ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠨᠡᠮᠡᠭᠳᠡᠪᠡ
ᠨᠡᠶ᠋ᠢᠲᠡᠯᠡᠭᠰᠡᠨ ᠴᠠᠭ᠄ 2019-07-22

      ᠣᠢ᠌ᠷ᠎ᠠ᠎ᠳᠤ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠭ᠋ᠠᠭᠰᠠᠨ ᠵᠶ᠋ᠠᠷ᠂ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 547.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.6%᠎ᠪᠠᠷ ᠨᠡᠮᠡᠭᠳᠡᠨ᠂ ᠠᠳᠠᠯᠢ ᠬᠤᠭᠤᠴᠠᠭ᠋ᠠᠨ᠎ᠤ ᠪᠥᠬᠥ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠤᠨ ᠬᠤᠷᠳᠤᠴᠠ᠎ᠠᠴᠠ 5.7 ᠵᠠᠭᠤᠨ᠎ᠤ ᠴᠡᠭ ᠥᠨᠳᠥᠷ ᠪᠣᠯᠵᠠᠶ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ 184.2 ᠳ᠋ᠦᠩᠰᠢᠭᠤᠷ ᠲᠥᠭᠥᠷᠢᠭ᠎ᠲᠤ ᠬᠦᠷᠴᠦ᠂ 0.8 %᠎ᠪᠠᠷ ᠪᠠᠭᠤᠷᠠᠪᠠ; ᠭᠠᠳᠠᠭ᠋ᠠᠳᠤ ᠣᠷᠣᠭᠤᠯᠤᠯᠲᠠ 363 ᠳ᠋ᠦᠩᠰᠢᠭᠤᠷ ᠲᠥᠭᠥᠷᠢᠭ᠎ᠲᠤ ᠬᠦᠷᠴᠦ᠂ 15.8%᠎ᠪᠠᠷ ᠨᠡᠮᠡᠭᠳᠡᠪᠡ᠃ ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠲᠣᠭᠲᠠᠭᠤᠨ ᠵᠶ᠋ᠠᠷ ᠨᠡᠮᠡᠭᠳᠡᠬᠦ ᠬᠠᠨᠳᠤᠰᠢ᠎ᠲᠠᠢ ᠪᠣᠯᠪᠠ᠃
      ᠣᠢ᠌ᠯᠠᠭ᠋ᠠᠭᠰᠠᠨ ᠵᠶ᠋ᠠᠷ᠂ ᠳᠡᠭᠡᠷ᠎ᠡ ᠬᠠᠭ᠋ᠠᠰ ᠵᠢᠯ᠎ᠳᠤ᠂ ᠰᠠᠷ᠎ᠠ ᠵᠢᠨ ᠭᠠᠳᠠᠭ᠋ᠠᠳᠤ ᠠᠷᠠᠯᠵᠢᠶᠠᠨ᠎ᠤ ᠥᠷᠲᠡᠭ᠎ᠨᠢ ᠥᠨᠳᠥᠷ ᠪᠠᠢ᠌ᠷᠢᠨ᠎ᠳᠤ ᠪᠠᠢ᠌ᠵᠤ᠂ ᠡᠨᠡ ᠵᠢᠯ᠎ᠤᠨ 2 ᠳ᠋ᠤᠭ᠋ᠠᠷ ᠰᠠᠷ᠎ᠠ᠎ᠳᠤ ᠭᠠᠳᠠᠭ᠋ᠠᠳᠤ ᠠᠷᠠᠯᠵᠢᠶᠠᠨ᠎ᠤ ᠥᠷᠲᠡᠭ᠎ᠨᠢ ᠪᠠᠭ᠎ᠠ ᠬᠡᠮᠵᠢᠶ᠎ᠡ᠎ᠪᠠᠷ ᠳᠣᠷᠣᠭᠰᠢᠯᠠᠨ 74.1 ᠳ᠋ᠦᠩᠰᠢᠭᠤᠷ ᠲᠥᠭᠥᠷᠢᠭ᠎ᠲᠤ ᠬᠦᠷᠴᠦ᠂ ᠳᠠᠷᠠᠭ᠎ᠠ᠎ᠨᠢ ᠲᠣᠭᠲᠠᠪᠤᠷᠢᠵᠢᠨ ᠳᠡᠭᠡᠭᠰᠢᠯᠡᠵᠦ᠂ ᠦᠢ᠍ᠯᠡᠳᠦᠭᠰᠡᠨ ᠡᠯ᠎ᠡ ᠰᠠᠷ᠎ᠠ ᠵᠢᠨ ᠭᠠᠳᠠᠭ᠋ᠠᠳᠤ ᠠᠷᠠᠯᠵᠢᠶᠠᠨ᠎ᠤ ᠥᠷᠲᠡᠭ᠎ᠨᠢ ᠴᠥᠮ 90 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠪᠡ᠃ ᠳᠡᠭᠡᠷ᠎ᠡ ᠬᠠᠭ᠋ᠠᠰ ᠵᠢᠯ᠎ᠳᠤ᠂ ᠡᠩ᠎ᠤᠨ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 321.1 ᠳ᠋ᠦᠩᠰᠢᠭᠤᠷ ᠲᠥᠭᠥᠷᠢᠭ᠎ᠲᠤ ᠬᠦᠷᠴᠦ᠂ 16.8%᠎ᠪᠠᠷ ᠨᠡᠮᠡᠭᠳᠡᠪᠡ; ᠬᠢᠯᠢ ᠵᠢᠨ ᠪᠠᠭ᠎ᠠ ᠬᠡᠮᠵᠢᠶᠡᠨ᠎ᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 155.2 ᠳ᠋ᠦᠩᠰᠢᠭᠤᠷ ᠲᠥᠭᠥᠷᠢᠭ᠎ᠲᠤ ᠬᠦᠷᠴᠦ᠂ 1.3%᠎ᠪᠠᠷ ᠪᠠᠭᠤᠷᠠᠪᠠ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠭᠣᠣᠯ ᠬᠥᠴᠦᠨ ᠴᠡᠷᠢᠭ ᠪᠣᠯᠵᠤ᠂ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠎ᠨᠢ 388.5 ᠳ᠋ᠦᠩᠰᠢᠭᠤᠷ ᠲᠥᠭᠥᠷᠢᠭ᠎ᠲᠤ ᠬᠦᠷᠴᠦ᠂ 8.5%᠎ᠪᠠᠷ ᠨᠡᠮᠡᠭᠳᠡᠪᠡ; ᠤᠯᠤᠰ ᠎ᠤᠨ ᠦᠮᠴᠢᠯᠡᠯᠲᠦ ᠠᠵᠤ ᠠᠬᠤᠢ᠌ᠯᠠᠯ᠎ᠤᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 122.2 ᠳ᠋ᠦᠩᠰᠢᠭᠤᠷ ᠲᠥᠭᠥᠷᠢᠭ᠎ᠲᠤ ᠬᠦᠷᠴᠦ᠂ ᠨᠡᠮᠡᠭᠳᠡᠯ᠎ᠤᠨ ᠬᠤᠷᠳᠤᠴᠠ ᠨᠡᠯᠢᠶᠡᠳ ᠲᠦᠷᠭᠡᠨ ᠪᠣᠯᠪᠠ᠃ ᠪᠠᠶᠠᠨᠨᠠᠭᠤᠷ᠂ ᠪᠤᠭᠤᠲᠤ᠂ ᠮᠠᠨᠵᠤᠤᠷ᠎ᠤᠨ ᠭᠠᠳᠠᠭ᠋ᠠᠳᠤ ᠠᠷᠠᠯᠵᠢᠶᠠᠨ᠎ᠤ ᠥᠷᠲᠡᠭ᠎ᠨᠢ ᠠᠷᠪᠠᠨ᠎ᠤ ᠵᠢᠷᠭᠤᠭ᠋ᠠᠨ ᠬᠤᠪᠢ ᠵᠢ ᠡᠵᠡᠯᠡᠪᠡ᠃ ᠭᠠᠳᠠᠭ᠋ᠠᠳᠤ ᠭᠠᠷᠭ᠋ᠠᠯᠲᠠ᠎ᠨᠢ ᠬᠥᠳᠡᠯᠮᠦᠷᠢ ᠬᠤᠷᠠᠭᠰᠠᠨ ᠬᠡᠯᠪᠡᠷᠢ ᠵᠢᠨ ᠦᠢᠯᠡᠳᠬᠦᠨ ᠪᠠ ᠠᠩᠬᠠᠨ᠎ᠤ ᠦᠢᠯᠡᠳᠬᠦᠨ ᠵᠶ᠋ᠡᠷ ᠭᠣᠤᠯ ᠪᠣᠯᠭ᠋ᠠᠵᠤ᠂ ᠭᠠᠳᠠᠭ᠋ᠠᠳᠤ ᠣᠷᠣᠭᠤᠯᠤᠯᠲᠠ᠎ᠨᠢ ᠡᠬᠢ ᠪᠠᠶᠠᠯᠢᠭ᠎ᠤᠨ ᠴᠢᠨᠠᠷᠲᠠᠶ ᠶᠡᠬᠡ ᠬᠡᠮᠵᠢᠶᠡᠨ᠎ᠤ ᠲᠠᠸᠠᠷ ᠵᠶ᠋ᠠᠷ ᠭᠣᠤᠯ ᠪᠣᠯᠵᠠᠢ᠃ ᠡᠭᠦᠨ᠎ᠠᠴᠠ ᠭᠠᠳᠠᠨ᠎ᠠ᠂ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ ᠵᠢᠨ ᠲᠠᠰᠤᠷᠠᠯᠲᠠ ᠥᠬᠡᠶ ᠠᠬᠢᠬᠤ ᠵᠢ ᠳᠠᠭ᠋ᠠᠯᠳᠤᠨ᠂ ᠮᠠᠨ᠎ᠤ ᠣᠷᠣᠨ ᠬᠢᠭᠡᠳ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠯᠤᠭ᠎ᠠ ᠵᠢᠨ ᠲᠠᠸᠠᠷ᠂ ᠪᠠᠯᠠ ᠮᠥᠩᠭᠥ᠂ ᠠᠵᠢᠯᠲᠠᠨ᠎ᠤ ᠰᠣᠯᠢᠯᠴᠠᠭ᠎ᠠ ᠡᠳᠦᠷ ᠢᠷᠡᠬᠦᠶ᠎ᠡ ᠴᠢᠩᠭ᠋ᠠᠷᠠᠵᠤ᠂ ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠯᠤᠭ᠎ᠠ ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠎ᠨᠢ 365.7 ᠳ᠋ᠦᠩᠰᠢᠭᠤᠷ ᠲᠥᠭᠥᠷᠢᠭ᠎ᠲᠤ ᠬᠦᠷᠴᠦ᠂ 8.4%᠎ᠪᠠᠷ ᠨᠡᠮᠡᠭᠳᠡᠪᠡ᠃ ᠡᠭᠦᠨ᠎ᠳᠤ᠂ ᠮᠣᠩᠭᠣᠯ ᠤᠯᠤᠰ᠂ ᠣᠷᠣᠰ ᠪᠣᠯ ᠥᠪᠡᠷᠲᠡᠭᠡᠨ ᠵᠠᠰᠠᠬᠤ ᠣᠷᠣᠨ᠎ᠤ ᠭᠣᠤᠯ ᠪᠣᠯᠬᠤ ᠠᠷᠠᠯᠵᠢᠶᠠᠨ᠎ᠤ ᠬᠠᠨᠢᠲᠠᠨ ᠪᠠᠢ᠌ᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠥᠷᠲᠡᠭ᠎ᠨᠢ ᠲᠣᠰ ᠲᠣᠰ179 ᠳ᠋ᠦᠩᠰᠢᠭᠤᠷ ᠲᠥᠭᠥᠷᠢᠭ᠂ 100.3 ᠳ᠋ᠦᠩᠰᠢᠭᠤᠷ ᠲᠥᠭᠥᠷᠢᠭ᠎ᠲᠤ ᠬᠦᠷᠴᠦ᠂ ᠨᠡᠮᠡᠭᠳᠡᠯ᠎ᠤᠨ ᠬᠤᠷᠳᠤᠴᠠ᠎ᠨᠢ ᠲᠣᠰ ᠲᠣᠰ 20.2%᠂ 1.6% ᠪᠣᠯᠵᠠᠢ᠃ ᠲᠠᠨᠢᠯᠴᠠᠭᠤᠯᠤᠭᠰᠠᠨ ᠵᠶ᠋ᠠᠷ᠂ ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠭᠠᠳᠠᠭ᠋ᠠᠳᠤ ᠠᠷᠠᠯᠵᠢᠶᠠᠨ᠎ᠤ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠦᠷᠭᠦᠯᠵᠢᠯᠡᠨ ᠨᠡᠮᠡᠭᠳᠡᠬᠦ ᠬᠥᠭᠵᠢᠯᠲᠡ ᠵᠢᠨ ᠪᠠᠢ᠌ᠳᠠᠯ ᠢᠯᠡᠷᠡᠪᠡ᠃
     

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ 369 ᠠᠰᠠᠭᠤᠳᠠᠯ᠎ᠢ ᠪᠠᠢ᠌ᠴᠠᠭ᠋ᠠᠨ ᠰᠢᠢᠳᠪᠦᠷᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 23᠎ᠤ ᠡᠳᠦᠷ᠎ᠠᠴᠠ ᠡᠬᠢᠯᠡᠨ ᠬᠤᠷᠠᠯᠳᠤᠨ᠎ᠠ
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠨᠡᠶ᠋ᠢᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠤᠶᠠᠳᠤᠭ᠋ᠠᠷ ᠤᠯᠠᠷᠢᠯ᠎ᠤᠨ ᠠᠵᠢᠯᠯᠠᠭ᠋ᠠᠨ᠎ᠤ ᠭᠠᠷᠠᠭ ᠤᠳᠠᠯ ᠥᠬᠡᠶ ᠡᠬᠢᠯᠡᠬᠦ ᠭᠡᠵᠣ ᠪᠤᠢ
ᠮᠠᠨ᠎ᠤ ᠣᠷᠣᠨ 《ᠮᠣᠷᠢᠨ ᠨᠢᠷᠤᠭᠤᠨ ᠳᠡᠭᠡᠷᠡᠬᠢ ᠥᠪᠥᠷ ᠮᠣᠩᠭᠣᠯ》 ᠠᠳᠤᠭᠤᠨ ᠰᠣᠶᠣᠯ᠎ᠤᠨ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠭᠠᠷᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢᠮᠠᠳᠤᠭ᠋ᠠᠷ ᠬᠤᠭᠤᠴᠠᠭ᠋ᠠᠨ᠎ᠤ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ ᠰᠢᠯᠭ᠋ᠠᠷᠠᠭᠤᠯᠬᠤ ᠠᠵᠢᠯ ᠡᠬᠢᠯᠡᠪᠡ
 
            