ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠠᠪᠤᠳᠤᠭ᠋ᠠᠷ ᠤᠳᠠᠭ᠋ᠠᠨ᠎ᠤ ᠬᠤᠷᠠᠯ ᠵᠶ᠋ᠠᠷ 8 ᠳ᠋ᠤᠭ᠋ᠠᠷ ᠰᠠᠷ᠎ᠠ ᠵᠢᠨ 31᠎ᠤ ᠡᠳᠦᠷ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ᠎ᠢ ᠰᠠᠨᠠᠯ ᠬᠤᠷᠢᠶᠠᠵᠤ ᠪᠠᠲᠤᠯᠠᠭᠰᠠᠨ᠎ᠨᠢ᠂ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠬᠠᠤᠯᠢ᠎ᠳᠤ ᠳᠣᠯᠣᠳᠤᠭ᠋ᠠᠷ ᠤᠳᠠᠭ᠎ᠠ ᠶᠡᠬᠡ ᠵᠠᠰᠠᠪᠤᠷᠢ ᠣᠷᠣᠭᠤᠯᠬᠤ ᠵᠢ ᠪᠡᠶᠡᠯᠡᠭᠦᠯᠦᠭᠰᠡᠨ᠎ᠢ ᠬᠠᠷᠠᠭᠤᠯᠵᠤ ᠪᠠᠢ᠌ᠨ᠎ᠠ᠃
《ᠭᠠᠢ᠌ᠯᠢ ᠲᠠᠲᠠᠪᠤᠷᠢᠯᠠᠬᠤ ᠴᠡᠭ》᠎ᠢ ᠶᠠᠭᠤᠨ᠎ᠳᠤ ᠰᠠᠷ᠎ᠠ ᠪᠦᠷᠢ ᠵᠢᠨ 5000 ᠲᠥᠭᠥᠷᠢᠭ ᠵᠶ᠋ᠡᠷ ᠲᠣᠭᠲᠠᠭ᠋ᠠᠭᠰᠠᠨ ᠪᠣᠢ ? ᠰᠢᠨ᠎ᠡ ᠭᠠᠢ᠌ᠯᠢ ᠵᠢᠨ ᠬᠠᠤᠯᠢ ᠨᠢ ᠴᠠᠯᠢᠩ ᠣᠯᠣᠭᠰᠠᠳ ᠠᠴᠠ ᠬᠡᠳᠦᠢ ᠭᠠᠢ᠌ᠯᠢ ᠬᠠᠰᠤᠵᠤ ᠥᠭᠳᠡᠭ ᠪᠣᠯ? ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠢ ᠴᠣᠬᠣᠮ ᠶᠠᠭ᠋ᠠᠬᠢᠵᠤ ᠬᠠᠰᠤᠨ ᠰᠠᠭᠤᠳᠬᠠᠳᠠᠭ ᠪᠣᠯ? ᠨᠡᠢ᠌ᠭᠡᠮ᠎ᠤᠨ ᠡᠳᠡᠭᠡᠷ ᠠᠩᠬᠠᠷᠤᠨ ᠬᠠᠯᠠᠮᠵᠢᠯᠠᠵᠤ ᠪᠠᠢ᠌ᠭ᠎ᠠ ᠬᠠᠯᠠᠮᠰᠢᠯ ᠠᠰᠠᠭᠤᠳᠠᠯ᠎ᠳᠤ ᠬᠠᠨᠳᠤᠭᠤᠯᠤᠨ᠂ ᠲᠤᠬᠠᠢ ᠵᠢᠨ ᠡᠳᠦᠷ᠎ᠤᠨ ᠦᠳᠡ ᠵᠢᠨ ᠬᠣᠢ᠌ᠨ᠎ᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠯᠪᠠᠨ ᠲᠢᠩᠬᠢᠮ᠎ᠠᠴᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠳ᠎ᠠᠴᠠ ᠡᠳᠡᠭᠡᠷ ᠠᠰᠠᠭᠤᠯᠲᠠ᠎ᠳᠤ ᠨᠢᠭᠡ ᠨᠢᠭᠡ᠎ᠪᠠᠷ ᠬᠠᠷᠢᠭᠤᠯᠲᠠ ᠥᠭᠴᠡᠢ᠃
ᠬᠠᠯᠠᠮᠰᠢᠯ ᠠᠰᠠᠭᠤᠳᠠᠯ ᠨᠢᠭᠡ ᠄ ᠰᠠᠷ᠎ᠠ ᠪᠦᠷᠢ ᠵᠢᠨ 5000 ᠲᠥᠭᠥᠷᠢᠭ ᠤᠨ 《 ᠭᠠᠢ᠌ᠯᠢ ᠲᠠᠲᠠᠪᠤᠷᠢᠯᠠᠬᠤ ᠴᠡᠭ》᠎ᠢ ᠭᠤᠷᠪᠠᠨ ᠶᠡᠬᠡ ᠲᠠᠯ᠎ᠠ᠎ᠠᠴᠠ ᠪᠣᠳᠣᠯᠬᠢᠯᠠᠭ᠋ᠠᠳ ᠲᠣᠭᠲᠠᠭ᠋ᠠᠪᠠ
ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠬᠠᠰᠤᠨ ᠰᠠᠭᠤᠳᠬᠠᠬᠤ ᠰᠦᠢ᠍ᠳᠬᠡᠯ᠎ᠤᠨ ᠦᠨᠳᠦᠰᠦᠨ ᠪᠠᠷᠢᠮᠵᠢᠶ᠎ᠠ (ᠲᠤᠬᠠᠢ᠌ᠯᠠᠪᠠᠯ ᠶᠡᠷᠦ ᠵᠢᠨ ᠬᠡᠯᠡᠳᠡᠭ 《ᠭᠠᠢ᠌ᠯᠢ ᠲᠠᠲᠠᠪᠤᠷᠢᠯᠠᠬᠤ ᠴᠡᠭ》)᠎ᠨᠢ ᠣᠯᠠᠨ᠎ᠤ ᠠᠩᠬᠠᠷᠤᠯ᠎ᠢ ᠶᠡᠬᠡ᠎ᠪᠠᠷ ᠲᠠᠲᠠᠵᠤ ᠪᠠᠢ᠌ᠨ᠎ᠠ᠃ ᠲᠡᠭᠡᠪᠡᠯ ᠰᠠᠷ᠎ᠠ ᠪᠦᠷᠢ ᠵᠢᠨ 5000 ᠲᠥᠭᠥᠷᠢᠭ᠎ᠤᠨ ᠪᠠᠷᠢᠮᠵᠢᠶ᠎ᠠ ᠵᠢ ᠶᠠᠭ᠋ᠠᠬᠢᠵᠤ ᠲᠣᠭᠲᠠᠭ᠋ᠠᠭᠰᠠᠨ ᠪᠣᠢ?
ᠡᠳ᠋᠎ᠤᠨ ᠵᠠᠰᠠᠭ᠎ᠤᠨ ᠶᠠᠮᠤᠨ᠎ᠤ ᠳᠡᠳ᠋ ᠳᠠᠷᠤᠭ᠎ᠠ ᠴᠧᠩ ᠯᠢ ᠬᠤᠸᠠ ᠵᠢᠨ ᠬᠡᠯᠡᠭᠰᠡᠨ ᠵᠶ᠋ᠠᠷ᠂ ᠭᠣᠣᠯᠳᠠᠭᠤ ᠭᠤᠷᠪᠠᠨ ᠲᠠᠯ᠎ᠠ ᠵᠢᠨ ᠪᠣᠳᠣᠯᠬᠢᠯᠠᠯ᠎ᠳᠤ ᠰᠠᠭᠤᠷᠢᠯᠠᠪᠠ᠃
ᠨᠢᠭᠡ᠎ᠳᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠦᠨᠳᠦᠰᠦᠨ ᠬᠡᠷᠡᠭᠯᠡᠭᠡ ᠵᠢᠨ ᠵᠠᠷᠤᠯᠭ᠎ᠠ᠂ ᠠᠵᠢᠯ ᠣᠯᠣᠭᠰᠠᠳ ᠨᠢᠭᠡᠪᠦᠷᠢ ᠵᠢᠨ ᠳᠤᠮᠳᠠᠴᠢ᠎ᠪᠠᠷ ᠡᠭᠦᠷᠭᠡᠯᠡᠬᠦ ᠬᠥᠮᠥᠨ᠎ᠤ ᠲᠣᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠭᠦᠢ᠍ᠴᠡᠳᠬᠡᠯ ᠲᠣᠭ᠎ᠠ ᠵᠡᠷᠭᠡ ᠬᠦᠴᠦᠨ ᠵᠦᠢ᠍ᠯ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠭᠰᠠᠨ᠎ᠤ ᠳᠠᠷᠠᠭ᠎ᠠ ᠶᠡᠷᠦᠩᠬᠡᠢ᠌ᠯᠡᠨ ᠲᠣᠭᠲᠠᠭ᠋ᠠᠪᠠ᠃ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠯᠢᠭᠡᠷ ᠬᠡᠪ᠎ᠢ ᠰᠤᠭᠤᠴᠢᠨ ᠪᠠᠢ᠌ᠴᠠᠭ᠋ᠠᠭᠰᠠᠨ ᠳ᠋ᠠᠢ᠌ᠲ᠋ᠠ ᠵᠢ ᠦᠨᠳᠦᠰᠦᠯᠡᠨ ᠲᠥᠰᠥᠭᠡᠯᠡᠨ ᠪᠣᠳᠣᠪᠠᠯ᠂ 2017 ᠣᠨ᠎ᠤ ᠮᠠᠨ᠎ᠤ ᠤᠯᠤᠰ᠎ᠤᠨ ᠬᠣᠲᠠ ᠬᠥᠳᠡᠭᠡ ᠵᠢᠨ ᠠᠵᠢᠯ ᠣᠯᠣᠭᠰᠠᠳ᠎ᠤᠨ ᠬᠥᠮᠥᠨ ᠳᠤᠮᠳᠠᠴᠢ ᠵᠢᠨ ᠡᠭᠦᠷᠭᠡᠯᠡᠬᠦ ᠬᠡᠷᠡᠭᠯᠡᠭᠡ ᠵᠢᠨ ᠵᠠᠷᠤᠯᠭ᠎ᠠ᠎ᠨᠢ ᠰᠠᠷ᠎ᠠ ᠪᠦᠷᠢ ᠪᠠᠷᠤᠭ 3900 ᠲᠥᠭᠥᠷᠢᠭ ᠪᠠᠢ᠌ᠵᠤ᠂ ᠣᠢ᠌ᠷ᠎ᠠ ᠵᠢᠨ ᠭᠤᠷᠪᠠᠨ ᠵᠢᠯ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠵᠠᠷᠤᠯᠭ᠎ᠠ ᠵᠢᠨ ᠵᠢᠯ᠎ᠤᠨ ᠳᠤᠮᠳᠠᠴᠢ ᠥᠰᠦᠯᠲᠡ ᠵᠢᠨ ᠨᠣᠷᠮ᠎ᠠ ᠶᠣᠰᠣᠭ᠋ᠠᠷ ᠲᠥᠰᠥᠭᠡᠯᠡᠨ ᠪᠣᠳᠣᠪᠠᠯ᠂ 2018 ᠣᠨ᠎ᠤ ᠬᠥᠮᠥᠨ ᠳᠤᠮᠳᠠᠴᠢ ᠵᠢᠨ ᠡᠭᠦᠷᠭᠡᠯᠡᠬᠦ ᠬᠡᠷᠡᠭᠯᠡᠭᠡ ᠵᠢᠨ ᠵᠠᠷᠤᠯᠭ᠎ᠠ᠎ᠨᠢ ᠰᠠᠷ᠎ᠠ ᠪᠦᠷᠢ ᠪᠠᠷᠤᠭ 4200 ᠲᠥᠭᠥᠷᠢᠭ ᠪᠠᠢ᠌ᠳᠠᠭ᠃ ᠬᠠᠰᠤᠨ ᠰᠠᠭᠤᠳᠬᠠᠬᠤ ᠵᠠᠷᠤᠳᠠᠯ᠎ᠤᠨ ᠦᠨᠳᠦᠰᠦᠨ ᠪᠠᠷᠢᠮᠵᠢᠶ᠎ᠠ ᠵᠢ ᠰᠠᠷ᠎ᠠ ᠪᠦᠷᠢ ᠵᠢᠨ 5000 ᠲᠥᠭᠥᠷᠢᠭ ᠵᠶ᠋ᠡᠷ ᠲᠣᠭᠲᠠᠭ᠋ᠠᠭᠰᠠᠨ᠎ᠨᠢ᠂ ᠬᠥᠮᠥᠨ ᠳᠤᠮᠳᠠᠴᠢ ᠵᠢᠨ ᠬᠡᠷᠡᠭᠯᠡᠭᠡ ᠵᠢᠨ ᠵᠠᠷᠤᠯᠭ᠎ᠠ ᠵᠢ ᠬᠠᠮᠤᠷᠤᠭᠰᠠᠨ ᠵᠶ᠋ᠠᠷ ᠪᠠᠷᠠᠬᠤ ᠦᠭᠡᠢ᠂ ᠵᠣᠬᠢᠬᠤ ᠪᠠᠷᠠᠭ᠋ᠠᠯᠠᠯ ᠴᠢᠨᠠᠷ᠎ᠢ ᠢᠯᠡᠷᠡᠭᠦᠯᠵᠡᠢ᠃
ᠬᠣᠶᠠᠷ᠎ᠲᠤ᠂ ᠲᠤᠰ ᠤᠳᠠᠭ᠎ᠠ ᠬᠠᠤᠯᠢ᠎ᠳᠤ ᠵᠠᠰᠠᠪᠤᠷᠢ ᠣᠷᠣᠭᠤᠯᠬᠤ᠎ᠳᠤ ᠬᠠᠰᠤᠨ ᠰᠠᠭᠤᠳᠬᠠᠬᠤ ᠵᠠᠷᠤᠳᠠᠯ᠎ᠤᠨ ᠦᠨᠳᠦᠰᠦᠨ ᠪᠠᠷᠢᠮᠵᠢᠶ᠎ᠠ᠎ᠠᠴᠠ ᠭᠠᠳᠠᠨ᠎ᠠ᠂ ᠣᠯᠠᠨ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠢ ᠰᠢᠨ᠎ᠡ᠎ᠪᠠᠷ ᠨᠡᠮᠡᠵᠦ᠂ ᠳᠣᠣᠷ᠎ᠠ ᠳᠡᠰ᠎ᠤᠨ ᠭᠠᠢ᠌ᠯᠢ ᠵᠢᠨ ᠨᠣᠷᠮ᠎ᠠ ᠵᠢᠨ ᠳᠡᠰ᠎ᠤᠨ ᠵᠥᠷᠢᠶ᠎ᠡ ᠵᠢ ᠥᠷᠭᠡᠳᠬᠡᠭᠰᠡᠨ᠎ᠠᠴᠠ᠂ ᠥᠷᠭᠡᠨ ᠣᠯᠠᠨ ᠭᠠᠢ᠌ᠯᠢ ᠲᠤᠰᠢᠶᠠᠭᠴᠢᠳ ᠴᠥᠮ ᠭᠠᠢ᠌ᠯᠢ ᠬᠥᠩᠭᠡᠯᠡᠬᠦ ᠠᠰᠢᠭ ᠣᠯᠵᠠᠪᠤᠷᠢ ᠵᠢ ᠠᠳᠠᠯᠢ ᠪᠤᠰᠤ ᠬᠡᠮᠵᠢᠶ᠎ᠡ᠎ᠪᠠᠷ ᠬᠦᠷᠲᠡᠵᠦ᠂ ᠣᠨᠴᠠᠭ᠋ᠠᠢ᠌ᠯᠠᠨ ᠳᠤᠮᠳᠠ ᠵᠡᠷᠭᠡ᠎ᠠᠴᠠ ᠳᠣᠭᠣᠭᠰᠢᠬᠢ ᠣᠷᠣᠯᠭ᠎ᠠ᠎ᠲᠠᠢ ᠣᠯᠠᠨ ᠲᠦᠮᠡᠨ᠎ᠳᠤ ᠨᠡᠩ ᠶᠡᠬᠡ ᠠᠰᠢᠭᠲᠠᠢ ᠪᠠᠢ᠌ᠳᠠᠭ᠃ ᠵᠥᠪᠬᠡᠨ ᠬᠠᠰᠤᠨ ᠰᠠᠭᠤᠳᠬᠠᠬᠤ ᠵᠠᠷᠤᠳᠠᠯ᠎ᠤᠨ ᠦᠨᠳᠦᠰᠦᠨ ᠪᠠᠷᠢᠮᠵᠢᠶ᠎ᠠ ᠵᠢ ᠰᠠᠷ᠎ᠠ ᠪᠦᠷᠢ ᠵᠢᠨ 5000 ᠲᠥᠭᠥᠷᠢᠭ ᠪᠣᠯᠭ᠋ᠠᠨ ᠳᠡᠭᠡᠭᠰᠢᠯᠡᠭᠦᠯᠬᠦ ᠡᠨᠡ ᠬᠦ᠌ ᠬᠦᠴᠦᠨ ᠵᠦᠢ᠍ᠯ ᠵᠶ᠋ᠡᠷ ᠬᠡᠮᠵᠢᠨ ᠪᠣᠳᠣᠪᠠᠯ᠂ ᠬᠠᠤᠯᠢ᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠬᠣᠲᠠ ᠬᠥᠳᠡᠭᠡ ᠵᠢᠨ ᠠᠵᠢᠯ ᠣᠯᠣᠭᠰᠠᠳ᠎ᠤᠨ ᠳᠣᠲᠣᠷᠠᠬᠢ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠲᠤᠰᠢᠶᠠᠭᠴᠢᠳ᠎ᠤᠨ ᠡᠵᠡᠯᠡᠬᠦ ᠬᠠᠷᠢᠴᠠᠯ᠎ᠨᠢ ᠣᠳᠣ ᠵᠢᠨ 44%᠎ᠠᠴᠠ ᠳᠣᠷᠣᠭᠰᠢᠯᠠᠭ᠋ᠠᠳ 15% ᠪᠣᠯᠬᠤ ᠪᠣᠯᠣᠨ᠎ᠠ᠃
ᠭᠤᠷᠪᠠ᠎ᠳᠤ᠂ ᠬᠣᠶᠠᠷ ᠵᠦᠢ᠍ᠯ᠎ᠤᠨ ᠰᠠᠭᠤᠳᠬᠠᠯ᠎ᠢ ᠰᠢᠨ᠎ᠡ᠎ᠪᠠᠷ ᠨᠡᠮᠡᠪᠡ᠃ ᠨᠢᠭᠡ᠎ᠳᠤ᠂ ᠨᠠᠰᠤᠲᠠᠨ᠎ᠢ ᠠᠰᠠᠷᠠᠨ ᠲᠡᠵᠢᠭᠡᠬᠦ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ; ᠬᠣᠶᠠᠷ᠎ᠲᠤ᠂ ᠬᠥᠳᠡᠯᠮᠦᠷᠢ ᠵᠢᠨ ᠬᠠᠷᠠᠮᠵᠢ᠂ ᠡᠬᠡ ᠪᠢᠴᠢᠭ᠎ᠤᠨ ᠬᠠᠷᠠᠮᠵᠢ᠂ ᠣᠨᠴᠠ ᠵᠥᠪᠰᠢᠶᠡᠷᠡᠭᠰᠡᠨ ᠡᠷᠬᠡ ᠵᠢᠨ ᠬᠡᠷᠡᠭᠯᠡᠬᠦ ᠵᠠᠷᠤᠳᠠᠯ ᠵᠡᠷᠭᠡ ᠭᠤᠷᠪᠠᠨ ᠲᠥᠷᠥᠯ᠎ᠤᠨ ᠣᠷᠣᠯᠭ᠎ᠠ᠎ᠠᠴᠠ 20% ᠵᠢᠨ ᠰᠦᠢ᠍ᠳᠬᠡᠯ᠎ᠢ ᠬᠠᠰᠤᠨ ᠰᠠᠭᠤᠳᠬᠠᠭᠰᠠᠨᠤ ᠳᠠᠷᠠᠭ᠎ᠠ ᠲᠤᠰᠢᠶᠠᠬᠤ ᠭᠠᠢ᠌ᠯᠢ ᠵᠢ᠎ᠨᠢ ᠲᠣᠭ᠋ᠠᠴᠠᠨ ᠪᠣᠳᠣᠬᠤ ᠵᠢ ᠵᠥᠪᠰᠢᠶᠡᠷᠡᠨ᠎ᠡ᠂ ᠡᠨᠡ᠎ᠨᠢ ᠨᠡᠯᠢᠶᠡᠳ ᠨᠢᠭᠡ ᠬᠡᠰᠡᠭ ᠭᠠᠢ᠌ᠯᠢ ᠲᠤᠰᠢᠶᠠᠭᠴᠢᠳ᠎ᠤᠨ ᠰᠦᠢ᠍ᠳᠬᠡᠯ᠎ᠤᠨ ᠬᠠᠰᠤᠨ ᠰᠠᠭᠤᠳᠬᠠᠬᠤ ᠲᠣᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃
ᠭᠡᠲᠡᠯ᠎ᠡ᠂ 5000 ᠲᠥᠭᠥᠷᠢᠭ᠎ᠤᠨ 《ᠭᠠᠢ᠌ᠯᠢ ᠲᠠᠲᠠᠪᠤᠷᠢᠯᠠᠬᠤ ᠴᠡᠭ》᠎ᠨᠢ ᠬᠤᠪᠢᠷᠠᠰᠢ ᠦᠭᠡᠢ ᠲᠣᠭᠲᠠᠮᠠᠯ ᠪᠢᠰᠢ᠂ ᠡᠭᠦᠨ᠎ᠠᠴᠠ ᠬᠣᠢ᠌ᠰᠢᠳᠠ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠵᠢᠴᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠬᠡᠷᠡᠭᠯᠡᠭᠡ ᠵᠢᠨ ᠵᠠᠷᠤᠯᠭ᠎ᠠ ᠵᠢᠨ ᠬᠢᠷᠢ ᠲᠦᠪᠰᠢᠨ᠎ᠤ ᠬᠤᠪᠢᠷᠠᠯᠲᠠ ᠵᠢᠨ ᠪᠠᠢ᠌ᠳᠠᠯ᠎ᠲᠠᠢ ᠤᠶᠠᠯᠳᠤᠭᠤᠯᠵᠤ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠨ᠎ᠡ ᠭᠡᠵᠦ ᠴᠧᠩ ᠯᠢ ᠬᠤᠸᠠ ᠢᠯᠡᠷᠬᠡᠢ᠌ᠯᠡᠵᠡᠢ᠃
ᠬᠠᠯᠠᠮᠰᠢᠯ ᠠᠰᠠᠭᠤᠳᠠᠯ ᠬᠣᠶᠠᠷ᠄ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠣᠢ᠌ᠰᠢ ᠰᠠᠷ᠎ᠠ ᠵᠢᠨ ᠣᠷᠣᠯᠭ᠎ᠠ᠎ᠨᠢ 2 ᠲᠦᠮᠡᠨ ᠲᠥᠭᠥᠷᠢᠭ᠎ᠠᠴᠠ ᠳᠣᠷᠣᠭᠰᠢ ᠪᠣᠯ 50%᠎ᠠᠴᠠ ᠳᠡᠭᠡᠭᠰᠢᠬᠢ ᠭᠠᠢ᠌ᠯᠢ ᠵᠢ᠎ᠨᠢ ᠬᠥᠩᠭᠡᠯᠡᠨ᠎ᠡ
ᠲᠣᠭᠲᠠᠭ᠋ᠠᠯ᠎ᠢ ᠦᠨᠳᠦᠰᠦᠯᠡᠪᠡᠯ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠬᠠᠤᠯᠢ ᠵᠢ 2019 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ ᠭᠠᠢ᠌ᠯᠢ ᠲᠤᠰᠢᠶᠠᠭᠴᠢᠳ᠎ᠲᠤ ᠭᠠᠢ᠌ᠯᠢ ᠬᠥᠩᠭᠡᠯᠡᠬᠦ ᠠᠰᠢᠭ ᠣᠯᠵᠠᠪᠤᠷᠢ ᠵᠢ ᠡᠷᠲᠡᠬᠡᠨ ᠬᠦᠷᠲᠡᠭᠡᠬᠦ ᠵᠢᠨ ᠲᠥᠯᠥᠭᠡ᠂ ᠡᠨᠡ ᠵᠢᠯ᠎ᠤᠨ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ᠂ ᠤᠷᠢᠳ ᠵᠶ᠋ᠠᠷ ᠴᠠᠯᠢᠩ᠂ ᠬᠥᠯᠥᠰᠦᠨ ᠮᠥᠩᠭᠥ ᠵᠢᠨ ᠣᠯᠵᠠᠪᠤᠷᠢ ᠵᠢᠨ ᠬᠠᠰᠤᠨ ᠰᠠᠭᠤᠳᠬᠠᠬᠤ ᠵᠠᠷᠤᠳᠠᠯ᠎ᠤᠨ ᠦᠨᠳᠦᠰᠦᠨ ᠪᠠᠷᠢᠮᠵᠢᠶ᠎ᠠ ᠵᠢ ᠰᠠᠷ᠎ᠠ ᠪᠦᠷᠢ ᠵᠢᠨ 5000 ᠲᠥᠭᠥᠷᠢᠭ ᠪᠣᠯᠭ᠋ᠠᠨ ᠳᠡᠭᠡᠭᠰᠢᠯᠡᠭᠦᠯᠬᠦ ᠵᠢᠨ ᠬᠠᠮᠲᠤ᠂ ᠰᠢᠨ᠎ᠡ ᠭᠠᠢ᠌ᠯᠢ ᠵᠢᠨ ᠨᠣᠷᠮ᠎ᠠ ᠵᠢᠨ ᠬᠦᠰᠦᠨᠦᠭ ᠶᠣᠰᠣᠭ᠋ᠠᠷ ᠭᠠᠢ᠌ᠯᠢ ᠵᠢ᠎ᠨᠢ ᠪᠣᠳᠣᠨ᠎ᠠ᠃ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠢᠨ ᠡᠵᠡᠩᠨᠡᠯᠲᠡ ᠵᠢᠨ ᠣᠯᠵᠠᠪᠤᠷᠢ᠎ᠳᠤ ᠴᠤ᠌ ᠰᠢᠨ᠎ᠡ ᠭᠠᠢ᠌ᠯᠢ ᠵᠢᠨ ᠨᠣᠷᠮ᠎ᠠ ᠵᠢᠨ ᠬᠦᠰᠦᠨᠦᠭ᠎ᠢ ᠲᠣᠬᠢᠷᠠᠭᠤᠯᠤᠨ ᠬᠡᠷᠡᠭᠯᠡᠨ᠎ᠡ᠃
《10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠣᠢ᠌ᠰᠢ ᠴᠠᠯᠢᠩ ᠲᠠᠷᠬᠠᠭ᠋ᠠᠨ ᠣᠯᠭᠣᠬᠤ ᠦᠶ᠎ᠡ᠎ᠳᠤ᠂ ᠡᠯ᠎ᠡ ᠠᠵᠤ ᠠᠬᠤᠢ᠌ᠯᠠᠯ᠎ᠤᠨ ᠨᠢᠭᠡᠴᠢ ᠵᠢᠨ ᠡᠳ᠋᠎ᠤᠨ ᠶᠠᠪᠤᠳᠠᠯ᠎ᠤᠨ ᠠᠵᠢᠯᠲᠠᠳ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢ ᠰᠠᠭᠤᠯᠭ᠋ᠠᠨ ᠠᠪᠴᠤ ᠲᠤᠰᠢᠶᠠᠬᠤ ᠦᠶ᠎ᠡ᠎ᠳᠤ 5000 ᠲᠥᠭᠥᠷᠢᠭ᠎ᠤᠨ ᠵᠠᠷᠤᠳᠠᠯ᠎ᠤᠨ ᠰᠢᠨ᠎ᠡ ᠪᠠᠷᠢᠮᠵᠢᠶ᠎ᠠ ᠪᠠ ᠰᠢᠨ᠎ᠡ ᠭᠠᠢ᠌ᠯᠢ ᠵᠢᠨ ᠨᠣᠷᠮ᠎ᠠ ᠵᠢᠨ ᠬᠦᠰᠦᠨᠦᠭ᠎ᠢ ᠬᠡᠷᠡᠭᠯᠡᠬᠦ ᠵᠢ ᠵᠠᠪᠠᠯ ᠴᠡᠭᠡᠵᠢᠯᠡᠬᠦ ᠬᠡᠷᠡᠭᠲᠡᠢ》 ᠭᠡᠵᠦ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠶᠡᠷᠦᠩᠬᠡᠢ ᠬᠢᠨᠠᠨ ᠪᠣᠳᠣᠭᠴᠢ ᠯᠢᠦ ᠯᠢ ᠵᠢᠶᠠᠨ ᠰᠠᠨᠠᠭᠤᠯᠤᠨ ᠬᠡᠯᠡᠵᠡᠢ᠃
ᠲᠤᠰ ᠤᠳᠠᠭ᠋ᠠᠨ᠎ᠤ ᠵᠠᠷᠤᠳᠠᠯ᠎ᠤᠨ ᠦᠨᠳᠦᠰᠦᠨ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ᠎ᠨᠢ᠂ ᠥᠷᠭᠡᠨ ᠣᠯᠠᠨ ᠴᠠᠯᠢᠩ᠎ᠤᠨ ᠭᠠᠢ᠌ᠯᠢ ᠲᠤᠰᠢᠶᠠᠭᠴᠢ ᠵᠢᠨ ᠭᠠᠢ᠌ᠯᠢ ᠵᠢ ᠬᠥᠩᠭᠡᠯᠡᠬᠦ ᠵᠢ ᠠᠳᠠᠯᠢ ᠪᠤᠰᠤ ᠬᠡᠮᠵᠢᠶ᠎ᠡ᠎ᠪᠠᠷ ᠪᠡᠶᠡᠯᠡᠭᠦᠯᠵᠦ᠂ ᠲᠡᠭᠦᠨ᠎ᠤ ᠳᠣᠲᠣᠷ᠎ᠠ ᠰᠠᠷ᠎ᠠ ᠵᠢᠨ ᠣᠷᠣᠯᠭ᠎ᠠ᠎ᠨᠢ 2 ᠲᠦᠮᠡᠨ ᠲᠥᠭᠥᠷᠢᠭ᠎ᠠᠴᠠ ᠳᠣᠭᠣᠭᠰᠢᠬᠢ ᠭᠠᠢ᠌ᠯᠢ ᠲᠤᠰᠢᠶᠠᠭᠴᠢᠳ᠎ᠤᠨ ᠭᠠᠢ᠌ᠯᠢ ᠵᠢᠨ ᠡᠭᠦᠷᠭᠡᠯᠡᠯ᠎ᠢ 50%᠎ᠠᠴᠠ ᠳᠡᠭᠡᠭᠰᠢ ᠪᠠᠭᠤᠷᠠᠭᠤᠯᠬᠤ ᠪᠣᠯᠣᠨ᠎ᠠ᠃ ᠶᠡᠷᠦᠩᠬᠡᠢ᠎ᠳᠤ᠎ᠨᠢ ᠦᠵᠡᠪᠡᠯ᠂ ᠥᠭᠡᠷᠡᠴᠢᠯᠡᠯᠲᠡ ᠬᠢᠭᠰᠡᠨ᠎ᠤ ᠳᠠᠷᠠᠭ᠎ᠠ ᠨᠢᠭᠡ ᠵᠢᠯ᠎ᠤᠨ ᠭᠠᠢ᠌ᠯᠢ ᠵᠢᠨ ᠣᠷᠣᠯᠭ᠎ᠠ ᠪᠠᠷᠤᠭ 3200 ᠳ᠋ᠦᠩᠰᠢᠭᠤᠷ ᠲᠥᠭᠥᠷᠢᠭ ᠪᠠᠭ᠋ᠠᠰᠬᠤ ᠪᠣᠯᠣᠨ᠎ᠠ ᠭᠡᠵᠦ ᠴᠧᠩ ᠯᠢ ᠬᠤᠸᠠ ᠬᠡᠯᠡᠵᠡᠢ᠃
ᠲᠡᠭᠦᠨ᠎ᠤ ᠳᠠᠩᠰᠠ ᠪᠣᠳᠣᠭᠰᠠᠨᠢ ᠦᠨᠳᠦᠰᠦᠯᠡᠪᠡᠯ᠂ ᠰᠠᠷ᠎ᠠ ᠵᠢᠨ ᠴᠠᠯᠢᠩ᠎ᠤᠨ ᠣᠷᠣᠯᠭ᠎ᠠ᠎ᠨᠢ 15000 ᠲᠥᠭᠥᠷᠢᠭ᠎ᠤᠨ ᠨᠢᠭᠡᠨ ᠭᠠᠢ᠌ᠯᠢ ᠲᠤᠰᠢᠶᠠᠭᠴᠢ᠎ᠪᠠᠷ ᠵᠢᠱ᠌ᠢᠶᠡᠯᠡᠪᠡᠯ᠂ ᠣᠳᠣ ᠵᠢᠨ ᠬᠡᠷᠡᠭᠵᠢᠭᠦᠯᠵᠦ ᠪᠠᠢ᠌ᠭ᠎ᠠ ᠭᠠᠢ᠌ᠯᠢ ᠵᠢᠨ ᠬᠠᠤᠯᠢ ᠶᠣᠰᠣᠭ᠋ᠠᠷ ᠲᠣᠭ᠋ᠠᠴᠠᠨ ᠪᠣᠳᠣᠪᠠᠯ᠂ 《ᠭᠠᠢ᠌ᠯᠢ ᠲᠠᠲᠠᠪᠤᠷᠢᠯᠠᠬᠤ ᠴᠡᠭ》᠎ᠤᠨ 3500 ᠲᠥᠭᠥᠷᠢᠭ᠎ᠢ ᠬᠠᠰᠤᠨ ᠰᠠᠭᠤᠳᠬᠠᠭᠰᠠᠨᠤ ᠳᠠᠷᠠᠭ᠎ᠠ 25% ᠵᠢᠨ ᠭᠠᠢ᠌ᠯᠢ ᠵᠢᠨ ᠨᠣᠷᠮ᠎ᠠ᠎ᠪᠠᠷ ᠦᠷᠡᠵᠢᠭᠦᠯᠵᠦ᠂ ᠪᠡᠯᠡᠬᠡᠨ ᠪᠣᠳᠣᠭᠰᠠᠨ ᠬᠠᠰᠤᠵᠤ ᠭᠠᠷᠭ᠋ᠠᠬᠤ ᠲᠣᠭ᠎ᠠ 1005 ᠲᠥᠭᠥᠷᠢᠭ᠎ᠢ ᠬᠠᠰᠤᠪᠠᠯ᠂ ᠰᠠᠷ᠎ᠠ ᠪᠦᠷᠢ 1870 ᠲᠥᠭᠥᠷᠢᠭ᠎ᠤᠨ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠲᠤᠰᠢᠶᠠᠬᠤ ᠴᠢᠬᠤᠯᠠᠲᠠᠢ; ᠰᠢᠨ᠎ᠡ ᠭᠠᠢ᠌ᠯᠢ ᠵᠢᠨ ᠬᠠᠤᠯᠢ ᠶᠣᠰᠣᠭ᠋ᠠᠷ ᠲᠣᠭ᠋ᠠᠴᠠᠨ ᠪᠣᠳᠣᠪᠠᠯ᠂ 《ᠭᠠᠢ᠌ᠯᠢ ᠲᠠᠲᠠᠪᠤᠷᠢᠯᠠᠬᠤ ᠴᠡᠭ》᠎ᠤᠨ 5000 ᠲᠥᠭᠥᠷᠢᠭ᠎ᠢ ᠬᠠᠰᠤᠨ ᠰᠠᠭᠤᠳᠬᠠᠭᠰᠠᠨᠤ ᠳᠠᠷᠠᠭ᠎ᠠ 10% ᠵᠢᠨ ᠲᠣᠬᠢᠷᠠᠯᠴᠠᠭᠰᠠᠨ ᠭᠠᠢ᠌ᠯᠢ ᠵᠢᠨ ᠨᠣᠷᠮ᠎ᠠ᠎ᠪᠠᠷ ᠦᠷᠡᠵᠢᠭᠦᠯᠵᠦ᠂ ᠪᠡᠯᠡᠬᠡᠨ ᠪᠣᠳᠣᠭᠰᠠᠨ ᠬᠠᠰᠤᠵᠤ ᠭᠠᠷᠭ᠋ᠠᠬᠤ ᠲᠣᠭ᠎ᠠ 210 ᠲᠥᠭᠥᠷᠢᠭ᠎ᠢ ᠬᠠᠰᠤᠪᠠᠯ᠂ ᠵᠥᠪᠬᠡᠨ 790 ᠲᠥᠭᠥᠷᠢᠭ᠎ᠤᠨ ᠭᠠᠢ᠌ᠯᠢ ᠲᠤᠰᠢᠶᠠᠬᠤ ᠴᠢᠬᠤᠯᠠᠲᠠᠢ ᠪᠠᠢ᠌ᠵᠤ᠂ ᠭᠠᠢ᠌ᠯᠢ ᠵᠢᠨ ᠡᠭᠦᠷᠭᠡᠯᠡᠯ᠎ᠨᠢ 58%᠎ᠪᠠᠷ ᠬᠥᠩᠭᠡᠷᠡᠪᠡ᠃ ᠬᠡᠷᠪᠡ ᠪᠤᠰᠤᠳ ᠬᠠᠰᠤᠨ ᠰᠠᠭᠤᠳᠬᠠᠬᠤ ᠲᠥᠷᠥᠯ ᠵᠦᠢ᠍ᠯ᠂ ᠵᠢᠴᠢ ᠰᠢᠨ᠎ᠡ᠎ᠪᠠᠷ ᠨᠡᠮᠡᠭᠰᠡᠨ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠢ ᠪᠠᠰᠠ ᠪᠣᠳᠣᠯᠬᠢᠯᠠᠪᠠᠯ᠂ ᠭᠠᠢ᠌ᠯᠢ ᠵᠢᠨ ᠡᠭᠦᠷᠭᠡᠯᠡᠯ᠎ᠨᠢ ᠤᠯᠠᠮ ᠨᠢᠭᠡ ᠠᠯᠬᠤᠮ ᠬᠥᠩᠭᠡᠷᠡᠬᠦ ᠪᠣᠯᠣᠨ᠎ᠠ᠃
ᠬᠠᠯᠠᠮᠰᠢᠯ ᠠᠰᠠᠭᠤᠳᠠᠯ ᠭᠤᠷᠪᠠ᠄ ᠡᠬᠡ ᠪᠢᠴᠢᠭ᠎ᠤᠨ ᠬᠠᠷᠠᠮᠵᠢ ᠵᠢᠨ ᠣᠷᠣᠯᠭ᠎ᠠ ᠵᠢ 5.6᠎ᠪᠠᠷ ᠨᠤᠭᠤᠯᠤᠨ ᠪᠣᠳᠣᠪᠠᠯ᠂ ᠵᠠᠭᠤᠨ ᠲᠥᠭᠥᠷᠢᠭ᠎ᠢ 56 ᠲᠥᠭᠥᠷᠢᠭ ᠵᠶ᠋ᠡᠷ ᠭᠠᠢ᠌ᠯᠢ ᠪᠣᠳᠣᠨ᠎ᠠ
ᠶᠠᠭ᠋ᠠᠬᠢᠭ᠋ᠠᠳ ᠬᠥᠳᠡᠯᠮᠦᠷᠢ ᠵᠢᠨ ᠣᠯᠵᠠᠪᠤᠷᠢ᠂ ᠡᠬᠡ ᠪᠢᠴᠢᠭ᠎ᠤᠨ ᠬᠠᠷᠠᠮᠵᠢ ᠵᠢᠨ ᠣᠯᠵᠠᠪᠤᠷᠢ ᠪᠠ ᠣᠨᠴᠠ ᠵᠥᠪᠰᠢᠶᠡᠷᠡᠭᠰᠡᠨ ᠡᠷᠬᠡ ᠵᠢᠨ ᠬᠡᠷᠡᠭᠯᠡᠬᠦ ᠵᠠᠷᠤᠳᠠᠯ᠎ᠤᠨ ᠣᠯᠵᠠᠪᠤᠷᠢ ᠵᠢᠨ ᠲᠤᠬᠠᠢ ᠬᠠᠰᠤᠨ ᠰᠠᠭᠤᠳᠬᠠᠬᠤ ᠵᠠᠷᠤᠳᠠᠯ᠎ᠢ ᠨᠡᠮᠡᠭᠳᠡᠭᠦᠯᠬᠦ᠎ᠪᠠᠷ ᠲᠣᠭᠲᠠᠭ᠋ᠠᠭᠰᠠᠨ ᠪᠣᠢ?
ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠵᠠᠰᠠᠪᠤᠷᠢ ᠣᠷᠣᠭᠤᠯᠬᠤ ᠲᠥᠰᠥᠯ᠎ᠢ ᠬᠢᠨᠠᠨ ᠵᠥᠪᠯᠡᠬᠦ ᠪᠠ ᠰᠠᠨᠠᠯ ᠬᠤᠷᠢᠶᠠᠬᠤ ᠶᠠᠪᠤᠴᠠ᠎ᠳᠤ᠂ ᠵᠠᠷᠢᠮ ᠭᠡᠰᠢᠭᠦᠳ᠂ ᠲᠤᠰᠬᠠᠢ ᠮᠡᠷᠭᠡᠵᠢᠯᠲᠡᠳ ᠪᠠ ᠨᠡᠢ᠌ᠭᠡᠮ᠎ᠤᠨ ᠨᠡᠢ᠌ᠲᠡ ᠣᠯᠠᠨ ᠵᠶ᠋ᠠᠷ ᠵᠶ᠋ᠠᠨ ᠪᠦᠷ ᠰᠠᠨᠠᠭᠤᠯᠭ᠎ᠠ ᠳᠤᠷᠠᠳᠴᠤ᠂ ᠭᠠᠢ᠌ᠯᠢ ᠲᠤᠰᠢᠶᠠᠭᠴᠢᠳ᠎ᠤᠨ ᠣᠯᠣᠭᠰᠠᠨ ᠡᠬᠡ ᠪᠢᠴᠢᠭ᠎ᠤᠨ ᠬᠠᠷᠠᠮᠵᠢ ᠵᠡᠷᠭᠡ ᠣᠷᠣᠯᠭ᠎ᠠ᠎ᠠᠴᠠ ᠬᠠᠮᠢᠶ᠎ᠠ ᠪᠦᠬᠦᠢ ᠥᠪᠡᠷ᠎ᠤᠨ ᠥᠷᠲᠡᠭ᠎ᠤᠨ ᠵᠠᠷᠤᠳᠠᠯ᠎ᠢ ᠬᠠᠰᠤᠨ ᠰᠠᠭᠤᠳᠬᠠᠬᠤ ᠵᠢ ᠵᠥᠪᠰᠢᠶᠡᠷᠡᠪᠡ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ᠎ᠳᠤ ᠳᠡᠭᠡᠷ᠎ᠡ ᠶᠠᠷᠢᠭᠰᠠᠨ ᠰᠠᠨᠠᠭᠤᠯᠭ᠎ᠠ ᠵᠢ ᠬᠦᠯᠢᠶᠡᠨ ᠠᠪᠴᠤ᠂ ᠣᠳᠣ ᠵᠢᠨ ᠬᠡᠷᠡᠭᠵᠢᠭᠦᠯᠵᠦ ᠪᠠᠢ᠌ᠭ᠎ᠠ ᠭᠠᠢ᠌ᠯᠢ ᠵᠢᠨ ᠬᠠᠤᠯᠢ ᠵᠢᠨ ᠲᠣᠭᠲᠠᠭ᠋ᠠᠯ᠎ᠢ ᠲᠣᠭᠲᠠᠭᠤᠨ ᠵᠶ᠋ᠠᠷ ᠰᠢᠯᠵᠢᠭᠦᠯᠦᠨ᠂ ᠬᠥᠳᠡᠯᠮᠦᠷᠢ ᠵᠢᠨ ᠬᠠᠷᠠᠮᠵᠢ᠂ ᠡᠬᠡ ᠪᠢᠴᠢᠭ᠎ᠤᠨ ᠬᠠᠷᠠᠮᠵᠢ᠂ ᠣᠨᠴᠠ ᠵᠥᠪᠰᠢᠶᠡᠷᠡᠭᠰᠡᠨ ᠡᠷᠬᠡ ᠵᠢᠨ ᠬᠡᠷᠡᠭᠯᠡᠬᠦ ᠵᠠᠷᠤᠳᠠᠯ ᠵᠡᠷᠭᠡ ᠭᠤᠷᠪᠠᠨ ᠲᠥᠷᠥᠯ᠎ᠤᠨ ᠣᠷᠣᠯᠭ᠎ᠠ᠎ᠠᠴᠠ 20% ᠵᠢᠨ ᠵᠠᠷᠤᠳᠠᠯ᠎ᠢ ᠬᠠᠰᠤᠨ ᠰᠠᠭᠤᠳᠬᠠᠭᠰᠠᠨᠤ ᠳᠠᠷᠠᠭ᠎ᠠ ᠲᠤᠰᠢᠶᠠᠬᠤ ᠭᠠᠢ᠌ᠯᠢ ᠵᠢ᠎ᠨᠢ ᠲᠣᠭ᠋ᠠᠴᠠᠨ ᠪᠣᠳᠣᠬᠤ ᠵᠢ ᠵᠥᠪᠰᠢᠶᠡᠷᠡᠪᠡ᠃ ᠳᠠᠷᠤᠢ ᠤᠤᠯ᠎ᠤᠨ ᠣᠷᠣᠯᠭ᠎ᠠ ᠵᠢ᠎ᠨᠢ ᠨᠠᠢ᠍ᠮᠠ ᠨᠤᠭᠤᠯᠵᠤ ᠪᠠᠢ᠌ᠭ᠋ᠠᠳ ᠲᠤᠰᠢᠶᠠᠬᠤ ᠭᠠᠢ᠌ᠯᠢ ᠵᠢ᠎ᠨᠢ ᠲᠣᠭ᠋ᠠᠴᠠᠨ ᠪᠣᠳᠣᠨ᠎ᠠ ᠭᠡᠵᠦ ᠬᠡᠯᠡᠵᠦ ᠪᠣᠯᠣᠨ᠎ᠠ᠃
ᠡᠭᠦᠨ᠎ᠤ ᠬᠠᠮᠲᠤ᠂ ᠡᠭᠦᠳᠦᠨ ᠪᠦᠲᠦᠭᠡᠬᠦ ᠵᠢ ᠵᠣᠷᠢᠭᠵᠢᠭᠤᠯᠬᠤ ᠵᠢᠨ ᠲᠥᠯᠥᠭᠡ᠂ ᠡᠬᠡ ᠪᠢᠴᠢᠭ᠎ᠤᠨ ᠬᠠᠷᠠᠮᠵᠢ ᠵᠢᠨ ᠣᠯᠵᠠᠪᠤᠷᠢ᠎ᠠᠴᠠ 20% ᠵᠢᠨ ᠰᠦᠢ᠍ᠳᠬᠡᠯ᠎ᠢ ᠬᠠᠰᠤᠨ ᠰᠠᠭᠤᠳᠬᠠᠭᠰᠠᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠴᠥᠭᠡᠳᠬᠡᠨ 70%᠎ᠪᠠᠷ ᠲᠣᠭ᠋ᠠᠴᠠᠨ ᠪᠣᠳᠣᠵᠤ ᠬᠠᠷᠠᠭ᠋ᠠᠯᠵᠠᠯ ᠦᠵᠡᠭᠦᠯᠬᠦ ᠵᠢ ᠵᠥᠪᠰᠢᠶᠡᠷᠡᠵᠦ᠂ ᠬᠣᠶᠠᠷ ᠵᠦᠢ᠍ᠯ᠎ᠤᠨ ᠬᠦᠴᠦᠨ ᠵᠦᠢ᠍ᠯ᠎ᠢ ᠨᠡᠮᠡᠪᠡᠯ᠂ ᠡᠬᠡ ᠪᠢᠴᠢᠭ᠎ᠤᠨ ᠬᠠᠷᠠᠮᠵᠢ ᠵᠢᠨ ᠣᠷᠣᠯᠭ᠎ᠠ ᠵᠢ ᠦᠨᠡᠨ᠎ᠳᠤ᠎ᠪᠠᠨ 5.6᠎ᠪᠠᠷ ᠨᠤᠭᠤᠯᠵᠤ ᠪᠠᠢ᠌ᠭ᠋ᠠᠳ ᠲᠤᠰᠢᠶᠠᠬᠤ ᠭᠠᠢ᠌ᠯᠢ ᠵᠢ᠎ᠨᠢ ᠪᠣᠳᠣᠭᠰᠠᠨ᠎ᠲᠠᠢ ᠲᠡᠩᠴᠡᠨ᠎ᠡ᠃ 《ᠳᠠᠷᠤᠢ 100 ᠲᠥᠭᠥᠷᠢᠭ᠎ᠤᠨ ᠡᠬᠡ ᠪᠢᠴᠢᠭ᠎ᠤᠨ ᠬᠠᠷᠠᠮᠵᠢ ᠵᠢᠨ ᠣᠷᠣᠯᠭ᠎ᠠ ᠵᠢ 56 ᠲᠥᠭᠥᠷᠢᠭ ᠵᠶ᠋ᠡᠷ ᠲᠤᠰᠢᠶᠠᠬᠤ ᠭᠠᠢ᠌ᠯᠢ ᠵᠢ᠎ᠨᠢ ᠲᠣᠭ᠋ᠠᠴᠠᠨ ᠪᠣᠳᠣᠭᠰᠠᠨ᠎ᠠᠴᠠ᠂ ᠭᠠᠢ᠌ᠯᠢ ᠵᠢᠨ ᠡᠭᠦᠷᠭᠡᠯᠡᠯ᠎ᠨᠢ ᠶᠡᠬᠡ ᠬᠡᠮᠵᠢᠶ᠎ᠡ᠎ᠪᠠᠷ ᠳᠣᠷᠣᠭᠰᠢᠯᠠᠪᠠ ᠭᠡᠵᠦ ᠬᠡᠯᠡᠵᠦ ᠪᠣᠯᠣᠨ᠎ᠠ》 ᠭᠡᠵᠦ ᠴᠧᠩ ᠯᠢ ᠬᠤᠸᠠ ᠬᠡᠯᠡᠵᠡᠢ᠃
ᠬᠠᠯᠠᠮᠰᠢᠯ ᠠᠰᠠᠭᠤᠳᠠᠯ ᠳᠥᠷᠪᠡ᠄ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠤᠨ ᠲᠣᠭᠲᠠᠭᠰᠠᠨ ᠲᠣᠭ᠎ᠠ ᠪᠤᠶᠤ ᠬᠢᠵᠠᠭ᠋ᠠᠷᠲᠤ ᠲᠣᠭ᠎ᠠ ᠵᠢᠨ ᠪᠠᠷᠢᠮᠵᠢᠶ᠎ᠠ ᠵᠢ ᠠᠩᠬ᠎ᠠ ᠠᠯᠬᠤᠮ ᠪᠣᠳᠣᠯᠬᠢᠯᠠᠪᠠ
ᠦᠷ᠎ᠡ ᠬᠡᠦᠬᠡᠳ᠎ᠤᠨ ᠰᠤᠷᠭ᠋ᠠᠨ ᠬᠥᠮᠥᠵᠢᠯ᠂ ᠦᠷᠭᠦᠯᠵᠢᠯᠡᠭᠰᠡᠨ ᠰᠤᠷᠭ᠋ᠠᠨ ᠬᠥᠮᠥᠵᠢᠯ᠂ ᠨᠠᠰᠤᠲᠠᠨ᠎ᠤ ᠠᠰᠠᠷᠠᠮᠵᠢ ᠁ ᠵᠠᠰᠠᠯᠲᠠ ᠣᠷᠣᠭᠤᠯᠤᠭᠰᠠᠨ᠎ᠤ ᠳᠠᠷᠠᠭ᠎ᠠ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ᠎ᠳᠤ ᠵᠢᠷᠭᠤᠭ᠋ᠠᠨ ᠵᠦᠢ᠍ᠯ᠎ᠤᠨ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ ᠰᠢᠨ᠎ᠡ᠎ᠪᠠᠷ ᠨᠡᠮᠡᠭᠳᠡᠪᠡ᠂ ᠲᠡᠭᠡᠪᠡᠯ ᠴᠣᠬᠣᠮ ᠶᠠᠮᠠᠷ ᠪᠠᠷᠢᠮᠵᠢᠶ᠎ᠠ᠎ᠪᠠᠷ ᠰᠠᠭᠤᠳᠬᠠᠨ ᠠᠪᠬᠤ᠎ᠪᠠᠷ ᠪᠠᠢ᠌ᠭ᠎ᠠ ᠪᠣᠢ?
ᠭᠠᠢ᠌ᠯᠢ ᠵᠢᠨ ᠬᠠᠤᠯᠢ᠎ᠠᠴᠠ ᠡᠷᠬᠡ ᠣᠯᠭᠣᠭᠰᠠᠨ᠎ᠢ ᠦᠨᠳᠦᠰᠦᠯᠡᠪᠡᠯ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠳᠠᠷᠠᠭ᠋ᠠᠴᠢ ᠵᠢᠨ ᠠᠯᠬᠤᠮ᠎ᠳᠤ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠤᠨ ᠬᠡᠪᠴᠢᠶ᠎ᠡ᠂ ᠪᠠᠷᠢᠮᠵᠢᠶ᠎ᠠ ᠪᠠ ᠬᠡᠷᠡᠭᠵᠢᠭᠦᠯᠬᠦ ᠠᠯᠬᠤᠮ ᠳᠠᠷᠠᠭ᠎ᠠ᠎ᠳᠤ ᠪᠣᠳᠠᠲᠠᠢ ᠲᠣᠭᠲᠠᠭ᠋ᠠᠯ ᠭᠠᠷᠭ᠋ᠠᠨ᠎ᠠ᠃
ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠳᠤ ᠵᠣᠬᠢᠬᠤ ᠬᠢᠵᠠᠭ᠋ᠠᠷᠲᠤ ᠲᠣᠭ᠎ᠠ ᠪᠤᠶᠤ ᠲᠣᠭᠲᠠᠭᠰᠠᠨ ᠲᠣᠭ᠋ᠠᠨ᠎ᠤ ᠪᠠᠷᠢᠮᠵᠢᠶ᠎ᠠ ᠲᠣᠬᠢᠷᠠᠭᠤᠯᠬᠤ᠎ᠪᠠᠷ ᠠᠩᠬ᠎ᠠ ᠠᠯᠬᠤᠮ ᠪᠣᠳᠣᠯᠬᠢᠯᠠᠭᠰᠠᠨ᠎ᠨᠢ᠂ ᠭᠠᠢ᠌ᠯᠢ ᠲᠤᠰᠢᠶᠠᠭᠴᠢᠳ᠎ᠤᠨ ᠭᠠᠢ᠌ᠯᠢ ᠲᠤᠰᠢᠶᠠᠬᠤ᠎ᠳᠤ ᠳᠥᠭᠥᠮ ᠦᠵᠡᠭᠦᠯᠦᠨ᠂ ᠬᠠᠮᠢᠶ᠎ᠠ ᠪᠦᠬᠦᠢ ᠵᠠᠷᠤᠯᠭ᠎ᠠ ᠵᠢ ᠵᠦᠢ ᠵᠣᠬᠢᠰᠲᠠᠢ ᠬᠠᠰᠤᠨ ᠰᠠᠭᠤᠳᠬᠠᠬᠤ ᠵᠢ ᠪᠠᠲᠤᠯᠠᠬᠤ᠎ᠪᠠᠷ ᠪᠠᠷᠠᠬᠤ ᠦᠭᠡᠢ ᠂ ᠲᠥᠷᠥ ᠵᠢᠨ ᠪᠣᠳᠣᠯᠭ᠎ᠠ ᠵᠢᠨ ᠲᠥᠪ ᠭᠣᠣᠯᠴᠢ ᠵᠢ ᠢᠯᠡᠷᠡᠭᠦᠯᠵᠦ᠂ ᠥᠷᠭᠡᠨ ᠣᠯᠠᠨ ᠭᠠᠢ᠌ᠯᠢ ᠲᠤᠰᠢᠶᠠᠭᠴᠢ᠎ᠳᠤ ᠭᠠᠢ᠌ᠯᠢ ᠬᠥᠩᠭᠡᠯᠡᠭᠰᠡᠨ ᠠᠰᠢᠭ ᠣᠯᠵᠠᠪᠤᠷᠢ ᠵᠢ ᠦᠨᠡᠨ ᠪᠣᠳᠠᠲᠠᠢ᠎ᠪᠠᠷ ᠬᠦᠷᠲᠡᠭᠡᠬᠦ ᠪᠣᠯᠣᠨ᠎ᠠ ᠭᠡᠵᠦ ᠴᠧᠩ ᠯᠢ ᠬᠤᠸᠠ ᠬᠡᠯᠡᠵᠡᠢ᠃
《ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠢ ᠬᠡᠷᠡᠭᠵᠢᠭᠦᠯᠬᠦ ᠪᠣᠯ ᠨᠢᠭᠡᠨ ᠤᠳᠠᠭ᠋ᠠᠨ᠎ᠤ ᠴᠣ᠋ ᠰᠢᠨ᠎ᠡ ᠲᠤᠷᠰᠢᠯᠲᠠ ᠪᠠᠢ᠌ᠵᠤ᠂ ᠭᠠᠢ᠌ᠯᠢ ᠲᠤᠰᠢᠶᠠᠭᠴᠢᠳ᠎ᠤᠨ ᠭᠠᠢ᠌ᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠪᠠ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠠᠴᠠ ᠲᠠᠲᠠᠪᠤᠷᠢᠯᠠᠨ ᠬᠤᠷᠢᠶᠠᠵᠤ ᠬᠠᠮᠢᠶᠠᠷᠬᠤ᠎ᠳᠤ ᠪᠦᠷ ᠨᠡᠩ ᠥᠨᠳᠥᠷ ᠱᠠᠭ᠋ᠠᠷᠳᠠᠯᠭ᠎ᠠ ᠳᠤᠷᠠᠳᠴᠠᠢ》 ᠭᠡᠵᠦ ᠴᠧᠩ ᠯᠢ ᠬᠤᠸᠠ ᠬᠡᠯᠡᠬᠦ᠎ᠳᠤ᠎ᠪᠠᠨ᠂ ᠡᠨᠡ ᠬᠦ᠌ ᠲᠥᠷᠥ ᠵᠢᠨ ᠪᠣᠳᠣᠯᠭ᠎ᠠ ᠵᠢ ᠲᠣᠭᠲᠠᠭᠤᠨ ᠵᠶ᠋ᠠᠷ ᠬᠡᠷᠡᠭᠵᠢᠭᠦᠯᠬᠦ ᠵᠢ ᠪᠠᠲᠤᠯᠠᠬᠤ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ᠎ᠠᠴᠠ ᠣᠳᠣ ᠵᠢᠨ ᠪᠠᠢ᠌ᠭ᠎ᠠ ᠲᠠᠲᠠᠪᠤᠷᠢᠯᠠᠨ ᠬᠠᠮᠢᠶᠠᠷᠬᠤ ᠨᠥᠬᠥᠴᠡᠯ᠎ᠲᠠᠢ ᠤᠶᠠᠯᠳᠤᠭᠤᠯᠵᠤ᠂ ᠭᠠᠷᠳᠠᠮ᠎ᠢ ᠬᠢᠯᠪᠠᠷᠴᠢᠯᠠᠬᠤ᠂ ᠠᠵᠢᠯᠯᠠᠭᠤᠯᠬᠤ᠎ᠳᠤ ᠳᠥᠭᠥᠮ ᠪᠣᠯᠭ᠋ᠠᠬᠤ ᠵᠠᠷᠴᠢᠮ᠎ᠢ ᠮᠥᠷᠳᠡᠨ ᠬᠣᠯᠪᠣᠭᠳᠠᠯ ᠪᠦᠬᠦᠢ ᠳᠦᠷᠢᠮ᠎ᠢ ᠲᠥᠯᠥᠪᠯᠡᠨ᠎ᠡ ᠭᠡᠰᠡᠨ ᠪᠠᠢ᠌ᠨ᠎ᠠ᠃
ᠬᠠᠯᠠᠮᠰᠢᠯ ᠠᠰᠠᠭᠤᠳᠠᠯ ᠲᠠᠪᠤ᠄ ᠬᠠᠮᠤᠭ᠎ᠤᠨ ᠥᠨᠳᠥᠷ ᠭᠠᠢ᠌ᠯᠢ ᠵᠢᠨ ᠨᠣᠷᠮ᠎ᠠ ᠵᠢ ᠲᠥᠯᠥᠪᠯᠡᠬᠦ᠎ᠳᠤ᠎ᠪᠠᠨ ᠣᠷᠣᠯᠭ᠎ᠠ ᠵᠢᠨ ᠬᠤᠪᠢᠶᠠᠷᠢᠯᠠᠯᠲᠠ ᠵᠢ ᠲᠣᠬᠢᠷᠠᠭᠤᠯᠬᠤ ᠱᠠᠭ᠋ᠠᠷᠳᠠᠯᠭ᠎ᠠ ᠵᠢ ᠬᠠᠷᠠᠭ᠋ᠠᠯᠵᠠᠪᠠ
ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ 45% ᠵᠢᠨ ᠬᠠᠮᠤᠭ᠎ᠤᠨ ᠳᠡᠭᠡᠳᠦ ᠬᠢᠵᠠᠭ᠋ᠠᠷᠲᠤ ᠭᠠᠢ᠌ᠯᠢ ᠵᠢᠨ ᠨᠣᠷᠮ᠎ᠠ᠎ᠨᠢ ᠶᠡᠷᠦ᠎ᠠᠴᠠ ᠠᠩᠬᠠᠷᠤᠨ ᠬᠠᠯᠠᠮᠵᠢᠯᠠᠭᠰᠠᠭ᠋ᠠᠷ ᠢᠷᠡᠭᠰᠡᠨ ᠲᠥᠪᠯᠡᠷᠡᠯ ᠴᠡᠭ᠎ᠤᠨ ᠨᠢᠭᠡ ᠪᠣᠯᠣᠨ᠎ᠠ᠃
ᠥᠨᠳᠥᠷ ᠣᠷᠣᠯᠭ᠎ᠠ᠎ᠲᠠᠢ ᠣᠯᠠᠨ ᠲᠦᠮᠡᠨ᠎ᠳᠤ᠂ ᠲᠤᠰ ᠤᠳᠠᠭ᠋ᠠᠨ᠎ᠤ ᠲᠣᠬᠢᠷᠠᠭᠤᠯᠤᠯᠲᠠ᠎ᠳᠤ ᠬᠠᠰᠤᠨ ᠰᠠᠭᠤᠳᠬᠠᠬᠤ ᠵᠠᠷᠤᠳᠠᠯ᠎ᠤᠨ ᠦᠨᠳᠦᠰᠦᠨ ᠪᠠᠷᠢᠮᠵᠢᠶ᠎ᠠ ᠵᠢ᠎ᠨᠢ ᠳᠡᠭᠡᠭᠰᠢᠯᠡᠭᠦᠯᠦᠨ᠂ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠢ᠎ᠨᠢ ᠨᠡᠮᠡᠭᠳᠡᠭᠦᠯᠦᠭᠰᠡᠨ᠎ᠠᠴᠠ᠂ ᠮᠥᠨ ᠠᠳᠠᠯᠢ᠎ᠪᠠᠷ ᠭᠠᠢ᠌ᠯᠢ ᠬᠥᠩᠭᠡᠯᠡᠬᠦ ᠵᠢ ᠪᠡᠶᠡᠯᠡᠭᠦᠯᠪᠡ᠃ ᠭᠡᠲᠡᠯ᠎ᠡ ᠮᠠᠨ᠎ᠤ ᠤᠯᠤᠰ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠨᠡᠯᠢᠶᠡᠳ ᠶᠡᠬᠡ ᠪᠠᠢ᠌ᠬᠤ ᠦᠵᠡᠭᠳᠡᠯ ᠮᠥᠨ ᠬᠦ᠌ ᠲᠣᠪᠣᠢ᠌ᠮ᠎ᠠ ᠪᠠᠢ᠌ᠵᠤ᠂ ᠬᠠᠮᠤᠭ᠎ᠤᠨ ᠳᠡᠭᠡᠳᠦ ᠬᠢᠵᠠᠭ᠋ᠠᠷᠲᠤ ᠭᠠᠢ᠌ᠯᠢ ᠵᠢᠨ ᠨᠣᠷᠮ᠎ᠠ ᠵᠢ ᠲᠥᠯᠥᠪᠯᠡᠬᠦ ᠵᠢ ᠪᠠᠭᠲᠠᠭ᠋ᠠᠭᠰᠠᠨ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠭᠠᠢ᠌ᠯᠢ ᠨᠣᠷᠮ᠎ᠠ ᠵᠢᠨ ᠪᠦᠲᠦᠴᠡ ᠵᠢ ᠲᠥᠯᠥᠪᠯᠡᠬᠦ᠎ᠳᠤ᠂ ᠮᠥᠨ ᠣᠷᠣᠯᠭ᠎ᠠ ᠵᠢᠨ ᠬᠤᠪᠢᠶᠠᠷᠢᠯᠠᠯᠲᠠ ᠵᠢ ᠲᠣᠬᠢᠷᠠᠭᠤᠯᠬᠤ ᠱᠠᠭ᠋ᠠᠷᠳᠠᠯᠭ᠎ᠠ ᠵᠢ ᠬᠠᠷᠠᠭ᠋ᠠᠯᠵᠠᠬᠤ ᠬᠡᠷᠡᠭᠲᠡᠢ ᠭᠡᠵᠦ ᠡᠳ᠋᠎ᠤᠨ ᠵᠠᠰᠠᠭ᠎ᠤᠨ ᠶᠠᠮᠤᠨ᠎ᠤ ᠭᠠᠢ᠌ᠯᠢ ᠵᠢᠨ ᠵᠠᠰᠠᠭ᠎ᠤᠨ ᠵᠤᠷᠭ᠋ᠠᠨ᠎ᠤ ᠳᠠᠷᠤᠭ᠎ᠠ ᠸᠠᠩ ᠵᠢᠶᠠᠨ ᠹᠠᠨ ᠬᠡᠯᠡᠵᠡᠢ᠃
ᠭᠡᠲᠡᠯ᠎ᠡ᠂ ᠲᠠᠲᠠᠪᠤᠷᠢᠯᠠᠨ ᠬᠠᠮᠢᠶᠠᠷᠬᠤ ᠪᠠ ᠲᠥᠬᠥᠷᠵᠢᠭᠦᠯᠬᠦ ᠨᠥᠬᠥᠴᠡᠯ᠎ᠤᠨ ᠲᠠᠰᠤᠷᠠᠯᠲᠠ ᠦᠭᠡᠢ ᠰᠠᠢ᠌ᠵᠢᠷᠠᠬᠤ ᠵᠢ ᠳᠠᠭ᠋ᠠᠯᠳᠤᠨ᠂ ᠮᠠᠨ᠎ᠤ ᠤᠯᠤᠰ ᠶᠡᠷᠦᠩᠬᠡᠢ᠌ᠯᠡᠬᠦ ᠬᠢᠭᠡᠳ ᠲᠥᠷᠥᠯ ᠬᠤᠪᠢᠶᠠᠬᠤ ᠵᠢ ᠬᠠᠷᠢᠯᠴᠠᠨ ᠤᠶᠠᠯᠳᠤᠭᠤᠯᠤᠭᠰᠠᠨ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠶᠡᠷᠦᠩᠬᠡᠢ᠌ᠯᠡᠭᠰᠡᠨ ᠭᠠᠢ᠌ᠯᠢ ᠵᠢᠨ ᠳᠦᠷᠢᠮ᠎ᠨᠢ ᠭᠠᠢ᠌ᠯᠢ ᠵᠢᠨ ᠨᠣᠷᠮ᠎ᠠ ᠵᠢᠨ ᠬᠢᠷᠢ ᠲᠦᠪᠰᠢᠨ᠎ᠢ ᠪᠠᠭᠲᠠᠭ᠋ᠠᠭᠰᠠᠨ ᠶᠡᠷᠦᠩᠬᠡᠢ᠌ᠯᠡᠨ ᠭᠠᠢ᠌ᠯᠢ ᠲᠠᠲᠠᠪᠤᠷᠢᠯᠠᠬᠤ ᠬᠡᠪᠴᠢᠶ᠎ᠡ᠂ ᠬᠠᠰᠤᠨ ᠰᠠᠭᠤᠳᠬᠠᠬᠤ ᠬᠡᠪᠴᠢᠶ᠎ᠡ ᠵᠢᠴᠢ ᠭᠠᠢ᠌ᠯᠢ ᠵᠢᠨ ᠨᠣᠷᠮ᠎ᠠ ᠵᠢᠨ ᠪᠦᠲᠦᠴᠡ ᠵᠢ ᠶᠡᠷᠦᠩᠬᠡᠢ᠌ᠯᠡᠨ ᠲᠥᠯᠥᠪᠵᠢᠭᠦᠯᠵᠦ ᠪᠣᠳᠣᠯᠬᠢᠯᠠᠬᠤ ᠪᠣᠯᠣᠨ᠎ᠠ ᠭᠡᠵᠦ ᠸᠠᠩ ᠵᠢᠶᠠᠨ ᠹᠠᠨ ᠢᠯᠡᠷᠬᠡᠢ᠌ᠯᠡᠵᠡᠢ᠃
ᠬᠠᠯᠠᠮᠰᠢᠯ ᠠᠰᠠᠭᠤᠳᠠᠯ ᠵᠢᠷᠭᠤᠭ᠎ᠠ᠄ ᠲᠠᠲᠠᠪᠤᠷᠢᠯᠠᠨ ᠬᠠᠮᠢᠶᠠᠷᠬᠤ ᠲᠥᠬᠥᠷᠵᠢᠭᠰᠡᠨ ᠳᠦᠷᠢᠮ᠎ᠢ ᠶᠠᠭ ᠰᠠᠢ᠌ᠬᠠᠨ ᠠᠮᠵᠢᠨ ᠲᠣᠭᠲᠠᠭ᠋ᠠᠵᠤ᠂ ᠭᠠᠢ᠌ᠯᠢ ᠲᠤᠰᠢᠶᠠᠭᠴᠢᠳᠢ 《ᠬᠣᠭᠣᠰᠤᠨ ᠵᠠᠮ ᠵᠶ᠋ᠠᠷ ᠳᠤᠲᠠᠭᠤ ᠭᠦᠶᠦᠯᠭᠡᠬᠦ》 ᠵᠢ ᠪᠡᠶᠡᠯᠡᠭᠦᠯᠦᠨ᠎ᠡ᠃
ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠬᠠᠤᠯᠢ ᠵᠢ ᠬᠡᠷᠡᠭᠵᠢᠭᠦᠯᠬᠦ ᠦᠶ᠎ᠡ᠎ᠳᠤ᠂ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ ᠵᠢᠨ᠎ᠬᠢᠨ ᠰᠢᠨ᠎ᠡ ᠭᠠᠢ᠌ᠯᠢ ᠵᠢᠨ ᠳᠦᠷᠢᠮ᠎ᠢ ᠲᠣᠭᠲᠠᠭᠤᠨ ᠵᠶ᠋ᠠᠷ ᠬᠡᠷᠡᠭᠵᠢᠭᠦᠯᠬᠦ ᠵᠢ ᠬᠡᠷᠬᠢᠨ ᠪᠠᠲᠤᠯᠠᠬᠤ ᠪᠣᠢ? ᠵᠢᠯ᠎ᠤᠨ ᠡᠴᠦᠰ᠎ᠲᠤ ᠥᠪᠡᠰᠦᠪᠡᠨ ᠭᠤᠶᠤᠴᠢᠯᠠᠨ ᠮᠡᠳᠡᠭᠦᠯᠬᠦ᠎ᠨᠢ ᠭᠠᠢ᠌ᠯᠢ ᠲᠤᠰᠢᠶᠠᠭᠴᠢᠳ᠎ᠤᠨ ᠳᠠᠷᠤᠭ᠋ᠠᠰᠤ ᠵᠢ ᠬᠦᠨᠳᠦᠷᠡᠭᠦᠯᠦᠨ᠎ᠡ ᠦᠦ?
ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠠᠰᠢᠭ ᠣᠯᠵᠠᠪᠤᠷᠢ ᠵᠢᠨ ᠭᠠᠢ᠌ᠯᠢ ᠵᠢᠨ ᠵᠤᠷᠭ᠋ᠠᠨ᠎ᠤ ᠳᠠᠷᠤᠭ᠎ᠠ ᠳ᠋ᠧᠩ ᠶᠦᠩ᠎ᠠᠴᠠ᠂ ᠲᠤᠰ ᠤᠳᠠᠭ᠋ᠠᠨ᠎ᠤ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠰᠢᠨ᠎ᠡ ᠬᠠᠤᠯᠢ᠎ᠨᠢ ᠵᠢᠷᠭᠤᠭ᠋ᠠᠨ ᠲᠠᠯ᠎ᠠ ᠵᠢᠨ ᠳᠦᠷᠢᠮ᠎ᠳᠤ ᠰᠢᠨ᠎ᠡ ᠵᠢ ᠡᠭᠦᠳᠪᠡ᠄ ᠲᠤᠬᠠᠢ᠌ᠯᠠᠪᠠᠯ᠂ ᠥᠪᠡᠰᠦᠪᠡᠨ ᠭᠤᠶᠤᠴᠢᠯᠠᠨ ᠮᠡᠳᠡᠭᠦᠯᠬᠦ᠂ ᠭᠠᠢ᠌ᠯᠢ ᠲᠤᠰᠢᠶᠠᠭᠴᠢ ᠵᠢᠨ ᠢᠯᠭ᠋ᠠᠨ ᠲᠠᠨᠢᠬᠤ ᠨᠣᠮᠧᠷ᠂ ᠭᠠᠢ᠌ᠯᠢ᠎ᠠᠴᠠ ᠳᠤᠲᠠᠭ᠋ᠠᠬᠤ ᠵᠢ ᠡᠰᠡᠷᠭᠦᠴᠡᠬᠦ ᠵᠦᠢ᠍ᠯ ᠵᠤᠷᠪᠤᠰ᠂ ᠰᠠᠯᠠᠭ᠎ᠠ ᠮᠥᠴᠢᠷ᠎ᠤᠳ᠎ᠤᠨ ᠮᠡᠳᠡᠭᠡ ᠵᠠᠩᠭᠢ᠎ᠪᠠᠨ ᠬᠠᠮᠲᠤ᠎ᠳᠤ᠎ᠪᠠᠨ ᠬᠦᠷᠲᠡᠬᠦ᠂ ᠰᠠᠯᠠᠭ᠎ᠠ ᠮᠥᠴᠢᠷ᠎ᠤᠳ ᠬᠠᠮᠵᠢᠯᠴᠠᠨ ᠬᠠᠮᠢᠶᠠᠷᠬᠤ ᠵᠢᠴᠢ ᠭᠠᠢ᠌ᠯᠢ ᠲᠤᠰᠢᠶᠠᠬᠤ ᠢᠲᠡᠭᠡᠮᠵᠢ ᠵᠢ ᠬᠡᠷᠡᠭᠯᠡᠬᠦ ᠵᠡᠷᠭᠡ ᠪᠣᠯᠣᠨ᠎ᠠ᠃ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠠᠲᠠᠪᠤᠷᠢᠯᠠᠨ ᠬᠠᠮᠢᠶᠠᠷᠬᠤ ᠲᠥᠬᠥᠷᠵᠢᠭᠰᠡᠨ ᠳᠦᠷᠢᠮ᠎ᠢ ᠶᠠᠭ ᠰᠠᠢ᠌ᠬᠠᠨ ᠪᠦᠬᠦ ᠬᠦᠴᠦᠨ ᠵᠶ᠋ᠡᠷ ᠵᠶ᠋ᠡᠨ ᠲᠡᠭᠦᠯᠳᠡᠷᠵᠢᠭᠦᠯᠵᠦ ᠪᠠᠢ᠌ᠬᠤ ᠵᠢᠨ ᠬᠠᠮᠲᠤ᠂ ᠲᠠᠲᠠᠪᠤᠷᠢᠯᠠᠨ ᠬᠠᠮᠢᠶᠠᠷᠬᠤ ᠡᠯ᠎ᠡ ᠵᠦᠢ᠍ᠯ᠎ᠤᠨ ᠪᠡᠯᠡᠳᠬᠡᠯ᠎ᠢ ᠰᠠᠢ᠌ᠲᠤᠷ ᠬᠢᠬᠦ ᠪᠠ ᠭᠠᠢ᠌ᠯᠢ ᠲᠤᠰᠢᠶᠠᠬᠤ᠎ᠳᠤ ᠦᠢ᠍ᠯᠡᠴᠢᠯᠡᠨ ᠪᠠᠲᠤᠯᠠᠬᠤ ᠰᠢᠰᠲ᠋ᠧᠮᠵᠢ ᠵᠢ ᠪᠠᠢ᠌ᠭᠤᠯᠵᠤ ᠪᠠᠢ᠌ᠨ᠎ᠠ ᠭᠡᠪᠡ᠃
ᠭᠠᠢ᠌ᠯᠢ ᠲᠤᠰᠢᠶᠠᠭᠴᠢᠳ᠎ᠤᠨ ᠬᠢᠯᠪᠠᠷᠴᠢᠯᠠᠨ ᠠᠵᠢᠯᠯᠠᠭᠤᠯᠬᠤ᠎ᠳᠤ ᠬᠠᠮᠤᠭ᠎ᠤᠨ ᠶᠡᠬᠡ ᠬᠡᠮᠵᠢᠶ᠎ᠡ᠎ᠪᠠᠷ ᠳᠥᠭᠥᠮ ᠦᠵᠡᠭᠦᠯᠬᠦ ᠵᠢᠨ ᠲᠥᠯᠥᠭᠡ᠂ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ᠎ᠬᠢᠨ ᠲᠥᠬᠥᠷᠵᠢᠭᠰᠡᠨ ᠠᠵᠢᠯᠯᠠᠭᠤᠯᠬᠤ ᠠᠷᠭ᠎ᠠ ᠵᠢ ᠱᠠᠯᠠᠪᠳᠠᠵᠤ ᠰᠤᠳᠤᠯᠤᠨ ᠲᠣᠭᠲᠠᠭ᠋ᠠᠵᠤ ᠪᠠᠢ᠌ᠨ᠎ᠠ᠃ ᠭᠠᠢ᠌ᠯᠢ ᠲᠤᠰᠢᠶᠠᠭᠴᠢᠳ᠎ᠤᠨ ᠭᠤᠶᠤᠴᠢᠯᠠᠨ ᠮᠡᠳᠡᠭᠦᠯᠪᠡᠯ ᠳᠠᠷᠤᠢ ᠬᠠᠰᠤᠨ ᠰᠠᠭᠤᠳᠬᠠᠵᠤ᠂ ᠬᠠᠮᠢᠶ᠎ᠠ ᠪᠦᠬᠦᠢ ᠮᠠᠲ᠋ᠧᠷᠢᠶᠠᠯ ᠪᠠ ᠭᠡᠷᠡᠴᠢ ᠦᠨᠡᠮᠯᠡᠯ᠎ᠢ ᠠᠯᠢ ᠴᠢᠳᠠᠬᠤ᠎ᠪᠠᠷ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠳᠤ ᠬᠦᠷᠭᠡᠨ ᠮᠡᠳᠡᠭᠦᠯᠬᠦ ᠦᠭᠡᠢ ᠪᠣᠯᠭ᠋ᠠᠬᠤ ᠵᠢ ᠪᠠᠲᠤᠯᠠᠨ᠎ᠠ; ᠤᠷᠢᠳᠴᠢᠯᠠᠨ ᠲᠤᠰᠢᠶᠠᠪᠠᠯ ᠳᠠᠷᠤᠢ ᠬᠠᠷᠠᠭ᠋ᠠᠯᠵᠠᠯ ᠬᠦᠷᠲᠡᠵᠦ᠂ ᠬᠤᠪᠢ ᠬᠥᠮᠥᠨ ᠲᠤᠰᠬᠠᠢ ᠵᠦᠢ᠍ᠯ᠎ᠤᠨ ᠨᠡᠮᠡᠯᠲᠡ ᠰᠠᠭᠤᠳᠬᠠᠯ᠎ᠤᠨ ᠮᠡᠳᠡᠭᠡ ᠵᠠᠩᠭᠢ᠎ᠪᠠᠨ ᠨᠢᠭᠡᠴᠢ᠎ᠳᠤ᠎ᠪᠠᠨ ᠬᠠᠩᠭ᠋ᠠᠨ ᠥᠭᠪᠡᠯ᠂ ᠰᠠᠷ᠎ᠠ ᠪᠦᠷᠢ ᠴᠠᠯᠢᠩ ᠲᠠᠷᠬᠠᠭ᠋ᠠᠨ ᠣᠯᠭᠣᠬᠤ ᠪᠠ ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢ ᠣᠷᠣᠯᠠᠨ ᠰᠠᠭᠤᠳᠬᠠᠬᠤ ᠦᠶ᠎ᠡ᠎ᠳᠤ ᠨᠢᠭᠡᠴᠢ᠎ᠠᠴᠠ᠎ᠨᠢ ᠦᠨᠡᠨ ᠪᠣᠳᠠᠲᠠᠢ᠎ᠪᠠᠷ ᠬᠠᠰᠤᠨ ᠰᠠᠭᠤᠳᠬᠠᠵᠤ ᠪᠣᠯᠣᠨ᠎ᠠ ᠭᠡᠵᠦ ᠯᠢᠦ ᠯᠢ ᠵᠢᠶᠡᠨ ᠬᠡᠯᠡᠵᠡᠢ᠃
ᠯᠢᠦ ᠯᠢ ᠵᠢᠶᠠᠨ ᠪᠠᠰᠠ᠂ ᠬᠡᠳᠦᠢ᠌ᠪᠡᠷ ᠤᠷᠢᠳᠴᠢᠯᠠᠨ ᠰᠠᠭᠤᠳᠬᠠᠵᠤ ᠤᠷᠢᠳᠴᠢᠯᠠᠨ ᠲᠤᠰᠢᠶᠠᠬᠤ ᠭᠣᠭᠴᠣᠭ᠎ᠠ᠎ᠳᠤ ᠬᠠᠷᠠᠭ᠋ᠠᠯᠵᠠᠯ ᠬᠦᠷᠲᠡᠵᠦ ᠳᠡᠢ᠌ᠯᠦᠭᠰᠡᠨ ᠦᠭᠡᠢ ᠪᠤᠶᠤ ᠰᠠᠭᠤᠳᠬᠠᠨ ᠠᠪᠬᠤ ᠵᠢ ᠬᠦᠷᠲᠡᠭᠰᠡᠨ᠎ᠨᠢ ᠭᠦᠢ᠍ᠴᠡᠳ ᠦᠭᠡᠢ ᠪᠣᠯ᠂ ᠳᠠᠷᠠᠭ᠎ᠠ ᠵᠢᠯ᠎ᠳᠤᠨᠢ ᠨᠡᠢ᠌ᠯᠡᠭᠦᠯᠦᠨ ᠪᠣᠳᠣᠵᠤ ᠢᠯᠭ᠋ᠠᠷᠠᠭᠤᠯᠤᠨ ᠲᠤᠰᠢᠶᠠᠬᠤ ᠵᠢ ᠭᠦᠢ᠍ᠴᠡᠳᠬᠡᠬᠦ ᠦᠶ᠎ᠡ᠎ᠳᠤ ᠳᠠᠬᠢᠨ ᠭᠠᠢ᠌ᠯᠢ ᠪᠤᠴᠠᠭ᠋ᠠᠬᠤ᠎ᠪᠠᠷ ᠭᠤᠶᠤᠴᠢᠯᠠᠵᠤ ᠪᠣᠯᠣᠨ᠎ᠠ; ᠡᠭᠦᠨ᠎ᠠᠴᠠ ᠭᠠᠳᠠᠨ᠎ᠠ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠣᠯᠠᠨ ᠰᠠᠯᠠᠭ᠎ᠠ ᠮᠥᠴᠢᠷ᠎ᠲᠠᠢ ᠭᠤᠷᠪᠠᠳᠠᠬᠢ ᠲᠠᠯ᠎ᠠ ᠵᠢᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠦᠨ᠂ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠵᠢᠨ ᠦᠨᠡᠨ ᠪᠣᠳᠠᠲᠠᠢ ᠪᠥᠭᠡᠳ ᠣᠨᠣᠪᠴᠢᠲᠠᠢ ᠴᠢᠨᠠᠷ᠎ᠢ ᠬᠠᠷᠭᠤᠭᠤᠯᠵᠤ᠂ ᠭᠠᠢ᠌ᠯᠢ ᠲᠤᠰᠢᠶᠠᠭᠴᠢᠳ᠎ᠤᠨ ᠲᠤᠰᠢᠶᠠᠬᠤ ᠭᠡᠷᠡᠴᠢᠯᠡᠬᠦ ᠮᠠᠲ᠋ᠧᠷᠢᠶᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠰᠤᠨ ᠪᠠᠭ᠋ᠠᠰᠬᠠᠵᠤ᠂ 《ᠮᠡᠳᠡᠭᠡ ᠵᠠᠩᠭᠢ ᠵᠢ ᠰᠦᠯᠵᠢᠶ᠎ᠡ᠎ᠪᠠᠷ ᠢᠯᠡᠭᠦᠬᠡᠨ ᠠᠰᠢᠭᠯᠠᠵᠤ᠂ ᠭᠠᠢ᠌ᠯᠢ ᠲᠤᠰᠢᠶᠠᠭᠴᠢᠳᠢ ᠳᠤᠲᠠᠭᠤ ᠭᠦᠶᠦᠯᠭᠡᠬᠦ》 ᠵᠢ ᠪᠡᠶᠡᠯᠡᠭᠦᠯᠬᠦ ᠬᠡᠷᠡᠭᠲᠡᠢ ᠭᠡᠵᠡᠢ᠃