
ᠰᠤᠷᠪᠤᠯᠵᠢᠯᠠᠭᠰᠠᠨ ᠴᠠᠭ᠄
2017 ᠤᠨ᠎ᠤ 7 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠦᠢ᠍ᠷ᠎ᠠ ᠵᠢᠨ ᠬᠤᠭᠤᠴᠠᠭ᠎ᠠ᠂ 《ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ᠎ᠳᠤ ᠤᠯᠠᠮ ᠨᠢᠭᠡ ᠠᠯᠬᠤᠮ ᠵᠤᠬᠢᠴᠠᠬᠤ ᠪᠠ ᠲᠡᠭᠦᠨ᠎ᠢ ᠡᠵᠡᠮᠳᠡᠵᠦ᠂ ᠮᠠᠨ᠎ᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠵᠢᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠬᠥᠭᠵᠢᠯᠲᠡ ᠵᠢᠨ ᠰᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ 《ᠬᠡᠷᠡᠭᠵᠢᠭᠦᠯᠬᠦ ᠲᠥᠰᠦᠯ》᠎ᠢ ᠨᠠᠷᠢᠨ ᠣᠶ᠋ᠢᠯᠠᠭ᠋ᠠᠬᠤ ᠵᠢᠨ ᠲᠥᠯᠥᠭᠡ᠂ ᠣᠶ᠋ᠢᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠤ ᠤᠷᠢᠯ᠎ᠠ᠃ ᠥᠷᠭᠡᠨ ᠣᠯᠠᠨ ᠰᠦᠯᠵᠢᠶᠡᠨ ᠠᠨᠳᠠ ᠵᠢᠨ ᠢᠳᠡᠪᠬᠢᠲᠡᠶ᠎ᠪᠠᠷ ᠣᠷᠣᠯᠴᠠᠬᠤ ᠵᠢ ᠪᠠᠶᠠᠷᠯᠠᠨ ᠤᠭᠲᠤᠶ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄
ᠥᠷᠭᠡᠨ ᠣᠯᠠᠨ ᠰᠦᠯᠵᠢᠶᠡᠨ ᠠᠨᠳᠠ ᠮᠠᠨᠢ ᠰᠠᠶ᠋ᠢᠨ ᠪᠠᠢ᠌ᠵᠠᠭ᠋ᠠᠨ᠎ᠠ ᠤᠤ! 《ᠳᠤᠮᠳᠠᠳᠤ ᠤᠯᠤᠰ · ᠥᠪᠥᠷ ᠮᠣᠩᠭᠣᠯ》᠎ᠤᠨ ᠲᠤᠰ ᠬᠤᠭᠤᠴᠠᠭ᠋ᠠᠨ᠎ᠤ ᠰᠦᠯᠵᠢᠶᠡᠨ᠎ᠳᠠᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠭᠰᠡᠨ ᠲᠠ ᠪᠦᠬᠦᠨ᠎ᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ ᠪᠤᠯᠤᠨ᠎ᠠ᠃ ᠯᠢ ᠲᠢᠩᠬᠢᠮ᠎ᠤᠨ ᠳᠠᠷᠤᠭ᠎ᠠ ᠡ᠂ ᠰᠤᠷᠪᠤᠯᠵᠢᠯᠠᠭ᠎ᠠ ᠵᠢᠨ ᠬᠤᠢ᠌ᠮᠤᠷ᠎ᠲᠤ ᠰᠠᠭ᠋ᠠᠲᠠᠭᠰᠠᠨ᠎ᠳᠤ ᠪᠠᠶᠠᠷᠯᠠᠯ᠎ᠠ!
ᠯᠢ ᠵᠢᠶᠦ᠋ᠨ᠄
ᠬᠥᠲᠥᠯᠥᠭᠴᠢ ᠰᠠᠶ᠋ᠢᠨ ᠤᠤ᠂ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠤᠤ!
ᠬᠥᠲᠥᠯᠥᠭᠴᠢ᠄
ᠯᠢ ᠲᠢᠩᠬᠢᠮ᠎ᠤᠨ ᠳᠠᠷᠤᠭ᠎ᠠ ᠡ᠂ ᠦᠢ᠍ᠷ᠎ᠠ ᠵᠢᠨ ᠬᠤᠭᠤᠴᠠᠭ᠋ᠠᠨ᠎ᠳᠤ᠂ 《ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ᠎ᠳᠤ ᠤᠯᠠᠮ ᠨᠢᠭᠡ ᠠᠯᠬᠤᠮ ᠵᠤᠬᠢᠴᠠᠬᠤ ᠪᠠ ᠲᠡᠭᠦᠨ᠎ᠢ ᠡᠵᠡᠮᠳᠡᠵᠦ᠂ ᠮᠠᠨ᠎ᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠵᠢᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠬᠥᠭᠵᠢᠯᠲᠡ ᠵᠢᠨ ᠰᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠲᠤᠰ 《ᠬᠡᠷᠡᠭᠵᠢᠭᠦᠯᠬᠦ ᠲᠥᠰᠦᠯ》᠎ᠢ ᠲᠣᠭᠲᠠᠭ᠋ᠠᠭᠰᠠᠨ ᠠᠬᠤᠶ ᠪᠠᠶ᠋ᠢᠳᠠᠯ᠎ᠢ ᠲᠠ ᠤᠴᠢᠷᠯᠠᠵᠤ ᠦᠭᠬᠦ ᠤᠤ?
ᠯᠢ ᠵᠢᠶᠦ᠋ᠨ᠄
ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠪᠣᠯ ᠲᠠᠸᠠᠷ᠎ᠤᠨ ᠭᠦᠢ᠍ᠯᠭᠡᠭᠡᠨ᠎ᠤ ᠴᠢᠬᠤᠯᠠ ᠰᠠᠭᠤᠷᠢ ᠪᠤᠯᠬᠤ ᠶᠤᠮ᠃ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ᠎ᠠᠴᠠ ᠨᠠᠰᠢ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠨᠢ ᠲᠦᠷᠭᠡᠨ ᠵᠶ᠋ᠡᠷ ᠬᠦᠭᠵᠢᠵᠦ᠂ ᠬᠡᠪᠴᠢᠶ᠎ᠡ᠎ᠨᠢ ᠲᠠᠰᠤᠷᠠᠯᠲᠠ ᠦᠭᠡᠢ ᠦᠷᠭᠡᠵᠢᠨ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠳᠤ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠋ᠠᠨ᠎ᠤ 90% ᠤᠷᠴᠢᠮ᠎ᠤᠨ ᠬᠤᠪᠢ ᠵᠢᠨ ᠵᠢᠩ᠎ᠢ ᠡᠵᠡᠯᠡᠵᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ᠃ ᠣᠶ᠋ᠢᠷ᠎ᠠ ᠵᠢᠨ ᠵᠢᠯ᠎ᠠᠴᠠ᠂ ᠡᠵᠡᠩᠨᠡᠯᠲᠡ ᠵᠢᠨ ᠥᠪᠡᠷ᠎ᠤᠨ ᠦᠷᠳᠡᠭ ᠵᠠᠯᠭ᠋ᠠᠪᠠᠷ ᠨᠡᠮᠡᠭᠳᠡᠭᠰᠡᠨ ᠪᠠ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠪᠦᠲᠦᠴᠡ ᠵᠢᠨ ᠬᠤᠪᠢᠷᠠᠯᠲᠠ᠂ ᠰᠦᠯᠵᠢᠶᠡᠨ᠎ᠳᠤ ᠵᠢᠵᠢᠭᠯᠡᠨ ᠬᠤᠳᠠᠯᠳᠤᠬᠤ ᠵᠢᠨ ᠲᠦᠷᠭᠡᠨ ᠬᠥᠭᠵᠢᠯᠲᠡ ᠵᠡᠷᠭᠡ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠵᠢᠨ ᠭᠣᠣᠯ ᠪᠤᠯᠬᠤ ᠭᠦᠢ᠍ᠴᠡᠳᠬᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠤᠳᠠᠭ᠋ᠠᠰᠢᠷᠠᠵᠤ᠂ ᠵᠠᠷᠢᠮ ᠠᠵᠤ ᠠᠬᠤᠶ᠋ᠢᠯᠠᠯ᠎ᠤᠨ ᠡᠵᠡᠩᠨᠡᠯᠲᠡ᠎ᠨᠢ ᠬᠦᠴᠢᠷᠳᠡᠨ᠂ ᠡᠭᠦᠳᠡ᠎ᠪᠠᠨ ᠬᠠᠭ᠋ᠠᠬᠤ ᠦᠵᠡᠭᠳᠡᠯ ᠤᠯᠠᠰᠢᠷᠠᠯ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠲᠤᠬᠠᠶ ᠰᠠᠨᠠᠯ》᠎ᠢ ᠨᠡᠢ᠌ᠲᠡᠯᠡᠭᠰᠡᠨ᠎ᠨᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠠᠬᠢᠭᠤᠯᠵᠤ᠂ ᠪᠣᠳᠠᠲᠤ ᠴᠤᠭᠴᠠᠲᠤ ᠠᠵᠤ ᠠᠬᠤᠶ ᠵᠢᠨ ᠥᠪᠡᠷ᠎ᠤᠨ ᠦᠷᠳᠡᠭ᠎ᠢ ᠪᠠᠭᠤᠷᠠᠭᠤᠯᠬᠤ ᠴᠢᠬᠤᠯᠠ ᠠᠷᠭ᠎ᠠ ᠬᠡᠮᠵᠢᠶ᠎ᠡ ᠮᠦᠷᠲᠡᠭᠡᠨ ᠤᠯᠤᠰ᠎ᠠᠴᠠ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠵᠢ ᠬᠠᠯᠠᠮᠵᠢᠯᠠᠨ ᠠᠩᠬᠠᠷᠴᠤ ᠪᠠᠢ᠌ᠭ᠎ᠠ ᠪᠠ ᠲᠡᠭᠦᠨ᠎ᠳᠤ ᠳᠡᠮᠵᠢᠯᠭᠡ ᠦᠵᠡᠭᠦᠯᠵᠦ ᠪᠠᠢ᠌ᠬᠤ ᠵᠢ ᠭᠦᠢ᠍ᠴᠡᠳ ᠬᠠᠷᠠᠭᠤᠯᠵᠤ ᠪᠠᠢ᠌ᠭ᠎ᠠ ᠪᠤᠯᠬᠤᠷ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠵᠢᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠢᠲᠡᠭᠡᠯ ᠵᠤᠷᠢᠭ᠎ᠢ ᠬᠦᠪᠴᠢᠯᠡᠬᠦ᠎ᠳᠤ ᠢᠳᠡᠪᠬᠢᠲᠡᠶ ᠦᠢ᠍ᠯᠡᠳᠦᠯ ᠦᠵᠡᠭᠦᠯᠬᠦ᠎ᠨᠢ ᠳᠠᠮᠵᠢᠭ ᠦᠭᠡᠢ᠃
ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠰᠠᠨᠠᠯ᠎ᠤᠨ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠠᠵᠢᠯ᠎ᠤᠨ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠠᠵᠢᠯᠯᠠᠭ᠎ᠠ᠎ᠪᠠᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ᠎ᠲᠠᠢ ᠲᠦᠷᠭᠡᠬᠡᠨ ᠨᠢᠭᠡᠳᠦᠭᠦᠯᠵᠦ᠂ ᠪᠡᠷᠬᠡᠲᠡᠢ ᠪᠣᠭᠣᠮᠢ ᠪᠠ ᠰᠤᠯᠠ ᠬᠦᠯᠢᠶᠡᠰᠦᠯᠡᠯ᠎ᠢ ᠦᠨᠡᠨ ᠬᠦ᠌ ᠰᠢᠪᠲᠤᠯᠤᠨ᠂ ᠠᠵᠤ ᠠᠬᠤᠶ᠋ᠢᠯᠠᠯ᠎ᠤᠨ ᠰᠢᠨ᠎ᠡ ᠵᠢ ᠡᠬᠦᠳᠦᠨ ᠬᠡᠯᠪᠡᠷᠢ᠎ᠪᠠᠨ ᠬᠤᠪᠢᠷᠠᠭᠤᠯᠬᠤ ᠬᠦᠭᠵᠢᠯᠲᠡ ᠵᠢ ᠪᠠᠭᠲᠠᠭ᠋ᠠᠬᠤ ᠪᠠ ᠲᠡᠭᠦᠨ᠎ᠳᠤ ᠳᠡᠮᠵᠢᠯᠭᠡ ᠦᠵᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ 《ᠬᠡᠷᠡᠭᠵᠢᠭᠦᠯᠬᠦ ᠲᠥᠰᠦᠯ》᠎ᠢ ᠲᠤᠭᠲᠠᠭ᠋ᠠᠬᠤ᠎ᠨᠢ ᠨᠢᠭᠡᠨᠲᠡ ᠠᠬᠤᠢ ᠠᠮᠢᠳᠤᠷᠠᠯ ᠪᠠ ᠴᠠᠭ᠎ᠤᠨ ᠪᠠᠢ᠌ᠳᠠᠯ᠎ᠤᠨ ᠲᠤᠯᠭ᠋ᠠᠮ᠎ᠠ ᠱᠠᠭ᠋ᠠᠷᠳᠠᠯᠭ᠎ᠠ ᠪᠤᠯᠪᠠ᠃
ᠬᠥᠲᠥᠯᠥᠭᠴᠢ᠄
ᠮᠠᠨ᠎ᠤ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ᠎ᠤᠨ ᠤᠳᠤᠬᠢ ᠪᠠᠶ᠋ᠢᠳᠠᠯ ᠶᠠᠮᠠᠷ ᠪᠠᠢ᠌ᠨ᠎ᠠ ᠤᠤ? ᠲᠠ ᠳᠥᠭᠥᠮ ᠶᠠᠷᠢᠵᠤ ᠦᠭᠭᠦᠨᠡᠦ᠃
ᠯᠢ ᠵᠢᠶᠦ᠋ᠨ᠄
ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠪᠦᠲᠦᠴᠡ ᠵᠢ ᠰᠢᠯᠢᠳᠡᠭᠵᠢᠭᠦᠯᠬᠦ᠂ ᠰᠢᠨ᠎ᠡ ᠵᠢ ᠡᠭᠦᠳᠬᠦ ᠵᠢ ᠲᠦᠷᠭᠡᠳᠬᠡᠬᠦ᠂ ᠬᠤᠷᠳᠤᠴᠠ ᠵᠢ ᠪᠠᠭᠤᠷᠠᠭᠤᠯᠵᠤ ᠴᠢᠨᠠᠷ᠎ᠢ ᠳᠡᠭᠡᠭᠰᠢᠯᠡᠭᠦᠯᠬᠦ᠎ᠪᠠᠷ ᠣᠨᠴᠠᠯᠢᠭ ᠪᠣᠯᠭ᠋ᠠᠭᠰᠠᠨ ᠠᠵᠤ ᠠᠬᠤᠢ ᠵᠢᠨ ᠰᠢᠨ᠎ᠡ ᠬᠡᠪ ᠪᠠᠢ᠌ᠳᠠᠯ᠎ᠤᠨ ᠪᠤᠢ ᠪᠤᠯᠬᠤ ᠵᠢ ᠳᠠᠭ᠋ᠠᠯᠳᠤᠨ᠂ ᠮᠠᠨ᠎ᠤ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ᠎ᠲᠤ ᠲᠦᠮᠡᠨ ᠤᠯᠠᠨ᠎ᠤ ᠬᠡᠷᠡᠭᠯᠡᠭᠡ ᠲᠤᠭᠲᠠᠭᠤᠨ ᠵᠶ᠋ᠠᠷ ᠨᠡᠮᠡᠭᠳᠡᠵᠦ᠂ ᠬᠡᠷᠡᠭᠯᠡᠭᠡ ᠵᠢᠨ ᠬᠠᠯᠠᠭᠤᠷᠠᠯ᠎ᠨᠢ ᠮᠡᠳᠡᠭᠡ ᠵᠠᠩᠭᠢ ᠵᠢᠨ ᠬᠡᠷᠡᠭᠯᠡᠭᠡ᠂ ᠡᠷᠡᠭᠦᠯ ᠰᠠᠷᠠᠭᠤᠯ ᠵᠤᠭ᠎ᠠ ᠴᠡᠩᠭᠡᠭᠡᠨ ᠲᠡᠰᠢ ᠰᠢᠯᠵᠢᠨ᠂ ᠵᠢᠵᠢᠭ ᠬᠡᠯᠪᠡᠷᠢ ᠵᠢᠨ᠂ ᠳᠦᠭᠦᠮ ᠠᠪᠰᠠᠷᠬᠠᠨ᠂ ᠬᠢᠮᠳᠠ ᠪᠤᠯᠬᠤ ᠵᠢᠵᠢᠭᠯᠡᠨ ᠬᠤᠳᠠᠯᠳᠤᠬᠤ ᠡᠵᠡᠩᠨᠡᠯᠲᠡ ᠵᠢᠨ ᠪᠠᠢ᠌ᠳᠠᠯ ᠲᠦᠷᠭᠡᠨ ᠵᠶ᠋ᠡᠷ ᠬᠥᠭᠵᠢᠵᠦ᠂ ᠡᠵᠡᠩᠨᠡᠨ ᠪᠣᠷᠣᠯᠠᠭᠤᠯᠬᠤ ᠠᠷᠭ᠎ᠠ ᠮᠠᠶᠢᠭ᠎ᠲᠤ ᠪᠠᠶᠡᠴᠢᠯᠡᠨ ᠤᠷᠤᠯᠴᠠᠬᠤ ᠬᠡᠯᠪᠡᠷᠢ᠂ ᠮᠡᠳᠡᠯᠭᠡ ᠵᠢᠨ ᠴᠢᠨᠠᠷᠲᠠᠶ ᠲᠡᠰᠢ ᠬᠤᠪᠢᠷᠠᠬᠤ ᠮᠡᠲᠦ ᠵᠢᠨ ᠰᠢᠨ᠎ᠡ ᠣᠨᠴᠠᠯᠢᠭ ᠢᠯᠡᠷᠡᠪᠡ᠃
ᠨᠢᠭᠡ᠎ᠳᠤ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠠᠮᠢᠵᠢᠷᠠᠯ᠎ᠤᠨ ᠬᠦᠴᠦᠨ ᠢᠯᠡᠳᠲᠡ ᠴᠢᠩᠭ᠋ᠠᠷᠠᠪᠠ᠃ ᠳᠠᠪᠠᠭᠤᠯᠢᠭ ᠡᠵᠡᠩᠨᠡᠯᠲᠡ ᠵᠢᠨ ᠪᠠᠶ᠋ᠢᠳᠠᠯ ᠪᠤᠯᠤᠨ ᠨᠡᠷᠡᠳᠦ ᠱᠤᠰᠢᠭ᠎ᠠ᠎ᠪᠠᠷ ᠬᠦᠲᠦᠴᠢ ᠪᠤᠯᠭ᠋ᠠᠭᠰᠠᠨ᠂ ᠤᠯᠤᠰ᠎ᠤᠨ ᠳᠣᠲᠣᠭ᠋ᠠᠳᠤ᠎ᠳᠤ ᠥᠷᠢᠰᠥᠯᠳᠦᠬᠦ ᠬᠦᠴᠦᠨ ᠪᠦᠬᠦᠢ ᠵᠢᠵᠢᠭᠯᠡᠨ ᠬᠤᠳᠠᠯᠳᠤᠬᠤ ᠦᠢ᠍ᠯᠡᠰ᠎ᠤᠨ ᠪᠦᠯᠦᠭᠯᠡᠯ ᠠᠩᠬ᠎ᠠ ᠠᠯᠬᠤᠮ ᠪᠦᠷᠢᠯᠳᠦᠨ᠂ ᠠᠵᠤ ᠠᠬᠤᠶ᠋ᠢᠯᠠᠯ᠎ᠤᠨ ᠵᠣᠬᠢᠶᠠᠨ ᠪᠠᠢ᠌ᠭᠤᠯᠤᠯᠵᠢᠭᠤᠯᠤᠬᠤ ᠬᠢᠷᠢ ᠲᠦᠪᠰᠢᠨ᠂ ᠪᠦᠬᠦᠯᠢ ᠴᠣᠭᠴᠠ᠎ᠪᠠᠷ ᠬᠡᠪᠴᠢᠶᠡᠵᠢᠭᠦᠯᠬᠦ ᠪᠠ ᠡᠷᠴᠢᠮᠵᠢᠭᠦᠯᠵᠦ ᠡᠵᠡᠩᠨᠡᠬᠦ ᠬᠢᠷᠢ ᠬᠡᠮᠵᠢᠶ᠎ᠡ ᠴᠥᠮ ᠵᠣᠬᠢᠬᠤ ᠬᠡᠮᠵᠢᠶ᠎ᠡ᠎ᠪᠠᠷ ᠳᠡᠭᠡᠭᠰᠢᠯᠡᠵᠡᠢ᠃ ᠵᠢᠵᠢᠭᠯᠡᠨ ᠬᠤᠳᠠᠯᠳᠤᠬᠤ ᠵᠢᠨ ᠲᠣᠣᠷ ᠴᠢᠭ᠋᠎ᠨᠢ ᠮᠠᠯᠵᠢᠬᠤ ᠲᠠᠷᠢᠶᠠᠯᠠᠬᠤ ᠣᠷᠣᠨ᠂ ᠪᠤᠢ᠌ᠳᠠ ᠪᠥᠭᠯᠡᠭᠦᠦ ᠭᠠᠵᠠᠷ ᠣᠷᠣᠨ ᠪᠣᠯᠤᠨ ᠦᠨᠳᠦᠰᠦᠨ ᠱᠠᠲᠤᠨ᠎ᠤ ᠨᠡᠶ᠋ᠢᠭᠡᠮ ᠲᠣᠭᠣᠷᠢᠭ ᠲᠡᠰᠢ ᠦᠷᠭᠡᠳᠴᠦ᠂ ᠲᠣᠮᠤ ᠬᠡᠯᠪᠡᠷᠢ ᠵᠢᠨ ᠬᠡᠯᠬᠢᠶᠡᠵᠢᠭᠰᠡᠨ ᠬᠡᠳᠦ ᠳᠡᠯᠭᠡᠭᠦᠷ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠦᠢ᠍ᠯᠭᠡᠭᠡᠨ᠎ᠤ ᠬᠦᠲᠦᠴᠢ ᠠᠵᠤ ᠠᠬᠤᠶ᠋ᠢᠯᠠᠯ ᠪᠠ ᠲᠤᠰᠬᠠᠶ ᠮᠡᠷᠭᠡᠵᠢᠯ ᠵᠶ᠋ᠡᠷ ᠬᠤᠷᠰᠢᠭᠰᠠᠨ ᠬᠥᠳᠡᠭᠡ ᠲᠣᠰᠬᠣᠨ᠎ᠤ ᠵᠣᠬᠢᠶᠠᠨ ᠪᠠᠶ᠋ᠢᠭᠤᠯᠤᠯᠲᠠ ᠵᠢᠨ ᠵᠠᠯᠭ᠋ᠠᠯᠳᠤᠬᠤ ᠪᠠᠢ᠌ᠷᠢᠰᠢᠯ ᠶᠠᠭ ᠠᠯᠭᠤᠷ ᠲᠤᠳᠤᠷᠠᠵᠤ ᠪᠠᠶ᠋ᠢᠨ᠎ᠠ᠃ ᠬᠣᠶᠠᠷ᠎ᠲᠤ ᠵᠢᠵᠢᠭᠯᠡᠨ ᠬᠤᠳᠠᠯᠳᠤᠬᠤ ᠵᠢᠨ ᠪᠤᠷᠤᠯᠠᠭᠤᠯᠭ᠎ᠠ ᠵᠢᠨ ᠰᠦᠯᠵᠢᠶ᠎ᠡ᠎ᠨᠢ ᠡᠳᠦᠷ ᠢᠷᠡᠬᠦᠶ᠎ᠡ ᠪᠦᠷᠢᠨᠰᠢᠪᠡ᠃ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠡᠯᠬᠢᠶᠡᠲᠦ ᠳᠡᠯᠭᠡᠭᠦᠷ᠂ ᠪᠦᠷᠢᠨ ᠪᠠᠷᠠᠭ᠎ᠠ᠂ ᠬᠡᠳᠦ ᠳᠡᠯᠭᠡᠭᠦᠷ ᠵᠡᠷᠭᠡ ᠤᠯᠠᠮᠵᠢᠯᠠᠯᠲᠤ ᠵᠢᠵᠢᠭᠯᠡᠨ ᠬᠤᠳᠠᠯᠳᠤᠬᠤ ᠠᠵᠤ ᠠᠬᠤᠢ᠌ᠯᠠᠯ᠎ᠤᠳ ᠰᠦᠯᠵᠢᠶᠡᠨ ᠲᠠᠪᠴᠠᠩ᠎ᠤᠨ ᠬᠠᠩᠭ᠋ᠠᠭᠰᠠᠨ ᠮᠡᠳᠡᠭᠡ ᠵᠠᠩᠭᠢ ᠵᠢᠨ ᠳᠠᠪᠰᠢᠭᠰᠠᠨ ᠮᠡᠷᠭᠡᠵᠢᠯ᠎ᠢ ᠠᠰᠢᠭᠯᠠᠨ᠂ 《ᠪᠣᠳᠠᠲᠤ ᠴᠤᠭᠴᠠᠲᠤ ᠳᠡᠯᠭᠡᠭᠦᠷ᠎ᠲᠤ ᠠᠷᠠᠯᠵᠢᠶᠠᠯᠠᠬᠤ + ᠰᠦᠯᠵᠢᠶ᠎ᠡ᠎ᠪᠠᠷ ᠬᠤᠳᠠᠯᠳᠤᠨ ᠠᠪᠬᠤ》 ᠮᠠᠶᠢᠭ᠎ᠤᠨ ᠵᠢᠵᠢᠭᠯᠡᠨ ᠬᠤᠳᠠᠯᠳᠤᠬᠤ ᠰᠢᠨ᠎ᠡ ᠵᠠᠭᠪᠤᠷ᠎ᠢ ᠡᠭᠦᠳᠴᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠲᠠᠢ ᠬᠠᠷᠢᠯᠴᠠᠨ ᠠᠭᠤᠰᠤᠯᠴᠠᠬᠤ ᠵᠢ ᠠᠩᠬ᠎ᠠ ᠠᠯᠬᠤᠮ ᠪᠡᠶᠡᠯᠡᠭᠦᠯᠪᠡ᠃ ᠭᠤᠷᠪᠠ᠎ᠳᠤ ᠵᠢᠭᠤᠯᠴᠢᠯᠠᠯ᠂ ᠰᠣᠶᠣᠯ ᠪᠡᠶ᠎ᠡ ᠵᠢᠨ ᠲᠠᠮᠢᠷ᠂ ᠡᠷᠡᠭᠦᠯ ᠡᠩᠬᠡ ᠵᠡᠷᠭᠡ ᠦᠢ᠍ᠯᠡᠴᠢᠯᠡᠭᠡᠨ᠎ᠤ ᠴᠢᠨᠠᠷᠲᠠᠶ ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠨᠡᠮᠡᠭᠳᠡᠪᠡ᠃ ᠰᠢᠯᠵᠢᠮᠡᠯ ᠢᠨᠲᠸᠷ ᠰᠦᠯᠵᠢᠶ᠎ᠡ᠂ ᠪᠤᠳᠠᠰᠯᠢᠭ ᠬᠤᠯᠪᠤᠭ᠋ᠠᠲᠤ ᠰᠦᠯᠵᠢᠶ᠎ᠡ ᠵᠡᠷᠭᠡ ᠮᠡᠳᠡᠭᠡ ᠵᠠᠩᠭᠢ ᠵᠢᠨ ᠬᠡᠷᠡᠭᠯᠡᠭᠡ᠂ ᠪᠤᠬᠢᠷᠳᠤᠯ ᠦᠭᠡᠢ ᠬᠡᠷᠡᠭᠯᠡᠭᠡ᠂ ᠵᠢᠭᠤᠯᠴᠢᠯᠠᠵᠤ ᠰᠡᠯᠡᠭᠦᠴᠡᠬᠦ ᠬᠡᠷᠡᠭᠯᠡᠭᠡ᠂ ᠰᠤᠷᠭ᠋ᠠᠨ ᠬᠦᠮᠦᠵᠢᠭᠦᠯᠬᠦ ᠠᠰᠠᠭᠤᠳᠠᠯ᠎ᠤᠨ ᠬᠡᠷᠡᠭᠯᠡᠭᠡ᠂ ᠨᠠᠰᠤᠵᠢᠯ ᠡᠷᠡᠭᠦᠯ ᠡᠩᠬᠡ ᠭᠡᠷ᠎ᠤᠨ ᠡᠨᠳᠡᠯ ᠠᠬᠤᠢ ᠵᠢᠨ ᠬᠡᠷᠡᠭᠯᠡᠭᠡ ᠵᠢᠨ ᠬᠠᠷᠢᠴᠠᠯ ᠲᠠᠰᠤᠷᠠᠯᠲᠠ ᠦᠭᠡᠢ ᠳᠡᠭᠡᠭᠰᠢᠯᠡᠵᠦ ᠡᠬᠢᠯᠡᠯ᠎ᠡ᠃
ᠮᠠᠨ᠎ᠤ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ ᠬᠥᠭᠵᠢᠨ ᠮᠠᠨᠳᠤᠬᠤ ᠵᠢᠨ ᠬᠠᠮᠲᠤ᠂ ᠬᠥᠭᠵᠢᠯᠲᠡ ᠵᠢᠨ ᠠᠷᠭ᠎ᠠ ᠮᠠᠶᠢᠭ ᠵᠶ᠋ᠠᠷ ᠪᠦᠳᠦᠭᠦᠯᠢᠭ᠂ ᠪᠦᠬᠦᠯᠢ ᠴᠣᠭᠴᠠ ᠵᠢᠨ ᠬᠢᠷᠢ ᠬᠡᠮᠵᠢᠶ᠎ᠡ᠎ᠪᠠᠷ ᠳᠣᠣᠷ᠎ᠠ᠂ ᠪᠦᠲᠦᠮᠵᠢᠲᠡᠶ ᠬᠠᠩᠭ᠋ᠠᠯᠭ᠎ᠠ᠎ᠪᠠᠷ ᠬᠦᠷᠦᠯᠴᠡᠬᠦ ᠦᠭᠡᠢ᠂ ᠠᠵᠢᠯᠯᠠᠭ᠋ᠠᠨ᠎ᠤ ᠦᠷ᠎ᠡ ᠠᠰᠢᠭ ᠵᠶ᠋ᠠᠷ ᠠᠨᠠᠢ ᠵᠡᠷᠭᠡ ᠳᠤᠪᠤᠢ᠌ᠮ᠎ᠠ ᠠᠰᠠᠭᠤᠳᠠᠯ ᠢᠯᠡᠷᠡᠵᠡᠢ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠶ᠋ᠢᠲᠡᠯᠢᠭ ᠠᠵᠤ ᠠᠬᠤᠶ᠋ᠢᠯᠠᠯ᠎ᠤᠨ ᠪᠦᠷᠢᠳᠬᠡᠭᠰᠡᠨ ᠲᠣᠭ᠎ᠠ ᠪᠠᠷᠢᠮᠲᠠ᠎ᠳᠤ ᠢᠯᠡᠷᠡᠭᠰᠡᠨ ᠵᠶ᠋ᠡᠷ᠂ ᠠᠵᠢᠯ ᠲᠦᠷᠦᠯ᠎ᠤᠨ ᠪᠣᠷᠣᠯᠠᠭᠤᠯᠤᠯᠲᠠ ᠵᠢᠨ ᠲᠣᠭ᠎ᠠ᠂ ᠬᠠᠤᠯᠢ ᠵᠢᠨ ᠡᠷᠬᠡᠲᠡᠨ᠎ᠤ ᠠᠵᠤ ᠠᠬᠤᠶ᠋ᠢᠯᠠᠯ᠎ᠤᠨ ᠲᠣᠭ᠎ᠠ᠂ ᠠᠵᠢᠯᠯᠠᠭᠰᠠᠳ᠎ᠤᠨ ᠲᠣᠭ᠎ᠠ᠂ ᠡᠵᠡᠩᠨᠡᠯᠲᠡ ᠵᠢᠨ ᠲᠠᠯᠠᠪᠠᠶ ᠵᠡᠷᠭᠡ ᠡᠯ᠎ᠡ ᠵᠦᠢ᠍ᠯ᠎ᠤᠨ ᠭᠦᠢ᠍ᠴᠡᠳᠬᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠴᠥᠮ ᠵᠣᠬᠢᠬᠤ ᠬᠡᠮᠵᠢᠶ᠎ᠡ᠎ᠪᠠᠷ ᠤᠳᠠᠭ᠋ᠠᠰᠢᠷᠠᠵᠤ᠂ ᠠᠰᠢᠭ ᠣᠯᠬᠤ ᠴᠢᠳᠠᠪᠤᠷᠢ᠎ᠨᠢ ᠡᠳᠦᠢ ᠲᠡᠳᠦᠢ ᠪᠠᠭᠤᠷᠠᠪᠠ᠃ ᠪᠣᠳᠠᠲᠤ ᠴᠣᠭᠴᠠᠲᠤ ᠵᠢᠨ ᠵᠢᠵᠢᠭᠯᠡᠨ ᠬᠤᠳᠠᠯᠳᠤᠬᠤ ᠦᠢ᠍ᠯᠡᠰ᠎ᠤᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠭᠦᠨᠵᠡᠭᠡᠶ ᠬᠡᠷᠡᠭᠵᠢᠭᠦᠯᠬᠦ ᠪᠣᠯ ᠡᠳᠡᠭᠡᠷ ᠬᠦᠴᠢᠷᠳᠡᠯ ᠪᠣᠯᠤᠨ ᠠᠰᠠᠭᠤᠳᠠᠯ᠎ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠪᠣᠯᠬᠤ ᠶᠤᠮ᠃
ᠬᠥᠲᠥᠯᠥᠭᠴᠢ᠄
ᠯᠢ ᠲᠢᠩᠬᠢᠮ᠎ᠤᠨ ᠳᠠᠷᠤᠭ᠎ᠠ ᠡ᠂ 《ᠬᠡᠷᠡᠭᠵᠢᠭᠦᠯᠬᠦ ᠲᠥᠰᠦᠯ》᠎ᠳᠤ ᠶᠠᠮᠠᠷ ᠶᠠᠮᠠᠷ ᠠᠭᠤᠯᠭ᠎ᠠ ᠪᠠᠭᠲᠠᠵᠤ ᠪᠠᠢ᠌ᠬᠤ ᠪᠤᠢ?
ᠯᠢ ᠵᠢᠶᠦ᠋ᠨ᠄
《ᠬᠡᠷᠡᠭᠵᠢᠭᠦᠯᠬᠦ ᠲᠥᠰᠦᠯ》᠎ᠳᠤ 《ᠬᠤᠳᠠᠯᠳᠤᠭ᠋ᠠᠨ᠎ᠤ ᠪᠦᠲᠦᠴᠡ᠎ᠳᠤ ᠲᠤᠬᠢᠷᠠᠭᠤᠯᠤᠯᠲᠠ ᠬᠢᠬᠦ᠂ ᠬᠥᠭᠵᠢᠯᠲᠡ ᠵᠢᠨ ᠠᠷᠭ᠎ᠠ ᠮᠠᠶᠢᠭ᠎ᠲᠤ ᠰᠢᠨ᠎ᠡ ᠵᠢ ᠡᠭᠦᠳᠬᠦ᠂ ᠠᠵᠢᠯ ᠲᠥᠷᠥᠯ ᠠᠯᠭ᠋ᠠᠰᠠᠵᠤ ᠤᠶᠠᠯᠳᠤᠬᠤ ᠵᠢ ᠠᠬᠢᠭᠤᠯᠬᠤ》 ᠭᠤᠷᠪᠠᠨ ᠲᠠᠯ᠎ᠠ᠎ᠠᠴᠠ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ 9 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠪᠠ᠂ ᠡᠭᠦᠨ᠎ᠳᠤ ᠬᠤᠲᠠ ᠬᠥᠳᠡᠭᠡ ᠵᠢᠨ ᠬᠤᠳᠠᠯᠳᠤᠭ᠎ᠠ ᠵᠢᠨ ᠪᠦᠲᠦᠴᠡ᠎ᠳᠤ ᠲᠣᠬᠢᠷᠠᠭᠤᠯᠤᠯᠲᠠ ᠬᠢᠬᠦ᠂ ᠬᠤᠳᠠᠯᠳᠤᠭ᠋ᠠᠨ᠎ᠤ ᠡᠵᠡᠩᠨᠡᠯᠲᠡ ᠵᠢᠨ ᠪᠠᠶ᠋ᠢᠳᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ᠂ ᠲᠠᠸᠠᠷ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠪᠦᠲᠦᠴᠡ ᠵᠢᠨ ᠲᠡᠰ ᠳᠡᠪᠰᠢᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠪᠠᠭᠲᠠᠵᠡᠢ; ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠎ᠳᠤ ᠰᠢᠨ᠎ᠡ ᠵᠢ ᠡᠭᠦᠳᠬᠦ ᠵᠢ ᠬᠥᠲᠥᠯᠥᠨ ᠵᠢᠯᠣᠭᠣᠳᠬᠤ᠂ ᠡᠵᠡᠩᠨᠡᠯᠲᠡ ᠵᠢᠨ ᠲᠣᠭᠲᠠᠴᠠ᠎ᠳᠤ ᠰᠢᠨ᠎ᠡ ᠵᠢ ᠡᠭᠦᠳᠬᠦ ᠵᠢ ᠬᠥᠲᠥᠯᠥᠨ ᠵᠢᠯᠣᠭᠣᠳᠴᠤ᠂ ᠦᠢ᠍ᠯᠡᠴᠢᠯᠡᠭᠡᠨ᠎ᠤ ᠪᠡᠶᠡᠴᠢᠯᠡᠨ ᠣᠷᠣᠯᠴᠠᠬᠤ᠎ᠳᠤ ᠰᠢᠨ᠎ᠡ ᠵᠢ ᠡᠭᠦᠳᠬᠦ ᠵᠢ ᠬᠥᠲᠥᠯᠥᠨ ᠵᠢᠯᠣᠭᠣᠳᠴᠤ᠂ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢ᠍ᠯᠡᠰ᠎ᠤᠨ ᠭᠣᠣᠯᠯᠠᠬᠤ ᠥᠷᠢᠰᠥᠯᠳᠦᠬᠦ ᠬᠦᠴᠦᠨ᠎ᠢ ᠴᠢᠩᠭ᠋ᠠᠷᠠᠭᠤᠯᠤᠨ᠎ᠠ; ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢ ᠠᠭᠤᠰᠤᠯᠴᠠᠭᠤᠯᠵᠤ᠂ ᠤᠯᠠᠨ ᠬᠦᠷᠢᠶ᠎ᠡ ᠴᠠᠷᠠᠭ᠎ᠠ᠎ᠳᠤ ᠬᠠᠮᠵᠢᠯᠴᠠᠭᠤᠯᠬᠤ᠂ ᠳᠣᠲᠣᠭ᠋ᠠᠳᠤ ᠭᠠᠳᠠᠭ᠋ᠠᠳᠤ ᠵᠢᠨ ᠠᠷᠠᠯᠵᠢᠶ᠎ᠠ ᠵᠢ ᠨᠢᠭᠡ ᠴᠤᠭᠴᠠᠴᠢᠭᠤᠯᠬᠤ ᠵᠢ ᠠᠬᠢᠭᠤᠯᠵᠤ᠂ ᠵᠢᠵᠢᠭᠯᠡᠨ ᠬᠤᠳᠠᠯᠳᠤᠬᠤ ᠰᠢᠨ᠎ᠡ ᠪᠠᠶ᠋ᠢᠷᠢᠰᠢᠯ᠎ᠢ ᠪᠣᠢ ᠪᠣᠯᠭ᠋ᠠᠨ᠎ᠠ᠃
ᠬᠥᠲᠥᠯᠥᠭᠴᠢ᠄
ᠶᠠᠭᠤᠨ᠎ᠳᠤ 9 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠭᠰᠠᠨ ᠪᠣᠢ?
ᠯᠢ ᠵᠢᠶᠦ᠋ᠨ᠄
《ᠬᠡᠷᠡᠭᠵᠢᠭᠦᠯᠬᠦ ᠲᠥᠰᠦᠯ》᠎ᠢ ᠲᠤᠭᠤᠷᠪᠢᠬᠤ᠎ᠳᠤ ᠭᠣᠣᠯᠳᠠᠭᠤ ᠲᠦᠷᠪᠡᠨ ᠲᠠᠯ᠎ᠠ ᠵᠢ ᠪᠣᠳᠣᠯᠬᠢᠯᠠᠭᠰᠠᠨ ᠶᠤᠮ᠃ ᠨᠢᠭᠡ᠎ᠳᠤ 《ᠰᠠᠨᠠᠯ》᠎ᠳᠠᠬᠢ ᠡᠯ᠎ᠡ ᠵᠦᠢ᠍ᠯ᠎ᠤᠨ ᠡᠭᠦᠷᠭᠡ ᠵᠢ ᠲᠣᠪᠣᠢ᠌ᠯᠭ᠋ᠠᠨ ᠨᠠᠢ᠌ᠳᠠᠪᠤᠷᠢᠵᠢᠭᠤᠯᠤᠨ᠎ᠠ᠃ ᠬᠣᠶᠠᠷ᠎ᠲᠤ ᠪᠣᠳᠠᠲᠤ ᠪᠠᠶ᠋ᠢᠳᠠᠯ᠎ᠢ ᠲᠣᠪᠣᠢ᠌ᠯᠭ᠋ᠠᠵᠤ᠂ ᠣᠳᠣᠬᠢ ᠪᠠᠶ᠋ᠢᠳᠠᠯ᠎ᠲᠠᠢ ᠤᠶᠠᠯᠳᠤᠭᠤᠯᠤᠨ᠂ ᠪᠠᠭᠤᠷᠠᠶ ᠲᠠᠯ᠎ᠠ᠎ᠳᠤ ᠬᠠᠨᠳᠤᠭᠤᠯᠤᠨ ᠪᠦᠳᠦᠬᠡᠨ ᠪᠠᠶ᠋ᠢᠭᠤᠯᠬᠤ ᠵᠢ ᠴᠢᠩᠭ᠋ᠠᠳᠬᠠᠨ᠎ᠠ᠃ ᠭᠤᠷᠪᠠ᠎ᠳᠤ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠲᠡ᠎ᠲᠠᠢ᠂ ᠬᠠᠮᠲᠤ᠎ᠪᠠᠷ ᠬᠦᠷᠲᠡᠬᠦ ᠲᠠᠪᠤᠨ ᠶᠡᠬᠡ ᠬᠥᠭᠵᠢᠯᠲᠡ ᠵᠢᠨ ᠣᠨᠣᠯᠵᠢᠬᠤᠨ᠎ᠢ ᠲᠣᠪᠣᠢ᠌ᠯᠭ᠋ᠠᠨ ᠦᠢ᠍ᠯᠡᠳᠦᠯᠭᠡᠵᠢᠭᠦᠯᠦᠨ᠎ᠡ᠃ ᠲᠦᠷᠪᠡ᠎ᠳᠤ ᠲᠦᠷᠦ ᠵᠢᠨ ᠪᠤᠳᠤᠯᠭ᠎ᠠ᠎ᠪᠠᠷ ᠪᠠᠲᠤᠯᠠᠬᠤ ᠠᠷᠭ᠎ᠠ ᠬᠡᠮᠵᠢᠶ᠎ᠡ ᠵᠢ ᠲᠣᠪᠣᠢ᠌ᠯᠭ᠋ᠠᠨᠠ᠃
ᠬᠥᠲᠥᠯᠥᠭᠴᠢ᠄
《ᠬᠡᠷᠡᠭᠵᠢᠭᠦᠯᠬᠦ ᠲᠥᠰᠦᠯ》᠎ᠤᠨ ᠬᠡᠷᠡᠭᠵᠢᠭᠦᠯᠦᠯᠲᠡ ᠵᠢᠨ ᠢᠯᠭᠤᠮ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢᠨ ᠲᠣᠰᠠᠳᠠ ᠥᠪᠡᠷᠲᠡᠭᠡᠨ ᠵᠠᠰᠠᠬᠤ ᠣᠷᠣᠨ᠎ᠠᠴᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠤᠢ?
ᠯᠢ ᠵᠢᠶᠦ᠋ᠨ᠄
《ᠬᠡᠷᠡᠭᠵᠢᠭᠦᠯᠬᠦ ᠲᠥᠰᠦᠯ》 ᠪᠣᠯ ᠤᠯᠤᠰ᠎ᠤᠨ ᠳᠦᠷᠦ ᠵᠢᠨ ᠪᠤᠳᠤᠯᠭ᠎ᠠ ᠬᠢᠭᠡᠳ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠲᠠᠢ ᠬᠠᠷᠢᠯᠴᠠᠨ ᠤᠶᠠᠯᠳᠤᠭᠰᠠᠨ ᠪᠣᠳᠠᠲᠠᠢ ᠠᠷᠭ᠎ᠠ ᠬᠡᠮᠵᠢᠶ᠎ᠡ ᠪᠠᠢ᠌ᠵᠤ᠂ ᠬᠣᠶ᠋ᠢᠰᠢᠳᠠ ᠵᠢᠨ ᠨᠢᠭᠡᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠠᠴᠠ ᠵᠢᠵᠢᠭᠯᠡᠨ ᠬᠤᠳᠠᠯᠳᠤᠬᠤ ᠦᠢ᠍ᠯᠡᠰ᠎ᠤᠨ ᠬᠥᠭᠵᠢᠯᠲᠡ ᠵᠢ ᠰᠠᠶ᠋ᠢᠲᠤᠷ ᠠᠳᠬᠤᠬᠤ ᠲᠦᠷᠦ ᠵᠢᠨ ᠪᠤᠲᠤᠯᠭ᠎ᠠ ᠵᠢᠨ ᠦᠨᠳᠦᠰᠦᠯᠡᠯ ᠪᠣᠯᠬᠤ ᠶᠤᠮ᠃ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠭᠣᠣᠯᠳᠠᠭᠤ 《ᠪᠠᠲᠤᠯᠠᠭ᠎ᠠ ᠵᠢᠨ ᠲᠥᠷᠥ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠂ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠤᠯᠠᠨ ᠨᠡᠶ᠋ᠢᠲᠠ ᠵᠢᠨ ᠦᠢ᠍ᠯᠡᠴᠢᠯᠡᠭᠡᠨ᠎ᠢ ᠪᠦᠷᠢᠨᠰᠢᠭᠦᠯᠬᠦ》 ᠭᠤᠷᠪᠠᠨ ᠲᠠᠯ᠎ᠠ᠎ᠠᠴᠠ ᠠᠷᠪᠠᠨ ᠭᠤᠷᠪᠠᠨ ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠳᠤᠷᠠᠳᠴᠠᠶ᠄
ᠨᠢᠭᠡ᠎ᠳᠤ ᠲᠣᠣᠷ ᠴᠢᠬ᠎ᠤᠨ ᠲᠥᠯᠥᠪᠵᠢᠭᠦᠯᠭᠡ ᠵᠢᠨ ᠲᠦᠷᠦ ᠵᠢᠨ ᠪᠤᠳᠤᠯᠭ᠎ᠠ ᠵᠢ ᠴᠢᠩᠭ᠋ᠠᠷᠠᠭᠤᠯᠤᠨ᠎ᠠ᠃ ᠣᠳᠣᠬᠢ ᠬᠤᠳᠠᠯᠳᠤᠭ᠋ᠠᠨ᠎ᠤ ᠪᠡᠯᠡᠳᠬᠡᠮᠵᠢ ᠵᠢᠨ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠴᠢᠯᠦᠭᠡᠲᠡᠢ ᠭᠦᠢ᠍ᠯᠭᠡᠭᠡᠵᠦ᠂ ᠨᠡᠢ᠌ᠭᠡᠮ᠎ᠤᠨ ᠰᠤᠯᠠ ᠪᠠᠢ᠌ᠭ᠎ᠠ ᠡᠬᠢ ᠪᠠᠶᠠᠯᠢᠭ᠎ᠢ ᠰᠢᠯᠢᠳᠡᠭᠵᠢᠭᠦᠯᠦᠨ᠎ᠡ᠃ ᠬᠣᠶᠠᠷ᠎ᠲᠤ ᠵᠠᠰᠠᠭ᠎ᠢ ᠴᠣᠮᠬᠠᠳᠬᠠᠨ ᠡᠷᠬᠡ ᠵᠢ ᠳᠤᠷᠤᠭᠰᠢ ᠪᠠᠭᠤᠯᠭ᠋ᠠᠬᠤ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠎ᠠ᠃ ᠳᠡᠯᠭᠡᠭᠦᠷ᠎ᠢ ᠤᠷᠠᠯᠠᠵᠤ ᠴᠢᠮᠡᠭᠯᠡᠬᠦ᠂ ᠳᠡᠯᠭᠡᠭᠦᠷ᠎ᠢ ᠵᠠᠰᠠᠵᠤ ᠥᠭᠡᠷᠡᠴᠢᠯᠡᠬᠦ᠂ ᠭᠠᠳᠠᠭᠤᠷᠬᠢ ᠵᠢᠨ ᠡᠵᠡᠩᠨᠡᠨ ᠪᠣᠷᠣᠯᠠᠭᠤᠯᠬᠤ ᠬᠢᠵᠠᠭ᠋ᠠᠷᠯᠠᠯ᠎ᠢ ᠠᠭᠤᠵᠢᠭᠤ ᠪᠣᠯᠭ᠋ᠠᠨ᠎ᠠ᠃ ᠬᠡᠯᠬᠢᠶᠡᠲᠦ ᠠᠵᠤ ᠠᠬᠤᠶ᠋ᠢᠯᠠᠯ᠎ᠠᠴᠠ ᠬᠠᠤᠯᠢ ᠵᠢᠨ ᠪᠤᠰᠤ ᠡᠷᠬᠡᠲᠡᠨ᠎ᠤ ᠡᠭᠦᠳᠡᠨ ᠳᠡᠯᠭᠡᠭᠦᠷ ᠪᠣᠯᠤᠨ ᠲᠣᠬᠢᠷᠠᠭᠤᠯᠤᠨ ᠬᠦᠷᠭᠡᠬᠦ ᠭᠠᠵᠠᠷ ᠪᠠᠢ᠌ᠭᠤᠯᠬᠤ ᠵᠢ ᠳᠡᠮᠵᠢᠵᠦ᠂ ᠬᠤᠳᠠ ᠵᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠨᠡᠪᠲᠡᠷᠡᠬᠦ ᠳᠦᠷᠢᠮ᠎ᠢ ᠪᠥᠷᠢᠨᠰᠢᠭᠦᠯᠦᠨ᠎ᠡ᠃ ᠭᠤᠷᠪᠠ᠎ᠳᠤ ᠭᠠᠶ᠋ᠢᠯᠢ ᠵᠢ ᠬᠥᠩᠭᠡᠯᠡᠵᠦ ᠭᠠᠶ᠋ᠢᠯᠢ᠎ᠠᠴᠠ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠎ᠠ᠃ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠲᠥᠪ ᠭᠣᠣᠯᠴᠢ᠎ᠪᠠᠷ ᠥᠷᠢᠰᠥᠯᠳᠦᠬᠦ ᠭᠠᠶ᠋ᠢᠯᠢ ᠲᠠᠲᠠᠪᠤᠷᠢ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠶᠡᠷᠦᠩᠬᠡᠶ ᠬᠤᠪᠢᠶᠠᠷᠢ ᠰᠠᠯᠪᠤᠷᠢ ᠪᠠᠶ᠋ᠢᠭᠤᠯᠤᠮᠵᠢ ᠭᠠᠶ᠋ᠢᠯᠢ᠎ᠪᠠᠨ ᠬᠣᠮᠣᠷᠭ᠋ᠠᠯᠠᠨ ᠨᠡᠶ᠋ᠢᠯᠡᠭᠦᠯᠦᠨ ᠲᠤᠰᠢᠶᠠᠬᠤ᠂ ᠰᠤᠳᠤᠯᠤᠨ ᠨᠡᠭᠡᠭᠡᠬᠦ ᠵᠠᠷᠤᠳᠠᠯ᠎ᠢ ᠨᠡᠢ᠌ᠯᠡᠭᠦᠯᠦᠨ ᠪᠤᠳᠤᠵᠤ ᠰᠠᠭᠤᠯᠭ᠋ᠠᠨ ᠠᠪᠬᠤ᠂ ᠪᠠᠷᠢᠮᠲᠠ ᠲᠡᠮᠳᠡᠭ᠎ᠤᠨ ᠦᠷᠳᠡᠭ᠎ᠤᠨ ᠵᠠᠷᠤᠳᠠᠯ᠎ᠢ ᠬᠦᠴᠦᠨ ᠦᠭᠡᠢ ᠪᠣᠯᠭ᠋ᠠᠬᠤ ᠵᠡᠷᠭᠡ ᠭᠠᠶ᠋ᠢᠯᠢ ᠰᠦᠢ᠍ᠳᠬᠡᠯ᠎ᠳᠤ ᠳᠡᠮᠵᠢᠯᠭᠡ ᠦᠵᠡᠭᠦᠯᠬᠦ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠴᠠᠬᠢᠯᠭ᠋ᠠᠨ᠎ᠤ ᠦᠨ᠎ᠡ᠂ ᠺᠠᠷᠲ᠎ᠪᠠᠷ ᠲᠣᠭ᠋ᠠᠴᠠᠭ᠎ᠠ ᠬᠢᠬᠦ᠎ᠳᠤ ᠬᠡᠷᠡᠭᠰᠡᠬᠦ ᠵᠠᠷᠤᠳᠠᠯ ᠮᠥᠩᠭᠥ᠎ᠳᠤ ᠦᠨ᠎ᠡ ᠲᠣᠭᠲᠠᠭ᠋ᠠᠬᠤ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠤᠨ᠎ᠠ᠃ ᠲᠦᠷᠪᠡ᠎ᠳᠤ ᠡᠳ᠋᠎ᠤᠨ ᠵᠠᠰᠠᠭ᠎ᠤᠨ ᠮᠥᠩᠭᠥᠨ ᠭᠦᠢ᠍ᠯᠭᠡᠭᠡᠨ᠎ᠤ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠎ᠠ᠃ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠪᠠᠶ᠋ᠢᠭᠤᠯᠬᠤ ᠵᠢ ᠵᠣᠷᠢᠭᠵᠢᠭᠤᠯᠤᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠵᠠᠭᠪᠤᠷᠲᠠᠬᠢ ᠣᠷᠣᠭᠤᠯᠤᠯᠲᠠ᠎ᠪᠠᠨ ᠨᠡᠮᠡᠭᠳᠡᠭᠦᠯᠵᠦ᠂ ᠬᠡᠷᠡᠭᠯᠡᠭᠡᠨ᠎ᠤ ᠮᠥᠩᠭᠥᠨ ᠭᠦᠢ᠍ᠯᠭᠡᠭᠡᠨ᠎ᠤ ᠺᠣᠮᠫᠠᠨᠢ ᠵᠢᠨ ᠲᠤᠷᠰᠢᠯᠲᠠ ᠵᠢ ᠯᠠᠪᠳᠠᠭᠤᠨ ᠵᠶ᠋ᠠᠷ ᠠᠬᠢᠭᠤᠯᠤᠨ᠎ᠠ᠃ ᠲᠠᠪᠤ᠎ᠳᠤ ᠬᠠᠮᠵᠢᠯᠴᠠᠬᠤ ᠲᠣᠭᠲᠠᠴᠠ ᠵᠢ ᠪᠦᠷᠢᠨᠰᠢᠭᠦᠯᠤᠨ᠎ᠠ᠃ ᠰᠠᠯᠠᠭ᠎ᠠ ᠮᠥᠴᠢᠷ᠎ᠤᠨ ᠬᠣᠯᠪᠣᠭ᠋ᠠᠯᠠᠨ ᠬᠥᠳᠡᠯᠦᠯᠴᠡᠬᠦ ᠪᠠ ᠣᠷᠣᠨ ᠪᠦᠰᠡ ᠵᠶ᠋ᠠᠷ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠦᠢ᠍ᠯᠡᠳᠪᠦᠷᠢ ᠬᠤᠳᠠᠯᠳᠤᠭ᠋ᠠᠨ᠎ᠤ ᠵᠦᠢ᠍ᠯᠡᠰ᠎ᠤᠨ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠵᠶ᠋ᠡᠷ ᠬᠢᠨᠠᠨ ᠬᠠᠮᠢᠶᠠᠷᠬᠤ ᠠᠷᠭ᠎ᠠ ᠪᠠᠷᠢᠯ᠎ᠢ ᠲᠡᠭᠦᠯᠳᠡᠷᠵᠢᠭᠦᠯᠦᠨ ᠂ ᠦᠢ᠍ᠯᠡᠳᠪᠦᠷᠢᠯᠡᠯ ᠬᠢᠭᠡᠳ ᠭᠦᠢ᠍ᠯᠭᠡᠭᠡᠨ᠎ᠤ ᠬᠦᠷᠢᠶ᠎ᠡ ᠴᠠᠷᠠᠭ᠋ᠠᠨ᠎ᠳᠤ ᠬᠠᠮᠵᠢᠯᠴᠠᠵᠤ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢ ᠨᠢᠭᠡ ᠴᠣᠭᠴᠠᠵᠢᠭᠤᠯᠤᠭᠰᠠᠨ ᠬᠢᠨᠠᠨ ᠬᠠᠮᠢᠶᠠᠷᠬᠤ ᠰᠢᠰᠲᠸᠮᠵᠢ ᠵᠢ ᠲᠦᠷᠭᠡᠳᠬᠡᠨ ᠪᠠᠢ᠌ᠭᠤᠯᠤᠨ᠎ᠠ᠃ ᠵᠢᠷᠭᠤᠭ᠎ᠠ᠎ᠳᠤ ᠲᠥᠪ ᠭᠣᠣᠯᠴᠢ ᠥᠷᠢᠰᠥᠯᠳᠦᠭᠡᠨ᠎ᠢ ᠠᠬᠢᠭᠤᠯᠤᠨ᠎ᠠ᠃ ᠴᠢᠨᠠᠷ ᠮᠠᠭᠤ ᠬᠠᠭᠤᠷᠮᠠᠭ ᠲᠠᠸᠠᠷ ᠦᠢ᠍ᠯᠡᠳᠦᠨ ᠪᠣᠷᠣᠯᠠᠭᠤᠯᠬᠤ᠂ ᠮᠡᠳᠡᠯᠭᠡ ᠵᠢᠨ ᠥᠮᠴᠢᠯᠡᠬᠦ ᠡᠷᠬᠡ᠎ᠳᠤ ᠬᠠᠯᠳᠠᠭᠰᠠᠨ᠂ ᠭᠣᠣᠯᠴᠢ ᠪᠤᠰᠤ᠎ᠪᠠᠷ ᠥᠷᠢᠰᠥᠯᠳᠦᠬᠦ ᠵᠡᠷᠭᠡ ᠦᠢ᠍ᠯᠡ ᠠᠵᠢᠯᠯᠠᠭ᠎ᠠ᠎ᠳᠤ ᠴᠣᠬᠢᠯᠲᠠ ᠥᠭᠴᠦ᠂ ᠮᠣᠨᠣᠫᠣᠯᠢᠴᠢᠯᠠᠯ᠎ᠤᠨ ᠬᠡᠯᠡᠯᠴᠡᠭᠡᠷ᠂ ᠵᠠᠬ᠎ᠠ ᠳᠡᠯᠭᠡᠭᠦᠷ᠎ᠤᠨ ᠲᠤᠬᠢᠷᠠᠭᠤᠯᠬᠤ ᠪᠠᠶ᠋ᠢᠷᠢ ᠰᠠᠭᠤᠷᠢ ᠵᠢ ᠳᠤᠷ᠎ᠠ᠎ᠪᠠᠷ ᠵᠶ᠋ᠠᠨ ᠬᠡᠷᠡᠭᠯᠡᠬᠦ ᠵᠡᠷᠭᠡ ᠥᠷᠢᠰᠥᠯᠳᠦᠭᠡᠨ᠎ᠢ ᠭᠠᠳᠠᠭᠤᠷᠴᠢᠯᠠᠵᠤ ᠬᠢᠵᠠᠭ᠋ᠠᠷᠯᠠᠬᠤ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃ ᠲᠤᠯᠤᠭ᠎ᠠ᠎ᠳᠤ ᠢᠲᠡᠭᠡᠮᠵᠢ ᠵᠢᠨ ᠰᠢᠰᠲᠸᠮᠵᠢ ᠵᠢ ᠪᠦᠷᠢᠨᠰᠢᠭᠦᠯᠦᠨ᠎ᠡ᠃ ᠡᠯ᠎ᠡ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ᠎ᠢ ᠠᠰᠢᠭᠯᠠᠨ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢ ᠬᠠᠮᠤᠷᠤᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠤᠷᠢᠶᠠᠨ ᠴᠤᠭᠯᠠᠭᠤᠯᠵᠤ ᠪᠠᠢ᠌ᠭ᠋ᠠᠳ ᠬᠠᠮᠲᠤ᠎ᠪᠠᠷ ᠬᠦᠷᠲᠡᠬᠦ ᠪᠠ ᠬᠡᠷᠡᠭᠯᠡᠬᠦ ᠲᠣᠭᠲᠠᠴᠠ ᠵᠢ ᠪᠠᠢ᠌ᠭᠤᠯᠤᠨ᠎ᠠ᠃ ᠨᠠᠢ᠍ᠮᠠ᠎ᠳᠤ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢ᠍ᠯᠡᠰ᠎ᠤᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ᠎ᠳᠤ ᠰᠠᠢ᠌ᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠨᠥᠬᠥᠴᠡᠯ᠎ᠢ ᠪᠤᠢ ᠪᠣᠯᠭ᠋ᠠᠵᠤ᠂ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠬᠦ ᠪᠠ ᠬᠡᠯᠪᠡᠷᠢ᠎ᠪᠠᠨ ᠬᠤᠪᠢᠷᠠᠭᠤᠯᠬᠤ ᠵᠢᠨ ᠵᠢᠱ᠌ᠢᠯᠲᠡ ᠵᠢ ᠬᠥᠭᠵᠢᠭᠡᠨ᠎ᠡ᠃ ᠶᠢᠰᠦ᠎ᠳᠤ ᠳᠦᠷᠢᠮ᠎ᠤᠨ ᠪᠠᠷᠢᠮᠵᠢᠶ᠎ᠠ ᠵᠢᠨ ᠰᠢᠰᠲᠸᠮᠵᠢ ᠵᠢ ᠪᠠᠢ᠌ᠭᠤᠯᠤᠨ᠎ᠠ᠃ ᠪᠥᠬᠥ ᠣᠷᠣᠨ᠎ᠤ ᠬᠡᠯᠬᠢᠶᠡᠲᠦ ᠡᠵᠡᠩᠨᠡᠯᠲᠡ᠂ ᠡᠯᠧᠺᠲᠷᠣᠨ ᠬᠤᠳᠠᠯᠳᠤᠠᠭ᠋ᠨᠤ ᠶᠠᠪᠤᠳᠠᠯ᠂ ᠠᠷᠠᠯᠵᠢᠶ᠎ᠠ ᠬᠤᠳᠠᠯᠳᠤᠠᠭ᠋ᠨᠤ ᠡᠳ᠋ ᠪᠠᠷᠠᠭ᠋ᠠᠨ᠎ᠤ ᠭᠦᠢ᠍ᠯᠭᠡᠭᠡ᠂ ᠬᠠᠩᠭ᠋ᠠᠯᠭ᠎ᠠ ᠵᠢᠨ ᠬᠡᠯᠬᠢᠶᠡᠨ᠎ᠤ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠋ᠠᠨ᠎ᠳᠠᠬᠢ ᠪᠠᠷᠢᠮᠵᠢᠶ᠎ᠠ ᠵᠢᠨ ᠰᠢᠰᠲᠸᠮᠵᠢ ᠵᠢ ᠲᠦᠷᠭᠡᠳᠭᠡᠨ ᠪᠠᠢ᠌ᠭᠤᠯᠵᠤ᠂ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠬᠤ ᠵᠢ ᠴᠢᠩᠭ᠋ᠠᠳᠬᠠᠵᠤ᠂ ᠪᠠᠷᠢᠮᠵᠢᠶ᠎ᠠ ᠵᠢᠨ ᠬᠡᠷᠡᠭᠵᠢᠭᠦᠯᠦᠯᠲᠡ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠠᠷᠪᠠ᠎ᠳᠤ ᠲᠣᠭ᠎ᠠ ᠪᠦᠷᠢᠳᠬᠡᠯ᠎ᠤᠨ ᠰᠢᠨᠵᠢᠯᠲᠡ ᠵᠢ ᠴᠢᠩᠭ᠋ᠠᠳᠬᠠᠨ᠎ᠠ᠃ ᠵᠢᠵᠢᠭᠯᠡᠨ ᠬᠤᠳᠠᠯᠳᠤᠬᠤ ᠦᠢ᠍ᠯᠡᠰ᠎ᠤᠨ ᠲᠣᠭ᠎ᠠ ᠪᠦᠷᠢᠳᠬᠡᠯ᠎ᠤᠨ ᠬᠢᠨᠠᠨ ᠰᠢᠨᠵᠢᠯᠲᠡ ᠪᠠ ᠠᠵᠢᠯᠯᠠᠭ᠋ᠠᠨ᠎ᠢ ᠰᠢᠨᠵᠢᠯᠡᠨ ᠵᠠᠳᠠᠯᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠵᠢᠵᠢᠭᠯᠡᠨ ᠬᠤᠳᠠᠯᠳᠤᠬᠤ ᠦᠢ᠍ᠯᠡᠰ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠲᠤᠰᠬᠠᠭᠰᠠᠨ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠰᠢᠰᠲᠸᠮᠵᠢ ᠵᠢ ᠪᠠᠶ᠋ᠢᠭᠤᠯᠤᠨ᠎ᠠ᠃ ᠠᠷᠪᠠᠨ ᠨᠢᠭᠡ᠎ᠳᠤ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃ ᠬᠤᠳᠠᠯᠳᠤᠭ᠋ᠠᠨ᠎ᠤ ᠶᠠᠪᠤᠳᠠᠯ᠎ᠤᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠡᠭᠦᠯᠡᠨ ᠲᠠᠪᠴᠠᠩ᠎ᠢ ᠰᠤᠳᠤᠯᠤᠨ ᠪᠠᠶ᠋ᠢᠭᠤᠯᠵᠤ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢᠨ ᠣᠯᠠᠨ ᠠᠷᠭ᠎ᠠ ᠵᠠᠮ ᠵᠶ᠋ᠠᠷ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ᠎ᠳᠤ ᠮᠡᠷᠭᠡᠵᠢᠯ᠂ ᠬᠠᠮᠢᠶᠠᠷᠤᠯᠲᠠ᠂ ᠯᠠᠪᠯᠠᠭ᠎ᠠ᠂ ᠮᠡᠳᠡᠭᠡ ᠵᠠᠩᠭᠢ ᠵᠡᠷᠭᠡ ᠨᠢᠭᠡ ᠴᠤᠭᠴᠠᠵᠢᠭᠰᠠᠨ ᠲᠤᠯᠭ᠋ᠠᠭᠤᠷᠢᠯᠠᠯ ᠪᠣᠯᠬᠤ ᠦᠢ᠍ᠯᠡᠴᠢᠯᠡᠭᠡ ᠬᠠᠩᠭ᠋ᠠᠨ᠎ᠠ᠃ ᠠᠷᠪᠠᠨ ᠬᠣᠶᠠᠷ᠎ᠲᠤ ᠪᠣᠯᠪᠠᠰᠤᠷᠠᠭᠤᠯᠵᠤ ᠰᠣᠯᠢᠯᠴᠠᠬᠤ ᠵᠢ ᠴᠢᠩᠭ᠋ᠠᠳᠬᠠᠨ᠎ᠠ᠃ ᠤᠯᠠᠨ ᠠᠷᠭ᠎ᠠ ᠵᠠᠮ ᠵᠶ᠋ᠠᠷ ᠲᠤᠬᠠᠶ᠋ᠢᠯᠠᠭᠰᠠᠨ ᠠᠵᠢᠯ᠎ᠤᠨ ᠰᠣᠯᠢᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠲᠤᠰᠬᠠᠶ ᠮᠡᠷᠭᠡᠵᠢᠯ᠎ᠤᠨ ᠴᠢᠨᠠᠷᠲᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠮ ᠬᠡᠯᠪᠡᠷᠢ ᠵᠢᠨ ᠳᠡᠭᠡᠳᠦ ᠲᠡᠰ᠎ᠤᠨ ᠴᠢᠳᠠᠪᠤᠷᠢᠲᠠᠨ᠎ᠢ ᠵᠣᠬᠢᠰᠲᠠᠶ ᠰᠢᠯᠵᠢᠭᠦᠯᠬᠦ ᠵᠢ ᠠᠬᠢᠭᠤᠯᠵᠤ᠂ ᠤᠯᠠᠨ ᠳᠡᠰ ᠳᠠᠪᠬᠤᠷᠭ᠎ᠠ ᠪᠦᠬᠦᠢ ᠵᠢᠵᠢᠭᠯᠡᠨ ᠬᠤᠳᠠᠯᠳᠤᠬᠤ ᠦᠢ᠍ᠯᠡᠰ᠎ᠤᠨ ᠴᠢᠳᠠᠪᠤᠷᠢᠲᠠᠨ᠎ᠤ ᠡᠩᠨᠡᠭᠡ ᠵᠢ ᠪᠦᠷᠢᠨᠰᠢᠭᠦᠯᠵᠦ᠂ ᠠᠵᠢᠯᠯᠠᠭᠴᠢᠳ᠎ᠤᠨ ᠰᠢᠨ᠎ᠡ ᠵᠢ ᠡᠭᠦᠳᠬᠦ ᠶᠡᠷᠦᠩᠬᠡᠢ᠌ᠯᠡᠭᠰᠡᠨ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠠᠷᠪᠠᠨ ᠭᠤᠷᠪᠠ᠎ᠳᠤ ᠬᠡᠪ ᠳᠠᠭᠤᠷᠢᠶᠠᠯ ᠵᠶ᠋ᠠᠷ ᠳᠠᠢ᠌ᠴᠢᠯᠠᠨ ᠳᠠᠭ᠋ᠠᠭᠤᠯᠬᠤ ᠵᠢ ᠲᠦᠭᠡᠮᠡᠯᠵᠢᠭᠦᠯᠦᠨ᠎ᠡ᠃ ᠲᠣᠪᠣᠢ᠌ᠮ᠎ᠠ ᠣᠨᠴᠠᠯᠢᠭ ᠪᠠ ᠲᠥᠯᠥᠭᠡᠯᠡᠬᠦ ᠴᠢᠨᠠᠷ ᠪᠦᠬᠦᠢ ᠠᠶ᠋ᠢᠮᠠᠭ ᠬᠤᠳᠠ ᠪᠤᠶᠤ ᠬᠤᠳᠠᠯᠳᠤᠭ᠋ᠠᠨ᠎ᠤ ᠬᠦᠷᠢᠶᠡᠨᠤᠬᠢᠨᠢ ᠰᠣᠩᠭᠤᠵᠤ᠂ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ᠎ᠳᠤ ᠬᠡᠯᠪᠡᠷᠢ᠎ᠪᠠᠨ ᠬᠤᠪᠢᠷᠠᠭᠤᠯᠵᠤ ᠰᠢᠨ᠎ᠡ ᠵᠢ ᠡᠭᠦᠳᠬᠦ ᠲᠤᠷᠰᠢᠯᠲᠠ ᠵᠢ ᠥᠷᠨᠢᠭᠦᠯᠵᠦ᠂ ᠬᠡᠪ ᠳᠠᠭᠤᠷᠢᠶᠠᠯ ᠵᠶ᠋ᠠᠷ ᠰᠢᠨ᠎ᠡ ᠵᠢ ᠡᠭᠦᠳᠦᠨ ᠬᠡᠯᠪᠡᠷᠢ᠎ᠪᠠᠨ ᠬᠣᠪᠢᠷᠠᠭᠤᠯᠬᠤ ᠵᠢ ᠬᠥᠲᠥᠯᠥᠨ ᠳᠠᠭ᠋ᠠᠭᠤᠯᠤᠨ᠎ᠠ᠃
ᠬᠦᠲᠦᠯᠦᠭᠴᠢ᠄
ᠰᠦᠯᠵᠢᠶᠡᠨ ᠪᠣᠷᠣᠯᠠᠭᠤᠯᠭ᠎ᠠ ᠵᠢᠨ ᠲᠦᠷᠭᠡᠨ ᠬᠥᠭᠵᠢᠯᠲᠡ᠎ᠨᠢ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢ᠍ᠯᠡᠰ᠎ᠲᠤ ᠶᠠᠮᠠᠷ ᠶᠠᠮᠠᠷ ᠳᠠᠭ᠋ᠠᠷᠢᠯᠲᠠ ᠠᠪᠴᠢᠷᠠᠭᠰᠠᠨ ᠪᠣᠢ?
ᠯᠢ ᠵᠢᠶᠦ᠋ᠨ᠄
ᠣᠶ᠋ᠢᠷ᠎ᠠ ᠵᠢᠨ ᠵᠢᠯ᠎ᠳᠤ᠂ ᠰᠦᠯᠵᠢᠶᠡᠨ᠎ᠳᠤ ᠵᠢᠵᠢᠭᠯᠡᠨ ᠬᠤᠳᠠᠯᠳᠤᠬᠤ ᠮᠠᠰᠢ ᠲᠦᠷᠭᠡᠨ ᠵᠶ᠋ᠠᠷ ᠬᠦᠭᠵᠢᠵᠦ᠂ ᠪᠣᠳᠠᠲᠤ ᠴᠣᠭᠴᠠᠲᠤ ᠳᠡᠯᠭᠡᠭᠦᠷ᠎ᠤᠨ ᠨᠡᠮᠡᠭᠳᠡᠯ᠎ᠤᠨ ᠬᠤᠷᠳᠤᠴᠠ ᠬᠠᠷᠢᠨ ᠬᠠᠷᠢᠴᠠᠩᠭᠤᠶ᠎ᠪᠠᠷ ᠤᠳᠠᠭ᠋ᠠᠰᠢᠷᠠᠨ᠂ ᠬᠣᠶᠠᠭᠤᠯᠠ ᠵᠢᠨ ᠬᠣᠭᠣᠷᠤᠨᠳᠤ ᠢᠯᠡ ᠲᠣᠳᠣ ᠬᠠᠷᠢᠴᠠᠭᠤᠯᠤᠯ ᠪᠣᠯᠵᠠᠢ᠃ ᠵᠠᠷᠢᠮ ᠲᠤᠰᠬᠠᠶ ᠮᠡᠷᠭᠡᠵᠢᠯᠲᠡᠨ᠂ ᠠᠵᠤ ᠠᠬᠤᠢ᠌ᠯᠠᠯᠲᠠᠨ᠂ ᠨᠡᠢ᠌ᠭᠡᠮ᠎ᠤᠨ ᠬᠦᠮᠦᠰ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢ ᠡᠰᠡᠷᠭᠦ ᠳᠡᠰᠡᠷᠭᠦ ᠪᠠᠢ᠌ᠷᠢᠨ᠎ᠳᠤ ᠲᠠᠯᠪᠢᠵᠤ᠂ ᠰᠦᠯᠵᠢᠶᠡᠨ᠎ᠳᠤ ᠵᠢᠵᠢᠭᠯᠡᠨ ᠬᠤᠳᠠᠯᠳᠤᠬᠤ᠎ᠨᠢ ᠪᠣᠳᠠᠲᠤ ᠴᠣᠭᠴᠠᠲᠤ ᠳᠡᠯᠭᠡᠭᠦᠷ᠎ᠲᠤ ᠮᠠᠰᠢ ᠶᠡᠬᠡ ᠳᠠᠷᠤᠯᠲᠠ ᠠᠪᠴᠢᠷᠠᠨ᠂ ᠨᠡᠩ ᠴᠢᠨᠠᠭᠰᠢᠯᠠᠪᠠᠯ ᠰᠦᠯᠵᠢᠶᠡᠨ᠎ᠳᠤ ᠵᠢᠵᠢᠭᠯᠡᠨ ᠬᠤᠳᠠᠯᠳᠤᠬᠤ᠎ᠨᠢ ᠪᠣᠳᠠᠲᠤ ᠴᠣᠭᠴᠠᠲᠤ ᠳᠡᠯᠭᠡᠭᠦᠷ᠎ᠢ ᠣᠷᠣᠯᠠᠬᠤ ᠶᠤᠮ ᠭᠡᠵᠦ ᠦᠵᠡᠴᠢᠬᠡᠵᠡᠢ᠃ ᠪᠠᠶ᠋ᠢᠴᠠᠭ᠋ᠠᠨ ᠰᠣᠳᠤᠯᠤᠯᠲᠠ᠎ᠠᠴᠠ ᠦᠵᠡᠪᠡᠯ᠂ ᠰᠦᠯᠵᠢᠶᠡᠨ ᠵᠠᠬᠢᠶᠠᠯᠠᠭ᠎ᠠ ᠵᠢᠨ ᠬᠥᠭᠵᠢᠯᠲᠡ ᠵᠢᠨ ᠠᠩᠬᠠᠨ᠎ᠤ ᠬᠤᠭᠤᠴᠠᠭ᠋ᠠᠨ᠎ᠳᠤ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠥᠷᠢᠰᠥᠯᠳᠦᠭᠡᠨ ᠥᠨᠡᠨᠬᠦ ᠣᠷᠤᠰᠢᠳᠠᠭ᠃ ᠭᠡᠪᠡᠴᠦ ᠰᠦᠯᠵᠢᠶᠡᠨ ᠵᠠᠬᠢᠶᠠᠯᠠᠭ᠎ᠠ ᠵᠢᠨ ᠲᠠᠰᠤᠷᠠᠯᠲᠠ ᠦᠭᠡᠢ ᠬᠥᠭᠵᠢᠬᠦ ᠵᠢ ᠳᠠᠭ᠋ᠠᠯᠳᠤᠨ᠂ ᠡᠶ᠋ᠢᠮᠦ ᠥᠷᠢᠰᠥᠯᠳᠦᠭᠡᠨ᠎ᠨᠢ ᠠᠯᠬᠤᠮ ᠠᠯᠬᠤᠮ ᠵᠶ᠋ᠠᠷ ᠬᠣᠷᠰᠢᠯᠴᠠᠭ᠎ᠠ᠂ ᠠᠭᠤᠰᠤᠯᠴᠠᠭ᠎ᠠ ᠪᠣᠯᠵᠤ ᠬᠤᠪᠢᠷᠠᠨ᠎ᠠ᠃ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢᠨ ᠠᠭᠤᠰᠤᠯᠴᠠᠨ ᠬᠦᠭᠵᠢᠬᠦ᠎ᠨᠢ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠦᠬᠦᠪᠦᠷᠢᠯᠡᠳᠡᠭ᠎ᠠᠴᠠ ᠡᠨᠡ᠎ᠨᠢ ᠵᠢᠵᠢᠭᠯᠡᠨ ᠬᠤᠳᠠᠯᠳᠤᠬᠤ ᠦᠢ᠍ᠯᠡᠰ᠎ᠤᠨ ᠢᠷᠡᠭᠡᠳᠦᠶ ᠵᠢᠨ ᠬᠥᠭᠵᠢᠬᠦ ᠬᠠᠨᠳᠤᠰᠢ ᠪᠣᠯᠬᠤ ᠶᠤᠮ᠃ ᠵᠢᠱ᠌ᠢᠶᠡᠯᠡᠪᠡᠯ ᠰᠦᠯᠵᠢᠶᠡᠨ᠎ᠳᠤ ᠬᠤᠳᠠᠯᠳᠤᠬᠤ ᠵᠢᠨ ᠳᠠᠪᠠᠭᠤᠯᠢᠭ᠎ᠨᠢ ᠲᠠᠸᠠᠷ᠎ᠤᠨ ᠭᠦᠢ᠍ᠯᠭᠡᠭᠡᠨ᠂ ᠮᠡᠳᠡᠭᠡ ᠵᠠᠩᠭᠢ ᠵᠢᠨ ᠭᠦᠢ᠍ᠯᠭᠡᠭᠡᠨ ᠪᠣᠯᠤᠨ ᠪᠡᠯᠡ ᠮᠦᠩᠭᠦᠨ᠎ᠤ ᠭᠦᠢ᠍ᠯᠭᠡᠭᠡᠨ ᠪᠣᠯᠣᠨ᠎ᠠ᠃ ᠲᠠᠸᠠᠷ᠎ᠤᠨ ᠭᠦᠢ᠍ᠯᠭᠡᠭᠡᠨ᠎ᠤ ᠲᠠᠯ᠎ᠠ᠎ᠪᠠᠷ᠂ ᠰᠦᠯᠵᠢᠶᠡᠨ ᠵᠠᠬᠢᠶᠠᠯᠠᠭ᠎ᠠ᠎ᠨᠢ ᠵᠠᠪᠰᠠᠷ᠎ᠤᠨ ᠭᠣᠭᠴᠣᠭ᠎ᠠ ᠵᠢ ᠴᠥᠬᠡᠳᠬᠡᠵᠦ᠂ ᠦᠢ᠍ᠯᠡᠳᠪᠦᠷᠢᠯᠡᠭᠴᠢ ᠪᠣᠯᠣᠨ ᠬᠡᠷᠡᠭᠯᠡᠭᠴᠢ ᠵᠢ ᠰᠢᠭᠤᠳ ᠵᠤᠯᠭ᠋ᠠᠭᠤᠯᠤᠨ᠎ᠠ᠃ ᠮᠡᠳᠡᠭᠡ ᠵᠠᠩᠭᠢ ᠵᠢᠨ ᠭᠦᠢ᠍ᠯᠭᠡᠭᠡᠨ᠎ᠤ ᠲᠠᠯ᠎ᠠ᠎ᠪᠠᠷ᠂ ᠰᠦᠯᠵᠢᠶᠡᠨ ᠵᠠᠬᠢᠶᠠᠯᠠᠭ᠎ᠠ ᠵᠢᠨ ᠮᠡᠳᠡᠭᠡ ᠵᠠᠩᠭᠢ᠎ᠳᠤ ᠬᠡᠷᠡᠭᠯᠡᠭᠴᠢᠳ᠎ᠤᠨ ᠨᠠᠰᠤ ᠵᠢᠯ᠂ ᠠᠵᠢᠯ ᠮᠡᠷᠭᠡᠵᠢᠯ᠂ ᠬᠦᠢ᠍ᠰᠦ ᠢᠯᠭ᠋ᠠᠯ᠂ ᠣᠷᠣᠨ ᠪᠦᠰᠡ ᠲᠣᠳᠣ ᠢᠯᠡᠷᠡᠳᠡᠭ ᠪᠠ ᠡᠳᠡᠭᠡᠷ ᠮᠡᠳᠡᠭᠡ ᠵᠠᠩᠭᠢ᠎ᠨᠢ ᠴᠢᠪ ᠬᠡᠮᠡᠨ ᠬᠡᠷᠡᠭᠯᠡᠭᠡ ᠵᠢᠨ ᠬᠠᠨᠳᠤᠯᠭ᠎ᠠ ᠵᠢ ᠲᠤᠰᠬᠠᠵᠤ ᠴᠢᠳᠠᠳᠠᠭ᠃ ᠪᠡᠯᠡ ᠮᠥᠩᠭᠥᠨ᠎ᠤ ᠭᠦᠢ᠍ᠯᠭᠡᠭᠡᠨ᠎ᠤ ᠲᠠᠯ᠎ᠠ᠎ᠪᠠᠷ᠂ ᠲᠣᠭ᠋ᠠᠴᠠᠭ᠎ᠠ ᠬᠢᠬᠦ᠎ᠳᠤ ᠳᠥᠭᠥᠮ ᠮᠦᠷᠲᠡᠭᠡᠨ ᠲᠥᠷᠭᠡᠨ ᠪᠣᠯᠣᠭᠰᠠᠨ᠎ᠠᠴᠠ ᠳᠠᠪᠠᠭᠤᠯᠢᠭ᠎ᠨᠢ ᠨᠡᠩ ᠴᠦ᠍ ᠢᠯᠡᠷᠬᠡᠢ ᠪᠣᠯᠵᠠᠢ᠃ ᠬᠠᠷᠢᠨ ᠪᠣᠳᠠᠲᠤ ᠴᠣᠭᠴᠠᠲᠤ ᠳᠡᠯᠭᠡᠭᠦᠷ᠎ᠨᠢ ᠪᠠᠷᠠᠭ᠋ᠠᠨ᠎ᠤ ᠭᠦᠢ᠍ᠯᠭᠡᠭᠡᠨ᠂ ᠦᠢ᠍ᠯᠡᠴᠢᠯᠡᠭᠡ ᠪᠣᠯᠤᠨ ᠪᠡᠶᠡᠴᠢᠯᠡᠨ ᠣᠷᠤᠯᠴᠠᠬᠤ ᠲᠠᠯ᠎ᠠ᠎ᠪᠠᠷ ᠳᠠᠪᠠᠭᠤᠯᠢᠭ ᠪᠠᠢ᠌ᠷᠢ ᠵᠢ ᠡᠵᠡᠯᠡᠳᠡᠭ᠃ 《ᠬᠠᠮᠤᠭ᠎ᠤᠨ ᠡᠴᠦᠰ᠎ᠤᠨ ᠨᠢᠭᠡ ᠺᠢᠯᠣᠮᠧᠲᠷ》 ᠬᠦᠷᠲᠡᠯ᠎ᠡ ᠲᠣᠬᠢᠷᠠᠭᠤᠯᠤᠨ ᠬᠦᠷᠭᠡᠬᠦ ᠱᠠᠭ᠋ᠠᠷᠳᠠᠯᠭ᠎ᠠ ᠦᠭᠡᠢ᠎ᠠᠴᠠ᠂ ᠪᠣᠳᠠᠲᠤ ᠴᠣᠭᠴᠠᠲᠤ ᠳᠡᠯᠭᠡᠭᠦᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠨᠢ ᠰᠦᠯᠵᠢᠶᠡᠨ ᠵᠠᠬᠢᠶᠠᠯᠠᠭ᠎ᠠ ᠵᠢᠨ᠎ᠬᠢ᠎ᠠᠴᠠ ᠬᠤᠯᠠ ᠳᠣᠣᠷ᠎ᠠ ᠶᠤᠮ᠃ ᠬᠡᠷᠪᠡ ᠪᠣᠳᠠᠲᠤ ᠴᠣᠭᠴᠠᠲᠤ ᠳᠡᠯᠭᠡᠭᠦᠷ᠎ᠤᠨ ᠲᠠᠷᠬᠠᠯᠲᠠ᠎ᠨᠢ ᠵᠢᠭᠳᠡ᠂ ᠰᠦᠯᠵᠢᠶᠡᠨ᠎ᠳᠤ ᠵᠠᠬᠢᠶᠠᠯᠠᠪᠠᠯ ᠳᠡᠯᠭᠡᠭᠦᠷ᠎ᠠᠴᠠ ᠠᠪᠬᠤ᠂ ᠰᠦᠯᠵᠢᠶᠡᠨ᠎ᠳᠤ ᠵᠠᠬᠢᠶᠠᠯᠠᠪᠠᠯ ᠳᠡᠯᠭᠡᠭᠦᠷ᠎ᠨᠢ ᠬᠦᠷᠭᠡᠬᠦ ᠵᠢ ᠬᠥᠭᠵᠢᠭᠦᠯᠪᠡᠯ᠂ ᠪᠠᠷᠠᠭ᠋ᠠᠨ᠎ᠤ ᠭᠦᠢ᠍ᠯᠭᠡᠭᠡᠨ᠎ᠤ ᠳᠠᠪᠠᠭᠤᠯᠢᠭ᠎ᠢ ᠢᠯᠡᠳᠲᠡ ᠪᠠᠳᠠᠷᠠᠭᠤᠯᠬᠤ ᠪᠣᠯᠣᠨ᠎ᠠ᠃ ᠡᠭᠦᠨ᠎ᠠᠴᠠ ᠭᠠᠳᠠᠨ᠎ᠠ᠂ ᠦᠢ᠍ᠯᠡᠴᠢᠯᠡᠭᠡ᠂ ᠪᠡᠶᠡᠴᠢᠯᠡᠨ ᠣᠷᠤᠯᠴᠠᠬᠤ ᠵᠢ ᠪᠦᠷ ᠨᠢᠭᠤᠷᠳᠠᠵᠤ ᠭᠦᠢ᠍ᠴᠡᠳᠬᠡᠳᠡᠭ ᠲᠤᠯᠠ ᠪᠣᠳᠠᠲᠤ ᠴᠣᠭᠴᠠᠲᠤ ᠳᠡᠯᠭᠡᠭᠦᠷ᠎ᠤᠨ ᠳᠠᠪᠠᠭᠤᠯᠢᠭ ᠨᠡᠩ ᠴᠦ᠍ ᠳᠤᠪᠤᠢ᠌ᠮᠡ ᠪᠣᠯᠵᠠᠢ᠃ ᠬᠡᠷᠪᠡ ᠰᠦᠯᠵᠢᠶᠡᠨ᠎ᠳᠠᠬᠢ ᠲᠠᠸᠠᠷ᠎ᠤᠨ ᠭᠦᠢ᠍ᠯᠭᠡᠭᠡᠨ᠂ ᠮᠡᠳᠡᠭᠡ ᠵᠠᠩᠭᠢ ᠵᠢᠨ ᠭᠦᠢ᠍ᠯᠭᠡᠭᠡᠨ᠂ ᠪᠡᠯᠡ ᠮᠦᠩᠭᠦᠨ᠎ᠤ ᠭᠦᠢ᠍ᠯᠭᠡᠭᠡᠨ᠎ᠤ ᠳᠠᠪᠠᠭᠤᠯᠢᠭ ᠬᠢᠭᠡᠳ ᠰᠦᠯᠵᠢᠶᠡᠨ᠎ᠠᠴᠠ ᠭᠠᠳᠠᠭᠤᠷᠬᠢ ᠪᠠᠷᠠᠭ᠋ᠠᠨ᠎ᠤ ᠭᠦᠢ᠍ᠯᠭᠡᠭᠡᠨ᠂ ᠦᠢ᠍ᠯᠡᠴᠢᠯᠡᠭᠡ᠂ ᠪᠡᠶᠡᠴᠢᠯᠡᠨ ᠣᠷᠤᠯᠴᠠᠬᠤ ᠵᠢᠨ ᠳᠠᠪᠠᠭᠤᠯᠢᠭ᠎ᠢ ᠨᠢᠭᠲᠠ ᠤᠶᠠᠯᠳᠤᠭᠤᠯᠪᠠᠯ᠂ ᠵᠢᠵᠢᠭᠯᠡᠨ ᠬᠤᠳᠠᠯᠳᠤᠬᠤ ᠦᠢ᠍ᠯᠡᠰ᠎ᠤᠨ ᠳᠠᠪᠠᠭᠤᠯᠢᠭ ᠦᠳᠲᠡᠷ ᠲᠣᠳᠣᠷᠠᠵᠤ᠂ 《ᠭᠦᠢ᠍ᠯᠭᠡᠭᠡᠨ᠎ᠤ ᠬᠤᠪᠢᠰᠬᠠᠯ》 ᠤᠳᠠᠯ ᠦᠭᠡᠢ ᠬᠦᠷᠴᠦ ᠢᠷᠡᠬᠦ ᠪᠣᠯᠣᠨ᠎ᠠ᠃ 《ᠬᠡᠷᠡᠭᠵᠢᠭᠦᠯᠬᠦ ᠲᠥᠰᠦᠯ》᠎ᠨᠢ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢ ᠠᠭᠤᠰᠤᠯᠴᠠᠭᠤᠯᠬᠤ ᠪᠠ ᠵᠣᠬᠢᠴᠠᠭᠤᠯᠤᠨ ᠬᠥᠭᠵᠢᠭᠦᠯᠬᠦ ᠵᠣᠷᠢᠯᠭ᠎ᠠ᠎ᠲᠠᠢ᠃
ᠬᠦᠲᠦᠯᠦᠭᠴᠢ᠄
ᠳᠠᠷᠠᠭ᠋ᠠᠴᠢ᠎ᠪᠠᠷ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ ᠵᠢ᠎ᠨᠢ ᠬᠤᠪᠢᠷᠠᠭᠤᠯᠬᠤ ᠵᠢ ᠠᠬᠢᠭᠤᠯᠬᠤ ᠲᠠᠯ᠎ᠠ᠎ᠪᠠᠷ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢᠲᠤ ᠰᠠᠯᠠᠭ᠎ᠠ ᠮᠦᠴᠢᠷ᠎ᠨᠢ ᠶᠠᠮᠠᠷ ᠦᠢ᠍ᠯᠡᠳᠦᠯ ᠪᠠᠳᠠᠷᠠᠭᠤᠯᠬᠤ ᠪᠤᠢ?
ᠯᠢ ᠵᠢᠶᠦ᠋ᠨ᠄
ᠵᠠᠰᠠᠭ᠎ᠤᠨ ᠣᠷᠳᠣᠨ ᠭᠣᠣᠯᠳᠠᠭᠤ ᠬᠠᠨᠳᠤᠰᠢ ᠵᠢ᠎ᠨᠢ ᠲᠣᠭᠲᠠᠭ᠋ᠠᠬᠤ᠂ ᠣᠷᠴᠢᠨ ᠨᠥᠬᠥᠴᠡᠯ᠎ᠢ᠎ᠨᠢ ᠡᠭᠦᠳᠴᠦ ᠥᠭᠬᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ ᠪᠠ ᠲᠦᠷᠦ ᠵᠢᠨ ᠪᠤᠳᠤᠯᠭ᠎ᠠ᠎ᠪᠠᠷ ᠠᠬᠢᠭᠤᠯᠬᠤ ᠲᠠᠯ᠎ᠠ᠎ᠳᠤ ᠰᠠᠶ᠋ᠢᠲᠤᠷ ᠠᠵᠢᠯ ᠬᠢᠬᠦ ᠴᠢᠬᠤᠯᠠᠲᠠᠢ᠃ ᠨᠢᠭᠡ᠎ᠳᠤ ᠴᠢᠭᠯᠡᠯ᠎ᠢ᠎ᠨᠢ ᠲᠣᠭᠲᠠᠭ᠋ᠠᠨ᠎ᠠ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠢ᠌ᠭ᠋ᠠᠳ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠰᠢᠨ᠎ᠡ ᠬᠤᠪᠢᠷᠠᠯᠲᠠ᠎ᠳᠤ ᠰᠠᠭᠤᠷᠢᠯᠠᠭᠤᠯᠵᠤ᠂ ᠢᠨᠲᠸᠷ ᠰᠦᠯᠵᠢᠶ᠎ᠡ᠂ ᠪᠣᠳᠠᠰᠯᠢᠭ ᠬᠣᠯᠪᠣᠭ᠋ᠠᠲᠤ ᠰᠦᠯᠵᠢᠶ᠎ᠡ᠂ ᠲᠤᠮᠤ ᠳ᠋ᠠᠶ᠋ᠢᠲ᠋ᠠ ᠵᠡᠷᠭᠡ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠬᠡᠷᠡᠭᠯᠡᠵᠦ ᠳᠤᠲᠠᠭᠤᠳᠠᠯ ᠵᠶ᠋ᠡᠨ ᠨᠦᠬᠦᠪᠦᠷᠢᠯᠡᠨ᠂ ᠳᠠᠪᠠᠭᠤᠯᠢᠭ ᠵᠶ᠋ᠡᠨ ᠨᠡᠮᠡᠭᠳᠡᠭᠦᠯᠵᠦ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢᠨ ᠠᠭᠤᠰᠤᠯᠴᠠᠨ ᠬᠥᠭᠵᠢᠬᠦ ᠵᠢ ᠪᠡᠶᠡᠯᠡᠭᠦᠯᠬᠦ ᠬᠡᠷᠡᠭᠲᠡᠶ᠃ ᠬᠣᠶᠠᠷ᠎ᠲᠤ ᠣᠷᠴᠢᠨ ᠨᠥᠬᠥᠴᠡᠯ᠎ᠢ ᠡᠭᠦᠳᠴᠦ ᠥᠭᠭᠥᠨ᠎ᠡ᠃ ᠲᠣᠣᠷ ᠴᠢᠭ᠋᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠎ᠪᠠᠷ ᠳᠠᠮᠵᠢᠨ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠵᠣᠬᠢᠰᠲᠠᠶ᠎ᠪᠠᠷ ᠪᠠᠶ᠋ᠢᠷᠢᠯᠠᠭᠤᠯᠵᠦ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢᠨ ᠨᠢᠭᠡ ᠴᠣᠭᠴᠠᠵᠢᠭᠰᠠᠨ ᠬᠢᠨᠠᠨ ᠬᠠᠮᠢᠶᠠᠷᠬᠤ ᠰᠢᠰᠲᠸᠮᠵᠢ ᠵᠢ ᠪᠠᠢ᠌ᠭᠤᠯᠤᠨ᠂ ᠲᠥᠪ ᠭᠣᠣᠯᠴᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠣᠷᠴᠢᠨ ᠨᠦᠭᠦᠴᠡᠯ᠎ᠢ ᠡᠭᠦᠳᠴᠦ ᠥᠭᠬᠦ ᠬᠡᠷᠡᠭᠲᠡᠢ᠃ ᠭᠤᠷᠪᠠ᠎ᠳᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠴᠢᠩᠭ᠋ᠠᠳᠬᠠᠨ᠎ᠠ᠃ ᠵᠠᠰᠠᠭ᠎ᠤᠨ ᠣᠷᠳᠣᠨ᠎ᠨᠢ ᠠᠳᠠᠯᠢ ᠪᠤᠰᠤ ᠡᠵᠡᠩᠨᠡᠯᠲᠡ ᠵᠢᠨ ᠪᠠᠶ᠋ᠢᠳᠠᠯ᠂ ᠣᠷᠣᠨ ᠪᠦᠰᠡ᠂ ᠲᠠᠸᠠᠷ᠎ᠤᠨ ᠮᠡᠳᠡᠭᠡ ᠵᠠᠩᠭᠢ ᠵᠢ ᠢᠯᠡ᠎ᠪᠠᠷ ᠨᠡᠢ᠌ᠲᠡᠯᠡᠵᠦ᠂ ᠲᠣᠣᠷ ᠴᠢᠭ᠋᠎ᠢ ᠬᠥᠲᠥᠯᠥᠨ ᠵᠢᠯᠣᠭᠣᠳᠬᠤ ᠪᠠᠢ᠌ᠭ᠋ᠠᠳ ᠵᠣᠬᠢᠰᠲᠠᠶ᠎ᠪᠠᠷ ᠪᠠᠢ᠌ᠷᠢᠯᠠᠭᠤᠯᠬᠤ ᠪᠠ ᠡᠷᠡᠭᠦᠯ ᠵᠶ᠋ᠠᠷ ᠬᠥᠭᠵᠢᠭᠦᠯᠬᠦ ᠬᠡᠷᠡᠭᠲᠡᠶ᠃ ᠲᠦᠷᠪᠡ᠎ᠳᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ᠃ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠭᠤᠯᠤᠯ ᠲᠣᠭᠲᠠᠴᠠ ᠵᠢᠨ ᠵᠠᠷᠢᠮ ᠰᠠᠭ᠋ᠠᠳ᠎ᠢ ᠠᠷᠢᠯᠭ᠋ᠠᠬᠤ ᠬᠡᠷᠡᠭᠲᠡᠶ᠃
ᠬᠦᠲᠦᠯᠦᠭᠴᠢ᠄
ᠭᠠᠶ᠋ᠢᠯᠢ ᠲᠠᠲᠠᠪᠤᠷᠢ ᠪᠣᠯᠣᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ᠎ᠳᠤ ᠭᠣᠣᠯᠴᠢ ᠪᠤᠰᠤ ᠥᠷᠢᠰᠥᠯᠳᠦᠭᠡᠨ ᠣᠷᠤᠰᠢᠵᠤ ᠪᠠᠢ᠌ᠨ᠎ᠠ ᠭᠡᠳᠡᠭ ᠬᠡᠯᠡᠯᠭᠡ ᠵᠢ ᠲᠠ ᠶᠠᠭ᠋ᠠᠬᠢᠵᠤ ᠦᠵᠡᠬᠦ ᠪᠤᠢ?
ᠯᠢ ᠵᠢᠶᠦ᠋ᠨ᠄
ᠲᠥᠪ ᠭᠣᠣᠯᠴᠢ ᠥᠷᠢᠰᠥᠯᠳᠦᠭᠡᠨ᠎ᠢ ᠬᠠᠮᠠᠭ᠋ᠠᠯᠠᠨ᠂ ᠬᠠᠤᠯᠢ᠎ᠪᠠᠷ ᠵᠠᠰᠠᠵᠢᠬᠤ ᠡᠵᠡᠩᠨᠡᠯᠲᠡ ᠵᠢᠨ ᠣᠷᠴᠢᠨ ᠨᠦᠭᠦᠴᠡᠯ᠎ᠢ ᠪᠠᠢ᠌ᠭᠤᠯᠬᠤ᠎ᠨᠢ ᠤᠢ᠌ᠷ᠎ᠠ ᠵᠢᠨ ᠬᠡᠳᠦᠨ ᠵᠢᠯ᠎ᠳᠠᠬᠢ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠨᠢᠭᠡᠨ ᠭᠣᠤᠯᠳᠠᠯᠭ᠎ᠠ᠎ᠲᠠᠢ ᠠᠵᠢᠯ ᠪᠣᠯᠣᠨ᠎ᠠ᠃ ᠤᠯᠠᠮᠵᠢᠯᠠᠯᠲᠤ ᠬᠢᠨᠠᠨ ᠬᠠᠮᠢᠶᠠᠷᠬᠤ ᠵᠠᠭᠪᠤᠷ᠎ᠢ ᠪᠣᠯ ᠬᠠᠷᠢᠶ᠎ᠠ ᠭᠠᠵᠠᠷ᠎ᠤᠨ ᠬᠠᠮᠢᠶᠠᠷᠤᠯᠲᠠ᠂ ᠡᠯ᠎ᠡ ᠵᠠᠩᠭᠢᠯᠠᠭ᠎ᠠ ᠵᠢᠨ ᠬᠠᠮᠢᠶᠠᠷᠤᠯᠲᠠ᠂ ᠠᠵᠢᠯ ᠲᠥᠷᠥᠯ᠎ᠤᠨ ᠬᠠᠮᠢᠶᠠᠷᠤᠯᠲᠠ᠎ᠪᠠᠷ ᠵᠢᠷᠤᠵᠤ ᠲᠥᠯᠥᠪᠯᠡᠭᠰᠡᠨ ᠶᠤᠮ᠂ ᠬᠠᠷᠢᠨ ᠰᠦᠯᠵᠢᠶᠡᠨ᠎ᠳᠠᠬᠢ ᠠᠵᠤ ᠠᠬᠤᠶ᠋ᠢᠯᠠᠯ᠎ᠨᠢ ᠣᠷᠣᠨ ᠪᠦᠰᠡ᠂ ᠡᠯ᠎ᠡ ᠵᠠᠩᠭᠢᠯᠠᠭ᠎ᠠ᠂ ᠠᠵᠢᠯ ᠲᠥᠷᠥᠯ᠎ᠳᠤ ᠬᠢᠵᠠᠭ᠋ᠠᠷᠯᠠᠭᠳᠠᠬᠤ ᠦᠭᠡᠢ ᠪᠣᠯᠬᠣᠷ ᠲᠡᠭᠦᠨ᠎ᠢ ᠬᠢᠨᠠᠨ ᠬᠠᠮᠢᠶᠠᠷᠬᠤ᠎ᠳᠤ ᠬᠦᠴᠢᠷᠲᠡᠢ ᠪᠣᠯᠵᠤ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠵᠢᠨ ᠬᠢᠨᠠᠯᠲᠠ ᠬᠠᠮᠢᠶᠠᠷᠤᠯᠲᠠ ᠵᠢᠨ ᠢᠯᠭ᠋ᠠᠭ᠎ᠠ ᠵᠢ ᠪᠣᠢ ᠪᠣᠯᠭ᠋ᠠᠵᠠᠢ᠃ ᠡᠨᠡᠬᠦ ᠦᠵᠡᠭᠳᠡᠯ᠎ᠤᠨ ᠲᠤᠬᠠᠶ᠂ ᠣᠳᠣᠬᠠᠨ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ 《ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠠᠤᠯᠢ》 ᠵᠢᠨ ᠬᠠᠤᠯᠢ ᠲᠣᠭᠲᠠᠭ᠋ᠠᠬᠤ ᠠᠬᠢᠴᠠ ᠵᠢ ᠲᠥᠷᠭᠡᠳᠬᠡᠵᠦ᠂ 《ᠰᠦᠯᠵᠢᠶᠡᠨ᠎ᠳᠤ ᠵᠢᠵᠢᠭᠯᠡᠨ ᠬᠤᠳᠠᠯᠳᠤᠬᠤ ᠵᠢ ᠭᠤᠷᠪᠠᠳᠡᠬᠢ ᠡᠲᠡᠭᠡᠳ᠎ᠤᠨ ᠲᠠᠪᠴᠠᠩ᠎ᠳᠤ ᠠᠷᠠᠯᠵᠢᠶᠠᠯᠠᠬᠤ ᠲᠦᠷᠢᠮ᠎ᠢ ᠲᠣᠭᠲᠠᠭ᠋ᠠᠬᠤ ᠵᠢᠷᠤᠮ᠎ᠤᠨ ᠲᠣᠭᠲᠠᠭ᠋ᠠᠯ》᠎ᠢ ᠨᠡᠢ᠌ᠲᠡᠯᠡᠨ᠂ 《ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠵᠢᠷᠤᠮᠵᠢᠯ》 ᠵᠡᠷᠭᠡ ᠠᠯᠢ ᠤᠯᠠᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠵᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠢᠲᠡᠭᠡᠮᠵᠢ ᠵᠢᠨ ᠰᠢᠰᠲᠸᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠂ ᠲᠦᠷᠢᠮ᠎ᠤᠨ ᠪᠠᠲᠤᠯᠠᠭ᠎ᠠ ᠵᠢ ᠲᠠᠰᠤᠷᠠᠯᠲᠠ ᠦᠭᠡᠢ ᠪᠦᠷᠢᠨᠰᠢᠭᠦᠯᠵᠦ ᠪᠠᠢ᠌ᠨ᠎ᠠ᠃ ᠬᠣᠶᠠᠷ᠎ᠲᠤ᠂ ᠢᠨᠲᠸᠷ ᠰᠦᠯᠵᠢᠶᠡᠨ᠎ᠤ ᠬᠦᠷᠢᠶ᠎ᠡ ᠴᠠᠷᠠᠭ᠋ᠠᠨ᠎ᠳᠤ ᠡᠷᠬᠡ ᠠᠰᠢᠭ᠎ᠲᠤ ᠬᠠᠯᠳᠠᠵᠤ ᠬᠠᠭᠤᠷᠮᠠᠭ ᠵᠦᠢ᠍ᠯ ᠵᠣᠬᠢᠶᠠᠬᠤ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃ ᠭᠤᠷᠪᠠ᠎ᠳᠤ᠂ ᠣᠷᠣᠨ ᠪᠦᠰᠡ ᠵᠢᠨ ᠬᠠᠮᠵᠢᠯᠴᠠᠭ᠎ᠠ ᠵᠢ ᠠᠬᠢᠭᠤᠯᠵᠤ ᠡᠬᠢᠯᠡᠯ᠎ᠡ᠃
ᠬᠦᠲᠦᠯᠦᠭᠴᠢ᠄
ᠯᠢ ᠲᠢᠩᠬᠢᠮ᠎ᠤᠨ ᠳᠠᠷᠤᠭ᠎ᠠ ᠵᠢᠨ ᠬᠥᠯᠢᠴᠡᠩᠭᠦᠢ᠎ᠪᠠᠷ ᠲᠠᠢ᠌ᠯᠤᠮᠵᠢ ᠬᠢᠭᠰᠡᠨ᠎ᠳᠤ ᠮᠠᠰᠢ ᠲᠠᠯᠠᠷᠬᠠᠵᠤ ᠪᠠᠢ᠌ᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠦᠨᠳᠦᠷᠯᠡᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!