》 ᠦᠢ᠍ᠯᠡᠳᠪᠦᠷᠢ ᠬᠤᠳᠠᠯᠳᠤᠭ᠎ᠠ ᠵᠢᠨ ᠵᠦᠢ᠍ᠯᠡᠰ᠎ᠤᠨ ᠲᠦᠷᠢᠮ᠎ᠤᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠪᠡ; ᠠᠵᠤ ᠦᠢ᠍ᠯᠡᠳᠪᠦᠷᠢ ᠬᠤᠳᠠᠯᠳᠤᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠂ ᠪᠠᠩᠬᠢ ᠵᠢᠨ ᠦᠢ᠍ᠯᠡᠰ᠎ᠲᠤ ᠬᠢᠨᠠᠯᠲᠠ ᠲᠠᠯᠪᠢᠬᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ 《ᠭᠠᠶ᠋ᠢᠯᠢ ᠵᠢᠨ ᠴᠠᠭᠳᠠᠭ᠋ᠠᠨ᠎ᠤ ᠬᠠᠷᠢᠯᠴᠠᠬᠤ ᠲᠣᠭᠲᠠᠴᠠ ᠵᠢᠨ ᠠᠯᠪᠠᠨ ᠭᠡᠷ》᠎ᠢ ᠪᠠᠢ᠌ᠭᠤᠯᠪᠠ; ᠬᠠᠤᠯᠢ ᠴᠠᠭ᠋ᠠᠵᠠ ᠵᠢᠨ ᠶᠡᠷᠦᠩᠬᠡᠶ ᠵᠥᠪᠯᠡᠭᠴᠢ ᠵᠢᠨ ᠳᠦᠷᠢᠮ ᠪᠣᠯᠣᠨ ᠠᠯᠪᠠᠨ ᠲᠤᠰᠢᠶᠠᠯᠲᠤ ᠬᠠᠤᠯᠢᠴᠢ ᠵᠢᠨ ᠳᠦᠷᠢᠮ᠎ᠢ ᠬᠡᠷᠡᠭᠵᠢᠭᠦᠯᠪᠡ; ᠬᠠᠤᠯᠢ᠎ᠪᠠᠷ ᠵᠠᠰᠠᠬᠤ ᠭᠠᠶ᠋ᠢᠯᠢ ᠵᠢᠨ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠪᠡ; ᠥᠭᠡᠷᠡᠴᠢᠯᠡᠯᠲᠡ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠥᠭᠡᠷᠡᠴᠢᠯᠡᠯᠲᠡ ᠵᠢ ᠣᠢ᠌ᠯᠭ᠋ᠠᠬᠤ ᠬᠡᠮᠵᠢᠶ᠎ᠡ ᠪᠣᠯᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠥᠲᠥᠯᠥᠭᠴᠢ᠄
ᠡᠨᠡ ᠵᠢᠯ ᠮᠠᠨ᠎ᠤ ᠥᠪᠥᠷ ᠮᠣᠩᠭᠣᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠨᠢ ᠡᠯ᠎ᠡ ᠵᠦᠢ᠍ᠯ᠎ᠤᠨ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠰᠠᠶ᠋ᠢᠲᠤᠷ ᠨᠠᠶ᠋ᠢᠳᠠᠪᠤᠷᠢᠵᠢᠭᠤᠯᠬᠤ᠎ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠤᠢ?
ᠲᠠᠨ ᠾᠸᠩ᠄
ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠠᠴᠠ ᠴᠢᠬᠤᠯᠠᠴᠢᠯᠠᠭᠰᠠᠨ᠎ᠨᠢ᠂ 2017 ᠣᠨ᠎ᠳᠤ ᠠᠵᠤ ᠠᠬᠤᠶ᠋ᠢᠯᠠᠯ᠎ᠤᠨ ᠭᠠᠶ᠋ᠢᠯᠢ ᠵᠢᠨ ᠳᠠᠷᠤᠭ᠋ᠠᠰᠤ ᠵᠢ ᠬᠦᠩᠭᠡᠷᠡᠭᠦᠯᠬᠦ ᠬᠡᠷᠡᠭᠲᠡᠢ ᠭᠡᠪᠡ᠃ ᠪᠦᠭᠦ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠠᠵᠢᠯ᠎ᠤᠨ ᠬᠤᠷᠠᠯᠳᠤᠭ᠋ᠠᠨ᠎ᠠᠴᠠ᠂ ᠡᠯ᠎ᠡ ᠱᠠᠲᠤᠨ᠎ᠤ ᠭᠠᠶ᠋ᠢᠯᠢ ᠵᠢᠨ ᠶᠠᠪᠤᠳᠠᠯ᠎ᠤᠨ ᠪᠠᠢ᠌ᠭᠤᠯᠭ᠎ᠠ᠎ᠨᠤᠭᠤᠳ ᠬᠠᠤᠯᠢ ᠶᠣᠰᠣᠭ᠋ᠠᠷ ᠭᠠᠶ᠋ᠢᠯᠢ ᠲᠠᠲᠠᠪᠤᠷᠢᠯᠠᠵᠤ᠂ 《ᠬᠡᠳᠤ ᠭᠠᠶ᠋ᠢᠯᠢ》 ᠲᠠᠲᠠᠪᠤᠷᠢᠯᠠᠵᠦ ᠤᠭᠲᠤ ᠪᠣᠯᠬᠣ ᠦᠭᠡᠢ᠂ ᠭᠠᠶ᠋ᠢᠯᠢ ᠵᠢ ᠬᠠᠰᠤᠵᠤ ᠬᠡᠯᠲᠡᠷᠢᠭᠦᠯᠬᠦ ᠵᠢ ᠡᠷᠡᠰ ᠨᠠᠶ᠋ᠢᠳᠠᠪᠤᠷᠢᠵᠢᠭᠤᠯᠵᠤ᠂ ᠭᠠᠶ᠋ᠢᠯᠢ᠎ᠠᠴᠠ ᠵᠠᠢ᠌ᠯᠠᠬᠤ ᠭᠠᠶ᠋ᠢᠯᠢ ᠮᠡᠬᠡᠯᠡᠬᠦ ᠠᠵᠢᠯᠯᠠᠭ᠎ᠠ᠎ᠳᠤ ᠡᠷᠡᠰ ᠴᠣᠬᠢᠯᠲᠠ ᠥᠭᠬᠦ ᠬᠡᠷᠡᠭᠲᠡᠶ ᠭᠡᠵᠦ ᠱᠠᠭ᠋ᠠᠷᠳᠠᠪᠠ᠃ ᠦᠢ᠍ᠷ᠎ᠠ ᠵᠢᠨ ᠡᠳᠦᠷ᠂ ᠪᠢᠳᠡ ᠪᠦᠬᠦ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠠᠵᠢᠯ᠎ᠤᠨ ᠬᠤᠷᠠᠯ ᠬᠢᠵᠦ᠂ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠦᠭᠡᠷᠡᠴᠢᠯᠡᠬᠦ ᠲᠦᠷᠦ ᠵᠢᠨ ᠪᠤᠳᠤᠯᠭ᠎ᠠ ᠵᠢᠨ 《ᠶᠡᠬᠡ ᠬᠠᠪᠰᠤᠷᠤᠨ ᠵᠢᠯᠤᠭᠤᠳᠤᠯᠭ᠎ᠠ》 ᠵᠢ ᠭᠦᠨᠵᠡᠭᠡᠶ ᠥᠷᠨᠢᠭᠦᠯᠵᠦ᠂ ᠬᠠᠨᠳᠤᠯᠭ᠋ᠠᠲᠤ ᠴᠢᠨᠠᠷᠲᠠᠶ᠎ᠪᠠᠷ ᠭᠠᠶ᠋ᠢᠯᠢ ᠲᠤᠰᠢᠶᠠᠭᠴᠢ ᠵᠢ ᠬᠠᠪᠰᠤᠷᠤᠨ ᠲᠤᠯᠭ᠋ᠠᠨ ᠬᠠᠰᠤᠬᠤ ᠲᠦᠷᠦ ᠵᠢᠨ ᠪᠤᠳᠤᠯᠭ᠎ᠠ ᠵᠢ ᠰᠠᠶ᠋ᠢᠲᠤᠷ ᠬᠡᠷᠡᠭᠯᠡᠭᠦᠯᠵᠦ᠂ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢᠨ 《ᠠᠰᠢᠭ ᠣᠷᠣᠯᠭ᠎ᠠ》 ᠵᠢ ᠨᠡᠩ ᠰᠠᠢ᠌ᠨ ᠡᠳ᠋ᠯᠡᠭᠦᠯᠦᠨ᠎ᠡ᠃ 2017 ᠣᠨ᠎ᠤ 《ᠭᠠᠢ᠌ᠯᠢ ᠲᠤᠰᠢᠶᠠᠭᠴᠢ᠎ᠳᠤ ᠳᠥᠭᠦᠮ ᠦᠵᠡᠭᠦᠯᠬᠦ ᠬᠠᠪᠤᠷ᠎ᠤᠨ ᠰᠠᠯᠬᠢᠨ ᠠᠵᠢᠯᠯᠠᠭ᠎ᠠ》 ᠵᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠠᠶ᠋ᠢᠯᠢ ᠲᠤᠰᠢᠶᠠᠭᠴᠢ᠎ᠳᠤ 《ᠶᠡᠬᠡ᠎ᠪᠠᠷ ᠦᠢ᠍ᠯᠡᠴᠢᠯᠡᠬᠦ》 ᠵᠢ ᠬᠦᠴᠦᠯᠡᠨ ᠰᠢᠯᠢᠳᠡᠭᠵᠢᠭᠦᠯᠵᠦ᠂ ᠠᠷᠠᠳ᠎ᠲᠤ ᠳᠥᠭᠥᠮ ᠦᠵᠡᠭᠦᠯᠬᠦ ᠠᠷᠭ᠎ᠠ ᠬᠢᠳᠡᠯ᠎ᠢ ᠢᠯᠡᠭᠦᠬᠡᠨ ᠠᠪᠴᠤ᠂ ᠠᠷᠠᠳ᠎ᠲᠤ ᠠᠰᠢᠭᠲᠠᠶ ᠠᠷᠭ᠎ᠠ ᠪᠤᠳᠤᠯᠭ᠎ᠠ ᠵᠢ ᠢᠯᠡᠭᠦᠬᠡᠨ ᠬᠡᠷᠡᠭᠵᠢᠭᠦᠯᠵᠦ᠂ ᠭᠠᠶ᠋ᠢᠯᠢ ᠲᠤᠰᠢᠶᠠᠭᠴᠢᠳ᠎ᠤᠨ ᠬᠦᠷᠲᠡᠮᠵᠢᠲᠦ ᠲᠦᠷᠦᠭᠳᠡᠯ ᠪᠣᠯᠤᠨ ᠲᠠᠭ᠋ᠠᠰᠢᠶᠠᠯ᠎ᠤᠨ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠦᠨ᠎ᠡ᠃ 4 ᠳ᠋ᠦ᠍ᠭᠡᠷ ᠰᠠᠷ᠎ᠠ᠎ᠳᠤ ᠪᠣᠯᠬᠣ 26 ᠳ᠋ᠤᠭ᠋ᠠᠷ ᠤᠳᠠᠭ᠎ᠠ ᠵᠢᠨ ᠪᠦᠬᠦ ᠤᠯᠤᠰ᠎ᠤᠨ ᠭᠠᠶ᠋ᠢᠯᠢ ᠲᠠᠲᠠᠪᠤᠷᠢ ᠵᠢᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠰᠠᠶ᠋ᠢᠲᠤᠷ ᠦᠷᠨᠢᠭᠦᠯᠵᠦ᠂ ᠰᠢᠨ᠎ᠡ ᠨᠢᠭᠡᠨ ᠡᠭᠡᠯᠵᠢ ᠵᠢᠨ ᠭᠠᠶ᠋ᠢᠯᠢ ᠲᠠᠲᠠᠪᠤᠷᠢ ᠵᠢᠨ 《ᠶᠡᠬᠡ ᠤᠬᠠᠭᠤᠯᠭ᠎ᠠ》 ᠵᠢ ᠦᠷᠨᠢᠭᠦᠯᠵᠦ᠂ ᠢᠯᠠᠩᠭᠤᠶ᠎ᠠ ᠭᠠᠶ᠋ᠢᠯᠢ ᠲᠠᠲᠠᠪᠤᠷᠢ ᠵᠢᠨ ᠲᠠᠲᠠᠪᠤᠷᠢᠯᠠᠨ ᠬᠠᠮᠢᠶᠠᠷᠬᠤ ᠪᠠᠶ᠋ᠢᠭᠤᠯᠤᠯ᠎ᠤᠨ ᠥᠭᠡᠷᠡᠴᠢᠯᠡᠯᠲᠡ ᠪᠣᠯᠣᠨ ᠭᠠᠶ᠋ᠢᠯᠢ ᠬᠠᠰᠤᠵᠤ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢᠴᠢ ᠲᠡᠭᠦᠨ᠎ᠤ ᠲᠤᠤᠱᠯᠠᠭᠤᠯᠵᠤ ᠪᠠᠶ᠋ᠢᠭ᠎ᠠ ᠦᠷ᠎ᠡ ᠪᠦᠲᠦᠮᠵᠢ ᠵᠢᠨ ᠤᠬᠠᠭᠤᠯᠤᠭ᠎ᠠ ᠵᠢ ᠴᠢᠩᠭ᠋ᠠᠳᠬᠠᠵᠦ᠂ ᠭᠠᠶ᠋ᠢᠯᠢ ᠲᠤᠰᠢᠶᠠᠭᠴᠢᠳ᠎ᠲᠤ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ ᠵᠢᠴᠢ ᠠᠵᠢᠯᠯᠠᠭ᠋ᠠᠨ᠎ᠤ ᠠᠷᠭ᠎ᠠ ᠵᠢ ᠨᠡᠩ ᠰᠠᠢ᠌ᠨ ᠮᠡᠳᠡᠭᠦᠯᠵᠦ᠂ ᠨᠡᠩ ᠣᠯᠠᠨ 《ᠠᠰᠢᠭ ᠣᠷᠣᠯᠭ᠎ᠠ》 ᠬᠦᠷᠲᠡᠭᠡᠨ᠎ᠡ᠃ ᠪᠠᠭᠴᠠᠯᠠᠭ᠋ᠠᠳ ᠬᠡᠯᠡᠪᠡᠯ᠄ ᠪᠢᠳᠡ ᠬᠠᠷᠢᠯᠴᠠᠨ ᠣᠶ᠋ᠢᠯᠠᠭ᠋ᠠᠯᠴᠠᠬᠤ ᠤᠬᠠᠮᠰᠠᠷ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ 《ᠰᠢᠰᠲ᠋ᠧᠮ᠎ᠤᠨ ᠬᠤᠷᠠᠮᠠᠯ》᠎ᠢ ᠨᠡᠩ ᠴᠢᠬᠣᠯᠠᠴᠢᠯᠠᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠠᠵᠢᠯ᠎ᠤᠨ ᠡᠯ᠎ᠡ ᠵᠦᠢᠯ᠎ᠤᠨ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠣᠢ ᠵᠢ ᠤᠭᠲᠤᠨ ᠪᠡᠯᠭᠡᠯᠡᠨ᠎ᠡ᠃
ᠬᠥᠲᠥᠯᠥᠭᠴᠢ᠄
ᠵᠠ ᠰᠠᠢ᠌ᠨ ᠪᠣᠯᠣᠯ᠎ᠠ᠂ ᠲᠠᠨ᠎ᠤ ᠲᠠᠢ᠌ᠯᠤᠮᠵᠢ ᠬᠢᠭᠰᠡᠨ᠎ᠳᠤ ᠲᠤᠩ ᠲᠠᠯᠠᠷᠬᠠᠵᠤ ᠪᠠᠶ᠋ᠢᠨ᠎ᠠ᠂ ᠰᠦᠯᠵᠢᠶᠡᠨ᠎ᠤ ᠠᠨᠳᠠ ᠨᠠᠷ᠎ᠤᠨ ᠣᠷᠣᠯᠴᠠᠭᠰᠠᠨ᠎ᠳᠤ ᠴᠤ᠌ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠳ᠋ᠤᠭ᠋ᠠᠷ᠎ᠲᠤ ᠪᠠᠶᠠᠷᠲᠠᠶ ᠵᠣᠯᠭ᠋ᠠᠶ᠎ᠠ!

ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠤᠪᠴᠢᠶ᠎ᠠ ᠵᠢᠨ ᠡᠷᠬᠢᠯᠡᠭᠰᠡᠨ ᠪᠦᠬᠦ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠠᠵᠢᠯ᠎ᠤᠨ ᠬᠤᠷᠠᠯ

ᠲᠠᠨ ᠾᠸᠩ ᠲᠤᠪᠴᠢᠶᠠᠨ ᠲᠠᠷᠤᠭ᠎ᠠ ᠠᠵᠤ ᠠᠬᠤᠢ᠌ᠯᠠᠯ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ ᠪᠠᠢ᠌ᠭ᠎ᠠ᠎ᠨᠢ