ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠵᠡᠮᠳᠡᠭᠴᠤᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ》᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠡᠶ᠋ᠢᠲᠡᠯᠡᠭᠰᠡᠨ ᠴᠠᠭ᠄ 2018-10-24

     10 ᠳ᠋ᠤᠭ᠋ᠠᠷ ᠰᠠᠷ᠎ᠠ ᠵᠢᠨ 23᠎ᠤ ᠡᠳᠦᠷ᠎ᠤᠨ ᠦᠳᠡ ᠵᠢᠨ ᠡᠮᠦᠨ᠎ᠡ᠂ ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠵᠡᠮᠳᠡᠭᠴᠤᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠤᠨᠢᠨ ᠮᠡᠳᠡᠭᠡ ᠨᠡᠢ᠌ᠲᠡᠯᠡᠭᠦ ᠬᠤᠷᠠᠯ ᠬᠢᠵᠤ᠂ ᠤᠷᠤᠯᠳᠤᠭ᠋ᠠᠨ᠎ᠨᠢ 10 ᠳ᠋ᠤᠭ᠋ᠠᠷ ᠰᠠᠷ᠎ᠠ ᠵᠢᠨ 27᠎ᠤ ᠡᠳᠦᠷ᠎ᠠᠴᠠ 28᠎ᠤ ᠡᠳᠦᠷ ᠪᠣᠯᠲᠠᠯ᠎ᠠ ᠬᠢᠩᠭ᠋ᠠᠨ ᠠᠢ᠌ᠮᠠᠭ᠎ᠲᠤ ᠶᠠᠪᠤᠭᠳᠠᠬᠤ ᠪᠦᠭᠡᠳ ᠤᠷᠤᠯᠳᠤᠭ᠋ᠠᠨ᠎ᠤ ᠲᠦᠷᠦᠯ ᠵᠦᠢ᠍ᠯ᠎ᠳᠤ ᠨᠡᠢ᠌ᠲᠡ 5 ᠶᠡᠬᠡ ᠠᠩᠬᠢᠯᠠᠯ᠂ 29 ᠲᠦᠷᠦᠯ ᠵᠦᠢ᠍ᠯ᠎ᠢ ᠲᠤᠬᠢᠷᠠᠭᠤᠯᠵᠠᠢ᠃ ᠤᠢ᠌ᠯᠠᠭ᠋ᠠᠬᠰᠠᠨ ᠵᠶ᠋ᠡᠷ᠂ ᠵᠡᠮᠳᠡᠭᠴᠤᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠨᠢ ᠦᠪᠡᠷᠲᠡᠭᠡᠨ ᠵᠠᠰᠠᠬᠤ ᠤᠷᠤᠨ᠎ᠤ ᠬᠡᠪᠴᠢᠶ᠎ᠡ᠎ᠪᠠᠷ ᠬᠠᠮᠤᠭ᠎ᠤᠨ ᠶᠡᠬᠡ᠂ ᠤᠷᠤᠯᠳᠤᠭ᠋ᠠᠨ᠎ᠤ ᠲᠦᠷᠦᠯ ᠵᠦᠢ᠍ᠯ ᠵᠶ᠋ᠡᠷ ᠬᠠᠮᠤᠭ᠎ᠤᠨ ᠤᠯᠠᠨ ᠵᠡᠮᠳᠡᠭᠴᠤᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠪᠠᠢ᠌ᠵᠦ᠂ 4 ᠵᠢᠯ᠎ᠳᠤ ᠨᠢᠭᠡ ᠤᠳᠠᠭ᠎ᠠ ᠶᠠᠪᠤᠭᠳᠠᠳᠠᠭ᠃ ᠲᠤᠰ ᠤᠳᠠᠭ᠎ᠠ ᠵᠢᠨ ᠤᠷᠤᠯᠳᠤᠭ᠋ᠠᠨ᠎ᠢ ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ᠂ ᠬᠦᠮᠦᠨ᠎ᠤ ᠬᠦᠴᠦᠨ᠎ᠤ ᠡᠬᠢ ᠪᠠᠶᠠᠯᠢᠭ ᠨᠡᠢ᠌ᠬᠡᠮ᠎ᠤᠨ ᠪᠠᠲᠤᠯᠠᠭ᠎ᠠ ᠵᠢᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠳᠦ ᠵᠠᠯᠠᠭᠤᠴᠤᠳ᠎ᠤᠨ ᠡᠪᠯᠡᠯ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠷᠢᠶ᠎ᠠ᠂ ᠦᠪᠡᠷᠲᠡᠭᠡᠨ ᠵᠠᠰᠠᠬᠤ ᠤᠷᠤᠨ᠎ᠤ ᠡᠮᠡᠭᠲᠡᠢ᠌ᠴᠤᠳ᠎ᠤᠨ ᠬᠤᠯᠪᠤᠭ᠎ᠠ᠎ᠠᠴᠠ ᠭᠤᠤᠯᠯᠠᠨ ᠡᠷᠬᠢᠯᠡᠵᠦ᠂ ᠬᠢᠩᠭ᠋ᠠᠨ ᠠᠢ᠌ᠮᠠᠭ᠎ᠤᠨ ᠵᠠᠬᠢᠷᠭ᠎ᠠ᠎ᠠᠴᠠ ᠲᠠᠭ᠋ᠠᠭ᠋ᠠᠴᠢᠯᠠᠨ ᠡᠷᠬᠢᠯᠡᠬᠦ ᠪᠤᠯᠤᠨ᠎ᠠ᠃
      ᠤᠷᠤᠯᠳᠤᠭ᠋ᠠᠨ᠎ᠤ ᠱᠠᠩᠨᠠᠯ᠎ᠤᠨ ᠲᠤᠬᠢᠷᠠᠭᠤᠯᠤᠯᠲᠠ ᠵᠢᠨ ᠲᠠᠯ᠎ᠠ᠎ᠪᠠᠷ᠂ ᠪᠦᠯᠬᠦᠮ ᠨᠢᠭᠡᠴᠢ ᠵᠢᠨ ᠱᠠᠩᠨᠠᠯ ᠪᠤᠯᠤᠨ ᠬᠤᠪᠢ ᠬᠦᠮᠦᠨ᠎ᠤ ᠱᠠᠩᠨᠠᠯ᠎ᠢ ᠲᠤᠬᠢᠷᠠᠭᠤᠯᠵᠦ᠂ ᠤᠷᠤᠯᠳᠤᠭ᠋ᠠᠨ᠎ᠤ ᠡᠯ᠎ᠡ ᠲᠦᠷᠦᠯ ᠵᠦᠢ᠍ᠯ᠎ᠤᠨ ᠡᠮᠦᠨ᠎ᠡ ᠭᠤᠷᠪᠠᠨ ᠨᠠᠷ᠎ᠠ᠎ᠳᠤ ᠲᠣᠳᠤᠷᠠᠭᠰᠠᠳ᠎ᠲᠤ ᠦᠪᠡᠷᠲᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠨᠡᠢ᠌ᠬᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠮᠢᠶ᠎ᠠ ᠪᠦᠬᠦᠢ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠣᠯᠭᠣᠵᠤ᠂ ᠤᠷᠤᠯᠳᠤᠭ᠋ᠠᠨ᠎ᠤ ᠲᠠᠩ ᠲᠦᠷᠦᠯ ᠵᠦᠢ᠍ᠯ᠎ᠳᠤ ᠮᠠᠩᠯᠠᠢ᠌ᠯᠠᠭᠰᠠᠳ ᠦᠪᠡᠷᠲᠡᠭᠡᠨ ᠵᠠᠰᠠᠬᠤ ᠤᠷᠤᠨ᠎ᠢ ᠲᠦᠯᠦᠭᠡᠯᠡᠵᠦ 2019 ᠣᠨ᠎ᠳᠤ ᠪᠣᠯᠬᠤ ᠪᠦᠬᠦ ᠤᠯᠤᠰ᠎ᠤᠨ ᠵᠡᠮᠳᠡᠭᠴᠤᠳ᠎ᠤᠨ ᠠᠵᠢᠯ ᠮᠡᠷᠬᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠤᠷᠤᠯᠴᠠᠬᠤ ᠪᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ 43 ᠴᠢᠩᠭᠡᠯᠢᠭ ᠲᠠᠰᠤᠯᠭ᠎ᠠ᠎ᠲᠠᠢ ᠡᠮᠨᠡᠯᠭᠡ ᠵᠢᠨ ᠬᠣᠷᠢᠶ᠎ᠠ ᠪᠠᠢ᠌ᠭᠤᠯᠬᠤ᠎ᠪᠠᠷ ᠪᠣᠶ
2020 ᠣᠨ᠎ᠳᠤ ᠪᠥᠬᠥ ᠣᠷᠣᠨ᠎ᠤ ᠬᠣᠲᠠ ᠪᠠᠯᠭ᠋ᠠᠰᠤ ᠵᠢᠨ ᠰᠢᠨ᠎ᠡ᠎ᠪᠠᠷ ᠠᠵᠢᠯ ᠣᠯᠤᠭᠰᠠᠨ ᠬᠦᠮᠦᠨ 23.22 ᠲᠦᠮᠡ ᠨᠡᠮᠡᠭᠳᠡᠪᠡ
《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠥᠪᠦᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠠᠵᠤ ᠠᠬᠤᠢ ᠵᠢᠨ ᠦᠷ᠎ᠡ ᠠᠰᠢᠭ ᠢᠳᠡᠭ ᠢᠳᠡᠭ ᠵᠶ᠋ᠡᠷ ᠨᠡᠮᠡᠭᠳᠡᠪᠡ
《ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠪᠠᠢ᠌ᠳᠠᠯ᠎ᠤᠨ ᠲᠠᠢ᠌ᠯᠤᠮᠵᠢ
 
            