ᠣᠢ᠌ᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠭᠤᠸᠠᠩᠳᠦ᠋ᠩ᠂ ᠲᠢᠶᠠᠨᠵᠢᠨ᠂ ᠹᠦᠵᠢᠶᠠᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ 3 ᠲᠥᠰᠥᠯ ᠪᠠ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠬᠢᠬᠦ ᠳᠥᠷᠪᠡᠳᠦᠭᠡᠷ ᠪᠦᠯᠦᠭ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠵᠢᠷᠤᠮᠯᠠᠨ ᠳᠠᠭ᠋ᠠᠵᠤ ᠳᠡᠯᠭᠡᠷᠡᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠ ᠨᠡᠭᠡᠭᠡᠯᠲᠡ ᠬᠢᠬᠦ ᠵᠢ ᠨᠡᠩ ᠰᠠᠢ᠌ᠲᠤᠷ ᠥᠷᠭᠡᠳᠬᠡᠬᠦ᠎ᠳᠤ ᠰᠢᠨ᠎ᠡ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ ᠰᠢᠨ᠎ᠡ ᠲᠤᠷᠰᠢᠯᠭ᠎ᠠ ᠵᠢ ᠬᠤᠷᠠᠮᠳᠤᠭᠤᠯᠬᠤ ᠵᠢ ᠵᠣᠷᠢᠭᠰᠠᠨ ᠪᠠᠢ᠌ᠨ᠎ᠠ᠃
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠠᠯᠢ ᠣᠯᠠᠨ ᠠᠷᠭ᠎ᠠ ᠬᠡᠮᠵᠢᠶ᠎ᠡ᠎ᠳᠤ ᠶᠠᠮᠠᠷ ᠶᠠᠮᠠᠷ ᠭᠢᠯᠠᠰ ᠴᠡᠭ ᠪᠠᠢ᠌ᠬᠤ ᠪᠣᠢ? 24᠎ᠤ ᠡᠳᠦᠷ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠳᠠᠷᠤᠭ᠎ᠠ ᠵᠢᠨ ᠲᠤᠰᠠᠯᠠᠭᠴᠢ ᠿᠧᠨ ᠡᠾᠦ᠋ᠩ ᠪᠢᠨ᠂ ᠭᠤᠸᠠᠩᠳᠦ᠋ᠩ ᠮᠤᠵᠢ ᠵᠢᠨ ᠳᠡᠳ᠋ ᠮᠤᠵᠢ ᠵᠢᠨ ᠳᠠᠷᠤᠭ᠎ᠠ ᠡᠧᠦ ᠶᠠᠩ ᠸᠧᠢ ᠮᠢᠨ᠂ ᠲᠢᠶᠠᠨᠵᠢᠨ ᠬᠣᠲᠠ ᠵᠢᠨ ᠳᠡᠳ᠋ ᠬᠣᠲᠠ ᠵᠢᠨ ᠳᠠᠷᠤᠭ᠎ᠠ ᠵᠤᠤ ᠬᠠᠢ ᠱᠠᠨ᠂ ᠹᠦᠵᠢᠶᠠᠨ ᠮᠤᠵᠢ ᠵᠢᠨ ᠳᠡᠳ᠋ ᠮᠤᠵᠢ ᠵᠢᠨ ᠳᠠᠷᠤᠭ᠎ᠠ ᠵᠧᠩ ᠰᠢᠨ ᠴᠦᠩ ᠵᠢᠴᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠠᠳᠠᠭ᠋ᠠᠳᠤ ᠪᠡᠯᠡ ᠵᠢᠨ ᠵᠤᠷᠭ᠋ᠠᠨ᠎ᠤ ᠳᠠᠷᠤᠭ᠎ᠠ ᠲᠠᠩ ᠸᠧᠨ ᠡᠾᠦ᠋ᠩ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ ᠨᠠᠷᠢᠨ ᠲᠠᠢ᠌ᠯᠤᠮᠵᠢ ᠬᠢᠵᠡᠢ᠃
ᠪᠣᠳᠠᠲᠤ ᠴᠣᠭᠴᠠᠲᠤ ᠠᠵᠤ ᠠᠬᠤᠢ᠎ᠳᠤ ᠦᠢ᠍ᠯᠡᠴᠢᠯᠡᠬᠦ ᠣᠯᠠᠨ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠠᠷᠭ᠎ᠠ ᠵᠠᠮ ᠬᠠᠢ᠌ᠪᠠ
ᠭᠤᠸᠠᠩᠳᠦ᠋ᠩ ᠲᠢᠶᠠᠨᠵᠢᠨ ᠹᠦᠵᠢᠶᠠᠨ ᠭᠤᠷᠪᠠᠨ ᠭᠠᠵᠠᠷ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠲᠥᠰᠥᠯ᠎ᠳᠤ ᠶᠠᠮᠠᠷ ᠶᠠᠮᠠᠷ ᠭᠢᠯᠠᠰ ᠴᠡᠭ ᠪᠠᠢ᠌ᠬᠤ ᠪᠣᠢ? ᠿᠧᠨ ᠡᠾᠦ᠋ᠩ ᠪᠢᠨ᠎ᠤ ᠲᠠᠨᠢᠯᠴᠠᠭᠤᠯᠤᠭᠰᠠᠨ ᠵᠶ᠋ᠠᠷ᠂ ᠲᠥᠰᠥᠯ᠎ᠨᠢ ᠪᠣᠳᠠᠲᠤ ᠴᠣᠭᠴᠠᠲᠤ ᠠᠵᠤ ᠠᠬᠤᠢ ᠵᠢᠨ ᠬᠥᠭᠵᠢᠯᠲᠡ᠎ᠳᠤ ᠦᠢ᠍ᠯᠡᠴᠢᠯᠡᠬᠦ ᠵᠡᠷᠭᠡ ᠥᠭᠡᠷᠡᠴᠢᠯᠡᠯᠲᠡ ᠬᠢᠬᠦ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠯᠠᠨ ᠬᠦᠷᠢᠶ᠎ᠡ ᠴᠠᠷᠠᠭ᠎ᠠ᠎ᠳᠤ ᠥᠭᠡᠷᠡᠴᠢᠯᠡᠯᠲᠡ ᠬᠢᠬᠦ ᠰᠦᠪᠡᠭᠴᠢᠯᠡᠯᠲᠡ ᠵᠢ ᠭᠦᠨᠵᠡᠭᠡᠢ ᠥᠷᠨᠢᠭᠦᠯᠵᠡᠢ᠃
ᠵᠢᠱ᠌ᠢᠶᠡᠯᠡᠪᠡᠯ᠂ ᠭᠤᠸᠠᠩᠳᠦ᠋ᠩ ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠨᠢ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠰᠢᠨ᠎ᠡ ᠪᠠᠢ᠌ᠭᠤᠯᠤᠯ᠎ᠢ ᠤᠷᠢᠳ ᠵᠶ᠋ᠠᠷ ᠬᠡᠷᠡᠭᠵᠢᠭᠦᠯᠬᠦ ᠲᠣᠭᠣᠷᠢᠭ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠫᠣᠷᠲ᠋ᠧᠯ ᠬᠦᠢ᠍ᠰᠦ ᠪᠠ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠲᠤ ᠲᠣᠭᠣᠷᠢᠭ᠎ᠤᠨ ᠬᠠᠮᠲᠤᠷᠠᠯᠴᠠᠵᠤ ᠵᠢᠱ᠌ᠢᠶ᠎ᠡ ᠦᠵᠡᠭᠦᠯᠬᠦ ᠲᠣᠭᠣᠷᠢᠭ᠎ᠢ ᠪᠠᠢ᠌ᠭᠤᠯᠵᠤ᠂ ᠲᠥᠪ ᠭᠣᠣᠯᠴᠢ ᠠᠷᠢᠭᠤᠨ ᠴᠢᠭᠴᠢ ᠬᠠᠤᠯᠢ᠎ᠪᠠᠷ ᠵᠠᠰᠠᠬᠤ ᠣᠷᠴᠢᠨ ᠲᠣᠭᠣᠷᠢᠨ᠎ᠢ ᠪᠠᠢ᠌ᠭᠤᠯᠬᠤ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠭᠠᠳᠠᠭᠰᠢ ᠨᠡᠭᠡᠭᠡᠯᠲᠡ ᠬᠢᠬᠦ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠴᠣᠩᠬᠣᠪᠴᠢ ᠵᠢ ᠪᠠᠢ᠌ᠭᠤᠯᠬᠤ ᠪᠠ ᠭᠤᠸᠠᠩᠳᠦ᠋ᠩ ᠰᠢᠶᠠᠩᠭ᠋ᠠᠩ ᠣᠣᠮᠧᠨ᠎ᠤ ᠦᠢ᠍ᠯᠡᠴᠢᠯᠡᠭᠡ ᠠᠷᠠᠯᠵᠢᠶ᠎ᠠ ᠵᠢ ᠴᠢᠯᠦᠭᠡᠲᠡᠢ ᠪᠣᠯᠭ᠋ᠠᠬᠤ ᠵᠡᠷᠭᠡ 18 ᠲᠠᠯ᠎ᠠ ᠵᠢᠨ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃
ᠲᠢᠶᠠᠨᠵᠢᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠨᠢ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠰᠢᠨ᠎ᠡ ᠪᠠᠢ᠌ᠭᠤᠯᠤᠯ᠎ᠢ ᠪᠠᠢ᠌ᠭᠤᠯᠬᠤ᠂ ᠳᠡᠯᠡᠬᠡᠢ ᠵᠢᠨ ᠥᠷᠢᠰᠦᠯᠳᠦᠭᠡᠨ᠎ᠤ ᠰᠢᠨ᠎ᠡ ᠳᠠᠪᠠᠭᠤᠯᠢᠭ᠎ᠢ ᠨᠡᠮᠡᠨ ᠡᠭᠦᠳᠬᠦ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠵᠦ ᠵᠢᠱ᠌ᠢᠶ᠎ᠡ ᠦᠵᠡᠭᠦᠯᠬᠦ ᠲᠣᠭᠣᠷᠢᠭ᠎ᠢ ᠪᠠᠢ᠌ᠭᠤᠯᠬᠤ ᠵᠢᠨ ᠲᠣᠭᠣᠷᠢᠨ᠎ᠳᠤ᠂ ᠡᠯᠧᠮᠧᠨ᠋ᠲ᠎ᠤᠨ ᠵᠠᠬ᠎ᠠ ᠳᠡᠯᠭᠡᠭᠦᠷ᠎ᠲᠤ ᠲᠣᠬᠢᠷᠠᠭᠤᠯᠤᠯᠲᠠ ᠬᠢᠬᠦ ᠲᠣᠭᠲᠠᠴᠠ᠎ᠳᠤ ᠰᠢᠨ᠎ᠡ ᠵᠢ ᠡᠭᠦᠳᠬᠦ᠂ ᠬᠣᠰᠢᠭᠤᠴᠢᠯᠠᠭᠴᠢ ᠰᠢᠨ᠎ᠡ᠎ᠪᠠᠷ ᠬᠥᠭᠵᠢᠭᠰᠡᠨ ᠮᠡᠷᠭᠡᠵᠢᠯ᠎ᠤᠨ ᠨᠡᠪᠴᠢᠭᠦᠯᠭᠡ ᠵᠢ ᠠᠬᠢᠭᠤᠯᠬᠤ ᠪᠠ ᠦᠢ᠍ᠯᠡᠴᠢᠯᠡᠨ ᠬᠠᠮᠵᠢᠯᠴᠠᠵᠤ ᠬᠥᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ 16 ᠲᠠᠯ᠎ᠠ ᠵᠢᠨ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠹᠦᠵᠢᠶᠠᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠨᠢ ᠵᠠᠰᠠᠭ᠎ᠤᠨ ᠣᠷᠳᠣᠨ᠎ᠤ ᠵᠠᠰᠠᠯᠲᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠬᠣᠶᠠᠷ ᠡᠷᠭᠢ ᠵᠢᠨ ᠠᠵᠤ ᠠᠬᠤᠢ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ᠂ 21 ᠳ᠋ᠦ᠍ᠭᠡᠷ ᠵᠠᠭᠤᠨ᠎ᠤ ᠳᠠᠯᠠᠢ ᠳᠡᠭᠡᠷᠡᠬᠢ ᠲᠣᠷᠭ᠋ᠠᠨ ᠵᠠᠮ᠎ᠤᠨ ᠭᠣᠣᠯ ᠣᠷᠣᠨ᠎ᠢ ᠲᠦᠷᠭᠡᠳᠬᠡᠨ ᠪᠠᠢ᠌ᠭᠤᠯᠬᠤ ᠵᠢᠨ ᠲᠣᠭᠣᠷᠢᠨ᠎ᠳᠤ᠂ ᠥᠨᠳᠥᠷ ᠪᠠᠷᠢᠮᠵᠢᠶᠠᠲᠤ ᠳᠡᠯᠡᠬᠡᠢ᠌ᠵᠢᠭᠰᠡᠨ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠪᠠᠢ᠌ᠭᠤᠯᠬᠤ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠵᠢ ᠪᠠᠷᠢᠮᠵᠢᠶᠠᠵᠢᠭᠤᠯᠵᠤ ᠢᠯᠡ ᠲᠣᠳᠣ ᠪᠣᠯᠭ᠋ᠠᠬᠤ ᠵᠢ ᠠᠬᠢᠭᠤᠯᠬᠤ ᠪᠠ ᠹᠦᠵᠢᠶᠠᠨ ᠲᠠᠢ᠌ᠸᠠᠨ᠎ᠤ ᠮᠥᠩᠭᠥᠨ ᠭᠦᠢ᠍ᠯᠭᠡᠭᠡᠨ᠎ᠤ ᠬᠠᠮᠲᠤᠷᠠᠯᠴᠠᠭ᠎ᠠ ᠵᠢ ᠴᠢᠩᠭ᠋ᠠᠳᠬᠠᠬᠤ ᠵᠡᠷᠭᠡ 21 ᠲᠠᠯ᠎ᠠ ᠵᠢᠨ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃
《ᠳᠠᠷᠠᠭ᠋ᠠᠴᠢ ᠵᠢᠨ ᠠᠯᠬᠤᠮ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠠᠵᠢᠯ᠎ᠤᠨ ᠶᠠᠮᠤᠨ᠎ᠤ ᠬᠣᠭᠣᠷᠣᠨᠳᠤᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ ᠪᠣᠯᠣᠭᠰᠠᠨ᠎ᠤ ᠬᠤᠪᠢ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ 3 ᠮᠤᠵᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠵᠤ᠂ ᠡᠭᠦᠷᠭᠡ ᠵᠢᠨ ᠠᠵᠢᠯ᠎ᠤᠨ ᠬᠤᠪᠢᠶᠠᠷᠢᠯᠠᠯᠲᠠ ᠵᠢᠨ ᠡᠬᠡ ᠳᠠᠩᠰᠠ ᠵᠢ ᠴᠠᠭ᠎ᠢ ᠠᠮᠵᠢᠨ ᠲᠣᠭᠲᠠᠭ᠋ᠠᠵᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠰᠠᠢ᠌ᠲᠤᠷ ᠬᠢᠨ᠎ᠡ》 ᠭᠡᠵᠦ ᠿᠧᠨ ᠡᠾᠦ᠋ᠩ ᠪᠢᠨ ᠬᠡᠯᠡᠭᠰᠡᠨ ᠪᠠᠢ᠌ᠨ᠎ᠠ᠃
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠲᠤ ᠥᠭᠡᠷᠡᠴᠢᠯᠡᠯᠲᠡ ᠬᠢᠬᠦ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠨᠡᠩ ᠰᠠᠢ᠌ᠲᠤᠷ ᠵᠢᠷᠤᠮᠯᠠᠨ ᠳᠠᠭ᠋ᠠᠵᠤ ᠳᠡᠯᠭᠡᠷᠡᠭᠦᠯᠪᠡ
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠲᠤ ᠥᠭᠡᠷᠡᠴᠢᠯᠡᠯᠲᠡ ᠬᠢᠬᠦ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠵᠢᠷᠤᠮᠯᠠᠨ ᠳᠠᠭ᠋ᠠᠵᠤ ᠳᠡᠯᠭᠡᠷᠡᠭᠦᠯᠬᠦ ᠪᠣᠯ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠤᠨ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮᠴᠢ ᠵᠢ ᠪᠠᠢ᠌ᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
《ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠢ ᠪᠠᠢ᠌ᠭᠤᠯᠬᠤ ᠬᠠᠮᠤᠭ᠎ᠤᠨ ᠦᠨᠳᠦᠰᠦᠨ ᠬᠠᠷᠠᠯᠲᠠ ᠪᠣᠯ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠ ᠨᠡᠭᠡᠭᠡᠯᠲᠡ ᠰᠦᠪᠡᠭᠴᠢᠯᠡᠯᠲᠡ ᠬᠢᠬᠦ ᠰᠢᠨ᠎ᠡ ᠠᠷᠭ᠎ᠠ ᠵᠠᠮ᠎ᠢ ᠥᠷᠭᠡᠳᠬᠡᠵᠦ᠂ ᠰᠢᠨ᠎ᠡ ᠲᠤᠷᠰᠢᠯᠭ᠎ᠠ ᠵᠢ ᠬᠤᠷᠠᠮᠳᠤᠭᠤᠯᠬᠤ ᠵᠢᠨ ᠲᠥᠯᠥᠭᠡ ᠶᠤᠮ》 ᠭᠡᠵᠦ ᠿᠧᠨ ᠡᠾᠦ᠋ᠩ ᠪᠢᠨ ᠬᠡᠯᠡᠪᠡ᠃
ᠲᠡᠭᠦᠨ᠎ᠤ ᠲᠠᠨᠢᠯᠴᠠᠭᠤᠯᠤᠭᠰᠠᠨ ᠵᠶ᠋ᠠᠷ᠂ 2013 ᠣᠨ᠎ᠳᠤ ᠱᠠᠩᠬᠠᠢ ᠵᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠢ ᠪᠠᠢ᠌ᠭᠤᠯᠤᠭᠰᠠᠨ᠎ᠠᠴᠠ ᠨᠠᠭ᠋ᠠᠰᠢ᠂ ᠡᠯ᠎ᠡ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠨᠢ ᠭᠦᠨᠵᠡᠭᠡᠢ ᠰᠦᠪᠡᠭᠴᠢᠯᠡᠯᠲᠡ ᠬᠢᠵᠦ᠂ ᠵᠣᠷᠢᠭᠲᠠᠢ ᠲᠤᠷᠰᠢᠭᠰᠠᠨ᠎ᠠᠴᠠ᠂ ᠡᠭᠦᠨ᠎ᠠᠴᠠ ᠡᠮᠦᠨ᠎ᠡ ᠨᠢᠭᠡᠨᠲᠡ ᠪᠦᠷᠢᠯᠳᠦᠭᠰᠡᠨ 123 ᠵᠦᠢ᠍ᠯ᠎ᠤᠨ ᠵᠢᠷᠤᠮᠯᠠᠨ ᠳᠠᠭ᠋ᠠᠵᠤ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠬᠢᠬᠦ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠪᠦᠯᠦᠭ ᠤᠳᠠᠭ᠎ᠠ ᠬᠤᠪᠢᠶᠠᠨ ᠪᠦᠬᠦ ᠤᠯᠤᠰ᠎ᠲᠤ ᠳᠡᠯᠭᠡᠷᠡᠭᠦᠯᠵᠦ ᠰᠢᠯᠵᠢᠭᠦᠯᠦᠨ ᠪᠣᠳᠠᠲᠠᠢ᠌ᠵᠢᠭᠤᠯᠪᠠ᠃ ᠡᠭᠦᠨ᠎ᠤ ᠰᠠᠭᠤᠷᠢᠨ ᠳᠡᠭᠡᠷ᠎ᠡ᠂ ᠲᠤᠰ ᠤᠳᠠᠭ᠎ᠠ ᠵᠢᠷᠤᠮᠯᠠᠨ ᠳᠠᠭ᠋ᠠᠵᠤ ᠪᠣᠯᠬᠤᠢ᠌ᠴᠠ ᠰᠢᠨ᠎ᠡ ᠨᠢᠭᠡ ᠪᠦᠯᠦᠭ 30 ᠵᠦᠢ᠍ᠯ᠎ᠤᠨ ᠥᠭᠡᠷᠡᠴᠢᠯᠡᠯᠲᠡ ᠬᠢᠬᠦ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠳᠠᠬᠢᠨ ᠰᠢᠷᠭ᠋ᠠᠭ᠋ᠠᠨ ᠪᠦᠷᠢᠯᠳᠦᠭᠦᠯᠵᠦ᠂ ᠲᠡᠷᠡ᠎ᠨᠢ ᠪᠦᠬᠦ ᠤᠯᠤᠰ᠎ᠤᠨ ᠬᠡᠪᠴᠢᠶᠡᠨ᠎ᠳᠤ ᠵᠢᠷᠤᠮᠯᠠᠨ ᠳᠠᠭ᠋ᠠᠵᠤ ᠳᠡᠯᠭᠡᠷᠡᠭᠦᠯᠬᠦ 27 ᠵᠦᠢ᠍ᠯ᠎ᠤᠨ ᠥᠭᠡᠷᠡᠴᠢᠯᠡᠯᠲᠡ ᠵᠢᠨ ᠵᠦᠢ᠍ᠯᠡᠰ᠂ ᠬᠢᠯᠢ ᠵᠢᠨ ᠪᠣᠭᠣᠮᠲᠠ ᠵᠢᠨ ᠣᠨᠴᠠᠭ᠋ᠠᠢ ᠬᠢᠨᠠᠨ ᠬᠠᠮᠢᠶᠠᠷᠬᠤ ᠣᠷᠣᠨ᠎ᠳᠤ ᠵᠢᠷᠤᠮᠯᠠᠨ ᠳᠠᠭ᠋ᠠᠵᠤ ᠳᠡᠯᠭᠡᠷᠡᠭᠦᠯᠬᠦ 3 ᠵᠦᠢ᠍ᠯ᠎ᠤᠨ ᠥᠭᠡᠷᠡᠴᠢᠯᠡᠯᠲᠡ ᠵᠢᠨ ᠵᠦᠢ᠍ᠯᠡᠰ᠎ᠢ ᠪᠠᠭᠲᠠᠭ᠋ᠠᠵᠤ ᠪᠠᠢ᠌ᠨ᠎ᠠ᠃
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠲᠤ ᠪᠦᠷᠢᠯᠳᠦᠭᠰᠡᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠦᠢ᠍ᠯᠡᠰ᠎ᠲᠤ ᠨᠡᠭᠡᠭᠡᠯᠲᠡ ᠬᠢᠭᠰᠡᠨ ᠲᠤᠷᠰᠢᠯᠭ᠎ᠠ ᠵᠢ ᠶᠠᠷᠢᠬᠤ᠎ᠳᠤ᠎ᠪᠠᠨ ᠲᠠᠩ ᠸᠧᠨ ᠬᠤᠩ᠂ ᠣᠳᠣᠬᠠᠨ᠎ᠳᠤ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ 2 ᠬᠣᠷᠢᠭ᠎ᠠ ᠴᠠᠭ᠋ᠠᠵᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ᠎ᠳᠤ ᠶᠠᠭ ᠰᠠᠢ᠌ᠬᠠᠨ ᠵᠠᠰᠠᠪᠤᠷᠢ ᠣᠷᠣᠭᠤᠯᠬᠤ ᠵᠢ ᠠᠬᠢᠭᠤᠯᠵᠤ ᠪᠠᠢ᠌ᠨ᠎ᠠ᠂ ᠨᠢᠭᠡ᠎ᠨᠢ ᠪᠦᠬᠦ ᠤᠯᠤᠰ᠎ᠲᠠᠬᠢ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠣᠷᠣᠭᠤᠯᠬᠤ ᠬᠣᠷᠢᠭ᠎ᠠ ᠴᠠᠭ᠋ᠠᠵᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ᠂ ᠨᠥᠬᠥᠭᠡ ᠨᠢᠭᠡ᠎ᠨᠢ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠲᠠᠬᠢ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠣᠷᠣᠭᠤᠯᠬᠤ ᠬᠣᠷᠢᠭ᠎ᠠ ᠴᠠᠭ᠋ᠠᠵᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠪᠣᠯᠣᠨ᠎ᠠ᠃ ᠡᠨᠡ ᠬᠦ᠌ ᠵᠦᠢ᠍ᠯ᠎ᠤᠨ ᠠᠵᠢᠯ᠎ᠨᠢ ᠶᠠᠭ ᠰᠠᠢ᠌ᠬᠠᠨ ᠡᠮᠬᠢ ᠵᠢᠷᠤᠮ᠎ᠲᠠᠢ ᠶᠠᠪᠤᠭᠳᠠᠵᠤ ᠪᠠᠢ᠌ᠨ᠎ᠠ ᠭᠡᠵᠡᠢ᠃
《ᠡᠳᠡᠭᠡᠷ ᠥᠭᠡᠷᠡᠴᠢᠯᠡᠯᠲᠡ ᠬᠢᠬᠦ ᠲᠤᠷᠰᠢᠯᠲᠠ ᠵᠢᠨ ᠴᠢᠭ᠋᠎ᠤᠨ ᠲᠤᠷᠰᠢᠯᠭ᠎ᠠ᠎ᠨᠢ ᠣᠷᠣᠨ ᠨᠤᠲᠤᠭ᠎ᠠᠴᠠ ᠢᠷᠡᠯᠲᠡ᠎ᠲᠠᠢ ᠪᠣᠯᠪᠠᠴᠤ ᠪᠦᠬᠦ ᠤᠯᠤᠰ᠎ᠲᠤ ᠦᠢ᠍ᠯᠡᠴᠢᠯᠡᠵᠦ᠂ ᠲᠤᠷᠰᠢᠯᠲᠠ᠎ᠪᠠᠷ ᠬᠠᠷᠭᠤᠭᠤᠯᠤᠨ ᠬᠠᠷᠢᠴᠠᠭᠤᠯᠵᠤ᠂ ᠲᠤᠷᠰᠢᠯᠲᠠ᠎ᠪᠠᠷ ᠬᠠᠷᠢᠯᠴᠠᠨ ᠨᠥᠬᠥᠪᠦᠷᠢᠯᠡᠬᠦ ᠦᠷ᠎ᠡ ᠪᠦᠲᠦᠭᠡᠯ᠎ᠢ ᠨᠡᠯᠢᠶᠡᠳ ᠰᠠᠢ᠌ᠲᠤᠷ ᠢᠯᠡᠷᠡᠭᠦᠯᠵᠦ᠂ ᠵᠥᠷᠢᠶ᠎ᠡ᠎ᠲᠠᠢ᠎ᠪᠠᠷ ᠰᠦᠪᠡᠭᠴᠢᠯᠡᠯᠲᠡ ᠬᠢᠬᠦ᠎ᠪᠠᠷ ᠳᠠᠮᠵᠢᠭᠤᠯᠵᠤ᠂ ᠨᠡᠩ ᠣᠯᠠᠨ ᠡᠰᠢᠵᠢᠭᠰᠡᠨ᠂ ᠨᠡᠩ ᠥᠨᠳᠥᠷ ᠬᠢᠷᠢ ᠲᠦᠪᠰᠢᠨ ᠪᠦᠬᠦᠢ ᠳᠦᠷᠢᠮ᠎ᠤᠨ ᠰᠢᠨᠡᠴᠢᠯᠡᠯᠲᠡ ᠵᠢᠨ ᠦᠷ᠎ᠡ ᠪᠦᠲᠦᠮᠵᠢ ᠵᠢ ᠪᠦᠷᠢᠯᠳᠦᠭᠦᠯᠦᠨ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠬᠢᠭᠰᠡᠨ ᠠᠰᠢᠭ ᠣᠯᠵᠠᠪᠤᠷᠢ ᠪᠠ ᠨᠡᠭᠡᠭᠡᠯᠲᠡ ᠬᠢᠭᠰᠡᠨ ᠠᠰᠢᠭ ᠣᠯᠵᠠᠪᠤᠷᠢ ᠵᠢ ᠨᠡᠩ ᠰᠠᠢ᠌ᠲᠤᠷ ᠢᠯᠡᠷᠡᠭᠦᠯᠪᠡ》 ᠭᠡᠵᠦ ᠿᠧᠨ ᠡᠾᠦ᠋ᠩ ᠪᠢᠨ ᠬᠡᠯᠡᠵᠡᠢ᠃
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠳᠦᠷᠢᠮ᠎ᠳᠤ ᠰᠢᠨ᠎ᠡ ᠵᠢ ᠡᠭᠦᠳᠦᠭᠰᠡᠨ ᠠᠰᠢᠭ ᠣᠯᠵᠠᠪᠤᠷᠢ ᠵᠢ ᠦᠷᠭᠦᠯᠵᠢᠯᠡᠨ ᠢᠯᠡᠷᠡᠭᠦᠯᠪᠡ
ᠭᠤᠸᠠᠩᠳᠦ᠋ᠩ ᠲᠢᠶᠠᠨᠵᠢᠨ ᠹᠦᠵᠢᠶᠠᠨ ᠭᠤᠷᠪᠠᠨ ᠭᠠᠵᠠᠷ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠢ ᠠᠵᠢᠯᠯᠠᠭᠤᠯᠤᠭᠰᠠᠨ᠎ᠠᠴᠠ ᠨᠠᠭ᠋ᠠᠰᠢ᠂ ᠣᠯᠠᠨ ᠬᠦᠷᠢᠶ᠎ᠡ ᠴᠠᠷᠠᠭ᠎ᠠ ᠵᠢᠨ ᠳᠦᠷᠢᠮ᠎ᠳᠤ ᠰᠢᠨ᠎ᠡ ᠵᠢ ᠡᠭᠦᠳᠦᠨ ᠢᠯᠡᠳᠲᠡ ᠦᠷ᠎ᠡ ᠪᠦᠲᠦᠮᠵᠢ ᠣᠯᠵᠠᠢ᠃ ᠢᠷᠡᠭᠡᠳᠦᠢ᠎ᠳᠤ ᠬᠡᠷᠬᠢᠨ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠲᠤᠬᠠᠢ᠂ ᠭᠤᠷᠪᠠᠨ ᠭᠠᠵᠠᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠢᠯᠡᠷᠬᠡᠢ᠌ᠯᠡᠭᠰᠡᠨ ᠵᠶ᠋ᠡᠷ᠂ ᠳᠡᠯᠡᠬᠡᠢ ᠵᠢᠨ ᠥᠨᠳᠥᠷ ᠪᠠᠷᠢᠮᠵᠢᠶᠠᠲᠤ ᠳᠦᠷᠢᠮ ᠵᠢᠷᠤᠮ᠎ᠤᠨ ᠰᠢᠰᠲᠸᠮᠵᠢ᠎ᠲᠠᠢ ᠬᠠᠷᠭᠤᠭᠤᠯᠤᠨ ᠬᠠᠷᠢᠴᠠᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠳᠦᠷᠢᠮ᠎ᠳᠤ ᠰᠢᠨ᠎ᠡ ᠵᠢ ᠡᠭᠦᠳᠦᠭᠰᠡᠨ ᠠᠰᠢᠭ ᠣᠯᠵᠠᠪᠤᠷᠢ ᠵᠢ ᠦᠷᠭᠦᠯᠵᠢᠯᠡᠨ ᠢᠯᠡᠷᠡᠭᠦᠯᠵᠦ᠂ ᠮᠠᠨ᠎ᠤ ᠤᠯᠤᠰ᠎ᠤᠨ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠪᠠᠢ᠌ᠭᠤᠯᠤᠯ᠎ᠤᠨ ᠪᠠᠢ᠌ᠭᠤᠯᠤᠯᠲᠠ ᠵᠢ ᠠᠬᠢᠭᠤᠯᠤᠨ᠎ᠠ᠃
ᠡᠧᠦ ᠶᠠᠩ ᠸᠧᠢ ᠮᠢᠨᠤ ᠢᠯᠡᠷᠬᠡᠢ᠌ᠯᠡᠭᠰᠡᠨ ᠵᠶ᠋ᠡᠷ᠂ ᠭᠤᠸᠠᠩᠳᠦ᠋ᠩ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠨᠢ ᠤᠯᠤᠰ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠡᠯᠡ ᠣᠷᠣᠭᠤᠯᠤᠯᠲᠠ ᠵᠢ ᠵᠥᠪᠰᠢᠶᠡᠷᠡᠨ ᠣᠷᠣᠭᠤᠯᠬᠤ᠎ᠠᠴᠠ ᠡᠮᠦᠨ᠎ᠡ ᠤᠯᠤᠰ ᠠᠷᠠᠳ᠎ᠤᠨ ᠣᠯᠭᠣᠮᠵᠢ ᠵᠢᠨ ᠳᠡᠭᠡᠷ᠎ᠡ ᠬᠣᠷᠢᠭ᠎ᠠ ᠴᠠᠭ᠋ᠠᠵᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠵᠢ ᠨᠡᠮᠡᠬᠦ ᠬᠠᠮᠢᠶᠠᠷᠤᠯᠲᠠ ᠵᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠵᠢ ᠶᠡᠬᠡ ᠬᠡᠮᠵᠢᠶ᠎ᠡ᠎ᠪᠠᠷ ᠴᠢᠯᠦᠭᠡᠲᠡᠢ ᠲᠠᠯᠪᠢᠵᠤ᠂ ᠲᠡᠷᠢᠭᠦᠨ᠎ᠤ ᠳᠡᠯᠡᠬᠡᠢ᠌ᠵᠢᠭᠰᠡᠨ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠤᠷᠢᠳ ᠵᠶ᠋ᠠᠷ ᠡᠭᠦᠳᠬᠦ᠎ᠪᠠᠷ ᠪᠠᠢ᠌ᠨ᠎ᠠ᠃ ᠡᠭᠦᠨ᠎ᠤ ᠬᠠᠮᠲᠤ᠂ ᠲᠣᠭᠲᠠᠴᠠ ᠪᠠᠢ᠌ᠭᠤᠯᠤᠯ᠎ᠤᠨ ᠬᠣᠷᠢᠭ᠎ᠠ ᠰᠠᠭ᠋ᠠᠳ᠎ᠲᠤ ᠰᠢᠪᠲᠤᠯᠤᠯᠲᠠ ᠬᠢᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠬᠠᠮᠲᠤᠷᠠᠯᠴᠠᠭ᠋ᠠᠨ᠎ᠤ ᠵᠢᠱ᠌ᠢᠶ᠎ᠡ ᠦᠵᠡᠭᠦᠯᠬᠦ ᠲᠣᠭᠣᠷᠢᠭ᠎ᠢ ᠪᠠᠢ᠌ᠭᠤᠯᠵᠤ᠂ CEPA ᠲᠥᠰᠥᠪ᠎ᠤᠨ ᠳᠣᠣᠷ᠎ᠠ ᠤᠷᠢᠳ ᠵᠶ᠋ᠠᠷ ᠰᠢᠶᠠᠩᠭ᠋ᠠᠩ ᠣᠣᠮᠧᠨ᠎ᠤ ᠦᠢ᠍ᠯᠡᠴᠢᠯᠡᠭᠡ ᠵᠢᠨ ᠦᠢ᠍ᠯᠡᠰ᠎ᠲᠤ ᠤᠯᠠᠮ ᠨᠢᠭᠡ ᠠᠯᠬᠤᠮ ᠨᠡᠭᠡᠭᠡᠯᠲᠡ ᠬᠢᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠪᠠᠢ᠌ᠭᠤᠯᠤᠯᠲᠠ᠎ᠳᠤ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠦᠵᠡᠭᠦᠯᠦᠨ᠎ᠡ᠃ ᠡᠭᠦᠨ᠎ᠠᠴᠠ ᠭᠠᠳᠠᠨ᠎ᠠ᠂ ᠳᠡᠯᠡᠬᠡᠢ ᠵᠢᠨ ᠰᠠᠨᠰᠠᠷ᠎ᠤᠨ ᠲᠡᠭᠡᠭᠡᠪᠦᠷᠢ ᠵᠢᠨ ᠬᠦᠢ᠍ᠰᠦ᠂ ᠳᠡᠯᠡᠬᠡᠢ ᠵᠢᠨ ᠠᠷᠠᠯᠵᠢᠶᠠᠨ᠎ᠤ ᠲᠥᠪ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠭᠠᠳᠠᠭᠰᠢ ᠨᠡᠭᠡᠭᠡᠯᠲᠡ ᠬᠢᠬᠦ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠴᠣᠩᠬᠣᠪᠴᠢ ᠵᠢ ᠪᠠᠢ᠌ᠭᠤᠯᠬᠤ ᠵᠢᠨ ᠲᠣᠭᠣᠷᠢᠨ᠎ᠳᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠫᠣᠷᠲ᠋ᠧᠯ ᠬᠦᠢ᠍ᠰᠦ ᠵᠢ ᠴᠢᠷᠮᠠᠢ᠌ᠨ ᠪᠠᠢ᠌ᠭᠤᠯᠤᠨ᠎ᠠ᠃
《ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠲᠥᠰᠥᠯ ᠪᠣᠯ ᠢᠷᠡᠭᠡᠳᠦᠢ ᠵᠢᠨ ᠬᠣᠶᠠᠷ᠎ᠠᠴᠠ ᠭᠤᠷᠪᠠᠨ ᠵᠢᠯ᠎ᠳᠤ ᠲᠢᠶᠠᠨᠵᠢᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠪᠠᠢ᠌ᠵᠤ᠂ ᠤᠤᠯ᠎ᠤᠨ ᠶᠡᠷᠦᠩᠬᠡᠢ ᠲᠥᠰᠥᠯ᠎ᠢ ᠵᠠᠯᠭ᠋ᠠᠮᠵᠢᠯᠠᠨ ᠬᠥᠭᠵᠢᠭᠦᠯᠦᠭᠰᠡᠨ ᠶᠠᠪᠤᠳᠠᠯ ᠪᠣᠯᠣᠨ᠎ᠠ》 ᠭᠡᠵᠦ ᠵᠤᠤ ᠬᠠᠢ ᠱᠠᠨ ᠬᠡᠯᠡᠪᠡ᠃
ᠵᠤᠤ ᠬᠠᠢ ᠱᠠᠨ᠎ᠤ ᠲᠠᠨᠢᠯᠴᠠᠭᠤᠯᠤᠭᠰᠠᠨ ᠵᠶ᠋ᠠᠷ᠂ ᠲᠢᠶᠠᠨᠵᠢᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠨᠢ 《ᠨᠢᠭᠡ ᠰᠠᠭᠤᠷᠢᠨ ᠭᠠᠵᠠᠷ ᠭᠤᠷᠪᠠᠨ ᠲᠣᠭᠣᠷᠢᠭ》᠎ᠤᠨ ᠬᠣᠲᠠ ᠵᠢᠨ ᠪᠠᠢ᠌ᠷᠢ ᠲᠣᠭᠲᠠᠭ᠋ᠠᠯᠲᠠ᠎ᠲᠠᠢ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠮᠠᠰᠢᠨ ᠲᠡᠷᠭᠡ᠂ ᠨᠢᠰᠬᠡᠯ᠂ ᠣᠩᠭᠣᠴᠠ ᠰᠡᠯᠪᠢᠨ ᠵᠠᠰᠠᠬᠤ ᠵᠡᠷᠭᠡ ᠲᠡᠷᠢᠭᠦᠨ᠎ᠤ ᠦᠢ᠍ᠯᠡᠳᠬᠡᠯ᠎ᠤᠨ ᠦᠢ᠍ᠯᠡᠰ᠎ᠤᠨ ᠬᠦᠷᠢᠶ᠎ᠡ ᠴᠠᠷᠠᠭ᠎ᠠ ᠪᠠ ᠪᠠᠩᠬᠢ᠂ ᠳᠠᠭ᠋ᠠᠳᠬᠠᠯ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠦᠢ᠍ᠯᠡᠰ᠎ᠲᠤ ᠨᠡᠭᠡᠭᠡᠯᠲᠡ ᠬᠢᠬᠦ ᠵᠢ ᠥᠷᠭᠡᠳᠬᠡᠨ᠎ᠡ; ᠪᠣᠳᠠᠲᠤ ᠴᠣᠭᠴᠠᠲᠤ ᠠᠵᠤ ᠠᠬᠤᠢ᠎ᠳᠤ ᠦᠢ᠍ᠯᠡᠴᠢᠯᠡᠬᠦ ᠮᠥᠩᠭᠥᠨ ᠭᠦᠢ᠍ᠯᠭᠡᠭᠡᠨ᠎ᠤ ᠠᠵᠢᠯ᠎ᠤᠨ ᠬᠥᠭᠵᠢᠯᠲᠡ ᠵᠢ ᠳᠡᠮᠵᠢᠨ᠂ ᠮᠠᠰᠢᠨ ᠲᠡᠷᠭᠡ ᠵᠢ ᠵᠡᠷᠭᠡᠳᠡ ᠣᠷᠣᠭᠤᠯᠬᠤ ᠪᠦᠬᠦ ᠠᠵᠢᠯ ᠦᠢ᠍ᠯᠡᠰ᠎ᠤᠨ ᠦᠢ᠍ᠯᠡᠴᠢᠯᠡᠭᠡ ᠵᠢᠨ ᠬᠡᠯᠬᠢᠶᠡᠰᠦ ᠵᠢ ᠬᠦᠴᠦᠯᠡᠨ ᠪᠠᠢ᠌ᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠵᠤ᠂ ᠰᠢᠨ᠎ᠡ ᠬᠥᠳᠡᠯᠭᠡᠭᠴᠢ ᠬᠦᠴᠦᠨ᠎ᠢ ᠤᠯᠠᠮ ᠨᠢᠭᠡ ᠠᠯᠬᠤᠮ ᠬᠥᠮᠥᠵᠢᠭᠦᠯᠦᠨ ᠬᠥᠭᠵᠢᠭᠦᠯᠵᠦ᠂ ᠳᠡᠯᠡᠬᠡᠢ ᠵᠢᠨ ᠥᠷᠢᠰᠦᠯᠳᠦᠭᠡᠨ᠎ᠤ ᠰᠢᠨ᠎ᠡ ᠳᠠᠪᠠᠭᠤᠯᠢᠭ᠎ᠢ ᠴᠢᠩᠭ᠋ᠠᠷᠠᠭᠤᠯᠤᠨ᠎ᠠ; ᠡᠭᠦᠨ᠎ᠠᠴᠠ ᠭᠠᠳᠠᠨ᠎ᠠ᠂ ᠬᠠᠮᠵᠢᠯᠴᠠᠨ ᠬᠥᠭᠵᠢᠬᠦ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠭᠦᠯᠵᠦ ᠵᠢᠱ᠌ᠢᠶ᠎ᠡ ᠦᠵᠡᠭᠦᠯᠬᠦ ᠲᠣᠭᠣᠷᠢᠭ᠎ᠢ ᠪᠠᠢ᠌ᠭᠤᠯᠤᠨ᠎ᠠ᠃
《ᠲᠠᠢ᠌ᠸᠠᠨ᠎ᠳᠤ ᠤᠷᠢᠳ ᠵᠶ᠋ᠠᠷ ᠬᠡᠷᠡᠭᠵᠢᠭᠦᠯᠦᠨ ᠤᠷᠢᠳ ᠵᠶ᠋ᠠᠷ ᠲᠤᠷᠰᠢᠬᠤ ᠪᠣᠯ ᠹᠦᠵᠢᠶᠠᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠪᠡᠷᠮᠢᠴᠡ ᠣᠨᠴᠠᠯᠢᠭ ᠪᠣᠯᠣᠨ᠎ᠠ》 ᠭᠡᠵᠦ ᠵᠧᠩ ᠰᠢᠨ ᠴᠦᠩ ᠬᠡᠯᠡᠬᠦ᠎ᠳᠤ᠎ᠪᠠᠨ᠂ ᠳᠠᠷᠠᠭ᠋ᠠᠴᠢ ᠵᠢᠨ ᠠᠯᠬᠤᠮ᠎ᠳᠤ᠂ ᠹᠦᠵᠢᠶᠠᠨ ᠮᠤᠵᠢ᠎ᠨᠢ ᠠᠵᠤ ᠦᠢ᠍ᠯᠡᠰ᠎ᠤᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ᠎ᠳᠤ ᠰᠢᠨ᠎ᠡ ᠵᠢ ᠡᠭᠦᠳᠴᠦ᠂ ᠭᠣᠣᠯᠳᠠᠭᠤ ᠡᠯᠧᠺᠲᠷᠣᠨ ᠮᠡᠳᠡᠭᠡ ᠵᠠᠩᠭᠢ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ᠂ ᠮᠥᠩᠭᠥᠨ ᠭᠦᠢ᠍ᠯᠭᠡᠭᠡ᠂ ᠰᠣᠶᠣᠯ᠎ᠤᠨ ᠪᠦᠲᠦᠭᠡᠯᠴᠢ ᠲᠥᠰᠥᠪᠯᠡᠯ ᠪᠠ ᠡᠷᠡᠭᠦᠯ ᠴᠢᠭᠢᠷᠠᠭ ᠨᠠᠰᠤᠵᠢᠯ ᠵᠡᠷᠭᠡ ᠬᠦᠷᠢᠶ᠎ᠡ ᠴᠠᠷᠠᠭ᠎ᠠ᠎ᠳᠤ ᠨᠢᠭᠡ ᠪᠦᠯᠦᠭ ᠰᠢᠨ᠎ᠡ ᠲᠥᠷᠥᠯ ᠵᠦᠢ᠍ᠯ᠂ ᠰᠠᠢ᠌ᠨ ᠲᠥᠷᠥᠯ ᠵᠦᠢ᠍ᠯ᠎ᠢ ᠬᠥᠮᠥᠵᠢᠭᠦᠯᠦᠨ ᠪᠦᠷᠢᠯᠳᠦᠭᠦᠯᠬᠦ ᠵᠢᠨ ᠬᠠᠮᠲᠤ᠂ ᠲᠠᠢ᠌ᠸᠠᠨ᠎ᠠᠴᠠ ᠣᠷᠣᠭᠤᠯᠬᠤ ᠲᠠᠸᠠᠷ᠎ᠲᠤ 《ᠡᠬᠢ ᠢᠷᠡᠯᠲᠡ᠎ᠠᠴᠠ᠎ᠨᠢ ᠬᠠᠮᠢᠶᠠᠷᠬᠤ᠂ ᠲᠦᠷᠭᠡᠨ ᠵᠶ᠋ᠡᠷ ᠰᠢᠯᠭ᠋ᠠᠨ ᠪᠠᠭᠤᠯᠭ᠋ᠠᠬᠤ》 ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠥᠷᠭᠡᠳᠬᠡᠬᠦ᠎ᠪᠠᠷ ᠳᠠᠮᠵᠢᠭᠤᠯᠵᠤ᠂ 《ᠵᠢᠨᠮᠧᠨ ᠮᠠᠽᠦ ᠫᠸᠩᠬᠡᠣ》 ᠵᠢᠨ ᠠᠶᠠᠨᠴᠢᠨ᠎ᠤ ᠬᠥᠯᠭᠡ ᠣᠩᠭᠣᠴᠨ ᠵᠢᠨ ᠭᠠᠷᠠᠮ᠎ᠳᠤ ᠣᠷᠣᠵᠤ ᠭᠠᠷᠬᠤ᠂ ᠲᠠᠢ᠌ᠸᠠᠨ᠎ᠤ ᠲᠡᠷᠭᠡ ᠲᠦᠷ ᠴᠠᠭ ᠹᠦᠵᠢᠶᠠᠨ᠎ᠳᠤ ᠣᠷᠣᠬᠤ᠎ᠳᠤ ᠤᠯᠠᠮ ᠨᠢᠭᠡ ᠠᠯᠬᠤᠮ ᠳᠥᠭᠥᠮ ᠨᠥᠬᠥᠴᠡᠯ ᠬᠠᠩᠭ᠋ᠠᠵᠤ᠂ ᠪᠣᠭᠣᠮᠲᠠ᠎ᠪᠠᠷ ᠥᠩᠭᠡᠷᠡᠬᠦ᠎ᠳᠤ ᠬᠠᠮᠲᠤᠷᠠᠯᠴᠠᠬᠤ ᠰᠢᠨ᠎ᠡ ᠵᠠᠭᠪᠤᠷ᠎ᠢ ᠪᠠᠢ᠌ᠭᠤᠯᠤᠨ᠂ ᠰᠢᠨ᠎ᠡ ᠵᠢ ᠡᠭᠦᠳᠦᠨ ᠦᠢ᠍ᠯᠡᠰ ᠠᠳᠠᠯ ᠴᠣᠭᠴᠠᠯᠠᠬᠤ ᠰᠢᠨ᠎ᠡ ᠲᠠᠪᠴᠠᠩ᠎ᠢ ᠪᠠᠢ᠌ᠭᠤᠯᠵᠤ᠂ ᠰᠣᠯᠢᠯᠴᠠᠭ᠎ᠠ ᠶᠠᠪᠤᠯᠴᠠᠭ᠎ᠠ ᠬᠢᠬᠦ ᠰᠢᠨ᠎ᠡ ᠵᠠᠮ᠎ᠢ ᠥᠷᠭᠡᠳᠬᠡᠵᠦ᠂ ᠹᠦᠵᠢᠶᠠᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠪᠠᠢ᠌ᠭᠤᠯᠤᠯᠲᠠ ᠵᠢ ᠬᠣᠶᠠᠷ ᠡᠷᠭᠢ ᠵᠢᠨ ᠰᠣᠯᠢᠯᠴᠠᠭ᠎ᠠ ᠬᠢᠵᠦ ᠬᠠᠮᠲᠤᠷᠠᠯᠴᠠᠬᠤ ᠴᠢᠬᠤᠯᠠ ᠴᠣᠩᠬᠣᠪᠴᠢ ᠪᠠ ᠬᠣᠰᠢᠭᠤᠯᠠᠭᠴᠢ ᠲᠠᠪᠴᠠᠩ ᠪᠣᠯᠭ᠋ᠠᠬᠤ᠎ᠪᠠᠷ ᠴᠢᠷᠮᠠᠢ᠌ᠨ᠎ᠠ ᠭᠡᠰᠡᠨ ᠪᠠᠢ᠌ᠨ᠎ᠠ᠃