ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ 《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠨᠢ ᠠᠳᠠᠯ ᠦᠢᠯᠡᠰ ᠴᠣᠭᠴᠠᠯᠠᠭᠴᠢ᠎ᠳᠤ ᠪᠦᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠵᠤ ᠪᠣᠢ
ᠨᠡᠶ᠋ᠢᠲᠡᠯᠡᠭᠰᠡᠨ ᠴᠠᠭ᠄ 2017-03-28



      ᠰᠤᠷᠪᠤᠯᠵᠢᠯᠠᠭᠰᠠᠨ ᠴᠠᠭ᠄

     2017 ᠣᠨ᠎ᠤ 3 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠣᠴᠢᠨ᠄

      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠯᠢᠦ ᠬᠤᠤ ᠱᠧᠩ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄

     《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠰᠠᠶ᠋ᠢᠬᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠡᠭᠦᠳᠦᠨ ᠪᠠᠢ᠌ᠭᠤᠯᠤᠭᠰᠠᠨ᠂ ᠵᠠᠰᠠᠭ᠎ᠤᠨ ᠣᠷᠳᠣᠨ ᠵᠶ᠋ᠠᠷ ᠵᠢᠯᠣᠭᠣᠳᠤᠮᠵᠢ ᠪᠣᠯᠭ᠋ᠠᠵᠤ᠂ ᠠᠵᠤ ᠠᠬᠤᠶ᠋ᠢᠯᠠᠯ ᠵᠶ᠋ᠠᠷ ᠭᠣᠣᠯ ᠤᠳᠤᠷᠢᠳᠤᠮᠵᠢ ᠪᠣᠯᠭ᠋ᠠᠭᠰᠠᠨ 《1 + 1 + 1》 (《ᠢᠨᠲᠸᠷ ᠰᠦᠯᠵᠢᠶ᠎ᠡ +᠂ ᠨᠢᠭᠡ ᠤᠶᠤᠨ᠎ᠤ ᠬᠥᠮᠥᠷᠭᠡ᠂ ᠨᠢᠭᠡ ᠬᠦᠷᠢᠶᠡᠯᠡᠩ ᠲᠣᠭᠣᠷᠢᠭ)᠎ᠳᠤ ᠲᠦᠰᠢᠭᠯᠡᠨ᠂ 《ᠤᠯᠠᠨ ᠵᠶ᠋ᠠᠷ ᠵᠶ᠋ᠠᠨ ᠡᠭᠦᠳᠬᠦ᠂ ᠤᠯᠠᠨ ᠨᠡᠶ᠋ᠢᠲᠡ᠎ᠳᠤ ᠳᠠᠭ᠋ᠠᠭ᠋ᠠᠴᠢᠯᠠᠭᠤᠯᠬᠤ᠂ ᠤᠯᠠᠨ ᠵᠶ᠋ᠠᠷ ᠵᠶ᠋ᠠᠨ ᠳᠡᠮᠵᠢᠯᠴᠡᠬᠦ᠂ ᠤᠯᠠᠨ ᠵᠶ᠋ᠠᠷ ᠵᠶ᠋ᠠᠨ ᠴᠤᠭᠯᠠᠭᠤᠯᠬᠤ》 ᠵᠠᠭᠪᠤᠷ᠎ᠢ ᠬᠡᠷᠡᠭᠯᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ ᠪᠣᠯᠤᠨ ᠪᠤᠰᠤᠳ ᠡᠯᠧᠮᠧᠨ᠋ᠲ᠎ᠤᠨ ᠵᠠᠬ᠎ᠠ ᠳᠡᠯᠭᠡᠭᠦᠷ᠎ᠢ ᠲᠠᠰᠤᠷᠠᠭ᠎ᠠ ᠦᠭᠡᠶ ᠡᠮᠬᠢᠯᠡᠨ ᠨᠡᠶ᠋ᠢᠯᠡᠭᠦᠯᠵᠦ᠂ ᠪᠦᠭᠦ ᠡᠯᠧᠮᠧᠨ᠋ᠲ᠂ ᠥᠪᠡᠷ᠎ᠤᠨ ᠦᠷᠳᠡᠭ ᠳᠣᠣᠷ᠎ᠠ᠂ ᠳᠥᠭᠥᠮ ᠳᠥᠲᠡ᠂ ᠨᠡᠭᠡᠭᠡᠯᠲᠡᠲᠦ ᠬᠡᠯᠪᠡᠷᠢ ᠵᠢᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ ᠪᠣᠯᠣᠨ᠎ᠠ᠃ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠯᠢᠦ ᠬᠤᠤ ᠱᠧᠩ᠎ᠢ ᠰᠦᠯᠵᠢᠶᠡᠨ᠎ᠳᠤ ᠤᠷᠢᠵᠤ ᠲᠠ ᠪᠦᠬᠦᠨ᠎ᠲᠠᠢ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠤᠨ ᠲᠣᠬᠠᠢ ᠶᠠᠷᠢᠯᠴᠠᠭᠤᠯᠬᠤ᠎ᠪᠠᠷ ᠪᠣᠯᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠤᠷᠤᠯᠴᠠᠬᠤ ᠪᠣᠯᠪᠠᠤ᠃


                ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ!   ᠲᠠᠨ ᠪᠦᠬᠦᠨ᠎ᠤ 《ᠳᠤᠮᠳᠠᠳᠤ ᠤᠯᠤᠰ᠎ᠤᠨ ᠥᠪᠥᠷ ᠮᠣᠩᠭᠣᠯ》 ᠵᠠᠰᠠᠭ᠎ᠤᠨ ᠣᠷᠳᠣᠨ᠎ᠤ ᠰᠦᠯᠵᠢᠶ᠎ᠡ ᠵᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠯᠢᠦ ᠬᠤᠤ ᠱᠧᠩ᠎ᠢ ᠰᠦᠯᠵᠢᠶᠡᠨ᠎ᠳᠤ ᠤᠷᠢᠵᠤ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠤᠨ ᠲᠣᠬᠠᠢ ᠲᠠ ᠪᠦᠬᠦᠨ᠎ᠲᠠᠢ ᠶᠠᠷᠢᠯᠴᠠᠭᠤᠯᠬᠤ ᠪᠥᠭᠡᠳ ᠰᠦᠯᠵᠢᠶᠡᠨ ᠠᠨᠳᠠ ᠨᠡᠷ᠎ᠤᠨ ᠠᠰᠠᠭᠤᠯᠲᠠ ᠵᠢ ᠬᠠᠷᠢᠭᠤᠯᠬᠤ᠎ᠪᠠᠷ ᠪᠣᠯᠣᠯ᠎ᠠ᠃
      ᠯᠢᠦ ᠬᠤᠤ ᠱᠧᠩ᠄
      ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ ᠠᠨᠳᠠ ᠨᠠᠷ ᠰᠠᠶ᠋ᠢᠨ ᠪᠠᠢ᠌ᠨ᠎ᠠ ᠦᠦ! ᠡᠨᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃ ᠡᠨᠡ ᠬᠦ᠌ ᠲᠠᠰᠢᠷᠠᠮ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠡᠮᠦᠨ᠎ᠡ᠎ᠠᠴᠠ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠠᠵᠢᠯ᠎ᠳᠤ ᠢᠮᠠᠭᠲᠠ ᠰᠡᠳᠬᠢᠯ ᠲᠠᠯᠪᠢᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃
      ᠬᠥᠲᠥᠯᠥᠭᠴᠢ᠄
      ᠮᠠᠨ᠎ᠤ ᠣᠶ᠋ᠢᠯᠠᠭ᠋ᠠᠵᠤ ᠮᠡᠳᠡᠭᠰᠡᠨ ᠵᠶ᠋ᠠᠷ᠂ ᠮᠠᠨ᠎ᠤ ᠣᠷᠣᠨ᠎ᠤ ᠡᠭᠦᠳᠦᠨ ᠪᠠᠶ᠋ᠢᠭᠤᠯᠤᠭᠰᠠᠨ ᠪᠦᠬᠦ ᠤᠯᠤᠰ᠎ᠤᠨ ᠠᠩᠬᠠᠳᠠᠭᠴᠢ ᠮᠤᠵᠢ ᠵᠢᠨ ᠳᠡᠰ᠎ᠤᠨ 《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠨᠢ 《2016 ᠣᠨ᠎ᠤ ᠳᠤᠮᠳᠠᠳᠤ ᠤᠯᠤᠰ᠎ᠤᠨ ᠠᠵᠢᠯ ᠣᠯᠭᠣᠯᠲᠠ ᠵᠢᠨ ᠠᠷᠪᠠᠨ ᠶᠡᠬᠡ ᠶᠠᠪᠤᠳᠠᠯ ᠵᠢᠴᠢ ᠣᠷᠣᠨ ᠨᠤᠲᠤᠭ᠎ᠤᠨ ᠠᠵᠢᠯ   ᠣᠯᠭᠣᠬᠤ ᠰᠢᠨ᠎ᠡ ᠵᠢ ᠡᠭᠦᠳᠦᠭᠰᠡᠨ ᠶᠠᠪᠤᠳᠠᠯ》 ᠵᠶ᠋ᠡᠷ ᠦᠨᠡᠯᠡᠭᠳᠡᠪᠡ᠂ ᠲᠠ ᠡᠨᠡᠬᠦ ᠵᠠᠬ᠎ᠠ ᠳᠡᠯᠭᠡᠭᠦᠷ᠎ᠢ ᠪᠦᠲᠦᠭᠡᠨ ᠪᠠᠢ᠌ᠭᠤᠯᠤᠭᠰᠠᠨ ᠡᠭᠦᠰᠦᠴᠡ ᠵᠢ ᠮᠠᠨ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
      ᠯᠢᠦ ᠬᠤᠤ ᠱᠧᠩ᠄
      ᠨᠠᠷᠢᠨ ᠬᠢᠨᠠᠮᠠᠭ᠋ᠠᠶ ᠪᠠᠶ᠋ᠢᠴᠠᠭ᠋ᠠᠨ ᠰᠤᠳᠤᠯᠤᠯᠲᠠ ᠬᠢᠬᠦ᠎ᠪᠠᠷ ᠳᠠᠮᠵᠢᠭ᠋ᠠᠳ᠂ ᠪᠢᠳᠠ ᠭᠦᠨᠵᠡᠭᠡᠶ ᠣᠢ᠌ᠯᠠᠭ᠋ᠠᠯᠲᠠ᠎ᠲᠠᠢ ᠪᠣᠯᠪᠠ᠄ ᠨᠢᠭᠡ᠎ᠳᠤ ᠠᠳᠠᠯ ᠦᠢᠯᠡᠰ ᠴᠣᠭᠴᠠᠯᠠᠬᠤ ᠬᠦᠷᠢᠶᠡᠯᠡᠩ᠎ᠢ ᠪᠦᠲᠦᠭᠡᠨ ᠪᠠᠢ᠌ᠭᠤᠯᠬᠤ᠎ᠳᠤ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃ ᠵᠠᠰᠠᠭ᠎ᠤᠨ ᠣᠷᠳᠣᠨ ᠪᠣᠯ ᠠᠳᠠᠯ ᠦᠢ᠍ᠯᠡᠰ ᠴᠣᠭᠴᠠᠯᠠᠬᠤ ᠵᠢ ᠲᠡᠳᠬᠦᠬᠦ ᠬᠠᠷᠠᠭ᠋ᠠᠯᠵᠠᠯᠲᠤ ᠳᠦᠷᠦ ᠵᠢᠨ ᠪᠤᠳᠤᠯᠭ᠎ᠠ ᠲᠣᠭᠲᠠᠭ᠋ᠠᠭᠴᠢ ᠪᠣᠯᠣᠨ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠭᠴᠢ ᠮᠥᠨ᠂ ᠠᠵᠤ ᠠᠬᠤᠶ᠋ᠢᠯᠠᠯ᠎ᠨᠢ ᠵᠠᠬ᠎ᠠ ᠳᠡᠯᠭᠡᠭᠦᠷ᠎ᠤᠨ ᠲᠣᠭᠲᠠᠴᠠ᠎ᠪᠠᠷ ᠠᠳᠠᠯ ᠦᠢᠯᠡᠰ ᠴᠣᠭᠴᠠᠯᠠᠬᠤ ᠬᠦᠷᠢᠶᠡᠯᠡᠩ᠎ᠢ ᠡᠵᠡᠩᠨᠡᠬᠦ᠎ᠨᠢ ᠵᠠᠰᠠᠭ᠎ᠤᠨ ᠣᠷᠳᠣᠨ ᠣᠷᠣᠨ ᠵᠠᠶ ᠣᠯᠭᠣᠬᠤ᠂ ᠵᠠᠬ᠎ᠠ ᠳᠡᠯᠭᠡᠭᠦᠷ᠎ᠠᠴᠠ ᠴᠢᠳᠠᠮᠵᠢ ᠬᠠᠩᠭ᠋ᠠᠬᠤ᠂ ᠵᠠᠰᠠᠭ᠎ᠤᠨ ᠣᠷᠳᠣᠨ ᠣᠷᠣᠬᠤ ᠡᠭᠦᠳᠡ ᠨᠡᠭᠡᠭᠡᠬᠦ᠂ ᠵᠠᠬ᠎ᠠ ᠳᠡᠯᠭᠡᠭᠦᠷ ᠭᠠᠷᠬᠤ ᠡᠭᠦᠳᠡ ᠨᠡᠭᠡᠭᠡᠬᠦ᠂ ᠵᠠᠰᠠᠭ᠎ᠤᠨ ᠣᠷᠳᠣᠨ ᠣᠷᠴᠢᠨ ᠲᠣᠭᠣᠷᠢᠨ ᠣᠯᠭᠣᠬᠤ᠂ ᠵᠠᠬ᠎ᠠ ᠳᠡᠯᠭᠡᠭᠦᠷ ᠠᠭᠤᠯᠤᠭᠳᠠᠬᠤᠨ ᠬᠠᠩᠭ᠋ᠠᠬᠤ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ ᠬᠣᠶᠠᠷ ᠲᠠᠯ᠎ᠠ᠎ᠠᠴᠠ ᠬᠦᠴᠦᠯᠡᠵᠦ᠂ ᠠᠳᠠᠯ ᠦᠢ᠍ᠯᠡᠰ ᠴᠣᠭᠴᠠᠯᠠᠬᠤ ᠬᠦᠷᠢᠶᠡᠯᠡᠩ᠎ᠤᠨ ᠬᠥᠭᠵᠢᠯᠲᠡ ᠵᠢᠨ ᠦᠷᠭᠦᠯᠵᠢᠯᠡᠬᠦ ᠴᠢᠨᠠᠷ᠎ᠢ ᠨᠡᠩ ᠢᠯᠡᠭᠦᠦ ᠨᠡᠮᠡᠭᠳᠡᠭᠦᠯᠬᠦ ᠪᠣᠯᠣᠨ᠎ᠠ; ᠬᠣᠶᠠᠷ᠎ᠲᠤ ᠠᠳᠠᠯ ᠦᠢ᠍ᠯᠡᠰ ᠴᠣᠭᠴᠠᠯᠠᠬᠤ᠎ᠳᠤ ᠲᠤᠰᠠᠯᠠᠬᠤ 《ᠳᠥᠷᠪᠡᠨ ᠣᠯᠠᠨ》 ᠲᠠᠪᠴᠠᠩ᠎ᠢ ᠡᠮᠬᠢᠯᠡᠨ ᠨᠡᠢ᠌ᠯᠡᠭᠦᠯᠬᠦ ᠴᠢᠬᠤᠯᠠᠲᠠᠶ ᠶᠤᠮ᠃ ᠥᠨᠥ ᠵᠢᠨ ᠴᠠᠭ ᠦᠶ᠎ᠡ᠎ᠳᠤ᠂ ᠢᠨᠲᠸᠷ ᠰᠦᠯᠵᠢᠶ᠎ᠡ᠎ᠨᠢ ᠤᠰᠤ᠂ ᠴᠠᠬᠢᠯᠭ᠋ᠠᠨ᠂ ᠭᠠᠵᠠᠷ ᠰᠢᠷᠣᠶ᠎ᠲᠠᠢ ᠠᠳᠠᠯᠢ᠎ᠪᠠᠷ ᠦᠢ ᠣᠯᠠᠨ ᠵᠶ᠋ᠠᠷ ᠵᠶ᠋ᠠᠨ ᠠᠳᠠᠯ ᠦᠢᠯᠡᠰ ᠴᠣᠭᠴᠠᠯᠠᠬᠤ᠎ᠳᠤ ᠳᠤᠲᠠᠭᠳᠠᠵᠤ ᠪᠣᠯᠤᠰᠢ ᠦᠭᠡᠢ ᠴᠢᠬᠤᠯᠠ ᠬᠦᠴᠦᠨ ᠵᠦᠢ᠍ᠯ ᠪᠣᠯᠵᠤ᠂ ᠤᠯᠠᠨ ᠵᠶ᠋ᠠᠷ ᠵᠶ᠋ᠠᠨ ᠡᠭᠦᠳᠬᠦ᠂ ᠤᠯᠠᠨ ᠨᠡᠶ᠋ᠢᠲᠡ᠎ᠳᠤ ᠳᠠᠭ᠋ᠠᠭ᠋ᠠᠴᠢᠯᠠᠭᠤᠯᠬᠤ᠂ ᠤᠯᠠᠨ ᠵᠶ᠋ᠠᠷ ᠵᠶ᠋ᠠᠨ ᠳᠡᠮᠵᠢᠯᠴᠡᠬᠦ᠂ ᠤᠯᠠᠨ ᠠᠷᠭ᠎ᠠ᠎ᠪᠠᠷ ᠪᠡᠯᠡ ᠴᠤᠭᠯᠠᠭᠤᠯᠬᠤ ᠵᠡᠷᠭᠡ 《ᠢᠨᠲᠸᠷ ᠰᠦᠯᠵᠢᠶ᠎ᠡ +》 ᠵᠢᠨ ᠵᠠᠭᠪᠤᠷ᠎ᠨᠢ ᠨᠢᠭᠡᠨᠲᠡ ᠤᠯᠤᠰ᠎ᠤᠨ ᠭᠣᠣᠯ ᠳᠡᠯᠭᠡᠷᠡᠭᠦᠯᠬᠦ ᠠᠳᠠᠯ ᠦᠢ᠍ᠯᠡᠰ ᠴᠣᠭᠴᠠᠯᠠᠬᠤ ᠲᠤᠰᠠᠯᠠᠮᠵᠢ ᠲᠠᠪᠴᠠᠩ ᠪᠣᠯᠵᠤ ᠪᠠᠢ᠌ᠨ᠎ᠠ᠃ ᠣᠳᠣᠬᠠᠨ᠎ᠳᠤ ᠮᠠᠨ᠎ᠤ ᠣᠷᠣᠨ᠎ᠤ 《ᠳᠥᠷᠪᠡᠨ ᠣᠯᠠᠨ》᠎ᠤ ᠲᠠᠪᠴᠠᠩ᠎ᠤᠨ ᠣᠯᠠᠩᠬᠢ᠎ᠨᠢ ᠲᠠᠷᠠᠬᠠᠶ ᠪᠤᠲᠠᠷᠬᠠᠶ ᠭᠠᠭᠴᠠᠭ᠋ᠠᠷᠳᠠᠮᠠᠯ ᠪᠠᠢ᠌ᠵᠤ᠂ ᠵᠠᠬ᠎ᠠ ᠳᠡᠯᠭᠡᠭᠦᠷ᠎ᠤᠨ ᠲᠣᠭᠲᠠᠴᠠ᠎ᠪᠠᠷ ᠡᠮᠬᠢᠯᠡᠨ ᠨᠡᠢ᠌ᠯᠡᠭᠦᠯᠬᠦ ᠴᠢᠬᠤᠯᠠᠲᠠᠶ ᠪᠠᠢ᠌ᠬᠤ ᠪᠦᠭᠡᠳ ᠡᠭᠦᠨ᠎ᠤ ᠤᠯᠠᠮ ᠵᠶ᠋ᠡᠷ ᠲᠡᠭᠦᠨ᠎ᠤ ᠶᠡᠷᠦᠩᠬᠡᠶ᠋ᠢᠯᠡᠭᠰᠡᠨ ᠦᠢ᠍ᠯᠡᠳᠦᠯ᠎ᠢ᠎ᠨᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ ᠪᠠᠢ᠌ᠨ᠎ᠠ; ᠭᠤᠷᠪᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ ᠪᠣᠯ ᠳᠥᠷᠪᠡᠨ ᠣᠯᠠᠨ ᠵᠶ᠋ᠡᠷ ᠠᠳᠠᠯ ᠦᠢ᠍ᠯᠡᠰ ᠴᠣᠭᠴᠠᠯᠠᠬᠤ ᠵᠢᠨ ᠭᠣᠣᠯ ᠲᠤᠯᠭ᠋ᠠᠭᠤᠷᠢ ᠮᠥᠨ᠃ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ ᠪᠣᠯ ᠠᠳᠠᠯ ᠦᠢ᠍ᠯᠡᠰ ᠴᠣᠭᠴᠠᠯᠠᠬᠤ ᠠᠵᠢᠯᠯᠭ᠎ᠠ ᠳᠤᠮᠳᠠ ᠶᠠᠭᠤᠨ᠎ᠤ ᠡᠮᠦᠨ᠎ᠡ ᠪᠠᠳᠠᠷᠠᠬᠤ ᠪᠥᠭᠡᠳ ᠥᠨᠢ ᠡᠭᠦᠷᠢᠳᠡ ᠦᠷᠭᠦᠯᠵᠢᠯᠡᠨ ᠳᠠᠭ᠋ᠠᠬᠤ ᠦᠢ᠍ᠯᠡᠳᠪᠦᠷᠢᠯᠡᠯ᠎ᠤᠨ ᠴᠢᠬᠤᠯᠠ ᠡᠯᠧᠮᠧᠨ᠋ᠲ ᠵᠢᠨ ᠵᠠᠬ᠎ᠠ ᠳᠡᠯᠭᠡᠭᠦᠷ ᠮᠥᠨ᠂ ᠪᠤᠰᠤᠳ ᠡᠯᠧᠮᠧᠨ᠋ᠲ᠎ᠤᠨ ᠵᠠᠬ᠎ᠠ ᠳᠡᠯᠭᠡᠭᠦᠷ᠎ᠯᠤᠭ᠎ᠠ ᠵᠢᠨ ᠨᠡᠶ᠋ᠢᠯᠡᠯ᠎ᠢ ᠠᠬᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠯᠦᠭᠡᠯᠡᠪᠡᠯ᠂ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠨ᠎ᠪᠠᠷ ᠵᠶ᠋ᠠᠨ ᠰᠢᠨ᠎ᠡ ᠵᠢ ᠡᠭᠦᠳᠬᠦ ᠵᠢ ᠨᠡᠩ ᠰᠠᠶ᠋ᠢᠲᠤᠷ ᠲᠦᠯᠬᠢᠨ ᠠᠬᠢᠭᠤᠯᠵᠤ ᠴᠢᠳᠠᠨ᠎ᠠ᠃ ᠳᠡᠭᠡᠷᠡᠬᠢ ᠵᠦᠢ᠍ᠯ᠎ᠳᠤ ᠰᠠᠭᠤᠷᠢᠯᠠᠨ᠂ ᠮᠠᠨ᠎ᠤ ᠣᠷᠣᠨ ᠪᠦᠬᠦ ᠤᠯᠤᠰ᠎ᠤᠨ ᠠᠩᠬᠠᠳᠠᠭᠴᠢ ᠪᠦᠭᠦ ᠡᠯᠧᠮᠧᠨ᠋ᠲ᠂ ᠳᠥᠭᠥᠮ ᠳᠥᠲᠡ᠂ ᠥᠪᠡᠷ᠎ᠤᠨ ᠦᠷᠳᠡᠭ ᠳᠣᠣᠷ᠎ᠠ᠂ ᠨᠡᠭᠡᠭᠡᠯᠲᠡᠲᠦ ᠬᠡᠯᠪᠡᠷᠢ ᠵᠢᠨ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠢ ᠡᠭᠦᠳᠦᠨ ᠪᠠᠢ᠌ᠭᠤᠯᠪᠠ᠃
      ᠬᠦᠲᠦᠯᠦᠭᠴᠢ᠄
     《ᠳᠥᠷᠪᠡᠨ ᠣᠯᠠᠨ》 ᠭᠡᠳᠡᠭ᠎ᠨᠢ ᠠᠯᠢ 《ᠳᠥᠷᠪᠡᠨ ᠣᠯᠠᠨ》᠎ᠢ ᠵᠢᠭ᠋ᠠᠵᠤ ᠪᠠᠢ᠌ᠭ᠎ᠠ ᠪᠤᠢ? ᠬᠡᠷᠬᠢᠨ ᠤᠢ᠌ᠯᠠᠭ᠋ᠠᠪᠠᠯ ᠵᠤᠬᠢᠬᠤ ᠪᠤᠢ?
      ᠯᠢᠦ ᠬᠤᠤ ᠱᠧᠩ᠄
     《ᠳᠥᠷᠪᠡᠨ ᠣᠯᠠᠨ》 ᠭᠡᠳᠡᠭ᠎ᠨᠢ 《ᠤᠯᠠᠨ ᠵᠶ᠋ᠠᠷ ᠵᠶ᠋ᠠᠨ ᠡᠭᠦᠳᠬᠦ᠂ ᠤᠯᠠᠨ ᠨᠡᠶ᠋ᠢᠲᠡ᠎ᠳᠤ ᠳᠠᠭ᠋ᠠᠭ᠋ᠠᠴᠢᠯᠠᠭᠤᠯᠬᠤ᠂ ᠤᠯᠠᠨ ᠵᠶ᠋ᠠᠷ ᠵᠶ᠋ᠠᠨ ᠳᠡᠮᠵᠢᠯᠴᠡᠬᠦ᠂ ᠤᠯᠠᠨ ᠵᠶ᠋ᠠᠷ ᠵᠶ᠋ᠠᠨ ᠪᠡᠯᠡ ᠴᠤᠭᠯᠠᠭᠤᠯᠬᠤ》 ᠲᠠᠪᠴᠠᠩ᠎ᠢ ᠵᠢᠭ᠋ᠠᠵᠤ ᠪᠠᠢ᠌ᠨ᠎ᠠ᠃ 《ᠳᠥᠷᠪᠡᠨ ᠣᠯᠠᠨ》 ᠵᠠᠬ᠎ᠠ ᠳᠡᠯᠭᠡᠭᠦᠷ᠎ᠤᠨ ᠳᠤᠲᠤᠷ᠎ᠠ᠂ ᠤᠯᠠᠨ ᠵᠶ᠋ᠠᠷ ᠵᠶ᠋ᠠᠨ ᠡᠭᠦᠳᠬᠦ ᠲᠠᠪᠴᠠᠩ ᠪᠤᠯ ᠠᠳᠠᠯ ᠦᠢ᠍ᠯᠡᠰ ᠴᠤᠭᠴᠠᠯᠠᠬᠤ ᠬᠥᠭᠵᠢᠯᠲᠡ ᠵᠢᠨ ᠤᠷᠤᠨ ᠵᠠᠶ ᠪᠤᠯᠤᠨ᠎ᠠ᠃ ᠡᠨᠡ ᠬᠦ᠌ ᠤᠷᠤᠨ ᠵᠠᠢ᠎ᠳᠤ᠂ ᠥᠪᠥᠷ ᠮᠣᠩᠭᠣᠯ᠎ᠤᠨ ᠣᠯᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠳ ᠬᠤᠯᠪᠤᠭ᠋ᠠᠯᠠᠨ ᠤᠯᠠᠨ ᠵᠶ᠋ᠠᠷ ᠵᠶ᠋ᠠᠨ ᠡᠭᠦᠳᠬᠦ ᠲᠠᠪᠴᠠᠩ᠎ᠢ ᠪᠠᠶ᠋ᠢᠭᠤᠯᠵᠤ᠂ ᠡᠨᠡ ᠬᠦ᠌ ᠲᠠᠪᠴᠠᠩ ᠵᠶ᠋ᠠᠷ ᠳᠠᠮᠵᠢᠭᠤᠯᠤᠨ ᠬᠠᠩᠵᠧᠦ᠂ ᠱᠠᠩᠬᠠᠶ᠂ ᠱᠧᠨᠵᠧᠨ ᠵᠡᠷᠭᠡ 200 ᠭᠠᠷᠤᠶ ᠲᠠᠪᠴᠠᠩ᠎ᠯᠤᠭ᠎ᠠ ᠪᠥᠬᠥ ᠨᠡᠶ᠋ᠢᠭᠡᠮ᠎ᠤᠨ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠦᠪᠯᠡᠷᠡᠬᠦᠯᠦᠭᠰᠡᠨ᠎ᠤ ᠬᠠᠮᠲᠤ ᠠᠳᠠᠯ ᠦᠢ᠍ᠯᠡᠰ ᠴᠤᠭᠴᠠᠯᠠᠭᠴᠢᠳ᠎ᠤᠨ ᠠᠳᠠᠯ ᠦᠢ᠍ᠯᠡᠰ ᠴᠣᠭᠴᠠᠯᠠᠬᠤ ᠰᠢᠨ᠎ᠡ ᠵᠢ ᠡᠭᠦᠳᠬᠦ ᠥᠪᠡᠷ᠎ᠤᠨ ᠦᠷᠳᠡᠭ᠎ᠢ᠎ᠨᠢ ᠪᠠᠭᠤᠷᠠᠭᠤᠯᠵᠤ᠂ ᠠᠳᠠᠯ ᠦᠢ᠍ᠯᠡᠰ ᠴᠤᠭᠴᠠᠯᠠᠭᠴᠢᠳ᠎ᠢ ᠴᠥᠮ ᠰᠢᠨ᠎ᠡ ᠵᠢ ᠡᠭᠦᠳᠬᠦ᠎ᠳᠤ ᠤᠷᠤᠯᠴᠠᠭᠤᠯᠵᠤ᠂ ᠦᠢ ᠣᠯᠠᠨ ᠵᠶ᠋ᠠᠷ ᠵᠶ᠋ᠠᠨ ᠰᠢᠨ᠎ᠡ ᠵᠢ ᠡᠭᠦᠳᠴᠦ᠂ ᠦᠢ ᠤᠯᠠᠨ᠎ᠤ ᠤᠢ ᠪᠢᠯᠢᠭ᠎ᠢ ᠨᠡᠭᠡᠭᠡᠭᠳᠡᠬᠦᠯᠬᠦ ᠪᠠᠶ᠋ᠢᠳᠠᠯ᠎ᠢ ᠪᠤᠢ ᠪᠤᠯᠭ᠋ᠠᠪᠠ; ᠤᠯᠠᠨ ᠵᠶ᠋ᠠᠷ ᠵᠶ᠋ᠠᠨ ᠳᠡᠮᠵᠢᠯᠴᠡᠬᠦ ᠲᠠᠪᠴᠠᠩ ᠪᠣᠯ ᠠᠳᠠᠯ ᠦᠢ᠍ᠯᠡᠰ ᠴᠣᠭᠴᠠᠯᠠᠬᠤ ᠴᠢᠬᠤᠯᠠ ᠠᠴᠢᠶᠠᠯᠠᠭᠴᠢ ᠮᠥᠨ᠃ ᠡᠨᠡ ᠬᠦ᠌ ᠠᠴᠢᠶᠠᠯᠠᠭᠴᠢ ᠳᠤᠲᠤᠷ᠎ᠠ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠵᠢᠨ ᠴᠢᠶᠣᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢᠯᠡᠰ᠎ᠤᠨ ᠬᠦᠷᠢᠶᠡᠯᠡᠩ᠎ᠨᠢ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠤᠨ ᠠᠴᠢᠶᠠᠯᠠᠭᠴᠢ ᠪᠤᠯᠵᠤ᠂ ᠥᠪᠥᠷ ᠮᠣᠩᠭᠣᠯ᠎ᠤᠨ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠲᠤ ᠲᠠᠪᠤᠨ ᠶᠡᠬᠡ ᠴᠢᠳᠠᠮᠵᠢ ᠵᠢᠨ ᠲᠢᠩᠬᠢᠮ᠎ᠤᠨ ᠳᠡᠮᠵᠢᠯᠭᠡ ᠦᠵᠡᠬᠦᠯᠬᠦ ᠪᠤᠯᠤᠨ᠎ᠠ᠃ ᠬᠦᠷᠢᠶᠡᠯᠡᠩ ᠲᠣᠭᠣᠷᠢᠭ᠎ᠲᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠢᠴᠢ ᠬᠠᠮᠢᠶ᠎ᠠ ᠪᠦᠬᠦᠢ ᠪᠦᠷᠢᠨ ᠲᠦᠬᠦᠷ ᠠᠵᠤ ᠦᠢ᠍ᠯᠡᠰ 300 ᠰᠢᠬᠠᠮ ᠲᠦᠪᠯᠡᠷᠡᠵᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠠᠮᠢ ᠠᠬᠤᠶ ᠵᠢᠨ ᠬᠦᠷᠢᠶ᠎ᠡ ᠵᠢ ᠪᠦᠬᠦ ᠡᠯᠸᠮᠸᠨ᠋ᠲ ᠵᠶ᠋ᠠᠷ ᠴᠤᠭᠴᠠᠯᠠᠪᠠ᠃ ᠲᠦᠯᠦᠪᠯᠡᠭᠰᠡᠨ ᠵᠶ᠋ᠠᠷ 2020 ᠣᠨ ᠪᠣᠯᠬᠤ᠎ᠳᠤ᠂ ᠬᠦᠷᠢᠶᠡᠯᠡᠩ ᠲᠣᠭᠣᠷᠢᠭ ᠵᠢᠴᠢ ᠲᠡᠭᠦᠨ᠎ᠤ ᠵᠠᠬ᠎ᠠ ᠳᠡᠯᠭᠡᠭᠦᠷ᠎ᠤᠨ ᠶᠡᠷᠦᠩᠬᠡᠶ ᠵᠠᠬᠢᠷᠭ᠎ᠠ᠎ᠳᠤ 1 ᠮᠢᠩᠭ᠋ᠠᠨ ᠬᠥᠮᠦᠨ᠎ᠢ ᠠᠮᠵᠢᠯᠲᠠ᠎ᠲᠠᠢ᠎ᠪᠠᠷ ᠠᠳᠠᠯ ᠦᠢ᠍ᠯᠡᠰ ᠴᠤᠭᠴᠠᠯᠠᠭᠤᠯᠬᠤ ᠪᠠ 1 ᠲᠦᠮᠡᠨ ᠬᠥᠮᠦᠨ᠎ᠳᠤ ᠲᠤᠭᠲᠠᠭᠤᠨ ᠵᠶ᠋ᠠᠷ ᠠᠵᠢᠯ ᠤᠯᠭᠤᠵᠤ᠂ ᠡᠷᠭᠢᠨ ᠲᠣᠭᠣᠷᠢᠨ᠎ᠤ ᠤᠷᠤᠨ ᠪᠦᠰᠡ ᠵᠢᠨ ᠪᠦᠯᠦᠭᠯᠡᠯ᠎ᠢ ᠳᠠᠢ᠌ᠴᠢᠯᠠᠨ 5 ᠲᠦᠮᠡᠨ ᠬᠥᠮᠦᠨ᠎ᠳᠤ ᠠᠵᠢᠯ ᠤᠯᠭᠤᠬᠤ ᠵᠢ ᠪᠡᠶᠡᠯᠡᠭᠦᠯᠦᠨ᠎ᠡ; ᠳᠡᠭᠡᠳᠦ ᠲᠡᠰ ᠳᠠᠪᠬᠤᠷᠭ᠎ᠠ ᠵᠢᠨ 10 ᠪᠦᠯᠬᠦᠮ ᠨᠡᠶ᠋ᠢᠲᠡ᠂ ᠳᠡᠭᠡᠳᠦ ᠲᠡᠰ ᠳᠠᠪᠬᠤᠷᠭ᠎ᠠ ᠵᠢᠨ 200 ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ 100 ᠳ᠋ᠦᠩᠰᠢᠭᠤᠷ ᠲᠥᠭᠥᠷᠢᠭ᠎ᠤᠨ ᠦᠢ᠍ᠯᠡᠳᠬᠦᠨ᠎ᠤ ᠦᠷᠲᠡᠭ᠎ᠢ ᠪᠡᠶᠡᠯᠡᠭᠦᠯᠵᠦ᠂ 5᠎ᠠᠴᠠ ᠳᠡᠭᠡᠭᠰᠢ ᠠᠵᠤ ᠠᠬᠤᠶ᠋ᠢᠯᠠᠯ᠎ᠢ ᠲᠡᠳᠭᠦᠨ ᠵᠠᠬ᠎ᠠ ᠳᠡᠯᠭᠡᠭᠦᠷ᠎ᠲᠤ ᠭᠠᠷᠭ᠋ᠠᠨ᠎ᠠ; ᠤᠯᠠᠨ ᠵᠶ᠋ᠠᠷ ᠵᠶ᠋ᠠᠨ ᠪᠡᠯᠡ ᠴᠤᠭᠯᠠᠭᠤᠯᠬᠤ ᠲᠠᠪᠴᠠᠩ ᠪᠣᠯ ᠠᠳᠠᠯ ᠦᠢ᠍ᠯᠡᠰ ᠴᠣᠭᠴᠠᠯᠠᠬᠤ ᠴᠢᠬᠤᠯᠠ ᠪᠡᠯᠡ ᠲᠣᠬᠢᠷᠠᠭᠤᠯᠬᠤ ᠠᠷᠭ᠎ᠠ ᠵᠠᠮ ᠮᠦᠨ᠂ ᠥᠪᠥᠷ ᠮᠣᠩᠭᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠡᠨ ᠰᠦᠯᠵᠢᠶᠡᠨ᠎ᠤ ᠺᠣᠮᠫᠠᠨᠢ᠎ᠪᠠᠷ ᠳᠠᠭ᠋ᠠᠭᠤᠯᠤᠭᠴᠢ ᠨᠢᠭᠡᠴᠡ ᠪᠣᠯᠭ᠋ᠠᠵᠤ᠂ ᠠᠳᠠᠯ ᠦᠢᠯᠡᠰ ᠴᠣᠭᠴᠠᠯᠠᠭᠴᠢ᠎ᠳᠤ ᠡᠷᠳᠡᠮ ᠰᠢᠨᠵᠢᠯᠡᠭᠡ᠂ ᠪᠡᠯᠡ ᠮᠦᠨᠭᠭᠦ᠂ ᠲᠠᠪᠴᠠᠩ᠎ᠤᠨ ᠡᠬᠢ ᠪᠠᠶᠠᠯᠢᠭ᠎ᠢ ᠬᠠᠨᠭ᠌ᠭ᠋ᠠᠵᠤ᠂ ᠥᠪᠥᠷ ᠮᠣᠩᠭᠣᠯ᠎ᠤᠨ ᠤᠯᠠᠨ ᠵᠶ᠋ᠠᠷ ᠵᠶ᠋ᠠᠨ ᠪᠡᠯᠡ ᠴᠤᠭᠯᠠᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠬᠠᠮᠲᠤᠪᠠᠷ ᠲᠦᠯᠬᠢᠨ ᠠᠬᠢᠭᠤᠯᠤᠨ᠎ᠠ; ᠤᠯᠠᠨ ᠨᠡᠶ᠋ᠢᠲᠡ᠎ᠳᠤ ᠳᠠᠭ᠋ᠠᠭ᠋ᠠᠴᠢᠯᠠᠭᠤᠯᠬᠤ ᠪᠣᠯ ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠤ ᠲᠠᠪᠴᠠᠩ ᠮᠦᠨ᠂ ᠥᠪᠥᠷ ᠮᠣᠩᠭᠣᠯ ᠲᠤᠰ ᠤᠷᠤᠨ ᠨᠤᠲᠤᠭ᠎ᠤᠨ ᠵᠶ᠋ᠠᠨ ᠡᠯᠧᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠺᠣᠮᠫᠠᠨᠢ᠎ᠪᠠᠷ ᠳᠠᠭ᠋ᠠᠭᠤᠯᠤᠭᠴᠢ ᠨᠢᠭᠡᠴᠡ ᠪᠣᠯᠭ᠋ᠠᠵᠤ᠂ ᠤᠯᠤᠰ᠎ᠤᠨ ᠳᠣᠲᠣᠭ᠋ᠠᠳᠤ ᠵᠢᠨ ᠪᠠ ᠲᠤᠰ ᠤᠷᠤᠨ ᠨᠤᠲᠤᠭ᠎ᠤᠨ ᠣᠯᠠᠨ ᠰᠢᠯᠢᠳᠡᠭ ᠠᠵᠤ ᠠᠬᠤᠶ᠋ᠢᠯᠠᠯ᠎ᠢ ᠲᠦᠪᠯᠡᠷᠡᠭᠦᠯᠵᠤ᠂ ᠠᠳᠠᠯ ᠦᠢ᠍ᠯᠡᠰ ᠴᠤᠭᠴᠠᠯᠠᠭᠴᠢ ᠬᠢᠭᠡᠳ ᠤᠯᠠᠮᠵᠢᠯᠠᠯᠲᠤ ᠠᠵᠤ ᠠᠬᠤᠶ᠋ᠢᠯᠠᠯ᠎ᠳᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ ᠬᠠᠩᠭ᠋ᠠᠵᠤ᠂ ᠤᠯᠠᠮᠵᠢᠯᠠᠯᠲᠤ ᠠᠵᠤ ᠠᠬᠤᠶ᠋ᠢᠯᠠᠯ᠎ᠢ ᠬᠠᠪᠰᠤᠷᠴᠤ ᠪᠠᠶ᠋ᠢᠭ᠋ᠠᠳ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠵᠢ ᠦᠷᠭᠡᠳᠭᠡᠨ᠎ᠡ᠃ ᠤᠶᠤᠨ᠎ᠤ ᠬᠥᠮᠥᠷᠭᠡ᠎ᠨᠢ ᠠᠳᠠᠯ ᠦᠢ᠍ᠯᠡᠰ ᠴᠣᠭᠴᠠᠯᠠᠭᠴᠢ ᠵᠢᠨ ᠶᠡᠬᠡ ᠲᠠᠷᠢᠬᠢ ᠪᠤᠯᠤᠨ ᠵᠢᠯᠣᠭᠣᠳᠬᠤ ᠲᠥᠪ᠎ᠲᠠᠢ ᠠᠳᠠᠯᠢ ᠶᠤᠮ᠂ ᠥᠪᠥᠷ ᠮᠣᠩᠭᠣᠯ᠎ᠤᠨ ᠪᠦᠬᠦ ᠤᠯᠤᠰ᠎ᠤᠨ ᠠᠩᠬᠠᠳᠠᠭᠴᠢ 《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠲᠤ᠂ ᠣᠶᠤᠨ᠎ᠤ ᠬᠥᠮᠥᠷᠭᠡ ᠵᠢ ᠠᠩᠬ᠎ᠠ ᠤᠳᠠᠭ᠎ᠠ ᠣᠷᠣᠭᠤᠯᠵᠤ᠂ 《ᠳᠥᠷᠪᠡᠨ ᠣᠯᠠᠨ》 ᠵᠠᠬ᠎ᠠ ᠳᠡᠯᠭᠡᠭᠦᠷ᠎ᠢ ᠪᠦᠲᠦᠭᠡᠨ ᠪᠠᠢ᠌ᠭᠤᠯᠬᠤ ᠪᠠ   ᠠᠳᠠᠯ ᠦᠢ᠍ᠯᠡᠰ ᠴᠤᠭᠴᠠᠯᠠᠭᠴᠢᠳ᠎ᠤᠨ ᠠᠳᠠᠯ ᠦᠢ᠍ᠯᠡᠰ ᠴᠤᠭᠴᠠᠯᠠᠬᠤ᠎ᠳᠤᠨᠢ ᠠᠷᠭ᠎ᠠ ᠤᠬᠠᠭ᠋ᠠᠨ ᠭᠠᠷᠭ᠋ᠠᠨ ᠦᠭᠴᠦ ᠪᠠᠢ᠌ᠨ᠎ᠠ᠃
      ᠬᠥᠲᠥᠯᠥᠭᠴᠢ᠄
      ᠯᠢᠦ ᠡᠷᠬᠢᠯᠡᠭᠴᠢ ᠡ᠂ ᠤᠳᠤᠬᠠᠨ᠎ᠳᠤ᠂ 《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠢ ᠬᠡᠷᠬᠢᠨ ᠡᠵᠡᠨᠭᠨᠡᠵᠤ ᠪᠠᠢ᠌ᠭ᠎ᠠ ᠪᠤᠢ? ᠨᠢᠭᠡᠨᠲᠡ ᠶᠠᠮᠠᠷ ᠬᠦ᠌ ᠦᠷ᠎ᠡ ᠪᠦᠲᠦᠮᠵᠢ ᠤᠯᠤᠭᠰᠠᠨ ᠪᠤᠢ? ᠳᠠᠷᠠᠭ᠋ᠠᠴᠢ ᠵᠢᠨ ᠠᠯᠬᠤᠮ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ?
      ᠯᠢᠦ ᠬᠤᠤ ᠱᠧᠩ᠄
     1 ᠳ᠋ᠤᠭᠡᠷ ᠰᠠᠷ᠎ᠠ ᠵᠢᠨ 19᠎ᠤ ᠡᠳᠦᠷ᠂ 《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ ᠵᠢᠩᠬᠢᠨᠢ᠎ᠪᠠᠷ ᠢᠯᠡᠷᠭᠡᠢ᠌ᠯᠡᠯ ᠡᠯᠬᠦᠪᠡ᠃ ᠲᠤᠰ ᠵᠠᠬ᠎ᠠ ᠳᠡᠯᠭᠡᠭᠦᠷ᠎ᠨᠢ ᠵᠠᠰᠠᠭ᠎ᠤᠨ ᠣᠷᠳᠣᠨ ᠵᠶ᠋ᠠᠷ ᠵᠢᠯᠤᠭᠤᠳᠤᠮᠵᠢ ᠪᠤᠯᠭ᠋ᠠᠵᠤ᠂ ᠠᠵᠤ ᠠᠬᠤᠶ᠋ᠢᠯᠠᠯ ᠡᠵᠡᠨᠭᠨᠡᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷᠰᠢᠯ᠎ᠢ ᠠᠪᠴᠤ᠂ ᠢᠨᠲᠸᠷ ᠰᠦᠯᠵᠢᠶ᠎ᠡ + ᠥᠪᠥᠷ ᠮᠣᠩᠭᠣᠯ᠎ᠤᠨ ᠪᠧᠶ ᠴᠧᠨ ᠣᠶᠤᠨ᠎ᠤ ᠬᠥᠮᠥᠷᠭᠡ + ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠵᠢᠨ ᠴᠢᠶᠣᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢᠯᠡᠰ᠎ᠤᠨ ᠬᠦᠷᠢᠶᠡᠯᠡᠩ᠎ᠳᠤ ᠲᠦᠰᠢᠭᠯᠡᠵᠤ᠂ ᠥᠪᠥᠷ ᠮᠣᠩᠭᠣᠯ᠎ᠤᠨ ᠲᠦᠨᠭ ᠶᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠡᠵᠡᠨᠭᠨᠡᠵᠤ᠂ ᠵᠠᠬ᠎ᠠ ᠳᠡᠯᠭᠡᠭᠦᠷ᠎ᠤᠨ ᠠᠳᠠᠯ ᠦᠢ᠍ᠯᠡᠰ ᠴᠤᠭᠴᠠᠯᠠᠬᠤ ᠵᠢ ᠲᠦᠯᠬᠢᠨ ᠠᠬᠢᠭᠤᠯᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠵᠡᠭᠦᠯᠬᠦ ᠤᠷᠢᠳᠠᠪᠡᠷ ᠪᠠᠳᠠᠷᠠᠬᠤ ᠪᠥᠭᠡᠳ ᠥᠨᠢ ᠡᠭᠦᠷᠢᠳᠡ ᠦᠷᠭᠦᠯᠵᠢᠯᠡᠨ ᠳᠠᠭ᠋ᠠᠬᠤ ᠳᠠᠭ᠋ᠠᠭᠤᠯᠤᠭᠴᠢ ᠵᠢᠨ ᠦᠢ᠍ᠯᠡᠳᠦᠯ᠎ᠢ᠎ᠨᠢ ᠪᠠᠳᠠᠷᠠᠭᠤᠯᠵᠤ᠂ ᠤᠯᠠᠨ ᠵᠶ᠋ᠠᠷ ᠵᠶ᠋ᠠᠨ ᠡᠭᠦᠳᠬᠦ᠂ ᠤᠯᠠᠨ ᠨᠡᠶ᠋ᠢᠲᠡ᠎ᠳᠤ ᠳᠠᠭ᠋ᠠᠭ᠋ᠠᠴᠢᠯᠠᠭᠤᠯᠬᠤ᠂ ᠤᠯᠠᠨ ᠵᠶ᠋ᠠᠷ ᠵᠶ᠋ᠠᠨ ᠳᠡᠮᠵᠢᠯᠴᠡᠬᠦ᠂ ᠣᠯᠠᠨ ᠵᠶ᠋ᠠᠷ ᠵᠶ᠋ᠠᠨ ᠪᠡᠯᠡ ᠴᠤᠭᠯᠠᠭᠤᠯᠬᠤ ᠲᠠᠪᠴᠠᠩ᠎ᠢ ᠠᠰᠢᠭᠯᠠᠵᠤ᠂ ᠴᠣᠭᠴᠠᠯᠠᠭᠴᠢ᠂ ᠲᠠᠯᠠᠪᠤᠷ᠂ ᠲᠣᠭᠲᠠᠴᠠ ᠪᠣᠯᠤᠨ ᠪᠠᠭ᠋ᠠᠵᠢ ᠬᠡᠷᠡᠭᠰᠡᠯ᠎ᠢ ᠡᠮᠬᠢᠯᠡᠨ ᠨᠡᠶ᠋ᠢᠯᠡᠭᠦᠯᠵᠦ᠂ ᠬᠠᠩᠭ᠋ᠠᠯᠭ᠎ᠠ ᠵᠢᠨ ᠲᠠᠯ᠎ᠠ ᠬᠢᠭᠡᠳ ᠬᠡᠷᠡᠭᠴᠡᠭᠡᠨ᠎ᠤ ᠲᠠᠯ᠎ᠠ ᠵᠢ ᠴᠠᠭ ᠲᠤᠬᠠᠶ᠎ᠳᠤᠨᠢ ᠵᠤᠯᠭ᠋ᠠᠭᠤᠯᠬᠤ ᠵᠢ ᠨᠢᠭᠡᠳᠦᠯᠲᠡᠶ ᠲᠥᠯᠥᠪᠯᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ + ᠪᠤᠰᠤᠳ ᠡᠯᠧᠮᠧᠨ᠋ᠲ᠎ᠤᠨ ᠵᠠᠬ᠎ᠠ ᠳᠡᠯᠭᠡᠭᠦᠷ᠎ᠢ ᠠᠭᠤᠰᠤᠯᠴᠠᠭᠤᠯᠤᠨ ᠨᠦᠬᠦᠴᠡᠯᠳᠦᠬᠦᠯᠬᠦ ᠵᠢ ᠲᠠᠰᠤᠷᠠᠯᠳᠠ ᠦᠭᠡᠢ ᠠᠬᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠨ ᠴᠢᠯᠦᠭᠡᠯᠡᠵᠤ᠂ ᠴᠢᠳᠠᠪᠤᠷᠢᠲᠠᠨ᠂ ᠲᠦᠷᠦᠯ ᠵᠦᠢ᠍ᠯ᠂ ᠲᠠᠪᠴᠠᠩ᠂ ᠡᠳ᠋ ᠬᠦᠷᠦᠨᠭᠭᠡ᠂ ᠠᠵᠤ ᠠᠬᠤᠶ᠋ᠢᠯᠠᠯ ᠵᠡᠷᠭᠡ ᠵᠢ ᠲᠦᠪᠯᠡᠷᠡᠭᠦᠯᠦᠨ᠂ ᠪᠥᠬᠥ ᠡᠯᠸᠮᠸᠨ᠋ᠲ᠎ᠤᠨ ᠵᠠᠬ᠎ᠠ ᠳᠡᠯᠭᠡᠭᠦᠷ᠂ ᠪᠦᠬᠦ ᠠᠮᠢ ᠨᠠᠰᠤᠨ᠎ᠤ ᠦᠶᠡᠯᠡᠯ᠂ ᠪᠦᠬᠦ ᠠᠵᠤ ᠦᠢ᠍ᠯᠡᠰ᠎ᠤᠨ ᠬᠡᠯᠬᠢᠶᠡᠲᠦ ᠦᠢ᠍ᠯᠡᠴᠢᠯᠡᠭᠡ ᠵᠢ ᠬᠠᠨᠭ᠌ᠭ᠋ᠠᠵᠤ᠂ ᠠᠳᠠᠯ ᠦᠢ᠍ᠯᠡᠰ ᠴᠣᠭᠴᠠᠯᠠᠬᠤ᠎ᠳᠤ ᠲᠠᠯᠠᠪᠤᠷ᠎ᠲᠠᠢ᠂ ᠠᠷᠠᠯᠵᠢᠶᠠᠯᠠᠬᠤ᠎ᠳᠤ ᠲᠠᠪᠴᠠᠩ᠎ᠲᠠᠢ᠂ ᠠᠵᠢᠯᠯᠠᠬᠤ᠎ᠳᠤ ᠲᠦᠷᠦᠯ ᠵᠦᠢ᠍ᠯ᠎ᠲᠠᠢ᠂ ᠡᠮᠬᠢᠯᠡᠨ ᠨᠡᠢ᠌ᠯᠡᠭᠦᠯᠬᠦ᠎ᠳᠤ ᠲᠣᠭᠲᠠᠴᠠ᠎ᠲᠠᠢ᠂   ᠬᠠᠮᠢᠶᠠᠷᠬᠤ᠎ᠳᠤ ᠵᠢᠷᠤᠮᠵᠢᠯ᠎ᠲᠠᠢ ᠪᠠᠢ᠌ᠯᠭ᠋ᠠᠵᠤ᠂ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ ᠪᠤᠯᠬᠤ᠂ ᠰᠢᠭᠤᠳ ᠬᠡᠷᠡᠭᠯᠡᠵᠤ ᠪᠤᠯᠬᠤ᠂ ᠳᠠᠭᠤᠷᠢᠶᠠᠨ ᠳᠡᠯᠭᠡᠷᠡᠭᠦᠯᠵᠤ ᠪᠤᠯᠬᠤ᠂ ᠪᠤᠯᠵᠤᠨ ᠵᠠᠬᠢᠶᠠᠯᠠᠵᠤ ᠪᠤᠯᠬᠤ ᠵᠢ ᠪᠡᠶᠡᠯᠡᠬᠦᠯᠪᠡ᠃
      ᠡᠨᠡ ᠵᠢᠯ᠎ᠤᠨ 1 ᠳ᠋ᠤᠭᠡᠷ ᠰᠠᠷ᠎ᠠ ᠵᠢᠨ ᠡᠴᠦᠰ ᠪᠤᠯᠬᠤ᠎ᠳᠤ᠂ 《ᠳᠥᠷᠪᠡᠨ ᠣᠯᠠᠨ》᠎ᠤ ᠲᠤᠬᠠᠶ ᠵᠢᠨ ᠳᠠᠯᠠᠪᠡᠢ᠎ᠳᠤ ᠲᠤᠯᠭ᠋ᠠᠭᠤᠷᠢᠯᠠᠵᠤ ᠪᠠᠢ᠌ᠭ᠎ᠠ ᠳᠡᠮᠵᠢᠨ ᠡᠭᠦᠳᠬᠦ ᠭᠤᠤᠯ ᠴᠣᠭᠴᠠ 13᠂ ᠤᠯᠤᠰ᠎ᠤᠨ ᠳᠣᠲᠣᠭ᠋ᠠᠳᠤ᠎ᠲᠠᠢ ᠵᠤᠯᠭ᠋ᠠᠯᠳᠤᠵᠤ ᠪᠠᠢ᠌ᠭ᠎ᠠ ᠤᠬᠠᠭᠤᠯᠤᠨ ᠲᠠᠨᠢᠯᠴᠠᠭᠤᠯᠬᠤ ᠲᠠᠪᠴᠠᠩ 261 ᠪᠠᠢ᠌ᠵᠤ᠂ 《ᠥᠪᠥᠷ ᠮᠣᠩᠭᠣᠯ᠎ᠤᠨ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠬᠡᠳᠦ ᠳᠡᠯᠭᠡᠭᠦᠷ》᠎ᠢ ᠨᠢᠭᠡᠨᠲᠡ ᠨᠡᠭᠡᠭᠡᠵᠤ᠂ ᠣᠯᠠᠨ ᠵᠶ᠋ᠠᠷ ᠵᠶ᠋ᠠᠨ ᠡᠭᠦᠳᠬᠦ᠂ ᠣᠯᠠᠨ ᠨᠡᠶ᠋ᠢᠲᠡ᠎ᠳᠤ ᠳᠠᠭ᠋ᠠᠭ᠋ᠠᠴᠢᠯᠠᠭᠤᠯᠬᠤ᠂ ᠣᠯᠠᠨ ᠵᠶ᠋ᠠᠷ ᠵᠶ᠋ᠠᠨ ᠳᠡᠮᠵᠢᠯᠴᠡᠬᠦ᠂ ᠣᠯᠠᠨ ᠵᠶ᠋ᠠᠷ ᠵᠶ᠋ᠠᠨ ᠪᠡᠯᠡ ᠴᠤᠭᠯᠠᠭᠤᠯᠬᠤ ᠲᠠᠪᠴᠠᠩ᠎ᠢ ᠪᠦᠬᠦᠨ᠎ᠢ ᠪᠠᠢ᠌ᠭᠤᠯᠪᠠ; ᠵᠠᠬ᠎ᠠ ᠳᠡᠯᠭᠡᠭᠦᠷ᠎ᠤᠨ ᠶᠡᠷᠦᠩᠬᠡᠶ ᠵᠠᠬᠢᠷᠭ᠎ᠠ᠎ᠳᠤ  242 ᠠᠵᠤ ᠠᠬᠤᠶ᠋ᠢᠯᠠᠯ ᠤᠷᠤᠵᠤ ᠰᠠᠭᠤᠵᠤ᠂ ᠣᠷᠣᠵᠤ ᠰᠠᠭᠤᠬᠤ᠎ᠪᠠᠷ ᠮᠥᠷᠯᠡᠨ ᠬᠦᠯᠢᠶᠡᠵᠤ ᠪᠠᠢ᠌ᠭ᠎ᠠ ᠠᠵᠤ ᠠᠬᠤᠶ᠋ᠢᠯᠠᠯ 188 ᠪᠤᠢ; ᠠᠳᠠᠯ ᠦᠢ᠍ᠯᠡᠰ ᠴᠣᠭᠴᠠᠯᠠᠬᠤ 294 ᠳᠠᠶ᠋ᠢᠴᠢᠯᠠᠭᠴᠢ ᠴᠢᠳᠠᠪᠤᠷᠢᠲᠠᠨ᠂ 146 ᠠᠳᠠᠯ ᠦᠢ᠍ᠯᠡᠰ ᠴᠤᠭᠴᠠᠯᠠᠬᠤ ᠪᠦᠯᠬᠦᠮ ᠨᠡᠶ᠋ᠢᠲᠡ ᠵᠢ ᠤᠷᠤᠭᠤᠯᠤᠨ ᠠᠪᠴᠢᠷᠠᠪᠠ; ᠠᠳᠠᠯ ᠦᠢ᠍ᠯᠡᠰ ᠴᠣᠭᠴᠠᠯᠠᠬᠤ ᠠᠵᠤ ᠠᠬᠤᠶ᠋ᠢᠯᠠᠯ᠎ᠢ ᠰᠢᠨ᠎ᠡ᠎ᠪᠠᠷ 67 ᠨᠡᠮᠡᠭᠳᠡᠭᠦᠯᠵᠦ᠂ ᠠᠳᠠᠯ ᠦᠢ᠍ᠯᠡᠰ ᠴᠣᠭᠴᠠᠯᠠᠬᠤ ᠴᠢᠳᠠᠪᠤᠷᠢᠲᠠᠨ᠎ᠢ ᠰᠢᠨ᠎ᠡ᠎ᠪᠠᠷ 140 ᠨᠡᠮᠡᠭᠳᠡᠬᠦᠯᠵᠤ᠂ 2346 ᠬᠥᠮᠦᠨ᠎ᠳᠤ ᠰᠢᠭᠤᠳ ᠠᠵᠢᠯ ᠤᠯᠭᠤᠵᠤ᠂ ᠡᠷᠬᠢᠨ ᠲᠣᠭᠣᠷᠢᠨ᠎ᠤ ᠭᠠᠵᠠᠷ ᠣᠷᠣᠨ᠎ᠤ 1. 2 ᠲᠦᠮᠡ ᠭᠠᠷᠤᠢ ᠬᠥᠮᠦᠨ᠎ᠳᠤ ᠠᠳᠠᠯ ᠦᠢᠯᠡᠰ ᠴᠤᠭᠴᠠᠯᠠᠭᠤᠯᠤᠨ ᠠᠵᠢᠯ ᠤᠯᠭᠤᠪᠠ᠃ ᠨᠢᠳᠤᠨᠤᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ ᠨᠠᠰᠢ᠂ ᠵᠠᠬ᠎ᠠ ᠳᠡᠯᠭᠡᠭᠦᠷ᠎ᠤᠨ ᠶᠡᠷᠦᠩᠬᠡᠶ ᠵᠠᠬᠢᠷᠭ᠋ᠠᠨ᠎ᠤ ᠡᠵᠡᠨᠭᠨᠡᠯᠲᠡ ᠵᠢᠨ ᠮᠦᠨᠭᠭᠦ᠎ᠨᠢ 42845 ᠲᠦᠮᠡᠨ ᠲᠥᠭᠥᠷᠢᠭ᠎ᠲᠤ ᠬᠦᠷᠴᠦ᠂ ᠵᠥᠪᠬᠡᠨ 《ᠬᠣᠣᠰ 11》᠎ᠤ ᠡᠳᠦᠷ᠎ᠲᠤ᠂ ᠡᠵᠡᠨᠭᠨᠡᠯᠲᠡ ᠵᠢᠨ ᠮᠦᠨᠭᠭᠦ᠎ᠨᠢ 3099.8 ᠲᠦᠮᠡᠨ ᠲᠥᠭᠥᠷᠢᠭ᠎ᠲᠤ ᠬᠦᠷᠴᠦ᠂ ᠠᠳᠠᠯ ᠦᠢ᠍ᠯᠡᠰ ᠴᠣᠭᠴᠠᠯᠠᠬᠤ᠎ᠳᠤ ᠬᠦᠮᠦᠨ ᠠᠷᠠᠳ ᠪᠠᠶᠠᠰᠤᠨᠭ᠌ᠭᠤᠢ᠂ ᠭᠠᠵᠠᠷ ᠲᠠᠯᠠᠪᠤᠷ᠎ᠨᠢ ᠦᠵᠡᠮᠵᠢ᠎ᠲᠠᠢ ᠪᠠᠢ᠌ᠨ᠎ᠠ; ᠳᠤᠮᠳᠠᠳᠤ ᠤᠯᠤᠰ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠤᠰᠬᠠᠶ ᠮᠡᠷᠭᠡᠵᠢᠯᠲᠡᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠪᠦᠭᠡᠳ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠠᠷᠤᠭ᠎ᠠ ᠨᠢᠩ ᠵᠢᠶ ᠵᠧ ᠵᠡᠷᠭᠡ ᠤᠳᠤᠷᠢᠳᠤᠯᠭ᠎ᠠ ᠨᠠᠷ᠎ᠢ ᠨᠡᠢ᠌ᠲᠡ 30 ᠭᠠᠷᠤᠶ ᠤᠳᠠᠭ᠎ᠠ 1000 ᠭᠠᠷᠤᠢ ᠬᠥᠮᠦᠨ᠎ᠢ ᠬᠦᠯᠢᠶᠡᠨ ᠠᠪᠤᠪᠠ; ᠵᠠᠬ᠎ᠠ ᠳᠡᠯᠭᠡᠭᠦᠷ᠎ᠤᠨ ᠶᠡᠷᠦᠩᠬᠡᠶ ᠵᠠᠬᠢᠷᠭ᠎ᠠ᠎ᠨᠢ 《ᠠ ᠮᠢ ᠪᠠ ᠵᠢᠨ ᠠᠵᠤ ᠠᠬᠤᠶ᠋ᠢᠯᠠᠯ᠎ᠤᠨ ᠡᠵᠡᠨᠭᠨᠡᠯᠲᠡ ᠬᠠᠮᠢᠶᠠᠷᠤᠯᠲᠠ ᠵᠢᠨ ᠡᠵᠡᠮᠳᠡᠬᠦ ᠰᠢᠰᠲᠸᠮᠵᠢ ᠵᠢᠨ ᠪᠣᠯᠪᠠᠰᠤᠷᠠᠭᠤᠯᠤᠯ》 ᠵᠡᠷᠭᠡ ᠲᠤᠬᠠᠶ ᠵᠢᠨ ᠲᠠᠯᠠᠪᠤᠷ᠎ᠤᠨ ᠪᠣᠯᠪᠠᠰᠤᠷᠠᠭᠤᠯᠤᠯ᠎ᠢ 9 ᠤᠳᠠᠭ᠎ᠠ ᠡᠷᠬᠢᠯᠡᠵᠤ᠂ 704 ᠬᠥᠮᠦᠨ᠎ᠢ ᠪᠤᠯᠪᠠᠰᠤᠷᠠᠭᠤᠯᠪᠠ; ᠰᠦᠯᠵᠢᠶᠡᠨ ᠳᠡᠭᠡᠷ᠎ᠡ ᠡᠯᠸᠺᠲᠷᠤᠨ ᠬᠤᠳᠠᠯᠳᠤᠭ᠋ᠠᠨ᠎ᠤ ᠳᠡᠭᠡᠳᠦ ᠰᠤᠷᠭ᠋ᠠᠭᠤᠯᠢ᠎ᠨᠢ 2533 ᠰᠢᠬᠠᠮ ᠰᠦᠯᠵᠢᠶᠡᠨ᠎ᠤ ᠬᠢᠴᠢᠶᠡᠯ ᠲᠤᠬᠢᠷᠠᠭᠤᠯᠵᠤ᠂ 4057 ᠬᠥᠮᠦᠨ ᠳᠠᠨᠭ᠌ᠰᠠᠯᠠᠭᠤᠯᠤᠨ ᠰᠤᠷᠤᠯᠴᠠᠪᠠ᠃
    ᠲᠡᠷᠡᠭ᠎ᠠ ᠠᠯᠬᠤᠮ᠎ᠳᠤ᠂ ᠪᠢᠳᠡ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠪᠠᠷ ᠥᠷᠭᠦᠯᠵᠢᠯᠡᠨ ᠲᠠᠲᠠᠬᠤ ᠬᠦᠴᠦᠨ ᠪᠣᠯᠭ᠋ᠠᠵᠤ᠂ ᠪᠥᠬᠥ ᠣᠷᠣᠨ᠎ᠤ 23278 《ᠳᠥᠷᠪᠡᠨ ᠣᠯᠠᠨ ᠨᠢᠭᠡᠴᠡ》 ᠵᠢ ᠰᠢᠯᠢᠨ ᠰᠤᠩᠭᠤᠵᠤ ᠦᠨᠡᠮᠰᠢᠭᠰᠡᠨ ᠰᠠᠭᠤᠷᠢᠨ ᠳᠡᠭᠡᠷ᠎ᠡ᠂ 《ᠢᠨᠲᠸᠷ ᠰᠦᠯᠵᠢᠶ᠎ᠡ +》 ᠵᠢ ᠤᠯᠠᠮ ᠨᠢᠭᠡ ᠠᠯᠬᠤᠮ ᠬᠡᠷᠡᠭᠯᠡᠨ ᠤᠯᠠᠨ ᠵᠶ᠋ᠠᠷ ᠵᠶ᠋ᠠᠨ ᠡᠭᠦᠳᠬᠦ᠂ ᠤᠯᠠᠨ ᠨᠡᠢ᠌ᠲᠡ᠎ᠳᠤ ᠳᠠᠭ᠋ᠠᠭ᠋ᠠᠴᠢᠯᠠᠭᠤᠯᠬᠤ᠂ ᠤᠯᠠᠨ ᠵᠶ᠋ᠠᠷ ᠵᠶ᠋ᠠᠨ ᠳᠡᠮᠵᠢᠯᠴᠡᠬᠦ᠂ ᠤᠯᠠᠨ ᠵᠶ᠋ᠠᠷ ᠵᠶ᠋ᠠᠨ ᠪᠡᠯᠡ ᠴᠤᠭᠯᠠᠭᠤᠯᠬᠤ ᠲᠠᠪᠴᠠᠩ᠎ᠢ ᠡᠮᠬᠢᠯᠡᠨ ᠨᠡᠢ᠌ᠯᠡᠭᠦᠯᠵᠦ᠂ ᠠᠳᠠᠯ ᠦᠢ᠍ᠯᠡᠰ ᠴᠣᠭᠴᠠᠯᠠᠭᠴᠢ ᠬᠢᠭᠡᠳ ᠳᠡᠭᠡᠳᠦ ᠰᠤᠷᠭ᠋ᠠᠭᠤᠯᠢ᠂ ᠲᠥᠷᠥᠯ ᠵᠦᠢ᠍ᠯ᠂ ᠡᠳ᠋ ᠬᠥᠷᠤᠨᠭ᠌ᠭᠡ᠂ ᠠᠵᠤ ᠠᠬᠤᠶ᠋ᠢᠯᠠᠯ᠂ ᠰᠣᠨᠢᠨ ᠮᠡᠳᠡᠭᠡᠨ᠎ᠤ ᠵᠠᠭᠤᠴᠢᠯᠠᠭᠤᠷ ᠪᠣᠯᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠵᠤᠯᠭ᠋ᠠᠯᠳᠤᠬᠤ ᠵᠢ ᠴᠢᠩᠭ᠋ᠠᠳᠬᠠᠵᠤ᠂ ᠶᠡᠬᠡ ᠰᠤᠷᠭ᠋ᠠᠭᠤᠯᠢ ᠵᠢᠨ ᠣᠶᠤᠲᠠᠨ᠂ ᠲᠤᠮᠤ ᠳ᠋ᠠᠶ᠋ᠢᠲ᠋ᠠ᠂ ᠲᠣᠮᠣ ᠲᠠᠪᠴᠠᠩ᠂   ᠲᠣᠮᠣ ᠬᠤᠳᠠᠯᠳᠤᠭ᠋ᠠᠨ᠎ᠤ ᠠᠵᠠ ᠲᠣᠬᠢᠶᠠᠯ ᠵᠡᠷᠭᠡ ᠬᠦᠴᠦᠨ ᠵᠦᠢ᠍ᠯ ᠬᠠᠷᠢᠯᠴᠠᠨ ᠬᠣᠯᠪᠣᠯᠳᠤᠵᠤ ᠨᠥᠬᠥᠴᠡᠯᠳᠦᠭᠰᠡᠨ ᠪᠥᠬᠥ ᠣᠷᠣᠨ᠎ᠤ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠲᠣᠮᠣ ᠵᠠᠬ᠎ᠠ ᠳᠡᠯᠭᠡᠭᠦᠷ᠎ᠢ ᠲᠥᠷᠭᠡᠨ ᠪᠣᠢ ᠪᠣᠯᠭ᠋ᠠᠵᠤ᠂   ᠠᠳᠠᠯ ᠦᠢ᠍ᠯᠡᠰ ᠴᠣᠭᠴᠠᠯᠠᠬᠤ ᠥᠪᠥᠷ ᠮᠣᠩᠭᠣᠯ᠎ᠤᠨ ᠠᠵᠢᠯᠯᠠᠭ᠎ᠠ ᠵᠢᠨ ᠲᠥᠯᠥᠪᠯᠡᠭᠡ ᠵᠢᠨ ᠭᠦᠨᠵᠡᠭᠡᠶ ᠨᠠᠶ᠋ᠢᠳᠠᠪᠤᠷᠢᠵᠢᠬᠤ ᠵᠢ ᠲᠦᠯᠬᠢᠨ ᠠᠬᠢᠭᠤᠯᠤᠨ᠎ᠠ᠃       ᠬᠥᠲᠥᠯᠥᠭᠴᠢ᠄  
     《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠨᠢ ᠠᠳᠠᠯ ᠦᠢ᠍ᠯᠡᠰ ᠴᠣᠭᠴᠠᠯᠠᠭᠴᠢ᠎ᠳᠤ ᠶᠠᠮᠠᠷ ᠶᠠᠮᠠᠷ ᠰᠠᠢ᠌ᠨ ᠠᠰᠢᠭ ᠪᠤᠯᠤᠨ ᠪᠤᠳᠠᠳᠤ ᠠᠰᠢᠭ ᠬᠦᠷᠲᠡᠭᠡᠵᠦ ᠴᠢᠳᠠᠬᠤ ᠪᠤᠢ?
      ᠯᠢᠦ ᠬᠤᠤ ᠱᠧᠩ᠄
      ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠄ ᠠᠷᠠᠳ ᠤᠯᠠᠨ᠎ᠤ ᠬᠡᠷᠡᠭᠴᠡᠭᠡ᠎ᠨᠢ ᠠᠳᠠᠯ ᠦᠢ᠍ᠯᠡᠰ ᠴᠣᠭᠴᠠᠯᠠᠭᠴᠢ᠎ᠳᠤ ᠠᠯᠢ ᠴᠢᠳᠠᠬᠤ᠎ᠪᠠᠷ ᠪᠣᠳᠠᠲᠠᠶ ᠠᠰᠢᠭ ᠰᠠᠢ᠌ᠨ ᠠᠰᠢᠭ ᠲᠤᠰᠠ ᠬᠥᠷᠲᠡᠭᠡᠬᠦ ᠪᠣᠯᠣᠨ᠎ᠠ ᠭᠡᠪᠡ᠂ ᠳᠥᠷᠪᠡᠨ ᠣᠯᠠᠨ ᠵᠠᠬ᠎ᠠ ᠳᠡᠯᠭᠡᠭᠦᠷ᠎ᠤᠨ ᠭᠣᠣᠯ ᠬᠠᠷᠠᠯᠲᠠ ᠪᠣᠯᠣᠨ ᠬᠠᠮᠤᠭ᠎ᠤᠨ ᠶᠡᠬᠡ ᠠᠩᠬᠠᠷᠤᠮᠵᠢ ᠪᠣᠯᠣᠨ᠎ᠠ᠂ ᠮᠦᠨ ᠴᠤ᠌ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠤᠨ ᠦᠷᠭᠦᠯᠵᠢᠯᠡᠨ ᠬᠥᠭᠵᠢᠬᠦ ᠵᠢᠨ ᠠᠮᠢᠵᠢᠷᠠᠯ᠎ᠤᠨ ᠬᠦᠴᠦᠨ ᠮᠦᠨ᠃ ᠰᠠᠶᠢ ᠪᠢ ᠨᠢᠭᠡᠨᠲᠡ ᠶᠠᠷᠢᠭᠰᠠᠨ ᠪᠢᠯᠡ᠂ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠦᠵᠡᠭᠦᠯᠬᠦ ᠤᠷᠢᠳᠠᠪᠡᠷ ᠪᠠᠳᠠᠷᠠᠬᠤ ᠪᠦᠭᠡᠳ ᠦᠨᠢ ᠡᠭᠦᠷᠢᠳᠡ ᠥᠷᠭᠦᠯᠵᠢᠯᠡᠨ ᠳᠠᠭ᠋ᠠᠬᠤ ᠳᠠᠭ᠋ᠠᠭᠤᠯᠤᠭᠴᠢ ᠵᠢᠨ ᠦᠢ᠍ᠯᠡᠳᠦᠯ᠎ᠢ᠎ᠨᠢ ᠪᠠᠳᠠᠷᠠᠭᠤᠯᠵᠤ᠂ ᠳᠥᠷᠪᠡᠨ ᠣᠯᠠᠨ᠎ᠢ ᠠᠰᠢᠭᠯᠠᠨ ᠪᠤᠰᠤᠳ ᠦᠢ᠍ᠯᠡᠳᠪᠦᠷᠢᠯᠡᠯ᠎ᠤᠨ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠎ᠯᠦᠭᠡ ᠠᠭᠤᠰᠤᠯᠴᠠᠭᠤᠯᠤᠨ ᠨᠥᠬᠥᠴᠡᠯᠳᠦᠭᠦᠯᠬᠦ ᠵᠢ ᠠᠬᠢᠭᠤᠯᠤᠨ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠯᠦᠭᠡᠯᠡᠵᠦ᠂ ᠴᠢᠳᠠᠪᠤᠷᠢᠲᠠᠨ᠂ ᠲᠥᠷᠥᠯ ᠵᠦᠢ᠍ᠯ᠂ ᠲᠠᠪᠴᠠᠩ᠂ ᠡᠳ᠋ ᠬᠦᠷᠦᠨᠭᠭᠡ᠂ ᠠᠵᠤ ᠠᠬᠤᠶ᠋ᠢᠯᠠᠯ᠎ᠢ ᠲᠥᠪᠯᠡᠷᠡᠭᠦᠯᠵᠦ᠂ ᠪᠥᠬᠥ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠂ ᠠᠮᠢ ᠨᠠᠰᠤᠨ᠎ᠤ ᠪᠦᠬᠦ ᠦᠶᠡᠯᠡᠯ᠂ ᠪᠦᠬᠦ ᠠᠵᠤ ᠦᠢ᠍ᠯᠡᠰ᠎ᠤᠨ ᠬᠡᠯᠬᠢᠶ᠎ᠡ ᠦᠢ᠍ᠯᠡᠴᠢᠯᠡᠭᠡ ᠵᠢ ᠬᠠᠩᠭ᠋ᠠᠵᠤ᠂ ᠠᠳᠠᠯ ᠦᠢ᠍ᠯᠡᠰ ᠴᠣᠭᠴᠠᠯᠠᠬᠤ᠎ᠳᠤ ᠭᠠᠵᠠᠷ ᠲᠠᠯᠠᠪᠤᠷ᠎ᠲᠠᠢ᠂ ᠠᠷᠠᠯᠵᠢᠶᠠᠯᠠᠬᠤ᠎ᠳᠤ ᠲᠠᠪᠴᠠᠩ᠎ᠲᠠᠢ᠂ ᠠᠵᠢᠯᠯᠠᠬᠤ᠎ᠳᠤ ᠲᠥᠷᠥᠯ ᠵᠦᠢ᠍ᠯ᠎ᠲᠠᠢ᠂ ᠡᠮᠬᠢᠯᠡᠨ ᠨᠡᠢ᠌ᠯᠡᠭᠦᠯᠬᠦ᠎ᠳᠤ ᠲᠣᠭᠲᠠᠴᠠ᠎ᠲᠠᠢ᠂ ᠬᠠᠮᠢᠶᠠᠷᠬᠤ᠎ᠳᠤ ᠵᠢᠷᠤᠮᠵᠢᠯ᠎ᠲᠠᠢ ᠪᠠᠢ᠌ᠯᠭ᠋ᠠᠵᠤ᠂ ᠠᠳᠠᠯ ᠦᠢ᠍ᠯᠡᠰ ᠴᠣᠭᠴᠠᠯᠠᠬᠤ ᠵᠢ ᠬᠥᠲᠥᠯᠥᠨ ᠳᠠᠭ᠋ᠠᠭᠤᠯᠬᠤ᠂ ᠠᠵᠢᠯ ᠣᠯᠭᠣᠯᠲᠠ ᠵᠢ ᠠᠬᠢᠭᠤᠯᠬᠤ ᠪᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠭᠦᠨᠵᠡᠭᠡᠶ ᠠᠭᠤᠰᠤᠯᠴᠠᠬᠤ ᠵᠢ ᠠᠬᠢᠭᠤᠯᠤᠨ᠎ᠠ ᠭᠡᠪᠡ᠃   ᠡᠭᠦᠨ᠎ᠠᠴᠠ ᠦᠵᠡᠭᠦᠯᠡᠷ᠂ ᠳᠥᠷᠪᠡᠨ ᠣᠯᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠠᠳᠠᠯ ᠦᠢ᠍ᠯᠡᠰ ᠴᠣᠭᠴᠠᠯᠠᠭᠴᠢᠳ᠎ᠤᠨ ᠬᠡᠷᠡᠭᠴᠡᠭᠡ ᠵᠢ ᠬᠠᠩᠭ᠋ᠠᠬᠤ᠎ᠠᠴᠠ ᠭᠠᠷᠳᠠᠵᠤ᠂ ᠠᠳᠠᠯ ᠦᠢ᠍ᠯᠡᠰ ᠴᠣᠭᠴᠠᠯᠠᠬᠤ᠎ᠳᠤ ᠪᠦᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠬᠤ ᠲᠠᠪᠴᠠᠩ ᠪᠣᠯᠣᠨ ᠠᠴᠢᠶᠠᠯᠠᠪᠤᠷᠢ ᠮᠦᠨ᠂ ᠠᠳᠠᠯ ᠦᠢ᠍ᠯᠡᠰ ᠴᠣᠭᠴᠠᠯᠠᠭᠴᠢ ᠵᠢᠨ ᠴᠡᠩᠭᠡᠯ᠎ᠤᠨ ᠣᠷᠣᠨ᠂ ᠠᠵᠤ ᠠᠬᠤᠶ᠋ᠢᠯᠠᠯᠲᠠᠨ᠎ᠤ ᠥᠯᠥᠭᠡᠶ ᠮᠦᠨ᠃
      ᠶᠡᠷᠦᠮᠳᠡᠭ ᠵᠶ᠋ᠠᠷ ᠬᠡᠯᠡᠪᠡᠯ᠂ ᠨᠢᠭᠡᠨ ᠠᠳᠠᠯ ᠦᠢ᠍ᠯᠡᠰ ᠪᠦᠲᠦᠭᠡᠬᠦ ᠬᠦᠰᠡᠯ ᠡᠷᠡᠮᠡᠯᠵᠡᠯ᠎ᠲᠠᠢ ᠠᠳᠠᠯ ᠦᠢ᠍ᠯᠡᠰ ᠴᠣᠭᠴᠠᠯᠠᠭᠴᠢ᠎ᠨᠢ ᠠᠳᠠᠯ ᠦᠢ᠍ᠯᠡᠰ ᠴᠣᠭᠴᠠᠯᠠᠬᠤ ᠬᠦᠰᠡᠯ ᠵᠣᠷᠢᠯᠲᠠ ᠪᠠ ᠲᠡᠮᠡᠴᠡᠬᠦ ᠵᠣᠷᠢᠭ᠎ᠲᠠᠢ᠎ᠪᠠᠷ ᠡᠨᠡ ᠬᠦ᠌ ᠵᠠᠬ᠎ᠠ ᠳᠡᠯᠭᠡᠭᠦᠷ᠎ᠲᠤ ᠣᠷᠣᠵᠤ ᠢᠷᠡᠳᠡᠭ ᠯᠡ ᠶᠤᠮ ᠪᠣᠯ ᠡᠨᠳᠡ᠎ᠠᠴᠠ ᠡᠬᠢᠨ᠎ᠤ ᠠᠯᠬᠤᠮ ᠵᠶ᠋ᠠᠨ ᠠᠯᠬᠤᠵᠤ᠂ ᠠᠳᠠᠯ ᠦᠢ᠍ᠯᠡᠰ ᠴᠣᠭᠴᠠᠯᠠᠬᠤ ᠠᠶᠠᠨ ᠵᠠᠮ ᠵᠶ᠋ᠠᠨ ᠡᠬᠢᠯᠡᠭᠦᠯᠵᠦ ᠪᠣᠯᠣᠨ᠎ᠠ᠃ ᠠᠳᠠᠯ ᠦᠢ᠍ᠯᠡᠰ ᠴᠣᠭᠴᠠᠯᠠᠬᠤ ᠵᠢ ᠰᠣᠷᠣᠯᠴᠠᠬᠤ ᠰᠠᠨᠠᠭ᠎ᠠ᠎ᠲᠠᠢ ᠶᠤᠮ ᠪᠣᠯ ᠵᠠᠰᠠᠭ᠎ᠤᠨ ᠣᠷᠳᠣᠨ᠎ᠠᠴᠠ ᠬᠠᠩᠭ᠋ᠠᠭᠰᠠᠨ ᠦᠨ᠎ᠡ ᠲᠦᠯᠦᠪᠦᠷᠢ ᠦᠭᠡᠢ ᠪᠣᠯᠪᠠᠰᠤᠷᠠᠭᠤᠯᠤᠯ᠎ᠳᠤ ᠣᠷᠣᠯᠴᠠᠵᠤ᠂ ᠠᠳᠠᠯ ᠦᠢ᠍ᠯᠡᠰ ᠴᠣᠭᠴᠠᠯᠠᠭ᠋ᠠᠳ ᠠᠮᠵᠢᠯᠲᠠ ᠣᠯᠤᠭᠰᠠᠨ ᠠᠵᠤ ᠠᠬᠤᠶ᠋ᠢᠯᠠᠯ᠎ᠳᠤ ᠣᠴᠢᠵᠤ ᠳᠠᠳᠤᠯᠭ᠎ᠠ ᠬᠢᠵᠦ ᠪᠣᠯᠣᠨ᠎ᠠ᠂ ᠡᠯᠧᠺᠲᠷᠣᠨ ᠬᠤᠳᠠᠯᠳᠤᠭ᠋ᠠᠨ᠎ᠤ ᠠᠳᠠᠯ ᠦᠢ᠍ᠯᠡᠰ ᠴᠣᠭᠴᠠᠯᠠᠬᠤ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠲᠠᠪᠴᠠᠩ᠎ᠠᠴᠠ ᠴᠠᠭ ᠢᠮᠠᠭᠲᠠ 《ᠴᠡᠨᠡᠭᠯᠡᠵᠦ》 ᠪᠣᠯᠣᠨ᠎ᠠ; ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠰᠠᠨᠠᠭ᠎ᠠ᠎ᠲᠠᠢ ᠶᠤᠮ ᠪᠣᠯ ᠦᠨᠡᠯᠡᠨ ᠵᠢᠱ᠌ᠢᠯᠲᠡ᠎ᠪᠠᠷ ᠳᠠᠮᠵᠢᠭᠰᠠᠨ ᠪᠣᠯ ᠵᠠᠰᠠᠭ᠎ᠤᠨ ᠣᠷᠳᠣᠨ᠎ᠠᠴᠠ ᠬᠠᠮᠤᠭ᠎ᠤᠨ ᠤᠳᠠᠭ᠋ᠠᠨ᠎ᠳᠠᠭᠠᠨ ᠭᠤᠷᠪᠠᠨ ᠵᠢᠯ ᠰᠦᠢ᠍ᠳᠬᠡᠯ ᠬᠤᠷᠢᠶᠠᠬᠤ ᠦᠭᠡᠶ ᠣᠷᠣᠨ ᠵᠠᠶ ᠬᠠᠩᠭ᠋ᠠᠵᠤ ᠥᠭᠬᠦ ᠪᠥᠭᠡᠳ ᠡᠵᠡᠩᠨᠡᠯᠲᠡ ᠵᠢᠨ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠦᠨ ᠥᠭᠴᠦ ᠪᠣᠯᠣᠨ᠎ᠠ᠂ ᠪᠠᠭ᠎ᠠ ᠲᠣᠭ᠋ᠠᠨ᠎ᠤ ᠵᠢᠭᠡᠯᠡᠯᠭᠡ ᠵᠢ ᠲᠣᠭᠲᠠᠭ᠋ᠠᠯ ᠶᠣᠰᠣᠭ᠋ᠠᠷ ᠭᠤᠶᠤᠴᠢᠯᠠᠬᠤ᠂ ᠰᠦᠢ᠍ᠳᠬᠡᠯ ᠬᠤᠷᠢᠶᠠᠬᠤ ᠦᠭᠡᠢ᠎ᠪᠠᠷ ᠴᠢᠳᠠᠪᠤᠷᠢᠲᠠᠨ ᠤᠷᠢᠬᠤ᠂ ᠠᠳᠠᠯ ᠦᠢ᠍ᠯᠡᠰ ᠴᠣᠭᠴᠠᠯᠠᠬᠤ ᠪᠠ ᠴᠢᠳᠠᠪᠤᠷᠢᠲᠠᠨ᠎ᠤ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠬᠦᠷᠲᠡᠵᠦ ᠪᠣᠯᠣᠨ᠎ᠠ᠂ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠳ ᠲᠡᠭᠦᠨ᠎ᠲᠠᠢ ᠪᠢᠴᠢᠯ ᠲᠣᠭ᠋ᠠᠨ᠎ᠤ ᠰᠲ᠋ᠣᠺ᠎ᠤᠨ ᠡᠷᠬᠡ ᠵᠢᠨ ᠡᠵᠡᠯᠡᠬᠦ ᠬᠠᠷᠢᠴᠠᠯ᠎ᠤᠨ ᠵᠥᠪᠳᠡᠯᠴᠡᠭᠡᠷ ᠲᠣᠭᠳᠠᠭᠰᠠᠨ ᠤᠷᠢᠲᠠᠯ ᠳᠣᠣᠷ᠎ᠠ᠂ ᠳᠥᠷᠪᠡᠨ ᠣᠯᠠᠨ ᠲᠠᠪᠴᠠᠩ ᠵᠶ᠋ᠠᠷ ᠳᠠᠮᠵᠢᠨ ᠲᠥᠷᠥᠯ ᠵᠦᠢ᠍ᠯ᠎ᠢ ᠤᠷᠢᠳᠠᠪᠡᠷ ᠰᠤᠩᠭᠤᠬᠤ᠂ ᠤᠬᠠᠭᠤᠯᠤᠨ ᠲᠠᠨᠢᠯᠴᠠᠭᠤᠯᠬᠤ᠎ᠳᠤ ᠪᠡᠯᠡ ᠮᠥᠩᠭᠥ ᠴᠤᠭᠯᠠᠭᠤᠯᠬᠤ᠂ ᠠᠵᠤ ᠠᠬᠤᠶ᠋ᠢᠯᠠᠯ ᠵᠶ᠋ᠡᠨ ᠳᠠᠩᠰᠠᠯᠠᠭᠤᠯᠬᠤ ᠪᠠ ᠠᠵᠢᠯ ᠡᠬᠢᠯᠡᠭᠦᠯᠬᠦ ᠵᠢᠯᠤᠭᠤᠳᠤᠯᠭ᠎ᠠ ᠬᠢᠯᠭᠡᠵᠦ᠂ ᠬᠠᠪᠰᠤᠷᠤᠭᠤᠯᠵᠤ ᠪᠠᠢ᠌ᠭ᠋ᠠᠳ ᠠᠳᠠᠯ ᠦᠢ᠍ᠯᠡᠰ ᠴᠣᠭᠴᠠᠯᠠᠵᠤ ᠵᠠᠮ ᠵᠶ᠋ᠠᠷ ᠵᠠᠮᠨᠠᠵᠤ ᠪᠣᠯᠣᠨ᠎ᠠ; ᠬᠤᠷᠰᠢᠵᠤ ᠠᠳᠠᠯ ᠦᠢ᠍ᠯᠡᠰ ᠴᠣᠭᠴᠠᠯᠠᠬᠤ ᠪᠣᠳᠣᠯ᠎ᠲᠠᠢ ᠪᠣᠯ᠂ ᠵᠥᠪᠳᠡᠯᠴᠡᠬᠦ᠎ᠪᠠᠷ ᠳᠠᠮᠵᠢᠨ᠂ ᠠᠮᠵᠢᠯᠲᠠ ᠣᠯᠣᠭᠰᠠᠨ ᠠᠳᠠᠯ ᠦᠢ᠍ᠯᠡᠰ ᠴᠣᠭᠴᠠᠯᠠᠬᠤ ᠪᠦᠯᠬᠦᠮ ᠨᠡᠶ᠋ᠢᠲᠡ᠎ᠳᠤ ᠣᠷᠣᠯᠴᠠᠵᠤ ᠪᠣᠯᠬᠤ ᠪᠥᠭᠡᠳ ᠠᠮᠵᠢᠯᠲᠠ᠎ᠲᠠᠢ ᠠᠳᠠᠯ ᠦᠢ᠍ᠯᠡᠰ ᠴᠣᠭᠴᠠᠯᠠᠭᠴᠢ᠎ᠯᠤᠭ᠎ᠠ ᠲᠣᠬᠠᠢ ᠵᠢᠨ ᠭᠠᠵᠠᠷ᠎ᠲᠤᠨᠢ ᠰᠢᠨ᠎ᠡ ᠠᠵᠤ ᠠᠬᠤᠶ᠋ᠢᠯᠠᠯ᠎ᠤᠨ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ ᠪᠠᠢ᠌ᠭᠤᠯᠵᠤ ᠪᠣᠯᠣᠨ᠎ᠠ; ᠣᠷᠣᠵᠤ ᠰᠠᠭᠤᠭᠰᠠᠨ ᠠᠩᠬ᠎ᠠ ᠠᠳᠠᠯ ᠦᠢ᠍ᠯᠡᠰ ᠴᠣᠭᠴᠠᠯᠠᠵᠤ ᠪᠠᠢ᠌ᠭ᠎ᠠ ᠠᠵᠤ ᠠᠬᠤᠶ᠋ᠢᠯᠠᠯ ᠪᠣᠯᠤᠨ ᠵᠢᠵᠢᠭ ᠪᠢᠴᠢᠯ ᠠᠵᠤ ᠠᠬᠤᠶ᠋ᠢᠯᠠᠯ᠎ᠳᠤ ᠬᠠᠤᠯᠢ ᠴᠠᠭ᠋ᠠᠵᠠ ᠵᠢᠨ ᠯᠠᠪᠯᠠᠯᠭ᠎ᠠ᠂ ᠦᠢ᠍ᠯᠡᠳᠪᠦᠷᠢ ᠬᠤᠳᠠᠯᠳᠤᠭ᠋ᠠᠨ᠎ᠤ ᠣᠷᠣᠯᠠᠨ ᠭᠦᠢ᠍ᠴᠡᠳᠬᠡᠯ᠂ ᠡᠳ᠋᠎ᠤᠨ ᠶᠠᠪᠤᠳᠠᠯ᠎ᠤᠨ ᠣᠷᠣᠯᠠᠨ ᠬᠠᠮᠢᠶᠠᠷᠤᠯᠲᠠ᠂ ᠡᠳ᠋ ᠪᠠᠷᠠᠭ᠋ᠠᠨ᠎ᠤ ᠭᠦᠢ᠍ᠯᠭᠡᠭᠡᠨ ᠲᠣᠬᠢᠷᠠᠭᠤᠯᠤᠨ ᠬᠦᠷᠭᠡᠬᠦ ᠵᠡᠷᠭᠡ ᠥᠪᠡᠷ᠎ᠤᠨ ᠥᠷᠲᠡᠭ ᠳᠣᠣᠷ᠎ᠠ ᠪᠦᠬᠦᠢ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠵᠤ ᠪᠣᠯᠬᠤ ᠵᠢᠨ ᠬᠠᠮᠲᠤ ᠡᠯ᠎ᠡ ᠲᠥᠷᠥᠯ᠎ᠤᠨ ᠪᠣᠯᠪᠠᠰᠤᠷᠠᠭᠤᠯᠤᠯ᠎ᠤᠨ ᠦᠢ᠍ᠯᠡᠴᠢᠯᠡᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠠᠵᠢᠯ᠎ᠤᠨ ᠪᠠᠶ᠋ᠢᠷᠢ ᠵᠢᠨ ᠮᠡᠷᠭᠡᠵᠢᠯ ᠴᠢᠳᠠᠪᠤᠷᠢ ᠵᠢ᠎ᠨᠢ ᠳᠡᠭᠡᠭᠰᠢᠯᠡᠭᠦᠯᠦᠨ᠂ ᠳᠣᠲᠣᠭ᠋ᠠᠳᠤ ᠵᠢᠨ ᠠᠵᠢᠯ᠎ᠤᠨ ᠴᠤᠪᠤᠷᠠᠯ ᠵᠢᠴᠢ ᠳᠦᠷᠢᠮ ᠵᠶ᠋ᠡᠨ ᠴᠡᠭᠴᠡᠯᠡᠨ ᠢᠯᠭ᠋ᠠᠷᠠᠭᠤᠯᠵᠤ᠂ ᠠᠶᠤᠯ ᠲᠦᠭᠰᠢᠭᠦᠷᠢ᠎ᠠᠴᠠ ᠵᠠᠢ᠌ᠯᠠᠭᠤᠯᠤᠨ᠂ ᠡᠯ᠎ᠡ ᠲᠥᠷᠥᠯ᠎ᠤᠨ ᠴᠢᠳᠠᠪᠤᠷᠢᠲᠠᠨ᠎ᠢ ᠵᠤᠯᠭ᠋ᠠᠯᠳᠤᠭᠤᠯᠵᠤ᠂ ᠠᠵᠢᠯ ᠲᠦᠷᠤᠯ ᠠᠯᠤᠰᠯᠠᠭᠰᠠᠨ᠂ ᠰᠢᠨᠵᠢᠯᠡᠭᠡ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠰᠦᠯᠵᠢᠶᠡᠨ ᠳᠡᠭᠡᠷ᠎ᠡ ᠰᠣᠯᠢᠯᠴᠠᠬᠤ ᠪᠠ ᠡᠬᠢ ᠪᠠᠶᠠᠯᠢᠭ᠎ᠢ ᠬᠣᠯᠪᠣᠬᠤ ᠦᠢ᠍ᠯᠡᠴᠢᠯᠡᠭᠡ ᠬᠠᠩᠭ᠋ᠠᠵᠤ ᠪᠣᠯᠣᠨ᠎ᠠ; ᠲᠤᠮᠤ ᠳᠤᠮᠳᠠ ᠠᠵᠤ ᠠᠬᠤᠶ᠋ᠢᠯᠠᠯ᠎ᠳᠤ ᠰᠢᠯᠢᠳᠡᠭ ᠲᠥᠷᠥᠯ ᠵᠦᠢ᠍ᠯ ᠬᠢᠭᠡᠳ ᠳᠡᠭᠡᠳᠦ ᠵᠡᠷᠭᠡ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤᠨᠢ ᠲᠤᠰᠠᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠥᠷᠭᠡᠳᠬᠡᠵᠦ᠂ ᠳᠡᠭᠡᠳᠦ ᠲᠡᠰ᠎ᠤᠨ ᠬᠠᠮᠢᠶᠠᠷᠤᠯᠲᠠ ᠵᠢᠨ ᠪᠣᠯᠪᠠᠰᠤᠷᠠᠭᠤᠯᠤᠯ᠎ᠢ ᠪᠣᠯᠵᠣᠭ᠎ᠠ ᠡᠷᠬᠢᠯᠡᠵᠦ᠂ ᠬᠠᠮᠢᠶᠠᠷᠤᠯᠲᠠ ᠵᠢᠨ ᠬᠢᠷᠢ ᠬᠡᠮᠵᠢᠶ᠎ᠡ ᠪᠠ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠢ ᠴᠢᠨᠠᠷ ᠰᠠᠶ᠋ᠢᠲᠠᠶ ᠡᠳ᠋ ᠬᠦᠷᠦᠨᠭᠭᠡ ᠵᠢᠴᠢ ᠪᠡᠯᠡ ᠣᠷᠣᠭᠤᠯᠤᠯᠲᠠ ᠵᠢᠨ ᠪᠠᠶ᠋ᠢᠭᠤᠯᠤᠮᠵᠢ᠎ᠲᠠᠢ ᠵᠣᠯᠭ᠋ᠠᠯᠳᠤᠬᠤ᠎ᠳᠤᠨᠢ ᠲᠤᠰᠠᠯᠠᠵᠤ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠡᠷᠭᠡ ᠵᠢ᠎ᠨᠢ ᠬᠠᠪᠰᠤᠷᠤᠨ ᠵᠢᠯᠣᠭᠤᠳᠴᠤ ᠪᠣᠯᠣᠨ᠎ᠠ᠃ ᠠᠳᠠᠯ ᠦᠢᠯᠡᠰ ᠴᠣᠭᠴᠠᠯᠠᠭ᠋ᠠᠳ ᠠᠮᠵᠢᠯᠲᠠ ᠣᠯᠤᠭᠰᠠᠳ ᠠᠵᠤ ᠠᠬᠤᠶ᠋ᠢᠯᠠᠯᠲᠠᠨ ᠪᠣᠯᠬᠤ ᠠᠶᠠᠨ ᠵᠠᠮ ᠵᠶ᠋ᠠᠷ ᠠᠶᠠᠯᠠᠨ᠂ ᠠᠳᠠᠯ ᠦᠢ᠍ᠯᠡᠰ ᠴᠣᠭᠴᠠᠯᠠᠭ᠋ᠠᠳ ᠢᠯᠠᠭᠳᠠᠭᠰᠠᠳ᠎ᠢ ᠣᠢ᠌ᠯᠠᠭ᠋ᠠᠨ ᠪᠠᠭᠲᠠᠭ᠋ᠠᠵᠤ᠂ ᠵᠠᠬ᠎ᠠ ᠳᠡᠯᠭᠡᠭᠦᠷ᠎ᠤᠨ ᠶᠡᠷᠦᠩᠬᠡᠶ ᠵᠠᠬᠢᠷᠭ᠎ᠠ᠎ᠳᠤ ᠣᠷᠣᠵᠣ ᠰᠠᠭᠤᠭᠰᠠᠨ ᠠᠵᠤ ᠠᠬᠤᠶ᠋ᠢᠯᠠᠯ᠎ᠨᠢ ᠲᠡᠳᠡᠨᠡᠷ᠎ᠢ ᠤᠷᠢᠵᠤ ᠠᠵᠢᠯ ᠣᠯᠭᠣᠬᠤ ᠵᠢᠨ ᠬᠠᠮᠲᠤ ᠳᠠᠬᠢᠨ ᠠᠳᠠᠯ ᠦᠢ᠍ᠯᠡᠰ ᠴᠣᠭᠴᠠᠯᠠᠬᠤ ᠵᠢ᠎ᠨᠢ ᠦᠷᠭᠦᠯᠵᠢᠯᠡᠨ ᠳᠡᠮᠵᠢᠵᠦ᠂ ᠠᠮᠵᠢᠯᠲᠠ ᠣᠯᠬᠤ ᠵᠢ᠎ᠨᠢ ᠳᠡᠮᠵᠢᠨ ᠳᠡᠳᠬᠦᠵᠦ ᠪᠣᠯᠣᠨ᠎ᠠ᠃
      ᠬᠥᠲᠥᠯᠥᠭᠴᠢ᠄
      ᠵᠠ ᠰᠠᠢ᠌ᠨ ᠪᠣᠯᠣᠯ᠎ᠠ᠂ ᠯᠢᠦ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠮᠠᠰᠢ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠳ᠋ᠤᠭ᠋ᠠᠷ᠎ᠲᠤ ᠪᠠᠶᠠᠷᠲᠠᠶ ᠵᠣᠯᠭ᠋ᠠᠶ᠎ᠠ!

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠦᠨ᠎ᠡ
《ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠪᠥᠭᠥ ᠲᠠᠯ᠎ᠠ᠎ᠪᠠᠷ ᠬᠠᠮᠲᠤᠷᠠᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠡᠭᠡᠵᠢᠩ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠦᠪᠴᠢ ᠵᠦᠪᠳᠡᠯᠴᠡᠬᠡᠷ》᠎ᠤᠨ ᠲᠠᠶ᠋ᠢᠯᠤᠮᠵᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠭᠡᠷ ᠪᠦᠯᠢ ᠵᠢᠨ ᠡᠮᠴᠢ ᠵᠢᠨ ᠭᠡᠷᠡᠲᠦ ᠦᠢ᠍ᠯᠡᠴᠢᠯᠡᠭᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠶᠠᠳᠠᠭᠤ ᠵᠢ ᠲᠡᠳᠬᠦᠬᠦ ᠰᠢᠪᠲᠤᠯᠤᠯᠲᠠ᠎ᠳᠤ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠪᠣᠯ ᠵᠠᠩᠭᠢᠯᠠᠭ᠎ᠠ ᠮᠥᠨ
ᠴᠠᠭ ᠲᠣᠬᠢᠶᠠᠯ᠎ᠢ ᠠᠮᠵᠢᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠥᠪᠥᠷ ᠮᠣᠩᠭᠣᠯ᠎ᠤᠨ ᠬᠦᠭᠵᠢᠨ ᠮᠠᠨᠳᠤᠭᠰᠠᠨ ᠰᠢᠨ᠎ᠡ ᠪᠠᠶ᠋ᠢᠳᠠᠯ᠎ᠢ ᠲᠠᠰᠣᠷᠠᠯᠲᠠ ᠣᠢ᠍ᠭᠡᠢ ᠪᠤᠢ ᠪᠣᠯᠭ᠋ᠠᠶ᠎ᠠ
 
            