
ᠰᠤᠷᠪᠤᠯᠵᠢᠯᠠᠭᠰᠠᠨ ᠴᠠᠭ᠄
2017 ᠣᠨ᠎ᠤ 12 ᠳ᠋ᠤᠭ᠋ᠠᠷ ᠰᠠᠷ᠎ᠠ ᠵᠢᠨ 28᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠭᠰᠠᠨ ᠵᠣᠴᠢᠨ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠤᠯᠤᠰ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠬᠠᠤᠯᠢ ᠵᠢ 2018 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠣᠢ᠌ᠷ᠎ᠠ ᠵᠢᠨ ᠵᠢᠯ᠎ᠤᠳ᠎ᠲᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠶᠡᠬᠡ᠎ᠪᠠᠷ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠤᠭᠰᠠᠭ᠋ᠠᠷ ᠢᠷᠡᠵᠡᠢ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠠᠲᠠᠪᠤᠷᠢᠯᠠᠬᠤ ᠬᠠᠤᠯᠢ᠎ᠨᠢ ᠪᠣᠬᠢᠷᠲᠤᠯ᠎ᠢ ᠵᠠᠰᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠳᠣᠲᠣᠭ᠋ᠠᠳᠤ ᠵᠢᠨ ᠬᠢᠵᠠᠭ᠋ᠠᠷᠯᠠᠬᠤ ᠲᠣᠭᠲᠠᠴᠠ ᠵᠢ ᠪᠠᠢ᠌ᠭᠤᠯᠵᠤ᠂ ᠨᠡᠢ᠌ᠭᠡᠮ ᠠᠵᠤ ᠠᠬᠤᠢ᠌ᠯᠠᠯ᠎ᠤᠨ ᠲᠣᠬᠢᠷᠠᠭᠤᠯᠬᠤ ᠦᠢ᠍ᠯᠡᠳᠦᠯ᠎ᠢ ᠤᠯᠠᠮ ᠴᠢᠨᠠᠭᠰᠢᠳᠠ ᠴᠢᠩᠭ᠋ᠠᠳᠬᠠᠵᠤ᠂ ᠲᠡᠳᠡᠨᠦᠰᠢ ᠰᠢᠪᠠᠳᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠰᠠᠭᠤᠳᠠᠯ᠎ᠢ ᠤᠬᠠᠮᠰᠠᠷ᠎ᠠᠴᠠ᠎ᠪᠠᠨ ᠬᠦᠨᠳᠦᠳᠬᠡᠵᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠎ᠳᠤ ᠠᠰᠢᠭᠲᠠᠢ ᠪᠠᠢ᠌ᠳᠠᠭ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠣᠰ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶᠡᠨ᠎ᠳᠠᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠭᠰᠡᠨ᠎ᠳᠤ ᠴᠢᠨᠢ ᠪᠠᠶᠠᠷᠯᠠᠯ᠎ᠠ᠃ ᠮᠠᠨ᠎ᠤ ᠤᠯᠤᠰ᠎ᠤᠨ ᠠᠩᠬᠠᠳᠠᠭᠴᠢ 《ᠵᠦᠢ ᠶᠣᠰᠣᠨ᠎ᠤ ᠭᠠᠢ᠌ᠯᠢ ᠵᠢᠨ ᠳᠦᠷᠢᠮ》᠎ᠢ ᠲᠤᠰᠬᠠᠢ᠌ᠯᠠᠨ ᠬᠠᠷᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠲᠤᠰᠬᠠᠢ ᠭᠠᠢ᠌ᠯᠢ ᠵᠢᠨ ᠬᠠᠤᠯᠢ ᠪᠣᠯᠣᠭᠰᠠᠨ᠎ᠤ ᠬᠤᠪᠢ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ 2018 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠲᠠᠲᠠᠪᠤᠷᠢᠯᠠᠬᠤ᠎ᠪᠠᠷ ᠪᠠᠢ᠌ᠨ᠎ᠠ᠂ ᠡᠭᠦᠨ᠎ᠤ ᠲᠤᠬᠠᠢ ᠣᠯᠠᠨ᠎ᠤ ᠠᠩᠬᠠᠷᠤᠯ ᠲᠠᠯᠪᠢᠵᠤ ᠪᠠᠢ᠌ᠭ᠎ᠠ ᠬᠡᠮᠵᠢᠶ᠎ᠡ ᠴᠤ᠌ ᠤᠯᠠᠮ᠎ᠠᠴᠠ ᠥᠨᠳᠥᠷ ᠪᠣᠯᠵᠤ ᠪᠠᠢ᠌ᠨ᠎ᠠ᠃ ᠥᠨᠥᠳᠦᠷ ᠪᠢᠳᠡ ᠵᠣᠯ ᠵᠶ᠋ᠠᠷ ᠥᠪᠥᠷ ᠮᠣᠩᠭᠣᠯ᠎ᠤᠨ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ᠎ᠢ ᠤᠷᠢᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠡᠬᠢᠯᠡᠨ ᠲᠠᠲᠠᠪᠤᠷᠢᠯᠠᠬᠤ ᠬᠠᠮᠢᠶ᠎ᠠ ᠪᠦᠬᠦᠢ ᠠᠵᠢᠯ᠎ᠤᠨ ᠲᠤᠬᠠᠶ ᠣᠯᠠᠨ᠎ᠲᠠᠢ ᠰᠠᠨᠠᠯ ᠰᠣᠯᠢᠯᠴᠠᠬᠤ ᠵᠢᠨ ᠬᠠᠮᠲᠤ᠂ ᠰᠦᠯᠵᠢᠶᠡᠨ᠎ᠤ ᠠᠨᠳᠠ ᠨᠠᠷ᠎ᠤᠨ ᠠᠰᠠᠭᠤᠯᠲᠠ ᠵᠢ ᠬᠠᠷᠢᠭᠤᠯᠬᠤ᠎ᠪᠠᠷ ᠪᠣᠯᠣᠯ᠎ᠠ᠃ ᠯᠢᠦ ᠲᠣᠪᠴᠢᠶᠠᠨ ᠳᠠᠷᠤᠭ᠎ᠠ ᠵᠢ ᠪᠠᠶᠠᠷᠯᠠᠨ ᠤᠭᠲᠤᠵᠤ ᠪᠠᠢ᠌ᠨ᠎ᠠ᠃
ᠯᠢᠦ ᠹᠧᠩ ᠵᠢᠶᠦ᠋ᠨ᠄
ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ᠎ᠤ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶᠡᠨ ᠳᠡᠭᠡᠷ᠎ᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠶ᠋ᠢᠨ᠎ᠠ᠃ ᠪᠢ ᠥᠪᠥᠷ ᠮᠣᠩᠭᠣᠯ᠎ᠤᠨ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠡᠮᠦᠨ᠎ᠡ᠎ᠠᠴᠠ ᠣᠷᠣᠨ ᠨᠤᠲᠤᠭ᠎ᠤᠨ ᠭᠠᠢ᠌ᠯᠢ ᠵᠢᠨ ᠠᠵᠢᠯ᠎ᠢ ᠶᠡᠷᠦ᠎ᠠᠴᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠰᠦᠯᠵᠢᠶᠡᠨ᠎ᠤ ᠠᠨᠳᠠ ᠨᠠᠷ᠎ᠲᠤ᠎ᠪᠠᠨ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠃
ᠬᠥᠲᠥᠯᠥᠭᠴᠢ᠄
ᠶᠠᠭᠤᠨ᠎ᠤ ᠡᠮᠦᠨ᠎ᠡ ᠶᠠᠭᠤᠨ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠢ᠍ᠳᠬᠡᠯ᠎ᠢ ᠭᠠᠢ᠌ᠯᠢ ᠪᠣᠯᠭ᠋ᠠᠨ ᠥᠭᠡᠷᠡᠴᠢᠯᠡᠨ ᠬᠡᠷᠡᠭᠵᠢᠭᠦᠯᠬᠦ ᠲᠤᠬᠠᠢ ᠲᠠ ᠲᠠᠨᠢᠯᠴᠠᠭᠤᠯᠤᠭ᠋ᠠᠳ ᠥᠭᠭᠦᠨ᠎ᠡ ᠦᠦ?
ᠯᠢᠦ ᠹᠧᠩ ᠵᠢᠶᠦ᠋ᠨ:
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠭ᠋ᠠᠷ ᠮᠠᠨᠳᠠᠯ᠂ ᠤᠰᠤ ᠪᠠ ᠬᠥᠷᠥᠰᠥ ᠰᠢᠷᠣᠢ ᠵᠢᠨ ᠪᠣᠬᠢᠷᠲᠤᠯ᠎ᠤᠨ ᠰᠡᠷᠭᠡᠢ᠌ᠯᠡᠨ ᠵᠠᠰᠠᠯᠲᠠ ᠵᠢ ᠶᠡᠬᠡ᠎ᠪᠠᠷ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠤᠭᠰᠠᠨ᠎ᠠᠴᠠ᠂ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ ᠮᠠᠨ᠎ᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠣᠬᠢᠬᠤ ᠬᠡᠮᠵᠢᠶ᠎ᠡ᠎ᠪᠠᠷ ᠰᠠᠢ᠌ᠵᠢᠷᠠᠪᠠ᠃ ᠭᠡᠲᠡᠯ᠎ᠡ ᠶᠡᠷᠦᠩᠬᠡᠢ᠎ᠳᠤ᠎ᠨᠢ ᠠᠪᠴᠤ ᠦᠵᠡᠪᠡᠯ᠂ ᠮᠠᠨ᠎ᠤ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠮᠥᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠠᠴᠠ ᠬᠣᠴᠣᠷᠴᠤ᠂ ᠠᠮᠢ ᠠᠬᠤᠢ ᠵᠢᠨ ᠣᠷᠴᠢᠨ ᠲᠣᠭᠣᠷᠢᠨ᠎ᠤ ᠮᠠᠭᠤᠵᠢᠷᠠᠯᠲᠠ ᠵᠢᠨ ᠬᠠᠨᠳᠤᠰᠢ᠎ᠳᠤ ᠬᠠᠷᠠᠬᠠᠨ ᠦᠨᠳᠦᠰᠦᠨ ᠬᠤᠪᠢᠷᠠᠯᠲᠠ ᠭᠠᠷᠤᠭ᠎ᠠ ᠦᠭᠡᠢ᠂ ᠬᠡᠰᠡᠭ ᠭᠠᠵᠠᠷ ᠣᠷᠣᠨ᠎ᠤ ᠣᠷᠴᠢᠨ ᠲᠣᠭᠣᠷᠢᠨ᠎ᠤ ᠪᠣᠬᠢᠷᠲᠤᠯ᠎ᠤᠨ ᠠᠰᠠᠭᠤᠳᠠᠯ ᠨᠡᠯᠢᠶᠡᠳ ᠲᠣᠪᠣᠢ᠌ᠮ᠎ᠠ ᠪᠠᠢ᠌ᠵᠤ᠂ ᠬᠡᠪ᠎ᠤᠨ ᠦᠢ᠍ᠯᠡᠳᠪᠦᠷᠢᠯᠡᠯ ᠠᠮᠢᠳᠤᠷᠠᠯ ᠪᠠ ᠨᠡᠢ᠌ᠭᠡᠮ᠎ᠤᠨ ᠦᠷᠭᠦᠯᠵᠢᠯᠡᠬᠦᠢ᠌ᠴᠡ ᠬᠥᠭᠵᠢᠯᠲᠡ ᠵᠢ ᠬᠦᠨᠳᠦ ᠨᠣᠴᠢᠲᠠᠢ ᠨᠥᠯᠥᠭᠡᠯᠡᠵᠦ ᠪᠠᠢ᠌ᠬᠤ ᠪᠣᠯᠬᠣᠷ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠎ᠨᠢ ᠨᠢᠭᠡᠨᠲᠡ ᠠᠯᠭᠤᠷᠯᠠᠭᠤᠯᠵᠤ ᠪᠣᠯᠣᠰᠢ ᠦᠭᠡᠢ ᠠᠰᠠᠭᠤᠳᠠᠯ ᠪᠣᠯᠣᠭᠰᠠᠨ ᠪᠠᠢ᠌ᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠤᠨ ᠢᠯᠡᠳᠬᠡᠯ ᠪᠠ ᠮᠠᠨ᠎ᠤ ᠤᠯᠤᠰ᠎ᠤᠨ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠳᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠲᠣᠭᠲᠠᠭ᠋ᠠᠨ ᠬᠡᠷᠡᠭᠵᠢᠭᠦᠯᠵᠦ᠂ ᠣᠷᠴᠢᠨ ᠲᠣᠭᠣᠷᠢᠨ᠎ᠢ ᠵᠠᠰᠠᠬᠤ ᠡᠷᠴᠢᠮ᠎ᠢ ᠴᠢᠩᠭ᠋ᠠᠷᠠᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭ᠋ᠠᠵᠠᠢ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ᠂ ᠳᠥᠷᠪᠡᠳᠦᠭᠡᠷ ᠪᠦᠭᠦᠳᠡ ᠬᠤᠷᠠᠯ᠎ᠤᠨ ᠪᠢᠴᠢᠭ ᠮᠠᠲ᠋ᠧᠷᠢᠶᠠᠯ᠎ᠳᠤ᠄ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠢ᠍ᠳᠬᠡᠯ᠎ᠢ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠠᠬᠢᠭᠤᠯᠵᠤ》᠂ 《ᠴᠢᠩᠭ᠎ᠠ ᠬᠠᠲᠠᠭᠤ ᠬᠠᠤᠯᠢ ᠳᠦᠷᠢᠮ ᠵᠶ᠋ᠡᠷ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠲᠡᠢ》 ᠭᠡᠵᠦ ᠲᠣᠳᠣᠷᠬᠠᠢ ᠳᠤᠷᠠᠳᠤᠨ ᠭᠠᠷᠭ᠋ᠠᠪᠠ᠃ ᠡᠢ᠌ᠮᠦ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠢ᠍ᠳᠬᠡᠯ᠎ᠢ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠬᠡᠷᠡᠭᠵᠢᠭᠦᠯᠬᠦ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃
ᠬᠥᠲᠥᠯᠥᠭᠴᠢ᠄
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠭᠠᠢ᠌ᠯᠢ ᠲᠤᠰᠢᠶᠠᠭᠴᠢ ᠪᠠ ᠭᠠᠢ᠌ᠯᠢ ᠲᠠᠲᠠᠪᠤᠷᠢᠯᠠᠬᠤ ᠡᠲᠡᠭᠡᠳ᠎ᠨᠢ ᠠᠯᠢ ᠠᠯᠢ ᠪᠣᠯᠬᠤ ᠲᠤᠬᠠᠢ ᠲᠠᠨᠢᠯᠴᠠᠭᠤᠯᠤᠭ᠋ᠠᠳ ᠥᠭᠭᠦᠨ᠎ᠡ ᠦᠦ?
ᠯᠢᠦ ᠹᠧᠩ ᠵᠢᠶᠦ᠋ᠨ᠄
《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠬᠠᠤᠯᠢ》 ᠵᠢᠨ ᠬᠣᠶᠠᠳᠤᠭ᠋ᠠᠷ ᠵᠦᠢ᠍ᠯ᠎ᠳᠤ᠄ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠬᠡᠷ ᠪᠠ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠷᠢᠶᠠᠨ᠎ᠳᠠᠬᠢ ᠪᠤᠰᠤᠳ ᠳᠠᠯᠠᠢ ᠵᠢᠨ ᠣᠷᠣᠨ᠎ᠳᠤ᠂ ᠭᠠᠢ᠌ᠯᠢ ᠲᠠᠲᠠᠪᠤᠷᠢᠯᠠᠬᠤ ᠶᠤᠰᠤᠳᠠᠢ ᠪᠤᠬᠢᠷ ᠪᠤᠲᠠᠰ᠎ᠢ ᠣᠷᠴᠢᠨ ᠲᠣᠭᠣᠷᠢᠨ᠎ᠳᠤ ᠰᠢᠭᠤᠳ ᠭᠠᠲᠠᠭᠰᠢᠯᠠᠭᠤᠯᠵᠤ ᠪᠠᠢ᠌ᠭ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠤᠯᠤᠨ ᠪᠤᠰᠤᠳ ᠦᠢ᠍ᠯᠡᠳᠪᠦᠷᠢᠯᠡᠭᠴᠢᠳ ᠡᠵᠡᠩᠨᠡᠭᠴᠢᠳ ᠪᠤᠯ ᠤᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠭᠠᠢ᠌ᠯᠢ ᠲᠤᠰᠢᠶᠠᠭᠴᠢ ᠪᠣᠯᠣᠨ᠎ᠠ᠃ ᠳᠡᠭᠡᠷ᠎ᠡ ᠶᠠᠷᠢᠭᠰᠠᠨ ᠭᠠᠢ᠌ᠯᠢ ᠲᠤᠰᠢᠶᠠᠭᠴᠢ ᠵᠢᠨ ᠲᠤᠬᠠᠢ ᠲᠣᠭᠲᠠᠭ᠋ᠠᠯ᠎ᠳᠤ ᠭᠠᠢ᠌ᠯᠢ ᠲᠤᠰᠢᠶᠠᠬᠤ ᠡᠭᠦᠷᠭᠡ ᠵᠢᠨ ᠲᠠᠯ᠎ᠠ᠎ᠪᠠᠷ ᠳᠣᠣᠷᠠᠬᠢ ᠬᠣᠶᠠᠷ ᠵᠦᠢ᠍ᠯ᠎ᠤᠨ ᠪᠠᠢ᠌ᠳᠠᠯ᠎ᠳᠤ ᠭᠠᠢ᠌ᠯᠢ᠎ᠠᠴᠠ ᠬᠡᠯᠲᠦᠷᠢᠭᠦᠯᠬᠦ᠎ᠪᠠᠷ ᠲᠣᠭᠲᠠᠭ᠋ᠠᠪᠠ᠃ ᠲᠤᠬᠠᠢ᠌ᠯᠠᠪᠠᠯ᠄ ᠨᠢᠭᠡ᠎ᠳᠤ᠂ ᠭᠠᠢ᠌ᠯᠢ ᠲᠠᠲᠠᠪᠤᠷᠢᠯᠠᠬᠤ ᠶᠤᠰᠤᠳᠠᠢ ᠪᠤᠬᠢᠷ ᠪᠤᠲᠠᠰ᠎ᠢ ᠣᠷᠴᠢᠨ ᠲᠣᠭᠣᠷᠢᠨ᠎ᠳᠤ ᠰᠢᠭᠤᠳ ᠭᠠᠲᠠᠭᠰᠢᠯᠠᠭᠤᠯᠵᠤ ᠪᠠᠢ᠌ᠬᠤ ᠦᠭᠡᠢ ᠪᠣᠯ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠤᠰᠢᠶᠠᠬᠤ ᠦᠭᠡᠢ᠃ ᠬᠣᠶᠠᠷ᠎ᠲᠤ᠂ ᠰᠠᠭᠤᠭ᠋ᠠᠯᠢ ᠠᠷᠠᠳ ᠬᠤᠪᠢ ᠬᠥᠮᠥᠨ᠎ᠨᠢ ᠭᠠᠢ᠌ᠯᠢ ᠲᠤᠰᠢᠶᠠᠭᠴᠢ᠎ᠳᠤ ᠬᠠᠷᠢᠶᠠᠯᠠᠭᠳᠠᠬᠤ ᠦᠭᠡᠢ ᠪᠣᠯᠬᠣᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠤᠰᠢᠶᠠᠬᠤ ᠴᠢᠬᠤᠯᠠ ᠦᠭᠡᠢ᠃
ᠭᠠᠢ᠌ᠯᠢ ᠲᠠᠲᠠᠪᠤᠷᠢᠯᠠᠬᠤ ᠡᠲᠡᠭᠡᠳ᠎ᠤᠨ ᠲᠠᠯ᠎ᠠ᠎ᠪᠠᠷ᠂ ᠠᠭ᠋ᠠᠷ ᠮᠠᠨᠳᠠᠯ᠂ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠳᠠᠭᠤ ᠱᠤᠤᠭᠢᠶᠠᠨ ᠪᠣᠯ ᠣᠷᠴᠢᠨ ᠲᠣᠭᠣᠷᠢᠨ᠎ᠢ ᠨᠥᠯᠥᠭᠡᠯᠡᠵᠦ ᠪᠠᠢ᠌ᠭ᠎ᠠ ᠬᠠᠮᠤᠭ᠎ᠤᠨ ᠭᠣᠣᠯ ᠪᠣᠯᠬᠤ ᠪᠣᠬᠢᠷ ᠪᠣᠳᠠᠰ ᠪᠠᠢ᠌ᠵᠤ᠂ ᠣᠯᠠᠨ ᠤᠯᠤᠰ᠎ᠤᠨ᠎ᠬᠢᠨ ᠶᠡᠷᠦ᠎ᠳᠤ᠎ᠪᠠᠨ ᠡᠨᠡ ᠳᠥᠷᠪᠡᠨ ᠲᠥᠷᠥᠯ᠎ᠤᠨ ᠪᠣᠬᠢᠷ ᠪᠣᠳᠠᠰ᠎ᠢ ᠰᠣᠩᠭᠣᠨ ᠭᠠᠢ᠌ᠯᠢ ᠲᠠᠲᠠᠪᠤᠷᠢᠯᠠᠳᠠᠭ᠃ ᠮᠠᠨ᠎ᠤ ᠤᠯᠤᠰ᠎ᠤᠨ ᠣᠳᠣ ᠵᠢᠨ ᠬᠡᠷᠡᠭᠵᠢᠭᠦᠯᠵᠦ ᠪᠠᠢ᠌ᠭ᠎ᠠ ᠪᠣᠬᠢᠷ ᠪᠣᠳᠠᠰ ᠭᠠᠳᠠᠭᠰᠢᠯᠠᠭᠤᠯᠬᠤ ᠰᠦᠢ᠍ᠳᠬᠡᠯ ᠬᠤᠷᠢᠶᠠᠵᠤ ᠪᠠᠢ᠌ᠭ᠎ᠠ ᠡᠲᠡᠭᠡᠳ᠎ᠨᠢ ᠴᠤ᠌ ᠡᠨᠡ ᠳᠥᠷᠪᠡᠨ ᠲᠥᠷᠥᠯ᠎ᠤᠨ ᠪᠣᠬᠢᠷ ᠪᠣᠳᠠᠰ ᠪᠣᠯᠣᠨ᠎ᠠ᠃ ᠣᠯᠠᠨ ᠤᠯᠤᠰ᠎ᠤᠨ ᠡᠯ᠎ᠡ ᠲᠠᠯ᠎ᠠ ᠵᠢᠨ ᠲᠤᠷᠰᠢᠯᠭ᠎ᠠ᠎ᠪᠠᠷ ᠯᠠᠪᠯᠠᠯᠲᠠ ᠪᠣᠯᠭ᠋ᠠᠬᠤ ᠵᠢᠨ ᠬᠠᠮᠲᠤ᠂ ᠮᠠᠨ᠎ᠤ ᠤᠯᠤᠰ᠎ᠤᠨ ᠣᠳᠣ ᠵᠢᠨ ᠬᠡᠷᠡᠭᠵᠢᠭᠦᠯᠵᠦ ᠪᠠᠢ᠌ᠭ᠎ᠠ ᠪᠣᠬᠢᠷ ᠪᠣᠳᠠᠰ ᠭᠠᠳᠠᠭᠰᠢᠯᠠᠭᠤᠯᠬᠤ ᠰᠦᠢ᠍ᠳᠬᠡᠯ᠎ᠤᠨ ᠳᠦᠷᠢᠮ᠎ᠲᠠᠢ ᠵᠣᠯᠭ᠋ᠠᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠭᠠᠢ᠌ᠯᠢ ᠲᠠᠲᠠᠪᠤᠷᠢᠯᠠᠬᠤ ᠡᠲᠡᠭᠡᠳ᠎ᠢ ᠠᠭ᠋ᠠᠷ ᠮᠠᠨᠳᠠᠯ᠎ᠤᠨ ᠪᠣᠬᠢᠷ ᠪᠣᠳᠠᠰ᠂ ᠤᠰᠤᠨ᠎ᠤ ᠪᠣᠬᠢᠷ ᠪᠣᠳᠠᠰ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠭᠤ ᠱᠤᠤᠭᠢᠶᠠᠨ ᠭᠡᠵᠦ ᠲᠣᠭᠲᠠᠭ᠋ᠠᠵᠤ᠂ ᠪᠣᠳᠠᠲᠠᠢ ᠭᠠᠢ᠌ᠯᠢ ᠲᠠᠲᠠᠪᠤᠷᠢᠯᠠᠬᠤ ᠶᠤᠰᠤᠳᠠᠢ ᠪᠤᠬᠢᠷ ᠪᠤᠲᠠᠰ᠎ᠢ ᠭᠠᠢ᠌ᠯᠢ ᠵᠢᠨ ᠬᠠᠤᠯᠢ᠎ᠳᠤ ᠳᠠᠭ᠋ᠠᠯᠳᠤᠭᠤᠯᠤᠭᠰᠠᠨ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠲᠥᠷᠥᠯ ᠪᠠ ᠲᠣᠭ᠎ᠠ ᠵᠢᠨ ᠬᠦᠰᠦᠨᠦᠭᠲᠦ》᠂ 《ᠭᠠᠢ᠌ᠯᠢ ᠲᠠᠲᠠᠪᠤᠷᠢᠯᠠᠬᠤ ᠶᠤᠰᠤᠳᠠᠢ ᠪᠤᠬᠢᠷ ᠪᠣᠳᠠᠰ ᠪᠠ ᠲᠡᠩᠴᠡᠯ ᠬᠡᠮᠵᠢᠭᠳᠡᠯ᠎ᠤᠨ ᠬᠦᠰᠦᠨᠦᠭᠲᠦ》 ᠵᠢᠨ ᠲᠣᠭᠲᠠᠭ᠋ᠠᠯ ᠵᠶ᠋ᠠᠷ ᠦᠨᠳᠦᠰᠦᠯᠡᠯ ᠪᠣᠯᠭ᠋ᠠᠵᠤ ᠬᠡᠷᠡᠭᠵᠢᠭᠦᠯᠦᠨ᠎ᠡ᠃
ᠬᠥᠲᠥᠯᠥᠭᠴᠢ᠄
ᠡᠨᠡ ᠳᠥᠷᠪᠡᠨ ᠲᠥᠷᠥᠯ᠎ᠤᠨ ᠪᠣᠬᠢᠷ ᠪᠣᠳᠠᠰ᠎ᠲᠤ ᠴᠢᠭᠯᠡᠭᠦᠯᠦᠨ ᠭᠠᠢ᠌ᠯᠢ ᠪᠣᠳᠣᠬᠤ ᠦᠨᠳᠦᠰᠦᠯᠡᠯ᠎ᠨᠢ ᠶᠠᠭᠤ ᠪᠣᠢ? ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠣᠳᠣᠬᠤ ᠠᠷᠭ᠎ᠠ᠎ᠨᠢ ᠬᠠᠷᠢᠴᠠᠩᠭᠤᠢ ᠪᠣᠳᠣᠯᠢᠶᠠᠨᠲᠠᠢ ᠪᠠᠢ᠌ᠵᠤ᠂ ᠦᠢ᠍ᠯᠡᠳᠦᠯᠭᠡ ᠵᠢᠨ ᠳᠤᠮᠳᠠ ᠴᠣᠬᠣᠮ ᠶᠠᠭ᠋ᠠᠬᠢᠵᠤ ᠬᠡᠷᠡᠭᠵᠢᠭᠦᠯᠬᠦ ᠪᠣᠢ?
ᠯᠢᠦ ᠹᠧᠩ ᠵᠢᠶᠦ᠋ᠨ᠄
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠭᠣᠣᠯᠳᠠᠭᠤ ᠪᠣᠬᠢᠷ ᠪᠣᠳᠠᠰ ᠭᠠᠳᠠᠭᠰᠢᠯᠠᠭᠤᠯᠵᠤ ᠪᠠᠢ᠌ᠭ᠎ᠠ ᠬᠡᠮᠵᠢᠶ᠎ᠡ᠎ᠪᠠᠷ ᠲᠠᠲᠠᠪᠤᠷᠢᠯᠠᠳᠠᠭ ᠪᠣᠯᠪᠠᠴᠤ ᠭᠠᠳᠠᠭᠰᠢᠯᠠᠭᠤᠯᠬᠤ ᠪᠣᠬᠢᠷ ᠪᠣᠳᠠᠰ᠎ᠤᠨ ᠬᠡᠮᠵᠢᠶ᠎ᠡ ᠵᠢ ᠪᠣᠳᠣᠬᠤ᠎ᠳᠤ ᠨᠡᠯᠢᠶᠡᠳ ᠪᠤᠳᠤᠯᠢᠶᠠᠨᠲᠠᠢ ᠪᠠᠢ᠌ᠵᠤ᠂ ᠠᠭ᠋ᠠᠷ ᠮᠠᠨᠳᠠᠯ᠂ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠳᠠᠭᠤ ᠱᠤᠤᠭᠢᠶᠠᠨ ᠵᠡᠷᠭᠡ ᠵᠢᠨ ᠬᠡᠮᠵᠢᠶ᠎ᠡ ᠵᠢ ᠪᠣᠳᠣᠬᠤ ᠪᠠᠷᠢᠮᠵᠢᠶ᠎ᠠ᠎ᠨᠢ ᠠᠳᠠᠯᠢ ᠪᠤᠰᠤ ᠪᠠᠢ᠌ᠳᠠᠭ᠃ ᠡᠢ᠌ᠮᠦ᠎ᠠᠴᠠ᠂ ᠭᠠᠢ᠌ᠯᠢ ᠵᠢᠨ ᠬᠠᠤᠯᠢ᠎ᠳᠤ ᠭᠠᠢ᠌ᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ᠎ᠤᠨ ᠭᠠᠢ᠌ᠯᠢ ᠵᠢ ᠪᠣᠳᠣᠬᠤ ᠦᠨᠳᠦᠰᠦᠯᠡᠯ᠎ᠳᠤ ᠲᠤᠰ ᠲᠤᠰ ᠳᠣᠣᠷᠠᠬᠢ ᠮᠡᠲᠦ ᠲᠣᠭᠲᠠᠭ᠋ᠠᠯ ᠭᠠᠷᠭ᠋ᠠᠵᠠᠢ᠄
(1) ᠭᠠᠢ᠌ᠯᠢ ᠲᠠᠲᠠᠪᠤᠷᠢᠯᠠᠬᠤ ᠶᠣᠰᠣᠲᠠᠢ ᠠᠭ᠋ᠠᠷ ᠮᠠᠨᠳᠠᠯ᠎ᠤᠨ ᠪᠣᠬᠢᠷ ᠪᠣᠳᠠᠰ᠎ᠢ ᠪᠣᠳᠣᠬᠤ᠎ᠳᠤ᠎ᠪᠠᠨ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ ᠨᠤᠭᠤᠯᠤᠨ ᠪᠣᠳᠣᠭᠰᠠᠨᠤ ᠳᠠᠷᠠᠭ᠋ᠠᠬᠢ ᠪᠣᠬᠢᠷᠲᠤᠯ᠎ᠤᠨ ᠲᠡᠩᠴᠡᠯ ᠲᠣᠭ᠎ᠠ᠎ᠪᠠᠷ ᠲᠣᠭᠲᠠᠭ᠋ᠠᠨ᠎ᠠ;
(2) ᠭᠠᠢ᠌ᠯᠢ ᠲᠠᠲᠠᠪᠤᠷᠢᠯᠠᠬᠤ ᠶᠣᠰᠣᠲᠠᠢ ᠤᠰᠤᠨ᠎ᠤ ᠪᠣᠬᠢᠷ ᠪᠣᠳᠠᠰ᠎ᠢ ᠪᠣᠳᠣᠬᠤ᠎ᠳᠤ᠎ᠪᠠᠨ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ ᠨᠤᠭᠤᠯᠤᠨ ᠪᠣᠳᠣᠭᠰᠠᠨᠤ ᠳᠠᠷᠠᠭ᠋ᠠᠬᠢ ᠪᠣᠬᠢᠷᠲᠤᠯ᠎ᠤᠨ ᠲᠡᠩᠴᠡᠯ ᠲᠣᠭ᠎ᠠ᠎ᠪᠠᠷ ᠲᠣᠭᠲᠠᠭ᠋ᠠᠨ᠎ᠠ;
(3) ᠭᠠᠢ᠌ᠯᠢ ᠲᠠᠲᠠᠪᠤᠷᠢᠯᠠᠬᠤ ᠶᠣᠰᠣᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ᠎ᠪᠠᠷ ᠲᠣᠭᠲᠠᠭ᠋ᠠᠨ᠎ᠠ;
(4) ᠭᠠᠢ᠌ᠯᠢ ᠲᠠᠲᠠᠪᠤᠷᠢᠯᠠᠬᠤ ᠶᠣᠰᠣᠲᠠᠢ ᠳᠠᠭᠤ ᠱᠤᠤᠭᠢᠶᠠᠨ᠎ᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠳᠠᠪᠠᠭᠰᠠᠨ ᠳ᠋ᠧᠼᠢᠪᠧᠯ᠎ᠤᠨ ᠲᠣᠭ᠎ᠠ᠎ᠪᠠᠷ ᠲᠣᠭᠲᠠᠭ᠋ᠠᠨ᠎ᠠ᠃
ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ ᠬᠡᠷᠬᠢᠨ ᠦᠨᠡᠨ ᠪᠣᠳᠠᠲᠠᠢ ᠮᠥᠷᠲᠡᠭᠡᠨ ᠣᠨᠣᠪᠴᠢᠲᠠᠢ᠎ᠪᠠᠷ ᠬᠢᠨᠠᠨ ᠬᠡᠮᠵᠢᠬᠦ ᠪᠠ ᠪᠣᠳᠣᠬᠤ ᠪᠣᠯ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠠᠲᠠᠪᠤᠷᠢᠯᠠᠨ ᠬᠠᠮᠢᠶᠠᠷᠬᠤ ᠠᠵᠢᠯ᠎ᠤᠨ ᠨᠢᠭᠡᠨ ᠬᠦᠴᠢᠷᠳᠡᠯᠲᠡᠢ ᠠᠰᠠᠭᠤᠳᠠᠯ ᠪᠣᠯᠣᠨ᠎ᠠ᠃ ᠡᠨᠡ ᠬᠦ᠌ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠵᠢᠨ ᠲᠥᠯᠥᠭᠡ᠂ ᠣᠯᠠᠨ ᠵᠢᠯ᠎ᠤᠨ ᠲᠤᠷᠰᠢᠬᠢ ᠪᠣᠬᠢᠷ ᠪᠣᠳᠠᠰ ᠭᠠᠳᠠᠭᠰᠢᠯᠠᠭᠤᠯᠬᠤ ᠰᠦᠢ᠍ᠳᠬᠡᠯ ᠬᠤᠷᠢᠶᠠᠭᠰᠠᠨ ᠦᠢ᠍ᠯᠡᠳᠦᠯᠭᠡ ᠵᠢᠨ ᠲᠤᠷᠰᠢᠯᠭ᠎ᠠ᠎ᠲᠠᠢ ᠤᠶᠠᠯᠳᠤᠭᠤᠯᠵᠤ᠂ ᠭᠣᠣᠯᠳᠠᠭᠤ ᠳᠣᠣᠷᠠᠬᠢ ᠬᠡᠳᠦᠨ ᠲᠠᠯ᠎ᠠ ᠵᠢᠨ ᠠᠷᠭ᠎ᠠ ᠬᠡᠮᠵᠢᠶ᠎ᠡ ᠠᠪᠬᠤ᠎ᠪᠠᠷ ᠪᠠᠢ᠌ᠨ᠎ᠠ᠃ ᠨᠢᠭᠡ᠎ᠳᠤ᠂ ᠤᠯᠤᠰ᠎ᠤᠨ ᠭᠣᠣᠯᠳᠠᠯᠭ᠎ᠠ᠎ᠲᠠᠢ ᠬᠢᠨᠠᠨ ᠡᠵᠡᠮᠰᠢᠵᠦ ᠪᠠᠢ᠌ᠭ᠎ᠠ ᠠᠵᠤ ᠠᠬᠤᠢ᠌ᠯᠠᠯ (ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠨᠢ ᠪᠦᠬᠦ ᠨᠡᠢ᠌ᠭᠡᠮ᠎ᠤᠨ ᠭᠣᠣᠯ ᠪᠣᠯᠬᠤ ᠪᠣᠬᠢᠷ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠡᠮᠵᠢᠶᠡᠨ᠎ᠤ 80% ᠣᠷᠴᠢᠮ᠎ᠢ ᠡᠵᠡᠯᠡᠨ᠎ᠡ) ᠨᠢᠭᠡᠪᠦᠷᠢ᠎ᠳᠤ ᠠᠦ᠋ᠲ᠋ᠣ᠋ ᠬᠢᠨᠠᠨ ᠬᠡᠮᠵᠢᠬᠦ ᠲᠥᠬᠥᠭᠡᠷᠦᠮᠵᠢ ᠤᠭᠰᠠᠷᠠᠬᠤ ᠵᠢᠨ ᠬᠠᠮᠲᠤ᠂ ᠠᠦ᠋ᠲ᠋ᠣ᠋᠎ᠪᠠᠷ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠷ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ᠎ᠨᠢ ᠪᠣᠳᠣᠨ᠎ᠠ᠃ ᠬᠣᠶᠠᠷ᠎ᠲᠤ᠂ ᠠᠦ᠋ᠲ᠋ᠣ᠋ ᠬᠢᠨᠠᠨ ᠬᠡᠮᠵᠢᠬᠦ ᠲᠥᠬᠥᠭᠡᠷᠦᠮᠵᠢ ᠥᠯᠥ ᠤᠭᠰᠠᠷᠠᠭᠰᠠᠨ ᠠᠵᠤ ᠠᠬᠤᠢ᠌ᠯᠠᠯ᠎ᠤᠨ ᠭᠠᠳᠠᠭᠰᠢᠯᠠᠭᠤᠯᠤᠭᠰᠠᠨ ᠪᠣᠬᠢᠷ ᠪᠣᠳᠠᠰ᠎ᠢ ᠬᠢᠨᠠᠨ ᠬᠡᠮᠵᠢᠬᠦ ᠪᠠᠢ᠌ᠭᠤᠯᠤᠮᠵᠢ ᠵᠢᠨ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠷ ᠦᠨᠳᠦᠰᠦᠯᠡᠯ ᠪᠣᠯᠭ᠋ᠠᠵᠤ ᠪᠣᠳᠣᠨ᠎ᠠ᠃ ᠡᠭᠦᠨ᠎ᠳᠤ ᠵᠠᠰᠠᠭ᠎ᠤᠨ ᠣᠷᠳᠣᠨ᠎ᠤ᠎ᠬᠢᠨ ᠨᠡᠢ᠌ᠭᠡᠮ᠎ᠠᠴᠠ ᠬᠢᠨᠠᠨ ᠬᠡᠮᠵᠢᠬᠦ ᠦᠢ᠍ᠯᠡᠴᠢᠯᠡᠭᠡ ᠬᠤᠳᠠᠯᠳᠤᠵᠤ ᠠᠪᠬᠤ ᠪᠠ ᠭᠤᠷᠪᠠᠳᠠᠭᠴᠢ ᠪᠠᠢ᠌ᠭᠤᠯᠤᠮᠵᠢ᠎ᠳᠤ ᠨᠠᠢ᠌ᠳᠠᠵᠤ ᠲᠤᠰᠬᠠᠢ᠌ᠵᠢᠭᠰᠠᠨ ᠬᠢᠨᠠᠨ ᠬᠡᠮᠵᠢᠬᠦ ᠦᠢ᠍ᠯᠡᠴᠢᠯᠡᠭᠡ ᠬᠠᠩᠭ᠋ᠠᠯᠭ᠋ᠠᠬᠤ ᠳᠦᠷᠢᠮ᠎ᠢ ᠥᠷᠭᠡᠨ ᠵᠶ᠋ᠡᠷ ᠬᠡᠷᠡᠭᠵᠢᠭᠦᠯᠵᠦ᠂ ᠵᠠᠷᠢᠮ ᠬᠣᠲᠠ᠂ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ᠎ᠬᠢᠨ᠎ᠤ ᠬᠢᠨᠠᠨ ᠬᠡᠮᠵᠢᠬᠦ ᠴᠢᠳᠠᠪᠤᠷᠢ ᠭᠦᠢ᠍ᠴᠡᠳ ᠦᠭᠡᠢ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠭᠤᠷᠪᠠ᠎ᠳᠤ᠂ ᠬᠢᠨᠠᠨ ᠬᠡᠮᠵᠢᠬᠦ ᠨᠥᠬᠥᠴᠡᠯ ᠦᠭᠡᠢ᠂ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ ᠦᠨᠡᠨ ᠪᠣᠳᠠᠲᠠᠢ᠎ᠪᠠᠷ ᠬᠢᠨᠠᠨ ᠬᠡᠮᠵᠢᠬᠦ ᠵᠢᠨ ᠠᠷᠭ᠎ᠠ ᠦᠭᠡᠢ ᠪᠣᠯ ᠪᠣᠬᠢᠷᠲᠤᠯ᠎ᠤᠨ ᠭᠠᠳᠠᠭᠰᠢᠯᠠᠭᠤᠯᠤᠯᠲᠠ ᠵᠢ ᠢᠯᠡᠳᠬᠡᠬᠦ ᠠᠷᠭ᠎ᠠ᠂ ᠪᠣᠳᠠᠰ᠎ᠤᠨ ᠮᠠᠲ᠋ᠧᠷᠢᠶᠠᠯ᠎ᠢ ᠲᠡᠩᠴᠡᠭᠦᠯᠦᠨ ᠪᠣᠳᠣᠬᠤ ᠠᠷᠭ᠎ᠠ ᠪᠠ ᠥᠯᠢᠭᠡᠷ ᠰᠤᠭᠤᠴᠢᠵᠤ ᠬᠡᠮᠵᠢᠨ ᠪᠣᠳᠣᠬᠤ ᠠᠷᠭ᠎ᠠ᠎ᠪᠠᠷ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ ᠪᠣᠳᠣᠨ᠎ᠠ᠃ ᠬᠠᠮᠢᠶ᠎ᠠ ᠪᠦᠬᠦᠢ ᠲᠣᠭ᠋ᠠᠴᠠᠨ ᠪᠣᠳᠣᠬᠤ ᠠᠷᠭ᠎ᠠ ᠵᠢ ᠮᠤᠵᠢ ᠵᠢᠨ ᠳᠡᠰ᠎ᠠᠴᠠ ᠳᠡᠭᠡᠭᠰᠢᠬᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠵᠠᠷᠯᠠᠨ ᠨᠡᠢ᠌ᠲᠡᠯᠡᠨ᠎ᠡ᠃
ᠬᠥᠲᠥᠯᠥᠭᠴᠢ᠄
ᠲᠡᠭᠡᠪᠡᠯ ᠮᠠᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠬᠡᠷᠬᠢᠨ ᠲᠠᠲᠠᠪᠤᠷᠢᠯᠠᠨ ᠬᠠᠮᠢᠶᠠᠷᠬᠤ᠎ᠪᠠᠷ ᠲᠥᠯᠥᠪᠯᠡᠵᠦ ᠪᠠᠢ᠌ᠬᠤ ᠪᠣᠢ?
ᠯᠢᠦ ᠹᠧᠩ ᠵᠢᠶᠦ᠋ᠨ᠄
ᠣᠳᠣ ᠵᠢᠨ ᠬᠡᠷᠡᠭᠵᠢᠭᠦᠯᠵᠦ ᠪᠠᠢ᠌ᠭ᠎ᠠ ᠪᠣᠬᠢᠷᠲᠤᠯ ᠭᠠᠳᠠᠭᠰᠢᠯᠠᠭᠤᠯᠬᠤ ᠰᠦᠢ᠍ᠳᠬᠡᠯ᠎ᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠲᠠᠲᠠᠪᠤᠷᠢᠯᠠᠨ ᠬᠤᠷᠢᠶᠠᠵᠤ ᠪᠠᠢ᠌ᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠪᠣᠯᠭ᠋ᠠᠨ ᠥᠭᠡᠷᠡᠴᠢᠯᠡᠨ ᠲᠠᠲᠠᠪᠤᠷᠢᠯᠠᠭᠰᠠᠨᠤ ᠳᠠᠷᠠᠭ᠎ᠠ᠂ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠠᠴᠠ ᠭᠠᠢ᠌ᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠬᠠᠤᠯᠢ ᠵᠢᠨ ᠲᠣᠭᠲᠠᠭ᠋ᠠᠯ ᠶᠣᠰᠣᠭ᠋ᠠᠷ ᠲᠠᠲᠠᠪᠤᠷᠢᠯᠠᠨ ᠬᠠᠮᠢᠶᠠᠷᠤᠨ᠎ᠠ᠃ ᠡᠭᠦᠨ᠎ᠤ ᠬᠠᠮᠲᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠬᠠᠤᠯᠢ᠎ᠳᠤ 《ᠠᠵᠤ ᠠᠬᠤᠢ᠌ᠯᠠᠯ᠎ᠠᠴᠠ ᠭᠤᠶᠤᠴᠢᠯᠠᠨ ᠮᠡᠳᠡᠭᠦᠯᠬᠦ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠠᠲᠠᠪᠤᠷᠢᠯᠠᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠬᠠᠮᠵᠢᠯᠴᠠᠬᠤ᠂ ᠮᠡᠳᠡᠭᠡ ᠵᠠᠩᠭᠢ᠎ᠪᠠᠨ ᠬᠠᠮᠲᠤ᠎ᠪᠠᠷ ᠬᠦᠷᠲᠡᠬᠦ》 ᠭᠡᠬᠦ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ᠎ᠢ ᠲᠣᠭᠲᠠᠭ᠋ᠠᠪᠠ᠃ ᠲᠤᠬᠠᠢ᠌ᠯᠠᠪᠠᠯ᠂ ᠭᠠᠢ᠌ᠯᠢ ᠲᠤᠰᠢᠶᠠᠭᠴᠢ᠎ᠠᠴᠠ ᠭᠠᠢ᠌ᠯᠢ ᠲᠤᠰᠢᠶᠠᠬᠤ ᠭᠤᠶᠤᠴᠢᠯᠠᠨ ᠮᠡᠳᠡᠭᠦᠯᠦᠯᠲᠡ᠎ᠪᠠᠨ ᠬᠠᠤᠯᠢ ᠶᠣᠰᠣᠭ᠋ᠠᠷ ᠦᠨᠡᠨ ᠪᠣᠳᠠᠲᠠᠢ᠎ᠪᠠᠷ ᠳᠡᠪᠰᠢᠭᠦᠯᠬᠦ ᠵᠢᠨ ᠬᠠᠮᠲᠤ᠂ ᠭᠤᠶᠤᠴᠢᠯᠠᠨ ᠮᠡᠳᠡᠭᠦᠯᠦᠯᠲᠡ ᠵᠢᠨ ᠵᠶ᠋ᠡᠨ ᠦᠨᠡᠨ ᠪᠣᠳᠠᠲᠤ ᠴᠢᠨᠠᠷ ᠪᠠ ᠪᠦᠷᠢᠨ ᠲᠥᠬᠥᠷ ᠴᠢᠨᠠᠷ᠎ᠲᠤ ᠬᠠᠷᠢᠭᠤᠴᠠᠯᠭ᠎ᠠ ᠡᠭᠦᠷᠭᠡᠯᠡᠨ᠎ᠡ; ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠲᠠᠲᠠᠪᠤᠷᠢᠯᠠᠨ ᠬᠠᠮᠢᠶᠠᠷᠴᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠪᠣᠬᠢᠷ ᠪᠣᠳᠠᠰ᠎ᠢ ᠬᠢᠨᠠᠨ ᠬᠡᠮᠵᠢᠬᠦ ᠪᠠ ᠬᠠᠮᠢᠶᠠᠷᠤᠨ᠎ᠠ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ ᠬᠢᠭᠡᠳ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ᠎ᠳᠤ ᠬᠣᠯᠪᠣᠭᠳᠠᠭᠰᠠᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ ᠪᠠ ᠠᠵᠢᠯ᠎ᠤᠨ ᠲᠠᠯ᠎ᠠ᠎ᠪᠠᠷ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠭᠠᠢ᠌ᠯᠢ ᠲᠤᠰᠢᠶᠠᠬᠤ ᠲᠤᠬᠠᠢ ᠬᠣᠯᠪᠣᠭᠳᠠᠯ ᠪᠦᠬᠦᠢ ᠮᠡᠳᠡᠭᠡ ᠵᠠᠩᠭᠢ ᠵᠢᠨ ᠮᠠᠲ᠋ᠧᠷᠢᠶᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠬᠤ ᠬᠡᠷᠡᠭᠲᠡᠢ᠃ ᠡᠨᠡ ᠬᠦ᠌ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ᠎ᠨᠢ ᠭᠠᠢ᠌ᠯᠢ ᠲᠤᠰᠢᠶᠠᠭᠴᠢ ᠵᠢᠨ ᠥᠪᠡᠷ ᠵᠶ᠋ᠡᠨ ᠡᠵᠡᠨ ᠮᠡᠳᠡᠵᠦ ᠦᠨᠡᠨ ᠪᠣᠳᠠᠲᠠᠢ᠎ᠪᠠᠷ ᠭᠠᠢ᠌ᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠡᠭᠦᠷᠭᠡ ᠵᠢ ᠲᠣᠪᠣᠢ᠌ᠯᠭ᠋ᠠᠵᠤ᠂ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ ᠵᠢᠨ ᠭᠠᠢ᠌ᠯᠢ ᠲᠠᠲᠠᠪᠤᠷᠢᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠭᠰᠠᠨ᠎ᠤ ᠬᠠᠮᠲᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠢ ᠪᠣᠬᠢᠷᠲᠤᠯ ᠭᠠᠳᠠᠭᠰᠢᠯᠠᠭᠤᠯᠬᠤ ᠭᠠᠢ᠌ᠯᠢ ᠲᠠᠲᠠᠪᠤᠷᠢᠯᠠᠬᠤ᠎ᠳᠤ ᠮᠡᠳᠡᠭᠡ ᠵᠠᠩᠭᠢ ᠵᠢᠨ ᠬᠠᠷᠭᠤᠭᠤᠯᠤᠯᠲᠠ ᠪᠠᠢ᠌ᠴᠠᠭ᠋ᠠᠯᠲᠠ ᠬᠠᠩᠭ᠋ᠠᠵᠤ᠂ ᠭᠠᠢ᠌ᠯᠢ ᠲᠠᠲᠠᠪᠤᠷᠢᠯᠠᠨ ᠬᠠᠮᠢᠶᠠᠷᠬᠤ ᠠᠵᠢᠯ᠎ᠳᠤ ᠬᠠᠮᠵᠢᠯᠴᠠᠨ ᠰᠠᠢ᠌ᠲᠤᠷ ᠬᠢᠬᠦ ᠵᠢ ᠱᠠᠭ᠋ᠠᠷᠳᠠᠭᠰᠠᠨ ᠪᠠᠢ᠌ᠨ᠎ᠠ᠃
ᠬᠥᠲᠥᠯᠥᠭᠴᠢ᠄
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠢ᠍ᠳᠬᠡᠯ᠎ᠢ ᠭᠠᠢ᠌ᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠎ᠠ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠦᠨᠳᠦᠷᠡᠭᠦᠯᠬᠦ ᠪᠣᠯᠣᠯᠴᠠᠭ᠎ᠠ᠎ᠲᠠᠢ ᠦᠦ? ᠶᠠᠮᠠᠷ ᠪᠠᠢ᠌ᠳᠠᠯ ᠳᠣᠣᠷ᠎ᠠ ᠬᠠᠰᠤᠨ ᠬᠡᠯᠲᠦᠷᠢᠭᠦᠯᠵᠦ ᠪᠣᠯᠬᠤ ᠪᠣᠢ?
ᠯᠢᠦ ᠹᠧᠩ ᠵᠢᠶᠦ᠋ᠨ᠄
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠢ᠍ᠳᠬᠡᠯ᠎ᠢ ᠭᠠᠢ᠌ᠯᠢ ᠪᠣᠯᠭ᠋ᠠᠨ ᠥᠭᠡᠷᠡᠴᠢᠯᠡᠬᠦ᠎ᠳᠤ᠂ 《ᠭᠠᠢ᠌ᠯᠢ ᠵᠢᠨ ᠳᠠᠷᠤᠭ᠋ᠠᠰᠤ ᠵᠢ ᠲᠡᠩᠴᠡᠭᠦᠷᠢᠲᠡᠢ᠎ᠪᠠᠷ ᠰᠢᠯᠵᠢᠭᠦᠯᠬᠦ》 ᠵᠠᠷᠴᠢᠮ᠎ᠢ ᠵᠢᠷᠤᠮᠯᠠᠨ᠂ ᠭᠠᠢ᠌ᠯᠢ ᠲᠠᠲᠠᠪᠤᠷᠢᠯᠠᠬᠤ ᠬᠦᠷᠢᠶ᠎ᠡ ᠬᠡᠪᠴᠢᠶ᠎ᠡ ᠪᠠ ᠭᠠᠢ᠌ᠯᠢ ᠵᠢᠨ ᠨᠣᠷᠮ᠎ᠠ᠎ᠳᠤ ᠦᠨᠳᠦᠰᠦᠨ᠎ᠳᠤ᠎ᠪᠠᠨ ᠬᠤᠪᠢᠷᠠᠯᠲᠠ ᠭᠠᠷᠭ᠋ᠠᠬᠤ ᠦᠭᠡᠢ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠡᠬᠢᠯᠡᠨ ᠲᠠᠲᠠᠪᠤᠷᠢᠯᠠᠭᠰᠠᠨᠤ ᠳᠠᠷᠠᠭ᠎ᠠ᠂ ᠭᠠᠢ᠌ᠯᠢ ᠲᠠᠲᠠᠪᠤᠷᠢ ᠵᠢᠨ ᠬᠦᠴᠦᠯᠡᠴᠡ ᠵᠢ ᠨᠡᠮᠡᠭᠳᠡᠭᠦᠯᠦᠨ᠂ ᠲᠠᠲᠠᠪᠤᠷᠢᠯᠠᠨ ᠬᠤᠷᠢᠶᠠᠬᠤ ᠲᠣᠭᠲᠠᠴᠠ ᠵᠢ ᠨᠡᠩ ᠴᠢᠩᠭ᠋ᠠᠷᠠᠭᠤᠯᠵᠤ᠂ ᠲᠤᠰᠢᠶᠠᠪᠠᠰᠤ ᠵᠣᠬᠢᠬᠤ ᠪᠣᠬᠢᠷᠲᠤᠯ ᠭᠠᠳᠠᠭᠰᠢᠯᠠᠭᠤᠯᠬᠤ ᠰᠦᠢ᠍ᠳᠬᠡᠯ ᠵᠶ᠋ᠡᠨ ᠲᠤᠰᠢᠶᠠᠭ᠎ᠠ ᠦᠭᠡᠢ ᠬᠡᠰᠡᠭ ᠠᠵᠤ ᠠᠬᠤᠢ᠌ᠯᠠᠯ᠎ᠢ ᠭᠠᠢ᠌ᠯᠢ ᠲᠠᠲᠠᠪᠤᠷᠢᠯᠠᠬᠤ ᠬᠦᠷᠢᠶ᠎ᠡ ᠬᠡᠪᠴᠢᠶᠡᠨ᠎ᠳᠤ ᠣᠷᠣᠭᠤᠯᠬᠤ ᠪᠣᠯᠣᠨ᠎ᠠ᠃ ᠡᠭᠦᠨ᠎ᠠᠴᠠ ᠭᠠᠳᠠᠨ᠎ᠠ᠂ ᠭᠠᠢ᠌ᠯᠢ ᠲᠠᠲᠠᠪᠤᠷᠢᠯᠠᠭᠰᠠᠨᠤ ᠳᠠᠷᠠᠭ᠎ᠠ ᠠᠵᠤ ᠠᠬᠤᠢ᠌ᠯᠠᠯ᠎ᠢ ᠬᠢᠵᠠᠭ᠋ᠠᠷᠯᠠᠬᠤ ᠲᠣᠭᠲᠠᠴᠠ᠎ᠨᠢ ᠤᠯᠠᠮ ᠴᠢᠨᠠᠭᠰᠢᠳᠠ ᠴᠢᠩᠭ᠋ᠠᠷᠠᠵᠤ᠂ ᠠᠵᠤ ᠠᠬᠤᠢ᠌ᠯᠠᠯ᠎ᠢ ᠰᠠᠨᠠᠭ᠋ᠠᠴᠢᠯᠠᠭ᠎ᠠ᠎ᠠᠴᠠ᠎ᠪᠠᠨ ᠠᠷᠭ᠎ᠠ ᠬᠡᠮᠵᠢᠶ᠎ᠡ ᠠᠪᠴᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠪᠠᠨ ᠪᠠᠭ᠋ᠠᠰᠬᠠᠬᠤ᠎ᠳᠤ ᠬᠦᠷᠦᠭᠦᠯᠵᠦ᠂ ᠵᠠᠷᠢᠮ ᠠᠵᠤ ᠠᠬᠤᠢ᠌ᠯᠠᠯ᠎ᠤᠨ ᠲᠤᠰᠢᠶᠠᠬᠤ ᠭᠠᠢ᠌ᠯᠢ ᠵᠢᠨ ᠲᠣᠭ᠎ᠠ ᠮᠥᠨ ᠵᠣᠬᠢᠬᠤ ᠬᠡᠮᠵᠢᠶ᠎ᠡ᠎ᠪᠠᠷ ᠪᠠᠭ᠋ᠠᠰᠬᠤ ᠪᠣᠯᠣᠨ᠎ᠠ᠃
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠬᠠᠤᠯᠢ᠎ᠳᠤ ᠳᠣᠣᠷᠠᠬᠢ 5 ᠵᠦᠢ᠍ᠯ᠎ᠤᠨ ᠪᠠᠢ᠌ᠳᠠᠯ᠎ᠳᠤ ᠭᠠᠢ᠌ᠯᠢ᠎ᠠᠴᠠ ᠲᠦᠷ ᠬᠡᠯᠲᠦᠷᠢᠭᠦᠯᠬᠦ᠎ᠪᠠᠷ ᠲᠣᠭᠲᠠᠭ᠋ᠠᠵᠠᠢ᠄
ᠨᠢᠭᠡ᠎ᠳᠤ᠂ ᠲᠠᠷᠢᠶᠠᠯᠠᠩ᠎ᠤᠨ ᠬᠥᠭᠵᠢᠯᠲᠡ ᠵᠢ ᠳᠡᠮᠵᠢᠬᠦ ᠵᠢᠨ ᠲᠥᠯᠥᠭᠡ᠂ ᠲᠠᠷᠢᠶᠠᠯᠠᠩ ᠦᠢ᠍ᠯᠡᠳᠪᠦᠷᠢᠯᠡᠯ᠎ᠠᠴᠠ ᠭᠠᠳᠠᠭᠰᠢᠯᠠᠭᠤᠯᠤᠭᠰᠠᠨ ᠭᠠᠢ᠌ᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ᠎ᠠᠴᠠ ᠲᠦᠷ ᠭᠠᠢ᠌ᠯᠢ ᠲᠠᠲᠠᠪᠤᠷᠢᠯᠠᠬᠤ ᠦᠭᠡᠢ᠃ ᠭᠡᠲᠡᠯ᠎ᠡ ᠬᠡᠪᠴᠢᠶᠡᠵᠢᠭᠦᠯᠦᠭᠰᠡᠨ ᠦᠷᠡᠵᠢᠭᠦᠯᠦᠭᠡ᠎ᠨᠢ ᠬᠥᠳᠡᠭᠡ ᠲᠣᠰᠬᠤᠨ᠎ᠤ ᠣᠷᠴᠢᠨ ᠲᠣᠭᠣᠷᠢᠨ᠎ᠳᠤ ᠨᠡᠯᠢᠶᠡᠳ ᠶᠡᠬᠡ ᠨᠥᠯᠥᠭᠡ ᠦᠵᠡᠭᠦᠯᠵᠦ ᠪᠠᠢ᠌ᠭ᠎ᠠ ᠪᠠᠢ᠌ᠳᠠᠯ᠎ᠢ ᠦᠨᠳᠦᠰᠦᠯᠡᠨ᠂ ᠠᠳᠠᠯᠢ ᠪᠤᠰᠤ ᠪᠠᠢ᠌ᠳᠠᠯ᠎ᠢ ᠢᠯᠭ᠋ᠠᠨ ᠰᠠᠯᠭ᠋ᠠᠵᠤ ᠭᠠᠢ᠌ᠯᠢ ᠲᠠᠲᠠᠪᠤᠷᠢᠯᠠᠬᠤ ᠪᠤᠶᠤ ᠬᠡᠯᠲᠦᠷᠢᠭᠦᠯᠬᠦ ᠴᠢᠬᠤᠯᠠᠲᠠᠢ᠂ ᠡᠢ᠌ᠮᠦ᠎ᠠᠴᠠ ᠲᠡᠭᠦᠨ᠎ᠢ ᠭᠠᠢ᠌ᠯᠢ᠎ᠠᠴᠠ ᠬᠡᠯᠲᠦᠷᠢᠭᠦᠯᠬᠦ ᠬᠦᠷᠢᠶ᠎ᠡ ᠬᠡᠪᠴᠢᠶᠡᠨ᠎ᠳᠤ ᠵᠢᠭᠰᠠᠭ᠋ᠠᠭᠰᠠᠨ ᠦᠭᠡᠢ᠃
ᠬᠣᠶᠠᠷ᠎ᠲᠤ᠂ ᠣᠳᠣ ᠵᠢᠨ ᠬᠡᠷᠡᠭᠵᠢᠭᠦᠯᠵᠦ ᠪᠠᠢ᠌ᠭ᠎ᠠ ᠭᠠᠢ᠌ᠯᠢ ᠵᠢᠨ ᠳᠦᠷᠢᠮ᠎ᠳᠤ ᠨᠢᠭᠡᠨᠲᠡ ᠪᠠᠢ᠌ᠭ᠎ᠠ ᠲᠡᠷᠭᠡ ᠣᠩᠭᠣᠴᠠᠨ᠎ᠤ ᠭᠠᠢ᠌ᠯᠢ᠂ ᠬᠡᠷᠡᠭᠯᠡᠭᠡ ᠵᠢᠨ ᠭᠠᠢ᠌ᠯᠢ᠂ ᠮᠠᠰᠢᠨ ᠲᠡᠷᠭᠡ ᠬᠤᠳᠠᠯᠳᠤᠨ ᠠᠪᠬᠤ ᠭᠠᠢ᠌ᠯᠢ ᠵᠡᠷᠭᠡ ᠭᠠᠢ᠌ᠯᠢ ᠵᠢᠨ ᠲᠥᠷᠥᠯ᠎ᠤᠨ ᠮᠠᠰᠢᠨᠲᠤ ᠲᠡᠷᠭᠡᠨ᠎ᠤ ᠦᠢ᠍ᠯᠡᠳᠪᠦᠷᠢᠯᠡᠯ ᠬᠡᠷᠡᠭᠯᠡᠭᠡ᠎ᠳᠤ ᠲᠣᠬᠢᠷᠠᠭᠤᠯᠤᠯᠲᠠ ᠬᠢᠵᠦ ᠪᠠᠢ᠌ᠬᠤ ᠪᠠ ᠡᠨᠧᠷᠭᠢ ᠵᠢ ᠠᠷᠪᠢᠯᠠᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠵᠦ ᠪᠠᠢ᠌ᠭ᠎ᠠ ᠪᠠᠢ᠌ᠳᠠᠯ᠎ᠢ ᠪᠣᠳᠣᠯᠬᠢᠯᠠᠨ᠂ ᠮᠠᠰᠢᠨᠲᠤ ᠲᠡᠷᠭᠡ᠂ ᠣᠩᠭᠣᠴᠠ ᠪᠠ ᠠᠭ᠋ᠠᠷ᠎ᠤᠨ ᠠᠶᠠᠯᠠᠭᠤᠷ ᠵᠡᠷᠭᠡ ᠬᠥᠳᠡᠯᠦᠩᠭᠦᠢ ᠪᠣᠬᠢᠷᠲᠤᠯ᠎ᠤᠨ ᠰᠤᠷᠪᠤᠯᠵᠢ ᠵᠢᠨ ᠭᠠᠳᠠᠭᠰᠢᠯᠠᠭᠤᠯᠤᠭᠰᠠᠨ ᠭᠠᠢ᠌ᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ᠎ᠠᠴᠠ ᠲᠦᠷ ᠭᠠᠢ᠌ᠯᠢ ᠲᠠᠲᠠᠪᠤᠷᠢᠯᠠᠬᠤ ᠦᠭᠡᠢ᠃
ᠭᠤᠷᠪᠠ᠎ᠳᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠦᠭᠰᠡᠨ ᠬᠣᠲᠠ ᠬᠥᠳᠡᠭᠡ ᠵᠢᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ᠂ ᠠᠮᠢᠳᠤᠷᠠᠯ᠎ᠤᠨ ᠬᠣᠭ ᠨᠣᠪᠰᠢ ᠵᠢ ᠲᠥᠪᠯᠡᠷᠡᠭᠦᠯᠦᠨ ᠰᠢᠢ᠍ᠳᠪᠦᠷᠢᠯᠡᠬᠦ ᠲᠠᠯᠠᠪᠤᠷ᠎ᠠᠴᠠ ᠬᠤᠷᠢᠶᠠᠬᠤ ᠪᠣᠬᠢᠷᠲᠤᠯ ᠭᠠᠳᠠᠭᠰᠢᠯᠠᠭᠤᠯᠬᠤ ᠰᠦᠢ᠍ᠳᠬᠡᠯ᠎ᠢ ᠬᠡᠯᠲᠦᠷᠢᠭᠦᠯᠦᠨ᠎ᠡ᠂ ᠲᠥᠷᠥ ᠵᠢᠨ ᠪᠣᠳᠣᠯᠭ᠎ᠠ ᠵᠢᠨ ᠦᠷᠭᠦᠯᠵᠢᠯᠡᠯᠲᠦ ᠴᠢᠨᠠᠷ᠎ᠢ ᠪᠠᠲᠤᠯᠠᠬᠤ ᠵᠢᠨ ᠲᠥᠯᠥᠭᠡ᠂ ᠬᠠᠤᠯᠢ ᠶᠣᠰᠣᠭ᠋ᠠᠷ ᠲᠣᠬᠢᠷᠠᠭᠤᠯᠤᠭᠰᠠᠨ ᠬᠣᠲᠠ ᠬᠥᠳᠡᠭᠡ ᠵᠢᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ᠂ ᠠᠮᠢᠳᠤᠷᠠᠯ᠎ᠤᠨ ᠬᠣᠭ ᠨᠣᠪᠰᠢ ᠵᠢ ᠲᠥᠪᠯᠡᠷᠡᠭᠦᠯᠦᠨ ᠰᠢᠢ᠍ᠳᠪᠦᠷᠢᠯᠡᠬᠦ ᠲᠠᠯᠠᠪᠤᠷ᠎ᠠᠴᠠ ᠭᠠᠳᠠᠭᠰᠢᠯᠠᠭᠤᠯᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ᠎ᠳᠤ ᠬᠦᠷᠦᠭᠰᠡᠨ ᠭᠠᠢ᠌ᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ᠎ᠠᠴᠠ ᠲᠠᠲᠠᠪᠤᠷᠢᠯᠠᠬᠤ ᠭᠠᠢ᠌ᠯᠢ ᠵᠢ ᠲᠦᠷ ᠬᠡᠯᠲᠦᠷᠢᠭᠦᠯᠦᠨ᠎ᠡ᠃
ᠳᠥᠷᠪᠡ᠎ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢ ᠵᠣᠷᠢᠭᠵᠢᠭᠤᠯᠵᠤ᠂ ᠪᠣᠬᠢᠷ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢᠨ ᠲᠥᠯᠥᠭᠡ᠂ ᠭᠠᠢ᠌ᠯᠢ ᠲᠤᠰᠢᠶᠠᠭᠴᠢ ᠵᠢᠨ ᠶᠡᠷᠦᠩᠬᠡᠢ᠌ᠯᠡᠨ ᠠᠰᠢᠭᠯᠠᠬᠤ ᠪᠠᠷᠢᠮᠵᠢᠶ᠎ᠠ᠎ᠳᠤ ᠬᠦᠷᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠠᠴᠠ ᠲᠠᠲᠠᠪᠤᠷᠢᠯᠠᠬᠤ ᠭᠠᠢ᠌ᠯᠢ ᠵᠢ ᠲᠦᠷ ᠬᠡᠯᠲᠦᠷᠢᠭᠦᠯᠦᠨ᠎ᠡ᠃
ᠲᠠᠪᠤ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠭᠠᠢ᠌ᠯᠢ᠎ᠠᠴᠠ ᠲᠦᠷ ᠬᠡᠯᠲᠦᠷᠢᠭᠦᠯᠬᠦ᠎ᠪᠠᠷ ᠵᠥᠪᠰᠢᠶᠡᠷᠡᠭᠰᠡᠨ ᠪᠤᠰᠤᠳ ᠪᠠᠢ᠌ᠳᠠᠯ᠃
ᠬᠥᠲᠥᠯᠥᠭᠴᠢ᠄
ᠲᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠭᠤᠶᠤᠴᠢᠯᠠᠨ ᠮᠡᠳᠡᠭᠦᠯᠵᠦ ᠲᠤᠰᠢᠶᠠᠬᠤ ᠴᠠᠭ᠎ᠤᠨ ᠬᠢᠵᠠᠭ᠋ᠠᠷᠯᠠᠯ ᠪᠠ ᠪᠣᠳᠠᠲᠠᠢ ᠭᠠᠵᠠᠷ᠎ᠢ ᠶᠠᠷᠢᠭ᠋ᠠᠳ ᠥᠭᠭᠦᠨ᠎ᠡ ᠦᠦ?
ᠯᠢᠦ ᠹᠧᠩ ᠵᠢᠶᠦ᠋ᠨ᠄
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠰᠠᠷ᠎ᠠ᠎ᠪᠠᠷ ᠲᠣᠭ᠋ᠠᠴᠠᠨ ᠪᠣᠳᠣᠵᠤ᠂ ᠤᠯᠠᠷᠢᠯ ᠵᠶ᠋ᠠᠷ ᠭᠤᠶᠤᠴᠢᠯᠠᠨ ᠮᠡᠳᠡᠭᠦᠯᠵᠦ ᠲᠤᠰᠢᠶᠠᠨ᠎ᠠ᠃ ᠲᠣᠭᠲᠠᠭᠰᠠᠨ ᠴᠠᠭ᠎ᠤᠨ ᠳᠣᠲᠣᠷ᠎ᠠ ᠲᠣᠭ᠋ᠠᠴᠠᠨ ᠪᠣᠳᠣᠵᠤ ᠲᠤᠰᠢᠶᠠᠵᠤ ᠳᠡᠢ᠌ᠯᠬᠦ ᠦᠭᠡᠢ ᠪᠣᠯ ᠤᠳᠠᠭ᠎ᠠ᠎ᠪᠠᠷ ᠭᠤᠶᠤᠴᠢᠯᠠᠨ ᠮᠡᠳᠡᠭᠦᠯᠵᠦ ᠲᠤᠰᠢᠶᠠᠵᠤ ᠪᠣᠯᠣᠨ᠎ᠠ᠃ ᠭᠠᠢ᠌ᠯᠢ ᠲᠤᠰᠢᠶᠠᠭᠴᠢ᠎ᠠᠴᠠ ᠤᠯᠠᠷᠢᠯ ᠵᠶ᠋ᠠᠷ ᠭᠤᠶᠤᠴᠢᠯᠠᠨ ᠮᠡᠳᠡᠭᠦᠯᠵᠦ ᠲᠤᠰᠢᠶᠠᠬᠤ ᠭᠡᠪᠡᠯ᠂ ᠨᠢᠭᠡ ᠤᠯᠠᠷᠢᠯ ᠭᠦᠢ᠍ᠴᠡᠭᠰᠡᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠳᠤ ᠬᠦᠷᠴᠦ ᠭᠠᠢ᠌ᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠵᠢᠨ ᠬᠠᠮᠲᠤ ᠭᠠᠢ᠌ᠯᠢ ᠵᠢᠨ ᠮᠥᠩᠭᠥ᠎ᠪᠠᠨ ᠲᠤᠰᠢᠶᠠᠬᠤ ᠬᠡᠷᠡᠭᠲᠡᠢ᠃ ᠭᠠᠢ᠌ᠯᠢ ᠲᠤᠰᠢᠶᠠᠭᠴᠢ᠎ᠠᠴᠠ ᠤᠳᠠᠭ᠎ᠠ᠎ᠪᠠᠷ ᠭᠤᠶᠤᠴᠢᠯᠠᠨ ᠮᠡᠳᠡᠭᠦᠯᠵᠦ ᠲᠤᠰᠢᠶᠠᠬᠤ ᠭᠡᠪᠡᠯ᠂ ᠭᠠᠢ᠌ᠯᠢ ᠲᠤᠰᠢᠶᠠᠬᠤ ᠡᠭᠦᠷᠭᠡ᠎ᠲᠠᠢ ᠪᠣᠯᠣᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠳᠤ ᠬᠦᠷᠴᠦ ᠭᠠᠢ᠌ᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠵᠢᠨ ᠬᠠᠮᠲᠤ᠂ ᠭᠠᠢ᠌ᠯᠢ ᠵᠢᠨ ᠮᠥᠩᠭᠥ᠎ᠪᠠᠨ ᠲᠤᠰᠢᠶᠠᠬᠤ ᠬᠡᠷᠡᠭᠲᠡᠢ᠃
ᠭᠠᠢ᠌ᠯᠢ ᠲᠤᠰᠢᠶᠠᠭᠴᠢ᠎ᠠᠴᠠ ᠭᠠᠢ᠌ᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ ᠭᠠᠳᠠᠭᠰᠢᠯᠠᠭᠤᠯᠤᠭᠰᠠᠨ ᠭᠠᠵᠠᠷ᠎ᠤᠨ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠳᠤ ᠬᠦᠷᠴᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠭᠤᠶᠤᠴᠢᠯᠠᠨ ᠮᠡᠳᠡᠭᠦᠯᠵᠦ ᠲᠤᠰᠢᠶᠠᠬᠤ ᠬᠡᠷᠡᠭᠲᠡᠢ᠃
ᠬᠥᠲᠥᠯᠥᠭᠴᠢ᠄
ᠮᠠᠨ᠎ᠤ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠡᠬᠢᠯᠡᠨ ᠲᠠᠲᠠᠪᠤᠷᠢᠯᠠᠬᠤ ᠲᠤᠬᠠᠢ ᠶᠠᠮᠠᠷ ᠶᠠᠮᠠᠷ ᠪᠡᠯᠡᠳᠬᠡᠯ ᠠᠵᠢᠯ ᠬᠢᠭᠰᠡᠨ ᠪᠣᠢ?
ᠯᠢᠦ ᠹᠧᠩ ᠵᠢᠶᠦ᠋ᠨ᠄
ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠡᠷᠲᠡ ᠪᠡᠯᠡᠳᠬᠡᠬᠦ᠂ ᠡᠷᠲᠡ ᠪᠠᠢ᠌ᠷᠢᠯᠠᠭᠤᠯᠬᠤ ᠪᠠ ᠡᠷᠲᠡ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠨᠠᠷᠢᠨ ᠬᠢᠨᠠᠮᠠᠭ᠋ᠠᠢ ᠡᠮᠬᠢᠯᠡᠨ᠂ ᠠᠵᠢᠯ᠎ᠤᠨ ᠠᠯᠬᠤᠮ ᠳᠠᠷᠠᠭ᠎ᠠ᠎ᠪᠠᠨ ᠲᠣᠩᠭᠣᠷᠠᠭᠤᠯᠤᠨ ᠲᠣᠬᠢᠷᠠᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠭᠰᠠᠨ᠎ᠠᠴᠠ ᠣᠳᠣ ᠡᠯ᠎ᠡ ᠲᠠᠯ᠎ᠠ ᠵᠢᠨ ᠠᠵᠢᠯ ᠯᠠᠪᠳᠠᠭᠤᠨ ᠪᠠᠲᠤᠲᠠᠢ ᠠᠬᠢᠵᠤ ᠪᠠᠢ᠌ᠨ᠎ᠠ᠃
ᠨᠢᠭᠡ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠡᠬᠢᠯᠡᠨ ᠲᠠᠲᠠᠪᠤᠷᠢᠯᠠᠬᠤ ᠵᠢ ᠠᠬᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠨᠢᠭᠡᠳᠦᠭᠡᠷ ᠤᠳᠤᠷᠢᠳᠤᠯᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠬᠠᠷᠢᠭᠤᠴᠠᠭᠤᠯᠤᠨ᠂ ᠲᠣᠪᠴᠢᠶᠠᠨ᠎ᠤ ᠪᠤᠰᠤᠳ ᠤᠳᠤᠷᠢᠳᠤᠯᠭ᠎ᠠ᠎ᠪᠠᠷ ᠳᠡᠳ᠋ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠬᠠᠷᠢᠭᠤᠴᠠᠭᠤᠯᠵᠤ᠂ ᠲᠣᠪᠴᠢᠶᠠᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠪᠠᠷ ᠠᠯᠪᠠᠨ ᠭᠡᠷ᠎ᠤᠨ ᠡᠷᠬᠢᠯᠡᠭᠴᠢ ᠵᠢ ᠬᠠᠪᠰᠤᠷᠭ᠋ᠠᠨ ᠬᠠᠷᠢᠭᠤᠴᠠᠭᠤᠯᠵᠠᠢ᠃ ᠡᠭᠦᠨ᠎ᠤ ᠬᠠᠮᠲᠤ᠂ ᠪᠦᠬᠦ ᠣᠷᠣᠨ᠎ᠤ 14 ᠠᠢ᠌ᠮᠠᠭ ᠬᠣᠲᠠ ᠵᠢᠨ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠲᠣᠭᠣᠷᠢᠭ᠎ᠤᠨ ᠲᠣᠪᠴᠢᠶᠠᠨ᠎ᠤ ᠰᠢᠭᠤᠳ ᠬᠠᠷᠢᠶ᠎ᠠ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠪᠠ 101 ᠬᠣᠰᠢᠭᠤ ᠰᠢᠶᠠᠨ᠎ᠤ ᠲᠣᠪᠴᠢᠶ᠎ᠠ᠎ᠳᠤ ᠪᠦᠷ ᠤᠳᠤᠷᠢᠳᠬᠤ ᠳᠤᠭᠤᠢ᠌ᠯᠠᠩ ᠪᠠᠢ᠌ᠭᠤᠯᠵᠠᠢ᠃ ᠤᠳᠤᠷᠢᠳᠬᠤ ᠳᠤᠭᠤᠢ᠌ᠯᠠᠩ᠎ᠨᠢ ᠪᠦᠬᠦ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠡᠬᠢᠯᠡᠨ ᠲᠠᠲᠠᠪᠤᠷᠢᠯᠠᠬᠤ ᠵᠢ ᠠᠬᠢᠭᠤᠯᠬᠤ ᠠᠵᠢᠯ᠎ᠢ ᠪᠦᠬᠦ ᠲᠠᠯ᠎ᠠ᠎ᠪᠠᠷ ᠬᠠᠷᠢᠭᠤᠴᠠᠵᠤ᠂ ᠡᠳ᠋᠎ᠤᠨ ᠵᠠᠰᠠᠭ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷᠯᠤᠭᠠ ᠵᠣᠬᠢᠴᠠᠭᠤᠯᠤᠨ ᠬᠠᠮᠵᠢᠯᠴᠠᠬᠤ ᠠᠵᠢᠯ᠎ᠢ ᠨᠢᠭᠡᠳᠦᠯᠲᠡᠢ ᠲᠥᠯᠥᠪᠯᠡᠨ ᠵᠢᠯᠣᠭᠣᠳᠤᠨ᠎ᠠ᠃
ᠬᠣᠶᠠᠷ᠎ᠲᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠠᠵᠢᠯ᠎ᠤᠨ ᠲᠥᠰᠥᠯ᠎ᠢ ᠲᠣᠭᠲᠠᠭ᠋ᠠᠵᠤ᠂ ᠡᠭᠦᠷᠭᠡ᠎ᠪᠠᠨ ᠲᠣᠳᠣᠷᠬᠠᠢ᠌ᠯᠠᠪᠠ᠃ ᠡᠳ᠋᠎ᠤᠨ ᠵᠠᠰᠠᠭ᠎ᠤᠨ ᠲᠢᠩᠬᠢᠮ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠲᠠᠢ ᠬᠠᠮᠲᠤ ᠮᠠᠨ᠎ᠤ ᠣᠷᠣᠨ᠎ᠤ 《〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠬᠠᠤᠯᠢ〉 ᠵᠢ ᠲᠤᠭᠤᠰᠢᠯᠠᠭᠤᠯᠬᠤ ᠠᠵᠢᠯ᠎ᠤᠨ ᠲᠥᠰᠥᠯ》᠎ᠢ ᠲᠣᠭᠲᠠᠭ᠋ᠠᠭᠰᠠᠨ᠎ᠤ ᠬᠠᠮᠲᠤ᠂ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠲᠠᠢ ᠤᠶᠠᠯᠳᠤᠭᠤᠯᠤᠨ᠂ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠠᠵᠢᠯ᠎ᠤᠨ ᠲᠥᠰᠥᠯ᠎ᠢ ᠲᠣᠭᠲᠠᠭ᠋ᠠᠭᠰᠠᠨ ᠪᠠᠢ᠌ᠨ᠎ᠠ᠃
ᠭᠤᠷᠪᠠ᠎ᠳᠤ᠂ ᠪᠣᠬᠢᠷᠲᠤᠯ ᠭᠠᠳᠠᠭᠰᠢᠯᠠᠭᠤᠯᠬᠤ ᠠᠵᠤ ᠠᠬᠤᠢ᠌ᠯᠠᠯ᠎ᠳᠤ ᠪᠠᠢ᠌ᠴᠠᠭ᠋ᠠᠨ ᠰᠤᠳᠤᠯᠤᠯᠲᠠ ᠬᠢᠬᠦ ᠠᠵᠢᠯ᠎ᠢ ᠨᠠᠷᠢᠨ ᠬᠢᠨᠠᠮᠠᠭ᠋ᠠᠢ ᠥᠷᠨᠢᠭᠦᠯᠪᠡ᠃ ᠡᠳ᠋᠎ᠤᠨ ᠵᠠᠰᠠᠭ᠎ᠤᠨ ᠲᠢᠩᠬᠢᠮ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠲᠠᠢ ᠬᠠᠮᠲᠤᠷᠠᠵᠤ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠨᠡᠢ᠌ᠲᠡᠯᠢᠭ ᠲᠥᠯᠥᠭᠡᠯᠡᠬᠦ ᠴᠢᠨᠠᠷ ᠪᠦᠬᠦᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠢ᠌ᠯᠠᠯ ᠪᠣᠯᠬᠤ ᠬᠥᠬᠡᠬᠣᠲᠠ ᠵᠢᠨ ᠴᠠᠬᠢᠯᠭ᠋ᠠᠨ᠎ᠤ ᠦᠢ᠍ᠯᠡᠳᠪᠦᠷᠢ (ᠠᠭ᠋ᠠᠷ ᠮᠠᠨᠳᠠᠯ᠎ᠤᠨ ᠪᠣᠬᠢᠷᠲᠤᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ)᠂ ᠢᠯᠢ ᠪᠦᠯᠦᠭᠯᠡᠯ (ᠤᠰᠤᠨ᠎ᠤ ᠪᠣᠬᠢᠷᠲᠤᠯ)᠂ ᠲᠢᠶᠠᠨ ᠶᠧ ᠬᠢᠮᠢ ᠵᠢᠨ ᠠᠵᠤ ᠦᠢ᠍ᠯᠡᠳᠪᠦᠷᠢ (ᠠᠭ᠋ᠠᠷ ᠮᠠᠨᠳᠠᠯ᠎ᠤᠨ ᠪᠣᠬᠢᠷᠲᠤᠯ)᠎ᠳᠤ ᠲᠥᠪᠯᠡᠷᠡᠩᠭᠦᠢ ᠪᠠᠢ᠌ᠴᠠᠭ᠋ᠠᠨ ᠰᠤᠳᠤᠯᠤᠯᠲᠠ ᠬᠢᠵᠦ᠂ ᠪᠣᠬᠢᠷᠲᠤᠯ ᠭᠠᠳᠠᠭᠰᠢᠯᠠᠭᠤᠯᠬᠤ ᠠᠵᠤ ᠠᠬᠤᠢ᠌ᠯᠠᠯ᠎ᠤᠨ ᠭᠠᠳᠠᠭᠰᠢᠯᠠᠭᠤᠯᠤᠭᠰᠠᠨ ᠪᠣᠬᠢᠷ ᠪᠣᠳᠠᠰ᠎ᠤᠨ ᠲᠥᠷᠥᠯ ᠵᠦᠢ᠍ᠯ᠂ ᠭᠠᠳᠠᠭᠰᠢᠯᠠᠭᠤᠯᠬᠤ ᠶᠠᠪᠤᠴᠠ᠂ ᠬᠢᠨᠠᠨ ᠡᠵᠡᠮᠰᠢᠯᠲᠡ᠂ ᠬᠡᠮᠵᠢᠶᠡᠨ᠎ᠤ ᠪᠣᠳᠣᠯᠲᠠ ᠵᠢᠴᠢ ᠪᠣᠬᠢᠷᠲᠤᠯ ᠭᠠᠳᠠᠭᠰᠢᠯᠠᠭᠤᠯᠬᠤ ᠰᠦᠢ᠍ᠳᠬᠡᠯ ᠲᠤᠰᠢᠶᠠᠭᠰᠠᠨ ᠵᠡᠷᠭᠡ ᠬᠠᠮᠢᠶ᠎ᠠ ᠪᠦᠬᠦᠢ ᠪᠠᠢ᠌ᠳᠠᠯ᠎ᠢ ᠠᠩᠬ᠎ᠠ ᠠᠯᠬᠤᠮ ᠣᠢ᠌ᠯᠠᠭ᠋ᠠᠨ ᠡᠵᠡᠮᠰᠢᠵᠦ᠂ ᠳᠠᠷᠠᠭ᠋ᠠᠴᠢ ᠵᠢᠨ ᠠᠯᠬᠤᠮ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠬᠠᠷᠭᠤᠭᠤᠯᠤᠨ ᠲᠣᠭᠲᠠᠭ᠋ᠠᠬᠤ ᠪᠠ ᠲᠠᠲᠠᠪᠤᠷᠢᠯᠠᠬᠤ ᠠᠷᠭ᠎ᠠ ᠵᠢ ᠲᠣᠭᠲᠠᠭ᠋ᠠᠬᠤ᠎ᠳᠤ ᠰᠠᠭᠤᠷᠢ ᠲᠠᠯᠪᠢᠵᠠᠢ᠃
ᠳᠥᠷᠪᠡ᠎ᠳᠤ᠂ ᠡᠳ᠋᠎ᠤᠨ ᠵᠠᠰᠠᠭ᠎ᠤᠨ ᠲᠢᠩᠬᠢᠮ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠲᠠᠢ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠲᠠᠲᠠᠪᠤᠷᠢᠯᠠᠬᠤ ᠶᠣᠰᠣᠲᠠᠢ ᠠᠭ᠋ᠠᠷ ᠮᠠᠨᠳᠠᠯ᠎ᠤᠨ ᠪᠣᠬᠢᠷ ᠪᠣᠳᠠᠰ᠂ ᠤᠰᠤᠨ᠎ᠤ ᠪᠣᠬᠢᠷ ᠪᠣᠳᠠᠰ᠎ᠠᠴᠠ ᠲᠠᠲᠠᠪᠤᠷᠢᠯᠠᠬᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ᠎ᠳᠤ ᠪᠣᠳᠠᠲᠠᠢ ᠬᠡᠷᠡᠭᠯᠡᠭᠳᠡᠬᠦ ᠭᠠᠢ᠌ᠯᠢ ᠵᠢᠨ ᠲᠣᠭ᠎ᠠ ᠪᠠ ᠠᠳᠠᠯᠢ ᠨᠢᠭᠡ ᠪᠣᠬᠢᠷᠲᠤᠯ ᠭᠠᠳᠠᠭᠰᠢᠯᠠᠭᠤᠯᠬᠤ ᠠᠮᠠᠰᠠᠷ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠠᠲᠠᠪᠤᠷᠢᠯᠠᠵᠤ ᠪᠠᠢ᠌ᠭ᠎ᠠ ᠭᠠᠢ᠌ᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ᠎ᠤᠨ ᠲᠥᠷᠥᠯ ᠵᠦᠢ᠍ᠯ᠎ᠤᠨ ᠲᠣᠭ᠎ᠠ ᠵᠢ ᠲᠦᠷ ᠥᠯᠥ ᠨᠡᠮᠡᠭᠳᠡᠭᠦᠯᠬᠦ ᠲᠤᠬᠠᠢ ᠰᠠᠨᠠᠭᠤᠯᠭ᠎ᠠ》 ᠵᠢᠨ ᠮᠡᠳᠡᠭᠦᠯᠦᠯᠲᠡ ᠵᠢ ᠲᠤᠭᠤᠷᠪᠢᠵᠤ᠂ ᠣᠳᠣ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠪᠠᠷ ᠪᠠᠲᠤᠯᠠᠭᠤᠯᠤᠭᠰᠠᠨ ᠪᠠᠢ᠌ᠨ᠎ᠠ᠃
ᠲᠠᠪᠤ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠲᠠᠢ ᠬᠠᠮᠲᠤ ᠬᠠᠷᠢᠶ᠎ᠠ ᠭᠠᠢ᠌ᠯᠢ ᠲᠤᠰᠢᠶᠠᠭᠴᠢ ᠵᠢᠨ ᠲᠣᠭ᠎ᠠ ᠪᠠᠷᠢᠮᠲᠠ ᠵᠢ ᠰᠢᠯᠵᠢᠭᠦᠯᠦᠨ ᠲᠤᠰᠢᠶᠠᠬᠤ ᠠᠵᠢᠯ᠎ᠢ ᠪᠡᠶᠡᠯᠡᠭᠦᠯᠪᠡ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠲᠠᠢ ᠬᠠᠮᠲᠤᠷᠠᠵᠤ ᠳᠠᠷᠤᠮᠠᠯᠯᠠᠨ ᠲᠠᠷᠬᠠᠭ᠋ᠠᠭᠰᠠᠨ ᠬᠠᠷᠢᠶ᠎ᠠ ᠭᠠᠢ᠌ᠯᠢ ᠲᠤᠰᠢᠶᠠᠭᠴᠢ ᠵᠢᠨ ᠲᠣᠭ᠎ᠠ ᠪᠠᠷᠢᠮᠲᠠ ᠵᠢ ᠰᠢᠯᠵᠢᠭᠦᠯᠦᠨ ᠲᠤᠰᠢᠶᠠᠬᠤ ᠲᠥᠰᠥᠯ᠎ᠤᠨ ᠶᠣᠰᠣᠭ᠋ᠠᠷ᠂ ᠨᠢᠭᠡᠨᠲᠡ ᠪᠦᠬᠦ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠰᠦᠢ᠍ᠳᠬᠡᠯ ᠲᠠᠲᠠᠪᠤᠷᠢᠯᠠᠭᠰᠠᠨ 3638 ᠠᠵᠤ ᠠᠬᠤᠢ᠌ᠯᠠᠯ᠎ᠤᠨ ᠬᠠᠮᠢᠶ᠎ᠡ ᠪᠦᠬᠦᠢ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠰᠢᠯᠵᠢᠭᠦᠯᠦᠨ ᠲᠤᠰᠢᠶᠠᠬᠤ ᠠᠵᠢᠯ᠎ᠢ ᠪᠡᠶᠡᠯᠡᠭᠦᠯᠵᠡᠢ᠃ ᠣᠳᠣᠬᠠᠨ᠎ᠳᠤ ᠪᠦᠬᠦ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ ᠭᠠᠢ᠌ᠯᠢ ᠲᠤᠰᠢᠶᠠᠭᠴᠢ ᠵᠢ ᠢᠯᠭ᠋ᠠᠨ ᠲᠠᠨᠢᠵᠤ ᠳᠠᠩᠰᠠᠯᠠᠬᠤ ᠠᠵᠢᠯ᠎ᠢ ᠶᠠᠭ ᠰᠠᠢ᠌ᠬᠠᠨ ᠪᠠᠴᠢᠮ ᠮᠥᠷᠲᠡᠭᠡᠨ ᠡᠮᠬᠢ ᠵᠢᠷᠤᠮ᠎ᠲᠠᠢ ᠥᠷᠨᠢᠭᠦᠯᠵᠦ ᠪᠠᠢ᠌ᠨ᠎ᠠ᠃
ᠵᠢᠷᠭᠤᠭ᠎ᠠ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠡᠯ᠎ᠡ ᠵᠦᠢ᠍ᠯ᠎ᠤᠨ ᠠᠵᠢᠯ᠎ᠤᠨ ᠬᠤᠭᠤᠴᠠᠭ᠎ᠠ ᠵᠢ ᠲᠣᠩᠭᠣᠷᠤᠭᠤᠯᠤᠨ ᠲᠣᠬᠢᠷᠠᠭᠤᠯᠵᠤ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠤᠯᠠᠮ ᠨᠢᠭᠡ ᠠᠯᠬᠤᠮ ᠲᠣᠳᠣᠷᠬᠠᠢ᠌ᠯᠠᠪᠠ᠃ 10 ᠳ᠋ᠤᠭ᠋ᠠᠷ ᠰᠠᠷ᠎ᠠ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠨᠠᠷᠢᠨ ᠬᠢᠨᠠᠮᠠᠭ᠋ᠠᠢ ᠡᠮᠬᠢᠯᠡᠵᠦ᠂ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠠᠲᠠᠪᠤᠷᠢᠯᠠᠨ ᠬᠠᠮᠢᠶᠠᠷᠬᠤ ᠪᠡᠯᠡᠳᠬᠡᠯ ᠠᠵᠢᠯ᠎ᠤᠨ ᠡᠭᠦᠷᠭᠡ ᠵᠢᠨ ᠬᠤᠪᠢᠶᠠᠷᠢᠯᠠᠯ ᠲᠣᠬᠢᠷᠠᠭᠤᠯᠤᠯᠲᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 18 ᠵᠦᠢ᠍ᠯ᠎ᠤᠨ ᠠᠵᠢᠯ᠎ᠤᠨ ᠡᠭᠦᠷᠭᠡ᠂ ᠠᠵᠢᠯ᠎ᠤᠨ ᠠᠭᠤᠯᠭ᠎ᠠ᠂ ᠲᠣᠯᠣᠭ᠋ᠠᠢ᠌ᠯᠠᠬᠤ ᠪᠠᠢ᠌ᠭᠤᠯᠭ᠎ᠠ᠂ ᠬᠠᠮᠵᠢᠯᠴᠠᠬᠤ ᠪᠠᠢ᠌ᠭᠤᠯᠭ᠎ᠠ᠂ ᠪᠡᠶᠡᠯᠡᠭᠦᠯᠬᠦ ᠴᠠᠭ᠎ᠤᠨ ᠬᠢᠵᠠᠭ᠋ᠠᠷ ᠵᠡᠷᠭᠡ᠎ᠳᠤ ᠴᠥᠮ ᠲᠣᠳᠣᠷᠬᠠᠢ᠌ᠯᠠᠯᠲᠠ ᠬᠢᠭᠰᠡᠨ ᠪᠠᠢ᠌ᠨ᠎ᠠ᠃
ᠳᠣᠯᠣᠭ᠎ᠠ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠲᠠᠲᠠᠪᠤᠷᠢᠯᠠᠨ ᠬᠠᠮᠢᠶᠠᠷᠬᠤ ᠰᠢᠰᠲ᠋ᠧᠮ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠲᠤᠰᠬᠠᠢ ᠬᠥᠮᠥᠰ ᠰᠢᠯᠢᠨ ᠲᠣᠬᠢᠷᠠᠭᠤᠯᠵᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠰᠦᠯᠵᠢᠶ᠎ᠡ᠎ᠪᠠᠷ ᠮᠡᠳᠡᠭᠦᠯᠬᠦ ᠰᠢᠰᠲ᠋ᠧᠮ᠎ᠢ ᠰᠤᠳᠤᠯᠤᠨ ᠨᠡᠭᠡᠭᠡᠭᠰᠡᠨ᠎ᠤ ᠬᠠᠮᠲᠤ᠂ ᠭᠠᠢ᠌ᠯᠢ ᠲᠠᠲᠠᠪᠤᠷᠢ ᠵᠢ ᠮᠡᠳᠡᠭᠡ ᠵᠠᠩᠭᠢᠵᠢᠭᠤᠯᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠳᠠᠬᠢ ᠭᠣᠣᠯ ᠲᠠᠲᠠᠪᠤᠷᠢᠯᠠᠨ ᠬᠠᠮᠢᠶᠠᠷᠬᠤ ᠰᠢᠰᠲ᠋ᠧᠮ᠎ᠳᠤ ᠣᠯᠠᠨ ᠤᠳᠠᠭ᠎ᠠ ᠬᠡᠮᠵᠢᠨ ᠲᠤᠷᠰᠢᠯᠲᠠ ᠬᠢᠵᠦ᠂ ᠬᠡᠮᠵᠢᠯᠲᠡ ᠲᠤᠷᠰᠢᠯᠲᠠ ᠵᠢᠨ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ᠂ 2018 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠤᠷᠤᠭᠰᠢᠲᠠᠢ ᠬᠤᠷᠢᠶᠠᠨ ᠲᠠᠲᠠᠪᠤᠷᠢᠯᠠᠵᠤ ᠴᠢᠳᠠᠬᠤ ᠵᠢ ᠪᠠᠲᠤᠯᠠᠭᠰᠠᠨ ᠪᠠᠢ᠌ᠨ᠎ᠠ᠃
ᠬᠥᠲᠥᠯᠥᠭᠴᠢ᠄
ᠵᠠ ᠰᠠᠢ᠌ᠨ ᠪᠣᠯᠣᠯ᠎ᠠ᠂ ᠯᠢᠦ ᠲᠣᠪᠴᠢᠶᠠᠨ ᠳᠠᠷᠤᠭ᠎ᠠ ᠵᠢᠨ ᠬᠦᠯᠢᠴᠡᠩᠭᠦᠢ᠎ᠪᠠᠷ ᠲᠠᠢ᠌ᠯᠤᠮᠵᠢ ᠬᠢᠭᠰᠡᠨ᠎ᠳᠤ ᠮᠠᠰᠢ ᠪᠠᠶᠠᠷᠯᠠᠵᠤ ᠪᠠᠢ᠌ᠨ᠎ᠠ᠂ ᠮᠥᠨ ᠰᠦᠯᠵᠢᠶᠡᠨ᠎ᠤ ᠠᠨᠳᠠ ᠨᠠᠷ᠎ᠤᠨ ᠣᠷᠣᠯᠴᠠᠭ᠎ᠠ᠎ᠳᠤ ᠪᠠᠶᠠᠷᠯᠠᠵᠤ ᠪᠠᠢ᠌ᠨ᠎ᠠ᠂ ᠴᠠᠭ᠎ᠤᠨ ᠬᠠᠷᠠᠭ᠎ᠠ᠎ᠠᠴᠠ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠨ ᠵᠣᠯᠭ᠋ᠠᠶ᠎ᠠ᠂ ᠪᠠᠶᠠᠷᠲᠠᠢ!