
ᠰᠤᠷᠪᠤᠯᠵᠢᠯᠠᠭᠰᠠᠨ ᠴᠠᠭ᠄
2017 ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠵᠢᠨ ᠫᠢᠩ
ᠰᠤᠷᠪᠤᠯᠵᠢᠯᠠᠭ᠎ᠠ᠎ᠤᠨ ᠲᠣᠪᠴᠢ ᠲᠠᠨᠢᠯᠴᠠᠭᠤᠯᠭ᠎ᠠ᠄
ᠦᠢ᠍ᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠵᠢᠨ ᠫᠢᠩ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠤ ᠤᠷᠢᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠬᠤ ᠠᠵᠢᠯ᠎ᠤᠨ ᠲᠤᠬᠠᠶ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ ᠪᠣᠯᠤᠨ᠎ᠠ᠃ ᠲᠤᠬᠠᠶ ᠵᠢᠨ ᠴᠠᠭ᠎ᠲᠤ᠂ ᠥᠷᠭᠡᠨ ᠣᠯᠠᠨ ᠰᠦᠯᠵᠢᠶᠡᠨ᠎ᠤ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄
ᠰᠦᠯᠵᠢᠶᠡᠨ ᠠᠨᠳᠠ ᠨᠠᠷ ᠲᠠ ᠪᠦᠬᠦᠨ ᠰᠠᠶ᠋ᠢᠨ ᠪᠠᠢ᠌ᠵᠠᠭ᠋ᠠᠨ᠎ᠠ ᠤᠤ ᠂ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠵᠢᠨ ᠫᠢᠩ᠎ᠢ ᠤᠷᠢᠵᠤ᠂ ᠵᠠᠬᠢᠳᠠᠯ ᠰᠤᠷᠪᠤᠯᠵᠢᠯᠠᠯ ᠵᠢᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠬᠤ ᠠᠵᠢᠯ᠎ᠤᠨ ᠲᠣᠬᠠᠢ ᠥᠷᠭᠡᠨ ᠣᠯᠠᠨ ᠰᠦᠯᠵᠢᠶᠡᠨ ᠠᠨᠳᠠ ᠨᠠᠷ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ ᠪᠣᠯᠣᠯ᠎ᠠ᠃ ᠵᠠᠩ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠵᠠᠩ ᠵᠢᠨ ᠫᠢᠩ᠄
ᠬᠥᠲᠥᠯᠥᠭᠴᠢ ᠰᠠᠶ᠋ᠢᠨ ᠤᠤ᠂ ᠰᠦᠯᠵᠢᠶᠡᠨ ᠨᠠᠶ᠋ᠢᠵᠠ ᠨᠠᠷ ᠲᠠ ᠪᠦᠬᠦᠨ ᠰᠠᠶ᠋ᠢᠨ ᠪᠠᠢ᠌ᠵᠠᠭ᠋ᠠᠨ᠎ᠠ ᠤᠤ! ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ ᠵᠢᠨ ᠲᠠᠪᠴᠠᠩ ᠳᠡᠭᠡᠷ᠎ᠡ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠰᠡᠳᠬᠢᠯ ᠮᠠᠰᠢ ᠶᠡᠬᠡ ᠦᠨᠳᠦᠷ ᠪᠠᠢ᠌ᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠤᠷᠳᠤ ᠬᠤᠭᠤᠴᠠᠭ᠋ᠠᠨ᠎ᠤ ᠲᠤᠷᠰᠢ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠠᠵᠢᠯ᠎ᠳᠤ ᠰᠡᠳᠬᠢᠯ ᠲᠠᠯᠪᠢᠵᠤ ᠲᠡᠮᠵᠢᠯᠭᠡ ᠦᠵᠡᠭᠦᠯᠦᠭᠰᠡᠨ᠎ᠳᠤ ᠮᠠᠰᠢ ᠶᠡᠬᠡ ᠲᠠᠯᠠᠷᠬᠠᠵᠤ ᠪᠠᠢ᠌ᠨ᠎ᠠ!
ᠬᠥᠲᠥᠯᠥᠭᠴᠢ᠄
ᠵᠠᠩ ᠳᠠᠷᠤᠭ᠎ᠠ᠂ 《 ᠨᠠᠷᠠᠨ ᠭᠡᠷᠡᠯᠲᠦ ᠰᠤᠷᠪᠣᠯᠵᠢᠯᠠᠯ》᠂ 《ᠬᠠᠷᠢᠭᠤᠴᠠᠯᠭ᠋ᠠᠲᠤ ᠵᠠᠬᠢᠳᠠᠯ ᠰᠤᠷᠪᠣᠯᠵᠢᠯᠠᠯ》 《ᠬᠠᠤᠯᠢ᠎ᠪᠠᠷ ᠵᠠᠰᠠᠬᠤ ᠵᠠᠬᠢᠳᠠᠯ ᠰᠤᠷᠪᠣᠯᠵᠢᠯᠠᠯ》 ᠪᠣᠯ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢᠨ ᠬᠦᠴᠦᠯᠡᠬᠦ ᠴᠡᠭ ᠪᠣᠯᠤᠨ᠎ᠠ᠂ ᠣᠢ᠌ᠷ᠎ᠠ ᠵᠢᠨ ᠵᠢᠯ᠎ᠤᠳ᠎ᠲᠤ᠂ ᠮᠠᠨ᠎ᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠬᠡᠷᠬᠢᠨ ᠠᠬᠢᠭᠤᠯᠤᠭᠰᠠᠨ ᠪᠤᠢ?
ᠵᠠᠩ ᠵᠢᠨ ᠫᠢᠩ᠄
ᠵᠠᠬᠢᠳᠠᠯ ᠰᠤᠷᠪᠤᠯᠵᠢᠯᠠᠯ ᠵᠢᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠡᠬᠢᠯᠡᠭᠦᠯᠦᠭᠰᠡᠨ᠎ᠠᠴᠠ ᠨᠠᠰᠢ᠂ ᠮᠠᠨ᠎ᠤ ᠣᠷᠣᠨ ᠳᠡᠭᠡᠳᠦ ᠱᠠᠲᠤᠨ᠎ᠤ ᠪᠠᠶ᠋ᠢᠷᠢᠯᠠᠭᠤᠯᠤᠯᠲᠠ ᠪᠣᠯᠤᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠥᠭᠡᠷᠡᠴᠢᠯᠡᠯᠲᠡ ᠵᠢ ᠳᠥᠯᠭᠢᠨ ᠠᠬᠢᠭᠤᠯᠤᠭ᠋ᠠᠳ ᠢᠯᠡᠳᠲᠡ ᠦᠷ᠎ᠡ ᠪᠦᠲᠦᠮᠵᠢ ᠣᠯᠵᠠᠶ᠃
ᠨᠢᠭᠡ᠎ᠳᠤ 《ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ》᠎ᠤᠨ ᠪᠦᠷᠬᠦᠬᠦ ᠬᠡᠪᠴᠢᠶ᠎ᠡ᠎ᠨᠢ ᠨᠡᠩ ᠥᠷᠭᠡᠨ ᠳᠡᠯᠭᠡᠷ ᠪᠣᠯᠵᠠᠢ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ 《ᠪᠦᠷᠢᠨ ᠪᠥᠷᠬᠥᠭᠦᠯᠬᠦ》 ᠵᠢ ᠦᠨᠳᠦᠰᠦᠨ᠎ᠳᠡᠭᠡᠨ ᠪᠡᠶᠡᠯᠡᠭᠦᠯᠵᠦ᠂ ᠪᠦᠬᠦ ᠣᠷᠣᠨ᠎ᠤ ᠭᠤᠷᠪᠠᠨ ᠱᠠᠲᠤᠨ᠎ᠤ ᠰᠦᠯᠵᠢᠶᠡᠨ ᠳᠡᠭᠡᠷ᠎ᠡ ᠭᠣᠮᠣᠳᠠᠯ ᠲᠣᠭ᠋ᠠᠴᠢᠬᠤ ᠬᠡᠮᠵᠢᠶ᠎ᠡ ᠵᠢᠯ ᠳᠠᠷᠠᠭ᠋ᠠᠯᠠᠨ ᠨᠡᠮᠡᠭᠳᠡᠵᠦ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠴᠠᠭ ᠲᠤᠬᠠᠶ᠎ᠳᠤᠨᠢ ᠬᠦᠯᠢᠶᠡᠨ ᠠᠪᠴᠤ ᠰᠢᠢᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭ᠋ᠠᠷ ᠰᠢᠢᠳᠪᠦᠷᠢᠯᠡᠵᠦ ᠳᠠᠭᠤᠰᠬᠠᠬᠤ ᠨᠤᠷᠮ᠎ᠠ᠂ ᠤᠯᠠᠨ ᠲᠦᠮᠡᠨ᠎ᠳᠤ ᠲᠠᠭ᠋ᠠᠰᠢᠶᠠᠭᠳᠠᠬᠤ ᠨᠤᠷᠮ᠎ᠠ ᠢᠯᠡᠳᠲᠡ ᠳᠡᠭᠡᠭᠰᠢᠯᠡᠨ᠂ 《ᠰᠦᠯᠵᠢᠶᠡᠨ ᠳᠡᠭᠡᠷ᠎ᠡ ᠵᠠᠭ᠋ᠠᠯᠳᠤᠬᠤ᠎ᠨᠢ ᠪᠦᠲᠦᠮᠵᠢᠲᠡᠢ ᠪᠠᠶ᠋ᠢᠬᠤ》 ᠭᠡᠰᠡᠨ ᠦᠵᠡᠯᠲᠡ ᠬᠥᠮᠦᠰ᠎ᠤᠨ ᠰᠡᠳᠬᠢᠯ᠎ᠳᠤ ᠢᠳᠡᠭ ᠢᠳᠡᠭ ᠵᠶ᠋ᠡᠷ ᠭᠦᠨ ᠰᠠᠭᠤᠭᠳᠠᠪᠠ᠃ ᠪᠦᠬᠦ ᠣᠷᠣᠨ᠎ᠤ ᠭᠤᠷᠪᠠᠨ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠤᠳ ᠴᠥᠮ ᠸᠢᠴᠠᠲ᠎ᠤᠨ ᠵᠢᠷᠭᠢᠭᠡ ᠨᠡᠭᠡᠭᠡᠵᠦ᠂ 《ᠡᠳᠦᠷ ᠪᠦᠷᠢ ᠵᠢᠨ ᠴᠢᠬᠤᠯᠠ ᠮᠡᠳᠡᠭᠡ》 ᠵᠢ ᠨᠡᠢ᠌ᠲᠡᠯᠡᠵᠦ᠂ ᠥᠪᠡᠷᠮᠢᠴᠡ ᠣᠨᠴᠠᠯᠢᠭ ᠪᠦᠬᠦᠢ ᠵᠠᠬᠢᠳᠠᠯ ᠰᠤᠷᠪᠤᠯᠵᠢᠯᠠᠯ᠎ᠤᠨ ᠤᠬᠠᠭᠤᠯᠭ᠎ᠠ ᠵᠢᠨ ᠰᠢᠨ᠎ᠡ ᠵᠠᠭᠤᠴᠢ ᠵᠢᠨ ᠵᠢᠭᠰᠠᠭ᠋ᠠᠯ ᠪᠣᠢ ᠪᠣᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠢᠯᠡ ᠲᠣᠳᠣ ᠵᠢᠨ ᠬᠡᠮᠵᠢᠶ᠎ᠡ ᠪᠣᠯᠣᠨ ᠤᠯᠠᠨ ᠨᠡᠶ᠋ᠢᠲᠡ᠎ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠴᠢᠩᠭ᠋ᠠᠷᠠᠪᠠ᠃
ᠬᠣᠶᠠᠷ᠎ᠲᠤ 《ᠬᠠᠷᠢᠭᠤᠴᠠᠯᠭ᠋ᠠᠲᠤ ᠵᠠᠬᠢᠳᠠᠯ ᠰᠤᠷᠪᠤᠯᠵᠢᠯᠠᠯ》᠎ᠢ ᠤᠯᠠᠮ ᠨᠠᠷᠢᠨ ᠤᠯᠠᠮ ᠪᠣᠳᠠᠲᠠᠶ ᠪᠣᠯᠭ᠋ᠠᠵᠠᠢ᠃ 《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠠᠯᠲᠠᠲᠤ ᠬᠠᠮᠢᠶᠠᠷᠤᠯᠲᠠ ᠵᠢᠨ ᠬᠢᠨᠠᠨ ᠦᠨᠡᠯᠡᠬᠦ ᠠᠷᠭ᠎ᠠ》᠎ᠳᠤ ᠵᠠᠰᠠᠪᠤᠷᠢ ᠣᠷᠣᠭᠤᠯᠵᠤ᠂ 《ᠵᠠᠬᠢᠳᠠᠯ ᠰᠤᠷᠪᠤᠯᠵᠢᠯᠠᠯ᠎ᠤᠨ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠲᠤᠬᠠᠶ ᠠᠷᠭ᠎ᠠ》 ᠵᠢ ᠨᠡᠢ᠌ᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠨᠣᠣᠷᠠᠭᠯᠠᠪᠠ᠃ ᠴᠡᠭ᠎ᠤᠨ ᠬᠣᠭᠣᠷᠣᠨᠳᠤ ᠨᠡᠪᠲᠡᠷᠡᠭᠦᠯᠬᠦ ᠪᠠ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠣᠯᠵᠣᠨ ᠶᠠᠷᠢᠯᠴᠠᠬᠤ ᠬᠡᠯᠪᠡᠷᠢ᠎ᠪᠠᠷ ᠠᠶ᠋ᠢᠮᠠᠭ ᠬᠤᠳᠠ᠂ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠲᠠᠢ ᠪᠣᠯᠵᠣᠵᠤ ᠶᠠᠷᠢᠯᠴᠠᠬᠤ ᠪᠣᠯᠣᠭᠰᠠᠨ ᠪᠠᠶ᠋ᠢᠨ᠎ᠠ᠃ ᠰᠢᠮᠳᠠᠭᠤᠯᠤᠨ ᠵᠢᠯᠣᠭᠤᠳᠬᠤ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠢ ᠣᠯᠠᠨᠲᠠ ᠵᠣᠬᠢᠶᠠᠨ ᠪᠠᠶ᠋ᠢᠭᠤᠯᠤᠨ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠢᠮᠳᠠᠭᠤᠯᠤᠨ ᠪᠠᠢ᠌ᠴᠠᠭ᠋ᠠᠨ ᠵᠢᠯᠣᠭᠣᠳᠴᠦ᠂ ᠠᠰᠠᠭᠤᠳᠠᠯ᠎ᠢ ᠰᠢᠢ᠍ᠳᠪᠦᠷᠢᠯᠡᠬᠦ ᠵᠢ ᠪᠦᠲᠦᠮᠵᠢᠲᠡᠶ᠎ᠪᠠᠷ ᠠᠬᠢᠭᠤᠯᠪᠠ᠃ ᠪᠦᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠲᠥᠪᠯᠡᠷᠡᠭᠦᠯᠵᠦ ᠪᠠᠢ᠌ᠭ᠋ᠠᠳ ᠰᠢᠪᠲᠤᠯᠤᠨ ᠰᠢᠢ᠍ᠳᠪᠦᠷᠢᠯᠡᠬᠦ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠦᠯᠡᠮᠵᠢ ᠤᠯᠠᠨ ᠰᠢᠢ᠍ᠳᠪᠦᠷᠢᠯᠡᠬᠦ᠎ᠳᠤ ᠲᠦᠪᠡᠭᠲᠡᠢ ᠬᠡᠷᠡᠭ᠎ᠢ ᠪᠦᠲᠦᠮᠵᠢᠲᠡᠶ᠎ᠪᠠᠷ ᠰᠢᠢᠳᠪᠦᠷᠢᠯᠡᠬᠦ ᠵᠢ ᠲᠦᠯᠬᠢᠨ ᠠᠬᠢᠭᠤᠯᠪᠠ᠃
ᠭᠤᠷᠪᠠ᠎ᠳᠤ 《ᠬᠠᠤᠯᠢ᠎ᠪᠠᠷ ᠵᠠᠰᠠᠬᠤ ᠵᠠᠬᠢᠳᠠᠯ ᠰᠤᠷᠪᠤᠯᠵᠢᠯᠠᠯ》᠎ᠤᠨ ᠣᠢ᠌ᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠨᠡᠩ ᠭᠦᠨ ᠰᠠᠭᠤᠭᠳᠠᠭᠤᠯᠪᠠ᠃ 《ᠰᠤᠷᠪᠤᠯᠵᠢᠯᠠᠯ ᠪᠣᠯᠣᠨ ᠵᠠᠭ᠋ᠠᠯᠳᠤᠯᠭ᠎ᠠ ᠵᠢ ᠰᠠᠯᠭ᠋ᠠᠬᠤ》 ᠲᠦᠷᠢᠮ᠎ᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠤᠯᠠᠨ ᠲᠦᠮᠡᠨ ᠬᠠᠤᠯᠢ ᠶᠣᠰᠣᠭ᠋ᠠᠷ ᠱᠠᠲᠤ ᠳᠠᠷᠠᠭ᠋ᠠᠯᠠᠨ ᠰᠤᠷᠪᠤᠯᠵᠢᠯᠠᠯ ᠬᠢᠬᠦ ᠵᠢ ᠤᠯᠠᠮ ᠵᠶ᠋ᠠᠷ ᠪᠠᠶ᠋ᠢᠩᠭᠤᠵᠢᠭᠤᠯᠵᠤ᠂ ᠬᠠᠤᠯᠢ᠎ᠳᠤ ᠲᠣᠭᠲᠠᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠵᠠᠬᠢᠳᠠᠯ ᠰᠤᠷᠪᠤᠯᠵᠢᠯᠠᠯ᠎ᠤᠨ ᠵᠠᠭ᠋ᠠᠯᠳᠤᠯᠭ᠎ᠠ ᠭᠣᠮᠣᠳᠠᠯ ᠲᠣᠭ᠋ᠠᠴᠢᠯᠲᠠ ᠵᠢ ᠲᠥᠷᠥᠯ ᠬᠤᠪᠢᠶᠠᠨ ᠰᠢᠢ᠍ᠳᠪᠦᠷᠢᠯᠡᠬᠦ ᠠᠵᠢᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤ ᠪᠠ ᠠᠶ᠋ᠢᠮᠠᠭ ᠬᠤᠳᠠ ᠴᠥᠮ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠲᠣᠭᠲᠠᠭ᠋ᠠᠬᠤ ᠵᠢᠨ ᠬᠠᠮᠲᠤ ᠵᠠᠷᠯᠠᠨ ᠨᠡᠢ᠌ᠲᠡᠯᠡᠪᠡ᠃
ᠬᠥᠲᠥᠯᠥᠭᠴᠢ᠄
ᠣᠢ᠌ᠷ᠎ᠠ ᠵᠢᠨ ᠬᠡᠳᠦᠨ ᠵᠢᠯ᠎ᠤᠳ᠎ᠲᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠨᠢ ᠶᠡᠬᠡ ᠬᠡᠮᠵᠢᠶᠡᠨ᠎ᠤ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠠᠷ ᠰᠢᠢᠳᠪᠦᠷᠢᠯᠡᠵᠦ᠂ ᠣᠳᠣᠬᠠᠨ᠎ᠳᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠨᠢ ᠶᠠᠭ ᠠᠯᠬᠤᠮ ᠠᠯᠬᠤᠮ ᠵᠶ᠋ᠠᠷ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ ᠵᠢᠨ ᠭᠣᠣᠯ ᠠᠷᠭ᠎ᠠ ᠵᠠᠮ ᠪᠣᠯᠵᠤ ᠪᠠᠢ᠌ᠨ᠎ᠠ᠃ ᠲᠡᠭᠡᠪᠡᠯ ᠮᠠᠨ᠎ᠤ ᠣᠷᠣᠨ ᠬᠡᠷᠬᠢᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠵᠢᠨ ᠭᠣᠣᠯ ᠠᠷᠭ᠎ᠠ ᠵᠠᠮ᠎ᠢ ᠨᠡᠭᠡᠭᠡᠵᠦ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠭᠰᠠᠨ ᠪᠤᠢ?
ᠵᠠᠩ ᠵᠢᠨ ᠫᠢᠩ᠄
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠪᠦᠬᠦ ᠣᠷᠣᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠥᠮᠦᠨ᠎ᠤ ᠬᠦᠴᠦ ᠪᠣᠳᠠᠰ᠎ᠤᠨ ᠬᠦᠴᠦᠨ᠎ᠤ ᠣᠷᠣᠭᠤᠯᠤᠯᠲᠠ ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠵᠢᠷᠤᠮᠵᠢᠭᠤᠯᠤᠯᠲᠠ᠂ ᠳᠦᠷᠢᠮᠵᠢᠭᠦᠯᠦᠯᠲᠡ᠂ ᠪᠠᠢ᠌ᠩᠭᠤᠵᠢᠭᠤᠯᠤᠯᠲᠠ ᠵᠢ ᠲᠦᠯᠬᠢᠨ ᠠᠬᠢᠭᠤᠯᠵᠤ᠂ ᠤᠯᠠᠨ ᠲᠦᠮᠡᠨ᠎ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠢ ᠦᠨᠡᠮᠰᠢᠯ᠎ᠤᠨ ᠬᠡᠮᠵᠢᠶ᠎ᠡ ᠪᠣᠯᠤᠨ ᠲᠠᠭ᠋ᠠᠰᠢᠶᠠᠯ᠎ᠤᠨ ᠬᠡᠮᠵᠢᠶ᠎ᠡ ᠵᠢ ᠶᠡᠬᠡᠪᠡᠷ
ᠳᠡᠭᠡᠭᠰᠢᠯᠡᠭᠦᠯᠵᠡᠢ᠃
ᠨᠢᠭᠡ᠎ᠳᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ 《ᠪᠦᠷᠢᠨ ᠪᠥᠷᠬᠥᠭᠦᠯᠬᠦ》 ᠵᠢ ᠦᠨᠳᠦᠰᠦᠨ᠎ᠳᠡᠭᠡᠨ ᠪᠡᠶᠡᠯᠡᠭᠦᠯᠪᠡ᠃ ᠪᠦᠬᠦ ᠣᠷᠣᠨ᠎ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ᠎ᠨᠢ ᠵᠠᠬᠢᠳᠠᠯ ᠰᠤᠷᠪᠤᠯᠵᠢᠯᠠᠯ᠎ᠤᠨ ᠬᠡᠯᠪᠡᠷᠢ᠂ ᠠᠵᠢᠯ᠎ᠤᠨ ᠴᠤᠪᠤᠷᠠᠯ᠂ ᠠᠵᠢᠯ᠎ᠤᠨ ᠬᠡᠪᠴᠢᠶ᠎ᠡ ᠵᠢ ᠨᠡᠶ᠋ᠢᠳᠡᠮ ᠪᠦᠷᠬᠦᠭᠦᠯᠬᠦ ᠵᠢ ᠪᠡᠶᠡᠯᠡᠭᠦᠯᠵᠦ᠂ ᠪᠦᠬᠦ ᠣᠷᠣᠨ᠎ᠤ ᠰᠢᠰᠲ᠋ᠧᠮ᠎ᠳᠤ ᠣᠷᠣᠭᠤᠯᠤᠭᠰᠠᠨ ᠨᠢᠭᠡᠴᠡ 6912 ᠪᠠᠢ᠌ᠵᠤ᠂ 《ᠲᠣᠭ᠎ᠠ ᠪᠠᠷᠢᠮᠲᠠ ᠵᠢ ᠢᠯᠡᠭᠦᠬᠡᠨ ᠨᠡᠪᠲᠡᠷᠡᠭᠦᠯᠵᠦ᠂ ᠤᠯᠠᠨ ᠲᠦᠮᠡᠨ᠎ᠢ ᠳᠤᠲᠠᠭᠤ ᠭᠦᠶᠦᠯᠭᠡᠬᠦ》 ᠠᠵᠢᠯ᠎ᠤᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠪᠡ᠃
ᠬᠣᠶᠠᠷ᠎ᠲᠤ᠂ ᠵᠠᠬᠢᠳᠠᠯ ᠰᠤᠷᠪᠤᠯᠵᠢᠯᠠᠯ᠎ᠤᠨ 《ᠭᠤᠷᠪᠠᠨ ᠨᠣᠷᠮ᠎ᠠ》 ᠵᠢᠨ ᠬᠢᠷᠢ ᠲᠥᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠦᠬᠦ ᠣᠷᠣᠨ᠎ᠤ ᠵᠠᠬᠢᠳᠠᠯ ᠰᠤᠷᠪᠣᠯᠵᠢᠯᠠᠯ᠎ᠤᠨ ᠰᠠᠯᠠᠭ᠎ᠠ ᠮᠦᠴᠢᠷ ᠵᠢᠴᠢ ᠬᠠᠷᠢᠭᠤᠴᠠᠯᠭ᠋ᠠᠲᠤ ᠨᠢᠭᠡᠴᠡ᠎ᠨᠦᠭᠦᠳ᠎ᠤᠨ ᠴᠠᠭ ᠲᠣᠬᠠᠢᠳᠤᠨᠢ ᠬᠦᠯᠢᠶᠡᠨ ᠠᠪᠴᠤ ᠭᠦᠢ᠍ᠴᠡᠳᠬᠡᠬᠦ ᠨᠣᠷᠮ᠎ᠠ᠂ ᠬᠤᠭᠤᠴᠠᠭ᠎ᠠ ᠶᠣᠰᠣᠭ᠋ᠠᠷ ᠰᠢᠢ᠍ᠳᠪᠦᠷᠢᠯᠡᠵᠦ ᠳᠠᠭᠤᠰᠬᠠᠬᠤ ᠨᠣᠷᠮ᠎ᠠ᠂ ᠣᠯᠠᠨ ᠲᠦᠮᠡᠨ᠎ᠳᠤ ᠲᠠᠭ᠋ᠠᠰᠢᠶᠠᠭᠳᠠᠬᠤ ᠨᠣᠷᠮ᠎ᠠ ᠶᠡᠬᠡ ᠬᠡᠮᠵᠢᠶ᠎ᠡ᠎ᠪᠠᠷ ᠳᠡᠭᠡᠭᠰᠢᠯᠡᠵᠦ᠂ 《ᠰᠦᠯᠵᠢᠶᠡᠨ ᠳᠡᠭᠡᠷ᠎ᠡ ᠵᠠᠭ᠋ᠠᠯᠳᠤᠬᠤ᠎ᠨᠢ ᠪᠦᠲᠦᠮᠵᠢᠲᠡᠢ ᠪᠠᠢ᠌ᠬᠤ》 ᠦᠵᠡᠯᠲᠡ ᠬᠦᠮᠦᠰ᠎ᠤᠨ ᠰᠡᠳᠬᠢᠯ᠎ᠳᠤ ᠤᠯᠠᠮ ᠰᠠᠭᠤᠭᠳᠠᠵᠤ᠂ ᠰᠦᠯᠵᠢᠶᠡᠨ ᠳᠡᠭᠡᠷᠡᠬᠢ ᠰᠤᠷᠪᠤᠯᠵᠢᠯᠠᠯ᠎ᠤᠨ ᠠᠵᠢᠯ᠎ᠤᠨ ᠦᠷ᠎ᠡ ᠪᠦᠲᠦᠮᠵᠢ ᠢᠳᠡᠭ ᠢᠳᠡᠭ ᠵᠶ᠋ᠠᠷ ᠳᠡᠭᠡᠭᠰᠢᠯᠡᠪᠡ᠃
ᠬᠥᠲᠥᠯᠥᠭᠴᠢ᠄
ᠮᠠᠨ᠎ᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠰᠢᠰᠲ᠋ᠧᠮ 《ᠬᠠᠤᠯᠢ᠎ᠪᠠᠷ ᠵᠠᠰᠠᠬᠤ ᠵᠠᠬᠢᠳᠠᠯ ᠰᠤᠷᠪᠤᠯᠵᠢᠯᠠᠯ》᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠯᠠᠨ ᠲᠦᠮᠡᠨ᠎ᠤ ᠦᠨᠡᠮᠰᠢᠯᠢ ᠤᠯᠤᠭᠰᠠᠨ ᠪᠠᠢ᠌ᠨ᠎ᠠ᠂ ᠲᠠ 《ᠬᠠᠤᠯᠢ᠎ᠪᠠᠷ ᠵᠠᠰᠠᠬᠤ ᠵᠠᠬᠢᠳᠠᠯ ᠰᠤᠷᠪᠤᠯᠵᠢᠯᠠᠯ》᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠤᠳ᠎ᠢ ᠲᠠᠨᠢᠯᠴᠠᠭᠤᠯᠤᠭ᠋ᠠᠳ ᠥᠭᠭᠦᠨ᠎ᠡ ᠤᠤ?
ᠵᠠᠩ ᠵᠢᠨ ᠫᠢᠩ᠄
ᠪᠦᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠰᠢᠰᠲ᠋ᠧᠮ ᠲᠥᠪ᠎ᠤᠨ 《ᠵᠠᠬᠢᠳᠠᠯ ᠰᠤᠷᠪᠤᠯᠵᠢᠯᠠᠯ᠎ᠤᠨ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠤᠷᠤᠭᠤᠯᠬᠤ》 ᠰᠢᠢᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠬᠠᠤᠯᠢ᠎ᠪᠠᠷ ᠵᠠᠰᠠᠬᠤ ᠰᠡᠳᠬᠢᠮᠵᠢ᠎ᠪᠠᠷ ᠵᠠᠬᠢᠳᠠᠯ ᠰᠤᠷᠪᠤᠯᠵᠢᠯᠠᠯ᠎ᠤᠨ ᠠᠵᠢᠯ᠎ᠢ ᠦᠨᠡᠨᠬᠦ ᠰᠠᠶ᠋ᠢᠲᠤᠷ ᠬᠢᠵᠦ᠂ ᠠᠯᠢ ᠤᠯᠠᠨ ᠠᠷᠭ᠎ᠠ ᠬᠡᠮᠵᠢᠶ᠎ᠡ ᠠᠪᠴᠤ 《ᠬᠠᠤᠯᠢ᠎ᠪᠠᠷ ᠵᠠᠰᠠᠬᠤ ᠵᠠᠬᠢᠳᠠᠯ ᠰᠤᠷᠪᠤᠯᠵᠢᠯᠠᠯ》᠎ᠤᠨ ᠥᠭᠡᠷᠡᠴᠢᠯᠡᠯᠲᠡ ᠵᠢᠨ ᠠᠯᠬᠤᠴᠠ ᠵᠢ ᠠᠬᠢᠭᠤᠯᠤᠭᠰᠠᠨ ᠪᠠᠢ᠌ᠨ᠎ᠠ᠃
ᠨᠢᠭᠡ᠎ᠳᠤ 《ᠰᠤᠷᠪᠤᠯᠵᠢᠯᠠᠯ ᠪᠤᠯᠤᠨ ᠵᠠᠭ᠋ᠠᠯᠳᠤᠯᠭ᠎ᠠ ᠵᠢ ᠰᠠᠯᠭ᠋ᠠᠬᠤ》 ᠲᠦᠷᠢᠮ᠎ᠢ ᠤᠯᠠᠮ ᠨᠢᠭᠡ ᠠᠯᠬᠤᠮ ᠬᠦᠨᠵᠡᠭᠡᠢ᠌ᠷᠡᠬᠦᠯᠪᠡ᠃ ᠪᠢᠳᠡ ᠵᠠᠬᠢᠳᠠᠯ ᠰᠤᠷᠪᠤᠯᠵᠢᠯᠠᠯ᠎ᠤᠨ ᠭᠤᠮᠤᠳᠠᠯ ᠲᠤᠭ᠋ᠠᠴᠢᠯᠲᠠ ᠵᠢ ᠬᠠᠤᠯᠢ ᠶᠣᠰᠣᠭ᠋ᠠᠷ ᠳᠦᠷᠦᠯ ᠬᠤᠪᠢᠶᠠᠨ ᠰᠢᠢ᠍ᠳᠪᠦᠷᠢᠯᠡᠬᠦ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠯ᠎ᠢ ᠵᠠᠭ᠋ᠠᠯᠳᠤᠯᠭ᠎ᠠ᠂ ᠬᠥᠨᠳᠡᠯᠡᠨ᠎ᠤ ᠲᠠᠰᠤᠯᠤᠯᠳᠠ᠂ ᠵᠠᠰᠠᠭ ᠵᠠᠬᠢᠷᠭ᠋ᠠᠨ᠎ᠤ ᠳᠠᠬᠢᠨ ᠵᠦᠪᠯᠡᠯᠭᠡ ᠵᠡᠷᠭᠡ ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ ᠵᠶ᠋ᠠᠷ ᠬᠦᠯᠢᠶᠡᠨ ᠠᠪᠬᠤ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠢᠯᠭ᠋ᠠᠷᠠᠭᠤᠯᠵᠤ᠂ ᠡᠯ᠎ᠡ ᠱᠠᠲᠤᠨ᠎ᠤ᠎ᠬᠢᠨ ᠵᠠᠬᠢᠲᠠᠯ ᠰᠤᠷᠪᠤᠯᠵᠢᠯᠠᠯ᠎ᠢ ᠬᠠᠮᠲᠤᠷᠠᠨ ᠬᠦᠯᠢᠶᠡᠨ ᠠᠪᠬᠤ ᠲᠢᠩᠬᠢᠮ᠎ᠳᠤ ᠬᠠᠤᠯᠢ ᠴᠠᠭ᠋ᠠᠵᠠ ᠪᠤᠯᠤᠨ ᠵᠠᠷᠭᠤ᠎ᠳᠤ ᠬᠣᠯᠪᠣᠭᠳᠠᠬᠤ ᠠᠰᠠᠭᠤᠳᠠᠯ᠎ᠤᠨ ᠴᠣᠩᠬᠣ ᠭᠠᠷᠭ᠋ᠠᠨ᠂ ᠳᠣᠲᠣᠭ᠋ᠠᠳᠤ ᠵᠢ ᠬᠠᠮᠠᠭ᠋ᠠᠯᠠᠬᠤ ᠪᠠᠢ᠍ᠴᠠᠭ᠋ᠠᠬᠤ ᠰᠢᠭᠦᠬᠦ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠢ ᠰᠠᠭᠤᠯᠭ᠋ᠠᠵᠤ᠂ ᠬᠠᠤᠯᠢ ᠴᠠᠭ᠋ᠠᠵᠠ ᠪᠤᠯᠤᠨ ᠵᠠᠷᠭᠤ᠎ᠳᠤ ᠬᠣᠯᠪᠣᠭᠳᠠᠬᠤ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠤᠯᠤᠰ ᠲᠦᠷᠦ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠨ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ᠎ᠳᠤ ᠴᠠᠭ ᠲᠤᠬᠠᠶ᠎ᠳᠤᠨᠢ ᠬᠥᠲᠥᠯᠥᠨ ᠤᠷᠤᠭᠤᠯᠵᠤ ᠰᠢᠢ᠍ᠳᠪᠦᠷᠢᠯᠡᠭᠦᠯᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠥᠪᠡᠷᠲᠡᠭᠡᠨ ᠵᠠᠰᠠᠬᠤ ᠣᠷᠣᠨ᠎ᠤ ᠵᠠᠬᠢᠲᠠᠯ ᠰᠤᠷᠪᠤᠯᠵᠢᠯᠠᠯ᠎ᠢ ᠬᠠᠮᠲᠤᠷᠠᠨ ᠬᠦᠯᠢᠶᠡᠨ ᠠᠪᠬᠤ ᠲᠢᠩᠬᠢᠮ᠎ᠳᠤ ᠰᠢᠯᠢᠳᠡᠭ ᠬᠠᠤᠯᠢᠴᠢ ᠵᠢ ᠤᠷᠢᠨ ᠰᠠᠭᠤᠯᠭ᠋ᠠᠵᠤ᠂ ᠤᠯᠠᠨ ᠲᠦᠮᠡᠨ᠎ᠤ ᠰᠤᠷᠪᠤᠯᠵᠢᠯᠠᠯ᠎ᠢ ᠬᠦᠯᠢᠶᠡᠨ ᠠᠪᠬᠤ᠎ᠳᠤ ᠤᠷᠤᠯᠴᠠᠭᠤᠯᠵᠤ᠂ ᠵᠠᠬᠢᠳᠠᠯ ᠰᠤᠷᠪᠤᠯᠵᠢᠯᠠᠯ᠎ᠤᠨ ᠲᠦᠪᠡᠭ ᠮᠠᠳᠠᠭ᠎ᠲᠠᠢ ᠨᠠᠷᠢᠨ ᠪᠤᠳᠤᠯᠢᠶᠠᠨᠲᠠᠶ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃
ᠬᠣᠶᠠᠷ᠎ᠲᠤ ᠵᠠᠬᠢᠳᠠᠯ ᠰᠤᠷᠪᠤᠯᠵᠢᠯᠠᠯ᠎ᠤᠨ ᠵᠠᠭ᠋ᠠᠯᠳᠤᠯᠭ᠎ᠠ ᠭᠤᠮᠤᠳᠠᠯ ᠲᠤᠭ᠋ᠠᠴᠢᠯᠲᠠ ᠵᠢᠨ ᠠᠵᠢᠯ᠎ᠢ ᠬᠠᠤᠯᠢ᠎ᠳᠤ ᠲᠣᠭᠲᠠᠭ᠋ᠠᠭᠰᠠᠨ ᠠᠷᠭ᠎ᠠ ᠵᠠᠮ ᠵᠶ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ 2016 ᠣᠨ᠎ᠤ ᠵᠢᠯ᠎ᠤᠨ ᠡᠴᠦᠰ ᠪᠤᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠢᠨ 36᠎ᠨᠢ ᠱᠠᠭ᠋ᠠᠷᠳᠠᠯᠭ᠎ᠠ ᠶᠣᠰᠣᠭ᠋ᠠᠷ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠨᠠᠷᠢᠨ ᠳᠠᠨᠭ᠌ᠰᠠ ᠵᠢ ᠰᠤᠳᠤᠯᠤᠨ ᠲᠤᠭᠲᠠᠭ᠋ᠠᠭᠰᠠᠨᠤ ᠬᠠᠮᠲᠤ ᠨᠡᠶ᠋ᠢᠭᠡᠮ ᠨᠡᠢ᠌ᠲᠡ᠎ᠳᠤ ᠢᠯᠡ ᠨᠡᠢ᠌ᠲᠡᠯᠡᠪᠡ᠃ ᠪᠢᠳᠡ ᠡᠳᠡᠭᠡᠷ ᠨᠠᠷᠢᠨ ᠳᠠᠨᠭ᠌ᠰᠠ ᠵᠢ ᠳᠡᠪᠲᠡᠷ ᠪᠣᠯᠭ᠋ᠠᠨ ᠨᠠᠢ᠌ᠷᠠᠭᠤᠯᠵᠤ᠂ ᠵᠠᠬᠢᠳᠠᠯ ᠰᠤᠷᠪᠤᠯᠵᠢᠯᠠᠯ ᠬᠢᠬᠦ ᠣᠯᠠᠨ ᠲᠦᠮᠡᠨ᠎ᠳᠤ ᠪᠠᠶ᠋ᠢᠴᠠᠭ᠋ᠠᠨ ᠦᠵᠡᠬᠦ ᠪᠠ ᠠᠰᠠᠭᠤᠨ ᠯᠠᠪᠯᠠᠬᠤ᠎ᠳᠤ ᠬᠠᠨᠭ᠌ᠭ᠋ᠠᠨ ᠦᠭᠴᠦ᠂ ᠤᠯᠠᠨ ᠲᠦᠮᠡᠨ᠎ᠤ 《ᠨᠠᠷᠢᠨ ᠳᠠᠨᠭ᠌ᠰᠠ᠎ᠪᠠᠷ ᠬᠠᠷᠭᠤᠭᠤᠯᠵᠤ᠂ ᠬᠠᠤᠯᠢ ᠶᠣᠰᠣᠭ᠋ᠠᠷ ᠵᠠᠬᠢᠳᠠᠯ ᠰᠤᠷᠪᠤᠯᠵᠢᠯᠠᠯ ᠬᠢᠬᠦ》᠎ᠳᠤ ᠳᠦᠭᠦᠮ ᠦᠵᠡᠬᠦᠯᠪᠡ᠃ 2017 ᠤᠨ᠎ᠤ 1 ᠳ᠋ᠤᠭᠡᠷ ᠰᠠᠷ᠎ᠠ ᠵᠢᠨ 5᠎ᠤ ᠡᠳᠦᠷ ᠪᠣᠯᠲᠠᠯ᠎ᠠ᠂ ᠪᠥᠬᠥ ᠣᠷᠣᠨ᠎ᠤ 12 ᠠᠶ᠋ᠢᠮᠠᠭ ᠬᠤᠳᠠ ᠴᠥᠮ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠨᠠᠷᠢᠨ ᠳᠠᠨᠭ᠌ᠰᠠ ᠵᠢ ᠲᠣᠭᠲᠠᠭ᠋ᠠᠨ ᠨᠡᠢ᠌ᠲᠡᠯᠡᠪᠡ᠃
ᠭᠤᠷᠪᠠ᠎ᠳᠤ ᠤᠯᠠᠨ ᠲᠦᠮᠡᠨ᠎ᠤ ᠬᠠᠤᠯᠢ ᠶᠣᠰᠣᠭ᠋ᠠᠷ ᠱᠠᠲᠤ ᠳᠠᠷᠠᠭ᠋ᠠᠯᠠᠨ ᠰᠤᠷᠪᠤᠯᠵᠢᠯᠠᠯ ᠬᠢᠬᠦ ᠵᠢ ᠢᠳᠡᠭ ᠢᠳᠡᠭ ᠵᠶ᠋ᠠᠷ ᠬᠡᠪ ᠪᠠᠶ᠋ᠢᠳᠠᠯ ᠪᠤᠯᠭ᠋ᠠᠪᠠ᠃ ᠪᠦᠬᠦ ᠣᠷᠣᠨ᠎ᠤ ᠡᠯ᠎ᠡ ᠭᠠᠵᠠᠷ ᠵᠠᠬᠢᠳᠠᠯ ᠰᠤᠷᠪᠤᠯᠵᠢᠯᠠᠯ᠎ᠤᠨ ᠤᠬᠠᠭᠤᠯᠭ᠎ᠠ ᠵᠢᠨ ᠰᠠᠷ᠎ᠠ᠂ ᠤᠬᠠᠭᠤᠯᠭ᠎ᠠ ᠵᠢᠨ ᠭᠠᠷᠠᠭ ᠵᠡᠷᠭᠡ ᠠᠵᠢᠯᠯᠠᠭ᠎ᠠ ᠵᠢ ᠦᠷᠨᠢᠬᠦᠯᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠰᠤᠷᠪᠤᠯᠵᠢᠯᠠᠯ᠎ᠢ ᠬᠦᠯᠢᠶᠡᠨ ᠠᠪᠬᠤ ᠲᠢᠩᠬᠢᠮ᠎ᠳᠤ LED ᠳᠡᠯᠭᠡᠴᠡ᠎ᠪᠠᠷ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠫᠤᠷᠲᠸᠯ ᠰᠦᠯᠵᠢᠶ᠎ᠡ ᠪᠣᠯᠤᠨ ᠸᠢᠴᠠᠲ᠎ᠤᠨ ᠤᠯᠠᠨ ᠨᠡᠶ᠋ᠢᠲᠡ ᠵᠢᠨ ᠵᠢᠷᠬᠢᠭᠡ ᠵᠡᠷᠭᠡ ᠰᠢᠨ᠎ᠡ ᠵᠠᠭᠤᠴᠢᠯᠠᠭᠤᠷ᠎ᠢ ᠠᠰᠢᠭᠯᠠᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠤᠳᠤᠯᠭ᠎ᠠ ᠵᠢ ᠥᠷᠭᠡᠨ ᠵᠶ᠋ᠠᠷ ᠤᠬᠠᠭᠤᠯᠵᠤ᠂ ᠤᠯᠠᠨ ᠲᠦᠮᠡᠨ᠎ᠤ ᠬᠠᠤᠯᠢ ᠶᠣᠰᠣᠭ᠋ᠠᠷ ᠱᠠᠳᠤ ᠳᠠᠷᠠᠭ᠋ᠠᠯᠠᠨ ᠰᠤᠷᠪᠤᠯᠵᠢᠯᠠᠬᠤ᠂ ᠭᠤᠮᠤᠳᠠᠯ ᠵᠶ᠋ᠠᠨ ᠣᠶᠤᠨᠴᠢ᠎ᠪᠠᠷ ᠢᠯᠡᠳᠬᠡᠬᠦ ᠵᠢ᠎ᠨᠢ ᠬᠦᠮᠦᠵᠢᠬᠦᠯᠦᠨ ᠵᠢᠯᠤᠭᠤᠳᠪᠠ᠃
ᠬᠥᠲᠥᠯᠥᠭᠴᠢ᠄
ᠨᠢᠳᠤᠨᠤᠨ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠂ ᠲᠦᠪ ᠬᠤᠷᠢᠶ᠎ᠠ ᠵᠢᠨ ᠠᠯᠪᠠᠨ ᠲᠢᠨᠭᠬᠢᠮ 《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠬᠦ ᠠᠷᠭ᠎ᠠ》 ᠵᠢ ᠨᠡᠢ᠌ᠲᠡᠯᠡᠭᠰᠡᠨ ᠪᠠᠢ᠌ᠨ᠎ᠠ᠂ ᠲᠡᠭᠡᠪᠡᠯ ᠮᠠᠨ᠎ᠤ ᠣᠷᠣᠨ ᠲᠣᠰ ᠬᠡᠷᠡᠭᠵᠢᠭᠦᠯᠬᠦ ᠠᠷᠭ᠎ᠠ ᠵᠢ ᠬᠡᠷᠬᠢᠨ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢ ᠬᠡᠷᠬᠢᠨ ᠤᠯᠠᠮ ᠨᠢᠭᠡ ᠠᠯᠬᠤᠮ ᠪᠤᠳᠠᠲᠠᠢ᠌ᠵᠢᠭᠤᠯᠤᠭᠰᠠᠨ ᠪᠤᠶ?
ᠵᠠᠨᠭ᠌ ᠵᠢᠨ ᠫᠢᠨᠭ᠄
ᠨᠢᠭᠡ᠎ᠳᠤ 《ᠶᠤᠰᠤ ᠳᠦᠷᠢᠮ ᠲᠤᠭᠲᠠᠭ᠋ᠠᠵᠤ》᠂ ᠬᠠᠷᠢᠭᠤᠴᠠᠯᠭ᠎ᠠ ᠵᠢ ᠪᠠᠲᠤᠳᠬᠠᠨ 《ᠲᠠᠰᠤᠯᠳᠠᠬᠤ》 ᠵᠢ ᠰᠡᠷᠭᠡᠢ᠌ᠯᠡᠪᠡ᠃ ᠠᠶ᠋ᠢᠮᠠᠭ ᠬᠣᠲᠠ᠂ ᠠᠵᠤ ᠠᠬᠤᠶ᠋ᠢᠯᠠᠯ᠎ᠤᠨ 《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠠᠯᠲᠠᠲᠤ ᠬᠠᠮᠢᠶᠠᠷᠤᠯᠲᠠ ᠵᠢᠨ ᠰᠢᠯᠭ᠋ᠠᠨ ᠦᠨᠡᠯᠡᠬᠦ ᠠᠷᠭ᠎ᠠ》᠎ᠳᠤ ᠵᠠᠰᠠᠪᠤᠷᠢ ᠣᠷᠣᠭᠤᠯᠵᠤ᠂ 《ᠵᠠᠬᠢᠳᠠᠯ ᠰᠤᠷᠪᠤᠯᠵᠢᠯᠠᠯ᠎ᠤᠨ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠴᠢᠨᠭ᠌ᠭ᠋ᠠᠳᠬᠠᠬᠤ ᠲᠤᠬᠠᠶ ᠠᠷᠭ᠎ᠠ》 ᠵᠢ ᠨᠡᠶ᠋ᠢᠲᠡᠯᠡᠵᠦ᠂ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠤᠳ᠎ᠤᠨ 《ᠰᠢᠮᠳᠠᠭᠤᠯᠬᠤ》 ᠡᠭᠦᠷᠭᠡ ᠴᠢᠳᠠᠮᠵᠢ ᠪᠤᠯᠤᠨ 《ᠪᠠᠶ᠋ᠢᠴᠠᠭ᠋ᠠᠬᠤ》 ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠬᠣᠶᠠᠷ᠎ᠲᠤ 《ᠤᠷᠢᠨ ᠠᠪᠴᠢᠷᠠᠵᠤ》᠂ ᠲᠤᠢ᠌ᠯ᠎ᠤᠨ ᠤᠨᠤᠪᠴᠢᠲᠠᠢ᠎ᠪᠠᠷ ᠵᠤᠯᠭ᠋ᠠᠭᠤᠯᠤᠨ ᠳᠠᠷᠤᠯᠲᠠ ᠵᠢ ᠤᠯᠠᠮᠵᠢᠯᠠᠪᠠ᠃ ᠴᠢᠭ᠋᠎ᠠᠴᠠ ᠴᠢᠭ᠋ ᠬᠦᠷᠲᠡᠯ᠎ᠡ ᠮᠡᠳᠡᠭᠳᠡᠬᠦ ᠪᠠ ᠲᠣᠭᠲᠠᠮᠠᠯ ᠪᠤᠰᠤ ᠬᠤᠭᠤᠴᠠᠭ᠎ᠠ᠎ᠲᠠᠢ ᠪᠣᠯᠵᠣᠨ ᠶᠠᠷᠢᠯᠴᠠᠬᠤ ᠬᠡᠯᠪᠡᠷᠢ᠎ᠪᠠᠷ ᠦᠨᠳᠦᠰᠦᠨ ᠱᠠᠲᠤᠨ᠎ᠤ ᠬᠠᠷᠢᠭᠤᠴᠠᠯᠭ᠋ᠠᠲᠠᠨ ᠨᠥᠬᠥᠳ᠎ᠢ ᠴᠠᠭ ᠲᠤᠬᠠᠶ᠎ᠳᠤᠨᠢ 《ᠤᠷᠢᠵᠤ ᠠᠪᠴᠢᠷᠠᠨ》 ᠶᠠᠷᠢᠯᠴᠠᠵᠤ᠂ ᠬᠠᠨᠳᠤᠯᠭ᠋ᠠᠲᠤ ᠴᠢᠨᠠᠷᠲᠠᠶ᠎ᠪᠠᠷ ᠱᠠᠭ᠋ᠠᠷᠳᠠᠯᠭ᠎ᠠ ᠳᠤᠷᠠᠳᠴᠤ᠂ ᠦᠨᠳᠦᠰᠦᠨ ᠱᠠᠲᠤᠨ᠎ᠤ ᠠᠰᠠᠭᠤᠳᠠᠯ᠎ᠢ ᠰᠢᠢ᠍ᠳᠪᠦᠷᠢᠯᠡᠬᠦ᠂ ᠵᠥᠷᠢᠴᠡᠯ᠎ᠢ ᠠᠷᠢᠯᠭ᠋ᠠᠬᠤ ᠴᠢᠳᠠᠪᠤᠷᠢ ᠪᠤᠯᠤᠨ ᠬᠢᠷᠢ ᠲᠦᠪᠰᠢᠨ᠎ᠢ᠎ᠨᠢ ᠳᠡᠭᠡᠭᠰᠢᠯᠡᠭᠦᠯᠵᠦ᠂ ᠵᠥᠷᠢᠴᠡᠯ ᠬᠤᠷᠴᠠᠳᠴᠤ ᠲᠡᠰ ᠳᠡᠪᠰᠢᠬᠦ ᠵᠢ ᠪᠦᠲᠦᠮᠵᠢᠲᠡᠶ᠎ᠪᠠᠷ ᠰᠡᠷᠭᠡᠢ᠌ᠯᠡᠪᠡ᠃ ᠭᠤᠷᠪᠠ᠎ᠳᠤ 《ᠳᠤᠷᠤᠭᠰᠢ ᠪᠠᠭᠤᠵᠤ》᠂ ᠰᠢᠮᠳᠠᠭᠤᠯᠤᠨ ᠪᠠᠢ᠌ᠴᠠᠭ᠋ᠠᠬᠤ᠎ᠪᠠᠷ ᠳᠠᠮᠵᠢᠭᠤᠯᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ ᠬᠢᠨᠠᠨ ᠵᠢᠯᠣᠭᠣᠳᠴᠤ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠢ ᠤᠯᠠᠨᠲᠠ ᠵᠣᠬᠢᠶᠠᠨ ᠪᠠᠶ᠋ᠢᠭᠤᠯᠤᠨ ᠦᠨᠳᠦᠰᠦᠨ ᠱᠠᠲᠤᠨ᠎ᠳᠤ ᠬᠦᠨᠵᠡᠭᠡᠢ᠌ᠷᠡᠭᠦᠯᠦᠨ ᠵᠢᠯᠤᠭᠤᠳᠤᠨ ᠪᠠᠢ᠌ᠴᠠᠭ᠋ᠠᠵᠤ᠂ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃ ᠪᠦᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠠᠷᠢᠯᠭ᠋ᠠᠨ ᠰᠢᠢᠳᠪᠦᠷᠢᠯᠡᠬᠦ ᠵᠢ ᠯᠠᠪᠳᠠᠭᠤᠨ ᠪᠠᠲᠤᠲᠠᠶ ᠥᠷᠨᠢᠭᠦᠯᠵᠦ᠂ ᠤᠳᠤᠷᠢᠳᠬᠤ ᠺᠠᠳ᠋ᠷ᠎ᠤᠨ ᠰᠤᠷᠪᠤᠯᠵᠢᠯᠠᠯ ᠬᠦᠯᠢᠶᠡᠨ ᠠᠪᠬᠤ᠂ ᠳᠣᠷᠣᠭᠰᠢ ᠰᠤᠷᠪᠤᠯᠵᠢᠯᠠᠬᠤ ᠪᠠ ᠬᠡᠷᠡᠭ᠎ᠢ ᠳᠠᠭ᠋ᠠᠭ᠋ᠠᠨ ᠠᠪᠬᠤ ᠬᠠᠷᠢᠭᠤᠴᠠᠯᠭ᠎ᠠ ᠵᠢ᠎ᠨᠢ ᠪᠦᠲᠦᠮᠵᠢᠲᠠᠢ᠎ᠪᠠᠷ ᠴᠢᠨᠭ᠌ᠭ᠋ᠠᠳᠬᠠᠵᠤ᠂ ᠦᠯᠡᠮᠵᠢ ᠤᠯᠠᠨ ᠦᠯᠡᠳᠡᠭᠳᠡᠮᠡᠯ ᠬᠡᠷᠡᠭ ᠪᠤᠯᠤᠨ ᠬᠦᠴᠢᠷ ᠲᠦᠪᠡᠭ᠎ᠲᠠᠢ ᠬᠡᠷᠡᠭ᠎ᠢ ᠰᠢᠢ᠍ᠳᠪᠦᠷᠢᠯᠡᠪᠡ᠃
ᠬᠥᠲᠥᠯᠥᠭᠴᠢ᠄
ᠣᠶ᠋ᠢᠯᠠᠭ᠋ᠠᠭᠰᠠᠨ ᠵᠶ᠋ᠠᠷ᠂ ᠮᠠᠨ᠎ᠤ ᠣᠷᠣᠨ 《ᠳᠦᠷᠪᠡᠨ ᠳᠠᠨᠭ᠌ᠰᠠ ᠲᠦᠷᠪᠡᠨ ᠲᠤᠲᠤᠷᠬᠠᠢ》 ᠲᠣᠭᠲᠠᠴᠠ ᠵᠢ ᠪᠠᠢ᠌ᠭᠤᠯᠤᠨ ᠵᠠᠬᠢᠳᠠᠯ ᠰᠤᠷᠪᠤᠯᠵᠢᠯᠠᠯ᠎ᠤᠨ ᠲᠣᠪᠣᠶ᠋ᠢᠮ᠎ᠠ ᠠᠰᠠᠭᠤᠳᠠᠯ᠎ᠤᠳ᠎ᠢ ᠰᠢᠢ᠍ᠳᠪᠦᠷᠢᠯᠵᠤ ᠮᠠᠰᠢ ᠰᠠᠢ᠌ᠨ ᠦᠷ᠎ᠡ ᠪᠦᠲᠦᠮᠵᠢ ᠤᠯᠤᠭᠰᠠᠨ ᠪᠠᠢ᠌ᠨ᠎ᠠ᠂ ᠤᠳᠤᠬᠠᠨ᠎ᠤ ᠲᠣᠭᠲᠠᠴᠠ ᠵᠢ ᠬᠡᠷᠡᠭᠵᠢᠬᠦᠯᠦᠭᠰᠡᠨ ᠦᠷ᠎ᠡ ᠪᠦᠲᠦᠭᠡᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
ᠵᠠᠩ ᠵᠢᠨ ᠫᠢᠩ᠄
《ᠲᠤᠢ᠌ᠷᠪᠡᠠ ᠨᠠᠷᠢᠨ ᠳᠠᠨᠭ᠌ᠰᠠ ᠲᠦᠷᠪᠡᠨ ᠲᠤᠲᠤᠷᠬᠠᠢ》 ᠲᠣᠭᠲᠠᠴᠠ᠎ᠨᠢ ᠳᠠᠷᠤᠶ ᠲᠤᠰ ᠭᠠᠵᠠᠷ ᠣᠷᠣᠨ᠎ᠤ᠎ᠪᠠᠨ ᠵᠠᠬᠢᠳᠠᠯ ᠰᠤᠷᠪᠤᠯᠵᠢᠯᠠᠯ᠎ᠤᠨ ᠲᠣᠪᠣᠶ᠋ᠢᠮ᠎ᠠ ᠠᠰᠠᠭᠤᠳᠠᠯ᠎ᠤᠳ᠎ᠢ ᠳᠠᠷᠠᠭ᠋ᠠᠯᠠᠨ ᠪᠠᠢ᠌ᠴᠠᠭ᠋ᠠᠨ ᠤᠢ᠌ᠯᠠᠭ᠋ᠠᠵᠤ᠂ 《ᠳᠥᠷᠪᠡᠨ ᠨᠠᠷᠢᠨ ᠲᠠᠩᠰᠠ》 ᠵᠢ ᠲᠦᠷᠦᠯ ᠬᠤᠪᠢᠶᠠᠨ ᠪᠠᠢ᠌ᠭᠤᠯᠤᠭᠰᠠᠨ᠎ᠤ ᠬᠠᠮᠲᠤ ᠨᠠᠷᠢᠨ ᠳᠠᠨᠭ᠌ᠰᠠ᠎ᠲᠠᠢ ᠬᠠᠷᠭᠤᠭᠤᠯᠤᠨ ᠨᠠᠷᠢᠨ ᠳᠠᠨᠭ᠌ᠰᠠ ᠵᠢᠨ 《ᠲᠦᠷᠪᠡᠨ ᠲᠤᠲᠤᠷᠬᠠᠢ》 ᠱᠠᠭ᠋ᠠᠷᠳᠠᠯᠭ᠎ᠠ ᠶᠣᠰᠣᠭ᠋ᠠᠷ᠂ ᠠᠵᠢᠯ ᠵᠶ᠋ᠠᠨ ᠯᠠᠪᠳᠠᠭᠤᠨ ᠪᠠᠲᠤᠲᠠᠶ᠎ᠪᠠᠷ ᠦᠷᠨᠢᠬᠦᠯᠵᠤ᠂ ᠠᠰᠠᠭᠤᠳᠠᠯ ᠰᠢᠢᠳᠪᠦᠷᠢᠯᠡᠬᠦ ᠵᠢ ᠠᠬᠢᠭᠤᠯᠤᠭᠰᠠᠨ ᠪᠠᠢ᠌ᠨ᠎ᠠ᠃ 《ᠳᠦᠷᠪᠡᠨ ᠨᠠᠷᠢᠨ ᠳᠠᠨᠭ᠌ᠰᠠ》 ᠭᠡᠳᠡᠭ᠎ᠨᠢ ᠵᠦᠢ ᠵᠤᠬᠢᠰᠲᠠᠢ ᠭᠤᠮᠤᠳᠠᠯ ᠲᠤᠭ᠋ᠠᠴᠢᠬᠤ ᠨᠠᠷᠢᠨ ᠳᠠᠨᠭ᠌ᠰᠠ᠂ ᠰᠤᠷᠭ᠋ᠠᠨ ᠬᠦᠮᠦᠵᠢᠭᠦᠯᠦᠨ ᠵᠢᠯᠤᠭᠤᠳᠬᠤ ᠨᠠᠷᠢᠨ ᠳᠠᠨᠭ᠌ᠰᠠ᠂ ᠬᠠᠪᠰᠤᠷᠤᠨ ᠲᠡᠳᠬᠦᠵᠤ ᠲᠡᠨᠭᠭᠡᠷᠡᠬᠦᠯᠦᠨ ᠲᠤᠰᠠᠯᠠᠬᠤ ᠨᠠᠷᠢᠨ ᠳᠠᠨᠭ᠌ᠰᠠ ᠪᠤᠯᠤᠨ ᠬᠠᠤᠯᠢ ᠶᠤᠰᠤᠭ᠋ᠠᠷ ᠰᠢᠢ᠍ᠳᠪᠦᠷᠢᠯᠡᠬᠦ ᠨᠠᠷᠢᠨ ᠳᠠᠨᠭ᠌ᠰᠠ ᠵᠢ ᠵᠢᠭ᠋ᠠᠵᠤ ᠪᠤᠢ᠃ 《ᠳᠦᠷᠪᠡᠨ ᠲᠤᠲᠤᠷᠬᠠᠢ》 ᠬᠡᠳᠡᠭ᠎ᠨᠢ ᠰᠠᠭᠤᠷᠢ ᠲᠤᠭ᠎ᠠ᠎ᠨᠢ ᠲᠣᠳᠣᠷᠬᠠᠶ᠂ ᠬᠠᠷᠢᠭᠤᠴᠠᠯᠭ᠎ᠠ᠎ᠨᠢ ᠲᠣᠳᠣᠷᠬᠠᠶ᠂ ᠠᠷᠭ᠎ᠠ ᠬᠡᠮᠵᠢᠶ᠎ᠡ᠎ᠨᠢ ᠲᠣᠳᠣᠷᠬᠠᠶ ᠪᠤᠯᠤᠨ ᠦᠷ᠎ᠡ ᠳ᠋ᠦᠨᠭ᠎ᠨᠢ ᠲᠤᠲᠤᠷᠬᠠᠢ ᠪᠠᠢ᠌ᠬᠤ ᠵᠢ ᠵᠢᠭ᠋ᠠᠵᠤ ᠪᠤᠢ᠃ 2016 ᠣᠨ᠎ᠳᠤ᠂ ᠪᠢᠳᠡ ᠵᠠᠬᠢᠳᠠᠯ ᠰᠤᠷᠪᠤᠯᠵᠢᠯᠠᠯ᠎ᠤᠨ ᠲᠣᠪᠣᠶ᠋ᠢᠮ᠎ᠠ ᠠᠰᠠᠭᠤᠳᠠᠯ᠎ᠢ ᠨᠡᠶ᠋ᠢᠲᠡ ᠬᠣᠶᠠᠷ ᠤᠳᠠᠭ᠎ᠠ ᠡᠮᠬᠢᠳᠭᠡᠨ ᠲᠤᠰᠢᠶᠠᠨ ᠰᠢᠢ᠍ᠳᠪᠦᠷᠢᠯᠡᠬᠦᠯᠵᠤ᠂ ᠡᠯ᠎ᠡ ᠭᠠᠵᠠᠷ᠎ᠲᠤ 《ᠭᠤᠷᠪᠠ ᠵᠢ ᠨᠠᠢ᠌ᠳᠠᠪᠤᠷᠢᠵᠢᠭᠤᠯᠵᠤ᠂ ᠨᠢᠭᠡ ᠵᠢ ᠰᠢᠢᠳᠪᠦᠷᠢᠯᠡᠬᠦ》 ᠱᠠᠭ᠋ᠠᠷᠳᠠᠯᠭ᠎ᠠ ᠶᠣᠰᠣᠭ᠋ᠠᠷ᠂ 《ᠲᠦᠷᠪᠡᠨ ᠨᠠᠷᠢᠨ ᠳᠠᠩᠰᠠ》 ᠵᠢ ᠪᠠᠢ᠌ᠭᠤᠯᠵᠤ᠂ ᠨᠠᠷᠢᠨ ᠳᠠᠨᠭ᠌ᠰᠠ ᠨᠢᠭᠡᠪᠦᠷᠢ᠎ᠳᠤ 《ᠳᠦᠷᠪᠡᠨ ᠲᠤᠲᠤᠷᠬᠠᠢ》 ᠵᠢ ᠪᠡᠶᠡᠯᠡᠬᠦᠯᠬᠦ ᠬᠡᠷᠡᠭᠲᠠᠢ ᠬᠡᠵᠤ ᠱᠠᠭ᠋ᠠᠷᠳᠠᠪᠠ᠂ ᠨᠢᠭᠡ ᠵᠢᠯ᠎ᠤᠨ ᠲᠤᠷᠰᠢ᠂ ᠡᠯ᠎ᠡ ᠭᠠᠵᠠᠷ᠎ᠤᠨ 《ᠳᠦᠷᠪᠡᠨ ᠨᠠᠷᠢᠨ ᠲᠠᠩᠰᠠ》 ᠵᠢᠨ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠤᠨ 97.1%᠎ᠳᠤᠨᠢ 《ᠳᠦᠷᠪᠡᠨ ᠲᠤᠲᠤᠷᠬᠠᠢ》 ᠵᠢ ᠪᠡᠶᠡᠯᠡᠭᠦᠯᠵᠦ᠂ ᠤᠯᠠᠨ ᠲᠦᠮᠡᠨ᠎ᠤ ᠲᠤᠰᠬᠠᠯ ᠶᠡᠬᠡᠲᠠᠢ ᠪᠡᠷᠭᠡ ᠠᠰᠠᠭᠤᠳᠠᠯ᠎ᠤᠳ᠎ᠢ ᠠᠷᠢᠯᠭ᠋ᠠᠬᠤ ᠵᠢ ᠲᠦᠯᠬᠢᠨ ᠠᠬᠢᠭᠤᠯᠪᠠ᠃
ᠬᠥᠲᠥᠯᠥᠭᠴᠢ᠄
ᠵᠥᠪ ᠲᠠᠯ᠎ᠠ ᠵᠢᠨ ᠨᠥᠯᠥᠭᠡᠯᠡᠬᠦ ᠬᠦᠴᠦᠨ᠎ᠢ ᠤᠯᠠᠮᠵᠢᠯᠠᠵᠤ᠂ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠭᠣᠮᠣᠳᠠᠯ ᠱᠠᠭ᠋ᠠᠷᠳᠠᠯᠭ᠎ᠠ᠎ᠪᠠᠨ ᠲᠤᠰᠬᠠᠬᠤ᠎ᠳᠤ ᠳᠦᠭᠦᠮ ᠦᠵᠡᠭᠦᠯᠬᠦ ᠵᠢᠨ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠰᠢᠰᠲ᠋ᠧᠮ ᠵᠠᠬᠢᠳᠠᠯ ᠰᠤᠷᠪᠤᠯᠵᠢᠯᠠᠯ᠎ᠤᠨ ᠰᠢᠨ᠎ᠡ ᠵᠠᠭᠤᠴᠢᠯᠠᠭᠤᠷᠨᠤᠭᠤᠳᠢ ᠪᠠᠢ᠌ᠭᠤᠯᠪᠠ᠂ ᠲᠡᠭᠡᠪᠡᠯ ᠵᠠᠬᠢᠳᠠᠯ ᠰᠤᠷᠪᠤᠯᠵᠢᠯᠠᠯ᠎ᠤᠨ ᠤᠬᠠᠭᠤᠯᠭ᠎ᠠ ᠵᠢᠨ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ?
ᠵᠠᠩ ᠵᠢᠨ ᠫᠢᠩ᠄
2016 ᠤᠨ᠎ᠤ ᠵᠢᠯ᠎ᠤᠨ ᠡᠬᠢᠨ᠎ᠳᠤ᠂ ᠪᠢᠳᠡ ᠵᠠᠬᠢᠳᠠᠯ ᠰᠤᠷᠪᠤᠯᠵᠢᠯᠠᠯ᠎ᠤᠨ ᠰᠢᠨ᠎ᠡ ᠵᠠᠭᠤᠴᠢᠯᠠᠭᠤᠷ᠎ᠤᠨ ᠲᠤᠮᠤ ᠵᠢᠭᠰᠠᠭ᠋ᠠᠯ᠎ᠢ ᠪᠠᠢ᠌ᠭᠤᠯᠵᠤ᠂ ᠥᠪᠥᠷ ᠮᠣᠩᠭᠣᠯ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠰᠢᠨ᠎ᠡ ᠨᠡᠷ᠎ᠡ ᠵᠢᠨ ᠬᠠᠭᠤᠳᠠᠰᠤ ᠵᠢ ᠴᠤᠭᠴᠠᠯᠠᠬᠤ᠎ᠪᠠᠷ ᠳᠤᠷᠠᠳᠪᠠ᠃ 2016 ᠣᠨ᠎ᠳᠤ᠂ ᠥᠪᠥᠷ ᠮᠣᠩᠭᠣᠯ᠎ᠤᠨ ᠵᠠᠬᠢᠳᠠᠯ ᠰᠤᠷᠪᠤᠯᠵᠢᠯᠠᠯ᠎ᠤᠨ ᠭᠤᠷᠪᠠᠨ ᠱᠠᠲᠤᠨ᠎ᠤ ᠸᠢᠴᠠᠲ᠎ᠤᠨ ᠤᠯᠠᠨ ᠨᠡᠶ᠋ᠢᠲᠡ ᠵᠢᠨ ᠵᠢᠷᠬᠢᠬᠡ ᠨᠡᠢ᠌ᠲᠡ ᠵᠢᠷᠭᠤᠭ᠋ᠠᠨ ᠲᠦᠮᠡ ᠭᠠᠷᠤᠶ ᠮᠡᠳᠡᠭᠡ ᠵᠠᠩᠭᠢ ᠵᠢ ᠨᠡᠢ᠌ᠲᠡᠯᠡᠵᠤ᠂ ᠤᠩᠰᠢᠯᠭ᠎ᠠ ᠵᠢᠨ ᠬᠡᠮᠵᠢᠶ᠎ᠡ ᠲᠠᠪᠤᠨ ᠵᠠᠭᠤᠨ ᠲᠦᠮᠡᠨ ᠬᠥᠮᠦᠨ ᠤᠳᠠᠭ᠎ᠠ᠎ᠳᠤ ᠬᠦᠷᠴᠦ᠂ ᠨᠡᠶ᠋ᠢᠭᠡᠮ ᠨᠡᠶ᠋ᠢᠲᠡ ᠵᠢᠨ᠎ᠬᠢᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠠᠯ᠎ᠠ᠎ᠪᠠᠷ᠎ᠬᠢ ᠣᠶ᠋ᠢᠯᠠᠭ᠋ᠠᠯᠲᠠ ᠵᠢ᠎ᠨᠢ ᠪᠦᠲᠦᠮᠵᠢᠲᠡᠶ ᠨᠡᠮᠡᠭᠳᠡᠭᠦᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠨᠡᠶ᠋ᠢᠭᠡᠮ ᠨᠡᠶ᠋ᠢᠲᠡ᠎ᠳᠠᠬᠢ ᠨᠥᠯᠥᠭᠡᠯᠡᠬᠦ ᠬᠦᠴᠦᠨ᠎ᠢ ᠶᠡᠬᠡᠪᠡᠷ ᠳᠡᠭᠡᠭᠰᠢᠯᠡᠭᠦᠯᠦᠭᠰᠡᠨ ᠪᠠᠶ᠋ᠢᠨ᠎ᠠ᠃ 《ᠥᠪᠥᠷ ᠮᠣᠩᠭᠣᠯ᠎ᠤᠨ ᠵᠠᠬᠢᠳᠠᠯ ᠰᠤᠷᠪᠤᠯᠵᠢᠯᠠᠯ》 ᠸᠢᠴᠠᠲ᠎ᠤᠨ ᠤᠯᠠᠨ ᠨᠡᠶ᠋ᠢᠲᠡ ᠵᠢᠨ ᠵᠢᠷᠬᠢᠭᠡ ᠵᠢᠨ ᠲᠣᠪᠶᠣᠭ᠎ᠲᠤ 《ᠭᠠᠷ ᠤᠲᠠᠰᠤ ᠵᠢᠨ ᠵᠠᠬᠢᠳᠠᠯ ᠰᠤᠷᠪᠤᠯᠵᠢᠯᠠᠯ》᠎ᠤᠨ ᠪᠤᠯᠤᠨᠭ᠌ᠢ ᠲᠤᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠤᠪᠴᠢᠶ᠎ᠠ ᠵᠢᠨ ᠫᠤᠷᠲᠸᠯ ᠰᠦᠯᠵᠢᠶ᠎ᠡ ᠵᠢᠨ 《ᠰᠦᠯᠵᠢᠶᠡᠨ ᠳᠡᠭᠡᠷ᠎ᠡ ᠭᠤᠮᠤᠳᠠᠯ ᠲᠤᠭ᠋ᠠᠴᠢᠬᠤ》 ᠪᠤᠯᠤᠨᠭ᠌᠎ᠲᠠᠢ ᠴᠦᠷᠭᠡᠯᠡᠵᠤ᠂ ᠥᠷᠭᠡᠨ ᠤᠯᠠᠨ ᠲᠦᠮᠡᠨ ᠭᠡᠷ᠎ᠠᠴᠠ᠎ᠪᠠᠨ ᠭᠠᠷᠬᠤ ᠦᠭᠡᠢ᠎ᠪᠠᠷ ᠲᠤᠶᠢᠭᠤᠷ ᠵᠶ᠋ᠠᠨ ᠳᠠᠷᠤᠵᠤ ᠸᠢᠴᠠᠲ᠎ᠲᠤ ᠭᠠᠷᠪᠠᠯ ᠳᠠᠷᠤᠢ ᠭᠤᠮᠤᠳᠠᠯ ᠰᠠᠨᠠᠭᠤᠯᠭ᠎ᠠ᠎ᠪᠠᠨ ᠳᠤᠷᠠᠳᠴᠦ ᠪᠤᠯᠬᠤ ᠪᠤᠯᠭ᠋ᠠᠪᠠ᠂ ᠰᠢᠢᠳᠪᠦᠷᠢᠯᠡᠬᠦ ᠶᠠᠪᠤᠴᠠ ᠵᠢ ᠮᠥᠷᠳᠡᠨ ᠤᠯᠠᠨ ᠲᠦᠮᠡᠨ᠎ᠳᠤ ᠲᠦᠭᠦᠮ ᠦᠵᠡᠭᠦᠯᠵᠤ᠂ ᠠᠵᠢᠯ᠎ᠤᠨ ᠶᠠᠰᠤ ᠴᠢᠨᠠᠷ ᠪᠤᠯᠤᠨ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠭᠰᠡᠨ ᠪᠠᠶ᠋ᠢᠨ᠎ᠠ᠃ ᠲᠡᠷᠡᠴᠢᠯᠡᠨ ᠪᠦᠬᠦ ᠣᠷᠣᠨ᠎ᠤ ᠭᠤᠷᠪᠠᠨ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ 《ᠦᠨᠦᠳᠦᠷ᠎ᠤᠨ ᠴᠢᠬᠤᠯᠠ ᠮᠡᠳᠡᠭᠡ》᠎ᠳᠤ ᠲᠥᠪᠯᠡᠷᠡᠨ ᠤᠷᠤᠵᠤ᠂ ᠵᠠᠬᠢᠳᠠᠯ ᠰᠤᠷᠪᠤᠯᠵᠢᠯᠠᠯ᠎ᠤᠨ ᠤᠬᠠᠭᠤᠯᠭ᠎ᠠ ᠵᠢᠨ ᠨᠥᠯᠥᠭᠡ ᠵᠢ ᠤᠯᠠᠮ ᠨᠢᠭᠡ ᠠᠯᠬᠤᠮ ᠥᠷᠭᠡᠳᠬᠡᠵᠦ᠂ ᠵᠠᠬᠢᠳᠠᠯ ᠰᠤᠷᠪᠤᠯᠵᠢᠯᠠᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠤᠯᠠᠮ ᠨᠢᠭᠡ ᠠᠯᠬᠤᠮ ᠳᠤᠪᠤᠢ᠌ᠯᠭ᠋ᠠᠭᠰᠠᠨ ᠪᠠᠶ᠋ᠢᠨ᠎ᠠ᠃
ᠬᠦᠲᠦᠯᠦᠭᠴᠢ᠄
ᠮᠠᠨ᠎ᠤ ᠣᠷᠣᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠲᠠᠯ᠎ᠠ᠎ᠪᠠᠷ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠤᠭᠰᠠᠨ
ᠪᠤᠢ?
ᠵᠠᠩ ᠵᠢᠨ ᠫᠢᠩ᠄
ᠥᠪᠡᠷᠲᠡᠭᠡᠨ ᠵᠠᠰᠠᠬᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠣᠯᠪᠤᠭ᠋ᠠᠲᠤ ᠬᠤᠷᠠᠯ᠎ᠢ ᠤᠯᠠᠨ ᠤᠳᠠᠭ᠎ᠠ ᠬᠤᠷᠠᠯᠳᠤᠭᠤᠯᠵᠤ᠂ ᠲᠥᠪ ᠬᠣᠷᠢᠶ᠎ᠠ ᠵᠢᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠴᠠᠭ ᠲᠤᠬᠠᠶ᠎ᠳᠤᠨᠢ ᠤᠯᠠᠮᠵᠢᠯᠠᠨ ᠲᠤᠤᠱᠯᠠᠭᠤᠯᠵᠤ᠂ ᠠᠵᠢᠯ᠎ᠤᠨ ᠰᠡᠳᠬᠢᠴᠡ ᠵᠢ ᠲᠣᠭᠲᠠᠭ᠋ᠠᠨ᠂ ᠤᠳᠤᠷᠢᠳᠬᠤ ᠺᠠᠳ᠋ᠷ ᠰᠤᠷᠪᠤᠯᠵᠢᠯᠠᠯ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ᠂ ᠤᠳᠤᠷᠢᠳᠤᠯᠭ᠎ᠠ ᠬᠡᠷᠡᠭ᠎ᠢ ᠳᠠᠭ᠋ᠠᠴᠢᠯᠠᠬᠤ᠂ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ ᠶᠠᠪᠤᠳᠠᠯ᠎ᠢ ᠲᠥᠪᠯᠡᠷᠡᠭᠦᠯᠦᠨ ᠢᠯᠭ᠋ᠠᠷᠠᠭᠤᠯᠵᠦ ᠲᠤᠰᠢᠶᠠᠨ ᠰᠢᠢ᠍ᠳᠪᠦᠷᠢᠯᠡᠭᠦᠯᠬᠦ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠦᠷᠦ ᠵᠢᠨ ᠪᠤᠳᠤᠯᠭ᠎ᠠ ᠵᠢᠨ ᠲᠠᠯ᠎ᠠ᠎ᠪᠠᠷ ᠪᠦᠯᠦᠭᠴᠢᠯᠡᠨ ᠠᠷᠢᠯᠭ᠋ᠠᠬᠤ ᠵᠡᠷᠭᠡ ᠠᠷᠭ᠎ᠠ ᠬᠡᠮᠵᠢᠶ᠎ᠡ ᠵᠢ ᠲᠥᠯᠬᠢᠨ ᠠᠬᠢᠭᠤᠯᠬᠤ᠎ᠪᠠᠷ ᠳᠠᠮᠵᠢᠵᠤ᠂ ᠵᠠᠬᠢᠳᠠᠯ ᠰᠤᠷᠪᠤᠯᠵᠢᠯᠠᠯ᠎ᠤᠨ ᠲᠣᠪᠣᠶ᠋ᠢᠮ᠎ᠠ ᠠᠰᠠᠭᠤᠳᠠᠯ᠎ᠢ ᠬᠦᠴᠦ ᠲᠠᠯᠪᠢᠨ ᠰᠢᠢ᠍ᠳᠪᠦᠷᠢᠯᠡᠪᠡ᠃ ᠤᠷᠲᠤ ᠬᠤᠭᠤᠴᠠᠭ᠋ᠠᠨ᠎ᠤ ᠴᠤᠴᠠᠯᠲᠠ ᠦᠭᠡᠢ ᠴᠢᠷᠮᠠᠢ᠌ᠯᠭ᠎ᠠ᠎ᠪᠠᠷ ᠳᠠᠮᠵᠢᠨ᠂ ᠪᠦᠬᠦ ᠣᠷᠣᠨ᠎ᠤ ᠭᠤᠷᠪᠠᠨ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠶᠡᠷᠦᠩᠬᠡᠶ ᠬᠡᠮᠵᠢᠶ᠎ᠡ ᠵᠢᠯ ᠳᠠᠷᠠᠭ᠋ᠠᠯᠠᠨ ᠶᠡᠬᠡ ᠬᠡᠮᠵᠢᠶ᠎ᠡ᠎ᠪᠠᠷ ᠪᠠᠭᠤᠷᠠᠵᠤ᠂ ᠵᠠᠬᠢᠳᠠᠯ (ᠰᠦᠯᠵᠢᠶ᠎ᠡ)᠎ᠤᠨ ᠰᠤᠷᠪᠤᠯᠵᠢᠯᠠᠯ ᠢᠯᠡᠳᠲᠡ ᠬᠠᠰᠤᠭᠳᠠᠵᠤ᠂ ᠵᠠᠬᠢᠳᠠᠯ ᠰᠤᠷᠪᠤᠯᠵᠢᠯᠠᠯ᠎ᠤᠨ ᠪᠦᠲᠦᠴᠡ ᠰᠢᠯᠢᠳᠡᠭᠵᠢᠪᠡ᠃ ᠥᠪᠡᠷᠲᠡᠭᠡᠨ ᠵᠠᠰᠠᠬᠤ ᠣᠷᠣᠨ᠎ᠤ ᠬᠣᠯᠪᠤᠭ᠋ᠠᠲᠤ ᠬᠤᠷᠠᠯ᠎ᠨᠢ ᠵᠢᠯ ᠪᠦᠷᠢ ᠵᠠᠬᠢᠳᠠᠯ ᠰᠤᠷᠪᠤᠯᠵᠢᠯᠠᠯ᠎ᠤᠨ 《ᠴᠡᠪᠡᠷ
ᠬᠡᠷᠡᠭ》᠎ᠢ ᠲᠥᠪᠯᠡᠷᠡᠩᠭᠦᠢ᠎ᠪᠠᠷ ᠳᠣᠷᠣᠭᠰᠢ ᠡᠮᠬᠢᠯᠡᠨ ᠲᠤᠰᠢᠶᠠᠨ ᠰᠢᠢ᠍ᠳᠪᠦᠷᠢᠯᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠠᠵᠢᠯ᠎ᠤᠨ ᠬᠠᠷᠢᠭᠤᠴᠠᠯᠭ᠎ᠠ ᠵᠢ ᠪᠦᠲᠦᠮᠵᠢᠲᠡᠶ ᠴᠢᠩᠭ᠋ᠠᠳᠬᠠᠵᠤ᠂ ᠵᠠᠬᠢᠳᠠᠯ ᠰᠤᠷᠪᠤᠯᠵᠢᠯᠠᠯ ᠳᠠᠷᠤᠭᠳᠠᠬᠤ ᠲᠣᠭ᠎ᠠ ᠬᠡᠮᠵᠢᠶ᠎ᠡ ᠵᠢ ᠪᠠᠭ᠋ᠠᠰᠬᠠᠪᠠ᠃ ᠲᠡᠷᠡᠴᠢᠯᠡᠨ ᠪᠡᠯᠡ ᠮᠦᠩᠭᠦᠨ᠎ᠤ ᠣᠷᠣᠭᠤᠯᠤᠯᠲᠠ᠎ᠪᠠᠨ ᠨᠡᠮᠡᠭᠳᠡᠭᠦᠯᠵᠦ᠂ ᠣᠯᠠᠨ ᠵᠢᠯ᠎ᠤᠨ ᠲᠤᠷᠰᠢᠳᠠ ᠬᠤᠷᠠᠮᠳᠤᠭᠰᠠᠨ ᠣᠨᠴᠣᠭᠣᠢ ᠲᠦᠪᠡᠭ ᠮᠠᠳᠠᠭ᠎ᠲᠠᠢ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢ᠍ᠳᠪᠦᠷᠢᠯᠡᠭᠡᠳ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠪᠠ᠃
ᠬᠦᠲᠦᠯᠦᠭᠴᠢ᠄
ᠮᠠᠨ᠎ᠤ ᠣᠷᠣᠨ ᠦᠨᠳᠦᠰᠦᠨ ᠱᠠᠲᠤᠨ᠎ᠤ ᠰᠠᠭᠤᠷᠢ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ?
ᠵᠠᠩ ᠵᠢᠨ ᠫᠢᠩ᠄
ᠦᠨᠳᠦᠰᠦᠨ ᠱᠠᠲᠤᠨ᠎ᠤ ᠰᠠᠭᠤᠷᠢ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠶᠡᠷᠦ᠎ᠠᠴᠠ ᠥᠪᠥᠷ ᠮᠣᠩᠭᠣᠯ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠭᠣᠣᠯᠳᠠᠯᠭ᠎ᠠ ᠪᠣᠯᠣᠭᠰᠠᠭ᠋ᠠᠷ ᠢᠷᠡᠪᠡ᠂ ᠪᠢᠳᠡ ᠤᠯᠠᠨ ᠵᠢᠯ᠎ᠤᠨ ᠲᠤᠷᠰᠢ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠬᠢᠷᠢ ᠲᠥᠪᠰᠢᠨ᠎ᠢ ᠳᠡᠭᠡᠭᠰᠢᠯᠡᠭᠦᠯᠬᠦ ᠵᠢ ᠢᠮᠠᠭᠲᠠ ᠴᠥᠬᠥᠷᠡᠰᠢ ᠦᠭᠡᠢ ᠪᠠᠷᠢᠮᠳᠠᠯᠠᠭᠰᠠᠨ ᠪᠥᠭᠡᠳ ᠬᠠᠲᠠᠭᠤ ᠳᠤᠨᠤᠭ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ᠂ ᠠᠵᠢᠯᠲᠠᠨ᠎ᠤ ᠲᠣᠬᠢᠷᠠᠭᠤᠯᠤᠯᠲᠠ ᠵᠡᠷᠭᠡ ᠲᠠᠯ᠎ᠠ᠎ᠪᠠᠷ ᠮᠠᠰᠢ ᠤᠯᠠᠨ ᠬᠦᠴᠦᠲᠡᠶ ᠠᠷᠭ᠎ᠠ ᠬᠡᠮᠵᠢᠶ᠎ᠡ ᠳᠤᠷᠠᠳᠤᠭᠰᠠᠨ ᠪᠠᠶ᠋ᠢᠨ᠎ᠠ᠃
ᠨᠢᠭᠡ᠎ᠳᠤ ᠡᠯ᠎ᠡ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠤᠨ ᠦᠨᠳᠦᠰᠦᠨ ᠱᠠᠲᠤᠨ᠎ᠤ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠣᠷᠴᠢᠨ ᠲᠣᠭᠣᠷᠢᠨ ᠪᠣᠯᠣᠨ ᠨᠥᠬᠥᠴᠡᠯ᠎ᠢ ᠤᠯᠠᠮ ᠰᠠᠶ᠋ᠢᠵᠢᠷᠠᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠤᠳᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ) ᠵᠡᠷᠭᠡ ᠳᠦᠷᠪᠡᠨ ᠱᠠᠲᠤᠨ᠎ᠤ ᠤᠯᠠᠨ ᠲᠦᠮᠡᠨ᠎ᠤ ᠠᠵᠢᠯ᠎ᠤᠨ ᠲᠣᠣᠷ ᠰᠦᠯᠵᠢᠶ᠎ᠡ ᠵᠢᠨ ᠰᠢᠰᠲᠸᠮᠵᠢ ᠵᠢ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ᠎ᠤᠨ ᠠᠵᠢᠯ ᠵᠶ᠋ᠠᠨ ᠬᠠᠮᠤᠭ᠎ᠤᠨ ᠦᠨᠳᠦᠰᠦᠨ ᠱᠠᠲᠤᠨ᠎ᠳᠤ ᠬᠦᠷᠲᠡᠯ᠎ᠡ ᠥᠷᠭᠡᠳᠬᠡᠵᠦ᠂ ᠶᠡᠬᠡ ᠬᠡᠮᠵᠢᠶᠡᠨ᠎ᠤ ᠵᠥᠷᠢᠴᠡᠯ ᠵᠢᠭᠤᠷᠠᠯᠳᠤᠭ᠋ᠠᠨ ᠪᠣᠯᠣᠨ ᠠᠰᠠᠭᠤᠳᠠᠯ᠎ᠤᠨ ᠲᠡᠯᠳᠠ ᠭᠡᠮ᠎ᠢ ᠦᠨᠳᠦᠰᠦᠨ ᠱᠠᠲᠤᠨ᠎ᠳᠤᠨᠢ ᠰᠡᠷᠭᠡᠶ᠋ᠢᠯᠡᠵᠦ᠂ ᠬᠠᠷᠢᠶ᠎ᠠ ᠭᠠᠵᠠᠷ᠎ᠲᠤᠨᠢ ᠰᠢᠢ᠍ᠳᠪᠦᠷᠢᠯᠡᠪᠡ᠃
ᠬᠣᠶᠠᠷ᠎ᠲᠤ ᠵᠠᠬᠢᠳᠠᠯ ᠰᠤᠷᠪᠤᠯᠵᠢᠯᠠᠯ᠎ᠤᠨ ᠠᠵᠢᠯᠯᠠᠬᠤ ᠡᠳᠦᠷ᠎ᠤᠨ ᠳᠦᠷᠢᠮ᠎ᠢ ᠦᠷᠭᠦᠯᠵᠢᠯᠡᠨ ᠪᠠᠷᠢᠮᠲᠠᠯᠠᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠰᠤᠷᠪᠤᠯᠵᠢᠯᠠᠯ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠵᠢ᠎ᠨᠢ ᠬᠡᠪ᠎ᠤᠨ ᠪᠠᠢ᠌ᠳᠠᠯ ᠪᠣᠯᠭ᠋ᠠᠵᠤ᠂ ᠠᠵᠢᠯ᠎ᠤᠨ ᠡᠷᠬᠡ ᠵᠢᠨ ᠬᠡᠪᠴᠢᠶᠡᠨ᠎ᠳᠠᠬᠢ ᠨᠢᠭᠡ ᠪᠦᠯᠦᠭ ᠲᠦᠪᠡᠭ ᠮᠠᠳᠠᠭ᠎ᠲᠠᠢ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠢᠢ᠍ᠳᠪᠦᠷᠢᠯᠡᠪᠡ᠃
ᠭᠤᠷᠪᠠ᠎ᠳᠤ 《ᠭᠤᠷᠪᠠ ᠦᠬᠡᠢ》 ᠬᠣᠰᠢᠭᠤ ᠰᠢᠶᠠᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠦᠨᠳᠦᠰᠦᠨ ᠱᠠᠲᠤ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠦᠵᠡᠯᠲᠡ ᠲᠠᠨᠢᠯᠲᠠ ᠵᠢ᠎ᠨᠢ ᠦᠨᠡᠨ ᠬᠦ᠌ ᠬᠤᠪᠢᠷᠠᠭᠤᠯᠤᠨ᠂ ᠠᠵᠢᠯ᠎ᠤᠨ ᠭᠣᠣᠯᠳᠠᠯᠭ᠎ᠠ᠎ᠪᠠᠨ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠲᠤᠬᠠᠶ ᠵᠢᠨ ᠭᠠᠵᠠᠷ᠎ᠲᠤᠨᠢ ᠰᠢᠢᠳᠪᠦᠷᠢᠯᠡᠬᠦ ᠳᠡᠭᠡᠷ᠎ᠡ ᠲᠥᠪᠯᠡᠷᠡᠭᠦᠯᠪᠡ᠃
ᠲᠦᠷᠪᠡ᠎ᠳᠤ ᠵᠠᠬᠢᠳᠠᠯ ᠰᠤᠷᠪᠤᠯᠵᠢᠯᠠᠯ᠎ᠤᠨ ᠰᠠᠭᠤᠷᠢ ᠲᠤᠬᠠᠶ᠋ᠢᠯᠠᠭᠰᠠᠨ ᠠᠵᠢᠯ᠎ᠤᠨ ᠬᠦᠯᠢᠶᠡᠨ ᠠᠪᠴᠤ ᠰᠢᠢᠳᠪᠦᠷᠢᠯᠡᠬᠦ ᠬᠢᠷᠢ ᠲᠥᠪᠰᠢᠨ ᠵᠶ᠋ᠡᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠭ᠋ᠠᠯ᠎ᠢ ᠪᠦᠬᠦ ᠲᠠᠯ᠎ᠠ᠎ᠪᠠᠷ ᠰᠠᠶ᠋ᠢᠲᠤᠷ ᠨᠠᠢ᠌ᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠩᠬ᠎ᠠ ᠤᠳᠠᠭ᠋ᠠᠨ᠎ᠤ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠴᠤ ᠰᠢᠢᠳᠪᠦᠷᠢᠯᠡᠬᠦ᠎ᠠᠴᠠ ᠭᠠᠷᠳᠠᠵᠤ᠂ ᠡᠯ᠎ᠡ ᠵᠦᠢ᠍ᠯ᠎ᠤᠨ ᠲᠡᠰ ᠳᠠᠷᠠᠭ᠋ᠠᠯᠠᠯ᠂ ᠪᠠᠷᠢᠮᠵᠢᠶ᠎ᠠ᠂ ᠬᠠᠷᠢᠭᠤᠴᠠᠯᠭ᠎ᠠ ᠪᠣᠯᠣᠨ ᠱᠠᠭ᠋ᠠᠷᠳᠠᠯᠭ᠎ᠠ ᠵᠢ ᠨᠠᠷᠢᠯᠢᠭ ᠪᠣᠳᠣᠯᠬᠢᠯᠠᠵᠤ᠂ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ ᠬᠢᠭᠡᠳ ᠰᠢᠢᠳᠪᠦᠷᠢᠯᠡᠬᠦ ᠡᠷᠬᠡ᠎ᠲᠠᠢ ᠪᠠᠶ᠋ᠢᠭᠤᠯᠭ᠎ᠠ᠎ᠯᠤᠭ᠎ᠠ ᠵᠢᠨ ᠠᠵᠢᠯ᠎ᠤᠨ ᠵᠣᠯᠭ᠋ᠠᠯᠲᠠ ᠵᠢ ᠴᠢᠩᠭ᠋ᠠᠳᠬᠠᠨ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠴᠥᠮ ᠨᠢᠭᠲᠠ ᠬᠣᠯᠪᠤᠯᠳᠤᠭᠤᠯᠤᠨ᠂ ᠠᠵᠢᠯᠯᠠᠭ᠋ᠠᠨ᠎ᠢ ᠡᠮᠬᠢ ᠵᠢᠷᠤᠮ᠎ᠲᠠᠢ᠂ ᠨᠠᠷᠢᠨ ᠵᠢᠷᠤᠮᠵᠢᠯ᠎ᠲᠠᠢ ᠪᠠᠢ᠌ᠬᠤ ᠵᠢ ᠦᠨᠡᠨ ᠬᠦ᠌ ᠪᠠᠲᠤᠯᠠᠪᠠ᠃
ᠲᠠᠪᠤ᠎ᠳᠤ ᠵᠠᠬᠢᠳᠠᠯ ᠰᠤᠷᠪᠤᠯᠵᠢᠯᠠᠯ᠎ᠤᠨ ᠰᠠᠭᠤᠷᠢ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠬᠤ ᠪᠣᠯᠪᠠᠰᠤᠷᠠᠭᠤᠯᠤᠯ᠎ᠢ ᠴᠢᠩᠭ᠋ᠠᠳᠬᠠᠨ᠂ ᠦᠨᠳᠦᠰᠦᠨ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠢᠷᠢ ᠲᠥᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠣᠷᠣᠨ᠎ᠤ ᠡᠯ᠎ᠡ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠤᠨ ᠰᠠᠭᠤᠷᠢ ᠲᠤᠬᠠᠶ᠋ᠢᠯᠠᠭᠰᠠᠨ ᠠᠵᠢᠯ᠎ᠤᠨ ᠪᠠᠶ᠋ᠢᠭᠤᠯᠤᠯᠲᠠ ᠵᠢ ᠠᠳᠬᠤᠬᠤ ᠤᠬᠠᠮᠰᠠᠷᠲᠤ ᠴᠢᠨᠠᠷ ᠪᠣᠯᠣᠨ ᠰᠠᠨᠠᠭ᠋ᠠᠴᠢᠯᠠᠭ᠋ᠠᠲᠤ ᠴᠢᠨᠠᠷ᠎ᠢ᠎ᠨᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠣᠳᠠᠲᠠᠶ ᠬᠦᠴᠢᠷᠳᠡᠯ᠎ᠢ᠎ᠨᠢ ᠰᠢᠢ᠍ᠳᠪᠦᠷᠢᠯᠡᠨ᠂ ᠨᠡᠶ᠋ᠢᠭᠡᠮ᠎ᠤᠨ ᠵᠥᠷᠢᠴᠡᠯ᠎ᠢ ᠠᠷᠢᠯᠭ᠋ᠠᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠪᠡ᠃
ᠬᠦᠲᠦᠯᠦᠭᠴᠢ᠄
2017 ᠣᠨ᠎ᠳᠤ᠂ ᠮᠠᠨ᠎ᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠡᠷᠴᠢᠮᠲᠡᠢ ᠠᠷᠭ᠎ᠠ ᠬᠡᠮᠵᠢᠶ᠎ᠡ ᠪᠠᠢ᠌ᠬᠤ
ᠪᠤᠢ?
ᠵᠠᠩ ᠵᠢᠨ ᠫᠢᠩ᠄
ᠨᠢᠭᠡ᠎ᠳᠤ 《ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ》᠎ᠢ ᠬᠥᠮᠦᠰ᠎ᠤᠨ ᠰᠡᠳᠬᠢᠯ᠎ᠳᠤ ᠨᠡᠩ ᠭᠦᠨ ᠰᠠᠭᠤᠭᠳᠠᠭᠤᠯᠣᠨᠠ᠃ ᠪᠥᠬᠥ ᠣᠷᠣᠨ᠎ᠤ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠨᠢ ᠬᠡᠳᠦᠨ ᠵᠢᠯ᠎ᠤᠨ ᠪᠦᠳᠦᠭᠡᠨ ᠪᠠᠶ᠋ᠢᠭᠤᠯᠤᠯᠲᠠ ᠪᠣᠯᠣᠨ ᠪᠦᠷᠢᠨᠰᠢᠭᠦᠯᠦᠯᠲᠡᠪᠠᠷ ᠳᠠᠮᠵᠢᠨ᠂ ᠭᠣᠮᠣᠳᠠᠯ ᠲᠣᠭ᠋ᠠᠴᠠᠯᠢ ᠴᠤᠭᠯᠠᠭᠤᠯᠬᠤ᠂ ᠪᠠᠢ᠌ᠴᠠᠭ᠋ᠠᠬᠤ᠂ ᠮᠥᠷᠳᠡᠬᠦ᠂ ᠬᠢᠨᠠᠯᠲᠠ ᠲᠠᠯᠪᠢᠬᠤ᠂ ᠦᠨᠡᠯᠡᠬᠦ ᠪᠠ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠵᠠᠳᠠᠯᠬᠤ ᠵᠢ ᠨᠢᠭᠡ ᠴᠣᠭᠴᠠᠵᠢᠭᠤᠯᠤᠭᠰᠠᠨ ᠵᠠᠬᠢᠳᠠᠯ ᠰᠤᠷᠪᠤᠯᠵᠢᠯᠠᠯ᠎ᠤᠨ ᠶᠡᠷᠦᠩᠬᠡᠶ᠋ᠢᠯᠡᠭᠰᠡᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠠᠪᠴᠠᠩ᠎ᠢ ᠪᠣᠢ ᠪᠣᠯᠭ᠋ᠠᠵᠤ᠂ ᠵᠠᠬᠢᠳᠠᠯ ᠰᠤᠷᠪᠤᠯᠵᠢᠯᠠᠯ᠎ᠤᠨ ᠲᠤᠬᠠᠶ᠋ᠢᠯᠠᠭᠰᠠᠨ ᠠᠵᠢᠯ ᠪᠣᠯᠣᠨ ᠬᠠᠮᠢᠶᠠᠷᠤᠯᠲᠠ ᠵᠢᠨ ᠴᠣᠪᠤᠷᠠᠯ᠎ᠢ ᠲᠣᠭ᠋ᠠᠴᠢᠯᠠᠨ ᠨᠡᠢ᠌ᠯᠡᠭᠦᠯᠬᠦ ᠵᠢ ᠪᠡᠶᠡᠯᠡᠭᠦᠯᠪᠡ᠃ ᠲᠡᠷᠡᠭ᠎ᠠ ᠠᠯᠬᠤᠮ᠎ᠳᠤ᠂ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠭᠦᠨᠵᠡᠭᠡᠶ ᠬᠡᠷᠡᠭᠯᠡᠯᠲᠡ ᠵᠢ ᠠᠬᠢᠭᠤᠯᠵᠤ᠂ ᠮᠡᠳᠡᠭᠡ ᠵᠠᠩᠭᠢᠵᠢᠯᠲᠠ ᠵᠢᠨ ᠵᠠᠬᠢᠳᠠᠯ ᠰᠤᠷᠪᠤᠯᠵᠢᠯᠠᠯ᠎ᠤᠨ ᠠᠵᠢᠯ᠎ᠳᠤ ᠲᠤᠯᠭ᠋ᠠᠭᠤᠷᠢᠯᠠᠬᠤ ᠪᠠ ᠪᠠᠲᠤᠯᠠᠬᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠤᠨ᠎ᠠ᠃ ᠲᠣᠣᠷ ᠰᠦᠯᠵᠢᠶ᠎ᠡ ᠵᠢᠨ ᠡᠬᠢ ᠪᠠᠶᠠᠯᠢᠭ᠎ᠢ ᠤᠯᠠᠮ ᠨᠢᠭᠡ ᠠᠯᠬᠤᠮ ᠡᠮᠬᠢᠯᠡᠨ ᠨᠡᠶ᠋ᠢᠯᠡᠭᠦᠯᠵᠦ᠂ ᠤᠯᠠᠨ ᠲᠦᠮᠡᠨ᠎ᠤ ᠵᠠᠬᠢᠳᠠᠯ ᠢᠷᠡᠭᠦᠯᠬᠦ᠂ ᠰᠤᠷᠪᠤᠯᠵᠢᠯᠠᠯ᠂ ᠰᠦᠯᠵᠢᠶᠡᠨ ᠳᠡᠭᠡᠷ᠎ᠡ ᠭᠣᠮᠣᠳᠠᠯ ᠲᠣᠭ᠋ᠠᠴᠢᠬᠤ᠂ ᠬᠠᠷᠠᠭ᠋ᠠᠨ ᠳᠠᠪᠲᠠᠮᠵᠢ ᠵᠢᠨ ᠵᠠᠬᠢᠳᠠᠯ ᠰᠤᠷᠪᠤᠯᠵᠢᠯᠠᠯ᠂ ᠤᠳᠤᠷᠢᠳᠤᠯᠭ᠎ᠠ ᠵᠢᠨ ᠵᠠᠬᠢᠳᠠᠯ᠎ᠤᠨ ᠬᠠᠶ᠋ᠢᠷᠴᠠᠭ ᠵᠡᠷᠭᠡ ᠡᠯ᠎ᠡ ᠵᠦᠢ᠍ᠯ᠎ᠤᠨ ᠠᠷᠭ᠎ᠠ ᠵᠠᠮ ᠵᠶ᠋ᠠᠷ ᠳᠤᠷᠠᠳᠤᠭᠰᠠᠨ ᠵᠠᠬᠢᠳᠠᠯ ᠰᠤᠷᠪᠤᠯᠵᠢᠯᠠᠯ᠎ᠤᠨ ᠵᠦᠢ᠍ᠯᠡᠰ ᠪᠥᠬᠥᠨ᠎ᠢ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠤᠭᠤᠯᠵᠤ᠂ ᠦᠢ᠍ᠯᠡᠳᠦᠯ ᠴᠢᠳᠠᠪᠤᠷᠢ᠎ᠨᠢ ᠪᠦᠷᠢᠨ ᠪᠦᠭᠡᠳ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ 《ᠨᠢᠭᠡ ᠦᠷᠳᠡᠭᠡᠯᠢᠭ》 ᠮᠠᠶᠢᠭ᠎ᠤᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠢ ᠬᠦᠯᠢᠶᠠᠨ ᠠᠪᠴᠤ ᠰᠢᠢᠳᠪᠦᠷᠢᠯᠡᠬᠦ ᠶᠡᠷᠦᠩᠬᠡᠢ᠌ᠯᠡᠭᠰᠡᠨ ᠲᠠᠪᠴᠠᠩ᠎ᠢ ᠪᠠᠶ᠋ᠢᠭᠤᠯᠵᠤ᠂ ᠤᠯᠠᠨ ᠲᠦᠮᠡᠨ᠎ᠳᠤ ᠳᠦᠭᠦᠮ ᠦᠵᠡᠭᠦᠯᠬᠦ ᠵᠢᠷᠤᠮᠵᠢᠭᠤᠯᠬᠤ ᠥᠨᠳᠥᠷ ᠦᠷ᠎ᠡ ᠪᠦᠲᠦᠮᠵᠢᠲᠡᠶ ᠪᠠᠢ᠌ᠯᠭ᠋ᠠᠬᠤ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠨ᠎ᠠ᠃ ᠡᠭᠦᠨ᠎ᠤ ᠬᠠᠮᠲᠤ᠂ ᠲᠣᠣᠷ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠢ ᠰᠦᠯᠵᠢᠶᠡᠨ᠎ᠠᠴᠠ ᠭᠠᠳᠠᠨ᠎ᠠ ᠰᠢᠢᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠡᠷᠡᠭᠯᠡᠭᠦᠰᠢᠲᠡᠢ ᠪᠦᠭᠡᠳ ᠲᠤᠰᠠᠲᠠᠢ ᠤᠳᠤᠷᠢᠳᠤᠮᠵᠢ ᠵᠢ ᠪᠣᠢ ᠪᠣᠯᠭ᠋ᠠᠨ᠎ᠠ᠂ ᠡᠨᠡ ᠵᠢᠯ᠂ ᠪᠢᠳᠡ ᠤᠯᠠᠨ ᠵᠦᠢ᠍ᠯ᠎ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠠᠵᠢᠯ᠎ᠢ ᠪᠠᠶ᠋ᠢᠳᠠᠯ ᠪᠣᠯᠤᠨ ᠡᠭᠦᠷᠭᠡ ᠵᠢᠨ ᠬᠥᠭᠵᠢᠯᠲᠡ ᠵᠢᠨ ᠬᠡᠷᠡᠭᠴᠡᠭᠡᠨ᠎ᠳᠤ ᠠᠯᠢ ᠲᠦᠷᠭᠡᠨ ᠵᠶ᠋ᠠᠷ ᠵᠣᠬᠢᠴᠠᠭᠤᠯᠬᠤ ᠵᠢ ᠡᠷᠴᠢᠮᠲᠡᠢ ᠠᠬᠢᠭᠤᠯᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠢ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠭᠣᠣᠯ ᠠᠷᠭ᠎ᠠ ᠵᠠᠮ ᠪᠣᠯᠭ᠋ᠠᠬᠤ ᠵᠢ ᠲᠦᠯᠬᠢᠨ ᠠᠬᠢᠭᠤᠯᠤᠨ᠎ᠠ᠃
ᠬᠣᠶᠠᠷ᠎ᠲᠤ 《ᠬᠠᠷᠢᠭᠤᠴᠠᠯᠭ᠋ᠠᠲᠤ ᠵᠠᠬᠢᠳᠠᠯ ᠰᠤᠷᠪᠤᠯᠵᠢᠯᠠᠯ》᠎ᠢ ᠠᠵᠢᠯᠯᠠᠬᠤ ᠤᠬᠠᠮᠰᠠᠷ ᠪᠣᠯᠭ᠋ᠠᠨ᠎ᠠ᠃ 《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠬᠦ ᠠᠷᠭ᠎ᠠ》 ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠡᠭᠦᠷᠭᠡ ᠵᠢ ᠱᠠᠳᠤ ᠱᠠᠲᠤ᠎ᠪᠠᠷ ᠢᠯᠭ᠋ᠠᠨ ᠰᠠᠯᠭ᠋ᠠᠵᠤ᠂ ᠬᠠᠷᠢᠭᠤᠴᠠᠯᠭ᠎ᠠ ᠵᠢᠨ ᠲᠦᠷᠢᠮ᠎ᠢ ᠰᠢᠯᠭ᠋ᠠᠨ ᠬᠢᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠢᠵᠢ ᠪᠦᠷᠢᠳᠦᠭᠰᠡᠨ ᠲᠦᠷᠢᠮ᠎ᠢ ᠪᠥᠷᠢᠨᠰᠢᠭᠦᠯᠵᠦ᠂ ᠴᠢᠩᠭ᠎ᠠ ᠲᠣᠳᠣᠷᠬᠠᠶ ᠬᠠᠷᠢᠭᠤᠴᠠᠯᠭ᠎ᠠ ᠵᠢᠨ ᠰᠢᠰᠲᠸᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠨᠠᠮ ᠵᠠᠰᠠᠭ᠎ᠤᠨ ᠪᠠᠶ᠋ᠢᠭᠤᠯᠭ᠎ᠠ ᠵᠢᠴᠢ ᠲᠡᠭᠦᠨ᠎ᠤ ᠤᠳᠤᠷᠢᠳᠬᠤ ᠺᠠᠳ᠋ᠷ᠂ ᠠᠵᠢᠯᠲᠠᠳ᠎ᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠰᠡᠳᠬᠢᠯ᠎ᠳᠡᠭᠡᠨ ᠪᠤᠳᠤᠵᠥ᠂ ᠮᠥᠷᠥᠨ᠎ᠳᠡᠭᠡᠨ ᠡᠭᠦᠷᠭᠡᠯᠡᠨ᠂ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠬᠤ ᠪᠤᠯᠭ᠋ᠠᠵᠤ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠪᠠᠷ ᠤᠯᠠᠨ ᠲᠦᠮᠡᠨ᠎ᠤ ᠢᠲᠡᠭᠡᠯ᠎ᠢ ᠣᠯᠣᠨ᠎ᠠ᠃
ᠭᠤᠷᠪᠠ᠎ᠳᠤ 《ᠬᠠᠤᠯᠢ᠎ᠪᠠᠷ ᠵᠠᠰᠠᠬᠤ ᠵᠠᠬᠢᠳᠠᠯ ᠰᠤᠷᠪᠤᠯᠵᠢᠯᠠᠯ》 ᠵᠶ᠋ᠠᠷ ᠪᠦᠲᠦᠮᠵᠢᠲᠡᠶ ᠪᠠᠲᠤᠯᠠᠭ᠎ᠠ ᠪᠣᠯᠭ᠋ᠠᠨ᠎ᠠ᠃ ᠵᠠᠬᠢᠳᠠᠯ ᠰᠤᠷᠪᠤᠯᠵᠢᠯᠠᠯ᠎ᠤᠨ ᠭᠣᠮᠣᠳᠠᠯ ᠲᠣᠭ᠋ᠠᠴᠢᠯᠢ ᠬᠠᠤᠯᠢ ᠶᠣᠰᠣ᠎ᠪᠠᠷ ᠳᠦᠷᠦᠯ ᠬᠤᠪᠢᠶᠠᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ᠎ᠤᠨ ᠠᠵᠢᠯ᠎ᠳᠤ ᠬᠠᠤᠯᠢᠴᠢ ᠵᠢ ᠣᠷᠤᠯᠴᠠᠭᠤᠯᠬᠤ ᠠᠮᠵᠢᠯᠲᠠ᠎ᠲᠠᠶ ᠲᠤᠷᠰᠢᠯᠭ᠎ᠠ ᠵᠢ ᠪᠦᠬᠦ ᠲᠠᠯ᠎ᠠ᠎ᠪᠠᠷ ᠳᠡᠯᠭᠡᠷᠡᠭᠦᠯᠦᠨ᠂ ᠵᠠᠬᠢᠳᠠᠯ ᠰᠤᠷᠪᠤᠯᠵᠢᠯᠠᠯ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠷᠭ᠎ᠠ ᠮᠠᠶᠢᠭ᠎ᠢ ᠲᠡᠰᠦᠷᠡᠯᠳᠠ ᠦᠭᠡᠢ ᠰᠢᠨᠡᠴᠢᠯᠡᠵᠦ᠂ ᠤᠯᠠᠨ ᠲᠦᠮᠡᠨ᠎ᠢ ᠬᠦᠲᠦᠯᠦᠨ ᠵᠢᠯᠣᠭᠣᠳᠴᠤ ᠪᠠᠢ᠌ᠭ᠋ᠠᠳ ᠵᠠᠬᠢᠳᠠᠯ ᠰᠤᠷᠪᠤᠯᠵᠢᠯᠠᠯ᠎ᠤᠨ ᠡᠷᠬᠡ᠎ᠪᠠᠨ ᠵᠥᠪ ᠵᠶ᠋ᠡᠷ ᠲᠠᠨᠢᠵᠤ ᠬᠡᠷᠡᠭᠯᠡᠬᠦ᠂ ᠬᠠᠤᠯᠢ᠎ᠳᠤ ᠲᠣᠭᠲᠠᠭ᠋ᠠᠭᠰᠠᠨ ᠳᠡᠰ ᠳᠠᠷᠠᠭ᠋ᠠᠯᠠᠯ ᠵᠢᠷᠤᠮᠯᠠᠬᠤ᠂ ᠠᠷᠠᠳ ᠢᠷᠭᠡᠨ᠎ᠤ ᠡᠭᠦᠷᠭᠡ᠎ᠪᠠᠨ ᠭᠦᠢ᠍ᠴᠡᠳᠬᠡᠬᠦ᠂ ᠵᠦᠢ ᠵᠣᠬᠢᠰᠲᠠᠢ ᠪᠦᠭᠡᠳ ᠬᠠᠤᠯᠢ ᠶᠣᠰᠣᠨ᠎ᠤ ᠰᠢᠢ᠍ᠳᠪᠦᠷᠢᠯᠡᠯᠲᠡ ᠵᠢᠨ ᠦᠷ᠎ᠡ ᠳ᠋ᠦᠩ᠎ᠢ ᠳᠠᠭ᠋ᠠᠬᠤ ᠪᠣᠯᠭ᠋ᠠᠵᠤ᠂ ᠵᠠᠬᠢᠳᠠᠯ ᠰᠤᠷᠪᠤᠯᠵᠢᠯᠠᠯ᠎ᠤᠨ ᠬᠠᠤᠯᠢᠵᠢᠭᠤᠯᠤᠯᠲᠠ ᠵᠢ ᠬᠥᠮᠦᠰ᠎ᠤᠨ ᠰᠡᠳᠬᠢᠯ᠎ᠳᠤ ᠨᠡᠩ ᠭᠦᠨ ᠰᠠᠭᠤᠭᠳᠠᠭᠤᠯᠤᠨ᠎ᠠ᠃
ᠬᠥᠲᠥᠯᠥᠭᠴᠢ᠄
ᠵᠠ ᠰᠠᠢ᠌ᠨ ᠪᠣᠯᠤᠯ᠎ᠠ᠂ ᠵᠠᠩ ᠲᠣᠪᠴᠢᠶᠠᠨ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!