ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠮᠠᠨ᠎ᠤ ᠣᠷᠣᠨ᠎ᠤ ᠡᠨᠡ ᠵᠢᠯ᠎ᠤᠨ ᠲᠦᠷᠦᠭᠦᠦ ᠤᠯᠠᠷᠢᠯ᠎ᠤᠨ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ᠎ᠤᠨ ᠲᠣᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠡᠶ᠋ᠢᠲᠡᠯᠡᠭᠰᠡᠨ ᠴᠠᠭ᠄ 2019-04-22


     4 ᠳ᠋ᠦ᠍ᠭᠡᠷ ᠰᠠᠷ᠎ᠠ ᠵᠢᠨ 19᠎ᠤ ᠡᠳᠦᠷ᠎ᠤᠨ ᠦᠳᠡ ᠵᠢᠨ ᠬᠤᠢ᠍ᠢ᠍ᠨ᠎ᠠ ᠶᠠᠪᠤᠬᠳᠠᠬᠰᠠᠨ ᠦᠪᠡᠷᠳᠡᠬᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠠᠨ ᠬᠡᠷ᠎ᠤᠨ ᠰᠤᠨᠢᠨ ᠮᠡᠳᠡᠬᠡ ᠨᠡᠢ᠍ᠢ᠍ᠳᠡᠯᠡᠬᠦ ᠬᠤᠷᠠᠯ᠎ᠠᠴᠠ ᠤᠢ᠍ᠢ᠍ᠯᠠᠭ᠋ᠠᠬᠰᠠᠨ ᠵᠶ᠋ᠠᠷ᠂ ᠡᠨᠡ ᠵᠢᠯ᠎ᠠᠴᠠ ᠨᠠᠭ᠋ᠠᠰᠢ᠂ ᠮᠠᠨ᠎ᠤ ᠤᠷᠤᠨ᠎ᠤ ᠠᠵᠦ ᠠᠬᠤᠢ ᠵᠢᠨ ᠡᠷᠬᠢᠯᠳᠡ ᠵᠢᠨ ᠪᠠᠢ᠍ᠢ᠍ᠳᠠᠯ ᠲᠤᠭᠳᠠᠭᠤᠨ ᠵᠶ᠋ᠠᠷ ᠰᠠᠢ᠍ᠢ᠍ᠵᠢᠷᠠᠵᠦ᠂ ᠴᠢᠨᠠᠷ ᠰᠠᠢ᠍ᠢ᠍ᠳᠠᠢ ᠬᠦᠭᠵᠢᠯᠳᠡ ᠢᠳᠡᠪᠬᠢᠳᠡᠢ ᠠᠬᠢᠵᠠᠢ᠃ ᠠᠩᠬ᠎ᠠ ᠠᠯᠬᠤᠮ ᠬᠠᠷᠭᠤᠭᠤᠯᠤᠨ ᠪᠤᠳᠤᠬᠰᠠᠨ ᠵᠶ᠋ᠠᠷ᠂ ᠡᠨᠡ ᠵᠢᠯ᠎ᠤᠨ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 3578.5 ᠳ᠋ᠦᠩᠰᠢᠭᠤᠷ ᠲᠦᠬᠦᠷᠢᠭ᠎ᠲᠤ ᠬᠦᠷᠴᠤ᠂ ᠬᠠᠷᠢᠴᠠᠭᠤᠯᠵᠦ ᠪᠤᠯᠬᠤ ᠦᠨ᠎ᠠ᠎ᠪᠠᠷ ᠪᠤᠳᠤᠪᠠᠯ᠂ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 5.5%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 0.9 ᠵᠠᠭᠤᠨ᠎ᠤ ᠴᠡᠭ ᠲᠦᠷᠬᠡᠳᠴᠤ᠂ ᠨᠢᠳᠤᠨᠤᠨ᠎ᠤ ᠪᠦᠬᠦ ᠵᠢᠯ᠎ᠤᠨ᠎ᠬᠢ᠎ᠠᠴᠠ 0.2 ᠵᠠᠭᠤᠨ᠎ᠤ ᠴᠡᠭ ᠲᠦᠷᠬᠡᠳᠴᠤ᠂ ᠤᠯᠠᠷᠢᠯ ᠲᠠᠷᠠᠭ᠋ᠠᠯᠠᠨ ᠲᠦᠷᠬᠡᠳᠬᠦ ᠪᠠᠢ᠍ᠢ᠍ᠳᠠᠯ ᠢᠯᠡᠷᠡᠭᠰᠡᠨ ᠪᠠᠢ᠍ᠢ᠍ᠨ᠎ᠠ᠃
      ᠤᠢ᠍ᠢ᠍ᠯᠠᠭ᠋ᠠᠬᠰᠠᠨ ᠵᠶ᠋ᠠᠷ᠂ ᠲᠦᠷᠦᠬᠦᠦ ᠤᠯᠠᠷᠢᠯ᠎ᠳᠤ᠂ ᠮᠠᠨ᠎ᠤ ᠤᠷᠤᠨ᠎ᠤ ᠠᠵᠦ ᠠᠬᠤᠢ ᠵᠢᠨ ᠡᠷᠬᠢᠯᠳᠡ᠎ᠳᠤ ᠭᠤᠤᠯᠳᠠᠭᠤ ᠨᠠᠢ᠍ᠮᠠᠨ ᠲᠠᠯ᠎ᠠ ᠵᠢᠨ ᠤᠨᠴᠠᠯᠢᠬ ᠢᠯᠡᠷᠡᠵᠡᠢ᠄ ᠲᠠᠷᠢᠮᠠᠯ᠎ᠤᠨ ᠪᠦᠲᠦᠴᠡ ᠴᠢᠨᠠᠬᠰᠢᠳᠠ ᠰᠢᠯᠢᠳᠡᠭᠵᠢᠵᠦ᠂ ᠮᠠᠯ ᠵᠢᠬᠦᠷᠳᠡᠨ᠎ᠤ ᠦᠢ᠍ᠯᠡᠳᠪᠦᠷᠢᠯᠡᠯ ᠦᠨᠳᠦᠰᠦᠨ᠎ᠳᠤ᠎ᠪᠠᠨ ᠲᠤᠬᠳᠠᠭᠤᠨ ᠪᠠᠢ᠍ᠢ᠍ᠵᠦ᠂ ᠡᠨᠡ ᠵᠢᠯ᠎ᠤᠨ ᠪᠦᠬᠦ ᠤᠷᠤᠨ᠎ᠤ ᠲᠠᠷᠢᠬᠤ᠎ᠪᠠᠷ ᠪᠠᠢ᠍ᠢ᠍ᠭ᠎ᠠ ᠲᠠᠯᠠᠪᠠᠢ᠎ᠨᠢ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 2.1%᠎ᠪᠠᠷ ᠨᠡᠮᠡᠭᠳᠡᠵᠦ᠂ ᠦᠬᠡᠷ ᠬᠤᠨᠢᠨ᠎ᠤ ᠦᠢ᠍ᠯᠡᠳᠪᠦᠷᠢᠯᠡᠯ᠎ᠤᠨ ᠪᠠᠢ᠍ᠢ᠍ᠳᠠᠯ ᠰᠠᠢ᠍ᠢ᠍ᠨ ᠪᠠᠢ᠍ᠢ᠍ᠵᠦ᠂ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠦᠬᠡᠷ᠎ᠤᠨ ᠭᠠᠷᠭ᠋ᠠᠯᠳᠠ ᠪᠠ ᠬᠤᠨᠢᠨ᠎ᠤ ᠭᠠᠷᠭ᠋ᠠᠯᠳᠠ᠎ᠨᠢ ᠲᠤᠰ ᠲᠤᠰ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 6.3% ᠪᠠ 4.4%᠎ᠪᠠᠷ ᠨᠡᠮᠡᠭᠳᠡᠵᠦ᠂ ᠦᠬᠡᠷ᠎ᠤᠨ ᠮᠢᠬ᠎ᠠ ᠪᠠ ᠬᠤᠨᠢᠨ ᠮᠢᠬ᠎ᠠ᠂ ᠦᠨᠢᠶᠡᠨ ᠰᠦ ᠵᠢᠨ ᠭᠠᠷᠤᠯᠳᠠ᠎ᠨᠢ ᠲᠤᠰ ᠲᠤᠰ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 6.2% ᠪᠠ 4.3%᠂ 1.3%᠎ᠪᠠᠷ ᠨᠡᠮᠡᠭᠳᠡᠵᠡᠢ᠃ ᠠᠵᠦ ᠦᠢ᠍ᠯᠡᠳᠪᠦᠷᠢ ᠵᠢᠨ ᠦᠢ᠍ᠯᠡᠳᠪᠦᠷᠢᠯᠡᠯ ᠲᠦᠷᠬᠡᠳᠴᠤ᠂ ᠴᠢᠨᠠᠷ ᠰᠠᠢ᠍ᠢ᠍ᠳᠠᠢ ᠬᠦᠭᠵᠢᠯᠳᠡ ᠵᠢᠨ ᠤᠨᠴᠠᠯᠢᠬ ᠢᠯᠡᠷᠬᠡᠢ᠍ᠢ᠍ᠰᠢᠵᠦ᠂ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠬᠡᠪᠴᠢᠶᠡᠵᠢᠯ᠎ᠠᠴᠠ ᠲᠡᠭᠡᠭᠰᠢᠬᠢ ᠠᠵᠦ ᠦᠢ᠍ᠯᠡᠳᠪᠦᠷᠢ ᠵᠢᠨ ᠨᠡᠮᠡᠭᠳᠡᠯ ᠦᠷᠳᠡᠭ᠎ᠨᠢ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 6.6%᠎ᠪᠠᠷ ᠨᠡᠮᠡᠭᠳᠡᠵᠦ᠂ ᠠᠷᠠᠳ᠎ᠤᠨ ᠡᠵᠡᠩᠨᠡᠯᠳᠡ ᠵᠢᠨ ᠠᠵᠦ ᠠᠬᠤᠢ᠌ᠯᠠᠯ᠎ᠤᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ ᠲᠦᠷᠬᠡᠳᠴᠤ᠂ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ᠎ᠨᠢ ᠬᠡᠪᠴᠢᠶᠡᠵᠢᠯ᠎ᠠᠴᠠ ᠲᠡᠭᠡᠭᠰᠢᠬᠢ ᠠᠵᠦ ᠦᠢ᠍ᠯᠡᠳᠪᠦᠷᠢ ᠵᠢᠨ᠎ᠬᠢ᠎ᠠᠴᠠ ᠮᠡᠳᠡᠭᠳᠡᠮ᠎ᠠ ᠲᠦᠷᠬᠡᠳᠦᠭᠰᠡᠨ ᠪᠠᠢ᠍ᠢ᠍ᠨ᠎ᠠ᠃ ᠦᠢ᠍ᠯᠡᠴᠢᠯᠡᠬᠡᠨ᠎ᠤ ᠦᠢ᠍ᠯᠡᠰ᠎ᠤᠨ ᠬᠦᠭᠵᠢᠯᠳᠡ ᠵᠢᠨ ᠠᠮᠢᠵᠢᠷᠠᠯ᠎ᠤᠨ ᠬᠦᠴᠦᠨ ᠴᠢᠩᠭ᠋ᠠᠷᠠᠵᠦ᠂ ᠬᠡᠷᠡᠭᠯᠡᠬᠡ ᠵᠢᠨ ᠲᠡᠰ ᠲᠡᠪᠰᠢᠬᠦ ᠪᠠᠢ᠍ᠢ᠍ᠳᠠᠯ ᠢᠯᠡᠷᠬᠡᠢ᠍ᠢ᠍ᠰᠢᠵᠦ᠂ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠭᠤᠷᠪᠠᠳᠤᠭ᠋ᠠᠷ ᠠᠵᠦ ᠦᠢ᠍ᠯᠡᠰ᠎ᠤᠨ GDP᠎ᠤᠨ ᠨᠡᠮᠡᠭᠳᠡᠯ᠎ᠳᠠᠬᠢ ᠬᠤᠪᠢ ᠨᠡᠮᠡᠷᠢ ᠵᠢᠨ ᠨᠤᠷᠮ᠎ᠠ᠎ᠨᠢ 53.9%᠎ᠳᠤ ᠬᠦᠷᠴᠤ᠂ ᠤᠯᠠᠮᠵᠢᠯᠠᠯᠳᠤ ᠦᠢ᠍ᠯᠡᠴᠢᠯᠡᠬᠡᠨ᠎ᠤ ᠦᠢ᠍ᠯᠡᠰ ᠳᠤᠭᠳᠠᠭᠤᠨ ᠵᠶ᠋ᠠᠷ ᠨᠡᠮᠡᠭᠳᠡᠨ᠂ ᠵᠤᠭ᠋ᠠᠴᠠᠯ᠎ᠤᠨ ᠦᠢ᠍ᠯᠡᠰ᠎ᠤᠨ ᠬᠦᠭᠵᠢᠯᠳᠡ ᠵᠢᠨ ᠪᠠᠢ᠍ᠢ᠍ᠳᠠᠯ᠎ᠨᠢ ᠨᠡᠯᠢᠶᠡᠳ ᠰᠠᠢ᠍ᠢ᠍ᠨ ᠪᠠᠢ᠍ᠢ᠍ᠵᠦ᠂ ᠬᠡᠷᠡᠭᠯᠡᠬᠡ ᠵᠢᠨ ᠲᠡᠰ ᠲᠡᠪᠰᠢᠭᠰᠡᠨ ᠲᠦᠷᠦᠯ᠎ᠤᠨ ᠲᠠᠸᠠᠷ᠎ᠤᠨ ᠪᠤᠷᠤᠯᠠᠭᠤᠯᠤᠯᠳᠠ᠎ᠨᠢ ᠨᠡᠯᠢᠶᠡᠳ ᠲᠦᠷᠬᠡᠨ ᠨᠡᠮᠡᠭᠳᠡᠵᠦ᠂ ᠰᠠᠭᠤᠭ᠋ᠠᠯᠢ ᠠᠷᠠᠳ᠎ᠤᠨ ᠬᠡᠷᠡᠭᠯᠡᠬᠡᠨ᠎ᠤ ᠪᠦᠲᠦᠴᠡ᠎ᠨᠢ ᠲᠠᠰᠤᠷᠠᠯᠳᠠ ᠦᠬᠡᠢ ᠰᠢᠯᠢᠳᠡᠭᠵᠢᠪᠡ᠃ ᠪᠡᠯᠡ ᠤᠷᠤᠭᠤᠯᠤᠯᠳᠠ ᠵᠢᠨ ᠨᠡᠮᠡᠭᠳᠡᠯ᠎ᠤᠨ ᠬᠤᠷᠳᠤᠴᠠ᠎ᠨᠢ ᠲᠤᠭᠳᠠᠭᠤᠨ᠎ᠤ ᠲᠤᠮᠳᠠ ᠲᠡᠭᠡᠭᠰᠢᠯᠡᠵᠦ᠂ ᠲᠤᠳᠠᠭᠤᠳᠠᠯ ᠬᠦᠷᠢᠶ᠎ᠠ ᠴᠠᠷᠠᠭ᠎ᠠ᠎ᠨᠢ ᠦᠷᠬᠦᠯᠵᠢᠯᠡᠨ ᠴᠢᠩᠭ᠋ᠠᠷᠠᠵᠦ᠂ ᠠᠷᠠᠳ᠎ᠤᠨ ᠪᠡᠯᠡ ᠤᠷᠤᠭᠤᠯᠤᠯᠳᠠ ᠵᠢᠨ ᠪᠠᠭᠤᠷᠠᠯᠳᠠ ᠵᠢᠨ ᠬᠡᠮᠵᠢᠶ᠎ᠠ᠎ᠨᠢ ᠢᠯᠡᠷᠬᠡᠢ ᠪᠠᠭ᠋ᠠᠰᠴᠤ᠂ ᠪᠡᠯᠡ ᠤᠷᠤᠭᠤᠯᠤᠯᠳᠠ ᠵᠢᠨ ᠪᠦᠲᠦᠴᠡ᠎ᠨᠢ ᠴᠢᠨᠠᠬᠰᠢᠳᠠ ᠰᠢᠯᠢᠳᠡᠭᠵᠢᠵᠦ᠂ ᠲᠤᠳᠠᠭᠤᠳᠠᠯ᠎ᠢ ᠨᠦᠬᠦᠪᠦᠷᠢᠯᠡᠬᠦ ᠬᠦᠷᠢᠶ᠎ᠠ ᠴᠠᠷᠠᠭ᠎ᠠ ᠵᠢᠨ ᠪᠡᠯᠡ ᠤᠷᠤᠭᠤᠯᠤᠯᠳᠠ ᠵᠢᠨ ᠬᠦᠴᠦᠯᠡᠴᠡ ᠨᠡᠮᠡᠭᠳᠡᠵᠦ᠂ ᠬᠤᠳᠠᠯᠳᠤᠭ᠋ᠠᠨ᠎ᠤ ᠠᠰᠠᠷ ᠪᠠᠢ᠍ᠢ᠍ᠰᠢᠩ᠎ᠤᠨ ᠪᠤᠷᠤᠯᠠᠭᠤᠯᠤᠯᠳᠠ ᠵᠢᠨ ᠪᠠᠢ᠍ᠢ᠍ᠳᠠᠯ ᠰᠠᠢ᠍ᠢ᠍ᠵᠢᠷᠠᠪᠠ᠃ ᠭᠠᠳᠠᠭ᠋ᠠᠳᠤ᠎ᠠᠴᠠ ᠤᠷᠤᠭᠤᠯᠵᠦ ᠭᠠᠳᠠᠭ᠋ᠠᠳᠤ᠎ᠳᠤ ᠭᠠᠷᠭ᠋ᠠᠬᠰᠠᠨ ᠵᠤᠭᠤᠰ᠎ᠤᠨ ᠶᠡᠷᠦᠩᠬᠡᠢ ᠲᠤᠭ᠎ᠠ᠎ᠨᠢ ᠲᠦᠷᠬᠡᠨ ᠵᠶ᠋ᠠᠷ ᠨᠡᠮᠡᠭᠳᠡᠵᠦ᠂ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠤᠷᠤᠭᠤᠯᠵᠦ ᠭᠠᠳᠠᠭ᠋ᠠᠳᠤ᠎ᠳᠤ ᠭᠠᠷᠭ᠋ᠠᠬᠰᠠᠨ ᠵᠤᠭᠤᠰ᠎ᠤᠨ ᠶᠡᠷᠦᠩᠬᠡᠢ ᠲᠤᠭ᠎ᠠ᠎ᠨᠢ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 11.2%᠎ᠪᠠᠷ ᠨᠡᠮᠡᠭᠳᠡᠵᠦ᠂ ᠭᠠᠳᠠᠭ᠋ᠠᠳᠤ᠎ᠠᠴᠠ ᠤᠷᠤᠭᠤᠯᠵᠦ ᠭᠠᠳᠠᠭ᠋ᠠᠳᠤ᠎ᠳᠤ ᠭᠠᠷᠭ᠋ᠠᠬᠰᠠᠨ ᠵᠤᠭᠤᠰ᠎ᠤᠨ ᠲᠤᠭ᠎ᠠ᠎ᠨᠢ ᠬᠤᠤᠰ ᠨᠡᠮᠡᠭᠳᠡᠯ᠎ᠢ ᠪᠡᠶᠡᠯᠡᠬᠦᠯᠵᠦ᠂ ᠠᠷᠠᠯᠵᠢᠶᠠᠨ᠎ᠤ ᠪᠦᠲᠦᠴᠡ᠎ᠨᠢ ᠴᠢᠨᠠᠬᠰᠢᠳᠠ ᠰᠢᠯᠢᠳᠡᠭᠵᠢᠪᠡ᠃ ᠰᠠᠭᠤᠭ᠋ᠠᠯᠢ ᠠᠷᠠᠳ᠎ᠤᠨ ᠬᠡᠷᠡᠭᠯᠡᠬᠡᠨ᠎ᠤ ᠦᠨ᠎ᠠ ᠬᠠᠩᠰᠢ ᠵᠢᠨ ᠦᠰᠦᠯᠳᠡ᠎ᠨᠢ ᠪᠠᠭᠤᠷᠠᠵᠦ᠂ ᠠᠵᠦ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠠ ᠬᠠᠩᠰᠢ᠎ᠨᠢ ᠪᠠᠭ᠎ᠠ ᠦᠰᠴᠤ᠂ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠰᠠᠭᠤᠭ᠋ᠠᠯᠢ ᠠᠷᠠᠳ᠎ᠤᠨ ᠬᠡᠷᠡᠭᠯᠡᠬᠡᠨ᠎ᠤ ᠦᠨ᠎ᠠ ᠬᠠᠩᠰᠢ᠎ᠨᠢ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 1.7%᠎ᠪᠠᠷ ᠨᠡᠮᠡᠭᠳᠡᠵᠦ᠂ ᠦᠰᠦᠯᠳᠡ ᠵᠢᠨ ᠬᠡᠮᠵᠢᠶ᠎ᠠ᠎ᠨᠢ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 0.3 ᠵᠠᠭᠤᠨ᠎ᠤ ᠴᠡᠭ ᠪᠠᠭᠤᠷᠠᠵᠦ᠂ ᠪᠦᠬᠦ ᠤᠯᠤᠰ᠎ᠤᠨ ᠲᠤᠮᠳᠠᠴᠢ ᠲᠦᠪᠰᠢᠨ᠎ᠠᠴᠠ ᠪᠠᠰᠠ 0.1 ᠵᠠᠭᠤᠨ᠎ᠤ ᠴᠡᠭ ᠲᠤᠤᠷ᠎ᠠ ᠪᠤᠯᠤᠬᠰᠠᠨ ᠪᠠᠢ᠍ᠢ᠍ᠨ᠎ᠠ᠃ ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠡᠯ᠎ᠤᠨ ᠪᠠᠢ᠍ᠢ᠍ᠳᠠᠯ᠎ᠨᠢ ᠰᠠᠢ᠍ᠢ᠍ᠨ ᠪᠤᠯᠵᠦ᠂ ᠬᠤᠳᠠ ᠬᠦᠳᠡᠬᠡ ᠵᠢᠨ ᠤᠷᠤᠯᠭ᠎ᠠ ᠵᠢᠨ ᠵᠦᠷᠢᠶ᠎ᠠ᠎ᠨᠢ ᠪᠠᠭ᠋ᠠᠰᠴᠤ᠂ ᠲᠦᠷᠦᠬᠦᠦ ᠤᠯᠠᠷᠢᠯ᠎ᠳᠤ᠂ ᠪᠦᠬᠦ ᠤᠷᠤᠨ᠎ᠤ ᠰᠠᠭᠤᠭ᠋ᠠᠯᠢ ᠠᠷᠠᠳ᠎ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ᠎ᠨᠢ 8309 ᠲᠦᠬᠦᠷᠢᠭ᠎ᠲᠤ ᠬᠦᠷᠴᠤ᠂ ᠨᠢᠳᠤᠨᠤᠨ᠎ᠤ ᠠᠳᠠᠯᠢ ᠬᠤᠭᠤᠴᠠᠭ᠎ᠠ ᠵᠢᠨ᠎ᠬᠢ᠎ᠠᠴᠠ 7.7%᠎ᠪᠠᠷ ᠨᠡᠮᠡᠭᠳᠡᠵᠡᠢ᠃ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠳᠠᠢ ᠦᠬᠡᠷᠡᠴᠢᠯᠡᠯᠳᠡ ᠯᠠᠪᠳᠠᠭᠤᠨ ᠪᠠᠳᠤᠳᠠᠢ ᠠᠬᠢᠵᠦ᠂ 《ᠦᠢ᠍ᠯᠡᠳᠪᠤᠷᠢᠯᠡᠯ᠎ᠤᠨ ᠴᠢᠳᠠᠪᠤᠷᠢ ᠵᠢ ᠪᠠᠭ᠋ᠠᠰᠬᠠᠬᠤ᠂ ᠬᠦᠮᠦᠷᠭᠡᠯᠡᠯᠳᠡ ᠵᠢ ᠪᠠᠭ᠋ᠠᠰᠬᠠᠬᠤ᠂ ᠬᠦᠰᠢᠭᠦᠷᠭᠡ ᠵᠢ ᠪᠠᠭ᠋ᠠᠰᠬᠠᠬᠤ᠂ ᠦᠪᠡᠷ᠎ᠤᠨ ᠦᠷᠳᠡᠭ᠎ᠢ ᠪᠠᠭᠤᠷᠠᠭᠤᠯᠬᠤ᠂ ᠲᠤᠳᠠᠭᠤᠳᠠᠯ᠎ᠢ ᠨᠦᠬᠦᠪᠤᠷᠢᠯᠡᠬᠦ》 ᠲᠠᠯ᠎ᠠ᠎ᠪᠠᠷ ᠰᠢᠨ᠎ᠠ ᠠᠬᠢᠴᠠ᠎ᠲᠠᠢ ᠪᠤᠯᠤᠬᠰᠠᠨ ᠪᠠᠢ᠍ᠢ᠍ᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠪᠦᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ (ᠮᠡᠳᠡᠯᠭᠡ ᠵᠢᠨ ᠥᠮᠴᠢᠯᠡᠯ᠎ᠤᠨ ᠡᠷᠬᠡ) ᠵᠢᠨ ᠰᠠᠯᠠᠭ᠎ᠠ ᠮᠦᠴᠢᠷ᠎ᠤᠨ 2018 ᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠭᠰᠠᠨ ᠠᠷᠪᠠᠨ ᠶᠡᠬᠡ ᠨᠡᠢ᠌ᠲᠡᠯᠢᠭ ᠬᠡᠷᠡᠭ᠎ᠤᠨ ᠲᠣᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠵᠡᠮᠳᠡᠭᠴᠤᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ》᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠥᠪᠥᠷ ᠮᠣᠩᠭᠣᠯ 43 ᠴᠢᠩᠭᠡᠯᠢᠭ ᠲᠠᠰᠤᠯᠭ᠎ᠠ᠎ᠲᠠᠢ ᠡᠮᠨᠡᠯᠭᠡ ᠵᠢᠨ ᠬᠣᠷᠢᠶ᠎ᠠ ᠪᠠᠢ᠌ᠭᠤᠯᠬᠤ᠎ᠪᠠᠷ ᠪᠣᠶ
2020 ᠣᠨ᠎ᠳᠤ ᠪᠥᠬᠥ ᠣᠷᠣᠨ᠎ᠤ ᠬᠣᠲᠠ ᠪᠠᠯᠭ᠋ᠠᠰᠤ ᠵᠢᠨ ᠰᠢᠨ᠎ᠡ᠎ᠪᠠᠷ ᠠᠵᠢᠯ ᠣᠯᠤᠭᠰᠠᠨ ᠬᠦᠮᠦᠨ 23.22 ᠲᠦᠮᠡ ᠨᠡᠮᠡᠭᠳᠡᠪᠡ
《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠥᠪᠦᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠠᠵᠤ ᠠᠬᠤᠢ ᠵᠢᠨ ᠦᠷ᠎ᠡ ᠠᠰᠢᠭ ᠢᠳᠡᠭ ᠢᠳᠡᠭ ᠵᠶ᠋ᠡᠷ ᠨᠡᠮᠡᠭᠳᠡᠪᠡ
 
            