
ᠰᠤᠷᠪᠤᠯᠵᠢᠯᠠᠭᠰᠠᠨ ᠴᠠᠭ᠄
2017 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠭᠰᠠᠨ ᠵᠣᠴᠢᠨ᠄
ᠡᠷᠢᠶᠡᠨ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠠᠭᠤᠯᠠ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
2014 ᠣᠨ᠎ᠤ 8 ᠳ᠋ᠤᠭ᠋ᠠᠷ ᠰᠠᠷ᠎ᠠ᠎ᠳᠤ ᠶᠡᠷᠦᠩᠬᠡᠶ ᠱᠦᠵᠢ ᠰᠢ ᠵᠢᠨ ᠫᠢᠩ ᠮᠣᠩᠭᠣᠯ ᠤᠯᠤᠰ᠎ᠲᠤ ᠠᠶ᠋ᠢᠯᠴᠢᠯᠠᠭᠰᠠᠨ᠎ᠠᠴᠠ ᠨᠠᠰᠢ᠂ ᠳᠤᠮᠳᠠᠳᠤ ᠮᠣᠩᠭᠣᠯ᠎ᠤᠨ ᠬᠣᠭᠣᠷᠣᠨᠳᠣᠬᠢ ᠬᠥᠭᠵᠢᠭᠦᠯᠬᠦ ᠢᠲᠡᠭᠡᠯ ᠵᠣᠷᠢᠭ ᠨᠡᠩ ᠪᠠᠲᠤᠵᠢᠵᠤ᠂ ᠮᠣᠩᠭᠣᠯ ᠤᠯᠤᠰ᠎ᠲᠤ ᠬᠢᠲᠠᠳ ᠬᠡᠯᠡ ᠰᠤᠷᠬᠤ ᠬᠠᠯᠠᠭᠤᠨ ᠥᠷᠨᠢᠯᠲᠡ ᠳᠠᠬᠢᠨᠲᠠ ᠥᠷᠨᠢᠵᠦ᠂ ᠮᠣᠩᠭᠣᠯ ᠤᠯᠤᠰ᠎ᠤᠨ ᠮᠠᠰᠢ ᠣᠯᠠᠨ ᠰᠤᠷᠤᠭᠴᠢ ᠡᠷᠢᠶᠡᠨ ᠬᠣᠲᠠ᠎ᠳᠤ ᠢᠷᠡᠵᠦ ᠰᠣᠷᠣᠯᠴᠠᠵᠤ ᠪᠣᠢ᠃ ᠥᠨᠥᠳᠦᠷ᠂ ᠪᠢᠳᠡ ᠡᠷᠢᠶᠡᠨ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠠᠶ᠋ᠢᠩᠭᠤ ᠵᠢᠨ ᠳᠡᠳ᠋ ᠳᠠᠷᠤᠭ᠎ᠠ ᠠᠭᠤᠯᠠ ᠵᠢ ᠤᠷᠢᠵᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ ᠳᠡᠭᠡᠷ᠎ᠡ ᠲᠠ ᠪᠦᠬᠦᠨ᠎ᠲᠠᠢ ᠪᠣᠳᠣᠯ ᠰᠠᠨᠠᠯ ᠵᠶ᠋ᠠᠨ ᠰᠣᠯᠢᠯᠴᠠᠬᠤ ᠪᠣᠯᠣᠯ᠎ᠠ᠃ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄
ᠰᠦᠯᠵᠢᠶᠡᠨ ᠠᠨᠳᠠ ᠨᠠᠷ ᠲᠠ ᠪᠦᠬᠦᠨ ᠰᠠᠢ᠌ᠨ ᠪᠠᠢ᠌ᠵᠠᠭ᠋ᠠᠨ᠎ᠠ ᠦᠦ! ᠲᠠ ᠪᠦᠬᠦᠨ᠎ᠤ ᠲᠣᠰ ᠬᠤᠭᠤᠴᠠᠭ᠎ᠠ ᠵᠢᠨ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠡᠷᠢᠶᠡᠨ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠠᠭᠤᠯᠠ ᠪᠣᠯᠣᠨ᠎ᠠ᠃ ᠠᠭᠤᠯᠠ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠠᠭᠤᠯᠠ᠄
ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ ᠨᠠᠶ᠋ᠢᠵᠠ ᠨᠠᠷ ᠲᠠ ᠪᠦᠬᠦᠨ ᠰᠠᠶ᠋ᠢᠨ ᠪᠠᠢ᠌ᠵᠠᠭ᠋ᠠᠨ᠎ᠠ ᠦᠦ! ᠡᠨᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃
ᠬᠥᠲᠥᠯᠥᠭᠴᠢ᠄
ᠠᠭᠤᠯᠠ ᠳᠠᠷᠤᠭ᠎ᠠ ᠡ᠂ ᠲᠠ ᠣᠶ᠋ᠢᠷ᠎ᠠ ᠵᠢᠨ ᠵᠢᠯ᠎ᠳᠤ ᠡᠷᠢᠶᠡᠨ ᠬᠣᠲᠠ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠎ᠬᠢ ᠭᠠᠳᠠᠭ᠋ᠠᠳᠤ᠎ᠲᠠᠢ ᠰᠣᠯᠢᠯᠴᠠᠵᠦ ᠪᠠᠢ᠌ᠭ᠎ᠠ ᠦᠨᠳᠦᠰᠦᠨ ᠪᠠᠶ᠋ᠢᠳᠠᠯ᠎ᠢ ᠶᠠᠷᠢᠭ᠋ᠠᠳ ᠥᠭᠭᠦᠨ᠎ᠡ ᠦᠦ?
ᠠᠭᠤᠯᠠ᠄
ᠮᠠᠨ᠎ᠤ ᠬᠣᠲᠠ ᠪᠣᠯ ᠮᠣᠩᠭᠣᠯ ᠤᠯᠤᠰ᠎ᠲᠤ ᠬᠠᠨᠳᠤᠭᠤᠯᠵᠤ ᠨᠡᠭᠡᠭᠡᠭᠰᠡᠨ ᠬᠠᠮᠤᠭ᠎ᠤᠨ ᠡᠮᠦᠨ᠎ᠡ ᠵᠠᠬ᠎ᠠ᠎ᠳᠤ ᠪᠠᠶ᠋ᠢᠷᠢᠯᠠᠵᠤ ᠪᠠᠢ᠌ᠭ᠎ᠠ᠂ ᠮᠣᠩᠭᠣᠯ ᠤᠯᠤᠰ᠎ᠲᠠᠢ ᠨᠤᠲᠤᠭ ᠳᠡᠪᠢᠰᠬᠡᠷ ᠵᠠᠯᠭ᠋ᠠᠯᠳᠤᠵᠤ᠂ ᠰᠣᠶᠣᠯ᠎ᠤᠨ ᠭᠤᠯᠤᠮᠲᠠ ᠨᠢᠭᠡᠲᠡᠢ᠂ ᠵᠠᠩ ᠦᠢ᠍ᠯᠡ ᠢᠵᠢᠯᠢᠬᠡᠨ ᠪᠠᠢ᠌ᠵᠤ᠂ ᠮᠣᠩᠭᠣᠯ ᠤᠯᠤᠰ᠎ᠲᠠᠢ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ᠎ᠳᠤ ᠢᠯᠡᠷᠬᠡᠶ ᠳᠠᠪᠠᠭᠤᠯᠢᠭ᠎ᠲᠠᠢ ᠶᠤᠮ᠃ ᠪᠢᠳᠡ 1998 ᠣᠨ᠎ᠠᠴᠠ ᠤᠳᠤ ᠪᠣᠯᠲᠠᠯ᠎ᠠ᠂ ᠮᠣᠩᠭᠣᠯ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠤᠷᠤᠭᠴᠢ ᠵᠢ 3500 ᠭᠠᠷᠤᠶ ᠬᠥᠮᠦᠵᠢᠭᠦᠯᠪᠠ᠂ ᠡᠭᠦᠨ᠎ᠳᠤ ᠣᠶᠤᠲᠠᠨ 300 ᠭᠠᠷᠤᠶ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ 2800 ᠭᠠᠷᠤᠶ᠂ ᠴᠡᠴᠡᠷᠯᠢᠭ᠎ᠤᠨ ᠬᠡᠦᠬᠡᠳ 400 ᠭᠠᠷᠤᠶ ᠪᠠᠶ᠋ᠢᠨ᠎ᠠ᠃ ᠨᠢᠳᠤᠨᠤᠨ᠎ᠤ 9 ᠳ᠋ᠦ᠍ᠭᠡᠷ ᠰᠠᠷ᠎ᠠ᠎ᠳᠤ ᠰᠤᠷᠤᠯᠭ᠎ᠠ ᠡᠬᠢᠯᠡᠬᠦ᠎ᠳᠤ ᠪᠦᠷᠢᠳᠬᠡᠭᠰᠡᠨᠢ ᠦᠨᠳᠦᠰᠦᠯᠡᠪᠡᠯ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠡᠷᠢᠶᠡᠨ ᠬᠤᠲᠠ᠎ᠳᠠᠬᠢ ᠣᠯᠠᠨ ᠤᠯᠤᠰ᠎ᠤᠨ ᠳᠡᠭᠡᠳᠦ ᠰᠤᠷᠭ᠋ᠠᠭᠤᠯᠢ᠂ ᠡᠯ᠎ᠡ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠲᠤ ᠰᠤᠷᠤᠯᠴᠠᠵᠤ ᠪᠠᠶ᠋ᠢᠭ᠎ᠠ ᠭᠠᠳᠠᠭ᠋ᠠᠳᠤ ᠵᠢᠨ ᠰᠤᠷᠤᠭᠴᠢ 821 (ᠮᠣᠩᠭᠣᠯ ᠤᠯᠤᠰ᠎ᠤᠨ 778᠂ ᠣᠷᠣᠰ᠎ᠤᠨ 36᠂ ᠨᠸᠫᠡᠯᠤᠨ 7 ᠬᠥᠮᠦᠨ) ᠪᠠᠢ᠌ᠬᠤ ᠪᠠ ᠭᠠᠳᠠᠭ᠋ᠠᠳᠤ ᠬᠠᠷᠢᠶ᠎ᠠ᠎ᠲᠠᠢ ᠪᠠᠭᠰᠢ ᠠᠵᠢᠯᠲᠠᠨ 25 ᠬᠥᠮᠦᠨ ᠪᠠᠢ᠌ᠨ᠎ᠠ᠃ ᠡᠭᠦᠨ᠎ᠠᠴᠠ ᠭᠠᠳᠠᠨ᠎ᠠ᠂ ᠡᠷᠢᠶᠡᠨ ᠬᠣᠲᠠ᠎ᠳᠠᠬᠢ ᠣᠯᠠᠨ ᠤᠯᠤᠰ᠎ᠤᠨ ᠳᠡᠭᠡᠳᠦ ᠰᠤᠷᠭ᠋ᠠᠭᠤᠯᠢ 2012 ᠣᠨ᠎ᠳᠤ ᠰᠤᠷᠭ᠋ᠠᠭᠤᠯᠢ ᠡᠷᠬᠢᠯᠡᠭᠰᠡᠨ᠎ᠠᠴᠠ ᠨᠠᠰᠢ᠂ ᠮᠣᠩᠭᠣᠯ ᠤᠯᠤᠰ᠎ᠤᠨ ᠤᠯᠤᠰ᠎ᠤᠨ ᠶᠡᠬᠡ ᠰᠤᠷᠭ᠋ᠠᠭᠤᠯᠢ᠂ ᠮᠣᠩᠭᠣᠯ ᠤᠯᠤᠰ᠎ᠤᠨ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠰᠤᠷᠭ᠋ᠠᠭᠤᠯᠢ ᠪᠣᠯᠤᠨ ᠣᠷᠣᠰ᠎ᠤᠨ ᠬᠣᠯᠪᠣᠭ᠋ᠠᠨ᠎ᠤ ᠪᠤᠷᠢᠶᠠᠳ ᠪᠦᠭᠦᠳᠡ ᠨᠠᠢ᠌ᠷᠠᠮᠳᠠᠬᠤ ᠤᠯᠤᠰ᠎ᠤᠨ ᠶᠡᠬᠡ ᠰᠤᠷᠭ᠋ᠠᠭᠤᠯᠢ᠎ᠲᠠᠢ 《2 + 2》 ᠬᠠᠮᠲᠤᠷᠠᠨ ᠰᠤᠷᠭ᠋ᠠᠭᠤᠯᠢ ᠡᠷᠬᠢᠯᠡᠬᠦ ᠵᠥᠪᠳᠡᠯᠴᠡᠭᠡᠷ ᠲᠣᠭᠲᠠᠵᠤ᠂ ᠨᠡᠶ᠋ᠢᠲᠡ 145 ᠳᠤᠮᠳᠠᠳᠤ ᠤᠯᠤᠰ᠎ᠤᠨ ᠤᠶᠤᠲᠠᠳ᠎ᠢ ᠮᠣᠩᠭᠣᠯ ᠣᠷᠣᠰ ᠤᠯᠤᠰ᠎ᠲᠤ ᠰᠣᠩᠭᠣᠨ ᠲᠣᠮᠢᠯᠠᠵᠤ ᠰᠤᠷᠤᠯᠴᠠᠭᠤᠯᠪᠠ᠃
ᠬᠥᠲᠥᠯᠥᠭᠴᠢ᠄
ᠡᠷᠢᠶᠡᠨ ᠬᠣᠲᠠ ᠭᠠᠳᠠᠭ᠋ᠠᠳᠤ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠶᠠᠮᠠᠷ ᠶᠠᠮᠠᠷ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠲᠣᠭᠲᠠᠭ᠋ᠠᠭᠰᠠᠨ ᠪᠣᠶ?
ᠠᠭᠤᠯᠠ᠄
ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠮᠣᠩᠭᠣᠯ ᠤᠯᠤᠰ ᠪᠠ ᠣᠷᠣᠰ ᠵᠡᠷᠭᠡ ᠭᠠᠳᠠᠭ᠋ᠠᠳᠤ ᠵᠢᠨ ᠰᠤᠷᠤᠭᠴᠢᠳ᠎ᠤᠨ ᠡᠷᠢᠶᠡᠨ ᠬᠣᠲᠠ᠎ᠳᠤ ᠢᠷᠡᠵᠦ ᠰᠤᠷᠤᠯᠴᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠭᠰᠡᠭᠡᠷ ᠢᠷᠡᠭᠰᠡᠨ ᠪᠦᠭᠡᠳ᠂ 2008 ᠣᠨ᠎ᠠᠴᠠ 2015 ᠣᠨ ᠪᠣᠯᠲᠠᠯ᠎ᠠ᠂ ᠮᠠᠨ᠎ᠤ ᠬᠣᠲᠠ ᠮᠣᠩᠭᠣᠯ ᠤᠯᠤᠰ᠎ᠤᠨ ᠰᠣᠷᠣᠭᠴᠢ ᠵᠢ ᠳᠡᠮᠵᠢᠬᠦ᠎ᠳᠤ ᠬᠡᠷᠡᠭᠯᠡᠭᠰᠡᠨ ᠡᠯ᠎ᠡ ᠵᠦᠢ᠍ᠯ᠎ᠤᠨ ᠪᠡᠯᠡ ᠮᠥᠩᠭᠥ ᠨᠡᠢ᠌ᠳᠡ 480 ᠲᠦᠮᠡᠨ ᠲᠥᠭᠥᠷᠢᠭ᠎ᠲᠤ ᠬᠦᠷᠴᠡᠶ᠃ 2015 ᠣᠨ᠎ᠤ 9 ᠳ᠋ᠦ᠍ᠭᠡᠷ ᠰᠠᠷ᠎ᠠ᠎ᠳᠤ ᠮᠠᠨ᠎ᠤ ᠬᠣᠲᠠ 《ᠮᠣᠩᠭᠣᠯ ᠤᠯᠤᠰ᠎ᠤᠨ ᠬᠠᠷᠢᠶ᠎ᠠ᠎ᠲᠠᠢ ᠰᠤᠷᠤᠭᠴᠢ ᠵᠢᠨ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠵᠢᠩᠬᠢᠨᠢ᠎ᠪᠠᠷ ᠨᠡᠶ᠋ᠢᠲᠡᠯᠡᠵᠦ᠂ ᠮᠣᠩᠭᠣᠯ ᠤᠯᠤᠰ᠎ᠤᠨ ᠬᠠᠷᠢᠶ᠎ᠠ᠎ᠲᠠᠢ ᠰᠤᠷᠤᠭᠴᠢ᠎ᠳᠤ ᠰᠦᠢ᠍ᠳᠬᠡᠯ ᠬᠤᠷᠢᠶᠠᠬᠤ ᠥᠭᠡᠢ ᠰᠤᠷᠭ᠋ᠠᠨ ᠬᠥᠮᠦᠵᠢᠭᠦᠯᠬᠦ ᠪᠠ ᠰᠢᠯᠢᠳᠡᠭ ᠰᠤᠷᠤᠭᠴᠢ᠎ᠳᠤ ᠱᠠᠩᠨᠠᠯ ᠣᠯᠭᠣᠬᠤ ᠲᠣᠭᠲᠠᠴᠠ ᠵᠢ ᠬᠡᠷᠡᠭᠵᠢᠭᠦᠯᠵᠦ᠂ ᠨᠡᠩ ᠣᠯᠠᠨ ᠮᠣᠩᠭᠣᠯ ᠤᠯᠤᠰ᠎ᠤᠨ ᠬᠠᠷᠢᠶ᠎ᠠ᠎ᠲᠠᠢ ᠰᠤᠷᠤᠭᠴᠢ ᠵᠢᠨ ᠮᠠᠨ᠎ᠤ ᠬᠣᠲᠠ᠎ᠳᠤ ᠢᠷᠡᠵᠦ ᠰᠤᠷᠤᠯᠴᠠᠬᠤ᠎ᠳᠤ ᠬᠠᠪᠰᠤᠷᠤᠯᠭ᠎ᠠ ᠦᠵᠡᠭᠦᠯᠪᠡ᠃
ᠲᠤᠰ 《ᠠᠷᠭ᠎ᠠ》᠎ᠳᠤ ᠭᠣᠣᠯᠳᠠᠭᠤ ᠬᠡᠰᠡᠭ ᠲᠣᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠪᠣᠯᠣᠨ ᠪᠦᠷᠢᠨ ᠲᠣᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠭᠡᠵᠦ ᠬᠣᠶᠠᠷ ᠬᠡᠰᠡᠭ ᠪᠣᠯᠭ᠋ᠠᠨ ᠬᠤᠪᠢᠶᠠᠵᠠᠢ᠂ ᠡᠭᠦᠨ᠎ᠳᠤ ᠬᠡᠰᠡᠭ ᠲᠣᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠭᠡᠳᠡᠭ᠎ᠨᠢ ᠰᠤᠷᠤᠯᠭ᠎ᠠ ᠵᠢᠨ ᠰᠦᠢ᠍ᠳᠬᠡᠯ᠂ ᠠᠷᠰᠠᠷ ᠰᠦᠢ᠍ᠳᠬᠡᠯ ᠪᠣᠯᠣᠨ ᠬᠣᠨᠣᠭ᠎ᠤᠨ ᠰᠦᠢ᠍ᠳᠬᠡᠯ᠎ᠢ ᠬᠡᠯᠲᠦᠷᠢᠭᠦᠯᠵᠦ᠂ ᠬᠥᠮᠥᠨ ᠨᠢᠭᠡᠪᠦᠷᠢ ᠳᠤᠮᠳᠠᠴᠢ᠎ᠪᠠᠷ ᠵᠢᠯ ᠪᠦᠷᠢ᠎ᠳᠤ 6000 ᠲᠥᠭᠥᠷᠢᠭ ᠣᠯᠭᠣᠬᠤ ᠵᠢ ᠵᠢᠭ᠋ᠠᠵᠤ ᠪᠠᠢ᠌ᠨ᠎ᠠ; ᠪᠦᠷᠢᠨ ᠲᠣᠭ᠋ᠠᠨ᠎ᠤ ᠰᠤᠷᠤᠯᠭ᠎ᠠ ᠵᠢᠨ ᠱᠠᠩᠨᠠᠯ ᠭᠡᠳᠡᠭ᠎ᠨᠢ ᠬᠡᠰᠡᠭ ᠲᠣᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠰᠠᠭᠤᠷᠢᠨ ᠳᠡᠭᠡᠷ᠎ᠡ᠂ ᠬᠣᠭᠣᠯᠠᠨ᠎ᠤ ᠵᠠᠷᠤᠳᠠᠯ᠎ᠢ ᠬᠡᠯᠲᠦᠷᠢᠭᠦᠯᠦᠭᠡᠳ ᠠᠮᠢᠳᠤᠷᠠᠯ᠎ᠤᠨ ᠰᠦᠢ᠍ᠳᠬᠡᠯ ᠨᠥᠬᠥᠪᠦᠷᠢᠯᠡᠵᠦ᠂ ᠬᠥᠮᠥᠨ ᠨᠢᠭᠡᠪᠦᠷᠢ ᠳᠤᠮᠳᠠᠴᠢ᠎ᠪᠠᠷ ᠵᠢᠯ ᠪᠦᠷᠢ᠎ᠳᠤ 13500 ᠲᠥᠭᠥᠷᠢᠭ ᠣᠯᠭᠣᠬᠤ ᠵᠢ ᠵᠢᠭ᠋ᠠᠵᠤ ᠪᠠᠢ᠌ᠨ᠎ᠠ᠃ 2016 ᠣᠨ᠎ᠤ 5 ᠳ᠋ᠤᠭ᠋ᠠᠷ ᠰᠠᠷ᠎ᠠ᠎ᠳᠤ᠂ ᠮᠠᠨ᠎ᠤ ᠬᠣᠲᠠ ᠮᠣᠩᠭᠣᠯ ᠤᠯᠤᠰ᠎ᠤᠨ 433 ᠰᠤᠷᠤᠭᠴᠢᠳ᠎ᠲᠤ ᠬᠡᠰᠡᠭ ᠲᠣᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠪᠣᠯᠣᠨ ᠪᠦᠷᠢᠨ ᠲᠣᠭ᠋ᠠᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠨᠡᠶ᠋ᠢᠲᠡ 300 ᠭᠠᠷᠤᠶ ᠲᠦᠮᠡᠨ ᠲᠥᠭᠥᠷᠢᠭ ᠣᠯᠭᠣᠵᠠᠢ᠃ ᠲᠤᠰ ᠲᠡᠳᠬᠦᠨ ᠳᠡᠮᠵᠢᠬᠦ ᠳᠦᠷᠦ ᠵᠢᠨ ᠪᠤᠳᠤᠯᠭ᠎ᠠ ᠵᠢᠨ ᠨᠥᠯᠥᠭᠡ᠎ᠪᠠᠷ᠂ 2016 ᠣᠨ᠎ᠤ ᠨᠠᠮᠤᠷ᠎ᠤᠨ ᠤᠯᠠᠷᠢᠯ᠎ᠳᠤ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ᠂ ᠮᠠᠨ᠎ᠤ ᠬᠣᠲᠠ᠎ᠳᠤ ᠢᠷᠡᠵᠦ ᠰᠤᠷᠤᠯᠴᠠᠵᠤ ᠪᠠᠶ᠋ᠢᠭ᠎ᠠ ᠮᠣᠩᠭᠣᠯ ᠤᠯᠤᠰ᠎ᠤᠨ ᠰᠤᠷᠤᠭᠴᠢ 778 ᠨᠡᠷᠡᠰ᠎ᠲᠤ ᠬᠦᠷᠴᠦ᠂ ᠵᠢᠯ᠎ᠤᠨ ᠡᠴᠦᠰ᠎ᠲᠤ ᠨᠡᠢ᠌ᠲᠡ 600 ᠭᠠᠷᠤᠶ ᠲᠦᠮᠡᠨ ᠲᠥᠭᠥᠷᠢᠭ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠣᠯᠭᠣᠵᠤ᠂ ᠣᠳᠣ ᠪᠣᠯᠲᠠᠯ᠎ᠠ ᠮᠠᠨ᠎ᠤ ᠬᠣᠲᠠ ᠮᠣᠩᠭᠣᠯ ᠤᠯᠤᠰ᠎ᠤᠨ ᠰᠤᠷᠤᠭᠴᠢᠳ᠎ᠢ ᠳᠡᠳᠭᠦᠭᠰᠡᠨ ᠡᠯ᠎ᠡ ᠲᠥᠷᠥᠯ᠎ᠤᠨ ᠪᠡᠯᠡ ᠮᠥᠩᠭᠥ ᠨᠡᠢ᠌ᠲᠡ 1000 ᠭᠠᠷᠤᠶ ᠲᠦᠮᠡᠨ ᠲᠥᠭᠥᠷᠢᠭ ᠬᠦᠷᠪᠡ᠂ ᠡᠭᠦᠨ᠎ᠳᠤ ᠳᠡᠭᠡᠳᠦ ᠱᠠᠲᠤᠨ᠎ᠠᠴᠠ 280 ᠲᠦᠮᠡᠨ ᠲᠥᠭᠥᠷᠢᠭ᠎ᠤᠨ ᠲᠤᠰᠠᠯᠠᠮᠵᠢ ᠵᠢᠨ ᠪᠡᠯᠡ ᠮᠥᠩᠭᠥ ᠣᠯᠵᠤ᠂ ᠪᠤᠰᠤᠳ ᠪᠡᠯᠡ ᠮᠥᠩᠭᠥ ᠵᠢ ᠴᠥᠮ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠲᠣᠬᠢᠷᠠᠭᠤᠯᠤᠭᠰᠠᠨ ᠪᠠᠶ᠋ᠢᠨ᠎ᠠ᠃ ᠵᠢᠱ᠌ᠢᠯᠲᠡ᠎ᠪᠠᠷ ᠡᠨᠡ ᠵᠢᠯ ᠮᠠᠨ᠎ᠤ ᠬᠣᠲᠠ ᠵᠢᠨ ᠬᠦᠯᠢᠶᠡᠨ ᠠᠪᠬᠤ ᠮᠣᠩᠭᠣᠯ ᠤᠯᠤᠰ᠎ᠤᠨ ᠰᠤᠷᠤᠭᠴᠢᠳ᠎ᠤᠨ ᠲᠣᠭ᠎ᠠ ᠮᠢᠩᠭ᠋ᠠᠨ ᠬᠥᠮᠦᠨ᠎ᠢ ᠳᠠᠪᠠᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ᠎ᠤᠨ ᠮᠣᠩᠭᠣᠯ ᠤᠯᠤᠰ᠎ᠤᠨ ᠰᠤᠷᠤᠭᠴᠢᠳ᠎ᠢ ᠬᠦᠯᠢᠶᠡᠨ ᠠᠪᠬᠤ ᠴᠢᠬᠤᠯᠠ ᠰᠠᠭᠤᠷᠢᠨ ᠭᠠᠵᠠᠷ ᠪᠣᠯᠭ᠋ᠠᠬᠤ ᠪᠣᠯᠤᠨ᠎ᠠ᠃
ᠬᠥᠲᠥᠯᠥᠭᠴᠢ᠄
ᠡᠷᠢᠶᠡᠨ ᠬᠣᠲᠠ᠎ᠨᠢ ᠭᠠᠳᠠᠭ᠋ᠠᠳᠤ ᠵᠢᠨ ᠰᠤᠷᠤᠭᠴᠢᠳ᠎ᠢ ᠬᠥᠮᠦᠵᠢᠭᠦᠯᠬᠦ ᠪᠠ ᠬᠠᠮᠢᠶᠠᠷᠬᠤ ᠲᠠᠯ᠎ᠠ᠎ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ?
ᠠᠭᠤᠯᠠ᠄
ᠭᠠᠳᠠᠭ᠋ᠠᠳᠤ ᠤᠯᠤᠰ᠎ᠤᠨ ᠰᠤᠷᠤᠭᠴᠢ ᠵᠢ ᠬᠥᠮᠦᠵᠢᠭᠦᠯᠬᠦ ᠪᠠ ᠬᠠᠮᠢᠶᠠᠷᠬᠤ᠎ᠳᠤ ᠳᠦᠭᠦᠮ ᠦᠵᠡᠭᠦᠯᠬᠦ ᠵᠢᠨ ᠲᠥᠯᠥᠭᠡ᠂ ᠬᠤᠳᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠲᠣᠪᠴᠢᠶ᠎ᠠ ᠲᠤᠰᠬᠠᠢ᠌ᠯᠠᠨ ᠭᠠᠳᠠᠭ᠋ᠠᠳᠤ ᠵᠢᠨ ᠰᠤᠷᠤᠭᠴᠢᠳ᠎ᠢ ᠬᠠᠮᠢᠶᠠᠷᠬᠤ ᠰᠠᠯᠠᠭ᠎ᠠ ᠪᠠᠶ᠋ᠢᠭᠤᠯᠵᠤ᠂ ᠬᠤᠳᠡ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ᠂ ᠮᠣᠩᠭᠣᠯ ᠦᠨᠳᠦᠰᠦᠲᠡᠨ᠎ᠤ ᠰᠤᠷᠭ᠋ᠠᠭᠤᠯᠢ᠂ ᠡᠷᠢᠶᠡᠨ ᠬᠣᠲᠠ᠎ᠳᠠᠬᠢ ᠣᠯᠠᠨ ᠤᠯᠤᠰ᠎ᠤᠨ ᠳᠡᠭᠡᠳᠦ ᠰᠤᠷᠭ᠋ᠠᠭᠤᠯᠢ᠎ᠳᠤ ᠭᠠᠳᠠᠭ᠋ᠠᠳᠤ ᠰᠤᠷᠤᠭᠴᠢ ᠵᠢᠨ ᠬᠡᠯᠲᠡᠰ ᠪᠠᠢ᠌ᠭᠤᠯᠵᠠᠢ᠂ ᠣᠳᠣᠬᠠᠨ᠎ᠳᠤ ᠭᠠᠳᠠᠭ᠋ᠠᠳᠤ ᠵᠢᠨ ᠰᠤᠷᠤᠭᠴᠢᠳ᠎ᠤᠨ ᠲᠤᠰᠬᠠᠶ ᠲᠤᠰᠢᠶᠠᠯᠲᠤ ᠪᠠᠭᠰᠢ 200 ᠭᠠᠷᠤᠶ ᠬᠥᠮᠦᠨ ᠪᠠᠢ᠌ᠬᠤ ᠮᠥᠷᠲᠡᠭᠡᠨ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ᠂ ᠬᠣᠨᠣᠭᠯᠠᠬᠤ ᠪᠠ ᠬᠣᠭᠣᠯᠠᠯᠠᠬᠤ ᠭᠠᠵᠠᠷ ᠲᠣᠬᠢᠷᠠᠭᠤᠯᠤᠨ᠂ ᠭᠠᠳᠠᠭ᠋ᠠᠳᠤ ᠵᠢᠨ ᠰᠤᠷᠤᠭᠴᠢᠳ᠎ᠤᠨ ᠵᠢᠭ᠋ᠠᠨ ᠰᠤᠷᠭ᠋ᠠᠯᠲᠠ ᠵᠢ ᠰᠤᠳᠤᠯᠬᠤ ᠪᠠ ᠬᠠᠮᠢᠶᠠᠷᠬᠤ ᠵᠢ ᠦᠨᠡᠨᠬᠦ ᠴᠢᠩᠭ᠋ᠠᠳᠬᠠᠵᠠᠢ᠃ ᠡᠭᠦᠨ᠎ᠤ ᠬᠠᠮᠲᠤ ᠡᠯ᠎ᠡ ᠰᠤᠷᠭ᠋ᠠᠭᠤᠯᠢ ᠵᠢᠨ ᠮᠣᠩᠭᠣᠯ ᠤᠯᠤᠰ᠎ᠤᠨ ᠰᠤᠷᠤᠭᠴᠢᠳ᠎ᠲᠤ ᠰᠡᠳᠬᠢᠴᠡ ᠵᠢᠨ ᠪᠠᠭᠰᠢ᠂ ᠠᠮᠢᠳᠤᠷᠠᠯ᠎ᠤᠨ ᠪᠠᠭᠰᠢ᠂ ᠵᠢᠭ᠋ᠠᠨ ᠰᠤᠷᠭ᠋ᠠᠯᠲᠠ ᠵᠢᠨ ᠬᠠᠪᠰᠤᠷᠤᠨ ᠵᠢᠯᠤᠭᠤᠳᠤᠭᠴᠢ ᠲᠣᠬᠢᠷᠠᠭᠤᠯᠤᠨ᠂ ᠮᠣᠩᠭᠣᠯ ᠤᠯᠤᠰ᠎ᠤᠨ ᠰᠤᠷᠤᠭᠴᠢᠳ᠎ᠢ ᠰᠡᠳᠬᠢᠴᠡ ᠵᠢᠨ ᠲᠠᠯ᠎ᠠ᠎ᠪᠠᠷ ᠬᠦᠲᠦᠯᠦᠨ ᠵᠢᠯᠣᠭᠤᠳᠬᠤ᠂ ᠠᠮᠢᠳᠤᠷᠠᠯ᠎ᠤᠨ ᠲᠠᠯ᠎ᠠ᠎ᠪᠠᠷ ᠬᠠᠷᠠᠭ᠋ᠠᠯᠵᠠᠬᠤ ᠪᠠ ᠰᠤᠷᠤᠯᠴᠠᠯᠭ᠎ᠠ ᠵᠢᠨ ᠲᠠᠯ᠎ᠠ᠎ᠪᠠᠷ ᠬᠠᠪᠰᠤᠷᠴᠤ ᠪᠠᠢ᠌ᠨ᠎ᠠ᠃ ᠲᠡᠭᠡᠬᠦ ᠮᠥᠷᠲᠡᠭᠡᠨ ᠮᠣᠩᠭᠣᠯ ᠤᠯᠤᠰ᠎ᠤᠨ ᠰᠤᠷᠤᠭᠴᠢᠳ᠎ᠤᠨ ᠬᠢᠲᠠᠳ ᠬᠡᠯᠡᠨ᠎ᠤ ᠰᠠᠭᠤᠷᠢ ᠬᠢᠷᠢ ᠲᠥᠪᠰᠢᠨ ᠠᠳᠠᠯᠢ ᠪᠤᠰᠤ ᠪᠠᠢ᠌ᠬᠤ ᠵᠢ ᠦᠨᠳᠦᠰᠦᠯᠡᠨ᠂ ᠠᠳᠠᠯᠢ ᠪᠤᠰᠤ ᠲᠡᠰ ᠳᠠᠪᠬᠤᠷᠭ᠎ᠠ ᠵᠢᠨ ᠠᠨᠭ᠌ᠬᠢ ᠭᠠᠷᠭ᠋ᠠᠵᠤ᠂ ᠠᠳᠠᠯᠢ ᠪᠤᠰᠤ ᠵᠢᠭ᠋ᠠᠨ ᠰᠤᠷᠭ᠋ᠠᠬᠤ ᠲᠥᠰᠦᠯ ᠲᠣᠭᠲᠠᠭ᠋ᠠᠵᠤ᠂ ᠬᠢᠲᠠᠳ ᠬᠡᠯᠡᠨ᠎ᠤ ᠵᠢᠭ᠋ᠠᠨ ᠰᠤᠷᠭ᠋ᠠᠯᠲᠠ ᠵᠢᠨ ᠬᠠᠨᠳᠤᠯᠭ᠋ᠠᠲᠤ ᠴᠢᠨᠠᠷ᠎ᠢ ᠴᠢᠷᠮᠠᠶ᠋ᠢᠨ ᠳᠡᠭᠡᠭᠰᠢᠯᠡᠭᠦᠯᠪᠡ᠃ ᠳᠤᠮᠳᠠᠳᠤ ᠤᠯᠤᠰ᠎ᠤᠨ ᠤᠤᠷ ᠰᠣᠶᠣᠯ᠎ᠢ ᠬᠢᠴᠢᠶᠡᠯ᠎ᠤᠨ ᠲᠠᠩᠬᠢᠮ᠎ᠳᠤ ᠣᠷᠣᠭᠤᠯᠬᠤ ᠠᠵᠢᠯᠯᠠᠭ᠎ᠠ ᠵᠢ ᠢᠳᠡᠪᠬᠢᠲᠡᠢ ᠦᠷᠨᠢᠭᠦᠯᠦᠭᠰᠡᠨᠤ ᠬᠠᠮᠲᠤ ᠮᠣᠩᠭᠣᠯ ᠤᠯᠤᠰ᠎ᠤᠨ ᠰᠤᠷᠤᠭᠴᠢᠳ᠎ᠢ ᠵᠣᠬᠢᠶᠠᠨ ᠪᠠᠶ᠋ᠢᠭᠤᠯᠵᠤ ᠳᠤᠮᠳᠠᠳᠤ ᠤᠯᠤᠰ᠎ᠢ ᠣᠢ᠌ᠯᠠᠭ᠋ᠠᠨ ᠮᠡᠳᠡᠵᠦ᠂ ᠥᠪᠥᠷ ᠮᠣᠩᠭᠣᠯ᠎ᠳᠤ ᠪᠤᠯᠵᠤᠨ ᠠᠭᠤᠯᠵᠠᠬᠤ ᠭᠠᠳᠠᠭ᠋ᠠᠳᠤ ᠵᠢᠨ ᠴᠢᠳᠠᠪᠤᠷᠢᠨᠤ ᠤᠷ᠎ᠠ ᠠᠪᠢᠶᠠᠰ᠎ᠤᠨ ᠤᠷᠤᠯᠳᠤᠭ᠋ᠠᠨ᠂ ᠰᠢᠯᠢ ᠵᠢᠨ ᠭᠣᠣᠯ ᠠᠶ᠋ᠢᠮᠠᠭ᠎ᠤᠨ ᠤᠷᠠᠯᠢᠭ᠎ᠤᠨ ᠨᠠᠶ᠋ᠢᠷ ᠵᠡᠷᠭᠡ ᠪᠦᠬᠦ ᠣᠷᠣᠨ᠎ᠤ ᠪᠥᠬᠥ ᠠᠶ᠋ᠢᠮᠠᠭ᠎ᠤᠨ ᠰᠣᠶᠣᠯ᠎ᠤᠨ ᠠᠵᠢᠯᠯᠠᠭ᠎ᠠ᠎ᠳᠤ ᠣᠷᠣᠯᠴᠠᠭᠤᠯᠵᠤ᠂ ᠮᠣᠩᠭᠣᠯ ᠤᠯᠤᠰ᠎ᠤᠨ ᠰᠤᠷᠤᠭᠴᠢᠳ᠎ᠤᠨ ᠳᠤᠮᠳᠠ ᠤᠷᠠᠨ ᠪᠢᠴᠢᠯᠭᠡ᠂ ᠶᠠᠲᠤᠭ᠎ᠠ᠂ ᠠᠷᠠᠳ᠎ᠤᠨ ᠴᠠᠭ᠋ᠠᠰᠤᠨ ᠬᠠᠢ᠌ᠴᠢᠮᠡᠯ ᠵᠡᠷᠭᠡ ᠳᠤᠷ᠎ᠠ ᠰᠣᠨᠢᠷᠬᠠᠯ᠎ᠤᠨ ᠳᠤᠭᠤᠢ᠌ᠯᠠᠩ ᠪᠠᠢ᠌ᠭᠤᠯᠵᠤ᠂ ᠰᠤᠷᠭ᠋ᠠᠭᠤᠯᠢ ᠵᠢᠨ ᠬᠦᠷᠢᠶᠡᠨ᠎ᠳᠤ ᠮᠣᠩᠭᠣᠯ ᠤᠯᠤᠰ᠎ᠤᠨ ᠰᠤᠷᠤᠭᠴᠢᠳ᠎ᠤᠨ ᠬᠢᠲᠠᠳ ᠬᠡᠯᠡᠨ᠎ᠤ ᠰᠢᠯᠦᠭ ᠳᠠᠭᠤᠯᠠᠯ᠎ᠤᠨ ᠤᠷᠠᠨ ᠤᠩᠰᠢᠯᠭ᠎ᠠ ᠵᠡᠷᠭᠡ ᠰᠣᠶᠣᠯ᠎ᠤᠨ ᠤᠷᠤᠯᠳᠤᠭ᠋ᠠᠨ᠎ᠢ ᠥᠷᠭᠦᠯᠵᠢ ᠦᠷᠨᠢᠭᠦᠯᠦᠨ᠂ ᠨᠠᠭ᠋ᠠᠳᠤᠮ ᠲᠣᠭᠯᠠᠭ᠋ᠠᠮ ᠵᠶ᠋ᠠᠷ ᠬᠥᠮᠦᠵᠢᠯ ᠬᠦᠷᠲᠡᠭᠡᠬᠦ ᠠᠷᠭ᠎ᠠ ᠮᠠᠶᠢᠭ᠎ᠢ ᠠᠪᠴᠤ᠂ ᠮᠣᠩᠭᠣᠯ ᠤᠯᠤᠰ᠎ᠤᠨ ᠰᠤᠷᠤᠭᠴᠢᠳ᠎ᠤᠨ ᠬᠢᠲᠠᠳ ᠬᠡᠯᠡ ᠰᠤᠷᠬᠤ ᠤᠷᠮ᠎ᠠ ᠪᠠᠬ᠎ᠠ ᠵᠢ᠎ᠨᠢ ᠬᠥᠭᠵᠢᠭᠡᠵᠦ᠂ ᠲᠡᠳᠡᠨᠡᠷ᠎ᠲᠤ ᠳᠤᠮᠳᠠᠳᠤ ᠵᠢᠨ ᠰᠣᠶᠣᠯ᠎ᠤᠨ ᠦᠨᠢᠷ ᠪᠠᠶᠠᠯᠢᠭ᠎ᠢ ᠪᠡᠶᠡᠴᠢᠯᠡᠨ ᠣᠢ᠌ᠯᠠᠭ᠋ᠠᠭᠤᠯᠪᠠ᠃ ᠣᠶ᠋ᠢᠷ᠎ᠠ ᠵᠢᠨ ᠵᠢᠯ᠎ᠳᠤ᠂ ᠮᠠᠨ᠎ᠤ ᠬᠣᠲᠠ ᠵᠢᠨ ᠬᠦᠮᠦᠵᠢᠭᠦᠯᠦᠭᠰᠡᠨ ᠮᠣᠩᠭᠣᠯ ᠤᠯᠤᠰ᠎ᠤᠨ ᠣᠯᠠᠩᠬᠢ ᠰᠤᠷᠤᠭᠴᠢᠳ᠎ᠤᠨ ᠬᠢᠲᠠᠳ ᠬᠡᠯᠡᠨ᠎ᠤ ᠬᠢᠷᠢ ᠲᠥᠪᠰᠢᠨ᠎ᠨᠢ ᠤᠯᠤᠰ᠎ᠤᠨ ᠬᠢᠲᠠᠳ ᠬᠡᠯᠡᠨ᠎ᠤ ᠰᠣᠷᠢᠯᠲᠠ ᠵᠢᠨ 5 ᠳᠡᠰ᠎ᠠᠴᠠ ᠳᠡᠭᠡᠭᠰᠢᠬᠢ ᠪᠠᠷᠢᠮᠵᠢᠶ᠎ᠠ᠎ᠳᠤ ᠬᠦᠷᠦᠭᠰᠡᠨ ᠪᠠᠢ᠌ᠨ᠎ᠠ᠃ 2015 ᠣᠨ᠎ᠳᠤ᠂ ᠪᠦᠬᠦ ᠤᠯᠤᠰ᠎ᠤᠨ ᠬᠢᠲᠠᠳ ᠬᠡᠯᠡᠨ᠎ᠤ ᠰᠢᠯᠭ᠋ᠠᠯᠲᠠ᠎ᠳᠤ᠂ ᠮᠠᠨ᠎ᠤ ᠬᠣᠲᠠ᠎ᠳᠤ ᠰᠤᠷᠤᠯᠴᠠᠵᠤ ᠪᠠᠶ᠋ᠢᠭ᠎ᠠ ᠰᠤᠷᠤᠭᠴᠢᠳ ᠪᠦᠬᠦ ᠣᠷᠣᠨ᠎ᠤ ᠠᠳᠠᠯᠢ ᠤᠯᠤᠰ᠎ᠤᠨ ᠬᠠᠷᠢᠶ᠎ᠠ᠎ᠲᠠᠢ ᠰᠢᠯᠭ᠋ᠠᠭᠤᠯᠤᠭᠴᠢᠳᠤᠨ ᠲᠤᠲᠤᠷ᠎ᠠ ᠬᠠᠮᠤᠭ᠎ᠤᠨ ᠥᠨᠳᠥᠷ ᠬᠤᠪᠢ ᠪᠠ ᠳᠤᠮᠳᠠᠴᠢ ᠬᠤᠪᠢ᠎ᠪᠠᠷ ᠲᠦᠷᠦᠭᠦᠯᠡᠭᠰᠡᠨ ᠰᠠᠢ᠌ᠨ ᠬᠢᠷᠢ ᠪᠦᠲᠦᠮᠵᠢ ᠤᠯᠪᠠ᠃
ᠬᠥᠲᠥᠯᠥᠭᠴᠢ᠄
ᠡᠷᠢᠶᠡᠨ ᠬᠣᠲᠠ᠎ᠳᠤ ᠰᠤᠷᠤᠯᠴᠠᠵᠤ ᠪᠠᠶ᠋ᠢᠭ᠎ᠠ ᠮᠤᠩᠭᠤᠯ ᠤᠯᠤᠰ᠎ᠤᠨ ᠰᠤᠷᠤᠭᠴᠢᠳ ᠰᠤᠷᠭ᠋ᠠᠭᠤᠯᠢ᠎ᠪᠠᠨ ᠲᠡᠭᠦᠰᠦᠭᠰᠡᠨ᠎ᠤ ᠳᠠᠷᠠᠭ᠎ᠠ ᠬᠤᠶᠠᠷ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠎ᠳᠤ ᠶᠠᠮᠠᠷ ᠦᠢ᠍ᠯᠡᠳᠦᠯ ᠦᠵᠡᠭᠦᠯᠬᠦ ᠪᠤᠢ?
ᠠᠭᠤᠯᠠ᠄
ᠮᠠᠨ᠎ᠤ ᠬᠤᠲᠠ ᠵᠢᠨ ᠰᠤᠷᠭ᠋ᠠᠭᠤᠯᠢ᠎ᠠᠴᠠ ᠲᠡᠭᠦᠰᠦᠭᠰᠡᠨ ᠮᠣᠩᠭᠣᠯ ᠤᠯᠤᠰ᠎ᠤᠨ ᠰᠤᠷᠤᠭᠴᠢ ᠪᠦᠬᠦᠨ᠎ᠳᠤ᠂ ᠰᠤᠷᠭ᠋ᠠᠭᠤᠯᠢ᠎ᠠᠴᠠ ᠪᠦᠷ ᠠᠵᠢᠯ ᠰᠤᠩᠭᠤᠨ ᠵᠢᠯᠤᠭᠤᠳᠬᠤ᠂ ᠰᠤᠷᠭ᠋ᠠᠭᠤᠯᠢ ᠰᠤᠩᠭᠤᠨ ᠵᠢᠯᠤᠭᠤᠳᠬᠤ ᠵᠡᠷᠭᠡ ᠮᠦᠷᠳᠡᠯ ᠦᠢ᠍ᠯᠡᠴᠢᠯᠡᠭᠡ ᠬᠠᠩᠭ᠋ᠠᠬᠤ ᠪᠦᠭᠡᠳ ᠲᠡᠳᠡᠨ᠎ᠲᠠᠢ ᠦᠷᠭᠦᠯᠵᠢ ᠬᠠᠷᠢᠯᠴᠠᠵᠤ᠂ ᠲᠡᠳᠡᠨ᠎ᠤ ᠰᠤᠷᠤᠯᠭ᠎ᠠ᠂ ᠠᠵᠢᠯ ᠪᠠ ᠠᠮᠢᠳᠤᠷᠠᠯ᠎ᠢ᠎ᠨᠢ ᠬᠠᠯᠠᠮᠵᠢᠯᠠᠨ᠎ᠠ᠃ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ ᠵᠢᠨ ᠵᠢᠯ᠎ᠳᠤ ᠮᠠᠨ᠎ᠤ ᠬᠤᠲᠠ ᠵᠢᠨ ᠰᠤᠷᠭ᠋ᠠᠭᠤᠯᠢ᠎ᠠᠴᠠ ᠰᠤᠷᠭ᠋ᠠᠭᠤᠯᠢ ᠲᠡᠭᠦᠰᠦᠭᠰᠡᠨ ᠮᠣᠩᠭᠣᠯ ᠤᠯᠤᠰ᠎ᠤᠨ ᠰᠤᠷᠤᠭᠴᠢᠳ᠎ᠤᠨ ᠵᠠᠷᠢᠮ᠎ᠨᠢ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠡᠷᠭᠡ ᠮᠠᠨ᠎ᠤ ᠤᠯᠤᠰ᠎ᠤᠨ ᠶᠡᠬᠡ ᠳᠡᠭᠡᠳᠦ ᠰᠤᠷᠭ᠋ᠠᠭᠤᠯᠢ᠎ᠳᠤ ᠦᠷᠭᠦᠯᠵᠢᠯᠡᠨ ᠰᠤᠳᠤᠯᠤᠨ ᠰᠤᠷᠤᠯᠴᠠᠵᠤ᠂ ᠵᠠᠷᠢᠮ᠎ᠨᠢ ᠮᠣᠩᠭᠣᠯ ᠤᠯᠤᠰ᠎ᠤᠨ ᠵᠠᠰᠠᠭ᠎ᠤᠨ ᠭᠠᠵᠠᠷ᠎ᠤᠨ ᠪᠠᠶ᠋ᠢᠭᠤᠯᠤᠮᠵᠢ᠂ ᠰᠤᠷᠭ᠋ᠠᠭᠤᠯᠢ ᠡᠮᠨᠡᠯᠭᠡ ᠵᠢᠨ ᠬᠣᠷᠢᠶ᠎ᠠ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠠᠵᠢᠯᠯᠠᠵᠤ᠂ ᠵᠠᠷᠢᠮ᠎ᠨᠢ ᠳᠤᠮᠳᠠᠳᠤ ᠮᠣᠩᠭᠣᠯ᠎ᠤᠨ ᠠᠷᠠᠯᠵᠢᠶ᠎ᠠ ᠬᠢᠵᠦ᠂ ᠵᠠᠷᠢᠮ᠎ᠨᠢ ᠣᠷᠴᠢᠭᠤᠯᠤᠭᠴᠢ ᠪᠤᠯᠵᠠᠢ᠃ ᠮᠣᠩᠭᠣᠯ ᠤᠯᠤᠰ᠎ᠤᠨ ᠡᠳᠡᠭᠡᠷ ᠰᠤᠷᠤᠭᠴᠢᠳ ᠶᠠᠮᠠᠷ ᠠᠵᠢᠯ ᠬᠢᠭᠰᠡᠨ ᠴᠤ᠌ ᠪᠦᠷ ᠡᠷᠢᠶᠡᠨ ᠬᠤᠲᠠ᠂ ᠥᠪᠥᠷ ᠮᠣᠩᠭᠣᠯ᠎ᠳᠤ ᠲᠤᠶ᠋ᠢᠯ᠎ᠤᠨ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ ᠪᠠᠶ᠋ᠢᠵᠤ᠂ ᠪᠦᠷ ᠳᠤᠮᠳᠠᠳᠤ ᠤᠯᠤᠰ᠎ᠤᠨ ᠥᠯᠢᠭᠡᠷ᠎ᠢ ᠶᠠᠷᠢᠭᠴᠢ᠂ ᠳᠤᠮᠳᠠᠳᠤ ᠤᠯᠤᠰ᠎ᠤᠨ ᠲᠠᠭᠤᠨ᠎ᠢ ᠤᠯᠠᠮᠵᠢᠯᠠᠭᠴᠢ᠂ ᠳᠤᠮᠳᠠᠳᠤ ᠮᠣᠩᠭᠣᠯ᠎ᠤᠨ ᠨᠦᠬᠦᠷᠰᠡᠭᠢ ᠦᠢ᠍ᠯᠡᠳᠦᠯᠭᠡᠵᠢᠭᠦᠯᠦᠭᠴᠢ ᠪᠣᠯᠤᠨ᠎ᠠ᠃ ᠬᠥᠲᠥᠯᠥᠭᠴᠢ᠄
ᠡᠷᠢᠶᠡᠨ ᠬᠤᠳᠡ ᠭᠠᠳᠠᠭ᠋ᠠᠳᠤ ᠬᠠᠷᠢᠯᠴᠠᠭ᠋ᠠᠨ᠎ᠤ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠬᠣᠶ᠋ᠢᠰᠢᠳᠠ ᠶᠠᠮᠠᠷ ᠴᠢᠭᠯᠡᠯ ᠵᠶ᠋ᠡᠷ ᠴᠢᠷᠮᠠᠢ᠌ᠬᠤ ᠪᠤᠢ?
ᠠᠭᠤᠯᠠ᠄
ᠰᠤᠷᠭ᠋ᠠᠨ ᠬᠥᠮᠦᠵᠢᠯ᠎ᠤᠨ ᠲᠠᠯ᠎ᠠ᠎ᠪᠠᠷ ᠬᠠᠮᠲᠤᠷᠠᠯᠴᠠᠬᠤ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠦᠷᠭᠡᠳᠬᠡᠨ᠎ᠡ᠃ ᠮᠣᠩᠭᠣᠯ ᠤᠷᠤᠰ ᠵᠡᠷᠭᠡ ᠭᠠᠵᠠᠷ ᠣᠷᠣᠨ᠎ᠯᠤᠭ᠎ᠠ ᠵᠢᠨ ᠬᠠᠷᠢᠴᠠᠭ᠎ᠠ ᠬᠤᠯᠪᠤᠭ᠎ᠠ᠎ᠪᠠᠨ ᠦᠷᠬᠦᠯᠵᠢᠯᠡᠨ ᠴᠢᠩᠭ᠋ᠠᠳᠬᠠᠬᠤ ᠵᠢᠨ ᠬᠠᠮᠲᠤ ᠮᠠᠨ᠎ᠤ ᠬᠣᠲᠠ ᠵᠢᠨ ᠰᠤᠷᠭ᠋ᠠᠭᠤᠯᠢ ᠵᠢᠨ ᠢᠳᠡᠪᠬᠢᠲᠡᠶ᠎ᠪᠠᠷ ᠭᠠᠳᠠᠭᠰᠢ ᠭᠠᠷᠴᠦ ᠮᠣᠩᠭᠣᠯ ᠤᠷᠤᠰ᠎ᠤᠨ ᠪᠤᠰᠤᠳ ᠮᠤᠵᠢ ᠬᠣᠲᠠ ᠵᠢᠨ ᠰᠤᠷᠭ᠋ᠠᠭᠤᠯᠢ᠎ᠯᠤᠭ᠎ᠠ ᠨᠦᠬᠦᠷᠯᠡᠬᠦ ᠵᠢ᠎ᠨᠢ ᠵᠤᠷᠢᠭᠵᠢᠭᠤᠯᠵᠤ᠂ ᠵᠢᠭ᠋ᠠᠨ ᠰᠤᠷᠭ᠋ᠠᠬᠤ ᠰᠤᠳᠤᠯᠭ᠋ᠠᠨ ᠬᠢᠬᠦ᠂ ᠪᠠᠭᠰᠢ ᠨᠠᠷ ᠬᠠᠷᠢᠯᠴᠠᠨ ᠢᠯᠡᠴᠢᠯᠡᠨ ᠰᠤᠷᠤᠯᠴᠠᠬᠤ᠂ ᠰᠤᠷᠤᠭᠴᠢᠳ᠎ᠢ ᠰᠤᠯᠢᠯᠴᠠᠨ ᠰᠤᠷᠤᠯᠴᠠᠭᠤᠯᠬᠤ ᠵᠡᠷᠭᠡ ᠬᠦᠷᠢᠶ᠎ᠡ ᠬᠡᠪᠴᠢᠶᠡᠨ᠎ᠳᠤ ᠬᠠᠮᠲᠤᠷᠠᠯᠴᠠᠬᠤ᠎ᠪᠠᠷ ᠴᠢᠷᠮᠠᠢ᠌ᠨ᠎ᠠ᠃ ᠡᠷᠢᠶᠡᠨ᠎ᠳᠠᠬᠢ ᠣᠯᠠᠨ ᠤᠯᠤᠰ᠎ᠤᠨ ᠳᠡᠭᠡᠳᠦ ᠰᠤᠷᠭ᠋ᠠᠭᠤᠯᠢ ᠮᠣᠩᠭᠣᠯ ᠤᠯᠤᠰ᠎ᠤᠨ ᠶᠡᠬᠡ ᠳᠡᠭᠡᠳᠦ ᠰᠤᠷᠭ᠋ᠠᠭᠤᠯᠢ᠎ᠲᠠᠢ ᠢᠳᠡᠪᠬᠢᠲᠡᠢ᠎ᠪᠠᠷ ᠬᠤᠷᠰᠢᠨ 《2 + 2》 ᠰᠤᠷᠭ᠋ᠠᠭᠤᠯᠢ ᠬᠠᠮᠲᠤᠷᠠᠨ ᠡᠷᠬᠢᠯᠡᠬᠦ᠂ 《3 + 1》 ᠬᠠᠮᠲᠤᠷᠠᠨ ᠬᠥᠮᠦᠵᠢᠭᠦᠯᠬᠦ᠂ ᠣᠬᠣᠷ ᠬᠤᠭᠤᠴᠠᠭ᠋ᠠᠲᠤ ᠰᠣᠯᠢᠯᠴᠠᠭ᠋ᠠᠨ᠎ᠤ ᠰᠤᠷᠭ᠋ᠠᠭᠤᠯᠢ ᠬᠠᠮᠲᠤᠷᠠᠨ ᠡᠷᠬᠢᠯᠡᠬᠦ᠎ᠳᠤᠨᠢ ᠳᠡᠮᠵᠢᠯᠭᠡ ᠦᠵᠡᠭᠦᠯᠵᠦ᠂ ᠰᠤᠳᠤᠯᠤᠨ ᠰᠣᠷᠣᠭᠴᠢ ᠵᠢᠨ ᠬᠤᠯᠪᠤᠭ᠋ᠠᠲᠤ ᠬᠦᠷᠢᠶᠡᠯᠡᠩ ᠪᠠᠢ᠌ᠭᠤᠯᠬᠤ ᠵᠢ ᠲᠦᠯᠬᠢᠨ ᠠᠬᠢᠭᠤᠯᠵᠤ᠂ ᠳᠤᠮᠳᠠᠳᠤ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠬᠤᠭᠤᠷᠤᠨᠳᠤ᠎ᠪᠠᠨ ᠰᠤᠷᠤᠯᠭ᠎ᠠ ᠵᠢᠨ ᠬᠤᠪᠢ ᠵᠢ ᠰᠢᠯᠵᠢᠭᠦᠯᠬᠦ ᠪᠠ ᠬᠠᠷᠢᠯᠴᠠᠨ ᠮᠡᠳᠡᠷᠡᠬᠦ ᠵᠢ ᠠᠬᠢᠭᠤᠯᠵᠤ᠂ ᠤᠯᠠᠨ ᠤᠯᠤᠰ᠎ᠤᠨ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠋ᠠᠨ᠎ᠤ ᠲᠠᠪᠴᠠᠩ᠎ᠢ ᠪᠠᠢ᠌ᠭᠤᠯᠤᠨ᠎ᠠ᠃ ᠤᠯᠠᠨ ᠤᠯᠤᠰ᠎ᠤᠨ ᠬᠡᠷᠡᠭᠯᠡᠭᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠᠢ᠌ᠭᠤᠯᠬᠤ ᠵᠢ ᠲᠦᠷᠭᠡᠳᠬᠡᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ ᠪᠠ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢᠨ ᠲᠤᠭᠤᠷᠢᠨ᠎ᠳᠤ ᠬᠠᠮᠢᠶ᠎ᠠ ᠪᠥᠬᠥᠶ ᠲᠤᠰᠬᠠᠶ ᠮᠡᠷᠭᠡᠵᠢᠯ᠎ᠲᠠᠢ ᠲᠤᠬᠢᠷᠠᠭᠤᠯᠵᠤ᠂ ᠮᠣᠩᠭᠣᠯ ᠤᠯᠤᠰ᠎ᠯᠤᠭ᠎ᠠ ᠬᠠᠮᠲᠤ᠎ᠪᠠᠷ ᠵᠦᠪᠳᠡᠯᠴᠡᠬᠦ᠂ ᠬᠠᠮᠲᠤ᠎ᠪᠠᠷ ᠪᠦᠲᠦᠭᠡᠬᠦ᠂ ᠬᠠᠮᠲᠤ᠎ᠪᠠᠷ ᠬᠦᠷᠲᠡᠬᠦ ᠣᠷᠣᠨ ᠪᠦᠰᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠢᠷᠢ ᠬᠡᠮ᠎ᠤᠨ ᠵᠡᠷᠭᠡ ᠳᠡᠰ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠳᠤᠮᠳᠠᠳᠤ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ᠎ᠳᠤ ᠱᠠᠭ᠋ᠠᠷᠳᠠᠭᠳᠠᠵᠤ ᠪᠠᠢ᠌ᠭ᠎ᠠ ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠠᠵᠢᠯ ᠮᠡᠷᠭᠡᠵᠢᠯ᠎ᠤᠨ ᠴᠢᠳᠠᠪᠤᠷᠢᠲᠠᠨ ᠬᠦᠮᠦᠵᠢᠭᠦᠯᠵᠦ ᠦᠭᠭᠦᠨ᠎ᠡ᠃
ᠬᠥᠲᠥᠯᠥᠭᠴᠢ᠄
ᠡᠷᠢᠶᠡᠨ ᠬᠣᠲᠠ ᠭᠠᠳᠠᠭ᠋ᠠᠳᠤ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠬᠦ ᠲᠠᠯ᠎ᠠ᠎ᠪᠠᠷ ᠶᠠᠮᠠᠷ ᠶᠠᠮᠠᠷ ᠠᠵᠢᠯ ᠬᠢᠬᠦ ᠪᠤᠢ?
ᠠᠭᠤᠯᠠ᠄
ᠨᠢᠭᠡ᠎ᠳᠤ ᠪᠡᠯᠡ ᠮᠥᠩᠭᠥ ᠵᠢᠨ ᠤᠷᠤᠭᠤᠯᠤᠯᠲᠠ ᠪᠤᠯᠤᠨ ᠲᠦᠷᠦᠯ ᠵᠦᠢ᠍ᠯ᠎ᠤᠨ ᠪᠦᠳᠦᠬᠡᠨ ᠪᠠᠶ᠋ᠢᠭᠤᠯᠤᠯᠲᠠ ᠵᠢᠨ ᠡᠷᠴᠢᠮ᠎ᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠮᠠᠨ᠎ᠤ ᠬᠣᠲᠠ᠎ᠳᠤ ᠮᠣᠩᠭᠣᠯ ᠤᠯᠤᠰ᠎ᠤᠨ ᠰᠤᠷᠤᠭᠴᠢᠳ᠎ᠢ ᠬᠦᠯᠢᠶᠡᠨ ᠠᠪᠬᠤ ᠲᠤᠰᠬᠠᠶ ᠪᠡᠯᠡ ᠮᠥᠩᠭᠥ ᠪᠠᠢ᠌ᠭᠤᠯᠬᠤ ᠪᠠ ᠡᠭᠦᠨ᠎ᠢ ᠬᠡᠪ᠎ᠤᠨ ᠲᠣᠭᠲᠠᠴᠠ ᠪᠤᠯᠭ᠋ᠠᠬᠤ᠎ᠪᠠᠷ ᠴᠢᠷᠮᠠᠢ᠌ᠵᠤ᠂ ᠤᠯᠤᠰ᠎ᠤᠨ ᠳᠣᠲᠣᠭ᠋ᠠᠳᠤ ᠵᠢᠨ ᠡᠯ᠎ᠡ ᠲᠥᠷᠥᠯ᠎ᠤᠨ ᠰᠠᠭᠤᠷᠢ ᠮᠥᠩᠭᠥᠨ᠎ᠳᠤ ᠱᠠᠩᠨᠠᠯ᠎ᠤᠨ ᠮᠥᠩᠭᠥ ᠪᠠᠶ᠋ᠢᠭᠤᠯᠬᠤ ᠵᠢ ᠵᠣᠷᠢᠭᠵᠢᠭᠤᠯᠵᠤ᠂ ᠮᠣᠩᠭᠣᠯ ᠤᠯᠤᠰ᠎ᠤᠨ ᠰᠤᠷᠤᠭᠴᠢᠳ᠎ᠢ ᠵᠣᠭᠣᠰ ᠮᠥᠩᠭᠥ᠎ᠪᠠᠷ ᠲᠤᠰᠠᠯᠠᠬᠤ ᠬᠦᠷᠢᠶ᠎ᠡ ᠬᠡᠪᠴᠢᠶ᠎ᠡ ᠵᠢ ᠠᠯᠬᠤᠮ ᠠᠯᠬᠤᠮ ᠵᠶ᠋ᠠᠷ ᠦᠷᠭᠡᠳᠬᠡᠨ᠎ᠡ᠃ 《ᠮᠣᠩᠭᠣᠯ ᠤᠯᠤᠰ᠎ᠤᠨ ᠬᠠᠷᠢᠶ᠎ᠠ᠎ᠲᠠᠢ ᠰᠤᠷᠤᠭᠴᠢ ᠵᠢᠨ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠪᠦᠷᠢᠨᠰᠢᠭᠦᠯᠵᠦ᠂ 《ᠰᠤᠷᠭ᠋ᠠᠨ ᠬᠥᠮᠦᠵᠢᠯ᠎ᠤᠨ ᠲᠠᠯ᠎ᠠ᠎ᠪᠠᠷ ᠳᠤᠮᠳᠠᠳᠤ ᠮᠣᠩᠭᠣᠯ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠰᠠᠭᠤᠷᠢ ᠮᠥᠩᠭᠥ》 ᠵᠢ ᠪᠠᠢ᠌ᠭᠤᠯᠵᠤ᠂ ᠮᠠᠨ᠎ᠤ ᠬᠤᠲᠠ ᠵᠢᠨ ᠡᠳ᠋᠎ᠤᠨ ᠵᠠᠰᠠᠭ᠎ᠠᠴᠠ ᠮᠣᠩᠭᠣᠯ ᠤᠯᠤᠰ᠎ᠤᠨ ᠰᠤᠷᠭ᠋ᠠᠨ ᠬᠥᠮᠦᠵᠢᠯ᠎ᠳᠤ ᠨᠡᠬᠡᠬᠡᠯᠳᠡ ᠬᠢᠬᠦ ᠣᠷᠣᠭᠤᠯᠤᠯᠲᠠ ᠵᠢᠨ ᠡᠷᠴᠢᠮ᠎ᠢ ᠴᠢᠩᠭ᠋ᠠᠳᠬᠠᠨ᠎ᠠ᠃ ᠳᠤᠮᠳᠠᠳᠤ ᠮᠣᠩᠭᠣᠯ᠎ᠤᠨ ᠪᠠᠭᠰᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠠᠢ᠌ᠭᠤᠯᠵᠤ᠂ ᠳᠤᠮᠳᠠᠳᠤ ᠮᠣᠩᠭᠣᠯ᠎ᠤᠨ ᠰᠣᠶᠣᠯ ᠢᠷᠭᠡᠨᠰᠢᠯ᠎ᠤᠨ ᠶᠠᠪᠤᠯᠴᠠᠭ᠎ᠠ ᠵᠢᠨ ᠵᠢᠱ᠌ᠢᠶ᠎ᠡ ᠦᠵᠡᠭᠦᠯᠬᠦ ᠲᠠᠪᠴᠠᠩ᠎ᠢ ᠬᠦᠴᠦ ᠲᠠᠯᠪᠢᠨ ᠪᠠᠢ᠌ᠭᠤᠯᠤᠨ᠎ᠠ᠃
ᠬᠣᠶᠠᠷ᠎ᠲᠤ ᠤᠬᠠᠭᠤᠯᠭ᠎ᠠ ᠪᠠ ᠲᠤᠰᠠᠯᠠᠮᠵᠢ ᠵᠢᠨ ᠡᠷᠴᠢᠮ᠎ᠢ ᠴᠢᠩᠭ᠋ᠠᠷᠠᠭᠤᠯᠤᠨ᠎ᠠ᠃ ᠮᠣᠩᠭᠣᠯ ᠤᠯᠤᠰ᠎ᠤᠨ ᠰᠤᠷᠤᠭᠴᠢᠳ ᠮᠠᠨ᠎ᠤ ᠬᠤᠲᠠ᠎ᠳᠤ ᠦᠰᠦᠨ ᠪᠤᠢ᠌ᠵᠢᠵᠤ ᠪᠠᠢ᠌ᠭ᠎ᠠ ᠪᠠᠷᠢᠮᠲᠠᠲᠤ ᠺᠢᠨᠣ᠋ ᠦᠢ᠍ᠯᠡᠳᠬᠦ ᠵᠢᠴᠢ ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠤᠨ ᠶᠠᠷᠢᠶᠠᠨ᠎ᠤ ᠲᠠᠪᠴᠠᠩ᠂ ᠶᠠᠷᠢᠯᠴᠠᠨ ᠰᠤᠳᠤᠯᠬᠤ ᠬᠤᠷᠠᠯ᠂ ᠰᠣᠯᠢᠯᠴᠠᠭ᠋ᠠᠨ᠎ᠤ ᠭᠠᠷᠠᠭ ᠵᠡᠷᠭᠡ ᠵᠢ ᠡᠷᠬᠢᠯᠡᠬᠦ ᠬᠡᠯᠪᠡᠷᠢ᠎ᠪᠠᠷ ᠳᠠᠮᠵᠢᠭᠤᠯᠤᠨ᠂ ᠮᠠᠨ᠎ᠤ ᠬᠣᠲᠠ ᠵᠢᠨ ᠮᠣᠩᠭᠣᠯ ᠤᠯᠤᠰ᠎ᠤᠨ ᠰᠤᠷᠭ᠋ᠠᠨ ᠬᠥᠮᠦᠵᠢᠯ᠎ᠳᠤ ᠠᠪᠴᠤ ᠪᠠᠢ᠌ᠭ᠎ᠠ ᠴᠢᠯᠥᠭᠡᠲᠡᠶ ᠶᠠᠪᠤᠯᠴᠠᠬᠤ ᠲᠦᠷᠦ ᠵᠢᠨ ᠪᠤᠳᠦᠯᠭ᠎ᠠ ᠵᠢᠴᠢ ᠣᠯᠤᠭᠰᠠᠨ ᠦᠷ᠎ᠡ ᠪᠦᠲᠦᠮᠵᠢ ᠵᠢ ᠪᠦᠬᠦ ᠲᠠᠯ᠎ᠠ᠂ ᠣᠯᠠᠨ ᠬᠠᠷᠠᠭ᠋ᠠᠰᠤ᠎ᠠᠴᠠ ᠤᠬᠠᠭᠤᠯᠵᠤ᠂ ᠶᠠᠷᠢᠶ᠎ᠠ ᠬᠡᠯᠡᠯᠴᠡᠭᠡᠨ᠎ᠤ ᠰᠠᠢ᠌ᠨ ᠰᠠᠶ᠋ᠢᠬᠠᠨ ᠠᠭᠤᠷ ᠠᠮᠢᠰᠬᠤᠯ᠎ᠢ ᠴᠢᠷᠮᠠᠶ᠋ᠢᠨ ᠪᠤᠢ ᠪᠤᠯᠭ᠋ᠠᠨ᠎ᠠ᠃ ᠮᠠᠨ᠎ᠤ ᠬᠣᠲᠠ ᠵᠢᠨ ᠡᠯ᠎ᠡ ᠳᠡᠭᠡᠳᠦ ᠰᠤᠷᠭ᠋ᠠᠭᠤᠯᠢ᠂ ᠰᠤᠷᠭ᠋ᠠᠭᠤᠯᠢ᠂ ᠴᠡᠴᠡᠷᠯᠢᠭ᠎ᠢ ᠵᠤᠬᠢᠶᠠᠨ ᠪᠠᠢ᠌ᠭᠤᠯᠤᠨ ᠮᠣᠩᠭᠣᠯ ᠤᠯᠤᠰ᠎ᠲᠤ ᠬᠦᠷᠴᠦ ᠰᠤᠷᠭ᠋ᠠᠨ ᠬᠥᠮᠦᠵᠢᠯ᠎ᠤᠨ ᠦᠵᠡᠰᠬᠦᠯᠡᠩ ᠡᠷᠬᠢᠯᠡᠵᠦ᠂ ᠮᠣᠩᠭᠣᠯ ᠤᠯᠤᠰ᠎ᠤᠨ ᠰᠤᠷᠤᠭᠴᠢᠳ᠎ᠢ ᠬᠦᠯᠢᠶᠡᠨ ᠠᠪᠬᠤ ᠲᠠᠯ᠎ᠠ᠎ᠪᠠᠷ ᠨᠡᠢ᠌ᠲᠡᠯᠡᠭᠰᠡᠨ ᠬᠠᠮᠢᠶ᠎ᠠ ᠪᠦᠬᠦᠢ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ᠂ ᠮᠣᠩᠭᠣᠯ ᠤᠯᠤᠰ᠎ᠤᠨ ᠰᠤᠷᠤᠭᠴᠢ ᠳᠤᠮᠳᠠᠳᠤ ᠤᠯᠤᠰ᠎ᠲᠤ ᠢᠷᠡᠵᠦ ᠰᠤᠷᠤᠯᠴᠠᠭ᠋ᠠᠳ ᠬᠢᠲᠠᠳ ᠬᠡᠯᠡᠨ᠎ᠤ ᠬᠢᠷᠢ ᠬᠡᠮᠵᠢᠶ᠎ᠡ ᠵᠢᠨ ᠰᠢᠯᠭ᠋ᠠᠯᠲᠠ᠎ᠳᠤ ᠤᠷᠤᠯᠴᠠᠭᠰᠠᠨ (HSK) ᠪᠠᠲᠤᠯᠠᠭ᠎ᠠ ᠵᠢᠨ ᠨᠣᠷᠮ᠎ᠠ ᠵᠢᠴᠢ ᠤᠯᠤᠰ᠎ᠲᠠᠭᠠᠨ ᠪᠤᠴᠠᠭᠰᠠᠨ᠎ᠤ ᠲᠠᠷᠠᠭ᠎ᠠ ᠬᠣᠯᠪᠣᠭᠳᠠᠯ ᠪᠦᠭᠦᠢ ᠠᠵᠢᠯ ᠬᠢᠵᠦ ᠪᠠᠢ᠌ᠭ᠎ᠠ ᠪᠠᠶ᠋ᠢᠳᠠᠯ᠎ᠢ ᠭᠤᠤᠯᠴᠢᠯᠠᠨ ᠲᠠᠨᠢᠯᠴᠠᠭᠤᠯᠤᠨ᠎ᠠ᠃ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷᠯᠤᠭᠠ ᠢᠳᠡᠪᠬᠢᠲᠡᠢ ᠵᠤᠯᠭ᠋ᠠᠯᠳᠤᠵᠤ᠂ ᠮᠣᠩᠭᠣᠯ ᠤᠯᠤᠰ᠎ᠲᠤ ᠬᠢᠲᠠᠳ ᠬᠡᠯᠡᠨ᠎ᠤ ᠪᠠᠭᠰᠢ᠂ ᠰᠠᠢ᠌ᠨ ᠳᠤᠷ᠎ᠠ ᠵᠢᠨ ᠠᠵᠢᠯᠯᠠᠭᠰᠠᠳ᠎ᠢ ᠰᠤᠩᠭᠤᠨ ᠲᠤᠮᠢᠯᠠᠬᠤ ᠲᠤᠭ᠎ᠠ ᠵᠢ ᠨᠡᠮᠡᠭᠳᠡᠭᠦᠯᠵᠦ᠂ ᠮᠣᠩᠭᠣᠯ ᠤᠯᠤᠰ᠎ᠤᠨ ᠰᠤᠷᠭ᠋ᠠᠨ ᠬᠥᠮᠦᠵᠢᠯ᠎ᠤᠨ ᠠᠯᠪᠠᠨ ᠲᠤᠰᠢᠶᠠᠯᠲᠠᠨ᠂ ᠰᠤᠷᠭ᠋ᠠᠭᠤᠯᠢ ᠵᠢᠨ ᠵᠠᠬᠢᠷᠤᠯ᠂ ᠡᠷᠳᠡᠮᠲᠡᠨ ᠪᠠ ᠲᠤᠰᠬᠠᠶ ᠮᠡᠷᠭᠡᠵᠢᠯ᠎ᠤᠨ ᠠᠵᠢᠯᠳᠠᠨ᠎ᠤ ᠳᠤᠮᠳᠠᠳᠤ ᠤᠯᠤᠰ᠎ᠲᠤ ᠢᠷᠡᠵᠦ ᠪᠤᠯᠪᠠᠰᠤᠷᠠᠯ ᠬᠢᠬᠦ ᠡᠷᠴᠢᠮ᠎ᠢ ᠴᠢᠩᠭ᠋ᠠᠳᠬᠠᠨ᠎ᠠ᠃ ᠵᠠᠮ᠎ᠤᠨ ᠡᠭᠦᠳᠡ ᠬᠤᠲᠠ᠎ᠳᠤ ᠺᠦᠩᠽᠢ ᠵᠢᠨ ᠬᠢᠴᠢᠶᠡᠯ᠎ᠤᠨ ᠲᠠᠩᠬᠢᠮ ᠪᠠᠢ᠌ᠭᠤᠯᠬᠤ᠎ᠪᠠᠷ ᠴᠢᠷᠮᠠᠢ᠌ᠵᠤ᠂ ᠬᠢᠲᠠᠳ ᠬᠡᠯᠡ ᠵᠢ ᠳᠡᠯᠭᠡᠷᠡᠭᠦᠯᠬᠦ ᠪᠠ ᠳᠤᠮᠳᠠᠳᠤ ᠵᠢᠨ ᠰᠣᠶᠣᠯ᠎ᠢ ᠤᠯᠠᠮᠵᠢᠯᠠᠬᠤ ᠡᠷᠴᠢᠮ᠎ᠢ ᠴᠢᠩᠭ᠋ᠠᠷᠠᠭᠤᠯᠤᠨ᠎ᠠ᠃
ᠬᠥᠲᠥᠯᠥᠭᠴᠢ᠄
ᠵᠠ ᠰᠠᠢ᠌ᠨ ᠪᠤᠯᠤᠯ᠎ᠠ᠂ ᠠᠭᠤᠯᠠ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠮᠠᠰᠢ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠶ ᠵᠤᠯᠭ᠋ᠠᠶ᠎ᠠ!

ᠳᠤᠮᠳᠠᠳᠤ ᠤᠯᠤᠰ᠎ᠤᠨ ᠡᠷᠢᠶᠡᠨ ᠬᠤᠲᠠ ᠵᠢᠨ ᠳᠤᠮᠳᠠᠳᠤ ᠣᠷᠣᠰ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠋ᠠᠨ᠎ᠤ ᠵᠥᠪᠳᠡᠨ ᠶᠠᠷᠢᠯᠴᠠᠬᠤ ᠬᠤᠷᠠᠯ᠎ᠤᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠥᠪᠳᠡᠯᠴᠡᠭᠡ

ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠬᠢᠭᠡᠳ ᠣᠷᠣᠰ᠎ᠤᠨ ᠬᠣᠯᠪᠣᠭ᠋ᠠᠨ᠎ᠤ ᠪᠤᠷᠢᠶᠠᠳ ᠪᠦᠭᠦᠳᠡ ᠨᠠᠢ᠌ᠷᠠᠮᠳᠠᠬᠤ ᠤᠯᠤᠰ᠎ᠤᠨ ᠤᠯᠠᠭ᠋ᠠᠨ ᠦᠳᠡ ᠬᠣᠲᠠ ᠵᠢᠨ ᠰᠤᠷᠭ᠋ᠠᠨ ᠬᠥᠮᠦᠵᠢᠯ᠎ᠤᠨ ᠶᠠᠮᠤᠨ᠎ᠤ 《ᠨᠥᠬᠥᠷᠰᠡᠭ ᠵᠶ᠋ᠠᠷ ᠬᠠᠮᠲᠤᠷᠠᠨ ᠠᠵᠢᠯᠯᠠᠬᠤ ᠬᠠᠷᠢᠴᠠᠭ᠎ᠠ ᠪᠠᠶ᠋ᠢᠭᠤᠯᠬᠤ》 ᠵᠥᠪᠳᠡᠯᠴᠡᠭᠡᠷ᠎ᠲᠤ ᠭᠠᠷᠤᠨ ᠦᠰᠦᠭ ᠵᠢᠷᠤᠬᠤ ᠶᠣᠰᠣᠯᠠᠯ