《ᠣᠳᠣᠬᠠᠨ᠎ᠳᠤ᠂ ᠪᠥᠬᠥ ᠣᠷᠣᠨ᠎ᠤ ᠵᠠᠬ᠎ᠠ ᠳᠡᠯᠭᠡᠭᠦᠷ᠎ᠤᠨ ᠭᠣᠤᠯ ᠴᠣᠭᠴᠠ ᠥᠭᠡᠷᠡᠴᠢᠯᠡᠯᠲᠡ᠎ᠠᠴᠠ ᠡᠮᠦᠨ᠎ᠡ ᠳᠤᠮᠳᠠᠴᠢ᠎ᠪᠠᠷ ᠡᠳᠦᠷ ᠪᠦᠷᠢ 732 ᠡᠷᠦᠬᠡ ᠰᠢᠨ᠎ᠡ᠎ᠪᠠᠷ ᠳᠠᠩᠰᠠᠯᠠᠨ ᠲᠡᠮᠳᠡᠭᠯᠡᠭᠦᠯᠵᠦ ᠪᠠᠢ᠌ᠭᠰᠠᠨ ᠪᠣᠯ ᠣᠳᠣ ᠡᠳᠦᠷ ᠪᠦᠷᠢ 1030 ᠡᠷᠦᠬᠡ ᠳᠠᠩᠰᠠᠯᠠᠨ ᠲᠡᠮᠳᠡᠭᠯᠡᠭᠦᠯᠬᠦ ᠪᠣᠯᠵᠤ᠂ 40.71% ᠨᠡᠮᠡᠭᠳᠡᠪᠡ; ᠮᠢᠩᠭ᠋ᠠᠨ ᠬᠥᠮᠥᠨ᠎ᠲᠠᠢ ᠠᠵᠤ ᠠᠬᠤᠢ᠌ᠯᠠᠯ᠎ᠨᠢ 56 ᠡᠷᠦᠬᠡ ᠪᠠᠢ᠌ᠭᠰᠠᠨ᠎ᠠᠴᠠ᠎ᠪᠠᠨ 80.96 ᠡᠷᠦᠬᠡ ᠪᠣᠯᠵᠤ᠂ 44.57%᠎ᠪᠠᠷ ᠨᠡᠮᠡᠭᠳᠡᠪᠡ᠃ ᠢᠯᠠᠩᠭᠤᠶ᠎ᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠵᠡᠷᠭᠡ ᠡᠯ᠎ᠡ ᠲᠥᠷᠥᠯ᠎ᠤᠨ ᠨᠡᠢ᠍ᠢ᠍ᠲᠡ ᠵᠢᠨ ᠥᠮᠴᠢᠯᠡᠯ᠎ᠤᠨ ᠪᠤᠰᠤ ᠵᠠᠬ᠎ᠠ ᠳᠡᠯᠭᠡᠭᠦᠷ᠎ᠤᠨ ᠭᠣᠤᠯ ᠴᠣᠭᠴᠠ ᠲᠦᠷᠭᠡᠨ ᠬᠥᠭᠵᠢᠬᠦ ᠬᠠᠨᠳᠤᠰᠢ᠎ᠲᠠᠢ ᠪᠣᠯᠵᠤ᠂ ᠣᠳᠣᠬᠠᠨ᠎ᠳᠤ ᠨᠢᠭᠡᠨᠲᠡ 199.83 ᠲᠦᠮᠡᠨ ᠡᠷᠦᠬᠡ ᠵᠢ ᠳᠠᠪᠠᠨ᠂ ᠪᠥᠬᠥ ᠣᠷᠣᠨ᠎ᠤ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠶᠡᠷᠦᠩᠬᠡᠶ ᠲᠣᠭ᠋ᠠᠨ᠎ᠤ 97.41%᠎ᠠᠴᠠ ᠳᠡᠭᠡᠭᠰᠢᠬᠢ ᠵᠢ ᠡᠵᠡᠯᠡᠪᠡ᠃》 ᠡᠨᠡ ᠪᠣᠯ ᠰᠤᠷᠪᠤᠯᠵᠢᠯᠠᠭᠴᠢ 10 ᠳ᠋ᠤᠭ᠋ᠠᠷ ᠰᠠᠷ᠎ᠠ ᠵᠢᠨ 11᠎ᠤ ᠡᠳᠦᠷ ᠥᠪᠡᠷᠲᠡᠭᠡᠨ ᠵᠠᠰᠠᠬᠤ ᠣᠷᠣᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠭ᠋ᠠᠭᠰᠠᠨ ᠮᠡᠳᠡᠭᠡ ᠪᠣᠯᠤᠨ᠎ᠠ᠃
ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠢ᠌ᠷᠡᠵᠦ᠂ ᠠᠵᠤ ᠠᠬᠤᠢ᠌ᠯᠠᠯ ᠪᠣᠯᠤᠨ ᠣᠯᠠᠨ ᠲᠦᠮᠡᠨ᠎ᠤ ᠲᠤᠰᠬᠠᠯ ᠳᠣᠪᠤᠢ᠌ᠮ᠎ᠠ ᠪᠠᠢ᠌ᠭ᠎ᠠ ᠶᠠᠪᠤᠳᠠᠯ ᠭᠦᠢᠴᠡᠳᠬᠡᠬᠦ᠎ᠳᠤ ᠬᠦᠴᠢᠷ᠂ ᠶᠠᠪᠤᠳᠠᠯ ᠭᠦᠢᠴᠡᠳᠬᠡᠬᠦ᠎ᠳᠤ ᠤᠳᠠᠭ᠋ᠠᠨ᠂ ᠣᠯᠠᠨ ᠭᠠᠵᠠᠷ ᠵᠶ᠋ᠠᠷ ᠭᠦᠶᠦᠬᠦ᠂ ᠨᠠᠭ᠋ᠠᠰᠢ ᠴᠠᠭ᠋ᠠᠰᠢ ᠭᠦᠶᠦᠬᠦ ᠵᠡᠷᠭᠡ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠦ᠂
《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠵᠢ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠠᠩᠭᠢᠯᠠᠭ᠎ᠠ ᠵᠢᠨ ᠭᠣᠭᠴᠣᠭ᠎ᠠ ᠪᠣᠯᠭ᠋ᠠᠵᠤ᠂ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠭᠦᠢᠴᠡᠳ ᠬᠡᠷᠡᠭᠯᠡᠨ᠂ ᠰᠦᠯᠵᠢᠶᠡᠨ ᠳᠡᠭᠡᠷ᠎ᠡ 《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》 ᠵᠢ ᠪᠥᠬᠥ ᠬᠦᠴᠦᠨ ᠵᠶ᠋ᠡᠷ ᠲᠦᠯᠬᠢᠨ ᠠᠬᠢᠭᠤᠯᠵᠤ᠂ ᠰᠦᠯᠵᠢᠶᠡᠨ ᠭᠠᠳᠠᠨ᠎ᠠ 《ᠨᠢᠭᠡ ᠯᠡ ᠡᠭᠦᠳᠡ᠎ᠪᠠᠷ ᠣᠷᠣᠬᠤ》 ᠲᠤᠬᠠᠶ ᠵᠢᠨ ᠲᠠᠯᠠᠪᠠᠢ᠎ᠳᠤ 《ᠬᠠᠮᠤᠭ᠎ᠤᠨ ᠣᠯᠠᠨ᠎ᠳᠤ᠎ᠪᠠᠨ ᠨᠢᠭᠡ ᠯᠡ ᠤᠳᠠᠭ᠎ᠠ ᠭᠦᠶᠦᠬᠦ》 ᠵᠢ ᠭᠦᠢᠴᠡᠳᠬᠡᠵᠦ᠂ ᠠᠵᠤ ᠠᠬᠤᠢ᠌ᠯᠠᠯ ᠪᠠ ᠣᠯᠠᠨ ᠲᠦᠮᠡᠨ᠎ᠢ ᠰᠦᠯᠵᠢᠶᠡᠨ ᠳᠡᠭᠡᠷ᠎ᠡ ᠢᠯᠡᠭᠦᠦ ᠶᠠᠪᠤᠳᠠᠯ ᠭᠦᠢ᠍ᠴᠡᠳᠭᠡᠯᠭᠡᠵᠦ᠂ ᠳᠤᠲᠠᠭᠤ ᠭᠦᠶᠦᠯᠭᠡᠨ᠂ ᠲᠠᠯᠠᠭ᠋ᠠᠷ ᠭᠦᠶᠦᠯᠭᠡᠬᠦ ᠥᠬᠡᠶ ᠪᠣᠯᠭ᠋ᠠᠵᠤ᠂ ᠠᠵᠤ ᠠᠬᠤᠢ᠌ᠯᠠᠯ ᠪᠠ ᠣᠯᠠᠨ ᠲᠦᠮᠡᠨ᠎ᠢ ᠨᠠᠩ ᠢᠯᠡᠭᠦᠦ ᠵᠣᠯ ᠵᠢᠷᠭ᠋ᠠᠯᠲᠤ ᠲᠥᠷᠥᠭᠳᠡᠯ᠎ᠲᠠᠢ᠂ ᠠᠰᠢᠭ ᠬᠦᠷᠲᠡᠭᠰᠡᠨ ᠲᠥᠷᠥᠭᠳᠡᠯ᠎ᠲᠠᠢ ᠪᠣᠯᠭ᠋ᠠᠪᠠ᠃
《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠤᠨ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠭᠦᠨᠵᠡᠭᠡᠢ᠌ᠷᠡᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ 《ᠣᠷᠣᠵᠤ ᠢᠷᠡᠵᠦ ᠳᠡᠢ᠌ᠯᠬᠦ ᠥᠬᠡᠶ》 ᠪᠠᠢ᠌ᠬᠤ ᠠᠰᠠᠭᠤᠳᠠᠯ᠎ᠢ ᠰᠢᠢᠳᠪᠦᠷᠢᠯᠡᠬᠦ ᠵᠢᠨ ᠲᠥᠯᠥᠭᠡ᠂ ᠥᠪᠥᠷ ᠮᠣᠩᠭᠣᠯ ᠠᠵᠤ ᠠᠬᠤᠢ᠌ᠯᠠᠯ᠎ᠳᠤ ᠬᠣᠯᠪᠣᠭᠳᠠᠭᠰᠠᠨ 106 ᠵᠦᠢᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠲᠤ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠥᠷᠨᠢᠭᠦᠯᠪᠡ᠃ 《32 ᠦᠨᠡᠮᠯᠡᠯ᠎ᠢ ᠨᠢᠭᠡᠳᠬᠡᠬᠦ》 ᠵᠢ ᠬᠡᠷᠡᠭᠵᠢᠭᠦᠯᠦᠨ᠂ 《ᠨᠢᠭᠡ ᠰᠦᠯᠵᠢᠶ᠎ᠡ᠎ᠪᠠᠷ ᠭᠤᠶᠤᠴᠢᠯᠠᠬᠤ᠂ ᠨᠢᠭᠡ ᠴᠣᠩᠬᠤᠪᠴᠢ᠎ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠤᠳᠠᠭ᠎ᠠ᠎ᠳᠤ ᠭᠦᠢᠴᠡᠳᠬᠡᠬᠦ》 ᠵᠢ ᠪᠡᠶᠡᠯᠡᠭᠦᠯᠵᠦ᠂ ᠭᠤᠶᠤᠴᠢᠯᠠᠯ᠎ᠤᠨ ᠮᠠᠲ᠋ᠧᠷᠢᠶᠠᠯ᠎ᠢ ᠳᠤᠮᠳᠠᠴᠢ᠎ᠪᠠᠷ 15%᠎ᠪᠠᠷ ᠬᠠᠰᠤᠵᠤ᠂ ᠭᠦᠢᠴᠡᠳᠬᠡᠬᠦ ᠴᠠᠭ᠎ᠤᠨ ᠬᠢᠵᠠᠭ᠋ᠠᠷ᠎ᠢ ᠳᠤᠮᠳᠠᠴᠢ᠎ᠪᠠᠷ 30%᠎ᠪᠠᠷ ᠪᠣᠭᠣᠨᠢᠰᠬᠠᠪᠠ᠃ ᠠᠵᠤ ᠠᠬᠤᠢ᠌ᠯᠠᠯ ᠡᠷᠬᠢᠯᠡᠨ ᠪᠠᠢ᠌ᠭᠤᠯᠬᠤ ᠴᠠᠭ᠎ᠢ 5 ᠠᠵᠢᠯᠯᠠᠬᠤ ᠡᠳᠦᠷ ᠪᠣᠯᠲᠠᠯ᠎ᠠ ᠪᠣᠭᠣᠨᠢᠰᠬᠠᠵᠤ᠂ ᠠᠵᠤ ᠠᠬᠤᠢ᠌ᠯᠠᠯ᠎ᠤᠨ ᠨᠡᠷᠡᠢ᠌ᠳᠦᠯ᠎ᠢ ᠤᠷᠢᠳᠴᠢᠯᠠᠨ ᠬᠢᠨᠠᠨ ᠵᠥᠪᠰᠢᠶᠡᠷᠡᠬᠦ ᠵᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠵᠤ᠂ ᠰᠦᠯᠵᠢᠶᠡᠨ ᠳᠡᠭᠡᠷ᠎ᠡ ᠡᠵᠡᠨ ᠮᠡᠳᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠦᠨ᠂ ᠠᠵᠤ ᠠᠬᠤᠢ᠌ᠯᠠᠯ᠎ᠤᠨ ᠳᠡᠩᠰᠡᠯᠡᠯᠲᠡ ᠵᠢ ᠪᠥᠬᠥ ᠶᠠᠪᠤᠴᠠ᠎ᠪᠠᠷ᠎ᠨᠢ ᠡᠯᠸᠺᠲᠷᠤᠨᠴᠢᠯᠠᠬᠤ ᠵᠢ ᠪᠡᠶᠡᠯᠡᠭᠦᠯᠪᠡ᠃ ᠬᠦᠴᠦᠨ ᠦᠭᠡᠢ ᠪᠣᠯᠭ᠋ᠠᠬᠤ ᠵᠢ ᠳᠦᠭᠦᠮᠴᠢᠯᠡᠬᠦ ᠥᠭᠡᠷᠡᠴᠢᠯᠡᠯᠲᠡ ᠵᠢ ᠶᠡᠬᠡᠪᠡᠷ ᠳᠡᠯᠭᠡᠷᠡᠭᠦᠯᠵᠦ᠂ ᠬᠦᠴᠦᠨ ᠦᠭᠡᠢ ᠪᠣᠯᠭ᠋ᠠᠬᠤ ᠵᠢ ᠳᠦᠭᠦᠮᠴᠢᠯᠡᠬᠦ ᠠᠯᠪᠠᠨ ᠵᠠᠷ᠎ᠤᠨ ᠴᠠᠭ᠎ᠢ 45 ᠡᠳᠦᠷ ᠪᠠᠢ᠌ᠭᠰᠠᠨ᠎ᠠᠴᠠ᠎ᠨᠢ 20 ᠡᠳᠦᠷ ᠪᠣᠯᠭ᠋ᠠᠨ ᠪᠣᠭᠣᠨᠢᠰᠬᠠᠪᠠ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠵᠦᠢᠯᠡᠰ᠎ᠤᠨ ᠶᠡᠷᠦᠩᠬᠡᠶ ᠬᠢᠨᠠᠨ ᠵᠥᠪᠰᠢᠶᠡᠷᠡᠬᠦ ᠴᠠᠭ᠎ᠢ 151 ᠠᠵᠢᠯᠯᠠᠬᠤ ᠡᠳᠦᠷ ᠪᠠᠢ᠌ᠭᠰᠠᠨ᠎ᠠᠴᠠ᠎ᠨᠢ 120 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠪᠠ᠃ ᠥᠪᠡᠷᠲᠡᠭᠡᠨ ᠵᠠᠰᠠᠬᠤ ᠣᠷᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠎ᠨᠢ ᠨᠢᠭᠡᠨᠲᠡ 16 ᠰᠠᠯᠠᠭ᠎ᠠ ᠮᠥᠴᠢᠷ᠎ᠲᠠᠢ ᠬᠥᠨᠳᠡᠯᠡᠨ ᠵᠶ᠋ᠡᠷ ᠬᠣᠯᠪᠣᠨ ᠨᠡᠪᠲᠡᠷᠡᠯᠴᠡᠵᠦ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ 2237 ᠬᠣᠯᠪᠣᠭ᠋ᠠᠯᠠᠨ ᠬᠢᠨᠠᠬᠤ ᠰᠠᠯᠠᠭ᠎ᠠ ᠮᠥᠴᠢᠷ᠎ᠲᠤ ᠨᠡᠪᠲᠡᠷᠡᠵᠦ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢᠯ᠎ᠢ ᠬᠢᠨᠠᠨ ᠵᠥᠪᠰᠢᠶᠡᠷᠡᠬᠦ ᠪᠠ ᠠᠵᠤ ᠠᠬᠤᠢ᠌ᠯᠠᠯ᠎ᠤᠨ ᠪᠠᠯᠠ ᠲᠣᠬᠢᠷᠠᠭᠤᠯᠭ᠎ᠠ ᠵᠢᠨ ᠲᠥᠷᠥᠯ ᠵᠦᠢᠯ᠎ᠢ ᠬᠢᠨᠠᠨ ᠵᠥᠪᠰᠢᠶᠡᠷᠡᠬᠦ ᠴᠠᠭ᠎ᠢ 20 ᠠᠵᠢᠯᠯᠠᠬᠤ ᠡᠳᠦᠷ᠎ᠠᠴᠠ 13 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠪᠠ᠃ ᠡᠨᠡ ᠵᠢᠯ᠎ᠤᠨ ᠡᠴᠦᠰ ᠪᠣᠯᠬᠤ᠎ᠳᠤ᠂ ᠪᠣᠶ ᠪᠦᠬᠦᠢ ᠭᠠᠵᠠᠷ ᠣᠷᠣᠨ᠎ᠤ ᠥᠯᠥ ᠬᠥᠳᠡᠯᠬᠦ ᠬᠥᠷᠥᠩᠭᠡ ᠵᠢᠨ ᠡᠩ᠎ᠤᠨ ᠳᠠᠩᠰᠠᠯᠠᠯ᠎ᠤᠨ ᠲᠤᠬᠠᠢ᠌ᠯᠠᠭᠰᠠᠨ ᠠᠵᠢᠯ᠎ᠤᠨ ᠭᠦᠢᠴᠡᠳᠬᠡᠬᠦ ᠴᠠᠭ᠎ᠢ 10 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠵᠤ᠂ ᠪᠠᠷᠢᠴᠠᠭ᠋ᠠᠯᠠᠬᠤ ᠳᠠᠩᠰᠠᠯᠠᠯ᠎ᠤᠨ ᠭᠦᠢᠴᠡᠳᠬᠡᠬᠦ ᠴᠠᠭ᠎ᠢ 5 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢ ᠤᠤᠯ᠎ᠤᠨ 7779 ᠵᠦᠢᠯ ᠪᠠᠢ᠌ᠭᠰᠠᠨ᠎ᠠᠴᠠ᠎ᠨᠢ 3078 ᠵᠦᠢᠯ ᠪᠣᠯᠭ᠋ᠠᠨ ᠬᠠᠰᠤᠨ᠎ᠠ᠃
ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 33 ᠰᠠᠯᠠᠭ᠎ᠠ ᠮᠥᠴᠢᠷ᠎ᠤᠨ 845 ᠵᠦᠢᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠰᠦᠯᠵᠢᠶᠡᠨ ᠳᠡᠭᠡᠷ᠎ᠡ ᠭᠦᠢᠴᠡᠳᠬᠡᠬᠦ ᠵᠢ ᠪᠡᠶᠡᠯᠡᠭᠦᠯᠵᠦ᠂ ᠪᠥᠬᠥ ᠣᠷᠣᠨ᠎ᠤ ᠨᠢᠭᠡᠳᠦᠯᠲᠡᠶ ᠵᠦᠢᠯᠡᠰ᠎ᠤᠨ ᠬᠥᠮᠥᠷᠭᠡ᠂ ᠨᠢᠭᠡᠳᠦᠯᠲᠡᠶ ᠬᠢᠷᠢ ᠭᠡᠮ᠎ᠤᠨ ᠭᠡᠷᠡᠴᠢᠯᠡᠯ᠂ ᠡᠯᠧᠺᠲᠷᠣᠨ ᠲᠠᠮᠠᠭ᠎ᠠ ᠵᠢᠨ ᠰᠢᠰᠲ᠋ᠧᠮ᠎ᠢ ᠠᠩᠬ᠎ᠠ ᠠᠯᠬᠤᠮ ᠪᠠᠢ᠌ᠭᠤᠯᠤᠨ ᠪᠦᠲᠦᠭᠡᠵᠦ᠂ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 2514 ᠵᠦᠢᠯ᠂ ᠡᠯᠧᠺᠲᠷᠣᠨ ᠭᠡᠷᠡᠴᠢ ᠦᠨᠡᠮᠯᠡᠯ᠎ᠤᠨ 296 ᠲᠥᠷᠥᠯ᠎ᠢ ᠡᠮᠬᠢᠯᠡᠨ ᠲᠢᠭᠯᠡᠵᠦ᠂ 2020 ᠲᠦᠮᠡ ᠭᠠᠷᠤᠢ ᠲᠣᠭ᠎ᠠ ᠪᠠᠷᠢᠮᠲᠠ ᠵᠢ ᠴᠤᠭᠯᠠᠭᠤᠯᠵᠤ᠂ ᠤᠯᠤᠰ᠎ᠲᠤ 1990 ᠲᠦᠮᠡᠨ ᠵᠣᠷᠪᠤᠰ ᠮᠡᠳᠡᠭᠡ ᠵᠠᠩᠭᠢ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 13 ᠰᠠᠯᠠᠭ᠎ᠠ ᠮᠥᠴᠢᠷ᠎ᠤᠨ 22 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠢ ᠨᠢᠭᠡᠳᠦᠯᠲᠡᠶ ᠬᠢᠷᠢ ᠭᠡᠮ᠎ᠤᠨ ᠭᠡᠷᠡᠴᠢᠯᠡᠯ᠎ᠢ ᠵᠤᠯᠭ᠋ᠠᠯᠳᠤᠭᠤᠯᠵᠤ᠂ ᠨᠢᠭᠡ ᠯᠡ ᠰᠦᠯᠵᠢᠶᠡᠨ ᠳᠡᠭᠡᠷ᠎ᠡ ᠣᠯᠠᠨ ᠴᠡᠭ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ᠃
ᠳᠤᠷᠠᠳᠤᠭᠤᠰᠢᠲᠠᠶ᠎ᠨᠢ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ 9 ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ ᠡᠬᠢᠯᠡᠨ ᠲᠤᠷᠰᠢᠨ ᠠᠵᠢᠯᠯᠠᠵᠤ᠂ ᠣᠳᠣᠬᠠᠨ᠎ᠳᠤ ᠨᠢᠭᠡᠨᠲᠡ 29 ᠰᠠᠯᠠᠭ᠎ᠠ ᠮᠥᠴᠢᠷ ᠣᠷᠣᠵᠤ ᠰᠠᠭᠤᠪᠠ᠂ ᠡᠭᠦᠨ᠎ᠳᠤ᠄ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠤᠤᠯ᠎ᠤᠨ ᠬᠡᠷᠡᠭ ᠡᠷᠬᠢᠯᠡᠬᠦ ᠲᠢᠩᠬᠢᠮ ᠪᠦᠬᠦᠯᠢ ᠴᠣᠭᠴᠠ᠎ᠪᠠᠷ ᠵᠶ᠋ᠠᠨ ᠣᠷᠣᠵᠤ ᠰᠠᠭᠤᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠢ ᠲᠥᠪᠯᠡᠷᠡᠭᠦᠯᠦᠨ ᠭᠦᠢᠴᠡᠳᠬᠡᠬᠦ ᠵᠢ ᠪᠡᠶᠡᠯᠡᠭᠦᠯᠵᠦ᠂ ᠡᠯ᠎ᠡ ᠲᠥᠷᠥᠯ᠎ᠤᠨ ᠨᠡᠢ᠌ᠭᠡᠮ᠎ᠤᠨ ᠬᠡᠷᠡᠭ ᠶᠠᠪᠤᠳᠠᠯ ᠪᠠ ᠨᠡᠢ᠌ᠭᠡᠮ᠎ᠤᠨ ᠪᠠᠲᠤᠯᠠᠭ᠎ᠠ᠂ ᠡᠮ ᠡᠮᠨᠡᠯᠭᠡ ᠵᠢᠨ ᠳᠠᠭ᠋ᠠᠳᠬᠠᠯ᠂ ᠨᠡᠢ᠍ᠢ᠍ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠡᠷᠭᠡ ᠣᠯᠠᠨ ᠨᠡᠢ᠍ᠢ᠍ᠲᠡ ᠵᠢᠨ ᠦᠢᠯᠡᠴᠢᠯᠡᠭᠡ ᠵᠢᠨ ᠶᠡᠬᠡ ᠲᠢᠩᠬᠢᠮ᠎ᠨᠢ ᠨᠢᠭᠡ ᠥᠷᠲᠡᠭᠡ ᠮᠠᠶᠢᠭ᠎ᠤᠨ ᠦᠢᠯᠡᠴᠢᠯᠡᠭᠡ ᠵᠢ ᠲᠥᠪᠯᠡᠷᠡᠭᠦᠯᠦᠨ ᠬᠠᠩᠭ᠋ᠠᠬᠤ ᠪᠣᠯᠪᠠ᠃ ᠢᠯᠠᠩᠭᠤᠶ᠎ᠠ ᠬᠥᠬᠡᠬᠣᠲᠠ᠂ ᠬᠢᠩᠭ᠋ᠠᠨ ᠠᠢ᠌ᠮᠠᠭ᠂ ᠦᠬᠠᠶ ᠬᠣᠲᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢ ᠬᠠᠷᠢᠴᠠᠩᠭᠤᠢ᠎ᠪᠠᠷ ᠲᠥᠪᠯᠡᠷᠡᠭᠦᠯᠬᠦ ᠥᠭᠡᠷᠡᠴᠢᠯᠡᠯᠲᠡ ᠵᠢ ᠶᠡᠬᠡᠪᠡᠷ ᠬᠡᠷᠡᠭᠵᠢᠭᠦᠯᠵᠦ᠂ 《ᠨᠢᠭᠡ ᠯᠡ ᠲᠠᠮᠠᠭ᠎ᠠ᠎ᠪᠠᠷ ᠬᠢᠨᠠᠨ ᠵᠥᠪᠰᠢᠶᠡᠷᠡᠬᠦ ᠵᠢ ᠬᠠᠮᠢᠶᠠᠷᠬᠤ 》 ᠵᠢ ᠪᠡᠶᠡᠯᠡᠭᠦᠯᠪᠡ᠃