ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠶᠠᠳᠠᠭᠤ ᠵᠢ ᠲᠡᠳᠬᠦᠬᠦ ᠰᠢᠪᠲᠤᠯᠤᠯᠲᠠ᠎ᠳᠤ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠪᠣᠯ ᠵᠠᠩᠭᠢᠯᠠᠭ᠎ᠠ ᠮᠥᠨ
ᠨᠡᠶ᠋ᠢᠲᠡᠯᠡᠭᠰᠡᠨ ᠴᠠᠭ᠄ 2017-07-13


      ᠰᠤᠷᠪᠤᠯᠵᠢᠯᠠᠭᠰᠠᠨ ᠴᠠᠭ᠄
     2017 ᠤᠨ᠎ᠤ 6 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ᠎ᠲᠤ
      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠣᠣ ᠶᠦᠩ ᠬᠤᠸᠠ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠤᠢ᠌ᠷ᠎ᠡ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠣᠣ ᠶᠦᠩ ᠬᠤᠸᠠ ᠵᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠤ ᠤᠷᠢᠵᠤ᠂ ᠮᠠᠨ᠎ᠤ ᠣᠷᠣᠨ᠎ᠤ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠲᠤᠬᠠᠶ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠤᠯᠢᠯᠴᠠᠵᠤ᠂ ᠰᠦᠯᠵᠢᠶᠡᠨ᠎ᠤ ᠨᠠᠶ᠋ᠢᠵᠠ ᠨᠠᠷ᠎ᠤᠨ ᠠᠰᠠᠭᠤᠯᠲᠠ ᠵᠢ ᠬᠠᠷᠢᠭᠤᠯᠬᠤ ᠪᠤᠯᠤᠨ᠎ᠠ᠃ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!


      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄


      ᠬᠥᠲᠥᠯᠥᠭᠴᠢ᠄
      ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠲᠠ ᠪᠦᠬᠦᠨ᠎ᠤ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠣᠣ ᠶᠦᠩ ᠬᠤᠸᠠ ᠪᠤᠯᠤᠨ᠎ᠠ᠂ ᠮᠠᠨ᠎ᠤ ᠣᠷᠣᠨ᠎ᠤ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠲᠤᠬᠠᠶ ᠦᠷᠭᠡᠨ ᠣᠯᠠᠨ ᠰᠦᠯᠵᠢᠶᠡᠨ ᠠᠨᠳᠠ ᠨᠠᠷ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠤᠯᠢᠯᠴᠠᠬᠤ ᠪᠦᠭᠡᠳ ᠠᠰᠠᠭᠤᠯᠲᠠ ᠵᠢ ᠬᠠᠷᠢᠭᠤᠯᠬᠤ ᠪᠤᠯᠤᠨ᠎ᠠ᠃ ᠵᠣᠣ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠵᠣᠣ ᠶᠦᠩ ᠬᠤᠸᠠ᠄
      ᠬᠥᠲᠥᠯᠥᠭᠴᠢ ᠰᠠᠶ᠋ᠢᠨ ᠤᠤ᠂ ᠰᠦᠯᠵᠢᠶᠡᠨ᠎ᠤ ᠠᠨᠳᠠ ᠨᠠᠷ ᠰᠠᠶ᠋ᠢᠨ ᠤᠤ! ᠡᠨᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠃
      ᠬᠥᠲᠥᠯᠥᠭᠴᠢ᠄
      ᠵᠣᠣ ᠳᠠᠷᠤᠭ᠎ᠠ ᠡ᠂ ᠪᠦᠬᠦ ᠶᠠᠳᠠᠭᠤ ᠵᠢ ᠲᠡᠳᠬᠦᠬᠦ ᠠᠵᠢᠯ᠎ᠤᠨ ᠳᠤᠮᠳᠠ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢᠨ ᠴᠢᠬᠤᠯᠠ ᠠᠴᠢ ᠬᠤᠯᠪᠤᠭᠳᠠᠯ᠎ᠢ ᠲᠠᠨᠢᠯᠴᠠᠭᠤᠯᠵᠤ ᠦᠭᠭᠦᠨ᠎ᠡ ᠤᠤ?
      ᠵᠣᠣ ᠶᠦᠩ ᠬᠤᠸᠠ᠄
      ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠪᠣᠯ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠲᠦᠰᠢᠭ ᠮᠥᠨ᠂ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ᠎ᠨᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠶᠠᠳᠠᠭᠤ ᠵᠢ ᠲᠡᠳᠬᠦᠬᠦ ᠪᠤᠰᠤᠳ ᠠᠷᠭ᠎ᠠ ᠬᠡᠮᠵᠢᠶ᠎ᠡ ᠵᠢᠨ ᠤᠷᠳᠤ ᠤᠳᠠᠭ᠋ᠠᠨ ᠪᠣᠳᠠᠲᠤ ᠦᠷ᠎ᠡ ᠪᠦᠲᠦᠮᠵᠢ ᠤᠯᠬᠤ ᠵᠢᠨ ᠴᠢᠬᠤᠯᠠ ᠰᠠᠭᠤᠷᠢ ᠮᠥᠨ᠂ ᠣᠨᠳᠣᠤ ᠭᠠᠵᠠᠷ᠎ᠲᠤ ᠨᠡᠭᠦᠯᠭᠡᠬᠦ᠂ ᠠᠮᠢ ᠠᠬᠤᠶ ᠵᠢ ᠬᠠᠮᠠᠭ᠋ᠠᠯᠠᠬᠤ᠂ ᠰᠤᠷᠭ᠋ᠠᠨ ᠬᠥᠮᠦᠵᠢᠯ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠵᠢ ᠬᠦᠭᠵᠢᠭᠦᠯᠬᠦ᠎ᠨᠢ ᠪᠦᠷ ᠠᠵᠤ ᠦᠢ᠍ᠯᠡᠰ᠎ᠢ ᠬᠥᠭᠵᠢᠭᠦᠯᠬᠦ᠎ᠪᠠᠷ ᠳᠠᠮᠵᠢᠭᠤᠯᠤᠨ ᠤᠷᠲᠤ ᠬᠤᠭᠤᠴᠠᠭ᠋ᠠᠨ᠎ᠠ ᠣᠷᠣᠯᠭ᠎ᠠ ᠵᠢᠨ ᠲᠣᠭᠲᠠᠭᠤᠨ ᠨᠡᠮᠡᠭᠳᠡᠯ᠎ᠢ ᠪᠡᠶᠡᠯᠡᠭᠦᠯᠦᠨ᠎ᠡ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《13·5》 ᠵᠢᠨ ᠲᠥᠯᠥᠪᠵᠢᠭᠦᠯᠭᠡ ᠵᠢᠨ ᠬᠦᠲᠦᠯᠪᠦᠷᠢ᠎ᠳᠤ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠨᠠᠢ᠍ᠮᠠᠨ ᠭᠣᠣᠯᠳᠠᠯᠭ᠎ᠠ᠎ᠲᠠᠢ ᠢᠨᠵᠧᠨᠧᠷᠢᠩ᠎ᠤᠨ ᠲᠡᠷᠢᠭᠦᠨ᠎ᠳᠤ ᠲᠠᠯᠪᠢᠪᠠ᠃
      ᠶᠡᠷᠦᠩᠬᠡᠶ ᠱᠦᠵᠢ ᠰᠢ ᠵᠢᠨ ᠫᠢᠩ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢ ᠬᠡᠷᠡᠭᠵᠢᠭᠦᠯᠬᠦ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ ᠪᠥᠭᠡᠳ ᠤᠯᠠᠨᠲᠠ ᠴᠢᠬᠤᠯᠠᠴᠢᠯᠠᠭᠰᠠᠨ ᠶᠤᠮ᠄ 《ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠪᠣᠯ ᠲᠤᠶ᠋ᠢᠯ᠎ᠤᠨ ᠴᠢᠬᠤᠯᠠ ᠶᠤᠮ᠂ ᠠᠵᠤ ᠤᠢ᠌ᠯᠡᠰ᠎ᠢ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠤᠨ᠂ ᠪᠣᠳᠠᠲᠠᠶ ᠪᠠᠶ᠋ᠢᠳᠠᠯ᠎ᠳᠠᠭᠠᠨ ᠲᠤᠬᠢᠷᠠᠭᠤᠯᠵᠤ᠂ ᠰᠢᠨ᠎ᠡ ᠵᠢ ᠡᠭᠦᠳᠦᠨ ᠲᠡᠭᠦᠯᠳᠡᠷᠵᠢᠭᠦᠯᠬᠦ ᠬᠡᠷᠡᠭᠲᠡᠢ》 ᠭᠡᠵᠡᠢ᠃ ᠤᠳᠤᠬᠠᠨ᠎ᠳᠤ᠂ ᠮᠠᠨ᠎ᠤ ᠣᠷᠣᠨ᠎ᠤ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠣᠷᠣᠰᠢᠨ ᠲᠣᠭᠲᠠᠨᠢᠬᠤ ᠪᠠᠶ᠋ᠢᠭ᠋ᠠᠯᠢ ᠵᠢᠨ ᠨᠥᠬᠥᠴᠡᠯ ᠪᠠᠷᠤᠭᠲᠠᠶ᠂ ᠭᠠᠵᠠᠷ ᠣᠷᠣᠨ᠎ᠨᠢ ᠪᠦᠢ᠍ᠳᠠ ᠪᠥᠭᠯᠡᠭᠦᠦ᠂ ᠰᠠᠭᠤᠷᠢ ᠪᠡᠯᠡᠳᠬᠡᠮᠵᠢ ᠪᠠᠭᠤᠷᠠᠶ᠂ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠬᠣᠴᠣᠷᠤᠩᠭᠤᠶ᠂ ᠰᠣᠶᠣᠯ᠎ᠤᠨ ᠬᠢᠷᠢ ᠬᠡᠮᠵᠢᠶ᠎ᠡ᠎ᠨᠢ ᠨᠡᠯᠢᠶᠡᠳ ᠳᠣᠣᠷ᠎ᠠ᠂ ᠶᠠᠳᠠᠭᠤ ᠬᠦᠴᠢᠷᠳᠡᠯᠲᠡᠶ ᠪᠠᠶ᠋ᠢᠭ᠎ᠠ ᠬᠡᠮᠵᠢᠶ᠎ᠡ᠎ᠨᠢ ᠶᠡᠬᠡ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠪᠠᠭ᠋ᠠᠰᠬᠠᠬᠤ ᠬᠦᠴᠢᠷᠳᠡᠯ ᠶᠡᠬᠡ᠂ ᠶᠠᠳᠠᠭᠤ᠎ᠠᠴᠠ ᠠᠩᠭᠢᠵᠢᠷᠠᠭᠤᠯᠬᠤ ᠥᠪᠡᠷ᠎ᠤᠨ ᠦᠷᠳᠡᠭ ᠥᠨᠳᠥᠷ ᠪᠠᠢ᠌ᠵᠤ᠂ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠶᠠᠪᠤᠳᠠᠯ ᠰᠢᠪᠲᠤᠯᠤᠯᠲᠠ ᠵᠢᠨ ᠱᠠᠲᠤᠨ᠎ᠳᠤ ᠤᠷᠤᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠪᠡᠶᠡᠯᠡᠭᠦᠯᠬᠦ᠎ᠳᠤ ᠠᠵᠤ ᠦᠢ᠍ᠯᠡᠰ᠎ᠤᠨ ᠬᠥᠭᠵᠢᠯᠲᠡ ᠵᠠᠩᠭᠢᠯᠠᠭ᠎ᠠ ᠪᠤᠯᠵᠤ ᠪᠠᠢ᠌ᠨ᠎ᠠ᠃
      ᠬᠥᠲᠥᠯᠥᠭᠴᠢ᠄
      ᠵᠣᠣ ᠳᠠᠷᠤᠭ᠎ᠠ᠂ ᠮᠠᠨ᠎ᠤ ᠣᠷᠣᠨ᠎ᠳᠤ ᠢᠳᠡᠰᠢᠨ ᠬᠤᠨᠢᠨ᠎ᠤ ᠠᠵᠤ ᠤᠢ᠌ᠯᠡᠰ᠎ᠢ ᠬᠡᠷᠬᠢᠨ ᠬᠦᠭᠵᠢᠭᠦᠯᠬᠦ ᠲᠤᠬᠠᠢ ᠲᠠᠨᠢᠯᠴᠠᠭᠤᠯᠵᠤ ᠦᠭᠭᠦᠨ᠎ᠡ ᠤᠤ?
      ᠵᠣᠣ ᠶᠦᠩ ᠬᠤᠸᠠ᠄
      ᠢᠳᠡᠰᠢᠨ ᠬᠤᠨᠢ ᠪᠣᠯ ᠥᠪᠥᠷ ᠮᠣᠩᠭᠣᠯ᠎ᠤᠨ ᠤᠯᠠᠮᠵᠢᠯᠠᠯᠲᠤ ᠳᠠᠪᠠᠭᠤᠯᠢᠭ ᠠᠵᠤ ᠦᠢ᠍ᠯᠡᠰ ᠮᠥᠨ᠂ ᠬᠣᠨᠢᠨ ᠮᠢᠬᠠᠨ᠎ᠤ ᠭᠠᠷᠤᠯᠲᠠ ᠪᠦᠬᠦ ᠤᠯᠤᠰ᠎ᠲᠤ ᠤᠷᠤᠢ᠌ᠯᠠᠭᠰᠠᠭ᠋ᠠᠷ ᠢᠷᠡᠪᠡ᠃ ᠬᠠᠷᠢᠨ᠂ ᠤᠢ᠌ᠷ᠎ᠠ ᠵᠢᠨ ᠬᠡᠳᠦᠨ ᠵᠢᠯ᠎ᠳᠤ ᠬᠣᠨᠢᠨ ᠮᠢᠬᠠᠨ᠎ᠤ ᠦᠨ᠎ᠡ ᠶᠡᠬᠡ᠎ᠪᠠᠷ ᠪᠠᠭᠤᠷᠠᠵᠤ᠂ ᠵᠢᠩ ᠪᠦᠷᠢ᠎ᠳᠡᠭᠡᠨ 14 ᠲᠥᠭᠥᠷᠢᠭ ᠪᠠᠢ᠌ᠭᠰᠠᠨ᠎ᠠᠴᠠ᠎ᠪᠠᠨ 6 ᠲᠥᠭᠥᠷᠢᠭ ᠪᠤᠯᠤᠨ ᠪᠠᠭᠤᠷᠠᠵᠤ᠂ ᠮᠠᠯᠴᠢᠳ ᠲᠠᠷᠢᠶᠠᠴᠢᠳ ᠬᠤᠨᠢ ᠮᠠᠯᠵᠢᠪᠠᠯ ᠬᠤᠬᠢᠷᠠᠯ᠎ᠳᠤ ᠤᠴᠠᠷᠠᠵᠤ ᠬᠤᠨᠢ᠎ᠪᠠᠨ ᠰᠦᠷᠦᠭ ᠰᠦᠷᠦᠭ ᠵᠶ᠋ᠡᠷ᠎ᠨᠢ ᠬᠤᠳᠠᠯᠳᠤᠵᠤ ᠪᠠᠢ᠌ᠨ᠎ᠠ᠃ ᠵᠠᠷᠢᠮ ᠬᠥᠮᠦᠨ ᠬᠣᠨᠢᠨ ᠮᠢᠬᠠᠨ᠎ᠤ ᠦᠨ᠎ᠡ ᠬᠠᠩᠰᠢ ᠦᠰᠬᠦ᠎ᠳᠤ ᠯᠡ ᠬᠦᠰᠡᠯ ᠨᠠᠶ᠋ᠢᠳᠠᠯᠭ᠎ᠠ᠎ᠪᠠᠨ ᠲᠠᠯᠪᠢᠵᠤ ᠪᠠᠢ᠌ᠨ᠎ᠠ᠂ ᠭᠡᠲᠡᠯ᠎ᠡ ᠳᠡᠯᠡᠬᠡᠢ ᠵᠢᠨ ᠵᠠᠬ᠎ᠠ ᠳᠡᠯᠭᠡᠭᠦᠷ᠎ᠠᠴᠠ ᠠᠪᠴᠤ ᠦᠵᠡᠪᠡᠯ᠂ ᠳᠤᠮᠳᠠᠳᠤ ᠤᠯᠤᠰ᠎ᠤᠨ ᠬᠣᠨᠢᠨ ᠮᠢᠬᠠᠨ᠎ᠤ ᠦᠨ᠎ᠡ ᠥᠨᠳᠥᠷ᠎ᠲᠤ ᠲᠤᠭ᠋ᠠᠴᠠᠭᠳᠠᠨ᠎ᠠ᠃ ᠪᠠᠶ᠋ᠢᠴᠠᠭ᠋ᠠᠨ ᠰᠤᠳᠤᠯᠤᠯᠲᠠ ᠬᠢᠬᠦ᠎ᠪᠠᠷ ᠲᠡᠮᠵᠢᠠ᠂ ᠪᠢᠳᠡ ᠢᠳᠡᠰᠢᠨ ᠬᠤᠨᠢ ᠲᠡᠵᠢᠭᠡᠨ ᠦᠷᠡᠵᠢᠭᠦᠯᠵᠦ ᠣᠷᠣᠯᠭ᠎ᠠ᠎ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ᠎ᠢ ᠡᠷᠢᠵᠦ ᠣᠯᠤᠭᠰᠠᠨ ᠪᠠᠶ᠋ᠢᠨ᠎ᠠ᠄ ᠳᠡᠯᠡᠬᠡᠶ ᠵᠢᠨ ᠳᠡᠰ᠎ᠤᠨ ᠰᠢᠯᠢᠳᠡᠭ ᠡᠭᠦᠯᠳᠡᠷ᠎ᠤᠨ ᠲᠤᠰᠬᠠᠶ ᠢᠳᠡᠰᠢᠨ ᠬᠤᠨᠢᠨ᠎ᠤ ᠡᠭᠦᠯᠳᠡᠷ᠎ᠲᠤ ᠠᠦ᠋ᠰᠲᠷᠠᠯᠢᠶ᠎ᠠ ᠵᠢᠨ ᠴᠠᠭ᠋ᠠᠨ ᠬᠤᠨᠢ᠂ ᠳ᠋ᠦ᠋ ᠫᠦᠸᠸ ᠬᠤᠨᠢ ᠵᠢ ᠲᠤᠰ ᠭᠠᠵᠠᠷ᠎ᠤᠨ ᠬᠤᠨᠢ᠎ᠯᠤᠭ᠎ᠠ ᠡᠷᠯᠢᠰᠵᠢᠭᠦᠯᠵᠦ᠂ 4 ᠰᠠᠷ᠎ᠠ ᠪᠣᠯᠤᠭᠰᠠᠨ ᠬᠤᠷᠠᠭ᠎ᠠ ᠨᠢᠭᠡ ᠪᠦᠷᠢ᠎ᠠᠴᠠ 200 -300 ᠲᠥᠭᠥᠷᠢᠭ᠎ᠤᠨ ᠤᠷᠤᠯᠭ᠎ᠠ ᠨᠡᠮᠡᠭᠳᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭᠵᠢᠬᠦ ᠵᠠᠮ᠎ᠢ ᠡᠷᠢᠵᠦ ᠤᠯᠤᠭᠰᠠᠨ ᠪᠠᠢ᠌ᠨ᠎ᠠ᠃ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠭᠣᠣᠯᠳᠠᠯᠭ᠎ᠠ᠎ᠲᠠᠢ ᠬᠣᠰᠢᠭᠤ ᠰᠢᠶᠠᠨ᠂ ᠭᠣᠣᠯᠳᠠᠯᠭ᠎ᠠ᠎ᠲᠠᠢ ᠭᠠᠴᠠᠭ᠎ᠠ ᠲᠣᠰᠬᠣᠨ ᠮᠢᠬ᠎ᠠ ᠰᠠᠢ᠌ᠲᠠᠢ ᠳ᠋ᠦ᠋ ᠫᠦᠸᠸ ᠬᠤᠨᠢ᠂ ᠠᠦ᠋ᠰᠲᠷᠠᠯᠢᠶ᠎ᠠ ᠵᠢᠨ ᠴᠠᠭ᠋ᠠᠨ ᠬᠤᠨᠢ ᠵᠢ ᠢᠳᠡᠪᠬᠢᠲᠡᠢ ᠤᠷᠤᠭᠤᠯᠵᠤ᠂ ᠭᠠᠴᠠᠭ᠎ᠠ ᠲᠤᠰᠬᠤᠨ ᠵᠶ᠋ᠠᠷ ᠨᠢᠭᠡᠴᠡ ᠪᠤᠯᠭ᠋ᠠᠨ ᠭᠠᠷ ᠬᠡᠭᠡᠯᠲᠦᠭᠦᠯᠭᠡ ᠵᠢᠨ ᠦᠷᠳᠡᠭᠡ ᠪᠠᠶ᠋ᠢᠭᠤᠯᠵᠤ᠂ ᠬᠡᠭᠡᠯᠳᠦᠯᠭᠦᠯᠭᠡ ᠵᠢᠨ ᠠᠵᠢᠯᠲᠠᠨ ᠬᠦᠮᠦᠵᠢᠭᠦᠯᠬᠦ᠂ ᠬᠤᠴᠠ ᠲᠣᠬᠢᠷᠠᠭᠤᠯᠬᠤ ᠵᠡᠷᠭᠡ ᠠᠷᠭ᠎ᠠ ᠬᠡᠯᠪᠡᠷᠢ᠎ᠪᠠᠷ ᠤᠳᠤ ᠪᠠᠶ᠋ᠢᠭ᠎ᠠ ᠡᠮ᠎ᠡ ᠬᠤᠨᠢ᠎ᠲᠠᠢ ᠡᠷᠯᠢᠰᠵᠢᠭᠦᠯᠵᠦ᠂ ᠬᠤᠷᠠᠭ᠋ᠠᠯᠠᠭᠰᠠᠨ ᠡᠷᠯᠢᠰᠡ ᠬᠣᠨᠢᠨ᠎ᠤ ᠦᠰᠦᠯᠲᠡ ᠪᠤᠢ᠌ᠵᠢᠯᠲᠠ᠎ᠨᠢ ᠲᠦᠷᠭᠡᠨ᠂ ᠨᠢᠲᠤᠯᠭ᠋ᠠᠨ᠎ᠤ ᠨᠤᠷᠮ᠎ᠠ᠎ᠨᠢ ᠥᠨᠳᠥᠷ᠂ ᠮᠢᠬᠠᠨ᠎ᠤ ᠴᠢᠨᠠᠷ᠎ᠨᠢ ᠰᠠᠢ᠌ᠨ ᠪᠠᠢ᠌ᠳᠠᠭ᠃ ᠶᠠᠳᠠᠭᠤ ᠬᠦᠴᠢᠷᠳᠡᠯ᠎ᠲᠠᠢ ᠡᠷᠦᠬᠡ ᠵᠠᠰᠠᠭ᠎ᠤᠨ ᠣᠷᠳᠣᠨ᠎ᠠᠴᠠ ᠨᠦᠬᠦᠪᠦᠷᠢᠯᠡᠬᠦ᠂ ᠰᠦᠢ᠍ᠳᠬᠡᠯ ᠬᠤᠷᠢᠶᠠᠬᠤ ᠦᠭᠡᠢ᠎ᠪᠠᠷ ᠬᠡᠬᠡᠯᠳᠦᠭᠦᠯᠭᠡ ᠬᠢᠵᠦ ᠦᠭᠬᠦ ᠵᠡᠷᠭᠡ ᠲᠡᠳᠬᠦᠨ ᠳᠡᠮᠵᠢᠬᠦ ᠬᠡᠯᠪᠡᠷᠢ᠎ᠪᠠᠷ ᠳᠠᠮᠵᠢᠭᠤᠯᠤᠨ ᠡᠷᠯᠢᠰ ᠢᠳᠡᠰᠢᠨ ᠬᠤᠨᠢ ᠵᠢ ᠦᠷᠡᠵᠢᠭᠦᠯᠵᠦ ᠪᠠᠢ᠌ᠨ᠎ᠠ᠃
      ᠡᠷᠯᠢᠰᠵᠢᠭᠦᠯᠦᠨ ᠰᠠᠶ᠋ᠢᠵᠢᠷᠠᠭᠤᠯᠬᠤ ᠪᠣᠯ ᠢᠳᠡᠰᠢᠨ ᠬᠤᠨᠢᠨ᠎ᠤ ᠠᠵᠤ ᠦᠢ᠍ᠯᠡᠰ᠎ᠢ ᠬᠦᠭᠵᠢᠭᠦᠯᠬᠦ ᠰᠢᠪᠲᠤᠯᠤᠯᠲᠠ ᠵᠢᠨ ᠴᠢᠬ ᠪᠤᠯᠤᠨ᠎ᠠ᠃ ᠠᠳᠠᠯᠢ ᠪᠤᠰᠤ ᠬᠡᠷᠡᠭᠯᠡᠭᠡᠨ᠎ᠤ ᠪᠦᠯᠦᠭᠯᠡᠯ᠎ᠤᠨ ᠬᠤᠨᠢᠨ ᠮᠢᠬᠠᠨ᠎ᠤ ᠬᠡᠷᠡᠭᠯᠡᠭᠡᠨ᠎ᠤ ᠳᠠᠳᠬᠠᠯ᠎ᠨᠢ ᠠᠳᠠᠯᠢ ᠦᠭᠡᠢ ᠪᠠᠶ᠋ᠢᠳᠠᠭ᠂ ᠣᠷᠣᠨ᠎ᠤ ᠭᠠᠳᠠᠨᠠᠬᠢ ᠬᠣᠨᠢᠨ ᠮᠢᠬᠠᠨ᠎ᠤ ᠬᠡᠷᠡᠭᠯᠡᠭᠡ᠎ᠨᠢ ᠭᠤᠤᠯᠳᠠᠭᠤ ᠬᠠᠯᠠᠭᠤᠨ ᠲᠤᠭᠤᠭ᠎ᠠ᠎ᠪᠠᠷ ᠭᠣᠣᠯ ᠪᠣᠯᠭ᠋ᠠᠵᠤ᠂ ᠮᠢᠬᠠᠨ᠎ᠤ ᠴᠢᠨᠠᠷ᠎ᠤᠨ ᠲᠤᠬᠠᠶ ᠦᠨᠡᠯᠡᠯᠲᠡ᠎ᠨᠢ ᠣᠷᠣᠨ᠎ᠤ ᠳᠣᠲᠣᠷᠠᠬᠢ᠎ᠲᠠᠢ ᠠᠳᠠᠯᠢ ᠦᠭᠡᠢ ᠪᠠᠢ᠌ᠵᠤ᠂ ᠬᠣᠨᠢᠨ ᠮᠢᠬ᠎ᠠ ᠵᠦᠭᠡᠯᠡᠨ ᠪᠠᠢ᠌ᠬᠤ ᠵᠢ ᠱᠠᠭ᠋ᠠᠷᠳᠠᠳᠠᠭ᠃ ᠣᠷᠣᠨ᠎ᠤ ᠭᠠᠳᠠᠨ᠎ᠠ ᠪᠠᠶᠠᠨᠨᠠᠭᠤᠷ ᠬᠣᠲᠠ ᠵᠢᠨ ᠬᠣᠨᠢᠨ ᠮᠢᠬ᠎ᠠ᠎ᠨᠢ ᠰᠢᠯᠢ ᠵᠢᠨ ᠭᠣᠣᠯ ᠠᠶ᠋ᠢᠮᠠᠭ᠎ᠤᠨ ᠬᠣᠨᠢᠨ ᠮᠢᠬ᠎ᠠ᠎ᠠᠴᠠ ᠢᠯᠡᠭᠦᠦ ᠬᠦᠷᠢᠶᠡᠯᠡᠯ᠎ᠢ ᠤᠯᠵᠤ᠂ ᠦᠨ᠎ᠡ ᠬᠠᠩᠰᠢ᠎ᠨᠢ ᠵᠢᠩ ᠪᠦᠷᠢ᠎ᠳᠡᠭᠡᠨ 2 ᠲᠥᠭᠥᠷᠢᠭ ᠦᠨᠡᠲᠡᠢ ᠪᠠᠢ᠌ᠳᠠᠭ᠃ ᠥᠪᠥᠷ ᠮᠣᠩᠭᠣᠯ ᠪᠣᠯ ᠪᠦᠬᠦ ᠤᠯᠤᠰ᠎ᠤᠨ ᠬᠣᠨᠢᠨ ᠮᠢᠬ᠎ᠠ ᠦᠢ᠍ᠯᠡᠳᠪᠦᠷᠢᠯᠡᠵᠦ ᠭᠠᠷᠭ᠋ᠠᠬᠤ ᠰᠠᠭᠤᠷᠢᠨ ᠭᠠᠵᠠᠷ ᠮᠦᠨ᠂ ᠬᠣᠨᠢᠨ ᠮᠢᠬᠠᠨ᠎ᠤ ᠴᠢᠨᠠᠷ᠎ᠨᠢ ᠴᠤ᠌ ᠣᠷᠣᠨ᠎ᠤ ᠭᠠᠳᠠᠨᠠᠬᠢ ᠬᠡᠷᠡᠭᠯᠡᠭᠴᠢᠳ᠎ᠤᠨ ᠬᠡᠷᠡᠭᠴᠡᠭᠡ ᠵᠢ ᠬᠠᠩᠭ᠋ᠠᠵᠤ ᠳᠡᠢ᠌ᠯᠳᠡᠭ᠃ ᠤᠯᠠᠭ᠋ᠠᠨᠴᠠᠪ ᠬᠣᠲᠠ᠂ ᠬᠥᠯᠥᠨ ᠪᠤᠢ᠌ᠷ ᠬᠤᠳᠠ᠂ ᠪᠠᠶᠠᠨᠨᠠᠭᠤᠷ ᠬᠤᠳᠠ ᠵᠢᠴᠢ ᠰᠢᠯᠢ ᠵᠢᠨ ᠭᠣᠤᠯ ᠠᠶ᠋ᠢᠮᠠᠭ᠎ᠤᠨ ᠬᠡᠰᠡᠭ ᠬᠣᠰᠢᠭᠤ ᠰᠢᠶᠠᠨ᠎ᠳᠤ ᠬᠢᠭᠰᠡᠨ ᠪᠠᠶ᠋ᠢᠴᠠᠭ᠋ᠠᠨ ᠰᠤᠳᠤᠯᠤᠯᠲᠠ᠎ᠠᠴᠠ ᠦᠵᠡᠪᠡᠯ᠂ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠰᠠᠢ᠌ᠨ ᠡᠭᠦᠯᠳᠡᠷ᠎ᠤᠨ ᠮᠠᠯ ᠬᠤᠳᠠᠯᠳᠤᠨ ᠠᠪᠬᠤ ᠨᠥᠬᠥᠪᠥᠷᠢ (ᠬᠤᠴᠠ ᠪᠦᠷᠢ ᠵᠢᠨ ᠨᠥᠬᠥᠪᠥᠷᠢ 2000 ᠲᠥᠭᠥᠷᠢᠭ) ᠵᠢᠨ ᠳᠡᠮᠵᠢᠯᠭᠡ ᠳᠤᠤᠷ᠎ᠠ᠂ ᠵᠠᠷᠢᠮ ᠲᠡᠵᠢᠭᠡᠪᠦᠷᠢ ᠵᠢᠨ ᠲᠤᠮᠤ ᠡᠷᠤᠭᠡ ᠬᠤᠴᠠ ᠬᠤᠳᠠᠯᠳᠤᠨ ᠠᠪᠴᠤ ᠡᠭᠦᠯᠳᠡᠷ᠎ᠢ ᠰᠠᠢ᠌ᠵᠢᠷᠠᠭᠤᠯᠵᠤ᠂ ᠳ᠋ᠦ᠋ ᠫᠦᠸᠸ ᠬᠣᠨᠢ ᠪᠠ ᠠᠦ᠋ᠰᠲᠷᠠᠯᠢᠶ᠎ᠠ ᠵᠢᠨ ᠴᠠᠭ᠋ᠠᠨ ᠬᠤᠨᠢ ᠵᠢ ᠲᠤᠬᠠᠶ ᠵᠢᠨ ᠭᠠᠵᠠᠷ᠎ᠤᠨ ᠬᠣᠨᠢ᠎ᠲᠠᠢ ᠡᠷᠯᠢᠰᠵᠢᠭᠦᠯᠦᠭᠰᠡᠨ ᠬᠤᠨᠢᠨ᠎ᠤ ᠮᠢᠬᠠᠨ᠎ᠤ ᠭᠠᠷᠤᠯᠲᠠ᠎ᠨᠢ ᠢᠯᠡᠳᠲᠡ ᠳᠡᠭᠡᠭᠰᠢᠯᠡᠵᠦ᠂ ᠮᠠᠰᠢ ᠰᠠᠢ᠌ᠨ ᠦᠷ᠎ᠡ ᠠᠰᠢᠭ ᠤᠯᠵᠤ ᠪᠠᠶ᠋ᠢᠨ᠎ᠠ᠃
      ᠬᠦᠲᠦᠯᠦᠭᠴᠢ᠄
      ᠲᠡᠭᠡᠪᠡᠯ ᠮᠠᠨ᠎ᠤ ᠤᠷᠤᠨ᠎ᠳᠤ ᠠᠯᠠᠰᠢᠨ ᠦᠬᠡᠷ᠎ᠤᠨ ᠠᠵᠤ ᠦᠢᠯᠡᠰ᠎ᠢ ᠬᠡᠷᠬᠢᠨ ᠬᠥᠭᠵᠢᠭᠦᠯᠬᠦ ᠵᠢ ᠲᠠᠨᠢᠯᠴᠠᠭᠤᠯᠤᠭ᠋ᠠᠳ ᠦᠭᠭᠦᠨ᠎ᠡ ᠤᠤ?
      ᠵᠣᠣ ᠶᠦᠩ ᠬᠤᠸᠠ᠄
      ᠠᠯᠠᠰᠢᠨ ᠦᠬᠡᠷ ᠪᠣᠯ ᠡᠪᠡᠰᠦᠨ ᠲᠡᠵᠢᠭᠡᠯᠲᠦ ᠭᠡᠷ᠎ᠤᠨ ᠲᠡᠵᠢᠭᠡᠪᠦᠷᠢ ᠵᠢᠨ ᠳᠣᠲᠣᠷ᠎ᠠ ᠡᠪᠡᠰᠦ ᠪᠣᠷᠳᠣᠭ᠎ᠠ ᠵᠢ ᠤᠯᠠᠷᠢᠭᠤᠯᠬᠤ ᠨᠣᠷᠮ᠎ᠠ᠎ᠪᠠᠷ ᠨᠡᠯᠢᠶᠡᠳ ᠥᠨᠳᠥᠷ ᠡᠭᠦᠯᠳᠡᠷ ᠪᠣᠯᠬᠤ ᠪᠦᠭᠡᠳ ᠬᠡᠪᠡᠯᠢ᠎ᠪᠠᠷ ᠳᠠᠮᠵᠢᠭᠤᠯᠤᠨ ᠥᠷᠲᠡᠭ ᠨᠡᠮᠡᠭᠳᠡᠭᠦᠯᠬᠦ ᠴᠢᠳᠠᠪᠤᠷᠢ᠎ᠪᠠᠷ ᠴᠢᠩᠭ᠎ᠠ ᠪᠠᠢ᠌ᠵᠤ᠂ ᠲᠠᠷᠢᠮᠠᠯ᠎ᠤᠨ ᠡᠰᠢ ᠰᠦᠷᠡᠯ ᠪᠣᠯᠣᠨ ᠴᠢᠨᠠᠷ ᠰᠠᠶ᠋ᠢᠲᠠᠶ ᠡᠪᠡᠰᠦ ᠪᠣᠷᠳᠣᠭ᠎ᠠ ᠵᠢᠨ ᠡᠬᠢ ᠪᠠᠶᠠᠯᠢᠭ ᠵᠶ᠋ᠡᠷ ᠡᠯᠪᠡᠭ ᠪᠦᠬᠦᠢ ᠳᠠᠪᠠᠭᠤᠯᠢᠭ ᠲᠠᠯ᠎ᠠ ᠵᠢ ᠭᠦᠢ᠍ᠴᠡᠳ ᠪᠠᠳᠠᠷᠠᠭᠤᠯᠤᠨ᠂ ᠡᠪᠡᠰᠦ ᠪᠣᠷᠳᠣᠭ᠎ᠠ ᠵᠢᠨ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠵᠦ᠂ ᠦᠢ᠍ᠯᠡᠳᠪᠦᠷᠢᠯᠡᠯ᠎ᠤᠨ ᠥᠪᠡᠷ᠎ᠤᠨ ᠦᠷᠲᠡᠭ᠎ᠢ ᠪᠠᠭᠤᠷᠠᠭᠤᠯᠳᠠᠭ ᠶᠤᠮ᠃ ᠭᠡᠪᠡᠴᠦ ᠲᠤᠰ ᠭᠠᠵᠠᠷ᠎ᠤᠨ ᠦᠬᠡᠷ᠎ᠤᠨ ᠮᠢᠬᠠᠨ᠎ᠤ ᠭᠠᠷᠤᠯᠲᠠ ᠪᠠᠭ᠎ᠠ᠂ ᠲᠡᠵᠢᠭᠡᠨ ᠦᠷᠡᠵᠢᠭᠦᠯᠬᠦ᠎ᠳᠤ ᠦᠷ᠎ᠡ ᠠᠰᠢᠭ ᠵᠶ᠋ᠠᠷ ᠳᠣᠣᠷ᠎ᠠ ᠪᠠᠢ᠌ᠳᠠᠭ᠃ ᠠᠩᠭ᠌ᠸᠰ ᠦᠬᠡᠷ᠎ᠨᠢ ᠳᠤᠮᠳᠠ ᠵᠢᠵᠢᠭ ᠬᠡᠯᠪᠡᠷᠢ ᠵᠢᠨ ᠪᠡᠶ᠎ᠡ ᠪᠢᠯᠳᠠᠷ᠎ᠲᠠᠢ᠂ ᠳᠡᠯᠡᠬᠡᠶ ᠵᠢᠨ ᠲᠡᠰ᠎ᠤᠨ ᠴᠢᠨᠠᠷ ᠰᠠᠶ᠋ᠢᠲᠠᠶ ᠠᠯᠠᠰᠢᠨ ᠦᠬᠡᠷ ᠪᠣᠯᠣᠨ᠎ᠠ᠂ ᠮᠢᠬᠠᠨ᠎ᠤ ᠴᠢᠨᠠᠷ᠎ᠨᠢ ᠰᠠᠢ᠌ᠨ᠂ ᠳᠡᠭᠡᠳᠦ ᠲᠡᠰ᠎ᠤᠨ ᠦᠬᠡᠷ᠎ᠤᠨ ᠮᠢᠬᠠᠨ᠎ᠤ ᠭᠠᠷᠤᠯᠲᠠ᠎ᠲᠠᠢ᠂ ᠥᠭᠰᠥᠯᠲᠡ ᠪᠣᠶ᠋ᠢᠵᠢᠯᠲᠠ᠎ᠨᠢ ᠲᠦᠷᠭᠡᠨ᠂ ᠪᠤᠰᠤᠳ ᠡᠭᠦᠯᠳᠡᠷ᠎ᠤᠨ ᠦᠬᠡᠷ᠎ᠲᠠᠢ ᠡᠷᠯᠢᠰᠡᠵᠢᠭᠦᠯᠪᠡᠯ ᠮᠢᠬᠠᠨ᠎ᠤ ᠭᠠᠷᠤᠯᠲᠠ᠎ᠨᠢ 15%᠎ᠪᠠᠷ ᠳᠡᠭᠡᠭᠰᠢᠯᠡᠵᠦ᠂ ᠦᠬᠡᠷ ᠪᠦᠷᠢ᠎ᠠᠴᠠ 80 ᠵᠢᠩ ᠳᠡᠭᠡᠳᠦ ᠲᠡᠰ᠎ᠤᠨ ᠮᠢᠬ᠎ᠠ (ᠵᠢᠩ ᠪᠦᠷᠢ᠎ᠳᠡᠭᠡᠨ 200 —700 ᠲᠥᠭᠥᠷᠢᠭ᠎ᠤᠨ ᠮᠢᠬ᠎ᠠ) ᠪᠠᠭᠤᠨ᠎ᠠ᠃ ᠰᠢᠮᠧᠨ᠋ᠳᠡᠷ ᠦᠬᠡᠷ ᠵᠶ᠋ᠡᠷ ᠡᠭᠦᠯᠳᠡᠷ ᠰᠠᠢ᠌ᠵᠢᠷᠠᠭᠤᠯᠤᠭᠰᠠᠨ ᠦᠷ᠎ᠡ ᠪᠦᠲᠦᠮᠵᠢ ᠰᠠᠶ᠋ᠢᠲᠠᠶ ᠭᠠᠵᠠᠷ᠎ᠲᠤ ᠦᠷᠭᠦᠯᠵᠢᠯᠡᠨ ᠰᠢᠮᠧᠨ᠋ᠳᠡᠷ᠎ᠤᠨ ᠲᠦᠷᠦᠯ᠎ᠤᠨ ᠡᠭᠦᠯᠳᠡᠷ ᠵᠶ᠋ᠡᠷ ᠰᠠᠢ᠌ᠵᠢᠷᠠᠭᠤᠯᠤᠨ᠎ᠠ᠃ ᠪᠤᠰᠤᠳ ᠭᠠᠵᠠᠷ᠎ᠲᠤ ᠠᠯᠠᠰᠢᠨ ᠦᠬᠡᠷ᠎ᠤᠨ ᠢᠴᠡᠭᠡᠯ ᠦᠷ᠎ᠡ ᠵᠢᠨ ᠬᠡᠭᠡᠯᠲᠦᠭᠦᠯᠭᠡ ᠵᠢᠨ ᠥᠷᠲᠡᠭᠡᠨ᠎ᠤ ᠪᠦᠲᠦᠭᠡᠨ ᠪᠠᠶ᠋ᠢᠭᠤᠯᠤᠯᠲᠠ ᠵᠢ ᠪᠦᠷᠢᠨᠰᠢᠭᠦᠯᠬᠦ᠎ᠪᠠᠷ ᠳᠠᠮᠵᠢᠭᠤᠯᠤᠨ᠂ ᠡᠷᠯᠢᠰᠡ ᠪᠤᠬ᠎ᠠ ᠵᠢ ᠥᠭᠡᠢ᠌ᠰᠬᠡᠬᠦ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠬᠣᠰᠢᠭᠤ ᠰᠢᠶᠠᠨ ᠵᠶ᠋ᠠᠷ ᠨᠢᠭᠡᠴᠢ ᠪᠣᠯᠭ᠋ᠠᠨ 《ᠪᠤᠬ᠎ᠠ ᠦᠭᠡᠢ ᠢᠴᠡᠭᠡᠯ ᠦᠷ᠎ᠡ᠎ᠪᠠᠷ ᠬᠡᠭᠡᠯᠲᠦᠭᠦᠯᠬᠦ》 ᠵᠢ ᠬᠡᠷᠡᠭᠵᠢᠭᠦᠯᠦᠨ᠂ ᠤᠳᠤ ᠪᠠᠶ᠋ᠢᠭ᠎ᠠ ᠦᠨᠢᠶᠡᠨ᠎ᠳᠡᠭᠡᠨ ᠠᠩᠭ᠌ᠸᠰ ᠦᠬᠡᠷ᠎ᠤᠨ ᠢᠴᠡᠭᠡᠯ ᠦᠷ᠎ᠡ᠎ᠪᠠᠷ ᠭᠠᠷ ᠬᠡᠭᠡᠯᠲᠦᠭᠦᠯᠭᠡ ᠬᠢᠵᠦ᠂ ᠠᠯᠠᠰᠢᠨ ᠦᠬᠡᠷ᠎ᠢ ᠰᠠᠢ᠌ᠨ ᠡᠭᠦᠯᠳᠡᠷᠵᠢᠭᠦᠯᠬᠦ ᠪᠠ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠲᠥᠯᠬᠢᠨ ᠠᠬᠢᠭᠤᠯᠵᠤ᠂ ᠳᠡᠭᠡᠳᠦ ᠲᠡᠰ᠎ᠤᠨ ᠦᠬᠡᠷ᠎ᠤᠨ ᠮᠢᠬ᠎ᠠ ᠦᠢ᠍ᠯᠡᠳᠪᠦᠷᠢᠯᠡᠨ᠂ ᠲᠠᠷᠢᠶᠠᠴᠢᠨ ᠮᠠᠯᠴᠢᠳ᠎ᠢ ᠲᠠᠢ᠌ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠶᠠᠳᠠᠭᠤ ᠬᠦᠴᠢᠷᠳᠡᠯ᠎ᠲᠠᠢ ᠡᠷᠦᠬᠡ᠎ᠳᠤ ᠵᠠᠰᠠᠭ᠎ᠤᠨ ᠣᠷᠳᠣᠨ᠎ᠠᠴᠠ ᠨᠥᠬᠥᠪᠥᠷᠢ ᠣᠯᠭᠣᠬᠣ᠎ᠪᠠᠷ ᠳᠠᠮᠵᠢᠨ᠂ ᠦᠨ᠎ᠡ ᠲᠥᠯᠥᠪᠦᠷᠢ ᠦᠭᠡᠢ ᠬᠡᠭᠡᠯᠲᠦᠭᠦᠯᠭᠡ ᠬᠢᠵᠦ ᠥᠭᠬᠦ ᠵᠢ ᠪᠡᠶᠡᠯᠡᠭᠦᠯᠦᠨ᠎ᠡ᠃
      ᠬᠦᠲᠦᠯᠦᠭᠴᠢ᠄
      ᠮᠠᠨ᠎ᠤ ᠤᠷᠤᠨ᠎ᠳᠤ ᠭᠠᠬᠠᠢ ᠵᠢᠨ ᠠᠵᠤ ᠦᠢᠯᠡᠰ᠎ᠢ ᠬᠡᠷᠬᠢᠨ ᠬᠥᠭᠵᠢᠭᠦᠯᠬᠦ ᠵᠢ ᠲᠠᠨᠢᠯᠴᠠᠭᠤᠯᠤᠭ᠋ᠠᠳ ᠦᠭᠭᠦᠨ᠎ᠡ ᠤᠤ?
      ᠵᠣᠣ ᠶᠦᠩ ᠬᠤᠸᠠ᠄
      ᠮᠠᠨ᠎ᠤ ᠣᠷᠣᠨ ᠪᠣᠯ ᠡᠷᠳᠡᠨᠢ ᠰᠢᠰᠢ ᠵᠢᠨ ᠭᠣᠤᠯ ᠭᠠᠷᠤᠯᠲᠠ ᠵᠢᠨ ᠣᠷᠣᠨ ᠮᠦᠨ᠂ 700 ᠵᠢᠩ ᠡᠷᠳᠡᠨᠢ ᠰᠢᠰᠢ᠎ᠪᠠᠷ ᠨᠢᠭᠡ ᠭᠠᠬᠠᠶ ᠦᠰᠭᠡᠵᠦ ᠪᠣᠯᠣᠨ᠎ᠠ᠂ ᠲᠠᠷᠢᠶᠠᠴᠢᠨ ᠨᠢᠭᠡ ᠭᠠᠬᠠᠶ ᠲᠡᠵᠢᠭᠡᠪᠡᠯ 1000 ᠲᠥᠭᠥᠷᠢᠭ᠎ᠤᠨ ᠴᠡᠪᠡᠷ ᠣᠷᠣᠯᠭ᠎ᠠ ᠣᠯᠣᠨ᠎ᠠ᠃ ᠮᠠᠨ᠎ᠤ ᠣᠷᠣᠨ᠎ᠤ ᠣᠷᠴᠢᠨ ᠠᠬᠤᠶ ᠵᠢᠨ ᠪᠠᠭᠲᠠᠭ᠋ᠠᠮᠵᠢ ᠶᠡᠬᠡ᠂ ᠨᠡᠯᠢᠶᠡᠳ ᠶᠡᠬᠡ ᠬᠥᠭᠵᠢᠯᠲᠡ ᠵᠢᠠ ᠨᠦᠬᠡᠴᠡ ᠬᠦᠴᠦᠨ᠎ᠲᠠᠢ ᠶᠤᠮ᠂ ᠤᠯᠤᠰ᠎ᠤᠨ ᠳᠣᠲᠣᠭ᠋ᠠᠳᠤ ᠵᠢᠨ ᠨᠢᠭᠡ ᠪᠦᠯᠦᠭ ᠲᠤᠮᠤ ᠬᠡᠯᠪᠡᠷᠢ ᠵᠢᠨ ᠭᠠᠬᠠᠶ ᠲᠡᠵᠢᠭᠡᠬᠦ ᠠᠵᠤ ᠠᠬᠤᠶ᠋ᠢᠯᠠᠯ ᠵᠠᠯᠭ᠎ᠠ ᠵᠠᠯᠭ᠎ᠠ᠎ᠪᠠᠷ ᠮᠠᠨ᠎ᠤ ᠤᠷᠤᠨ᠎ᠳᠤ ᠦᠢ᠍ᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠠᠢ᠌ᠭᠤᠯᠪᠠ᠃ ᠡᠯ᠎ᠡ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠭᠣᠣᠯᠳᠠᠯᠭ᠎ᠠ᠎ᠲᠠᠢ ᠬᠣᠰᠢᠭᠤ ᠰᠢᠶᠠᠨ ᠢᠯᠠᠩᠭᠤᠶ᠎ᠠ ᠡᠷᠳᠡᠨᠢ ᠰᠢᠰᠢ ᠵᠢᠨ ᠭᠣᠤᠯ ᠭᠠᠷᠤᠯᠲᠠ ᠵᠢᠨ ᠣᠷᠣᠨ ᠶᠠᠳᠠᠭᠤ ᠬᠦᠴᠢᠷᠳᠡᠯᠲᠡᠶ ᠡᠷᠦᠬᠡ᠎ᠳᠤ ᠭᠠᠬᠠᠢ ᠵᠢᠨ ᠲᠤᠷᠤᠢ ᠥᠭᠬᠦ ᠪᠤᠶᠤ ᠨᠥᠬᠥᠪᠥᠷᠢ ᠥᠭᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠶᠠᠳᠠᠭᠤ ᠬᠦᠴᠢᠷᠳᠡᠯᠲᠡᠢ ᠡᠷᠤᠭᠡ᠎ᠪᠠᠷ ᠭᠠᠬᠠᠶ ᠲᠡᠵᠢᠭᠡᠬᠦ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠭᠠᠬᠠᠶ ᠲᠡᠵᠢᠭᠡᠬᠦ ᠬᠡᠪᠴᠢᠶ᠎ᠡ ᠵᠢ ᠥᠷᠭᠡᠳᠬᠡᠨ᠎ᠡ᠃ ᠤᠷᠲᠤ ᠴᠠᠭ᠋ᠠᠨ᠂ ᠲᠣᠮᠣ ᠴᠠᠭ᠋ᠠᠨ᠂ ᠳ᠋ᠥᠯᠥᠸᠸᠺᠸ ᠡᠭᠦᠯᠳᠡᠷ ᠵᠶ᠋ᠡᠷ ᠭᠣᠣᠯ ᠪᠣᠯᠭ᠋ᠠᠨ᠂ ᠰᠠᠢ᠌ᠨ ᠡᠭᠦᠯᠳᠡᠷ᠎ᠤᠨ ᠭᠠᠬᠠᠶ ᠵᠢ ᠲᠡᠵᠢᠭᠡᠨ ᠦᠷᠡᠵᠢᠭᠦᠯᠵᠦ᠂ ᠥᠰᠬᠡᠨ ᠪᠣᠶ᠋ᠢᠵᠢᠭᠤᠯᠬᠤ ᠬᠤᠷᠳᠤᠴᠠ ᠵᠢ ᠲᠦᠷᠭᠡᠳᠬᠡᠬᠦ ᠵᠢᠨ ᠲᠤᠰᠠᠳᠠ᠂ ᠲᠤᠰ ᠭᠠᠵᠠᠷ᠎ᠤᠨ ᠭᠠᠬᠠᠶ ᠵᠢ ᠰᠠᠢ᠌ᠨ ᠡᠭᠦᠯᠳᠡᠷ᠎ᠤᠨ ᠭᠠᠬᠠᠶ᠎ᠲᠠᠢ ᠡᠷᠯᠢᠰᠡᠵᠢᠭᠦᠯᠬᠦ ᠭᠠᠷ ᠬᠡᠬᠡᠯᠲᠦᠯᠭᠡ ᠬᠢᠵᠦ᠂ ᠭᠠᠬᠠᠶ ᠵᠢᠨ ᠮᠢᠬᠠᠨ᠎ᠤ ᠭᠠᠷᠤᠯᠲᠠ ᠪᠣᠯᠣᠨ ᠦᠷᠡᠵᠢᠯ᠎ᠤᠨ ᠴᠢᠳᠠᠪᠤᠷᠢ ᠵᠢ ᠦᠳᠲᠡᠷ ᠲᠦᠷᠭᠡᠨ ᠳᠡᠭᠡᠭᠰᠢᠯᠡᠭᠦᠯᠵᠦ ᠪᠣᠯᠣᠨ᠎ᠠ᠃ ᠰᠢᠨᠵᠢᠯᠡᠬᠦ ᠤᠬᠠᠭ᠋ᠠᠨᠴᠢ᠎ᠪᠠᠷ ᠲᠡᠵᠢᠭᠡᠬᠦ ᠪᠠ ᠦᠶ᠎ᠡ ᠮᠦᠴᠡ ᠵᠢ ᠰᠠᠶ᠋ᠢᠲᠤᠷ ᠰᠢᠯᠢᠨ ᠰᠣᠩᠭᠣᠬᠤ ᠵᠡᠷᠭᠡ ᠨᠠᠷᠢᠯᠢᠬ᠍ᠵᠢᠭᠤᠯᠤᠭᠰᠠᠨ ᠬᠠᠮᠢᠶᠠᠷᠤᠯᠲᠠ᠎ᠪᠠᠷ ᠳᠠᠮᠵᠢᠭᠤᠯᠤᠨ᠂ ᠠᠰᠢᠭ ᠰᠢᠮ᠎ᠡ ᠵᠢᠨ ᠦᠷᠳᠡᠭ᠎ᠢ ᠳᠡᠭᠡᠭᠰᠢᠯᠡᠭᠦᠯᠦᠨ᠎ᠡ᠃ ᠶᠠᠳᠠᠭᠤ ᠵᠢ ᠲᠡᠳᠬᠦᠬᠦ ᠭᠣᠣᠯᠳᠠᠯᠭ᠎ᠠ᠎ᠲᠠᠢ ᠬᠣᠰᠢᠭᠤ ᠰᠢᠶᠠᠨ᠎ᠢ ᠭᠠᠬᠠᠶ ᠲᠡᠵᠢᠭᠡᠬᠦ ᠭᠣᠣᠯᠳᠠᠯᠭ᠎ᠠ᠎ᠲᠠᠢ ᠰᠢᠶᠠᠨ ᠪᠣᠯᠭ᠋ᠠᠵᠤ᠂ ᠭᠠᠬᠠᠢ ᠵᠢᠨ ᠲᠤᠷᠤᠢ᠂ ᠲᠡᠵᠢᠭᠡᠯ ᠪᠣᠷᠳᠣᠭ᠎ᠠ ᠵᠢᠨ ᠨᠥᠬᠥᠪᠥᠷᠢ ᠥᠭᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠭᠦᠯᠦᠨ᠎ᠡ᠃
      ᠬᠦᠲᠦᠯᠦᠭᠴᠢ᠄
      ᠮᠠᠨ᠎ᠤ ᠣᠷᠣᠨ᠎ᠳᠤ ᠭᠡᠷ᠎ᠤᠨ ᠵᠢᠭᠦᠷᠲᠡᠨ᠎ᠤ ᠠᠵᠤ ᠦᠢ᠍ᠯᠡᠰ᠎ᠢ ᠬᠡᠷᠬᠢᠨ ᠬᠥᠭᠵᠢᠭᠦᠯᠬᠦ ᠵᠢ ᠲᠠᠨᠢᠯᠴᠠᠭᠤᠯᠤᠭ᠋ᠠᠳ ᠦᠭᠭᠦᠨ᠎ᠡ ᠤᠤ?
      ᠵᠣᠣ ᠶᠦᠩ ᠬᠤᠸᠠ᠄
      ᠶᠠᠳᠠᠭᠤ ᠬᠦᠴᠢᠷᠳᠡᠯᠲᠡᠶ ᠡᠷᠦᠬᠡ᠎ᠨᠦᠭᠦᠳ ᠬᠦᠷᠢᠶ᠎ᠡ ᠬᠠᠰᠢᠶ᠎ᠠ᠂ ᠠᠭᠯᠠᠭ ᠠᠭᠤᠯᠠ᠂ ᠠᠳᠡᠷ ᠬᠡᠭᠡᠷ᠎ᠡ ᠪᠣᠯᠣᠨ ᠭᠣᠣᠯ ᠨᠠᠭᠤᠷ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠭᠡᠷ᠎ᠤᠨ ᠵᠢᠭᠦᠷᠲᠡᠨ ᠲᠡᠵᠢᠭᠡᠨ ᠦᠷᠡᠵᠢᠭᠦᠯᠬᠦ ᠵᠢ ᠢᠳᠡᠪᠬᠢᠲᠡᠶ ᠬᠥᠭᠵᠢᠭᠦᠯᠵᠦ᠂ ᠪᠣᠬᠢᠷᠲᠤᠯ ᠦᠭᠡᠢ᠂ ᠰᠤᠯᠠ ᠲᠡᠵᠢᠭᠡᠭᠰᠡᠨ ᠲᠠᠬᠢᠶ᠎ᠠ ᠵᠡᠷᠭᠡ ᠠᠮᠢ ᠠᠬᠤᠶ ᠵᠢᠨ ᠲᠦᠷᠦᠯ ᠲᠡᠮᠳᠡᠭᠲᠦ ᠡᠭᠦᠳᠬᠦ ᠵᠢ ᠳᠡᠮᠵᠢᠨ᠎ᠡ᠃ ᠭᠡᠷ᠎ᠤᠨ ᠵᠢᠭᠦᠷᠲᠡᠨ ᠲᠡᠵᠢᠭᠡᠨ ᠦᠷᠡᠵᠢᠭᠦᠯᠬᠦ ᠲᠠᠭ᠋ᠠᠭᠤᠯᠤᠭᠴᠢ ᠠᠵᠤ ᠠᠬᠤᠶ᠋ᠢᠯᠠᠯ᠎ᠤᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ 《ᠺᠣᠮᠫᠠᠨᠢ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ》 ᠵᠢᠨ ᠬᠡᠪ ᠵᠠᠭᠪᠤᠷ ᠵᠶ᠋ᠡᠷ᠂ ᠠᠵᠤ ᠠᠬᠤᠶ᠋ᠢᠯᠠᠯ᠎ᠠᠴᠠ ᠨᠢᠭᠡᠳᠦᠯᠲᠡᠶ᠎ᠪᠠᠷ ᠴᠤᠷᠪᠠᠭ᠎ᠠ ᠬᠠᠩᠭ᠋ᠠᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ᠂ ᠨᠢᠭᠡᠳᠦᠯᠲᠡᠶ ᠪᠣᠷᠣᠯᠠᠭᠤᠯᠬᠤ᠂ ᠡᠷᠦᠬᠡ ᠬᠤᠪᠢᠶᠠᠨ ᠲᠡᠵᠢᠭᠡᠬᠦ᠂ ᠡᠷᠦᠬᠡ ᠬᠤᠪᠢᠶᠠᠨ ᠳ᠋ᠦᠩᠨᠡᠨ ᠪᠣᠳᠣᠬᠣ ᠵᠡᠷᠭᠡ 《ᠳᠥᠷᠪᠡᠨ ᠨᠢᠭᠡᠳᠦᠯᠲᠡᠶ ᠬᠣᠶᠠᠷ ᠬᠤᠪᠢᠶᠠᠷᠢᠯᠠᠯᠲᠠ》 ᠵᠢᠨ ᠠᠷᠭ᠎ᠠ ᠮᠠᠶᠢᠭ ᠵᠶ᠋ᠠᠷ ᠠᠵᠢᠯᠯᠠᠭᠤᠯᠬᠤ ᠵᠢ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ ᠶᠠᠳᠠᠭᠤ ᠬᠦᠴᠢᠷᠳᠡᠯᠲᠡᠢ ᠡᠷᠦᠬᠡ᠎ᠳᠤ ᠴᠤᠷᠪᠠᠭ᠎ᠠ᠂ ᠲᠡᠵᠢᠭᠡᠯ ᠪᠣᠷᠳᠣᠭ᠋ᠠᠨ᠎ᠤ ᠨᠥᠬᠥᠪᠥᠷᠢ ᠣᠯᠭᠣᠵᠣ᠂ ᠳᠠᠭ᠋ᠠᠭᠤᠯᠤᠭᠴᠢ ᠠᠵᠤ ᠠᠬᠤᠶ᠋ᠢᠯᠠᠯ ᠪᠡᠯᠡ ᠮᠥᠩᠭᠥ ᠵᠢ᠎ᠨᠢ ᠤᠷᠢᠳᠴᠢᠯᠠᠨ ᠲᠤᠰᠢᠶᠠᠵᠤ᠂ ᠬᠠᠮᠤᠭ᠎ᠤᠨ ᠳᠣᠣᠷ᠎ᠠ ᠪᠠᠲᠤᠯᠠᠬᠤ ᠦᠨ᠎ᠡ ᠲᠣᠭᠲᠠᠭ᠋ᠠᠨ᠂ ᠵᠢᠭᠦᠷᠲᠡᠨ᠎ᠤ ᠭᠠᠷᠤᠯᠲᠠ ᠵᠢ ᠡᠭᠡᠭᠦᠯᠦᠨ ᠬᠤᠷᠢᠶᠠᠬᠤ ᠦᠶ᠎ᠡ᠎ᠳᠤ ᠰᠠᠭᠤᠯᠭ᠋ᠠᠨ ᠬᠠᠰᠤᠬᠤ ᠬᠡᠪ ᠵᠠᠭᠪᠤᠷ᠎ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠥᠭᠡ᠎ᠨᠦᠭᠦᠳ᠎ᠢ ᠠᠶᠤᠯ ᠲᠦᠭᠰᠢᠭᠦᠷᠢ ᠦᠭᠡᠢ ᠪᠦᠭᠡᠳ ᠪᠠᠭ᠎ᠠ ᠪᠡᠯᠡ ᠣᠷᠤᠭᠤᠯᠤᠯᠲᠠ ᠳᠤᠮᠳᠠ ᠠᠵᠤ ᠦᠢ᠍ᠯᠡᠰ ᠵᠶ᠋ᠠᠨ ᠬᠥᠭᠵᠢᠭᠦᠯᠬᠦ ᠪᠣᠯᠭ᠋ᠠᠨ᠎ᠠ᠃ ᠡᠭᠦᠯᠳᠡᠷ ᠰᠣᠩᠭᠣᠬᠤ ᠲᠠᠯ᠎ᠠ᠎ᠪᠠᠷ᠂ ᠦᠩᠭᠡᠷᠡᠭᠰᠡᠨ᠎ᠤ ᠰᠠᠢ᠌ᠨ ᠡᠭᠦᠯᠳᠡᠷ ᠪᠣᠯᠬᠣ ᠪᠡᠭᠡᠵᠢᠩ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ 3 ᠳ᠋ᠤᠭ᠋ᠠᠷ ᠨᠣᠮᠸᠷᠲᠤ᠂ ᠪᠡᠭᠡᠵᠢᠩ ᠲᠡᠬᠢᠶ᠎ᠠ ᠵᠡᠷᠭᠡ᠎ᠪᠠᠷ ᠭᠣᠣᠯᠯᠠᠭᠤᠯᠤᠨ᠎ᠠ᠃ ᠭᠡᠷ᠎ᠤᠨ ᠵᠢᠭᠦᠷᠲᠡᠨ ᠪᠣᠯ ᠠᠮᠠᠷᠬᠠᠨ ᠡᠪᠡᠳᠴᠢᠨ ᠬᠠᠯᠳᠠᠪᠤᠷᠢᠯᠠᠬᠤ᠂ ᠠᠮᠠᠷᠬᠠᠨ ᠦᠬᠦᠵᠦ ᠰᠦᠢ᠍ᠳᠬᠦ ᠲᠡᠵᠢᠭᠡᠨ ᠦᠷᠡᠵᠢᠭᠦᠯᠬᠦ ᠦᠢ᠍ᠯᠡᠰ ᠪᠣᠯᠣᠨ᠎ᠠ᠂ ᠬᠡᠷ᠎ᠤᠨ ᠵᠢᠭᠦᠷᠲᠡᠨ᠎ᠤ ᠳᠠᠭ᠋ᠠᠳᠬᠠᠯ᠂ ᠵᠠᠬ᠎ᠠ ᠳᠡᠯᠭᠡᠭᠦᠷ᠎ᠤᠨ ᠬᠢᠵᠢᠭ ᠡᠪᠡᠳᠴᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠪᠠᠲᠤᠯᠠᠭ᠎ᠠ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠵᠢᠨ ᠲᠡᠵᠢᠭᠡᠨ ᠦᠷᠡᠵᠢᠭᠦᠯᠬᠦ ᠠᠶᠤᠯ ᠲᠦᠭᠰᠢᠭᠦᠷᠢ ᠵᠢ ᠪᠠᠭᠤᠷᠠᠭᠤᠯᠤᠨ᠎ᠠ᠃
      ᠬᠦᠲᠦᠯᠦᠭᠴᠢ᠄
      ᠡᠪᠡᠰᠦ ᠪᠣᠷᠳᠣᠭ᠋ᠠᠨ᠎ᠤ ᠠᠵᠤ ᠦᠢ᠍ᠯᠡᠰ᠎ᠢ ᠬᠡᠷᠬᠢᠨ ᠬᠥᠭᠵᠢᠭᠦᠯᠬᠦ ᠵᠢ ᠪᠠᠰᠠ ᠲᠠᠨᠢᠯᠴᠠᠭᠤᠯᠤᠭ᠋ᠠᠳ ᠦᠭᠭᠦᠨ᠎ᠡ ᠤᠤ?       ᠵᠣᠣ ᠶᠦᠩ ᠬᠤᠸᠠ᠄
      ᠢᠳᠡᠰᠢᠨ ᠬᠤᠨᠢ᠂ ᠢᠳᠡᠰᠢᠨ ᠦᠬᠡᠷ᠂ ᠰᠠᠭ᠋ᠠᠯᠢ ᠵᠢᠨ ᠦᠨᠢᠶ᠎ᠡ᠂ ᠭᠠᠬᠠᠶ᠂ ᠭᠡᠷ᠎ᠤᠨ ᠵᠢᠭᠦᠷᠲᠡᠨ ᠲᠡᠵᠢᠭᠡᠨ ᠦᠷᠡᠵᠢᠭᠦᠯᠬᠦ ᠬᠥᠭᠵᠢᠯᠲᠡ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠬᠦᠷᠡᠩ ᠴᠠᠷᠭ᠋ᠠᠰᠤ᠎ᠪᠠᠷ ᠭᠣᠣᠯ ᠪᠣᠯᠭ᠋ᠠᠭᠰᠠᠨ ᠪᠤᠷᠴᠠᠭ᠎ᠤᠨ ᠢᠵᠠᠭᠤᠷ᠎ᠤᠨ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ᠎ᠢ ᠪᠠᠢ᠌ᠭᠤᠯᠤᠨ᠎ᠠ; ᠨᠣᠬᠠᠶ ᠵᠢᠨ ᠬᠤᠰᠢᠭᠤ ᠲᠠᠷᠢᠬᠤ᠎ᠪᠠᠷ ᠭᠣᠣᠯ ᠪᠣᠯᠭ᠋ᠠᠭᠰᠠᠨ ᠠᠮᠤ ᠡᠪᠡᠰᠦ ᠡᠭᠡᠯᠵᠢᠯᠡᠨ ᠲᠡᠷᠢᠬᠤ ᠰᠠᠭᠤᠷᠢᠨ ᠭᠠᠵᠠᠷ᠎ᠢ ᠪᠠᠢ᠌ᠭᠤᠯᠤᠨ᠎ᠠ; ᠲᠡᠵᠢᠭᠡᠯ ᠪᠣᠷᠳᠣᠭ᠎ᠠ᠎ᠳᠤ ᠲᠤᠰᠬᠠᠶ ᠬᠡᠷᠡᠭᠯᠡᠬᠦ ᠡᠷᠳᠡᠨᠢ ᠰᠢᠰᠢ ᠲᠠᠷᠢᠬᠤ ᠵᠢ ᠰᠠᠶ᠋ᠢᠲᠤᠷ ᠠᠳᠬᠤᠵᠦ᠂ ᠡᠷᠳᠡᠨᠢ ᠰᠢᠰᠢ ᠵᠢ ᠪᠦᠬᠦᠯᠢ ᠪᠣᠳᠠ᠎ᠪᠠᠷ᠎ᠨᠢ ᠳᠠᠷᠤᠰᠢᠭᠤᠯᠬᠤ ᠮᠡᠷᠭᠡᠵᠢᠯ᠎ᠢ ᠳᠡᠯᠭᠡᠷᠡᠭᠦᠯᠦᠨ᠎ᠡ; ᠡᠷᠳᠡᠨᠢ ᠰᠢᠰᠢ ᠵᠢᠨ ᠡᠰᠢ ᠰᠦᠷᠡᠯ᠎ᠢ ᠰᠢᠷ᠎ᠠ᠎ᠪᠠᠷ᠎ᠨᠢ ᠳᠠᠷᠤᠰᠢᠭᠤᠯᠬᠤ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ᠎ᠡ; ᠡᠷᠳᠡᠨᠢ ᠰᠢᠰᠢ᠂ ᠨᠡᠷᠡᠨ ᠬᠤᠸᠠᠷ᠂ ᠰᠢᠷ᠎ᠠ ᠪᠤᠷᠴᠠᠭ ᠵᠡᠷᠭᠡ ᠲᠠᠷᠢᠮᠠᠯ᠎ᠤᠨ ᠡᠰᠢ ᠰᠦᠷᠡᠯ ᠵᠡᠷᠭᠡ ᠵᠢ ᠬᠡᠮᠬᠡᠯᠬᠦ ᠠᠷᠭ᠎ᠠ ᠮᠠᠶᠢᠭ ᠵᠶ᠋ᠠᠷ ᠲᠡᠵᠢᠭᠡᠯ ᠡᠪᠡᠰᠦ ᠪᠣᠷᠳᠣᠭ᠎ᠠ ᠡᠳ᠋ᠰᠢᠭᠦᠯᠵᠦ᠂ ᠡᠪᠡᠰᠦ ᠪᠣᠷᠳᠣᠭ᠎ᠠ ᠵᠢ ᠬᠡᠮᠬᠡᠯᠡᠨ ᠨᠢᠴᠠᠯᠬᠤ ᠵᠢ ᠳᠡᠯᠭᠡᠷᠡᠭᠦᠯᠵᠦ᠂ ᠬᠡᠪᠡᠯᠢ᠎ᠪᠠᠷ ᠳᠠᠮᠵᠢᠭᠤᠯᠤᠨ ᠦᠷᠳᠡᠭ᠎ᠢ᠎ᠨᠢ ᠨᠡᠮᠡᠭᠳᠡᠭᠦᠯᠬᠦ ᠵᠢ ᠪᠡᠶᠡᠯᠡᠭᠦᠯᠦᠨ᠎ᠡ᠃ ᠳᠠᠷᠤᠰᠢᠭᠤᠯᠬᠤ ᠵᠣᠭᠣᠷᠢ᠂ ᠡᠪᠡᠰᠦ ᠪᠣᠷᠳᠣᠭ᠎ᠠ ᠬᠠᠳᠠᠭ᠋ᠠᠯᠠᠬᠤ ᠬᠥᠮᠥᠷᠭᠡ ᠪᠠᠷᠢᠨ᠎ᠠ᠃ ᠡᠭᠦᠨ᠎ᠤ ᠬᠠᠮᠲᠤ᠂ ᠲᠡᠵᠢᠭᠡᠵᠦ ᠦᠷᠡᠵᠢᠭᠦᠯᠬᠦ ᠠᠵᠤ ᠠᠬᠤᠶ᠋ᠢᠯᠠᠯ ᠬᠢᠭᠡᠳ ᠡᠪᠡᠰᠦ ᠪᠣᠷᠳᠣᠭ᠎ᠠ ᠳᠠᠷᠢᠬᠤ ᠶᠠᠳᠠᠭᠤ ᠬᠦᠴᠢᠷᠳᠡᠯᠲᠡᠶ ᠡᠷᠦᠬᠡ᠎ᠯᠦᠭᠡ ᠵᠢᠨ ᠬᠠᠩᠭ᠋ᠠᠯᠭ᠎ᠠ ᠬᠡᠷᠡᠭᠴᠡᠭᠡ ᠵᠢ ᠤᠶᠠᠯᠳᠤᠭᠤᠯᠤᠭᠰᠠᠨ ᠠᠰᠢᠭ ᠲᠤᠰᠠ ᠵᠢᠨ ᠨᠢᠭᠲᠠ ᠬᠠᠷᠢᠴᠠᠭ᠎ᠠ ᠬᠣᠯᠪᠣᠭ᠎ᠠ ᠵᠢ ᠪᠠᠢ᠌ᠭᠤᠯᠤᠨ᠎ᠠ᠃ ᠡᠪᠡᠰᠦ ᠪᠣᠷᠳᠣᠭ᠎ᠠ᠎ᠪᠠᠨ ᠰᠢᠨᠵᠢᠯᠡᠬᠦ ᠤᠬᠠᠭ᠋ᠠᠨᠴᠢ᠎ᠪᠠᠷ ᠲᠡᠵᠢᠭᠡᠬᠦ ᠵᠢ ᠴᠢᠬᠤᠯᠠᠴᠢᠯᠠᠨ᠎ᠠ᠃ ᠣᠳᠣᠬᠠᠨ᠎ᠳᠤ ᠬᠥᠬᠡ ᠡᠪᠡᠰᠦ ᠬᠢᠭᠡᠳ ᠡᠷᠳᠡᠨᠢ ᠰᠢᠰᠢ ᠵᠢᠨ ᠦᠨ᠎ᠡ ᠬᠠᠩᠰᠢ᠎ᠨᠢ ᠨᠡᠯᠢᠶᠡᠳ ᠣᠢ᠌ᠷᠠᠯᠴᠠᠭ᠎ᠠ ᠪᠠᠢ᠌ᠵᠤ᠂ ᠡᠷᠳᠡᠨᠢ ᠰᠢᠰᠢ ᠵᠢᠨ ᠰᠢᠮ᠎ᠡ ᠲᠡᠵᠢᠭᠡᠯ᠎ᠤᠨ ᠥᠷᠲᠡᠭ᠎ᠨᠢ ᠬᠠᠭᠤᠷᠠᠶ ᠡᠪᠡᠰᠦ ᠵᠢᠨ᠎ᠬᠢ᠎ᠠᠴᠠ 4 — 5 ᠲᠠᠬᠢᠨ ᠪᠠᠢ᠌ᠳᠠᠭ ᠪᠣᠯᠬᠣᠷ᠂ ᠭᠠᠮᠰᠢᠭᠳᠠᠭᠰᠠᠨ ᠤᠷᠤᠨ᠎ᠳᠤ ᠡᠪᠡᠰᠦ ᠪᠣᠷᠳᠣᠭ᠎ᠠ ᠨᠦᠬᠦᠪᠦᠷᠢᠯᠡᠬᠦ᠎ᠳᠤ᠂ ᠡᠪᠡᠰᠦ ᠵᠥᠭᠡᠭᠡᠪᠦᠷᠢᠯᠡᠬᠦ ᠵᠢᠨ ᠤᠷᠤᠨ᠎ᠳᠤ ᠡᠷᠳᠡᠨᠢ ᠰᠢᠰᠢ ᠣᠷᠤᠭᠤᠯᠬᠤ᠎ᠨᠢ ᠬᠠᠷᠢᠨ ᠨᠡᠩ ᠶᠡᠬᠡ ᠠᠵᠤ ᠠᠬᠤᠶ ᠵᠢᠨ ᠦᠷ᠎ᠡ ᠠᠰᠢᠭ᠎ᠲᠠᠢ ᠪᠠᠢ᠌ᠨ᠎ᠠ᠃
      ᠬᠥᠲᠥᠯᠥᠭᠴᠢ᠄
      ᠵᠣᠣ ᠳᠠᠷᠤᠭ᠎ᠠ ᠡ᠂ ᠮᠠᠨ᠎ᠤ ᠣᠷᠣᠨ᠎ᠳᠤ ᠢᠳᠡᠰᠢᠨ ᠨᠣᠭᠣᠭ᠋ᠠᠨ᠎ᠤ ᠠᠵᠤ ᠦᠢ᠍ᠯᠡᠰ᠎ᠢ ᠬᠡᠷᠬᠢᠨ ᠬᠥᠭᠵᠢᠭᠦᠯᠵᠦ ᠪᠠᠢ᠌ᠬᠤ ᠲᠤᠬᠠᠶ ᠲᠠᠨᠢᠯᠴᠠᠭᠤᠯᠤᠭ᠋ᠠᠳ ᠥᠭᠭᠦᠨ᠎ᠡ ᠦᠦ?
      ᠵᠤᠤ ᠶᠦᠩ ᠬᠤᠸᠠ᠄
      ᠮᠠᠨ᠎ᠤ ᠣᠷᠣᠨ᠎ᠤ ᠨᠡᠷᠡᠨ᠎ᠤ ᠲᠤᠰᠤᠯᠲᠠ ᠭᠦᠢ᠍ᠴᠡᠳ᠂ ᠠᠭᠤᠷ ᠠᠮᠢᠰᠬᠤᠯ ᠬᠦᠢᠲᠡᠨ ᠰᠡᠷᠢᠭᠦᠨ ᠪᠠᠢ᠌ᠵᠤ᠂ ᠢᠳᠡᠰᠢᠨ ᠨᠣᠭᠣᠭ᠋ᠠᠨ᠎ᠤ ᠠᠵᠤ ᠦᠢ᠍ᠯᠡᠰ᠎ᠢ ᠬᠥᠭᠵᠢᠭᠦᠯᠬᠦ ᠥᠪᠡᠷᠮᠢᠴᠡ ᠳᠠᠪᠠᠭᠤᠯᠢᠭ ᠲᠠᠯ᠎ᠠ᠎ᠲᠠᠢ ᠶᠤᠮ᠃ 7  ᠂ 8  ᠂ 9 ᠳ᠋ᠦ᠍ᠭᠡᠷ ᠰᠠᠷ᠎ᠠ᠎ᠳᠤ ᠵᠠᠳᠠᠭ᠋ᠠᠶ ᠭᠠᠵᠠᠷ᠎ᠤᠨ ᠢᠳᠡᠰᠢᠨ ᠨᠣᠭᠣᠭ᠎ᠠ ᠶᠡᠬᠡ ᠬᠡᠮᠵᠢᠶ᠎ᠡ᠎ᠪᠠᠷ ᠵᠠᠬ᠎ᠠ ᠳᠡᠯᠭᠡᠭᠦᠷ᠎ᠲᠤ ᠭᠠᠷᠴᠤ᠂ ᠶᠠᠭ ᠡᠮᠦᠨᠡᠲᠦ ᠣᠷᠣᠨ᠎ᠤ ᠢᠳᠡᠰᠢᠨ ᠨᠣᠭᠣᠭ᠎ᠠ ᠵᠢᠨ ᠴᠤᠬᠠᠭ ᠤᠯᠠᠷᠢᠯ ᠲᠣᠬᠢᠶᠠᠳᠠᠭ ᠪᠤᠯᠬᠤᠷ᠂ ᠪᠦᠬᠦ ᠤᠯᠤᠰ᠎ᠤᠨ ᠵᠤᠨ ᠨᠠᠮᠤᠷ᠎ᠤᠨ ᠢᠳᠡᠰᠢᠨ ᠨᠣᠭᠣᠭ᠋ᠠᠨ᠎ᠤ ᠰᠠᠭᠤᠷᠢᠨ ᠭᠠᠵᠠᠷ ᠪᠠᠶ᠋ᠢᠭᠤᠯᠵᠤ ᠪᠣᠯᠤᠨ᠎ᠠ᠃ 2016 ᠣᠨ᠎ᠤ ᠵᠢᠯ᠎ᠤᠨ ᠡᠴᠦᠰ ᠪᠣᠯᠲᠠᠯ᠎ᠠ᠂ ᠮᠠᠨ᠎ᠤ ᠣᠷᠣᠨ 231 ᠲᠦᠮᠡᠨ ᠮᠦ᠍ ᠪᠡᠯᠡᠳᠬᠡᠮᠵᠢᠳᠦ ᠲᠠᠷᠢᠶᠠᠯᠠᠩ ᠪᠠᠢ᠌ᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠬᠡᠢ ᠪᠡᠶᠡᠲᠦ ᠪᠤᠷᠳᠤᠭᠤᠷ ᠣᠷᠣᠭᠤᠯᠬᠤ ᠵᠡᠷᠭᠡ ᠢᠵᠢ ᠪᠦᠷᠢᠳᠦᠭᠦᠯᠦᠯᠲᠡ ᠵᠢᠨ ᠮᠡᠷᠭᠡᠵᠢᠯ᠎ᠢ ᠶᠡᠬᠡᠪᠡᠷ ᠳᠡᠯᠭᠡᠷᠡᠭᠦᠯᠵᠦ᠂ ᠡᠪᠦᠯ᠎ᠤᠨ ᠤᠯᠠᠷᠢᠯ᠎ᠤᠨ ᠢᠳᠡᠰᠢᠨ ᠨᠣᠭᠣᠭ᠎ᠠ ᠵᠢᠨ ᠦᠢ᠍ᠯᠡᠳᠪᠦᠷᠢᠯᠡᠯ᠎ᠤᠨ ᠤᠨᠠᠯᠲᠠ ᠪᠠ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠨᠡᠢ᠌ᠲᠡ ᠵᠢᠨ ᠬᠦᠨᠦᠭᠡᠯ ᠦᠭᠡᠢ ᠪᠣᠬᠢᠷᠲᠤᠯ ᠦᠬᠡᠢ ᠢᠳᠡᠰᠢᠨ ᠨᠣᠭᠣᠭ᠎ᠠ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠪᠠᠷ ᠭᠣᠣᠯᠳᠠᠯᠭ᠎ᠠ ᠪᠣᠯᠭ᠋ᠠᠨ᠂ ᠵᠠᠬ᠎ᠠ ᠳᠡᠯᠭᠡᠭᠦᠷ᠎ᠲᠤ ᠵᠣᠬᠢᠴᠠᠭᠤᠯᠬᠤ᠂ ᠣᠨᠴᠠᠯᠢᠭ᠎ᠲᠠᠢ ᠬᠥᠭᠵᠢᠭᠦᠯᠬᠦ ᠵᠠᠷᠴᠢᠮ ᠵᠶ᠋ᠠᠷ᠂ ᠶᠠᠳᠠᠭᠤ ᠬᠦᠴᠢᠷᠳᠡᠯᠲᠡᠶ ᠡᠷᠦᠬᠡ ᠵᠢᠨ ᠢᠳᠡᠰᠢᠨ ᠨᠣᠭᠣᠭ᠎ᠠ ᠲᠠᠷᠢᠬᠤ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠭᠠᠳᠠᠭᠰᠢ ᠢᠳᠡᠰᠢᠨ ᠨᠣᠭᠣᠭ᠎ᠠ ᠪᠣᠷᠣᠯᠠᠭᠤᠯᠬᠤ᠎ᠳᠠᠭᠠᠨ ᠲᠦᠷᠦᠯ ᠪᠠᠷᠢᠮᠵᠢᠶ᠎ᠠ ᠵᠢ ᠨᠢᠭᠡᠳᠦᠭᠦᠯᠵᠦ᠂ ᠨᠡᠷᠡᠳᠤ ᠪᠦᠲᠦᠭᠡᠭᠳᠡᠬᠦᠨ᠎ᠤ ᠤᠬᠠᠮᠰᠠᠷ᠎ᠢ ᠪᠤᠢ ᠪᠣᠯᠭ᠋ᠠᠵᠤ᠂ ᠣᠷᠣᠨ ᠪᠦᠰᠡᠵᠢᠭᠦᠯᠦᠨ ᠪᠠᠢ᠌ᠷᠢᠰᠢᠭᠤᠯᠬᠤ᠂ ᠬᠡᠪᠴᠢᠶᠡᠵᠢᠭᠦᠯᠦᠨ ᠦᠢ᠍ᠯᠡᠳᠪᠦᠷᠢᠯᠡᠬᠥ ᠵᠢ ᠬᠡᠷᠡᠭᠵᠢᠭᠦᠯᠵᠦ᠂ ᠬᠤᠳᠠᠯᠳᠤᠨ ᠠᠪᠤᠭᠴᠢ ᠬᠤᠳᠠᠯᠳᠤᠭ᠋ᠠᠴᠢᠨ᠎ᠳᠤ ᠳᠥᠭᠥᠮ ᠦᠵᠡᠭᠦᠯᠪᠡ᠃ ᠡᠭᠦᠨ᠎ᠤ ᠬᠠᠮᠲᠤ᠂ ᠬᠥᠢ᠍ᠳᠡᠨ ᠵᠶ᠋ᠠᠷ ᠭᠡᠯᠬᠢᠶᠡᠵᠢᠬᠥᠯᠬᠥ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠣᠷᠣᠭᠳᠠᠯ᠎ᠢ ᠪᠠᠭ᠋ᠠᠰᠬᠠᠵᠤ᠂ ᠶᠠᠰᠤ ᠴᠢᠨᠠᠷ᠎ᠢ ᠪᠠᠲᠤᠯᠠᠪᠠ᠃ ᠮᠠᠨ᠎ᠤ ᠣᠷᠣᠨ᠎ᠳᠤ ᠪᠦᠭᠦ ᠤᠯᠤᠰ᠎ᠲᠠᠢ ᠠᠳᠠᠯᠢ᠎ᠪᠠᠷ ᠢᠳᠡᠰᠢᠨ ᠨᠣᠭᠣᠭ᠎ᠠ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠠᠷᠢᠶᠠᠨ ᠵᠠᠬ᠎ᠠ ᠵᠢᠨ ᠦᠨ᠎ᠡ᠎ᠨᠢ ᠳᠣᠣᠷ᠎ᠠ᠂ ᠵᠠᠬ᠎ᠠ ᠳᠡᠯᠭᠡᠭᠦᠷ᠎ᠤᠨ ᠦᠨ᠎ᠡ᠎ᠨᠢ ᠥᠨᠳᠥᠷ ᠪᠠᠶ᠋ᠢᠬᠤ ᠠᠰᠠᠭᠤᠳᠠᠯ ᠣᠷᠣᠰᠢᠵᠤ ᠪᠠᠶ᠋ᠢᠨ᠎ᠠ᠃ ᠡᠭᠦᠨ᠎ᠤ ᠦᠨᠳᠦᠰᠦᠨ ᠰᠢᠯᠲᠠᠭ᠋ᠠᠨ᠎ᠨᠢ ᠭᠡᠪᠡᠯ ᠲᠠᠷᠢᠶᠠᠯᠠᠩ᠎ᠤᠨ ᠪᠦᠲᠦᠭᠡᠭᠳᠡᠬᠦᠨ ᠪᠣᠷᠣᠯᠠᠭᠤᠯᠬᠤ ᠳᠡᠯᠭᠡᠭᠦᠷ᠎ᠤᠨ ᠦᠨ᠎ᠡ᠎ᠨᠢ ᠳᠡᠩᠳᠡᠭᠦᠦ ᠥᠨᠳᠥᠷ ᠪᠠᠢ᠌ᠨ᠎ᠠ᠃ ᠨᠡᠢ᠌ᠭᠡᠮ ᠲᠣᠭᠣᠷᠢᠭ᠎ᠤᠨ ᠳᠡᠯᠭᠡᠭᠦᠷ ᠪᠠᠢ᠌ᠭᠤᠯᠪᠠᠯ ᠲᠠᠷᠢᠶᠠᠨ ᠵᠠᠬ᠎ᠠ ᠵᠢᠨ ᠦᠨ᠎ᠡ ᠵᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠤᠨ ᠦᠨ᠎ᠡ ᠵᠢ   ᠪᠠᠭᠤᠷᠠᠭᠤᠯᠵᠤ ᠪᠣᠯᠣᠨ᠎ᠠ᠂ ᠡᠨᠡ ᠪᠣᠯ ᠣᠳᠣᠬᠠᠨ᠎ᠤ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠰᠠᠭᠤᠳᠠᠯ᠎ᠢ ᠰᠢᠢ᠍ᠳᠪᠦᠷᠢᠯᠡᠬᠦ ᠬᠠᠮᠤᠭ᠎ᠤᠨ ᠦᠨᠳᠦᠰᠦᠨ ᠠᠷᠭ᠎ᠠ ᠬᠡᠮᠵᠢᠶ᠎ᠡ ᠮᠥᠨ᠃ ᠢᠳᠡᠰᠢᠨ ᠨᠣᠭᠣᠭ᠋ᠠᠨ᠎ᠤ ᠠᠵᠤ ᠦᠢ᠍ᠯᠡᠰ᠎ᠢ ᠬᠦᠭᠵᠢᠭᠦᠯᠬᠦ᠎ᠳᠤ ᠶᠠᠳᠠᠭᠤ ᠬᠦᠴᠢᠷᠳᠡᠯᠲᠡᠶ ᠡᠷᠦᠬᠡ ᠤᠷᠢᠳᠠᠪᠠᠷ ᠠᠵᠢᠯ ᠣᠯᠵᠤ᠂ ᠤᠷᠢᠳᠠᠪᠠᠷ ᠬᠥᠭᠵᠢᠵᠦ ᠪᠣᠯᠣᠨ᠎ᠠ᠃
      ᠬᠥᠲᠥᠯᠥᠭᠴᠢ᠄

      ᠲᠥᠮᠥᠰᠥ ᠵᠢᠨ ᠦᠢ᠍ᠯᠡᠰ᠎ᠢ ᠬᠡᠷᠬᠢᠨ ᠬᠥᠭᠵᠢᠭᠦᠯᠬᠦ ᠲᠤᠬᠠᠶ ᠲᠠᠨᠢᠯᠴᠠᠭᠤᠯᠤᠭ᠋ᠠᠳ ᠥᠭᠭᠦᠨ᠎ᠡ ᠦᠦ?
      ᠵᠤᠤ ᠶᠦᠩ ᠬᠤᠸᠠ᠄
      ᠮᠠᠨ᠎ᠤ ᠣᠷᠣᠨ ᠪᠣᠯ ᠲᠥᠮᠥᠰᠥ ᠵᠢᠨ ᠲᠤᠮᠤ ᠣᠷᠣᠨ ᠮᠥᠨ᠂ ᠵᠢᠯ ᠪᠦᠷᠢ 1000 ᠲᠦᠮᠡᠨ ᠮᠦ᠍ ᠣᠷᠴᠢᠮ ᠲᠠᠷᠢᠵᠤ᠂ ᠵᠠᠬ᠎ᠠ ᠳᠡᠯᠭᠡᠭᠦᠷ᠎ᠤᠨ ᠠᠯᠳᠠᠷᠰᠢᠯ᠎ᠨᠢ ᠴᠤ᠌ ᠥᠨᠳᠥᠷ ᠪᠠᠢ᠌ᠨ᠎ᠠ᠃ ᠲᠥᠮᠥᠰᠥ ᠵᠢᠨ ᠭᠠᠷᠤᠯᠲᠠ ᠵᠢᠨ ᠣᠨᠣᠯ ᠵᠶ᠋ᠡᠷ ᠪᠣᠯ ᠮᠦ᠍ ᠪᠦᠷᠢ᠎ᠠᠴᠠ 8 ᠲᠣᠨ ᠬᠣᠷᠢᠶᠠᠨ᠎ᠠ᠂ ᠮᠠᠨ᠎ᠤ ᠣᠷᠣᠨ ᠳᠤᠮᠳᠠᠴᠢ᠎ᠪᠠᠷ ᠮᠦ᠍ ᠪᠦᠷᠢ᠎ᠠᠴᠠ 1 ᠲᠣᠨ ᠬᠤᠷᠢᠶᠠᠵᠤ ᠪᠠᠢ᠌ᠨ᠎ᠠ᠂ ᠭᠡᠪᠡᠴᠦ ᠮᠠᠨ᠎ᠤ ᠣᠷᠣᠨ᠎ᠳᠤ ᠮᠦ᠍ ᠪᠦᠷᠢ᠎ᠠᠴᠠ  3 — 4 ᠲᠣᠨ ᠬᠤᠷᠢᠶᠠᠵᠤ ᠪᠠᠢ᠌ᠬᠤ ᠭᠠᠵᠠᠷ ᠮᠠᠰᠢ ᠤᠯᠠᠨ ᠪᠠᠶ᠋ᠢᠨ᠎ᠠ᠂ ᠣᠨᠴᠠ ᠵᠠᠷᠢᠮ ᠭᠠᠵᠠᠷ ᠮᠦ᠍ ᠪᠦᠷᠢ᠎ᠠᠴᠠ ᠲᠦᠮᠡ ᠭᠠᠷᠤᠶ ᠵᠢᠩ ᠬᠤᠷᠢᠶᠠᠵᠤ᠂ ᠭᠠᠷᠤᠯᠲᠠ᠎ᠪᠠᠨ ᠨᠡᠮᠡᠭᠳᠡᠭᠦᠯᠬᠦ ᠣᠷᠣᠨ ᠵᠠᠶ ᠮᠠᠰᠢ ᠶᠡᠬᠡ ᠪᠠᠶ᠋ᠢᠳᠠᠭ᠃ 《ᠬᠣᠶᠠᠷ᠎ᠢ ᠨᠡᠮᠡᠭᠳᠡᠭᠦᠯᠵᠦ᠂ ᠲᠠᠪᠤ ᠵᠢ ᠳᠡᠯᠭᠡᠷᠡᠭᠦᠯᠬᠦ》 ᠮᠡᠷᠭᠡᠵᠢᠯ ᠲᠤᠬᠠᠢ᠌ᠯᠠᠪᠠᠯ᠂ ᠨᠢᠭᠲᠠᠴᠠ ᠵᠢ ᠨᠡᠮᠡᠭᠳᠡᠭᠦᠯᠵᠦ ᠣᠷᠭ᠋ᠠᠨᠢᠭ ᠪᠤᠷᠳᠤᠭᠤᠷ ᠨᠡᠮᠡᠵᠦ ᠣᠷᠣᠭᠤᠯᠬᠤ ᠵᠢ ᠨᠡᠮᠡᠭᠳᠡᠭᠦᠯᠦᠨ᠂ ᠲᠥᠮᠥᠰᠥᠨ᠎ᠤ ᠦᠷ᠎ᠡ ᠵᠢ ᠬᠣᠣᠷ ᠦᠭᠡᠢ᠌ᠳᠡᠭᠦᠯᠦᠨ ᠲᠠᠷᠢᠬᠤ᠂ ᠪᠡᠯᠡᠳᠬᠡᠮᠵᠢ᠎ᠪᠠᠷ ᠲᠠᠷᠢᠵᠤ ᠪᠣᠶ᠋ᠢᠵᠢᠭᠤᠯᠬᠤ᠂ ᠪᠦᠷᠬᠦᠭᠦᠯ ᠬᠤᠴᠢᠬᠤ᠂ ᠮᠠᠰᠢᠨᠴᠢᠯᠠᠯᠲᠠ᠎ᠪᠠᠷ ᠠᠵᠢᠯᠯᠠᠬᠤ᠂ ᠲᠤᠰᠬᠠᠶ ᠪᠤᠷᠳᠤᠭᠤᠷ ᠬᠡᠷᠡᠭᠯᠡᠬᠦ ᠮᠡᠷᠭᠡᠵᠢᠯ ᠵᠶ᠋ᠠᠷ ᠭᠣᠣᠯᠯᠠᠭᠤᠯᠤᠭᠰᠠᠨ ᠬᠤᠷᠠᠮᠠᠯ ᠮᠡᠷᠭᠡᠵᠢᠯ᠎ᠢ ᠳᠡᠯᠭᠡᠷᠡᠭᠦᠯᠦᠨ᠎ᠡ; ᠲᠥᠮᠥᠰᠥᠨ᠎ᠤ ᠦᠷ᠎ᠡ ᠵᠢ ᠦᠷᠡᠵᠢᠭᠦᠯᠦᠨ ᠪᠣᠢ᠌ᠵᠢᠭᠤᠯᠬᠤ ᠰᠢᠰᠲᠸᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠶᠠᠳᠠᠭᠤ ᠬᠦᠴᠢᠷᠳᠡᠯ᠎ᠲᠠᠢ ᠲᠣᠰᠬᠣᠨ ᠶᠠᠳᠠᠭᠤ ᠬᠦᠴᠢᠷᠳᠡᠯᠲᠡᠶ ᠡᠷᠦᠬᠡ᠎ᠳᠤ ᠨᠥᠬᠥᠪᠥᠷᠢ ᠥᠭᠬᠦ ᠵᠡᠷᠭᠡ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ ᠲᠥᠮᠥᠰᠥᠨ᠎ᠤ ᠦᠷ᠎ᠡ ᠵᠢ ᠬᠣᠣᠷ ᠦᠭᠡᠢ᠌ᠳᠡᠭᠦᠯᠦᠨ ᠲᠠᠷᠢᠬᠤ ᠵᠢ ᠶᠡᠬᠡᠪᠡᠷ ᠳᠡᠯᠭᠡᠷᠡᠭᠦᠯᠵᠦ᠂ ᠲᠥᠮᠥᠰᠥᠨ᠎ᠤ ᠭᠠᠷᠤᠯᠲᠠ ᠵᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠦᠨ᠎ᠡ᠃ ᠲᠥᠮᠥᠰᠥᠨ᠎ᠤ ᠦᠷ᠎ᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠡ᠃ 《ᠺᠣᠮᠫᠠᠨᠢ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ》 ᠵᠢᠨ ᠵᠠᠭᠪᠤᠷ᠎ᠢ ᠳᠡᠯᠭᠡᠷᠡᠭᠦᠯᠵᠦ᠂ ᠳᠣᠲᠣᠭ᠋ᠠᠳᠣ᠎ᠳᠠᠭᠠᠨ ᠶᠠᠰᠤ ᠴᠢᠨᠠᠷ᠎ᠢ ᠠᠳᠬᠤᠵᠦ᠂ ᠭᠠᠳᠠᠭᠰᠢ᠎ᠪᠠᠨ ᠵᠠᠬ᠎ᠠ ᠳᠡᠯᠭᠡᠭᠦᠷ ᠵᠶ᠋ᠠᠨ ᠥᠷᠭᠡᠳᠬᠡᠵᠦ᠂ ᠲᠥᠮᠥᠰᠥ ᠲᠠᠷᠢᠬᠤ ᠵᠢ ᠥᠷᠭᠡᠳᠬᠡᠨ ᠦᠢ᠍ᠯᠡᠳᠪᠦᠷᠢᠯᠡᠬᠦ ᠰᠢᠰᠲᠸᠮᠵᠢ ᠵᠢ ᠪᠦᠷᠢᠨᠰᠢᠭᠦᠯᠵᠦ᠂ ᠥᠪᠥᠷ ᠮᠣᠩᠭᠣᠯ ᠵᠶ᠋ᠡᠨ ᠪᠦᠬᠦ ᠤᠯᠤᠰ᠎ᠤᠨ ᠲᠥᠮᠥᠰᠥ ᠲᠠᠷᠢᠬᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠣᠯᠭ᠋ᠠᠨ ᠪᠠᠢ᠌ᠭᠤᠯᠤᠨ᠎ᠠ᠃ ᠥᠷ᠎ᠡ ᠵᠢᠨ ᠲᠥᠷᠥᠯ᠎ᠳᠤ ᠳ᠋ᠠ ᠰᠢ ᠶᠠᠩ᠂ ᠰᠢᠶᠠ ᠫᠦᠸᠸ ᠳ᠋ᠢ᠂ ᠹᠧᠢ ᠡᠦ ᠷᠦᠢ ᠲᠧ ᠵᠡᠷᠭᠡ ᠣᠨᠴᠠ ᠳᠡᠰ᠎ᠤᠨ ᠰᠢᠯᠢᠳᠡᠭ ᠥᠷ᠎ᠡ ᠵᠢ ᠰᠣᠩᠭᠣᠵᠤ ᠬᠡᠷᠡᠭᠯᠡᠨ᠎ᠡ᠃ ᠲᠥᠮᠥᠰᠥ ᠵᠢ ᠳᠤᠰᠤᠯᠭ᠋ᠠᠨ ᠤᠰᠤᠯᠠᠬᠤ ᠵᠢ ᠶᠡᠬᠡᠪᠡᠷ ᠬᠥᠭᠵᠢᠭᠦᠯᠵᠦ᠂ ᠰᠢᠨ᠎ᠡ᠎ᠪᠠᠷ ᠳᠤᠰᠤᠯᠭ᠋ᠠᠨ ᠤᠰᠤᠯᠠᠬᠤ ᠪᠡᠯᠡᠳᠬᠡᠮᠵᠢ ᠤᠭᠰᠠᠷᠠᠭᠰᠠᠨ ᠶᠠᠳᠠᠭᠤ ᠬᠦᠴᠢᠷᠳᠡᠯᠲᠡᠶ ᠡᠷᠥᠭᠡ᠎ᠳᠤ ᠲᠤᠰᠠᠯᠠᠮᠵᠢ ᠦᠵᠡᠭᠦᠯᠵᠦ᠂ ᠨᠡᠩ ᠣᠯᠠᠨ ᠨᠥᠬᠥᠪᠥᠷᠢ ᠣᠯᠭᠣᠨ᠎ᠠ᠃
      ᠬᠥᠲᠥᠯᠥᠭᠴᠢ᠄

      ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠠᠯ᠎ᠠ᠎ᠪᠠᠷ ᠲᠠᠨ᠎ᠳᠤ ᠪᠠᠰᠠ ᠶᠠᠮᠠᠷ ᠨᠥᠬᠥᠪᠦᠷᠢᠯᠡᠵᠦ ᠲᠣᠳᠣᠷᠬᠠᠢ᠌ᠯᠠᠬᠤ ᠵᠦᠢ᠍ᠯ ᠪᠠᠢ᠌ᠨ᠎ᠠ ᠦᠦ?
      ᠵᠤᠤ ᠶᠦᠩ ᠬᠤᠸᠠ᠄
      ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ᠎ᠳᠤ ᠪᠠᠰᠠ ᠤᠢ ᠰᠢᠭᠤᠢ ᠪᠠ ᠵᠢᠭᠤᠯᠴᠢᠯᠠᠯ᠎ᠤᠨ ᠦᠢ᠍ᠯᠡᠰ ᠪᠠᠭᠲᠠᠨ᠎ᠠ᠃ ᠤᠢ ᠰᠢᠭᠤᠢ ᠵᠢᠨ ᠠᠵᠤ ᠦᠢ᠍ᠯᠡᠰ᠎ᠤᠨ ᠲᠠᠯ᠎ᠠ᠎ᠪᠠᠷ ᠵᠢᠮᠢᠰ᠎ᠤᠨ ᠮᠣᠳᠣ᠂ ᠡᠮ᠎ᠤᠨ ᠮᠠᠲ᠋ᠧᠷᠢᠶᠠᠯ ᠵᠡᠷᠭᠡ ᠠᠵᠤ ᠠᠬᠤᠶ ᠵᠢᠨ ᠤᠢ ᠵᠢ ᠢᠳᠡᠪᠬᠢᠲᠡᠶ ᠬᠥᠭᠵᠢᠭᠦᠯᠵᠦ᠂ ᠨᠣᠭᠣᠭ᠋ᠠᠷᠠᠭᠤᠯᠬᠤ ᠮᠥᠷᠲᠡᠭᠡᠨ ᠪᠠᠰᠠ ᠪᠠᠶᠠᠵᠢᠭᠤᠯᠬᠤ ᠬᠣᠣᠰ ᠠᠰᠢᠭ ᠤᠯᠬᠤ ᠬᠠᠷᠠᠯᠲᠠ ᠵᠢ ᠪᠡᠶᠡᠯᠡᠭᠦᠯᠦᠨ᠎ᠡ᠃ ᠭᠠᠭᠴᠠ ᠬᠦ᠌ ᠪᠠᠶᠠᠵᠢᠪᠠᠯ ᠰᠠᠶᠢ ᠬᠥᠮᠦᠰ᠎ᠤᠨ ᠮᠤᠳᠤ ᠲᠡᠷᠢᠵᠦ ᠣᠶ᠋ᠢᠵᠢᠭᠤᠯᠬᠤ ᠢᠳᠡᠪᠬᠢᠵᠢᠯ᠎ᠢ ᠳᠠᠢ᠌ᠴᠢᠯᠠᠵᠤ ᠴᠢᠳᠠᠨ᠎ᠠ᠃ ᠢᠳᠡᠭᠡᠨ᠎ᠤ ᠮᠥᠭᠥ᠂ ᠡᠮ᠎ᠤᠨ ᠮᠠᠲ᠋ᠧᠷᠢᠶᠠᠯ᠂ ᠲᠡᠵᠢᠭᠡᠨ ᠦᠷᠡᠵᠢᠭᠦᠯᠬᠦ ᠦᠢ᠍ᠯᠡᠰ ᠵᠡᠷᠭᠡ ᠤᠢ ᠮᠣᠳᠣᠨ ᠳᠤᠤᠷᠠᠬᠢ ᠠᠵᠤ ᠠᠬᠤᠶ ᠵᠢ ᠪᠣᠶ᠋ᠢᠵᠢᠭᠤᠯᠬᠤ ᠪᠠ ᠨᠡᠭᠡᠭᠡᠨ ᠠᠰᠢᠭᠯᠠᠬᠤ ᠵᠢ ᠴᠢᠬᠤᠯᠠᠴᠢᠯᠠᠵᠤ᠂ ᠡᠯᠡᠰᠦᠨ᠎ᠤ ᠠᠵᠤ ᠦᠢ᠍ᠯᠡᠰ ᠵᠡᠷᠭᠡ ᠤᠨᠴᠠᠯᠢᠭᠳᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ ᠵᠢᠭᠤᠯᠴᠢᠯᠠᠯ᠎ᠤᠨ ᠡᠬᠢ ᠪᠠᠶᠠᠯᠢᠭ᠎ᠲᠠᠢ ᠭᠠᠵᠠᠷ ᠣᠷᠣᠨ᠎ᠳᠤ ᠤᠰᠤ᠎ᠪᠠᠷ ᠴᠡᠪᠡᠷᠯᠡᠬᠦ ᠵᠣᠷᠯᠣᠩ᠂ ᠲᠡᠷᠭᠡᠨ᠎ᠤ ᠵᠣᠭᠰᠣᠭ᠋ᠠᠯ᠂ ᠬᠣᠭ ᠨᠣᠪᠰᠢ ᠰᠢᠢᠳᠪᠦᠷᠢᠯᠡᠬᠦ ᠲᠠᠯᠠᠪᠠᠢ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠵᠢᠭᠤᠯᠴᠢᠯᠠᠯ᠎ᠤᠨ ᠴᠢᠳᠠᠮᠵᠢ ᠵᠢ ᠲᠡᠭᠦᠯᠳᠡᠷᠵᠢᠭᠦᠯᠦᠨ᠎ᠡ᠃ ᠠᠮᠢ ᠠᠬᠤᠶ ᠵᠢᠨ ᠮᠠᠶᠢᠭ᠎ᠤᠨ᠂ ᠵᠢᠭᠤᠯᠴᠢᠯᠠᠯ᠎ᠤᠨ ᠮᠠᠶᠢᠭ᠎ᠤᠨ᠂ ᠰᠡᠯᠡᠭᠦᠴᠡᠯ᠎ᠤᠨ ᠮᠠᠶᠢᠭ᠎ᠤᠨ ᠲᠠᠷᠢᠶᠠᠯᠠᠩ ᠮᠠᠯ ᠠᠵᠤ ᠠᠬᠤᠶ ᠵᠢ ᠢᠳᠡᠪᠬᠢᠲᠡᠶ ᠬᠥᠭᠵᠢᠭᠦᠯᠵᠦ᠂ ᠠᠷᠠᠳ᠎ᠤᠨ ᠤᠯᠠᠮᠵᠢᠯᠠᠯᠲᠤ ᠢᠳᠡᠭᠡᠨ ᠤᠮᠳᠠᠭ᠋ᠠᠨ᠂ ᠠᠷᠠᠳ᠎ᠤᠨ ᠤᠯᠠᠮᠵᠢᠯᠠᠯᠲᠤ ᠵᠢᠭᠤᠯᠴᠢᠯᠠᠯ᠂ ᠠᠷᠠᠳ᠎ᠤᠨ ᠤᠯᠠᠮᠵᠢᠯᠠᠯᠲᠤ ᠤᠯᠠᠮᠵᠢᠯᠠᠯᠲᠤ ᠭᠠᠷ ᠤᠷᠠᠯᠠᠯ ᠵᠡᠷᠭᠡ ᠤᠨᠴᠠᠯᠢᠭᠳᠤ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠦᠨ᠎ᠡ᠃ ᠲᠤᠰ ᠭᠠᠵᠠᠷ᠎ᠤᠨ ᠲᠡᠦᠬᠡ ᠰᠣᠶᠣᠯ᠎ᠢ ᠠᠭᠤᠳᠠᠯᠬᠤ ᠵᠢ ᠴᠢᠬᠤᠯᠠᠴᠢᠯᠠᠵᠤ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠰᠣᠶᠣᠯ᠎ᠤᠨ ᠠᠭᠤᠷ ᠠᠮᠢᠰᠬᠤᠯ᠎ᠢ ᠳᠡᠭᠡᠭᠰᠢᠯᠡᠭᠦᠯᠦᠨ᠎ᠡ᠃ ᠤᠢ ᠰᠢᠭᠤᠢ᠂ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠬᠦ᠎ᠪᠠᠷ ᠳᠠᠮᠵᠢᠭᠤᠯᠤᠨ   ᠶᠠᠳᠠᠭᠤ ᠬᠦᠴᠢᠷᠳᠡᠯ᠎ᠲᠠᠢ ᠬᠥᠮᠦᠨ ᠠᠮᠠ᠎ᠳᠤ ᠤᠷᠢᠳᠠᠪᠠᠷ ᠠᠵᠢᠯ ᠣᠯᠭᠤᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠢ ᠤᠷᠢᠳᠠᠪᠠᠷ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠠᠷ᠂ ᠶᠠᠳᠠᠭᠤ ᠬᠦᠴᠢᠷᠳᠡᠯ᠎ᠲᠠᠢ ᠡᠷᠤᠬᠡ ᠵᠢ ᠲᠠᠢ᠌ᠴᠢᠯᠠᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠤᠨ᠎ᠠ᠃
      ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ᠎ᠨᠢ ᠨᠢᠭᠡ ᠵᠦᠢ᠍ᠯ᠎ᠤᠨ ᠡᠠᠵᠣ ᠠᠬᠤᠶ ᠵᠢᠨ ᠠᠵᠢᠯᠯᠠᠭ᠎ᠠ ᠪᠣᠯᠣᠭᠰᠠᠨ᠎ᠤ ᠬᠤᠪᠢ᠎ᠳᠤ᠂ ᠠᠰᠢᠭ ᠲᠤᠰᠠ ᠵᠢ ᠬᠣᠯᠪᠣᠬᠤ ᠪᠣᠯ ᠭᠣᠣᠯ ᠪᠣᠯᠤᠨ᠎ᠠ᠃ ᠠᠰᠢᠭ ᠲᠤᠰᠠ ᠵᠢ ᠬᠣᠯᠪᠣᠬᠤ ᠰᠠᠢ᠌ᠨ ᠰᠠᠢ᠌ᠬᠠᠨ ᠲ᠋ᠣᠭᠲᠠᠴᠠ ᠵᠢ ᠪᠠᠢ᠌ᠭᠤᠯᠬᠤ ᠵᠢᠨ ᠭᠣᠣᠯᠳᠠᠯᠭ᠎ᠠ ᠪᠣᠯ ᠶᠠᠳᠠᠭᠤ ᠬᠦᠴᠢᠷᠳᠡᠯᠲᠡᠶ ᠡᠷᠦᠬᠡ᠎ᠳᠤ ᠲᠤᠢ᠌ᠯ᠎ᠤᠨ ᠤᠨᠤᠪᠴᠢᠲᠠᠢ᠎ᠪᠠᠷ ᠠᠰᠢᠭ ᠬᠦᠷᠲᠡᠭᠡᠬᠦ᠎ᠪᠠᠷ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠬᠥᠭᠵᠢᠯᠲᠡ ᠵᠢᠨ ᠵᠠᠢ᠌ᠯᠠᠰᠢ ᠦᠭᠡᠢ ᠨᠥᠬᠥᠴᠡᠯ ᠪᠣᠯᠭ᠋ᠠᠵᠤ᠂ ᠶᠠᠳᠠᠭᠤ ᠬᠦᠴᠢᠷᠳᠡᠯ᠎ᠲᠠᠢ ᠡᠷᠤᠭᠡ ᠵᠢ ᠰᠢᠨ᠎ᠡ ᠮᠠᠶᠢᠭ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠤᠳᠤᠷᠢᠳᠤᠮᠵᠢ ᠪᠣᠯᠣᠭᠰᠠᠨ ᠠᠵᠤ ᠦᠢ᠍ᠯᠡᠰ᠎ᠤᠨ ᠬᠡᠯᠬᠢᠶ᠎ᠡ᠎ᠳᠤ ᠣᠷᠣᠭᠣᠯᠵᠤ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠦᠷ᠎ᠡ ᠪᠦᠲᠦᠮᠵᠢ ᠪᠣᠯᠤᠨ ᠡᠬᠢ ᠪᠠᠶᠠᠯᠢᠭ᠎ᠢ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠵᠤ ᠦᠢ᠍ᠯᠡᠰ᠎ᠤᠨ ᠲᠡᠰ᠎ᠢ ᠳᠡᠪᠰᠢᠭᠦᠯᠬᠦ ᠵᠢ ᠠᠬᠢᠭᠤᠯᠬᠤ ᠶᠠᠪᠤᠳᠠᠯ ᠪᠣᠯᠣᠨ᠎ᠠ᠃
      ᠬᠥᠲᠥᠯᠥᠭᠴᠢ᠄

      ᠵᠠ᠂ ᠰᠠᠢ᠌ᠨ ᠪᠣᠯᠣᠯ᠎ᠠ᠂ ᠵᠣᠣ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠮᠠᠰᠢ ᠲᠠᠯᠠᠷᠬᠠᠵᠤ ᠪᠠᠶ᠋ᠢᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠴᠠᠭ ᠲᠣᠬᠢᠶᠠᠯ᠎ᠢ ᠠᠮᠵᠢᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠥᠪᠥᠷ ᠮᠣᠩᠭᠣᠯ᠎ᠤᠨ ᠬᠦᠭᠵᠢᠨ ᠮᠠᠨᠳᠤᠭᠰᠠᠨ ᠰᠢᠨ᠎ᠡ ᠪᠠᠶ᠋ᠢᠳᠠᠯ᠎ᠢ ᠲᠠᠰᠣᠷᠠᠯᠲᠠ ᠣᠢ᠍ᠭᠡᠢ ᠪᠤᠢ ᠪᠣᠯᠭ᠋ᠠᠶ᠎ᠠ
ᠭᠠᠶ᠋ᠢᠯᠢ ᠲᠠᠲᠠᠪᠤᠷᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠬ᠎ᠠ ᠵᠢ ᠨᠠᠢ᠌ᠳᠠᠪᠤᠷᠢᠵᠢᠭᠤᠯᠤᠨ᠎ᠠ
ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠭᠦ ᠬᠦᠴᠦᠨ ᠵᠶ᠋ᠠᠷ ᠵᠶ᠋ᠠᠨ ᠴᠤᠭᠴᠠᠯᠠᠵᠤ ᠪᠤᠢ
ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠡᠬᠢᠵᠢᠬᠦᠯᠦᠶ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠬᠡᠷᠡᠭᠵᠢᠭᠦᠯᠬᠦ ᠲᠦᠰᠦᠯ》᠎ᠤᠨ ᠲᠠᠢ᠌ᠯᠤᠮᠵᠢ
 
            