
ᠰᠤᠷᠪᠤᠯᠵᠢᠯᠠᠭᠰᠠᠨ ᠴᠠᠭ᠄
2018 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ ᠦᠳᠡ ᠵᠢᠨ ᠬᠣᠢ᠌ᠨᠠᠬᠢ 3 ᠴᠠᠭ
ᠰᠤᠷᠪᠤᠯᠵᠢᠯᠠᠭᠰᠠᠨ ᠵᠣᠴᠢᠨ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠠᠨ ᠾᠧᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
2017 ᠣᠨ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠪᠠᠷ ᠭᠠᠷᠳᠠᠴᠠ ᠪᠣᠯᠭ᠋ᠠᠵᠤ᠂ ᠣᠷᠣᠯᠭ᠎ᠠ ᠵᠢᠨ ᠬᠠᠷᠠᠯᠲᠠ᠎ᠪᠠᠨ ᠪᠡᠶᠡᠯᠡᠭᠦᠯᠬᠦ᠎ᠪᠠᠷ ᠦᠨᠳᠦᠰᠦᠨ ᠡᠭᠦᠷᠭᠡ ᠪᠣᠯᠭ᠋ᠠᠨ᠂ ᠭᠠᠢ᠌ᠯᠢ ᠲᠠᠲᠠᠪᠤᠷᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠭᠣᠣᠯ ᠱᠤᠭᠤᠮ ᠪᠣᠯᠭ᠋ᠠᠵᠤ᠂ ᠭᠠᠢ᠌ᠯᠢ ᠲᠠᠲᠠᠪᠤᠷᠢ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠦᠨᠳᠦᠰᠦᠨ ᠱᠠᠲᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠪᠠᠲᠤᠯᠠᠭ᠎ᠠ ᠪᠣᠯᠭ᠋ᠠᠵᠤ᠂ ᠶᠡᠬᠡ ᠲᠠᠯ᠎ᠠ᠎ᠠᠴᠠ ᠡᠭᠦᠰᠦᠨ᠂ ᠶᠡᠬᠡ ᠬᠠᠨᠳᠤᠰᠢ ᠵᠢ ᠡᠵᠡᠮᠳᠡᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠭᠠᠢ᠌ᠯᠢ ᠲᠠᠲᠠᠪᠤᠷᠢ ᠵᠢᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠵᠢᠨ ᠲᠥᠯᠥᠭᠡ ᠰᠢᠨ᠎ᠡ ᠬᠤᠪᠢ ᠨᠡᠮᠡᠷᠢ᠎ᠪᠠᠨ ᠬᠠᠨᠳᠢᠪᠯᠠᠭᠰᠠᠨ ᠪᠠᠢ᠌ᠨ᠎ᠠ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠭᠰᠡᠨ᠎ᠳᠤ ᠴᠢᠨᠢ ᠪᠠᠶᠠᠷᠯᠠᠯ᠎ᠠ᠃ ᠥᠩᠭᠡᠷᠡᠭᠰᠡᠨ ᠨᠢᠭᠡ ᠵᠢᠯ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠨ ᠥᠭᠡᠷᠡᠴᠢᠯᠡᠬᠦ᠂ ᠤᠯᠤᠰ᠎ᠤᠨ ᠭᠠᠢ᠌ᠯᠢ᠂ ᠣᠷᠣᠨ ᠨᠤᠲᠤᠭ᠎ᠤᠨ ᠭᠠᠢ᠌ᠯᠢ ᠵᠢ ᠲᠠᠲᠠᠪᠤᠷᠢᠯᠠᠨ ᠬᠠᠮᠢᠶᠠᠷᠬᠤ ᠳᠦᠷᠢᠮ ᠪᠠ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠨᠡᠯᠢᠶᠡᠳ ᠣᠯᠠᠨ ᠯᠠᠪᠳᠠᠭᠤᠨ ᠪᠠᠲᠤᠲᠠᠢ ᠠᠵᠢᠯ᠎ᠢ ᠥᠷᠨᠢᠭᠦᠯᠦᠭᠰᠡᠨ᠎ᠠᠴᠠ᠂ ᠥᠷᠭᠡᠨ ᠣᠯᠠᠨ ᠭᠠᠢ᠌ᠯᠢ ᠲᠤᠰᠢᠶᠠᠭᠴᠢ ᠵᠢᠨ ᠬᠦᠷᠲᠡᠭᠡᠮᠵᠢᠲᠦ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠤᠯᠠᠮ ᠨᠢᠭᠡ ᠠᠯᠬᠤᠮ ᠨᠡᠮᠡᠭᠳᠡᠭᠰᠡᠨ ᠪᠠᠢ᠌ᠨ᠎ᠠ᠃ ᠥᠨᠥᠳᠥᠷ ᠪᠢᠳᠡ ᠵᠣᠯ ᠵᠶ᠋ᠠᠷ ᠥᠪᠥᠷ ᠮᠣᠩᠭᠣᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠠᠨ ᠾᠧᠩᠢ ᠤᠷᠢᠵᠤ᠂ 《ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠤᠬᠠᠢ ᠲᠡᠳᠡᠭᠡᠷ ᠶᠠᠪᠤᠳᠠᠯ᠎ᠤᠳ》 ᠭᠡᠳᠡᠭ ᠰᠡᠳᠦᠪ ᠵᠶ᠋ᠠᠷ ᠣᠯᠠᠨ᠎ᠲᠠᠢ ᠰᠠᠨᠠᠯ ᠰᠣᠯᠢᠯᠴᠠᠬᠤ ᠵᠢᠨ ᠬᠠᠮᠲᠤ᠂ ᠰᠦᠯᠵᠢᠶᠡᠨ᠎ᠤ ᠠᠨᠳᠠ ᠨᠠᠷ᠎ᠤᠨ ᠠᠰᠠᠭᠤᠯᠲᠠ ᠵᠢ ᠬᠠᠷᠢᠭᠤᠯᠬᠤ᠎ᠪᠠᠷ ᠪᠣᠯᠣᠯ᠎ᠠ᠃ ᠲᠠᠨ ᠲᠣᠪᠴᠢᠶᠠᠨ ᠳᠠᠷᠤᠭ᠎ᠠ ᠵᠢ ᠪᠠᠶᠠᠷᠯᠠᠨ ᠤᠭᠲᠤᠵᠤ ᠪᠠᠢ᠌ᠨ᠎ᠠ᠃
ᠲᠠᠨ ᠾᠧᠩ᠄
ᠬᠥᠲᠥᠯᠥᠭᠴᠢ ᠪᠠ ᠰᠦᠯᠵᠢᠶᠡᠨ᠎ᠤ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷ᠎ᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠶ᠋ᠢᠨ᠎ᠠ᠃ ᠡᠨᠡ ᠬᠦ᠌ ᠠᠵᠠ ᠵᠠᠪᠰᠢᠶᠠᠨ᠎ᠢ ᠲᠣᠬᠢᠶᠠᠯᠳᠤᠭᠤᠯᠤᠨ᠂ ᠪᠢ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠡᠮᠦᠨ᠎ᠡ᠎ᠠᠴᠠ᠂ ᠶᠡᠷᠦ᠎ᠠᠴᠠ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠠᠵᠢᠯ᠎ᠢ ᠣᠢ᠌ᠯᠠᠭ᠋ᠠᠵᠤ᠂ ᠳᠡᠮᠵᠢᠵᠦ᠂ ᠬᠠᠪᠰᠤᠷᠤᠭᠰᠠᠨ ᠪᠠ ᠬᠠᠯᠠᠮᠵᠢᠯᠠᠭᠰᠠᠭ᠋ᠠᠷ ᠢᠷᠡᠭᠰᠡᠨ ᠰᠦᠯᠵᠢᠶᠡᠨ᠎ᠤ ᠠᠨᠳᠠ ᠨᠠᠷ᠎ᠲᠤ᠎ᠪᠠᠨ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠃ ᠮᠥᠨ ᠰᠦᠯᠵᠢᠶᠡᠨ᠎ᠤ ᠠᠨᠳᠠ ᠨᠠᠷ᠎ᠤᠨ ᠵᠶ᠋ᠡᠨ ᠰᠢᠨ᠎ᠡ ᠨᠢᠭᠡ ᠵᠢᠯ᠎ᠳᠤ᠎ᠪᠠᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢ᠍ᠯᠡᠰ ᠠᠮᠵᠢᠯᠲᠠ ᠪᠦᠲᠦᠮᠵᠢᠲᠡᠢ᠂ ᠭᠡᠷ ᠬᠣᠲᠠᠯᠠᠭ᠋ᠠᠷ ᠵᠶ᠋ᠠᠨ ᠪᠠᠶᠠᠷ ᠵᠢᠷᠭ᠋ᠠᠯ᠎ᠲᠠᠢ᠂ ᠰᠠᠨᠠᠭᠰᠠᠨ ᠪᠦᠬᠦᠨ᠎ᠨᠢ ᠰᠡᠳᠬᠢᠯᠴᠢᠯᠡᠨ ᠪᠦᠲᠦᠵᠦ᠂ ᠰᠢᠨ᠎ᠡ ᠵᠢᠯ᠎ᠳᠤ᠎ᠪᠠᠨ ᠨᠡᠩ ᠰᠢᠨ᠎ᠡ ᠳᠦᠷᠰᠦ ᠪᠠᠢ᠌ᠳᠠᠯ᠎ᠢ ᠪᠣᠢ ᠪᠣᠯᠭ᠋ᠠᠬᠤ ᠵᠢ ᠬᠦᠰᠡᠨ ᠵᠥᠩᠨᠡᠵᠦ ᠪᠠᠢ᠌ᠨ᠎ᠠ᠃
ᠬᠥᠲᠥᠯᠥᠭᠴᠢ᠄
ᠲᠠᠨ ᠲᠣᠪᠴᠢᠶᠠᠨ ᠳᠠᠷᠤᠭ᠎ᠠ ᠵᠢᠨ ᠬᠦᠰᠡᠯ ᠵᠥᠩᠨᠡᠯ᠎ᠳᠤ ᠪᠠᠶᠠᠷᠯᠠᠯ᠎ᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ 《ᠭᠠᠢ᠌ᠯᠢ ᠲᠠᠲᠠᠪᠤᠷᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠡᠷᠡᠭᠲᠡᠢ》 ᠭᠡᠵᠦ ᠱᠠᠭ᠋ᠠᠷᠳᠠᠭᠰᠠᠨ ᠶᠤᠮ᠃ 2017 ᠣᠨ᠎ᠳᠤ᠂ ᠮᠠᠨ᠎ᠤ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠴᠤ᠌ ᠣᠯᠠᠨ ᠲᠠᠯ᠎ᠠ᠎ᠪᠠᠷ ᠥᠭᠡᠷᠡᠴᠢᠯᠡᠯᠲᠡ ᠬᠢᠵᠡᠢ᠃ ᠲᠡᠭᠡᠪᠡᠯ᠂ ᠲᠠᠨ ᠲᠣᠪᠴᠢᠶᠠᠨ ᠳᠠᠷᠤᠭ᠎ᠠ ᠶᠠᠭᠤᠨ᠎ᠤ ᠡᠮᠦᠨ᠎ᠡ ᠶᠠᠮᠠᠷ ᠶᠠᠮᠠᠷ ᠲᠠᠯ᠎ᠠ᠎ᠪᠠᠷ ᠥᠭᠡᠷᠡᠴᠢᠯᠡᠯᠲᠡ ᠬᠢᠭᠰᠡᠨ ᠲᠤᠬᠠᠢ ᠲᠠᠨᠢᠯᠴᠠᠭᠤᠯᠤᠭ᠋ᠠᠳ ᠥᠭᠭᠦᠨ᠎ᠡ ᠦᠦ?
ᠲᠠᠨ ᠾᠧᠩ᠄
ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠭᠠᠢ᠌ᠯᠢ ᠲᠤᠰᠢᠶᠠᠭᠴᠢ ᠵᠢᠨ ᠬᠦᠴᠦᠲᠡᠢ ᠳᠡᠮᠵᠢᠯᠭᠡ ᠳᠣᠣᠷ᠎ᠠ᠂ 2017 ᠣᠨ᠎ᠳᠤ ᠭᠠᠢ᠌ᠯᠢ ᠲᠠᠲᠠᠪᠤᠷᠢ ᠵᠢᠨ ᠣᠯᠠᠨ ᠲᠠᠯ᠎ᠠ ᠵᠢᠨ ᠥᠭᠡᠷᠡᠴᠢᠯᠡᠯᠲᠡ ᠵᠢ ᠠᠬᠢᠭᠤᠯᠤᠨ ᠭᠦᠨᠵᠡᠭᠡᠢ᠌ᠷᠡᠭᠦᠯᠦᠭᠰᠡᠨ ᠶᠤᠮ᠃ ᠵᠢᠱ᠌ᠢᠶᠡᠯᠡᠪᠡᠯ᠂ ᠣᠯᠠᠨ᠎ᠤ ᠲᠣᠳᠣᠷᠬᠠᠢ ᠮᠡᠳᠡᠳᠡᠭ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠥᠷᠨᠢᠭᠦᠯᠦᠭᠰᠡᠨ᠂ ᠤᠯᠤᠰ᠎ᠤᠨ ᠭᠠᠢ᠌ᠯᠢ᠂ ᠣᠷᠣᠨ ᠨᠤᠲᠤᠭ᠎ᠤᠨ ᠭᠠᠢ᠌ᠯᠢ ᠵᠢ ᠲᠠᠲᠠᠪᠤᠷᠢᠯᠠᠨ ᠬᠠᠮᠢᠶᠠᠷᠬᠤ ᠪᠠᠢ᠌ᠭᠤᠯᠤᠯ᠎ᠤᠨ ᠥᠭᠡᠷᠡᠴᠢᠯᠡᠯᠲᠡ ᠪᠠ ᠭᠠᠢ᠌ᠯᠢ ᠲᠠᠲᠠᠪᠤᠷᠢ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠭᠰᠡᠨ ᠭᠡᠬᠦ ᠮᠡᠲᠦ᠃
ᠬᠥᠲᠥᠯᠥᠭᠴᠢ᠄
ᠮᠢᠨᠤ ᠪᠣᠳᠣᠬᠤ᠎ᠪᠠᠷ ᠥᠷᠭᠡᠨ ᠣᠯᠠᠨ ᠰᠦᠯᠵᠢᠶᠡᠨ᠎ᠤ ᠠᠨᠳᠠ ᠵᠢᠨ ᠬᠠᠮᠤᠭ᠎ᠠᠴᠠ ᠠᠩᠬᠠᠷᠤᠯ ᠲᠠᠯᠪᠢᠵᠤ ᠪᠠᠢ᠌ᠭ᠎ᠠ᠎ᠨᠢ ᠡᠳᠡᠭᠡᠷ ᠥᠭᠡᠷᠡᠴᠢᠯᠡᠯᠲᠡ᠎ᠨᠢ ᠭᠠᠢ᠌ᠯᠢ ᠲᠤᠰᠢᠶᠠᠭᠴᠢᠳ᠎ᠲᠤ ᠴᠣᠬᠣᠮ ᠶᠠᠮᠠᠷ ᠶᠠᠮᠠᠷ ᠠᠴᠢ ᠲᠤᠰᠠ ᠠᠪᠴᠢᠷᠠᠬᠤ ᠲᠤᠬᠠᠢ ᠠᠰᠠᠭᠤᠳᠠᠯ ᠪᠣᠯᠣᠨ᠎ᠠ᠃ ᠲᠡᠭᠡᠪᠡᠯ᠂ ᠲᠠᠨ ᠲᠣᠪᠴᠢᠶᠠᠨ ᠳᠠᠷᠤᠭ᠎ᠠ ᠡᠳᠡᠭᠡᠷ ᠥᠭᠡᠷᠡᠴᠢᠯᠡᠯᠲᠡ ᠵᠢᠨ ᠥᠷᠭᠡᠨ ᠣᠯᠠᠨ ᠰᠦᠯᠵᠢᠶᠡᠨ᠎ᠤ ᠠᠨᠳᠠ᠎ᠳᠤ ᠠᠪᠴᠢᠷᠠᠵᠤ ᠥᠭᠭᠦᠭᠰᠡᠨ 《ᠠᠰᠢᠭ ᠣᠯᠵᠠᠪᠤᠷᠢ》 ᠵᠢᠨ ᠲᠤᠬᠠᠢ ᠲᠠᠨᠢᠯᠴᠠᠭᠤᠯᠵᠤ ᠥᠭᠭᠦᠨ᠎ᠡ ᠦᠦ?
ᠲᠠᠨ ᠾᠧᠩ᠄
ᠦᠨᠡᠨ᠎ᠢ ᠬᠡᠯᠡᠬᠦ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠡᠰᠡᠨ ᠦᠭᠡᠢ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠴᠤ᠌ ᠭᠡᠰᠡᠨ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠲᠣᠭᠲᠠᠭ᠋ᠠᠨ ᠨᠡᠢ᠌ᠲᠡᠯᠡᠬᠦ ᠦᠶ᠎ᠡ᠎ᠳᠤ ᠬᠠᠮᠤᠭ᠎ᠠᠴᠠ ᠠᠩᠬᠠᠷᠤᠨ ᠬᠠᠯᠠᠮᠵᠢᠯᠠᠵᠤ ᠪᠠᠢ᠌ᠭ᠎ᠠ᠎ᠨᠢ ᠮᠥᠨ ᠴᠤ᠌ ᠭᠠᠢ᠌ᠯᠢ ᠲᠤᠰᠢᠶᠠᠭᠴᠢᠳ᠎ᠲᠤ ᠦᠨᠡᠨ ᠪᠣᠳᠠᠲᠠᠢ ᠠᠰᠢᠭ ᠲᠤᠰᠠ ᠠᠪᠴᠢᠷᠠᠵᠦ ᠴᠢᠳᠠᠬᠤ ᠡᠰᠡᠬᠦ ᠠᠰᠠᠭᠤᠳᠠᠯ ᠪᠣᠯᠣᠨ᠎ᠠ᠃ ᠳᠣᠣᠷ᠎ᠠ ᠪᠢ ᠣᠯᠠᠨ᠎ᠳᠤ ᠡᠳᠡᠭᠡᠷ ᠥᠭᠡᠷᠡᠴᠢᠯᠡᠯᠲᠡ ᠵᠢᠨ ᠲᠤᠬᠠᠢ ᠲᠠᠨᠢᠯᠴᠠᠭᠤᠯᠤᠭ᠋ᠠᠳ ᠥᠭᠭᠦᠶ᠎ᠡ᠃ ᠨᠢᠭᠡ᠎ᠳᠤ᠂ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠶᠠᠪᠤᠭᠤᠯᠤᠭᠰᠠᠨ᠎ᠳᠤ ᠭᠠᠢ᠌ᠯᠢ ᠬᠥᠩᠭᠡᠯᠡᠬᠦ ᠦᠷ᠎ᠡ ᠨᠥᠯᠥᠭᠡ ᠪᠠ ᠭᠠᠳᠠᠭᠰᠢ ᠨᠥᠯᠥᠭᠡᠯᠡᠬᠦ ᠦᠢ᠍ᠯᠡᠳᠦᠯ ᠲᠦᠷᠭᠡᠨ ᠢᠯᠡᠷᠡᠪᠡ᠃ 2017 ᠣᠨ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠨ ᠥᠭᠡᠷᠡᠴᠢᠯᠡᠬᠦ ᠲᠥᠷᠥ ᠵᠢᠨ ᠪᠣᠳᠣᠯᠭ᠎ᠠ ᠵᠢᠨ 《ᠶᠡᠬᠡ ᠬᠠᠪᠰᠤᠷᠤᠨ ᠵᠢᠯᠣᠭᠣᠳᠤᠯᠭ᠎ᠠ》 ᠵᠢ ᠥᠷᠨᠢᠭᠦᠯᠬᠦ᠎ᠪᠠᠷ ᠳᠠᠮᠵᠢᠭᠤᠯᠵᠤ᠂ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠶᠠᠪᠤᠭᠤᠯᠵᠤ᠂ ᠲᠣᠭᠲᠠᠭᠤᠨ ᠮᠥᠷᠲᠡᠭᠡᠨ ᠬᠡᠪ᠎ᠤᠨ ᠪᠠᠢ᠌ᠳᠠᠯ ᠵᠶ᠋ᠠᠷ ᠠᠵᠢᠯᠯᠠᠭᠤᠯᠬᠤ ᠵᠢ ᠪᠡᠶᠡᠯᠡᠭᠦᠯᠦᠭᠰᠡᠨ᠎ᠠᠴᠠ᠂ ᠪᠦᠬᠦ ᠵᠢᠯ᠎ᠳᠤ 148.25 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠬᠥᠩᠭᠡᠯᠡᠵᠦ᠂ 《ᠬᠣᠶᠠᠷ᠎ᠢ ᠥᠷᠭᠡᠳᠬᠡᠨ ᠨᠢᠭᠡ ᠵᠢ ᠪᠠᠭᠤᠷᠠᠭᠤᠯᠬᠤ》 ᠥᠭᠡᠷᠡᠴᠢᠯᠡᠯᠲᠡ ᠵᠢᠨ ᠬᠠᠷᠠᠯᠲᠠ ᠵᠢ ᠪᠡᠶᠡᠯᠡᠭᠦᠯᠦᠭᠰᠡᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠬᠦᠴᠦᠲᠡᠢ ᠠᠬᠢᠭᠤᠯᠪᠠ᠃ ᠬᠣᠶᠠᠷ᠎ᠲᠤ᠂ ᠭᠠᠢ᠌ᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠦᠷ᠎ᠡ ᠪᠦᠲᠦᠮᠵᠢ ᠢᠯᠡᠷᠬᠡᠢ ᠪᠣᠯᠪᠠ᠃ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠰᠢᠰᠲ᠋ᠧᠮ᠎ᠤᠨ᠎ᠬᠢᠨ ᠤᠯᠤᠰ᠎ᠤᠨ ᠭᠠᠢ᠌ᠯᠢ᠂ ᠣᠷᠣᠨ ᠨᠤᠲᠤᠭ᠎ᠤᠨ ᠭᠠᠢ᠌ᠯᠢ ᠲᠠᠲᠠᠪᠤᠷᠢᠯᠠᠨ ᠬᠠᠮᠢᠶᠠᠷᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠭᠠᠢ᠌ᠯᠢ ᠲᠠᠲᠠᠪᠤᠷᠢ ᠵᠢᠨ ᠬᠥᠭᠵᠢᠯᠲᠡ᠎ᠳᠠᠬᠢ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠠᠷᠭ᠎ᠠ ᠪᠠ ᠴᠢᠬᠤᠯᠠ ᠠᠷᠭ᠎ᠠ ᠪᠠᠷᠢᠯ ᠪᠣᠯᠭ᠋ᠠᠵᠤ᠂ 77 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠨᠢᠭᠡᠳᠬᠡᠨ ᠠᠬᠢᠭᠤᠯᠵᠤ᠂ ᠭᠠᠢ᠌ᠯᠢ ᠲᠤᠰᠢᠶᠠᠭᠴᠢᠳ᠎ᠤᠨ ᠬᠦᠷᠲᠡᠭᠡᠮᠵᠢᠲᠦ ᠲᠥᠷᠥᠭᠳᠡᠯ᠂ ᠬᠠᠨᠤᠮᠵᠢᠲᠤ ᠬᠡᠮᠵᠢᠶ᠎ᠡ ᠪᠠ ᠭᠠᠢ᠌ᠯᠢ ᠵᠢᠨ ᠬᠠᠤᠯᠢ ᠵᠢ ᠵᠢᠷᠤᠮᠯᠠᠨ ᠳᠠᠭ᠋ᠠᠬᠤ ᠬᠡᠮᠵᠢᠶ᠎ᠡ ᠶᠡᠬᠡ᠎ᠪᠠᠷ ᠳᠡᠭᠡᠭᠰᠢᠯᠡᠵᠡᠢ᠃ ᠭᠤᠷᠪᠠ᠎ᠳᠤ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ 《ᠠᠰᠢᠭ ᠣᠯᠵᠠᠪᠤᠷᠢ》 ᠵᠢ ᠶᠡᠬᠡ᠎ᠪᠠᠷ ᠢᠯᠡᠷᠡᠭᠦᠯᠪᠡ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠠᠢ᠌ᠯᠢ ᠬᠥᠩᠭᠡᠯᠡᠬᠦ 6 ᠵᠦᠢ᠍ᠯ᠎ᠤᠨ ᠰᠢᠨ᠎ᠡ ᠲᠥᠷᠥ ᠵᠢᠨ ᠪᠣᠳᠣᠯᠭ᠎ᠠ᠂ ᠪᠠᠷᠠᠭᠤᠨ ᠣᠷᠣᠨ᠎ᠤ ᠶᠡᠬᠡ ᠨᠡᠭᠡᠭᠡᠨ ᠬᠥᠭᠵᠢᠭᠦᠯᠦᠯᠲᠡ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠡᠢ᠌ᠲᠡᠯᠡᠭᠰᠡᠨ ᠭᠠᠢ᠌ᠯᠢ ᠲᠠᠲᠠᠪᠤᠷᠢ ᠵᠢᠨ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠦᠷ᠎ᠡ ᠨᠥᠯᠥᠭᠡ ᠵᠢᠨ ᠲᠤᠬᠠᠢ ᠵᠠᠳᠠᠯᠤᠯᠲᠠ ᠵᠢ ᠴᠢᠩᠭ᠋ᠠᠳᠬᠠᠵᠤ᠂ ᠨᠢᠭᠲᠠ ᠴᠢᠩᠭ᠎ᠠ ᠮᠥᠷᠳᠡᠨ ᠳᠠᠭ᠋ᠠᠵᠤ ᠰᠢᠮᠳᠠᠭᠤᠯᠤᠨ ᠪᠠᠢ᠌ᠴᠠᠭ᠋ᠠᠭᠰᠠᠨ᠎ᠠᠴᠠ᠂ ᠪᠦᠬᠦ ᠵᠢᠯ᠎ᠤᠨ ᠬᠠᠰᠤᠨ ᠬᠡᠯᠲᠦᠷᠢᠭᠦᠯᠦᠭᠰᠡᠨ ᠭᠠᠢ᠌ᠯᠢ 264.5 ᠳ᠋ᠦᠩᠰᠢᠭᠤᠷ᠎ᠲᠤ ᠬᠦᠷᠴᠦ᠂ ᠭᠠᠳᠠᠭ᠋ᠠᠳᠤ ᠭᠠᠷᠭ᠋ᠠᠯᠲᠠ ᠵᠢ ᠭᠦᠢ᠍ᠴᠡᠳᠬᠡᠬᠦ᠎ᠳᠤ ᠪᠤᠴᠠᠭ᠋ᠠᠭᠰᠠᠨ (ᠬᠡᠯᠲᠦᠷᠢᠭᠦᠯᠦᠭᠰᠡᠨ) ᠭᠠᠢ᠌ᠯᠢ 25.9 ᠳ᠋ᠦᠩᠰᠢᠭᠤᠷ ᠲᠥᠭᠥᠷᠢᠭ᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠲᠤᠰᠢᠶᠠᠭᠴᠢᠳ᠎ᠤᠨ ᠥᠷᠲᠡᠭ᠎ᠢ ᠪᠠᠭᠤᠷᠠᠭᠤᠯᠵᠤ ᠦᠷ᠎ᠡ ᠪᠦᠲᠦᠮᠵᠢ ᠵᠢ ᠨᠡᠮᠡᠭᠳᠡᠭᠦᠯᠬᠦ ᠠᠵᠤ ᠦᠢ᠍ᠯᠡᠰ᠎ᠤᠨ ᠳᠡᠰ ᠳᠡᠪᠰᠢᠬᠦ ᠪᠠ ᠬᠥᠭᠵᠢᠨ ᠪᠤᠵᠠᠭ᠋ᠠᠢ᠌ᠷᠠᠬᠤ ᠵᠢ ᠲᠤᠢ᠌ᠯ᠎ᠤᠨ ᠶᠡᠬᠡ᠎ᠪᠠᠷ ᠠᠬᠢᠭᠤᠯᠵᠠᠢ᠃ ᠬᠣᠴᠣᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠬᠦ ᠲᠥᠷᠥ ᠵᠢᠨ ᠪᠣᠳᠣᠯᠭ᠎ᠠ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠡᠵᠡᠩᠨᠡᠯᠲᠡ᠎ᠪᠠᠷ ᠬᠠᠪᠰᠤᠷᠤᠨ ᠲᠡᠳᠬᠦᠬᠦ᠂ ᠲᠥᠷᠥ ᠵᠢᠨ ᠪᠣᠳᠣᠯᠭ᠎ᠠ᠎ᠪᠠᠷ ᠬᠠᠪᠰᠤᠷᠤᠨ ᠲᠡᠳᠬᠦᠬᠦ᠂ ᠬᠠᠮᠢᠶᠠᠷᠤᠯᠲᠠ᠎ᠪᠠᠷ ᠬᠠᠪᠰᠤᠷᠤᠨ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠵᠤ᠂ ᠪᠦᠬᠦ ᠣᠷᠣᠨ᠎ᠤ ᠨᠡᠭᠦᠷᠡᠰᠦ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠴᠢᠨᠠᠷᠯᠢᠭ ᠬᠥᠭᠵᠢᠯᠲᠡ ᠵᠢ ᠲᠦᠯᠬᠢᠨ ᠠᠬᠢᠭᠤᠯᠤᠭᠰᠠᠨ ᠪᠠᠢ᠌ᠨ᠎ᠠ᠃
ᠬᠥᠲᠥᠯᠥᠭᠴᠢ᠄
ᠦᠨᠡᠬᠡᠷ ᠨᠢᠭᠡᠨ ᠦᠨᠡᠨ ᠪᠣᠳᠠᠲᠠᠢ 《ᠠᠰᠢᠭ ᠣᠯᠵᠠᠪᠤᠷᠢ》 ᠪᠠᠢ᠌ᠨ᠎ᠠ᠃ 2018 ᠣᠨ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠩᠬᠠᠳᠤᠭ᠋ᠠᠷ ᠤᠳᠠᠭ᠋ᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠠᠴᠠ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠤᠯᠠᠮ ᠴᠢᠨᠠᠭᠰᠢᠳᠠ ᠰᠢᠯᠢᠳᠡᠭᠵᠢᠭᠦᠯᠬᠦ ᠵᠡᠷᠭᠡ ᠵᠦᠢ᠍ᠯᠡᠰ᠎ᠲᠤ ᠰᠤᠳᠤᠯᠤᠯᠲᠠ ᠪᠠᠢ᠌ᠷᠢᠯᠠᠭᠤᠯᠤᠯᠲᠠ ᠬᠢᠭᠰᠡᠨ ᠪᠠᠢ᠌ᠨ᠎ᠠ᠃ ᠲᠡᠭᠡᠪᠡᠯ᠂ ᠥᠩᠭᠡᠷᠡᠭᠰᠡᠨ ᠨᠢᠭᠡ ᠵᠢᠯ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠡᠨᠡ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠣᠢ?
ᠲᠠᠨ ᠾᠧᠩ᠄
2017 ᠣᠨ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠲᠠᠯ᠎ᠠ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠬᠤᠭᠤᠴᠠᠭ᠎ᠠ ᠶᠣᠰᠣᠭ᠋ᠠᠷ ᠯᠠᠪᠳᠠᠭᠤᠨ ᠪᠠᠲᠤᠲᠠᠢ᠎ᠪᠠᠷ ᠨᠠᠢ᠌ᠳᠠᠪᠤᠷᠢᠵᠢᠭᠤᠯᠤᠭᠳᠠᠬᠤ ᠵᠢ ᠬᠦᠴᠦᠨ᠎ᠲᠠᠢ ᠮᠥᠷᠲᠡᠭᠡᠨ ᠠᠯᠬᠤᠮ ᠳᠠᠷᠠᠭ᠎ᠠ᠎ᠲᠠᠢ ᠪᠠᠲᠤᠯᠠᠭᠰᠠᠨ ᠪᠠᠢ᠌ᠨ᠎ᠠ᠃
ᠨᠢᠭᠡ᠎ᠳᠤ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ 《ᠪᠠᠭᠤᠯᠭ᠋ᠠᠬᠤ》 ᠬᠡᠮᠵᠢᠶ᠎ᠡ ᠪᠠᠷᠢᠮᠵᠢᠶ᠎ᠠ ᠵᠢ ᠪᠠᠲᠤᠯᠠᠪᠠ᠃ ᠡᠩ᠎ᠤᠨ ᠪᠠᠷᠢᠮᠲᠠ ᠵᠢ ᠬᠠᠷᠭᠤᠭᠤᠯᠤᠨ ᠲᠣᠭᠲᠠᠭ᠋ᠠᠬᠤ᠎ᠳᠤ ᠳᠠᠷᠤᠢ᠌ᠬᠠᠨ ᠭᠦᠢ᠍ᠴᠡᠳᠬᠡᠬᠦ᠂ ᠪᠠᠷᠢᠮᠲᠠ ᠠᠪᠴᠤ ᠬᠡᠷᠡᠭᠯᠡᠬᠦ᠎ᠳᠤ 《 ᠰᠦᠯᠵᠢᠶᠡᠨ ᠳᠡᠭᠡᠷ᠎ᠡ ᠭᠤᠶᠤᠴᠢᠯᠠᠨ ᠠᠪᠴᠤ᠂ ᠪᠣᠳᠠᠲᠠᠢ ᠬᠥᠮᠥᠨ ᠲᠣᠬᠢᠷᠠᠭᠤᠯᠤᠨ ᠬᠦᠷᠭᠡᠬᠦ》᠂ ᠪᠠᠷᠢᠮᠲᠠ ᠣᠷᠣᠯᠠᠨ ᠭᠠᠷᠭ᠋ᠠᠬᠤ᠎ᠳᠤ 《ᠰᠦᠯᠵᠢᠶᠡᠨ ᠳᠡᠭᠡᠷ᠎ᠡ ᠭᠦᠢ᠍ᠴᠡᠳᠬᠡᠵᠦ᠂ ᠰᠦᠯᠵᠢᠶᠡᠨ᠎ᠠᠴᠠ ᠭᠠᠳᠠᠭᠤᠷ ᠪᠠᠷᠢᠮᠲᠠ ᠭᠠᠷᠭ᠋ᠠᠬᠤ》 ᠵᠢ ᠬᠡᠷᠡᠭᠵᠢᠭᠦᠯᠪᠡ᠃ ᠭᠠᠢ᠌ᠯᠢ ᠲᠤᠰᠢᠶᠠᠭᠴᠢ ᠵᠢᠨ ᠮᠡᠳᠡᠭᠦᠯᠦᠭᠰᠡᠨ ᠭᠠᠢ᠌ᠯᠢ᠎ᠳᠤ ᠬᠣᠯᠪᠣᠭᠳᠠᠬᠤ ᠮᠠᠲ᠋ᠧᠷᠢᠶᠠᠯ᠎ᠢ ᠶᠡᠬᠡ᠎ᠪᠠᠷ ᠢᠯᠭ᠋ᠠᠷᠠᠭᠤᠯᠤᠨ ᠴᠡᠪᠡᠷᠯᠡᠬᠦ ᠪᠠ ᠴᠣᠮᠬᠠᠳᠬᠠᠨ ᠨᠡᠢ᠌ᠯᠡᠭᠦᠯᠵᠦ᠂ 《ᠨᠢᠭᠡ ᠬᠦᠰᠦᠨᠦᠭ᠎ᠲᠤ ᠨᠢᠭᠡᠳᠬᠡᠨ ᠨᠡᠢ᠌ᠯᠡᠭᠦᠯᠬᠦ》᠂ ᠰᠢᠤᠳᠠᠨ᠎ᠳᠤ ᠨᠠᠢ᠌ᠳᠠᠵᠤ 《ᠬᠣᠶᠠᠷ᠎ᠢ ᠣᠷᠣᠯᠠᠬᠤ》 ᠪᠠ 《ᠬᠦᠷᠦᠯᠴᠡᠬᠦᠢ ᠪᠤᠰᠤ ᠮᠠᠶᠢᠭ》᠎ᠤᠨ ᠭᠠᠢ᠌ᠯᠢ ᠭᠦᠢ᠍ᠴᠡᠳᠬᠡᠬᠦ ᠦᠢ᠍ᠯᠡᠴᠢᠯᠡᠭᠡ ᠵᠢ ᠶᠡᠬᠡ᠎ᠪᠠᠷ ᠬᠡᠷᠡᠭᠵᠢᠭᠦᠯᠵᠦ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠮᠠᠲ᠋ᠧᠷᠢᠶᠠᠯ᠎ᠢ ᠭᠠᠢ᠌ᠯᠢ ᠲᠤᠰᠢᠶᠠᠭᠴᠢ ᠤᠤᠯ᠎ᠳᠤ᠎ᠪᠠᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠳᠤ ᠮᠡᠳᠡᠭᠦᠯᠦᠨ ᠳᠠᠩᠰᠠᠯᠠᠭᠤᠯᠵᠤ ᠪᠠᠢ᠌ᠭᠰᠠᠨ᠎ᠢ ᠭᠠᠢ᠌ᠯᠢ ᠲᠤᠰᠢᠶᠠᠭᠴᠢ ᠥᠪᠡᠷ ᠵᠶ᠋ᠡᠨ ᠦᠯᠡᠳᠡᠭᠡᠨ ᠡᠷᠢᠵᠦ ᠬᠠᠢ᠌ᠬᠤ᠎ᠳᠤ ᠪᠡᠯᠡᠳᠬᠡᠬᠦ᠎ᠪᠠᠷ ᠥᠭᠡᠷᠡᠴᠢᠯᠡᠵᠦ᠂ ᠭᠠᠳᠠᠭᠰᠢ ᠭᠠᠷᠴᠤ ᠡᠵᠡᠩᠨᠡᠯᠲᠡ ᠬᠢᠭᠰᠡᠨ ᠭᠠᠢ᠌ᠯᠢ ᠲᠠᠲᠠᠪᠤᠷᠢ ᠵᠢᠨ ᠬᠠᠮᠢᠶᠠᠷᠤᠯᠲᠠ ᠵᠢᠨ ᠭᠡᠷᠡᠴᠢ ᠵᠢ ᠬᠦᠴᠦᠨ ᠦᠭᠡᠢ ᠪᠣᠯᠭ᠋ᠠᠭᠰᠠᠨ᠎ᠤ ᠬᠠᠮᠲᠤ ᠰᠦᠯᠵᠢᠶᠡᠨ ᠳᠡᠭᠡᠷ᠎ᠡ ᠮᠡᠳᠡᠭᠦᠯᠦᠨ ᠰᠢᠯᠭ᠋ᠠᠬᠤ ᠳᠦᠷᠢᠮ᠎ᠢ ᠬᠡᠷᠡᠭᠵᠢᠭᠦᠯᠵᠡᠢ᠃ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ 《ᠣᠯᠠᠨ ᠭᠡᠷᠡᠴᠢ ᠵᠢ ᠨᠡᠢ᠌ᠯᠡᠭᠦᠯᠦᠨ ᠨᠢᠭᠡ ᠪᠣᠯᠭ᠋ᠠᠬᠤ》 ᠬᠤᠳᠠᠯᠳᠤᠭ᠋ᠠᠨ᠎ᠤ ᠵᠦᠢ᠍ᠯᠡᠰ᠎ᠤᠨ ᠳᠦᠷᠢᠮ᠎ᠤᠨ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠪᠠ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠵᠢ ᠪᠡᠶᠡᠯᠡᠭᠦᠯᠵᠦ᠂ ᠵᠥᠪᠰᠢᠶᠡᠷᠡᠯ᠎ᠤᠨ ᠳᠠᠷᠤᠢ᠎ᠳᠤ᠎ᠨᠢ ᠭᠦᠢ᠍ᠴᠡᠳᠬᠡᠬᠦ ᠠᠵᠢᠯ ᠲᠥᠷᠥᠯ᠎ᠢ ᠲᠣᠳᠣᠷᠬᠠᠢ᠌ᠯᠠᠨ᠂ 《ᠭᠤᠷᠪᠠᠨ ᠵᠦᠢ᠍ᠯ᠎ᠤᠨ ᠳᠦᠷᠢᠮ》᠎ᠢ ᠲᠤᠷᠰᠢᠨ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠵᠢᠨ ᠳᠦᠷᠢᠮ᠎ᠢ ᠬᠡᠷᠡᠭᠵᠢᠭᠦᠯᠦᠨ᠂ ᠭᠠᠢ᠌ᠯᠢ ᠵᠢᠨ ᠶᠠᠪᠤᠳᠠᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠥᠭᠡᠷᠡᠴᠢᠯᠡᠯᠲᠡ ᠵᠢᠨ ᠡᠷᠴᠢᠮ ᠵᠶ᠋ᠡᠨ ᠴᠢᠩᠭ᠋ᠠᠷᠠᠭᠤᠯᠤᠭᠰᠠᠨ ᠪᠠᠢ᠌ᠨ᠎ᠠ᠃
ᠬᠣᠶᠠᠷ᠎ᠲᠤ᠂ ᠠᠵᠢᠯ᠎ᠤᠨ ᠳᠤᠮᠳᠠ ᠪᠠ ᠠᠵᠢᠯ᠎ᠤᠨ ᠳᠠᠷᠠᠭ᠎ᠠ᠂ 《ᠬᠠᠮᠢᠶᠠᠷᠬᠤ》 ᠡᠷᠴᠢᠮ᠎ᠢ ᠪᠠᠲᠤᠯᠠᠵᠠᠢ᠃ ᠬᠥᠬᠡᠬᠣᠲᠠ ᠪᠤᠭᠤᠲᠤ ᠣᠷᠳᠣᠰ᠎ᠤᠨ ᠭᠠᠢ᠌ᠯᠢ ᠲᠠᠲᠠᠪᠤᠷᠢ ᠵᠢᠨ ᠬᠠᠮᠲᠤᠷᠠᠯᠴᠠᠭ᠋ᠠᠨ᠎ᠤ ᠡᠷᠴᠢᠮ᠎ᠢ ᠴᠢᠩᠭ᠋ᠠᠷᠠᠭᠤᠯᠵᠤ᠂ ᠥᠪᠥᠷ ᠮᠣᠩᠭᠣᠯ ᠱᠠᠨ ᠰᠢ ᠾᠧᠪᠧᠢ (ᠤᠯᠠᠭ᠋ᠠᠨᠴᠠᠪ ᠳ᠋ᠠᠲ᠋ᠦ᠋ᠩ ᠵᠠᠩ ᠵᠢᠶᠠ ᠺᠧᠦ) ᠵᠢᠨ ᠭᠠᠢ᠌ᠯᠢ ᠲᠠᠲᠠᠪᠤᠷᠢ ᠵᠢᠨ ᠠᠵᠢᠯ ᠲᠥᠷᠥᠯ᠎ᠢ ᠨᠡᠢ᠌ᠳᠡᠮ᠎ᠳᠤ᠎ᠨᠢ ᠭᠦᠢ᠍ᠴᠡᠳᠬᠡᠬᠦ ᠵᠢ ᠢᠳᠡᠪᠬᠢᠲᠡᠢ᠎ᠪᠠᠷ ᠠᠬᠢᠭᠤᠯᠪᠠ᠃ ᠲᠣᠭ᠎ᠠ ᠪᠠᠷᠢᠮᠲᠠ ᠵᠢ ᠴᠢᠨᠠᠷᠲᠠᠢ ᠬᠠᠮᠢᠶᠠᠷᠬᠤ ᠪᠠ ᠡᠮᠬᠢᠯᠡᠨ ᠨᠡᠢ᠌ᠯᠡᠭᠦᠯᠵᠦ ᠬᠠᠮᠲᠤ᠎ᠪᠠᠷ ᠬᠦᠷᠲᠡᠬᠦ ᠵᠢ ᠴᠢᠩᠭ᠋ᠠᠳᠬᠠᠵᠤ᠂ ᠪᠦᠬᠦ ᠤᠯᠤᠰ᠎ᠲᠤ ᠬᠠᠮᠤᠭ᠎ᠠᠴᠠ ᠤᠷᠢᠳ ᠵᠶ᠋ᠠᠷ ᠭᠠᠢ᠌ᠯᠢ ᠲᠠᠲᠠᠪᠤᠷᠢ ᠵᠢᠨ ᠶᠡᠬᠡ ᠳ᠋ᠠᠢ᠌ᠲ᠋ᠠ ᠵᠢᠨ ᠲᠠᠪᠴᠠᠩ᠎ᠢ ᠪᠠᠢ᠌ᠭᠤᠯᠵᠠᠢ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠡᠮᠬᠢᠯᠡᠨ ᠨᠡᠢ᠌ᠯᠡᠭᠦᠯᠵᠦ ᠬᠠᠮᠲᠤ᠎ᠪᠠᠷ ᠬᠦᠷᠲᠡᠬᠦ ᠵᠡᠷᠭᠡ ᠠᠵᠢᠯ᠎ᠢ ᠡᠷᠴᠢᠮ᠎ᠲᠠᠢ ᠮᠥᠷᠲᠡᠭᠡᠨ ᠳᠡᠰ ᠳᠠᠷᠠᠭ᠋ᠠᠯᠠᠯ᠎ᠲᠠᠢ᠎ᠪᠠᠷ ᠠᠬᠢᠭᠤᠯᠪᠠ᠃ ᠭᠠᠢ᠌ᠯᠢ ᠲᠤᠰᠢᠶᠠᠭᠴᠢ ᠵᠢ ᠲᠥᠷᠥᠯ ᠳᠡᠰ ᠬᠤᠪᠢᠶᠠᠨ ᠬᠠᠮᠢᠶᠠᠷᠬᠤ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠮᠡᠳᠡᠭᠡ ᠵᠠᠩᠭᠢ᠎ᠪᠠᠷ ᠭᠠᠢ᠌ᠯᠢ ᠬᠠᠮᠢᠶᠠᠷᠬᠤ ᠬᠢᠭᠡᠳ ᠢᠲᠡᠭᠡᠮᠵᠢ᠎ᠪᠠᠷ ᠭᠠᠢ᠌ᠯᠢ ᠬᠠᠮᠢᠶᠠᠷᠬᠤ ᠵᠢ ᠬᠠᠷᠢᠯᠴᠠᠨ ᠤᠶᠠᠯᠳᠤᠭᠤᠯᠤᠭᠰᠠᠨ ᠭᠠᠢ᠌ᠯᠢ ᠲᠠᠲᠠᠪᠤᠷᠢ ᠵᠢᠨ ᠲᠣᠭ᠋ᠠᠵᠢᠭᠤᠯᠤᠭᠰᠠᠨ ᠵᠠᠰᠠᠯᠲᠠ ᠵᠢ ᠬᠡᠷᠡᠭᠵᠢᠭᠦᠯᠵᠡᠢ᠃ ᠲᠣᠮᠣ ᠠᠵᠤ ᠠᠬᠤᠢ᠌ᠯᠠᠯ᠎ᠤᠨ ᠭᠠᠢ᠌ᠯᠢ ᠲᠠᠲᠠᠪᠤᠷᠢ ᠵᠢᠨ ᠦᠢ᠍ᠯᠡᠴᠢᠯᠡᠭᠡ ᠬᠢᠭᠡᠳ ᠬᠠᠮᠢᠶᠠᠷᠤᠯᠲᠠ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠭᠠᠢ᠌ᠯᠢ ᠵᠢᠨ ᠴᠠᠭᠳᠠᠭ᠋ᠠᠨ᠎ᠤ ᠬᠠᠮᠲᠤᠷᠠᠯᠴᠠᠭ᠎ᠠ ᠵᠢ ᠴᠢᠩᠭ᠋ᠠᠳᠬᠠᠨ᠂ ᠤᠯᠤᠰ᠎ᠤᠨ ᠪᠠ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠬᠠᠮᠲᠤᠷᠠᠨ ᠪᠠᠢ᠌ᠴᠠᠭ᠋ᠠᠬᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠵᠢ ᠨᠠᠷᠢᠨ ᠬᠢᠨᠠᠮᠠᠭ᠋ᠠᠢ ᠰᠠᠢ᠌ᠲᠤᠷ ᠬᠢᠵᠦ᠂ ᠰᠦᠯᠵᠢᠶᠡᠨ ᠳᠡᠭᠡᠷ᠎ᠡ 《ᠬᠠᠷ᠎ᠠ ᠳᠠᠩᠰᠠ》 ᠵᠢᠨ ᠣᠶᠣᠨᠴᠢ ᠬᠠᠮᠢᠶᠠᠷᠤᠯᠲᠠ ᠵᠢᠨ ᠰᠢᠰᠲ᠋ᠧᠮ᠎ᠢ ᠠᠵᠢᠯᠯᠠᠭᠤᠯᠤᠭᠰᠠᠨ ᠪᠠᠢ᠌ᠨ᠎ᠠ᠃
ᠭᠤᠷᠪᠠ᠎ᠳᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ 《ᠦᠢ᠍ᠯᠡᠴᠢᠯᠡᠬᠦ》 ᠭᠦᠨᠴᠡ ᠵᠢ ᠪᠠᠲᠤᠯᠠᠵᠠᠢ᠃ 《ᠠᠷᠠᠳ᠎ᠲᠤ ᠳᠥᠭᠥᠮ ᠦᠵᠡᠭᠦᠯᠦᠨ ᠭᠠᠢ᠌ᠯᠢ ᠭᠦᠢ᠍ᠴᠡᠳᠬᠡᠬᠦ ᠬᠠᠪᠤᠷ᠎ᠤᠨ ᠰᠠᠯᠬᠢᠨ᠎ᠤ ᠠᠵᠢᠯᠯᠠᠭ᠎ᠠ》 ᠵᠢ ᠦᠷᠭᠦᠯᠵᠢᠯᠡᠨ ᠭᠦᠨᠵᠡᠭᠡᠢ ᠠᠬᠢᠭᠤᠯᠵᠤ᠂ 5 ᠲᠥᠷᠥᠯ 20 ᠵᠦᠢ᠍ᠯ 49 ᠵᠤᠷᠪᠤᠰ ᠠᠷᠠᠳ᠎ᠲᠤ ᠳᠥᠭᠥᠮ ᠦᠵᠡᠭᠦᠯᠬᠦ ᠠᠷᠭ᠎ᠠ ᠬᠡᠮᠵᠢᠶ᠎ᠡ ᠵᠢ ᠰᠠᠨᠠᠭ᠋ᠠᠴᠢᠯᠠᠭ᠎ᠠ᠎ᠲᠠᠢ᠎ᠪᠠᠷ ᠠᠪᠤᠪᠠ᠃ ᠭᠠᠢ᠌ᠯᠢ ᠪᠤᠴᠠᠭ᠋ᠠᠬᠤ᠎ᠳᠤ ᠴᠠᠭ᠋ᠠᠰᠤ ᠥᠯᠥ ᠬᠡᠷᠡᠭᠯᠡᠬᠦ ᠲᠤᠷᠰᠢᠯᠲᠠ ᠵᠢᠨ ᠴᠢᠭ᠋᠎ᠢ ᠥᠷᠨᠢᠭᠦᠯᠵᠦ᠂ ᠭᠠᠳᠠᠭ᠋ᠠᠳᠤ ᠭᠠᠷᠭ᠋ᠠᠯᠲᠠ ᠵᠢᠨ ᠭᠠᠢ᠌ᠯᠢ ᠪᠤᠴᠠᠭ᠋ᠠᠬᠤ ᠠᠬᠢᠴᠠ ᠵᠢ ᠲᠦᠷᠭᠡᠳᠬᠡᠭᠰᠡᠨ ᠪᠠᠢ᠌ᠨ᠎ᠠ᠃ ᠭᠠᠢ᠌ᠯᠢ ᠲᠤᠰᠢᠶᠠᠭᠴᠢ ᠵᠢᠨ ᠬᠠᠨᠤᠮᠵᠢᠲᠤ ᠬᠡᠮᠵᠢᠶ᠎ᠡ᠎ᠳᠤ ᠪᠠᠢ᠌ᠴᠠᠭ᠋ᠠᠨ ᠰᠤᠳᠤᠯᠤᠯᠲᠠ ᠬᠢᠬᠦ ᠪᠠ 《ᠦᠨᠡᠨ ᠪᠠᠢ᠌ᠳᠠᠯ᠎ᠢ ᠪᠠᠢ᠌ᠴᠠᠭ᠋ᠠᠵᠤ᠂ ᠪᠣᠳᠠᠲᠤ ᠶᠠᠪᠤᠳᠠᠯ ᠭᠦᠢ᠍ᠴᠡᠳᠬᠡᠬᠦ》 ᠭᠠᠢ᠌ᠯᠢ ᠵᠢᠨ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠬᠦ ᠠᠵᠢᠯᠯᠠᠭ᠎ᠠ ᠵᠢ ᠨᠠᠷᠢᠨ ᠨᠢᠭᠲᠠ ᠵᠣᠬᠢᠶᠠᠨ ᠪᠠᠢ᠌ᠭᠤᠯᠤᠨ ᠥᠷᠨᠢᠭᠦᠯᠵᠦ᠂ ᠭᠠᠢ᠌ᠯᠢ ᠲᠤᠰᠢᠶᠠᠭᠴᠢᠳ᠎ᠤᠨ 150 ᠭᠠᠷᠤᠢ ᠵᠦᠢ᠍ᠯ᠎ᠤᠨ ᠠᠰᠠᠭᠤᠳᠠᠯ᠎ᠢ ᠠᠩᠬ᠎ᠠ ᠠᠯᠬᠤᠮ ᠰᠢᠢ᠍ᠳᠪᠦᠷᠢᠯᠡᠪᠡ᠃ ᠤᠯᠤᠰ᠎ᠤᠨ ᠪᠠ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ ᠰᠦᠯᠵᠢᠶᠡᠨ ᠳᠡᠭᠡᠷ᠎ᠡ ᠭᠠᠢ᠌ᠯᠢ ᠭᠦᠢ᠍ᠴᠡᠳᠬᠡᠬᠦ ᠦᠢ᠍ᠯᠡᠴᠢᠯᠡᠭᠡ ᠵᠢᠨ ᠲᠠᠪᠴᠠᠩ᠎ᠢ ᠬᠠᠮᠲᠤ᠎ᠪᠠᠷ ᠪᠠᠢ᠌ᠭᠤᠯᠵᠤ᠂ 59.37 ᠲᠦᠮᠡᠨ ᠡᠷᠦᠬᠡ ᠭᠠᠢ᠌ᠯᠢ ᠲᠤᠰᠢᠶᠠᠭᠴᠢ ᠰᠦᠯᠵᠢᠶᠡᠵᠢᠭᠰᠡᠨ ᠦᠢ᠍ᠯᠡᠴᠢᠯᠡᠭᠡ ᠬᠦᠷᠲᠡᠵᠦ᠂ ᠰᠦᠯᠵᠢᠶᠡᠵᠢᠭᠰᠡᠨ ᠦᠢ᠍ᠯᠡᠴᠢᠯᠡᠭᠡᠨ᠎ᠢ ᠬᠡᠪ᠎ᠤᠨ ᠪᠠᠢ᠌ᠳᠠᠯ ᠪᠠ ᠭᠣᠣᠯ ᠠᠷᠭ᠎ᠠ ᠵᠠᠮ ᠪᠣᠯᠣᠭᠰᠠᠨ ᠪᠠᠢ᠌ᠨ᠎ᠠ᠃ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠲᠤ ᠪᠦᠬᠦ ᠣᠷᠣᠨ᠎ᠤ ᠣᠶᠣᠨᠴᠢᠯᠠᠭᠰᠠᠨ ᠬᠡᠮᠵᠢᠶ᠎ᠡ᠎ᠪᠠᠷ ᠬᠠᠮᠤᠭ᠎ᠤᠨ ᠥᠨᠳᠥᠷ ᠤᠯᠤᠰ᠎ᠤᠨ ᠪᠠ ᠣᠷᠣᠨ ᠨᠤᠲᠤᠭ᠎ᠤᠨ ᠭᠠᠢ᠌ᠯᠢ ᠵᠢᠨ ᠬᠠᠮᠲᠤᠷᠠᠨ ᠭᠠᠢ᠌ᠯᠢ ᠭᠦᠢ᠍ᠴᠡᠳᠬᠡᠬᠦ ᠲᠠᠩᠬᠢᠮ᠎ᠢ ᠪᠠᠢ᠌ᠭᠤᠯᠪᠠ᠃ ᠭᠠᠢ᠌ᠯᠢ ᠲᠤᠰᠢᠶᠠᠬᠤ ᠢᠲᠡᠭᠡᠮᠵᠢ ᠵᠢᠨ ᠰᠢᠰᠲ᠋ᠧᠮᠴᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠠᠢ᠌ᠯᠢ ᠲᠤᠰᠢᠶᠠᠬᠤ ᠢᠲᠡᠭᠡᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠵᠢ ᠪᠡᠶᠡᠯᠡᠭᠦᠯᠵᠦ᠂ 《ᠪᠠᠩᠬᠢ ᠭᠠᠢ᠌ᠯᠢ ᠵᠢᠨ ᠦᠢ᠍ᠯᠡᠳᠦᠯᠴᠡᠯ》᠎ᠤᠨ ᠠᠵᠢᠯᠯᠠᠭ᠋ᠠᠨ᠎ᠤ ᠬᠦᠷᠢᠶ᠎ᠡ ᠴᠠᠷᠠᠭ᠎ᠠ᠂ ᠬᠦᠷᠢᠶ᠎ᠡ ᠬᠡᠪᠴᠢᠶ᠎ᠡ ᠵᠢ ᠥᠷᠭᠡᠳᠬᠡᠭᠰᠡᠨ᠎ᠠᠴᠠ᠂ ᠭᠠᠢ᠌ᠯᠢ ᠲᠤᠰᠢᠶᠠᠬᠤ ᠢᠲᠡᠭᠡᠮᠵᠢ᠎ᠨᠢ ᠭᠠᠢ᠌ᠯᠢ ᠲᠤᠰᠢᠶᠠᠭᠴᠢ ᠵᠢᠨ ᠬᠠᠮᠤᠭ᠎ᠤᠨ ᠴᠢᠬᠤᠯᠠ 《ᠨᠡᠷ᠎ᠡ ᠵᠢᠨ ᠬᠠᠭᠤᠳᠠᠰᠤ》 ᠪᠣᠯᠣᠭᠰᠠᠨ ᠪᠠᠢ᠌ᠨ᠎ᠠ᠃
ᠬᠥᠲᠥᠯᠥᠭᠴᠢ᠄
ᠰᠠᠢ᠌ᠨ ᠪᠣᠯᠣᠯ᠎ᠠ᠂ ᠲᠠᠨ ᠲᠣᠪᠴᠢᠶᠠᠨ ᠳᠠᠷᠤᠭ᠎ᠠ᠎ᠳᠤ ᠪᠠᠶᠠᠷᠯᠠᠯ᠎ᠠ᠃ ᠣᠯᠠᠨ᠎ᠤ ᠮᠡᠳᠡᠭᠡᠵᠢ᠎ᠪᠠᠷ᠂ ᠡᠳᠦᠷ ᠪᠦᠷᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠰᠢᠷᠭ᠋ᠠᠭᠤ ᠠᠵᠢᠯᠯᠠᠵᠤ ᠪᠠᠢ᠌ᠭ᠎ᠠ ᠬᠥᠮᠥᠰ ᠮᠠᠰᠢ ᠵᠦᠳᠡᠷᠡᠯᠲᠡᠢ ᠪᠠᠢ᠌ᠨ᠎ᠠ᠃ ᠲᠡᠭᠡᠪᠡᠯ ᠲᠠᠨ ᠲᠣᠪᠴᠢᠶᠠᠨ ᠳᠠᠷᠤᠭ᠎ᠠ ᠦᠨᠳᠦᠰᠦᠨ ᠱᠠᠲᠤᠨ᠎ᠤ ᠪᠠᠢ᠌ᠭᠤᠯᠤᠯᠲᠠ ᠵᠢᠨ ᠠᠵᠢᠯ᠎ᠤᠨ ᠲᠤᠬᠠᠢ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ᠎ᠢ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
ᠲᠠᠨ ᠾᠧᠩ᠄
2017 ᠣᠨ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠦᠨᠳᠦᠰᠦᠨ ᠱᠠᠲᠤ ᠵᠢ ᠶᠡᠬᠡ᠎ᠪᠠᠷ ᠠᠳᠬᠤᠬᠤ ᠢᠯᠡ ᠲᠣᠳᠣ ᠤᠳᠤᠷᠢᠳᠤᠮᠵᠢ ᠵᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ ᠦᠨᠳᠦᠰᠦᠨ ᠱᠠᠲᠤᠨ᠎ᠤ ᠪᠠᠢ᠌ᠭᠤᠯᠤᠯᠲᠠ ᠵᠢᠨ 《ᠠᠷᠠᠭ᠎ᠠ ᠰᠣᠯᠢᠨ ᠳᠡᠰ ᠲ᠋ᠡᠪᠰᠢᠬᠦ》 ᠵᠢ ᠶᠡᠬᠡ ᠬᠦᠴᠦᠨ ᠵᠶ᠋ᠡᠷ ᠠᠬᠢᠭᠤᠯᠤᠭᠰᠠᠨ ᠶᠤᠮ᠃
ᠨᠢᠭᠡ᠎ᠳᠤ᠂ ᠦᠨᠳᠦᠰᠦᠨ ᠱᠠᠲᠤᠨ᠎ᠤ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭᠵᠢᠭᠡᠪᠡ᠃ ᠤᠯᠤᠰ ᠲᠥᠷᠥ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠲᠤᠰᠬᠠᠢ ᠮᠡᠷᠭᠡᠵᠢᠯ᠎ᠤᠨ ᠴᠢᠳᠠᠪᠤᠷᠢ ᠵᠢ ᠪᠠᠲᠤᠳᠬᠠᠬᠤ᠂ ᠦᠢ᠍ᠯᠡᠳᠦᠯᠭᠡ ᠵᠢᠨ ᠴᠢᠳᠠᠪᠤᠷᠢ ᠵᠢ ᠳᠠᠪᠲᠠᠨ ᠪᠣᠯᠪᠠᠰᠤᠷᠠᠭᠤᠯᠬᠤ ᠵᠢ ᠣᠷᠭ᠋ᠠᠨᠢᠭ ᠵᠶ᠋ᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠥᠷᠥᠯ᠎ᠤᠨ ᠬᠥᠮᠥᠵᠢᠭᠦᠯᠦᠯ ᠪᠣᠯᠪᠠᠰᠤᠷᠠᠭᠤᠯᠤᠯ᠎ᠤᠨ ᠡᠬᠢ ᠪᠠᠶᠠᠯᠢᠭ᠂ ᠬᠦᠴᠦᠨ ᠴᠢᠳᠠᠯ᠎ᠢ ᠰᠢᠯᠢᠳᠡᠭᠵᠢᠭᠦᠯᠦᠨ ᠨᠢᠭᠡᠳᠬᠡᠵᠦ᠂ 《ᠭᠠᠳᠠᠭᠰᠢ ᠭᠠᠷᠬᠤ》 ᠬᠢᠭᠡᠳ 《ᠣᠷᠣᠭᠤᠯᠵᠤ ᠢᠷᠡᠬᠦ》 ᠵᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶᠢᠭ᠎ᠢ ᠠᠪᠴᠤ ᠪᠠᠢ᠌ᠭ᠋ᠠᠳ᠂ ᠴᠢᠳᠠᠪᠤᠷᠢᠲᠠᠨ ᠵᠶ᠋ᠠᠷ ᠭᠠᠢ᠌ᠯᠢ ᠲᠠᠲᠠᠪᠤᠷᠢ ᠵᠢ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ᠂ ᠴᠢᠳᠠᠪᠤᠷᠢᠲᠠᠨ᠎ᠤ ᠲᠠᠪᠤᠨ ᠳᠡᠰ᠎ᠤᠨ ᠱᠠᠲᠤᠯᠢᠭ ᠪᠣᠯᠪᠠᠰᠤᠷᠠᠭᠤᠯᠤᠯ᠎ᠤᠨ ᠲᠥᠯᠥᠪᠯᠡᠭᠡ ᠪᠠ ᠴᠢᠳᠠᠪᠤᠷᠢᠲᠠᠨ᠎ᠤ ᠪᠣᠢ᠌ᠵᠢᠯᠲᠠ ᠵᠢ ᠮᠥᠷᠳᠡᠨ ᠪᠣᠯᠪᠠᠰᠤᠷᠠᠭᠤᠯᠬᠤ ᠲᠥᠯᠥᠪᠯᠡᠭᠡ ᠵᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠵᠢᠯᠣᠭᠣᠳᠬᠤ ᠪᠠᠭᠰᠢ ᠵᠢᠨ ᠳᠦᠷᠢᠮ᠎ᠢ ᠬᠡᠷᠡᠭᠵᠢᠭᠦᠯᠦᠨ᠂ ᠴᠢᠳᠠᠪᠤᠷᠢᠲᠠᠨ᠎ᠤ ᠬᠥᠮᠥᠷᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ 《ᠠᠵᠢᠯ᠎ᠤᠨ ᠪᠠᠢ᠌ᠷᠢ ᠵᠢᠨ ᠶᠡᠬᠡ ᠪᠣᠯᠪᠠᠰᠤᠷᠠᠭᠤᠯᠤᠯ᠂ ᠲᠤᠬᠠᠢ᠌ᠯᠠᠭᠰᠠᠨ ᠠᠵᠢᠯ᠎ᠤᠨ ᠶᠡᠬᠡ ᠮᠥᠷᠥᠢ᠌ᠴᠡᠭᠡᠨ》᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠭᠰᠡᠨ᠎ᠠᠴᠠ᠂ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠺᠠᠳ᠋ᠷ᠎ᠤᠨ ᠪᠦᠬᠦᠯᠢ ᠴᠣᠭᠴᠠ ᠵᠢᠨ ᠬᠡᠪ ᠴᠢᠨᠠᠷ ᠢᠯᠡᠳᠲᠡ ᠳᠡᠭᠡᠭᠰᠢᠯᠡᠵᠡᠢ᠃ ᠰᠢᠨ᠎ᠡ᠎ᠪᠠᠷ ᠡᠯᠰᠡᠨ ᠬᠡᠷᠡᠭᠯᠡᠭᠰᠡᠨ 543 ᠠᠯᠪᠠᠲᠠᠨ᠎ᠢ ᠪᠦᠬᠦᠨ᠎ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠳᠤ ᠨᠥᠬᠥᠪᠦᠷᠢᠯᠡᠵᠦ᠂ ᠦᠨᠳᠦᠰᠦᠨ ᠱᠠᠲᠤᠨ᠎ᠤ ᠲᠠᠲᠠᠪᠤᠷᠢᠯᠠᠨ ᠬᠠᠮᠢᠶᠠᠷᠬᠤ ᠬᠦᠴᠦᠨ᠎ᠢ ᠭᠦᠢ᠍ᠴᠡᠳ ᠴᠢᠩᠭ᠋ᠠᠷᠠᠭᠤᠯᠪᠠ᠃ ᠦᠨᠳᠦᠰᠦᠨ ᠱᠠᠲᠤᠨ᠎ᠤ ᠵᠠᠷᠤᠳᠠᠯ᠎ᠢ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠠᠯᠪᠠᠨ᠎ᠤ ᠲᠡᠷᠭᠡ ᠵᠢᠨ ᠥᠭᠡᠷᠡᠴᠢᠯᠡᠯᠲᠡ᠂ ᠴᠠᠯᠢᠩ ᠨᠡᠮᠡᠯᠭᠡ ᠳᠠᠭ᠋ᠠᠳᠬᠠᠯ ᠠᠰᠠᠷᠠᠮᠵᠢ ᠵᠢ ᠡᠭᠦᠷᠭᠡ ᠲᠤᠰᠢᠶᠠᠯ ᠪᠣᠯᠣᠨ ᠲᠤᠰᠢᠶᠠᠯ᠎ᠤᠨ ᠳᠡᠰ᠎ᠲᠠᠢ ᠵᠡᠷᠭᠡ᠎ᠳᠤ᠎ᠨᠢ ᠶᠠᠪᠤᠭᠤᠯᠬᠤ ᠵᠡᠷᠭᠡ ᠠᠵᠢᠯ᠎ᠢ ᠰᠠᠢ᠌ᠲᠤᠷ ᠬᠢᠵᠦ᠂ ᠠᠵᠢᠯᠲᠠᠨ᠎ᠤ ᠶᠠᠪᠤᠳᠠᠯ ᠪᠠ ᠠᠵᠢᠯ᠎ᠤᠨ ᠠᠮᠵᠢᠯᠲᠠ ᠪᠦᠲᠦᠮᠵᠢ ᠵᠢᠨ ᠲᠣᠭ᠋ᠠᠴᠢᠯᠠᠭᠰᠠᠨ ᠬᠠᠮᠢᠶᠠᠷᠤᠯᠲᠠ ᠵᠢ ᠴᠢᠩᠭ᠋ᠠᠳᠬᠠᠭᠰᠠᠨ ᠪᠠᠢ᠌ᠨ᠎ᠠ᠃
ᠬᠣᠶᠠᠷ᠎ᠲᠤ᠂ ᠦᠨᠳᠦᠰᠦᠨ ᠱᠠᠲᠤᠨ᠎ᠤ ᠪᠠᠢ᠌ᠭᠤᠯᠤᠯᠲᠠ ᠵᠢᠨ ᠠᠴᠢᠶᠠᠯᠠᠭᠴᠢ ᠵᠢ ᠪᠠᠶᠠᠯᠢᠭᠵᠢᠭᠤᠯᠪᠠ᠃ ᠮᠣᠩᠭᠣᠯ ᠮᠣᠷᠢ ᠵᠢᠨ ᠵᠣᠷᠢᠭ ᠰᠠᠨᠠᠭ᠎ᠠ ᠵᠢ ᠳᠠᠪᠲᠠᠨ ᠪᠣᠯᠪᠠᠰᠤᠷᠠᠭᠤᠯᠬᠤ ᠪᠠ ᠪᠠᠳᠠᠷᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠺᠠᠳ᠋ᠷ᠎ᠤᠨ ᠡᠩᠨᠡᠭᠡ ᠵᠢᠨ 《ᠲᠡᠰᠪᠦᠷᠢ ᠬᠠᠲᠠᠭᠤᠵᠢᠯᠲᠠᠢ ᠠᠵᠢᠯᠯᠠᠵᠤ᠂ ᠴᠤᠴᠠᠯᠲᠠ ᠦᠭᠡᠢ ᠤᠷᠤᠭᠰᠢᠯᠠᠬᠤ》 ᠬᠦᠴᠦᠷᠬᠡᠭ ᠶᠡᠬᠡ ᠬᠥᠳᠡᠯᠭᠡᠭᠴᠢ ᠬᠦᠴᠦᠨ᠎ᠢ ᠨᠢᠭᠲᠠᠷᠠᠭᠤᠯᠵᠠᠢ᠃ ᠲᠠᠯ᠎ᠠ ᠨᠤᠲᠤᠭ᠎ᠤᠨ ᠭᠠᠢ᠌ᠯᠢ ᠵᠢᠨ ᠲᠡᠦᠬᠡ ᠵᠢᠨ ᠦᠵᠡᠭᠦᠯᠭᠡ ᠵᠢᠨ ᠮᠦᠽᠧᠢ ᠵᠢ ᠪᠠᠢ᠌ᠭᠤᠯᠵᠤ᠂ ᠥᠪᠥᠷ ᠮᠣᠩᠭᠣᠯ᠎ᠤᠨ ᠲᠠᠯ᠎ᠠ ᠨᠤᠲᠤᠭ᠎ᠠᠴᠠ ᠬᠥᠪᠥᠷᠡᠭᠰᠡᠨ ᠭᠡᠷᠡᠯ ᠰᠠᠴᠤᠷᠠᠩᠭᠤᠢ ᠰᠣᠶᠣᠯ ᠪᠠ ᠲᠠᠯ᠎ᠠ ᠨᠤᠲᠤᠭ᠎ᠤᠨ ᠭᠠᠢ᠌ᠯᠢ ᠵᠢᠨ ᠬᠥᠭᠵᠢᠯᠲᠡ ᠵᠢᠨ ᠠᠬᠢᠴᠠ ᠵᠢ ᠲᠥᠪᠯᠡᠷᠡᠩᠭᠦᠢ ᠳᠡᠯᠭᠡᠨ ᠦᠵᠡᠭᠦᠯᠪᠡ᠃ ᠤᠷᠠᠨ ᠰᠠᠢ᠌ᠬᠠᠨ᠎ᠤ ᠬᠠᠷᠢᠭᠤ ᠮᠡᠳᠡᠭᠦᠯᠦᠯᠲᠡ ᠵᠢᠨ ᠲᠣᠭᠯᠠᠯᠲᠠ᠂ ᠠᠩᠬᠠᠳᠤᠭ᠋ᠠᠷ ᠬᠤᠭᠤᠴᠠᠭ᠋ᠠᠨ᠎ᠤ ᠠᠵᠢᠯᠲᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠰᠢᠷᠢᠰ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠶᠠᠪᠤᠭᠤᠯᠬᠤ ᠪᠠ ᠭᠠᠢ᠌ᠯᠢ ᠲᠠᠲᠠᠪᠤᠷᠢ ᠵᠢᠨ ᠬᠠᠤᠯᠢ ᠵᠢ ᠬᠡᠷᠡᠭᠵᠢᠭᠦᠯᠬᠦ ᠶᠡᠬᠡ ᠰᠢᠮᠳᠠᠭᠤᠯᠤᠨ ᠪᠠᠢ᠌ᠴᠠᠭ᠋ᠠᠯᠲᠠ ᠳᠤᠮᠳᠠ ᠢᠯᠡᠷᠡᠯ ᠵᠶ᠋ᠠᠷ ᠲᠣᠪᠣᠢ᠌ᠮ᠎ᠠ ᠬᠠᠮᠲᠤ ᠪᠠ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠵᠤ᠂ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠪᠡ᠃ ᠮᠠᠨ᠎ᠤ ᠴᠢᠷᠮᠠᠢ᠌ᠯᠭ᠎ᠠ ᠴᠤ᠌ ᠵᠣᠬᠢᠬᠤ ᠦᠷ᠎ᠡ ᠪᠦᠲᠦᠮᠵᠢ ᠣᠯᠵᠤ᠂ 2017 ᠣᠨ᠎ᠤ ᠡᠴᠦᠰ ᠪᠣᠯᠲᠠᠯ᠎ᠠ᠂ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ ᠪᠦᠬᠦ ᠤᠯᠤᠰ᠎ᠤᠨ ᠪᠣᠯᠪᠠᠰᠤᠨ ᠨᠢᠭᠡᠴᠢ 21᠂ ᠪᠦᠬᠦ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ ᠴᠢᠬᠡᠴᠢ ᠵᠠᠰᠠᠭ᠎ᠤᠨ ᠬᠥᠮᠥᠵᠢᠯ᠎ᠤᠨ ᠰᠠᠭᠤᠷᠢᠨ ᠭᠠᠵᠠᠷ 1᠂ ᠪᠦᠬᠦ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠰᠠᠭᠤᠷᠢᠨ ᠭᠠᠵᠠᠷ 1᠂ ᠪᠦᠬᠦ ᠣᠷᠣᠨ᠎ᠤ ᠪᠣᠯᠪᠠᠰᠤᠨ ᠨᠢᠭᠡᠴᠢ ᠵᠢᠨ ᠥᠯᠢᠭᠡᠷ ᠵᠢᠱ᠌ᠢᠶ᠎ᠡ 92᠂ ᠪᠦᠬᠦ ᠣᠷᠣᠨ᠎ᠤ ᠪᠣᠯᠪᠠᠰᠤᠨ ᠨᠢᠭᠡᠴᠢ 58 ᠵᠢ ᠴᠢᠷᠮᠠᠢ᠌ᠨ ᠡᠭᠦᠳᠴᠦ᠂ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ 139 ᠪᠠᠢ᠌ᠭᠤᠯᠭ᠎ᠠ ᠳᠣᠲᠣᠷ᠎ᠠ 132᠎ᠨᠢ ᠪᠦᠬᠦ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠨᠢᠭᠡᠴᠢ (ᠥᠯᠢᠭᠡᠷ ᠵᠢᠱ᠌ᠢᠶ᠎ᠡ) ᠵᠢᠨ ᠴᠣᠯᠠ ᠬᠦᠷᠲᠡᠨ᠂ 7 ᠨᠢᠭᠡᠴᠢ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠣᠯᠭᠣᠭᠰᠠᠨ 《ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ》 ᠵᠢᠨ ᠢᠷᠠᠭᠤ ᠠᠯᠳᠠᠷ᠎ᠤᠨ ᠴᠣᠯᠠ ᠬᠦᠷᠲᠡᠵᠦ᠂ ᠣᠶᠣᠨ᠎ᠤ ᠪᠣᠯᠪᠠᠰᠤᠨ᠎ᠤ ᠪᠠᠢ᠌ᠭᠤᠯᠤᠯᠲᠠ ᠨᠡᠯᠢᠶᠡᠳ ᠢᠯᠡᠷᠬᠡᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃
ᠬᠥᠲᠥᠯᠥᠭᠴᠢ᠄
2017 ᠣᠨ ᠪᠣᠯ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠭᠰᠠᠨ ᠵᠢᠯ ᠪᠣᠯᠣᠨ᠎ᠠ᠃ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠬᠡᠷᠬᠢᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ ᠲᠤᠬᠠᠢ ᠲᠠ ᠲᠠᠨᠢᠯᠴᠠᠭᠤᠯᠤᠭ᠋ᠠᠳ ᠥᠭᠭᠦᠨ᠎ᠡ ᠦᠦ?
ᠲᠠᠨ ᠾᠧᠩ᠄
ᠪᠣᠯᠣᠨ᠎ᠠ᠃ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠪᠠᠷ ᠣᠳᠣᠬᠠᠨ᠎ᠤ ᠪᠠ ᠡᠭᠦᠨ᠎ᠠᠴᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ᠂ ᠣᠯᠠᠨ ᠵᠦᠢ᠍ᠯ᠎ᠤᠨ ᠠᠴᠢᠶᠠᠯᠠᠭᠴᠢ ᠵᠢ ᠬᠡᠷᠡᠭᠯᠡᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠭᠰᠠᠨ ᠶᠤᠮ᠃ ᠨᠢᠭᠡ᠎ᠳᠤ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠤᠨ ᠭᠦᠨᠵᠡᠭᠡᠢ ᠰᠤᠷᠤᠯᠴᠠᠨ ᠣᠢ᠌ᠯᠠᠭ᠋ᠠᠪᠠ᠃ ᠪᠦᠬᠦ ᠺᠠᠳ᠋ᠷ ᠠᠵᠢᠯᠲᠠᠨ ᠵᠶ᠋ᠠᠨ ᠵᠣᠬᠢᠶᠠᠨ ᠪᠠᠢ᠌ᠭᠤᠯᠵᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠦᠪᠡᠳᠡᠭᠰᠢ ᠪᠠᠢ᠌ᠳᠠᠯ᠎ᠢ ᠬᠦᠯᠢᠶᠡᠨ ᠠᠪᠴᠤ ᠰᠣᠨᠣᠰᠤᠭᠰᠠᠨ ᠪᠠ ᠦᠵᠡᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ᠎ᠢ ᠰᠤᠷᠤᠯᠴᠠᠨ ᠰᠤᠳᠤᠯᠪᠠ; ᠶᠡᠷᠦᠩᠬᠡᠢ ᠱᠦᠵᠢ ᠰᠢ ᠵᠢᠨ ᠫᠢᠩ᠎ᠤᠨ 《ᠰᠤᠷᠤᠯᠴᠠᠨ ᠣᠢ᠌ᠯᠠᠭ᠋ᠠᠬᠤ》᠂ 《ᠨᠡᠪᠲᠡᠷᠡᠯ᠎ᠡ ᠤᠬᠠᠬᠤ》᠂ 《ᠪᠣᠳᠠᠲᠠᠢ᠎ᠪᠠᠷ ᠬᠢᠬᠦ》 6 ᠦᠰᠦᠭ᠎ᠤᠨ ᠱᠠᠭ᠋ᠠᠷᠳᠠᠯᠭ᠎ᠠ ᠪᠠ ᠨᠠᠮ᠎ᠤᠨ ᠲᠥᠪ ᠬᠣᠷᠢᠶᠠᠨ᠎ᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠱᠠᠭ᠋ᠠᠷᠳᠠᠯᠭ᠎ᠠ ᠶᠣᠰᠣᠭ᠋ᠠᠷ᠂ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠳᠠᠭ᠋ᠠᠭᠤᠯᠤᠨ ᠰᠤᠷᠤᠯᠴᠠᠬᠤ᠂ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠠᠴᠠ ᠲᠤᠭᠤᠰᠢᠲᠠᠢ ᠰᠤᠷᠤᠯᠴᠠᠬᠤ᠂ ᠰᠤᠳᠤᠯᠤᠨ ᠶᠠᠷᠢᠯᠴᠠᠬᠤ ᠠᠩᠭᠢ ᠡᠷᠬᠢᠯᠡᠵᠦ ᠭᠦᠨᠵᠡᠭᠡᠢ ᠰᠤᠷᠤᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠢᠰᠲ᠋ᠧᠮ᠎ᠲᠠᠢ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠭᠦᠨᠵᠡᠭᠡᠢ ᠰᠤᠷᠤᠯᠴᠠᠪᠠ᠃ ᠬᠣᠶᠠᠷ᠎ᠲᠤ᠂ ᠬᠥᠨᠳᠡᠯᠡᠨ ᠭᠤᠯᠳᠤ᠎ᠪᠠᠷ ᠬᠣᠯᠪᠣᠭ᠋ᠠᠯᠠᠨ ᠦᠢ᠍ᠯᠡᠳᠦᠯᠴᠡᠵᠦ ᠤᠬᠠᠭᠤᠯᠬᠤ ᠠᠵᠢᠯ᠎ᠢ ᠰᠠᠢ᠌ᠲᠤᠷ ᠬᠢᠵᠡᠢ᠃ ᠣᠷᠣᠨ ᠲᠣᠪᠴᠢᠶ᠎ᠠ ᠵᠢᠨ ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠤᠬᠠᠭᠤᠯᠪᠠ᠃ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ ᠤᠬᠠᠭᠤᠯᠬᠤ᠂ ᠬᠥᠮᠥᠵᠢᠭᠦᠯᠬᠦ᠂ ᠪᠣᠯᠪᠠᠰᠤᠷᠠᠭᠤᠯᠬᠤ ᠵᠡᠷᠭᠡ ᠠᠵᠢᠯ᠎ᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠡᠷᠢᠭᠦᠨ᠎ᠤ ᠲᠤᠷᠰᠢᠯᠭ᠎ᠠ᠂ ᠵᠢᠱ᠌ᠢᠶᠡᠴᠢ ᠦᠢ᠍ᠯᠡ ᠠᠵᠢᠯᠯᠠᠭ᠎ᠠ ᠵᠢ ᠴᠠᠭ ᠲᠤᠬᠠᠢᠳᠤᠨᠢ ᠳ᠋ᠦᠩᠨᠡᠨ ᠳᠡᠯᠭᠡᠷᠡᠭᠦᠯᠵᠦ᠂ ᠵᠥᠪ ᠴᠢᠭᠯᠡᠯ ᠵᠶ᠋ᠡᠷ ᠢᠳᠡᠪᠬᠢᠲᠡᠢ ᠬᠥᠲᠥᠯᠵᠦ᠂ ᠤᠷᠮᠠᠰᠢᠭᠤᠯᠤᠨ ᠵᠣᠷᠢᠭᠵᠢᠭᠤᠯᠬᠤ ᠲᠠᠯ᠎ᠠ᠎ᠪᠠᠷ ᠬᠦᠴᠦᠯᠡᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠵᠡᠯ ᠰᠠᠨᠠᠭ᠋ᠠᠨ᠎ᠳᠤ᠎ᠪᠠᠨ ᠰᠠᠭᠤᠷᠢᠯᠠᠭᠤᠯᠬᠤ᠂ ᠴᠢᠰᠤᠨ᠎ᠳᠤ᠎ᠪᠠᠨ ᠠᠭᠤᠰᠤᠭᠤᠯᠬᠤ᠂ ᠠᠵᠢᠯ᠎ᠳᠤ᠎ᠪᠠᠨ ᠨᠠᠢ᠌ᠳᠠᠪᠤᠷᠢᠵᠢᠭᠤᠯᠬᠤ᠂ ᠦᠷ᠎ᠡ ᠪᠦᠲᠦᠮᠵᠢ᠎ᠪᠠᠷ ᠵᠶ᠋ᠡᠨ ᠢᠯᠡᠷᠡᠭᠦᠯᠬᠦ ᠵᠢ ᠪᠠᠲᠤᠯᠠᠭᠰᠠᠨ ᠪᠠᠢ᠌ᠨ᠎ᠠ᠃
ᠬᠥᠲᠥᠯᠥᠭᠴᠢ᠄
ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠳᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠲᠤᠬᠠᠢ ᠰᠢᠨ᠎ᠡ ᠲᠣᠬᠢᠷᠠᠭᠤᠯᠤᠯᠲᠠ ᠪᠠ ᠰᠢᠨ᠎ᠡ ᠪᠠᠢ᠌ᠷᠢᠯᠠᠭᠤᠯᠤᠯᠲᠠ ᠬᠢᠭᠰᠡᠨ ᠪᠠᠢ᠌ᠨ᠎ᠠ᠃ ᠳᠣᠣᠷ᠎ᠠ ᠲᠠᠨ ᠲᠣᠪᠴᠢᠶᠠᠨ ᠳᠠᠷᠤᠭ᠎ᠠ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠡᠨᠡ ᠲᠠᠯ᠎ᠠ᠎ᠪᠠᠷ ᠶᠠᠭ᠋ᠠᠬᠢᠵᠤ ᠬᠢᠭᠰᠡᠨ ᠲᠤᠬᠠᠢ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
ᠲᠠᠨ ᠾᠧᠩ᠄
ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ ᠳᠡᠭᠡᠳᠦ ᠱᠠᠲᠤᠨ᠎ᠠᠴᠠ ᠳᠣᠣᠷᠠᠳᠤ ᠱᠠᠲᠤᠨ᠎ᠳᠤ ᠬᠦᠷᠲᠡᠯ᠎ᠡ ᠱᠠᠲᠤ ᠱᠠᠲᠤ᠎ᠪᠠᠷ ᠬᠠᠷᠢᠭᠤᠴᠠᠯᠭ᠎ᠠ ᠵᠢ ᠪᠣᠳᠠᠲᠠᠢ ᠲᠣᠬᠢᠷᠠᠭᠤᠯᠤᠭᠰᠠᠨ᠎ᠠᠴᠠ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠨ᠎ᠡ ᠪᠠᠢ᠌ᠷᠢᠯᠠᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃ ᠨᠢᠭᠡ᠎ᠳᠤ᠂ ᠨᠠᠮ᠎ᠤᠨ ᠪᠠᠢ᠌ᠭᠤᠯᠤᠯᠲᠠ ᠵᠢᠨ ᠡᠭᠦᠷᠭᠡ ᠬᠠᠷᠢᠭᠤᠴᠠᠯᠭ᠎ᠠ ᠵᠢ ᠨᠡᠢ᠌ᠯᠡᠭᠦᠯᠦᠨ ᠰᠢᠯᠢᠳᠡᠭᠵᠢᠭᠦᠯᠵᠡᠢ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ ᠬᠣᠯᠪᠣᠭ᠋ᠠᠯᠠᠨ ᠬᠥᠳᠡᠯᠦᠯᠴᠡᠵᠦ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ 136 ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠨᠠᠮ᠎ᠤᠨ ᠪᠠᠢ᠌ᠭᠤᠯᠤᠯᠲᠠ ᠵᠢᠨ ᠠᠯᠪᠠᠨ ᠭᠡᠷ᠎ᠤᠨ᠎ᠬᠢᠨ ᠪᠣᠳᠠᠲᠤ ᠴᠣᠭᠴᠠᠵᠢᠭᠰᠠᠨ ᠡᠷᠭᠢᠯᠲᠡ ᠵᠢ ᠬᠡᠷᠡᠭᠵᠢᠭᠦᠯᠦᠨ᠂ ᠨᠠᠮ᠎ᠤᠨ ᠠᠵᠢᠯ᠎ᠤᠨ ᠲᠤᠰᠬᠠᠢ ᠲᠤᠰᠢᠶᠠᠯᠲᠤ ᠺᠠᠳ᠋ᠷ᠎ᠢ ᠭᠦᠢ᠍ᠴᠡᠳ ᠰᠠᠢ᠌ᠲᠤᠷ ᠲᠣᠬᠢᠷᠠᠭᠤᠯᠵᠤ᠂ ᠳᠡᠭᠡᠳᠦ ᠱᠠᠲᠤᠨ᠎ᠠᠴᠠ ᠳᠣᠣᠷᠠᠳᠤ ᠱᠠᠲᠤᠨ᠎ᠳᠤ ᠬᠦᠷᠲᠡᠯ᠎ᠡ ᠪᠠᠢ᠌ᠭᠤᠯᠭ᠎ᠠ ᠵᠢᠨ ᠠᠵᠢᠯ᠎ᠢ ᠴᠢᠬᠤᠯᠠᠴᠢᠯᠠᠵᠤ ᠰᠢᠰᠲ᠋ᠧᠮ᠎ᠢ ᠠᠬᠢᠭᠤᠯᠬᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠪᠦᠷᠢᠯᠳᠦᠭᠦᠯᠵᠡᠢ᠃ 《ᠬᠣᠶᠠᠷ ᠬᠠᠷᠢᠭᠤᠴᠠᠯᠭ᠎ᠠ》 ᠵᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ ᠪᠠ 《ᠰᠢᠰᠲ᠋ᠧᠮ ᠵᠶ᠋ᠡᠷ ᠵᠶ᠋ᠡᠨ ᠢᠳᠡᠪᠬᠢᠲᠡᠢ ᠬᠥᠳᠡᠯᠦᠯᠴᠡᠵᠦ᠂ ᠨᠠᠮ᠎ᠤᠨ ᠤᠳᠤᠷᠢᠳᠤᠯᠭ᠎ᠠ᠎ᠪᠠᠷ ᠭᠣᠣᠯ ᠪᠣᠯᠭ᠋ᠠᠬᠤ》᠂ 《ᠳᠣᠷᠣᠭᠰᠢ ᠬᠣᠶᠠᠷ ᠱᠠᠲᠤ ᠵᠢ ᠠᠳᠬᠤᠵᠤ᠂ ᠨᠡᠩ ᠡᠷᠴᠢᠮ᠎ᠲᠠᠢ ᠪᠥᠭᠡᠳ ᠭᠦᠨᠵᠡᠭᠡᠢ ᠠᠳᠬᠤᠬᠤ》 ᠵᠡᠷᠭᠡ ᠨᠠᠮ᠎ᠤᠨ ᠪᠠᠢ᠌ᠭᠤᠯᠤᠯᠲᠠ ᠵᠢᠨ ᠰᠢᠨ᠎ᠡ ᠳᠦᠷᠢᠮ ᠰᠢᠨ᠎ᠡ ᠲᠣᠭᠲᠠᠴᠠ ᠵᠢᠨ ᠲᠤᠭᠤᠰᠢᠯᠠᠭᠤᠯᠤᠯᠲᠠ ᠬᠡᠷᠡᠭᠵᠢᠭᠦᠯᠦᠯᠲᠡ ᠵᠢ ᠴᠢᠩᠭ᠎ᠠ ᠠᠳᠬᠤᠨ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢᠨ 222 ᠵᠦᠢ᠍ᠯ᠎ᠤᠨ ᠠᠵᠢᠯ᠎ᠤᠨ ᠡᠭᠦᠷᠭᠡ ᠵᠢ ᠲᠣᠳᠣᠷᠬᠠᠢ ᠨᠠᠢ᠌ᠳᠠᠪᠤᠷᠢᠵᠢᠭᠤᠯᠤᠭᠰᠠᠨ ᠪᠠᠢ᠌ᠨ᠎ᠠ᠃ ᠬᠣᠶᠠᠷ᠎ᠲᠤ᠂ ᠤᠯᠤᠰ ᠲᠥᠷᠥ ᠦᠵᠡᠯ ᠰᠠᠨᠠᠭ᠋ᠠᠨ᠎ᠤ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠠᠢ᠃ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ 《ᠬᠣᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠰᠢᠭᠦᠨ ᠪᠣᠯᠬᠤ》 ᠰᠤᠷᠤᠯᠴᠠᠯᠭ᠎ᠠ ᠬᠥᠮᠥᠵᠢᠯ᠎ᠤᠨ ᠬᠡᠪᠰᠢᠵᠢᠭᠦᠯᠦᠯᠲᠡ ᠳᠦᠷᠢᠮᠵᠢᠭᠦᠯᠦᠯᠲᠡ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠵᠢ ᠯᠠᠪᠳᠠᠭᠤᠨ ᠪᠠᠲᠤᠲᠠᠢ ᠮᠥᠷᠲᠡᠭᠡᠨ ᠥᠨᠳᠥᠷ ᠪᠦᠲᠦᠮᠵᠢᠲᠡᠢ᠎ᠪᠠᠷ ᠠᠬᠢᠭᠤᠯᠵᠤ᠂ 《ᠳᠥᠷᠪᠡᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ 《ᠳᠥᠷᠪᠡᠨ ᠢᠲᠡᠭᠡᠯ》᠎ᠢ ᠴᠢᠩᠭ᠋ᠠᠷᠠᠭᠤᠯᠤᠨ᠂ 《ᠳᠥᠷᠪᠡᠨ ᠪᠠᠲᠤ ᠬᠦᠴᠦᠨ》 ᠵᠶ᠋ᠡᠨ ᠪᠠᠲᠤᠳᠬᠠᠵᠤ᠂ 《ᠳᠥᠷᠪᠡᠨ ᠲᠠᠯ᠎ᠠ᠎ᠪᠠᠷ ᠬᠢᠷᠢ ᠲᠡᠩᠴᠡᠭᠰᠡᠨ》 ᠨᠠᠮ᠎ᠤᠨ ᠭᠡᠰᠢᠭᠦᠨ ᠪᠣᠯᠬᠤ᠎ᠪᠠᠷ ᠴᠢᠷᠮᠠᠢ᠌ᠨ ᠲᠡᠮᠡᠴᠡᠪᠡ᠃ ᠤᠳᠤᠷᠢᠳᠬᠤ ᠺᠠᠳ᠋ᠷ᠎ᠤᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠪᠠᠢ᠌ᠴᠠᠭ᠋ᠠᠨ ᠰᠤᠳᠤᠯᠬᠤ ᠪᠠ ᠦᠨᠳᠦᠰᠦᠨ ᠱᠠᠲᠤ᠎ᠲᠠᠢ ᠰᠢᠭᠤᠳ ᠬᠠᠷᠢᠯᠴᠠᠬᠤ ᠳᠦᠷᠢᠮ᠎ᠢ ᠲᠡᠭᠦᠯᠳᠡᠷᠵᠢᠭᠦᠯᠵᠦ᠂ ᠺᠠᠳ᠋ᠷ᠎ᠤᠨ ᠪᠠᠷᠢᠮᠵᠢᠶ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠂ ᠤᠳᠤᠷᠢᠳᠬᠤ ᠪᠠᠭ᠎ᠤᠨ ᠪᠠᠢ᠌ᠭᠤᠯᠤᠯᠲᠠ ᠵᠢ ᠴᠢᠩᠭ᠋ᠠᠳᠬᠠᠵᠠᠢ᠃ ᠡᠯ᠎ᠡ ᠱᠠᠲᠤᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠ ᠡᠵᠡᠮᠳᠡᠬᠦ ᠦᠢ᠍ᠯᠡᠳᠦᠯ᠎ᠢ ᠴᠢᠩᠭ᠋ᠠᠷᠠᠭᠤᠯᠵᠤ᠂ ᠵᠠᠯᠠᠭᠤ ᠺᠠᠳ᠋ᠷᠴᠤᠳ᠎ᠤᠨ ᠠᠯᠢ ᠲᠦᠷᠭᠡᠨ ᠵᠶ᠋ᠡᠷ ᠬᠥᠭᠵᠢᠨ ᠳᠠᠪᠰᠢᠬᠤ᠎ᠳᠤ ᠢᠳᠡᠪᠬᠢᠲᠡᠢ᠎ᠪᠠᠷ ᠲᠠᠪᠴᠠᠩ ᠪᠠᠢ᠌ᠭᠤᠯᠬᠤ᠂ ᠨᠥᠬᠥᠴᠡᠯ ᠡᠭᠦᠳᠬᠦ ᠪᠠ ᠲᠣᠬᠢᠶᠠᠯ ᠬᠠᠩᠭ᠋ᠠᠵᠤ᠂ ᠬᠥᠮᠥᠨ ᠰᠣᠩᠭᠣᠨ ᠬᠥᠮᠥᠨ ᠬᠡᠷᠡᠭᠯᠡᠬᠦ ᠵᠢᠨ ᠢᠯᠡ ᠲᠣᠳᠣ ᠬᠡᠮᠵᠢᠶ᠎ᠡ ᠪᠠ ᠨᠡᠢ᠌ᠲᠡ ᠵᠢ ᠢᠲᠡᠭᠡᠭᠦᠯᠬᠦ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠵᠠᠢ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠎ᠪᠠᠷ ᠨᠠᠮ᠎ᠤᠨ ᠬᠢᠴᠢᠶᠡᠯ ᠣᠷᠣᠭᠤᠯᠬᠤ᠂ ᠲᠤᠰᠬᠠᠢ ᠮᠡᠷᠭᠡᠵᠢᠯᠲᠡᠨ ᠪᠠ ᠡᠷᠳᠡᠮᠲᠡᠨ᠎ᠪᠠᠷ ᠢᠯᠡᠳᠬᠡᠯ ᠬᠢᠯᠭᠡᠬᠦ ᠬᠡᠯᠪᠡᠷᠢ᠎ᠪᠠᠷ ᠳᠠᠮᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠥᠮᠥᠵᠢᠯ ᠪᠠ ᠬᠦᠰᠡᠯᠡᠩ ᠢᠲᠡᠭᠡᠯ ᠵᠣᠷᠢᠭ᠎ᠤᠨ ᠬᠥᠮᠥᠵᠢᠯ᠎ᠢ ᠦᠨᠡᠨ ᠬᠦ᠌ ᠴᠢᠩᠭ᠋ᠠᠳᠬᠠᠪᠠ᠃ ᠭᠤᠷᠪᠠ᠎ᠳᠤ᠂ ᠰᠠᠢ᠌ᠨ ᠰᠠᠢ᠌ᠬᠠᠨ ᠤᠯᠤᠰ ᠲᠥᠷᠥ ᠵᠢᠨ ᠠᠮᠢ ᠠᠬᠤᠢ ᠵᠢ ᠪᠦᠷᠢᠯᠳᠦᠭᠦᠯᠵᠡᠢ᠃ ᠤᠯᠤᠰ ᠲᠥᠷᠥ ᠵᠢᠨ ᠠᠮᠢ ᠠᠬᠤᠢ ᠵᠢᠨ ᠲᠤᠰᠬᠠᠢ ᠰᠡᠳᠦᠪᠲᠦ ᠰᠤᠳᠤᠯᠤᠯᠲᠠ ᠪᠠ ᠲᠤᠰᠬᠠᠢ ᠲᠥᠷᠥᠯ᠎ᠤᠨ ᠪᠠᠢ᠌ᠴᠠᠭ᠋ᠠᠯᠲᠠ ᠵᠢ ᠥᠷᠨᠢᠭᠦᠯᠵᠦ᠂ ᠤᠯᠤᠰ ᠲᠥᠷᠥ ᠵᠢᠨ ᠲᠣᠭᠣᠷᠢᠨ ᠪᠠᠢ᠌ᠴᠠᠭ᠋ᠠᠯᠲᠠ ᠵᠢ ᠭᠦᠨᠵᠡᠭᠡᠢ᠌ᠷᠡᠭᠦᠯᠪᠡ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠠᠵᠢᠯ᠎ᠢ ᠴᠢᠩᠭ᠋ᠠᠳᠬᠠᠨ᠂ ᠰᠡᠷᠡᠮᠵᠢᠯᠡᠭᠦᠯᠬᠦ ᠬᠥᠮᠥᠵᠢᠯ᠎ᠤᠨ ᠡᠷᠴᠢᠮ᠎ᠢ ᠴᠢᠩᠭ᠋ᠠᠷᠠᠭᠤᠯᠵᠤ᠂ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》᠂ 《ᠨᠢᠭᠡ ᠬᠡᠷᠡᠭ᠎ᠲᠤ ᠬᠣᠶᠠᠷ ᠪᠠᠢ᠌ᠴᠠᠭ᠋ᠠᠯᠲᠠ》 ᠵᠢ ᠬᠡᠷᠡᠭᠵᠢᠭᠦᠯᠵᠦ᠂ ᠬᠡᠪ ᠰᠤᠷᠲᠠᠯ ᠲᠥᠪ ᠭᠣᠣᠯᠴᠢ᠂ ᠵᠢᠷᠤᠮᠵᠢᠯ᠎ᠲᠠᠢ ᠮᠥᠷᠲᠡᠭᠡᠨ ᠡᠮᠬᠢ ᠵᠢᠷᠤᠮ᠎ᠲᠠᠢ ᠰᠠᠢ᠌ᠨ ᠰᠠᠢ᠌ᠨ ᠤᠯᠤᠰ ᠲᠥᠷᠥ ᠵᠢᠨ ᠠᠮᠢ ᠠᠬᠤᠢ ᠵᠢ ᠪᠣᠢ ᠪᠣᠯᠭ᠋ᠠᠵᠠᠢ᠃ ᠳᠣᠲᠣᠭ᠋ᠠᠳᠤ ᠡᠵᠡᠮᠳᠡᠯ᠎ᠤᠨ ᠲᠣᠭᠲᠠᠴᠠ ᠵᠢᠨ ᠪᠠᠢ᠌ᠭᠤᠯᠤᠯᠲᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠣᠲᠣᠭ᠋ᠠᠳᠤ ᠡᠵᠡᠮᠳᠡᠯ᠎ᠤᠨ ᠲᠠᠪᠴᠠᠩ᠎ᠢ ᠳᠡᠯᠭᠡᠷᠡᠭᠦᠯᠦᠨ᠂ 《ᠬᠣᠶᠠᠷ ᠡᠷᠬᠡ》᠎ᠳᠠᠬᠢ ᠬᠢᠨᠠᠯᠲᠠ ᠲᠠᠯᠪᠢᠯᠲᠠ ᠵᠢ ᠴᠢᠩᠭ᠎ᠠ ᠮᠥᠷᠲᠡᠭᠡᠨ ᠨᠠᠷᠢᠯᠢᠭ ᠴᠢᠩᠭ᠋ᠠᠷᠠᠭᠤᠯᠵᠤ᠂ 《ᠡᠷᠬᠡ》 ᠵᠢ ᠬᠠᠤᠯᠢ᠎ᠪᠠᠷ ᠵᠠᠰᠠᠬᠤ ᠵᠠᠮ ᠵᠶ᠋ᠠᠷ ᠬᠡᠷᠡᠭᠵᠢᠭᠦᠯᠬᠦ ᠵᠢ ᠪᠠᠲᠤᠯᠠᠭᠰᠠᠨ ᠪᠠᠢ᠌ᠨ᠎ᠠ᠃
ᠬᠥᠲᠥᠯᠥᠭᠴᠢ᠄
2017 ᠣᠨ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠶᠡᠬᠡ ᠬᠡᠮᠵᠢᠶᠡᠨ᠎ᠤ ᠠᠵᠢᠯ ᠬᠢᠭᠰᠡᠨ ᠪᠠᠢ᠌ᠨ᠎ᠠ᠃ 2018 ᠣᠨ ᠨᠢᠭᠡᠨᠲᠡ ᠬᠦᠷᠴᠦ ᠢᠷᠡᠪᠡ᠂ ᠰᠢᠨ᠎ᠡ ᠨᠢᠭᠡ ᠵᠢᠯ᠂ ᠳᠠᠷᠤᠢ 2018 ᠣᠨ᠎ᠤ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠭᠣᠣᠯᠳᠠᠯᠭ᠋ᠠᠲᠤ ᠠᠵᠢᠯ᠎ᠢ ᠲᠠ ᠥᠷᠭᠡᠨ ᠣᠯᠠᠨ ᠰᠦᠯᠵᠢᠶᠡᠨ᠎ᠤ ᠠᠨᠳᠠ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
ᠲᠠᠨ ᠾᠧᠩ᠄
2018 ᠣᠨ ᠪᠣᠯ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠡᠬᠢᠯᠡᠯᠲᠡ ᠵᠢᠨ ᠵᠢᠯ ᠪᠥᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠪᠣᠯᠣᠨ᠎ᠠ᠂ ᠮᠥᠨ ᠴᠤ᠌ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠰᠢᠢ᠍ᠳᠪᠦᠷᠢᠲᠦ ᠢᠯᠠᠯᠲᠠ ᠵᠢ ᠣᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠡᠮᠦᠨ᠎ᠡ ᠬᠣᠢ᠌ᠨᠠᠬᠢ ᠵᠢ ᠵᠠᠯᠭ᠋ᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃ ᠡᠨᠡ ᠬᠦ᠌ ᠴᠢᠬᠤᠯᠠ ᠴᠠᠭ ᠦᠶ᠎ᠡ᠎ᠳᠤ᠂ ᠥᠪᠥᠷ ᠮᠣᠩᠭᠣᠯ᠎ᠤᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠳᠣᠣᠷᠠᠬᠢ ᠠᠷᠪᠠᠨ ᠵᠦᠢ᠍ᠯ᠎ᠤᠨ ᠭᠣᠣᠯᠳᠠᠯᠭ᠋ᠠᠲᠤ ᠠᠵᠢᠯ᠎ᠢ ᠰᠠᠢ᠌ᠲᠤᠷ ᠬᠢᠬᠦ᠎ᠪᠠᠷ ᠪᠠᠢ᠌ᠨ᠎ᠠ᠃
ᠨᠢᠭᠡ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠎ᠠ᠃ ᠤᠬᠠᠮᠰᠠᠷ᠎ᠠᠴᠠ᠎ᠪᠠᠨ ᠰᠠᠨᠠᠭ᠋ᠠᠴᠢᠯᠠᠭ᠎ᠠ᠎ᠲᠠᠢ᠎ᠪᠠᠷ ᠦᠵᠡᠯ ᠰᠠᠨᠠᠭ᠎ᠠ᠎ᠪᠠᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠦᠭᠦᠯᠵᠦ᠂ ᠦᠢ᠍ᠯᠡ ᠠᠵᠢᠯᠯᠠᠭ᠎ᠠ᠎ᠪᠠᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠲᠣᠭᠲᠠᠭ᠋ᠠᠭᠰᠠᠨ ᠡᠯ᠎ᠡ ᠵᠦᠢ᠍ᠯ᠎ᠤᠨ ᠡᠭᠦᠷᠭᠡ᠎ᠲᠠᠢ ᠨᠢᠭᠡᠳᠦᠭᠦᠯᠦᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠡᠳᠬᠢᠯ᠎ᠳᠤ᠎ᠪᠠᠨ ᠰᠠᠭᠤᠭᠳᠠᠭᠤᠯᠤᠨ᠂ ᠠᠵᠢᠯᠯᠠᠭ᠎ᠠ᠎ᠳᠤ᠎ᠪᠠᠨ ᠦᠢ᠍ᠯᠡᠳᠦᠯᠭᠡᠵᠢᠭᠦᠯᠬᠦ ᠵᠢ ᠪᠠᠲᠤᠯᠠᠨ᠎ᠠ᠃
ᠬᠣᠶᠠᠷ᠎ᠲᠤ᠂ ᠵᠣᠬᠢᠶᠠᠨ ᠪᠠᠢ᠌ᠭᠤᠯᠤᠯᠲᠠ ᠵᠢᠨ ᠣᠷᠣᠯᠭ᠎ᠠ ᠵᠢᠨ ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠨ᠎ᠡ᠃ ᠭᠣᠣᠯ ᠪᠣᠯᠬᠤ ᠠᠵᠢᠯ ᠲᠥᠷᠥᠯ᠂ ᠠᠵᠤ ᠠᠬᠤᠢ᠌ᠯᠠᠯ᠂ ᠲᠥᠷᠥᠯ ᠵᠦᠢ᠍ᠯ᠎ᠤᠨ ᠪᠠᠢ᠌ᠳᠠᠯ᠎ᠢ ᠪᠠᠢ᠌ᠴᠠᠭ᠋ᠠᠨ ᠣᠢ᠌ᠯᠠᠭ᠋ᠠᠵᠤ ᠬᠡᠮᠵᠢᠨ ᠲᠣᠭ᠋ᠠᠴᠠᠬᠤ ᠵᠢ ᠴᠢᠩᠭ᠋ᠠᠷᠠᠭᠤᠯᠵᠤ᠂ ᠭᠣᠣᠯᠳᠠᠯᠭ᠎ᠠ᠎ᠲᠠᠢ ᠭᠠᠢ᠌ᠯᠢ ᠵᠢᠨ ᠢᠷᠡᠯᠲᠡ ᠵᠢ ᠬᠢᠨᠠᠨ ᠡᠵᠡᠮᠰᠢᠬᠦ ᠲᠣᠭᠲᠠᠴᠠ ᠵᠢ ᠲᠡᠭᠦᠯᠳᠡᠷᠵᠢᠭᠦᠯᠵᠦ᠂ ᠭᠠᠢ᠌ᠯᠢ ᠲᠠᠲᠠᠪᠤᠷᠢ ᠵᠢᠨ ᠲᠥᠰᠥᠭᠡᠯᠡᠬᠦ ᠵᠢᠨ ᠣᠨᠣᠪᠴᠢᠲᠤ ᠴᠢᠨᠠᠷ ᠪᠠ ᠣᠷᠣᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
ᠭᠤᠷᠪᠠ᠎ᠳᠤ᠂ ᠭᠠᠢ᠌ᠯᠢ ᠲᠠᠲᠠᠪᠤᠷᠢ ᠵᠢ ᠬᠠᠤᠯᠢ᠎ᠪᠠᠷ ᠵᠠᠰᠠᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠦᠨ᠎ᠡ᠃ ᠬᠠᠤᠯᠢ ᠶᠣᠰᠣᠭ᠋ᠠᠷ ᠭᠠᠢ᠌ᠯᠢ ᠵᠢ ᠵᠠᠰᠠᠬᠤ ᠱᠠᠭ᠋ᠠᠷᠳᠠᠯᠭ᠎ᠠ ᠪᠠ ᠭᠠᠢ᠌ᠯᠢ ᠲᠠᠲᠠᠪᠤᠷᠢ ᠵᠢᠨ ᠬᠠᠤᠯᠢ᠎ᠪᠠᠷ ᠲᠣᠭᠲᠠᠭ᠋ᠠᠭᠰᠠᠨ ᠵᠠᠷᠴᠢᠮ᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠭᠠᠢ᠌ᠯᠢ ᠵᠢᠨ ᠶᠠᠪᠤᠳᠠᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠵᠢᠯ᠎ᠤᠨ ᠳᠤᠮᠳᠠ ᠪᠠ ᠠᠵᠢᠯ᠎ᠤᠨ ᠳᠠᠷᠠᠭ᠋ᠠᠬᠢ ᠬᠠᠮᠢᠶᠠᠷᠤᠯᠲᠠ ᠪᠠ ᠴᠢᠬᠤᠯᠠ ᠶᠡᠬᠡ ᠲᠥᠷᠥ ᠵᠢᠨ ᠪᠣᠳᠣᠯᠭ᠎ᠠ᠂ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠂ ᠭᠠᠢ᠌ᠯᠢ᠎ᠳᠤ ᠬᠣᠯᠪᠣᠭᠳᠠᠬᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ᠎ᠢ ᠴᠢᠩᠭ᠋ᠠᠷᠠᠭᠤᠯᠤᠨ᠎ᠠ᠃
ᠳᠥᠷᠪᠡ᠎ᠳᠤ᠂ ᠭᠠᠢ᠌ᠯᠢ ᠲᠠᠲᠠᠪᠤᠷᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠶᠠᠪᠤᠭᠤᠯᠬᠤ ᠡᠯ᠎ᠡ ᠲᠠᠯ᠎ᠠ ᠵᠢᠨ ᠦᠢ᠍ᠯᠡᠴᠢᠯᠡᠭᠡ ᠪᠠ ᠬᠠᠮᠢᠶᠠᠷᠤᠯᠲᠠ ᠵᠢᠨ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠬᠡᠷᠡᠭᠯᠡᠭᠡᠨ᠎ᠤ ᠭᠠᠢ᠌ᠯᠢ᠂ ᠮᠠᠰᠢᠨ ᠲᠡᠷᠭᠡ ᠬᠤᠳᠠᠯᠳᠤᠨ ᠠᠪᠬᠤ ᠭᠠᠢ᠌ᠯᠢ᠂ ᠠᠵᠤ ᠠᠬᠤᠢ᠌ᠯᠠᠯ᠎ᠤᠨ ᠣᠯᠵᠠᠪᠤᠷᠢ ᠵᠢᠨ ᠭᠠᠢ᠌ᠯᠢ᠂ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠵᠢᠨ ᠭᠠᠢ᠌ᠯᠢ ᠲᠠᠲᠠᠪᠤᠷᠢ᠂ ᠣᠯᠠᠨ ᠤᠯᠤᠰ᠎ᠤᠨ ᠭᠠᠢ᠌ᠯᠢ ᠲᠠᠲᠠᠪᠤᠷᠢ ᠵᠡᠷᠭᠡ ᠲᠥᠷᠥ ᠵᠢᠨ ᠪᠣᠳᠣᠯᠭ᠎ᠠ ᠵᠢ ᠴᠢᠩᠳᠠ ᠨᠠᠢ᠌ᠳᠠᠪᠤᠷᠢᠵᠢᠭᠤᠯᠤᠨ᠎ᠠ᠂ ᠡᠯ᠎ᠡ ᠵᠦᠢ᠍ᠯ᠎ᠤᠨ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠭᠠᠢ᠌ᠯᠢ ᠬᠥᠩᠭᠡᠯᠡᠭᠰᠡᠨ ᠨᠡᠩ ᠶᠡᠬᠡ ᠦᠷ᠎ᠡ ᠨᠥᠯᠥᠭᠡ ᠵᠢ ᠦᠷᠭᠦᠯᠵᠢᠯᠡᠨ ᠢᠯᠡᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠰᠢᠨ᠎ᠡ ᠵᠢ ᠡᠭᠦᠳᠬᠦ ᠬᠥᠳᠡᠯᠭᠡᠭᠴᠢ ᠬᠦᠴᠦᠨ᠎ᠢ ᠴᠢᠩᠭ᠋ᠠᠷᠠᠭᠤᠯᠤᠨ᠎ᠠ᠃ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠎ᠪᠠᠷ ᠬᠦᠴᠦᠯᠡᠬᠦ ᠴᠡᠭ ᠪᠣᠯᠭ᠋ᠠᠵᠤ᠂ ᠤᠯᠤᠰ᠎ᠤᠨ ᠭᠠᠢ᠌ᠯᠢ᠂ ᠣᠷᠣᠨ ᠨᠤᠲᠤᠭ᠎ᠤᠨ ᠭᠠᠢ᠌ᠯᠢ ᠵᠢ ᠲᠠᠲᠠᠪᠤᠷᠢᠯᠠᠨ ᠬᠠᠮᠢᠶᠠᠷᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠭᠠᠢ᠌ᠯᠢ ᠲᠠᠲᠠᠪᠤᠷᠢ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠤᠨ᠎ᠠ᠃
ᠲᠠᠪᠤ᠎ᠳᠤ᠂ ᠭᠠᠢ᠌ᠯᠢ ᠲᠤᠰᠢᠶᠠᠬᠤ ᠦᠢ᠍ᠯᠡᠴᠢᠯᠡᠭᠡ ᠵᠢ ᠬᠦᠴᠦᠯᠡᠨ ᠰᠢᠯᠢᠳᠡᠭᠵᠢᠭᠦᠯᠦᠨ᠎ᠡ᠃ 《ᠠᠷᠠᠳ᠎ᠲᠤ ᠳᠥᠭᠥᠮ ᠦᠵᠡᠭᠦᠯᠬᠦ ᠭᠠᠢ᠌ᠯᠢ ᠭᠦᠢ᠍ᠴᠡᠳᠬᠡᠬᠦ ᠬᠠᠪᠤᠷ᠎ᠤᠨ ᠰᠠᠯᠬᠢᠨ᠎ᠤ ᠠᠵᠢᠯᠯᠠᠭ᠎ᠠ》 ᠵᠢᠨ ᠦᠷ᠎ᠡ ᠪᠦᠲᠦᠭᠡᠯ᠎ᠢ ᠪᠠᠲᠤᠳᠬᠠᠨ ᠭᠦᠨᠵᠡᠭᠡᠢ᠌ᠷᠡᠭᠦᠯᠵᠦ᠂ ᠭᠠᠢ᠌ᠯᠢ ᠭᠦᠢ᠍ᠴᠡᠳᠬᠡᠬᠦ ᠠᠵᠢᠯ ᠲᠥᠷᠥᠯ᠎ᠤᠨ 《ᠪᠦᠬᠦ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ》 ᠨᠠᠷᠢᠨ ᠳᠠᠩᠰᠠ ᠵᠢ ᠨᠠᠢ᠌ᠷᠠᠭᠤᠯᠤᠨ ᠵᠣᠬᠢᠶᠠᠵᠤ᠂ ᠪᠦᠬᠦ ᠤᠯᠤᠰ᠎ᠲᠤ ᠨᠡᠢ᠌ᠳᠡᠮ᠎ᠳᠤ᠎ᠨᠢ ᠭᠦᠢ᠍ᠴᠡᠳᠬᠡᠬᠦ ᠵᠢ ᠢᠳᠡᠪᠬᠢᠲᠡᠢ ᠬᠡᠷᠡᠭᠵᠢᠭᠦᠯᠵᠦ᠂ 《ᠬᠠᠮᠲᠤᠷᠠᠭᠰᠠᠨ ᠰᠦᠯᠵᠢᠶᠡᠨ ᠲᠠᠩᠬᠢᠮ》᠎ᠤᠨ ᠪᠦᠷᠬᠦᠴᠡ ᠪᠠ ᠥᠪᠡᠷ ᠵᠶ᠋ᠡᠨ ᠭᠠᠢ᠌ᠯᠢ ᠭᠦᠢ᠍ᠴᠡᠳᠬᠡᠬᠦ ᠬᠡᠪᠴᠢᠶ᠎ᠡ ᠵᠢ ᠥᠷᠭᠡᠳᠬᠡᠨ᠎ᠡ᠃ ᠭᠠᠢ᠌ᠯᠢ ᠭᠦᠢ᠍ᠴᠡᠳᠬᠡᠬᠦ ᠦᠢ᠍ᠯᠡᠴᠢᠯᠡᠭᠡ ᠵᠢᠨ ᠲᠠᠩᠬᠢᠮ᠎ᠤᠨ ᠲᠥᠷᠥᠯ ᠬᠤᠪᠢᠶᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠭᠠᠢ᠌ᠯᠢ ᠭᠦᠢ᠍ᠴᠡᠳᠬᠡᠬᠦ ᠴᠤᠪᠤᠷᠠᠯ᠎ᠢ ᠳᠥᠭᠥᠮᠴᠢᠯᠡᠨ᠂ ᠭᠠᠢ᠌ᠯᠢ ᠲᠤᠰᠢᠶᠠᠭᠴᠢᠳ᠎ᠤᠨ ᠳᠠᠷᠤᠭ᠋ᠠᠰᠤ ᠵᠢ ᠬᠥᠩᠭᠡᠯᠡᠨ᠎ᠡ᠃ 《ᠪᠠᠩᠬᠢ ᠭᠠᠢ᠌ᠯᠢ ᠵᠢᠨ ᠦᠢ᠍ᠯᠡᠳᠦᠯᠴᠡᠯ》᠎ᠤᠨ ᠠᠵᠢᠯᠯᠠᠭ᠎ᠠ ᠵᠢᠨ ᠬᠦᠷᠢᠶ᠎ᠡ ᠴᠠᠷᠠᠭ᠎ᠠ ᠪᠠ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠨᠡᠢ᠌ᠭᠡᠮ᠎ᠤᠨ ᠢᠲᠡᠭᠡᠮᠵᠢ ᠳᠤᠮᠳᠠᠬᠢ ᠭᠠᠢ᠌ᠯᠢ ᠲᠤᠰᠢᠶᠠᠬᠤ ᠢᠲᠡᠭᠡᠮᠵᠢ ᠵᠢᠨ ᠰᠠᠭᠤᠷᠢ ᠴᠢᠨᠠᠷᠲᠠᠢ ᠦᠢ᠍ᠯᠡᠳᠦᠯ᠎ᠢ ᠤᠯᠠᠮ ᠴᠢᠨᠠᠭᠰᠢᠳᠠ ᠴᠢᠩᠭ᠋ᠠᠷᠠᠭᠤᠯᠤᠨ᠎ᠠ᠃
ᠵᠢᠷᠭᠤᠭ᠎ᠠ᠎ᠳᠤ᠂ ᠭᠠᠢ᠌ᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠠᠷᠭ᠎ᠠ ᠮᠠᠶᠢᠭ ᠵᠶ᠋ᠠᠨ ᠬᠤᠪᠢᠷᠠᠭᠤᠯᠤᠨ᠎ᠠ᠃ ᠤᠯᠤᠰ᠎ᠤᠨ ᠪᠠ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ᠎ᠬᠢᠨ᠎ᠤ ᠬᠠᠮᠲᠤᠷᠠᠯᠴᠠᠭ᠎ᠠ ᠪᠠ ᠭᠠᠢ᠌ᠯᠢ ᠲᠤᠰᠢᠶᠠᠭᠴᠢ ᠵᠢ ᠲᠥᠷᠥᠯ ᠳᠡᠰ ᠬᠤᠪᠢᠶᠠᠬᠤ ᠬᠠᠮᠢᠶᠠᠷᠤᠯᠲᠠ ᠵᠢ ᠭᠦᠨᠵᠡᠭᠡᠢ᠌ᠷᠡᠭᠦᠯᠦᠨ᠎ᠡ᠃ ᠡᠯᠧᠺᠲᠷᠣᠨ ᠪᠠᠷᠢᠮᠲᠠ ᠵᠢ ᠲᠦᠷᠭᠡᠳᠬᠡᠨ ᠬᠡᠷᠡᠭᠵᠢᠭᠦᠯᠵᠦ᠂ ᠲᠠᠲᠠᠪᠤᠷᠢᠯᠠᠬᠤ ᠴᠡᠭ᠎ᠠᠴᠠ ᠳᠣᠷᠣᠭᠰᠢᠬᠢ ᠭᠠᠢ᠌ᠯᠢ ᠲᠤᠰᠢᠶᠠᠭᠴᠢ ᠵᠢ ᠪᠠᠷᠢᠮᠲᠠ ᠵᠢᠨ ᠰᠢᠨ᠎ᠡ ᠰᠢᠰᠲ᠋ᠧᠮ᠎ᠳᠤ ᠣᠷᠣᠭᠤᠯᠬᠤ ᠠᠵᠢᠯ᠎ᠢ ᠯᠠᠪᠳᠠᠭᠤᠨ ᠵᠶ᠋ᠠᠷ ᠰᠠᠢ᠌ᠲᠤᠷ ᠬᠢᠵᠦ᠂ ᠪᠠᠭ᠎ᠠ ᠬᠡᠪᠴᠢᠶᠡᠨ᠎ᠤ ᠭᠠᠢ᠌ᠯᠢ ᠲᠤᠰᠢᠶᠠᠭᠴᠢ ᠵᠢᠨ ᠥᠪᠡᠰᠦᠪᠡᠨ ᠲᠤᠰᠬᠠᠢ ᠪᠠᠷᠢᠮᠲᠠ ᠭᠠᠷᠭ᠋ᠠᠨ ᠠᠪᠬᠤ ᠠᠵᠢᠯ ᠲᠥᠷᠥᠯ᠎ᠤᠨ ᠬᠡᠪᠴᠢᠶ᠎ᠡ ᠵᠢ ᠡᠮᠬᠢ ᠵᠢᠷᠤᠮ᠎ᠲᠠᠢ᠎ᠪᠠᠷ ᠥᠷᠭᠡᠳᠬᠡᠨ᠎ᠡ᠃ 《ᠨᠢᠭᠡ ᠪᠦᠰᠡ ᠨᠢᠭᠡ ᠵᠠᠮ》᠎ᠳᠤ ᠦᠢ᠍ᠯᠡᠴᠢᠯᠡᠬᠦ ᠵᠢ ᠰᠠᠨᠠᠭ᠋ᠠᠴᠢᠯᠠᠬᠤ ᠡᠷᠴᠢᠮ᠎ᠢ ᠴᠢᠩᠭ᠋ᠠᠷᠠᠭᠤᠯᠵᠤ᠂ 《ᠭᠠᠳᠠᠭᠰᠢ ᠭᠠᠷᠬᠤ》 ᠭᠠᠢ᠌ᠯᠢ ᠲᠤᠰᠢᠶᠠᠭᠴᠢ ᠵᠢᠨ ᠲᠠᠰᠤᠷᠠᠯᠲᠠ ᠦᠭᠡᠢ ᠬᠥᠭᠵᠢᠵᠦ ᠪᠤᠵᠠᠭ᠋ᠠᠢ᠌ᠷᠠᠬᠤ ᠵᠢ ᠳᠡᠮᠵᠢᠨ ᠠᠬᠢᠭᠤᠯᠤᠨ᠎ᠠ᠃
ᠳᠣᠯᠣᠭ᠎ᠠ᠎ᠳᠤ᠂ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠠᠲᠤᠯᠠᠭ᠎ᠠ ᠵᠢ ᠲᠡᠭᠦᠯᠳᠡᠷᠵᠢᠭᠦᠯᠦᠨ᠎ᠡ᠃ 《ᠢᠨᠲ᠋ᠧᠷ ᠰᠦᠯᠵᠢᠶ᠎ᠡ + ᠭᠠᠢ᠌ᠯᠢ ᠵᠢᠨ ᠶᠠᠪᠤᠳᠠᠯ》᠎ᠤᠨ ᠠᠵᠢᠯᠯᠠᠭ᠎ᠠ ᠵᠢᠨ ᠲᠥᠯᠥᠪᠯᠡᠭᠡ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠭᠦᠨᠵᠡᠭᠡᠢ ᠬᠡᠷᠡᠭᠵᠢᠭᠦᠯᠵᠦ᠂ ᠭᠠᠢ᠌ᠯᠢ ᠲᠠᠲᠠᠪᠤᠷᠢ ᠵᠢᠨ ᠮᠡᠳᠡᠭᠡ ᠵᠠᠩᠭᠢᠴᠢᠯᠠᠯᠲᠠ ᠵᠢᠨ ᠪᠠᠢ᠌ᠭᠤᠯᠤᠯᠲᠠ ᠵᠢ ᠡᠷᠴᠢᠮᠵᠢᠭᠦᠯᠬᠦ ᠪᠠ ᠨᠢᠭᠡ ᠴᠣᠭᠴᠠᠵᠢᠭᠤᠯᠤᠨ ᠠᠬᠢᠭᠤᠯᠤᠨ᠎ᠠ᠃
ᠨᠠᠢ᠍ᠮᠠ᠎ᠳᠤ᠂ ᠦᠨᠳᠦᠰᠦᠨ ᠱᠠᠲᠤᠨ᠎ᠤ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠪᠦᠬᠦ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠰᠢᠰᠲ᠋ᠧᠮ᠎ᠤᠨ ᠦᠨᠳᠦᠰᠦᠨ ᠱᠠᠲᠤᠨ᠎ᠤ ᠪᠠᠢ᠌ᠭᠤᠯᠤᠯᠲᠠ ᠵᠢᠨ ᠲᠥᠰᠥᠯ᠎ᠢ ᠲᠡᠭᠦᠯᠳᠡᠷᠵᠢᠭᠦᠯᠵᠦ᠂ ᠮᠣᠩᠭᠣᠯ ᠮᠣᠷᠢ ᠵᠢᠨ ᠵᠣᠷᠢᠭ ᠰᠠᠨᠠᠭ᠎ᠠ ᠪᠠ ᠳᠤᠮᠳᠠᠳᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠣᠨᠴᠠᠯᠢᠭᠲᠤ ᠭᠠᠢ᠌ᠯᠢ ᠵᠢᠨ ᠶᠠᠪᠤᠳᠠᠯ᠎ᠤᠨ ᠰᠣᠶᠣᠯ ᠬᠢᠭᠡᠳ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠵᠤ᠂ ᠭᠠᠢ᠌ᠯᠢ ᠵᠢᠨ ᠶᠠᠪᠤᠳᠠᠯ᠎ᠤᠨ ᠰᠣᠶᠣᠯ᠎ᠤᠨ ᠪᠠᠢ᠌ᠭᠤᠯᠤᠯᠲᠠ ᠪᠠ ᠣᠶᠣᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠴᠢᠳᠠᠪᠤᠷᠢᠲᠠᠨ᠎ᠤ ᠬᠥᠮᠥᠵᠢᠯ᠎ᠢ ᠴᠢᠩᠭ᠋ᠠᠷᠠᠭᠤᠯᠤᠨ᠎ᠠ᠃
ᠶᠢᠰᠦ᠎ᠳᠤ᠂ ᠺᠠᠳ᠋ᠷ᠎ᠤᠨ ᠡᠩᠨᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠵᠠᠯᠠᠭᠤ ᠺᠠᠳ᠋ᠷ᠂ ᠡᠮᠡᠭᠲᠡᠢ ᠺᠠᠳ᠋ᠷ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ ᠪᠠ ᠨᠠᠮ᠎ᠤᠨ ᠭᠠᠳᠠᠨᠠᠬᠢ ᠺᠠᠳ᠋ᠷ᠎ᠤᠨ ᠬᠥᠮᠥᠵᠢᠭᠦᠯᠦᠯ ᠰᠢᠯᠢᠯᠲᠡ ᠵᠢ ᠴᠢᠩᠭ᠋ᠠᠳᠬᠠᠵᠤ᠂ ᠤᠳᠤᠷᠢᠳᠬᠤ ᠺᠠᠳ᠋ᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠭᠤᠯᠬᠤ ᠳᠦᠷᠢᠮ᠎ᠢ ᠶᠡᠬᠡ᠎ᠪᠠᠷ ᠬᠡᠷᠡᠭᠵᠢᠭᠦᠯᠵᠦ᠂ ᠴᠢᠩᠭ᠎ᠠ ᠬᠠᠮᠢᠶᠠᠷᠬᠤ ᠪᠠ ᠬᠠᠢ᠌ᠷᠠᠯᠠᠨ ᠬᠠᠷᠠᠭ᠋ᠠᠯᠵᠠᠬᠤ ᠵᠢ ᠤᠶᠠᠯᠳᠤᠭᠤᠯᠤᠨ᠂ ᠵᠣᠷᠢᠭᠵᠢᠭᠤᠯᠬᠤ ᠪᠠ ᠬᠢᠵᠠᠭ᠋ᠠᠷᠯᠠᠬᠤ ᠵᠢ ᠵᠡᠷᠭᠡ᠎ᠳᠤ᠎ᠨᠢ ᠴᠢᠬᠤᠯᠠᠴᠢᠯᠠᠵᠤ᠂ ᠦᠨᠳᠦᠰᠦᠨ ᠱᠠᠲᠤᠨ᠎ᠤ ᠺᠠᠳ᠋ᠷᠴᠤᠳ᠎ᠢ ᠬᠠᠷᠠᠭ᠋ᠠᠯᠵᠠᠨ ᠬᠠᠮᠠᠭ᠋ᠠᠯᠠᠨ᠎ᠠ᠃
ᠠᠷᠪᠠ᠎ᠳᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠬᠠᠮᠢᠶᠠᠷᠤᠨ ᠵᠠᠰᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠢ ᠨᠠᠷᠢᠨ ᠨᠢᠭᠲᠠ ᠵᠣᠬᠢᠶᠠᠨ ᠪᠠᠢ᠌ᠭᠤᠯᠤᠨ ᠥᠷᠨᠢᠭᠦᠯᠵᠦ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠲᠥᠪ ᠰᠤᠷᠲᠠᠯ᠎ᠢ ᠡᠷᠬᠢᠮᠯᠡᠨ ᠰᠠᠬᠢᠯᠭ᠎ᠠ ᠪᠠᠲᠤ ᠵᠢ ᠴᠢᠩᠭ᠋ᠠᠯᠠᠨᠠ᠃
ᠬᠥᠲᠥᠯᠥᠭᠴᠢ᠄
ᠵᠠ ᠰᠠᠢ᠌ᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠵᠢᠨ ᠬᠦᠯᠢᠴᠡᠩᠭᠦᠢ᠎ᠪᠠᠷ ᠲᠠᠢ᠌ᠯᠤᠮᠵᠢ ᠬᠢᠭᠰᠡᠨ᠎ᠳᠤ ᠮᠠᠰᠢ ᠪᠠᠶᠠᠷᠯᠠᠵᠤ ᠪᠠᠢ᠌ᠨ᠎ᠠ᠂ ᠴᠠᠭ᠎ᠤᠨ ᠬᠠᠷᠠᠭ᠎ᠠ᠎ᠠᠴᠠ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠨ ᠵᠣᠯᠭ᠋ᠠᠶ᠎ᠠ᠂ ᠪᠠᠶᠠᠷᠲᠠᠢ!