
ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠪᠠᠶ᠋ᠢᠭᠤᠯᠤᠯᠭ᠎ᠠ ᠵᠢᠨ ᠬᠡᠷᠡᠭ ᠶᠠᠪᠤᠳᠠᠯᠤᠨ ᠬᠠᠮᠢᠶᠠᠷᠤᠯᠲᠠ ᠵᠢᠨ ᠠᠷᠭ᠎ᠠ》 ᠲᠦᠷᠦ ᠵᠢᠨ ᠪᠤᠳᠤᠯᠭ᠎ᠠ ᠵᠢᠨ ᠵᠤᠷᠰᠢᠯᠳᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮᠤᠨ ᠳᠡᠳ᠋ ᠳᠠᠷᠤᠭ᠎ᠠ ᠵᠢᠶᠠ ᠯᠢ ᠠᠷᠭ᠎ᠠ ᠵᠢᠨ ᠬᠣᠯᠪᠣᠭᠳᠠᠯ ᠪᠦᠬᠦᠢ ᠪᠠᠶ᠋ᠢᠳᠠᠯᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨᠤ ᠪᠠᠶ᠋ᠢᠭᠤᠯᠭ᠎ᠠ ᠵᠢᠨ ᠶᠠᠪᠤᠳᠠᠯᠤᠨ ᠬᠠᠮᠢᠶᠠᠷᠤᠯᠲᠠ ᠵᠢᠨ ᠲᠣᠪᠴᠢᠶᠠᠨᠤ ᠳᠡᠳ᠋ ᠳᠠᠷᠤᠭ᠎ᠠ ᠵᠧᠩ ᠰᠢᠩ ᠸᠠᠩ ᠰᠣᠨᠢᠨ ᠮᠡᠳᠡᠭᠡ ᠨᠡᠶ᠋ᠢᠲᠡᠯᠡᠬᠦ ᠬᠤᠷᠠᠯᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃