5 ᠳ᠋ᠤᠭ᠋ᠠᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠬᠣᠳᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠵᠠᠰᠠᠯᠲᠠ ᠵᠢ ᠴᠢᠩᠭ᠋ᠠᠷᠠᠭᠤᠯᠬᠤ ᠪᠠ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠦᠷᠦ ᠵᠢᠨ ᠪᠤᠳᠤᠯᠭ᠎ᠠ ᠵᠢᠨ ᠲᠤᠬᠠᠢ ᠵᠣᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠰᠣᠨᠢᠨ ᠮᠡᠳᠡᠭᠡ ᠨᠡᠶ᠋ᠢᠲᠡᠯᠡᠭᠴᠢ ᠹᠸᠡᠭ ᠬᠥᠬᠡ 《ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠤᠭᠰᠠᠨ ᠪᠦᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠦᠨᠳᠦᠰᠦᠨ ᠱᠠᠲᠤᠨ᠎ᠤ ᠵᠠᠰᠠᠭ᠎ᠤᠨ ᠡᠷᠬᠡ ᠪᠠ ᠨᠡᠶ᠋ᠢᠭᠡᠮ ᠲᠣᠭᠣᠷᠢᠭ᠎ᠤᠨ ᠪᠦᠳᠦᠭᠡᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠯᠢ ᠭᠦᠸᠸ ᠫᠢᠩ᠎ᠲᠠᠢ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃