
ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ 12 ᠳ᠋ᠤᠭ᠋ᠠᠷ ᠰᠠᠷ᠎ᠠ ᠵᠢᠨ 25ᠤ ᠡᠳᠦᠷ ᠥᠪᠡᠷᠲᠡᠭᠡᠨ ᠵᠠᠰᠠᠬᠤ ᠣᠷᠣᠨᠤ 《ᠭᠤᠷᠪᠠᠨ ᠶᠡᠬᠡ ᠰᠢᠪᠲᠤᠯᠤᠯᠲᠠ ᠵᠢᠨ ᠳᠠᠶ᠋ᠢᠯᠠᠯᠳᠤᠭ᠋ᠠᠨ》ᠢ ᠰᠠᠶ᠋ᠢᠲᠤᠷ ᠬᠢᠬᠦ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠠᠶ᠋ᠢᠩᠭᠤ ᠵᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠭᠣᠣᠯ ᠰᠡᠳᠦᠪᠲᠦ ᠨᠡᠢ᠌ᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨᠤ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨᠤ ᠳᠡᠳ᠋ ᠲᠡᠷᠢᠭᠦᠯᠡᠭᠴᠢ ᠪᠣᠥ ᠭᠠᠩ ᠰᠣᠨᠢᠨ ᠮᠡᠳᠡᠭᠡ ᠨᠡᠶ᠋ᠢᠲᠡᠯᠡᠬᠦ ᠬᠤᠷᠠᠯᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ ᠵᠢᠨ ᠤᠬᠠᠭᠤᠯᠬᠤ ᠬᠡᠯᠲᠡᠰᠤᠨ ᠪᠠᠶ᠋ᠢᠩᠭᠤ ᠵᠢᠨ ᠳᠡᠳ᠋ ᠳᠠᠷᠤᠭ᠎ᠠ ᠵᠧᠤ ᠴᠦᠨ ᠵᠢᠶᠸ ᠰᠣᠨᠢᠨ ᠮᠡᠳᠡᠭᠡ ᠨᠡᠶ᠋ᠢᠲᠡᠯᠡᠬᠦ ᠬᠤᠷᠠᠯᠢ ᠡᠷᠭᠢᠯᠡᠪᠡ᠃