ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2017-04-19


      ᠰᠤᠷᠪᠤᠯᠵᠢᠯᠠᠭᠰᠠᠨ ᠴᠠᠭ᠄
     2017 ᠤᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ᠎ᠲᠤ
      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ   ᠵᠠᠶ ᠶᠧᠦ ᠵᠢᠶᠦ᠋ᠨ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠤᠯᠡᠠ᠎ᠤ ᠮᠡᠳᠡᠭᠡᠵᠢ᠎ᠪᠠᠷ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ᠎ᠨᠢ ᠠᠷᠠᠳ ᠣᠯᠠᠨ᠎ᠤ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠠᠢ᠌ᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ᠎ᠪᠠᠨ ᠠᠯᠳᠠᠬᠤ ᠬᠡᠷᠡᠭ ᠭᠠᠷᠤᠭᠰᠠᠭ᠋ᠠᠷ ᠯᠡ ᠵᠠᠬ᠎ᠠ ᠳᠡᠯᠭᠡᠭᠦᠷ᠎ᠤᠨ ᠡᠮᠬᠢ ᠵᠢᠷᠤᠮ ᠴᠢᠨᠠᠭᠰᠢᠯᠠᠪᠠᠯ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠳᠤ ᠨᠡᠯᠢᠶᠡᠳ ᠶᠡᠬᠡ ᠨᠥᠯᠥᠭᠡ ᠦᠵᠡᠭᠦᠯᠳᠡᠭ᠃ ᠡᠶ᠋ᠢᠮᠦ᠎ᠠᠴᠠ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠢ ᠪᠦᠲᠦᠮᠵᠢᠲᠡᠢ ᠰᠡᠷᠭᠡᠢ᠌ᠯᠡᠵᠦ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠢ ᠲᠤᠭᠲᠠᠭ᠋ᠠᠨ ᠲᠠᠷᠤᠮᠠᠯᠯᠠ ᠲᠠᠷᠬᠠᠭ᠋ᠠᠪᠠ᠃ ᠣᠶ᠋ᠢᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠵᠠᠶ ᠶᠧᠦ ᠵᠢᠶᠦ᠋ᠨ᠎ᠢ ᠤᠷᠢᠨ 《ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠳᠤ ᠲᠠᠶ᠋ᠢᠯᠤᠮᠵᠢ ᠬᠢᠯᠭᠡᠬᠦ᠎ᠪᠠᠷ ᠪᠤᠯᠤᠯ᠎ᠠ᠂ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃


                            ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ᠎ᠤ ᠠᠨᠳᠠ ᠨᠠᠷ ᠲᠠ ᠪᠦᠬᠦᠨ ᠰᠠᠶ᠋ᠢᠨ ᠪᠠᠢ᠌ᠵᠠᠭ᠋ᠠᠨ᠎ᠠ ᠤᠤ! ᠲᠠ ᠪᠦᠬᠦᠨ᠎ᠤ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠦ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠵᠠᠶ ᠶᠧᠦ ᠵᠢᠶᠦ᠋ᠨ ᠪᠤᠯᠤᠨ᠎ᠠ᠂ ᠵᠠᠶ ᠲᠢᠩᠬᠢᠮ᠎ᠤᠨ ᠳᠠᠷᠤᠭ᠎ᠠ᠂ ᠲᠠ ᠰᠠᠢ᠌ᠨ ᠤᠤ!
      ᠵᠠᠶ ᠶᠧᠦ ᠵᠢᠶᠦ᠋ᠨ᠄
      ᠬᠥᠲᠥᠯᠥᠭᠴᠢ ᠰᠠᠶ᠋ᠢᠨ ᠤᠤ᠂ ᠰᠦᠯᠵᠢᠶᠡᠨ᠎ᠤ ᠠᠨᠳᠠ ᠨᠠᠷ ᠲᠠ ᠪᠦᠬᠦᠨ ᠰᠠᠶ᠋ᠢᠨ ᠪᠠᠢ᠌ᠵᠠᠭ᠋ᠠᠨ᠎ᠠ ᠤᠤ!
      ᠬᠥᠲᠥᠯᠥᠭᠴᠢ᠄
      ᠵᠠᠶ ᠲᠢᠩᠬᠢᠮ᠎ᠤᠨ ᠳᠠᠷᠤᠭ᠎ᠠ ᠡ᠂ ᠶᠠᠭᠤᠨ᠎ᠤ ᠡᠮᠦᠨ᠎ᠡ ᠲᠠ ᠶᠠᠭᠤᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠢ ᠲᠤᠭᠲᠠᠭ᠋ᠠᠭᠰᠠᠨ ᠲᠤᠬᠠᠢ ᠶᠠᠷᠢᠭ᠋ᠠᠳ ᠥᠭᠭᠦᠨ᠎ᠡ ᠤᠤ?
      ᠵᠠᠶ ᠶᠧᠦ ᠵᠢᠶᠦ᠋ᠨ᠄
      ᠤᠯᠡᠠ᠎ᠤ ᠮᠡᠳᠡᠭᠡᠵᠢ᠎ᠪᠠᠷ ᠠᠮᠤ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ᠎ᠨᠢ ᠠᠷᠠᠳ ᠣᠯᠠᠨ᠎ᠤ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠠᠢ᠌ᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ᠎ᠪᠠᠨ ᠠᠯᠳᠠᠬᠤ ᠬᠡᠷᠡᠭ ᠭᠠᠷᠤᠭᠰᠠᠭ᠋ᠠᠷ ᠯᠡ ᠵᠠᠬ᠎ᠠ ᠳᠡᠯᠭᠡᠭᠦᠷ᠎ᠤᠨ ᠡᠮᠬᠢ ᠵᠢᠷᠤᠮ ᠴᠢᠨᠠᠭᠰᠢᠯᠠᠪᠠᠯ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠳᠤ ᠨᠡᠯᠢᠶᠡᠳ ᠶᠡᠬᠡ ᠨᠥᠯᠥᠭᠡ ᠦᠵᠡᠭᠦᠯᠳᠡᠭ᠃ ᠡᠶ᠋ᠢᠮᠦ᠎ᠠᠴᠠ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠢ ᠪᠦᠲᠦᠮᠵᠢᠲᠡᠢ ᠰᠡᠷᠭᠡᠢ᠌ᠯᠡᠵᠦ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠬᠤ ᠵᠢᠨ ᠲᠦᠯᠦᠭᠡ᠂ ᠮᠠᠨ᠎ᠤ ᠲᠢᠩᠬᠢᠮ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠢ ᠲᠤᠭᠲᠠᠭ᠋ᠠᠨ ᠳᠠᠷᠤᠮᠠᠯᠯᠠᠨ ᠲᠠᠷᠬᠠᠭ᠋ᠠᠪᠠ᠃
      ᠬᠥᠲᠥᠯᠥᠭᠴᠢ᠄
      ᠮᠠᠨ᠎ᠤ ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ ᠳᠠᠷᠤᠮᠠᠯᠯᠠᠨ ᠲᠠᠷᠬᠠᠭ᠋ᠠᠨ ᠬᠡᠷᠡᠭᠵᠢᠭᠦᠯᠵᠦ ᠪᠠᠢ᠌ᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠨᠢ 2005 ᠣᠨ᠎ᠳᠤ ᠲᠣᠭᠲᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠦᠰᠦᠯ》᠎ᠤᠨ ᠰᠠᠭᠤᠷᠢᠨ ᠳᠡᠭᠡᠷ᠎ᠡ ᠳᠠᠬᠢᠨ ᠵᠠᠰᠠᠪᠤᠷᠢ ᠤᠷᠤᠭᠤᠯᠤᠨ ᠲᠤᠭᠲᠠᠭ᠋ᠠᠵᠠᠢ᠂ ᠶᠠᠭᠤᠨ᠎ᠤ ᠤᠴᠢᠷ᠎ᠠᠴᠠ ᠳᠠᠬᠢᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠬᠠᠢ ᠲᠠ ᠶᠠᠷᠢᠭ᠋ᠠᠳ ᠥᠭᠭᠦᠨ᠎ᠡ ᠤᠤ?
      ᠵᠠᠶ ᠶᠸᠥ ᠵᠢᠶᠦ᠋ᠨ᠄
     2005 ᠣᠨ᠎ᠳᠤ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》 (ᠥᠪᠥᠷ ᠵᠠᠰᠠᠭ ᠠᠷᠠᠯᠵᠢᠶ᠎ᠠ ᠲᠡᠭᠡᠭᠡᠪᠦᠷᠢ ᠦᠰᠦᠭ [2005])᠎ᠢ ᠲᠣᠭᠲᠠᠭ᠋ᠠᠵᠤ᠂ ᠤᠷᠲᠤ ᠬᠤᠭᠤᠴᠠᠭ᠋ᠠᠨ᠎ᠤ ᠲᠤᠷᠰᠢ ᠵᠣᠬᠢᠬᠤ ᠬᠡᠮᠵᠢᠶᠡᠨ᠎ᠤ ᠵᠢᠯᠣᠭᠣᠳᠬᠤ ᠴᠢᠨᠠᠷ ᠪᠣᠯᠤᠨ ᠬᠠᠨᠳᠤᠯᠭ᠋ᠠᠲᠤ ᠴᠢᠨᠠᠷ᠎ᠲᠠᠢ ᠪᠠᠢ᠌ᠭᠰᠠᠨ ᠶᠤᠮ᠃ ᠭᠡᠪᠡᠴᠦ ᠮᠠᠨ᠎ᠤ ᠣᠷᠣᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠤᠯᠠᠰᠢᠷᠠᠬᠤ᠂ ᠰᠢᠨ᠎ᠡ᠎ᠪᠠᠷ ᠬᠥᠭᠵᠢᠭᠰᠡᠨ ᠡᠵᠡᠩᠨᠡᠯᠲᠡ ᠵᠢᠨ ᠪᠠᠶ᠋ᠢᠳᠠᠯ᠎ᠤᠨ ᠬᠦᠭᠵᠢᠨ ᠪᠠᠳᠠᠷᠠᠬᠤ᠂ ᠭᠦᠢ᠍ᠯᠭᠡᠭᠡᠨ᠎ᠤ ᠬᠡᠪᠴᠢᠶ᠎ᠡ ᠵᠢᠨ ᠪᠤᠵᠠᠭ᠋ᠠᠢ᠌ᠷᠠᠬᠤ᠂ ᠭᠦᠢ᠍ᠯᠭᠡᠭᠡᠨ᠎ᠤ ᠠᠷᠭ᠎ᠠ ᠬᠡᠯᠪᠡᠷᠢ ᠵᠢᠨ ᠬᠤᠪᠢᠷᠠᠭᠤᠯᠬᠤ᠂ ᠬᠤᠳᠡ ᠪᠡᠯᠭ᠋ᠠᠰᠤᠴᠢᠯᠠᠯᠳᠡ ᠵᠢᠨ ᠠᠬᠢᠴᠠ ᠲᠦᠷᠭᠡᠳᠬᠦ᠂ ᠪᠦᠬᠦ ᠤᠯᠤᠰ᠎ᠤᠨ ᠵᠠᠬ᠎ᠠ ᠳᠡᠯᠭᠡᠭᠦᠷ᠎ᠯᠤᠭ᠎ᠠ ᠲᠦᠷᠭᠡᠪᠴᠢᠯᠡᠨ ᠠᠭᠤᠰᠤᠯᠳᠤᠬᠤ ᠵᠢᠴᠢ ᠵᠠᠰᠠᠭ᠎ᠤᠨ ᠣᠷᠳᠣᠨ᠎ᠤ ᠬᠣᠯᠪᠣᠭᠳᠠᠯ ᠪᠦᠭᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠵᠢ ᠨᠡᠶ᠋ᠢᠯᠡᠭᠦᠯᠬᠦ᠂ ᠥᠭᠡᠷᠡᠴᠢᠯᠡᠬᠦ ᠵᠢ ᠳᠠᠭ᠋ᠠᠯᠳᠤᠨ᠂ ᠤᠤᠯ 《ᠲᠥᠰᠦᠯ》᠎ᠨᠢ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠳᠡᠰ ᠬᠤᠪᠢᠶᠠᠬᠤ ᠪᠠᠷᠢᠮᠵᠢᠶ᠎ᠠ᠂ ᠪᠠᠴᠢᠮ ᠠᠷᠭ᠋ᠠᠴᠠᠬᠤ ᠲᠥᠰᠦᠯ ᠵᠢᠴᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ᠎ᠪᠠᠷ ᠪᠦᠷ ᠥᠨᠥᠳᠦᠷ᠎ᠤᠨ ᠵᠠᠬ᠎ᠠ ᠳᠡᠯᠭᠡᠭᠦᠷ᠎ᠤᠨ ᠬᠤᠪᠢᠷᠠᠯᠲᠠ᠎ᠲᠠᠢ ᠵᠤᠬᠢᠴᠠᠬᠤ ᠦᠭᠡᠢ ᠪᠤᠯᠤᠭᠰᠠᠨ ᠪᠠᠶ᠋ᠢᠨ᠎ᠠ᠂ ᠡᠶ᠋ᠢᠮᠦ᠎ᠠᠴᠠ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠳᠤ ᠴᠢᠭᠯᠡᠭᠦᠯᠦᠨ᠂ ᠪᠢᠳᠡ ᠤᠤᠯ 《ᠲᠥᠰᠦᠯ》᠎ᠤᠨ ᠰᠠᠭᠤᠷᠢᠨ ᠳᠡᠭᠡᠷ᠎ᠡ ᠲᠠᠬᠢᠨ ᠵᠠᠰᠠᠪᠤᠷᠢ ᠣᠷᠣᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠰᠢᠨ᠎ᠡ ᠪᠡᠯᠡᠳᠬᠡᠯ ᠲᠦᠰᠦᠯ᠎ᠢ ᠪᠤᠢ ᠪᠤᠯᠭ᠋ᠠᠪᠠ᠃
      ᠬᠥᠲᠥᠯᠥᠭᠴᠢ᠄
      ᠵᠠᠶ ᠲᠢᠩᠬᠢᠮ᠎ᠤᠨ ᠳᠠᠷᠤᠭ᠎ᠠ ᠡ᠂ ᠲᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠦᠰᠦᠯ》᠎ᠢ ᠨᠠᠶ᠋ᠢᠷᠠᠭᠤᠯᠤᠨ ᠵᠣᠬᠢᠶᠠᠭᠰᠠᠨ ᠦᠨᠳᠦᠰᠦᠯᠡᠯ ᠪᠠ ᠲᠣᠬᠢᠷᠠᠬᠤ ᠬᠡᠪᠴᠢᠶ᠎ᠡ ᠵᠢ ᠶᠠᠷᠢᠭ᠋ᠠᠳ ᠥᠭᠭᠦᠨ᠎ᠡ ᠤᠤ?
      ᠵᠠᠢ ᠶᠸᠥ ᠵᠢᠶᠦ᠋ᠨ᠄
     《ᠲᠥᠰᠦᠯ》᠎ᠢ ᠨᠠᠶ᠋ᠢᠷᠠᠭᠤᠯᠤᠨ ᠵᠣᠬᠢᠶᠠᠬᠤ᠎ᠳᠤ ᠭᠣᠣᠯᠳᠠᠭᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ 《ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ ᠶᠠᠪᠤᠳᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠶ ᠪᠡᠯᠡᠳᠬᠡᠯ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠶᠡᠬᠡ ᠪᠠᠢ᠌ᠭ᠋ᠠᠯᠢ ᠵᠢᠨ ᠭᠠᠮᠰᠢᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠦᠯ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠪᠠᠷ ᠦᠨᠳᠦᠰᠦᠯᠡᠯ

ᠪᠣᠯᠭ᠋ᠠᠪᠠ᠃
      ᠲᠤᠰ 《ᠲᠥᠰᠦᠯ》᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠤᠷᠠᠬᠢ ᠪᠠᠶ᠋ᠢᠭ᠋ᠠᠯᠢ ᠵᠢᠨ ᠭᠠᠶ ᠭᠠᠮᠰᠢᠭ᠂ ᠡᠨᠳᠡᠯ᠎ᠤᠨ ᠭᠠᠢ ᠵᠣᠪᠠᠯᠠᠩ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ ᠪᠣᠯᠤᠨ ᠨᠡᠶ᠋ᠢᠭᠡᠮ᠎ᠤᠨ ᠠᠮᠤᠷ ᠲᠦᠪᠰᠢᠨ᠎ᠤ ᠭᠡᠨᠡᠳᠲᠡ ᠵᠢᠨ ᠬᠡᠷᠡᠭ ᠵᠢᠴᠢ ᠪᠤᠰᠤᠳ ᠭᠡᠨᠡᠳᠲᠡ ᠵᠢᠨ ᠰᠢᠯᠲᠠᠭ᠋ᠠᠨ ᠵᠡᠷᠭᠡ᠎ᠠᠴᠠ ᠪᠤᠯᠵᠤ ᠠᠮᠤ ᠪᠤᠳᠠᠭ᠎ᠠ᠂ ᠢᠳᠡᠰᠢᠨ ᠲᠤᠰᠦ᠂ ᠮᠢᠬᠠᠨ᠎ᠤ ᠵᠦᠢ᠍ᠯ᠂ ᠨᠣᠭᠣᠭ᠎ᠠ ᠴᠠᠭ᠎ᠠ᠂ ᠥᠨᠳᠡᠭᠡ᠂ ᠴᠠᠭ᠋ᠠᠨ ᠢᠳᠡᠭᠡᠨ᠂ ᠢᠳᠡᠰᠢᠨ ᠳᠠᠪᠤᠰᠤ᠂ ᠬᠢᠯᠢ ᠬᠢᠵᠠᠭ᠋ᠠᠷ ᠣᠷᠣᠨ᠎ᠳᠤ ᠪᠣᠷᠣᠯᠠᠭᠤᠯᠬᠤ ᠴᠠᠢ ᠪᠣᠯᠣᠨ ᠡᠷᠡᠭᠦᠯ ᠬᠠᠮᠠᠭ᠋ᠠᠯᠠᠯ ᠠᠷᠢᠭᠤᠨ ᠴᠡᠪᠡᠷ᠎ᠤᠨ ᠬᠡᠷᠡᠭᠰᠡᠯ ᠵᠡᠷᠭᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢ ᠵᠢ ᠬᠦᠨᠳᠦ ᠨᠣᠴᠢᠲᠠᠶ ᠠᠯᠳᠠᠭᠤᠯᠬᠤ᠂ ᠨᠡᠯᠢᠶᠡᠳ ᠶᠡᠬᠡ ᠬᠡᠪᠴᠢᠶᠡᠨ ᠳᠣᠲᠣᠷ᠎ᠠ ᠪᠤᠯᠢᠶᠠᠯᠳᠤᠨ ᠬᠤᠳᠠᠯᠳᠤᠨ ᠠᠪᠬᠤ᠂ ᠦᠨ᠎ᠡ ᠬᠠᠩᠰᠢ ᠶᠡᠬᠡᠪᠡᠷ ᠥᠰᠬᠥ ᠪᠤᠶᠤ ᠲᠠᠸᠠᠷ᠎ᠤᠨ ᠪᠣᠷᠣᠯᠠᠭᠤᠯᠭ᠎ᠠ ᠲᠠᠰᠤᠷᠠᠬᠤ ᠶᠠᠪᠤᠳᠠᠯ ᠭᠠᠷᠴᠤ ᠮᠡᠳᠡᠬᠦ ᠪᠣᠶᠣ ᠭᠠᠷᠤᠭ᠋ᠠᠳ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠨᠦᠯᠦᠭᠡᠯᠡᠨ᠂ ᠳᠠᠷᠤᠶ ᠲᠦᠷᠭᠡᠨ ᠰᠢᠢᠳᠪᠦᠷᠢᠯᠡᠬᠦ ᠴᠢᠬᠤᠯᠠᠲᠠᠶ ᠭᠡᠨᠡᠳᠲᠡ ᠡᠭᠦᠰᠬᠦ ᠤᠯᠠᠨ ᠨᠡᠶ᠋ᠢᠲᠡ ᠵᠢᠨ ᠬᠡᠷᠡᠭ᠎ᠢ ᠠᠷᠭ᠋ᠠᠴᠠᠬᠤ ᠠᠵᠢᠯ᠎ᠳᠤ ᠲᠣᠬᠢᠷᠠᠨ᠎ᠠ᠃ ᠠᠩᠬᠠᠷᠤᠭᠤᠰᠢᠲᠠᠶ᠎ᠨᠢ᠂ ᠠᠮᠤ ᠲᠤᠰᠤ ᠪᠣᠯᠣᠨ ᠢᠳᠡᠰᠢᠨ ᠳᠠᠪᠤᠰᠦ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ᠎ᠳᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠲᠤᠰᠬᠠᠶ ᠪᠡᠯᠡᠳᠬᠡᠯ ᠲᠥᠰᠦᠯ ᠪᠠᠢ᠌ᠳᠠᠭ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠨᠢ ᠲᠤᠰ ᠲᠤᠰ 《ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》 (ᠥᠪᠥᠷ ᠵᠠᠰᠠᠭ ᠦᠰᠦᠭ [2006] 395 ᠳ᠋ᠤᠭ᠋ᠠᠷ ᠲᠣᠭ᠋ᠠᠲᠤ) ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠰᠢᠨ ᠳᠠᠪᠤᠰᠤᠨ᠎ᠤ ᠬᠠᠩᠭ᠋ᠠᠯᠭ᠎ᠠ ᠵᠢᠴᠢ ᠶᠠᠰᠤ ᠴᠢᠨᠠᠷ᠎ᠤᠨ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》 (ᠦᠪᠦᠷ ᠳᠠᠪᠤᠰᠤ ᠲᠣᠪᠴᠢᠶ᠎ᠠ ᠲᠠᠷᠬᠠᠭ᠋ᠠᠭᠰᠠᠨ [2016] 5 ᠳ᠋ᠤᠭ᠋ᠠᠷ ᠲᠣᠭ᠋ᠠᠲᠤ) ᠵᠶ᠋ᠠᠷ ᠬᠡᠷᠡᠭᠵᠢᠭᠦᠯᠬᠦ ᠬᠡᠷᠡᠭᠲᠡᠢ᠃
      ᠬᠥᠲᠥᠯᠥᠭᠴᠢ᠄
      ᠵᠠᠶ ᠲᠢᠩᠬᠢᠮ᠎ᠤᠨ ᠳᠠᠷᠤᠭ᠎ᠠ ᠡ᠂ 《ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠤᠨ ᠭᠣᠣᠯ ᠠᠭᠤᠯᠭ᠎ᠠ ᠵᠢ ᠲᠠᠨᠢᠯᠴᠠᠭᠤᠯᠤᠭ᠋ᠠᠳ ᠥᠭᠭᠦᠨ᠎ᠡ ᠤᠤ?
      ᠵᠠᠢ ᠶᠸᠥ ᠵᠢᠶᠦ᠋ᠨ᠄
      ᠪᠢ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠲᠠᠨᠢᠯᠴᠠᠭᠤᠯᠤᠶ᠎ᠠ᠄
      ᠨᠢᠭᠡᠳᠦᠭᠡᠷ᠎ᠲᠤ᠂ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠰᠢᠰᠲᠸᠮᠵᠢ ᠵᠢᠨ ᠲᠤᠬᠠᠢ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠯᠣᠭᠣᠳᠬᠤ ᠭᠠᠵᠠᠷ ᠪᠠᠶ᠋ᠢᠭᠤᠯᠵᠤ᠂ ᠥᠪᠡᠷᠲᠡᠭᠡᠨ ᠵᠠᠰᠠᠭ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠠᠷᠤᠭ᠎ᠠ ᠶᠡᠷᠦᠩᠬᠡᠶ ᠵᠢᠯᠣᠭᠣᠳᠤᠭᠴᠢ ᠵᠢᠨ ᠲᠤᠰᠢᠶᠠᠯ᠎ᠢ ᠬᠠᠷᠢᠭᠤᠴᠠᠨ᠂ ᠪᠦᠷᠢᠯᠳᠦᠭᠦᠨ᠎ᠨᠢ ᠬᠤᠳᠠᠯᠳᠤᠭ᠋ᠠᠨ᠎ᠤ ᠶᠠᠪᠤᠳᠠᠯ᠂ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠂ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠵᠢᠨ ᠵᠦᠪᠯᠡᠯ᠂ ᠡᠳ᠋᠎ᠤᠨ ᠵᠠᠰᠠᠭ ᠵᠡᠷᠭᠡ 18 ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠪᠠᠷ ᠪᠦᠷᠢᠯᠳᠦᠪᠡ᠂ ᠡᠯ᠎ᠡ ᠰᠠᠯᠠᠭ᠎ᠠ ᠮᠦᠴᠢᠷ᠎ᠨᠢ 《ᠲᠥᠰᠦᠯ》᠎ᠳᠤ ᠲᠣᠳᠣᠷᠬᠠᠢ᠌ᠯᠠᠭᠰᠠᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠤᠭ᠋ᠠᠷ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠠᠶ᠋ᠢᠮᠠᠭ ᠬᠤᠳᠠ᠂ ᠬᠣᠰᠢᠭᠤ ᠰᠢᠶᠠᠨ ᠲᠣᠭᠣᠷᠢᠭ᠎ᠤᠨ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠦᠴᠢᠷ᠎ᠤᠳ ᠴᠦ᠍ ᠲᠤᠰ ᠭᠠᠵᠠᠷ ᠣᠷᠣᠨ᠎ᠤ᠎ᠪᠠᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠪᠥᠭᠡᠳ ᠬᠠᠷᠢᠴᠠᠩᠭᠤᠢ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢ ᠪᠠᠢ᠌ᠭᠤᠯᠬᠤ ᠬᠡᠷᠡᠭᠲᠡᠢ᠃
      ᠬᠣᠶᠠᠳᠤᠭ᠋ᠠᠷ᠎ᠲᠤ᠂ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠤᠨ ᠲᠡᠰ ᠬᠤᠪᠢᠶᠠᠬᠤ ᠪᠠᠷᠢᠮᠵᠢᠶ᠎ᠠ ᠵᠢᠨ ᠲᠤᠬᠠᠢ᠂ ᠪᠢᠳᠡ ᠥᠪᠡᠷᠲᠡᠭᠡᠨ ᠵᠠᠰᠠᠭ ᠣᠷᠣᠨ᠎ᠤ ᠪᠣᠳᠠᠲᠠᠶ᠎ᠲᠠᠢ ᠤᠶᠠᠯᠳᠤᠭᠤᠯᠤᠨ Ⅰ ᠳᠡᠰ (ᠣᠨᠴᠠ ᠶᠡᠬᠡ)᠂ Ⅱ ᠳᠡᠰ (ᠬᠦᠨᠳᠦ ᠶᠡᠬᠡ)᠂ Ⅲ ᠳᠡᠰ (ᠨᠡᠯᠢᠶᠡᠳ ᠶᠡᠬᠡ)᠂ Ⅳ ᠳᠡᠰ (ᠡᠩ᠎ᠤᠨ) ᠵᠡᠷᠭᠡ ᠳᠦᠷᠪᠡᠨ ᠳᠡᠰ ᠬᠤᠪᠢᠶᠠᠭᠰᠠᠨ ᠪᠠᠢ᠌ᠨ᠎ᠠ᠃ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ Ⅰ ᠳᠡᠰ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠬᠡᠪᠴᠢᠶ᠎ᠡ᠎ᠨᠢ ᠭᠣᠣᠯᠳᠠᠭᠤ ᠲᠤᠰ ᠥᠪᠡᠷᠲᠡᠭᠡᠨ ᠵᠠᠰᠠᠬᠤ ᠣᠷᠣᠨ ᠪᠣᠯᠤᠨ 1᠎ᠠᠴᠠ ᠳᠡᠭᠡᠭᠰᠢᠬᠢ ᠬᠥᠷᠰᠢ ᠵᠡᠷᠭᠡᠯᠡᠳᠡᠭᠡ ᠮᠤᠵᠢ ᠤᠷᠤᠨ᠎ᠤ ᠮᠤᠵᠢ ᠵᠢᠨ ᠲᠥᠪ ᠪᠠᠶ᠋ᠢᠭ᠎ᠠ ᠬᠤᠳᠠ᠎ᠳᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠳᠤᠰ ᠥᠪᠡᠷᠲᠡᠭᠡᠨ ᠵᠠᠰᠠᠬᠤ ᠣᠷᠣᠨ ᠬᠢᠭᠡᠳ ᠬᠥᠷᠰᠢ ᠵᠡᠷᠭᠡᠯᠡᠳᠡᠭᠡ ᠮᠤᠵᠢ ᠣᠷᠣᠨ᠎ᠤ ᠬᠦᠷᠰᠢᠯᠡᠵᠦ ᠪᠠᠢ᠌ᠭ᠎ᠠ ᠣᠷᠣᠨ ᠪᠦᠰᠡ᠎ᠳᠤ ᠲᠤᠰᠬᠠᠢ ᠣᠷᠣᠨ᠎ᠤ ᠳᠡᠰ᠎ᠠᠴᠠ ᠳᠡᠭᠡᠭᠰᠢᠬᠢ 2 ᠬᠤᠲᠠ᠎ᠳᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠪᠦᠬᠦ ᠤᠯᠤᠰ᠎ᠤᠨ ᠬᠡᠳᠦᠨ ᠮᠤᠵᠢ (ᠥᠪᠡᠷᠲᠡᠭᠡᠨ ᠵᠠᠰᠠᠬᠤ ᠣᠷᠣᠨ)᠎ᠳᠤ ᠬᠡᠪ᠎ᠤᠨ ᠪᠤᠰᠤ ᠬᠡᠯᠪᠡᠯᠵᠡᠯ ᠤᠯᠠᠨ ᠡᠭᠦᠰᠬᠦ ᠬᠠᠨᠳᠤᠰᠢ᠎ᠲᠠᠢ ᠪᠦᠭᠡᠳ ᠳᠤᠰ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢ ᠨᠦᠯᠦᠭᠡᠯᠡᠬᠦ ᠵᠢ ᠵᠢᠭ᠋ᠠᠨ᠎ᠠ; ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ Ⅱ ᠳᠡᠰ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠬᠡᠪᠴᠢᠶ᠎ᠡ᠎ᠳᠤ ᠤᠷᠤᠨ᠎ᠤ ᠲᠥᠪ ᠬᠥᠬᠡᠬᠣᠲᠠ᠎ᠳᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ᠎ᠤ ᠳᠡᠰ᠎ᠠᠴᠠ ᠳᠡᠭᠡᠭᠰᠢᠬᠢ 2 ᠬᠣᠲᠠ᠎ᠳᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠡᠭᠦᠰᠬᠦ ᠪᠠᠭᠲᠠᠨ᠎ᠠ; ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ Ⅲ ᠳᠡᠰ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠬᠡᠪᠴᠢᠶ᠎ᠡ᠎ᠨᠢ ᠲᠤᠰᠬᠠᠶ ᠣᠷᠣᠨ᠎ᠤ ᠳᠡᠰ᠎ᠤᠨ 1 ᠬᠣᠲᠠ᠎ᠳᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ᠎ᠤ ᠲᠠᠰ᠎ᠤᠨ 1 ᠬᠣᠲᠠ ᠵᠢᠨ ᠬᠠᠷᠢᠶᠠᠨ᠎ᠳᠤ 2᠎ᠠᠴᠠ ᠳᠡᠭᠡᠭᠰᠢ ᠬᠣᠰᠢᠭᠤ ᠰᠢᠶᠠᠨ (ᠲᠣᠭᠣᠷᠢᠭ)᠎ᠳᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠡᠭᠦᠰᠬᠦ ᠵᠢ ᠵᠢᠭ᠋ᠠᠨ᠎ᠠ; ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ Ⅳ ᠳᠡᠰ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠬᠡᠪᠴᠢᠶ᠎ᠡ᠎ᠨᠢ 1 ᠬᠣᠰᠢᠭᠤ ᠰᠢᠶᠠᠨ (ᠲᠣᠭᠣᠷᠢᠭ)᠎ᠳᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠡᠭᠦᠰᠬᠦ ᠵᠢ ᠵᠢᠭ᠋ᠠᠨ᠎ᠠ᠃
      ᠭᠤᠷᠪᠠᠳᠤᠭ᠋ᠠᠷ᠎ᠲᠤ᠂   ᠤᠷᠢᠳᠴᠢᠯᠠᠨ ᠵᠢᠱ᠌ᠢᠬᠦ ᠰᠡᠷᠡᠮᠵᠢᠯᠡᠭᠦᠯᠬᠦ ᠲᠣᠭᠲᠠᠴᠠ ᠵᠢᠨ ᠲᠤᠬᠠᠢ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲᠸᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠤᠨ᠂ ᠶᠡᠷᠦᠩᠬᠡᠶ᠋ᠢᠯᠡᠨ ᠦᠨᠡᠯᠡᠵᠦ᠂ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠪᠠᠶ᠋ᠢᠳᠠᠯ᠎ᠢ ᠡᠵᠡᠮᠰᠢᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢ ᠬᠢᠨᠠᠨ ᠬᠡᠮᠵᠢᠵᠦ ᠣᠯᠣᠭᠰᠠᠨ ᠪᠤᠶᠤ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠮᠡᠳᠡᠭᠦᠯᠦᠯᠲᠡ ᠵᠢ ᠭᠠᠷᠲᠠᠵᠤ ᠣᠯᠤᠭᠰᠠᠨ ᠪᠣᠯ᠂ 2 ᠴᠠᠭ᠎ᠤᠨ ᠳᠣᠲᠣᠷ᠎ᠠ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠮᠥᠷᠲᠡᠭᠡᠨ ᠳᠡᠭᠡᠷ᠎ᠡ ᠨᠢᠭᠡᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠣᠭ᠎ᠲᠤᠨᠢ ᠮᠡᠳᠡᠭᠦᠯᠬᠦ ᠬᠡᠷᠡᠭᠲᠡᠶ᠃ ᠲᠤᠮᠤ ᠬᠡᠯᠪᠡᠷᠢ ᠵᠢᠨ ᠪᠥᠭᠡᠮ ᠵᠶ᠋ᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ ᠵᠡᠷᠭᠡ ᠬᠠᠮᠢᠶ᠎ᠠ ᠪᠦᠬᠦᠢ ᠨᠢᠭᠡᠴᠡ᠎ᠨᠦᠭᠦᠳ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠶ ᠪᠠᠶ᠋ᠢᠭ᠋ᠠᠯᠢ ᠵᠢᠨ ᠭᠠᠮᠰᠢᠭ᠂ ᠪᠦᠯᠦᠭᠯᠡᠯ᠎ᠤᠨ ᠴᠢᠨᠠᠷᠲᠠᠶ ᠡᠪᠡᠳᠴᠢᠨ ᠬᠢᠵᠢᠭ ᠵᠡᠷᠭᠡ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠂ ᠳᠠᠶ᠋ᠢᠨ ᠳᠠᠵᠢᠨ ᠵᠡᠷᠭᠡ ᠠᠶᠤᠮᠰᠢᠭᠲᠤ ᠬᠡᠷᠡᠭ ᠶᠠᠪᠤᠳᠠᠯ ᠡᠭᠦᠰᠦᠭᠰᠡᠨ᠎ᠢ ᠮᠡᠳᠡᠪᠠᠯ 1 ᠴᠠᠭ᠎ᠤᠨ ᠳᠣᠲᠣᠷ᠎ᠠ ᠬᠡᠷᠡᠭ ᠶᠠᠪᠤᠳᠠᠯ ᠡᠭᠦᠰᠦᠭᠰᠡᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠂ ᠡᠯ᠎ᠡ ᠠᠶ᠋ᠢᠮᠠᠭ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠡᠳᠡᠭᠦᠯᠦᠯᠲᠡ ᠵᠢ ᠣᠯᠤᠭᠰᠠᠨ 1 ᠴᠠᠭ᠎ᠤᠨ ᠳᠣᠲᠣᠷ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠳᠤ ᠮᠡᠳᠡᠭᠦᠯᠬᠦ ᠬᠡᠷᠡᠭᠲᠡᠶ᠃ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢ ᠠᠷᠢᠯᠭ᠋ᠠᠠᠬᠤ᠎ᠠᠴᠠ ᠡᠮᠦᠨ᠎ᠡ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠥᠮ 24 ᠴᠠᠭ ᠵᠶ᠋ᠠᠷ ᠮᠡᠳᠡᠭᠦᠯᠬᠦ ᠲᠦᠷᠢᠮ᠎ᠢ ᠬᠡᠷᠡᠭᠵᠢᠭᠦᠯᠬᠦ ᠬᠡᠷᠡᠭᠲᠡᠶ᠃
      ᠳᠥᠷᠪᠡᠳᠦᠭᠡᠷ᠎ᠲᠤ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠤᠨ ᠲᠤᠬᠠᠶ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠡᠭᠦᠰᠴᠦ ᠮᠡᠳᠡᠬᠦ ᠪᠣᠯᠣᠯᠴᠠᠭ᠋ᠠᠲᠤ ᠴᠢᠨᠠᠷ ᠪᠣᠯᠤᠨ ᠨᠥᠯᠥᠭᠡᠯᠡᠬᠦ ᠬᠡᠮᠵᠢᠶ᠎ᠡ᠎ᠪᠠᠷ ᠤᠷᠢᠳᠴᠢᠯᠠᠨ ᠰᠡᠷᠡᠮᠵᠢᠯᠡᠭᠦᠯᠬᠦ ᠲᠡᠰ᠎ᠢ ᠲᠣᠭᠲᠠᠭ᠋ᠠᠵᠤ᠂ Ⅰ ᠳᠡᠰ᠂ Ⅱ ᠳᠡᠰ᠂ Ⅲ ᠳᠡᠰ᠂ Ⅳ ᠳᠡᠰ ᠬᠤᠪᠢᠶᠠᠵᠤ᠂ ᠳᠡᠰ ᠳᠠᠷᠠᠭ᠋ᠠᠯᠠᠯ ᠵᠶ᠋ᠠᠷ᠎ᠨᠢ ᠤᠯᠠᠭ᠋ᠠᠨ᠂ ᠤᠯᠠᠪᠤᠷ᠂ ᠰᠢᠷ᠎ᠠ ᠪᠣᠯᠤᠨ ᠬᠥᠭᠡ ᠦᠨᠭᠭᠡ᠎ᠪᠠᠷ ᠢᠯᠡᠷᠬᠡᠢ᠌ᠯᠡᠨ᠎ᠡ᠂ Ⅰ ᠳᠡᠰ ᠪᠣᠯ ᠬᠠᠮᠤᠭ᠎ᠤᠨ ᠥᠨᠳᠥᠷ ᠲᠡᠰ ᠪᠣᠯᠤᠨ᠎ᠠ᠃ Ⅰ ᠳᠡᠰ᠂ Ⅱ ᠳᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠵᠢᠯᠣᠭᠣᠳᠬᠤ ᠭᠠᠵᠠᠷ ᠵᠶ᠋ᠠᠷ ᠵᠥᠪᠰᠢᠶᠡᠷᠡᠭᠦᠯᠦᠭᠰᠡᠨ᠎ᠤ ᠲᠡᠷᠡᠭ᠎ᠠ   ᠡᠬᠢᠯᠡᠭᠦᠯᠦᠨ ᠬᠡᠷᠡᠭᠵᠢᠭᠦᠯᠵᠦ᠂ ᠬᠠᠮᠢᠶ᠎ᠠ ᠪᠦᠬᠦᠢ ᠨᠢᠭᠡᠴᠡ᠎ᠨᠦᠭᠦᠳ 1 ᠴᠠᠭ᠎ᠤᠨ ᠳᠣᠲᠣᠷ᠎ᠠ ᠪᠠᠴᠢᠮ ᠪᠠᠶ᠋ᠢᠳᠠᠯ᠎ᠢ ᠠᠷᠭ᠋ᠠᠴᠠᠬᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠢ ᠦᠢ᠍ᠯᠡᠳᠪᠦᠷᠢᠯᠡᠬᠦ᠂ ᠲᠡᠭᠡᠭᠡᠪᠦᠷᠢᠯᠡᠬᠦ ᠵᠢ ᠵᠣᠬᠢᠶᠠᠨ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠡᠮᠬᠢ ᠲᠢᠭᠯᠢᠮ᠎ᠢ ᠬᠠᠮᠠᠭ᠋ᠠᠯᠠᠬᠤ ᠪᠠ ᠢᠳᠡᠭᠡᠨ᠎ᠤ ᠠᠮᠤᠷ ᠲᠥᠪᠰᠢᠨ ᠵᠢᠴᠢ ᠬᠠᠮᠢᠶ᠎ᠠ ᠪᠥᠬᠦᠢ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠬᠡᠷᠡᠭ ᠶᠠᠪᠤᠳᠠᠯ ᠭᠠᠷᠤᠭᠰᠠᠨ ᠭᠠᠵᠠᠷ᠎ᠤᠨ ᠵᠢᠯᠣᠭᠣᠳᠬᠤ ᠭᠠᠵᠠᠷ᠎ᠨᠢ 1 ᠴᠠᠭ᠎ᠤᠨ ᠳᠣᠲᠣᠷ᠎ᠠ ᠪᠦᠷᠢᠯᠳᠦᠬᠦᠨ ᠨᠢᠭᠡᠴᠡ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ᠎ᠳᠤ ᠬᠡᠷᠡᠭᠴᠡᠭᠡ ᠪᠦᠬᠦᠢ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠢ ᠦᠢ᠍ᠯᠡᠳᠪᠦᠷᠢᠯᠡᠬᠦ᠂ ᠲᠡᠭᠡᠭᠡᠪᠦᠷᠢᠯᠡᠬᠦ ᠵᠢ ᠪᠠᠲᠤᠯᠠᠨ᠎ᠠ; Ⅲ ᠳᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠬᠡᠷᠡᠭ ᠶᠠᠪᠤᠳᠠᠯ ᠭᠠᠷᠤᠭᠰᠠᠨ ᠭᠠᠵᠠᠷ᠎ᠤᠨ ᠠᠶ᠋ᠢᠮᠠᠭ ᠬᠤᠳᠠ ᠪᠤᠶᠤ ᠬᠣᠰᠢᠭᠤ ᠰᠢᠶᠠᠨ (ᠲᠣᠭᠣᠷᠢᠭ)᠎ᠤ ᠵᠢᠯᠣᠭᠣᠳᠬᠤ ᠭᠠᠵᠠᠷ᠎ᠠᠴᠠ ᠡᠬᠢᠯᠡᠭᠦᠯᠦᠨ ᠬᠡᠷᠡᠭᠵᠢᠭᠦᠯᠦᠨ᠎ᠡ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠥᠷᠨᠢᠭᠦᠯᠬᠦ᠎ᠳᠤ᠂ ᠲᠣᠭᠲᠠᠭ᠋ᠠᠯ ᠶᠣᠰᠣᠭ᠋ᠠᠷ ᠳᠡᠭᠡᠷ᠎ᠡ ᠨᠢᠭᠡᠨ ᠱᠠᠲᠤᠨ᠎ᠤ ᠵᠢᠯᠣᠭᠣᠳᠬᠤ ᠭᠠᠵᠠᠷ ᠵᠢᠴᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ᠂ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠤ ᠴᠠᠭ ᠲᠤᠬᠠᠶ᠎ᠳᠤᠨᠢ ᠮᠡᠳᠡᠭᠳᠡᠨ᠎ᠡ; Ⅳ ᠳᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠬᠡᠷᠡᠭ ᠶᠠᠪᠤᠳᠠᠯ ᠭᠠᠷᠤᠭᠰᠠᠨ ᠭᠠᠵᠠᠷ᠎ᠤᠨ ᠬᠣᠰᠢᠭᠤ ᠰᠢᠶᠠᠨ (ᠲᠣᠭᠣᠷᠢᠭ)᠎ᠤ ᠵᠢᠯᠣᠭᠣᠳᠬᠤ ᠭᠠᠵᠠᠷ᠎ᠠᠴᠠ ᠡᠬᠢᠯᠡᠭᠦᠯᠦᠨ᠎ᠡ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠥᠷᠨᠢᠭᠦᠯᠬᠦ᠎ᠳᠤ᠂ ᠲᠣᠭᠲᠠᠭ᠋ᠠᠯ ᠶᠣᠰᠣᠭ᠋ᠠᠷ ᠳᠡᠭᠡᠷ᠎ᠡ ᠨᠢᠭᠡᠨ ᠱᠠᠲᠤᠨ᠎ᠤ ᠵᠢᠯᠣᠭᠣᠳᠬᠤ ᠭᠠᠵᠠᠷ ᠵᠢᠴᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ᠂ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠤ ᠴᠠᠭ ᠲᠤᠬᠠᠶ᠎ᠳᠤᠨᠢ ᠮᠡᠳᠡᠭᠳᠡᠨ᠎ᠡ᠃
      ᠲᠠᠪᠤᠳᠤᠭ᠋ᠠᠷ᠎ᠲᠤ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠪᠠᠷᠠᠭ᠎ᠠ ᠲᠠᠰᠤᠯᠳᠠᠬᠤ ᠪᠤᠶᠤ ᠦᠨ᠎ᠡ᠎ᠨᠢ ᠶᠡᠬᠡ᠎ᠪᠠᠷ ᠥᠰᠬᠦ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ ᠲᠤᠬᠠᠢ᠂ ᠳᠣᠣᠷᠠᠬᠢ ᠬᠡᠳᠦᠨ ᠲᠠᠯ᠎ᠠ᠎ᠪᠠᠷ ᠰᠢᠢᠳᠪᠦᠷᠢᠯᠡᠵᠦ ᠪᠣᠯᠤᠨ᠎ᠠ᠄ ᠨᠢᠭᠡ᠎ᠳᠤ ᠮᠡᠳᠡᠭᠡ ᠵᠠᠩᠭᠢ ᠨᠡᠶ᠋ᠢᠲᠡᠯᠡᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠪᠠᠶ᠋ᠢᠭ᠋ᠠᠳ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠵᠠᠬ᠎ᠠ ᠳᠡᠯᠭᠡᠭᠦᠷ᠎ᠤᠨ ᠲᠥᠰᠦᠪᠯᠡᠯ᠎ᠢ ᠵᠥᠪ ᠵᠶ᠋ᠠᠷ ᠵᠢᠯᠣᠭᠣᠳᠣᠨ᠎ᠠ᠃ ᠬᠣᠶᠠᠷ᠎ᠲᠤ ᠠᠵᠤ ᠠᠬᠤᠶ᠋ᠢᠯᠠᠯ᠎ᠤᠨ ᠬᠠᠩᠭ᠋ᠠᠯᠭ᠎ᠠ ᠵᠢᠨ ᠬᠡᠯᠬᠢᠶ᠎ᠡ ᠵᠢ ᠬᠤᠳᠠᠯᠳᠤᠨ ᠠᠪᠤᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠪᠠᠶ᠋ᠢᠭ᠋ᠠᠳ ᠭᠣᠣᠯᠯᠠᠭᠴᠢ ᠭᠦᠢ᠍ᠯᠭᠡᠭᠡᠨ᠎ᠤ ᠠᠵᠤ ᠠᠬᠤᠶ᠋ᠢᠯᠠᠯ᠎ᠠᠴᠠ ᠦᠢ᠍ᠯᠡᠳᠪᠦᠷᠢᠯᠡᠭᠴᠢ᠂ ᠬᠠᠩᠭ᠋ᠠᠭᠴᠢ ᠬᠤᠳᠠᠯᠳᠤᠭ᠋ᠠᠴᠢᠨ᠎ᠲᠠᠢ ᠪᠠᠷᠠᠭ᠋ᠠᠨ᠎ᠤ ᠢᠷᠡᠯᠳᠡ ᠵᠢ ᠢᠳᠡᠪᠬᠢᠲᠡᠶ᠎ᠪᠠᠷ ᠵᠣᠬᠢᠶᠠᠨ ᠪᠠᠢ᠌ᠭᠤᠯᠬᠤ ᠵᠢ᠎ᠨᠢ ᠰᠢᠮᠳᠠᠭᠤᠯᠵᠤ᠂ ᠬᠤᠳᠠᠯᠳᠤᠭ᠋ᠠᠨ᠎ᠤ ᠬᠥᠮᠥᠷᠭᠡ ᠵᠢᠨ ᠬᠠᠳᠠᠭ᠋ᠠᠯᠠᠮᠵᠢ ᠵᠢ ᠬᠥᠳᠡᠯᠭᠡᠨ ᠬᠡᠷᠡᠭᠯᠡᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠭᠤᠷᠪᠠ᠎ᠳᠤ ᠣᠷᠣᠨ ᠪᠦᠰᠡ ᠵᠢᠨ ᠬᠣᠭᠣᠷᠣᠨᠳᠣ᠎ᠨᠢ ᠲᠣᠬᠢᠷᠠᠭᠤᠯᠤᠨ᠎ᠠ᠃ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠦᠨᠳᠦ ᠶᠡᠬᠡ ᠬᠡᠪ᠎ᠤᠨ ᠪᠤᠰᠤ ᠬᠡᠯᠪᠡᠯᠵᠡᠯ ᠡᠭᠦᠰᠦᠭᠰᠡᠨ ᠦᠶ᠎ᠡ᠎ᠳᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠪᠠᠶ᠋ᠢᠭ᠋ᠠᠳ ᠵᠠᠬ᠎ᠠ ᠳᠡᠯᠭᠡᠭᠦᠷ᠎ᠤᠨ ᠬᠡᠯᠪᠡᠯᠵᠡᠯ ᠡᠭᠦᠰᠦᠭᠰᠡᠨ ᠦᠭᠡᠢ ᠬᠥᠷᠰᠢ ᠵᠡᠷᠭᠡᠯᠡᠳᠡᠭᠡ ᠭᠠᠵᠠᠷ ᠣᠷᠣᠨ᠎ᠠᠴᠠ ᠲᠠᠸᠠᠷ ᠪᠠᠴᠢᠮ ᠰᠢᠯᠵᠢᠭᠦᠯᠦᠨ ᠵᠥᠭᠡᠭᠡᠪᠦᠷᠢᠯᠡᠵᠦ᠂ ᠪᠤᠰᠤᠳ ᠭᠠᠵᠠᠷ᠎ᠤᠨ ᠲᠠᠸᠠᠷ ᠵᠶ᠋ᠡᠷ ᠦᠯᠡᠭᠦᠦ ᠳᠤᠲᠠᠭᠤ᠎ᠪᠠᠨ ᠲᠣᠬᠢᠷᠠᠭᠤᠯᠵᠤ ᠪᠣᠯᠣᠨ᠎ᠠ᠃ ᠲᠦᠷᠪᠡ᠎ᠳᠤ ᠨᠥᠭᠡᠴᠡ᠎ᠪᠠᠨ ᠬᠥᠳᠡᠯᠭᠡᠵᠦ ᠬᠡᠷᠡᠭᠯᠡᠨ᠎ᠡ᠃ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠨᠡᠯᠢᠶᠡᠳ ᠶᠡᠬᠡ ᠪᠤᠶᠤ ᠬᠦᠨᠳᠦ ᠶᠡᠬᠡ ᠬᠡᠪ᠎ᠤᠨ ᠪᠤᠰᠤ ᠬᠡᠯᠪᠡᠯᠵᠡᠯ   ᠡᠭᠦᠰᠦᠭᠰᠡᠨ ᠦᠶ᠎ᠡ᠎ᠳᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠪᠠᠶ᠋ᠢᠭ᠋ᠠᠳ ᠲᠣᠭᠲᠠᠭᠰᠠᠨ ᠳᠡᠰ ᠳᠠᠷᠠᠭ᠋ᠠᠯᠠᠯ ᠪᠠ ᠡᠷᠬᠡ ᠮᠡᠳᠡᠯ ᠵᠶ᠋ᠡᠷ ᠵᠶ᠋ᠡᠨ᠂ ᠲᠤᠬᠠᠶ ᠵᠢᠨ ᠭᠠᠵᠠᠷ᠎ᠤᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠨᠥᠭᠡᠴᠡ ᠵᠢ ᠴᠠᠭ᠎ᠲᠤᠨᠢ ᠲᠣᠬᠢᠷᠠᠭᠤᠯᠤᠨ ᠬᠡᠷᠡᠭᠯᠡᠵᠦ ᠵᠠᠬ᠎ᠠ ᠳᠡᠯᠭᠡᠭᠦᠷ᠎ᠲᠤ ᠣᠷᠣᠭᠤᠯᠤᠨ᠎ᠠ᠂ ᠲᠤᠬᠠᠶ ᠵᠢᠨ ᠭᠠᠵᠠᠷ᠎ᠤᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠨᠥᠭᠡᠴᠡ᠎ᠨᠢ ᠬᠦᠷᠦᠯᠴᠡᠬᠦ ᠦᠭᠡᠢ ᠪᠣᠯ ᠳᠡᠭᠡᠳᠦ ᠱᠠᠲᠤᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠨᠥᠭᠡᠴᠡ ᠵᠢ ᠬᠡᠷᠡᠭᠯᠡᠬᠦ᠎ᠪᠠᠷ ᠳᠠᠬᠢᠨ ᠭᠤᠶᠤᠴᠢᠯᠠᠨ᠎ᠠ᠃ ᠲᠠᠪᠤ᠎ᠳᠤ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠵᠢ ᠵᠣᠬᠢᠶᠠᠨ ᠪᠠᠢ᠌ᠭᠤᠯᠤᠨ᠎ᠠ᠃ ᠤᠯᠤᠰ᠎ᠤᠨ ᠳᠣᠲᠣᠭ᠋ᠠᠳᠤ ᠵᠢᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠡᠬᠢ ᠪᠠᠶᠠᠯᠢᠭ ᠬᠦᠷᠦᠯᠴᠡᠬᠦ ᠦᠭᠡᠢ ᠦᠶ᠎ᠡ᠎ᠳᠤ᠂ ᠲᠠᠸᠠᠷ᠎ᠢ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠠᠮᠢᠶᠠᠷᠤᠯᠲᠠ ᠵᠢᠨ ᠠᠷᠭ᠎ᠠ ᠵᠢ ᠵᠢᠷᠤᠮᠯᠠᠨ ᠰᠠᠬᠢᠭᠰᠠᠨ ᠤᠷᠢᠲᠠᠯ ᠳᠣᠣᠷ᠎ᠠ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠪᠠᠶ᠋ᠢᠭ᠋ᠠᠳ ᠭᠠᠳᠠᠭ᠋ᠠᠳᠤ᠎ᠠᠴᠠ ᠣᠷᠣᠭᠤᠯᠬᠤ ᠪᠤᠶᠤ ᠭᠠᠳᠠᠭ᠋ᠠᠳᠤ᠎ᠳᠤ ᠭᠠᠷᠭ᠋ᠠᠬᠤ ᠵᠢ ᠬᠢᠵᠠᠭ᠋ᠠᠷᠯᠠᠬᠤ ᠵᠢ ᠦᠳᠲᠡᠷ ᠲᠦᠷᠭᠡᠨ ᠵᠣᠬᠢᠶᠠᠨ ᠪᠠᠢ᠌ᠭᠤᠯᠤᠨ᠎ᠠ᠃ ᠵᠢᠷᠭᠤᠭ᠎ᠠ᠎ᠳᠤ ᠬᠡᠮᠵᠢᠶ᠎ᠡ᠎ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭ᠋ᠠᠷᠯᠠᠵᠤ ᠪᠣᠷᠣᠯᠠᠭᠤᠯᠤᠨ᠎ᠠ᠃ ᠪᠠᠶ᠋ᠢᠳᠠᠯ ᠬᠦᠨᠳᠦ ᠨᠣᠴᠢᠲᠠᠶ ᠦᠶ᠎ᠡ᠎ᠳᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠪᠠᠶ᠋ᠢᠭ᠋ᠠᠳ ᠭᠣᠣᠯᠳᠠᠯᠭ᠎ᠠ᠎ᠲᠠᠢ ᠭᠠᠵᠠᠷ ᠣᠷᠣᠨ᠎ᠳᠤ ᠦᠨᠳᠦᠰᠦᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠢ ᠬᠡᠮᠵᠢᠶ᠎ᠡ᠎ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭ᠋ᠠᠷᠯᠠᠵᠤ ᠪᠣᠷᠣᠯᠠᠭᠤᠯᠬᠤ ᠡᠰᠡᠬᠦᠯ᠎ᠡ ᠨᠢᠭᠡᠳᠦᠯᠲᠡᠶ ᠲᠠᠷᠬᠠᠭ᠋ᠠᠬᠤ ᠪᠠ ᠨᠢᠭᠡᠳᠦᠯᠲᠡᠶ ᠬᠤᠪᠢᠶᠠᠷᠢᠯᠠᠵᠤ ᠪᠣᠯᠣᠨ᠎ᠠ᠃ ᠲᠤᠯᠤᠭ᠎ᠠ᠎ᠳᠤ ᠬᠠᠤᠯᠢ ᠶᠣᠰᠣᠭ᠋ᠠᠷ ᠲᠠᠲᠠᠪᠤᠷᠢᠯᠠᠵᠤ ᠬᠡᠷᠡᠭᠯᠡᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠲᠤᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠲᠠᠷᠠᠭ᠎ᠠ ᠨᠢᠭᠡᠴᠡ ᠪᠣᠯᠣᠨ ᠬᠤᠪᠢ ᠬᠥᠮᠦᠨ᠎ᠠᠴᠠ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠂ ᠵᠠᠮ ᠬᠠᠷᠢᠯᠴᠠᠭ᠋ᠠᠨ᠎ᠤ ᠪᠠᠭ᠋ᠠᠵᠢ ᠵᠢᠴᠢ ᠬᠣᠯᠪᠣᠭᠳᠠᠯ ᠪᠦᠬᠦᠢ ᠪᠡᠯᠡᠳᠬᠡᠮᠵᠢ᠂ ᠲᠥᠬᠥᠭᠡᠷᠦᠮᠵᠢ ᠵᠢ ᠪᠠᠴᠢᠮ ᠲᠠᠲᠠᠪᠤᠷᠢᠯᠠᠨ ᠬᠡᠷᠡᠭᠯᠡᠵᠦ

ᠪᠣᠯᠣᠨ᠎ᠠ᠃
      ᠵᠢᠷᠭᠤᠳᠤᠭ᠋ᠠᠷ᠎ᠲᠤ᠂ ᠪᠠᠴᠢᠮ ᠪᠠᠶ᠋ᠢᠳᠠᠯ᠎ᠢ ᠠᠷᠭ᠋ᠠᠴᠠᠵᠤ ᠳᠠᠭᠤᠰᠤᠭᠰᠠᠨ᠎ᠤ ᠳᠠᠷᠠᠭ᠋ᠠᠬᠢ ᠵᠢ ᠰᠢᠢᠳᠪᠦᠷᠢᠯᠡᠬᠦ ᠲᠤᠬᠠᠶ᠂ ᠭᠣᠣᠯᠳᠠᠭᠤ ᠪᠠᠢ᠌ᠴᠠᠭ᠋ᠠᠨ ᠦᠨᠡᠯᠡᠬᠦ᠂ ᠵᠦᠢ ᠶᠣᠰᠣᠨ᠎ᠤ ᠲᠥᠯᠥᠪᠦᠷᠢ ᠥᠭᠬᠦ᠂ ᠰᠡᠷᠭᠦᠭᠡᠨ ᠲᠠᠬᠢᠨ ᠪᠠᠶ᠋ᠢᠭᠤᠯᠬᠤ ᠵᠡᠷᠭᠡ ᠦᠯᠡᠳᠡᠮᠡᠯ ᠠᠵᠢᠯ᠎ᠢ ᠰᠠᠶ᠋ᠢᠲᠤᠷ ᠬᠢᠬᠦ ᠶᠠᠪᠤᠳᠠᠯ ᠪᠠᠭᠲᠠᠨ᠎ᠠ᠃
      ᠬᠥᠲᠥᠯᠥᠭᠴᠢ᠄  
      ᠲᠠᠨ᠎ᠤ ᠲᠠᠨᠢᠯᠴᠠᠭᠤᠯᠤᠯᠭ᠎ᠠ ᠵᠢ ᠰᠣᠨᠣᠰᠤᠭ᠋ᠠᠳ᠎ᠤ ᠳᠠᠷᠠᠭ᠎ᠠ᠂ 《ᠲᠥᠰᠦᠯ》᠎ᠨᠢ ᠦᠨᠡᠬᠡᠷ ᠠᠭᠤᠯᠭ᠎ᠠ᠎ᠨᠢ ᠪᠦᠷᠢᠨ᠂ ᠵᠣᠬᠢᠶᠠᠮᠵᠢ᠎ᠨᠢ ᠴᠢᠩᠭ᠎ᠠ᠂ ᠬᠠᠷᠢᠭᠤᠴᠠᠯᠭ᠎ᠠ᠎ᠨᠢ ᠲᠣᠳᠣᠷᠬᠠᠶ᠂ ᠰᠢᠰᠲ᠋ᠧᠮᠵᠢ᠎ᠨᠢ ᠲᠡᠭᠦᠯᠳᠡᠷ ᠪᠣᠯᠬᠤ ᠵᠢ ᠣᠢ᠌ᠯᠠᠭ᠋ᠠᠯ᠎ᠠ᠂ 《ᠲᠥᠰᠦᠯ》᠎ᠢ ᠲᠤᠭᠤᠷᠪᠢᠨ ᠪᠢᠴᠢᠬᠦ ᠦᠶᠡᠰ᠎ᠤᠨ ᠶᠡᠷᠦᠩᠬᠡᠶ ᠪᠣᠳᠣᠯᠬᠢᠯᠠᠯ ᠵᠶ᠋ᠡᠨ ᠶᠠᠷᠢᠭ᠋ᠠᠳ ᠥᠭᠭᠦᠨ᠎ᠡ ᠤᠤ᠃
      ᠵᠠᠶ ᠶᠸᠥ ᠵᠢᠶᠦ᠋ᠨ᠄
     《ᠲᠥᠰᠦᠯ》᠎ᠢ ᠲᠤᠭᠤᠷᠪᠢᠨ ᠪᠢᠴᠢᠬᠦ ᠦᠶ᠎ᠡ᠎ᠳᠤ ᠭᠣᠣᠯᠳᠠᠭᠤ ᠬᠣᠶᠠᠷ ᠵᠠᠷᠴᠢᠮ᠎ᠢ ᠪᠠᠷᠢᠮᠲᠠᠯᠠᠵᠠᠢ᠃
      ᠨᠢᠭᠡ᠎ᠳᠤ᠂ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠶ ᠪᠠᠢ᠌ᠬᠤ ᠵᠠᠷᠴᠢᠮ᠎ᠢ ᠪᠠᠷᠢᠮᠲᠠᠯᠠᠪᠠ᠃ ᠲᠤᠰ 《ᠲᠥᠰᠦᠯ》᠎ᠨᠢ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠬᠡᠷᠡᠭ᠎ᠢ ᠤᠷᠢᠳᠴᠢᠯᠠᠨ ᠵᠢᠱ᠌ᠢᠬᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠮᠡᠳᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ᠂ ᠰᠡᠷᠭᠦᠭᠡᠨ ᠳᠠᠬᠢᠨ ᠪᠠᠶ᠋ᠢᠭᠤᠯᠬᠤ᠂ ᠪᠠᠢ᠌ᠴᠠᠭ᠋ᠠᠨ ᠦᠨᠡᠯᠡᠬᠦ᠂ ᠱᠠᠩᠨᠠᠬᠤ ᠲᠣᠷᠭ᠋ᠠᠬᠤ ᠵᠡᠷᠭᠡ ᠨᠢᠭᠡ ᠢᠵᠢ ᠲᠣᠭᠲᠠᠴᠠ ᠵᠢ ᠪᠠᠶ᠋ᠢᠭᠤᠯᠵᠤ᠂ ᠬᠡᠷᠡᠭ᠎ᠤᠨ ᠡᠮᠦᠨ᠎ᠡ᠂ ᠬᠡᠷᠡᠭ ᠡᠭᠦᠰᠬᠦ᠂ ᠬᠡᠷᠡᠭ᠎ᠤᠨ ᠳᠤᠮᠳᠠ᠂ ᠬᠡᠷᠡᠭ᠎ᠤᠨ ᠳᠠᠷᠠᠭ᠎ᠠ ᠵᠡᠷᠭᠡ ᠵᠠᠩᠭᠢᠯᠠᠭ᠎ᠠ᠎ᠨᠤᠭᠤᠳ᠎ᠢ ᠪᠠᠭᠲᠠᠭ᠋ᠠᠭᠰᠠᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠶ ᠪᠠᠢ᠌ᠬᠤ ᠠᠵᠢᠯᠯᠠᠭ᠋ᠠᠨ᠎ᠤ ᠲᠣᠭᠲᠠᠴᠠ ᠵᠢ ᠪᠤᠢ ᠪᠣᠯᠭ᠋ᠠᠬᠤ᠎ᠪᠠᠷ ᠵᠣᠷᠢᠯᠭ᠎ᠠ᠎ᠪᠠᠨ ᠪᠣᠯᠭ᠋ᠠᠪᠠ᠃ ᠵᠢᠱ᠌ᠢᠶᠡᠯᠡᠪᠡᠯ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯᠲᠡ ᠵᠢᠨ ᠳᠡᠰ ᠬᠤᠪᠢᠶᠠᠬᠤ ᠪᠠᠷᠢᠮᠵᠢᠶ᠎ᠠ ᠵᠢᠨ ᠲᠠᠯ᠎ᠠ᠎ᠪᠠᠷ᠂ ᠮᠠᠨ᠎ᠤ ᠣᠷᠣᠨ᠎ᠤ ᠨᠤᠲᠤᠭ ᠤᠰᠤ ᠥᠷᠭᠡᠨ ᠠᠭᠤᠳᠠᠮ᠂ ᠬᠥᠮᠦᠨ ᠠᠮᠠ ᠦᠯᠡᠮᠵᠢ ᠤᠯᠠᠨ ᠪᠠᠢ᠌ᠬᠤ ᠪᠤᠳᠠᠲᠠᠢ᠎ᠲᠠᠢ ᠤᠶᠠᠯᠳᠤᠭᠤᠯᠤᠨ᠂ ᠬᠡᠯᠪᠡᠯᠵᠡᠯ᠎ᠤᠨ ᠨᠥᠯᠥᠭᠡ ᠵᠢᠨ ᠬᠡᠪᠴᠢᠶᠡᠨ᠎ᠤ ᠶᠡᠬᠡ ᠪᠠᠭ᠎ᠠ᠎ᠪᠠᠷ᠎ᠨᠢ ᠳᠥᠷᠪᠡᠨ ᠳᠡᠰ ᠬᠤᠪᠢᠶᠠᠵᠤ᠂ ᠵᠠᠰᠠᠭ ᠵᠠᠬᠢᠷᠭ᠋ᠠᠨ᠎ᠤ ᠣᠷᠣᠨ ᠪᠦᠰᠡ᠎ᠳᠠᠬᠢ ᠪᠤᠢ ᠪᠦᠬᠦᠢ ᠠᠶ᠋ᠢᠮᠠᠭ ᠬᠤᠳᠠ ᠵᠢᠴᠢ ᠬᠣᠰᠢᠭᠤ ᠰᠢᠶᠠᠨ (ᠲᠣᠭᠣᠷᠢᠭ)᠎ᠢ ᠪᠠᠭᠲᠠᠭ᠋ᠠᠭᠰᠠᠨ᠎ᠤ ᠬᠠᠮᠲᠤ ᠬᠥᠷᠰᠢ ᠵᠡᠷᠭᠡᠯᠡᠳᠡᠭᠡ ᠮᠤᠵᠢ ᠣᠷᠣᠨ᠎ᠤ ᠬᠠᠷᠢᠴᠠᠭ᠎ᠠ ᠵᠢ ᠨᠢᠭᠡᠳᠦᠯᠲᠡᠶ ᠲᠥᠯᠥᠪᠯᠡᠵᠦ ᠪᠣᠳᠣᠯᠬᠢᠯᠠᠨ᠂ ᠵᠡᠷᠭᠡᠯᠡᠳᠡᠭᠡ ᠮᠤᠵᠢ ᠣᠷᠣᠨ ᠵᠢᠴᠢ ᠵᠡᠷᠭᠡᠯᠡᠳᠡᠭᠡ ᠮᠤᠵᠢ ᠣᠷᠣᠨ᠎ᠤ ᠵᠡᠷᠭᠡᠯᠡᠳᠡᠭᠡ ᠣᠷᠣᠨ ᠪᠦᠰᠡ ᠵᠢ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠤᠨ ᠬᠡᠪᠴᠢᠶᠡᠨ᠎ᠳᠤ ᠣᠷᠣᠭᠤᠯᠪᠠ᠂ ᠤᠷᠢᠳᠴᠢᠯᠠᠨ ᠰᠡᠷᠡᠮᠵᠢᠯᠡᠭᠦᠯᠬᠦ ᠲᠡᠰ ᠵᠢᠴᠢ ᠪᠠᠴᠢᠮ ᠪᠠᠢ᠌ᠳᠠᠯ᠎ᠢ ᠠᠷᠭ᠋ᠠᠴᠠᠬᠤ ᠲᠥᠰᠦᠯ᠎ᠢ ᠲᠣᠭᠲᠠᠭ᠋ᠠᠬᠤ ᠲᠠᠯ᠎ᠠ᠎ᠪᠠᠷ᠂ ᠲᠡᠭᠦᠨ᠎ᠤ ᠰᠢᠨᠵᠢᠯᠡᠬᠦ ᠤᠬᠠᠭ᠋ᠠᠨᠴᠢ ᠴᠢᠨᠠᠷ ᠪᠣᠯᠤᠨ ᠵᠦᠶ ᠵᠣᠬᠢᠰᠲᠤ ᠴᠢᠨᠠᠷ᠎ᠢ ᠭᠦᠢ᠍ᠴᠡᠳ ᠪᠣᠳᠣᠯᠬᠢᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ᠎ᠳᠤ ᠵᠢᠷᠤᠮᠯᠠᠬᠤ ᠳᠦᠷᠢᠮ᠎ᠲᠠᠢ᠂ ᠠᠩᠭᠢ ᠢᠯᠭ᠋ᠠᠪᠤᠷᠢ᠎ᠲᠠᠢ ᠪᠠᠢ᠌ᠬᠤ ᠵᠢ ᠦᠨᠡᠨᠬᠦ ᠪᠠᠲᠤᠯᠠᠪᠠ᠃
      ᠬᠣᠶᠠᠷ᠎ᠲᠤ ᠥᠨᠳᠥᠷ ᠪᠦᠲᠦᠮᠵᠢᠲᠡᠶ ᠬᠡᠷᠡᠭᠵᠢᠭᠦᠯᠦᠭᠦᠰᠢᠲᠡᠢ ᠪᠠᠢ᠌ᠬᠤ ᠵᠠᠷᠴᠢᠮ᠎ᠢ ᠪᠠᠷᠢᠮᠲᠠᠯᠠᠪᠠ᠃ 《ᠲᠥᠰᠦᠯ》᠎ᠳᠤ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠪᠠᠴᠢᠮ ᠪᠠᠶ᠋ᠢᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠨᠢᠭᠡᠳᠦᠯᠲᠡᠶ ᠤᠳᠤᠷᠢᠳᠤᠨ᠂ ᠱᠠᠳᠤ ᠬᠤᠪᠢᠶᠠᠨ ᠬᠠᠷᠢᠭᠤᠴᠠᠬᠤ ᠵᠢ ᠰᠠᠶ᠋ᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠵᠢᠯᠣᠭᠣᠳᠬᠤ ᠭᠠᠵᠠᠷ ᠪᠠᠢ᠌ᠭᠤᠯᠤᠨ᠂ ᠶᠡᠷᠦᠩᠬᠡᠶ ᠵᠢᠯᠤᠭᠤᠳᠤᠭᠴᠢ ᠵᠢᠨ ᠲᠤᠰᠢᠶᠠᠯ᠎ᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠠᠷᠤᠭ᠎ᠠ᠎ᠪᠠᠷ ᠡᠭᠦᠷᠭᠡᠯᠡᠭᠦᠯᠵᠦ᠂   ᠪᠦᠷᠢᠯᠳᠦᠭᠦᠨ᠎ᠢ ᠬᠤᠳᠠᠯᠳᠤᠭ᠋ᠠᠨ᠎ᠤ ᠶᠠᠪᠤᠳᠠᠯ᠂ ᠥᠭᠡᠷᠡᠴᠢᠯᠡᠯᠲᠡ ᠬᠥᠭᠵᠢᠭᠦᠯᠦᠯᠲᠡ᠂ ᠠᠵᠤ ᠠᠬᠤᠶ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭ᠋ᠠᠯᠠᠯ᠂ ᠠᠵᠤ ᠦᠢ᠍ᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠵᠡᠷᠭᠡ 18 ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠭᠦᠯᠵᠦ᠂ ᠠᠢ᠌ᠮᠠᠭ ᠬᠣᠲᠠ᠂ ᠬᠣᠰᠢᠭᠤ ᠰᠢᠶᠠᠨ (ᠲᠣᠭᠤᠷᠢᠭ)᠎ᠨᠢ ᠥᠪᠡᠷᠲᠡᠭᠡᠨ ᠵᠠᠰᠠᠬᠤ ᠣᠷᠣᠨ᠎ᠤ᠎ᠬᠢ᠎ᠪᠠᠷ ᠯᠠᠪᠯᠠᠯᠲᠠ ᠪᠣᠯᠭ᠋ᠠᠵᠤ ᠲᠤᠰ ᠲᠤᠰ᠎ᠲᠠᠭᠠᠨ ᠲᠤᠰ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠵᠢᠯᠣᠭᠣᠳᠬᠤ ᠰᠢᠰᠲ᠋ᠧᠮᠵᠢ ᠵᠢ ᠪᠠᠢ᠌ᠭᠤᠯᠬᠤ ᠬᠡᠷᠡᠭᠲᠡᠢ᠃ ᠭᠡᠨᠡᠳᠲᠡ ᠵᠢᠨ ᠬᠡᠷᠡᠭ ᠡᠭᠦᠰᠦᠭᠰᠡᠨ ᠦᠶ᠎ᠡ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠎ᠤᠳ ᠡᠷᠬᠡᠪᠰᠢ 《ᠲᠥᠰᠦᠯ》᠎ᠳᠠᠬᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠡᠷ ᠵᠶ᠋ᠡᠨ ᠡᠷᠬᠢᠯᠡᠭᠰᠡᠨ ᠠᠵᠢᠯ ᠵᠶ᠋ᠠᠨ ᠰᠠᠶ᠋ᠢᠲᠤᠷ ᠬᠢᠬᠦ ᠵᠢᠨ ᠬᠠᠮᠲᠤ ᠵᠣᠬᠢᠴᠠᠭᠤᠯᠤᠨ ᠬᠠᠮᠵᠢᠯᠴᠠᠵᠤ᠂ ᠪᠦᠲᠦᠮᠵᠢ ᠰᠠᠶ᠋ᠢᠲᠠᠶ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠲᠣᠭᠲᠠᠭ᠋ᠠᠵᠠᠢ᠃ 《ᠲᠥᠰᠦᠯ》᠎ᠳᠤ ᠪᠠᠰᠠ ᠡᠳ᠋ ᠪᠣᠳᠠᠰ᠂ ᠵᠠᠷᠤᠳᠠᠯ᠂ ᠵᠠᠮ ᠬᠠᠷᠢᠯᠴᠠᠭ᠎ᠠ ᠵᠡᠷᠭᠡ ᠪᠠᠲᠤᠯᠠᠭ᠎ᠠ ᠵᠢᠨ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠵᠠᠬ᠎ᠠ ᠳᠡᠯᠭᠡᠭᠦᠷ᠎ᠤᠨ ᠬᠡᠪ᠎ᠤᠨ ᠪᠤᠰᠤ ᠬᠡᠯᠪᠡᠯᠵᠡᠯ᠎ᠢ ᠠᠷᠭ᠋ᠠᠴᠠᠬᠤ᠎ᠳᠤ ᠠᠯᠢ ᠴᠢᠳᠠᠬᠤ᠎ᠪᠠᠷ ᠬᠠᠮᠤᠭ᠎ᠤᠨ ᠶᠡᠬᠡ ᠦᠢ᠍ᠯᠡᠳᠦᠯ ᠦᠵᠡᠭᠦᠯᠬᠦ᠎ᠪᠠᠷ ᠴᠢᠷᠮᠠᠢ᠌ᠵᠠᠢ᠃
      ᠬᠥᠲᠥᠯᠥᠭᠴᠢ᠄
      ᠵᠠᠶ ᠳᠠᠷᠤᠭ᠎ᠠ ᠵᠢᠨ ᠲᠠᠶ᠋ᠢᠯᠪᠤᠷᠢ ᠬᠢᠭᠰᠡᠨ᠎ᠳᠤ ᠲᠣᠩ ᠪᠠᠶᠠᠷᠯᠠᠯ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠢ ᠵᠣᠯᠭ᠋ᠠᠶ᠎ᠠ!  

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠵᠤ ᠪᠣᠷᠳᠣᠭ᠋ᠠᠨ᠎ᠤ ᠠᠵᠤ ᠦᠢ᠍ᠯᠡᠳᠪᠦᠷᠢ ᠵᠢᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠶ᠎ᠠ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠨᠠᠯᠲᠠ ᠵᠢᠨ ᠬᠡᠪᠴᠢᠶ᠎ᠡ ᠵᠢ ᠥᠷᠭᠡᠳᠬᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠨᠠᠯᠲᠠ ᠵᠢᠨ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠨ᠎ᠠ
ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠦᠷᠢᠮ᠎ᠤᠨ ᠲᠤᠷᠰᠢᠯᠲᠠ ᠵᠢ ᠬᠡᠷᠡᠭᠵᠢᠭᠦᠯᠵᠦ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠤᠨ᠎ᠠ
ᠡᠨᠧᠷᠭᠢ ᠵᠢ ᠠᠷᠪᠢᠯᠠᠨ ᠡᠨᠧᠷᠭᠢ ᠵᠢᠨ ᠬᠣᠷᠣᠭᠳᠠᠯ᠎ᠢ ᠪᠠᠭ᠋ᠠᠰᠬᠠᠵᠤ᠂ ᠴᠡᠩᠬᠡᠷ ᠣᠭᠲᠠᠷᠭᠤᠢ ᠵᠢ ᠬᠠᠮᠠᠭ᠋ᠠᠯᠠᠶ᠎ᠠ
ᠬᠠᠤᠯᠢ ᠬᠡᠷᠡᠭᠵᠢᠭᠦᠯᠬᠦ ᠡᠩᠨᠡᠭᠡᠨ᠎ᠤ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠳᠡᠭᠡᠭᠰᠢᠯᠡᠭᠦᠯᠦᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠬᠢᠴᠠ ᠵᠢ ᠲᠦᠷᠭᠡᠨ ᠠᠬᠢᠭᠤᠯᠤᠶ᠎ᠠ
 
            