ᠲᠦᠷᠦᠭᠦᠬᠡᠨ᠂ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ (2018 — 2022 ᠣᠨ)》 (ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢ ᠭᠠᠳᠠᠭᠰᠢ ᠨᠡᠢ᠌ᠲᠡᠯᠡᠪᠡ᠂ ᠡᠨᠡ ᠪᠣᠯ ᠮᠠᠨ᠎ᠤ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠭᠰᠡᠨ ᠠᠩᠬᠠᠳᠠᠭᠴᠢ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠤ ᠠᠯᠪᠠᠨ ᠭᠡᠷ᠎ᠠᠴᠠ 29᠎ᠤ ᠡᠳᠦᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠵᠠᠩ ᠶᠦᠩ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠳᠡᠳ᠋ ᠳᠠᠷᠤᠭ᠎ᠠ ᠢᠦᠢ ᠰᠢᠨ ᠷᠦᠩ 《ᠲᠥᠯᠥᠪᠵᠢᠭᠦᠯᠭᠡ》 ᠵᠢᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠤᠭᠰᠠᠨᠤ ᠬᠠᠮᠲᠤ᠂ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃
ᠵᠠᠩ ᠶᠦᠩ᠎ᠤᠨ ᠲᠠᠨᠢᠯᠴᠠᠭᠤᠯᠤᠭᠰᠠᠨ᠎ᠨᠢ᠂ 《ᠲᠥᠯᠥᠪᠵᠢᠭᠦᠯᠭᠡ》᠎ᠳᠤ ᠡᠭᠦᠨ᠎ᠠᠴᠠ ᠬᠣᠢ᠌ᠰᠢᠳᠠ ᠵᠢᠨ ᠲᠠᠪᠤᠨ ᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠨ᠂ 22 ᠵᠦᠢ᠍ᠯ᠎ᠤᠨ ᠪᠣᠳᠠᠲᠠᠢ ᠭᠦᠢ᠍ᠴᠡᠳᠬᠡᠯ ᠲᠣᠭ᠎ᠠ᠂ ᠲᠡᠭᠦᠨ᠎ᠤ ᠳᠣᠲᠣᠷ᠎ᠠ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ 3 ᠵᠦᠢ᠍ᠯ᠂ ᠵᠢᠱ᠌ᠢᠯᠲᠠ ᠵᠢᠨ ᠴᠢᠨᠠᠷᠲᠠᠢ ᠭᠦᠢ᠍ᠴᠡᠳᠬᠡᠯ ᠲᠣᠭ᠎ᠠ 19 ᠵᠦᠢ᠍ᠯ᠎ᠢ ᠳᠤᠷᠠᠳᠤᠨ ᠭᠠᠷᠭ᠋ᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠦᠢ᠍ᠴᠡᠳᠬᠡᠯ ᠲᠣᠭ᠋ᠠᠨ᠎ᠤ ᠰᠢᠰᠲ᠋ᠧᠮᠵᠢ ᠵᠢ ᠠᠩᠬ᠎ᠠ ᠤᠳᠠᠭ᠎ᠠ ᠳᠤᠷᠠᠳᠤᠨ ᠭᠠᠷᠭ᠋ᠠᠪᠠ᠃ ᠡᠭᠦᠨ᠎ᠤ ᠬᠠᠮᠲᠤ᠂ 《ᠲᠥᠯᠥᠪᠵᠢᠭᠦᠯᠭᠡ》᠎ᠳᠤ 82 ᠵᠦᠢ᠍ᠯ᠎ᠤᠨ ᠴᠢᠬᠤᠯᠠ ᠶᠡᠬᠡ ᠢᠨᠵᠧᠨᠧᠷᠢᠩ᠂ ᠲᠥᠯᠥᠪᠯᠡᠭᠡ ᠪᠠ ᠡᠭᠦᠷᠭᠡ ᠵᠢ ᠲᠣᠳᠣᠷᠬᠠᠢ᠌ᠯᠠᠭᠰᠠᠨ᠎ᠤ ᠬᠠᠮᠲᠤ᠂ ᠲᠤᠰ ᠵᠠᠭᠤᠨ᠎ᠤ ᠳᠤᠮᠳᠠᠴᠢ ᠦᠶ᠎ᠡ ᠪᠣᠯᠲᠠᠯᠠᠬᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠠᠷᠠᠯᠲᠠ᠎ᠳᠤ ᠬᠣᠶᠠᠷ ᠱᠠᠲᠤ ᠦᠶ᠎ᠡ ᠬᠤᠪᠢᠶᠠᠵᠤ ᠠᠯᠤᠰ ᠬᠡᠳᠦ ᠵᠢᠨ ᠠᠷᠭ᠎ᠠ ᠪᠣᠳᠣᠯᠭ᠎ᠠ ᠵᠢ ᠰᠦᠪᠡᠭᠴᠢᠯᠡᠪᠡ ᠭᠡᠵᠡᠢ᠃
ᠮᠠᠨ᠎ᠤ ᠤᠯᠤᠰ᠎ᠤᠨ ᠬᠥᠳᠡᠭᠡ ᠲᠣᠰᠬᠤᠨ᠎ᠤ ᠪᠠᠢ᠌ᠳᠠᠯ᠎ᠤᠨ ᠢᠯᠭ᠋ᠠᠭ᠎ᠠ ᠵᠥᠷᠢᠶ᠎ᠡ ᠶᠡᠬᠡ ᠪᠠᠢ᠌ᠵᠤ᠂ ᠠᠳᠠᠯᠢ ᠪᠤᠰᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ᠎ᠨᠢ ᠴᠤ᠌ ᠠᠳᠠᠯᠢ ᠪᠤᠰᠤ ᠪᠠᠢ᠌ᠳᠠᠭ᠃ 《ᠲᠥᠯᠥᠪᠵᠢᠭᠦᠯᠭᠡ》᠎ᠨᠢ ᠡᠯ᠎ᠡ ᠭᠠᠵᠠᠷ᠎ᠤᠨ ᠢᠯᠭ᠋ᠠᠭ᠎ᠠ ᠵᠥᠷᠢᠶ᠎ᠡ ᠵᠢ ᠬᠡᠷᠬᠢᠨ ᠨᠢᠭᠡᠳᠦᠯᠲᠡᠢ ᠬᠠᠷᠠᠭ᠋ᠠᠯᠵᠠᠭᠰᠠᠨ ᠪᠣᠢ?
ᠵᠠᠩ ᠶᠦᠩ ᠢᠯᠡᠷᠬᠡᠢ᠌ᠯᠡᠬᠦ᠎ᠳᠤ᠎ᠪᠠᠨ᠂ 《ᠲᠥᠯᠥᠪᠵᠢᠭᠦᠯᠭᠡ》᠎ᠳᠤ ᠠᠳᠠᠯᠢ ᠪᠤᠰᠤ ᠬᠥᠳᠡᠭᠡ ᠲᠣᠰᠬᠤᠨ᠎ᠤ ᠭᠠᠵᠠᠷ ᠣᠷᠣᠨ᠎ᠳᠤ ᠢᠯᠭ᠋ᠠᠭ᠎ᠠ ᠵᠥᠷᠢᠶ᠎ᠡ᠎ᠲᠠᠢ ᠬᠠᠨᠳᠤᠵᠤ᠂ ᠬᠥᠭᠵᠢᠯᠲᠡ ᠵᠢᠨ ᠱᠠᠲᠤ ᠦᠶ᠎ᠡ ᠵᠢᠨ ᠠᠳᠠᠯᠢ ᠪᠤᠰᠤ᠂ ᠪᠣᠳᠠᠲᠤ ᠪᠠᠢ᠌ᠳᠠᠯ᠎ᠤᠨ ᠠᠳᠠᠯᠢ ᠪᠤᠰᠤ᠂ ᠢᠯᠭ᠋ᠠᠭ᠎ᠠ ᠵᠥᠷᠢᠶ᠎ᠡ ᠵᠢᠨ ᠪᠤᠰᠤᠳᠴᠢ᠎ᠪᠠᠷ ᠣᠷᠣᠰᠢᠵᠤ ᠪᠠᠢ᠌ᠭ᠎ᠠ ᠵᠢ ᠦᠨᠳᠦᠰᠦᠯᠡᠨ ᠢᠯᠭ᠋ᠠᠭ᠎ᠠ ᠵᠥᠷᠢᠶ᠎ᠡ᠎ᠲᠠᠢ ᠰᠢᠢ᠍ᠳᠪᠦᠷᠢᠯᠡᠨ᠎ᠡ ᠭᠡᠵᠦ ᠳᠤᠷᠠᠳᠤᠨ ᠭᠠᠷᠭ᠋ᠠᠪᠠ᠃ ᠡᠩ ᠲᠡᠷᠢᠭᠦᠨ᠎ᠳᠤ᠂ ᠣᠳᠣ ᠵᠢᠨ ᠪᠠᠢ᠌ᠭ᠎ᠠ ᠬᠥᠳᠡᠭᠡ ᠲᠣᠰᠬᠤᠨ᠎ᠢ ᠲᠥᠪᠯᠡᠷᠡᠭᠦᠯᠦᠨ ᠨᠡᠢ᠌ᠯᠡᠭᠦᠯᠵᠦ ᠳᠡᠭᠡᠭᠰᠢᠯᠡᠭᠦᠯᠬᠦ ᠲᠥᠷᠥᠯ᠂ ᠬᠣᠲᠠ ᠲᠡᠭᠦᠷᠭᠡ ᠵᠢ ᠠᠭᠤᠰᠤᠯᠴᠠᠭᠤᠯᠬᠤ ᠲᠥᠷᠥᠯ᠂ ᠥᠪᠡᠷᠮᠢᠴᠡ ᠣᠨᠴᠠᠯᠢᠭ᠎ᠢ᠎ᠨᠢ ᠬᠠᠮᠠᠭ᠋ᠠᠯᠠᠬᠤ ᠲᠥᠷᠥᠯ ᠪᠠ ᠨᠡᠭᠦᠯᠭᠡᠨ ᠰᠢᠯᠵᠢᠭᠦᠯᠵᠦ ᠬᠠᠰᠤᠨ ᠨᠡᠢ᠌ᠯᠡᠭᠦᠯᠬᠦ ᠲᠥᠷᠥᠯ ᠭᠡᠵᠦ ᠬᠤᠪᠢᠶᠠᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠠᠷᠴᠢᠮ᠂ ᠴᠢᠭᠯᠡᠯ᠂ ᠬᠠᠷᠠᠯᠲᠠ ᠪᠠ ᠡᠭᠦᠷᠭᠡ ᠵᠢ ᠲᠤᠰ ᠲᠤᠰ ᠲᠣᠳᠣᠷᠬᠠᠢ᠌ᠯᠠᠪᠠ᠃ ᠳᠠᠷᠠᠭ᠋ᠠᠯᠠᠪᠠᠯ᠂ ᠱᠠᠲᠤ ᠤᠳᠠᠭ᠎ᠠ ᠬᠤᠪᠢᠶᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠪᠠᠷᠢᠮᠲᠠᠯᠠᠪᠠ᠃ ᠵᠡᠭᠦᠨ ᠬᠡᠰᠡᠭ᠎ᠤᠨ ᠳᠠᠯᠠᠢ ᠳᠠᠭ᠋ᠠᠤ ᠬᠥᠭᠵᠢᠭᠰᠡᠨ ᠭᠠᠵᠠᠷ ᠣᠷᠣᠨ ᠪᠠ ᠬᠠᠮᠲᠤ ᠵᠢᠨ ᠠᠵᠤ ᠠᠬᠤᠢ ᠵᠢᠨ ᠪᠣᠳᠠᠲᠤ ᠬᠦᠴᠦᠨ᠎ᠨᠢ ᠬᠦᠴᠦᠷᠬᠡᠭ ᠬᠥᠳᠡᠭᠡ ᠲᠣᠰᠬᠤᠨ᠎ᠢ 2002 ᠣᠨ ᠪᠣᠯᠬᠤ ᠦᠶ᠎ᠡ᠎ᠳᠤ ᠲᠠᠷᠢᠶᠠᠯᠠᠩ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠤᠷᠢᠳ ᠵᠶ᠋ᠠᠷ ᠦᠨᠳᠦᠰᠦᠨ᠎ᠳᠤ᠎ᠪᠠᠨ ᠪᠡᠶᠡᠯᠡᠭᠦᠯᠵᠦ᠂ ᠵᠢᠱ᠌ᠢᠶ᠎ᠡ ᠦᠵᠡᠭᠦᠯᠦᠨ ᠳᠠᠢ᠌ᠴᠢᠯᠠᠨ ᠳᠠᠭ᠋ᠠᠭᠤᠯᠬᠤ ᠦᠢ᠍ᠯᠡᠳᠦᠯ ᠦᠵᠡᠭᠦᠯᠦᠨ᠎ᠡ; ᠪᠤᠰᠤᠳ ᠶᠡᠬᠡᠩᠬᠢ ᠬᠡᠰᠡᠭ ᠭᠠᠴᠠᠭ᠎ᠠ ᠲᠣᠰᠬᠤᠨ᠎ᠤ ᠲᠠᠷᠢᠶᠠᠯᠠᠩ ᠬᠥᠳᠡᠭᠡ ᠲᠣᠰᠬᠤᠨ᠎ᠤ ᠣᠳᠣᠬᠢᠴᠢᠯᠠᠯᠲᠠ ᠵᠢ 2035 ᠣᠨ ᠪᠣᠯᠲᠠᠯ᠎ᠠ ᠦᠨᠳᠦᠰᠦᠨ᠎ᠳᠤ᠎ᠪᠠᠨ ᠪᠡᠶᠡᠯᠡᠭᠦᠯᠦᠨ᠎ᠡ; ᠶᠠᠳᠠᠭᠤ ᠬᠦᠴᠢᠷᠲᠡᠢ ᠭᠠᠵᠠᠷ ᠣᠷᠣᠨ᠎ᠤ ᠲᠠᠷᠢᠶᠠᠯᠠᠩ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠬᠦ ᠴᠠᠭ ᠬᠤᠭᠤᠴᠠᠭ᠎ᠠ᠎ᠨᠢ 2050 ᠣᠨ ᠪᠣᠯᠣᠨ᠎ᠠ᠃ ᠭᠤᠷᠪᠠᠳᠤᠭ᠋ᠠᠷ᠎ᠲᠤ᠂ ᠱᠠᠲᠤ ᠦᠶ᠎ᠡ ᠵᠢᠨ ᠡᠭᠦᠷᠭᠡ ᠵᠢ ᠭᠣᠣᠯᠳᠠᠭᠤᠯᠤᠨ ᠠᠩᠬᠠᠷᠪᠠ᠃ ᠶᠠᠳᠠᠭᠤ ᠬᠦᠴᠢᠷᠲᠡᠢ ᠭᠠᠵᠠᠷ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ᠂ ᠵᠡᠭᠦᠨ ᠬᠡᠰᠡᠭ᠎ᠤᠨ ᠳᠠᠯᠠᠢ ᠳᠠᠭ᠋ᠠᠤ ᠭᠠᠵᠠᠷ ᠣᠷᠣᠨ᠎ᠲᠠᠢ ᠠᠳᠠᠯᠢ ᠪᠤᠰᠤ᠎ᠪᠠᠷ ᠬᠠᠨᠳᠤᠵᠤ᠂ 2020 ᠣᠨ᠎ᠠᠴᠠ ᠡᠮᠦᠨ᠎ᠡ᠂ ᠬᠠᠮᠤᠭ᠎ᠤᠨ ᠲᠦᠷᠦᠭᠦᠨᠤ᠂ ᠬᠠᠮᠤᠭ᠎ᠤᠨ ᠴᠢᠬᠤᠯᠠ ᠡᠭᠦᠷᠭᠡ ᠪᠣᠯ ᠣᠨᠣᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠶᠠᠪᠤᠳᠠᠯ ᠪᠣᠯᠣᠨ᠎ᠠ᠃ ᠬᠠᠮᠤᠭ ᠰᠡᠭᠦᠯ᠎ᠳᠤ᠂ ᠬᠥᠭ ᠪᠠ ᠡᠷᠴᠢᠮ᠎ᠢ ᠰᠠᠢ᠌ᠲᠤᠷ ᠡᠵᠡᠮᠳᠡᠵᠦ᠂ ᠯᠠᠪᠳᠠᠭᠤᠨᠢ ᠪᠠᠲᠤᠯᠠᠬᠤ ᠵᠢᠨ ᠳᠠᠭ᠋ᠠᠤ ᠤᠷᠤᠭᠰᠢᠯᠠᠭᠤᠯᠤᠨ ᠳᠠᠪᠰᠢᠭᠤᠯᠤᠨ᠎ᠠ ᠭᠡᠵᠡᠢ᠃
《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ᠎ᠳᠤ ᠬᠠᠮᠤᠭ᠎ᠤᠨ ᠲᠡᠷᠢᠭᠦᠨ᠎ᠤ ᠬᠠᠲᠠᠭᠤ ᠪᠡᠷᠬᠡᠲᠡᠢ ᠳᠠᠢ᠌ᠯᠠᠯᠳᠤᠭ᠋ᠠᠨ ᠪᠣᠯ ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠶᠠᠪᠤᠳᠠᠯ ᠪᠣᠯᠣᠨ᠎ᠠ》 ᠭᠡᠵᠦ ᠢᠦᠢ ᠰᠢᠨ ᠷᠦᠩ ᠬᠡᠯᠡᠬᠦ᠎ᠳᠤ᠎ᠪᠠᠨ᠂ ᠣᠳᠣᠬᠠᠨ᠎ᠳᠤ ᠪᠦᠬᠦ ᠤᠯᠤᠰ᠎ᠲᠤ ᠮᠥᠨ 1/4 ᠣᠷᠴᠢᠮ᠎ᠤᠨ ᠲᠣᠰᠬᠤᠨ᠎ᠤ ᠠᠮᠢᠳᠤᠷᠠᠯ᠎ᠤᠨ ᠬᠣᠭ ᠨᠣᠪᠰᠢ ᠵᠢ ᠬᠤᠷᠢᠶᠠᠨ ᠴᠤᠭᠯᠠᠭᠤᠯᠬᠤ ᠪᠠ ᠰᠢᠢ᠍ᠳᠪᠦᠷᠢᠯᠡᠭᠡ ᠦᠭᠡᠢ᠂ 80% ᠵᠢᠨ ᠭᠠᠴᠠᠭ᠎ᠠ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠭᠡ ᠦᠭᠡᠢ᠂ ᠪᠠᠷᠤᠭ 1/3 ᠵᠢᠨ ᠵᠠᠰᠠᠭ ᠵᠠᠬᠢᠷᠭ᠋ᠠᠨ᠎ᠤ ᠲᠣᠰᠬᠤᠨ᠎ᠤ ᠵᠠᠮ᠎ᠢ ᠬᠠᠲᠠᠭᠤᠵᠢᠭᠤᠯᠬᠤ ᠵᠢ ᠪᠡᠶᠡᠯᠡᠭᠦᠯᠦᠭᠡᠳᠦᠢ ᠪᠠᠢ᠌ᠵᠤ᠂ ᠶᠠᠪᠤᠵᠤ ᠰᠠᠭᠤᠬᠤ᠎ᠳᠤ ᠬᠦᠴᠢᠷᠲᠡᠢ᠂ ᠵᠣᠷᠯᠣᠩ᠎ᠳᠤ ᠣᠷᠣᠬᠤ᠎ᠳᠤ ᠬᠦᠴᠢᠷᠲᠡᠢ᠂ ᠣᠷᠴᠢᠨ ᠲᠣᠭᠣᠷᠢᠨ᠎ᠨᠢ ᠪᠤᠵᠠᠷ᠂ ᠲᠣᠰᠬᠤᠨ᠎ᠤ ᠥᠩᠭᠡ ᠲᠥᠷᠬᠦ ᠮᠠᠭᠤᠬᠠᠢ᠂ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠬᠣᠴᠣᠷᠤᠩᠭᠤᠢ ᠵᠡᠷᠭᠡ ᠠᠰᠠᠭᠤᠳᠠᠯ ᠮᠥᠨ ᠬᠦ᠌ ᠨᠡᠯᠢᠶᠡᠳ ᠲᠣᠪᠣᠢ᠌ᠮ᠎ᠠ ᠪᠠᠢ᠌ᠨ᠎ᠠ ᠭᠡᠵᠡᠢ᠃
ᠡᠭᠦᠨ᠎ᠳᠤ᠂ 《ᠲᠥᠯᠥᠪᠵᠢᠭᠦᠯᠭᠡ》᠎ᠳᠤ ᠭᠣᠶᠣ ᠦᠵᠡᠰᠬᠦᠯᠡᠩ ᠮᠥᠷᠲᠡᠭᠡᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠭᠠᠴᠠᠭ᠎ᠠ ᠲᠣᠰᠬᠤᠨ᠎ᠢ ᠪᠠᠢ᠌ᠭᠤᠯᠬᠤ᠎ᠪᠠᠷ ᠤᠳᠤᠷᠢᠳᠤᠮᠵᠢ ᠪᠣᠯᠭ᠋ᠠᠨ᠂ ᠬᠥᠳᠡᠭᠡ ᠲᠣᠰᠬᠤᠨ᠎ᠤ ᠬᠣᠭ ᠨᠣᠪᠰᠢ᠂ ᠪᠣᠬᠢᠷ ᠤᠰᠤ ᠵᠢ ᠵᠠᠰᠠᠬᠤ ᠪᠠ ᠲᠣᠰᠬᠤᠨ᠎ᠤ ᠥᠩᠭᠡ ᠲᠥᠷᠬᠦ ᠵᠢ ᠰᠠᠢ᠌ᠵᠢᠷᠠᠭᠤᠯᠬᠤ᠎ᠪᠠᠷ ᠭᠣᠣᠯ ᠰᠢᠢ᠍ᠳᠪᠦᠷᠢᠯᠡᠬᠦ ᠴᠢᠭᠯᠡᠯ ᠪᠣᠯᠭ᠋ᠠᠵᠤ᠂ ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠨ᠎ᠡ ᠭᠡᠵᠦ ᠳᠤᠷᠠᠳᠤᠨ ᠭᠠᠷᠭ᠋ᠠᠪᠠ; ᠬᠥᠳᠡᠭᠡ ᠲᠣᠰᠬᠤᠨ᠎ᠤ ᠬᠣᠭ ᠨᠣᠪᠰᠢ ᠵᠢ ᠵᠠᠰᠠᠬᠤ᠂ ᠬᠥᠳᠡᠭᠡ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ᠂ ᠵᠣᠷᠯᠣᠩ᠎ᠤᠨ ᠰᠢᠨᠡᠴᠢᠯᠡᠯᠲᠡ ᠬᠢᠬᠦ᠂ ᠬᠥᠳᠡᠭᠡ ᠲᠣᠰᠬᠤᠨ᠎ᠤ ᠨᠣᠭᠣᠭ᠋ᠠᠷᠠᠭᠤᠯᠤᠯᠲᠠ ᠬᠢᠬᠦ᠂ ᠬᠥᠳᠡᠭᠡ ᠲᠣᠰᠬᠤᠨ᠎ᠤ ᠤᠰᠤᠨ᠎ᠤ ᠣᠷᠴᠢᠨ ᠲᠣᠭᠣᠷᠢᠨ᠎ᠢ ᠵᠠᠰᠠᠬᠤ ᠪᠠ ᠣᠷᠣᠰᠢᠨ ᠰᠠᠭᠤᠬᠤ᠎ᠳᠤ ᠲᠣᠬᠢᠷᠠᠮᠵᠢᠲᠠᠢ ᠪᠥᠭᠡᠳ ᠠᠳᠠᠯ ᠦᠢ᠍ᠯᠡᠰ ᠴᠣᠭᠴᠠᠯᠠᠬᠤ᠎ᠳᠤ ᠵᠣᠬᠢᠰᠲᠠᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠢ ᠪᠠᠢ᠌ᠭᠤᠯᠬᠤ ᠵᠡᠷᠭᠡ ᠵᠢᠷᠭᠤᠭ᠋ᠠᠨ ᠴᠢᠬᠤᠯᠠ ᠶᠡᠬᠡ ᠠᠵᠢᠯᠯᠠᠭ᠎ᠠ ᠵᠢ ᠲᠣᠭᠲᠠᠭ᠋ᠠᠵᠠᠢ᠃
ᠬᠥᠳᠡᠭᠡ ᠲᠣᠰᠬᠤᠨ᠎ᠤ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠪᠠ ᠪᠠᠲᠤᠯᠠᠬᠤ ᠪᠣᠯ ᠮᠥᠨ ᠴᠤ᠌ ᠲᠠᠷᠢᠶᠠᠴᠢᠳ᠎ᠤᠨ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ᠎ᠢ ᠳᠡᠭᠡᠭᠰᠢᠯᠡᠭᠦᠯᠬᠦ ᠴᠢᠬᠤᠯᠠ ᠠᠭᠤᠯᠭ᠎ᠠ ᠪᠣᠯᠣᠨ᠎ᠠ᠃ 《ᠲᠥᠯᠥᠪᠵᠢᠭᠦᠯᠭᠡ》᠎ᠳᠤ ᠭᠣᠣᠯᠳᠠᠭᠤ 3 ᠲᠠᠯ᠎ᠠ ᠵᠢᠨ ᠲᠣᠬᠢᠷᠠᠭᠤᠯᠤᠯᠲᠠ ᠬᠢᠪᠡ᠃ ᠨᠢᠭᠡ᠎ᠳᠤ᠂ ᠬᠥᠳᠡᠭᠡ ᠲᠣᠰᠬᠤᠨ᠎ᠤ ᠰᠠᠭᠤᠷᠢ ᠪᠡᠯᠡᠳᠬᠡᠮᠵᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠣᠷᠣᠭᠤᠯᠤᠯᠲᠠ ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠪᠠᠷᠠᠭ᠋ᠠᠨ᠎ᠤ ᠭᠦᠢ᠍ᠯᠭᠡᠭᠡ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠵᠢᠨ ᠨᠥᠬᠥᠴᠡᠯ᠎ᠢ ᠰᠠᠢ᠌ᠵᠢᠷᠠᠭᠤᠯᠤᠨ᠎ᠠ᠃ ᠬᠣᠶᠠᠷ᠎ᠲᠤ᠂ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠠᠵᠢᠯ ᠣᠯᠭᠣᠯᠲᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠲᠦᠷᠭᠡᠳᠬᠡᠨ ᠳᠡᠭᠡᠭᠰᠢᠯᠡᠭᠦᠯᠦᠨ᠎ᠡ᠃ ᠭᠤᠷᠪᠠ᠎ᠳᠤ᠂ ᠬᠥᠳᠡᠭᠡ ᠲᠣᠰᠬᠤᠨ᠎ᠤ ᠣᠯᠠᠨ ᠨᠡᠢ᠌ᠲᠡ ᠵᠢᠨ ᠦᠢ᠍ᠯᠡᠴᠢᠯᠡᠭᠡ ᠵᠢ ᠪᠦᠲᠦᠮᠵᠢᠲᠡᠢ ᠬᠠᠩᠭ᠋ᠠᠬᠤ ᠵᠢ ᠤᠯᠠᠮ ᠨᠢᠭᠡ ᠠᠯᠬᠤᠮ ᠨᠡᠮᠡᠭᠳᠡᠭᠦᠯᠦᠨ᠂ ᠣᠯᠠᠨ ᠨᠡᠢ᠌ᠲᠡ ᠵᠢᠨ ᠰᠤᠷᠭ᠋ᠠᠨ ᠬᠥᠮᠥᠵᠢᠯ᠂ ᠡᠮᠴᠢᠯᠡᠭᠡ ᠡᠷᠡᠭᠦᠯ ᠬᠠᠮᠠᠭ᠋ᠠᠯᠠᠯ᠂ ᠨᠡᠢ᠌ᠭᠡᠮ᠎ᠤᠨ ᠪᠠᠲᠤᠯᠠᠭ᠎ᠠ᠂ ᠨᠠᠰᠤᠵᠢᠯ᠎ᠤᠨ ᠦᠢ᠍ᠯᠡᠴᠢᠯᠡᠭᠡ ᠵᠡᠷᠭᠡ ᠡᠬᠢ ᠪᠠᠶᠠᠯᠢᠭ᠎ᠢ ᠬᠥᠳᠡᠭᠡ ᠲᠣᠰᠬᠤᠨ ᠲᠡᠢ᠌ᠰᠢ ᠲᠠᠰᠤᠷᠠᠯᠲᠠ ᠦᠭᠡᠢ ᠬᠡᠯᠪᠡᠢ᠌ᠯᠭᠡᠵᠦ᠂ ᠬᠣᠲᠠ ᠬᠥᠳᠡᠭᠡ ᠵᠢᠨ ᠬᠣᠭᠣᠷᠣᠨᠳᠤᠬᠢ ᠵᠥᠷᠢᠶ᠎ᠡ ᠵᠢ ᠲᠠᠰᠤᠷᠠᠯᠲᠠ ᠦᠭᠡᠢ ᠪᠠᠭ᠋ᠠᠰᠬᠠᠨ᠎ᠠ᠃
《ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠲᠠᠪᠤᠨ ᠵᠢᠯ ᠳᠠᠷᠠᠭ᠋ᠠᠯᠠᠨ 1.2 ᠲᠦᠮᠡᠨ ᠳ᠋ᠦᠩᠰᠢᠭᠤᠷ ᠵᠢᠩ᠎ᠢ ᠳᠠᠪᠠᠨ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠭᠰᠠᠨ ᠥᠷᠲᠡᠭ᠎ᠨᠢ 20 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠰᠡᠯᠡᠭᠦᠴᠡᠯ ᠲᠠᠷᠢᠶᠠᠯᠠᠩ ᠪᠠ ᠬᠥᠳᠡᠭᠡ ᠲᠣᠰᠬᠤᠨ᠎ᠤ ᠵᠢᠭᠤᠯᠴᠢᠯᠠᠯ᠎ᠤᠨ ᠦᠢ᠍ᠯᠡᠰ᠎ᠤᠨ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 7000 ᠳ᠋ᠦᠩᠰᠢᠭᠤᠷ ᠲᠥᠭᠥᠷᠢᠭ᠎ᠠᠴᠠ ᠳᠡᠭᠡᠭᠰᠢ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡ ᠵᠢᠨ ᠦᠢ᠍ᠯᠡᠰ᠎ᠤᠨ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 2000 ᠳ᠋ᠦᠩᠰᠢᠭᠤᠷ ᠲᠥᠭᠥᠷᠢᠭ᠎ᠠᠴᠠ ᠳᠡᠭᠡᠭᠰᠢ ᠬᠦᠷᠴᠦ᠂ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠥᠭᠵᠢᠯᠲᠡ᠎ᠨᠢ ᠮᠠᠰᠢ ᠶᠡᠬᠡ ᠦᠷ᠎ᠡ ᠪᠦᠲᠦᠮᠵᠢ ᠣᠯᠵᠠᠢ》 ᠭᠡᠵᠦ ᠢᠦᠢ ᠰᠢᠨ ᠷᠦᠩ ᠬᠡᠯᠡᠬᠦ᠎ᠳᠤ᠎ᠪᠠᠨ᠂ ᠭᠡᠲᠡᠯ᠎ᠡ ᠡᠭᠦᠨ᠎ᠤ ᠬᠠᠮᠲᠤ ᠬᠥᠳᠡᠭᠡ ᠲᠣᠰᠬᠤᠨ᠎ᠤ ᠠᠵᠤ ᠦᠢ᠍ᠯᠡᠰ᠎ᠲᠤ ᠮᠥᠨ ᠬᠦ᠌ ᠵᠢᠵᠢᠭ᠂ ᠲᠠᠷᠠᠬᠠᠢ᠂ ᠬᠣᠯᠢᠮᠠᠭ ᠵᠡᠷᠭᠡ ᠠᠰᠠᠭᠤᠳᠠᠯ ᠣᠷᠣᠰᠢᠵᠤ᠂ ᠲᠣᠮᠣ ᠪᠥᠭᠡᠳ ᠬᠦᠴᠦᠷᠬᠡᠭ ᠪᠤᠰᠤ᠂ ᠪᠦᠲᠦᠭᠡᠭᠳᠡᠬᠦᠨ ᠣᠯᠠᠨ ᠪᠥᠭᠡᠳ ᠰᠢᠯᠢᠳᠡᠭ ᠪᠤᠰᠤ᠂ ᠨᠡᠷᠡᠲᠦ ᠲᠡᠮᠳᠡᠭᠲᠦ᠎ᠨᠢ ᠬᠣᠯᠢᠮᠠᠭ ᠪᠥᠭᠡᠳ ᠨᠡᠷ᠎ᠡ ᠠᠯᠳᠠᠷ ᠦᠭᠡᠢ ᠪᠠᠢ᠌ᠳᠠᠭ᠃ ᠡᠢ᠌ᠮᠦ᠎ᠠᠴᠠ᠂ 《ᠲᠥᠯᠥᠪᠵᠢᠭᠦᠯᠭᠡ》᠎ᠳᠤ 28 ᠵᠦᠢ᠍ᠯ᠎ᠤᠨ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠯᠥᠪᠯᠡᠭᠡ ᠪᠠ ᠴᠢᠬᠤᠯᠠ ᠶᠡᠬᠡ ᠠᠵᠢᠯᠯᠠᠭ᠎ᠠ ᠵᠢ ᠳᠤᠷᠠᠳᠤᠨ ᠭᠠᠷᠭ᠋ᠠᠪᠠ ᠭᠡᠵᠡᠢ᠃
ᠨᠢᠭᠡ᠎ᠳᠤ᠂ ᠲᠠᠷᠢᠶᠠᠯᠠᠩ᠎ᠤᠨ ᠰᠠᠭᠤᠷᠢ ᠵᠢ ᠭᠤᠢ᠌ᠪᠢᠰᠢ ᠦᠭᠡᠢ ᠴᠣᠭᠴᠠᠯᠠᠨ᠂ ᠲᠠᠷᠢᠶᠠᠯᠠᠩ ᠵᠶ᠋ᠠᠷ ᠰᠠᠭᠤᠷᠢ ᠪᠣᠯᠭ᠋ᠠᠬᠤ ᠦᠵᠡᠯ ᠤᠬᠠᠮᠰᠠᠷ᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ 《ᠠᠮᠤ ᠪᠤᠳᠠᠭ᠎ᠠ ᠬᠤᠷᠢᠶᠠᠬᠤ᠎ᠳᠤ ᠭᠠᠵᠠᠷ ᠲᠠᠷᠢᠶ᠎ᠠ᠎ᠳᠤ ᠲᠦᠰᠢᠭᠯᠡᠬᠦ᠂ ᠠᠮᠤ ᠪᠤᠳᠠᠭ᠎ᠠ ᠬᠤᠷᠢᠶᠠᠬᠤ᠎ᠳᠤ ᠮᠡᠷᠭᠡᠵᠢᠯ᠎ᠳᠤ ᠲᠦᠰᠢᠭᠯᠡᠬᠦ》 ᠪᠠᠢ᠌ᠯᠳᠤᠬᠤ ᠪᠣᠳᠣᠯᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ᠎ᠤᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ᠎ᠤᠨ ᠣᠯᠠᠨ ᠤᠯᠤᠰ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠲᠠᠷᠢᠶᠠᠴᠢᠳ᠎ᠤᠨ ᠣᠷᠣᠯᠭ᠎ᠠ ᠵᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃
ᠬᠣᠶᠠᠷ᠎ᠲᠤ᠂ ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠠᠴᠠ 《ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ》 ᠵᠢ ᠶᠠᠭ ᠰᠠᠢ᠌ᠬᠠᠨ ᠲᠦᠷᠭᠡᠳᠬᠡᠨ ᠨᠠᠢ᠌ᠷᠠᠭᠤᠯᠤᠨ ᠵᠣᠬᠢᠶᠠᠵᠤ᠂ ᠲᠠᠷᠢᠶᠠᠯᠠᠩ᠎ᠢ ᠴᠢᠨᠠᠷ ᠰᠠᠢ᠌ᠲᠠᠢ ᠬᠥᠭᠵᠢᠭᠦᠯᠬᠦ ᠨᠠᠢ᠍ᠮᠠᠨ ᠶᠡᠬᠡ ᠠᠵᠢᠯᠯᠠᠭ᠎ᠠ ᠵᠢ ᠡᠬᠢᠯᠡᠭᠦᠯᠦᠨ᠂ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠲᠣᠬᠢᠷᠠᠭᠰᠠᠨ ᠰᠢᠨ᠎ᠡ ᠵᠣᠬᠢᠶᠠᠨ ᠪᠠᠢ᠌ᠭᠤᠯᠤᠯᠲᠠ ᠵᠢᠨ ᠬᠡᠯᠪᠡᠷᠢ᠎ᠳᠤ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠰᠢᠰᠲ᠋ᠧᠮᠵᠢ᠂ ᠦᠢ᠍ᠯᠡᠳᠪᠦᠷᠢᠯᠡᠯ᠎ᠤᠨ ᠰᠢᠰᠲ᠋ᠧᠮᠵᠢ ᠪᠠ ᠡᠵᠡᠩᠨᠡᠯᠲᠡ ᠵᠢᠨ ᠰᠢᠰᠲ᠋ᠧᠮᠵᠢ ᠵᠢ ᠤᠯᠠᠮ ᠨᠢᠭᠡ ᠠᠯᠬᠤᠮ ᠪᠠᠢ᠌ᠭᠤᠯᠬᠤ ᠬᠡᠷᠡᠭᠲᠡᠢ᠃
ᠭᠤᠷᠪᠠ᠎ᠳᠤ᠂ ᠠᠵᠤ ᠦᠢ᠍ᠯᠡᠰ᠎ᠢ ᠠᠭᠤᠰᠤᠯᠴᠠᠭᠤᠯᠬᠤ ᠵᠢ ᠰᠠᠢ᠌ᠲᠤᠷ ᠠᠳᠬᠤᠵᠤ᠂ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃
ᠳᠥᠷᠪᠡ᠎ᠳᠤ᠂ ᠥᠪᠡᠷᠮᠢᠴᠡ ᠣᠨᠴᠠᠯᠢᠭᠲᠤ ᠠᠵᠤ ᠦᠢ᠍ᠯᠡᠰ᠎ᠢ ᠰᠠᠢ᠌ᠲᠤᠷ ᠠᠳᠬᠤᠵᠤ᠂ ᠨᠡᠩ ᠢᠯᠠᠩᠭᠤᠶ᠎ᠠ ᠥᠪᠡᠷᠮᠢᠴᠡ ᠳᠠᠪᠠᠭᠤᠯᠢᠭ ᠠᠵᠤ ᠦᠢ᠍ᠯᠡᠰ᠎ᠤᠨ ᠣᠷᠣᠨ᠎ᠤ ᠬᠥᠭᠵᠢᠯᠲᠡ ᠵᠢ ᠠᠬᠢᠭᠤᠯᠬᠤ ᠬᠡᠷᠡᠭᠲᠡᠢ᠃