ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ ᠳᠡᠭᠡᠷ᠎ᠡ ᠬᠠᠭ᠋ᠠᠰ ᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠠᠯᠬᠣᠴᠠ ᠯᠠᠪᠳᠠᠭᠤᠨ ᠪᠠᠲᠤᠲᠠᠶ ᠪᠤᠯᠪᠠ
ᠨᠡᠶ᠋ᠢᠲᠡᠯᠡᠭᠰᠡᠨ ᠴᠠᠭ᠄ 2019-07-22

     7 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠠᠵᠤ ᠠᠬᠤᠢ ᠵᠢᠨ ᠠᠵᠢᠯᠯᠠᠭ᠋ᠠᠨ ᠶᠡᠷᠦᠩᠬᠡᠶ᠎ᠳᠤ᠎ᠪᠠᠨ ᠲᠣᠭᠲᠠᠭᠤᠨ ᠪᠠᠢ᠌ᠵᠤ᠂ ᠶᠠᠰᠤ ᠴᠢᠨᠠᠷ ᠦᠷ᠎ᠡ ᠠᠰᠢᠭ ᠲᠠᠰᠤᠷᠠᠯᠲᠠ ᠥᠬᠡᠶ ᠳᠡᠭᠡᠭᠰᠢᠯᠡᠵᠦ᠂ ᠲᠤᠯᠭ᠋ᠠᠭᠤᠷᠢᠯᠠᠬᠤ ᠨᠥᠬᠥᠴᠡᠯ ᠲᠠᠰᠤᠷᠠᠯᠲᠠ ᠥᠬᠡᠶ ᠰᠠᠢ᠌ᠵᠢᠷᠠᠵᠤ᠂ ᠴᠢᠨᠠᠷ ᠰᠠᠢ᠌ᠲᠠᠶ ᠬᠥᠭᠵᠢᠯᠲᠡ ᠵᠢᠨ ᠠᠯᠬᠤᠴᠠ ᠯᠠᠪᠳᠠᠭᠤᠨ ᠪᠠᠲᠤᠲᠠᠶ ᠪᠣᠯᠪᠠ᠃
    ᠲᠠᠷᠢᠶᠠᠯᠠᠩ ᠮᠠᠯ ᠠᠵᠤ ᠠᠬᠤᠶ ᠲᠣᠭᠲᠠᠭᠤᠨ ᠵᠶ᠋ᠠᠷ ᠨᠡᠮᠡᠭᠳᠡᠬᠦ ᠵᠢ ᠪᠡᠶᠡᠯᠡᠭᠦᠯᠵᠦ᠂ ᠲᠠᠷᠢᠮᠠᠯ᠎ᠤᠨ ᠪᠦᠲᠦᠴᠡ ᠵᠢ ᠲᠠᠰᠤᠷᠠᠯᠲᠠ ᠥᠬᠡᠶ ᠰᠢᠯᠢᠳᠡᠭᠵᠢᠭᠦᠯᠪᠡ
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠲᠠᠷᠢᠶᠠᠯᠠᠩ ᠤᠢ ᠰᠢᠭᠤᠢ ᠮᠠᠯ ᠠᠵᠤ ᠠᠬᠤᠶ ᠵᠢᠭ᠋ᠠᠰᠤᠨ ᠠᠵᠤ ᠠᠬᠤᠢ ᠵᠢᠨ ᠶᠡᠷᠦᠩᠬᠡᠶ ᠦᠢᠯᠡᠳᠬᠦᠨ᠎ᠤ ᠥᠷᠲᠡᠭ 620.0 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 1.8%᠎ᠪᠠᠷ ᠨᠡᠮᠡᠭᠳᠡᠪᠡ᠃ ᠲᠠᠷᠢᠮᠠᠯ᠎ᠤᠨ ᠦᠢ᠍ᠯᠡᠰ᠎ᠤᠨ ᠲᠠᠯ᠎ᠠ᠎ᠪᠠᠷ᠂ ᠲᠠᠷᠢᠮᠠᠯ᠎ᠤᠨ ᠲᠠᠷᠢᠬᠤ ᠲᠠᠯᠠᠪᠠᠢ ᠯᠠᠪᠳᠠᠭᠤᠨ ᠵᠶ᠋ᠠᠷ ᠨᠡᠮᠡᠭᠳᠡᠪᠡ᠃ ᠡᠭᠦᠨ᠎ᠳᠤ ᠰᠢᠷ᠎ᠠ ᠪᠤᠷᠴᠠᠭ᠂ ᠤᠰᠤᠨ ᠲᠤᠲᠤᠷᠭ᠎ᠠ᠂   ᠬᠥᠬᠡ ᠳᠠᠷᠣᠰᠢ ᠵᠢᠨ ᠡᠷᠳᠡᠨᠢ ᠰᠢᠰᠢ᠂ ᠢᠳᠡᠰᠢᠨ ᠨᠣᠭᠣᠭ᠎ᠠ ᠵᠢᠨ ᠲᠠᠷᠢᠬᠣ ᠲᠠᠯᠠᠪᠠᠢ ᠨᠡᠮᠡᠭᠳᠡᠪᠡ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠢᠳᠡᠰᠢᠨ ᠨᠣᠭᠣᠭ᠎ᠠ ᠵᠢᠨ ᠲᠠᠷᠢᠭᠰᠠᠨ ᠲᠠᠯᠠᠪᠡᠢ 14.1 ᠲᠦᠮᠡᠨ ᠾᠧᠺᠲ᠋ᠠᠷ᠎ᠲᠤ ᠬᠦᠷᠴᠣ᠂ ᠠᠳᠠᠯᠢ ᠬᠤᠭᠤᠴᠠᠭ᠋ᠠᠨ᠎ᠤ᠎ᠬᠢ᠎ᠠᠴᠠ 1.7%᠎ᠪᠠᠷ ᠨᠡᠮᠡᠭᠳᠡᠪᠡ᠃ ᠮᠠᠯ ᠠᠵᠤ ᠠᠬᠤᠢ ᠵᠢᠨ ᠲᠠᠯ᠎ᠠ᠎ᠪᠠᠷ᠂ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 92.2 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ

1.1%᠎ᠪᠠᠷ ᠪᠠᠭᠤᠷᠠᠪᠠ᠃ ᠡᠭᠦᠨ᠎ᠳᠤ ᠦᠬᠡᠷ᠎ᠤᠨ ᠮᠢᠬᠠᠨ᠎ᠤ ᠭᠠᠷᠤᠯᠲᠠ 15.4 ᠲᠦᠮᠡᠨ ᠲᠣᠨ᠎ᠳᠤ ᠬᠦᠷᠴᠦ᠂ 3.4%᠎ᠪᠠᠷ ᠨᠡᠮᠡᠭᠳᠡᠪᠡ; ᠬᠣᠨᠢᠨ ᠮᠢᠬᠠᠨ᠎ᠤ ᠭᠠᠷᠤᠯᠲᠠ 39.2 ᠲᠦᠮᠡᠨ ᠲᠣᠨ᠎ᠳᠤ ᠬᠦᠷᠴᠦ᠂ 3.5%᠎ᠪᠠᠷ ᠨᠡᠮᠡᠭᠳᠡᠪᠡ; ᠭᠠᠬᠠᠶ ᠵᠢᠨ ᠮᠢᠬᠠᠨ᠎ᠤ ᠭᠠᠷᠤᠯᠲᠠ 30.4 ᠲᠦᠮᠡᠨ ᠲᠣᠨ᠎ᠳᠤ ᠬᠦᠷᠴᠦ᠂ 9.5%᠎ᠪᠠᠷ ᠪᠠᠭᠤᠷᠠᠪᠠ; ᠵᠢᠭᠦᠷᠲᠡᠨ᠎ᠤ ᠮᠢᠬᠠᠨ᠎ᠤ ᠭᠠᠷᠤᠯᠲᠠ 7.2 ᠲᠦᠮᠡᠨ ᠲᠣᠨ᠎ᠳᠤ ᠬᠦᠷᠴᠦ᠂ 5.1%᠎ᠪᠠᠷ ᠨᠡᠮᠡᠭᠳᠡᠪᠡ; ᠦᠨᠢᠶᠡᠨ ᠰᠦ ᠵᠢᠨ ᠭᠠᠷᠤᠯᠲᠠ 205.6 ᠲᠦᠮᠡᠨ ᠲᠣᠨ᠎ᠳᠤ ᠬᠦᠷᠴᠦ᠂ 1.4%᠎ᠪᠠᠷ ᠨᠡᠮᠡᠭᠳᠡᠪᠡ᠃
    ᠠᠵᠤ ᠦᠢᠯᠡᠳᠪᠦᠷᠢ ᠵᠢᠨ ᠦᠢᠯᠡᠳᠪᠦᠷᠢᠯᠡᠯ ᠲᠣᠭᠲᠠᠭᠤᠨ ᠪᠠᠢ᠌ᠬᠣ ᠵᠢᠨ ᠵᠡᠷᠭᠡ᠎ᠳᠤ ᠳᠡᠭᠡᠭᠰᠢᠯᠡᠵᠦ᠂ ᠰᠢᠨ᠎ᠡ ᠠᠮᠢᠵᠢᠷᠠᠯ᠎ᠤᠨ ᠬᠦᠴᠦᠨ ᠦᠷᠭᠦᠯᠵᠢᠯᠡᠨ ᠴᠢᠩᠭ᠋ᠠᠷᠠᠪᠠ
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.1%᠎ᠪᠠᠷ ᠨᠡᠮᠡᠭᠳᠡᠵᠦ᠂ ᠨᠢᠬᠡᠳᠣᠭᠡᠷ ᠣᠯᠠᠷᠢᠯ᠎ᠠᠴᠠ᠎ᠪᠠᠨ 0.5 ᠵᠠᠭᠣᠨ᠎ᠤᠨ ᠴᠡᠭ ᠲᠦᠷᠭᠡᠳᠴᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1.3 ᠵᠠᠭᠤᠨ᠎ᠤ ᠴᠡᠭ ᠳᠡᠭᠡᠭᠰᠢᠯᠡᠪᠡ᠃ ᠣᠨᠴᠠᠯᠢᠭᠲᠤ ᠳᠠᠪᠠᠭᠤᠯᠢᠭ ᠠᠵᠤ ᠦᠢᠯᠡᠰ᠎ᠠᠴᠠ ᠦᠵᠡᠪᠡᠯ᠂ ᠡᠨᠧᠷᠭᠢ ᠵᠢᠨ ᠠᠵᠤ ᠦᠢᠯᠡᠳᠪᠦᠷᠢ ᠵᠢᠨ ᠨᠡᠮᠡᠭᠳᠡᠯ ᠥᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 6.1%᠎ᠪᠠᠷ ᠨᠡᠮᠡᠭᠳᠡᠵᠦ᠂ ᠲᠡᠮᠦᠷᠯᠢᠭ ᠬᠠᠢ᠌ᠯᠤᠭᠤᠯᠬᠤ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢᠯᠡᠳᠪᠦᠷᠢ ᠵᠢᠨ᠎ᠬᠢ 14.3%᠎ᠪᠠᠷ ᠨᠡᠮᠡᠭᠳᠡᠵᠦ᠂ ᠬᠢᠮᠢ ᠵᠢᠨ ᠠᠵᠤ ᠦᠢ᠍ᠯᠡᠳᠪᠤᠷᠢ ᠵᠢᠨ᠎ᠬᠢ 4.0% ᠵᠶ᠋ᠡᠷ ᠨᠡᠮᠡᠭᠳᠡᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢᠯᠡᠰ᠎ᠤᠨ᠎ᠬᠢ 4.5%᠎ᠪᠠᠷ ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ᠎ᠤᠨ᠎ᠬᠢ 13.3%᠎ᠪᠠᠷ ᠨᠡᠮᠡᠭᠳᠡᠪᠡ᠃ ᠠᠵᠤ ᠦᠢᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦᠯᠬᠦ ᠵᠢ ᠦᠷᠭᠦᠯᠵᠢᠯᠡᠨ ᠠᠬᠢᠭᠤᠯᠪᠠ᠃ ᠣᠳᠣ ᠦᠶ᠎ᠡ ᠵᠢᠨ ᠨᠡᠬᠦᠷᠡᠰᠣ ᠬᠢᠮᠢ ᠵᠢᠨ ᠠᠵᠤ ᠦᠢᠯᠡᠳᠪᠦᠷᠢ ᠵᠢᠨ ᠠᠵᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10.0% ᠵᠶ᠋ᠡᠷ ᠨᠡᠮᠡᠭᠳᠡᠵᠦ᠂ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠥᠷᠲᠡᠭ 7.8%᠎ᠪᠠᠷ ᠨᠡᠮᠡᠭᠳᠡᠪᠡ᠃ ᠦᠢ᠍ᠯᠡᠳᠬᠦ ᠦᠢ᠍ᠯᠡᠰ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠪᠠ᠃ ᠦᠢᠯᠡᠳᠬᠦ ᠦᠢ᠍ᠯᠡᠰ᠎ᠤᠨ ᠨᠡᠮᠡᠭᠳᠡᠯ ᠥᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ

8.9%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ᠎ᠬᠢ᠎ᠠᠴᠠ 1.8 ᠵᠠᠭᠤᠨ᠎ᠤ ᠴᠡᠭ ᠲᠦᠷᠭᠡᠨ ᠪᠤᠯᠵᠣ᠂ ᠠᠭᠤᠷᠬᠠᠶ ᠮᠠᠯᠲᠠᠬᠤ ᠦᠢᠯᠡᠰ᠎ᠤᠨ᠎ᠬᠢ᠎ᠠᠴᠠ 3.6 ᠵᠠᠭᠤᠨ᠎ᠤ ᠴᠡᠭ ᠲᠦᠷᠭᠡᠨ ᠪᠣᠯᠵᠤ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭ᠋ᠠᠯᠭ᠎ᠠ ᠵᠢᠨ ᠦᠢᠯᠡᠰ᠎ᠤᠨ᠎ᠬᠢ᠎ᠠᠴᠠ 1.9 ᠵᠠᠭᠤᠨ᠎ᠤ ᠴᠡᠭ ᠲᠦᠷᠭᠡᠨ ᠪᠣᠯᠵᠠᠶ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ᠎ᠲᠠᠬᠢ ᠦᠢᠯᠡᠳᠬᠦ ᠦᠢ᠍ᠯᠡᠰ᠎ᠤᠨ ᠡᠵᠡᠯᠡᠬᠦ ᠬᠤᠪᠢ ᠵᠢᠨ ᠵᠢᠩ 37.1%᠎ᠳᠤ ᠬᠦᠷᠪᠡ᠃ ᠳᠡᠭᠡᠳᠣ ᠮᠡᠷᠭᠡᠵᠢᠯ᠎ᠤᠨ ᠦᠢᠯᠡᠳᠬᠦ ᠦᠢ᠍ᠯᠡᠰ᠎ᠤᠨ ᠨᠡᠮᠡᠭᠳᠡᠯ ᠥᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 10.5%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ᠎ᠬᠢ᠎ᠠᠴᠠ 3.4 ᠵᠠᠭᠤᠨ᠎ᠤ ᠴᠡᠭ ᠲᠦᠷᠭᠡᠨ ᠪᠣᠯᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠦᠢᠯᠡᠳᠪᠦᠷᠢᠯᠡᠯ ᠪᠣᠷᠣᠯᠠᠭᠤᠯᠭ᠎ᠠ ᠵᠢᠨ ᠨᠣᠷᠮ᠎ᠠ 99.1%᠎ᠳᠤ ᠬᠦᠷᠴᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.1 ᠵᠠᠭᠤᠨ᠎ᠤ ᠴᠡᠭ ᠳᠡᠭᠡᠭᠰᠢᠯᠡᠪᠡ᠃
      ᠠᠵᠤ ᠠᠬᠤᠢ᠌ᠯᠠᠯ᠎ᠤᠨ ᠠᠵᠤ ᠠᠬᠤᠢ ᠵᠢᠨ ᠦᠷ᠎ᠡ ᠠᠰᠢᠭ᠎ᠤᠨ ᠬᠢᠷᠢ ᠲᠦᠪᠰᠢᠨ ᠳᠡᠭᠡᠭᠰᠢᠯᠡᠪᠡ᠃ 1 — 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ 2697 ᠡᠷᠣᠭᠡ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠪᠥᠬᠥ ᠲᠣᠭ᠎ᠠ 585.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.9%᠎ᠪᠠᠷ ᠨᠡᠮᠡᠭᠳᠡᠨ᠂ 1 — 4 ᠳ᠋ᠦ᠍ᠭᠡᠷ ᠰᠠᠷ᠎ᠠ ᠵᠢᠨ᠎ᠬᠢ᠎ᠠᠴᠠ 2.1 ᠵᠠᠭᠤᠨ᠎ᠤ ᠴᠡᠭ ᠳᠡᠭᠡᠭᠰᠢᠯᠡᠪᠡ᠃
    ᠦᠢᠯᠡᠴᠢᠯᠡᠭᠡᠨ᠎ᠤ ᠦᠢᠯᠡᠰ ᠲᠣᠭᠲᠠᠭᠤᠨ ᠵᠶ᠋ᠠᠷ ᠨᠡᠮᠡᠭᠳᠡᠵᠦ᠂ ᠰᠢᠨ᠎ᠡ᠎ᠪᠠᠷ ᠬᠥᠭᠵᠢᠭᠰᠡᠨ ᠦᠢᠯᠡᠴᠢᠯᠡᠭᠡᠨ᠎ᠤ ᠦᠢᠯᠡᠰ ᠨᠡᠯᠢᠶᠡᠳ ᠲᠦᠷᠭᠡᠨ ᠬᠥᠭᠵᠢᠪᠡ
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠭᠤᠷᠪᠠᠳᠤᠭ᠋ᠠᠷ ᠠᠵᠤ ᠦᠢ᠍ᠯᠡᠰ᠎ᠤᠨ GDP ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 50.0%᠎ᠳᠤ ᠬᠦᠷᠴᠦ᠂ GDP ᠵᠢᠨ ᠨᠡᠮᠡᠭᠳᠡᠯ᠎ᠢ 2.7 ᠵᠠᠭᠤᠨ᠎ᠤ ᠴᠡᠭ ᠳᠠᠢ᠌ᠴᠢᠯᠠᠪᠠ᠃ ᠬᠡᠷᠡᠭᠯᠡᠭᠡᠨ᠎ᠤ ᠳᠡᠰ ᠳᠡᠪᠰᠢᠬᠦᠯᠬᠦ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠪᠡ᠃ ᠳᠡᠭᠡᠷ᠎ᠡ ᠬᠠᠭ᠋ᠠᠰ ᠵᠢᠯ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠵᠠᠰᠠᠯ ᠴᠢᠮᠡᠭ᠎ᠤᠨ   ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ

4.6%᠎ᠪᠠᠷ ᠨᠡᠮᠡᠭᠳᠡᠵᠦ᠂ ᠠᠯᠲᠠ ᠮᠥᠩᠭᠥ ᠰᠤᠪᠤᠳ ᠡᠷᠳᠡᠨᠢ ᠵᠢᠨ ᠲᠥᠷᠥᠯ 4.1%᠎ᠪᠠᠷ ᠨᠡᠮᠡᠭᠳᠡᠵᠦ᠂ ᠰᠣᠶᠣᠯ ᠠᠯᠪᠠᠨ ᠭᠡᠷ᠎ᠤᠨ ᠬᠡᠷᠡᠭᠰᠡᠯ᠎ᠤᠨ ᠲᠥᠷᠥᠯ 11.3᠎ᠪᠠᠷ ᠨᠡᠮᠡᠭᠳᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ

31.9%᠎ᠪᠠᠷ ᠨᠡᠮᠡᠭᠳᠡᠵᠡᠶ᠃ ᠵᠢᠭᠣᠯᠴᠢᠯᠠᠯ᠎ᠤᠨ ᠦᠢ᠍ᠯᠡᠰ᠎ᠤᠨ ᠬᠦᠭᠵᠢᠯᠲᠡ ᠵᠢᠨ ᠬᠠᠨᠳᠣᠰᠢ ᠨᠡᠯᠢᠶᠡᠳ ᠰᠠᠢ᠌ᠨ ᠪᠠᠢ᠌ᠨ᠎ᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ ᠵᠢᠭᠣᠯᠴᠢᠯᠠᠭᠴᠢᠳ᠎ᠢ ᠨᠡᠢ᠌ᠲᠡ 6711.2 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ᠌ᠯᠡᠭᠰᠡᠨ ᠣᠷᠣᠯᠭ᠎ᠠ ᠵᠢ 1473.9 ᠳ᠋ᠦᠩᠰᠢᠭᠤᠷ ᠲᠥᠭᠥᠷᠢᠭ ᠪᠡᠶᠡᠯᠡᠭᠦᠯᠪᠡ᠃ ᠰᠢᠨ᠎ᠡ᠎ᠪᠠᠷ ᠬᠥᠭᠵᠢᠭᠰᠡᠨ ᠦᠢᠯᠡᠴᠢᠯᠡᠭᠡᠨ᠎ᠤ ᠦᠢᠯᠡᠰ ᠨᠡᠯᠢᠶᠡᠳ ᠲᠦᠷᠭᠡᠨ ᠬᠥᠭᠵᠢᠪᠡ᠃ 1 — 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢᠯᠡᠴᠢᠯᠡᠭᠡᠨ᠎ᠤ ᠦᠢ᠍ᠯᠡᠰ᠎ᠤᠨ ᠠᠵᠤ ᠠᠬᠣᠢ᠌ᠯᠠᠯ᠎ᠤᠨ ᠳᠣᠲᠣᠷ᠎ᠠ᠂ ᠢᠨᠲ᠋ᠧᠷ ᠰᠦᠯᠵᠢᠶᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 17.4%᠎ᠪᠠᠷ ᠨᠡᠮᠡᠭᠳᠡᠵᠦ᠂ ᠵᠦᠬᠡᠯᠡᠨ ᠲᠣᠨᠣᠭ᠎ᠤᠨ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 40.0% ᠵᠶ᠋ᠡᠷ ᠨᠡᠮᠡᠭᠳᠡᠪᠡ᠃
    ᠪᠡᠯᠡ ᠣᠷᠣᠭᠤᠯᠤᠯᠲᠠ ᠵᠢᠨ ᠶᠠᠰᠤ ᠴᠢᠨᠠᠷ ᠲᠣᠭᠲᠠᠭᠤᠨ ᠵᠶ᠋ᠠᠷ ᠳᠡᠭᠡᠭᠰᠢᠯᠡᠵᠦ᠂ ᠪᠦᠲᠦᠴᠡ᠎ᠨᠢ ᠤᠯᠠᠮ ᠨᠢᠭᠡ ᠠᠯᠬᠤᠮ ᠰᠢᠯᠢᠳᠡᠭᠵᠢᠪᠡ
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ 500 ᠲᠦᠮᠡᠨ ᠲᠥᠭᠥᠷᠢᠭ᠎ᠠᠴᠠ ᠳᠡᠭᠡᠭᠰᠢᠬᠢ ᠲᠥᠷᠥᠯ ᠵᠦᠢᠯ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 0.4%᠎ᠪᠠᠷ ᠨᠡᠮᠡᠭᠳᠡᠪᠡ᠃ ᠡᠭᠦᠨ᠎ᠳᠤ᠂ ᠦᠢᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠪᠠ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 0.4% ᠪᠠ 0.5%᠎ᠪᠠᠷ ᠨᠡᠮᠡᠭᠳᠡᠪᠡ᠃ ᠠᠷᠠᠳ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 2.2% ᠵᠶ᠋ᠠᠷ ᠪᠠᠭᠤᠷᠠᠵᠤ᠂ ᠪᠠᠭᠤᠷᠠᠯᠲᠠ ᠵᠢᠨ ᠬᠤᠪᠢ ᠵᠢᠨ ᠵᠢᠩ᠎ᠳᠤ ᠡᠵᠡᠯᠡᠬᠦ ᠬᠡᠮᠵᠢᠶ᠎ᠡ᠎ᠨᠢ 1 — 5 ᠳ᠋ᠤᠭ᠋ᠠᠷ ᠰᠠᠷ᠎ᠠ ᠵᠢᠨ᠎ᠬᠢ᠎ᠠᠴᠠ 6.9 ᠵᠠᠭᠤᠨ᠎ᠤ ᠴᠡᠭ ᠪᠠᠭ᠋ᠠᠰᠴᠤ᠂ ᠪᠦᠬᠦ ᠪᠡᠯᠡ ᠣᠷᠣᠭᠤᠯᠤᠯᠲᠠ ᠵᠢᠨ 50.5% ᠵᠢ ᠡᠵᠡᠯᠡᠪᠡ᠃ ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠪᠦᠬᠦ ᠪᠡᠯᠡ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 56.2% ᠪᠤᠯᠵᠤ᠂ ᠬᠣᠶᠠᠳᠤᠭ᠋ᠠᠷ ᠠᠵᠤ ᠦᠢ᠍ᠯᠡᠰ᠎ᠤᠨ᠎ᠬᠢ᠎ᠠᠴᠠ 16.0 ᠵᠠᠭᠣᠨ᠎ᠤ ᠴᠡᠭ ᠥᠨᠳᠥᠷ ᠪᠤᠯᠪᠠ᠃ ᠳᠡᠭᠡᠳᠣ ᠮᠡᠷᠭᠡᠵᠢᠯ᠎ᠤᠨ ᠦᠢᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 17.4%᠎ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠵᠢᠨ᠎ᠬᠢ᠎ᠠᠴᠠ 17.0 ᠵᠠᠭᠣᠨ᠎ᠤᠨ ᠴᠡᠭ ᠲᠦᠷᠭᠡᠨ ᠪᠣᠯᠪᠠ; ᠡᠷᠡᠭᠦᠯ ᠮᠡᠨᠳᠦ ᠵᠢᠨ ᠦᠢᠯᠡᠴᠢᠯᠡᠭᠡᠨ᠎ᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 21.7%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ᠎ᠬᠢ᠎ᠠᠴᠠ 21.3 ᠵᠠᠭᠤᠨ᠎ᠤ ᠴᠡᠭ ᠲᠦᠷᠭᠡᠨ ᠪᠣᠯᠵᠠᠶ᠃
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠭᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 361.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ᠃ ᠲᠠᠸᠠᠷ᠎ᠤᠨ ᠭᠡᠷ ᠪᠠᠢ᠌ᠰᠢᠩ᠎ᠤᠨ ᠪᠣᠷᠣᠯᠠᠭᠤᠯᠤᠯᠲᠠ ᠵᠢᠨ ᠬᠡᠮᠵᠢᠶ᠎ᠡ 372.3 ᠳ᠋ᠦᠩᠰᠢᠭᠤᠷ ᠲᠥᠭᠥᠷᠢᠭ᠎ᠲᠤ ᠬᠦᠷᠴᠣ᠂ 2.2% ᠵᠶ᠋ᠠᠷ ᠨᠡᠮᠡᠭᠳᠡᠵᠡᠢ᠃
    ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠪᠠᠭ᠎ᠠ ᠬᠡᠮᠵᠢᠶ᠎ᠡ᠎ᠪᠠᠷ ᠥᠰᠴᠦ᠂ ᠠᠵᠤ ᠦᠢᠯᠡᠳᠪᠦᠷᠢ ᠵᠢᠨ ᠦᠢᠯᠡᠳᠪᠦᠷᠢᠯᠡᠭᠴᠢᠳ᠎ᠤᠨ ᠦᠨ᠎ᠡ ᠲᠣᠭᠲᠠᠭᠤᠨ ᠪᠣᠯᠪᠠ
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 2.0% ᠵᠶ᠋ᠡᠷ ᠥᠰᠴᠦ᠂ ᠥᠰᠥᠯᠲᠡ ᠵᠢᠨ ᠬᠡᠮᠵᠢᠶ᠎ᠡ᠎ᠨᠢ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 0.2 ᠵᠠᠭᠤᠨ᠎ᠤ ᠴᠡᠭ ᠳᠣᠤᠷ᠎ᠠ ᠪᠣᠯᠪᠠ᠃ ᠡᠭᠦᠨ᠎ᠳᠤ᠂ ᠬᠣᠲᠠ ᠵᠢᠨ᠎ᠬᠢ

2.0% ᠵᠶ᠋ᠠᠷ ᠥᠰᠴᠦ᠂ ᠮᠠᠯᠵᠢᠬᠤ ᠲᠠᠷᠢᠶᠠᠯᠠᠬᠤ ᠣᠷᠣᠨ᠎ᠤ᠎ᠬᠢ 2.2% ᠵᠶ᠋ᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢᠮᠠᠨ ᠶᠡᠬᠡ ᠲᠥᠷᠥᠯ᠎ᠤᠨ ᠬᠡᠷᠡᠭᠯᠡᠭᠡᠨ᠎ᠤ ᠦᠨ᠎ᠡ ᠬᠠᠩᠰᠢ 《ᠳᠤᠯᠤᠭ᠎ᠠ᠎ᠨᠢ ᠥᠰᠴᠦ ᠨᠢᠭᠡ᠎ᠨᠢ ᠪᠠᠭᠣᠷᠠᠪᠠ》᠃ ᠡᠭᠦᠨ᠎ᠳᠤ᠂ ᠢᠳᠡᠭᠡᠨ᠎ᠤ ᠵᠦᠢᠯ ᠠᠷᠢᠬᠢ ᠲᠠᠮᠠᠬᠢᠨ᠎ᠤ ᠦᠨ᠎ᠡ ᠬᠠᠩᠰᠢ ᠵᠢᠨ ᠥᠰᠥᠯᠲᠡ ᠵᠢᠨ ᠬᠡᠮᠵᠢᠶ᠎ᠡ ᠨᠡᠯᠢᠶᠡᠳ ᠥᠨᠳᠥᠷ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.5%᠎ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠣᠯᠪᠣᠭ᠎ᠠ ᠵᠢᠨ᠎ᠬᠢ 0.4%᠎ᠪᠠᠷ ᠪᠠᠭᠤᠷᠠᠵᠤ᠂ ᠪᠤᠰᠤᠳ ᠲᠥᠷᠥᠯ᠎ᠤᠨ ᠦᠨ᠎ᠡ ᠬᠠᠩᠰᠢ ᠵᠢᠨ ᠥᠰᠥᠯᠲᠡ ᠵᠢᠨ ᠬᠡᠮᠵᠢᠶ᠎ᠡ ᠦᠨᠳᠦᠰᠦᠨ᠎ᠳᠤ᠎ᠪᠠᠨ ᠲᠣᠭᠳᠠᠭᠣᠨ ᠪᠠᠢ᠌ᠨ᠎ᠠ᠃
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠠᠵᠤ ᠦᠢᠯᠡᠳᠪᠦᠷᠢ ᠵᠢᠨ ᠦᠢᠯᠡᠳᠪᠦᠷᠢᠯᠡᠭᠴᠢᠳ᠎ᠤᠨ ᠦᠢᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 2.0% ᠵᠶ᠋ᠠᠷ ᠥᠰᠴᠦ᠂ ᠥᠰᠥᠯᠲᠡ ᠵᠢᠨ ᠬᠡᠮᠵᠢᠶ᠎ᠡ᠎ᠨᠢ ᠨᠢᠭᠡᠳᠣᠭᠡᠷ ᠤᠯᠠᠷᠢᠯ᠎ᠤᠨ᠎ᠬᠢ᠎ᠠᠴᠠ 1.1 ᠵᠠᠭᠤᠨ᠎ᠤ ᠴᠡᠭ ᠳᠡᠭᠡᠭᠰᠢᠯᠡᠵᠡᠶ᠃ ᠡᠭᠦᠨ᠎ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ᠎ᠤᠨ ᠦᠢᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 10.6%᠎ᠪᠠᠷ ᠥᠰᠴᠦ᠂ ᠥᠰᠥᠯᠲᠡ ᠵᠢᠨ ᠬᠡᠮᠵᠢᠶ᠎ᠡ᠎ᠨᠢ ᠨᠢᠭᠡᠳᠣᠭᠡᠷ ᠤᠯᠠᠷᠢᠯ᠎ᠤᠨ᠎ᠬᠢ᠎ᠠᠴᠠ 2.6 ᠵᠠᠭᠤᠨ᠎ᠤ ᠴᠡᠭ ᠳᠡᠭᠡᠭᠰᠢᠯᠡᠵᠡᠶ᠃ ᠪᠥᠬᠥ ᠣᠷᠣᠨ᠎ᠤ ᠠᠵᠤ ᠦᠢᠯᠡᠳᠪᠦᠷᠢ ᠵᠢᠨ ᠦᠢᠯᠡᠳᠪᠦᠷᠢᠯᠡᠭᠴᠢ ᠵᠢᠨ ᠬᠣᠳᠠᠯᠳᠣᠨ ᠠᠪᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠥᠰᠴᠡᠶ᠃
      ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠣᠲᠠ ᠬᠥᠳᠡᠭᠡ ᠵᠢᠨ ᠣᠷᠣᠯᠭ᠎ᠠ ᠵᠢᠨ ᠬᠠᠷᠢᠴᠠᠯ ᠦᠷᠭᠦᠯᠵᠢᠯᠡᠨ ᠪᠠᠭ᠋ᠠᠰᠴᠠᠶ
      ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 14548 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ ᠨᠡᠮᠡᠭᠳᠡᠪᠡ᠃ ᠪᠠᠢ᠌ᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 20297 ᠲᠥᠭᠥᠷᠢᠭ᠎ᠲᠤ ᠬᠦᠷᠴᠦ᠂ 6.7%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 6069 ᠲᠥᠭᠥᠷᠢᠭ᠎ᠲᠤ ᠬᠦᠷᠴᠦ᠂ 8.9%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠨᠢᠭᠡᠳᠣᠭᠡᠷ ᠤᠯᠠᠷᠢᠯ᠎ᠤᠨ᠎ᠬᠢ᠎ᠠᠴᠠ 0.3 ᠵᠠᠭᠣᠨ᠎ᠤᠨ ᠴᠡᠭ   ᠲᠦᠷᠭᠡᠳᠴᠦ᠂ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ᠎ᠠᠴᠠ 2.2 ᠵᠠᠭᠣᠨ᠎ᠤ ᠴᠡᠭ ᠲᠦᠷᠭᠡᠨ ᠪᠣᠯᠪᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠪᠠᠭ᠋ᠠᠰᠪᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠬᠠᠷᠢᠴᠠᠯ᠎ᠨᠢ 3.34 ᠪᠤᠯᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.07 ᠪᠠᠭᠤᠷᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠨᠡᠮᠡᠭᠳᠡᠪᠡ
ᠥᠪᠥᠷ ᠮᠣᠩᠭᠣᠯ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ 369 ᠠᠰᠠᠭᠤᠳᠠᠯ᠎ᠢ ᠪᠠᠢ᠌ᠴᠠᠭ᠋ᠠᠨ ᠰᠢᠢᠳᠪᠦᠷᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 23᠎ᠤ ᠡᠳᠦᠷ᠎ᠠᠴᠠ ᠡᠬᠢᠯᠡᠨ ᠬᠤᠷᠠᠯᠳᠤᠨ᠎ᠠ
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠨᠡᠶ᠋ᠢᠬᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠤᠶᠠᠳᠤᠭ᠋ᠠᠷ ᠤᠯᠠᠷᠢᠯ᠎ᠤᠨ ᠠᠵᠢᠯᠯᠠᠭ᠋ᠠᠨ᠎ᠤ ᠭᠠᠷᠠᠭ ᠤᠳᠠᠯ ᠥᠬᠡᠶ ᠡᠬᠢᠯᠡᠬᠦ ᠭᠡᠵᠣ ᠪᠤᠢ
ᠮᠠᠨ᠎ᠤ ᠣᠷᠣᠨ 《ᠮᠣᠷᠢᠨ ᠨᠢᠷᠤᠭᠤᠨ ᠳᠡᠭᠡᠷᠡᠬᠢ ᠥᠪᠥᠷ ᠮᠣᠩᠭᠣᠯ》 ᠠᠳᠤᠭᠤᠨ ᠰᠣᠶᠣᠯ᠎ᠤᠨ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠭᠠᠷᠭ᠋ᠠᠪᠠ
 
            