ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠠᠯᠠᠱ᠌ᠠ ᠠᠢ᠌ᠮᠠᠭ᠎ᠤᠨ ᠲᠤᠰᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠶᠠᠪᠤᠭᠳᠠᠪᠠ
ᠨᠡᠶ᠋ᠢᠲᠡᠯᠡᠭᠰᠡᠨ ᠴᠠᠭ᠄ 2019-08-28

    8 ᠳ᠋ᠤᠭ᠋ᠠᠷ ᠰᠠᠷ᠎ᠠ ᠵᠢᠨ 27᠎ᠤ ᠡᠳᠦᠷ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠵᠢᠨ ᠠᠯᠠᠱ᠌ᠠ ᠠᠢ᠌ᠮᠠᠭ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠶ᠎ᠡ》 ᠭᠡᠬᠦ ᠭᠣᠤᠯ ᠰᠡᠳᠦᠪ ᠵᠶ᠋ᠡᠷ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠠᠯᠠᠱ᠌ᠠ ᠠᠢ᠌ᠮᠠᠭ᠎ᠤᠨ ᠲᠤᠰᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠶᠠᠪᠤᠭᠳᠠᠪᠠ᠃ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠠᠯᠠᠱ᠌ᠠ ᠠᠢ᠌ᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ ᠵᠢᠨ ᠬᠠᠷᠢᠭᠤᠴᠠᠯᠭ᠋ᠠᠲᠠᠨ ᠨᠥᠬᠥᠳ 70 ᠵᠢᠯ᠎ᠤᠨ ᠲᠤᠷᠰᠢ ᠢᠯᠠᠩᠭᠤᠶ᠎ᠠ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠠᠯᠠᠱ᠌ᠠ ᠠᠢ᠌ᠮᠠᠭ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠂ ᠬᠣᠲᠠ ᠬᠥᠳᠡᠭᠡ ᠵᠢᠨ ᠠᠭᠤᠰᠤᠯᠳᠤᠯ᠂ ᠦᠨᠳᠦᠰᠦᠲᠡᠨ᠎ᠤ ᠪᠦᠯᠬᠦᠮᠳᠡᠯ ᠵᠡᠷᠭᠡ ᠬᠥᠭᠵᠢᠯᠲᠡ ᠵᠢᠨ ᠪᠠᠢ᠌ᠳᠠᠯ᠎ᠢ ᠨᠡᠢ᠌ᠲᠡᠯᠡᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃
      ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠲᠤᠷᠰᠢ᠂ ᠠᠯᠠᠱ᠌ᠠ ᠠᠢ᠌ᠮᠠᠭ᠎ᠲᠤ ᠲᠡᠭᠷᠢ ᠭᠠᠵᠠᠷ᠎ᠢ ᠳᠣᠩᠰᠣᠯᠭ᠋ᠠᠮ᠎ᠠ ᠶᠡᠬᠡ ᠬᠤᠪᠢᠷᠠᠯᠲᠠ ᠭᠠᠷᠴᠠᠶ᠃ 2018 ᠣᠨ᠎ᠳᠤ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠯᠭ᠎ᠠ ᠲᠤᠰ ᠲᠤᠰ 283.3 ᠳ᠋ᠦᠩᠰᠢᠭᠤᠷ ᠲᠥᠭᠥᠷᠢᠭ ᠪᠠ 47.3 ᠳ᠋ᠦᠩᠰᠢᠭᠤᠷ ᠲᠥᠭᠥᠷᠢᠭ᠎ᠲᠤ ᠬᠦᠷᠴᠦ᠂ 1980 ᠣᠨ᠎ᠬᠢ᠎ᠠᠴᠠ 506 ᠳᠠᠬᠢᠨ ᠪᠠ 517 ᠳᠠᠬᠢᠨ ᠨᠡᠮᠡᠭᠳᠡᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 40407 ᠲᠥᠭᠥᠷᠢᠭ ᠪᠠ 19854 ᠲᠥᠭᠥᠷᠢᠭ᠎ᠲᠤ ᠬᠦᠷᠴᠦ᠂ 1980 ᠣᠨ᠎ᠬᠢ᠎ᠠᠴᠠ 72 ᠳᠠᠬᠢᠨ ᠪᠠ 95 ᠳᠠᠬᠢᠨ ᠨᠡᠮᠡᠭᠳᠡᠵᠡᠢ᠃
      ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠪᠦᠲᠦᠴᠡ ᠵᠢ ᠲᠣᠬᠢᠷᠠᠭᠤᠯᠬᠤ᠂ ᠬᠦᠳᠡᠯᠭᠡᠭᠡᠭᠦᠷ ᠬᠦᠴᠦᠨ᠎ᠢ ᠤᠯᠠᠷᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠠᠯᠬᠤᠮ ᠵᠶ᠋ᠠᠨ ᠲᠦᠷᠭᠡᠳᠬᠡᠵᠦ᠂ ᠠᠵᠤ ᠠᠬᠤᠢ ᠵᠢᠨ ᠴᠢᠨᠠᠷ ᠰᠠᠢ᠌ᠲᠠᠶ ᠬᠥᠭᠵᠢᠯᠲᠡ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠪᠠ; ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠲᠤᠭᠤᠰᠢᠯᠠᠭᠤᠯᠤᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠡᠨ ᠪᠠᠲᠤᠯᠠᠵᠤ᠂ ᠠᠮᠢ ᠠᠬᠤᠢ ᠵᠢᠨ ᠣᠷᠴᠢᠨ ᠲᠣᠭᠣᠷᠢᠨ ᠮᠠᠭᠤᠲᠠᠬᠤ ᠬᠠᠨᠳᠤᠰᠢ ᠶᠡᠷᠦᠩᠬᠡᠶ᠎ᠳᠤ᠎ᠪᠠᠨ ᠬᠣᠷᠢᠭᠯᠠᠭᠳᠠᠨ᠂ ᠬᠡᠰᠡᠭ ᠲᠠᠯ᠎ᠠ᠎ᠪᠠᠷ ᠰᠠᠢ᠌ᠵᠢᠷᠠᠬᠤ ᠲᠡᠦᠭᠡᠲᠦ ᠴᠢᠨᠠᠷᠲᠠᠶ ᠬᠤᠪᠢᠷᠠᠯᠲᠠ ᠭᠠᠷᠪᠠ; ᠬᠣᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠳᠤᠲᠠᠭᠤᠳᠠᠯ᠎ᠢ ᠨᠥᠬᠥᠪᠥᠷᠢᠯᠡᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠣᠲᠠ ᠬᠥᠳᠡᠭᠡ ᠵᠢᠨ ᠳᠦᠷᠰᠦ ᠪᠠᠢ᠌ᠳᠠᠯ᠎ᠳᠤ ᠴᠣ᠋ ᠰᠢᠨ᠎ᠡ ᠬᠣᠪᠢᠷᠠᠯᠲᠠ ᠭᠠᠷᠪᠠ; ᠠᠷᠠᠳ ᠲᠦᠮᠡᠨ ᠵᠶ᠋ᠡᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠶ ᠦᠢᠯᠡᠳᠦᠯᠭᠡᠵᠢᠭᠦᠯᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠲᠣᠭᠲᠠᠭᠤᠨ᠎ᠢ ᠬᠠᠮᠠᠭ᠋ᠠᠯᠠᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠪᠡ᠃
      ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠵᠠᠭᠤᠴᠢᠯᠠᠭᠤᠷ᠎ᠤᠨ ᠰᠤᠷᠪᠤᠯᠵᠢᠯᠠᠭᠴᠢ ᠠᠮᠢ ᠠᠬᠤᠢ ᠵᠢᠨ ᠬᠠᠮᠠᠭ᠋ᠠᠯᠠᠯᠲᠠ᠂ ᠡᠯᠡᠰᠦᠨ᠎ᠤ ᠠᠵᠤ ᠦᠢᠯᠡᠰ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠡᠷᠭᠡ ᠠᠰᠠᠭᠤᠳᠠᠯ᠎ᠤᠨ ᠲᠣᠭᠣᠷᠢᠨ᠎ᠳᠤ ᠠᠰᠠᠭᠤᠯᠲᠠ ᠳᠤᠷᠠᠳᠪᠠ᠃
   



ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠳᠤᠮᠳᠠ ᠪᠠ ᠤᠷᠲᠤ ᠬᠤᠭᠤᠴᠠᠭ᠋ᠠᠨ᠎ᠤ ᠵᠠᠯᠠᠭᠤᠴᠤᠳ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠨᠡᠢ᠌ᠲᠡᠯᠡᠪᠡ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠣᠷᠳᠣᠨ 《13·5》 ᠵᠢᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ᠎ᠤᠨ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ ᠤᠯᠠᠷᠢᠭᠤᠯᠤᠨ ᠪᠤᠳᠠᠲᠠᠢ᠌ᠵᠢᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠣᠭᠣᠳᠬᠤ ᠭᠠᠵᠠᠷ᠎ᠤᠨ 48 ᠳ᠋ᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ 《ᠮᠥᠩᠭᠡ ᠰᠤᠪᠠᠭ》 APP ᠪᠠ ᠡᠷᠡᠭᠦᠯ ᠮᠡᠨᠳᠦ ᠵᠢᠨ ᠺᠠᠷᠲ ᠵᠡᠷᠭᠡ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            