ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠣᠷᠳᠣᠨ 《13·5》 ᠵᠢᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠡᠶ᠋ᠢᠲᠡᠯᠡᠭᠰᠡᠨ ᠴᠠᠭ᠄ 2017-05-02

      4 ᠳ᠋ᠦ᠍ᠭᠡᠷ ᠰᠠᠷ᠎ᠠ ᠵᠢᠨ 28᠎ᠤ ᠡᠳᠦᠷ᠂ ᠦᠪᠡᠷᠳᠡᠬᠡᠨ ᠵᠠᠰᠠᠬᠤ ᠤᠷᠤᠨ᠎ᠤ ᠵᠠᠰᠠᠬ᠎ᠤ ᠤᠷᠳᠤᠨ᠎ᠤ ᠰᠤᠨᠢᠨ ᠮᠡᠳᠡᠬᠡᠨ᠎ᠤ ᠠᠯᠪᠠᠨ ᠭᠡᠷ ᠰᠤᠨᠢᠨ ᠮᠡᠳᠡᠬᠡ ᠨᠠᠢ᠌ᠳᠡᠯᠡᠬᠦ ᠬᠤᠷᠠᠯ ᠬᠢᠵᠦ᠂ ᠦᠪᠡᠷᠳᠡᠬᠡᠨ ᠵᠠᠰᠠᠬᠤ ᠤᠷᠤᠨ᠎ᠤ 《13·5》 ᠵᠢᠨ ᠠᠵᠦ ᠦᠢ᠍ᠯᠡᠳᠪᠦᠷᠢ ᠵᠢᠨ ᠬᠦᠭᠵᠢᠯᠳᠡ ᠵᠢᠨ ᠲᠦᠯᠦᠪᠵᠢᠬᠦᠯᠬᠡ ᠵᠢᠨ ᠲᠤᠬᠠᠢ ᠰᠤᠨᠢᠨ ᠮᠡᠳᠡᠬᠡ ᠨᠡᠢ᠌ᠳᠡᠯᠡᠪᠡ᠃
     《ᠲᠦᠯᠦᠪᠵᠢᠬᠦᠯᠬᠡ》 ᠵᠢ ᠦᠨᠳᠦᠰᠦᠯᠡᠪᠡᠯ᠂ 《13·5》 ᠵᠢᠨ ᠬᠤᠭᠤᠴᠠᠭ᠋ᠠᠨ᠎ᠳᠤ᠂ ᠪᠦᠬᠦ ᠤᠷᠤᠨ᠎ᠤ ᠠᠵᠦ ᠦᠢ᠍ᠯᠡᠳᠪᠦᠷᠢ ᠵᠢᠨ ᠨᠡᠮᠡᠭᠳᠡᠯ ᠦᠷᠲᠡᠭ᠎ᠢ ᠵᠢᠯ ᠲᠤᠮᠳᠠᠴᠢ᠎ᠪᠠᠷ 8% ᠨᠡᠮᠡᠭᠳᠡᠬᠦᠯᠦᠨ᠂ ᠠᠵᠦ ᠦᠢ᠍ᠯᠡᠳᠪᠦᠷᠢ ᠵᠢᠨ ᠲᠤᠬᠳᠠᠮᠠᠯ ᠬᠦᠷᠦᠩᠬᠡ ᠵᠢᠨ ᠪᠡᠯᠡ ᠤᠷᠤᠭᠤᠯᠤᠯᠳᠠ ᠵᠢ ᠨᠡᠢ᠌ᠳᠡ 3.8 ᠲᠦᠮᠡᠨ ᠳ᠋ᠦᠩᠰᠢᠭᠤᠷ ᠲᠦᠬᠦᠷᠢᠭ᠎ᠲᠤ ᠬᠦᠷᠬᠡᠵᠦ᠂ ᠨᠡᠬᠦᠷᠡᠰᠦᠨ᠎ᠤ ᠠᠵᠦ ᠦᠢ᠍ᠯᠡᠰ᠎ᠤᠨ ᠨᠡᠮᠡᠭᠳᠡᠯ ᠦᠷᠲᠡᠭ᠎ᠤᠨ ᠠᠵᠦ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠠᠬᠢ ᠡᠵᠡᠯᠡᠬᠦ ᠬᠠᠷᠢᠴᠠᠯ᠎ᠢ 18% ᠤᠷᠴᠢᠮ ᠪᠤᠯᠭ᠋ᠠᠨ ᠪᠠᠭᠤᠷᠠᠭᠤᠯᠵᠦ᠂ ᠥᠩᠭᠡᠲᠦ ᠲᠡᠮᠦᠷᠯᠢᠭ᠂ ᠮᠠᠰᠢᠨ ᠲᠤᠨᠤᠬᠯᠠᠯ ᠦᠢ᠍ᠯᠡᠳᠬᠦ᠂ ᠮᠠᠯ᠎ᠤᠨ ᠠᠰᠢᠬ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠬᠦᠯᠦᠨ ᠪᠤᠯᠪᠠᠰᠤᠷᠠᠭᠤᠯᠬᠤ᠂ ᠲᠤᠯᠤᠭ᠋ᠠᠨ ᠶᠡᠬᠡ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠰᠢᠨ᠎ᠠ᠎ᠪᠠᠷ ᠮᠠᠨᠳᠤᠵᠦ ᠪᠠᠢ᠌ᠭ᠎ᠠ ᠠᠵᠦ ᠦᠢ᠍ᠯᠡᠰ᠎ᠤᠨ ᠡᠵᠡᠯᠡᠬᠦ ᠬᠠᠷᠢᠴᠠᠯ᠎ᠢ ᠲᠤᠰᠪᠤᠷᠢ 10%᠂ 8%᠂ 18%᠂ 10%᠎ᠠᠴᠠ ᠲᠡᠭᠡᠭᠰᠢ᠎ᠳᠤ ᠬᠦᠷᠬᠡᠵᠦ᠂ ᠨᠢᠬᠡᠴᠢ ᠠᠵᠦ ᠦᠢ᠍ᠯᠡᠳᠪᠦᠷᠢ ᠵᠢᠨ ᠨᠡᠮᠡᠭᠳᠡᠯ ᠦᠷᠲᠡᠭ᠎ᠲᠠᠬᠢ ᠡᠨᠧᠷᠬᠢ ᠵᠢᠨ ᠬᠤᠷᠤᠬᠳᠠᠯ᠎ᠢ 19% ᠪᠠᠭᠤᠷᠠᠭᠤᠯᠤᠨ᠂ ᠨᠢᠬᠡᠴᠢ ᠠᠵᠦ ᠦᠢ᠍ᠯᠡᠳᠪᠦᠷᠢ ᠵᠢᠨ ᠨᠡᠮᠡᠭᠳᠡᠯ ᠦᠷᠲᠡᠭ᠎ᠲᠠᠬᠢ ᠤᠰᠤ ᠬᠡᠷᠡᠭᠯᠡᠬᠦ ᠬᠡᠮᠵᠢᠶ᠎ᠠ ᠵᠢ 20% ᠤᠷᠴᠢᠮ ᠵᠶ᠋ᠠᠷ ᠪᠠᠭᠤᠷᠠᠭᠤᠯᠬᠤ ᠪᠤᠯᠤᠨ᠎ᠠ᠃
      ᠤᠢ᠌ᠯᠠᠭ᠋ᠠᠬᠰᠠᠨ ᠵᠶ᠋ᠠᠷ᠂ ᠲᠤᠰ 《ᠲᠦᠯᠦᠪᠵᠢᠬᠦᠯᠬᠡ》᠎ᠨᠢ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠦᠭᠵᠢᠯᠳᠡ ᠵᠢᠨ ᠬᠠᠷᠠᠯᠳᠠ ᠵᠢᠴᠢ ᠭᠤᠤᠯ ᠬᠦᠭᠵᠢᠯᠳᠡ ᠵᠢᠨ ᠡᠬᠦᠷᠬᠡ᠂ ᠪᠠᠲᠤᠯᠠᠬᠤ ᠠᠷᠭ᠎ᠠ ᠠᠪᠴᠠᠯ ᠵᠡᠷᠬᠡ ᠭᠤᠷᠪᠠᠨ ᠬᠡᠰᠡᠭ ᠵᠶ᠋ᠠᠷ ᠪᠦᠷᠢᠯᠳᠦᠵᠡᠢ᠃ ᠭᠤᠤᠯ ᠬᠦᠭᠵᠢᠯᠳᠡ ᠵᠢᠨ ᠡᠬᠦᠷᠬᠡ᠎ᠨᠢ 《ᠲᠦᠷᠪᠡᠨ ᠶᠡᠬᠡ ᠤᠯᠠᠮᠵᠢᠯᠠᠯᠳᠤ ᠠᠵᠦ ᠦᠢ᠍ᠯᠡᠳᠪᠦᠷᠢ ᠵᠢᠨ ᠰᠠᠭᠤᠷᠢᠨ》᠎ᠢ ᠰᠢᠯᠢᠳᠡᠭᠵᠢᠭᠦᠯᠦᠨ ᠬᠦᠴᠦᠷᠭᠡᠭᠵᠢᠬᠦᠯᠬᠦ᠂ ᠲᠤᠯᠤᠭ᠋ᠠᠨ ᠶᠡᠬᠡ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠰᠢᠨ᠎ᠠ᠎ᠪᠠᠷ ᠮᠠᠨᠳᠤᠵᠦ ᠪᠠᠢ᠌ᠭ᠎ᠠ ᠠᠵᠦ ᠦᠢ᠍ᠯᠡᠰ᠎ᠢ ᠲᠦᠷᠬᠡᠳᠬᠡᠨ ᠬᠦᠭᠵᠢᠬᠦᠯᠬᠦ᠂ ᠠᠵᠦ ᠦᠢ᠍ᠯᠡᠳᠪᠦᠷᠢ ᠵᠢᠨ ᠰᠢᠨ᠎ᠠ ᠵᠢ ᠡᠬᠦᠳᠬᠦ ᠴᠢᠳᠠᠪᠤᠷᠢ ᠵᠢ ᠲᠡᠭᠡᠭᠰᠢᠯᠡᠬᠦᠯᠬᠦ᠂ ᠠᠵᠤ ᠦᠢ᠍ᠯᠡᠳᠪᠦᠷᠢ ᠵᠢᠨ ᠪᠦᠲᠦᠴᠡ ᠵᠢ ᠦᠷᠬᠦᠯᠵᠢᠯᠡᠨ ᠰᠢᠯᠢᠳᠡᠭᠵᠢᠬᠦᠯᠬᠦ᠂ ᠠᠵᠦ ᠦᠢ᠍ᠯᠡᠳᠪᠦᠷᠢ ᠵᠢᠨ ᠪᠤᠬᠢᠷᠳᠤᠯ ᠦᠬᠡᠢ ᠬᠦᠭᠵᠢᠯᠳᠡ ᠵᠢ ᠠᠬᠢᠭᠤᠯᠬᠤ᠂ ᠠᠵᠦ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠪᠠᠢ᠌ᠷᠢᠰᠢᠭᠤᠯᠤᠯᠳᠠ ᠵᠢ ᠰᠢᠯᠢᠳᠡᠭᠵᠢᠬᠦᠯᠬᠦ᠂ ᠶᠠᠰᠤ ᠴᠢᠨᠠᠷ ᠪᠠ ᠲᠦᠷᠦᠯ ᠲᠡᠮᠳᠡᠭ᠎ᠤᠨ ᠪᠦᠲᠦᠬᠡᠨ ᠪᠠᠢ᠌ᠭᠤᠯᠤᠯᠳᠠ ᠵᠢ ᠴᠢᠩᠭ᠋ᠠᠳᠬᠠᠬᠤ᠂ ᠲᠤᠮᠳᠠ ᠪᠠᠭ᠎ᠠ ᠠᠵᠦ ᠠᠬᠤᠢ᠌ᠯᠠᠯ᠎ᠤᠨ ᠦᠷᠬᠦᠯᠵᠢᠯᠨᠨ ᠡᠷᠡᠬᠦᠯ ᠵᠶ᠋ᠠᠷ ᠬᠦᠭᠵᠢᠬᠦ ᠵᠢ ᠠᠬᠢᠭᠤᠯᠬᠤ᠂ ᠠᠵᠦ ᠦᠢ᠍ᠯᠡᠳᠪᠦᠷᠢ ᠵᠢᠨ ᠦᠢ᠍ᠯᠡᠴᠢᠯᠡᠬᠡᠨ᠎ᠤ ᠦᠢ᠍ᠯᠡᠰ᠎ᠢ ᠶᠡᠬᠡᠪᠡᠷ ᠬᠦᠭᠵᠢᠬᠦᠯᠬᠦ ᠵᠡᠷᠬᠡ ᠶᠢᠰᠦᠨ ᠲᠠᠯ᠎ᠠ ᠵᠢᠨ ᠠᠭᠤᠯᠭ᠎ᠠ ᠵᠢ ᠪᠠᠭᠳᠠᠭ᠋ᠠᠵᠠᠢ᠃ ᠠᠵᠦ ᠦᠢ᠍ᠯᠡᠳᠪᠦᠷᠢ ᠵᠢᠨ ᠬᠦᠭᠵᠢᠯᠳᠡ ᠵᠢ ᠪᠠᠲᠤᠯᠠᠬᠤ ᠠᠷᠭ᠎ᠠ ᠠᠪᠴᠠᠯ᠎ᠨᠢ ᠵᠠᠰᠠᠬ᠎ᠤᠨ ᠤᠷᠳᠤᠨ᠎ᠤ ᠡᠬᠦᠷᠬᠡ ᠴᠢᠳᠠᠮᠵᠢ ᠵᠢ ᠲᠦᠷᠬᠡᠳᠬᠡᠨ ᠬᠤᠪᠢᠷᠠᠭᠤᠯᠬᠤ᠂ ᠡᠳ᠋᠎ᠤᠨ ᠵᠠᠰᠠᠬ ᠭᠠᠢ᠌ᠯᠢ ᠵᠢᠨ ᠲᠡᠮᠵᠢᠯᠬᠡ ᠵᠢᠨ ᠲᠦᠷᠦ ᠵᠢᠨ ᠪᠤᠳᠤᠯᠭ᠎ᠠ ᠵᠢ ᠲᠡᠬᠦᠯᠳᠡᠷᠵᠢᠬᠦᠯᠬᠦ᠂ ᠮᠦᠩᠬᠦᠨ ᠬᠦᠢ᠍ᠯᠬᠡᠬᠡ᠎ᠪᠠᠷ ᠪᠤᠳᠠᠳᠤ ᠠᠵᠦ ᠠᠬᠤᠢ ᠵᠢ ᠲᠡᠮᠵᠢᠬᠦ ᠡᠷᠴᠢᠮ᠎ᠢ ᠴᠢᠨᠭ᠌ᠭ᠋ᠠᠷᠠᠭᠤᠯᠬᠤ᠂ ᠠᠷᠠᠯᠵᠢᠶᠠᠴᠢᠨ ᠤᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ ᠵᠢ ᠴᠢᠩᠭ᠋ᠠᠳᠬᠠᠬᠤ᠂ ᠠᠵᠦ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠬ᠎ᠤᠨ ᠬᠠᠮᠢᠶᠠᠷᠤᠯᠳᠠ ᠵᠢ ᠰᠠᠢ᠌ᠵᠢᠷᠠᠭᠤᠯᠬᠤ᠂ ᠬᠦᠮᠦᠨ᠎ᠤ ᠬᠦᠴᠦᠨ᠎ᠤ ᠡᠬᠢ ᠪᠠᠶᠠᠯᠢᠬ᠎ᠤᠨ ᠪᠠᠲᠤᠯᠠᠪᠤᠷᠢ ᠵᠢᠨ ᠰᠠᠭᠤᠷᠢ ᠵᠢ ᠪᠠᠳᠤᠳᠬᠠᠬᠤ᠂ ᠲᠦᠯᠦᠪᠵᠢᠬᠦᠯᠬᠡ ᠵᠢ ᠬᠡᠷᠡᠭᠵᠢᠬᠦᠯᠬᠦ ᠡᠷᠴᠢᠮ᠎ᠢ ᠴᠢᠩᠭ᠋ᠠᠷᠠᠭᠤᠯᠬᠤ ᠵᠡᠷᠬᠡ ᠲᠤᠯᠤᠭ᠋ᠠᠨ ᠲᠠᠯ᠎ᠠ ᠵᠢᠨ ᠠᠭᠤᠯᠭ᠎ᠠ ᠵᠢ ᠬᠠᠮᠤᠷᠴᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ᠎ᠤᠨ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ ᠤᠯᠠᠷᠢᠭᠤᠯᠤᠨ ᠪᠤᠳᠠᠲᠠᠢ᠌ᠵᠢᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠣᠭᠣᠳᠬᠤ ᠭᠠᠵᠠᠷ᠎ᠤᠨ 48 ᠳ᠋ᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ 《ᠮᠥᠩᠭᠡ ᠰᠤᠪᠠᠭ》 APP ᠪᠠ ᠡᠷᠡᠭᠦᠯ ᠮᠡᠨᠳᠦ ᠵᠢᠨ ᠺᠠᠷᠲ ᠵᠡᠷᠭᠡ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠨ᠎ᠡ ᠠᠷᠭ᠎ᠠ ᠬᠡᠮᠵᠢᠶ᠎ᠡ᠎ᠳᠤ ᠲᠠᠢ᠌ᠯᠤᠮᠵᠢ ᠬᠢᠪᠡ
ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠠᠴᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠠᠯᠤᠰ ᠬᠡᠳᠦ ᠵᠢᠨ ᠠᠷᠭ᠎ᠠ ᠪᠣᠳᠣᠯᠭ᠎ᠠ ᠵᠢ ᠲᠠᠨᠢᠯᠴᠠᠭᠤᠯᠪᠠ
 
            