ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠭᠣᠤᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠮᠡᠳᠡᠭᠡ ᠵᠢ ᠦᠨᠳᠦᠰᠦᠯᠡᠪᠡᠯ᠂ ᠥᠪᠥᠷ ᠮᠣᠩᠭᠣᠯ᠎ᠤᠨ ᠥᠷᠨᠢᠭᠦᠯᠦᠭᠰᠡᠨ 《ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠳᠣᠪᠤᠢ᠌ᠮ᠎ᠠ ᠠᠰᠠᠭᠤᠳᠠᠯ》᠎ᠤᠨ ᠲᠤᠰᠬᠠᠶ ᠴᠡᠭᠴᠡᠯᠡᠨ ᠵᠠᠰᠠᠯᠲᠠ ᠵᠢᠨ ᠦᠷ᠎ᠡ ᠪᠦᠲᠦᠮᠵᠢ ᠢᠯᠡᠳᠲᠡ ᠪᠠᠢ᠌ᠵᠤ᠂ ᠡᠨᠡ ᠵᠢᠯ᠎ᠤᠨ 1 — 8 ᠳ᠋ᠤᠭ᠋ᠠᠷ ᠰᠠᠷ᠎ᠠ᠎ᠳᠤ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ 369 ᠠᠰᠠᠭᠤᠳᠠᠯ᠎ᠢ ᠪᠠᠢ᠌ᠴᠠᠭ᠋ᠠᠨ ᠰᠢᠢᠳᠪᠦᠷᠢᠯᠡᠪᠡ᠃
15᠎ᠤ ᠡᠳᠦᠷ ᠪᠣᠯᠣᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠣ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠭᠣᠤᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠪᠠᠢ᠌ᠩᠭᠤ ᠵᠢᠨ ᠳᠡᠳ᠋ ᠡᠷᠬᠢᠯᠡᠭᠴᠢ ᠰᠦᠨ ᠬᠣᠩ ᠮᠧᠶ ᠵᠢᠨ ᠲᠠᠨᠢᠯᠴᠠᠭᠤᠯᠤᠭᠰᠠᠨ ᠵᠶ᠋ᠠᠷ᠂ ᠥᠪᠥᠷ ᠮᠣᠩᠭᠣᠯ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠠᠪᠤᠴᠠ᠎ᠳᠤ᠂ 《ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠳᠣᠪᠤᠢ᠌ᠮ᠎ᠠ ᠠᠰᠠᠭᠤᠳᠠᠯ》᠎ᠢ ᠲᠤᠰᠬᠠᠶ ᠴᠡᠭᠴᠡᠯᠡᠨ ᠵᠠᠰᠠᠬᠤ ᠪᠠ 《ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ》 ᠲᠤᠰᠬᠠᠶ ᠴᠡᠭᠴᠡᠯᠡᠨ ᠵᠠᠰᠠᠯᠲᠠ ᠵᠢ
ᠥᠷᠨᠢᠭᠦᠯᠪᠡ᠃
ᠡᠨᠡ ᠵᠢᠯ᠎ᠠᠴᠠ ᠨᠠᠭ᠋ᠠᠰᠢ ᠪᠥᠬᠥ ᠣᠷᠣᠨ᠎ᠳᠤ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ 369 ᠠᠰᠠᠭᠤᠳᠠᠯ᠎ᠢ ᠪᠠᠢ᠌ᠴᠠᠭ᠋ᠠᠨ ᠰᠢᠢᠳᠪᠦᠷᠢᠯᠡᠵᠦ᠂ 403 ᠬᠥᠮᠦᠨ᠎ᠳᠤ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠠᠵᠢᠯ᠎ᠤᠨ ᠰᠠᠯᠠᠭ᠎ᠠ ᠮᠥᠴᠢᠷ᠎ᠤᠨ ᠲᠠᠷᠬᠠᠭ᠋ᠠᠬᠤ ᠪᠢᠴᠢᠭ ᠮᠠᠲ᠋ᠧᠷᠢᠶᠠᠯ᠎ᠤᠨ ᠲᠣᠭ᠎ᠠ ᠵᠢ ᠠᠳᠠᠯᠢ ᠬᠤᠭᠤᠴᠠᠭ᠋ᠠᠨ᠎ᠤ᠎ᠬᠢ᠎ᠠᠴᠠ ᠶᠡᠬᠡ᠎ᠪᠠᠷ ᠴᠣᠮᠬᠠᠳᠬᠠᠪᠠ᠃ ᠲᠤᠰᠬᠠᠶ ᠴᠡᠭᠴᠡᠯᠡᠨ ᠵᠠᠰᠠᠬᠤ ᠵᠢ ᠥᠷᠨᠢᠭᠦᠯᠬᠦ᠎ᠪᠠᠷ ᠳᠠᠮᠵᠢᠭᠤᠯᠤᠨ᠂ ᠪᠦᠬᠦ ᠣᠷᠣᠨ᠎ᠤ ᠺᠠᠳ᠋ᠷ᠎ᠤᠨ ᠠᠵᠢᠯ᠎ᠤᠨ ᠰᠤᠷᠲᠠᠯ᠎ᠢ ᠤᠯᠠᠮ ᠨᠢᠭᠡ ᠠᠯᠬᠤᠮ ᠬᠤᠪᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠢ᠌ᠯᠭ᠋ᠠᠬᠤ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠦᠴᠦᠲᠡᠶ ᠲᠦᠯᠬᠢᠨ ᠠᠬᠢᠭᠤᠯᠤᠭᠰᠠᠨ ᠪᠠ ᠪᠠᠲᠤᠯᠠᠪᠠ᠃
ᠡᠭᠦᠨ᠎ᠠᠴᠠ ᠭᠠᠳᠠᠨ᠎ᠠ᠂ ᠥᠪᠥᠷ ᠮᠣᠩᠭᠣᠯ ᠣᠯᠠᠨ ᠲᠦᠮᠡᠨ᠎ᠤ ᠰᠡᠳᠬᠢᠯ ᠵᠣᠪᠠᠵᠤ ᠪᠤᠬᠢᠨᠢᠳᠤᠵᠤ ᠪᠠᠢ᠌ᠭ᠎ᠠ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠠᠳᠬᠤᠪᠠ᠃ ᠣᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ᠎ᠢ ᠰᠢᠢᠳᠪᠦᠷᠢᠯᠡᠬᠦ ᠵᠢ ᠬᠦᠴᠦᠲᠡᠢ ᠲᠦᠯᠬᠢᠨ ᠠᠬᠢᠭᠤᠯᠪᠠ᠃ 《ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠲᠤᠰᠬᠠᠶ ᠴᠡᠭᠴᠡᠯᠡᠨ ᠵᠠᠰᠠᠬᠤ ᠲᠣᠮᠣ ᠳ᠋ᠠᠢ᠌ᠲ᠋ᠠ ᠵᠢᠨ ᠲᠠᠪᠴᠠᠩ》᠎ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠣᠨ ᠪᠠ ᠬᠣᠲᠠ ᠪᠠᠯᠭ᠋ᠠᠰᠤ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠵᠣᠭᠣᠰ ᠵᠢᠴᠢ ᠨᠤᠷᠠᠬᠤ ᠠᠶᠤᠯᠲᠠᠶ ᠭᠡᠷ ᠪᠠᠢ᠌ᠰᠢᠩ᠎ᠤᠨ ᠨᠥᠬᠥᠪᠥᠷᠢ ᠵᠣᠭᠣᠰ᠎ᠢ ᠲᠣᠭᠲᠠᠭ᠋ᠠᠯ᠎ᠠᠴᠠ ᠵᠥᠷᠢᠴᠡᠨ ᠠᠪᠬᠤ ᠠᠰᠠᠭᠤᠳᠠᠯ ᠡᠭᠦᠰᠬᠦ ᠵᠢ ᠪᠦᠲᠦᠮᠵᠢᠲᠡᠶ ᠰᠡᠷᠭᠡᠢ᠌ᠯᠡᠪᠡ᠃
《ᠢᠳᠡᠵᠦ ᠡᠮᠦᠰᠬᠦ ᠶᠠᠪᠤᠵᠤ ᠰᠠᠭᠤᠬᠤ》 ᠳᠥᠷᠪᠡᠨ ᠶᠡᠬᠡ ᠬᠦᠷᠢᠶᠡᠨ᠎ᠳᠠᠬᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠲᠣᠭᠲᠠᠭ᠋ᠠᠯ᠎ᠠᠴᠠ ᠵᠥᠷᠢᠴᠡᠭᠰᠡᠨ 4500 ᠭᠠᠷᠤᠶ ᠠᠰᠠᠭᠤᠳᠠᠯ᠎ᠢ ᠬᠡᠷᠡᠭ ᠪᠣᠯᠭ᠋ᠠᠨ ᠳᠠᠩᠰᠠᠯᠠᠵᠤ ᠪᠠᠢ᠌ᠴᠠᠭ᠋ᠠᠨ ᠰᠢᠢᠳᠪᠦᠷᠢᠯᠡᠪᠡ᠃ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠢᠯᠡᠴᠢᠯᠡᠨ ᠮᠡᠳᠡᠭᠦᠯᠬᠦ ᠬᠠᠮᠢᠶᠠᠷᠤᠯᠲᠠ ᠵᠢᠨ ᠲᠠᠪᠴᠠᠩ᠎ᠤᠨ ᠬᠦᠯᠢᠶᠡᠨ ᠠᠪᠤᠭᠰᠠᠨ 12369 ᠢᠯᠡᠴᠢᠯᠡᠨ ᠮᠡᠳᠡᠭᠦᠯᠦᠭᠰᠡᠨ ᠬᠡᠷᠡᠭ᠎ᠤᠨ 90% ᠵᠢ᠎ᠨᠢ ᠨᠢᠭᠡᠨᠲᠡ ᠰᠢᠢᠳᠪᠦᠷᠢᠯᠡᠵᠦ ᠳᠠᠭᠤᠰᠬᠠᠪᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠢ 2863 ᠺᠢᠯᠣᠮᠧᠲᠷ ᠰᠢᠨ᠎ᠡ᠎ᠪᠠᠷ ᠥᠭᠡᠷᠡᠴᠢᠯᠡᠨ ᠵᠠᠰᠠᠵᠤ᠂ 《ᠰᠠᠭ᠋ᠠᠳ ᠦᠭᠡᠢ ᠪᠤᠴᠠᠬᠤ 》 ᠠᠰᠠᠭᠤᠳᠠᠯ᠎ᠢ
ᠰᠢᠢᠳᠪᠦᠷᠢᠯᠡᠪᠡ᠃
ᠨᠢᠭᠡ ᠪᠦᠯᠦᠭ 《ᠦᠨᠡᠮᠯᠡᠯ ᠠᠪᠬᠤ᠎ᠳᠤ ᠬᠦᠴᠢᠷ》᠂ 《ᠣᠷᠣᠵᠤ ᠰᠠᠭᠤᠬᠤ᠎ᠳᠤ ᠬᠦᠴᠢᠷ》᠂ 《ᠪᠤᠴᠠᠵᠤ ᠨᠡᠭᠦᠬᠦ᠎ᠳᠤ ᠬᠦᠴᠢᠷ》 ᠵᠡᠷᠭᠡ ᠭᠡᠷ ᠭᠠᠵᠠᠷ ᠬᠥᠷᠥᠩᠭᠡ ᠵᠢᠨ ᠬᠦᠷᠢᠶᠡᠨ᠎ᠳᠠᠬᠢ ᠲᠡᠦᠬᠡᠨ ᠦᠯᠡᠳᠡᠭᠳᠡᠯ ᠠᠰᠠᠭᠤᠳᠠᠯ᠎ᠢ ᠰᠢᠢᠳᠪᠦᠷᠢᠯᠡᠪᠡ᠃ ᠢᠳᠡᠭᠡᠨ ᠪᠠ ᠡᠮ᠎ᠤᠨ ᠵᠦᠢ᠍ᠯ᠎ᠤᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ 《ᠺᠦᠨᠯᠦ᠋ᠨ》 ᠠᠵᠢᠯᠯᠠᠭ᠎ᠠ ᠵᠢ ᠥᠷᠨᠢᠭᠦᠯᠵᠦ᠂ ᠬᠡᠯᠬᠢᠶᠡᠷᠡᠭᠰᠡᠨ ᠢᠳᠡᠭᠡᠨ ᠪᠠ ᠡᠮ᠎ᠤᠨ ᠵᠦᠢ᠍ᠯᠡᠰ᠎ᠤᠨ ᠬᠡᠷᠡᠭ᠎ᠢ ᠢᠯᠡᠷᠡᠭᠦᠯᠪᠡ᠃
《32 ᠦᠨᠡᠮᠯᠡᠯ᠎ᠢ ᠨᠢᠭᠡᠳᠬᠡᠬᠦ》 ᠵᠢ ᠬᠡᠷᠡᠭᠵᠢᠭᠦᠯᠵᠦ᠂ 《ᠨᠢᠭᠡ ᠰᠦᠯᠵᠢᠶ᠎ᠡ᠎ᠪᠠᠷ ᠭᠤᠶᠤᠴᠢᠯᠠᠬᠤ᠂ ᠨᠢᠭᠡ ᠴᠣᠩᠬᠣᠪᠴᠢ᠎ᠪᠠᠷ ᠬᠦᠯᠢᠶᠡᠨ ᠠᠪᠴᠤ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢᠴᠡᠳᠬᠡᠬᠦ 》 ᠵᠢ ᠪᠡᠶᠡᠯᠡᠭᠦᠯᠵᠦ᠂ ᠠᠵᠤ ᠠᠬᠤᠢ᠌ᠯᠠᠯ ᠡᠷᠬᠢᠯᠡᠨ ᠪᠠᠢ᠌ᠭᠤᠯᠬᠤ ᠴᠠᠭ᠎ᠢ ᠪᠣᠭᠣᠨᠢᠰᠬᠠᠭ᠋ᠠᠳ 5 ᠠᠵᠢᠯᠯᠠᠬᠤ ᠡᠳᠦᠷ ᠪᠣᠯᠭ᠋ᠠᠵᠤ᠂ ᠠᠵᠤ ᠠᠬᠤᠢ᠌ᠯᠠᠯ᠎ᠤᠨ 《ᠵᠥᠪᠰᠢᠶᠡᠷᠡᠯ ᠵᠶ᠋ᠡᠷ ᠣᠷᠣᠬᠤ᠎ᠳᠤ ᠬᠦᠴᠢᠷᠲᠡᠢ》 ᠪᠠᠢ᠌ᠬᠤ ᠠᠰᠠᠭᠤᠳᠠᠯ᠎ᠢ ᠰᠢᠢ᠍ᠳᠪᠦᠷᠢᠯᠡᠵᠡᠢ᠃