
ᠰᠤᠷᠪᠤᠯᠵᠢᠯᠠᠭᠰᠠᠨ ᠴᠠᠭ᠄
2017 ᠤᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ
ᠰᠤᠷᠪᠤᠯᠵᠢᠯᠠᠭᠰᠠᠨ ᠵᠣᠴᠢᠨ᠄
ᠬᠥᠬᠡᠬᠣᠲᠠ ᠵᠢᠨ ᠬᠥᠳᠡᠭᠡ ᠲᠣᠰᠬᠣᠨ᠎ᠤ ᠠᠵᠢᠯ᠎ᠤᠨ ᠺᠣᠮᠢᠰ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠵᠠᠩ ᠰᠢᠶᠣᠤ ᠮᠢᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠡᠨᠡ ᠵᠢᠯ᠎ᠤᠨ ᠲᠥᠪ ᠬᠤᠷᠢᠶ᠎ᠠ ᠵᠢᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠪᠤᠯᠤᠨ ᠰᠢᠨ᠎ᠡ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢ 《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ᠎ᠤ ᠠᠵᠢᠯ᠎ᠤᠨ ᠴᠢᠬᠤᠯᠠ ᠠᠭᠤᠯᠭ᠎ᠠ ᠪᠤᠯᠭ᠋ᠠᠵᠤ᠂ ᠲᠡᠮᠡᠴᠡᠬᠦ ᠬᠠᠷᠠᠯᠲᠠ᠂ ᠭᠣᠣᠯ ᠠᠷᠭ᠎ᠠ ᠵᠠᠮ ᠪᠤᠯᠤᠨ ᠴᠢᠬᠤᠯᠠ ᠶᠡᠬᠡ ᠠᠷᠭ᠎ᠠ ᠬᠡᠮᠵᠢᠶ᠎ᠡ ᠵᠢ ᠲᠤᠲᠤᠷᠬᠠᠢ᠌ᠯᠠᠭᠰᠠᠨ ᠪᠠᠢ᠌ᠨ᠎ᠠ᠃ ᠦᠢ᠍ᠷ᠎ᠠ᠎ᠳᠤ᠂ ᠪᠢᠳᠡ ᠬᠥᠬᠡᠬᠣᠲᠠ ᠵᠢᠨ ᠬᠥᠳᠡᠭᠡ ᠲᠣᠰᠬᠣᠨ᠎ᠤ ᠠᠵᠢᠯ᠎ᠤᠨ ᠺᠣᠮᠢᠰ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠵᠠᠩ ᠰᠢᠶᠣᠤ ᠮᠢᠩ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠤ ᠤᠷᠢᠵᠤ᠂ ᠬᠥᠬᠡᠬᠣᠲᠠ ᠵᠢᠨ ᠲᠤᠢ᠌ᠯ᠎ᠤᠨ ᠤᠨᠤᠪᠴᠢᠲᠠᠢ᠎ᠪᠠᠷ ᠶᠠᠳᠠᠭᠤ ᠵᠢ ᠲᠡᠳᠭᠦᠨ ᠶᠠᠳᠠᠭᠤ᠎ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠠᠵᠢᠯ᠎ᠤᠨ ᠲᠠᠯ᠎ᠠ᠎ᠪᠠᠷ ᠲᠠ ᠪᠦᠬᠦᠨ᠎ᠲᠠᠢ ᠰᠦᠯᠵᠢᠶᠡᠨ ᠳᠡᠭᠡᠷ᠎ᠡ ᠰᠤᠯᠢᠯᠴᠠᠭᠤᠯᠬᠤ᠎ᠪᠠᠷ ᠪᠤᠯᠪᠠ᠃ ᠲᠤᠬᠠᠶ ᠵᠢᠨ ᠴᠠᠭ᠎ᠲᠤ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄
ᠰᠦᠯᠵᠢᠶᠡᠨ᠎ᠤ ᠨᠠᠶ᠋ᠢᠵᠠ ᠨᠠᠷ ᠰᠠᠶ᠋ᠢᠨ ᠪᠠᠢ᠌ᠵᠠᠭ᠋ᠠᠨ᠎ᠠ ᠤᠤ! ᠲᠠ ᠪᠦᠬᠦᠨ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠠᠵᠠ᠎ᠲᠠᠢ᠎ᠪᠠᠷ ᠬᠥᠬᠡᠬᠣᠲᠠ ᠵᠢᠨ ᠬᠥᠳᠡᠭᠡ ᠲᠣᠰᠬᠣᠨ᠎ᠤ ᠠᠵᠢᠯ᠎ᠤᠨ ᠺᠣᠮᠢᠰ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠵᠠᠩ ᠰᠢᠶᠣᠤ ᠮᠢᠩ᠎ᠢ ᠤᠷᠢᠵᠤ᠂ 2016 ᠣᠨ᠎ᠳᠤ ᠬᠥᠬᠡᠬᠣᠲᠠ ᠵᠢᠨ ᠲᠤᠢ᠌ᠯ᠎ᠤᠨ ᠤᠨᠤᠪᠴᠢᠲᠠᠢ᠎ᠪᠠᠷ ᠶᠠᠳᠠᠭᠤ ᠵᠢ ᠲᠡᠳᠭᠦᠨ ᠶᠠᠳᠠᠭᠤ᠎ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠠᠵᠢᠯ᠎ᠢ ᠪᠡᠶᠡᠯᠡᠭᠦᠯᠦᠭᠰᠡᠨ ᠪᠠᠶ᠋ᠢᠳᠠᠯ ᠵᠢᠴᠢ 2017 ᠣᠨ᠎ᠤ ᠠᠵᠢᠯ᠎ᠤᠨ ᠲᠣᠬᠢᠷᠠᠭᠤᠯᠤᠯᠲᠠ ᠵᠢᠨ ᠲᠠᠯ᠎ᠠ᠎ᠪᠠᠷ ᠥᠷᠭᠡᠨ ᠣᠯᠠᠨ ᠰᠦᠯᠵᠢᠶᠡᠨ ᠠᠨᠳᠠ ᠨᠠᠷ᠎ᠲᠠᠢ ᠰᠠᠨᠠᠯ ᠵᠶ᠋ᠠᠨ ᠰᠤᠯᠢᠯᠴᠠᠭᠤᠯᠬᠤ᠎ᠪᠠᠷ ᠪᠤᠯᠪᠠ᠃ ᠵᠠᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠵᠠᠩ ᠰᠢᠶᠣᠤ ᠮᠢᠩ᠄
ᠬᠥᠲᠥᠯᠥᠭᠴᠢ ᠰᠠᠶ᠋ᠢᠨ ᠤᠤ! ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠤᠤ! ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ ᠵᠢᠨ ᠲᠠᠪᠴᠠᠩ ᠵᠶ᠋ᠠᠷ ᠳᠠᠮᠵᠢᠭᠤᠯᠤᠨ ᠲᠠ ᠨᠠᠷ᠎ᠲᠠᠢ ᠰᠦᠯᠵᠢᠶᠡᠨ ᠳᠡᠭᠡᠷ᠎ᠡ ᠰᠣᠯᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠬᠥᠬᠡᠬᠣᠲᠠ ᠵᠢᠨ ᠬᠥᠳᠡᠭᠡ ᠲᠣᠰᠬᠣᠨ᠎ᠤ ᠠᠵᠢᠯ᠎ᠤᠨ ᠺᠣᠮᠢᠰ᠎ᠤᠨ ᠡᠯ᠎ᠡ ᠵᠦᠢ᠍ᠯ᠎ᠤᠨ ᠠᠵᠢᠯ᠎ᠳᠤ ᠰᠡᠳᠬᠢᠯ ᠲᠠᠯᠪᠢᠵᠤ ᠳᠡᠮᠵᠢᠯᠭᠡ ᠦᠵᠡᠭᠦᠯᠦᠭᠰᠡᠨ᠎ᠳᠤ ᠪᠠᠶᠠᠷᠯᠠᠵᠤ ᠪᠠᠢ᠌ᠨ᠎ᠠ!
ᠬᠥᠲᠥᠯᠥᠭᠴᠢ᠄
ᠣᠯᠠᠨ᠎ᠤ ᠮᠡᠳᠡᠭᠡᠵᠢ᠎ᠪᠠᠷ᠂ 《ᠴᠢᠨᠡᠭᠡᠯᠢᠭᠵᠢᠭᠰᠡᠨ ᠡᠰᠡᠬᠦ ᠵᠢᠨ ᠵᠠᠩᠭᠢᠯᠠᠭ᠎ᠠ᠎ᠨᠢ ᠠᠷᠠᠳ᠎ᠤᠨ ᠠᠮᠢᠳᠤᠷᠠᠯ᠎ᠳᠤ ᠪᠤᠢ》᠃ 《13·5》 ᠵᠢᠨ ᠲᠥᠯᠥᠪᠵᠢᠭᠦᠯᠭᠡ ᠵᠢᠨ ᠬᠤᠭᠤᠴᠠᠭ᠎ᠠ ᠪᠤᠯ ᠮᠠᠨ᠎ᠤ ᠤᠯᠤᠰ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠤᠶ᠋ᠢᠯ᠎ᠤᠨ ᠴᠢᠬᠤᠯᠠ ᠴᠠᠭ ᠬᠤᠭᠤᠴᠠᠭ᠎ᠠ ᠪᠣᠯᠤᠨ᠎ᠠ᠂ ᠪᠠᠰᠠ ᠴᠤ᠌ ᠶᠠᠳᠠᠭᠤ ᠵᠢ ᠲᠡᠳᠬᠦᠬᠦ ᠰᠢᠪᠲᠤᠯᠤᠯᠲᠠ ᠵᠢᠨ ᠰᠢᠢᠳᠪᠦᠷᠢᠲᠦ ᠢᠯᠠᠯᠲᠠ ᠵᠢ ᠤᠯᠬᠤ ᠵᠠᠩᠭᠢᠯᠠᠭ᠎ᠠ ᠵᠢᠨ ᠴᠠᠭ ᠬᠤᠭᠤᠴᠠᠭ᠎ᠠ ᠪᠤᠯᠤᠨ᠎ᠠ᠃ ᠲᠠ ᠶᠠᠭᠤᠨ᠎ᠤ ᠡᠮᠦᠨ᠎ᠡ ᠮᠠᠨ᠎ᠤ ᠰᠦᠯᠵᠢᠶᠡᠨ ᠠᠨᠳᠠ ᠨᠠᠷ᠎ᠲᠤ 2016 ᠣᠨ᠎ᠳᠤ ᠬᠥᠬᠡᠬᠣᠲᠠ ᠵᠢᠨ ᠲᠤᠢ᠌ᠯ᠎ᠤᠨ ᠤᠨᠤᠪᠴᠢᠲᠠᠢ᠎ᠪᠠᠷ ᠶᠠᠳᠠᠭᠤ ᠵᠢ ᠲᠡᠳᠭᠦᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠪᠠᠢ᠌ᠳᠠᠯ ᠵᠶ᠋ᠠᠨ ᠲᠠᠨᠢᠯᠴᠠᠭᠤᠯᠤᠭ᠋ᠠᠳ ᠦᠭᠭᠦᠨ᠎ᠡ ᠤᠤ?
ᠵᠠᠩ ᠰᠢᠶᠣᠤ ᠮᠢᠩ᠄
ᠥᠩᠭᠡᠷᠡᠭᠰᠡᠨ ᠨᠢᠭᠡ ᠵᠢᠯ᠎ᠳᠤ᠂ ᠪᠥᠬᠥ ᠬᠣᠲᠠ ᠵᠢᠨ ᠳᠡᠭᠡᠳᠦ ᠲᠤᠤᠷᠠᠳᠤ ᠱᠠᠲᠤ᠎ᠪᠠᠷ ᠵᠶ᠋ᠠᠨ ᠲᠤᠢ᠌ᠯ᠎ᠤᠨ ᠤᠨᠤᠪᠴᠢᠲᠠᠢ᠎ᠪᠠᠷ ᠶᠠᠳᠠᠭᠤ ᠲᠡᠳᠭᠦᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ᠎ᠳᠤ ᠤᠷᠤᠭᠤᠯᠵᠤ᠂ ᠨᠠᠮ᠎ᠤᠨ ᠲᠥᠪ ᠬᠤᠷᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠰᠢᠢᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠤᠱᠯᠠᠭᠤᠯᠪᠠ᠃ 《ᠬᠣᠶᠠᠷ ᠶᠠᠪᠤᠳᠠᠯ᠎ᠳᠤ ᠰᠠᠨᠠᠭ᠎ᠠ ᠵᠣᠪᠠᠬᠤ ᠦᠭᠡᠢ ᠪᠤᠯᠭ᠋ᠠᠬᠤ᠂ ᠭᠤᠷᠪᠠ ᠵᠢ ᠪᠠᠲᠤᠯᠠᠬᠤ》 (ᠢᠳᠡᠬᠦ ᠤᠤᠭᠤᠬᠤ᠎ᠳᠤ ᠰᠠᠨᠠᠭ᠎ᠠ ᠵᠣᠪᠠᠬᠤ ᠦᠭᠡᠢ᠂ ᠡᠮᠦᠰᠬᠦ ᠵᠡᠬᠦᠬᠦ᠎ᠳᠤ ᠰᠠᠨᠠᠭ᠎ᠠ ᠵᠣᠪᠠᠬᠤ ᠦᠭᠡᠢ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮ ᠡᠮᠨᠡᠯᠭᠡ ᠪᠤᠯᠤᠨ ᠣᠷᠣᠨ ᠰᠠᠭᠤᠴᠠ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠪᠠᠲᠤᠯᠠᠬᠤ) ᠬᠠᠷᠠᠯᠲᠠ ᠪᠤᠯᠤᠨ 《ᠵᠢᠷᠭᠤᠭ᠋ᠠᠨ ᠲᠤᠢ᠌ᠯ᠎ᠤᠨ ᠤᠨᠤᠪᠴᠢᠲᠠᠢ ᠪᠠᠶ᠋ᠢᠬᠤ》 (ᠶᠠᠳᠠᠭᠤ ᠬᠦᠮᠦᠰ᠎ᠢ ᠲᠤᠢ᠌ᠯ᠎ᠤᠨ ᠤᠨᠤᠪᠴᠢᠲᠠᠢ ᠲᠤᠭᠲᠠᠭ᠋ᠠᠬᠤ᠂ ᠲᠦᠷᠦᠯ ᠵᠦᠢ᠍ᠯ᠎ᠢ ᠲᠤᠢ᠌ᠯ᠎ᠤᠨ ᠤᠨᠤᠪᠴᠢᠲᠠᠢ ᠲᠤᠬᠢᠷᠠᠭᠤᠯᠬᠤ᠂ ᠪᠡᠯᠡ ᠮᠥᠩᠭᠥ ᠵᠢ ᠲᠤᠢ᠌ᠯ᠎ᠤᠨ ᠤᠨᠤᠪᠴᠢᠲᠠᠢ ᠬᠡᠷᠡᠭᠯᠡᠬᠦ᠂ ᠠᠷᠭ᠎ᠠ ᠬᠡᠮᠵᠢᠶ᠎ᠡ ᠵᠢ ᠡᠷᠦᠬᠡ᠎ᠳᠤ ᠲᠤᠢ᠌ᠯ᠎ᠤᠨ ᠤᠨᠤᠪᠴᠢᠲᠠᠢ ᠨᠠᠢ᠌ᠳᠠᠪᠤᠷᠢᠵᠢᠭᠤᠯᠬᠤ᠂ ᠲᠣᠰᠬᠣᠨ᠎ᠤ ᠪᠠᠶ᠋ᠢᠳᠠᠯ᠎ᠳᠤ ᠲᠣᠬᠢᠷᠠᠭᠤᠯᠤᠨ ᠲᠤᠢ᠌ᠯ᠎ᠤᠨ ᠤᠨᠤᠪᠴᠢᠲᠠᠢ᠎ᠪᠠᠷ ᠬᠦᠮᠦᠨ ᠲᠤᠬᠢᠷᠠᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠮᠵᠢ ᠵᠢ ᠲᠤᠢ᠌ᠯ᠎ᠤᠨ ᠤᠨᠤᠪᠴᠢᠲᠠᠢ ᠪᠠᠶ᠋ᠢᠯᠭ᠋ᠠᠬᠤ)᠂ 《ᠲᠠᠪᠤᠨ ᠨᠢᠭᠡ ᠪᠦᠯᠦᠭ》 (ᠨᠢᠭᠡ ᠪᠦᠯᠦᠭ᠎ᠢ᠎ᠨᠢ ᠦᠢ᠍ᠯᠡᠳᠪᠦᠷᠢᠯᠡᠯ᠎ᠢ ᠬᠥᠭᠵᠢᠭᠦᠯᠦᠨ ᠶᠠᠳᠠᠭᠤ᠎ᠠᠴᠠ ᠠᠩᠭᠢᠵᠢᠷᠠᠭᠤᠯᠬᠤ᠂ ᠨᠢᠭᠡ ᠪᠦᠯᠦᠭ᠎ᠢ᠎ᠨᠢ ᠣᠨᠳᠣᠣ ᠭᠠᠵᠠᠷ ᠨᠡᠭᠦᠯᠭᠡᠵᠦ ᠶᠠᠳᠠᠭᠤ᠎ᠠᠴᠠ ᠲᠡᠳᠭᠦᠨ ᠶᠠᠳᠠᠭᠤ᠎ᠠᠴᠠ ᠠᠩᠭᠢᠵᠢᠷᠠᠭᠤᠯᠬᠤ᠂ ᠨᠢᠭᠡ ᠪᠦᠯᠦᠭ᠎ᠢ᠎ᠨᠢ ᠠᠮᠢ ᠠᠬᠤᠶ ᠵᠢᠨ ᠨᠥᠬᠥᠪᠥᠷᠢ ᠤᠯᠭᠤᠨ ᠶᠠᠳᠠᠭᠤ᠎ᠠᠴᠠ ᠠᠨᠭ᠌ᠬᠢᠵᠢᠷᠠᠭᠤᠯᠬᠤ᠂ ᠨᠢᠭᠡ ᠪᠦᠯᠦᠭ᠎ᠢ᠎ᠨᠢ ᠰᠤᠷᠭ᠋ᠠᠨ ᠬᠥᠮᠦᠵᠢᠯ᠎ᠢ ᠬᠦᠭᠵᠢᠬᠦᠯᠦᠨ ᠶᠠᠳᠠᠭᠤ᠎ᠠᠴᠠ ᠠᠩᠭᠢᠵᠢᠷᠠᠭᠤᠯᠬᠤ᠂ ᠨᠢᠭᠡ ᠪᠦᠯᠦᠭ᠎ᠢ᠎ᠨᠢ ᠨᠡᠶ᠋ᠢᠭᠡᠮ᠎ᠤᠨ ᠳᠠᠭ᠋ᠠᠭ᠋ᠠᠨ ᠪᠠᠲᠤᠯᠠᠬᠤ᠎ᠪᠠᠷ ᠪᠠᠲᠤᠯᠠᠬᠤ) ᠱᠠᠭ᠋ᠠᠷᠳᠠᠯᠭ᠎ᠠ ᠶᠣᠰᠣᠭ᠋ᠠᠷ᠂ ᠶᠠᠳᠠᠭᠤ ᠬᠦᠴᠢᠷᠳᠡᠯᠲᠡᠶ ᠡᠷᠥᠭᠡ᠎ᠳᠤ ᠲᠡᠨᠭᠰᠠ ᠳᠠᠩᠰᠠ ᠪᠠᠶ᠋ᠢᠭᠤᠯᠤᠨ ᠺᠠᠷᠲ ᠬᠢᠵᠤ ᠦᠭᠭᠦ ᠵᠢ 《ᠡᠷᠭᠢᠵᠦ ᠬᠠᠷᠠᠬᠤ》 ᠪᠠ ᠬᠢᠨᠠᠨ ᠪᠤᠳᠤᠯᠲᠠ ᠵᠢ ᠴᠡᠭᠴᠡᠯᠡᠨ ᠦᠭᠡᠷᠡᠴᠢᠯᠡᠬᠦ ᠠᠵᠢᠯ᠎ᠢ ᠬᠢᠨᠠᠮᠠᠭ᠋ᠠᠶ ᠦᠷᠨᠢᠬᠦᠯᠦᠭᠰᠡᠨ ᠪᠠᠢ᠌ᠨ᠎ᠠ᠃ ᠲᠣᠭ᠎ᠠ ᠪᠠᠷᠢᠮᠲᠠ ᠵᠢ ᠬᠠᠷᠢᠴᠠᠭᠤᠯᠬᠤ᠂ ᠪᠣᠳᠠᠲᠤ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠬᠤ᠂ ᠠᠰᠠᠭᠤᠳᠠᠯ᠎ᠲᠠᠢ ᠲᠣᠭ᠎ᠠ ᠪᠠᠷᠢᠮᠲᠠ᠎ᠳᠤ ᠵᠠᠰᠠᠪᠤᠷᠢ ᠣᠷᠣᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ 12235 ᠶᠠᠳᠠᠭᠤ ᠬᠦᠴᠢᠷᠳᠡᠯ᠎ᠲᠠᠢ ᠡᠷᠦᠬᠡ ᠪᠤᠯᠤᠨ 25362 ᠶᠠᠳᠠᠭᠤ ᠬᠦᠴᠢᠷᠳᠡᠯᠲᠡᠶ ᠬᠥᠮᠦᠨ ᠠᠮᠠ ᠵᠢ ᠲᠤᠢ᠌ᠯ᠎ᠤᠨ ᠤᠨᠤᠪᠴᠢᠲᠠᠢ ᠢᠯᠭ᠋ᠠᠨ ᠲᠤᠳᠤᠯᠠᠪᠠ᠃ ᠪᠦᠬᠦ ᠵᠢᠯ᠎ᠳᠤ᠂ ᠤᠨᠴᠠᠯᠢᠭᠳᠤ ᠠᠵᠤ ᠦᠢ᠍ᠯᠡᠰ ᠵᠶ᠋ᠠᠷ ᠭᠣᠣᠯᠳᠠᠯᠭ᠎ᠠ ᠪᠣᠯᠭ᠋ᠠᠨ᠂ 1.38 ᠳ᠋ᠦᠩᠰᠢᠭᠤᠷ ᠲᠥᠭᠥᠷᠢᠭ ᠤᠷᠤᠭᠤᠯᠵᠤ᠂ 《ᠳᠦᠷᠪᠡ ᠵᠢ ᠭᠠᠴᠠᠭ᠎ᠠ᠎ᠳᠤ ᠤᠷᠤᠭᠤᠯᠬᠤ ᠳᠦᠷᠪᠡ ᠵᠢ ᠡᠷᠤᠭᠡ᠎ᠳᠤ ᠬᠦᠷᠭᠡᠬᠦ》 ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠶ ᠦᠷᠨᠢᠬᠦᠯᠪᠡ᠃ ᠪᠦᠬᠦ ᠵᠢᠯ᠎ᠳᠤ ᠣᠨᠳᠣᠣ ᠭᠠᠵᠠᠷ ᠨᠡᠬᠦᠯᠬᠡᠨ ᠶᠠᠳᠠᠭᠤ ᠵᠢ ᠲᠡᠳᠬᠦᠬᠦ ᠲᠤᠰᠬᠠᠶ ᠪᠡᠯᠡ ᠮᠥᠩᠭᠥ ᠵᠢ 1.73 ᠳ᠋ᠦᠨᠭᠰᠢᠭᠤᠷ ᠲᠥᠭᠥᠷᠢᠭ ᠲᠤᠬᠢᠷᠠᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠭᠠᠵᠠᠷ᠎ᠢ 66᠂ ᠲᠥᠪᠬᠢᠨᠡᠭᠦᠯᠬᠦ ᠣᠷᠣᠨ ᠰᠠᠭᠤᠴᠠ ᠵᠢ 2551 ᠲᠦᠬᠦᠷ ᠪᠠᠢ᠌ᠭᠤᠯᠵᠤ᠂ 1439 ᠡᠷᠦᠬᠡ᠂ 2957 ᠬᠦᠮᠦᠨ᠎ᠢ ᠣᠨᠳᠣᠣ ᠭᠠᠵᠠᠷ ᠨᠡᠭᠦᠯᠭᠡᠨ ᠶᠠᠳᠠᠭᠤ᠎ᠠᠴᠠ ᠲᠡᠳᠭᠦᠵᠤ᠂ ᠵᠢᠯ᠎ᠤᠨ ᠡᠬᠢᠨ᠎ᠤ ᠲᠥᠯᠥᠪᠯᠡᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠡᠶ᠃ ᠪᠦᠬᠦ ᠵᠢᠯ᠎ᠳᠤ ᠡᠦ᠋ᠴᠤᠸᠠᠨ ᠰᠢᠶᠠᠨ᠂ ᠴᠢᠩ ᠱᠦᠢ ᠾᠧ ᠰᠢᠶᠠᠨ᠎ᠳᠤ ᠮᠥᠩᠭᠥᠨ ᠭᠦᠢᠯᠭᠡᠭᠡᠨ ᠵᠶ᠋ᠠᠷ ᠶᠠᠳᠠᠭᠤ ᠵᠢ ᠲᠡᠳᠬᠦᠬᠦ 《ᠲᠠᠷᠢᠶᠠᠴᠢᠳ᠎ᠢ ᠪᠠᠶᠠᠵᠢᠭᠤᠯᠬᠤ ᠵᠢᠭᠡᠯᠡᠯᠭᠡ》 1.62 ᠳ᠋ᠦᠨᠭᠰᠢᠭᠤᠷ ᠲᠦᠭᠦᠷᠢᠭ ᠤᠯᠭᠤᠵᠤ᠂ 5090 ᠲᠠᠷᠢᠶᠠᠴᠢᠨ ᠡᠷᠦᠬᠡ ᠵᠢ ᠬᠠᠮᠤᠷᠴᠤ᠂ ᠳᠠᠨᠭ᠌ᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ᠎ᠲᠠᠢ 698 ᠡᠷᠦᠬᠡ᠎ᠲᠠᠢ ᠬᠤᠯᠪᠤᠭᠳᠠᠵᠤ᠂ ᠨᠡᠶ᠋ᠢᠭᠡᠮ᠎ᠤᠨ ᠶᠠᠳᠠᠭᠤ ᠵᠢ ᠲᠡᠳᠬᠦᠬᠦ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠦᠷᠭᠡᠳᠭᠡᠨ᠂ ᠪᠦᠬᠦ ᠬᠣᠲᠠ ᠵᠢᠨ ᠡᠯ᠎ᠡ ᠱᠠᠲᠤᠨ᠎ᠤ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠤᠨ 《ᠨᠢᠭᠡ᠎ᠳᠤ ᠨᠢᠭᠡ ᠵᠢ ᠳᠠᠭ᠋ᠠᠭ᠋ᠠᠴᠢᠯᠠᠭᠤᠯᠬᠤ》 ᠪᠤᠶᠤ 《ᠤᠯᠠᠭᠤᠯᠠ᠎ᠳᠤ ᠨᠢᠭᠡ ᠵᠢ ᠳᠠᠭ᠋ᠠᠭ᠋ᠠᠴᠢᠯᠠᠭᠤᠯᠬᠤ》 ᠠᠷᠭ᠎ᠠ᠎ᠪᠠᠷ ᠲᠤᠰᠠᠯᠠᠨ ᠲᠡᠳᠭᠦᠭᠦ ᠠᠵᠢᠯ᠎ᠢ ᠦᠷᠨᠢᠬᠦᠯᠪᠡ᠃ ᠪᠦᠬᠦ ᠵᠢᠯ᠎ᠳᠤ ᠳᠠᠨᠭ᠌ᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ 16909 ᠡᠷᠦᠬᠡ ᠵᠢ ᠲᠤᠢ᠌ᠯ᠎ᠤᠨ ᠤᠨᠤᠪᠴᠢᠲᠠᠢ᠎ᠪᠠᠷ ᠶᠠᠳᠠᠭᠤ᠎ᠠᠴᠠ᠎ᠨᠢ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ᠎ᠤ ᠬᠣᠲᠠ ᠵᠢᠨ ᠪᠠᠭᠤᠯᠭ᠋ᠠᠭᠰᠠᠨ ᠲᠦᠯᠦᠪᠯᠡᠭᠡᠲᠦ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠪᠡᠶᠡᠯᠡᠯᠲᠡ ᠵᠢ ᠰᠠᠢ᠌ᠨ ᠰᠠᠢ᠌ᠬᠠᠨ ᠡᠬᠢᠯᠡᠯᠲᠡ᠎ᠲᠠᠢ ᠪᠤᠯᠭ᠋ᠠᠪᠠ᠃
ᠬᠥᠲᠥᠯᠥᠭᠴᠢ᠄
2016 ᠣᠨ᠎ᠳᠤ ᠬᠥᠬᠡᠬᠣᠲᠠ ᠵᠢᠨ ᠲᠥᠢ᠍ᠯᠤᠨ ᠣᠨᠤᠪᠴᠢᠲᠠᠢ᠎ᠪᠠᠷ ᠶᠠᠳᠠᠭᠤ ᠵᠢ ᠲᠡᠳᠬᠦᠬᠦ ᠪᠠ ᠶᠠᠳᠠᠭᠤ᠎ᠠᠴᠠ ᠠᠩᠭᠢᠵᠢᠷᠠᠭᠤᠯᠬᠤ ᠠᠵᠢᠯ ᠢᠯᠡᠷᠬᠡᠶ ᠠᠮᠵᠢᠯᠲᠠ ᠣᠯᠵᠠᠢ᠂ ᠡᠭᠦᠨ᠎ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠤᠢ?
ᠵᠠᠩ ᠰᠢᠶᠣᠤ ᠮᠢᠩ᠄
ᠮᠠᠨ᠎ᠤ ᠬᠤᠲᠠ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠬᠤᠲᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ᠎ᠤ ᠰᠢᠢᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠵᠢᠷᠭᠤᠭ᠋ᠠᠨ ᠲᠥᠢ᠍ᠯᠤᠨ ᠣᠨᠤᠪᠴᠢᠲᠠᠢ》 《ᠲᠠᠪᠤᠨ ᠨᠢᠭᠡ ᠪᠦᠯᠦᠭ》᠎ᠤᠨ ᠱᠠᠭ᠋ᠠᠷᠳᠠᠯᠭ᠎ᠠ ᠵᠢ ᠭᠦᠨᠵᠡᠭᠡᠶ ᠨᠠᠢ᠌ᠳᠠᠪᠤᠷᠢᠵᠢᠭᠤᠯᠤᠨ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠳᠠᠯᠠᠵᠤ᠂ ᠭᠣᠣᠯᠳᠠᠯᠭ᠎ᠠ᠎ᠲᠠᠢ ᠬᠦᠷᠢᠶ᠎ᠡ ᠪᠣᠯᠣᠨ ᠪᠠᠭᠤᠷᠠᠶ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠦᠢ᠍ᠯᠡᠳᠪᠦᠷᠢᠯᠡᠯ᠎ᠢ ᠬᠥᠭᠵᠢᠭᠦᠯᠬᠦ᠂ ᠣᠨᠳᠣᠤ ᠭᠠᠵᠠᠷ᠎ᠲᠤ ᠨᠡᠭᠦᠯᠭᠡᠬᠦ᠂ ᠠᠮᠢ ᠠᠬᠤᠶ ᠵᠢᠨ ᠨᠥᠬᠥᠪᠥᠷᠢ ᠣᠯᠭᠣᠬᠤ᠂ ᠰᠤᠷᠭ᠋ᠠᠨ ᠬᠥᠮᠦᠵᠢᠯ᠎ᠢ ᠬᠥᠭᠵᠢᠭᠦᠯᠬᠦ᠂ ᠨᠡᠶ᠋ᠢᠭᠡᠮ᠎ᠤᠨ ᠪᠠᠲᠤᠯᠠᠭ᠎ᠠ᠎ᠪᠠᠷ ᠳᠠᠭ᠋ᠠᠭ᠋ᠠᠨ ᠪᠠᠲᠤᠯᠠᠬᠤ》 ᠲᠠᠪᠤᠨ ᠶᠡᠬᠡ ᠭᠠᠷᠳᠠᠴᠠ ᠵᠢ ᠴᠢᠩᠭ᠎ᠠ ᠠᠳᠬᠤᠵᠤ᠂ ᠲᠦᠢ᠍ᠯ᠎ᠤᠨ ᠣᠨᠤᠪᠴᠢᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠦᠢ᠍ᠯ᠎ᠤᠨ ᠣᠨᠤᠪᠴᠢᠲᠠᠢ᠎ᠪᠠᠷ ᠳᠥᠯᠭᠢᠨ ᠠᠬᠢᠭᠤᠯᠵᠤ᠂ ᠲᠦᠢ᠍ᠯ᠎ᠤᠨ ᠣᠨᠤᠪᠴᠢᠲᠠᠢ᠎ᠪᠠᠷ ᠪᠣᠳᠠᠲᠠᠢ᠌ᠵᠢᠭᠤᠯᠪᠠ᠃ ᠨᠢᠭᠡ᠎ᠳᠤ ᠦᠢ᠍ᠯᠡᠳᠪᠦᠷᠢᠯᠡᠯ᠎ᠢ ᠬᠥᠭᠵᠢᠭᠦᠯᠦᠨ ᠶᠠᠳᠠᠭᠤ ᠵᠢ ᠲᠡᠳᠬᠦᠬᠦ᠎ᠪᠠᠷ ᠭᠣᠤᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠡᠷᠦᠭᠡ ᠪᠦᠷᠢ᠎ᠳᠤ ᠣᠷᠣᠯᠭ᠎ᠠ᠎ᠪᠠᠨ ᠨᠡᠮᠡᠭᠳᠡᠭᠦᠯᠬᠦ ᠲᠦᠷᠦᠯ ᠵᠦᠢ᠍ᠯ᠎ᠲᠠᠢ᠂ ᠬᠥᠮᠦᠨ ᠪᠦᠬᠦᠨ᠎ᠳᠤ ᠶᠠᠳᠠᠭᠤ᠎ᠠᠴᠠ ᠠᠩᠭᠢᠵᠢᠷᠠᠬᠤ ᠠᠷᠭ᠎ᠠ ᠵᠠᠮ᠎ᠲᠠᠢ ᠪᠠᠢ᠌ᠬᠤ ᠵᠢ ᠴᠢᠷᠮᠠᠶ᠋ᠢᠨ ᠪᠡᠶᠡᠯᠡᠭᠦᠯᠪᠡ᠃ ᠬᠣᠶᠠᠷ᠎ᠲᠤ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ᠎ᠪᠠᠷ ᠴᠢᠬᠤᠯᠠ ᠨᠥᠬᠥᠪᠥᠷᠢ ᠪᠣᠯᠭ᠋ᠠᠵᠤ᠂ ᠨᠡᠭᠦᠯᠭᠡᠵᠦ ᠭᠠᠷᠭ᠋ᠠᠬᠤ᠂ ᠲᠣᠭᠲᠠᠭᠤᠨ ᠪᠠᠶ᠋ᠢᠯᠭ᠋ᠠᠬᠤ᠂ ᠪᠠᠶᠠᠵᠢᠭᠤᠯᠬᠤ ᠵᠢ ᠦᠨᠡᠨ ᠬᠦ᠌ ᠪᠠᠲᠤᠯᠠᠨ᠂ ᠤᠯᠠᠨ ᠲᠦᠮᠡᠨ᠎ᠤ ᠰᠠᠢ᠌ᠨ ᠳᠤᠷ᠎ᠠ ᠵᠢᠨ ᠰᠠᠭᠤᠷᠢᠨ ᠳᠡᠭᠡᠷ᠎ᠡ᠂ ᠨᠡᠭᠦᠯᠭᠡᠬᠦ ᠠᠷᠠᠳ ᠢᠷᠭᠡᠳ᠎ᠢ ᠲᠦᠢ᠍ᠯ᠎ᠤᠨ ᠣᠨᠤᠪᠴᠢᠲᠠᠢ᠎ᠪᠠᠷ ᠲᠣᠭᠲᠠᠭ᠋ᠠᠵᠤ᠂ ᠲᠥᠪᠬᠢᠨᠡᠭᠦᠯᠬᠦ ᠠᠷᠭ᠎ᠠ ᠮᠠᠶᠢᠭ᠎ᠢ᠎ᠨᠢ ᠴᠢᠯᠥᠭᠡᠲᠡᠶ ᠰᠣᠩᠭᠣᠭᠤᠯᠦᠨ᠂ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ᠎ᠨᠢ ᠦᠨᠡᠨ ᠬᠦ᠌ ᠰᠠᠢ᠌ᠵᠢᠷᠠᠭᠤᠯᠪᠠ᠃ ᠭᠤᠷᠪᠠ᠎ᠳᠤ ᠠᠮᠢ ᠠᠬᠤᠶ ᠵᠢᠨ ᠨᠥᠬᠥᠪᠥᠷᠢ ᠣᠯᠭᠣᠨ ᠶᠠᠳᠠᠭᠤ ᠵᠢ ᠲᠡᠳᠬᠦᠬᠦ᠎ᠪᠠᠷ ᠬᠠᠮᠲᠤ᠎ᠪᠠᠷ ᠠᠰᠢᠭ ᠭᠥᠷᠳᠡᠬᠦ ᠵᠢᠨ ᠠᠷᠭ᠎ᠠ ᠪᠤᠳᠤᠯᠭ᠎ᠠ ᠪᠣᠯᠭ᠋ᠠᠨ᠂ ᠬᠥᠳᠡᠯᠮᠦᠷᠢᠯᠡᠬᠦ ᠴᠢᠳᠠᠪᠤᠷᠢ᠎ᠲᠠᠢ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠠᠮᠢ ᠠᠬᠤᠶ᠎ᠪᠠᠷ ᠠᠵᠢᠯ ᠣᠯᠭᠣᠵᠣ᠂ ᠠᠮᠢ ᠠᠬᠤᠶ ᠵᠢᠨ ᠣᠷᠴᠢᠨ ᠲᠣᠭᠣᠷᠢᠨ᠎ᠤ ᠪᠠᠶ᠋ᠢᠭᠤᠯᠤᠯᠲᠠ ᠵᠢ ᠰᠠᠢ᠌ᠵᠢᠷᠠᠭᠤᠯᠤᠭᠰᠠᠨ ᠮᠥᠷᠲᠡᠭᠡᠨ ᠪᠠᠰᠠ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠠᠵᠢᠯ ᠣᠯᠭᠣᠨ ᠣᠷᠣᠯᠭ᠎ᠠ ᠵᠢ᠎ᠨᠢ ᠨᠡᠮᠡᠭᠳᠡᠭᠦᠯᠪᠡ᠃ ᠲᠦᠷᠪᠡ᠎ᠳᠤ ᠰᠤᠷᠭ᠋ᠠᠨ ᠬᠥᠮᠦᠵᠢᠯ᠎ᠢ ᠬᠥᠭᠵᠢᠭᠦᠯᠦᠨ ᠶᠠᠳᠠᠭᠤ ᠵᠢ ᠲᠡᠳᠬᠦᠬᠦ᠎ᠪᠠᠷ ᠦᠨᠳᠦᠰᠦᠨ ᠪᠣᠳᠤᠯᠭ᠎ᠠ ᠪᠣᠯᠭ᠋ᠠᠵᠤ᠂ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢᠨ ᠦᠷ᠎ᠡ ᠬᠡᠦᠬᠡᠳ᠎ᠨᠢ ᠴᠥᠮ ᠰᠠᠢ᠌ᠨ ᠰᠠᠶ᠋ᠢᠬᠠᠨ ᠰᠠᠭᠤᠷᠢ ᠰᠤᠷᠭ᠋ᠠᠨ ᠬᠥᠮᠦᠵᠢᠯ ᠬᠦᠷᠲᠡᠬᠦ ᠵᠢ ᠦᠨᠡᠨ ᠬᠦ᠌ ᠪᠠᠲᠤᠯᠠᠨ᠂ ᠠᠵᠢᠯ ᠣᠯᠬᠤ ᠪᠠ ᠠᠳᠠᠯ ᠦᠢ᠍ᠯᠡᠰ ᠴᠣᠭᠴᠠᠯᠠᠬᠤ ᠴᠢᠳᠠᠪᠤᠷᠢ᠎ᠲᠠᠢ ᠪᠣᠯᠭ᠋ᠠᠵᠤ᠂ ᠦᠶ᠎ᠡ ᠤᠯᠠᠷᠢᠨ ᠶᠠᠳᠠᠭᠤᠷᠠᠬᠤ ᠵᠢ ᠲᠠᠰᠤᠳᠠᠪᠠ᠃ ᠲᠠᠪᠤ᠎ᠳᠤ ᠨᠡᠶ᠋ᠢᠭᠡᠮ᠎ᠤᠨ ᠪᠠᠲᠤᠯᠠᠭ᠎ᠠ᠎ᠪᠠᠷ ᠬᠦᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠬᠥᠮᠦᠨ ᠠᠮᠠ ᠵᠢᠨ ᠦᠨᠳᠦᠰᠦᠨ ᠠᠮᠢᠳᠤᠷᠠᠯ᠎ᠢ ᠳᠠᠭ᠋ᠠᠭ᠋ᠠᠨ ᠪᠠᠲᠤᠯᠠᠵᠤ᠂ ᠬᠥᠳᠡᠭᠡ ᠲᠣᠰᠬᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠲᠦᠷᠢᠮ᠎ᠢ ᠪᠦᠷᠢᠨᠰᠢᠭᠦᠯᠦᠨ᠂ ᠠᠵᠤ ᠦᠢ᠍ᠯᠡᠰ ᠵᠶ᠋ᠡᠷ ᠲᠡᠳᠬᠦᠬᠦ ᠪᠠ ᠠᠵᠢᠯ ᠣᠯᠭᠣᠨ ᠬᠠᠪᠰᠤᠷᠬᠤ᠎ᠳᠤ ᠲᠦᠰᠢᠭᠯᠡᠨ ᠶᠠᠳᠠᠭᠤ᠎ᠠᠴᠠ ᠠᠩᠭᠢᠵᠢᠷᠠᠭᠤᠯᠬᠤ ᠵᠢᠨ ᠠᠷᠭ᠎ᠠ ᠦᠭᠡᠢ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ᠎ᠲᠠᠢ ᠭᠡᠷ ᠪᠦᠯᠢ᠎ᠳᠤ ᠲᠦᠷᠦ ᠵᠢᠨ ᠪᠤᠳᠤᠯᠭ᠎ᠠ ᠵᠢᠨ ᠴᠢᠨᠠᠷᠲᠠᠶ ᠪᠠᠲᠤᠯᠠᠭ᠎ᠠ ᠵᠢ ᠬᠡᠷᠡᠭᠵᠢᠭᠦᠯᠪᠡ᠃
ᠬᠥᠲᠥᠯᠥᠭᠴᠢ᠄
ᠬᠥᠳᠡᠭᠡ ᠠᠵᠤ ᠠᠬᠤᠶ ᠵᠢᠨ ᠵᠥᠪᠯᠡᠯ᠎ᠤᠨ ᠡᠭᠦᠷᠭᠡᠯᠡᠵᠦ ᠪᠠᠢ᠌ᠭ᠎ᠠ ᠨᠦᠭᠦᠭᠡ ᠨᠢᠭᠡ ᠭᠣᠣᠯ ᠠᠵᠢᠯ᠎ᠨᠢ ᠰᠢᠨ᠎ᠡ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠬᠤ ᠠᠵᠢᠯ ᠪᠣᠯᠣᠨ᠎ᠠ᠂ ᠲᠡᠭᠡᠪᠡᠯ 2016 ᠣᠨ᠎ᠳᠤ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠲᠠᠯ᠎ᠠ᠎ᠪᠠᠷ ᠪᠠᠰᠠ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠤᠢ?
ᠵᠠᠩ ᠰᠢᠶᠣᠤ ᠮᠢᠩ᠄
ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠲᠠᠯ᠎ᠠ᠎ᠪᠠᠷ᠂ 2016 ᠣᠨ᠎ᠳᠤ ᠪᠥᠬᠥ ᠬᠣᠲᠠ 129.9 ᠳ᠋ᠥᠩᠰᠢᠭᠤᠷ ᠲᠥᠭᠥᠷᠢᠭ᠎ᠤᠨ ᠪᠡᠯᠨ ᠣᠷᠤᠭᠤᠯᠵᠤ᠂ 1400 ᠭᠠᠴᠠᠭ᠎ᠠ ᠵᠢᠨ ᠬᠥᠳᠡᠭᠡ ᠲᠣᠰᠬᠣᠨ᠎ᠤ ᠰᠠᠭᠤᠷᠢ ᠪᠡᠯᠡᠳᠬᠡᠮᠵᠢ ᠵᠢᠴᠢ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠪᠡ᠃ ᠬᠣᠲᠠ ᠵᠢᠨ ᠡᠳ᠋᠎ᠤᠨ ᠵᠠᠰᠠᠭ 2000 ᠲᠦᠮᠡᠨ ᠲᠥᠭᠥᠷᠢᠭ᠎ᠤᠨ ᠨᠥᠬᠥᠪᠥᠷᠢ ᠮᠦᠩᠭᠥ ᠪᠠᠭᠤᠯᠭ᠋ᠠᠵᠤ᠂ ᠡᠯ᠎ᠡ ᠬᠣᠰᠢᠭᠤ ᠰᠢᠶᠠᠨ ᠲᠣᠭᠣᠷᠢᠭ 7658 ᠲᠦᠮᠡᠨ ᠲᠥᠭᠥᠷᠢᠭ ᠢᠵᠢ ᠪᠦᠷᠢᠳᠦᠭᠦᠯᠵᠦ᠂ ᠬᠥᠳᠡᠭᠡ ᠲᠣᠰᠬᠣᠨ᠎ᠤ ᠬᠥᠮᠦᠰ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠴᠢᠩᠭ᠎ᠠ ᠠᠳᠬᠤᠵᠤ᠂ ᠡᠯ᠎ᠡ ᠭᠠᠵᠠᠷ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠰᠤᠮᠤ (ᠪᠠᠯᠭ᠋ᠠᠰᠤ) ᠭᠠᠴᠠᠭ᠎ᠠ ᠵᠢᠨ ᠬᠠᠮᠢᠶᠠᠷᠬᠤ᠂ ᠬᠤᠳᠠ ᠬᠥᠳᠡᠭᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠡᠷᠡᠭᠦᠯ ᠬᠠᠮᠠᠭ᠋ᠠᠯᠠᠯ᠎ᠢ ᠨᠢᠭᠡ ᠴᠣᠭᠴᠠᠵᠢᠭᠤᠯᠬᠤ᠂ ᠵᠠᠰᠠᠭ᠎ᠤᠨ ᠣᠷᠳᠣᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠬᠥᠳᠡᠭᠡ ᠲᠣᠰᠬᠣᠨ᠎ᠤ ᠣᠷᠣᠰᠢᠨ ᠰᠠᠭᠤᠬᠤ ᠣᠷᠴᠢᠨ ᠨᠥᠬᠥᠴᠡᠯ᠎ᠤᠨ ᠤᠷᠳᠤ ᠬᠤᠭᠤᠴᠠᠭ᠋ᠠᠨ᠎ᠤ ᠪᠥᠳᠥᠮᠵᠢᠳᠤ ᠬᠠᠮᠢᠶᠠᠷᠤᠯᠲᠠ ᠵᠢᠨ ᠭᠤᠷᠪᠠᠨ ᠵᠦᠢ᠍ᠯ᠎ᠤᠨ ᠬᠡᠪ ᠵᠠᠭᠪᠤᠷ᠎ᠢ ᠰᠦᠪᠡᠭᠴᠢᠯᠡᠨ ᠪᠦᠷᠢᠯᠳᠦᠭᠦᠯᠵᠦ᠂ ᠦᠨᠳᠦᠰᠦᠨ ᠠᠳᠠᠯ ᠠᠬᠤᠶ ᠵᠢᠨ ᠬᠠᠮᠢᠶᠠᠷᠤᠯᠲᠠ ᠵᠢ ᠪᠡᠶᠡᠯᠡᠭᠦᠯᠵᠦ᠂ ᠠᠶ᠋ᠢᠯ ᠲᠣᠰᠬᠣᠨ᠎ᠤ ᠳᠦᠷᠰᠦ ᠪᠠᠶ᠋ᠢᠳᠠᠯ᠎ᠢ ᠡᠷᠴᠢᠮᠲᠡᠢ ᠰᠠᠶ᠋ᠢᠵᠢᠷᠠᠭᠤᠯᠵᠦ᠂ ᠨᠡᠶ᠋ᠢᠭᠡᠮ ᠵᠢᠷᠤᠮᠲᠤ ᠰᠢᠨ᠎ᠡ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠦᠨ ᠴᠢᠩᠭ᠋ᠠᠳᠬᠠᠪᠠ᠃
ᠬᠥᠲᠥᠯᠥᠭᠴᠢ᠄
2016 ᠣᠨ ᠨᠢᠭᠡᠨᠲᠡ ᠥᠩᠭᠡᠷᠡᠪᠡ᠂ ᠣᠳᠣ ᠲᠠ 2017 ᠣᠨ᠎ᠳᠤ ᠬᠥᠬᠡᠬᠣᠲᠠ ᠵᠢᠨ ᠬᠥᠳᠡᠭᠡ ᠠᠵᠤ ᠠᠬᠤᠶ ᠵᠢᠨ ᠵᠥᠪᠯᠡᠯ ᠪᠠᠰᠠ ᠶᠠᠮᠠᠷ ᠶᠠᠮᠠᠷ ᠭᠣᠣᠯᠳᠠᠯᠭ᠎ᠠ᠎ᠲᠠᠢ ᠠᠵᠢᠯ᠎ᠢ ᠪᠡᠶᠡᠯᠡᠭᠦᠯᠬᠦ ᠭᠡᠵᠦ ᠪᠠᠢ᠌ᠭ᠎ᠠ᠎ᠪᠠᠨ ᠲᠠᠨᠢᠯᠴᠠᠭᠤᠯᠤᠭ᠋ᠠᠳ ᠥᠭᠭᠦᠨ᠎ᠡ ᠤᠤ?
ᠵᠠᠩ ᠰᠢᠶᠣᠤ ᠮᠢᠩ᠄
2017 ᠣᠨ᠎ᠳᠤ᠂ ᠬᠤᠳᠠ ᠵᠢᠨ ᠬᠥᠳᠡᠭᠡ ᠠᠵᠤ ᠠᠬᠤᠶ ᠵᠢᠨ ᠵᠥᠪᠯᠡᠯ᠎ᠨᠢ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠ᠂ ᠳᠥᠷᠪᠡ᠂ ᠲᠠᠪᠤ᠂ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ ᠬᠡᠯᠡᠭᠰᠡᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ ᠬᠣᠲᠠ ᠵᠢᠨ ᠠᠷᠪᠠᠨ ᠬᠣᠶᠠᠳᠤᠭ᠋ᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠬᠤᠳᠠ ᠵᠢᠨ ᠨᠠᠮ᠎ᠤᠨ ᠬᠣᠷᠢᠶ᠎ᠠ ᠵᠢᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠪᠥᠬᠥ ᠬᠣᠲᠠ ᠵᠢᠨ ᠬᠥᠳᠡᠭᠡ ᠲᠣᠰᠬᠣᠨ᠎ᠤ ᠠᠵᠢᠯ ᠵᠢᠴᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠤᠭ᠋ᠠᠷ᠂ ᠭᠣᠣᠯᠳᠠᠭᠤ ᠳᠣᠣᠷᠠᠬᠢ ᠲᠦᠷᠪᠡᠨ ᠲᠠᠯ᠎ᠠ ᠵᠢᠨ ᠠᠵᠢᠯ᠎ᠢ ᠨᠠᠶ᠋ᠢᠳᠠᠪᠤᠷᠢᠵᠢᠭᠤᠯᠣᠨ᠎ᠠ᠄ ᠨᠢᠭᠡ᠎ᠳᠤ ᠪᠥᠬᠥ ᠬᠣᠲᠠ ᠵᠢᠨ ᠦᠯᠡᠳᠡᠵᠦ ᠪᠠᠢ᠌ᠭ᠎ᠠ ᠬᠥᠳᠡᠭᠡ ᠲᠣᠰᠬᠣᠨ᠎ᠤ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ᠎ᠲᠠᠢ 7994 ᠬᠥᠮᠦᠨ ᠠᠮᠠ ᠵᠢ ᠪᠦᠬᠦᠨ᠎ᠢ ᠶᠠᠳᠠᠭᠤ᠎ᠠᠴᠠ᠎ᠨᠢ ᠠᠩᠭᠢᠵᠢᠷᠠᠭᠤᠯᠵᠤ᠂ ᠦᠴᠦᠸᠠᠨ ᠰᠢᠶᠠᠨ᠂ ᠴᠢᠩ ᠱᠦᠢ ᠾᠧ ᠰᠢᠶᠠᠨ᠎ᠤ ᠶᠠᠳᠠᠭᠤ ᠮᠠᠯᠠᠭ᠋ᠠᠢ ᠵᠢ᠎ᠨᠢ ᠠᠮᠵᠢᠯᠲᠠ᠎ᠲᠠᠢ᠎ᠪᠠᠷ ᠲᠠᠶᠠᠭᠳᠠᠭᠤᠯᠤᠨ᠎ᠠ; ᠬᠣᠶᠠᠷ᠎ᠲᠤ ᠭᠤᠷᠪᠠᠨ ᠵᠢᠯ᠎ᠤᠨ ᠲᠤᠷᠰᠢ ᠬᠡᠷᠡᠭᠵᠢᠭᠦᠯᠦᠭᠰᠡᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠦᠲᠦᠭᠡᠨ ᠪᠠᠶ᠋ᠢᠭᠤᠯᠤᠯᠲᠠ ᠵᠢᠨ 2172 ᠢᠨᠵᠸᠨ᠋ᠸᠷᠢᠩ᠎ᠢ ᠤᠯᠠᠮ ᠨᠢᠭᠡ ᠠᠯᠬᠤᠮ ᠪᠠᠢ᠌ᠴᠠᠭ᠋ᠠᠨ ᠨᠥᠬᠥᠪᠥᠷᠢᠯᠡᠵᠦ᠂ ᠤᠯᠠᠨ ᠨᠡᠶ᠋ᠢᠲᠡ ᠵᠢᠨ ᠪᠦᠲᠦᠭᠡᠨ ᠪᠠᠶ᠋ᠢᠭᠤᠯᠤᠯᠲᠠ ᠵᠢ ᠪᠦᠷᠢᠨᠰᠢᠭᠦᠯᠦᠨ᠎ᠡ; 2172 ᠭᠠᠴᠠᠭ᠎ᠠ ᠲᠣᠰᠬᠣᠨ᠎ᠢ ᠬᠠᠮᠢᠶᠠᠷᠴᠤ ᠬᠠᠮᠠᠭ᠋ᠠᠯᠠᠬᠤ ᠬᠡᠪᠴᠢᠶᠡᠨ᠎ᠳᠤ ᠣᠷᠣᠭᠤᠯᠵᠤ᠂ 《ᠰᠤᠮᠤ (ᠪᠠᠯᠭ᠋ᠠᠰᠤ) ᠭᠠᠴᠠᠭ᠎ᠠ ᠬᠠᠮᠢᠶᠠᠷᠬᠤ》᠂ 《ᠬᠤᠳᠠ ᠬᠥᠳᠡᠭᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠡᠷᠡᠭᠦᠯ ᠬᠠᠮᠠᠭ᠋ᠠᠯᠠᠯ᠎ᠢ ᠨᠢᠭᠡ ᠴᠣᠭᠴᠠᠵᠢᠭᠤᠯᠬᠤ》᠂ ᠵᠠᠰᠠᠭ᠎ᠤᠨ ᠣᠷᠳᠣᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠭᠤᠷᠪᠠᠨ ᠵᠦᠢ᠍ᠯ᠎ᠤᠨ ᠬᠠᠮᠢᠶᠠᠷᠤᠯᠲᠠ ᠵᠢᠨ ᠵᠠᠭᠪᠤᠷ᠎ᠢ ᠭᠦᠨᠵᠡᠭᠡᠢ ᠲᠥᠯᠬᠢᠨ ᠠᠬᠢᠭᠤᠯᠤᠨ᠎ᠠ; ᠭᠤᠷᠪᠠ᠎ᠳᠤ ᠰᠠᠭᠤᠷᠢ᠎ᠲᠠᠢ᠂ ᠥᠪᠡᠷᠮᠢᠴᠡ ᠣᠨᠴᠠᠯᠢᠭ᠎ᠲᠠᠢ᠂ ᠨᠥᠭᠡᠴᠡ ᠬᠦᠴᠦᠨ᠎ᠲᠠᠢ ᠠᠵᠤ ᠦᠢ᠍ᠯᠡᠰ᠎ᠤᠨ ᠲᠣᠭᠣᠷᠢᠨ᠎ᠳᠤ᠂ ᠵᠢᠱ᠌ᠢᠶ᠎ᠡ ᠦᠵᠡᠭᠦᠯᠬᠦ ᠰᠢᠨ᠎ᠡ ᠬᠥᠳᠡᠭᠡ ᠲᠣᠰᠬᠣᠨ᠎ᠢ 100 ᠪᠠᠶ᠋ᠢᠭᠤᠯᠵᠤ᠂ ᠰᠢᠨ᠎ᠡ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠬᠤᠷᠳᠤᠴᠠ ᠳᠡᠰ᠎ᠢ ᠳᠡᠭᠡᠭᠰᠢᠯᠡᠭᠦᠯᠬᠦ ᠵᠢ ᠲᠥᠯᠬᠢᠨ ᠠᠬᠢᠭᠤᠯᠤᠨ᠎ᠠ; ᠲᠦᠷᠪᠡ᠎ᠳᠤ 2016 ᠣᠨ᠎ᠤ ᠠᠷᠠᠳ᠎ᠢ ᠰᠢᠯᠵᠢᠭᠦᠯᠦᠨ ᠨᠡᠭᠦᠯᠭᠡᠭᠰᠡᠨ ᠠᠵᠢᠯ᠎ᠤᠨ ᠰᠠᠭᠤᠷᠢᠨ ᠳᠡᠭᠡᠷ᠎ᠡ᠂ 1124 ᠭᠠᠴᠠᠭ᠎ᠠ ᠲᠤᠰᠬᠤᠨ᠎ᠤ ᠠᠷᠠᠳ᠎ᠢ ᠰᠢᠯᠵᠢᠭᠦᠯᠦᠨ ᠨᠡᠭᠦᠯᠭᠡᠬᠦ ᠡᠭᠦᠷᠭᠡ ᠵᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠵᠤ᠂ ᠵᠢᠯ᠎ᠤᠨ ᠳᠣᠲᠣᠷ᠎ᠠ 557 ᠭᠠᠴᠠᠭ᠎ᠠ ᠲᠤᠰᠬᠤᠨ 20944 ᠠᠢ᠌ᠯ ᠡᠷᠦᠬᠡ 56660 ᠬᠥᠮᠦᠨ᠎ᠢ ᠰᠢᠯᠵᠢᠭᠦᠯᠦᠨ ᠨᠡᠭᠦᠯᠭᠡᠬᠦ ᠡᠭᠦᠷᠭᠡ ᠵᠢ ᠪᠡᠶᠡᠯᠡᠭᠦᠯᠵᠦ᠂ ᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠠᠷᠠᠳ᠎ᠢ ᠨᠡᠭᠦᠯᠭᠡᠬᠦ ᠶᠠᠪᠤᠴᠠ᠎ᠳᠤ ᠦᠴᠦᠸᠠᠨ ᠰᠢᠶᠠᠨ᠎ᠤ 45.9 ᠲᠦᠮᠡᠨ ᠮᠦ᠍᠂ ᠴᠢᠩ ᠱᠦᠢ ᠾᠧ ᠰᠢᠶᠠᠨ᠎ᠤ 8.4 ᠲᠦᠮᠡᠨ ᠮᠦ᠍ ᠭᠠᠵᠠᠷ ᠰᠢᠷᠣᠶ ᠵᠢ ᠡᠷᠭᠢᠯᠳᠦᠭᠦᠯᠬᠦ ᠠᠵᠢᠯ᠎ᠢ ᠰᠠᠶ᠋ᠢᠲᠤᠷ ᠬᠢᠨ᠎ᠡ᠃
ᠬᠥᠲᠥᠯᠥᠭᠴᠢ᠄
《ᠬᠥᠮᠦᠨ᠎ᠢ ᠶᠠᠳᠠᠭᠤ᠎ᠠᠴᠠ ᠠᠩᠭᠢᠵᠢᠷᠠᠭᠤᠯᠵᠤ ᠬᠣᠰᠢᠭᠤ ᠰᠢᠶᠠᠨ᠎ᠢ ᠶᠠᠳᠠᠭᠤ ᠨᠡᠷ᠎ᠡ᠎ᠠᠴᠠ ᠰᠠᠯᠭ᠋ᠠᠬᠤ》 ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠡᠨᠡ ᠵᠢᠯ ᠶᠠᠮᠠᠷ ᠶᠠᠮᠠᠷ ᠬᠡᠪ᠎ᠠᠴᠠ ᠳᠠᠪᠠᠭᠰᠠᠨ ᠠᠷᠭ᠎ᠠ ᠬᠡᠮᠵᠢᠶ᠎ᠡ ᠠᠪᠬᠤ ᠭᠡᠵᠦ ᠪᠠᠢ᠌ᠭ᠎ᠠ ᠪᠤᠢ?
ᠵᠠᠩ ᠰᠢᠶᠣᠤ ᠮᠢᠩ᠄
ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠲᠠᠯ᠎ᠠ᠎ᠪᠠᠷ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠠᠵᠢᠯ᠎ᠢ ᠦᠷᠭᠦᠯᠵᠢᠯᠡᠨ 《ᠠᠷᠠᠳ᠎ᠤᠨ ᠠᠮᠢᠳᠤᠷᠠᠯ᠎ᠤᠨ ᠲᠦᠷᠦᠭᠦᠦ ᠢᠨᠵᠧᠨᠧᠷᠢᠩ》 ᠪᠣᠯᠭ᠋ᠠᠵᠤ᠂ 《ᠬᠣᠶᠠᠷ ᠶᠠᠪᠤᠳᠠᠯ᠎ᠳᠤ ᠰᠠᠨᠠᠭ᠎ᠠ ᠵᠣᠪᠠᠬᠤ ᠦᠭᠡᠢ ᠪᠣᠯᠭ᠋ᠠᠬᠤ᠂ ᠭᠤᠷᠪᠠ ᠵᠢ ᠪᠠᠲᠤᠯᠠᠬᠤ》 ᠬᠠᠷᠠᠯᠲᠠ ᠪᠣᠯᠤᠨ 《ᠵᠢᠷᠭᠤᠭ᠋ᠠᠨ ᠲᠤᠢ᠌ᠯ᠎ᠤᠨ ᠣᠨᠣᠪᠴᠢᠲᠠᠢ ᠪᠠᠶ᠋ᠢᠬᠤ》᠂ 《ᠲᠠᠪᠤᠨ ᠨᠢᠭᠡ ᠪᠦᠯᠦᠭ》᠎ᠤᠨ ᠱᠠᠭ᠋ᠠᠷᠳᠠᠯᠭ᠎ᠠ ᠵᠢᠨ ᠲᠣᠭᠤᠷᠢᠨ᠎ᠳᠤ᠂ ᠬᠡᠪ᠎ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠮᠠᠨ᠎ᠤ ᠬᠤᠳᠠ ᠵᠢᠨ 5 ᠬᠣᠰᠢᠭᠤ ᠰᠢᠶᠠᠨ 4008 ᠡᠷᠦᠬᠡ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ 7994 ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠵᠢ ᠪᠠᠲᠤᠯᠠᠵᠤ᠂ ᠴᠢᠩ ᠱᠦᠢ ᠾᠧ ᠰᠢᠶᠠᠨ᠂ ᠦᠴᠦᠸᠠᠨ ᠰᠢᠶᠠᠨ᠎ᠢ ᠶᠠᠳᠠᠭᠤ ᠨᠡᠷ᠎ᠡ᠎ᠠᠴᠠ᠎ᠨᠢ ᠠᠩᠭᠢᠵᠢᠷᠠᠭᠤᠯᠬᠤ ᠵᠢ ᠦᠨᠡᠨᠬᠦ ᠪᠠᠲᠤᠯᠠᠨ᠎ᠠ᠃ ᠨᠢᠭᠡ ᠳᠤ ᠬᠡᠪ᠎ᠠᠴᠠ ᠳᠠᠪᠠᠭᠰᠠᠨ ᠬᠥᠮᠥᠨ᠎ᠤ ᠬᠦᠴᠦᠨ᠎ᠢ ᠪᠠᠲᠤᠯᠠᠨ᠎ᠠ᠂ ᠤᠳᠤᠷᠢᠳᠬᠤ ᠬᠥᠮᠥᠰ (ᠰᠢᠶᠠᠨ) ᠰᠢᠶᠠᠩ ᠪᠠᠯᠭ᠋ᠠᠰᠤ ᠵᠢ ᠳᠠᠭ᠋ᠠᠭ᠋ᠠᠴᠢᠯᠠᠬᠤ᠂ ᠨᠢᠭᠡᠴᠡ᠎ᠨᠦᠭᠦᠳ ᠲᠣᠰᠬᠣᠨ᠎ᠢ ᠬᠠᠪᠰᠤᠷᠬᠤ᠂ ᠡᠮᠨᠡᠯᠭᠡ ᠵᠢᠨ ᠬᠣᠷᠢᠶ᠎ᠠ ᠰᠤᠷᠭ᠋ᠠᠭᠤᠯᠢ 《ᠬᠣᠣᠰᠯᠠᠯ ᠪᠣᠯᠬᠤ》 ᠶᠠᠳᠠᠭᠤ ᠵᠢ ᠬᠠᠪᠰᠤᠷᠤᠨ ᠲᠡᠳᠬᠦᠬᠦ ᠠᠵᠢᠯ᠎ᠢ ᠥᠷᠭᠦᠯᠵᠢᠯᠡᠨ ᠬᠡᠷᠡᠭᠵᠢᠭᠦᠯᠬᠦ ᠰᠠᠭᠤᠷᠢᠨ ᠳᠡᠭᠡᠷ᠎ᠡ᠂ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠨ᠂ ᠪᠦᠬᠦ ᠬᠣᠲᠠ ᠵᠢᠨ ᠡᠯ᠎ᠡ ᠱᠠᠲᠤᠨ᠎ᠤ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ 《ᠨᠢᠭᠡ᠎ᠳᠤ ᠨᠢᠭᠡ ᠳᠤ ᠳᠠᠭ᠋ᠠᠭ᠋ᠠᠴᠢᠯᠠᠭᠤᠯᠬᠤ》 ᠪᠤᠶᠤ 《ᠣᠯᠠᠭᠤᠯᠠ᠎ᠳᠤ ᠨᠢᠭᠡ ᠵᠢ ᠳᠠᠭ᠋ᠠᠭ᠋ᠠᠴᠢᠯᠠᠭᠤᠯᠬᠤ》 ᠠᠷᠭ᠎ᠠ᠎ᠪᠠᠷ ᠶᠠᠳᠠᠭᠤ ᠬᠦᠴᠢᠷᠳᠡᠯᠲᠡᠢ 25362 ᠬᠥᠮᠥᠨ ᠠᠮᠠ ᠵᠢ ᠬᠣᠣᠰᠯᠠᠯ ᠪᠣᠯᠵᠤ ᠳᠠᠭ᠋ᠠᠭ᠋ᠠᠴᠢᠯᠠᠨ ᠲᠡᠳᠬᠦᠬᠦ ᠰᠠᠭᠤᠷᠢ ᠳᠡᠭᠡᠷ᠎ᠡ᠂ ᠪᠦᠬᠦ ᠬᠤᠲᠠ ᠵᠢᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠵᠢᠯᠣᠭᠣᠳᠬᠤ ᠭᠠᠵᠠᠷ ᠪᠠᠢ᠌ᠭᠤᠯᠤᠨ᠂ ᠬᠣᠰᠢᠭᠤ ᠰᠢᠶᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠬᠢᠨᠠᠨ ᠵᠢᠯᠣᠭᠣᠳᠬᠤ ᠳᠤᠭᠤᠶ᠋ᠢᠯᠠᠩ ᠲᠣᠮᠢᠯᠠᠨ ᠰᠠᠭᠤᠯᠭ᠋ᠠᠵᠤ ᠬᠣᠰᠢᠭᠤ ᠰᠢᠶᠠᠨ᠎ᠤ ᠶᠠᠳᠠᠭᠤ᠎ᠠᠴᠠ᠎ᠨᠢ ᠠᠩᠭᠢᠵᠢᠷᠠᠭᠤᠯᠬᠤ ᠰᠢᠪᠲᠤᠯᠤᠯᠲᠠ ᠵᠢᠨ ᠪᠦᠬᠦ ᠶᠠᠪᠤᠴᠠ᠎ᠳᠤ ᠰᠢᠮᠳᠠᠭᠤᠯᠤᠨ ᠪᠠᠢ᠌ᠴᠠᠭ᠋ᠠᠯᠲᠠ ᠬᠢᠯᠭᠡᠬᠦ ᠪᠠ ᠵᠢᠯᠣᠭᠣᠳᠣᠯᠭ᠎ᠠ ᠬᠢᠯᠭᠡᠵᠦ᠂ ᠶᠠᠳᠠᠭᠤ ᠬᠦᠴᠢᠷᠳᠡᠯᠲᠡᠢ191 ᠲᠣᠰᠬᠣᠨ᠎ᠳᠤ 660 ᠺᠠᠳ᠋ᠷ ᠲᠣᠮᠢᠯᠠᠨ ᠰᠠᠭᠤᠯᠭ᠋ᠠᠵᠤ᠂ ᠺᠠᠳ᠋ᠷᠴᠤᠳ᠎ᠤᠨ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠶᠠᠳᠠᠭᠤ ᠵᠢ ᠲᠡᠳᠬᠦᠬᠦ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠰᠢᠮᠳᠠᠭᠤᠯᠤᠨ ᠪᠠᠢ᠌ᠴᠠᠭ᠋ᠠᠬᠤ ᠵᠢ ᠤᠯᠠᠮ ᠴᠢᠩᠭ᠋ᠠᠳᠬᠠᠨ᠎ᠠ᠃ ᠬᠣᠶᠠᠷ᠎ᠲᠤ ᠬᠡᠪ᠎ᠠᠴᠠ ᠳᠠᠪᠠᠭᠰᠠᠨ ᠰᠢᠨ᠎ᠡ ᠡᠭᠦᠳᠦᠯᠲᠡ ᠵᠢᠨ ᠠᠷᠭ᠎ᠠ ᠬᠡᠮᠵᠢᠶ᠎ᠡ ᠪᠣᠯᠣᠨ᠎ᠠ᠂ 《ᠶᠠᠳᠠᠭᠤ ᠵᠢ ᠲᠡᠳᠬᠦᠬᠦ ᠡᠭᠦᠯᠡ》 ᠲᠠᠪᠴᠠᠩ᠎ᠢ ᠪᠦᠲᠦᠭᠡᠨ ᠪᠠᠶ᠋ᠢᠭᠤᠯᠵᠤ᠂ ᠳᠠᠩᠰᠠ ᠡᠪᠬᠡᠮᠡᠯ ᠪᠠᠶ᠋ᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠵᠢᠨ ᠪᠠᠢ᠌ᠩᠭᠤᠵᠢᠭᠤᠯᠤᠭᠰᠠᠨ᠂ ᠲᠣᠭᠲᠠᠴᠠᠵᠢᠭᠤᠯᠤᠭᠰᠠᠨ᠂ ᠵᠢᠷᠤᠮᠵᠢᠭᠤᠯᠤᠭᠰᠠᠨ᠂ ᠲᠠᠪᠴᠠᠩ᠎ᠳᠤ ᠬᠠᠨᠳᠤᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ; ᠠᠵᠤ ᠦᠢ᠍ᠯᠡᠰᠵᠢᠭᠦᠯᠦᠭᠰᠡᠨ ᠪᠡᠯᠡ ᠮᠥᠩᠭᠥᠨ᠎ᠤ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ; ᠮᠥᠩᠭᠥᠨ ᠭᠦᠢ᠍ᠯᠭᠡᠭᠡᠨ ᠵᠶ᠋ᠠᠷ ᠶᠠᠳᠠᠭᠤ ᠵᠢ ᠲᠡᠳᠬᠦᠵᠦ ᠠᠷᠠᠳ᠎ᠢ ᠪᠠᠶᠠᠵᠢᠭᠤᠯᠬᠤ ᠢᠨᠵᠧᠨᠧᠷᠢᠩ᠎ᠢ ᠪᠥᠬᠥ ᠬᠣᠲᠠ ᠵᠢᠨ 9 ᠬᠣᠰᠢᠭᠤ ᠰᠢᠶᠠᠨ ᠲᠣᠭᠣᠷᠢᠭ᠎ᠲᠤ ᠬᠦᠷᠲᠡᠯ᠎ᠡ ᠥᠷᠭᠡᠵᠢᠭᠦᠯᠦᠨ᠎ᠡ; ᠭᠣᠣᠯᠳᠠᠯᠭ᠎ᠠ᠎ᠲᠠᠢ ᠬᠣᠰᠢᠭᠤ ᠰᠢᠶᠠᠨ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠣᠬᠢᠷᠠᠭᠤᠯᠤᠭᠰᠠᠨ ᠲᠠᠷᠢᠶᠠᠯᠠᠩ᠎ᠳᠤ ᠬᠣᠯᠪᠣᠭᠳᠠᠬᠤ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶ᠋ᠢᠯᠡᠭᠦᠯᠬᠦ᠎ᠳᠤᠨᠢ ᠳᠡᠮᠵᠢᠯᠭᠡ ᠦᠵᠡᠭᠦᠯᠦᠨ᠎ᠡ; ᠡᠷᠡᠭᠦᠯ ᠮᠡᠨᠳᠦ᠎ᠪᠠᠷ ᠶᠠᠳᠠᠭᠤ ᠵᠢ ᠳᠡᠳᠬᠦᠬᠦ ᠰᠠᠭᠤᠷᠢ ᠮᠥᠩᠭᠥ ᠵᠢ ᠪᠠᠢ᠌ᠭᠤᠯᠬᠤ ᠪᠠ ᠳᠠᠭ᠋ᠠᠳᠬᠠᠯ ᠵᠶ᠋ᠠᠷ ᠶᠠᠳᠠᠭᠤ ᠵᠢ ᠲᠡᠳᠬᠦᠬᠦ ᠠᠵᠢᠯ᠎ᠢ ᠠᠬᠢᠭᠤᠯᠤᠨ᠎ᠠ᠃ ᠭᠤᠷᠪᠠ᠎ᠳᠤ ᠬᠡᠪ᠎ᠠᠴᠠ ᠳᠠᠪᠠᠭᠰᠠᠨ ᠲᠡᠭᠦᠯᠳᠡᠷ ᠲᠣᠭᠲᠠᠴᠠ ᠵᠢ ᠪᠠᠢ᠌ᠭᠤᠯᠤᠨ᠎ᠠ᠂ ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠲᠡᠳᠬᠦᠬᠦ ᠠᠵᠢᠯ᠎ᠤᠨ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠬᠥᠳᠡᠯᠦᠩᠭᠦᠶ ᠪᠦᠷᠢᠳᠬᠡᠵᠦ ᠬᠢᠨᠠᠬᠤ ᠵᠢ ᠴᠢᠩᠭ᠋ᠠᠳᠬᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠲᠠᠨᠭ᠌ᠰᠠᠯᠠᠵᠤ ᠺᠠᠷᠲᠯᠠᠬᠤ ᠠᠵᠢᠯ᠎ᠢ ᠦᠷᠭᠦᠯᠵᠢᠯᠡᠨ ᠪᠦᠷᠢᠨᠰᠢᠭᠦᠯᠵᠦ᠂ ᠡᠯ᠎ᠡ ᠬᠣᠰᠢᠭᠤ ᠰᠢᠶᠠᠨ ᠲᠣᠭᠣᠷᠢᠭ᠎ᠤᠨ ᠶᠠᠳᠠᠭᠤ ᠬᠦᠴᠢᠷᠳᠡᠯᠲᠡᠶ ᠬᠥᠮᠦᠨ ᠠᠮᠠ ᠵᠢ ᠢᠯᠭ᠋ᠠᠬᠤ ᠲᠤᠲᠤᠯᠠᠬᠤ ᠪᠠ ᠮᠡᠳᠡᠭᠡ ᠵᠠᠩᠭᠢ ᠵᠢᠨ ᠣᠨᠣᠪᠴᠢ ᠵᠢᠨ ᠬᠡᠮᠵᠢᠶ᠎ᠡ ᠵᠢ ᠪᠦᠬᠦ ᠲᠠᠯ᠎ᠠ᠎ᠪᠠᠷ ᠬᠠᠷᠭᠤᠭᠤᠯᠤᠨ ᠪᠠᠢ᠌ᠴᠠᠭ᠋ᠠᠨ᠎ᠠ᠃ ᠶᠠᠳᠠᠭᠤ ᠬᠦᠴᠢᠷᠳᠡᠯᠲᠡᠢ ᠡᠷᠦᠬᠡ ᠵᠢᠨ ᠶᠠᠳᠠᠭᠤ᠎ᠠᠴᠠ ᠠᠩᠭᠢᠵᠢᠷᠠᠭᠰᠠᠨᠢ ᠮᠠᠭ᠋ᠠᠳᠯᠠᠨ ᠲᠣᠭᠲᠠᠭ᠋ᠠᠬᠤ ᠲᠣᠭᠲᠠᠴᠠ ᠵᠢ ᠪᠠᠶ᠋ᠢᠭᠤᠯᠤᠨ᠂ ᠶᠠᠳᠠᠭᠤ ᠬᠦᠴᠢᠷᠳᠡᠯᠲᠡᠢ ᠰᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠴᠢᠩᠭ᠎ᠠ ᠵᠢᠷᠤᠮᠵᠢᠭᠤᠨ ᠪᠥᠭᠡᠳ ᠢᠯᠡ ᠲᠣᠳᠣᠷᠬᠠᠶ ᠪᠠᠷᠢᠮᠵᠢᠶ᠎ᠠ᠂ ᠳᠡᠰ ᠳᠠᠷᠠᠭ᠋ᠠᠯᠠᠯ᠂ ᠬᠠᠷᠭᠤᠭᠤᠯᠤᠨ ᠪᠠᠶ᠋ᠢᠴᠠᠭ᠋ᠠᠬᠤ ᠠᠷᠭ᠎ᠠ ᠵᠢ ᠲᠣᠭᠲᠠᠭ᠋ᠠᠨ᠎ᠠ᠃ ᠶᠠᠳᠠᠭᠤ ᠵᠢ ᠲᠡᠳᠬᠦᠬᠦ ᠠᠵᠢᠯ᠎ᠤᠨ ᠠᠮᠵᠢᠯᠲᠠ ᠪᠦᠲᠦᠮᠵᠢ᠎ᠳᠤ ᠨᠡᠶ᠋ᠢᠭᠡᠮ᠎ᠠᠴᠠ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠤᠯᠠᠨ ᠲᠦᠮᠡᠨ᠎ᠤ ᠶᠠᠳᠠᠭᠤ ᠵᠢ ᠲᠡᠳᠬᠦᠬᠦ ᠠᠵᠢᠯ᠎ᠳᠠᠬᠢ ᠲᠠᠭ᠋ᠠᠰᠢᠶᠠᠯ᠎ᠤᠨ ᠬᠡᠮᠵᠢᠶ᠎ᠡ ᠵᠢᠨ ᠪᠠᠶ᠋ᠢᠴᠠᠭ᠋ᠠᠯᠲᠠ ᠬᠢᠵᠦ᠂ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠬᠢᠨᠠᠨ ᠪᠤᠳᠤᠬᠤ ᠪᠠ ᠶᠠᠳᠠᠭᠤ ᠵᠢ ᠳᠡᠳᠭᠦᠭᠰᠡᠨ ᠦᠷ᠎ᠡ ᠪᠦᠲᠦᠮᠵᠢ ᠵᠢ ᠭᠤᠷᠪᠠᠳᠤᠭ᠋ᠠᠷ ᠲᠠᠯ᠎ᠠ᠎ᠠᠴᠠ ᠦᠨᠡᠯᠡᠬᠦ ᠲᠣᠭᠲᠠᠴᠠ ᠵᠢ ᠪᠠᠢ᠌ᠭᠤᠯᠤᠨ᠎ᠠ᠃
ᠶᠡᠷᠦᠩᠬᠡᠶ ᠱᠦᠵᠢ ᠰᠢ ᠵᠢᠨ ᠫᠢᠩ 2017 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡᠨ᠎ᠳᠡᠭᠡᠨ 《ᠮᠠᠨ᠎ᠤ 13 ᠳ᠋ᠦᠩᠰᠢᠭᠤᠷ ᠭᠠᠷᠤᠶ ᠠᠷᠠᠳ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠳᠠᠭ ᠶᠤᠮ ᠪᠣᠯ᠂ ᠮᠠᠨ᠎ᠤ ᠨᠠᠮ ᠬᠡᠵᠢᠶ᠎ᠡ ᠡᠭᠦᠷᠢᠳᠡ ᠠᠷᠠᠳ ᠲᠦᠮᠡᠨ᠎ᠤ ᠲᠠᠯ᠎ᠠ᠎ᠳᠤ ᠵᠣᠭᠰᠣᠭ᠋ᠠᠳ᠂ ᠤᠯᠠᠨ ᠵᠶ᠋ᠠᠷ ᠵᠶ᠋ᠠᠨ ᠬᠠᠨᠴᠤᠢ ᠰᠢᠮᠠᠯᠠᠨ ᠴᠢᠷᠮᠠᠢ᠌ᠨ ᠠᠵᠢᠯᠯᠠᠳᠠᠭ ᠯᠡ ᠶᠤᠮ ᠪᠣᠯ᠂ ᠮᠠᠨ᠎ᠤ ᠡᠨᠡ ᠨᠢᠭᠡ ᠦᠶ᠎ᠡ ᠵᠢᠨ ᠬᠥᠮᠦᠨ᠎ᠤ ᠠᠶᠠᠨ ᠤ ᠤᠷᠳᠤ ᠵᠠᠮ᠎ᠢ ᠯᠠᠪᠲᠠᠢ᠌ᠶ᠎ᠠ ᠰᠠᠢ᠌ᠨ ᠠᠶᠠᠯᠠᠵᠤ ᠴᠢᠳᠠᠨ᠎ᠠ》 ᠭᠡᠵᠦ ᠵᠢᠭ᠋ᠠᠵᠤ ᠭᠠᠷᠭ᠋ᠠᠪᠠ᠂ ᠡᠢ᠌ᠮᠦ᠎ᠠᠴᠠ᠂ ᠪᠢᠳᠡ ᠦᠨᠡᠨ ᠰᠡᠳᠬᠢᠯ ᠪᠦᠬᠦ ᠬᠦᠴᠦ᠎ᠪᠠᠷ ᠵᠶ᠋ᠡᠨ᠂ ᠦᠨᠡᠨ ᠪᠤᠳᠠᠲᠠᠢ ᠰᠠᠢ᠌ᠨ ᠰᠤᠷᠴᠤ ᠰᠠᠢ᠌ᠨ ᠠᠳᠬᠤᠵᠤ ᠴᠢᠷᠮᠠᠢ᠌ᠨ ᠠᠵᠢᠯᠯᠠᠵᠤ᠂ ᠶᠠᠳᠠᠭᠤ ᠲᠠᠷᠢᠶᠠᠴᠢᠳ᠎ᠤᠨ ᠭᠣᠣᠯ ᠴᠣᠭᠴᠠ ᠵᠢᠨ ᠦᠢ᠍ᠯᠡᠳᠦᠯ ᠪᠠᠳᠠᠷᠠᠭᠤᠯᠬᠤ ᠵᠢ ᠢᠮᠠᠭᠲᠠ ᠲᠤᠤᠱᠯᠠᠭᠤᠯᠵᠤ᠂ ᠤᠯᠠᠨ ᠲᠦᠮᠡᠨ᠎ᠢ ᠦᠵᠡᠰᠬᠦᠯᠡᠩᠲᠦ ᠰᠠᠶ᠋ᠢᠬᠠᠨ ᠡᠬᠡ ᠨᠤᠲᠤᠭ ᠵᠶ᠋ᠠᠨ ᠪᠦᠲᠦᠭᠡᠨ ᠪᠠᠢ᠌ᠭᠤᠯᠬᠤ᠂ ᠪᠦᠬᠦ ᠲᠠᠯ᠎ᠠ᠎ᠪᠠᠷ ᠴᠢᠨᠡᠭᠡᠯᠢᠭᠵᠢᠬᠦ ᠲᠡᠰᠢ ᠤᠷᠤᠭᠰᠢᠯᠠᠬᠤ ᠭᠣᠣᠯ ᠬᠦᠴᠦᠨ ᠪᠣᠯᠭ᠋ᠠᠵᠤ᠂ ᠪᠦᠬᠦ ᠬᠣᠲᠠ ᠵᠢᠨ ᠡᠯ᠎ᠡ ᠱᠠᠲᠤᠨ᠎ᠤ ᠺᠠᠳ᠋ᠷ ᠤᠯᠠᠨ ᠲᠦᠮᠡᠨ᠎ᠤ ᠬᠦᠴᠦᠨ ᠴᠢᠳᠠᠯ᠎ᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠳᠡᠳᠬᠦᠵᠦ ᠶᠠᠳᠠᠭᠤ᠎ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠬᠤ ᠠᠵᠢᠯ᠎ᠢ ᠭᠦᠨᠵᠡᠭᠡᠢ ᠲᠦᠯᠬᠢᠨ ᠠᠬᠢᠭᠤᠯᠵᠤ᠂ ᠬᠥᠬᠡᠬᠣᠲᠠ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠪᠠ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠪᠣᠢ ᠪᠣᠯᠭ᠋ᠠᠵᠤ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠢ ᠤᠭᠲᠤᠨ᠂ ᠥᠪᠡᠷᠲᠡᠭᠡᠨ ᠵᠠᠰᠠᠬᠤ ᠣᠷᠣᠨ᠎ᠤ 70 ᠵᠢᠯ᠎ᠤᠨ ᠤᠢ᠎ᠳᠤ ᠨᠢᠭᠡ ᠬᠤᠪᠢ ᠬᠠᠨᠤᠮᠵᠢᠲᠠᠶ ᠰᠢᠯᠭ᠋ᠠᠯᠲᠠ ᠵᠢᠨ ᠬᠠᠭᠤᠳᠠᠰᠤ ᠭᠠᠷᠳᠠᠭᠤᠯᠤᠨ᠎ᠠ᠃
ᠬᠥᠲᠥᠯᠥᠭᠴᠢ᠄
ᠵᠠ ᠰᠠᠢ᠌ᠨ ᠪᠣᠯᠣᠯ᠎ᠠ᠂ ᠵᠠᠩ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠃ ᠪᠢᠲᠡ ᠴᠦ᠍ ᠬᠥᠬᠡᠬᠣᠲᠠ ᠵᠢᠨ ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠳᠡᠳᠬᠦᠵᠦ ᠶᠠᠳᠠᠭᠤ᠎ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠡᠯ᠎ᠡ ᠵᠦᠢ᠍ᠯ᠎ᠤᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠵᠠᠩᠭᠢᠯᠠᠭ᠎ᠠ ᠵᠢᠨ ᠢᠯᠠᠯᠲᠠ ᠵᠢ ᠣᠯᠵᠤ᠂ ᠰᠢᠨ᠎ᠡ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠶ ᠵᠣᠯᠭ᠋ᠠᠶ᠎ᠠ!