ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠵᠢ ᠬᠡᠷᠡᠭᠵᠢᠭᠦᠯᠬᠦ
ᠨᠡᠶ᠋ᠢᠲᠡᠯᠡᠭᠰᠡᠨ ᠴᠠᠭ᠄ 2017-06-01


      ᠰᠤᠷᠪᠤᠯᠵᠢᠯᠠᠭᠰᠠᠨ ᠴᠠᠭ᠄
     2017 ᠤᠨ᠎ᠤ 4 ᠳ᠋ᠦ᠍ᠭᠡᠷ ᠰᠠᠷ᠎ᠠ ᠵᠢᠨ 26᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ

      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ)᠎ᠤᠨ ᠳᠡᠳ᠋ ᠲᠣᠭᠣᠷᠢᠨ ᠪᠠᠶ᠋ᠢᠴᠠᠭ᠋ᠠᠭᠴᠢ   ᠪᠠᠭ᠋ᠠᠨ᠎ᠠ

      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
     4 ᠳ᠋ᠦ᠍ᠭᠡᠷ ᠰᠠᠷ᠎ᠠ ᠵᠢᠨ 26᠎ᠤ ᠡᠳᠦᠷ ᠪᠣᠯ ᠠᠷᠪᠠᠨ ᠲᠤᠯᠤᠭ᠋ᠠᠳᠠᠬᠢ ᠳᠡᠯᠡᠬᠡᠶ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠳᠦᠷ ᠪᠣᠯᠤᠨ᠎ᠠ᠃ 4 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ 26᠎ᠤ ᠡᠳᠦᠷ ᠪᠤᠯᠲᠠᠯ᠎ᠠ᠂ 2017 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠤᠷᠤᠨ ᠳᠠᠶᠠᠭ᠋ᠠᠷ ᠦᠷᠭᠡᠨ ᠵᠶ᠋ᠡᠷ ᠦᠷᠨᠢᠭᠦᠯᠵᠦ᠂ ᠤᠬᠠᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠳᠡᠯᠭᠡᠨ ᠦᠵᠡᠭᠦᠯᠵᠦ᠂ ᠪᠦᠬᠦ ᠨᠡᠶ᠋ᠢᠭᠡᠮ᠎ᠤᠨ ᠮᠡᠳᠡᠯᠭᠡ ᠵᠢᠨ ᠪᠦᠲᠦᠭᠡᠭᠳᠡᠬᠦᠨ᠎ᠤ ᠡᠷᠬᠡ ᠵᠢᠨ ᠲᠤᠬᠠᠶ ᠤᠬᠠᠮᠰᠠᠷ᠎ᠢ ᠳᠡᠭᠡᠭᠰᠢᠯᠡᠭᠦᠯᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠰᠣᠶᠣᠯ᠎ᠤᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠪᠠ᠃ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠮᠠᠨ᠎ᠤ ᠣᠷᠣᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠲᠦᠯᠬᠢᠨ ᠠᠬᠢᠭᠤᠯᠬᠤ ᠪᠠᠶ᠋ᠢᠯᠳᠤᠬᠤ ᠪᠤᠳᠤᠯᠭ᠎ᠠ ᠵᠢ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭ᠋ᠠᠬᠤ ᠬᠦᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠂ ᠠᠵᠤ ᠠᠬᠤᠶ ᠵᠢᠨ ᠬᠦᠭᠵᠢᠯᠲᠡ ᠵᠢᠨ ᠬᠡᠯᠪᠡᠷᠢ ᠵᠢ ᠲᠦᠷᠭᠡᠪᠴᠢᠯᠡᠨ ᠬᠤᠪᠢᠷᠠᠭᠤᠯᠬᠤ᠂ ᠣᠷᠣᠨ ᠪᠦᠰᠡ ᠵᠢᠨ ᠭᠣᠣᠯᠯᠠᠭᠴᠢ ᠥᠷᠢᠰᠥᠯᠳᠦᠭᠡᠨ᠎ᠤ ᠬᠦᠴᠦᠨ᠎ᠢ ᠴᠢᠩᠭ᠋ᠠᠷᠠᠭᠤᠯᠬᠤ ᠴᠢᠬᠤᠯᠠ ᠠᠭᠤᠯᠭ᠎ᠠ ᠪᠠ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠪᠤᠯᠭ᠋ᠠᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠯᠲᠡ᠂ ᠬᠡᠷᠡᠭᠵᠢᠭᠦᠯᠦᠯᠲᠡ᠂ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠲᠤ ᠢᠯᠡᠳᠲᠡ ᠠᠮᠵᠢᠯᠲᠠ ᠣᠯᠵᠤ᠂ ᠥᠪᠥᠷ ᠮᠣᠩᠭᠣᠯ᠎ᠤᠨ ᠰᠢᠨ᠎ᠡ ᠬᠡᠯᠪᠡᠷᠢ ᠵᠢᠨ ᠪᠥᠲᠥᠭᠡᠨ ᠪᠠᠶ᠋ᠢᠭᠤᠯᠤᠯᠲᠠ ᠵᠢ ᠬᠦᠴᠦᠲᠡᠶ ᠲᠦᠯᠬᠢᠨ ᠠᠬᠢᠭᠤᠯᠬᠤ᠎ᠪᠠᠷ ᠵᠤᠷᠢᠯᠭ᠎ᠠ᠎ᠪᠠᠨ ᠪᠤᠯᠭ᠋ᠠᠵᠠᠢ᠃


      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄


      ᠬᠥᠲᠥᠯᠥᠭᠴᠢ᠄
      ᠥᠷᠭᠡᠨ ᠣᠯᠠᠨ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠤᠤ! ᠲᠠ ᠪᠦᠬᠦᠨ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠰᠤᠷᠪᠤᠯᠵᠢᠯᠠᠭ᠎ᠠ ᠵᠢ ᠬᠦᠯᠢᠶᠡᠨ ᠠᠪᠴᠦ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ)᠎ᠤᠨ ᠳᠡᠳ᠋ ᠲᠣᠭᠣᠷᠢᠨ ᠪᠠᠶ᠋ᠢᠴᠠᠭ᠋ᠠᠭᠴᠢ᠂ ᠰᠣᠨᠢᠨ ᠮᠡᠳᠡᠭᠡ ᠨᠡᠶ᠋ᠢᠲᠡᠯᠡᠭᠴᠢ ᠪᠠᠭ᠋ᠠᠨ᠎ᠠ ᠪᠤᠯᠤᠨ᠎ᠠ᠃ ᠪᠠᠭ᠋ᠠᠨ᠎ᠠ ᠲᠢᠩᠬᠢᠮ᠎ᠤᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!       ᠪᠠᠭ᠋ᠠᠨ᠎ᠠ᠄
      ᠬᠥᠲᠥᠯᠥᠭᠴᠢ ᠰᠠᠶ᠋ᠢᠨ ᠤᠤ᠂ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠤᠤ! ᠡᠨᠳᠡ ᠲᠠ ᠪᠦᠬᠦᠨ᠎ᠲᠠᠢ ᠰᠠᠨᠠᠯ ᠵᠶ᠋ᠠᠨ ᠰᠤᠯᠢᠯᠴᠠᠬᠤ ᠪᠤᠯᠤᠭᠰᠠᠨ᠎ᠳᠠᠭᠠᠨ ᠶᠡᠬᠡ ᠪᠠᠶᠠᠷᠯᠠᠵᠤ ᠪᠠᠶ᠋ᠢᠨ᠎ᠠ᠃ ᠡᠨᠡ ᠬᠦ᠌ ᠲᠣᠬᠢᠶᠠᠯ᠎ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ)᠎ᠤᠨ ᠡᠮᠦᠨ᠎ᠡ᠎ᠠᠴᠠ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠳᠤ ᠢᠮᠠᠭᠲᠠ ᠰᠡᠳᠬᠢᠯ ᠲᠠᠯᠪᠢᠵᠤ᠂ ᠲᠡᠮᠵᠢᠵᠦ ᠢᠷᠡᠭᠰᠡᠨ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃
      ᠬᠥᠲᠥᠯᠥᠭᠴᠢ᠄
      ᠪᠠᠭ᠋ᠠᠨ᠎ᠠ ᠲᠢᠩᠬᠢᠮ᠎ᠤᠨ ᠳᠠᠷᠤᠭ᠎ᠠ ᠡ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠨᠢ ᠬᠠᠮᠤᠭ᠎ᠤᠨ ᠴᠢᠬᠤᠯᠠ ᠦᠢ᠍ᠯᠡᠳᠪᠦᠷᠢᠯᠡᠯ᠎ᠤᠨ ᠡᠯᠧᠮᠧᠨ᠋ᠲ ᠪᠣᠯᠤᠨ ᠬᠦᠷᠦᠩᠭᠡ ᠵᠢᠨ ᠡᠬᠢ ᠪᠠᠶᠠᠯᠢᠭ ᠪᠣᠯᠤᠭᠰᠠᠨ᠎ᠤ ᠬᠤᠪᠢ᠎ᠳᠤ᠂ ᠨᠢᠭᠡᠨᠲᠡ ᠠᠵᠤ ᠠᠬᠤᠶ᠋ᠢᠯᠠᠯ᠎ᠤᠨ ᠭᠣᠣᠯᠯᠠᠬᠤ ᠥᠷᠢᠰᠥᠯᠳᠦᠬᠦ ᠬᠦᠴᠦᠨ ᠴᠢᠨᠠᠭᠰᠢᠯᠠᠪᠠᠯ ᠤᠯᠤᠰ ᠣᠷᠣᠨ᠎ᠤ ᠥᠷᠢᠰᠥᠯᠳᠦᠬᠦ ᠬᠦᠴᠦᠨ᠎ᠤ ᠴᠢᠬᠤᠯᠠ ᠢᠯᠡᠷᠡᠯ ᠪᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠭᠵᠢᠯᠲᠡ ᠵᠢᠨ ᠬᠢᠷᠢ ᠬᠡᠮᠵᠢᠶ᠎ᠡ ᠡᠳᠦᠷ ᠢᠷᠡᠬᠦᠶ᠎ᠡ ᠨᠢᠭᠡ ᠤᠯᠤᠰ ᠪᠤᠶᠤ ᠭᠠᠵᠠᠷ ᠣᠷᠣᠨ᠎ᠤ ᠶᠡᠷᠦᠩᠬᠡᠶ᠋ᠢᠯᠡᠭᠰᠡᠨ ᠪᠣᠳᠠᠲᠤ ᠬᠦᠴᠦᠨ ᠪᠠ ᠭᠣᠣᠯᠯᠠᠭᠴᠢ ᠥᠷᠢᠰᠥᠯᠳᠦᠭᠡᠨ᠎ᠤ ᠬᠦᠴᠦᠨ᠎ᠢ ᠬᠡᠮᠵᠢᠬᠦ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠪᠡᠯᠭᠡ ᠲᠡᠮᠳᠡᠭ ᠪᠤᠯᠪᠠ᠃ ᠶᠠᠭᠤᠨ᠎ᠤ ᠡᠮᠦᠨ᠎ᠡ ᠲᠠ᠂ ᠣᠶ᠋ᠢᠷ᠎ᠠ ᠵᠢᠨ ᠵᠢᠯ᠎ᠤᠳ᠎ᠲᠤ ᠮᠠᠨ᠎ᠤ ᠣᠷᠣᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠪᠠᠶ᠋ᠢᠯᠳᠤᠬᠤ ᠪᠤᠳᠤᠯᠭ᠎ᠠ ᠵᠢ ᠲᠦᠯᠬᠢᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠠᠮᠵᠢᠯᠲᠠ ᠤᠯᠤᠭᠰᠠᠨ᠎ᠢ ᠶᠠᠷᠢᠵᠤ ᠦᠭᠭᠦᠨᠡᠦ?
      ᠪᠠᠭ᠋ᠠᠨ᠎ᠠ᠄
      ᠲᠡᠭᠡᠶ᠎ᠡ᠂ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠥᠪᠥᠷ ᠮᠣᠩᠭᠣᠯ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭ᠋ᠠᠬᠤ ᠬᠦᠭᠵᠢᠯᠲᠡ ᠵᠢᠨ ᠲᠤᠬ᠎ᠢ ᠥᠨᠳᠥᠷ ᠮᠠᠨᠳᠤᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠲᠦᠯᠬᠢᠨ ᠠᠬᠢᠭᠤᠯᠬᠤ ᠪᠠᠶ᠋ᠢᠯᠳᠤᠬᠤ ᠪᠤᠳᠤᠯᠭ᠎ᠠ ᠵᠢ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭ᠋ᠠᠬᠤ ᠬᠦᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠂ ᠠᠵᠤ ᠠᠬᠤᠶ ᠵᠢᠨ ᠬᠦᠢ᠍ᠭᠵᠢᠯᠲᠠ ᠵᠢᠨ ᠬᠡᠯᠪᠡᠷᠢ ᠵᠢ ᠲᠦᠷᠭᠡᠪᠴᠢᠯᠡᠨ ᠬᠤᠪᠢᠷᠠᠭᠤᠯᠬᠤ᠂ ᠣᠷᠣᠨ ᠪᠦᠰᠡ ᠵᠢᠨ ᠭᠣᠣᠯᠯᠠᠭᠴᠢ ᠥᠷᠢᠰᠥᠯᠳᠦᠭᠡᠨ᠎ᠤ ᠬᠦᠴᠦᠨ᠎ᠢ ᠴᠢᠩᠭ᠋ᠠᠷᠠᠭᠤᠯᠬᠤ ᠴᠢᠬᠤᠯᠠ ᠪᠠᠢ᠌ᠯᠳᠤᠬᠤ ᠪᠤᠳᠤᠯᠭ᠎ᠠ ᠵᠢᠨ ᠠᠷᠭ᠎ᠠ ᠬᠡᠮᠵᠢᠶ᠎ᠡ ᠪᠤᠯᠭ᠋ᠠᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠯᠲᠡ᠂ ᠬᠡᠷᠡᠭᠵᠢᠭᠦᠯᠦᠯᠲᠡ᠂ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠡᠷᠴᠢᠮ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠢᠯᠠᠩᠭᠤᠶ᠎ᠠ 2016 ᠣᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠪᠴᠢᠶ᠎ᠠ ᠵᠢᠨ ᠬᠦᠴᠦᠲᠡᠶ ᠵᠢᠯᠣᠭᠣᠳᠣᠯᠭ᠎ᠠ ᠪᠣᠯᠤᠨ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠣᠲᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠬᠦᠴᠦᠲᠡᠶ ᠠᠬᠢᠭᠤᠯᠤᠯ ᠳᠣᠣᠷ᠎ᠠ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠪᠦᠬᠦ ᠠᠵᠢᠯᠲᠠᠳ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ ᠳᠠᠮᠵᠢᠭᠤᠯᠤᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ ᠬᠦᠴᠦᠲᠡᠶ ᠬᠦᠭᠵᠢᠵᠦ᠂ 《13 · 5》 ᠵᠢᠨ ᠰᠠᠢ᠌ᠨ ᠰᠠᠶ᠋ᠢᠬᠠᠨ ᠡᠬᠢᠯᠡᠯᠲᠡ᠎ᠲᠠᠢ ᠪᠤᠯᠪᠠ᠃
      ᠨᠢᠭᠡ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠡᠭᠡᠪᠦᠷ ᠵᠢᠷᠤᠭ ᠲᠥᠯᠥᠪᠯᠡᠭᠡ ᠤᠯᠠᠮ ᠨᠢᠭᠡ ᠠᠯᠬᠤᠮ ᠪᠦᠷᠢᠨᠰᠢᠪᠡ᠃ 2016 ᠣᠨ᠎ᠳᠤ᠂ ᠮᠠᠨ᠎ᠤ ᠣᠷᠣᠨ 《〈ᠤᠯᠤᠰ᠎ᠤᠨ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭ᠋ᠠᠬᠤ ᠬᠦᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠦᠲᠦᠯᠪᠦᠷᠢ〉 ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠬᠡᠷᠡᠭᠵᠢᠭᠦᠯᠬᠦ ᠰᠠᠨᠠᠯ》᠎ᠢ ᠲᠤᠭᠲᠠᠭ᠋ᠠᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠪᠠᠷᠢᠮᠵᠢᠶ᠎ᠠ᠂ ᠶᠠᠰᠤ ᠴᠢᠨᠠᠷ   ᠪᠠ ᠨᠡᠷᠡᠲᠦ ᠲᠡᠮᠳᠡᠭᠲᠦ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭ᠋ᠠᠬᠤ ᠬᠦᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠲᠦᠯᠬᠢᠨ ᠠᠬᠢᠭᠤᠯᠬᠤ ᠴᠢᠬᠤᠯᠠ ᠡᠭᠦᠷᠭᠡ ᠵᠢᠨ ᠨᠢᠭᠡ ᠪᠤᠯᠭ᠋ᠠᠪᠠ; 《ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠴᠦᠷᠬᠡᠭ ᠣᠷᠣᠨ᠎ᠤ ᠪᠠᠶ᠋ᠢᠭᠤᠯᠤᠯᠲᠠ ᠵᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ》 ᠪᠠ 《ᠥᠪᠥᠷ ᠮᠣᠩᠭᠣᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢᠯᠡᠰ᠎ᠤᠨ 〈13 · 5〉 ᠵᠢᠨ ᠲᠦᠯᠦᠪᠵᠢᠭᠦᠯᠪᠡ》 ᠵᠢ ᠤᠷᠢᠳ ᠬᠣᠵᠢᠳ ᠲᠣᠭᠲᠠᠭ᠋ᠠᠨ ᠨᠡᠶ᠋ᠢᠲᠡᠯᠡᠵᠦ᠂ ᠲᠦᠰᠦᠭᠡᠯᠡᠬᠦ ᠰᠡᠳᠬᠢᠬᠦᠶ ᠪᠠ ᠪᠠᠶ᠋ᠢᠯᠳᠤᠬᠤ ᠪᠤᠳᠤᠯᠭ᠎ᠠ ᠵᠢᠨ ᠬᠠᠷᠠᠭ᠎ᠠ᠎ᠪᠠᠷ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠤᠨ ᠬᠥᠭᠵᠢᠯᠲᠡ᠎ᠳᠤ ᠳᠡᠭᠡᠪᠦᠷ ᠵᠢᠷᠤᠭ ᠲᠥᠯᠥᠪᠯᠡᠭᠡ ᠬᠢᠭᠰᠡᠨ ᠪᠠ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠬᠢᠵᠦ᠂ 《13 · 5》 ᠵᠢᠨ ᠬᠤᠭᠤᠴᠠᠭ᠋ᠠᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠭᠵᠢᠯᠲᠡ ᠵᠢᠨ ᠭᠣᠣᠯ ᠬᠠᠷᠠᠯᠲᠠ ᠪᠠ ᠭᠣᠣᠯᠳᠠᠯᠭ᠋ᠠᠲᠤ ᠡᠭᠦᠷᠭᠡ ᠵᠢ ᠲᠤᠳᠤᠷᠬᠠᠢ᠌ᠯᠠᠪᠠ᠃
      ᠬᠣᠶᠠᠷ᠎ᠲᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠨ ᠪᠦᠲᠦᠭᠡᠬᠦ ᠴᠢᠳᠠᠪᠤᠷᠢ ᠲᠣᠭᠲᠠᠭᠤᠨ ᠵᠶ᠋ᠠᠷ ᠳᠡᠭᠡᠭᠰᠢᠯᠡᠪᠡ᠃ 2016 ᠣᠨ᠎ᠳᠤ᠂ ᠥᠪᠥᠷ ᠮᠣᠩᠭᠣᠯ᠎ᠤᠨ ᠲᠤᠰᠬᠠᠶ ᠠᠰᠢᠭ ᠭᠤᠶᠤᠴᠢᠯᠠᠬᠤ ᠬᠡᠮᠵᠢᠶ᠎ᠡ ᠠᠩᠬ᠎ᠠ ᠤᠳᠠᠭ᠎ᠠ ᠨᠢᠭᠡ ᠲᠦᠮᠡᠨ ᠵᠦᠢ᠍ᠯ᠎ᠤᠨ ᠶᠡᠬᠡ ᠪᠣᠭᠣᠮᠲᠠ ᠵᠢ ᠳᠠᠪᠠᠵᠤ᠂ 10672 ᠵᠦᠢ᠍ᠯ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 20.23% ᠨᠡᠮᠡᠭᠳᠡᠪᠡ᠃ ᠪᠥᠬᠥ ᠣᠷᠣᠨ ᠨᠡᠢ᠌ᠲᠡ 5846 ᠲᠤᠰᠬᠠᠶ ᠠᠰᠢᠭ᠎ᠤᠨ ᠡᠷᠬᠡ ᠵᠢ ᠣᠯᠭᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.87% ᠨᠡᠮᠡᠭᠳᠡᠵᠡᠶ᠃ ᠪᠦᠬᠦ ᠣᠷᠣᠨ᠎ᠤ PCT ᠣᠯᠠᠨ ᠤᠯᠤᠰ᠎ᠤᠨ ᠲᠤᠰᠬᠠᠶ ᠠᠰᠢᠭ ᠭᠤᠶᠤᠴᠢᠯᠠᠭᠰᠠᠨ ᠬᠡᠮᠵᠢᠶ᠎ᠡ ᠠᠩᠬ᠎ᠠ ᠤᠳᠠᠭ᠎ᠠ 21 ᠵᠦᠢ᠍ᠯ᠎ᠳᠤ ᠬᠦᠷᠪᠡ᠃ 2016 ᠣᠨ ᠪᠣᠯᠲᠠᠯ᠎ᠠ᠂ ᠪᠥᠬᠥ ᠣᠷᠣᠨ᠎ᠤ ᠪᠦᠲᠦᠮᠵᠢᠲᠡᠢ ᠡᠭᠦᠳᠦᠭᠰᠡᠨ ᠲᠤᠰᠬᠠᠶ ᠠᠰᠢᠭ᠎ᠤᠨ ᠡᠷᠬᠡ 3734 ᠵᠦᠢ᠍ᠯ ᠪᠠᠢ᠌ᠵᠤ᠂ ᠲᠦᠮᠡᠨ ᠬᠥᠮᠦᠨ ᠪᠦᠷᠢ 1.49 ᠲᠤᠰᠬᠠᠶ ᠠᠰᠢᠭ ᠡᠭᠦᠳᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 22.13% ᠨᠡᠮᠡᠭᠳᠡᠪᠡ᠃ 2016 ᠣᠨ᠎ᠳᠤ᠂ ᠮᠠᠨ᠎ᠤ ᠣᠷᠣᠨ ᠨᠡᠶ᠋ᠢᠲᠡ 216 ᠵᠣᠬᠢᠶᠠᠯ ᠪᠦᠲᠦᠭᠡᠯ᠎ᠤᠨ ᠡᠷᠬᠡ ᠵᠢᠨ ᠬᠡᠪᠯᠡᠯ᠎ᠤᠨ ᠡᠷᠬᠡ ᠵᠢ ᠳᠠᠩᠰᠠᠯᠠᠵᠤ᠂ 2015 ᠣᠨ᠎ᠤ᠎ᠬᠢ᠎ᠠᠴᠠ 30% ᠨᠡᠮᠡᠭᠳᠡᠪᠡ᠃ ᠣᠳᠣ ᠪᠣᠯᠲᠠᠯ᠎ᠠ᠂ ᠪᠥᠬᠥ ᠣᠷᠣᠨ ᠨᠡᠶ᠋ᠢᠲᠡ 2222 ᠵᠣᠬᠢᠶᠠᠯ ᠪᠦᠲᠦᠭᠡᠯ᠎ᠤᠨ ᠡᠷᠬᠡ ᠵᠢᠨ ᠬᠡᠪᠯᠡᠯ᠎ᠤᠨ ᠡᠷᠬᠡ ᠵᠢ ᠳᠠᠩᠰᠠᠯᠠᠪᠠ᠃ 2016 ᠣᠨ ᠪᠣᠯᠲᠠᠯ᠎ᠠ᠂ ᠪᠥᠬᠥ ᠣᠷᠣᠨ᠎ᠤ ᠪᠦᠲᠦᠮᠵᠢᠲᠡᠢ ᠳᠠᠩᠰᠠᠯᠠᠭᠰᠠᠨ ᠲᠠᠸᠠᠷ᠎ᠤᠨ ᠲᠡᠮᠳᠡᠭ 90603 ᠵᠦᠢ᠍ᠯ᠎ᠳᠤ ᠬᠦᠷᠪᠡ᠂ ᠡᠭᠦᠨ᠎ᠳᠤ᠄   ᠳᠤᠮᠳᠠᠳᠤ ᠤᠯᠤᠰ᠎ᠤᠨ ᠨᠡᠷᠡᠳᠥ ᠲᠠᠸᠠᠷ᠎ᠤᠨ ᠲᠡᠮᠳᠡᠭ 80 ᠵᠦᠢ᠍ᠯ᠂ ᠭᠠᠵᠠᠷ ᠵᠦᠢ ᠵᠢᠨ ᠪᠡᠯᠭᠡ ᠳᠡᠮᠳᠡᠭ᠎ᠤᠨ ᠲᠠᠸᠠᠷ᠎ᠤᠨ ᠲᠡᠮᠳᠡᠭ 61 ᠵᠦᠢ᠍ᠯ᠂ ᠥᠪᠥᠷ ᠮᠣᠩᠭᠣᠯ᠎ᠤᠨ ᠨᠡᠷᠡᠳᠦ ᠲᠠᠸᠠᠷ᠎ᠤᠨ ᠲᠡᠮᠳᠡᠭ 776 ᠵᠦᠢ᠍ᠯ᠂ ᠠᠶ᠋ᠢᠮᠠᠭ ᠬᠤᠳᠠ ᠵᠢᠨ ᠨᠡᠷᠡᠲᠦ ᠲᠠᠸᠠᠷ᠎ᠤᠨ ᠲᠡᠮᠳᠡᠭ 1464 ᠵᠦᠢ᠍ᠯ ᠪᠤᠢ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠨ ᠪᠦᠲᠦᠭᠡᠬᠦ ᠤᠬᠠᠮᠰᠠᠷ ᠶᠠᠭ ᠬᠥᠮᠦᠰ᠎ᠤᠨ ᠰᠡᠳᠬᠢᠯ᠎ᠳᠤ ᠭᠦᠨ ᠰᠠᠭᠤᠭᠳᠠᠵᠤ᠂ ᠶᠠᠪᠤᠬᠤ ᠲᠤᠲᠤᠮ ᠡᠯ᠎ᠡ ᠱᠠᠲᠤᠨ᠎ᠤ ᠵᠠᠰᠠᠭ᠎ᠤᠨ ᠣᠷᠳᠣᠨ᠂ ᠠᠵᠤ ᠠᠬᠤᠶ᠋ᠢᠯᠠᠯ ᠪᠣᠯᠤᠨ ᠨᠡᠶ᠋ᠢᠭᠡᠮ᠎ᠤᠨ ᠠᠩᠬᠠᠷᠤᠯ ᠪᠠ ᠬᠦᠨᠳᠦᠳᠬᠡᠯ᠎ᠢ ᠣᠯᠪᠠ᠃
      ᠭᠤᠷᠪᠠ᠎ᠳᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠡᠷᠡᠭᠯᠡᠯᠲᠡ ᠵᠢᠨ ᠬᠢᠷᠢ ᠬᠡᠮᠵᠢᠶ᠎ᠡ ᠠᠯᠬᠤᠮ ᠠᠯᠬᠤᠮ ᠵᠶ᠋ᠠᠷ ᠳᠡᠭᠡᠭᠰᠢᠯᠡᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ ᠲᠤᠰᠬᠠᠶ ᠠᠰᠢᠭ᠎ᠤᠨ ᠤᠯᠠᠷᠢᠭᠤᠯᠤᠯᠲᠠ ᠵᠢᠴᠢ ᠲᠠᠪᠴᠠᠩ᠎ᠤᠨ ᠠᠴᠢᠶᠠᠯᠠᠪᠤᠷᠢ ᠵᠢᠨ ᠪᠥᠲᠥᠭᠡᠨ ᠪᠠᠶ᠋ᠢᠭᠤᠯᠤᠯᠲᠠ᠎ᠪᠠᠷ ᠲᠥᠯᠥᠭᠡᠯᠡᠭᠦᠯᠦᠭᠰᠡᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠡᠷᠡᠭᠯᠡᠯᠲᠡ ᠵᠢᠨ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠪᠡ᠃ 《12·5》 ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ ᠲᠤᠰᠬᠠᠶ ᠠᠰᠢᠭ᠎ᠤᠨ ᠤᠯᠠᠷᠢᠭᠤᠯᠤᠯᠲᠠ ᠵᠢᠨ ᠰᠠᠭᠤᠷᠢ ᠮᠥᠩᠭᠥ ᠵᠢ ᠨᠡᠢ᠌ᠢ᠍ᠳᠡ 2960 ᠲᠦᠮᠡᠨ ᠲᠥᠭᠥᠷᠢᠭ ᠪᠠᠭᠤᠯᠭ᠋ᠠᠵᠤ᠂ 156 ᠲᠥᠷᠥᠯ ᠵᠦᠢ᠍ᠯ᠎ᠢ ᠤᠯᠠᠷᠢᠭᠤᠯᠵᠤ᠂ ᠦᠢ᠍ᠯᠡᠳᠬᠦᠨ᠎ᠤ ᠥᠷᠲᠡᠭ᠎ᠢ ᠰᠢᠨ᠎ᠡ᠎ᠪᠠᠷ 11540 ᠲᠦᠮᠡᠨ ᠲᠥᠭᠥᠷᠢᠭ ᠨᠡᠮᠡᠭᠳᠡᠭᠦᠯᠵᠦ᠂ ᠲᠤᠰᠬᠠᠶ ᠠᠰᠢᠭ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠬᠡᠷᠡᠭᠯᠡᠬᠦ ᠵᠢ ᠶᠡᠬᠡ᠎ᠪᠠᠷ ᠠᠬᠢᠭᠤᠯᠪᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠨ ᠳᠠᠨᠵᠢᠯᠠᠵᠤ ᠪᠡᠯᠡ ᠲᠣᠬᠢᠷᠠᠭᠤᠯᠬᠤ ᠠᠵᠢᠯ᠎ᠢ ᠲᠥᠯᠬᠢᠨ ᠠᠬᠢᠭᠤᠯᠵᠤ᠂ ᠵᠠᠯᠭ᠋ᠠᠯᠳᠤᠭ᠎ᠠ᠎ᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠲᠦᠯᠬᠢᠨ ᠠᠬᠢᠭᠤᠯᠬᠤ ᠠᠵᠢᠯ᠎ᠤᠨ ᠬᠡᠷᠡᠭᠵᠢᠭᠦᠯᠬᠦ ᠲᠥᠰᠦᠯ》᠂ 《ᠥᠪᠥᠷ ᠮᠣᠩᠭᠣᠯ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠵᠢ ᠲᠤᠰᠬᠠᠶ ᠬᠡᠷᠡᠭᠯᠡᠬᠦ ᠡᠷᠬᠡ ᠵᠢ ᠳᠠᠨᠵᠢᠯᠠᠨ ᠵᠢᠭᠡᠯᠡᠯᠭᠡ ᠠᠪᠬᠤ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ 2016 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ᠎ᠨᠢ ᠤᠷᠢᠳ ᠬᠣᠵᠢᠳ ᠳᠤᠮᠳᠠᠳᠤ ᠤᠯᠤᠰ᠎ᠤᠨ ᠪᠠᠩᠬᠢ᠂ ᠰᠢᠩ ᠶᠸ ᠪᠠᠩᠬᠢ᠂ ᠥᠪᠥᠷ ᠮᠣᠩᠭᠣᠯ ᠪᠠᠩᠬᠢ ᠵᠡᠷᠭᠡ ᠵᠢᠷᠭᠤᠭ᠋ᠠᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠰᠠᠨᠠᠮᠵᠢ ᠵᠢᠨ ᠪᠢᠴᠢᠭ ᠲᠣᠭᠲᠠᠵᠤ᠂ 1000 ᠠᠵᠤ ᠠᠬᠤᠶ᠋ᠢᠯᠠᠯ᠎ᠳᠤ ᠪᠡᠯᠡ ᠲᠤᠬᠢᠷᠠᠭᠤᠯᠭ᠎ᠠ ᠵᠢᠨ ᠬᠡᠷᠡᠭᠴᠡᠭᠡ ᠵᠢᠨ ᠱᠠᠭ᠋ᠠᠷᠳᠠᠯᠭ᠎ᠠ ᠵᠢᠨ ᠪᠠᠶ᠋ᠢᠴᠠᠭ᠋ᠠᠯᠲᠠ ᠬᠢᠵᠦ᠂ ᠪᠠᠩᠭᠢ ᠠᠵᠤ ᠠᠬᠤᠢ᠌ᠯᠠᠯ᠎ᠢ ᠵᠣᠯᠭ᠋ᠠᠭᠤᠯᠬᠤ ᠠᠵᠢᠯᠯᠠᠭ᠎ᠠ ᠵᠢ ᠥᠷᠨᠢᠭᠦᠯᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠨ ᠳᠠᠨᠵᠢᠯᠠᠭ᠌ᠰᠡᠨ ᠪᠡᠯᠡ ᠲᠣᠬᠢᠷᠠᠭᠤᠯᠭ᠎ᠠ ᠵᠢᠨ ᠵᠢᠭᠡᠯᠡᠯᠭᠡ ᠵᠢ ᠨᠡᠢ᠌ᠲᠡ 30.74 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ ᠠᠷᠭ᠎ᠠ ᠵᠠᠮ᠎ᠢ ᠪᠦᠲᠦᠮᠵᠢᠲᠡᠢ᠎ᠪᠠᠷ ᠥᠷᠭᠡᠳᠬᠡᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠠᠯᠠᠨᠲᠠ ᠬᠥᠷᠥᠩᠭᠡ ᠵᠢᠨ ᠥᠷᠲᠡᠭ᠎ᠤᠨ ᠦᠢ᠍ᠯᠡᠳᠦᠯ᠎ᠢ ᠪᠠᠳᠠᠷᠠᠭᠤᠯᠪᠠ; ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠪᠠᠷᠢᠮᠵᠢᠶᠠᠵᠢᠭᠤᠯᠤᠨ ᠲᠤᠤᠱᠯᠠᠭᠤᠯᠵᠤ᠂ ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠦᠷᠢᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠪᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠢᠱ᠌ᠢᠶ᠎ᠡ ᠦᠵᠡᠭᠦᠯᠬᠦ ᠳᠠᠪᠠᠭᠤᠯᠢᠭ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠷᠰᠢᠯᠲᠠ ᠬᠢᠬᠦ ᠵᠢᠱ᠌ᠢᠶ᠎ᠡ ᠦᠵᠡᠭᠦᠯᠬᠦ ᠠᠵᠢᠯ᠎ᠢ ᠠᠬᠢᠭᠤᠯᠪᠠ᠃ 2016 ᠣᠨ᠎ᠳᠤ᠂ ᠪᠥᠬᠥ ᠣᠷᠣᠨ᠎ᠳᠤ ᠨᠡᠢ᠌ᠲᠡ ᠰᠢᠨ᠎ᠡ᠎ᠪᠠᠷ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠪᠠᠷᠢᠮᠵᠢᠶᠠᠵᠢᠭᠤᠯᠤᠨ ᠲᠤᠤᠱᠯᠠᠭᠤᠯᠬᠤ ᠠᠵᠤ ᠠᠬᠤᠶ᠋ᠢᠯᠠᠯ᠎ᠢ 6 ᠨᠡᠮᠡᠭᠳᠡᠭᠦᠯᠵᠦ᠂ ᠨᠡᠢ᠌ᠲᠠ 7 ᠪᠣᠯᠵᠤ᠂ ᠤᠯᠤᠰ᠎ᠤᠨ ᠲᠡᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠢ   ᠰᠢᠨ᠎ᠡ᠎ᠪᠠᠷ 1 ᠨᠡᠮᠡᠭᠳᠡᠭᠦᠯᠵᠦ᠂ ᠨᠡᠢ᠌ᠲᠡ 5 ᠪᠣᠯᠵᠤ᠂ ᠤᠯᠤᠰ᠎ᠤᠨ ᠲᠡᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠠᠪᠠᠭᠤᠯᠢᠭ ᠠᠵᠤ ᠠᠬᠤᠶ᠋ᠢᠯᠠᠯ᠎ᠢ ᠰᠢᠨ᠎ᠡ᠎ᠪᠠᠷ 13 ᠨᠡᠮᠡᠭᠳᠡᠭᠦᠯᠵᠦ᠂ ᠨᠡᠢ᠌ᠲᠡ 29 ᠪᠣᠯᠪᠠ᠃ 《12·5》᠎ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ 《ᠵᠢᠱ᠌ᠢᠶ᠎ᠡ ᠦᠵᠡᠭᠦᠯᠬᠦ ᠪᠣᠢ᠌ᠵᠢᠭᠤᠯᠤᠯᠲᠠ ᠬᠤᠳᠠ》 ᠵᠢ 2 ᠪᠠᠢ᠌ᠭᠤᠯᠵᠤ᠂ 《ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠴᠦᠷᠬᠡᠭ ᠰᠢᠶᠠᠨ》᠎ᠢ 5 ᠪᠠᠢ᠌ᠭᠤᠯᠵᠤ᠂ 《ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ》᠎ᠢ 1 ᠪᠠᠢ᠌ᠭᠤᠯᠪᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠷᠰᠢᠯᠲᠠ ᠬᠢᠬᠦ ᠵᠢᠱ᠌ᠢᠶ᠎ᠡ ᠦᠵᠡᠭᠦᠯᠬᠦ ᠠᠵᠢᠯ᠎ᠨᠢ ᠪᠦᠬᠦ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠪᠦᠲᠦᠮᠵᠢᠲᠡᠶ᠎ᠪᠠᠷ ᠠᠬᠢᠭᠤᠯᠤᠭᠰᠠᠨ ᠪᠠᠶ᠋ᠢᠨ᠎ᠠ᠃
      ᠡᠭᠦᠨ᠎ᠠᠴᠠ ᠭᠠᠳᠠᠨ᠎ᠠ᠂ ᠮᠠᠨ᠎ᠤ ᠣᠷᠣᠨ ᠵᠣᠬᠢᠶᠠᠯ ᠪᠦᠲᠦᠭᠡᠯ᠎ᠢ ᠳᠠᠩᠰᠠᠯᠠᠭᠤᠯᠬᠤ᠂ ᠭᠡᠷ᠎ᠡ ᠳᠠᠩᠰᠠᠯᠠᠭᠤᠯᠬᠤ᠂ ᠬᠡᠪᠯᠡᠯ᠎ᠤᠨ ᠡᠷᠬᠡ ᠵᠢ ᠪᠠᠷᠢᠴᠠᠭ᠋ᠠᠯᠠᠬᠤ ᠵᠡᠷᠭᠡ ᠵᠥᠭᠡᠯᠡᠨ ᠬᠠᠲᠠᠭᠤ ᠲᠣᠨᠣᠭ᠎ᠤᠨ ᠪᠥᠲᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠴᠥᠮ ᠰᠢᠪᠲᠤᠯᠤᠯᠲᠠ᠎ᠲᠠᠢ ᠪᠣᠯᠵᠤ᠂ ᠬᠡᠪᠯᠡᠯ᠎ᠤᠨ ᠡᠷᠬᠡ᠎ᠪᠠᠷ ᠭᠣᠣᠯ ᠡᠳ᠋ ᠬᠦᠷᠦᠩᠭᠡ ᠪᠣᠯᠭ᠋ᠠᠭᠰᠠᠨ ᠠᠪᠴᠠᠭ᠋ᠠᠨ᠎ᠤ ᠡᠷᠬᠡ᠂ ᠰᠲ᠋ᠣᠺ᠎ᠤᠨ ᠡᠷᠬᠡ ᠵᠢᠨ ᠠᠷᠠᠯᠵᠢᠶ᠎ᠠ ᠵᠢᠴᠢ ᠬᠡᠪᠯᠡᠯ᠎ᠤᠨ ᠡᠷᠬᠡ ᠵᠢᠨ ᠪᠡᠯᠡ ᠲᠣᠬᠢᠷᠠᠭᠤᠯᠤᠯᠲᠠ ᠪᠠ ᠬᠡᠪᠯᠡᠯ᠎ᠤᠨ ᠡᠷᠬᠡ ᠵᠢᠨ ᠬᠣᠯᠪᠣᠭᠳᠠᠯ ᠪᠦᠬᠦᠢ ᠡᠷᠬᠡ ᠠᠰᠢᠭ ᠠᠷᠠᠯᠵᠢᠶ᠎ᠠ ᠵᠢ ᠲᠦᠯᠬᠢᠨ ᠠᠬᠢᠭᠤᠯᠪᠠ᠃
      ᠳᠦᠷᠪᠡ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠡᠷᠴᠢᠮ ᠲᠠᠰᠤᠷᠠᠯᠳᠠ ᠦᠭᠡᠢ ᠴᠢᠩᠭ᠋ᠠᠷᠠᠪᠠ᠃ ᠤᠢ᠌ᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠠᠵᠢᠯ᠎ᠤᠨ ᠬᠣᠯᠪᠣᠭ᠋ᠠᠲᠤ ᠬᠤᠷᠠᠯ᠎ᠤᠨ ᠳᠦᠷᠢᠮ᠎ᠢ ᠭᠦᠢ᠍ᠴᠡᠳ ᠪᠠᠳᠠᠷᠠᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠠᠰᠠᠭ ᠵᠠᠬᠢᠷᠭ᠋ᠠᠨ᠂ ᠬᠠᠤᠯᠢ ᠴᠠᠭ᠋ᠠᠵᠠ᠂ ᠬᠢᠯᠢ ᠵᠢᠨ ᠪᠣᠭᠣᠮᠲᠠ ᠵᠢᠨ ᠬᠠᠮᠠᠭ᠋ᠠᠯᠠᠬᠤ ᠡᠷᠴᠢᠮ᠎ᠢ ᠲᠠᠰᠤᠷᠠᠯᠳᠠ ᠦᠭᠡᠢ ᠴᠢᠩᠭ᠋ᠠᠷᠠᠭᠤᠯᠵᠤ᠂ ᠡᠯ᠎ᠡ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠠᠭ᠋ᠠᠯᠠᠬᠤ ᠬᠠᠮᠵᠢᠯᠴᠠᠬᠤ ᠲᠣᠭᠲᠠᠴᠠ ᠨᠡᠩ ᠪᠦᠷᠢᠨᠰᠢᠵᠦ᠂ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ ᠰᠣᠯᠢᠯᠴᠠᠭ᠎ᠠ ᠭᠦᠨᠵᠡᠭᠡᠶ᠋ᠢᠷᠡᠨ ᠪᠣᠳᠠᠲᠠᠢ᠌ᠵᠢᠪᠠ᠃ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠪᠠ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠲᠤᠰᠬᠠᠶ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠦᠵᠡᠭᠦᠯᠦᠯᠭᠡ᠎ᠪᠠᠷ ᠵᠠᠮᠴᠢᠯᠠᠬᠤ᠂ ᠬᠠᠤᠯᠢ ᠬᠡᠷᠡᠭᠵᠢᠭᠦᠯᠦᠯᠲᠡ ᠵᠢ ᠲᠣᠭᠣᠷᠢᠨ ᠪᠠᠶ᠋ᠢᠴᠠᠭ᠋ᠠᠬᠤ᠂ ᠲᠤᠰᠬᠠᠶ ᠵᠠᠬ᠎ᠠ ᠳᠡᠯᠭᠡᠭᠦᠷ᠎ᠢ ᠬᠠᠮᠠᠭ᠋ᠠᠯᠠᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ᠂ 《ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠲᠤᠰᠬᠠᠶ ᠵᠠᠬ᠎ᠠ ᠳᠡᠯᠭᠡᠭᠦᠷ》 ᠭᠤᠷᠪᠠᠳᠤᠭ᠋ᠠᠷ ᠱᠠᠲᠤᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠦᠢ᠍ᠯᠡᠴᠢᠯᠡᠭᠡᠨ᠎ᠤ ᠰᠢᠰᠲ᠋ᠧᠮᠵᠢ ᠵᠢ ᠢᠳᠡᠪᠬᠢᠲᠡᠶ᠎ᠪᠠᠷ ᠪᠠᠢ᠌ᠭᠤᠯᠪᠠ᠃ 2016 ᠣᠨ᠎ᠳᠤ ᠣᠷᠣᠨ ᠳᠠᠶᠠᠭ᠋ᠠᠷ ᠲᠤᠰᠬᠠᠶ ᠠᠰᠢᠭ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠨᠡᠶ᠋ᠢᠲᠡ 68 ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ᠎ᠢ 575 ᠬᠦᠮᠦᠨ ᠤᠳᠠᠭ᠎ᠠ ᠬᠥᠳᠡᠯᠭᠡᠵᠦ᠂ ᠲᠤᠮᠤ ᠬᠡᠯᠪᠡᠷᠢ ᠵᠢᠨ ᠬᠤᠳᠠᠯᠳᠤᠭ᠋ᠠᠨ᠎ᠤ ᠲᠠᠯᠠᠪᠤᠷ᠂ ᠲᠤᠰᠬᠠᠶ ᠵᠠᠬ᠎ᠠ ᠳᠡᠯᠭᠡᠭᠦᠷ᠂ ᠡᠮ᠎ᠤᠨ ᠳᠡᠯᠭᠡᠭᠦᠷ᠎ᠢ 179 ᠡᠷᠣᠭᠡ ᠪᠠᠢ᠌ᠴᠠᠭ᠋ᠠᠵᠤ᠂ 51363 ᠵᠦᠢ᠍ᠯ᠎ᠤᠨ ᠲᠠᠸᠠᠷ᠎ᠢ ᠪᠠᠢ᠌ᠴᠠᠭ᠋ᠠᠪᠠ᠃ ᠤᠲᠠᠰᠤ᠂ ᠯᠠᠪᠯᠠᠭ᠎ᠠ ᠪᠠ ᠵᠠᠭ᠋ᠠᠯᠳᠤᠯᠭ᠎ᠠ ᠵᠢ 1230 ᠭᠠᠷᠤᠢ ᠤᠳᠠᠭ᠎ᠠ ᠲᠣᠰᠴᠤ᠂ ᠡᠷᠬᠡ᠎ᠪᠠᠨ ᠬᠠᠮᠠᠭ᠋ᠠᠯᠠᠬᠤ᠎ᠪᠠᠷ ᠭᠤᠶᠤᠴᠢᠯᠠᠭᠰᠠᠨ ᠲᠤᠰᠠᠯᠠᠮᠵᠢ ᠪᠠ ᠵᠠᠷᠭᠤ ᠵᠠᠭ᠋ᠠᠯᠳᠤᠯᠭ᠎ᠠ ᠵᠢ 93 ᠬᠦᠯᠢᠶᠡᠨ ᠠᠪᠴᠤ᠂ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠢ 11 ᠰᠢᠢ᠍ᠳᠪᠦᠷᠢᠯᠡᠵᠦ᠂ ᠬᠤᠳᠠᠯ ᠬᠠᠭᠤᠷᠮᠠᠭ ᠲᠤᠰᠬᠠᠶ ᠠᠰᠢᠭ᠎ᠤᠨ ᠦᠢ᠍ᠯᠡ ᠠᠵᠢᠯᠯᠠᠭ᠎ᠠ ᠵᠢ 340 ᠪᠠᠶ᠋ᠢᠴᠠᠭ᠋ᠠᠨ ᠰᠢᠢ᠍ᠳᠪᠦᠷᠢᠯᠡᠪᠡ᠃ 2016 ᠣᠨ᠎ᠳᠤ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠲᠡᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠵᠢᠷᠤᠮᠵᠢᠭᠤᠯᠤᠭᠰᠠᠨ ᠵᠠᠬ᠎ᠠ ᠳᠡᠯᠭᠡᠭᠦᠷ 3᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠵᠢᠷᠤᠮᠵᠢᠭᠤᠯᠤᠭᠰᠠᠨ ᠵᠠᠬ᠎ᠠ ᠳᠡᠯᠭᠡᠭᠦᠷ 10 ᠵᠢ ᠪᠣᠢ᠌ᠵᠢᠭᠤᠯᠪᠠ; ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ᠎ᠨᠢ ᠪᠡᠭᠡᠵᠢᠩ᠂ ᠲᠢᠶᠠᠨᠵᠢᠨ᠂ ᠾᠸᠪᠸᠢ ᠵᠡᠷᠭᠡ 15 ᠮᠤᠵᠢ ᠬᠣᠲᠠ ᠣᠷᠣᠨ᠎ᠯᠤᠭ᠎ᠠ 《ᠲᠠᠸᠠᠷ᠎ᠤᠨ ᠲᠡᠮᠳᠡᠭ᠎ᠤᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠭᠲᠠᠵᠤ᠂ ᠮᠤᠵᠢ ᠣᠷᠣᠨ ᠠᠯᠤᠰᠯᠠᠭᠰᠠᠨ ᠲᠠᠸᠠᠷ᠎ᠤᠨ ᠲᠡᠮᠳᠡᠭ᠎ᠤᠨ ᠬᠠᠮᠠᠭ᠋ᠠᠯᠠᠯᠲᠠ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠦᠷᠢᠯᠳᠦᠭᠦᠯᠪᠡ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠵᠢᠨ ᠠᠵᠢᠯ᠎ᠢ ᠲᠥᠯᠬᠢᠨ ᠠᠬᠢᠭᠤᠯᠪᠠ᠂ 2016 ᠣᠨ᠎ᠳᠤ ᠪᠥᠬᠥ ᠣᠷᠣᠨ᠎ᠤ ᠰᠢᠭᠦᠬᠦ ᠬᠣᠷᠢᠶ᠎ᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠢᠷᠭᠡᠨ᠎ᠤ ᠬᠡᠷᠡᠭ᠂ ᠡᠷᠡᠭᠦᠦ ᠵᠢᠨ ᠬᠡᠷᠡᠭ᠎ᠤᠨ ᠵᠢᠭᠤᠷᠠᠯᠳᠤᠭ᠋ᠠᠨ᠎ᠢ ᠨᠡᠢ᠌ᠲᠡ 503 ᠵᠢ ᠬᠦᠯᠢᠶᠡᠨ ᠠᠪᠴᠤ ᠰᠢᠢ᠍ᠳᠪᠦᠷᠢᠯᠡᠪᠡ᠃ ᠡᠳᠡᠭᠡᠷ ᠠᠷᠭ᠎ᠠ ᠬᠡᠮᠵᠢᠶ᠎ᠡ᠎ᠨᠢ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠶ ᠬᠠᠮᠠᠭ᠋ᠠᠯᠠᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠳᠤ ᠬᠠᠯᠳᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠣᠷᠢᠭᠯᠠᠨ ᠵᠣᠭᠰᠣᠭ᠋ᠠᠵᠤ᠂ ᠨᠡᠶ᠋ᠢᠭᠡᠮ᠎ᠤᠨ᠎ᠬᠢᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠤᠬᠠᠮᠰᠠᠷ᠎ᠢ᠎ᠨᠢ ᠳᠡᠭᠡᠭᠰᠢᠯᠡᠭᠦᠯᠵᠦ᠂ ᠡᠷᠬᠡ ᠲᠡᠭᠰᠢ ᠲᠥᠪ ᠭᠣᠣᠯᠴᠢ ᠰᠢᠨ᠎ᠡ ᠵᠢ ᠡᠭᠦᠳᠬᠦ ᠣᠷᠴᠢᠨ ᠲᠣᠭᠣᠷᠢᠨ᠎ᠢ ᠪᠣᠢ ᠪᠣᠯᠭ᠋ᠠᠬᠤ᠎ᠳᠤ ᠴᠢᠬᠤᠯᠠ ᠦᠢ᠍ᠯᠡᠳᠦᠯ ᠦᠵᠡᠭᠦᠯᠵᠡᠢ᠃
      ᠲᠠᠪᠤ᠎ᠳᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠴᠢᠳᠠᠪᠤᠷᠢ ᠦᠷᠭᠦᠯᠵᠢᠯᠡᠨ ᠴᠢᠩᠭ᠋ᠠᠷᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯ ᠬᠠᠭᠤᠷᠮᠠᠭ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠷᠠᠭᠤᠯᠤᠨ ᠱᠠᠩᠨᠠᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠠᠵᠢᠯᠯᠠᠭ᠎ᠠ ᠵᠢᠨ ᠵᠠᠰᠠᠭ ᠵᠠᠬᠢᠷᠭ᠋ᠠᠨ᠎ᠤ ᠰᠢᠳᠬᠡᠯ᠎ᠤᠨ ᠴᠢᠯᠥᠭᠡᠲᠦ ᠲᠠᠰᠤᠯᠤᠯᠳᠠ ᠵᠢᠨ ᠡᠷᠬᠡ ᠵᠢᠨ ᠬᠡᠷᠡᠭᠯᠡᠬᠦ ᠳᠦᠷᠢᠮ》᠂ 《ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠵᠢ ᠬᠡᠷᠡᠭᠵᠢᠭᠦᠯᠬᠦ ᠡᠷᠬᠡ᠎ᠪᠠᠨ ᠬᠠᠮᠠᠭ᠋ᠠᠯᠠᠬᠤ 〈ᠠᠶᠠᠯᠠᠯ ᠬᠠᠮᠠᠭ᠋ᠠᠯᠠᠬᠤ〉 ᠲᠤᠰᠬᠠᠶ ᠠᠵᠢᠯᠯᠠᠭ᠋ᠠᠨ᠎ᠤ ᠲᠥᠰᠦᠯ》᠂ 《ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠵᠢᠷᠤᠮᠵᠢᠭᠰᠠᠨ ᠵᠠᠬ᠎ᠠ ᠳᠡᠯᠭᠡᠭᠦᠷ᠎ᠢ ᠪᠣᠶ᠋ᠢᠵᠢᠭᠤᠯᠬᠤ ᠲᠥᠰᠦᠯ》 ᠵᠡᠷᠭᠡ ᠠᠯᠢ ᠤᠯᠠᠨ ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ᠎ᠢ ᠤᠷᠢᠳ ᠬᠤᠵᠢᠳ ᠲᠣᠭᠲᠠᠭ᠋ᠠᠨ ᠨᠡᠶ᠋ᠢᠲᠡᠯᠡᠵᠦ᠂ ᠮᠠᠨ᠎ᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ᠎ᠳᠤ ᠬᠦᠴᠦᠲᠡᠶ ᠲᠦᠰᠢᠭ ᠲᠤᠯᠭ᠋ᠠᠭᠤᠷᠢ   ᠣᠯᠭᠣᠪᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠨᠠᠶ᠋ᠢᠳᠠᠨ ᠬᠠᠮᠢᠶᠠᠷᠤᠭᠤᠯᠬᠤ ᠢᠨᠵᠧᠨᠧᠷᠢᠩ᠂ ᠳᠤᠮᠳᠠᠳᠤ ᠪᠠᠭ᠎ᠠ ᠰᠤᠷᠭ᠋ᠠᠭᠤᠯᠢ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠮᠦᠵᠢᠯ᠎ᠤᠨ ᠲᠤᠷᠰᠢᠨ ᠪᠣᠶ᠋ᠢᠵᠢᠭᠤᠯᠬᠤ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠪᠡ᠃ 6 ᠠᠶ᠋ᠢᠮᠠᠭ ᠬᠣᠲᠠ ᠵᠢᠨ 12 ᠲᠤᠷᠰᠢᠯᠲᠠ ᠵᠢᠨ ᠴᠢᠬ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠲᠣᠭᠲᠠᠭ᠋ᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡᠨ ᠥᠷᠨᠢᠭᠦᠯᠵᠦ᠂ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡᠨ᠎ᠳᠤ 400 ᠭᠠᠷᠤᠶ ᠠᠵᠤ ᠠᠬᠤᠶ᠋ᠢᠯᠠᠯ ᠣᠷᠣᠯᠴᠠᠪᠠ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠮᠦᠵᠢᠯ᠎ᠤᠨ ᠲᠤᠷᠰᠢᠯᠲᠠ ᠵᠢᠨ ᠴᠢᠬ᠎ᠢ 10 ᠪᠣᠶ᠋ᠢᠵᠢᠭᠤᠯᠵᠤ᠂ ᠤᠯᠤᠰ᠎ᠤᠨ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠮᠦᠵᠢᠯ᠎ᠤᠨ ᠲᠤᠷᠰᠢᠯᠲᠠ ᠵᠢᠨ ᠴᠢᠬ᠎ᠢ 1 ᠪᠣᠢ᠌ᠵᠢᠭᠤᠯᠪᠠ᠃ ᠪᠦᠬᠦ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ 2500 ᠬᠥᠮᠦᠨ᠎ᠳᠤ ᠣᠢ᠌ᠷᠠᠲᠤᠪᠠ᠃
      ᠬᠥᠲᠥᠯᠥᠭᠴᠢ᠄
      ᠲᠤᠰᠬᠠᠶ ᠠᠰᠢᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠰᠠᠯᠵᠤ ᠪᠣᠯᠤᠰᠢ ᠦᠭᠡᠢ ᠨᠢᠭᠲᠠ ᠬᠠᠷᠢᠴᠠᠭ᠎ᠠ᠎ᠲᠠᠢ ᠪᠠᠢ᠌ᠳᠠᠭ᠂ ᠲᠨ ᠰᠠᠶᠢ 2016 ᠣᠨ᠎ᠳᠤ ᠮᠠᠨ᠎ᠤ ᠣᠷᠣᠨ᠎ᠤ ᠲᠤᠰᠬᠠᠶ ᠠᠰᠢᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠯᠲᠡ ᠵᠢᠨ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ ᠭᠠᠷᠭ᠋ᠠᠵᠤ᠂ ᠲᠤᠰᠬᠠᠶ ᠠᠰᠢᠭ ᠭᠤᠶᠤᠴᠢᠯᠠᠬᠤ ᠬᠡᠮᠵᠢᠶ᠎ᠡ ᠠᠩᠬ᠎ᠠ ᠤᠳᠠᠭ᠎ᠠ ᠨᠢᠭᠡ ᠲᠦᠮᠡ ᠵᠢᠨ ᠶᠡᠬᠡ ᠪᠣᠭᠣᠮᠲᠠ ᠵᠢ ᠳᠠᠪᠠᠯ᠎ᠠ ᠭᠡᠪᠡ᠂ ᠮᠠᠨ᠎ᠤ ᠣᠷᠣᠨ᠎ᠤ ᠲᠤᠰᠬᠠᠶ ᠠᠰᠢᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠯᠲᠡ ᠵᠢᠨ ᠲᠠᠯ᠎ᠠ᠎ᠪᠠᠷ ᠶᠠᠮᠠᠷ ᠶᠠᠮᠠᠷ ᠣᠨᠴᠠᠯᠢᠭ᠎ᠲᠠᠢ ᠪᠠᠢ᠌ᠬᠤ ᠪᠣᠢ?
      ᠪᠠᠭ᠋ᠠᠨ᠎ᠠ᠄
      ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠨᠢ ᠰᠢᠨ᠎ᠡ ᠵᠢ ᠡᠭᠦᠳᠴᠦ ᠡᠭᠦᠳᠦᠨ ᠪᠦᠲᠦᠭᠡᠬᠦ᠎ᠳᠤ ᠯᠤᠲᠤ ᠶᠡᠬᠡ ᠠᠬᠢᠭᠤᠯᠬᠤ ᠦᠢ᠍ᠯᠡᠳᠦᠯ ᠦᠵᠡᠭᠦᠯᠳᠡᠭ᠂ ᠤᠯᠡᠠ᠎ᠤ ᠮᠡᠳᠡᠭᠡᠵᠢ᠎ᠪᠠᠷ᠂ ᠮᠠᠨ᠎ᠤ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠭᠣᠣᠯᠳᠠᠭᠤ ᠲᠤᠰᠬᠠᠶ ᠠᠰᠢᠭ᠎ᠤᠨ ᠡᠷᠬᠡ᠂ ᠲᠠᠸᠠᠷ᠎ᠤᠨ ᠲᠡᠮᠳᠡᠭ᠎ᠤᠨ ᠡᠷᠬᠡ ᠪᠣᠯᠤᠨ ᠵᠣᠬᠢᠶᠠᠯ ᠪᠦᠲᠦᠭᠡᠯ᠎ᠤᠨ ᠡᠷᠬᠡ᠎ᠪᠠᠷ ᠪᠦᠷᠢᠯᠳᠦᠪᠡ᠂ ᠡᠭᠦᠨ᠎ᠳᠤ ᠲᠤᠰᠬᠠᠶ ᠠᠰᠢᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠨᠢ ᠮᠡᠳᠡᠯᠭᠡ ᠵᠢᠨ ᠠᠵᠤ ᠠᠬᠤᠶ ᠵᠢᠨ ᠳᠣᠲᠣᠷᠠᠬᠢ ᠬᠠᠮᠤᠭ᠎ᠤᠨ ᠢᠳᠡᠪᠬᠢ᠂ ᠬᠠᠮᠤᠭ᠎ᠤᠨ ᠬᠣᠰᠢᠭᠤᠷᠠᠯ ᠬᠡᠰᠡᠭ᠎ᠢ ᠲᠥᠯᠥᠭᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠲᠠᠢ ᠰᠠᠯᠵᠤ ᠪᠣᠯᠤᠰᠢ ᠦᠭᠡᠢ ᠨᠢᠭᠲᠠ ᠬᠠᠷᠢᠴᠠᠭ᠎ᠠ᠎ᠲᠠᠢ ᠪᠦᠭᠡᠳ ᠠᠵᠤ ᠦᠢ᠍ᠯᠡᠳᠪᠦᠷᠢᠵᠢᠯᠲᠡ᠂ ᠣᠳᠣᠬᠢᠴᠢᠯᠠᠯᠲᠠ ᠵᠢᠨ ᠲᠦᠷᠭᠡᠳᠬᠡᠭᠦᠷ᠎ᠨᠢ ᠮᠥᠨ᠃ ᠲᠤᠰᠬᠠᠶ ᠠᠰᠢᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠯᠲᠡ ᠪᠣᠯ ᠠᠵᠤ ᠠᠬᠤᠶ᠋ᠢᠯᠠᠯ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠠᠭᠤᠯᠢᠭ᠎ᠠᠴᠠ᠎ᠨᠢ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠳᠠᠪᠠᠭᠤᠯᠢᠭ ᠪᠣᠯᠭ᠋ᠠᠨ ᠬᠣᠪᠢᠷᠠᠭᠤᠯᠬᠤ ᠴᠢᠬᠤᠯᠠ ᠭᠣᠭᠴᠣᠭ᠎ᠠ ᠮᠥᠨ᠂ ᠮᠥᠨᠴᠦ ᠨᠢᠭᠡ ᠭᠠᠵᠠᠷ ᠣᠷᠣᠨ ᠪᠠ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠬᠡᠮᠵᠢᠬᠦ ᠵᠠᠩᠭᠢᠯᠠᠭ᠎ᠠ ᠵᠢᠨ   ᠭᠦᠢ᠍ᠴᠡᠳᠬᠡᠯ ᠲᠣᠭ᠎ᠠ ᠪᠣᠯᠣᠨ᠎ᠠ᠃ 2016 ᠣᠨ᠎ᠤ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ   ᠲᠣᠪᠴᠢᠶ᠎ᠠ ᠵᠢᠨ ᠲᠤᠰᠬᠠᠶ ᠠᠰᠢᠭ᠎ᠤᠨ ᠲᠣᠭ᠎ᠠ ᠪᠦᠷᠢᠳᠬᠡᠯ᠎ᠤᠨ ᠪᠠᠷᠢᠮᠲᠠ᠎ᠠᠴᠠ ᠦᠵᠡᠪᠡᠯ᠂ ᠮᠠᠨ᠎ᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠯᠲᠡ᠎ᠨᠢ ᠳᠣᠣᠷᠠᠬᠢ ᠬᠡᠳᠦᠨ ᠲᠠᠯ᠎ᠠ ᠵᠢᠨ ᠣᠨᠴᠠᠯᠢᠭ᠎ᠲᠠᠢ ᠪᠠᠢ᠌ᠨ᠎ᠠ᠃
      ᠨᠢᠭᠡ᠎ᠳᠤ ᠡᠭᠦᠳᠦᠯᠲᠡ ᠵᠢᠨ ᠲᠤᠰᠬᠠᠶ ᠠᠰᠢᠭ᠎ᠤᠨ ᠡᠵᠡᠯᠡᠬᠦ ᠬᠠᠷᠢᠴᠠᠯ ᠳᠡᠭᠡᠭᠰᠢᠯᠡᠬᠦ ᠬᠠᠨᠳᠤᠰᠢ᠎ᠲᠠᠢ ᠪᠠᠢ᠌ᠨ᠎ᠠ᠂ 2016 ᠣᠨ᠎ᠳᠤ᠂ ᠮᠠᠨ᠎ᠤ ᠣᠷᠣᠨ᠎ᠤ ᠲᠤᠰᠬᠠᠶ ᠠᠰᠢᠭ᠎ᠤᠨ 10672 ᠬᠤᠪᠢ ᠭᠤᠶᠤᠴᠢᠯᠠᠯ᠎ᠳᠤ᠂ ᠡᠭᠦᠳᠦᠯᠲᠡ ᠵᠢᠨ ᠲᠤᠰᠬᠠᠶ ᠠᠰᠢᠭ᠎ᠤᠨ ᠭᠤᠶᠤᠴᠢᠯᠠᠯ 2878 ᠬᠤᠪᠢ᠎ᠳᠤ ᠬᠦᠷᠴᠦ᠂ ᠶᠡᠷᠦᠩᠬᠡᠶ ᠭᠤᠶᠤᠴᠢᠯᠠᠯ᠎ᠤᠨ ᠬᠡᠮᠵᠢᠶᠡᠨ᠎ᠤ 27% ᠣᠷᠴᠢᠮ᠎ᠢ ᠡᠵᠡᠯᠡᠵᠦ᠂ ᠡᠭᠦᠳᠦᠯᠲᠡ ᠵᠢᠨ ᠲᠤᠰᠬᠠᠶ ᠠᠰᠢᠭ᠎ᠤᠨ ᠭᠤᠶᠤᠴᠢᠯᠠᠯ᠎ᠤᠨ ᠬᠡᠮᠵᠢᠶ᠎ᠡ᠎ᠨᠢ 2015 ᠣᠨ᠎ᠤ᠎ᠬᠢ᠎ᠠᠴᠠ 2 ᠵᠠᠭᠤᠨ᠎ᠤ ᠴᠡᠭ ᠳᠡᠭᠡᠭᠰᠢᠯᠡᠭᠰᠡᠨ᠎ᠨᠢ᠂ ᠮᠠᠨ᠎ᠤ ᠣᠷᠣᠨ᠎ᠤ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠮᠡᠳᠡᠭᠳᠡᠮ᠎ᠡ ᠳᠡᠭᠡᠭᠰᠢᠯᠡᠭᠰᠡᠨ᠎ᠢ ᠬᠠᠷᠠᠭᠤᠯᠪᠠ᠃
      ᠬᠣᠶᠠᠷ᠎ᠲᠤ ᠠᠵᠤ ᠠᠬᠤᠶ᠋ᠢᠯᠠᠯ᠎ᠤᠨ ᠲᠤᠰᠬᠠᠶ ᠠᠰᠢᠭ᠎ᠤᠨ ᠭᠤᠶᠤᠴᠢᠯᠠᠯ ᠦᠷᠭᠦᠯᠵᠢᠯᠡᠨ ᠲᠡᠷᠢᠭᠦᠨ ᠪᠠᠢ᠌ᠷᠢ ᠵᠢ ᠡᠵᠡᠯᠡᠵᠤ ᠪᠠᠢ᠌ᠨ᠎ᠠ᠂ 2016 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ ᠲᠤᠰᠬᠠᠶ ᠠᠰᠢᠭ᠎ᠢ 5019 ᠬᠤᠪᠢ ᠭᠤᠶᠤᠴᠢᠯᠠᠵᠤ᠂ ᠶᠡᠷᠦᠩᠬᠡᠶ ᠭᠤᠶᠤᠴᠢᠯᠠᠯ 47% ᠵᠢ ᠡᠵᠡᠯᠡᠵᠤ᠂ 《12.5》 ᠵᠢᠨ ᠬᠤᠭᠤᠴᠠᠭ᠋ᠠᠨ᠎ᠳᠠᠬᠢ ᠳᠤᠮᠳᠠᠴᠢ ᠬᠡᠮᠵᠢᠶ᠎ᠡ᠎ᠠᠴᠠ ᠳᠠᠪᠠᠭᠰᠠᠨ ᠪᠠᠶ᠋ᠢᠨ᠎ᠠ᠃ ᠲᠤᠰᠢᠶᠠᠯ᠎ᠤᠨ ᠡᠭᠦᠳᠦᠯᠲᠡ ᠵᠢᠨ ᠲᠤᠰᠬᠠᠶ ᠠᠰᠢᠭ᠎ᠤᠨ ᠭᠤᠶᠤᠴᠢᠯᠠᠯ᠎ᠳᠤ᠂ ᠠᠵᠤ ᠠᠬᠤᠶ᠋ᠢᠯᠠᠯ᠎ᠤᠨ᠎ᠬᠢ 75.72%᠎ᠢ ᠡᠵᠡᠯᠡᠵᠦ᠂ ᠪᠤᠰᠤᠳ ᠭᠤᠤᠯ ᠴᠣᠭᠴᠠ ᠵᠢᠨ ᠭᠤᠶᠤᠴᠢᠯᠠᠯ᠎ᠠᠴᠠ ᠬᠤᠯᠠ ᠳᠠᠪᠠᠭᠰᠠᠨ᠎ᠨᠢ᠂ ᠠᠵᠤ ᠠᠬᠤᠶ᠋ᠢᠯᠠᠯ ᠵᠶ᠋ᠠᠷ ᠭᠤᠤᠯ ᠴᠣᠭᠴᠠ ᠪᠣᠯᠭ᠋ᠠᠭᠰᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲᠸᠮᠵᠢ᠎ᠨᠢ   ᠮᠠᠨ᠎ᠤ ᠣᠷᠣᠨ᠎ᠳᠤ ᠠᠯᠬᠤᠮ ᠠᠯᠬᠤᠮ ᠵᠶ᠋ᠠᠷ ᠪᠦᠷᠢᠯᠳᠦᠵᠤ ᠪᠠᠢ᠌ᠬᠤ ᠵᠢ ᠭᠦᠢ᠍ᠴᠡᠳ ᠬᠠᠷᠠᠭᠤᠯᠪᠠ᠃
      ᠭᠤᠷᠪᠠ᠎ᠳᠤ ᠲᠤᠰᠬᠠᠶ ᠠᠰᠢᠭ ᠭᠤᠶᠤᠴᠢᠯᠠᠬᠤ ᠬᠦᠷᠢᠶ᠎ᠡ ᠤᠯᠠᠮ ᠨᠢᠭᠡ ᠠᠯᠬᠤᠮ ᠦᠷᠭᠡᠵᠢᠪᠡ᠂ 2016 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠭᠤᠶᠤᠴᠢᠯᠠᠯ᠎ᠨᠢ ᠲᠠᠷᠢᠶᠠᠯᠠᠩ ᠮᠠᠯ ᠠᠵᠤ ᠠᠬᠤᠶ᠂ ᠬᠥᠩᠭᠡᠨ ᠠᠵᠤ ᠦᠢ᠍ᠯᠡᠳᠪᠦᠷᠢ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠲᠡᠭᠡᠭᠡᠪᠦᠷᠢ᠂ ᠬᠢᠮᠢ ᠵᠢᠨ ᠠᠵᠤ ᠦᠢ᠍ᠯᠡᠳᠪᠦᠷᠢ ᠵᠢᠨ ᠲᠡᠮᠦᠷᠯᠢᠭ ᠬᠠᠶ᠋ᠢᠯᠤᠭᠤᠯᠬᠤ᠂ ᠪᠠᠷᠢᠯᠭ᠎ᠠ ᠵᠢᠨ ᠮᠠᠲ᠋ᠧᠷᠢᠶᠠᠯ᠂ ᠮᠧᠬᠠᠨᠢᠭ᠎ᠤᠨ ᠢᠨᠵᠧᠨᠧᠷᠢᠩ᠂ ᠬᠢᠮᠢ ᠹᠢᠽᠢᠺ ᠵᠡᠷᠭᠡ ᠲᠠᠯ᠎ᠠ᠎ᠳᠤ ᠬᠤᠯᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶ᠎ᠡ ᠵᠢ ᠦᠨᠳᠦᠰᠦᠨ᠎ᠳᠡᠭᠡᠨ ᠬᠠᠮᠤᠷᠤᠭᠰᠠᠨ᠎ᠨᠢ᠂ ᠮᠡᠳᠡᠯᠭᠡ ᠵᠢᠨ ᠪᠦᠲᠦᠭᠡᠭᠳᠡᠬᠦᠨ᠎ᠤ ᠡᠷᠬᠡ᠎ᠨᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠳᠤ ᠦᠢ᠍ᠯᠡᠳᠦᠯ ᠵᠶ᠋ᠠᠨ ᠶᠠᠭ ᠠᠯᠬᠤᠮ ᠠᠯᠬᠤᠮ ᠵᠶ᠋ᠠᠷ ᠪᠠᠳᠠᠷᠠᠭᠤᠯᠵᠤ᠂ ᠠᠵᠤ ᠦᠢ᠍ᠯᠡᠰ᠎ᠤᠨ ᠳᠡᠰ ᠳᠡᠪᠰᠢᠬᠦᠯᠬᠦ᠂ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠬᠤ᠎ᠳᠤ ᠳᠡᠮᠵᠢᠯᠭᠡ ᠲᠤᠰᠠᠯᠠᠮᠵᠢ ᠦᠵᠡᠭᠦᠯᠵᠤ ᠪᠠᠢ᠌ᠭ᠎ᠠ ᠵᠢ ᠬᠠᠷᠠᠭᠤᠯᠪᠠ᠃
      ᠬᠥᠲᠥᠯᠥᠭᠴᠢ᠄
      ᠣᠳᠣᠬᠠᠨ᠎ᠳᠤ ᠮᠠᠨ᠎ᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠤᠨ ᠬᠥᠭᠵᠢᠯᠲᠡ᠎ᠳᠤ ᠪᠠᠰᠠ ᠶᠠᠮᠠᠷ ᠶᠠᠮᠠᠷ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠭ᠎ᠠ ᠪᠤᠢ?
      ᠪᠠᠭ᠋ᠠᠨ᠎ᠠ᠄
      ᠬᠡᠳᠦᠶ᠋ᠢᠪᠡᠷ ᠣᠶ᠋ᠢᠷ᠎ᠠ ᠵᠢᠨ ᠵᠢᠯ᠎ᠤᠳ᠎ᠲᠤ ᠮᠠᠨ᠎ᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ ᠲᠦᠷᠭᠡᠨ ᠬᠥᠭᠵᠢᠵᠦ ᠪᠠᠢ᠌ᠭ᠎ᠠ ᠪᠤᠯᠪᠠᠴᠤ ᠡᠭᠦᠨ᠎ᠤ ᠵᠡᠷᠭᠡᠴᠡᠭᠡ᠎ᠪᠠᠷ᠂ ᠥᠪᠥᠷ ᠮᠣᠩᠭᠣᠯ ᠮᠥᠨ ᠬᠦ᠌ ᠳᠡᠮᠡᠶ ᠬᠥᠭᠵᠢᠭᠡᠳᠦᠶ ᠭᠠᠵᠠᠷ ᠣᠷᠣᠨ ᠪᠤᠯᠬᠤ ᠪᠦᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠡᠷᠦᠩᠬᠡᠶ ᠬᠢᠷᠢ ᠲᠦᠪᠰᠢᠨ ᠮᠥᠨ ᠬᠦ᠌ ᠪᠦᠬᠦ ᠤᠯᠤᠰ᠎ᠤᠨ ᠬᠣᠴᠣᠷᠤᠩᠭᠤᠶ ᠪᠠᠶ᠋ᠢᠷᠢᠨ᠎ᠳᠤ ᠪᠠᠢ᠌ᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠭᠵᠢᠯᠲᠡ᠎ᠨᠢ ᠠᠵᠤ ᠠᠬᠤᠶ ᠵᠢᠨ ᠬᠥᠭᠵᠢᠯᠲᠡ᠎ᠠᠴᠠ ᠬᠣᠴᠣᠷᠴᠤ᠂ ᠮᠠᠰᠢ ᠤᠯᠠᠨ ᠰᠢᠯᠭ᠋ᠠᠯᠲᠠ᠎ᠳᠤ ᠲᠤᠯᠭ᠋ᠠᠷᠠᠵᠤ ᠪᠠᠢ᠌ᠬᠤ ᠵᠢ ᠤᠯᠵᠤ ᠦᠵᠡᠬᠦ ᠬᠡᠷᠡᠭ᠎ᠲᠠᠢ ᠪᠠᠢ᠌ᠨ᠎ᠠ᠃ ᠨᠢᠭᠡ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠬᠠᠶ ᠲᠦᠷᠦ ᠵᠢᠨ ᠪᠤᠳᠤᠯᠭ᠎ᠠ ᠵᠢᠨ ᠣᠷᠴᠢᠨ ᠨᠥᠬᠥᠴᠡᠯ᠎ᠢ ᠰᠠᠶ᠋ᠢᠵᠢᠷᠠᠭᠤᠯᠬᠤ ᠴᠢᠬᠤᠯᠠᠲᠠᠶ ᠪᠠᠶ᠋ᠢᠨ᠎ᠠ; ᠬᠣᠶᠠᠷ᠎ᠲᠤ ᠬᠠᠮᠢᠶᠠᠷᠤᠯᠲᠠ ᠵᠢᠨ ᠪᠠᠶ᠋ᠢᠭᠤᠯᠤᠮᠵᠢ᠂ ᠦᠢ᠍ᠯᠡᠴᠢᠯᠡᠭᠡᠨ᠎ᠤ ᠰᠢᠰᠲᠸᠮᠵᠢ᠂ ᠵᠣᠬᠢᠴᠠᠭᠤᠯᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠶ ᠪᠠᠶ᠋ᠢᠨ᠎ᠠ; ᠭᠤᠷᠪᠠ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠭᠦ ᠬᠡᠮᠵᠢᠶ᠎ᠡ ᠴᠦᠬᠡᠨ ᠮᠥᠷᠲᠡᠭᠡᠨ ᠲᠠᠷᠬᠠᠯᠲᠠ᠎ᠨᠢ ᠲᠡᠨᠭᠴᠡᠭᠦᠷᠢ ᠦᠭᠡᠢ ᠪᠠᠢ᠌ᠨ᠎ᠠ; ᠳᠦᠷᠪᠡ᠎ᠳᠤ ᠵᠠᠬ᠎ᠠ ᠳᠡᠯᠭᠡᠭᠦᠷ᠎ᠤᠨ ᠭᠣᠣᠯ ᠴᠣᠭᠴᠠ ᠪᠤᠯᠤᠨ ᠨᠡᠶ᠋ᠢᠭᠡᠮ ᠨᠡᠶ᠋ᠢᠲᠡ ᠵᠢᠨ᠎ᠬᠢᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠬᠠᠢ ᠤᠬᠠᠮᠰᠠᠷ ᠪᠠᠰᠠ ᠨᠡᠯᠢᠶᠡᠳ ᠪᠠᠭᠤᠷᠠᠶ ᠪᠠᠶ᠋ᠢᠭᠰᠠᠭ᠋ᠠᠷ ᠪᠠᠢ᠌ᠨ᠎ᠠ; ᠲᠠᠪᠤ᠎ᠳᠤ ᠠᠵᠤ ᠠᠬᠤᠶ᠋ᠢᠯᠠᠯ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠭᠣᠣᠯᠯᠠᠬᠤ ᠮᠡᠷᠭᠡᠵᠢᠯ ᠪᠤᠯᠤᠨ ᠨᠠᠷᠡᠳᠦ ᠲᠦᠷᠦᠯ ᠲᠡᠮᠳᠡᠭ ᠲᠤᠲᠠᠭᠳᠠᠵᠤ ᠪᠠᠢ᠌ᠨ᠎ᠠ; ᠵᠢᠷᠭᠤᠭ᠎ᠠ᠎ᠳᠤ ᠳᠡᠯᠡᠬᠡᠶ ᠵᠢᠨ ᠥᠷᠢᠰᠥᠯᠳᠦᠭᠡᠨ᠎ᠤ ᠠᠵᠢᠯᠯᠠᠭ᠎ᠠ᠎ᠳᠤ ᠤᠷᠤᠯᠴᠠᠬᠤ ᠠᠵᠤ ᠠᠬᠤᠶ᠋ᠢᠯᠠᠯ ᠴᠥᠭᠡᠨ᠂ ᠭᠠᠳᠠᠭ᠋ᠠᠳᠤ ᠠᠷᠠᠯᠵᠢᠶᠠᠨ᠎ᠳᠤ ᠮᠡᠷᠭᠡᠵᠢᠯ᠎ᠤᠨ ᠪᠡᠬᠢᠯᠡᠯᠲᠡ ᠠᠷᠪᠢᠨ ᠲᠤᠯᠭ᠋ᠠᠷᠠᠵᠤ ᠪᠠᠢ᠌ᠨ᠎ᠠ; ᠲᠤᠯᠤᠭ᠎ᠠ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠤᠢ᠌ᠵᠢᠭᠤᠯᠤᠯᠲᠠ ᠪᠤᠯᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠬᠣᠴᠣᠷᠤᠩᠭᠤᠶ ᠪᠠᠶ᠋ᠢᠨ᠎ᠠ᠃
     2016 ᠣᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤᠷᠢᠳ ᠬᠣᠵᠢᠳ 《ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠴᠦᠷᠬᠡᠭ ᠣᠷᠣᠨ᠎ᠤ ᠪᠠᠶ᠋ᠢᠭᠤᠯᠤᠯᠲᠠ ᠵᠢ ᠲᠦᠷᠭᠡᠳᠬᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠪᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠤᠨ ᠬᠥᠭᠵᠢᠯᠲᠡ ᠵᠢᠨ 〈13·5〉 ᠵᠢᠨ ᠲᠥᠯᠥᠪᠵᠢᠭᠦᠯᠭᠡ》 ᠵᠢ ᠨᠡᠶ᠋ᠢᠲᠡᠯᠡᠵᠦ᠂ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠳᠤ ᠮᠠᠰᠢ ᠴᠢᠩᠭ᠎ᠠ ᠵᠢᠯᠣᠭᠣᠳᠬᠤ ᠦᠢ᠍ᠯᠡᠳᠦᠯ ᠦᠵᠡᠬᠦᠯᠪᠡ᠃
     《ᠰᠠᠨᠠᠯ》᠂ 《ᠲᠥᠯᠥᠪᠵᠢᠭᠦᠯᠭᠡ》 ᠵᠢ ᠦᠨᠳᠦᠰᠦᠯᠡᠪᠡᠯ᠂ 《13·5》 ᠵᠢᠨ ᠬᠤᠭᠤᠴᠠᠭ᠋ᠠᠨ᠎ᠳᠠᠬᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠰ᠎ᠤᠨ ᠭᠣᠣᠯ ᠬᠠᠷᠠᠯᠲᠠ ᠪᠣᠯ᠄ ᠪᠥᠬᠥ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠡᠭᠦᠳᠬᠦ᠂ ᠬᠡᠷᠡᠭᠵᠢᠭᠦᠯᠬᠦ᠂ ᠬᠠᠮᠠᠭ᠋ᠠᠯᠠᠬᠤ᠂ ᠬᠠᠮᠢᠶᠠᠷᠬᠤ ᠪᠠ   ᠦᠢ᠍ᠯᠡᠴᠢᠯᠡᠬᠦ ᠴᠢᠳᠠᠪᠤᠷᠢ ᠵᠢ ᠶᠡᠬᠡᠪᠡᠷ ᠳᠡᠭᠡᠭᠰᠢᠯᠡᠭᠦᠯᠦᠨ᠎ᠡ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠴᠢᠬᠤᠯᠠ ᠬᠦᠷᠢᠶ᠎ᠡ ᠪᠤᠯᠤᠨ ᠵᠠᠩᠭᠢᠯᠠᠭ᠎ᠠ ᠵᠢᠨ ᠭᠤᠭᠴᠤᠭ᠋ᠠᠨ᠎ᠤ ᠥᠭᠡᠷᠡᠴᠢᠯᠡᠯᠲᠡ ᠵᠢᠨ ᠲᠠᠯ᠎ᠠ᠎ᠪᠠᠷ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠤᠨ᠎ᠠ; ᠮᠡᠳᠡᠯᠭᠡ ᠵᠢᠨ ᠪᠦᠲᠦᠭᠡᠭᠳᠡᠬᠦᠨ᠎ᠤ ᠡᠷᠬᠡ ᠡᠭᠦᠳᠦᠨ ᠪᠦᠲᠦᠭᠡᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠎ᠡ; ᠮᠡᠳᠡᠯᠭᠡ ᠵᠢᠨ ᠪᠦᠲᠦᠭᠡᠭᠳᠡᠬᠦᠨ᠎ᠤ ᠦᠮᠴᠢᠯᠡᠬᠦ ᠡᠷᠬᠡ ᠵᠢ ᠬᠠᠮᠠᠭ᠋ᠠᠯᠠᠬᠤ ᠰᠢᠰᠲᠸᠮᠵᠢ ᠵᠢ ᠤᠯᠠᠮ ᠨᠢᠭᠡ ᠠᠯᠬᠤᠮ ᠪᠦᠷᠢᠨᠰᠢᠬᠦᠯᠦᠨ᠎ᠡ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠦᠨ᠎ᠡ; ᠰᠢᠨ᠎ᠡ ᠵᠢ ᠡᠭᠦᠳᠴᠦ ᠠᠳᠠᠯ ᠦᠢ᠍ᠯᠡᠰ ᠴᠤᠭᠴᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠷᠰᠢᠯᠲᠠ ᠬᠢᠬᠦ ᠵᠢᠱ᠌ᠢᠶ᠎ᠡ ᠦᠵᠡᠬᠦᠯᠬᠦ ᠨᠢᠭᠡ ᠪᠦᠯᠦᠭ ᠠᠶ᠋ᠢᠮᠠᠭ ᠬᠣᠲᠠ᠂ ᠬᠣᠰᠢᠭᠤ ᠰᠢᠶᠠᠨ (ᠬᠤᠳᠠ᠂ ᠲᠣᠭᠣᠷᠢᠭ)᠂ ᠣᠷᠣᠨ ᠲᠣᠭᠣᠷᠢᠭ᠂ ᠠᠵᠤ ᠠᠬᠤᠶ᠋ᠢᠯᠠᠯ᠎ᠢ ᠪᠠᠢ᠌ᠭᠤᠯᠤᠨ᠎ᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠡᠷᠡᠭᠯᠡᠯᠲᠡ ᠵᠢᠨ ᠴᠢᠳᠠᠪᠤᠷᠢ ᠵᠢ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠡᠷᠢᠭᠦᠨ᠎ᠤ ᠬᠢᠷᠢ ᠲᠦᠪᠰᠢᠨ᠎ᠳᠤ ᠬᠦᠷᠦᠬᠦᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠎ᠠ᠃ 2020 ᠣᠨ ᠪᠣᠯᠬᠤ᠎ᠳᠤ᠂ ᠡᠭᠦᠳᠦᠯᠲᠡ ᠵᠢᠨ ᠲᠤᠰᠬᠠᠶ ᠠᠰᠢᠭ᠎ᠤᠨ ᠭᠤᠶᠤᠴᠢᠯᠠᠯ᠎ᠤᠨ ᠬᠡᠮᠵᠢᠶ᠎ᠡ᠂ ᠡᠷᠬᠡ ᠤᠯᠭᠤᠬᠤ ᠬᠡᠮᠵᠢᠶ᠎ᠡ ᠪᠤᠯᠤᠨ ᠪᠦᠲᠦᠮᠵᠢᠲᠠᠢ ᠲᠤᠰᠬᠠᠶ ᠠᠰᠢᠭ ᠡᠭᠦᠳᠬᠦ ᠬᠡᠮᠵᠢᠶ᠎ᠡ ᠵᠢ ᠵᠢᠯ ᠪᠦᠷᠢ 20% ᠨᠡᠮᠡᠭᠳᠡᠭᠦᠯᠵᠤ᠂ ᠲᠦᠮᠡᠨ ᠬᠥᠮᠦᠨ ᠪᠦᠷᠢ ᠵᠢᠨ ᠡᠭᠦᠳᠦᠯᠲᠡ ᠵᠢᠨ ᠲᠤᠰᠬᠠᠶ ᠠᠰᠢᠭ ᠡᠭᠦᠳᠬᠦ ᠬᠡᠮᠵᠢᠶ᠎ᠡ ᠵᠢ 3.3 ᠬᠤᠪᠢ᠎ᠳᠤ ᠬᠦᠷᠦᠬᠦᠯᠵᠤ᠂ PCT ᠣᠯᠠᠨ ᠤᠯᠤᠰ᠎ᠤᠨ ᠲᠤᠰᠬᠠᠶ ᠠᠰᠢᠭ᠎ᠤᠨ ᠭᠤᠶᠤᠴᠢᠯᠠᠯ᠎ᠤᠨ ᠬᠡᠮᠵᠢᠶ᠎ᠡ ᠵᠢ ᠢᠯᠡᠳᠲᠡ ᠨᠡᠮᠡᠭᠳᠡᠭᠦᠯᠦᠨ᠎ᠡ; ᠪᠦᠬᠦ ᠤᠷᠤᠨ᠎ᠤ ᠪᠦᠲᠦᠮᠵᠢᠲᠠᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠶᠡᠷᠦᠩᠬᠡᠶ ᠲᠣᠭ᠎ᠠ ᠵᠢ 10 ᠲᠦᠮᠡᠨ ᠬᠤᠪᠢ᠎ᠠᠴᠠ ᠳᠠᠪᠠᠭᠤᠯᠵᠤ᠂ ᠳᠤᠮᠳᠠᠳᠤ ᠤᠯᠤᠰ᠎ᠤᠨ ᠨᠡᠷᠡᠲᠦ ᠲᠠᠸᠠᠷ᠎ᠤᠨ ᠲᠡᠮᠳᠡᠭ᠎ᠤᠨ ᠶᠡᠷᠦᠩᠬᠡᠶ ᠲᠣᠭ᠎ᠠ ᠵᠢ 100 ᠬᠤᠪᠢ᠎ᠠᠴᠠ ᠳᠠᠪᠠᠭᠤᠯᠵᠤ᠂ ᠥᠪᠥᠷ ᠮᠣᠩᠭᠣᠯ᠎ᠤᠨ ᠨᠡᠷᠡᠳᠦ ᠲᠠᠸᠠᠷ᠎ᠤᠨ ᠲᠡᠮᠳᠡᠭ᠎ᠤᠨ ᠶᠡᠷᠦᠩᠬᠡᠶ ᠲᠣᠭ᠎ᠠ ᠵᠢ 1200 ᠬᠤᠪᠢ᠎ᠠᠴᠠ ᠳᠠᠪᠠᠭᠤᠯᠵᠤ᠂ ᠭᠠᠵᠠᠷ ᠵᠦᠢ ᠵᠢᠨ ᠰᠢᠨᠵᠢ ᠲᠡᠮᠳᠡᠭᠲᠦ ᠲᠠᠸᠠᠷ᠎ᠤᠨ ᠲᠡᠮᠳᠡᠭ᠎ᠤᠨ ᠶᠡᠷᠦᠩᠬᠡᠶ ᠲᠣᠭ᠎ᠠ ᠵᠢ 100 ᠬᠤᠪᠢ᠎ᠠᠴᠠ ᠳᠠᠪᠠᠭᠤᠯᠤᠨ᠎ᠠ᠃ ᠵᠣᠬᠢᠶᠠᠯ ᠪᠦᠲᠦᠭᠡᠯ᠎ᠤᠨ ᠵᠤᠬᠢᠶᠠᠨ ᠪᠦᠲᠦᠭᠡᠬᠦ ᠡᠷᠬᠡ ᠵᠢᠨ ᠳᠠᠩᠰᠠᠯᠠᠭᠤᠯᠬᠤ ᠲᠣᠭ᠎ᠠ ᠬᠡᠮᠵᠢᠶ᠎ᠡ ᠵᠢ ᠵᠢᠯ ᠪᠦᠷᠢ ᠳᠤᠮᠳᠠᠴᠢ᠎ᠪᠠᠷ 30%᠎ᠪᠠᠷ ᠨᠡᠮᠡᠭᠳᠡᠭᠦᠯᠦᠨ᠎ᠡ᠃
      ᠳᠡᠭᠡᠷ᠎ᠡ ᠳᠤᠷᠠᠳᠤᠭᠰᠠᠨ ᠬᠥᠭᠵᠢᠯᠲᠡ ᠵᠢᠨ ᠬᠠᠷᠠᠯᠲᠠ ᠵᠢᠨ ᠲᠣᠭᠣᠷᠢᠨ᠎ᠳᠤ᠂ 《13· 5》 ᠵᠢᠨ ᠬᠤᠭᠤᠴᠠᠭ᠋ᠠᠨ᠎ᠳᠤ ᠮᠠᠨ᠎ᠤ ᠣᠷᠣᠨ ᠭᠣᠣᠯᠳᠠᠭᠤ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠦᠷᠨᠢᠭᠦᠯᠬᠦ᠎ᠪᠠᠷ ᠪᠤᠢ᠄
      ᠨᠢᠭᠡ᠎ᠳᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠪᠢᠳᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠣᠷᠣᠨ ᠨᠤᠲᠤᠭ᠎ᠤᠨ ᠬᠠᠤᠯᠢ ᠲᠣᠭᠲᠠᠭ᠋ᠠᠯ᠎ᠤᠳ᠎ᠢ ᠤᠯᠠᠮ ᠨᠢᠭᠡ ᠠᠯᠬᠤᠮ ᠪᠦᠷᠢᠨᠰᠢᠭᠦᠯᠦᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠠᠭ᠋ᠠᠯᠠᠯᠲᠠ ᠪᠣᠯᠣᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠵᠣᠬᠢᠴᠠᠯᠳᠤᠭᠤᠯᠤᠨ ᠠᠵᠢᠯᠯᠠᠭᠤᠯᠬᠤ ᠲᠣᠭᠲᠠᠴᠠ ᠵᠢ ᠪᠦᠷᠢᠨᠰᠢᠭᠦᠯᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠪᠠᠢ᠌ᠭᠤᠯᠤᠯ᠎ᠢ ᠪᠦᠷᠢᠨᠰᠢᠭᠦᠯᠦᠨ᠂ ᠠᠵᠢᠯ ᠲᠥᠷᠥᠯ᠎ᠤᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠠᠯ᠎ᠠ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠵᠢ᠎ᠨᠢ ᠴᠢᠩᠭ᠋ᠠᠳᠬᠠᠵᠤ᠂ ᠠᠵᠤ ᠠᠬᠤᠶ᠋ᠢᠯᠠᠯ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠷᠬᠡ ᠠᠰᠢᠭ᠎ᠢ ᠬᠠᠮᠠᠭ᠋ᠠᠯᠠᠬᠤ ᠵᠢᠯᠣᠭᠣᠳᠤᠮᠵᠢ ᠥᠭᠬᠦ᠎ᠪᠠᠨ ᠴᠢᠩᠭ᠋ᠠᠳᠬᠠᠨ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠮᠡᠳᠡᠯᠭᠡ ᠵᠢᠨ ᠪᠦᠲᠦᠭᠡᠭᠳᠡᠭᠦᠨ᠎ᠤ ᠦᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠯᠠᠩ ᠤᠢ ᠰᠢᠭᠤᠶ ᠵᠢᠨ ᠦᠢ᠍ᠯᠡᠰ᠎ᠤᠨ ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠦᠨ᠎ᠡ;
      ᠬᠣᠶᠠᠷ᠎ᠲᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠡᠭᠦᠳᠦᠨ ᠪᠦᠲᠦᠭᠡᠬᠦ ᠵᠢ ᠤᠷᠮᠠᠰᠢᠭᠤᠯᠤᠨ᠎ᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠱᠠᠩᠨᠠᠨ ᠳᠡᠳᠬᠦᠬᠦ ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠪᠠᠶ᠋ᠢᠭᠤᠯᠤᠨ ᠪᠦᠷᠢᠨᠰᠢᠭᠦᠯᠵᠦ᠂ ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠨ ᠪᠦᠲᠦᠭᠡᠯᠲᠡ᠎ᠳᠠᠬᠢ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠨ᠂ ᠮᠡᠳᠡᠯᠭᠡ ᠵᠢᠨ ᠪᠦᠲᠦᠭᠡᠭᠳᠡᠭᠦᠨ᠎ᠤ ᠦᠮᠴᠢᠯᠡᠬᠦ ᠡᠷᠬᠡ ᠵᠢᠨ ᠡᠭᠦᠳᠦᠨ ᠪᠦᠲᠦᠭᠡᠯᠲᠡ᠂ ᠬᠠᠮᠢᠶᠠᠷᠤᠯᠲᠠ᠂ ᠬᠡᠷᠡᠭᠵᠢᠭᠦᠯᠦᠯᠲᠡ ᠪᠣᠯᠣᠨ ᠬᠠᠮᠠᠭ᠋ᠠᠯᠠᠯᠲᠠ᠎ᠳᠤ ᠳᠡᠭᠡᠳᠦ ᠰᠤᠷᠭ᠋ᠠᠭᠤᠯᠢ ᠬᠢᠭᠡᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠴᠢᠬᠤᠯᠠ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠵᠤ᠂ ᠲᠤᠨᠤᠭ ᠲᠥᠬᠥᠭᠡᠷᠦᠮᠵᠢ ᠦᠢ᠍ᠯᠡᠳᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠯᠭ᠋ᠠᠭᠤᠷᠢ ᠵᠢ   ᠪᠡᠬᠢᠵᠢᠭᠦᠯᠵᠦ᠂ ᠰᠢᠨ᠎ᠡ ᠵᠢ ᠡᠭᠦᠳᠬᠦ ᠠᠳᠠᠯ ᠦᠢᠯᠡᠰ ᠴᠣᠭᠴᠠᠯᠠᠬᠤ ᠰᠢᠯᠢᠳᠡᠭ᠎ᠢ ᠡᠭᠦᠳᠬᠦ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠶ ᠡᠭᠦᠳᠦᠨ ᠪᠦᠲᠦᠭᠡᠯᠲᠡ ᠬᠢᠭᠡᠳ   ᠰᠢᠯᠢᠳᠡᠭ ᠰᠣᠶᠣᠯ᠎ᠤᠨ ᠪᠦᠲᠦᠭᠡᠯ᠎ᠢ ᠵᠣᠬᠢᠶᠠᠨ ᠪᠦᠲᠦᠭᠡᠬᠦ ᠵᠢ ᠵᠣᠷᠢᠭᠵᠢᠭᠤᠯᠤᠨ᠎ᠠ᠃
      ᠭᠤᠷᠪᠠ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠡᠷᠡᠭᠯᠡᠯᠲᠡ ᠬᠢᠭᠡᠳ ᠦᠢ᠍ᠯᠡᠴᠢᠯᠡᠭᠡ ᠵᠢ ᠴᠢᠩᠭ᠋ᠠᠳᠬᠠᠨ᠎ᠠ᠃ ᠲᠤᠰᠬᠠᠶ ᠠᠰᠢᠭ᠎ᠤᠨ ᠮᠡᠷᠭᠡᠵᠢᠯ᠎ᠢ ᠤᠯᠠᠷᠢᠭᠤᠯᠬᠤ ᠡᠷᠴᠢᠮ ᠵᠶ᠋ᠠᠨ ᠨᠡᠮᠡᠭᠳᠡᠭᠦᠯᠦᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠷ᠎ᠡ ᠪᠦᠲᠦᠭᠡᠯ᠎ᠢ ᠲᠠᠸᠠᠷᠴᠢᠯᠠᠬᠤ ᠪᠠ ᠠᠵᠤ ᠦᠢ᠍ᠯᠡᠳᠪᠤᠷᠢᠴᠢᠯᠡᠬᠥ ᠵᠢ ᠠᠬᠢᠭᠤᠯᠤᠨ᠎ᠠ; ᠲᠤᠰᠬᠠᠶ ᠠᠰᠢᠭ᠂ ᠲᠠᠸᠠᠷ᠎ᠤᠨ ᠲᠡᠮᠳᠡᠭ᠂ ᠬᠡᠪᠯᠡᠯ᠎ᠤᠨ ᠡᠷᠬᠡ᠂ ᠮᠥᠩᠭᠥᠨ ᠭᠦᠢ᠍ᠯᠭᠡᠭᠡ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠳᠤᠷᠠᠨ ᠠᠵᠢᠯᠯᠠᠬᠤ ᠵᠢ ᠴᠢᠩᠭ᠋ᠠᠳᠬᠠᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠪᠡᠯᠡ ᠣᠷᠣᠭᠤᠯᠬᠤ ᠪᠠ ᠲᠣᠬᠢᠷᠠᠭᠤᠯᠬᠤ ᠬᠢᠭᠡᠳ ᠠᠷᠠᠯᠵᠢᠶᠠᠯᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ; ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠣᠯᠣᠨ ᠢᠷᠡᠭᠡᠳᠦᠶ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯ᠎ᠤᠨ ᠲᠣᠭᠤᠷᠢᠨ᠎ᠳᠤ᠂ ᠠᠵᠤ ᠠᠬᠤᠶ᠋ᠢᠯᠠᠯ᠂ ᠠᠵᠢᠯ ᠲᠦᠷᠦᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠣᠯᠪᠣᠭ᠎ᠠ ᠵᠢᠨ ᠪᠦᠲᠦᠭᠡᠨ ᠪᠠᠶ᠋ᠢᠭᠤᠯᠤᠯᠲᠠ᠎ᠪᠠᠨ ᠴᠢᠩᠭ᠋ᠠᠳᠬᠠᠬᠤ ᠵᠢ᠎ᠨᠢ ᠲᠦᠯᠬᠢᠨ ᠠᠬᠢᠭᠤᠯᠤᠨ᠎ᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠤᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠢ ᠲᠥᠷᠭᠡᠨ ᠪᠠᠢ᠌ᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠮᠤ ᠳ᠋ᠠᠶ᠋ᠢᠲ᠋ᠠ ᠵᠢᠨ ᠬᠡᠷᠡᠭᠯᠡᠭᠡᠨ᠎ᠤ ᠰᠤᠳᠤᠯᠭ᠋ᠠᠨ᠎ᠢ ᠲᠦᠯᠬᠢᠨ ᠠᠬᠢᠭᠤᠯᠤᠨ᠎ᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ 《ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠭ ᠲᠦᠮᠡᠨ ᠵᠶ᠋ᠠᠷ ᠵᠶ᠋ᠠᠨ ᠰᠢᠨ᠎ᠡ ᠵᠢ ᠡᠭᠦᠳᠬᠦ》 ᠮᠡᠳᠡᠯᠭᠡ ᠵᠢᠨ ᠪᠦᠲᠦᠭᠡᠭᠳᠡᠬᠦᠨ᠎ᠤ ᠡᠷᠬᠡ ᠵᠢᠨ ᠦᠢ᠍ᠯᠡᠴᠢᠯᠡᠭᠡ ᠵᠢ ᠴᠢᠩᠭ᠋ᠠᠳᠬᠠᠨ᠎ᠠ᠃
      ᠲᠦᠷᠪᠡ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ ᠵᠢ ᠪᠦᠷᠢᠨᠰᠢᠭᠦᠯᠦᠨ᠎ᠡ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠬᠢᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠠᠵᠢᠯ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠪᠦᠷᠢᠨᠰᠢᠭᠦᠯᠦᠨ᠎ᠡ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠬᠠᠶ ᠳᠦᠷᠦ ᠵᠢᠨ ᠪᠤᠳᠤᠯᠭ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠬᠦᠴᠦᠯᠡᠨ ᠠᠬᠢᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠬᠦ ᠦᠢ᠍ᠯᠡᠳᠦᠯ᠎ᠢ᠎ᠨᠢ ᠴᠢᠩᠭ᠋ᠠᠳᠬᠠᠨ᠎ᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠢᠱ᠌ᠢᠶ᠎ᠡ ᠦᠵᠡᠭᠦᠯᠬᠦ ᠬᠤᠳᠠ᠂ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠪᠣᠯᠤᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠤᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ; 《ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠵᠢᠷᠤᠮᠵᠢᠯ》᠎ᠤᠨ ᠤᠯᠤᠰ᠎ᠤᠨ ᠪᠠᠷᠢᠮᠵᠢᠶ᠎ᠠ ᠵᠢ ᠲᠤᠤᠱᠯᠠᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠵᠢᠷᠤᠮᠵᠢᠯ᠎ᠤᠨ ᠰᠢᠰᠲ᠋ᠧᠮᠵᠢ ᠵᠢ ᠪᠠᠢ᠌ᠭᠤᠯᠤᠨ᠎ᠠ; ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃
      ᠲᠠᠪᠤ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠴᠢᠳᠠᠪᠤᠷᠢᠲᠠᠨ᠎ᠤ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠡᠭᠡᠳᠦ ᠲᠡᠰ᠎ᠤᠨ ᠴᠢᠳᠠᠪᠤᠷᠢᠲᠠᠨ᠎ᠢ ᠢᠳᠡᠪᠬᠢᠲᠡᠢ᠎ᠪᠠᠷ ᠬᠦᠮᠦᠵᠢᠭᠦᠯᠬᠦ ᠪᠠ ᠲᠠᠲᠠᠨ ᠣᠷᠣᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠰᠠᠭᠤᠷᠢ ᠴᠢᠳᠠᠪᠤᠷᠢᠲᠠᠨ᠂ ᠪᠤᠳᠠᠲᠠᠢ ᠠᠵᠢᠯᠯᠠᠬᠤ ᠴᠢᠳᠠᠪᠤᠷᠢᠲᠠᠨ ᠪᠣᠯᠣᠨ ᠬᠠᠮᠢᠶᠠᠷᠤᠯᠲᠠ ᠵᠢᠨ ᠴᠢᠳᠠᠪᠤᠷᠢᠲᠠᠨ᠎ᠢ ᠲᠥᠷᠭᠡᠨ ᠬᠥᠮᠥᠵᠢᠭᠦᠯᠦᠨ᠎ᠡ᠃   ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠨᠡᠯᠢᠶᠡᠳ ᠦᠨᠳᠦᠷ ᠬᠡᠪ ᠴᠢᠨᠠᠷ ᠪᠦᠬᠦᠢ ᠳᠠᠭ᠋ᠠᠭᠤᠯᠤᠭᠴᠢ ᠴᠢᠳᠠᠪᠤᠷᠢᠲᠠᠨ 50 ᠨᠡᠷᠡᠰ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠨᠡᠯᠢᠶᠡᠳ ᠦᠨᠳᠦᠷ ᠲᠤᠰᠬᠠᠶ ᠮᠡᠷᠭᠡᠵᠢᠯ᠎ᠤᠨ ᠪᠣᠯᠪᠠᠰᠤᠷᠠᠯ᠎ᠲᠠᠢ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠴᠢᠳᠠᠪᠤᠷᠢᠲᠠᠨ 300 ᠨᠡᠷᠡᠰ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠨᠡᠯᠢᠶᠡᠳ ᠴᠢᠩᠭ᠎ᠠ ᠬᠡᠷᠡᠭᠯᠡᠭᠡᠨ᠎ᠤ ᠴᠢᠳᠠᠪᠤᠷᠢ᠎ᠲᠠᠢ ᠮᠡᠷᠭᠡᠵᠢᠯ᠎ᠤᠨ ᠴᠢᠳᠠᠪᠤᠷᠢᠲᠠᠨ1000 ᠨᠡᠷᠡᠰ᠎ᠢ ᠬᠦᠮᠦᠵᠢᠭᠦᠯᠬᠦ᠎ᠪᠠᠷ ᠴᠢᠷᠮᠠᠢ᠌ᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠦᠯᠬᠢᠨ ᠠᠬᠢᠭᠤᠯᠬᠤ ᠪᠣᠳᠠᠲᠤ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠤᠯᠤᠨ᠎ᠠ᠃
      ᠵᠢᠷᠭᠤᠭ᠎ᠠ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠰᠣᠶᠣᠯ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠤᠬᠠᠭᠤᠯᠤᠨ ᠲᠠᠢ᠌ᠯᠪᠤᠷᠢᠯᠠᠬᠤ᠂ ᠪᠣᠯᠪᠠᠰᠤᠷᠠᠭᠤᠯᠬᠤ ᠪᠠ ᠲᠦᠭᠡᠮᠡᠯᠵᠢᠭᠦᠯᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠠᠯ᠎ᠠ᠎ᠪᠠᠷ ᠰᠢᠨ᠎ᠡ ᠵᠢ ᠡᠭᠦᠳᠬᠦ ᠰᠣᠶᠣᠯ᠎ᠤᠨ ᠠᠭᠤᠷ ᠠᠮᠢᠰᠬᠤᠯ᠎ᠢ ᠶᠡᠬᠡᠪᠡᠷ ᠪᠣᠢ ᠪᠣᠯᠭ᠋ᠠᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠵᠢ ᠴᠢᠩᠭ᠋ᠠᠳᠬᠠᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠠᠯ᠎ᠠ᠎ᠪᠠᠷ ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠬᠢᠷᠢ ᠲᠥᠪᠰᠢᠨ᠎ᠢ ᠳᠡᠭᠡᠭᠰᠢᠯᠡᠭᠦᠯᠦᠨ᠎ᠡ᠃
    ᠬᠥᠲᠥᠯᠥᠭᠴᠢ᠄
    ᠵᠠ᠂ ᠪᠠᠭ᠋ᠠᠨ᠎ᠠ ᠲᠢᠩᠬᠢᠮ᠎ᠤᠨ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠮᠠᠰᠢ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ   ᠫᠷᠦᠭᠷᠡᠮ᠎ᠳᠤ ᠪᠠᠶᠠᠷᠲᠠᠶ ᠵᠣᠯᠭ᠋ᠠᠶ᠎ᠠ!



      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠰᠠᠶ᠋ᠢᠨ ᠲ᠋ᠤᠷᠠᠴᠤᠳ᠎ᠤᠨ ᠲᠥᠯᠥᠭᠡᠯᠡᠭᠴᠢ᠎ᠳᠤ ᠲᠤᠭ ᠣᠯᠭᠣᠵᠤ ᠪᠠᠢ᠌ᠭ᠎ᠠ᠎ᠨᠢ


      ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠬᠡᠷᠡᠭᠵᠢᠭᠦᠯᠬᠦ ᠠᠵᠢᠯᠲᠠᠳ ᠤᠯᠠᠨ ᠲᠦᠮᠡᠨ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠨᠡᠢ᠌ᠲᠡᠯᠢᠭ ᠬᠡᠷᠡᠭ᠎ᠤᠨ ᠲᠤᠬᠠᠶ ᠲᠠᠶ᠋ᠢᠯᠤᠮᠵᠢ ᠬᠢᠵᠦ ᠪᠠᠢ᠌ᠭ᠎ᠠ᠎ᠨᠢ  



      ᠠᠵᠢᠯᠲᠠᠳ ᠣᠯᠠᠨ ᠲᠦᠮᠡᠨ᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ ᠪᠠᠢ᠌ᠭ᠎ᠠ᠎ᠨᠢ


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢᠨ ᠲᠠᠢ᠌ᠯᠤᠮᠵᠢ
ᠰᠢᠨ᠎ᠡ ᠵᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ᠎ᠲᠠᠢ ᠪᠦᠭᠡᠳ ᠬᠠᠮᠲᠤ᠎ᠪᠠᠷ ᠬᠦᠷᠲᠡᠬᠦ ᠬᠥᠳᠡᠭᠡ ᠠᠵᠤ ᠠᠬᠤᠶ ᠵᠢᠨ ᠬᠥᠭᠵᠢᠯᠲᠡ ᠵᠢᠨ ᠶᠡᠬᠡ ᠪᠠᠶ᠋ᠢᠷᠢᠰᠢᠯ᠎ᠢ ᠪᠠᠢ᠌ᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠡᠬᠢᠯᠡᠨ ᠲᠠᠲᠠᠪᠤᠷᠢᠯᠠᠬᠤ ᠪᠡᠯᠡᠳᠬᠡᠯ ᠠᠵᠢᠯ᠎ᠢ ᠰᠠᠢ᠌ᠲᠤᠷ ᠬᠢᠵᠦ ᠪᠠᠢ᠌ᠨ᠎ᠠ
ᠭᠠᠢ᠌ᠯᠢ ᠲᠠᠲᠠᠪᠤᠷᠢ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ
《ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ ᠥᠪᠡᠷ᠎ᠤᠨ ᠥᠷᠲᠡᠭ᠎ᠢ ᠪᠠᠭᠤᠷᠠᠭᠤᠯᠬᠤ ᠠᠵᠢᠯ᠎ᠢ ᠬᠦᠴᠦᠯᠡᠨ ᠰᠠᠶ᠋ᠢᠲᠤᠷ ᠬᠢᠬᠦ ᠵᠢᠨ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
 
            