ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠭᠦ ᠬᠦᠴᠦᠨ ᠵᠶ᠋ᠠᠷ ᠵᠶ᠋ᠠᠨ ᠴᠤᠭᠴᠠᠯᠠᠵᠤ ᠪᠤᠢ
ᠨᠡᠶ᠋ᠢᠲᠡᠯᠡᠭᠰᠡᠨ ᠴᠠᠭ᠄ 2017-08-04


      ᠰᠤᠷᠪᠤᠯᠵᠢᠯᠠᠭᠰᠠᠨ ᠴᠠᠭ᠄
     2017 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ  
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄  
      ᠣᠶ᠋ᠢᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ ᠨᠥᠬᠥᠷ᠎ᠢ ᠤᠷᠢᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠬᠤ᠎ᠳᠤ ᠣᠯᠤᠭᠰᠠᠨ ᠮᠠᠨ᠎ᠤ ᠣᠷᠣᠨ᠎ᠤ ᠢᠯᠡᠳᠲᠡ ᠦᠷ᠎ᠡ ᠪᠦᠲᠦᠮᠵᠢ ᠵᠢ ᠨᠠᠷᠢᠨ ᠲᠠᠨᠢᠯᠴᠠᠭᠤᠯᠬᠤ ᠪᠣᠯᠣᠨ᠎ᠠ᠃ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!


              ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ ᠨᠥᠬᠥᠷ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠴᠤᠭᠴᠠᠯᠠᠬᠤ᠎ᠳᠤ ᠣᠯᠤᠭᠰᠠᠨ ᠮᠠᠨ᠎ᠤ ᠣᠷᠣᠨ᠎ᠤ ᠢᠯᠡᠳᠲᠡ ᠦᠷ᠎ᠡ ᠪᠦᠲᠦᠮᠵᠢ ᠵᠢ ᠤᠯᠠᠨ᠎ᠳᠤ ᠨᠠᠷᠢᠨ ᠲᠠᠨᠢᠯᠴᠠᠭᠤᠯᠬᠤ ᠪᠣᠯᠣᠨ᠎ᠠ᠃ ᠯᠢ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠯᠢ ᠵᠥᠩ ᠺᠠᠢ᠄
      ᠬᠥᠲᠥᠯᠥᠭᠴᠢ ᠰᠠᠶ᠋ᠢᠨ ᠪᠠᠢ᠌ᠨ᠎ᠠ ᠦᠦ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ᠃       ᠬᠥᠲᠥᠯᠥᠭᠴᠢ᠄
      ᠯᠢ ᠡᠷᠬᠢᠯᠡᠭᠴᠢ ᠡ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠡᠷᠬᠢᠨ ᠨᠠᠢ᠌ᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠬᠤ ᠲᠠᠯ᠎ᠠ᠎ᠪᠠᠷ ᠶᠠᠮᠠᠷ ᠶᠠᠮᠠᠷ ᠰᠡᠳᠬᠢᠮᠵᠢ ᠳᠤᠷᠠᠳᠤᠨ ᠭᠠᠷᠭ᠋ᠠᠵᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ?
      ᠯᠢ ᠵᠥᠩ ᠺᠠᠢ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠵᠢᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠨ ᠦᠨᠡᠨᠬᠦ ᠨᠡᠮᠡᠭᠳᠡᠭᠦᠯᠵᠦ᠂ ᠰᠢᠨ᠎ᠡ ᠬᠥᠭᠵᠢᠯᠲᠡ ᠵᠢᠨ ᠣᠨᠣᠯᠵᠢᠬᠣᠨ᠎ᠢ ᠭᠦᠨᠵᠡᠭᠡᠶ ᠦᠢ᠍ᠯᠡᠳᠦᠯᠭᠡᠵᠢᠭᠦᠯᠦᠨ᠂ ᠤᠯᠤᠰ ᠣᠷᠣᠨ᠎ᠤ ᠠᠮᠢ ᠠᠬᠤᠶ ᠵᠢᠨ ᠠᠮᠤᠷ ᠲᠦᠪᠰᠢᠨ᠎ᠤ ᠶᠡᠬᠡ ᠲᠠᠯ᠎ᠠ᠎ᠳᠠᠬᠢ ᠥᠪᠥᠷ ᠮᠣᠩᠭᠣᠯ᠎ᠤᠨ ᠪᠠᠶ᠋ᠢᠯᠳᠤᠬᠤ ᠪᠤᠳᠤᠯᠭ᠎ᠠ ᠵᠢᠨ ᠪᠠᠢ᠌ᠷᠢ ᠰᠠᠭᠤᠷᠢ ᠵᠢ ᠣᠨᠣᠪᠴᠢᠲᠠᠶ ᠡᠵᠡᠮᠰᠢᠵᠦ᠂ ᠪᠣᠬᠢᠷᠲᠤᠯ ᠥᠬᠡᠶ᠎ᠪᠠᠷ ᠣᠷᠣᠨ ᠵᠶ᠋ᠠᠨ ᠪᠠᠶᠠᠵᠢᠭᠤᠯᠬᠤ᠂ ᠪᠣᠬᠢᠷᠲᠤᠯ ᠥᠬᠡᠶ᠎ᠪᠠᠷ ᠠᠷᠠᠳ᠎ᠲᠤ ᠠᠰᠢᠭ ᠬᠦᠷᠲᠡᠭᠡᠬᠦ ᠵᠠᠮ ᠵᠶ᠋ᠡᠷ ᠡᠷᠡᠰ ᠭᠤᠶ᠋ᠢᠪᠢᠰᠢ ᠦᠭᠡᠢ ᠵᠠᠮᠨᠠᠵᠤ᠂ ᠬᠥᠮᠦᠨ ᠪᠣᠯᠤᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠥᠭᠵᠢᠭᠰᠡᠨ ᠣᠳᠣᠬᠢᠴᠢᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠬᠤ ᠵᠢ ᠬᠦᠴᠦᠯᠡᠨ ᠲᠦᠯᠬᠢᠨ ᠠᠬᠢᠭᠤᠯᠵᠤ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ᠂ ᠨᠣᠭᠣᠭ᠋ᠠᠨ ᠥᠩᠭᠡ ᠪᠣᠯ ᠥᠪᠥᠷ ᠮᠣᠩᠭᠣᠯ᠎ᠤᠨ ᠦᠨᠳᠦᠰᠦᠨ ᠦᠩᠬᠡ ᠪᠠ ᠦᠷᠳᠡᠭ᠂ ᠠᠮᠢ ᠠᠬᠤᠶ ᠪᠣᠯ ᠥᠪᠥᠷ ᠮᠣᠩᠭᠣᠯ᠎ᠤᠨ ᠬᠠᠷᠢᠭᠤᠴᠠᠯᠭ᠎ᠠ ᠪᠠ ᠲᠠᠯᠳᠠ ᠬᠦᠴᠦᠨ ᠮᠥᠨ ᠭᠡᠵᠦ ᠳᠤᠷᠠᠳᠴᠤ; ᠠᠮᠢ ᠠᠬᠤᠶ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠵᠢ ᠴᠢᠬᠤᠯᠠᠴᠢᠯᠠᠨ᠂ ᠦᠵᠡᠰᠬᠦᠯᠡᠩᠲᠦ ᠰᠠᠶ᠋ᠢᠬᠠᠨ ᠬᠢᠭᠡᠳ ᠥᠷᠨᠢᠩᠭᠦᠶ ᠬᠥᠭᠵᠢᠯᠲᠡ ᠵᠢᠨ ᠬᠣᠣᠰ ᠠᠮᠵᠢᠯᠲᠠ ᠵᠢ ᠪᠠᠷᠢᠮᠲᠠᠯᠠᠵᠤ᠂ ᠠᠵᠤ ᠠᠬᠤᠶ ᠵᠢᠨ ᠬᠥᠭᠵᠢᠯᠲᠡ ᠬᠢᠭᠡᠳ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠴᠠᠭ᠎ᠠ ᠵᠢ ᠵᠥᠪ ᠵᠶ᠋ᠠᠷ ᠰᠢᠢᠳᠪᠦᠷᠢᠯᠡᠵᠦ᠂ ᠶᠠᠭ᠋ᠠᠬᠢᠭᠰᠠᠨ ᠴᠤ᠌ ᠣᠷᠴᠢᠨ ᠲᠤᠭᠤᠷᠢᠨ ᠵᠶ᠋ᠠᠷ ᠦᠷᠡᠭᠳᠡᠯ ᠪᠣᠯᠭ᠋ᠠᠵᠤ ᠪᠠᠶ᠋ᠢᠭ᠋ᠠᠳ ᠨᠢᠭᠡ ᠴᠠᠭ᠎ᠤᠨ ᠠᠵᠤ ᠠᠬᠤᠶ ᠵᠢᠨ ᠨᠡᠮᠡᠭᠳᠡᠯ᠎ᠢ ᠠᠪᠴᠢᠷᠠᠵᠤ ᠪᠣᠯᠬᠤ ᠦᠭᠡᠢ; ᠪᠣᠬᠢᠷᠲᠤᠯ ᠦᠭᠡᠢ ᠪᠣᠯᠭ᠋ᠠᠬᠤ᠎ᠪᠠᠷ ᠬᠥᠲᠥᠯᠥᠨ ᠳᠠᠭ᠋ᠠᠭᠤᠯᠵᠤ᠂ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠳᠬᠡᠵᠦ᠂ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤᠵᠢᠭᠤᠯᠤᠨ᠎ᠠ ᠭᠡᠪᠡ᠃ ᠯᠢ ᠵᠢᠶ ᠡᡁᠸᠩ ᠱᠦᠵᠢ ᠥᠪᠥᠷ ᠮᠣᠩᠭᠣᠯ᠎ᠳᠤ ᠢᠷᠠᠵᠤ ᠠᠵᠢᠯᠯᠠᠭᠰᠠᠨ᠎ᠤ ᠳᠠᠷᠠᠭ᠎ᠠ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠪᠣᠯᠤᠨ ᠬᠣᠯᠪᠣᠭᠳᠠᠯ ᠪᠦᠬᠦᠢ ᠴᠣᠬᠣᠯᠠᠪᠤᠷᠢ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠬᠤ ᠵᠢ ᠤᠯᠠᠨ ᠤᠳᠠᠭ᠎ᠠ ᠱᠠᠭ᠋ᠠᠷᠳᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠨᠡᠩ ᠲᠣᠪᠤᠶ᠋ᠢᠮ᠎ᠠ ᠪᠠᠶ᠋ᠢᠷᠢᠨ᠎ᠳᠤ ᠲᠠᠯᠪᠢᠵᠤ ᠰᠠᠶ᠋ᠢᠲᠤᠷ ᠠᠳᠬᠤᠨ᠂ 《ᠥᠪᠥᠷ ᠮᠣᠩᠭᠣᠯ᠎ᠤᠨ ᠲᠠᠯ᠎ᠠ ᠨᠤᠲᠤᠭ᠎ᠢ ᠰᠠᠶ᠋ᠢᠲᠤᠷ ᠬᠠᠮᠠᠭ᠋ᠠᠯᠠᠵᠤ᠂ ᠪᠣᠬᠢᠷᠲᠤᠯ ᠦᠭᠡᠢ ᠡᠨᠡ ᠬᠦ᠌ ᠬᠡᠰᠡᠭ᠎ᠢ ᠰᠠᠶ᠋ᠢᠲᠤᠷ ᠰᠠᠬᠢᠨ ᠬᠠᠮᠠᠭ᠋ᠠᠯᠠᠬᠤ ᠪᠣᠯ ᠮᠠᠨ᠎ᠤ ᠡᠭᠦᠷᠡᠭᠯᠡᠵᠦ ᠪᠠᠢ᠌ᠭ᠎ᠠ ᠴᠢᠬᠤᠯᠠ ᠶᠡᠬᠡ ᠬᠠᠷᠢᠭᠤᠴᠠᠯᠭ᠎ᠠ》᠂ 《ᠪᠤᠯᠤᠳ ᠮᠡᠲᠦ ᠬᠠᠲᠠᠨ ᠵᠣᠷᠢᠭ᠂ ᠬᠠᠲᠠᠭᠤ ᠴᠢᠩᠭ᠎ᠠ ᠠᠷᠭ᠎ᠠ ᠬᠡᠮᠵᠢᠶ᠎ᠡ᠎ᠪᠠᠷ᠂ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ ᠪᠠ ᠵᠠᠰᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠬᠡᠷᠡᠭᠲᠡᠢ》 ᠬᠡᠮᠡᠨ ᠳᠤᠷᠠᠳᠴᠤ᠂ ᠥᠪᠥᠷ ᠮᠣᠩᠭᠣᠯ᠎ᠤᠨ ᠲᠩᠷᠢ᠎ᠢ ᠨᠡᠩ ᠬᠥᠬᠡᠮᠳᠦᠭ᠂ ᠠᠭᠤᠯᠠᠰ᠎ᠢ ᠨᠡᠩ ᠨᠣᠭᠣᠭ᠋ᠠᠨ᠂ ᠤᠰᠤ ᠵᠢ ᠨᠡᠩ ᠲᠤᠩᠭ᠋ᠠᠯᠠᠭ᠂ ᠠᠭ᠋ᠠᠷ᠎ᠢ ᠨᠠᠩ ᠴᠡᠯᠮᠡᠭ᠂ ᠠᠷᠠᠳ ᠲᠦᠮᠡᠨ᠎ᠢ ᠨᠡᠩ ᠪᠠᠶᠠᠷ ᠪᠠᠶᠠᠰᠤᠯ᠎ᠲᠠᠢ ᠪᠣᠯᠭ᠋ᠠᠨ᠎ᠠ ᠭᠡᠪᠡ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠠᠶ᠋ᠢᠭᠤᠯᠬᠤ ᠠᠵᠢᠯ᠎ᠢ ᠨᠢᠭᠡᠳᠦᠯᠲᠡᠶ ᠲᠥᠯᠥᠪᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠨᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠺᠣᠮᠢᠰ᠎ᠢ ᠪᠠᠶ᠋ᠢᠭᠤᠯᠵᠤ᠂ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠲᠣᠭᠲᠠᠭ᠋ᠠᠵᠤ᠂ 《ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠬᠤ ᠲᠥᠯᠥᠪᠵᠢᠭᠦᠯᠭᠡ ᠵᠢᠨ ᠲᠣᠪᠴᠢ》 ᠵᠢ ᠲᠣᠭᠲᠠᠭ᠋ᠠᠨ ᠬᠡᠷᠡᠭᠵᠢᠭᠦᠯᠪᠡ᠃ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠤᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ᠎ᠪᠠᠷ ᠳᠠᠮᠵᠢᠭᠤᠯᠤᠨ᠂ ᠣᠷᠴᠢᠨ ᠲᠤᠭᠤᠷᠢᠨ᠎ᠤ ᠲᠤᠪᠤᠢ᠌ᠮ᠎ᠠ ᠠᠰᠠᠭᠤᠳᠠᠯ᠎ᠢ ᠵᠠᠰᠠᠬᠤ᠎ᠪᠠᠨ ᠴᠢᠩᠭ᠋ᠠᠳᠬᠠᠵᠤ᠂ ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢ ᠢᠳᠡᠪᠬᠢᠲᠡᠶ ᠲᠦᠯᠬᠢᠨ ᠠᠬᠢᠭᠤᠯᠵᠤ᠂ ᠠᠮᠢ ᠠᠬᠤᠶ ᠵᠢᠨ ᠰᠣᠶᠣᠯ᠎ᠢ ᠶᠡᠬᠡᠪᠡᠷ ᠪᠣᠶ᠋ᠢᠵᠢᠭᠤᠯᠵᠤ᠂ ᠮᠠᠨ᠎ᠤ ᠣᠷᠣᠨ᠎ᠤ ᠠᠮᠢ ᠠᠬᠤᠶ ᠵᠢᠨ ᠪᠠᠶ᠋ᠢᠳᠠᠯ ᠶᠡᠷᠦᠩᠬᠡᠶ᠎ᠳᠤᠨᠢ ᠬᠣᠷᠢᠭᠯᠠᠬᠤ᠂ ᠬᠡᠰᠡᠭ ᠲᠠᠯ᠎ᠠ᠎ᠪᠠᠷ ᠰᠠᠢ᠌ᠵᠢᠷᠠᠬᠤ᠂ ᠣᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ   ᠰᠠᠢ᠌ᠵᠢᠷᠠᠭᠤᠯᠬᠤ ᠵᠢ ᠪᠡᠶᠡᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠠᠯᠬᠤᠮ ᠠᠯᠬᠤᠮ ᠵᠶ᠋ᠠᠷ ᠴᠣᠭᠴᠠᠯᠠᠨ ᠪᠠᠢ᠌ᠭᠤᠯᠵᠤ ᠪᠣᠢ᠃
      ᠬᠥᠲᠥᠯᠥᠭᠴᠢ᠄
      ᠯᠢ ᠡᠷᠬᠢᠯᠡᠭᠴᠢ ᠡ᠂ ᠣᠶ᠋ᠢᠷ᠎ᠠ ᠵᠢᠨ ᠵᠢᠯ᠎ᠠᠴᠠ ᠨᠠᠰᠢ᠂ ᠮᠠᠨ᠎ᠤ ᠣᠷᠣᠨ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠤᠨ ᠬᠠᠮᠠᠭ᠋ᠠᠯᠠᠯᠲᠠ ᠪᠣᠯᠤᠨ ᠪᠥᠳᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠢ᠂ ᠮᠠᠨ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
      ᠯᠢ ᠵᠥᠩ ᠺᠠᠢ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠭᠤᠯᠠ ᠤᠰᠤ ᠤᠢ ᠲᠠᠷᠢᠶ᠎ᠠ ᠨᠠᠭᠤᠷ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠪᠣᠯᠬᠤ ᠣᠨᠣᠯᠵᠢᠬᠣᠨ ᠵᠶ᠋ᠠᠷ᠂ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ ᠵᠢ ᠬᠠᠮᠤᠭ᠎ᠤᠨ ᠶᠡᠬᠡ ᠰᠠᠭᠤᠷᠢ ᠪᠦᠳᠦᠭᠡᠨ ᠪᠠᠶ᠋ᠢᠭᠤᠯᠤᠯᠲᠠ ᠪᠠ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠪᠣᠳᠠᠲᠤ ᠶᠠᠪᠤᠳᠠᠯ ᠪᠣᠯᠭ᠋ᠠᠨ ᠠᠳᠬᠤᠬᠤ ᠵᠢ ᠪᠠᠷᠢᠮᠲᠠᠯᠠᠪᠠ᠃ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠪᠠᠶ᠋ᠢᠭ᠋ᠠᠯᠢ ᠵᠢᠨ ᠤᠢ ᠮᠣᠳᠣᠨ᠎ᠤ ᠡᠬᠢ ᠪᠠᠶᠠᠯᠢᠭ᠎ᠢ ᠬᠠᠮᠠᠭ᠋ᠠᠯᠠᠬᠤ᠂ 《ᠭᠤᠷᠪᠠᠨ ᠤᠮᠠᠷᠠᠲᠤ》 ᠵᠢᠨ ᠬᠠᠯᠬᠠᠪᠴᠢ ᠣᠶ ᠵᠢᠨ ᠪᠥᠲᠥᠭᠡᠨ ᠪᠠᠶ᠋ᠢᠭᠤᠯᠤᠯᠲᠠ᠂ ᠲᠠᠷᠢᠶᠠᠯᠠᠬᠤ᠎ᠪᠠᠨ ᠪᠣᠯᠢᠵᠤ ᠣᠶ᠋ᠢᠵᠢᠭᠤᠯᠬᠤ ᠵᠢ ᠰᠡᠷᠭᠦᠭᠡᠬᠦ᠂ ᠮᠠᠯᠯᠠᠬᠤ᠎ᠪᠠᠨ ᠪᠣᠯᠢᠵᠤ ᠡᠪᠡᠰᠦ ᠪᠡᠯᠴᠢᠭᠡᠷ᠎ᠢ ᠰᠡᠷᠭᠦᠭᠡᠬᠦ᠂ ᠭᠣᠣᠯᠳᠠᠯᠭ᠎ᠠ᠎ᠲᠠᠢ ᠣᠷᠣᠨ ᠪᠦᠰᠡ᠎ᠳᠤ ᠮᠣᠳᠣ ᠲᠡᠷᠢᠵᠤ ᠣᠶ᠋ᠢᠵᠢᠭᠤᠯᠬᠤ ᠵᠡᠷᠭᠡ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠪᠥᠬᠥ ᠣᠷᠣᠨ᠎ᠳᠤ ᠵᠢᠯ ᠪᠦᠷᠢ 1400 ᠲᠦᠮᠡᠨ ᠮᠦ᠍᠎ᠠᠴᠠ ᠳᠡᠭᠡᠭᠰᠢᠬᠢ ᠭᠠᠵᠠᠷ᠎ᠲᠤ ᠤᠢ ᠮᠣᠳᠣ ᠣᠢ᠌ᠵᠢᠭᠤᠯᠤᠨ᠂ 4500 ᠲᠦᠮᠡᠨ ᠮᠦ᠍᠎ᠠᠴᠠ ᠳᠡᠭᠡᠭᠰᠢᠬᠢ ᠨᠤᠲᠤᠭ ᠪᠡᠯᠴᠢᠭᠡᠷ᠎ᠢ ᠪᠦᠳᠦᠭᠡᠨ ᠪᠠᠢ᠌ᠭᠤᠯᠵᠤ᠂ 650 ᠲᠦᠮᠡᠨ ᠮᠦ᠍᠎ᠠᠴᠠ ᠳᠡᠭᠡᠭᠰᠢᠬᠢ ᠬᠥᠷᠥᠰᠥ ᠰᠢᠷᠣᠶ ᠵᠢᠨ ᠢᠳᠡᠭᠳᠡᠯ᠎ᠢ   ᠵᠠᠰᠠᠬᠤ ᠵᠢ ᠪᠡᠶᠡᠯᠡᠭᠦᠯᠪᠡ᠃ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠱᠠᠩᠨᠠᠯ᠎ᠤᠨ ᠳᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ 10.2 ᠳ᠋ᠦᠩᠰᠢᠭᠤᠷ ᠮᠥ᠍ ᠠᠰᠢᠭᠯᠠᠵᠤ ᠪᠣᠯᠬᠤ ᠨᠤᠲᠤᠭ ᠪᠡᠯᠴᠢᠭᠡᠷ᠎ᠢ   ᠪᠦᠬᠦᠨ᠎ᠢ ᠬᠠᠮᠠᠭ᠋ᠠᠯᠠᠯᠲᠠ ᠵᠢᠨ ᠬᠡᠪᠴᠢᠶᠡᠨ᠎ᠳᠤ ᠣᠷᠣᠭᠤᠯᠵᠤ᠂ 4 .05 ᠳ᠋ᠦᠩᠰᠢᠭᠤᠷ ᠮᠦ᠍᠎ᠳᠤ ᠪᠡᠯᠴᠢᠭᠡᠷᠯᠡᠭᠦᠯᠬᠦ ᠵᠢ   ᠴᠠᠭ᠋ᠠᠵᠠᠯᠠᠨ ᠬᠣᠷᠢᠵᠤ᠂ 6.15 ᠳ᠋ᠦᠩᠰᠢᠭᠤᠷ ᠮᠦ᠍ ᠮᠠᠯ ᠪᠡᠯᠴᠢᠭᠡᠷ᠎ᠢ ᠲᠡᠩᠴᠡᠭᠦᠷᠢᠰᠢᠭᠦᠯᠪᠡ᠃ ᠬᠥᠯᠥᠨ ᠨᠠᠭᠤᠷ᠂ ᠤᠯᠠᠭ᠋ᠠᠨᠰᠣᠬᠠᠢ ᠨᠠᠭᠤᠷ᠂ ᠲᠠᠭ᠎ᠠ ᠵᠢᠨ ᠨᠠᠭᠤᠷ ᠵᠡᠷᠭᠡ ᠭᠣᠣᠯᠳᠠᠯᠭ᠎ᠠ᠎ᠲᠠᠢ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠤᠰᠤᠨ᠎ᠤ ᠴᠢᠨᠠᠷ᠎ᠢ ᠠᠯᠬᠤᠮ ᠠᠯᠬᠤᠮ ᠵᠶ᠋ᠠᠷ ᠰᠠᠢ᠌ᠵᠢᠷᠠᠭᠤᠯᠵᠤ᠂ ᠤᠰᠤᠨ᠎ᠤ ᠬᠡᠮᠵᠢᠶ᠎ᠡ ᠵᠢ ᠠᠯᠬᠤᠮ ᠠᠯᠬᠤᠮ ᠵᠶ᠋ᠠᠷ ᠨᠡᠮᠡᠭᠳᠡᠭᠦᠯᠪᠡ᠃ ᠵᠠᠰᠠᠯᠲᠠ᠎ᠪᠠᠷ ᠳᠠᠮᠵᠢᠭᠤᠯᠤᠨ᠂ ᠮᠠᠨ᠎ᠤ ᠣᠷᠣᠨ᠎ᠤ ᠤᠢ ᠰᠢᠭᠤᠶ ᠵᠢᠨ ᠲᠠᠯᠠᠪᠠᠢ᠂ ᠤᠷᠭᠤᠭ᠎ᠠ ᠮᠣᠳᠣᠨ᠎ᠤ ᠬᠠᠳᠠᠭ᠋ᠠᠯᠠᠭᠳᠠᠴᠠ ᠵᠢᠨ ᠬᠡᠮᠵᠢᠶ᠎ᠡ ᠵᠢᠨ 《ᠬᠣᠣᠰ ᠨᠡᠮᠡᠭᠳᠡᠯ》᠎ᠢ ᠪᠡᠶᠡᠯᠡᠭᠦᠯᠵᠦ᠂ 《11· 5》 ᠵᠢᠨ ᠲᠥᠯᠥᠪᠵᠢᠭᠦᠯᠭᠡ ᠵᠢᠨ ᠰᠡᠭᠦᠯᠴᠢ ᠵᠢᠨ 3.6 ᠳ᠋ᠦᠩᠰᠢᠭᠤᠷ ᠮᠥ᠍᠂ 13.6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢ᠌ᠭᠰᠠᠨ᠎ᠠᠴᠠ 3.73 ᠳ᠋ᠦᠩᠰᠢᠭᠤᠷ ᠮᠦ᠍᠂ 14.84 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠬᠦᠷᠲᠡᠯ᠎ᠡ ᠳᠡᠭᠡᠭᠰᠢᠯᠡᠭᠦᠯᠪᠡ᠂ ᠤᠢ ᠰᠢᠭᠤᠶ ᠵᠢᠨ ᠪᠦᠷᠬᠦᠴᠡ ᠵᠢᠨ ᠨᠤᠷᠮ᠎ᠠ 21.03%᠎ᠳᠤ   ᠬᠦᠷᠪᠡ; ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠲᠠᠯᠠᠪᠠᠢ ᠵᠢᠨ 《ᠬᠣᠶᠠᠷ᠎ᠢ ᠪᠠᠭ᠋ᠠᠰᠬᠠᠬᠤ》 ᠵᠢ ᠪᠡᠶᠡᠯᠡᠭᠦᠯᠵᠦ᠂ ᠲᠤᠰ ᠲᠤᠰ 625 ᠲᠦᠮᠡᠨ ᠮᠥ᠍ ᠪᠠ 515 ᠲᠦᠮᠡᠨ ᠮᠥ᠍ ᠪᠠᠭ᠋ᠠᠰᠬᠠᠪᠠ; ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ 44%᠎ᠳᠤ ᠬᠦᠷᠴᠦ᠂ 《11· 5》 ᠵᠢᠨ ᠲᠥᠯᠥᠪᠵᠢᠭᠦᠯᠭᠡ ᠵᠢᠨ ᠰᠡᠭᠦᠯᠴᠢ ᠵᠢᠨ   ᠬᠤᠭᠤᠴᠠᠭ᠎ᠠ᠎ᠠᠴᠠ 7 ᠵᠠᠭᠤᠨ᠎ᠤ ᠴᠡᠭ ᠳᠡᠭᠡᠭᠰᠢᠯᠡᠵᠦ᠂ ᠳᠡᠭᠡᠷ᠎ᠡ ᠵᠠᠭᠤᠨ᠎ᠤ ᠨᠠᠶᠠᠭ᠋ᠠᠳ ᠣᠨ᠎ᠤ ᠬᠠᠮᠤᠭ᠎ᠤᠨ ᠰᠠᠢ᠌ᠨ ᠬᠢᠷᠢ ᠬᠡᠮᠵᠢᠶᠡᠨ᠎ᠳᠤ ᠣᠢ᠌ᠷᠠᠲᠤᠪᠠ᠃ 2016 ᠣᠨ᠎ᠳᠤ ᠶᠡᠷᠦᠩᠬᠡᠶ ᠱᠦᠵᠢ ᠰᠢ ᠵᠢᠨ ᠫᠢᠩ ᠮᠠᠨ᠎ᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠪᠦᠳᠦᠭᠡᠨ ᠪᠠᠶ᠋ᠢᠭᠤᠯᠤᠯᠲᠠ ᠵᠢᠨ ᠠᠮᠵᠢᠯᠲᠠ᠎ᠳᠤ ᠴᠢᠬᠤᠯᠠ ᠴᠣᠬᠣᠯᠠᠪᠤᠷᠢ ᠦᠭᠴᠦ 《ᠥᠪᠥᠷ ᠮᠣᠩᠭᠣᠯ᠂ ᠭᠠᠨᠰᠦ᠂ ᠨᠢᠩᠰᠢᠶᠠ ᠭᠤᠷᠪᠠᠨ ᠮᠤᠵᠢ ᠣᠷᠣᠨ ᠪᠣᠯ ᠮᠠᠨ᠎ᠤ ᠤᠯᠤᠰ᠎ᠤᠨ ᠭᠠᠵᠠᠷ ᠰᠢᠷᠣᠶ ᠵᠢᠨ ᠴᠦᠯᠵᠢᠯᠲᠡ᠂ ᠡᠯᠡᠰᠦᠷᠬᠡᠭᠵᠢᠯ᠎ᠢ ᠵᠠᠰᠠᠬᠤ ᠭᠣᠣᠯᠳᠠᠯᠭ᠎ᠠ᠎ᠲᠠᠢ ᠣᠷᠣᠨ ᠪᠦᠰᠡ ᠪᠤᠯᠤᠨ᠎ᠠ᠂ ᠤᠢ᠌ᠷ᠎ᠠ ᠵᠢᠨ ᠵᠢᠯ᠎ᠤᠳ᠎ᠲᠤ ᠭᠤᠷᠪᠠᠨ ᠮᠤᠵᠢ ᠣᠷᠣᠨ᠎ᠤ ᠠᠮᠢ ᠠᠬᠤᠶ ᠵᠢ ᠬᠠᠮᠠᠭ᠋ᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠪᠤᠯᠬᠤᠷ ᠬᠠᠲᠠᠭᠤ ᠵᠤᠷᠢᠭ ᠵᠶ᠋ᠠᠨ ᠪᠠᠷᠢᠮᠲᠠᠯᠠᠨ᠂ ᠤᠯᠠᠮ ᠢᠯᠡᠭᠦᠦ ᠴᠢᠷᠮᠠᠢ᠌ᠵᠤ᠂ ᠦᠷ᠎ᠡ ᠪᠦᠲᠦᠭᠡᠯ᠎ᠢ ᠲᠠᠰᠤᠷᠠᠯᠲᠠ ᠦᠭᠡᠶ ᠪᠡᠬᠢᠵᠢᠭᠦᠯᠦᠨ ᠥᠷᠭᠡᠳᠬᠡᠬᠦ ᠬᠡᠷᠡᠭᠲᠡᠢ》 ᠭᠡᠪᠡ᠃
      ᠬᠥᠲᠥᠯᠥᠭᠴᠢ᠄
      ᠯᠢ ᠡᠷᠬᠢᠯᠡᠭᠴᠢ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠠᠰᠠᠭᠤᠳᠠᠯ ᠪᠣᠯ ᠤᠯᠠᠨ ᠲᠦᠮᠡᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠠᠰᠠᠭᠤᠳᠠᠯ ᠪᠤᠯᠤᠨ᠎ᠠ᠂ ᠮᠠᠨ᠎ᠤ ᠣᠷᠣᠨ ᠣᠷᠴᠢᠨ ᠲᠤᠭᠤᠷᠢᠨ᠎ᠤ ᠳᠤᠪᠤᠢ᠌ᠮ᠎ᠠ ᠠᠰᠠᠭᠤᠳᠠᠯ᠎ᠢ ᠵᠠᠰᠠᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠ ᠦᠷ᠎ᠡ ᠪᠦᠲᠦᠮᠵᠢ᠎ᠲᠠᠢ ᠪᠤᠢ?
      ᠯᠢ ᠵᠦᠩ ᠺᠠᠢ᠄
      ᠮᠠᠨ᠎ᠤ ᠣᠷᠣᠨ ᠣᠷᠴᠢᠨ ᠲᠤᠭᠤᠷᠢᠨ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠡᠷᠡᠰ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠵᠢ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠪᠠ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠪᠤᠯᠭ᠋ᠠᠵᠤ᠂ ᠡᠬᠢ ᠡᠭᠦᠰᠦᠯ᠎ᠠᠴᠠ᠎ᠨᠢ ᠤᠷᠢᠳᠴᠢᠯᠠᠨ ᠰᠡᠷᠭᠡᠶ᠋ᠢᠯᠡᠬᠦ᠂ ᠪᠦᠬᠦ ᠶᠠᠪᠤᠴᠠ ᠵᠢ ᠬᠠᠮᠢᠶᠠᠷᠤᠨ ᠡᠵᠡᠮᠳᠡᠬᠦ ᠪᠠ ᠥᠨᠳᠥᠷ ᠪᠦᠲᠦᠮᠵᠢᠲᠡᠶ᠎ᠪᠠᠷ ᠵᠠᠰᠠᠬᠤ ᠵᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ᠎ᠠᠴᠠ 《ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠤᠨ ᠡᠭᠦᠷᠭᠡ ᠬᠠᠷᠢᠭᠤᠴᠠᠯᠭ᠎ᠠ》 ᠵᠢ ᠲᠤᠭᠲᠠᠭ᠋ᠠᠭᠰᠠᠨ᠎ᠨᠢ᠂ ᠮᠦᠨ ᠴᠤ᠌ ᠮᠠᠨ᠎ᠤ ᠤᠯᠤᠰ᠎ᠤᠨ ᠠᠩᠬᠠᠳᠠᠭᠴᠢ ᠮᠤᠵᠢ ᠵᠢᠨ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠡᠷ᠎ᠡ᠎ᠪᠠᠷ ᠪᠠᠭᠤᠯᠭ᠋ᠠᠭᠰᠠᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠤᠨ ᠲᠤᠬᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠤᠨ ᠪᠢᠴᠢᠭ ᠮᠠᠲ᠋ᠧᠷᠢᠶᠠᠯ ᠪᠤᠯᠤᠨ᠎ᠠ᠂ ᠡᠯ᠎ᠡ ᠭᠠᠵᠠᠷ᠎ᠤᠨ᠎ᠬᠢᠨ᠎ᠢ 《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠵᠤ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠤᠯᠤᠰ᠎ᠤᠨ ᠠᠭ᠋ᠠᠷ ᠮᠠᠨᠳᠠᠯ᠂ ᠤᠰᠤ᠂ ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠋ᠠᠨ᠎ᠤ ᠲᠥᠯᠥᠪᠯᠡᠭᠡ ᠵᠢᠨ ᠬᠡᠷᠡᠭᠵᠢᠭᠦᠯᠬᠦ ᠲᠦᠰᠦᠯ ᠶᠤᠰᠤᠭ᠋ᠠᠷ᠂ ᠥᠪᠡᠷᠲᠡᠭᠡᠨ ᠵᠠᠰᠠᠬᠤ ᠣᠷᠣᠨ ᠵᠣᠬᠢᠴᠠᠩᠭᠤᠶ ᠬᠡᠷᠡᠭᠵᠢᠭᠦᠯᠬᠦ ᠰᠠᠨᠠᠯ ᠨᠡᠶ᠋ᠢᠲᠡᠯᠡᠵᠦ᠂ ᠬᠠᠷᠠᠯᠲᠠ ᠵᠢᠨ ᠡᠭᠦᠷᠭᠡ ᠵᠢ ᠤᠯᠠᠮ ᠨᠢᠭᠡ ᠠᠯᠬᠤᠮ ᠢᠯᠭ᠋ᠠᠨ ᠬᠤᠪᠢᠶᠠᠷᠢᠯᠠᠵᠤ᠂ ᠪᠣᠳᠠᠲᠠᠶ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠤᠳᠤᠷᠬᠠᠢ᠌ᠯᠠᠪᠠ᠃ ᠥᠪᠡᠷᠲᠡᠭᠡᠨ ᠵᠠᠰᠠᠬᠤ ᠣᠷᠣᠨ ᠨᠢᠭᠡᠨᠲᠡ ᠪᠡᠭᠡᠵᠢᠩ ᠲᠢᠶᠠᠨᠵᠢᠨ ᠾᠸᠪᠸᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠂ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠨ ᠬᠠᠮᠵᠢᠯᠴᠠᠬᠤ ᠲᠤᠭᠲᠠᠴᠠ᠎ᠳᠤ ᠤᠷᠤᠯᠴᠠᠵᠤ᠂ ᠪᠠᠰᠠ ᠨᠢᠩᠰᠢᠶᠠ᠎ᠯᠤᠭ᠎ᠠ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠬᠠᠮᠲᠤᠷᠠᠯᠴᠠᠭ᠋ᠠᠨ᠎ᠤ ᠲᠤᠬᠠᠶ ᠰᠠᠨᠠᠮᠵᠢ ᠪᠢᠴᠢᠭ᠎ᠲᠤ ᠭᠠᠷ᠎ᠤᠨ ᠦᠰᠦᠭ ᠵᠢᠷᠤᠪᠠ᠃ ᠬᠠᠲᠠᠭᠤ ᠴᠢᠩᠭ᠎ᠠ ᠠᠷᠭ᠎ᠠ ᠠᠪᠴᠤ᠂ ᠥᠴᠦᠬᠡᠨ ᠴᠦ᠍ ᠠᠭᠤᠴᠢᠯᠠᠬᠤ ᠦᠭᠡᠢ ᠤᠪᠤᠷ ᠵᠶ᠋ᠠᠷ ᠠᠮᠢ ᠠᠬᠤᠶ ᠵᠢ ᠡᠪᠳᠡᠨ᠂ ᠣᠷᠴᠢᠨ ᠲᠣᠭᠣᠷᠢᠨ᠎ᠢ ᠪᠣᠬᠢᠷᠲᠤᠭᠤᠯᠬᠤ ᠬᠠᠤᠯᠢ᠎ᠠᠴᠠ ᠵᠥᠷᠢᠴᠡᠭᠰᠡᠨ ᠡᠯ᠎ᠡ ᠲᠦᠷᠦᠯ᠎ᠤᠨ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠪᠡ᠃ 2016 ᠣᠨ᠎ᠳᠤ᠂ ᠪᠦᠬᠦ ᠣᠷᠣᠨ᠎ᠤ 12 ᠠᠶ᠋ᠢᠮᠠᠭ ᠬᠣᠲᠠ ᠵᠢᠨ ᠠᠭᠤᠷ ᠠᠮᠢᠰᠬᠤᠯ᠎ᠤᠨ ᠶᠠᠰᠤ ᠴᠢᠨᠠᠷ᠎ᠤᠨ ᠳᠤᠮᠳᠠᠴᠢ ᠪᠠᠷᠢᠮᠵᠢᠶ᠎ᠠ᠎ᠳᠤ ᠬᠦᠷᠦᠭᠰᠡᠨ ᠡᠳᠦᠷ᠎ᠤᠨ ᠲᠣᠭ᠎ᠠ᠎ᠨᠢ 314 ᠡᠳᠦᠷ ᠪᠠᠢ᠌ᠵᠤ᠂ ᠰᠠᠢ᠌ᠨ ᠡᠳᠦᠷ᠎ᠤᠨ ᠲᠣᠭ᠎ᠠ ᠵᠢᠨ ᠬᠠᠷᠢᠴᠠᠯ᠎ᠨᠢ 86%᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ᠎ᠪᠠᠨ 5.1 ᠵᠠᠭᠤᠨ᠎ᠤ ᠴᠡᠭ ᠳᠡᠭᠡᠭᠰᠢᠯᠡᠵᠡᠢ; ᠪᠦᠬᠦ ᠣᠷᠣᠨ᠎ᠤ ᠲᠤᠰᠬᠠᠶ ᠣᠷᠣᠨ᠎ᠤ ᠲᠡᠰ᠎ᠤᠨ ᠬᠤᠲᠠ ᠵᠢᠨ ᠲᠥᠪᠯᠡᠷᠡᠭᠰᠡᠨ ᠬᠡᠯᠪᠡᠷᠢ ᠵᠢᠨ ᠤᠤᠭᠤᠬᠤ ᠤᠰᠤᠨ᠎ᠤ ᠰᠤᠷᠪᠤᠯᠵᠢ ᠵᠢᠨ ᠳᠤᠮᠳᠠᠴᠢ ᠤᠰᠤ ᠲᠠᠲᠠᠬᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠤᠷᠮ᠎ᠠ᠎ᠨᠢ 89.9%᠎ᠳᠤ ᠬᠦᠷᠴᠦ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠬᠣᠭ ᠨᠣᠪᠰᠢ ᠰᠢᠢᠳᠪᠦᠷᠢᠯᠡᠬᠦ ᠲᠠᠯᠠᠪᠠᠢ ᠨᠢᠭᠡᠨᠲᠡ ᠰᠢᠶᠠᠨ ᠬᠤᠲᠠ᠎ᠳᠤ ᠪᠦᠷᠢᠨ ᠪᠦᠷᠬᠦᠭᠦᠯᠬᠦ ᠵᠢ ᠪᠡᠶᠡᠯᠡᠭᠦᠯᠵᠦ᠂ ᠬᠣᠲᠠ ᠪᠠᠯᠭ᠋ᠠᠰᠤ ᠵᠢᠨ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠤᠷᠮ᠎ᠠ 36.7%᠎ᠳᠤ ᠬᠦᠷᠴᠦ᠂ ᠪᠦᠬᠦ ᠣᠷᠣᠨ᠎ᠤ ᠣᠷᠴᠢᠨ ᠲᠣᠭᠣᠷᠢᠨ᠎ᠤ ᠪᠠᠶ᠋ᠢᠳᠠᠯ ᠢᠯᠡᠳᠲᠡ ᠰᠠᠶ᠋ᠢᠵᠢᠷᠠᠪᠠ᠃
      ᠬᠥᠲᠥᠯᠥᠭᠴᠢ᠄
      ᠯᠢ ᠡᠷᠬᠢᠯᠡᠭᠴᠢ᠂ ᠮᠠᠨ᠎ᠤ ᠣᠷᠣᠨ᠎ᠤ ᠪᠣᠬᠢᠷᠲᠤᠯ ᠦᠭᠡᠢ᠎ᠪᠠᠷ ᠬᠦᠭᠵᠢᠭᠦᠯᠬᠦ᠂ ᠡᠨᠧᠷᠭᠢ ᠠᠷᠪᠢᠯᠠᠵᠤ ᠬᠣᠷᠣᠭᠳᠠᠯ᠎ᠢ ᠪᠠᠭ᠋ᠠᠰᠬᠠᠬᠤ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠲᠣᠪᠣᠶ᠋ᠢᠮ᠎ᠠ ᠦᠷ᠎ᠡ ᠪᠦᠲᠦᠮᠵᠢ ᠣᠯᠤᠭᠰᠠᠨ ᠪᠤᠢ?       ᠯᠢ ᠵᠦᠩ ᠺᠠᠢ᠄
      ᠮᠠᠨ᠎ᠤ ᠣᠷᠣᠨ ᠬᠤᠴᠤᠷᠤᠩᠭᠤᠢ ᠪᠠ ᠦᠯᠡᠭᠦᠳᠡᠵᠦ ᠪᠠᠢ᠌ᠭ᠎ᠠ ᠦᠢ᠍ᠯᠡᠳᠪᠦᠷᠢᠯᠡᠬᠦ ᠴᠢᠳᠠᠪᠤᠷᠢ ᠵᠢ ᠢᠳᠡᠪᠬᠢᠲᠡᠢ᠎ᠪᠠᠷ ᠰᠢᠭᠰᠢᠭᠳᠡᠭᠦᠯᠦᠨ ᠠᠷᠢᠯᠭ᠋ᠠᠵᠤ᠂ ᠤᠢ᠌ᠷ᠎ᠠ ᠵᠢᠨ ᠭᠤᠷᠪᠠᠨ ᠵᠢᠯ᠎ᠳᠤ ᠨᠡᠢ᠌ᠲᠡ 1300 ᠲᠦᠮᠡᠨ ᠲᠣᠨ ᠤᠷᠴᠢᠮ᠎ᠤᠨ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ᠂ 297 ᠲᠣᠨ ᠠᠭᠤᠷ ᠢᠯᠴᠢ ᠵᠢᠨ ᠬᠦᠴᠦᠨ᠎ᠢ ᠰᠢᠭᠰᠢᠵᠦ᠂ 24.1 ᠲᠦᠮᠡᠨ ᠺᠢᠯᠣᠸᠠᠲ ᠵᠢᠵᠢᠭ ᠢᠯᠴᠢ ᠵᠢᠨ ᠴᠠᠬᠢᠯᠭ᠋ᠠᠨ᠎ᠢ ᠬᠠᠭ᠋ᠠᠵᠤ ᠵᠤᠭᠰᠤᠭ᠋ᠠᠪᠠ; 2016 ᠣᠨ᠎ᠳᠤ ᠲᠤᠰ ᠲᠤᠰ 300 ᠲᠦᠮᠡᠨ ᠳᠦ᠍ᠨ ᠪᠠ 291.3 ᠲᠦᠮᠡᠨ ᠲᠣᠨ ᠨᠡᠭᠦᠷᠡᠰᠦ ᠪᠠ ᠪᠣᠯᠣᠳ ᠲᠡᠮᠦᠷ ᠦᠢᠯᠡᠳᠪᠦᠷᠢᠯᠡᠬᠦ ᠴᠢᠳᠠᠪᠤᠷᠢ ᠵᠢ ᠪᠤᠴᠠᠭ᠋ᠠᠨ ᠭᠠᠷᠭ᠋ᠠᠵᠤ᠂ ᠨᠡᠶ᠋ᠢᠲᠡ ᠡᠨ᠋ᠸᠷᠬᠢ ᠠᠷᠪᠢᠯᠠᠭᠰᠠᠨ 660 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠪᠤᠢ ᠪᠤᠯᠭ᠋ᠠᠪᠠ᠃ ᠤᠢ᠌ᠷ᠎ᠠ ᠵᠢᠨ ᠭᠤᠷᠪᠠᠨ ᠵᠢᠯ᠎ᠳᠤ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠡ ᠵᠢᠨ ᠡᠨᠧᠷᠭᠢ ᠵᠢᠨ ᠠᠰᠢᠭᠯᠠᠮᠵᠢ ᠵᠢ ᠶᠡᠷᠦᠩᠬᠡᠶ᠋ᠢᠯᠡᠨ ᠳᠡᠭᠡᠭᠰᠢᠯᠡᠭᠦᠯᠬᠦ᠂ ᠠᠵᠤ ᠦᠢ᠍ᠯᠡᠳᠪᠦᠷᠢ ᠵᠢᠨ ᠦᠯᠡᠳᠡᠭᠳᠡᠯ ᠢᠯᠴᠢ᠎ᠪᠠᠷ ᠠᠷᠠᠳ᠎ᠲᠤ ᠳᠤᠯᠠᠭ᠋ᠠᠨ ᠬᠠᠩᠭ᠋ᠠᠬᠤ᠂ ᠨᠡᠭᠦᠷᠡᠰᠦ ᠰᠢᠲᠠᠭ᠋ᠠᠬᠤ ᠵᠤᠤᠬ᠎ᠠ ᠵᠢ ᠡᠨᠧᠷᠭᠢ ᠠᠷᠪᠢᠯᠠᠵᠤ ᠣᠷᠴᠢᠨ ᠲᠤᠭᠤᠷᠢᠨ᠎ᠢ ᠬᠠᠮᠠᠭ᠋ᠠᠯᠠᠬᠤ᠎ᠪᠠᠷ ᠦᠭᠡᠷᠡᠴᠢᠯᠡᠨ ᠵᠠᠰᠠᠬᠤ᠂ ᠴᠠᠬᠢᠯᠭ᠋ᠠᠨ ᠮᠠᠰᠢᠨ᠎ᠤ ᠰᠢᠰᠲ᠋ᠧᠮ᠎ᠤᠨ ᠡᠨᠧᠷᠭᠢ ᠠᠷᠪᠢᠯᠠᠬᠤ᠂ ᠡᠨᠧᠷᠭᠢ ᠵᠢᠨ ᠰᠢᠰᠲ᠋ᠧᠮ᠎ᠢ ᠰᠢᠯᠢᠳᠡᠭᠵᠢᠭᠦᠯᠬᠦ ᠵᠡᠷᠭᠡ ᠡᠨᠧᠷᠭᠢ ᠠᠷᠪᠢᠯᠠᠬᠤ ᠭᠣᠣᠯᠳᠠᠯᠭ᠎ᠠ᠎ᠲᠠᠢ ᠪᠠᠷᠢᠯᠭ᠎ᠠ ᠵᠢᠨ ᠲᠥᠷᠥᠯ ᠵᠦᠢ᠍ᠯ᠎ᠢ ᠨᠡᠢ᠌ᠲᠡ 100 ᠵᠤᠬᠢᠶᠠᠨ ᠪᠠᠢ᠌ᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠨᠢᠭᠡᠴᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠤᠨ ᠡᠨᠧᠷᠭᠢ ᠵᠢᠨ ᠬᠣᠷᠣᠭᠳᠠᠯ ᠨᠡᠶ᠋ᠢᠲᠡ 20.5% ᠪᠠᠭᠤᠷᠠᠭᠰᠠᠨ ᠪᠠᠶ᠋ᠢᠨ᠎ᠠ᠃ ᠡᠨᠧᠷᠭᠢ ᠵᠢᠨ ᠬᠣᠷᠣᠭᠳᠠᠯ᠎ᠤᠨ ᠬᠢᠵᠠᠭ᠋ᠠᠷ ᠲᠣᠭ᠎ᠠ ᠵᠢᠨ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠨᠧᠷᠭᠢ ᠵᠢᠨ ᠠᠰᠢᠭᠯᠠᠮᠵᠢ ᠵᠢᠨ ᠪᠠᠷᠢᠮᠵᠢᠶ᠎ᠠ᠎ᠳᠤ ᠬᠦᠷᠭᠡᠬᠦ ᠪᠠᠷᠢᠮᠵᠢᠶ᠎ᠠ᠎ᠲᠠᠢ ᠬᠠᠷᠢᠴᠠᠭᠤᠯᠬᠤ ᠠᠵᠢᠯᠯᠠᠭ᠎ᠠ ᠵᠢ ᠥᠷᠨᠢᠭᠦᠯᠵᠦ᠂ ᠴᠠᠬᠢᠯᠭ᠋ᠠᠨ ᠵᠠᠳᠠᠯᠤᠯᠲᠤ ᠬᠦᠩᠭᠡᠨ ᠴᠠᠭ᠋ᠠᠨ᠂ ᠱᠦᠢ᠍ᠨᠢ ᠵᠢᠨ ᠠᠵᠢᠯ ᠲᠦᠷᠦᠯ᠎ᠤᠨ ᠱᠠᠲᠤᠯᠢᠭ ᠴᠠᠬᠢᠯᠭ᠋ᠠᠨ᠎ᠤ ᠦᠨ᠎ᠡ ᠵᠢᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠲᠤᠰᠬᠠᠶ ᠬᠢᠨᠠᠯᠲᠠ ᠪᠠᠢ᠌ᠴᠠᠭ᠋ᠠᠯᠲᠠ ᠵᠢ ᠦᠷᠨᠢᠭᠦᠯᠪᠡ᠃ ᠡᠨᠧᠷᠭᠢ ᠵᠢᠨ ᠠᠰᠢᠭᠯᠠᠮᠵᠢ ᠵᠢᠨ 《ᠲᠠᠭ᠋ᠠᠭᠤᠯᠤᠭᠴᠢ》 ᠵᠢᠨ ᠲᠦᠷᠢᠮ᠎ᠢ ᠬᠡᠷᠡᠭᠵᠢᠭᠦᠯᠬᠦ ᠵᠢ ᠠᠬᠢᠭᠤᠯᠵᠤ᠂ 1 ᠡᠷᠦᠬᠡ ᠱᠦᠢ᠍ᠨᠢ ᠵᠢᠨ ᠠᠵᠤ ᠠᠬᠤᠶ᠋ᠢᠯᠠᠯ ᠠᠮᠵᠢᠯᠲᠠ᠎ᠲᠠᠢ᠎ᠪᠠᠷ ᠤᠯᠤᠰ᠎ᠤᠨ ᠱᠦᠢ᠍ᠨᠢ ᠵᠢᠨ ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ 《ᠲᠠᠭ᠋ᠠᠭᠤᠯᠤᠭᠴᠢ》᠎ᠪᠠᠷ ᠰᠤᠩᠭᠤᠭᠳᠠᠪᠠ᠃ ᠨᠢᠭᠡᠨᠲᠡ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ᠎ᠪᠠᠷ ᠦᠭᠡᠷᠡᠴᠢᠯᠡᠨ ᠵᠠᠰᠠᠬᠤ ᠵᠢ ᠶᠡᠬᠡᠪᠡᠷ ᠠᠬᠢᠭᠤᠯᠵᠤ᠂ ᠤᠢ᠌ᠷ᠎ᠠ ᠵᠢᠨ ᠭᠤᠷᠪᠠᠨ ᠵᠢᠯ᠎ᠳᠤ ᠥᠭᠡᠷᠡᠴᠢᠯᠡᠯᠲᠡ ᠵᠢᠨ ᠲᠠᠯᠠᠪᠠᠢ ᠵᠢ 3300 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠲᠤᠯ ᠦᠭᠡᠢ ᠪᠠᠷᠢᠯᠭ᠎ᠠ ᠵᠢ 300 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠠᠷ ᠪᠠᠢ᠌ᠭᠤᠯᠪᠠ᠃ ᠳᠠᠭ᠋ᠠᠭ᠋ᠠᠴᠠᠲᠤ ᠴᠢᠷᠦᠭᠦᠯ ᠲᠡᠷᠭᠡᠨ᠎ᠤ ᠲᠡᠭᠡᠭᠡᠪᠦᠷᠢ ᠵᠢᠨ ᠲᠤᠷᠰᠢᠯᠲᠠ ᠵᠢᠨ ᠴᠢᠭ᠋᠎ᠢ ᠲᠦᠯᠬᠢᠨ ᠠᠬᠢᠭᠤᠯᠵᠤ᠂ ᠴᠢᠷᠦᠭᠦᠯ ᠲᠡᠷᠭᠡᠨ᠎ᠤ ᠲᠡᠭᠡᠭᠡᠪᠦᠷᠢ ᠵᠢᠨ ᠱᠤᠭᠤᠮ᠎ᠢ 20 ᠰᠢᠬᠠᠮ ᠨᠡᠪᠲᠡᠷᠡᠭᠦᠯᠵᠦ᠂ ᠳᠤᠮᠳᠠᠴᠢ ᠦᠷᠦᠭᠳᠡᠯ᠎ᠤᠨ ᠬᠠᠷᠢᠴᠠᠯ᠎ᠨᠢ 1:1.8᠎ᠳᠤ ᠬᠦᠷᠪᠡ᠃ 2016 ᠣᠨ᠎ᠳᠤ ᠪᠥᠬᠥ ᠣᠷᠣᠨ᠎ᠤ ᠨᠢᠭᠡᠴᠢ GDP ᠵᠢᠨ ᠡᠨ᠋ᠸᠷᠬᠢ ᠵᠢᠨ ᠬᠤᠷᠤᠭᠳᠠᠯ᠎ᠨᠢ 1.02 ᠲᠣᠨ ᠪᠠᠷᠢᠮᠵᠢᠶᠠᠲᠤ ᠨᠡᠭᠦᠷᠡᠰᠦ / ᠲᠦᠮᠡᠨ ᠲᠦᠬᠦᠷᠢᠭ ᠪᠠᠢ᠌ᠵᠤ᠂ 2013 ᠣᠨ᠎ᠤ᠎ᠲᠠᠢ ᠠᠳᠠᠯᠢᠳᠬᠠᠪᠠᠯ 11.6% ᠪᠠᠭᠤᠷᠠᠵᠤ᠂ ᠡᠨᠧᠷᠭᠢ ᠵᠢᠨ ᠬᠡᠷᠡᠭᠯᠡᠭᠡ ᠵᠢᠨ ᠵᠢᠯ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠨᠢ ᠪᠠᠭᠤᠷᠠᠭ᠋ᠠᠳ 3.2% ᠪᠤᠯᠵᠤ᠂ ᠡᠨᠧᠷᠭᠢ ᠵᠢᠨ ᠬᠣᠷᠣᠭᠳᠠᠯ᠎ᠤᠨ ᠨᠡᠮᠡᠭᠳᠡᠯ᠎ᠢ ᠪᠦᠲᠦᠮᠵᠢᠲᠡᠶ ᠬᠢᠵᠠᠭ᠋ᠠᠷᠯᠠᠪᠠ᠃
      ᠬᠥᠲᠥᠯᠥᠭᠴᠢ᠄
      ᠯᠢ ᠡᠷᠬᠢᠯᠡᠭᠴᠢ᠂ ᠮᠠᠨ᠎ᠤ ᠣᠷᠣᠨ ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ?
      ᠯᠢ ᠵᠦᠩ ᠺᠠᠢ᠄
      ᠮᠠᠨ᠎ᠤ ᠣᠷᠣᠨ ᠶᠡᠷᠦᠩᠬᠡᠶ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ ᠶᠣᠰᠣᠭ᠋ᠠᠷ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠦᠷᠢᠮᠵᠢᠭᠦᠯᠬᠦ᠂ ᠬᠠᠤᠯᠢ᠎ᠪᠠᠷ ᠵᠠᠰᠠᠬᠤ ᠵᠠᠮ᠎ᠳᠤ ᠤᠷᠤᠭᠤᠯᠬᠤ᠎ᠪᠠᠷ ᠴᠢᠷᠮᠠᠢ᠌ᠵᠤ ᠪᠤᠢ᠃ 2014 ᠣᠨ᠎ᠳᠤ᠂ ᠮᠠᠨ᠎ᠤ ᠣᠷᠣᠨ ᠤᠯᠤᠰ᠎ᠠᠴᠠ ᠤᠷᠢᠳ ᠵᠶ᠋ᠠᠷ 《ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢ ᠲᠦᠷᠭᠡᠳᠬᠡᠬᠦ ᠲᠤᠬᠠᠶ ᠰᠠᠨᠠᠯ》᠎ᠢ ᠨᠡᠢ᠌ᠲᠡᠯᠡᠵᠦ᠂ 93 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠦᠬᠦ ᠲᠠᠯ᠎ᠠ᠎ᠪᠠᠷ ᠡᠬᠢᠯᠡᠭᠦᠯᠪᠡ᠃ ᠶᠡᠷᠦᠩᠬᠡᠶ ᠱᠦᠵᠢ ᠰᠢ ᠵᠢᠨ ᠫᠢᠩ ᠮᠠᠨ᠎ᠤ ᠤᠷᠤᠨ᠎ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ᠎ᠪᠠᠷ ᠬᠦᠰᠡᠨ ᠨᠠᠢ᠌ᠳᠠᠭᠰᠠᠨ ᠭᠤᠷᠪᠠᠨ ᠵᠦᠢ᠍ᠯ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠠᠬᠢᠭᠤᠯᠵᠤ᠂ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠶᠠᠪᠤᠵᠤ᠂ ᠨᠢᠭᠡᠨᠲᠡ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ ᠵᠢᠨ ᠥᠷᠢ ᠦᠭᠴᠢᠭᠡ ᠵᠢᠨ ᠬᠦᠰᠦᠨᠦᠭᠲᠦ᠎ᠢ ᠨᠠᠶ᠋ᠢᠷᠠᠭᠤᠯᠤᠨ ᠵᠣᠬᠢᠶᠠᠬᠤ ᠶᠡᠷᠦᠩᠬᠡᠶ ᠲᠥᠰᠦᠯ》᠂ 《ᠤᠳᠤᠷᠢᠳᠬᠤ ᠺᠠᠳ᠋ᠷᠴᠤᠳ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠲᠤᠰᠢᠶᠠᠯ᠎ᠠᠴᠠ ᠰᠠᠯᠠᠬᠤ᠎ᠳᠤ ᠬᠢᠨᠠᠨ ᠪᠤᠳᠤᠯᠲᠠ ᠬᠢᠬᠦ ᠲᠤᠷᠰᠢᠯᠲᠠ ᠵᠢᠨ ᠬᠡᠷᠡᠭᠵᠢᠭᠦᠯᠬᠦ ᠲᠥᠰᠦᠯ》 ᠪᠠ 《ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠮᠢ ᠠᠬᠤᠶ ᠣᠷᠴᠢᠨ ᠲᠣᠭᠣᠷᠢᠨ᠎ᠢ ᠡᠪᠳᠡᠭᠰᠡᠨ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠨᠡᠢ᠌ᠲᠡᠯᠡᠨ ᠬᠡᠷᠡᠭᠵᠢᠭᠦᠯᠬᠦ ᠵᠢᠨ ᠬᠠᠮᠲᠤ ᠲᠤᠷᠰᠢᠯᠲᠠ ᠵᠢᠨ ᠠᠵᠢᠯ᠎ᠢ ᠥᠷᠨᠢᠭᠦᠯᠪᠡ᠃ ᠡᠭᠦᠨ᠎ᠤ ᠬᠠᠮᠲᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢ ᠵᠠᠬᠢᠷᠤᠨ ᠬᠠᠮᠢᠶᠠᠷᠬᠤ᠂ ᠠᠮᠢ ᠠᠬᠤᠶ ᠵᠢᠨ ᠬᠤᠷᠢᠭ᠎ᠠ ᠱᠤᠭᠤᠮ ᠲᠤᠭᠲᠠᠭ᠋ᠠᠬᠤ᠂ ᠠᠮᠢ ᠠᠬᠤᠶ ᠵᠢᠨ ᠨᠥᠬᠥᠪᠥᠷᠢ ᠣᠯᠭᠣᠬᠤ᠂ ᠤᠯᠤᠰ᠎ᠤᠨ ᠦᠮᠴᠢᠯᠡᠯᠲᠤ ᠰᠢᠭᠤᠶ᠋ᠢᠲᠤ ᠣᠷᠣᠨ᠎ᠤ ᠥᠭᠡᠷᠡᠴᠢᠯᠡᠯᠲᠡ ᠵᠡᠷᠭᠡ ᠲᠦᠷᠢᠮ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ ᠢᠳᠡᠪᠬᠢᠲᠡᠶ ᠠᠬᠢᠯᠲᠠ᠎ᠲᠠᠢ ᠪᠣᠯᠵᠠᠶ᠃
      ᠤᠷᠤᠨ ᠵᠠᠶ ᠵᠢ ᠬᠠᠮᠢᠶᠠᠷᠤᠨ ᠵᠠᠬᠢᠷᠬᠤ ᠲᠠᠯ᠎ᠠ᠎ᠪᠠᠷ᠂ 《ᠥᠪᠡᠷᠲᠡᠭᠡᠨ ᠵᠠᠰᠠᠬᠤ ᠣᠷᠣᠨ᠎ᠤ ᠭᠣᠣᠯ ᠴᠣᠭᠴᠠ ᠵᠢᠨ ᠴᠢᠳᠠᠮᠵᠢᠳᠤ ᠣᠷᠣᠨ᠎ᠤ ᠲᠥᠯᠥᠪᠵᠢᠭᠦᠯᠭᠡ ᠵᠢᠨ ᠲᠤᠬᠠᠶ ᠬᠡᠷᠡᠭᠵᠢᠭᠦᠯᠬᠦ ᠰᠠᠨᠠᠯ》᠎ᠢ ᠲᠣᠭᠲᠠᠭ᠋ᠠᠵᠤ᠂ ᠤᠯᠤᠰ᠎ᠤᠨ ᠭᠣᠣᠯ ᠴᠣᠭᠴᠠ ᠵᠢᠨ ᠴᠢᠳᠠᠮᠵᠢᠳᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠪᠠ 《ᠤᠯᠠᠨ ᠲᠥᠯᠥᠪᠵᠢᠭᠦᠯᠭᠡ ᠵᠢ ᠨᠢᠭᠡᠳᠬᠡᠬᠦ》 ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠵᠦ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠶ ᠵᠢᠨ ᠴᠢᠳᠠᠮᠵᠢᠲᠤ ᠣᠷᠣᠨ᠎ᠤ 35 ᠬᠣᠰᠢᠭᠤ ᠰᠢᠶᠠᠨ᠎ᠳᠤ ᠨᠢᠭᠡᠨᠲᠡ ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ ᠨᠠᠵᠠᠭ᠋ᠠᠶ ᠲᠠᠯ᠎ᠠ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠪᠡ᠃ ᠠᠮᠢ ᠠᠬᠤᠶ ᠵᠢᠨ ᠬᠣᠷᠢᠭ᠎ᠠ ᠱᠤᠭᠤᠮ᠎ᠤᠨ ᠲᠠᠯ᠎ᠠ᠎ᠪᠠᠷ᠂ ᠪᠥᠬᠥ ᠣᠷᠣᠨ᠎ᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠬᠤ ᠵᠢ ᠦᠨᠳᠦᠰᠦᠨ᠎ᠳᠡᠭᠡᠨ ᠪᠡᠶᠡᠯᠡᠭᠦᠯᠪᠡ; ᠤᠢ ᠰᠢᠭᠤᠶ ᠵᠢᠨ ᠠᠮᠢ ᠠᠬᠤᠶ ᠵᠢᠨ 《ᠳᠥᠷᠪᠡᠨ ᠬᠣᠷᠢᠭ᠎ᠠ ᠱᠤᠭᠤᠮ》 ᠪᠣᠯᠣᠨ 8.8 ᠳ᠋ᠥᠩᠰᠢᠭᠤᠷ ᠮᠦ᠍ ᠦᠨᠳᠦᠰᠦᠨ ᠨᠤᠲᠤᠭ ᠪᠡᠯᠴᠢᠭᠡᠷ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠪᠡ; ᠤᠰᠤᠨ ᠰᠣᠷᠪᠣᠯᠵᠢ ᠵᠢᠨ 《ᠭᠤᠷᠪᠠᠨ ᠬᠣᠷᠢᠭ᠎ᠠ ᠱᠤᠭᠤᠮ》᠎ᠤᠨ ᠬᠠᠮᠢᠶᠠᠷᠤᠯᠲᠠ ᠵᠢᠨ ᠲᠦᠷᠢᠮ᠎ᠤᠨ ᠲᠠᠯ᠎ᠠ᠎ᠪᠠᠷ᠂ ᠡᠵᠡᠮᠰᠢᠬᠦ ᠭᠦᠢ᠍ᠴᠡᠳᠬᠡᠯ ᠲᠣᠭ᠎ᠠ ᠵᠢ ᠠᠶ᠋ᠢᠮᠠᠭ ᠬᠤᠳᠠ᠂ ᠬᠣᠰᠢᠭᠤ ᠰᠢᠶᠠᠨ᠎ᠳᠤ ᠵᠠᠯᠭ᠋ᠠᠨ ᠬᠤᠪᠢᠶᠠᠷᠢᠯᠠᠬᠤ ᠵᠢᠨ ᠬᠠᠮᠲᠤ᠂ ᠠᠶ᠋ᠢᠮᠠᠭ ᠬᠣᠲᠠ ᠵᠢᠨ ᠨᠠᠮ ᠵᠠᠰᠠᠭ᠎ᠤᠨ ᠤᠳᠤᠷᠢᠳᠬᠤ ᠪᠠᠭ᠎ᠤᠨ ᠣᠨ᠎ᠤ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠯᠲᠠ᠎ᠳᠤ ᠣᠷᠤᠭᠤᠯᠬᠤ ᠪᠣᠯᠤᠨ᠎ᠠ᠃
      ᠤᠯᠤᠰ᠎ᠤᠨ ᠦᠮᠴᠢᠯᠡᠯᠲᠦ ᠰᠢᠭᠤᠶ᠋ᠢᠲᠤ ᠣᠷᠣᠨ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ ᠶᠡᠬᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠪᠠᠶ᠋ᠢᠭ᠋ᠠᠯᠢ ᠵᠢᠨ ᠤᠢ ᠵᠢ ᠬᠤᠳᠠᠯᠳᠤᠭ᠋ᠠᠨ᠎ᠤ ᠴᠢᠨᠠᠷᠲᠠᠶ᠎ᠪᠠᠷ ᠣᠭᠲᠣᠯᠬᠤ ᠵᠢ ᠪᠦᠬᠦ ᠲᠠᠯ᠎ᠠ᠎ᠪᠠᠷ ᠵᠣᠭᠰᠣᠭ᠋ᠠᠵᠤ᠂ ᠵᠢᠯ᠎ᠳᠤ 151.2 ᠲᠦᠮᠡᠨ ᠪᠣᠰᠣᠭ᠎ᠠ ᠳᠥᠷᠪᠡᠯᠵᠢᠨ ᠮᠧᠲᠷ᠎ᠤᠨ ᠮᠣᠳᠣᠨ ᠮᠠᠲ᠋ᠧᠷᠢᠶᠠᠯ᠎ᠤᠨ ᠭᠠᠷᠤᠯᠲᠠ ᠵᠢ ᠣᠭᠲᠤᠯᠬᠤ᠎ᠪᠠᠨ ᠵᠣᠭᠰᠤᠭ᠋ᠠᠵᠤ᠂ ᠶᠡᠬᠡ ᠬᠢᠩᠭ᠋ᠠᠨ ᠳᠠᠪᠠᠭ᠎ᠠ ᠵᠢᠨ ᠭᠣᠣᠯᠳᠠᠯᠭ᠎ᠠ᠎ᠲᠠᠢ ᠤᠯᠤᠰ᠎ᠤᠨ ᠦᠮᠴᠢᠯᠡᠯᠲᠦ ᠤᠢ ᠵᠢᠨ ᠬᠠᠮᠢᠶᠠᠷᠤᠯᠲᠠ ᠵᠢᠨ ᠲᠣᠪᠴᠢᠶ᠎ᠠ ᠵᠢ ᠪᠠᠢ᠌ᠭᠤᠯᠪᠠ᠃ 《ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠳᠦᠷᠢᠮ》᠎ᠳᠤ ᠵᠠᠰᠠᠪᠤᠷᠢ ᠣᠷᠣᠭᠤᠯᠵᠦ᠂ ᠥᠪᠡᠷᠲᠡᠭᠡᠨ ᠵᠠᠰᠠᠭ ᠣᠷᠣᠨ᠎ᠤ 《ᠠᠮᠢ ᠠᠬᠤᠶ ᠵᠢᠨ ᠬᠠᠮᠠᠭ᠋ᠠᠯᠠᠯᠲᠠ᠎ᠳᠤ ᠨᠥᠬᠥᠪᠥᠷᠢ ᠥᠭᠬᠦ ᠵᠢ ᠪᠦᠷᠢᠨᠰᠢᠭᠦᠯᠬᠦ ᠵᠢᠨ ᠬᠡᠷᠡᠭᠵᠢᠭᠦᠯᠬᠦ ᠰᠠᠨᠠᠯ》᠂ 《ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ ᠨᠤᠲᠤᠭ ᠪᠡᠯᠴᠢᠭᠡᠷ ᠭᠣᠣᠯ ᠮᠥᠷᠡᠨ ᠨᠠᠭᠤᠷ ᠴᠦᠬᠦᠷᠡᠮ᠎ᠢ ᠠᠮᠤᠷᠵᠢᠭᠤᠯᠤᠨ ᠲᠡᠩᠬᠡᠷᠡᠭᠦᠯᠬᠦ ᠲᠥᠯᠥᠪᠵᠢᠭᠦᠯᠭᠡ》᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠦᠨ᠎ᠡ ᠲᠥᠯᠥᠪᠦᠷᠢ᠎ᠲᠠᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠡᠷᠭᠡ ᠬᠡᠳᠦᠨ ᠠᠷᠪᠠᠨ ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠪᠡ᠃ ᠰᠢᠰᠲ᠋ᠧᠮ᠎ᠲᠠᠢ ᠪᠦᠭᠡᠳ ᠪᠦᠷᠢᠨ ᠪᠠᠶ᠋ᠢᠬᠤ ᠪᠠ ᠬᠠᠷᠢᠴᠠᠩᠭᠤᠶ ᠲᠡᠭᠦᠯᠳᠡᠷ ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠰᠢᠰᠲᠸᠮᠵᠢ ᠵᠢ ᠨᠢᠭᠡᠨᠲᠡ ᠠᠯᠬᠤᠮ ᠠᠯᠬᠤᠮ ᠵᠶ᠋ᠠᠷ ᠪᠠᠢ᠌ᠭᠤᠯᠵᠤ ᠪᠠᠢ᠌ᠨ᠎ᠠ᠃
      ᠬᠥᠲᠥᠯᠥᠭᠴᠢ᠄
      ᠮᠠᠨ᠎ᠤ ᠣᠷᠣᠨ᠎ᠨᠢ ᠠᠷᠠᠳ ᠨᠡᠢ᠌ᠲᠡ ᠵᠢᠨ ᠠᠮᠢ ᠠᠬᠤᠶ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠵᠦ᠂ ᠪᠦᠬᠦ ᠨᠡᠶ᠋ᠢᠭᠡᠮ ᠳᠠᠶᠠᠭ᠋ᠠᠷ᠎ᠢ ᠲᠠᠢ᠌ᠴᠢᠯᠠᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠬᠠᠮᠲᠤ᠎ᠪᠠᠷ ᠣᠷᠤᠯᠴᠠᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠢ᠌ᠬᠤ ᠪᠣᠢ?      

      ᠯᠢ ᠵᠥᠩ ᠺᠠᠢ᠄
      ᠶᠡᠷᠦᠩᠬᠡᠶ ᠱᠦᠵᠢ ᠰᠢ ᠵᠢᠨ ᠫᠢᠩ᠎ᠤᠨ 《ᠠᠮᠢ ᠠᠬᠤᠶ ᠵᠢᠨ ᠪᠣᠯᠪᠠᠰᠤᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠠᠮᠢ ᠠᠬᠤᠶ ᠵᠢᠨ ᠣᠷᠴᠢᠨ ᠲᠣᠭᠣᠷᠢᠨ ᠵᠶ᠋ᠠᠨ ᠬᠠᠢ᠌ᠷᠠᠯᠠᠵᠤ ᠬᠠᠮᠠᠭ᠋ᠠᠯᠠᠬᠤ ᠰᠠᠢ᠌ᠨ ᠰᠠᠶ᠋ᠢᠬᠠᠨ ᠬᠡᠪ ᠰᠤᠷᠲᠠᠯ᠎ᠢ ᠪᠤᠢ ᠪᠣᠯᠭ᠋ᠠᠬᠤ》 ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠨᠢ ᠪᠣᠬᠢᠷᠲᠤᠯ ᠦᠭᠡᠶ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠵᠤ᠂ 《ᠳᠡᠯᠡᠬᠡᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠡᠳᠦᠷ》᠂ 《ᠳᠡᠯᠡᠬᠡᠶ ᠵᠢᠨ ᠤᠰᠤ ᠵᠢ ᠬᠠᠮᠠᠭ᠋ᠠᠯᠠᠬᠤ ᠡᠳᠦᠷ》᠂ ᠡᠨᠧᠷᠭᠢ ᠠᠷᠪᠢᠯᠠᠬᠤ ᠵᠢ ᠤᠬᠠᠭᠤᠯᠬᠤ ᠭᠠᠷᠠᠭ ᠵᠡᠷᠭᠡ ᠠᠮᠢ ᠠᠬᠤᠶ ᠵᠢᠨ ᠪᠣᠯᠪᠠᠰᠤᠨ᠎ᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠵᠢᠯ ᠪᠦᠷᠢ ᠵᠢᠨ 7 ᠳ᠋ᠤᠭ᠋ᠠᠷ ᠰᠠᠷ᠎ᠠ ᠵᠢᠨ ᠨᠢᠭᠡᠳᠦᠭᠡᠷ ᠭᠠᠷᠠᠭ᠎ᠢ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠤᠬᠠᠭᠤᠯᠭ᠎ᠠ ᠵᠢᠨ ᠠᠵᠢᠯᠯᠠᠭ᠋ᠠᠨ᠎ᠤ ᠭᠠᠷᠠᠭ》 ᠵᠶ᠋ᠠᠷ ᠲᠣᠭᠲᠠᠭ᠋ᠠᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢᠬᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ᠂ ᠴᠢᠬᠤᠯᠠ ᠶᠡᠬᠡ ᠠᠷᠭ᠎ᠠ ᠬᠡᠮᠵᠢᠶ᠎ᠡ᠂ ᠭᠣᠣᠯ ᠦᠷ᠎ᠡ ᠪᠦᠲᠦᠮᠵᠢ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠶᠡᠬᠡᠪᠡᠷ ᠤᠬᠠᠭᠤᠯᠵᠤ᠂ ᠡᠬᠢ ᠪᠠᠶᠠᠯᠢᠭ ᠣᠷᠴᠢᠨ ᠲᠣᠭᠣᠷᠢᠨ ᠤᠯᠤᠰ᠎ᠤᠨ ᠪᠠᠶ᠋ᠢᠳᠠᠯ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠵᠦ᠂ ᠪᠣᠬᠢᠷᠲᠤᠯ ᠦᠭᠡᠢ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ᠂ ᠠᠷᠠᠳ ᠢᠷᠭᠡᠳ᠎ᠤᠨ ᠠᠮᠢ ᠠᠬᠤᠶ ᠵᠢᠨ ᠪᠣᠯᠪᠠᠰᠤᠨ᠎ᠤ ᠤᠬᠠᠮᠰᠠᠷ᠎ᠢ ᠬᠥᠲᠥᠯᠥᠨ ᠵᠢᠯᠣᠭᠣᠳᠴᠤ ᠬᠥᠮᠦᠵᠢᠭᠦᠯᠵᠦ ᠪᠠᠢ᠌ᠨ᠎ᠠ᠃ ᠡᠭᠦᠨ᠎ᠤ ᠬᠠᠮᠲᠤ᠂ ᠤᠬᠠᠭᠤᠯᠭ᠎ᠠ ᠬᠥᠮᠦᠵᠢᠯ᠎ᠢ ᠪᠠᠶ᠋ᠢᠭᠤᠯᠭ᠎ᠠ᠎ᠳᠤ ᠤᠷᠤᠭᠤᠯᠬᠤ᠂ ᠮᠠᠯᠵᠢᠬᠤ ᠲᠠᠷᠢᠶᠠᠯᠠᠬᠤ ᠣᠷᠣᠨ᠎ᠳᠤ ᠣᠷᠤᠭᠤᠯᠬᠤ᠂ ᠨᠡᠶ᠋ᠢᠭᠡᠮ ᠲᠣᠭᠣᠷᠢᠭ᠎ᠲᠤ ᠣᠷᠣᠭᠣᠯᠬᠣ᠂ ᠠᠵᠤ ᠠᠬᠤᠶ᠋ᠢᠯᠠᠯ᠎ᠳᠤ ᠤᠷᠤᠭᠤᠯᠬᠤ᠂ ᠰᠤᠷᠭ᠋ᠠᠭᠤᠯᠢ᠎ᠳᠤ ᠤᠷᠤᠭᠤᠯᠬᠤ᠂ ᠭᠡᠷ ᠪᠦᠯᠢ᠎ᠳᠤ ᠤᠷᠤᠭᠤᠯᠬᠤ 《ᠵᠢᠷᠭᠤᠭ᠋ᠠᠨ ᠣᠷᠣᠭᠤᠯᠬᠤ》 ᠠᠵᠢᠯᠯᠠᠭ᠎ᠠ ᠵᠢ ᠥᠷᠨᠢᠭᠦᠯᠪᠡ᠃ 2016 ᠣᠨ᠎ᠤ 7 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠨᠢ 《ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ》᠎ᠪᠠᠷ ᠭᠣᠣᠯ ᠰᠡᠳᠦᠪ ᠪᠣᠯᠭ᠋ᠠᠭᠰᠠᠨ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠤᠬᠠᠭᠤᠯᠭ᠎ᠠ ᠵᠢᠨ ᠠᠵᠢᠯᠯᠠᠭ᠋ᠠᠨ᠎ᠤ ᠭᠠᠷᠠᠭ᠎ᠢ ᠠᠮᠵᠢᠯᠲᠠᠢ ᠡᠷᠬᠢᠯᠡᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠨᠡᠶ᠋ᠢᠭᠡᠮ ᠳᠠᠶᠠᠭ᠋ᠠᠷ ᠵᠶ᠋ᠠᠷ ᠵᠶ᠋ᠠᠨ ᠬᠠᠮᠲᠤᠪᠠᠷ ᠣᠷᠤᠯᠴᠠᠭᠰᠠᠨ ᠥᠨᠢᠷ ᠥᠳᠬᠡᠨ ᠠᠭᠤᠷ ᠠᠮᠢᠰᠬᠤᠯ᠎ᠢ ᠪᠤᠢ ᠪᠣᠯᠭ᠋ᠠᠪᠠ᠃ ᠡᠨᠡ ᠵᠢᠯ᠎ᠤᠨ 7 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 7᠎ᠤ ᠡᠳᠦᠷ ᠪᠣᠯᠲᠠᠯ᠎ᠠ ᠮᠠᠨ᠎ᠤ ᠣᠷᠣᠨ ᠬᠣᠶᠠᠳᠤᠭ᠋ᠠᠷ ᠬᠤᠭᠤᠴᠠᠭ᠋ᠠᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠤᠬᠠᠭᠤᠯᠭ᠎ᠠ ᠵᠢᠨ ᠠᠵᠢᠯᠯᠠᠭ᠋ᠠᠨ᠎ᠤ ᠭᠠᠷᠠᠭ᠎ᠢ ᠡᠷᠬᠢᠯᠡᠨ᠎ᠡ᠂ ᠲᠤᠰ ᠬᠤᠭᠤᠴᠠᠭ᠋ᠠᠨ᠎ᠤ ᠤᠬᠠᠭᠤᠯᠭ᠎ᠠ ᠵᠢᠨ ᠠᠵᠢᠯᠯᠠᠭ᠋ᠠᠨ᠎ᠤ ᠭᠠᠷᠠᠭ᠎ᠤᠨ ᠭᠣᠣᠯ ᠰᠡᠳᠦᠪ ᠪᠣᠯ 《ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠪᠣᠬᠢᠷᠲᠤᠯ ᠦᠬᠡᠢ ᠬᠥᠭᠵᠢᠯᠲᠡ ᠵᠢ ᠠᠬᠢᠭᠤᠯᠬᠤ》 ᠪᠣᠯᠣᠨ᠎ᠠ᠃ ᠠᠮᠢ ᠠᠬᠤᠶ ᠵᠢᠨ ᠪᠣᠯᠪᠠᠰᠤᠨ᠎ᠤ ᠤᠬᠠᠭᠤᠯᠭ᠎ᠠ ᠵᠢᠨ ᠠᠵᠢᠯᠯᠠᠭ᠋ᠠᠨ᠎ᠤ ᠭᠠᠷᠠᠭ᠎ᠢ ᠡᠷᠬᠢᠯᠡᠬᠦ᠎ᠪᠠᠷ ᠳᠠᠮᠵᠢᠭᠤᠯᠵᠤ᠂ ᠮᠠᠨ᠎ᠤ ᠣᠷᠣᠨ᠎ᠤ ᠥᠷᠭᠡᠨ ᠤᠯᠠᠨ ᠠᠷᠠᠳ ᠲᠦᠮᠡᠨ᠎ᠤ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠬᠠᠮᠰᠠᠷ᠎ᠢ ᠤᠯᠠᠮ ᠨᠡᠮᠡᠭᠳᠡᠭᠦᠯᠵᠦ ᠪᠠᠢ᠌ᠨ᠎ᠠ᠃       ᠬᠥᠲᠥᠯᠥᠭᠴᠢ᠄
      ᠳᠠᠷᠠᠭ᠋ᠠᠴᠢ ᠵᠢᠨ ᠠᠵᠢᠯ᠎ᠤᠨ ᠳᠤᠮᠳᠠ᠂ ᠮᠠᠨ᠎ᠤ ᠣᠷᠣᠨ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠬᠤ ᠠᠯᠬᠤᠴᠠ᠎ᠪᠠᠨ ᠬᠡᠷᠬᠢᠨ ᠲᠥᠷᠭᠡᠳᠬᠡᠬᠦ ᠪᠣᠢ?       ᠯᠢ ᠵᠥᠩ ᠺᠠᠢ᠄
      ᠳᠠᠷᠠᠭ᠋ᠠᠴᠢ ᠵᠢᠨ ᠠᠵᠢᠯ᠎ᠤᠨ ᠳᠤᠮᠳᠠ᠂ ᠮᠠᠨ᠎ᠤ ᠣᠷᠣᠨ ᠶᠡᠷᠦᠩᠬᠡᠶ ᠱᠦᠵᠢ ᠵᠢᠨ ᠬᠦᠰᠡᠯ ᠨᠠᠶ᠋ᠢᠳᠠᠯᠭ᠎ᠠ ᠵᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠ᠂ ᠳᠥᠷᠪᠡ᠂ ᠲᠠᠪᠤ᠂ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠰᠢᠨ᠎ᠡ ᠣᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ 《ᠳᠦᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠦ᠂ 《ᠴᠡᠩᠬᠡᠭ ᠤᠰᠤ ᠬᠥᠬᠡᠮᠳᠦᠭ ᠠᠭᠤᠯᠠ ᠪᠣᠯ ᠠᠯᠲᠠ ᠮᠥᠩᠭᠥᠨ ᠠᠭᠤᠯᠠ ᠮᠥᠨ》 ᠭᠡᠬᠦ ᠬᠤᠷᠴᠠ ᠴᠢᠩᠭ᠎ᠠ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠤᠨ ᠠᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠰᠢᠨ᠎ᠡ ᠵᠢ ᠡᠭᠦᠳᠬᠦ᠂ ᠵᠣᠬᠢᠴᠠᠯᠳᠤᠭᠰᠠᠨ᠂ ᠪᠣᠬᠢᠷᠲᠤᠯ ᠦᠭᠡᠢ᠂ ᠨᠡᠬᠡᠬᠡᠯᠲᠡ᠎ᠲᠠᠢ᠂ ᠬᠠᠮᠲᠤᠪᠡᠷ ᠬᠦᠷᠲᠡᠬᠦ ᠬᠥᠭᠵᠢᠯᠳ᠋ᠨ ᠵᠢᠨ ᠣᠨᠣᠯᠵᠢᠬᠤᠨ᠎ᠢ ᠶᠡᠬᠡᠪᠡᠷ ᠦᠢ᠍ᠯᠡᠳᠦᠯᠭᠡᠵᠢᠭᠦᠯᠵᠦ᠂ ᠬᠥᠭᠵᠢᠯᠲᠡ᠂ ᠠᠮᠢ ᠠᠬᠤᠶ ᠪᠣᠯᠤᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠡᠷᠡᠰ ᠰᠠᠬᠢᠵᠤ᠂ ᠥᠪᠡᠷᠲᠡᠭᠡᠨ ᠵᠠᠰᠠᠬᠤ ᠣᠷᠣᠨ᠎ᠤ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠥᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 ᠪᠣᠯᠣᠨ 《ᠠᠮᠢ ᠠᠬᠤᠶ ᠵᠢᠨ ᠪᠣᠯᠪᠠᠰᠤᠨ᠎ᠤ ᠳᠥᠷᠢᠮ᠎ᠤᠨ ᠪᠠᠶ᠋ᠢᠭᠤᠯᠤᠯᠲᠠ ᠪᠣᠯᠣᠨ ᠥᠭᠡᠷᠡᠴᠢᠯᠡᠯᠲᠡ ᠵᠢ ᠲᠥᠷᠭᠡᠳᠬᠡᠬᠦ ᠲᠤᠬᠠᠶ ᠰᠠᠨᠠᠯ》᠎ᠢ ᠠᠬᠢᠭᠤᠯᠤᠨ ᠨᠠᠶ᠋ᠢᠳᠠᠪᠤᠷᠢᠵᠢᠭᠤᠯᠵᠦ᠂ ᠴᠢᠬᠤᠯᠠ ᠶᠡᠬᠡ ᠠᠮᠢ ᠠᠬᠤᠶ ᠵᠢ ᠬᠠᠮᠠᠭ᠋ᠠᠯᠠᠬᠤ ᠪᠠ ᠰᠠᠢ᠌ᠵᠢᠷᠠᠭᠤᠯᠤᠨ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠣᠷᠴᠢᠨ ᠲᠣᠭᠣᠷᠢᠨ᠎ᠤ ᠲᠤᠪᠤᠢ᠌ᠮ᠎ᠠ ᠠᠰᠠᠭᠤᠳᠠᠯ᠎ᠳᠤ ᠵᠠᠰᠠᠯᠲᠠ ᠬᠢᠬᠦ᠎ᠪᠠᠨ ᠲᠦᠷᠭᠡᠳᠬᠡᠨ᠂ ᠠᠮᠢ ᠠᠬᠤᠶ ᠵᠢᠨ ᠪᠣᠯᠪᠠᠰᠤᠨ᠎ᠤ ᠳᠥᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠤᠷᠰᠢᠯᠲᠠ ᠵᠢᠨ ᠴᠢᠭ᠋᠎ᠤᠨ ᠵᠢᠱ᠌ᠢᠶ᠎ᠡ ᠦᠵᠡᠭᠦᠯᠬᠦ ᠪᠠ ᠤᠬᠠᠭᠤᠯᠭ᠎ᠠ ᠬᠥᠮᠦᠵᠢᠯ ᠬᠢᠬᠦ ᠵᠢ ᠭᠦᠨᠵᠡᠭᠡᠶ ᠥᠷᠨᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠨᠡᠩ ᠪᠠᠲᠤ ᠪᠡᠬᠢ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠨᠡᠩ ᠥᠵᠡᠰᠬᠦᠯᠡᠩ ᠰᠠᠶ᠋ᠢᠬᠠᠨ ᠪᠣᠯᠭ᠋ᠠᠨ ᠴᠣᠭᠴᠠᠯᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠵᠠᠭ᠋ᠠᠶ᠎ᠠ᠃
      ᠬᠥᠲᠥᠯᠥᠭᠴᠢ᠄
      ᠵᠠ᠂ ᠰᠠᠢ᠌ᠨ ᠪᠣᠯᠣᠯ᠎ᠠ᠂ ᠯᠢ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠮᠠᠰᠢ ᠲᠠᠯᠠᠷᠬᠠᠵᠤ ᠪᠠᠢ᠌ᠨ᠎ᠠ᠂ ᠰᠦᠯᠵᠢᠶᠡᠨ ᠠᠨᠳᠠ ᠨᠠᠷ᠎ᠤᠨ ᠣᠷᠣᠯᠴᠠᠭᠰᠠᠨ᠎ᠳᠤ ᠴᠤ᠌ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠤᠭ᠌ᠷᠡᠮ᠎ᠳᠤ ᠪᠠᠶᠠᠷᠲᠠᠶ ᠵᠣᠯᠭ᠋ᠠᠶ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠡᠬᠢᠵᠢᠬᠦᠯᠦᠶ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠬᠡᠷᠡᠭᠵᠢᠭᠦᠯᠬᠦ ᠲᠦᠰᠦᠯ》᠎ᠤᠨ ᠲᠠᠢ᠌ᠯᠤᠮᠵᠢ
ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠠ ᠪᠦᠯᠬᠦᠮᠳᠡᠨ ᠲᠡᠮᠡᠴᠡᠵᠦ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠦᠶ᠎ᠡ
ᠰᠠᠭᠤᠷᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ ᠰᠤᠷᠭ᠋ᠠᠨ ᠬᠥᠮᠥᠵᠢᠯ᠎ᠢ ᠴᠢᠨᠠᠷᠯᠢᠭ ᠲᠡᠩᠴᠡᠭᠦᠷᠢᠲᠡᠢ ᠬᠦᠭᠵᠢᠭᠦᠯᠬᠦ ᠵᠢ ᠠᠬᠢᠭᠤᠯᠤᠨ᠎ᠠ
ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠵᠢ ᠬᠡᠷᠡᠭᠵᠢᠭᠦᠯᠬᠦ
 
            