ᠲᠦᠷᠦᠭᠦᠬᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠ ᠤᠷᠲᠤ ᠬᠤᠭᠤᠴᠠᠭ᠋ᠠᠨ᠎ᠤ ᠵᠠᠯᠠᠭᠤᠴᠤᠳ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ (2018 — 2025 ᠣᠨ)》 (ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠦᠬᠡᠬᠣᠲᠠ᠎ᠳᠤ ᠶᠠᠪᠤᠭᠳᠠᠪᠠ᠃ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 《ᠲᠥᠯᠥᠪᠵᠢᠭᠦᠯᠭᠡ》 ᠵᠢ ᠨᠡᠢ᠌ᠲᠡᠯᠡᠭᠰᠡᠨ ᠠᠬᠤᠶ ᠪᠠᠢ᠌ᠳᠠᠯ᠂ ᠲᠤᠭᠤᠷᠪᠢᠨ ᠪᠢᠴᠢᠭᠰᠡᠨ ᠶᠠᠪᠤᠴᠠ᠂ ᠭᠣᠤᠯ ᠠᠭᠤᠯᠭ᠎ᠠ ᠵᠢᠴᠢ ᠨᠠᠢ᠌ᠳᠠᠪᠤᠷᠢᠵᠢᠭᠤᠯᠤᠯᠲᠠ ᠵᠢ ᠬᠡᠷᠬᠢᠨ ᠠᠬᠢᠭᠤᠯᠬᠤ ᠵᠡᠷᠭᠡ ᠠᠭᠤᠯᠭ᠎ᠠ ᠵᠢ ᠨᠠᠷᠢᠨ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
《ᠲᠥᠯᠥᠪᠵᠢᠭᠦᠯᠭᠡ》 ᠵᠢ ᠵᠢᠯᠣᠭᠣᠳᠬᠤ ᠦᠵᠡᠯ ᠰᠠᠨᠠᠭ᠎ᠠ ᠪᠠ ᠶᠡᠷᠦᠩᠬᠡᠶ ᠬᠠᠷᠠᠯᠲᠠ᠂ ᠬᠥᠭᠵᠢᠭᠦᠯᠦᠯᠲᠡ ᠵᠢᠨ ᠬᠦᠷᠢᠶ᠎ᠡ ᠪᠠ ᠬᠥᠭᠵᠢᠭᠦᠯᠦᠯᠲᠡ ᠵᠢᠨ ᠠᠷᠭ᠎ᠠ ᠬᠡᠮᠵᠢᠶ᠎ᠡ᠂ ᠭᠣᠤᠯᠳᠠᠯᠭ᠎ᠠ᠎ᠲᠠᠢ ᠲᠥᠷᠥᠯ ᠵᠦᠢᠯ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ 4 ᠬᠡᠰᠡᠭ ᠬᠤᠪᠢᠶᠠᠵᠤ᠂ ᠠᠭᠤᠯᠭ᠎ᠠ᠎ᠨᠢ ᠵᠠᠯᠠᠭᠤᠴᠤᠳ᠎ᠤᠨ ᠦᠵᠡᠯ ᠰᠠᠨᠠᠭ᠎ᠠ ᠶᠣᠰᠣ ᠮᠣᠷᠠᠯ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠰᠤᠷᠭ᠋ᠠᠨ ᠬᠥᠮᠦᠵᠢᠯ᠂ ᠡᠷᠡᠭᠦᠯ ᠮᠡᠨᠳᠦ᠂ ᠣᠷᠣᠭ ᠬᠤᠷᠢᠮ᠂ ᠠᠵᠢᠯ ᠣᠯᠭᠣᠯᠲᠠ ᠪᠠ ᠰᠢᠨ᠎ᠡ ᠵᠢ ᠡᠭᠦᠳᠴᠦ ᠠᠳᠠᠯ ᠦᠢ᠍ᠯᠡᠰ ᠴᠣᠭᠴᠠᠯᠠᠬᠤ᠂ ᠰᠣᠶᠣᠯ᠂ ᠨᠡᠢ᠌ᠭᠡᠮ᠎ᠳᠤ ᠠᠭᠤᠰᠤᠯᠴᠠᠬᠤ ᠪᠠ ᠨᠡᠢ᠌ᠭᠡᠮ᠎ᠳᠤ ᠣᠷᠣᠯᠴᠠᠬᠤ᠂ ᠵᠠᠯᠠᠭᠤᠴᠤᠳ ᠪᠠᠭ᠋ᠠᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠠᠴᠠ ᠵᠥᠷᠢᠴᠡᠵᠦ ᠶᠠᠯ᠎ᠠ ᠬᠢᠬᠦ ᠵᠢ ᠤᠷᠢᠳᠴᠢᠯᠠᠨ ᠰᠡᠷᠭᠡᠢ᠌ᠯᠡᠬᠦ᠂ ᠨᠡᠢ᠌ᠭᠡᠮ᠎ᠤᠨ ᠪᠠᠲᠤᠯᠠᠭ᠎ᠠ ᠵᠡᠷᠭᠡ 11 ᠶᠡᠬᠡ ᠬᠦᠷᠢᠶ᠎ᠡ ᠵᠢ ᠬᠠᠮᠤᠷᠴᠠᠶ᠃ ᠡᠭᠦᠨ᠎ᠤ ᠬᠠᠮᠲᠤ᠂ ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠵᠠᠯᠠᠭᠤ ᠮᠠᠷᠺᠰ᠎ᠤᠨ ᠦᠵᠡᠯᠲᠡᠢ ᠬᠥᠮᠦᠵᠢᠭᠦᠯᠬᠦ ᠢᠨᠵᠧᠨᠧᠷᠢᠩ᠂ ᠵᠠᠯᠠᠭᠤᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠳᠡᠭᠡᠭᠰᠢᠯᠡᠭᠦᠯᠬᠦ ᠢᠨᠵᠧᠨᠧᠷᠢᠩ᠂ ᠵᠠᠯᠠᠭᠤᠴᠤᠳ᠎ᠤᠨ ᠰᠦᠯᠵᠢᠶᠡᠨ᠎ᠤ ᠪᠣᠯᠪᠠᠰᠤᠨ᠎ᠤ ᠬᠥᠭᠵᠢᠯᠲᠡ ᠵᠢᠨ ᠢᠨᠵᠧᠨᠧᠷᠢᠩ ᠵᠡᠷᠭᠡ 11 ᠭᠣᠤᠯᠳᠠᠯᠭ᠎ᠠ᠎ᠲᠠᠢ ᠲᠥᠷᠥᠯ ᠵᠦᠢᠯ᠎ᠢ ᠳᠤᠷᠠᠳᠪᠠ᠃
《ᠲᠥᠯᠥᠪᠵᠢᠭᠦᠯᠭᠡ》᠎ᠳᠤ ᠱᠠᠭ᠋ᠠᠷᠳᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ ᠬᠡᠷᠡᠭᠵᠢᠭᠦᠯᠦᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠨᠢ ᠨᠠᠮ᠎ᠠᠴᠠ ᠵᠠᠯᠠᠭᠤᠴᠤᠳ᠎ᠢ ᠬᠠᠮᠢᠶᠠᠷᠬᠤ ᠵᠠᠷᠴᠢᠮ᠎ᠢ ᠵᠠᠯᠠᠭᠤᠴᠤᠳ᠎ᠤᠨ ᠦᠵᠡᠯ ᠰᠠᠨᠠᠭ᠎ᠠ ᠵᠢ ᠬᠥᠲᠥᠯᠥᠨ ᠳᠠᠭ᠋ᠠᠭᠤᠯᠬᠤ᠂ ᠵᠠᠯᠠᠭᠤᠴᠤᠳ᠎ᠤᠨ ᠵᠣᠬᠢᠶᠠᠨ ᠪᠠᠢ᠌ᠭᠤᠯᠤᠯᠲᠠ ᠵᠢ ᠰᠠᠢ᠌ᠲᠤᠷ ᠳᠠᠭ᠋ᠠᠭᠤᠯᠬᠤ᠂ ᠵᠠᠯᠠᠭᠤᠴᠤᠳ᠎ᠤᠨ ᠲᠥᠷᠦ ᠵᠢᠨ ᠪᠣᠳᠣᠯᠭ᠎ᠠ ᠵᠢ ᠪᠣᠳᠠᠲᠠᠶ ᠠᠳᠬᠤᠬᠤ ᠡᠯ᠎ᠡ ᠲᠠᠯ᠎ᠠ᠎ᠳᠤ ᠨᠠᠢ᠌ᠳᠠᠪᠤᠷᠢᠵᠢᠭᠤᠯᠬᠤ ᠬᠡᠷᠡᠭᠲᠡᠶ᠃ ᠨᠠᠮ ᠪᠣᠯᠤᠨ ᠤᠯᠤᠰ᠎ᠤᠨ ᠠᠵᠢᠯ ᠦᠢᠯᠡᠰ᠎ᠢ ᠬᠥᠭᠵᠢᠭᠦᠯᠬᠦ᠎ᠳᠤ᠂ ᠵᠠᠯᠠᠭᠤᠴᠤᠳ᠎ᠢ ᠡᠩ ᠲᠡᠷᠢᠭᠦᠨ᠎ᠳᠤ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢᠨ ᠦᠨᠳᠦᠷᠴᠡ᠎ᠠᠴᠠ ᠵᠠᠯᠠᠭᠤᠴᠤᠳ᠎ᠤᠨ ᠬᠥᠭᠵᠢᠯᠲᠡ ᠵᠢᠨ ᠦᠢᠯᠡᠰ᠎ᠢ ᠴᠢᠬᠤᠯᠠᠴᠢᠯᠠᠨ ᠬᠠᠯᠠᠮᠵᠢᠯᠠᠵᠤ᠂ ᠪᠠᠢ᠌ᠭᠤᠯᠤᠮᠵᠢ ᠲᠣᠭᠲᠠᠴᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 《ᠲᠥᠯᠥᠪᠵᠢᠭᠦᠯᠭᠡ》 ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠠᠮᠲᠤᠷᠠᠭᠰᠠᠨ ᠬᠤᠷᠠᠯ᠎ᠤᠨ ᠲᠣᠭᠲᠠᠴᠠ ᠪᠣᠯᠤᠨ ᠭᠦᠢᠴᠡᠳᠬᠡᠯ ᠲᠣᠭ᠎ᠠ ᠵᠢ ᠬᠢᠨᠠᠨ ᠬᠡᠮᠵᠢᠬᠦ ᠰᠢᠰᠲ᠋ᠧᠮ᠎ᠢ ᠪᠠᠢ᠌ᠭᠤᠯᠵᠤ᠂ ᠵᠠᠯᠠᠭᠤᠴᠤᠳ᠎ᠤᠨ ᠬᠥᠭᠵᠢᠯᠲᠡ᠎ᠳᠤ ᠨᠠᠩ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠴᠢᠨᠠᠭᠰᠢᠳᠠ ᠪᠣᠶ ᠪᠣᠯᠭ᠋ᠠᠵᠤ᠂ ᠵᠠᠯᠠᠭᠤᠴᠤᠳ ᠪᠦᠬᠦᠨ ᠴᠢᠳᠠᠪᠤᠷᠢᠲᠠᠨ ᠮᠡᠷᠭᠡᠵᠢᠯᠲᠡᠨ ᠪᠣᠯᠵᠤ᠂ ᠴᠥᠮ ᠭᠡᠷᠡᠯ ᠭᠢᠯᠪᠠᠭ᠎ᠠ᠎ᠪᠠᠨ ᠰᠠᠴᠤᠷᠠᠭᠤᠯᠵᠤ ᠳᠡᠢ᠌ᠯᠬᠦ ᠠᠮᠢᠵᠢᠷᠠᠯ ᠪᠢᠯᠬᠠᠮ᠎ᠠ ᠪᠠᠢ᠌ᠳᠠᠯ᠎ᠢ ᠴᠢᠷᠮᠠᠢ᠌ᠨ ᠪᠣᠶ ᠪᠣᠯᠭ᠋ᠠᠬᠤ ᠬᠡᠷᠡᠭᠲᠡᠶ ᠭᠡᠵᠡᠢ᠃