
ᠰᠤᠷᠪᠤᠯᠵᠢᠯᠠᠭᠰᠠᠨ ᠴᠠᠭ᠄ 2018 ᠣᠨ᠎ᠤ 2 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠯᠢᠦ ᠶᠦᠩ ᡁᠢ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠪᠣᠷᠳᠣᠭ᠋ᠠᠨ᠎ᠤ ᠠᠮᠤᠷ ᠲᠦᠪᠰᠢᠨ᠎ᠨᠢ ᠵᠥᠪᠬᠡᠨ ᠠᠵᠤ ᠠᠬᠤᠢ ᠵᠢᠨ ᠠᠰᠠᠭᠤᠳᠠᠯ ᠪᠢᠰᠢ᠂ ᠮᠥᠨ ᠴᠤ᠌ ᠠᠷᠠᠳ᠎ᠤᠨ ᠠᠮᠢᠳᠤᠷᠠᠯ᠎ᠲᠠᠢ ᠬᠣᠯᠪᠣᠭᠳᠠᠬᠤ ᠲᠥᠪ ᠴᠢᠩᠭ᠎ᠠ ᠤᠯᠤᠰ ᠲᠥᠷᠥ ᠵᠢᠨ ᠠᠰᠠᠭᠤᠳᠠᠯ ᠪᠣᠯᠣᠨ᠎ᠠ᠃ ᠪᠣᠷᠳᠣᠭ᠎ᠠ ᠪᠣᠯ ᠠᠮᠢᠳᠤ ᠪᠣᠳᠠᠰᠴᠢ ᠴᠢᠨᠠᠷᠲᠠᠢ ᠢᠳᠡᠭᠡᠨ᠎ᠤ ᠡᠬᠢ ᠢᠷᠡᠯᠲᠡ ᠪᠠᠢ᠌ᠵᠤ᠂ ᠬᠥᠮᠥᠨ ᠲᠥᠷᠥᠯᠬᠢᠲᠡᠨ᠎ᠤ ᠡᠷᠡᠭᠦᠯ ᠮᠡᠨᠳᠦ᠎ᠲᠠᠢ ᠰᠢᠭᠤᠳ ᠬᠣᠯᠪᠣᠭᠳᠠᠬᠤ ᠪᠣᠯᠬᠣᠷ᠂ ᠪᠣᠷᠳᠣᠭ᠋ᠠᠨ᠎ᠤ ᠦᠢ᠍ᠯᠡᠳᠪᠦᠷᠢᠯᠡᠯ ᠪᠠ ᠪᠦᠲᠦᠭᠡᠭᠳᠡᠬᠦᠨ᠎ᠤ ᠶᠠᠰᠤ ᠴᠢᠨᠠᠷ᠎ᠤᠨ ᠰᠠᠢ᠌ᠨ ᠮᠠᠭᠤ ᠵᠢᠴᠢ ᠠᠮᠤᠷ ᠲᠦᠪᠰᠢᠨ ᠪᠠᠢ᠌ᠬᠤ ᠡᠰᠡᠬᠦ᠎ᠨᠢ ᠠᠮᠢ ᠠᠬᠤᠢ ᠵᠢᠨ ᠣᠷᠴᠢᠨ ᠲᠣᠭᠣᠷᠢᠨ᠎ᠤ ᠦᠷᠭᠦᠯᠵᠢᠯᠡᠬᠦᠢ᠌ᠴᠡ ᠬᠥᠭᠵᠢᠯᠲᠡ ᠪᠠ ᠬᠥᠮᠥᠨ ᠲᠥᠷᠥᠯᠬᠢᠲᠡᠨ᠎ᠤ ᠡᠷᠡᠭᠦᠯ ᠮᠡᠨᠳᠦ ᠵᠢ ᠰᠢᠭᠤᠳ ᠨᠥᠯᠥᠭᠡᠯᠡᠵᠦ ᠪᠠᠢ᠌ᠨ᠎ᠠ᠃ ᠪᠣᠷᠳᠣᠭ᠎ᠠ᠎ᠨᠢ ᠮᠠᠯ᠎ᠤᠨ ᠠᠰᠢᠭ ᠰᠢᠮ᠎ᠡ ᠵᠢᠨ ᠠᠮᠤᠷ ᠲᠦᠪᠰᠢᠨ᠎ᠤ ᠢᠨᠵᠧᠨᠧᠷᠢᠩ᠎ᠤᠨ ᠡᠬᠢ ᠢᠷᠡᠯᠲᠡ ᠪᠣᠯᠣᠭᠰᠠᠨ᠎ᠤ ᠬᠤᠪᠢ᠎ᠳᠤ᠂ ᠲᠡᠭᠦᠨ᠎ᠤ ᠠᠶᠤᠯ ᠦᠭᠡᠢ ᠴᠢᠨᠠᠷ᠎ᠢ ᠪᠠᠲᠤᠯᠠᠬᠤ ᠬᠡᠷᠡᠭᠲᠡᠢ᠃ ᠪᠣᠷᠳᠣᠭ᠋ᠠᠨ᠎ᠤ ᠠᠮᠤᠷ ᠲᠦᠪᠰᠢᠨ᠎ᠤ ᠤᠬᠠᠮᠰᠠᠷ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠬᠠᠮᠲᠤ᠂ ᠡᠷᠬᠡᠪᠰᠢ ᠰᠤᠭᠤᠴᠢᠬᠤ᠂ ᠪᠠᠢ᠌ᠴᠠᠭ᠋ᠠᠬᠤ᠂ ᠬᠢᠨᠠᠬᠤ᠂ ᠬᠠᠮᠢᠶᠠᠷᠬᠤ ᠡᠷᠴᠢᠮ ᠵᠶ᠋ᠡᠨ ᠴᠢᠩᠭ᠋ᠠᠷᠠᠭᠤᠯᠵᠤ᠂ ᠦᠢ᠍ᠯᠡᠳᠪᠦᠷᠢᠯᠡᠯ᠂ ᠪᠣᠯᠪᠠᠰᠤᠷᠠᠭᠤᠯᠤᠯᠲᠠ᠂ ᠬᠠᠳᠠᠭ᠋ᠠᠯᠠᠯᠲᠠ ᠵᠥᠭᠡᠭᠡᠪᠦᠷᠢᠯᠡᠯᠲᠡ᠂ ᠪᠠᠢ᠌ᠴᠠᠭ᠋ᠠᠯᠲᠠ ᠬᠡᠮᠵᠢᠯᠲᠡ᠂ ᠬᠡᠷᠡᠭᠯᠡᠭᠡ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠡᠯ᠎ᠡ ᠭᠣᠭᠴᠣᠭ᠎ᠠ᠎ᠳᠠᠬᠢ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠪᠣᠷᠳᠣᠭ᠋ᠠᠨ᠎ᠤ ᠳᠣᠲᠣᠷᠠᠬᠢ ᠴᠠᠭ᠋ᠠᠵᠠ᠎ᠠᠴᠠ ᠵᠥᠷᠢᠴᠡᠭᠰᠡᠨ ᠨᠡᠮᠡᠯᠲᠡ ᠪᠣᠳᠠᠰ᠎ᠲᠤ ᠲᠤᠰᠬᠠᠢ ᠵᠦᠢ᠍ᠯ᠎ᠤᠨ ᠴᠡᠭᠴᠡᠯᠡᠯᠲᠡ ᠵᠠᠰᠠᠯᠲᠠ ᠬᠢᠬᠦ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠮᠠᠯ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ ᠬᠡᠷᠡᠭᠲᠡᠢ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠭᠰᠡᠨ᠎ᠳᠤ ᠴᠢᠨᠢ ᠪᠠᠶᠠᠷᠯᠠᠯ᠎ᠠ᠃ ᠥᠨᠥᠳᠥᠷ᠎ᠤᠨ ᠮᠠᠨ᠎ᠤ ᠤᠷᠢᠵᠤ ᠠᠪᠴᠢᠷᠠᠭᠰᠠᠨ ᠵᠣᠴᠢᠨ ᠪᠣᠯ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠯᠢᠦ ᠶᠦᠩ ᡁᠢ ᠪᠣᠯᠣᠨ᠎ᠠ᠂ ᠯᠢᠦ ᠲᠢᠩᠬᠢᠮ᠎ᠤᠨ ᠳᠠᠷᠤᠭ᠎ᠠ ᠰᠦᠯᠵᠢᠶ᠎ᠡ᠎ᠪᠠᠷ ᠮᠠᠨ᠎ᠤ ᠣᠷᠣᠨ᠎ᠤ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠲᠤᠬᠠᠢ ᠰᠡᠳᠦᠪ ᠵᠶ᠋ᠡᠷ ᠣᠯᠠᠨ᠎ᠲᠠᠢ ᠰᠠᠨᠠᠯ ᠰᠣᠯᠢᠯᠴᠠᠬᠤ ᠵᠢᠨ ᠬᠠᠮᠲᠤ᠂ ᠰᠦᠯᠵᠢᠶ᠎ᠡ᠎ᠪᠠᠷ ᠣᠯᠠᠨ᠎ᠤ ᠠᠰᠠᠭᠤᠯᠲᠠ ᠵᠢ ᠬᠠᠷᠢᠭᠤᠯᠬᠤ᠎ᠪᠠᠷ ᠪᠣᠯᠣᠯ᠎ᠠ᠃ ᠯᠢᠦ ᠲᠢᠩᠬᠢᠮ᠎ᠤᠨ ᠳᠠᠷᠤᠭ᠎ᠠ ᠵᠢ ᠪᠠᠶᠠᠷᠯᠠᠨ ᠤᠭᠲᠤᠵᠤ ᠪᠠᠢ᠌ᠨ᠎ᠠ᠃
ᠯᠢᠦ ᠶᠦᠩ ᡁᠢ᠄
ᠬᠥᠲᠥᠯᠥᠭᠴᠢ ᠪᠠ ᠰᠦᠯᠵᠢᠶᠡᠨ᠎ᠤ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠡᠨᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠶ᠋ᠢᠨ᠎ᠠ᠃
ᠬᠥᠲᠥᠯᠥᠭᠴᠢ᠄
ᠡᠩ ᠲᠡᠷᠢᠭᠦᠨ᠎ᠳᠤ᠂ ᠲᠠ ᠮᠠᠯ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ᠎ᠳᠤ ᠦᠵᠡᠭᠦᠯᠬᠦ ᠪᠣᠷᠳᠣᠭ᠋ᠠᠨ᠎ᠤ ᠠᠮᠤᠷ ᠲᠦᠪᠰᠢᠨ᠎ᠤ ᠴᠢᠬᠤᠯᠠ ᠴᠢᠨᠠᠷ᠎ᠢ ᠶᠠᠷᠢᠭ᠋ᠠᠳ ᠥᠭᠭᠦᠨ᠎ᠡ ᠦᠦ?
ᠯᠢᠦ ᠶᠦᠩ ᡁᠢ᠄
ᠪᠣᠷᠳᠣᠭ᠎ᠠ᠎ᠨᠢ ᠮᠠᠯ ᠠᠵᠤ ᠠᠬᠤᠢ ᠵᠢᠨ ᠬᠥᠭᠵᠢᠯᠲᠡ ᠵᠢᠨ ᠪᠣᠳᠠᠰ᠎ᠤᠨ ᠰᠠᠭᠤᠷᠢ ᠪᠣᠯᠬᠤ ᠲᠡᠳᠦᠢ ᠦᠭᠡᠢ᠂ ᠮᠥᠨ ᠴᠤ᠌ ᠮᠠᠯ ᠠᠵᠤ ᠠᠬᠤᠢ ᠵᠢᠨ ᠬᠥᠭᠵᠢᠯᠲᠡ ᠵᠢᠨ ᠬᠥᠳᠡᠯᠭᠡᠭᠴᠢ ᠬᠦᠴᠦᠨ ᠪᠠ ᠪᠠᠲᠤ ᠴᠢᠩᠭ᠎ᠠ ᠲᠤᠯᠭ᠋ᠠᠭᠤᠷᠢᠯᠠᠯ ᠪᠣᠯᠣᠨ᠎ᠠ᠂ ᠨᠡᠩ ᠴᠤ᠌ ᠮᠠᠯ ᠠᠵᠤ ᠠᠬᠤᠢ ᠵᠢᠨ ᠰᠢᠰᠲ᠋ᠧᠮᠲᠦ ᠢᠨᠵᠧᠨᠧᠷᠢᠩ᠎ᠢ ᠪᠡᠶᠡᠯᠡᠭᠦᠯᠬᠦ ᠴᠢᠬᠤᠯᠠ ᠨᠥᠬᠥᠴᠡᠯ ᠪᠣᠯᠣᠨ᠎ᠠ᠃ ᠮᠠᠨ᠎ᠤ ᠣᠷᠣᠨ᠎ᠤ ᠮᠠᠯ ᠠᠵᠤ ᠠᠬᠤᠢ ᠵᠢᠨ ᠬᠥᠭᠵᠢᠯᠲᠡ ᠲᠦᠷᠭᠡᠨ ᠪᠠᠢ᠌ᠵᠤ᠂ ᠨᠢᠭᠡᠨᠲᠡ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠲᠤᠯᠭ᠋ᠠᠭᠤᠷᠢ ᠠᠵᠤ ᠦᠢ᠍ᠯᠡᠰ᠎ᠤᠨ ᠨᠢᠭᠡ᠎ᠨᠢ ᠪᠣᠯᠪᠠ᠃ ᠡᠢ᠌ᠮᠦ᠎ᠠᠴᠠ᠂ ᠮᠠᠯ ᠠᠵᠤ ᠠᠬᠤᠢ ᠵᠢᠨ ᠬᠥᠭᠵᠢᠯᠲᠡ ᠳᠤᠮᠳᠠ ᠪᠣᠷᠳᠣᠭ᠋ᠠᠨ᠎ᠤ ᠠᠵᠤ ᠦᠢ᠍ᠯᠡᠰ᠎ᠤᠨ ᠬᠥᠭᠵᠢᠯᠲᠡ᠎ᠨᠢ ᠨᠡᠩ ᠴᠢᠬᠤᠯᠠ ᠪᠣᠯᠵᠤ᠂ ᠪᠣᠷᠳᠣᠭ᠋ᠠᠨ᠎ᠤ ᠦᠢ᠍ᠯᠡᠳᠪᠦᠷᠢᠯᠡᠯ ᠪᠠ ᠪᠦᠲᠦᠭᠡᠭᠳᠡᠬᠦᠨ᠎ᠤ ᠶᠠᠰᠤ ᠴᠢᠨᠠᠷ᠎ᠤᠨ ᠰᠠᠢ᠌ᠨ ᠮᠠᠭᠤ ᠵᠢᠴᠢ ᠠᠮᠤᠷ ᠲᠦᠪᠰᠢᠨ ᠪᠠᠢ᠌ᠬᠤ ᠡᠰᠡᠬᠦ᠎ᠨᠢ ᠮᠠᠯ ᠵᠢᠭᠦᠷᠲᠡᠨ᠎ᠤ ᠬᠡᠪ᠎ᠤᠨ ᠪᠣᠢ᠌ᠵᠢᠯᠲᠠ᠂ ᠡᠷᠡᠭᠦᠯ ᠥᠰᠦᠯᠲᠡ᠂ ᠠᠮᠢ ᠠᠬᠤᠢ ᠵᠢᠨ ᠣᠷᠴᠢᠨ ᠲᠣᠭᠣᠷᠢᠨ᠎ᠤ ᠦᠷᠭᠦᠯᠵᠢᠯᠡᠬᠦᠢ᠌ᠴᠡ ᠬᠥᠭᠵᠢᠯᠲᠡ ᠪᠠ ᠬᠥᠮᠥᠨ ᠲᠥᠷᠥᠯᠬᠢᠲᠡᠨ᠎ᠤ ᠡᠷᠡᠭᠦᠯ ᠮᠡᠨᠳᠦ ᠵᠢ ᠰᠢᠭᠤᠳ ᠨᠥᠯᠥᠭᠡᠯᠡᠵᠦ ᠪᠠᠢ᠌ᠨ᠎ᠠ᠃ 《ᠠᠮᠤ ᠬᠦᠨᠡᠰᠦ ᠪᠣᠯ ᠢᠷᠭᠡᠳ᠎ᠤᠨ ᠠᠮᠢ ᠭᠣᠣᠯ᠂ ᠲᠡᠵᠢᠭᠡᠯ ᠪᠣᠷᠳᠣᠭ᠎ᠠ ᠪᠣᠯ ᠮᠠᠯ᠎ᠤᠨ ᠲᠡᠷᠢᠭᠦᠨ ᠬᠡᠷᠡᠭᠴᠡᠭᠡ》 ᠭᠡᠳᠡᠭ ᠵᠶ᠋ᠡᠷ᠂ ᠪᠣᠷᠳᠣᠭ᠎ᠠ ᠪᠣᠯ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠦᠴᠦᠨ᠎ᠢ ᠲᠣᠭᠲᠠᠭ᠋ᠠᠬᠤ ᠭᠣᠣᠯ ᠬᠦᠴᠦᠨ ᠵᠦᠢ᠍ᠯ ᠪᠠᠢ᠌ᠵᠤ᠂ ᠭᠠᠭᠴᠠ ᠬᠦ᠌ ᠭᠦᠢ᠍ᠴᠡᠳ ᠮᠥᠷᠲᠡᠭᠡᠨ ᠰᠢᠯᠢᠳᠡᠭ ᠴᠢᠨᠠᠷ᠎ᠲᠤ ᠪᠣᠷᠳᠣᠭ᠎ᠠ ᠪᠠᠢ᠌ᠮᠠᠨᠵᠢᠨ ᠰᠠᠶᠢ ᠮᠠᠯ ᠵᠢᠭᠦᠷᠲᠡᠨ᠎ᠤ ᠡᠷᠡᠭᠦᠯ ᠦᠷᠡᠵᠢᠯᠲᠡ ᠥᠰᠦᠯᠲᠡ ᠵᠢ ᠪᠠᠲᠤᠯᠠᠵᠤ᠂ ᠲᠠᠰᠤᠷᠠᠯᠲᠠ ᠦᠭᠡᠢ ᠡᠭᠦᠯᠳᠡᠷ ᠰᠠᠢ᠌ᠵᠢᠷᠠᠭᠤᠯᠵᠤ ᠪᠠᠢ᠌ᠭ᠎ᠠ ᠮᠠᠯ ᠵᠢᠭᠦᠷᠲᠡᠨ᠎ᠤ ᠲᠥᠷᠥᠯ᠎ᠤᠨ ᠲᠦᠷᠭᠡᠨ ᠥᠰᠦᠯᠲᠡ ᠵᠢᠨ ᠱᠠᠭ᠋ᠠᠷᠳᠠᠯᠭ᠎ᠠ ᠵᠢ ᠬᠠᠩᠭ᠋ᠠᠨ᠂ ᠮᠠᠯ ᠠᠵᠤ ᠠᠬᠤᠢ ᠵᠢᠨ 《ᠰᠢᠯᠢᠳᠡᠭ ᠴᠢᠨᠠᠷᠲᠠᠢ᠂ ᠥᠨᠳᠥᠷ ᠠᠰᠢᠭ ᠰᠢᠮ᠎ᠡ᠎ᠲᠠᠢ᠂ ᠥᠨᠳᠥᠷ ᠪᠦᠲᠦᠮᠵᠢ᠎ᠲᠠᠢ》 ᠬᠥᠭᠵᠢᠯᠲᠡ ᠵᠢ ᠪᠡᠶᠡᠯᠡᠭᠦᠯᠵᠦ ᠴᠢᠳᠠᠨ᠎ᠠ᠃ ᠡᠢ᠌ᠮᠦ᠎ᠠᠴᠠ᠂ ᠪᠣᠷᠳᠣᠭ᠋ᠠᠨ᠎ᠤ ᠠᠮᠤᠷ ᠲᠦᠪᠰᠢᠨ᠎ᠨᠢ ᠵᠥᠪᠬᠡᠨ ᠠᠵᠤ ᠠᠬᠤᠢ ᠵᠢᠨ ᠠᠰᠠᠭᠤᠳᠠᠯ ᠪᠢᠰᠢ᠂ ᠮᠥᠨ ᠴᠤ᠌ ᠠᠷᠠᠳ᠎ᠤᠨ ᠠᠮᠢᠳᠤᠷᠠᠯ᠎ᠲᠠᠢ ᠬᠣᠯᠪᠣᠭᠳᠠᠭᠰᠠᠨ ᠲᠥᠪ ᠴᠢᠩᠭ᠎ᠠ ᠤᠯᠤᠰ ᠲᠥᠷᠥ ᠵᠢᠨ ᠠᠰᠠᠭᠤᠳᠠᠯ ᠪᠣᠯᠣᠨ᠎ᠠ᠃
ᠯᠢᠦ ᠶᠦᠩ ᡁᠢ᠄
ᠮᠠᠨ᠎ᠤ ᠣᠷᠣᠨ᠎ᠤ ᠮᠠᠯ ᠠᠵᠤ ᠠᠬᠤᠢ ᠣᠯᠠᠨ ᠵᠢᠯ᠎ᠤᠨ ᠬᠥᠭᠵᠢᠯᠲᠡ᠎ᠪᠠᠷ ᠳᠠᠮᠵᠢᠭᠤᠯᠤᠨ᠂ ᠨᠢᠭᠡᠨᠲᠡ ᠮᠠᠰᠢ ᠴᠢᠩᠭ᠎ᠠ ᠦᠢ᠍ᠯᠡᠳᠪᠦᠷᠢᠯᠡᠯ᠎ᠤᠨ ᠴᠢᠳᠠᠪᠤᠷᠢ ᠵᠢ ᠪᠦᠷᠢᠯᠳᠦᠭᠦᠯᠵᠦ᠂ ᠬᠥᠭᠵᠢᠯᠲᠡ ᠵᠢᠨ ᠭᠣᠣᠯᠳᠠᠯᠭ᠎ᠠ᠎ᠪᠠᠨ ᠮᠠᠯ᠎ᠤᠨ ᠠᠰᠢᠭ ᠰᠢᠮ᠎ᠡ ᠵᠢᠨ ᠭᠠᠷᠤᠯᠲᠠ᠎ᠠᠴᠠ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠡᠢ᠌ᠰᠢ ᠬᠤᠪᠢᠷᠠᠭᠤᠯᠵᠤ᠂ ᠮᠠᠯ ᠠᠵᠤ ᠠᠬᠤᠢ ᠵᠢᠨ ᠦᠷᠭᠦᠯᠵᠢᠯᠡᠬᠦᠢ᠌ᠴᠡ ᠬᠥᠭᠵᠢᠯᠲᠡ ᠵᠢ ᠪᠡᠶᠡᠯᠡᠭᠦᠯᠪᠡ᠃ ᠪᠣᠷᠳᠣᠭ᠋ᠠᠨ᠎ᠤ ᠠᠵᠤ ᠦᠢ᠍ᠯᠡᠳᠪᠦᠷᠢ ᠶᠠᠭ ᠰᠠᠢ᠌ᠬᠠᠨ ᠠᠮᠤᠷ ᠲᠦᠪᠰᠢᠨᠵᠢᠭᠦᠯᠬᠦ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠴᠢᠭᠯᠡᠯ ᠵᠶ᠋ᠡᠷ ᠬᠥᠭᠵᠢᠵᠦ᠂ ᠢᠯᠠᠩᠭᠤᠶ᠎ᠠ ᠮᠠᠨ᠎ᠤ ᠣᠷᠣᠨ᠎ᠤ ᠳᠤᠷᠠᠳᠤᠭᠰᠠᠨ 《ᠬᠣᠨᠢ ᠵᠢᠨ ᠲᠣᠭ᠎ᠠ ᠲᠣᠯᠣᠭ᠋ᠠᠢ ᠵᠢ ᠲᠣᠭᠲᠠᠭᠤᠨ ᠪᠠᠢ᠌ᠯᠭ᠋ᠠᠵᠤ ᠦᠬᠡᠷ᠎ᠤᠨ ᠲᠣᠭ᠎ᠠ ᠲᠣᠯᠣᠭ᠋ᠠᠢ ᠵᠢ ᠨᠡᠮᠡᠭᠳᠡᠭᠦᠯᠦᠨ᠂ ᠭᠠᠬᠠᠢ ᠵᠢᠭᠦᠷᠲᠡᠨ ᠲᠡᠵᠢᠭᠡᠬᠦ ᠵᠢ ᠥᠷᠭᠡᠳᠬᠡᠬᠦ》 ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠶᠣᠰᠣᠭ᠋ᠠᠷ᠂ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠷᠳᠣᠭ᠋ᠠᠨ᠎ᠤ 《ᠴᠢᠨᠠᠷ》 ᠪᠠ 《ᠬᠡᠮᠵᠢᠶ᠎ᠡ》 ᠵᠢᠨ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢ᠌ᠨ᠎ᠠ᠃ ᠪᠣᠷᠳᠣᠭ᠋ᠠᠨ᠎ᠤ ᠠᠮᠤᠷ ᠲᠦᠪᠰᠢᠨ᠎ᠢ ᠰᠠᠢ᠌ᠲᠤᠷ ᠠᠳᠬᠤᠵᠤ᠂ ᠮᠠᠯ᠎ᠤᠨ ᠠᠰᠢᠭ ᠰᠢᠮ᠎ᠡ ᠵᠢᠨ ᠠᠮᠤᠷ ᠲᠦᠪᠰᠢᠨ᠎ᠢ ᠪᠠᠲᠤᠯᠠᠬᠤ᠎ᠨᠢ ᠨᠢᠭᠡᠨᠲᠡ ᠪᠣᠷᠳᠣᠭ᠋ᠠᠨ᠎ᠤ ᠠᠵᠤ ᠦᠢ᠍ᠯᠡᠳᠪᠦᠷᠢ ᠵᠢᠨ ᠲᠤᠯᠭ᠋ᠠᠮ᠎ᠠ ᠡᠭᠦᠷᠭᠡ ᠪᠣᠯᠣᠭᠰᠠᠨ ᠪᠠᠢ᠌ᠨ᠎ᠠ᠃ ᠡᠢ᠌ᠮᠦ᠎ᠠᠴᠠ᠂ ᠡᠭᠦᠨ᠎ᠠᠴᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ᠂ ᠮᠠᠨ᠎ᠤ ᠣᠷᠣᠨ᠎ᠤ ᠪᠣᠷᠳᠣᠭ᠋ᠠᠨ᠎ᠤ ᠠᠵᠢᠯ ᠲᠥᠷᠥᠯ᠎ᠤᠨ᠎ᠬᠢᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠰᠢᠬᠦ ᠵᠢ ᠪᠡᠶᠡᠯᠡᠭᠦᠯᠵᠦ᠂ ᠠᠮᠤᠷ ᠲᠦᠪᠰᠢᠨ᠎ᠢ ᠪᠠᠲᠤᠯᠠᠨ᠂ ᠬᠠᠩᠭ᠋ᠠᠯᠭ᠎ᠠ ᠵᠢ ᠪᠠᠲᠤᠯᠠᠵᠤ᠂ ᠬᠥᠭᠵᠢᠯᠲᠡ ᠵᠢ ᠪᠠᠲᠤᠯᠠᠵᠤ᠂ ᠪᠣᠷᠳᠣᠭ᠋ᠠᠨ᠎ᠤ ᠡᠬᠢ ᠪᠠᠶᠠᠯᠢᠭ᠎ᠢ ᠭᠦᠢ᠍ᠴᠡᠳ ᠨᠡᠭᠡᠭᠡᠨ ᠠᠰᠢᠭᠯᠠᠵᠤ᠂ ᠪᠣᠷᠳᠣᠭ᠋ᠠᠨ᠎ᠤ ᠠᠵᠢᠯ ᠲᠥᠷᠥᠯ᠎ᠤᠨ ᠣᠳᠣᠬᠢᠴᠢᠯᠠᠯᠲᠠ ᠵᠢ ᠬᠠᠮᠤᠭ ᠲᠦᠷᠦᠭᠦᠨ᠎ᠳᠤ ᠪᠡᠶᠡᠯᠡᠭᠦᠯᠵᠦ᠂ ᠪᠣᠷᠳᠣᠭ᠋ᠠᠨ᠎ᠤ ᠠᠵᠢᠯ ᠲᠥᠷᠥᠯ᠎ᠤᠨ ᠣᠳᠣᠬᠢᠴᠢᠯᠠᠯᠲᠠ᠎ᠪᠠᠷ ᠮᠠᠯ ᠠᠵᠤ ᠠᠬᠤᠢ ᠵᠢᠨ ᠣᠳᠣᠬᠢᠴᠢᠯᠠᠯᠲᠠ ᠵᠢ ᠠᠬᠢᠭᠤᠯᠤᠨ᠂ ᠮᠠᠯ ᠠᠵᠤ ᠠᠬᠤᠢ ᠵᠢᠨ ᠣᠳᠣᠬᠢᠴᠢᠯᠠᠯᠲᠠ᠎ᠪᠠᠷ ᠪᠣᠷᠳᠣᠭ᠋ᠠᠨ᠎ᠤ ᠠᠵᠢᠯ ᠲᠥᠷᠥᠯ᠎ᠤᠨ ᠶᠡᠬᠡ ᠬᠥᠭᠵᠢᠯᠲᠡ ᠵᠢ ᠳᠠᠢ᠌ᠴᠢᠯᠠᠬᠤ ᠬᠡᠷᠡᠭᠲᠡᠢ᠃ ᠮᠠᠨ᠎ᠤ ᠣᠷᠣᠨ᠎ᠤ ᠪᠣᠷᠳᠣᠭ᠋ᠠᠨ᠎ᠤ ᠠᠵᠢᠯ ᠲᠥᠷᠥᠯ᠎ᠤᠨ ᠲᠤᠰ ᠪᠡᠶ᠎ᠡ ᠵᠢᠨ ᠪᠠᠢ᠌ᠷᠢ ᠲᠣᠭᠲᠠᠭ᠋ᠠᠯᠲᠠ ᠵᠢ ᠢᠳᠡᠪᠬᠢᠲᠡᠢ ᠠᠬᠢᠭᠤᠯᠬᠤ ᠲᠠᠯ᠎ᠠ᠎ᠪᠠᠷ ᠭᠤᠷᠪᠠᠨ ᠬᠤᠪᠢᠷᠠᠯᠲᠠ ᠵᠢ ᠪᠡᠶᠡᠯᠡᠭᠦᠯᠬᠦ ᠬᠡᠷᠡᠭᠲᠡᠢ᠄ ᠰᠢᠯᠢᠳᠡᠭ ᠴᠢᠨᠠᠷ᠎ᠲᠤ ᠪᠣᠷᠳᠣᠭ᠋ᠠᠨ᠎ᠤ ᠪᠦᠲᠦᠭᠡᠭᠳᠡᠬᠦᠨ᠎ᠤ ᠬᠠᠩᠭ᠋ᠠᠭᠴᠢ᠎ᠠᠴᠠ ᠰᠢᠯᠢᠳᠡᠭ ᠴᠢᠨᠠᠷ᠎ᠲᠤ ᠮᠠᠯ᠎ᠤᠨ ᠠᠰᠢᠭ ᠰᠢᠮ᠎ᠡ ᠵᠢᠨ ᠬᠠᠩᠭ᠋ᠠᠭᠴᠢ ᠪᠣᠯᠭ᠋ᠠᠨ ᠬᠤᠪᠢᠷᠠᠭᠤᠯᠤᠨ᠎ᠠ; ᠠᠵᠤ ᠦᠢ᠍ᠯᠡᠰ᠎ᠤᠨ ᠬᠡᠯᠬᠢᠶ᠎ᠡ ᠵᠢᠨ ᠣᠷᠣᠯᠴᠠᠭᠴᠢ᠎ᠠᠴᠠ ᠠᠵᠤ ᠦᠢ᠍ᠯᠡᠰ᠎ᠤᠨ ᠬᠡᠯᠬᠢᠶ᠎ᠡ ᠵᠢᠨ ᠵᠣᠬᠢᠶᠠᠨ ᠪᠠᠢ᠌ᠭᠤᠯᠤᠭᠴᠢ ᠪᠣᠯᠭ᠋ᠠᠨ ᠬᠤᠪᠢᠷᠠᠭᠤᠯᠤᠨ᠎ᠠ; ᠡᠬᠢ ᠪᠠᠶᠠᠯᠢᠭ᠎ᠤᠨ ᠨᠡᠭᠡᠭᠡᠨ ᠠᠰᠢᠭᠯᠠᠭᠴᠢ᠎ᠠᠴᠠ ᠵᠦᠢ ᠶᠣᠰᠣᠨ᠎ᠤ ᠬᠥᠭᠵᠢᠯᠲᠡ ᠵᠢᠨ ᠲᠦᠯᠬᠢᠨ ᠠᠬᠢᠭᠤᠯᠤᠭᠴᠢ ᠪᠣᠯᠭ᠋ᠠᠨ ᠬᠤᠪᠢᠷᠠᠭᠤᠯᠤᠨ᠎ᠠ᠃ ᠡᠭᠦᠨ᠎ᠤ ᠬᠠᠮᠲᠤ ᠪᠣᠷᠳᠣᠭ᠎ᠠ ᠬᠢᠭᠡᠳ ᠮᠠᠯ᠎ᠤᠨ ᠠᠰᠢᠭ ᠰᠢᠮ᠎ᠡ ᠵᠢᠨ ᠠᠮᠤᠷ ᠲᠦᠪᠰᠢᠨ᠎ᠤ ᠤᠬᠠᠮᠰᠠᠷ᠎ᠢ ᠳᠡᠭᠡᠭᠰᠢᠯᠡᠭᠦᠯᠬᠦ ᠪᠠ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠦᠢ᠍ᠯᠡᠳᠪᠦᠷᠢᠯᠡᠯ᠂ ᠪᠣᠯᠪᠠᠰᠤᠷᠠᠭᠤᠯᠤᠯᠲᠠ᠂ ᠬᠠᠳᠠᠭ᠋ᠠᠯᠠᠯᠲᠠ ᠵᠥᠭᠡᠭᠡᠪᠦᠷᠢᠯᠡᠯᠲᠡ᠂ ᠪᠠᠢ᠌ᠴᠠᠭ᠋ᠠᠯᠲᠠ ᠬᠡᠮᠵᠢᠯᠲᠡ᠂ ᠬᠡᠷᠡᠭᠯᠡᠭᠡ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠡᠯ᠎ᠡ ᠭᠣᠭᠴᠣᠭ᠎ᠠ ᠵᠢᠨ ᠬᠠᠮᠢᠶᠠᠷᠤᠯᠲᠠ ᠡᠵᠡᠮᠳᠡᠯ ᠵᠶ᠋ᠡᠨ ᠴᠢᠩᠭ᠋ᠠᠳᠬᠠᠵᠤ᠂ ᠪᠣᠷᠳᠣᠭ᠋ᠠᠨ᠎ᠤ ᠳᠣᠲᠣᠷᠠᠬᠢ ᠴᠠᠭ᠋ᠠᠵᠠ᠎ᠠᠴᠠ ᠵᠥᠷᠢᠴᠡᠭᠰᠡᠨ ᠨᠡᠮᠡᠯᠲᠡ ᠪᠣᠳᠠᠰ᠎ᠲᠤ ᠲᠤᠰᠬᠠᠢ ᠵᠦᠢ᠍ᠯ᠎ᠤᠨ ᠴᠡᠭᠴᠡᠯᠡᠯᠲᠡ ᠵᠠᠰᠠᠯᠲᠠ ᠬᠢᠬᠦ ᠡᠷᠴᠢᠮ᠎ᠢ ᠴᠢᠩᠭ᠋ᠠᠷᠠᠭᠤᠯᠵᠤ᠂ ᠮᠠᠨ᠎ᠤ ᠣᠷᠣᠨ᠎ᠤ ᠮᠠᠯ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠵᠢ ᠪᠠᠲᠤᠯᠠᠬᠤ ᠬᠡᠷᠡᠭᠲᠡᠢ᠃
ᠬᠥᠲᠥᠯᠥᠭᠴᠢ᠄
ᠣᠳᠣᠬᠠᠨ᠎ᠳᠤ ᠮᠠᠨ᠎ᠤ ᠣᠷᠣᠨ᠎ᠤ ᠪᠣᠷᠳᠣᠭ᠋ᠠᠨ᠎ᠤ ᠦᠢ᠍ᠯᠡᠳᠪᠦᠷᠢᠯᠡᠯ ᠬᠢᠭᠡᠳ ᠪᠦᠲᠦᠭᠡᠭᠳᠡᠬᠦᠨ᠎ᠤ ᠪᠠᠢ᠌ᠳᠠᠯ ᠶᠠᠮᠠᠷ ᠪᠣᠢ?
ᠯᠢᠦ ᠶᠦᠩ ᡁᠢ᠄
ᠣᠢ᠌ᠷ᠎ᠠ ᠵᠢᠨ ᠵᠢᠯ᠎ᠤᠳ᠎ᠲᠤ᠂ ᠮᠠᠨ᠎ᠤ ᠣᠷᠣᠨ᠎ᠤ ᠪᠣᠷᠳᠣᠭ᠋ᠠᠨ᠎ᠤ ᠠᠵᠢᠯ᠎ᠨᠢ ᠠᠵᠢᠯ ᠲᠥᠷᠥᠯ᠎ᠤᠨ ᠬᠥᠭᠵᠢᠯᠲᠡ ᠵᠢ ᠠᠩᠬᠠᠷᠤᠨ ᠴᠢᠬᠤᠯᠠᠴᠢᠯᠠᠭᠰᠠᠨ ᠰᠠᠭᠤᠷᠢᠨ ᠳᠡᠭᠡᠷ᠎ᠡ᠂ ᠴᠠᠭ᠎ᠤᠨ ᠪᠠᠢ᠌ᠳᠠᠯ᠎ᠤᠨ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠢ᠌ᠴᠡᠭᠦᠯᠵᠦ᠂ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ᠎ᠲᠠᠢ᠂ ᠬᠠᠮᠲᠤ᠎ᠪᠠᠷ ᠬᠦᠷᠲᠡᠬᠦ ᠬᠥᠭᠵᠢᠯᠲᠡ ᠵᠢᠨ ᠣᠨᠣᠯᠵᠢᠬᠤᠨ᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ ᠲᠡᠵᠢᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠨᠳᠤᠰᠢ ᠰᠢᠨ᠎ᠡ ᠱᠠᠭ᠋ᠠᠷᠳᠠᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠯᠳᠤᠨ᠂ ᠬᠥᠭᠵᠢᠯᠲᠡ ᠵᠢᠨ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠎ᠪᠠᠷ ᠲᠥᠪ ᠪᠣᠯᠭ᠋ᠠᠵᠤ᠂ ᠣᠳᠣ ᠦᠶ᠎ᠡ ᠵᠢᠨ ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠰᠢᠰᠲ᠋ᠧᠮᠴᠢ ᠪᠠ ᠡᠵᠡᠩᠨᠡᠯᠲᠡ ᠵᠢᠨ ᠰᠢᠰᠲ᠋ᠧᠮᠴᠢ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠨ᠎ᠤ ᠣᠷᠣᠨ᠎ᠤ ᠮᠠᠯ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠪᠠᠢ᠌ᠳᠠᠯ᠃ ᠬᠠᠤᠯᠢ ᠴᠠᠭ᠋ᠠᠵᠠ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠬᠦ ᠠᠵᠢᠯᠯᠠᠭ᠎ᠠ ᠵᠢ ᠵᠢᠷᠤᠮᠵᠢᠭᠤᠯᠬᠤ᠎ᠪᠠᠷ ᠳᠠᠮᠵᠢᠭᠤᠯᠵᠤ᠂ ᠣᠳᠣ ᠪᠣᠯᠲᠠᠯ᠎ᠠ ᠨᠡᠢ᠌ᠲᠡ 368 ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠵᠦ᠂ ᠪᠦᠬᠦ ᠣᠷᠣᠨ᠎ᠳᠤ ᠵᠥᠪᠰᠢᠶᠡᠷᠡᠯ᠎ᠤᠨ ᠦᠨᠡᠮᠯᠡᠯ ᠣᠯᠣᠭᠰᠠᠨ ᠪᠣᠷᠳᠣᠭ᠎ᠠ ᠦᠢ᠍ᠯᠡᠳᠪᠦᠷᠢᠯᠡᠬᠦ ᠠᠵᠤ ᠠᠬᠤᠢ᠌ᠯᠠᠯ 340 ᠪᠠᠢ᠌ᠵᠤ᠂ ᠨᠢᠭᠡ ᠯᠡ ᠡᠭᠡᠯᠵᠢ ᠵᠢᠨ ᠪᠣᠯᠪᠠᠰᠤᠷᠠᠭᠤᠯᠬᠤ ᠴᠢᠳᠠᠪᠤᠷᠢ᠎ᠨᠢ 400 ᠲᠦᠮᠡ᠎ᠠᠴᠠ ᠳᠡᠭᠡᠭᠰᠢ ᠪᠠᠢ᠌ᠵᠤ᠂ ᠪᠣᠷᠳᠣᠭ᠎ᠠ ᠦᠢ᠍ᠯᠡᠳᠪᠦᠷᠢᠯᠡᠬᠦ ᠠᠵᠤ ᠠᠬᠤᠢ᠌ᠯᠠᠯ᠎ᠳᠤ ᠠᠵᠢᠯᠯᠠᠵᠤ ᠪᠠᠢ᠌ᠭ᠎ᠠ ᠬᠥᠮᠥᠨ᠎ᠤ ᠲᠣᠭ᠎ᠠ 1.5 ᠲᠦᠮᠡ ᠪᠣᠯᠵᠠᠢ᠃ ᠪᠠᠷᠤᠭᠴᠠᠭ᠋ᠠᠯᠠᠪᠠᠯ 2017 ᠣᠨ᠎ᠤ ᠪᠣᠷᠳᠣᠭ᠎ᠠ ᠦᠢ᠍ᠯᠡᠳᠪᠦᠷᠢᠯᠡᠭᠰᠡᠨ ᠶᠡᠷᠦᠩᠬᠡᠢ ᠬᠡᠮᠵᠢᠶ᠎ᠡ᠎ᠨᠢ 329 ᠲᠦᠮᠡ᠎ᠠᠴᠠ ᠳᠡᠭᠡᠭᠰᠢ ᠪᠠᠢ᠌ᠵᠤ᠂ ᠥᠩᠭᠡᠷᠡᠭᠰᠡᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 18.09%᠎ᠪᠠᠷ ᠨᠡᠮᠡᠭᠳᠡᠵᠡᠢ; ᠪᠦᠲᠦᠭᠡᠭᠳᠡᠬᠦᠨ᠎ᠤ ᠶᠡᠷᠦᠩᠬᠡᠢ ᠥᠷᠲᠡᠭ᠎ᠨᠢ 80 ᠳ᠋ᠦᠩᠰᠢᠭᠤᠷ ᠲᠥᠭᠥᠷᠢᠭ᠎ᠲᠤ ᠬᠦᠷᠴᠦ᠂ ᠥᠩᠭᠡᠷᠡᠭᠰᠡᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 6.09%᠎ᠪᠠᠷ ᠨᠡᠮᠡᠭᠳᠡᠵᠡᠢ᠃ ᠲᠡᠭᠦᠨ᠎ᠤ ᠳᠣᠲᠣᠷ᠎ᠠ ᠵᠥᠪᠬᠡᠨ ᠬᠡᠪᠢᠭᠴᠢ ᠮᠠᠯ᠎ᠤᠨ ᠪᠣᠷᠳᠣᠭ᠎ᠠ ᠵᠢᠨ ᠦᠢ᠍ᠯᠡᠳᠪᠦᠷᠢᠯᠡᠭᠰᠡᠨ ᠬᠡᠮᠵᠢᠶ᠎ᠡ᠎ᠨᠢ ᠪᠠᠷᠤᠭ 220 ᠲᠦᠮᠡᠨ ᠲᠣᠨ᠎ᠳᠤ ᠬᠦᠷᠴᠦ᠂ ᠶᠡᠷᠦᠩᠬᠡᠢ ᠦᠢ᠍ᠯᠡᠳᠪᠦᠷᠢᠯᠡᠭᠰᠡᠨ ᠬᠡᠮᠵᠢᠶᠡᠨ᠎ᠤ 66.87% ᠵᠢ ᠡᠵᠡᠯᠡᠨ᠂ ᠪᠦᠬᠦ ᠤᠯᠤᠰ᠎ᠤᠨ ᠬᠡᠪᠢᠭᠴᠢ ᠮᠠᠯ᠎ᠤᠨ ᠪᠣᠷᠳᠣᠭ᠋ᠠᠨ᠎ᠤ ᠦᠢ᠍ᠯᠡᠳᠪᠦᠷᠢᠯᠡᠭᠰᠡᠨ ᠬᠡᠮᠵᠢᠶ᠎ᠡ ᠵᠢᠨ 20%᠎ᠠᠴᠠ ᠳᠡᠭᠡᠭᠰᠢᠬᠢ ᠵᠢ ᠡᠵᠡᠯᠡᠪᠡ᠃ ᠵᠢᠯ᠎ᠤᠨ ᠪᠣᠳᠠᠲᠠᠢ ᠦᠢ᠍ᠯᠡᠳᠪᠦᠷᠢᠯᠡᠬᠦ ᠬᠡᠮᠵᠢᠶ᠎ᠡ᠎ᠨᠢ 5 ᠲᠦᠮᠡᠨ ᠲᠣᠨ᠎ᠠᠴᠠ ᠳᠡᠭᠡᠭᠰᠢᠬᠢ ᠠᠵᠤ ᠠᠬᠤᠢ᠌ᠯᠠᠯ 13 ᠪᠠᠢ᠌ᠵᠤ᠂ ᠦᠢ᠍ᠯᠡᠳᠪᠦᠷᠢᠯᠡᠭᠰᠡᠨ ᠬᠡᠮᠵᠢᠶ᠎ᠡ᠎ᠨᠢ ᠶᠡᠷᠦᠩᠬᠡᠢ ᠦᠢ᠍ᠯᠡᠳᠪᠦᠷᠢᠯᠡᠭᠰᠡᠨ ᠬᠡᠮᠵᠢᠶᠡᠨ᠎ᠤ 50% ᠵᠢ ᠡᠵᠡᠯᠡᠭᠰᠡᠨ ᠪᠠᠢ᠌ᠨ᠎ᠠ᠃
ᠯᠢᠦ ᠶᠦᠩ ᡁᠢ᠄
ᠪᠣᠷᠳᠣᠭ᠋ᠠᠨ᠎ᠤ ᠠᠮᠤᠷ ᠲᠦᠪᠰᠢᠨ᠎ᠤ ᠪᠠᠢ᠌ᠳᠠᠯ᠃ ᠪᠢᠳᠡ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠠᠰᠠᠭᠤᠳᠠᠯ᠎ᠢ ᠢᠯᠡᠷᠡᠭᠦᠯᠬᠦ ᠪᠣᠯ ᠠᠵᠢᠯ᠎ᠤᠨ ᠠᠮᠵᠢᠯᠲᠠ᠂ ᠳᠠᠯᠳᠠ ᠭᠡᠮ᠎ᠢ ᠠᠷᠢᠯᠭ᠋ᠠᠬᠤ ᠪᠣᠯ ᠵᠠᠰᠠᠭ᠎ᠤᠨ ᠠᠮᠵᠢᠯᠲᠠ》 ᠭᠡᠬᠦ ᠡᠭᠦᠷᠭᠡ ᠭᠦᠢ᠍ᠴᠡᠳᠬᠡᠬᠦ ᠰᠢᠨ᠎ᠡ ᠦᠵᠡᠯᠲᠡ ᠵᠢ ᠳᠤᠷᠠᠳᠴᠤ᠂ 《ᠪᠣᠷᠳᠣᠭ᠎ᠠ ᠪᠠ ᠪᠣᠷᠳᠣᠭ᠋ᠠᠨ᠎ᠤ ᠨᠡᠮᠡᠯᠲᠡ ᠡᠳ᠋᠎ᠤᠨ ᠬᠠᠮᠢᠶᠠᠷᠤᠯᠲᠠ ᠵᠢᠨ ᠳᠦᠷᠢᠮ》 ᠵᠶ᠋ᠡᠷ ᠦᠨᠳᠦᠰᠦᠯᠡᠯ ᠪᠣᠯᠭ᠋ᠠᠨ ᠬᠠᠤᠯᠢ ᠬᠡᠷᠡᠭᠵᠢᠭᠦᠯᠬᠦ ᠠᠵᠢᠯᠯᠠᠭ᠎ᠠ᠎ᠪᠠᠨ ᠵᠢᠷᠤᠮᠵᠢᠭᠤᠯᠵᠤ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠂ ᠪᠣᠷᠳᠣᠭ᠎ᠠ ᠦᠢ᠍ᠯᠡᠳᠪᠦᠷᠢᠯᠡᠬᠦ ᠠᠵᠤ ᠠᠬᠤᠢ᠌ᠯᠠᠯ᠂ ᠡᠵᠡᠩᠨᠡᠬᠦ ᠡᠭᠦᠳᠡᠨ ᠳᠡᠯᠭᠡᠭᠦᠷ᠎ᠳᠠᠬᠢ ᠪᠠᠢ᠌ᠴᠠᠭ᠋ᠠᠯᠲᠠ᠎ᠪᠠᠨ ᠪᠦᠬᠦᠨ᠎ᠢ ᠪᠦᠷᠬᠦᠭᠦᠯᠬᠦ ᠵᠢ ᠭᠦᠢ᠍ᠴᠡᠳᠬᠡᠪᠡ᠃ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠬᠤ ᠪᠠ ᠰᠤᠭᠤᠴᠢᠨ ᠪᠠᠢ᠌ᠴᠠᠭ᠋ᠠᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠵᠦ᠂ 12 ᠠᠢ᠌ᠮᠠᠭ ᠬᠣᠲᠠ ᠵᠢᠨ ᠬᠢᠨᠠᠨ ᠬᠡᠮᠵᠢᠬᠦ ᠠᠵᠢᠯ᠎ᠨᠢ ᠪᠦᠬᠦ ᠣᠷᠣᠨ᠎ᠤ ᠪᠣᠷᠳᠣᠭ᠎ᠠ ᠦᠢ᠍ᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠬᠣᠰᠢᠭᠤ ᠰᠢᠶᠠᠨ᠎ᠢ ᠪᠦᠷᠬᠦᠵᠦ᠂ ᠡᠯ᠎ᠡ ᠱᠠᠲᠤᠨ᠎ᠤ ᠪᠣᠷᠳᠣᠭ᠎ᠠ ᠬᠢᠨᠠᠨ ᠬᠡᠮᠵᠢᠬᠦ ᠪᠠᠢ᠌ᠭᠤᠯᠤᠮᠵᠢ᠎ᠨᠤᠭᠤᠳ ᠴᠢᠳᠠᠯ᠎ᠤᠨ ᠴᠢᠨᠡᠭᠡ᠎ᠪᠠᠷ ᠵᠶ᠋ᠡᠨ ᠠᠵᠢᠯᠯᠠᠵᠤ ᠪᠠᠢ᠌ᠨ᠎ᠠ᠃
2017 ᠣᠨ᠎ᠳᠤ ᠪᠣᠷᠳᠣᠭ᠋ᠠᠨ᠎ᠤ ᠡᠯ᠎ᠡ ᠱᠠᠲᠤᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠬᠢᠨᠠᠯᠲᠠ ᠬᠡᠮᠵᠢᠯᠲᠡ ᠪᠠ ᠡᠳᠦᠷ ᠲᠤᠲᠤᠮ᠎ᠤᠨ ᠬᠢᠨᠠᠨ ᠬᠠᠮᠢᠶᠠᠷᠤᠯᠲᠠ᠎ᠪᠠᠨ ᠬᠦᠴᠦᠯᠡᠨ ᠴᠢᠩᠭ᠋ᠠᠳᠬᠠᠭᠰᠠᠨ᠎ᠠᠴᠠ᠂ ᠪᠣᠷᠳᠣᠭ᠋ᠠᠨ᠎ᠤ ᠪᠦᠲᠦᠭᠡᠭᠳᠡᠬᠦᠨ᠎ᠤ ᠶᠠᠰᠤ ᠴᠢᠨᠠᠷ ᠲᠣᠭᠲᠠᠭᠤᠨ ᠮᠥᠷᠲᠡᠭᠡᠨ ᠠᠮᠤᠷ ᠲᠦᠪᠰᠢᠨ᠎ᠤ ᠪᠠᠢ᠌ᠳᠠᠯ ᠨᠡᠯᠢᠶᠡᠳ ᠰᠠᠢ᠌ᠨ ᠪᠠᠢ᠌ᠨ᠎ᠠ᠃ ᠡᠯ᠎ᠡ ᠲᠥᠷᠥᠯ᠎ᠤᠨ ᠪᠣᠷᠳᠣᠭ᠋ᠠᠨ᠎ᠤ ᠥᠯᠢᠭᠡᠷ ᠪᠦᠲᠦᠭᠡᠭᠳᠡᠬᠦᠨ ᠪᠠ ᠦᠬᠡᠷ ᠬᠣᠨᠢᠨ᠎ᠤ ᠰᠢᠭᠡᠰᠦᠨ᠎ᠤ ᠥᠯᠢᠭᠡᠷ᠎ᠲᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠡᠭᠦᠷᠭᠡ᠎ᠨᠢ ᠥᠩᠭᠡᠷᠡᠭᠰᠡᠨ᠎ᠤ 9155 ᠪᠦᠯᠦᠭ ᠤᠳᠠᠭ᠎ᠠ᠎ᠠᠴᠠ ᠨᠡᠮᠡᠭᠳᠡᠭᠡᠳ 15795 ᠪᠦᠯᠦᠭ ᠤᠳᠠᠭ᠎ᠠ᠎ᠳᠤ ᠬᠦᠷᠴᠦ᠂ ᠪᠣᠳᠠᠲᠠᠢ ᠰᠤᠭᠤᠴᠢᠨ ᠪᠠᠢ᠌ᠴᠠᠭ᠋ᠠᠭᠰᠠᠨ᠎ᠨᠢ 17931 ᠪᠦᠯᠦᠭ ᠤᠳᠠᠭ᠎ᠠ᠎ᠳᠤ ᠬᠦᠷᠴᠡᠢ᠃
ᠨᠢᠭᠡ᠎ᠳᠤ᠂ ᠡᠯ᠎ᠡ ᠲᠥᠷᠥᠯ᠎ᠤᠨ ᠪᠣᠷᠳᠣᠭ᠋ᠠᠨ᠎ᠤ ᠥᠯᠢᠭᠡᠷ ᠪᠦᠲᠦᠭᠡᠭᠳᠡᠬᠦᠨ᠎ᠳᠤ 3540 ᠪᠦᠯᠦᠭ ᠤᠳᠠᠭ᠎ᠠ ᠰᠤᠭᠤᠴᠢᠨ ᠪᠠᠢ᠌ᠴᠠᠭ᠋ᠠᠯᠲᠠ ᠬᠢᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ᠎ᠨᠢ 95.97%᠎ᠳᠤ ᠬᠦᠷᠪᠡ᠃ ᠲᠡᠭᠦᠨ᠎ᠤ ᠳᠣᠲᠣᠷ᠎ᠠ᠄ ᠪᠣᠷᠳᠣᠭ᠋ᠠᠨ᠎ᠤ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠳ ᠬᠢᠷᠢ ᠲᠡᠩᠴᠡᠭᠰᠡᠨ ᠨᠣᠷᠮ᠎ᠠ᠎ᠨᠢ 92.97%; ᠵᠥᠪᠰᠢᠶᠡᠷᠡᠯ᠎ᠤᠨ ᠦᠨᠡᠮᠯᠡᠯ ᠣᠯᠣᠭᠰᠠᠨ ᠪᠣᠷᠳᠣᠭ᠎ᠠ ᠦᠢ᠍ᠯᠡᠳᠪᠦᠷᠢᠯᠡᠬᠦ ᠠᠵᠤ ᠠᠬᠤᠢ᠌ᠯᠠᠯ᠎ᠳᠤ ᠪᠦᠬᠦ ᠬᠡᠪᠴᠢᠶᠡᠨ᠎ᠤ ᠬᠢᠨᠠᠯᠲᠠ ᠬᠢᠵᠦ ᠰᠤᠭᠤᠴᠢᠨ ᠪᠠᠢ᠌ᠴᠠᠭ᠋ᠠᠳ ᠬᠢᠷᠢ ᠲᠡᠩᠴᠡᠭᠰᠡᠨ ᠨᠣᠷᠮ᠎ᠠ᠎ᠨᠢ 92.99%; ᠲᠡᠵᠢᠭᠡᠨ ᠦᠷᠡᠵᠢᠭᠦᠯᠬᠦ ᠭᠣᠭᠴᠣᠭ᠎ᠠ ᠵᠢᠨ ᠪᠣᠷᠳᠣᠭ᠎ᠠ ᠵᠢᠨ ᠳᠣᠲᠣᠷᠠᠬᠢ ᠴᠠᠭ᠋ᠠᠵᠠ᠎ᠠᠴᠠ ᠵᠥᠷᠢᠴᠡᠭᠰᠡᠨ ᠨᠡᠮᠡᠯᠲᠡ ᠪᠣᠳᠠᠰᠲᠠᠬᠢ ᠬᠢᠨᠠᠯᠲᠠ ᠬᠡᠮᠵᠢᠯᠲᠡ ᠵᠡᠷᠭᠡ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 100%᠎ᠳᠤ ᠬᠦᠷᠦᠭᠰᠡᠨ ᠪᠠᠢ᠌ᠨ᠎ᠠ᠃
ᠬᠣᠶᠠᠷ᠎ᠲᠤ᠂ ᠬᠡᠷᠡᠭᠯᠡᠬᠦ ᠵᠢ ᠴᠠᠭ᠋ᠠᠵᠠᠯᠠᠭᠰᠠᠨ 《ᠬᠠᠷ᠎ᠠ ᠮᠢᠬᠠᠯᠠᠭᠤᠯᠬᠤ ᠬᠠᠨᠳᠠ》 ᠵᠢᠨ ᠲᠥᠷᠥᠯ᠎ᠤᠨ ᠪᠣᠳᠠᠰ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ 3110 ᠲᠡᠵᠢᠭᠡᠨ ᠦᠷᠡᠵᠢᠭᠦᠯᠬᠦ ᠲᠠᠯᠠᠪᠠᠢ (ᠡᠷᠦᠬᠡ)᠎ᠳᠤ ᠬᠢᠨᠠᠯᠲᠠ ᠬᠡᠮᠵᠢᠯᠲᠡ ᠪᠠ ᠰᠤᠭᠤᠴᠢᠨ ᠪᠠᠢ᠌ᠴᠠᠭ᠋ᠠᠯᠲᠠ ᠬᠢᠵᠦ᠂ ᠠᠮᠢᠲᠠᠨ᠎ᠤ ᠰᠢᠭᠡᠰᠦᠨ᠎ᠤ ᠥᠯᠢᠭᠡᠷ᠎ᠲᠤ 14391 ᠪᠦᠯᠦᠭ ᠤᠳᠠᠭ᠎ᠠ ᠰᠤᠭᠤᠴᠢᠨ ᠪᠠᠢ᠌ᠴᠠᠭ᠋ᠠᠯᠲᠠ ᠬᠢᠭᠰᠡᠨ᠎ᠳᠤ᠂ 《ᠬᠠᠷ᠎ᠠ ᠮᠢᠬᠠᠯᠠᠭᠤᠯᠬᠤ ᠬᠠᠨᠳᠠ》 ᠵᠡᠷᠭᠡ ᠴᠠᠭ᠋ᠠᠵᠠ᠎ᠠᠴᠠ ᠵᠥᠷᠢᠴᠡᠭᠰᠡᠨ ᠨᠡᠮᠡᠯᠲᠡ ᠪᠣᠳᠠᠰ᠎ᠢ ᠪᠠᠢ᠌ᠴᠠᠭ᠋ᠠᠵᠤ ᠣᠯᠣᠭᠰᠠᠨ ᠦᠭᠡᠢ᠃
ᠭᠤᠷᠪᠠ᠎ᠳᠤ᠂ ᠪᠣᠷᠳᠣᠭ᠋ᠠᠨ᠎ᠤ ᠭᠤᠷᠪᠠᠨ ᠱᠠᠲᠤᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ 《212》 ᠲᠣᠭᠣᠷᠢᠨ ᠪᠠᠢ᠌ᠴᠠᠭ᠋ᠠᠯᠲᠠ ᠵᠢᠨ ᠳᠦᠷᠢᠮ ᠶᠣᠰᠣᠭ᠋ᠠᠷ᠂ ᠪᠣᠷᠳᠣᠭ᠋ᠠᠨ᠎ᠤ ᠦᠢ᠍ᠯᠡᠳᠪᠦᠷᠢᠯᠡᠯ᠂ ᠬᠡᠷᠡᠭᠯᠡᠭᠡ ᠪᠠ ᠡᠵᠡᠩᠨᠡᠯᠲᠡ ᠵᠢᠨ ᠭᠣᠭᠴᠣᠭ᠎ᠠ᠎ᠳᠤ ᠪᠦᠬᠦ ᠬᠡᠪᠴᠢᠶ᠎ᠡ᠎ᠪᠠᠷ ᠪᠠᠢ᠌ᠴᠠᠭ᠋ᠠᠯᠲᠠ ᠬᠢᠵᠦ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠳᠤ᠎ᠪᠠᠨ 《ᠬᠡᠪᠰᠢᠵᠢᠭᠦᠯᠬᠦ᠂ ᠮᠥᠷᠳᠡᠨ ᠰᠤᠷᠠᠭᠯᠠᠬᠤ᠂ ᠨᠢᠭᠡᠳᠦᠭᠦᠯᠬᠦ》 ᠵᠠᠭᠪᠤᠷ᠎ᠢ ᠪᠦᠷᠢᠯᠳᠦᠭᠦᠯᠪᠡ᠃ ᠨᠡᠢ᠌ᠲᠡ 11628 ᠭᠠᠷᠤᠢ ᠤᠳᠠᠭ᠎ᠠ ᠲᠣᠭᠣᠷᠢᠨ ᠪᠠᠢ᠌ᠴᠠᠭ᠋ᠠᠵᠤ᠂ ᠰᠠᠷ᠎ᠠ ᠪᠦᠷᠢ ᠵᠢᠨ ᠲᠣᠭᠣᠷᠢᠨ ᠪᠠᠢ᠌ᠴᠠᠭ᠋ᠠᠯᠲᠠ᠎ᠨᠢ ᠲᠤᠰ ᠪᠦᠷᠢ 2 ᠤᠳᠠᠭ᠎ᠠ ᠪᠠ 1 ᠤᠳᠠᠭ᠎ᠠ᠎ᠠᠴᠠ ᠳᠡᠭᠡᠭᠰᠢ ᠪᠣᠯᠣᠭᠰᠠᠨ ᠪᠠᠢ᠌ᠨ᠎ᠠ᠃ ᠬᠢᠨᠠᠯᠲᠠ ᠬᠢᠬᠦ ᠪᠠ ᠬᠠᠤᠯᠢ ᠬᠡᠷᠡᠭᠵᠢᠭᠦᠯᠬᠦ ᠠᠵᠢᠯᠲᠠᠨ ᠨᠡᠢ᠌ᠲᠡ 13618 ᠬᠥᠮᠥᠨ (ᠤᠳᠠᠭ᠎ᠠ) ᠣᠷᠣᠯᠴᠠᠵᠤ᠂ ᠪᠣᠷᠳᠣᠭ᠎ᠠ ᠦᠢ᠍ᠯᠡᠳᠪᠦᠷᠢᠯᠡᠵᠦ ᠡᠵᠡᠩᠨᠡᠨ ᠬᠡᠷᠡᠭᠯᠡᠵᠦ ᠪᠠᠢ᠌ᠭ᠎ᠠ 4843 ᠠᠵᠤ ᠠᠬᠤᠢ᠌ᠯᠠᠯ᠎ᠳᠤ ᠪᠠᠢ᠌ᠴᠠᠭ᠋ᠠᠯᠲᠠ ᠬᠢᠵᠦ᠂ ᠵᠢᠷᠤᠮᠵᠢᠭᠤᠯᠤᠭᠰᠠᠨ ᠬᠢᠨᠠᠯᠲᠠ ᠬᠠᠮᠢᠶᠠᠷᠤᠯᠲᠠ ᠪᠠ ᠪᠠᠢ᠌ᠴᠠᠭ᠋ᠠᠯᠲᠠ ᠬᠡᠮᠵᠢᠯᠲᠡ᠎ᠪᠠᠷ ᠳᠠᠮᠵᠢᠭᠤᠯᠤᠨ᠂ ᠢᠳᠡᠪᠬᠢᠲᠡᠢ ᠮᠥᠷᠲᠡᠭᠡᠨ ᠰᠠᠨᠠᠭ᠋ᠠᠴᠢᠯᠠᠭ᠎ᠠ᠎ᠲᠠᠢ᠎ᠪᠠᠷ ᠠᠰᠠᠭᠤᠳᠠᠯ᠎ᠢ ᠢᠯᠡᠷᠡᠭᠦᠯᠦᠨ᠂ ᠭᠠᠵᠠᠷ ᠣᠷᠣᠨᠴᠢ ᠴᠢᠨᠠᠷᠲᠠᠢ᠂ ᠰᠢᠰᠲ᠋ᠧᠮᠴᠢ ᠴᠢᠨᠠᠷᠲᠠᠢ ᠠᠰᠠᠭᠤᠳᠠᠯ ᠭᠠᠷᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠵᠤ᠂ ᠪᠦᠲᠦᠮᠵᠢᠲᠡᠢ᠎ᠪᠠᠷ ᠪᠠᠢ᠌ᠴᠠᠭ᠋ᠠᠨ ᠴᠣᠬᠢᠯᠲᠠ ᠥᠭᠴᠦ ᠬᠣᠯᠪᠣᠭ᠋ᠠᠯᠠᠨ ᠬᠥᠳᠡᠯᠦᠯᠴᠡᠵᠦ ᠮᠠᠨ᠎ᠤ ᠣᠷᠣᠨ᠎ᠤ ᠪᠣᠷᠳᠣᠭ᠋ᠠᠨ᠎ᠤ ᠠᠮᠤᠷ ᠲᠦᠪᠰᠢᠨ᠎ᠢ ᠪᠠᠲᠤᠯᠠᠭ᠎ᠠ᠎ᠲᠠᠢ ᠪᠣᠯᠭ᠋ᠠᠭᠰᠠᠨ ᠪᠠᠢ᠌ᠨ᠎ᠠ᠃
ᠬᠥᠲᠥᠯᠥᠭᠴᠢ᠄
ᠵᠠᠬ᠎ᠠ ᠳᠡᠯᠭᠡᠭᠦᠷ᠎ᠲᠤ ᠵᠥᠪᠰᠢᠶᠡᠷᠡᠭᠦᠯᠦᠨ ᠣᠷᠣᠭᠤᠯᠬᠤ᠎ᠳᠤ ᠴᠢᠩᠭ᠎ᠠ ᠪᠠᠢ᠌ᠬᠤ ᠪᠣᠯ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠤᠷᠢᠳᠴᠢᠯᠠᠨ ᠬᠠᠮᠢᠶᠠᠷᠴᠤ ᠡᠵᠡᠮᠳᠡᠬᠦ ᠵᠢ ᠴᠢᠩᠭ᠋ᠠᠳᠬᠠᠬᠤ ᠵᠢᠨ ᠵᠠᠩᠭᠢᠯᠠᠭ᠎ᠠ ᠪᠣᠯᠣᠨ᠎ᠠ᠂ ᠡᠨᠡ ᠲᠠᠯ᠎ᠠ᠎ᠪᠠᠷ ᠮᠠᠨ᠎ᠤ ᠣᠷᠣᠨ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠢ?
ᠯᠢᠦ ᠶᠦᠩ ᡁᠢ᠄
ᠣᠢ᠌ᠷ᠎ᠠ ᠵᠢᠨ ᠬᠣᠶᠠᠷ ᠵᠢᠯ᠎ᠳᠤ᠂ ᠮᠠᠨ᠎ᠤ ᠣᠷᠣᠨ 《ᠪᠣᠷᠳᠣᠭ᠎ᠠ ᠪᠠ ᠪᠣᠷᠳᠣᠭ᠋ᠠᠨ᠎ᠤ ᠨᠡᠮᠡᠯᠲᠡ ᠡᠳ᠋᠎ᠤᠨ ᠬᠠᠮᠢᠶᠠᠷᠤᠯᠲᠠ ᠵᠢᠨ ᠳᠦᠷᠢᠮ》 ᠵᠶ᠋ᠡᠷ ᠦᠨᠳᠦᠰᠦᠯᠡᠯ ᠪᠣᠯᠭ᠋ᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠪᠠᠨ ᠵᠢᠷᠤᠮᠵᠢᠭᠤᠯᠤᠨ᠂ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠪᠠ᠃ ᠪᠣᠷᠳᠣᠭ᠋ᠠᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ ᠬᠠᠮᠢᠶᠠᠷᠤᠯᠲᠠ ᠵᠢᠨ ᠲᠠᠯ᠎ᠠ᠎ᠪᠠᠷ᠂ ᠪᠣᠷᠳᠣᠭ᠎ᠠ ᠪᠠ ᠪᠣᠷᠳᠣᠭ᠋ᠠᠨ᠎ᠤ ᠨᠡᠮᠡᠯᠲᠡ ᠡᠳ᠋᠎ᠤᠨ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠳᠦᠷᠢᠮ᠂ ᠵᠥᠪᠰᠢᠶᠡᠷᠡᠯ᠎ᠤᠨ ᠵᠦᠢ᠍ᠯᠡᠰ᠎ᠤᠨ ᠬᠤᠪᠢᠷᠠᠭᠤᠯᠤᠯᠲᠠ ᠵᠢ ᠬᠢᠨᠠᠨ ᠵᠥᠪᠰᠢᠶᠡᠷᠡᠬᠦ ᠳᠦᠷᠢᠮ᠂ ᠵᠥᠪᠰᠢᠶᠡᠷᠡᠬᠦ ᠪᠢᠴᠢᠭ᠎ᠤᠨ ᠳ᠋ᠤᠭ᠋ᠠᠷᠯᠠᠯ᠎ᠢ ᠬᠢᠨᠠᠨ ᠵᠥᠪᠰᠢᠶᠡᠷᠡᠬᠦ ᠳᠦᠷᠢᠮ᠂ ᠵᠢᠯ᠎ᠤᠨ ᠳᠠᠩᠰᠠᠯᠠᠨ ᠪᠦᠷᠢᠳᠬᠡᠬᠦ ᠵᠢᠴᠢ ᠨᠠᠢ᠌ᠳᠠᠨ ᠪᠣᠯᠪᠠᠰᠤᠷᠠᠭᠤᠯᠵᠤ ᠳᠠᠩᠰᠠᠯᠠᠨ ᠪᠦᠷᠢᠳᠬᠡᠬᠦ ᠬᠠᠮᠢᠶᠠᠷᠤᠯᠲᠠ ᠵᠢᠨ ᠳᠦᠷᠢᠮ᠎ᠢ ᠤᠯᠠᠮ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠪᠡ᠃ ᠨᠢᠭᠡ᠎ᠳᠤ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ ᠪᠠ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠴᠢᠩᠭ᠎ᠠ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠳᠦᠷᠢᠮ᠎ᠢ ᠲᠡᠭᠦᠯᠳᠡᠷᠵᠢᠭᠦᠯᠦᠨ᠂ ᠬᠢᠨᠠᠨ ᠲᠣᠭᠲᠠᠭ᠋ᠠᠬᠤ ᠰᠠᠬᠢᠯᠭ᠎ᠠ ᠪᠠᠲᠤ᠎ᠨᠢ ᠴᠢᠩᠭ᠎ᠠ ᠲᠣᠳᠣᠷᠬᠠᠢ᠂ ᠬᠢᠨᠠᠨ ᠲᠣᠭᠲᠠᠭ᠋ᠠᠬᠤ ᠪᠠᠷᠢᠮᠵᠢᠶ᠎ᠠ᠎ᠨᠢ ᠨᠢᠭᠡᠳᠦᠯᠲᠡᠢ ᠲᠤᠰᠬᠠᠢ ᠮᠡᠷᠭᠡᠵᠢᠯᠲᠡᠨ᠎ᠤ ᠬᠢᠨᠠᠨ ᠬᠠᠷᠭᠤᠭᠤᠯᠬᠤ ᠵᠥᠪᠯᠡᠯ ᠬᠢᠭᠡᠳ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠢ᠌ᠭᠤᠯᠤᠨ ᠪᠦᠷᠢᠨᠰᠢᠭᠦᠯᠵᠦ᠂ ᠲᠤᠰᠬᠠᠢ ᠮᠡᠷᠭᠡᠵᠢᠯᠲᠡᠨ᠎ᠢ ᠰᠤᠭᠤᠴᠢᠨ ᠰᠢᠯᠢᠬᠦ ᠪᠠ ᠵᠠᠢ᠌ᠯᠠᠰᠬᠢᠬᠦ ᠳᠦᠷᠢᠮ᠎ᠢ ᠬᠡᠷᠡᠭᠵᠢᠭᠦᠯᠦᠨ᠂ ᠲᠤᠰᠬᠠᠢ ᠮᠡᠷᠭᠡᠵᠢᠯᠲᠡᠨ᠎ᠤ ᠮᠡᠷᠭᠡᠵᠢᠯ ᠵᠶ᠋ᠡᠷ ᠡᠵᠡᠮᠳᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠠᠢ᠃ ᠬᠣᠶᠠᠷ᠎ᠲᠤ᠂ ᠪᠣᠷᠳᠣᠭ᠋ᠠᠨ᠎ᠤ ᠬᠠᠤᠯᠢ ᠲᠣᠭᠲᠠᠭ᠋ᠠᠯ ᠪᠠ ᠲᠠᠷᠢᠶᠠᠯᠠᠩ᠎ᠤᠨ ᠶᠠᠮᠤᠨ᠎ᠤ ᠲᠤᠬᠠᠢ ᠵᠢᠨ ᠲᠠᠯᠠᠪᠤᠷ᠎ᠲᠤ ᠬᠢᠨᠠᠨ ᠬᠠᠷᠭᠤᠭᠤᠯᠬᠤ ᠶᠡᠷᠦᠩᠬᠡᠢ᠌ᠯᠡᠭᠰᠡᠨ ᠬᠢᠨᠠᠨ ᠰᠢᠯᠭ᠋ᠠᠯᠲᠠ ᠵᠢᠨ ᠲᠣᠭᠲᠠᠭ᠋ᠠᠯ᠎ᠤᠨ ᠴᠢᠩᠭ᠎ᠠ ᠱᠠᠭ᠋ᠠᠷᠳᠠᠯᠭ᠎ᠠ ᠶᠣᠰᠣᠭ᠋ᠠᠷ᠂ ᠲᠥᠷᠥᠯ ᠵᠦᠢ᠍ᠯ ᠳᠠᠷᠠᠭ᠋ᠠᠯᠠᠨ ᠲᠣᠬᠠᠢ ᠵᠢᠨ ᠲᠠᠯᠠᠪᠤᠷ᠎ᠲᠤ ᠬᠢᠨᠠᠨ ᠬᠠᠷᠭᠤᠭᠤᠯᠤᠯᠲᠠ ᠬᠢᠵᠡᠢ᠃ ᠭᠤᠷᠪᠠ᠎ᠳᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠴᠢᠩᠭ᠋ᠠᠳᠬᠠᠬᠤ᠎ᠪᠠᠷ 《ᠳᠦᠷᠢᠮ》᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠬᠤ ᠴᠢᠬᠤᠯᠠ ᠠᠷᠭ᠎ᠠ ᠪᠠᠷᠢᠯ ᠪᠣᠯᠭ᠋ᠠᠬᠤ ᠵᠢ ᠪᠠᠷᠢᠮᠲᠠᠯᠠᠵᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠦᠢ᠍ᠯᠡᠳᠪᠦᠷᠢᠯᠡᠬᠦ ᠵᠥᠪᠰᠢᠶᠡᠷᠡᠯ᠎ᠳᠠᠬᠢ ᠣᠷᠣᠬᠤ ᠵᠢ ᠵᠥᠪᠰᠢᠶᠡᠷᠡᠬᠦ ᠪᠣᠭᠣᠮᠲᠠ ᠵᠢ ᠴᠢᠩᠭ᠎ᠠ ᠡᠵᠡᠮᠳᠡᠵᠡᠢ᠃ ᠪᠣᠷᠳᠣᠭ᠎ᠠ ᠪᠠ ᠪᠣᠷᠳᠣᠭ᠋ᠠᠨ᠎ᠤ ᠨᠡᠮᠡᠯᠲᠡ ᠡᠳ᠋᠎ᠢ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ᠎ᠤᠨ ᠭᠤᠶᠤᠴᠢᠯᠠᠨ ᠮᠡᠳᠡᠭᠦᠯᠬᠦ᠂ ᠬᠢᠨᠠᠨ ᠪᠠᠢ᠌ᠴᠠᠭ᠋ᠠᠬᠤ᠂ ᠬᠢᠨᠠᠨ ᠬᠠᠷᠭᠤᠭᠤᠯᠬᠤ ᠵᠡᠷᠭᠡ ᠶᠠᠪᠤᠴᠠ᠎ᠳᠤ ᠶᠠᠮᠠᠷ ᠴᠤ᠌ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠦᠭᠡᠢ ᠵᠢ ᠦᠨᠡᠨ ᠬᠦ᠌ ᠪᠠᠲᠤᠯᠠᠪᠠ᠃
ᠬᠥᠲᠥᠯᠥᠭᠴᠢ᠄
ᠬᠢᠨᠠᠯᠲᠠ ᠲᠠᠯᠪᠢᠵᠤ ᠪᠠᠢ᠌ᠴᠠᠭ᠋ᠠᠨ ᠬᠡᠮᠵᠢᠬᠦ ᠪᠣᠯ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠪᠣᠳᠠᠲᠠᠢ ᠬᠢᠨᠠᠯᠲᠠ ᠬᠠᠮᠢᠶᠠᠷᠤᠯᠲᠠ ᠵᠢᠨ ᠶᠠᠪᠤᠴᠠ᠎ᠳᠤ ᠬᠡᠷᠬᠢᠨ ᠨᠠᠢ᠌ᠳᠠᠪᠤᠷᠢᠵᠢᠭᠤᠯᠬᠤ ᠪᠣᠢ?
ᠯᠢᠦ ᠶᠦᠩ ᡁᠢ᠄
ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠬᠡᠮᠵᠢᠯᠲᠡ ᠵᠢᠨ ᠲᠠᠯ᠎ᠠ᠎ᠪᠠᠷ᠂ ᠳᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠬᠤ ᠲᠦᠭᠰᠢᠭᠦᠷᠢ ᠵᠢ ᠰᠡᠷᠡᠮᠵᠢᠯᠡᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠬᠦᠴᠦᠯᠡᠨ ᠴᠢᠩᠭ᠋ᠠᠳᠬᠠᠨ᠎ᠠ; ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠬᠢᠨᠠᠨ ᠬᠡᠮᠵᠢᠬᠦ ᠳᠦᠷᠢᠮ᠎ᠢ ᠪᠦᠷᠢᠨᠰᠢᠭᠦᠯᠵᠦ᠂ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠡᠳᠦᠷ ᠲᠤᠲᠤᠮ᠎ᠤᠨ ᠬᠢᠨᠠᠵᠤ ᠬᠡᠮᠵᠢᠬᠦ ᠠᠵᠢᠯ᠎ᠢ ᠲᠤᠭᠤᠰᠢᠲᠠᠢ ᠨᠠᠢ᠌ᠳᠠᠪᠤᠷᠢᠵᠢᠭᠤᠯᠬᠤ ᠵᠢ ᠬᠦᠴᠦᠯᠡᠨ ᠴᠢᠩᠭ᠋ᠠᠳᠬᠠᠨ᠎ᠠ᠃
ᠨᠢᠭᠡ᠎ᠳᠤ᠂ 《ᠪᠦᠬᠦᠨ᠎ᠢ ᠬᠠᠮᠤᠷᠬᠤ》 ᠬᠢᠨᠠᠯᠲᠠ ᠬᠡᠮᠵᠢᠯᠲᠡ ᠵᠢᠨ ᠠᠵᠢᠯᠯᠠᠭ᠎ᠠ ᠶᠠᠪᠤᠭᠤᠯᠵᠤ᠂ ᠪᠣᠷᠳᠣᠭ᠋ᠠᠨ᠎ᠤ ᠳᠣᠲᠣᠷ᠎ᠠ ᠬᠡᠷᠡᠭᠯᠡᠬᠦ ᠵᠢ ᠴᠠᠭ᠋ᠠᠵᠠᠯᠠᠭᠰᠠᠨ ᠪᠣᠳᠠᠰ᠂ ᠬᠡᠪᠢᠭᠴᠢ ᠠᠮᠢᠲᠠᠨ᠎ᠤ ᠪᠣᠷᠳᠣᠭ᠎ᠠ ᠳᠣᠲᠣᠷᠠᠬᠢ ᠦᠬᠡᠷ ᠬᠣᠨᠢᠨ᠎ᠤ ᠡᠬᠢ ᠢᠷᠡᠯᠲᠡ ᠵᠢᠨ ᠴᠢᠨᠠᠷᠲᠠᠢ ᠪᠦᠷᠢᠯᠳᠦᠬᠦᠨ ᠵᠡᠷᠭᠡ ᠠᠮᠤᠷ ᠲᠦᠪᠰᠢᠨ᠎ᠤ ᠴᠢᠨᠠᠷ᠎ᠲᠤ ᠭᠦᠢ᠍ᠴᠡᠳᠬᠡᠯ ᠲᠣᠭ᠎ᠠ ᠬᠢᠭᠡᠳ ᠪᠣᠷᠳᠣᠭ᠋ᠠᠨ᠎ᠤ ᠡᠷᠡᠭᠦᠯ ᠬᠠᠮᠠᠭ᠋ᠠᠯᠠᠯ᠎ᠤᠨ ᠭᠦᠢ᠍ᠴᠡᠳᠬᠡᠯ ᠲᠣᠭ᠋ᠠᠨ᠎ᠤ ᠬᠢᠨᠠᠯᠲᠠ ᠬᠡᠮᠵᠢᠯᠲᠡ ᠵᠢ ᠴᠢᠩᠭ᠋ᠠᠳᠬᠠᠵᠤ᠂ ᠬᠦᠨᠳᠦ ᠨᠣᠴᠢᠲᠠᠢ ᠬᠢᠷᠢ ᠲᠡᠩᠴᠡᠭᠰᠡᠨ ᠦᠭᠡᠢ ᠪᠦᠲᠦᠭᠡᠭᠳᠡᠬᠦᠨ ᠬᠢᠭᠡᠳ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠢ᠌ᠯᠠᠯ᠎ᠳᠤ 《ᠬᠠᠷ᠎ᠠ ᠳᠠᠩᠰᠠ》 ᠵᠢᠨ ᠳᠦᠷᠢᠮ᠎ᠢ ᠬᠡᠷᠡᠭᠵᠢᠭᠦᠯᠪᠡ᠃ ᠡᠯ᠎ᠡ ᠲᠥᠷᠥᠯ᠎ᠤᠨ ᠪᠣᠷᠳᠣᠭ᠋ᠠᠨ᠎ᠤ ᠥᠯᠢᠭᠡᠷ ᠪᠦᠲᠦᠭᠡᠭᠳᠡᠬᠦᠨ ᠪᠠ ᠦᠬᠡᠷ ᠬᠣᠨᠢᠨ᠎ᠤ ᠰᠢᠭᠡᠰᠦᠨ᠎ᠤ ᠥᠯᠢᠭᠡᠷ᠎ᠲᠤ ᠬᠢᠬᠦ ᠬᠢᠨᠠᠨ ᠬᠡᠮᠵᠢᠯᠲᠡ ᠪᠠ ᠰᠤᠭᠤᠴᠢᠨ ᠪᠠᠢ᠌ᠴᠠᠭ᠋ᠠᠯᠲᠠ᠎ᠨᠢ 15000 ᠪᠦᠯᠦᠭ ᠤᠳᠠᠭ᠎ᠠ᠎ᠠᠴᠠ ᠳᠡᠭᠡᠭᠰᠢ ᠪᠠᠢ᠌ᠬᠤ ᠬᠡᠷᠡᠭᠲᠡᠢ᠃
ᠬᠣᠶᠠᠷ᠎ᠲᠤ᠂ ᠳᠠᠯᠳᠠ ᠭᠡᠮ᠎ᠤᠨ ᠵᠢᠭᠰᠠᠭ᠋ᠠᠨ ᠪᠠᠢ᠌ᠴᠠᠭ᠋ᠠᠯᠲᠠ ᠪᠠ ᠲᠦᠭᠰᠢᠭᠦᠷᠢ ᠵᠢᠨ ᠬᠢᠨᠠᠨ ᠬᠡᠮᠵᠢᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠣᠷᠳᠣᠭ᠎ᠠ ᠵᠢ ᠬᠡᠷᠡᠭᠯᠡᠬᠦ ᠭᠣᠭᠴᠣᠭ᠎ᠠ᠎ᠳᠤ ᠬᠢᠨᠠᠯᠲᠠ ᠬᠡᠮᠵᠢᠯᠲᠡ ᠬᠢᠬᠦ ᠡᠷᠴᠢᠮ᠎ᠢ ᠴᠢᠩᠭ᠋ᠠᠷᠠᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ (ᠪᠠᠭ᠎ᠠ ᠲᠣᠭᠣᠷᠢᠭ) ᠵᠢᠨ ᠥᠪᠡᠰᠦᠪᠡᠨ ᠲᠣᠬᠢᠷᠠᠭᠤᠯᠤᠭᠰᠠᠨ ᠮᠠᠲ᠋ᠧᠷᠢᠶᠠᠯ᠎ᠳᠤ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠬᠢᠨ᠎ᠡ᠃ ᠪᠣᠷᠳᠣᠭ᠋ᠠᠨ᠎ᠤ ᠨᠡᠮᠡᠯᠲᠡ ᠡᠳ᠋᠎ᠤᠨ ᠶᠠᠰᠤ ᠴᠢᠨᠠᠷ᠎ᠤᠨ ᠠᠮᠤᠷ ᠲᠦᠪᠰᠢᠨ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠢᠰᠲ᠋ᠧᠮᠴᠢ ᠴᠢᠨᠠᠷᠲᠠᠢ ᠲᠦᠭᠰᠢᠭᠦᠷᠢ ᠡᠭᠦᠰᠬᠦ᠎ᠠᠴᠠ ᠰᠡᠷᠭᠡᠢ᠌ᠯᠡᠨ᠂ 《ᠭᠠᠷᠴᠠᠭ》᠎ᠠᠴᠠ ᠭᠠᠳᠠᠨᠠᠬᠢ ᠲᠦᠭᠦᠬᠡᠢ ᠮᠠᠲ᠋ᠧᠷᠢᠶᠠᠯ᠎ᠢ ᠬᠠᠤᠯᠢ ᠪᠤᠰᠤ᠎ᠪᠠᠷ ᠨᠡᠮᠡᠭᠰᠡᠨ᠂ ᠬᠦᠷᠢᠶ᠎ᠡ ᠬᠡᠪᠴᠢᠶ᠎ᠡ ᠪᠠ ᠬᠡᠮᠵᠢᠶ᠎ᠡ ᠵᠢ ᠬᠡᠲᠦᠷᠡᠭᠦᠯᠦᠨ ᠬᠡᠷᠡᠭᠯᠡᠭᠰᠡᠨ᠂ ᠱᠣᠰᠢᠭ᠎ᠠ ᠲᠡᠮᠳᠡᠭ᠎ᠨᠢ ᠲᠣᠭᠲᠠᠭ᠋ᠠᠯ᠎ᠢ ᠵᠥᠷᠢᠴᠡᠭᠰᠡᠨ ᠵᠡᠷᠭᠡ ᠠᠭᠤᠯᠭ᠎ᠠ᠎ᠳᠤ ᠭᠣᠣᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ
ᠬᠢᠨ᠎ᠡ᠃
ᠭᠤᠷᠪᠠ᠎ᠳᠤ᠂ ᠡᠯ᠎ᠡ ᠠᠢ᠌ᠮᠠᠭ ᠬᠣᠲᠠ ᠵᠢᠨ᠎ᠬᠢᠨ ᠲᠥᠯᠥᠪᠯᠡᠭᠰᠡᠨ ᠡᠭᠦᠷᠭᠡ᠎ᠪᠠᠨ ᠪᠡᠶᠡᠯᠡᠭᠦᠯᠬᠦ ᠵᠢᠨ ᠬᠠᠮᠲᠤ᠂ ᠬᠢᠨᠠᠯᠲᠠ ᠬᠡᠮᠵᠢᠯᠲᠡ ᠵᠢᠨ ᠲᠥᠰᠥᠯ᠎ᠲᠠᠢ ᠤᠶᠠᠯᠳᠤᠭᠤᠯᠤᠨ ᠭᠣᠣᠯᠳᠠᠯᠭ᠎ᠠ᠎ᠲᠠᠢ ᠭᠠᠵᠠᠷ ᠣᠷᠣᠨ᠂ ᠵᠠᠩᠭᠢᠯᠠᠭ᠎ᠠ ᠵᠢᠨ ᠪᠠᠢ᠌ᠷᠢ᠎ᠳᠤ ᠲᠣᠣᠷ ᠲᠠᠲᠠᠬᠤ ᠮᠠᠶᠢᠭ᠎ᠤᠨ ᠵᠢᠭᠰᠠᠭ᠋ᠠᠨ ᠪᠠᠢ᠌ᠴᠠᠭ᠋ᠠᠯᠲᠠ ᠬᠢᠨ᠎ᠡ᠃ ᠲᠦᠭᠰᠢᠭᠦᠷᠢ ᠵᠢᠨ ᠳᠠᠯᠳᠠ ᠭᠡᠮ ᠣᠷᠣᠰᠢᠵᠤ ᠪᠠᠢ᠌ᠭ᠎ᠠ ᠬᠢᠨᠠᠨ ᠬᠡᠮᠵᠢᠯᠲᠡ ᠵᠢᠨ ᠲᠥᠷᠥᠯ ᠵᠦᠢ᠍ᠯ᠎ᠳᠤ ᠭᠣᠣᠯᠳᠠᠯᠭ᠎ᠠ᠎ᠲᠠᠢ᠎ᠪᠠᠷ ᠮᠥᠷᠳᠡᠯᠲᠡ ᠪᠠ ᠬᠢᠨᠠᠨ ᠬᠡᠮᠵᠢᠯᠲᠡ ᠬᠢᠵᠦ᠂ ᠪᠠᠢ᠌ᠴᠠᠭ᠋ᠠᠨ ᠬᠡᠮᠵᠢᠬᠦ ᠳᠠᠪᠲᠠᠮᠵᠢ᠎ᠪᠠᠨ ᠨᠡᠮᠡᠭᠳᠡᠭᠦᠯᠦᠨ᠂ ᠪᠠᠢ᠌ᠴᠠᠭ᠋ᠠᠨ ᠬᠡᠮᠵᠢᠬᠦ ᠬᠡᠪᠴᠢᠶ᠎ᠡ᠎ᠪᠠᠨ ᠥᠷᠭᠡᠳᠬᠡᠵᠦ᠂ ᠴᠠᠭ᠋ᠠᠵᠠ᠎ᠠᠴᠠ ᠵᠥᠷᠢᠴᠡᠵᠦ ᠨᠡᠮᠡᠯᠲᠡ ᠡᠳ᠋ ᠬᠢᠬᠦ ᠵᠢ ᠵᠠᠰᠠᠬᠤ ᠬᠦᠴᠢᠷ᠎ᠤᠨ ᠡᠬᠢ ᠢᠷᠡᠯᠲᠡ ᠪᠣᠯᠬᠤ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠎ᠡ᠃ ᠬᠠᠤᠯᠢ᠎ᠠᠴᠠ ᠵᠥᠷᠢᠴᠡᠵᠦ ᠨᠡᠮᠡᠯᠲᠡ ᠡᠳ᠋ ᠬᠢᠬᠦ ᠠᠵᠢᠯᠯᠠᠭ᠎ᠠ᠎ᠳᠤ ᠴᠣᠬᠢᠯᠲᠠ ᠥᠭᠬᠦ᠎ᠪᠠᠷ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠦᠨᠳᠦᠰᠦᠨ ᠱᠠᠭ᠋ᠠᠷᠳᠠᠯᠭ᠎ᠠ ᠪᠣᠯᠭ᠋ᠠᠨ ᠲᠤᠭᠤᠰᠢᠲᠠᠢ ᠨᠠᠢ᠌ᠳᠠᠪᠤᠷᠢᠵᠢᠭᠤᠯᠵᠤ᠂ ᠪᠣᠷᠳᠣᠭ᠋ᠠᠨ᠎ᠤ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠪᠠ ᠬᠠᠩᠭ᠋ᠠᠯᠭ᠎ᠠ ᠬᠡᠷᠡᠭᠴᠡᠭᠡᠨ᠎ᠤ ᠲᠡᠩᠴᠡᠭᠦᠷᠢ ᠵᠢ ᠦᠨᠡᠨ ᠬᠦ᠌ ᠪᠠᠲᠤᠯᠠᠵᠤ᠂ ᠪᠣᠷᠳᠣᠭ᠋ᠠᠨ᠎ᠤ ᠠᠵᠤ ᠠᠬᠤᠢ᠌ᠯᠠᠯ᠎ᠤᠨ ᠤᠯᠤᠰ᠎ᠤᠨ ᠳᠣᠲᠣᠭ᠋ᠠᠳᠤ ᠵᠢᠨ ᠪᠠ ᠣᠯᠠᠨ ᠤᠯᠤᠰ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
ᠬᠥᠲᠥᠯᠥᠭᠴᠢ᠄
《ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠎ᠢ ᠬᠡᠷᠡᠭᠵᠢᠭᠦᠯᠬᠦ ᠪᠣᠯ ᠪᠣᠷᠳᠣᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠭᠠᠷᠳᠠᠴᠠ ᠪᠣᠯᠣᠨ᠎ᠠ᠃ ᠮᠠᠨ᠎ᠤ ᠣᠷᠣᠨ ᠬᠡᠷᠬᠢᠨ ᠲ᠋ᠤᠤᠱᠯᠠᠭᠤᠯᠤᠨ ᠨᠠᠢ᠌ᠳᠠᠪᠤᠷᠢᠵᠢᠭᠤᠯᠬᠤ ᠪᠣᠢ?
ᠯᠢᠦ ᠶᠦᠩ ᡁᠢ᠄
《ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》 ᠵᠶ᠋ᠠᠷ ᠪᠣᠷᠳᠣᠭ᠋ᠠᠨ᠎ᠤ ᠠᠵᠢᠯ ᠲᠥᠷᠥᠯ᠎ᠤᠨ ᠠᠵᠢᠯ ᠶᠠᠪᠤᠳᠠᠯ᠎ᠠᠴᠠ ᠡᠮᠦᠨᠡᠬᠢ᠂ ᠠᠵᠢᠯ ᠶᠠᠪᠤᠳᠠᠯ᠎ᠤᠨ ᠳᠤᠮᠳᠠᠬᠢ᠂ ᠠᠵᠢᠯ ᠶᠠᠪᠤᠳᠠᠯ᠎ᠤᠨ ᠳᠠᠷᠠᠭ᠋ᠠᠬᠢ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠴᠢ ᠵᠢ ᠪᠠᠢ᠌ᠭᠤᠯᠬᠤ ᠵᠠᠩᠭᠢᠯᠠᠭ᠎ᠠ ᠵᠢᠨ ᠭᠣᠭᠴᠣᠭ᠎ᠠ ᠪᠣᠯᠭ᠋ᠠᠨ ᠴᠢᠩᠭ᠎ᠠ ᠠᠳᠬᠤᠨ ᠨᠠᠢ᠌ᠳᠠᠪᠤᠷᠢᠵᠢᠭᠤᠯᠵᠤ᠂ ᠪᠣᠷᠳᠣᠭ᠋ᠠᠨ᠎ᠤ ᠠᠵᠤ ᠠᠬᠤᠢ᠌ᠯᠠᠯ᠎ᠤᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠲᠣᠳᠣᠷᠬᠠᠢ᠌ᠯᠠᠨ᠎ᠠ᠃
ᠨᠢᠭᠡ᠎ᠳᠤ᠂ ᠬᠢᠨᠠᠯᠲᠠ ᠲᠠᠯᠪᠢᠯᠲᠠ ᠬᠠᠤᠯᠢ ᠬᠡᠷᠡᠭᠵᠢᠭᠦᠯᠦᠯᠲᠡ ᠵᠢ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠬᠦ ᠵᠢ ᠬᠠᠤᠯᠢ ᠶᠣᠰᠣᠭ᠋ᠠᠷ ᠰᠢᠮᠳᠠᠭᠤᠯᠤᠨ᠎ᠠ᠃ ᠬᠡᠷᠡᠭᠵᠢᠭᠦᠯᠬᠦ ᠠᠬᠢᠴᠠ᠎ᠨᠢ ᠬᠣᠴᠣᠷᠴᠤ ᠪᠠᠢ᠌ᠭ᠎ᠠ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠵᠤ᠂ 《ᠵᠢᠷᠤᠮᠵᠢᠯ》᠎ᠢ ᠵᠥᠷᠢᠴᠡᠭᠰᠡᠨ ᠠᠵᠢᠯᠯᠠᠭ᠎ᠠ ᠵᠢ᠎ᠨᠢ ᠬᠠᠤᠯᠢ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃
ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠢ ᠡᠭᠦᠳᠦᠨ ᠪᠠᠢ᠌ᠭᠤᠯᠬᠤ ᠬᠥᠳᠡᠯᠭᠡᠭᠡᠨ᠎ᠢ ᠥᠷᠨᠢᠭᠦᠯᠬᠦ ᠵᠢᠨ ᠬᠠᠮᠲᠤ᠂ ᠤᠯᠤᠰ᠎ᠤᠨ ᠳᠡᠰ᠎ᠤᠨ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠢ ᠲᠠᠨᠢᠯᠴᠠᠭᠤᠯᠬᠤ ᠪᠠ ᠡᠭᠦᠳᠦᠨ ᠪᠠᠢ᠌ᠭᠤᠯᠵᠤ᠂ 《ᠵᠢᠷᠤᠮᠵᠢᠯ》᠎ᠢ ᠴᠡᠭ᠎ᠠᠴᠠ ᠪᠦᠬᠦ ᠲᠠᠯ᠎ᠠ ᠬᠦᠷᠲᠡᠯ᠎ᠡ ᠪᠦᠬᠦ ᠲᠠᠯ᠎ᠠ᠎ᠪᠠᠷ ᠠᠬᠢᠭᠤᠯᠬᠤ ᠵᠢ ᠴᠢᠩᠭ᠋ᠠᠳᠬᠠᠨ᠎ᠠ᠃ ᠣᠳᠣᠬᠠᠨ᠎ᠳᠤ᠂ ᠡᠯ᠎ᠡ ᠱᠠᠲᠤᠨ᠎ᠤ᠎ᠬᠢᠨ 《ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠢᠳᠡᠪᠬᠢᠲᠡᠢ᠎ᠪᠠᠷ ᠠᠬᠢᠭᠤᠯᠬᠤ᠎ᠪᠠᠷ ᠳᠠᠮᠵᠢᠭᠤᠯᠵᠤ᠂ ᠶᠠᠮᠤᠨ᠎ᠤ ᠳᠡᠰ᠎ᠤᠨ 6 ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 15 ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠢ ᠡᠭᠦᠳᠦᠨ ᠪᠠᠢ᠌ᠭᠤᠯᠪᠠ᠃
ᠭᠤᠷᠪᠠ᠎ᠳᠤ᠂ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠳᠠᠬᠢ ᠳᠠᠷᠠᠭ᠋ᠠᠴᠢ ᠵᠢᠨ ᠬᠢᠨᠠᠯᠲᠠ ᠲᠠᠯᠪᠢᠯᠲᠠ ᠵᠢ ᠴᠢᠩᠭ᠋ᠠᠳᠬᠠᠵᠤ᠂ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠳᠤ ᠬᠠᠤᠯᠢ ᠴᠠᠭ᠋ᠠᠵᠠ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠳᠠᠬᠢᠵᠤ ᠵᠢᠱ᠌ᠢᠶ᠎ᠡ ᠦᠵᠡᠭᠦᠯᠬᠦ ᠦᠢ᠍ᠯᠡᠳᠦᠯ ᠵᠶ᠋ᠠᠨ ᠭᠠᠷᠭ᠋ᠠᠵᠤ ᠴᠢᠳᠠᠬᠤ ᠦᠭᠡᠢ ᠪᠣᠯᠣᠭᠰᠠᠨ᠎ᠢ ᠢᠯᠡᠷᠡᠭᠦᠯᠪᠡᠯ᠂ ᠴᠠᠭ ᠲᠤᠬᠠᠢᠳᠤᠨᠢ ᠲᠡᠭᠦᠨ᠎ᠤ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠤᠨ ᠴᠣᠯᠠ ᠵᠢ ᠬᠦᠴᠦᠨ ᠦᠭᠡᠢ ᠪᠣᠯᠭ᠋ᠠᠨ᠎ᠠ᠃
ᠳᠥᠷᠪᠠ᠎ᠳᠤ᠂ 《ᠵᠢᠷᠤᠮᠵᠢᠯ》᠎ᠢ ᠬᠡᠷᠡᠭᠵᠢᠭᠦᠯᠬᠦ ᠬᠢᠭᠡᠳ ᠦᠢ᠍ᠯᠡᠳᠪᠦᠷᠢᠯᠡᠯ᠎ᠤᠨ ᠵᠥᠪᠰᠢᠶᠡᠷᠡᠯ᠎ᠢ ᠬᠢᠨᠠᠨ ᠬᠠᠷᠭᠤᠭᠤᠯᠬᠤ ᠵᠢ ᠨᠢᠭᠲᠠ ᠤᠶᠠᠯᠳᠤᠭᠤᠯᠵᠤ᠂ ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠭᠰᠠᠨ ᠦᠭᠡᠢ ᠪᠤᠶᠤ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠣᠯ᠂ ᠪᠣᠷᠳᠣᠭ᠎ᠠ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ᠎ᠢ ᠬᠠᠷᠭᠤᠭᠤᠯᠤᠨ ᠣᠯᠭᠣᠬᠤ ᠦᠭᠡᠢ᠃
ᠬᠥᠲᠥᠯᠥᠭᠴᠢ᠄
ᠣᠳᠣᠬᠠᠨ᠎ᠳᠤ᠂ ᠪᠣᠷᠳᠣᠭ᠋ᠠᠨ᠎ᠤ ᠵᠠᠬ᠎ᠠ ᠳᠡᠯᠭᠡᠭᠦᠷ᠎ᠢ ᠬᠢᠨᠠᠨ ᠬᠠᠮᠢᠶᠠᠷᠬᠤ ᠲᠠᠯ᠎ᠠ᠎ᠪᠠᠷ ᠭᠣᠣᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠪᠠᠢ᠌ᠬᠤ ᠪᠣᠢ?
ᠯᠢᠦ ᠶᠦᠩ ᡁᠢ᠄
ᠪᠣᠷᠳᠣᠭ᠋ᠠᠨ᠎ᠤ ᠵᠠᠬ᠎ᠠ ᠳᠡᠯᠭᠡᠭᠦᠷ᠎ᠢ ᠬᠢᠨᠠᠨ ᠬᠠᠮᠢᠶᠠᠷᠬᠤ ᠲᠠᠯ᠎ᠠ᠎ᠪᠠᠷ᠂ ᠪᠣᠷᠳᠣᠭ᠎ᠠ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠰᠡᠳᠬᠢᠮᠵᠢ᠎ᠪᠠᠨ ᠤᠯᠠᠮ ᠴᠢᠨᠠᠭᠰᠢᠳᠠ ᠬᠤᠪᠢᠷᠠᠭᠤᠯᠵᠤ᠂ ᠪᠣᠷᠳᠣᠭ᠎ᠠ ᠵᠢᠨ ᠦᠢ᠍ᠯᠡᠳᠪᠦᠷᠢᠯᠡᠯ᠂ ᠡᠵᠡᠩᠨᠡᠯᠲᠡ ᠪᠠ ᠬᠡᠷᠡᠭᠯᠡᠭᠡ᠎ᠳᠤ ᠬᠢᠨᠠᠯᠲᠠ ᠲᠠᠯᠪᠢᠬᠤ ᠪᠠ ᠬᠢᠨᠠᠨ ᠬᠡᠮᠵᠢᠬᠦ ᠪᠦᠬᠦ ᠬᠠᠷᠢᠭᠤᠴᠠᠯᠭ᠎ᠠ ᠵᠢ ᠢᠳᠡᠪᠬᠢᠲᠡᠢ ᠭᠦᠢ᠍ᠴᠡᠳᠬᠡᠨ᠎ᠡ᠃ ᠨᠢᠭᠡ᠎ᠳᠤ᠂ ᠠᠵᠢᠯ᠎ᠤᠨ ᠠᠷᠭ᠎ᠠ᠎ᠪᠠᠨ ᠰᠢᠨᠡᠴᠢᠯᠡᠵᠦ᠂ ᠰᠢᠨ᠎ᠡ ᠴᠠᠭ᠎ᠤᠨ ᠪᠠᠢ᠌ᠳᠠᠯ᠎ᠲᠠᠢ ᠰᠠᠨᠠᠭ᠋ᠠᠴᠢᠯᠠᠭ᠎ᠠ᠎ᠲᠠᠢ᠎ᠪᠠᠷ ᠵᠣᠬᠢᠴᠠᠯᠳᠤᠨ᠂ 《ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠵᠠᠪᠠᠯ ᠭᠦᠢ᠍ᠴᠡᠳᠬᠡᠬᠦ᠂ ᠬᠠᠤᠯᠢ᠎ᠠᠴᠠ ᠡᠷᠬᠡ ᠣᠯᠭᠣᠭᠰᠠᠨ ᠦᠭᠡᠢ ᠪᠣᠯ ᠬᠡᠷᠡᠭᠵᠢᠭᠦᠯᠵᠦ ᠪᠣᠯᠬᠤ ᠦᠭᠡᠢ》 ᠱᠠᠭ᠋ᠠᠷᠳᠠᠯᠭ᠎ᠠ ᠶᠣᠰᠣᠭ᠋ᠠᠷ᠂ ᠪᠣᠷᠳᠣᠭ᠋ᠠᠨ᠎ᠤ ᠠᠮᠤᠷ ᠲᠦᠪᠰᠢᠨ᠎ᠢ ᠰᠦᠷᠳᠡᠭᠦᠯᠵᠦ ᠪᠠᠢ᠌ᠭ᠎ᠠ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠬᠢᠨᠠᠯᠲᠠ ᠲᠠᠯᠪᠢᠬᠤ ᠪᠠ ᠵᠠᠯᠬᠠᠭ᠋ᠠᠨ ᠰᠢᠢ᠍ᠳᠬᠡᠬᠦ ᠡᠷᠴᠢᠮ᠎ᠢ ᠴᠢᠩᠭ᠋ᠠᠷᠠᠭᠤᠯᠵᠤ᠂ ᠪᠠᠢ᠌ᠴᠠᠭ᠋ᠠᠯᠲᠠ ᠵᠢ ᠬᠦᠨᠳᠦᠳᠬᠡᠵᠦ ᠲᠣᠷᠭ᠋ᠠᠭᠤᠯᠢ ᠵᠢ ᠬᠥᠩᠭᠡᠪᠴᠢᠯᠡᠬᠦ᠂ ᠵᠥᠪᠬᠡᠨ ᠪᠠᠢ᠌ᠴᠠᠭ᠋ᠠᠳ ᠲᠣᠷᠭ᠋ᠠᠬᠤ ᠦᠭᠡᠢ᠂ ᠪᠠᠢ᠌ᠴᠠᠭ᠋ᠠᠯᠲᠠ ᠣᠯᠠᠨ ᠲᠣᠷᠭ᠋ᠠᠭᠤᠯᠢ ᠪᠠᠭ᠎ᠠ᠂ ᠲᠣᠷᠭ᠋ᠠᠭᠤᠯᠢ᠎ᠪᠠᠷ ᠬᠠᠤᠯᠢ ᠵᠢ ᠣᠷᠣᠯᠠᠭᠤᠯᠬᠤ ᠵᠡᠷᠭᠡ ᠦᠵᠡᠭᠳᠡᠯ᠎ᠢ ᠡᠷᠡᠰ ᠬᠣᠷᠢᠭᠯᠠᠨ᠎ᠠ᠃ ᠬᠣᠶᠠᠷ᠎ᠲᠤ᠂ 《212》 ᠲᠣᠭᠣᠷᠢᠨ ᠪᠠᠢ᠌ᠴᠠᠭ᠋ᠠᠬᠤ ᠳᠦᠷᠢᠮ ᠶᠣᠰᠣᠭ᠋ᠠᠷ᠂ ᠪᠠᠢ᠌ᠴᠠᠭ᠋ᠠᠨ ᠴᠣᠬᠢᠯᠲᠠ ᠥᠭᠴᠦ ᠬᠣᠯᠪᠣᠭ᠋ᠠᠯᠠᠨ ᠬᠥᠳᠡᠯᠦᠯᠴᠡᠬᠦ ᠵᠢ ᠪᠦᠲᠦᠮᠵᠢᠲᠡᠢ ᠥᠷᠨᠢᠭᠦᠯᠵᠦ᠂ ᠡᠬᠢ ᠰᠤᠷᠪᠤᠯᠵᠢ᠎ᠠᠴᠠ᠎ᠨᠢ ᠪᠠᠢ᠌ᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠣᠷᠳᠣᠭ᠋ᠠᠨ᠎ᠤ ᠦᠢ᠍ᠯᠡᠳᠪᠦᠷᠢᠯᠡᠯ᠂ ᠡᠵᠡᠩᠨᠡᠯᠲᠡ ᠪᠠ ᠬᠡᠷᠡᠭᠯᠡᠭᠡᠨ᠎ᠤ ᠭᠣᠭᠴᠣᠭ᠎ᠠ ᠵᠢᠨ ᠪᠦᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠪᠠ ᠵᠥᠪᠰᠢᠶᠡᠷᠡᠯ᠎ᠤᠨ ᠦᠨᠡᠮᠯᠡᠯ ᠣᠯᠣᠭᠰᠠᠨ ᠪᠣᠷᠳᠣᠭ᠋ᠠᠨ᠎ᠤ ᠠᠵᠤ ᠠᠬᠤᠢ᠌ᠯᠠᠯ᠂ ᠪᠦᠲᠦᠭᠡᠭᠳᠡᠬᠦᠨ᠎ᠤ ᠮᠥᠷᠳᠡᠨ ᠪᠠᠢ᠌ᠴᠠᠭ᠋ᠠᠯᠲᠠ ᠵᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ᠃ ᠭᠤᠷᠪᠠ᠎ᠳᠤ᠂ ᠲᠤᠰᠬᠠᠢ ᠵᠦᠢ᠍ᠯ᠎ᠤᠨ ᠴᠡᠭᠴᠡᠯᠡᠯᠲᠡ ᠵᠠᠰᠠᠯᠲᠠ ᠵᠢ ᠥᠷᠨᠢᠭᠦᠯᠵᠦ᠂ ᠬᠡᠷᠡᠭᠯᠡᠬᠦ ᠵᠢ ᠴᠠᠭ᠋ᠠᠵᠠᠯᠠᠭᠰᠠᠨ ᠪᠣᠳᠠᠰ᠎ᠢ ᠬᠠᠤᠯᠢ᠎ᠠᠴᠠ ᠵᠥᠷᠢᠴᠡᠨ ᠨᠡᠮᠡᠭᠰᠡᠨ᠂ ᠡᠷᠡᠭᠦᠯ ᠬᠠᠮᠠᠭ᠋ᠠᠯᠠᠯ᠎ᠤᠨ ᠭᠦᠢ᠍ᠴᠡᠳᠬᠡᠯ ᠲᠣᠭ᠎ᠠ᠎ᠨᠢ ᠪᠠᠷᠢᠮᠵᠢᠶ᠎ᠠ᠎ᠳᠤ ᠬᠦᠷᠬᠦ ᠦᠭᠡᠢ᠂ ᠪᠦᠷᠢᠯᠳᠦᠬᠦᠨ ᠲᠡᠮᠳᠡᠭ᠎ᠨᠢ ᠨᠢᠭᠡᠳᠦᠯ ᠦᠭᠡᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃ ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠳᠤ ᠵᠤᠷᠰᠢᠯᠲᠤ ᠬᠢᠨᠠᠯᠲᠠ ᠬᠡᠮᠵᠢᠯᠲᠡ ᠬᠢᠬᠦ ᠪᠠ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠠᠢ ᠬᠣᠯᠪᠣᠭ᠋ᠠᠯᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠪᠠ ᠵᠡᠷᠭᠡᠯᠡᠳᠡᠭᠡ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠴᠠᠭ ᠲᠤᠬᠠᠢᠳᠤᠨᠢ ᠨᠡᠪᠲᠡᠷᠡᠯᠴᠡᠨ ᠣᠢ᠌ᠯᠠᠭ᠋ᠠᠯᠴᠠᠨᠠ᠃ ᠳᠥᠷᠪᠡ᠎ᠳᠤ᠂ ᠬᠥᠮᠥᠵᠢᠭᠦᠯᠦᠯ ᠪᠣᠯᠪᠠᠰᠤᠷᠠᠭᠤᠯᠤᠯ᠎ᠤᠨ ᠳᠦᠷᠢᠮ᠎ᠢ ᠪᠠᠢ᠌ᠭᠤᠯᠵᠤ᠂ ᠬᠢᠨᠠᠨ ᠬᠠᠮᠢᠶᠠᠷᠬᠤ ᠠᠵᠢᠯᠲᠠᠳ᠎ᠤᠨ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ᠂ ᠤᠯᠤᠰ ᠲᠥᠷᠥ ᠦᠵᠡᠯ ᠰᠠᠨᠠᠭ᠋ᠠᠨ᠎ᠤ ᠬᠥᠮᠥᠵᠢᠯ ᠪᠠ ᠬᠠᠤᠯᠢ ᠴᠠᠭ᠋ᠠᠵᠠ ᠵᠢᠨ ᠮᠡᠳᠡᠯᠭᠡ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠬᠢᠨᠠᠨ ᠬᠠᠮᠢᠶᠠᠷᠬᠤ ᠠᠵᠢᠯᠲᠠᠳ᠎ᠤᠨ ᠠᠰᠠᠭᠤᠳᠠᠯ᠎ᠢ ᠢᠯᠡᠷᠡᠭᠦᠯᠬᠦ ᠪᠠ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
ᠬᠥᠲᠥᠯᠥᠭᠴᠢ᠄
ᠡᠭᠦᠨ᠎ᠠᠴᠠ ᠬᠣᠢ᠌ᠰᠢᠳᠠ ᠮᠠᠨ᠎ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠢ᠌ᠭ᠋ᠠᠳ ᠬᠢᠨᠠᠯᠲᠠ ᠬᠠᠮᠢᠶᠠᠷᠤᠯᠲᠠ᠎ᠪᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠪᠣᠷᠳᠣᠭ᠋ᠠᠨ᠎ᠤ ᠠᠮᠤᠷ ᠲᠦᠪᠰᠢᠨ᠎ᠢ ᠪᠠᠲᠤᠯᠠᠬᠤ
ᠪᠣᠢ?
ᠯᠢᠦ ᠶᠦᠩ ᡁᠢ᠄
ᠳᠠᠷᠠᠭ᠋ᠠᠴᠢ ᠵᠢᠨ ᠠᠯᠬᠤᠮ᠎ᠳᠤ ᠪᠢᠳᠡ ᠭᠣᠣᠯᠳᠠᠭᠤ ᠦᠢ᠍ᠯᠡᠳᠪᠦᠷᠢᠯᠡᠬᠦ ᠪᠠ ᠬᠠᠮᠢᠶᠠᠷᠬᠤ ᠬᠣᠶᠠᠷ ᠲᠠᠯ᠎ᠠ᠎ᠠᠴᠠ ᠭᠠᠷᠳᠠᠵᠤ᠂ 《ᠰᠤᠭᠤᠴᠢᠯᠲᠠ᠂ ᠪᠠᠢ᠌ᠴᠠᠭ᠋ᠠᠯᠲᠠ᠂ ᠬᠢᠨᠠᠯᠲᠠ᠂ ᠬᠠᠮᠢᠶᠠᠷᠤᠯᠲᠠ》 ᠵᠢ ᠪᠦᠲᠦᠮᠵᠢᠲᠡᠢ ᠭᠦᠢ᠍ᠴᠡᠳᠬᠡᠵᠦ᠂ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠬᠢᠨᠠᠨ ᠬᠠᠮᠢᠶᠠᠷᠴᠤ ᠬᠢᠨᠠᠨ ᠬᠡᠮᠵᠢᠬᠦ ᠡᠷᠴᠢᠮ᠎ᠢ ᠴᠢᠩᠭ᠋ᠠᠷᠠᠭᠤᠯᠵᠤ᠂ ᠪᠣᠷᠳᠣᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
ᠨᠢᠭᠡ᠎ᠳᠤ᠂ ᠪᠣᠷᠳᠣᠭ᠋ᠠᠨ᠎ᠤ ᠠᠵᠢᠯ ᠲᠥᠷᠥᠯ᠎ᠤᠨ ᠬᠠᠮᠢᠶᠠᠷᠤᠯᠲᠠ ᠪᠠ ᠬᠠᠤᠯᠢ ᠶᠣᠰᠣᠭ᠋ᠠᠷ ᠵᠠᠰᠠᠬᠤ ᠠᠵᠢᠯ᠎ᠢ ᠰᠠᠢ᠌ᠲᠤᠷ ᠬᠢᠨ᠎ᠡ᠃ ᠪᠠᠢ᠌ᠴᠠᠭ᠋ᠠᠨ ᠴᠣᠬᠢᠯᠲᠠ ᠥᠭᠴᠦ ᠬᠣᠯᠪᠣᠭ᠋ᠠᠯᠠᠨ ᠬᠥᠳᠡᠯᠦᠯᠴᠡᠬᠦ ᠵᠢ ᠪᠦᠲᠦᠮᠵᠢᠲᠡᠢ ᠥᠷᠨᠢᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠤ ᠠᠬᠤᠢ᠌ᠯᠠᠯ᠎ᠢ ᠴᠢᠩᠭ᠎ᠠ ᠪᠠᠢ᠌ᠴᠠᠭ᠋ᠠᠨ ᠰᠢᠢ᠍ᠳᠬᠡᠨ᠎ᠡ᠃ ᠪᠣᠷᠳᠣᠭ᠋ᠠᠨ᠎ᠤ ᠦᠢ᠍ᠯᠡᠳᠪᠦᠷᠢᠯᠡᠯ᠂ ᠡᠵᠡᠩᠨᠡᠯᠲᠡ ᠪᠠ ᠬᠡᠷᠡᠭᠯᠡᠭᠡᠨ᠎ᠤ ᠭᠣᠭᠴᠣᠭ᠎ᠠ ᠵᠢᠨ ᠪᠦᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠪᠠ ᠵᠥᠪᠰᠢᠶᠡᠷᠡᠯ᠎ᠤᠨ ᠦᠨᠡᠮᠯᠡᠯ ᠣᠯᠣᠭᠰᠠᠨ ᠪᠣᠷᠳᠣᠭ᠋ᠠᠨ᠎ᠤ ᠠᠵᠤ ᠠᠬᠤᠢ᠌ᠯᠠᠯ᠂ ᠪᠦᠲᠦᠭᠡᠭᠳᠡᠬᠦᠨ᠎ᠤ ᠮᠥᠷᠳᠡᠨ ᠪᠠᠢ᠌ᠴᠠᠭ᠋ᠠᠬᠤ ᠠᠵᠢᠯ᠎ᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ᠃ ᠪᠣᠷᠳᠣᠭ᠋ᠠᠨ᠎ᠤ ᠠᠮᠤᠷ ᠲᠦᠪᠰᠢᠨ᠎ᠢ ᠬᠢᠨᠠᠨ ᠬᠠᠮᠢᠶᠠᠷᠬᠤ 《212》 ᠲᠣᠭᠣᠷᠢᠨ ᠪᠠᠢ᠌ᠴᠠᠭ᠋ᠠᠬᠤ ᠳᠦᠷᠢᠮ᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠎ᠠ᠃ ᠪᠣᠷᠳᠣᠭ᠋ᠠᠨ᠎ᠤ ᠠᠵᠢᠯ ᠲᠥᠷᠥᠯ᠎ᠤᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠪᠣᠭᠣᠮᠲᠠ ᠵᠢ ᠴᠢᠩᠭ᠎ᠠ ᠡᠵᠡᠮᠳᠡᠵᠦ᠂ ᠠᠵᠢᠯ ᠶᠠᠪᠤᠳᠠᠯ᠎ᠤᠨ ᠡᠮᠦᠨᠡᠬᠢ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ᠂ ᠵᠢᠯᠣᠭᠣᠳᠤᠯᠭ᠎ᠠ᠂ ᠬᠢᠨᠠᠯᠲᠠ ᠵᠢ ᠴᠢᠩᠭ᠋ᠠᠳᠬᠠᠵᠤ᠂ ᠪᠠᠢ᠌ᠴᠠᠭ᠋ᠠᠨ ᠴᠣᠬᠢᠯᠲᠠ ᠥᠭᠴᠦ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃
ᠬᠣᠶᠠᠷ᠎ᠲᠤ᠂ 《ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠎ᠢ ᠶᠡᠬᠡ᠎ᠪᠠᠷ ᠠᠬᠢᠭᠤᠯᠤᠨ᠎ᠠ᠃ ᠪᠣᠷᠳᠣᠭ᠎ᠠ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ 《ᠵᠢᠷᠤᠮᠵᠢᠯ》᠎ᠤᠨ ᠬᠡᠷᠡᠭᠵᠢᠭᠦᠯᠦᠯᠲᠡ᠎ᠳᠤ ᠪᠦᠬᠦ ᠲᠠᠯ᠎ᠠ ᠵᠢ ᠬᠠᠮᠤᠷᠤᠭᠰᠠᠨ ᠲᠤᠰᠬᠠᠢ ᠵᠦᠢ᠍ᠯ᠎ᠤᠨ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠬᠢᠵᠦ᠂ ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠪᠦᠬᠦ ᠶᠠᠪᠤᠴᠠ᠎ᠳᠠᠬᠢ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠤᠨ ᠨᠠᠢ᠌ᠳᠠᠪᠤᠷᠢᠵᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠤᠯᠤᠰ᠎ᠤᠨ ᠳᠡᠰ᠎ᠤᠨ ᠵᠢᠱ᠌ᠢᠶ᠎ᠡ ᠦᠵᠡᠭᠦᠯᠬᠦ᠎ᠪᠠᠷ ᠡᠭᠦᠳᠦᠨ ᠪᠠᠢ᠌ᠭᠤᠯᠤᠭᠰᠠᠨ ᠠᠵᠤ ᠠᠬᠤᠢ᠌ᠯᠠᠯ᠎ᠢ ᠢᠳᠡᠪᠬᠢᠲᠡᠢ ᠲᠠᠨᠢᠯᠴᠠᠭᠤᠯᠤᠨ᠎ᠠ᠃ ᠵᠢᠱ᠌ᠢᠶ᠎ᠡ ᠦᠵᠡᠭᠦᠯᠬᠦ᠎ᠪᠠᠷ ᠡᠭᠦᠳᠦᠨ ᠪᠠᠢ᠌ᠭᠤᠯᠬᠤ ᠠᠵᠢᠯᠯᠠᠭ᠎ᠠ ᠵᠢ 《ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠎ᠤᠨ ᠬᠡᠷᠡᠭᠵᠢᠭᠦᠯᠦᠯᠲᠡ ᠵᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠪᠣᠷᠳᠣᠭ᠋ᠠᠨ᠎ᠤ ᠠᠵᠤ ᠠᠬᠤᠢ᠌ᠯᠠᠯ᠎ᠤᠨ ᠬᠡᠪ ᠴᠢᠨᠠᠷ᠎ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃
ᠭᠤᠷᠪᠠ᠎ᠳᠤ᠂ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠡᠮᠵᠢᠯᠲᠡ ᠵᠢ ᠴᠢᠩᠭ᠋ᠠᠳᠬᠠᠨ᠎ᠠ᠃ ᠪᠣᠷᠳᠣᠭ᠋ᠠᠨ᠎ᠤ ᠳᠣᠲᠣᠷᠠᠬᠢ ᠬᠡᠷᠡᠭᠯᠡᠬᠦ ᠵᠢ ᠴᠠᠭ᠋ᠠᠵᠠᠯᠠᠭᠰᠠᠨ ᠪᠣᠳᠠᠰ᠂ ᠬᠡᠪᠢᠭᠴᠢ ᠠᠮᠢᠲᠠᠨ᠎ᠤ ᠪᠣᠷᠳᠣᠭ᠎ᠠ ᠳᠣᠲᠣᠷᠠᠬᠢ ᠦᠬᠡᠷ ᠬᠣᠨᠢᠨ᠎ᠤ ᠰᠤᠷᠪᠤᠯᠵᠢ ᠵᠢᠨ ᠴᠢᠨᠠᠷᠲᠠᠢ ᠪᠦᠷᠢᠯᠳᠦᠬᠦᠨ ᠵᠡᠷᠭᠡ ᠠᠮᠤᠷ ᠲᠦᠪᠰᠢᠨ᠎ᠤ ᠴᠢᠨᠠᠷ᠎ᠲᠤ ᠭᠦᠢ᠍ᠴᠡᠳᠬᠡᠯ ᠲᠣᠭ᠎ᠠ ᠬᠢᠭᠡᠳ ᠪᠣᠷᠳᠣᠭ᠋ᠠᠨ᠎ᠤ ᠡᠷᠡᠭᠦᠯ ᠬᠠᠮᠠᠭ᠋ᠠᠯᠠᠯ᠎ᠤᠨ ᠭᠦᠢ᠍ᠴᠡᠳᠬᠡᠯ ᠲᠣᠭ᠎ᠠ᠎ᠳᠠᠬᠢ ᠬᠢᠨᠠᠯᠲᠠ ᠬᠡᠮᠵᠢᠯᠲᠡ ᠵᠢ ᠴᠢᠩᠭ᠋ᠠᠳᠬᠠᠵᠤ᠂ ᠬᠢᠷᠢ ᠲᠡᠩᠴᠡᠬᠦ ᠦᠭᠡᠢ ᠪᠦᠲᠦᠭᠡᠭᠳᠡᠬᠦᠨ ᠵᠢᠴᠢ ᠲᠡᠭᠦᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠬᠠᠤᠯᠢ ᠶᠣᠰᠣᠭ᠋ᠠᠷ ᠮᠡᠳᠡᠭᠡᠯᠡᠨ ᠨᠡᠪᠲᠡᠷᠡᠭᠦᠯᠬᠦ ᠵᠢᠨ ᠬᠠᠮᠲᠤ ᠪᠠᠢ᠌ᠴᠠᠭ᠋ᠠᠨ ᠰᠢᠢ᠍ᠳᠪᠦᠷᠢᠯᠡᠵᠦ᠂ ᠬᠦᠨᠳᠦ ᠨᠣᠴᠢᠲᠠᠢ ᠬᠢᠷᠢ ᠲᠡᠩᠴᠡᠬᠦ ᠦᠭᠡᠢ ᠪᠦᠲᠦᠭᠡᠭᠳᠡᠬᠦᠨ ᠵᠢᠴᠢ ᠲᠡᠭᠦᠨ᠎ᠢ ᠦᠢ᠍ᠯᠡᠳᠪᠦᠷᠢᠯᠡᠵᠦ ᠡᠵᠡᠩᠨᠡᠭᠰᠡᠨ ᠠᠵᠤ ᠠᠬᠤᠢ᠌ᠯᠠᠯ᠎ᠳᠤ 《ᠬᠠᠷ᠎ᠠ ᠳᠠᠩᠰᠠ》 ᠵᠢᠨ ᠳᠦᠷᠢᠮ᠎ᠢ ᠬᠡᠷᠡᠭᠵᠢᠭᠦᠯᠦᠨ᠎ᠡ᠃ ᠵᠢᠯ᠎ᠤᠨ ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠬᠢᠨᠠᠨ ᠬᠡᠮᠵᠢᠬᠦ ᠲᠥᠯᠥᠪᠯᠡᠭᠡ ᠵᠢᠨ ᠡᠭᠦᠷᠭᠡ ᠪᠠ 《ᠬᠠᠷ᠎ᠠ ᠮᠢᠬᠠᠯᠠᠭᠤᠯᠬᠤ ᠬᠠᠨᠳᠠ》 ᠵᠢ ᠵᠢᠭᠰᠠᠭ᠋ᠠᠨ ᠪᠠᠢ᠌ᠴᠠᠭ᠋ᠠᠬᠤ ᠡᠭᠦᠷᠭᠡ ᠵᠢ ᠪᠡᠶᠡᠯᠡᠭᠦᠯᠵᠦ᠂ ᠲᠦᠭᠰᠢᠭᠦᠷᠢ ᠵᠢᠨ ᠳᠠᠯᠳᠠ ᠭᠡᠮ ᠣᠷᠣᠰᠢᠵᠤ ᠪᠠᠢ᠌ᠭ᠎ᠠ ᠪᠠᠢ᠌ᠴᠠᠭ᠋ᠠᠨ ᠬᠡᠮᠵᠢᠭᠰᠡᠨ ᠲᠥᠷᠥᠯ ᠵᠦᠢ᠍ᠯ᠎ᠳᠤ ᠭᠣᠣᠯᠳᠠᠯᠭ᠎ᠠ᠎ᠲᠠᠢ᠎ᠪᠠᠷ ᠮᠥᠷᠳᠡᠯᠲᠡ ᠪᠠ ᠪᠠᠢ᠌ᠴᠠᠭ᠋ᠠᠯᠲᠠ ᠬᠡᠮᠵᠢᠯᠲᠡ ᠬᠢᠨ᠎ᠡ᠃
ᠳᠥᠷᠪᠡ᠎ᠳᠤ᠂ 《ᠬᠠᠷ᠎ᠠ ᠮᠢᠬᠠᠯᠠᠭᠤᠯᠬᠤ ᠬᠠᠨᠳᠠ》 ᠵᠢᠨ ᠲᠤᠰᠬᠠᠢ ᠵᠦᠢ᠍ᠯ᠎ᠤᠨ ᠴᠡᠭᠴᠡᠯᠡᠨ ᠵᠠᠰᠠᠯᠲᠠ ᠵᠢ ᠭᠣᠣᠯᠳᠠᠯᠭ᠎ᠠ᠎ᠲᠠᠢ ᠥᠷᠨᠢᠭᠦᠯᠦᠨ᠎ᠡ᠃ ᠠᠮᠢᠳᠤ ᠭᠠᠬᠠᠢ᠂ ᠢᠳᠡᠰᠢᠨ᠎ᠤ ᠦᠬᠡᠷ᠂ ᠢᠳᠡᠰᠢᠨ᠎ᠤ ᠬᠣᠨᠢᠨ᠎ᠤ ᠠᠵᠤ ᠦᠢ᠍ᠯᠡᠰ᠎ᠤᠨ ᠡᠯ᠎ᠡ ᠭᠣᠭᠴᠣᠭ᠎ᠠ᠎ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠠᠷᠭ᠎ᠠ ᠬᠡᠮᠵᠢᠶ᠎ᠡ ᠵᠢ ᠤᠯᠠᠮ ᠴᠢᠨᠠᠭᠰᠢᠳᠠ ᠴᠢᠩᠭ᠋ᠠᠳᠬᠠᠨ᠎ᠠ᠃ ᠭᠣᠣᠯᠳᠠᠯᠭ᠎ᠠ᠎ᠲᠠᠢ ᠭᠠᠵᠠᠷ ᠣᠷᠣᠨ᠂ ᠵᠠᠩᠭᠢᠯᠠᠭ᠎ᠠ ᠵᠢᠨ ᠭᠣᠭᠴᠣᠭ᠎ᠠ ᠪᠠ ᠴᠢᠬᠤᠯᠠ ᠴᠠᠭ ᠦᠶ᠎ᠡ᠎ᠳᠤ ᠬᠠᠨᠳᠤᠭᠤᠯᠤᠨ᠂ ᠬᠡᠰᠡᠭᠯᠡᠨ ᠲᠣᠣᠷᠵᠢᠭᠤᠯᠤᠭᠰᠠᠨ ᠬᠠᠮᠢᠶᠠᠷᠤᠯᠲᠠ ᠶᠠᠪᠤᠭᠤᠯᠵᠤ᠂ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ ᠪᠠ ᠬᠢᠨᠠᠨ ᠬᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠬᠠᠤᠯᠢ᠎ᠠᠴᠠ ᠵᠥᠷᠢᠴᠡᠭᠰᠡᠨ ᠬᠡᠷᠡᠭ᠎ᠢ ᠢᠯᠡᠷᠡᠭᠦᠯᠪᠡᠯ ᠴᠠᠭ ᠲᠤᠬᠠᠢᠳᠤᠨᠢ ᠳᠣᠲᠣᠭ᠋ᠠᠳᠤ ᠵᠢ ᠬᠠᠮᠠᠭ᠋ᠠᠯᠠᠬᠤ᠎ᠳᠤ ᠰᠢᠯᠵᠢᠭᠦᠯᠦᠨ ᠲᠤᠰᠢᠶᠠᠵᠤ᠂ ᠵᠠᠢ ᠵᠠᠪᠰᠠᠷ ᠦᠭᠡᠢ ᠵᠣᠯᠭ᠋ᠠᠭᠤᠯᠬᠤ ᠵᠢ ᠦᠨᠡᠨ ᠬᠦ᠌ ᠪᠠᠲᠤᠯᠠᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠤᠭᠰᠠᠨ ᠪᠠᠢ᠌ᠴᠠᠭ᠋ᠠᠵᠤ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ 《ᠬᠠᠷ᠎ᠠ ᠮᠢᠬᠠᠯᠠᠭᠤᠯᠬᠤ ᠬᠠᠨᠳᠠ》 ᠵᠢ ᠴᠡᠭᠴᠡᠯᠡᠨ ᠵᠠᠰᠠᠬᠤ ᠠᠵᠢᠯ᠎ᠢ ᠬᠠᠮᠲᠤ᠎ᠪᠠᠷ ᠰᠠᠢ᠌ᠲᠤᠷ ᠬᠢᠨ᠎ᠡ᠃
ᠬᠥᠲᠥᠯᠥᠭᠴᠢ᠄
ᠵᠠ ᠰᠠᠢ᠌ᠨ ᠪᠣᠯᠣᠯ᠎ᠠ᠂ ᠯᠢᠦ ᠲᠢᠩᠬᠢᠮ᠎ᠤᠨ ᠳᠠᠷᠤᠭ᠎ᠠ ᠵᠢᠨ ᠬᠦᠯᠢᠴᠡᠩᠭᠦᠢ᠎ᠪᠠᠷ ᠲᠠᠢ᠌ᠯᠤᠮᠵᠢ ᠬᠢᠭᠰᠡᠨ᠎ᠳᠤ ᠮᠠᠰᠢ ᠪᠠᠶᠠᠷᠯᠠᠵᠤ ᠪᠠᠢ᠌ᠨ᠎ᠠ᠂ ᠴᠠᠭ᠎ᠤᠨ ᠬᠠᠷᠠᠭ᠎ᠠ᠎ᠠᠴᠠ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠨ ᠵᠣᠯᠭ᠋ᠠᠶ᠎ᠠ᠂ ᠪᠠᠶᠠᠷᠲᠠᠢ!