ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠨᠡᠶ᠋ᠢᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠤᠶᠠᠳᠤᠭ᠋ᠠᠷ ᠤᠯᠠᠷᠢᠯ᠎ᠤᠨ ᠠᠵᠢᠯᠯᠠᠭ᠋ᠠᠨ᠎ᠤ ᠭᠠᠷᠠᠭ ᠤᠳᠠᠯ ᠥᠬᠡᠶ ᠡᠬᠢᠯᠡᠬᠦ ᠭᠡᠵᠣ ᠪᠤᠢ
ᠨᠡᠶ᠋ᠢᠲᠡᠯᠡᠭᠰᠡᠨ ᠴᠠᠭ᠄ 2019-06-12

     6 ᠳ᠋ᠤᠭ᠋ᠠᠷ ᠰᠠᠷ᠎ᠠ ᠵᠢᠨ 11᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠨᠡᠶ᠋ᠢᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠤᠶᠠᠳᠤᠭ᠋ᠠᠷ ᠤᠯᠠᠷᠢᠯ᠎ᠤᠨ ᠠᠵᠢᠯᠯᠠᠭ᠋ᠠᠨ᠎ᠤ ᠭᠠᠷᠠᠭ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠦᠬᠡᠬᠣᠳᠠ᠎ᠳᠤ ᠬᠣᠷᠠᠯᠳᠣᠪᠠ᠃
      ᠣᠢ᠌ᠯᠠᠭ᠋ᠠᠭᠰᠠᠨ ᠵᠶ᠋ᠠᠷ᠂ ᠲᠤᠰ ᠤᠳᠠᠭ᠋ᠠᠨ᠎ᠤ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠭᠠᠷᠠᠭ᠎ᠨᠢ 《ᠤᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠬᠡᠵᠢᠯᠡᠬᠦ — ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠦᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ》᠎ᠪᠠᠷ ᠭᠣᠤᠯ ᠰᠡᠳᠦᠪ ᠪᠣᠯᠭ᠋ᠠᠵᠤ᠂ 6 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 21᠎ᠤ ᠡᠳᠦᠷ ᠪᠣᠯᠲᠠᠯ᠎ᠠ ᠶᠠᠪᠣᠭᠳᠠᠬᠣ ᠪᠣᠯᠣᠨ᠎ᠠ᠃ ᠡᠬᠢᠯᠡᠯᠲᠡ ᠵᠢᠨ ᠶᠣᠰᠣᠯᠠᠯ᠎ᠢ ᠪᠤᠭᠤᠲᠤ ᠬᠣᠲᠠ ᠵᠢᠨ ᠬᠣᠲᠠ ᠵᠢᠨ ᠳᠤᠮᠳᠠᠬᠢ ᠲᠠᠯ᠎ᠠ ᠨᠤᠲᠤᠭ — ᠰᠠᠢ᠌ᠬᠠᠨᠲᠠᠯ᠎ᠠ ᠪᠠᠷᠠᠭᠣᠨ ᠰᠢᠨ᠎ᠡ ᠡᠬᠦᠳᠡᠨ᠎ᠳᠤ ᠶᠠᠪᠣᠭᠳᠠᠭᠣᠯᠬᠣ ᠪᠤᠯᠤᠨ᠎ᠠ᠃
      ᠲᠤᠰ ᠤᠳᠠᠭ᠋ᠠᠨ᠎ᠤ ᠠᠵᠢᠯᠯᠠᠭ᠋ᠠᠨ᠎ᠤ ᠭᠠᠷᠠᠭ᠎ᠲᠤ ᠣᠨᠣᠯ᠎ᠤᠨ ᠤᠬᠠᠭᠤᠯᠭ᠎ᠠ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠮᠡᠳᠡᠯᠭᠡ ᠵᠢᠨ ᠲᠠᠢ᠌ᠯᠤᠮᠵᠢ ᠵᠡᠷᠭᠡ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠯᠠᠮᠵᠢᠯᠠᠯᠲᠤ ᠠᠵᠢᠯᠯᠠᠭ᠎ᠠ᠎ᠪᠠᠷ ᠭᠣᠤᠯ ᠪᠣᠯᠭ᠋ᠠᠬᠣ ᠵᠢᠨ ᠬᠠᠮᠳᠣ᠂ ᠳᠠᠭᠤᠤ ᠬᠥᠭᠵᠢᠮ᠎ᠤᠨ ᠭᠢᠯᠪᠡᠬᠡᠨ ᠲᠣᠭᠯᠠᠯᠳᠠ᠂ ᠪᠢᠴᠢᠯ ᠬᠠᠷᠠᠭ᠋ᠠᠨ ᠳᠠᠪᠲᠠᠮᠵᠢ ᠵᠢᠨ ᠦᠵᠡᠭᠦᠯᠦᠯᠭᠡ ᠵᠡᠷᠭᠡ ᠰᠢᠨ᠎ᠡ ᠬᠡᠯᠪᠡᠷᠢ ᠵᠢᠨ ᠵᠠᠭᠣᠴᠢᠯᠠᠭᠣᠷ ᠵᠶ᠋ᠠᠷ ᠲᠣᠰᠠᠯᠠᠮᠵᠢ ᠪᠣᠯᠭ᠋ᠠᠭᠰᠠᠨ ᠣᠯᠠᠨ ᠵᠦᠢᠯ᠎ᠤᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠦᠷᠨᠢᠬᠦᠯᠵᠣ᠂ ᠡᠭᠡᠯ ᠪᠣᠷᠣᠭᠵᠢᠭᠣᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠶᠤᠨ ᠰᠠᠨᠠᠭ᠎ᠠ᠎ᠪᠠᠨ ᠪᠠᠲᠤᠳᠬᠠᠵᠤ᠂ ᠴᠣᠭ ᠰᠦᠯᠳᠡ᠎ᠪᠠᠨ ᠪᠠᠳᠠᠷᠠᠭᠤᠯᠤᠨ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠦ᠂ ᠮᠠᠨ᠎ᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠣᠯᠣᠨ᠎ᠠ᠃
      ᠪᠦᠬᠦ ᠣᠷᠣᠨ᠎ᠤ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠭᠠᠷᠠᠭ᠎ᠢ ᠬᠠᠮᠣᠭ ᠠᠩᠬ᠎ᠠ 2007 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠬᠣᠯᠪᠣᠭ᠎ᠠ ᠬᠠᠮᠲᠤᠷᠠᠨ ᠡᠷᠬᠢᠯᠡᠭᠰᠡᠨ᠎ᠠᠴᠠ ᠬᠣᠢ᠌ᠰᠢ᠂ ᠡᠳᠦᠭᠡ ᠪᠣᠯᠲᠠᠯ᠎ᠠ ᠵᠠᠯᠭ᠋ᠠᠭ᠎ᠠ᠎ᠪᠠᠷ 12 ᠬᠤᠭᠤᠴᠠᠭ᠎ᠠ ᠡᠷᠬᠢᠯᠡᠪᠡ᠃ ᠨᠢᠳᠤᠨᠤᠨ᠎ᠠᠴᠠ ᠡᠬᠢᠯᠡᠨ᠂ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠠᠷᠠᠭ᠎ᠤᠨ ᠠᠵᠢᠯᠯᠠᠭ᠎ᠠ ᠵᠢ ᠵᠢᠯ ᠪᠦᠷᠢ ᠵᠢᠨ 6 ᠳ᠋ᠤᠭ᠋ᠠᠷ ᠰᠠᠷ᠎ᠠ ᠵᠢᠨ ᠬᠣᠶᠠᠳᠤᠭ᠋ᠠᠷ ᠭᠠᠷᠠᠭ᠎ᠠᠴᠠ ᠡᠬᠢᠯᠡᠨ ᠥᠷᠨᠢᠭᠦᠯᠵᠦ ᠪᠠᠢ᠌ᠭᠰᠠᠨ᠎ᠢ ᠤᠯᠠᠷᠢᠯ ᠪᠦᠷᠢ᠎ᠳᠤ ᠨᠢᠭᠡ ᠤᠳᠠᠭ᠎ᠠ ᠦᠷᠨᠢᠬᠦᠯᠬᠦ ᠪᠣᠯᠭ᠋ᠠᠨ ᠦᠬᠡᠷᠡᠴᠢᠯᠡᠵᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ 《ᠮᠣᠷᠢᠨ ᠨᠢᠷᠤᠭᠤᠨ ᠳᠡᠭᠡᠷᠡᠬᠢ ᠥᠪᠥᠷ ᠮᠣᠩᠭᠣᠯ》 ᠠᠳᠤᠭᠤᠨ ᠰᠣᠶᠣᠯ᠎ᠤᠨ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠭᠠᠷᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢᠮᠠᠳᠤᠭ᠋ᠠᠷ ᠬᠤᠭᠤᠴᠠᠭ᠋ᠠᠨ᠎ᠤ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠰᠢᠯᠭ᠋ᠠᠷᠠᠭᠤᠯᠬᠤ ᠠᠵᠢᠯ ᠡᠬᠢᠯᠡᠪᠡ
ᠥᠪᠥᠷ ᠮᠣᠩᠭᠣᠯ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠪᠤᠢ᠄ ᠡᠷᠬᠡ ᠵᠢ ᠵᠠᠬ᠎ᠠ ᠳᠡᠯᠭᠡᠭᠦᠷ᠎ᠲᠤ ᠪᠠᠭᠤᠯᠭ᠋ᠠᠵᠤ ᠣᠯᠠᠨ ᠲᠦᠮᠡᠨ᠎ᠳᠤ ᠠᠰᠢᠭ ᠬᠦᠷᠲᠡᠭᠡᠨ᠎ᠡ
70 ᠵᠢᠯ᠎ᠤᠨ ᠲᠤᠷᠰᠢ ᠥᠪᠥᠷ ᠮᠣᠩᠭᠣᠯ᠎ᠤᠨ ᠨᠡᠢ᠌ᠭᠡᠮ᠎ᠤᠨ ᠪᠠᠲᠤᠯᠠᠭ᠎ᠠ ᠠᠷᠠᠳ ᠲᠦᠮᠡᠨ᠎ᠳᠤ ᠲᠣᠭᠲᠠᠭᠤᠨ ᠠᠵᠠ ᠵᠢᠷᠭ᠋ᠠᠯ᠎ᠢ ᠠᠪᠴᠢᠷᠠᠵᠤ ᠥᠭᠴᠡᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠠᠵᠢᠯ᠎ᠤᠨ ᠲᠣᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
 
            