ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢᠮᠠᠳᠤᠭ᠋ᠠᠷ ᠬᠤᠭᠤᠴᠠᠭ᠋ᠠᠨ᠎ᠤ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠰᠢᠯᠭ᠋ᠠᠷᠠᠭᠤᠯᠬᠤ ᠠᠵᠢᠯ ᠡᠬᠢᠯᠡᠪᠡ
ᠨᠡᠶ᠋ᠢᠲᠡᠯᠡᠭᠰᠡᠨ ᠴᠠᠭ᠄ 2019-07-11

     7 ᠳ᠋ᠤᠭ᠋ᠠᠷ ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢᠮᠠᠳᠤᠭ᠋ᠠᠷ ᠬᠤᠭᠤᠴᠠᠭ᠋ᠠᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠰᠢᠯᠭ᠋ᠠᠷᠠᠭᠤᠯᠬᠤ ᠠᠵᠢᠯ ᠡᠬᠢᠯᠡᠪᠡ᠃ ᠲᠣᠰ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠰᠢᠯᠭ᠋ᠠᠷᠠᠭᠤᠯᠬᠤ ᠠᠯᠪᠠᠨ ᠭᠡᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠱᠠᠩᠨᠠᠯ ᠰᠢᠯᠭ᠋ᠠᠷᠠᠭᠤᠯᠬᠤ ᠦᠨᠳᠦᠰᠦᠨ ᠪᠠᠢ᠌ᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠪᠣᠯ ᠪᠥᠬᠥ ᠣᠷᠣᠨ᠎ᠤ ᠴᠣᠷ᠎ᠤᠨ ᠭᠠᠭᠴᠠ᠂ ᠬᠠᠮᠤᠭ᠎ᠤᠨ ᠳᠡᠭᠡᠳᠣ ᠲᠡᠰ᠎ᠤᠨ ᠶᠡᠷᠦᠩᠬᠡᠢ᠌ᠯᠡᠭᠰᠡᠨ ᠲᠥᠷᠥᠯ᠎ᠤᠨ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠪᠣᠯᠤᠨ᠎ᠠ᠃ 30 ᠭᠠᠷᠤᠶ ᠵᠢᠯ᠎ᠤᠨ ᠲᠤᠷᠰᠢ᠂ ᠲᠣᠰ ᠱᠠᠩᠨᠠᠯ᠎ᠢ ᠰᠢᠯᠭ᠋ᠠᠷᠠᠭᠤᠯᠬᠤ ᠪᠠ ᠱᠠᠩᠨᠠᠬᠤ ᠠᠵᠢᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠢᠨ᠎ᠡ ᠵᠢ ᠡᠭᠦᠳᠦᠨ ᠬᠥᠭᠵᠢᠬᠦ ᠵᠢ ᠬᠦᠴᠦᠲᠡᠶ ᠠᠬᠢᠭᠤᠯᠵᠤ᠂ ᠮᠠᠨ᠎ᠤ ᠣᠷᠣᠨ᠎ᠤ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ᠂ ᠦᠨᠳᠦᠰᠦᠲᠡᠨ᠎ᠤ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃
      ᠲᠣᠰ ᠬᠤᠭᠤᠴᠠᠭ᠋ᠠᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ᠎ᠤᠨ ᠲᠥᠷᠥᠯ ᠵᠦᠢᠯ᠎ᠨᠢ ᠥᠩᠭᠡᠷᠡᠭᠡᠭᠰᠡᠨ᠎ᠤ᠎ᠬᠢ᠎ᠲᠠᠢ ᠬᠠᠷᠢᠴᠠᠭᠤᠯᠪᠠᠯ ᠭᠤᠷᠪᠠᠨ ᠶᠡᠬᠡ ᠬᠤᠪᠢᠷᠠᠯᠲᠠ᠎ᠲᠠᠢ ᠪᠣᠯᠵᠠᠶ᠄ ᠨᠢᠭᠡ᠎ᠳᠤ᠂ ᠱᠠᠩᠨᠠᠯ᠎ᠤᠨ ᠨᠡᠷᠡᠢ᠌ᠳᠦᠯ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ》 ᠭᠡᠵᠤ ᠪᠠᠢ᠌ᠭᠰᠠᠨ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ》 ᠪᠣᠯᠭ᠋ᠠᠨ ᠬᠤᠪᠢᠷᠠᠭᠤᠯᠪᠠ; ᠬᠣᠶᠠᠷ᠎ᠲᠤ᠂ ᠱᠠᠩᠨᠠᠯ᠎ᠤᠨ ᠵᠦᠢᠯ᠎ᠢ ᠤᠤᠯ᠎ᠤᠨ ᠳᠠᠩ ᠴᠤᠯᠭᠤᠶ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ ᠭᠡᠵᠤ ᠪᠠᠢ᠌ᠭᠰᠠᠨ᠎ᠢ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠠᠯᠳᠠᠷᠳᠣ ᠬᠥᠮᠦᠰ᠎ᠤᠨ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠵᠠᠯᠠᠭᠤ ᠴᠢᠳᠠᠪᠤᠷᠢᠲᠠᠨ᠎ᠤ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠲᠡᠷᠢᠬᠦᠨ᠎ᠤᠨ ᠭᠠᠪᠢᠶᠠᠳᠣ ᠱᠠᠩᠨᠠᠯ ᠭᠡᠵᠦ ᠨᠡᠮᠡᠵᠦ ᠲᠣᠬᠢᠷᠠᠭᠤᠯᠪᠠ; ᠭᠤᠷᠪᠠ᠎ᠳᠤ᠂ ᠤᠤᠯ᠎ᠤᠨ ᠰᠢᠯᠢᠳᠡᠭ ᠪᠦᠲᠦᠭᠡᠯ᠎ᠤᠨ ᠱᠠᠩᠨᠠᠯ ᠪᠠ ᠰᠢᠨ᠎ᠡ᠎ᠪᠠᠷ ᠨᠡᠮᠡᠵᠦ ᠪᠠᠢ᠌ᠭᠤᠯᠤᠭᠰᠠᠨ ᠱᠠᠩᠨᠠᠯ᠎ᠢ ᠵᠢᠯ ᠠᠯᠤᠰᠯᠠᠨ ᠰᠢᠯᠭ᠋ᠠᠷᠠᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠪᠤᠢ᠄ ᠡᠷᠬᠡ ᠵᠢ ᠵᠠᠬ᠎ᠠ ᠳᠡᠯᠭᠡᠭᠦᠷ᠎ᠲᠤ ᠪᠠᠭᠤᠯᠭ᠋ᠠᠵᠤ ᠣᠯᠠᠨ ᠲᠦᠮᠡᠨ᠎ᠳᠤ ᠠᠰᠢᠭ ᠬᠦᠷᠲᠡᠭᠡᠨ᠎ᠡ
70 ᠵᠢᠯ᠎ᠤᠨ ᠲᠤᠷᠰᠢ ᠥᠪᠥᠷ ᠮᠣᠩᠭᠣᠯ᠎ᠤᠨ ᠨᠡᠢ᠌ᠭᠡᠮ᠎ᠤᠨ ᠪᠠᠲᠤᠯᠠᠭ᠎ᠠ ᠠᠷᠠᠳ ᠲᠦᠮᠡᠨ᠎ᠳᠤ ᠲᠣᠭᠲᠠᠭᠤᠨ ᠠᠵᠠ ᠵᠢᠷᠭ᠋ᠠᠯ᠎ᠢ ᠠᠪᠴᠢᠷᠠᠵᠤ ᠥᠭᠴᠡᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠠᠵᠢᠯ᠎ᠤᠨ ᠲᠣᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠎ᠢ ᠰᠡᠷᠭᠡᠢ᠌ᠯᠡᠬᠦ ᠪᠣᠯᠣᠨ ᠵᠡᠮᠳᠡᠭᠴᠦᠳ᠎ᠢ ᠡᠷᠡᠭᠦᠯᠵᠢᠭᠦᠯᠬᠦ ᠠᠷᠭ᠎ᠠ》 ᠵᠢᠨ ᠲᠤᠬᠠᠢ ᠣᠢ᠌ᠯᠠᠭ᠋ᠠᠶ᠎ᠠ
ᠡᠮᠦᠨ᠎ᠡ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠠᠵᠤ ᠠᠬᠤᠢ ᠲᠣᠭᠲᠠᠭᠤᠨ ᠵᠶ᠋ᠠᠷ ᠬᠥᠭᠵᠢᠪᠡ
 
            