
6 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠦᠷᠦ ᠵᠢᠨ ᠪᠤᠳᠤᠯᠭ᠎ᠠ ᠵᠢᠨ ᠲᠣᠬᠠᠢ ᠵᠤᠷᠰᠢᠯᠳᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠦᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠭᠠᠵᠠᠷ᠎ᠤᠨ ᠳᠠᠷᠤᠭ᠎ᠠ ᠬᠠᠶ ᠱᠠᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠲᠥᠪ᠎ᠤᠨ ᠡᠷᠬᠢᠯᠡᠭᠴᠢ ᠱᠠᠩ ᠰᠢᠶᠠᠨ ᠭᠠᠩ᠎ᠲᠠᠢ ᠬᠠᠮᠲᠤ ᠰᠤᠷᠪᠤᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠵᠠᠶ᠃