
6 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠮᠦᠷᠯᠢᠭ ᠵᠢᠴᠢ ᠲᠡᠮᠦᠷᠯᠢᠭ᠎ᠤᠨ ᠪᠤᠰᠤ ᠠᠭᠤᠷᠬᠠᠶ ᠵᠢᠨ ᠠᠵᠤ ᠠᠬᠤᠢ᠌ᠯᠠᠯ᠎ᠤᠨ ᠳᠠᠭ᠋ᠠᠭ᠋ᠠᠮᠠᠯ᠎ᠤᠨ ᠬᠠᠮᠢᠶᠠᠷᠤᠯᠲᠠ ᠵᠢᠨ ᠳᠦᠷᠢᠮ (ᠲᠤᠷᠰᠢᠨ ᠬᠡᠷᠡᠭᠵᠢᠭᠦᠯᠬᠦ)》᠎ᠤᠨ ᠲᠠᠶ᠋ᠢᠯᠤᠮᠵᠢ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠳᠡᠳ᠋ ᠳᠠᠷᠤᠭ᠎ᠠ ᠪᠠ ᠯᠢ ᠫᠢᠩ ᠭᠣᠤᠯ ᠰᠡᠳᠦᠪ᠎ᠲᠤ ᠨᠡᠢ᠌ᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠰᠣᠨᠢᠨ ᠮᠡᠳᠡᠭᠡ ᠤᠬᠠᠭᠤᠯᠭ᠎ᠠ ᠵᠢᠨ ᠭᠠᠵᠠᠷ᠎ᠤᠨ ᠳᠠᠷᠤᠭ᠎ᠠ ᠶᠠᠩ ᠫᠢᠩ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠠᠶᠤᠯ ᠦᠭᠡᠢ ᠦᠢᠯᠡᠳᠪᠦᠷᠢᠯᠡᠯ᠎ᠤᠨ ᠰᠠᠭᠤᠷᠢ ᠵᠢᠨ ᠭᠠᠵᠠᠷ᠎ᠤᠨ ᠳᠡᠳ᠋ ᠳᠠᠷᠤᠭ᠎ᠠ ᠯᠢᠶᠠᠩ ᠭᠦᠸᠧ ᠴᠢᠩ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠡᠳ᠋ ᠳᠠᠷᠤᠭ᠎ᠠ ᠵᠦ᠍ ᠯᠢ ᠺᠦᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃