9 ᠳ᠋ᠦ᠍ᠭᠡᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠠᠮᠵᠢᠯᠲᠠ ᠪᠦᠲᠦᠮᠵᠢ》 ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ᠃ 70 ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠳᠤ ᠨᠡᠢ᠌ᠭᠡᠮ᠎ᠤᠨ ᠪᠠᠲᠤᠯᠠᠭ᠎ᠠ ᠦᠭᠡᠢ ᠪᠠᠢ᠌ᠭᠰᠠᠨ᠎ᠠᠴᠠ᠎ᠪᠠᠨ ᠪᠠᠢ᠌ᠬᠤ ᠪᠣᠯᠵᠤ᠂ ᠪᠠᠭ᠎ᠠ ᠪᠠᠢ᠌ᠭᠰᠠᠨ᠎ᠠᠴᠠ᠎ᠪᠠᠨ ᠶᠡᠬᠡ ᠪᠣᠯᠣᠭᠰᠠᠨ᠂ ᠠᠵᠤ ᠠᠬᠤᠢ᠌ᠯᠠᠯ ᠪᠠᠢ᠌ᠭᠤᠯᠭ᠎ᠠ ᠨᠢᠭᠡᠴᠢ ᠵᠢᠨ ᠪᠠᠲᠤᠯᠠᠭ᠎ᠠ᠎ᠠᠴᠠ ᠪᠦᠬᠦ ᠨᠡᠢ᠌ᠭᠡᠮ ᠪᠦᠬᠦ ᠠᠷᠠᠳ᠎ᠤᠨ ᠪᠠᠲᠤᠯᠠᠭ᠎ᠠ᠎ᠲᠠᠢ ᠪᠣᠯᠣᠭᠰᠠᠨ᠂ ᠠᠵᠤ ᠠᠬᠤᠢ᠌ᠯᠠᠯ᠎ᠤᠨ ᠳᠠᠩ ᠭᠠᠭᠴᠠ ᠬᠠᠷᠢᠭᠤᠴᠠᠯᠭ᠎ᠠ᠎ᠲᠠᠢ ᠪᠠᠢ᠌ᠭᠰᠠᠨ᠎ᠠᠴᠠ ᠤᠯᠤᠰ᠂ ᠠᠵᠤ ᠠᠬᠤᠢ᠌ᠯᠠᠯ ᠪᠠᠢ᠌ᠭᠤᠯᠭ᠎ᠠ ᠨᠢᠭᠡᠴᠢ ᠪᠣᠯᠤᠨ ᠬᠤᠪᠢ ᠬᠥᠮᠦᠨ ᠭᠤᠷᠪᠠᠨ ᠲᠠᠯ᠎ᠠ ᠵᠢᠨ ᠬᠠᠮᠲᠤ ᠵᠢᠨ ᠬᠠᠷᠢᠭᠤᠴᠠᠯᠭ᠎ᠠ᠎ᠲᠠᠢ ᠪᠣᠯᠣᠭᠰᠠᠨ᠂ ᠬᠣᠲᠠ ᠪᠠᠯᠭ᠋ᠠᠰᠤ᠎ᠠᠴᠠ ᠮᠠᠯᠵᠢᠬᠤ ᠲᠠᠷᠢᠶᠠᠯᠠᠬᠤ ᠣᠷᠣᠨ ᠬᠦᠷᠲᠡᠯ᠎ᠡ ᠥᠷᠭᠡᠵᠢᠭᠰᠡᠨ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠠᠴᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠢ ᠪᠦᠷᠬᠦᠭᠰᠡᠨ ᠴᠢᠬᠤᠯᠠ ᠶᠡᠬᠡ ᠬᠤᠪᠢᠷᠠᠯᠲᠠ᠎ᠲᠠᠢ ᠪᠣᠯᠵᠤ᠂ ᠨᠡᠢ᠌ᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠬᠠᠷᠠᠭ᠋ᠠᠯᠵᠠᠯ᠎ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠬᠠᠮᠢᠶᠠᠷᠤᠯᠲᠠ ᠪᠠ ᠦᠢᠯᠡᠴᠢᠯᠡᠭᠡᠨ᠎ᠤ ᠴᠢᠳᠠᠪᠤᠷᠢ ᠲᠠᠰᠤᠷᠠᠯᠲᠠ ᠦᠭᠡᠢ ᠴᠢᠩᠭ᠋ᠠᠷᠠᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠂ ᠨᠡᠢ᠌ᠭᠡᠮ᠎ᠤᠨ ᠡᠷᠬᠡ ᠲᠡᠭᠰᠢ ᠲᠥᠪ ᠭᠣᠤᠯᠴᠢ ᠵᠢ ᠬᠠᠮᠠᠭ᠋ᠠᠯᠠᠬᠤ᠂ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃
ᠣᠯᠠᠨ ᠵᠢᠯ᠎ᠤᠨ ᠲᠤᠷᠰᠢ᠂ ᠮᠠᠨ᠎ᠤ ᠣᠷᠣᠨ ᠨᠡᠢ᠌ᠭᠡᠮ᠎ᠤᠨ ᠳᠠᠭ᠋ᠠᠳᠬᠠᠯ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ᠎ᠪᠠᠷ ᠳᠠᠮᠵᠢᠭᠤᠯᠤᠨ᠂ ᠪᠠᠲᠤᠯᠠᠭ᠎ᠠ ᠵᠢᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠪᠡ᠃ 2019 ᠣᠨ᠎ᠤ 8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠠᠵᠤ ᠠᠬᠤᠢ᠌ᠯᠠᠯ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 606.3 ᠲᠦᠮᠡ᠎ᠳᠤ ᠬᠦᠷᠴᠦ᠂ 1986 ᠣᠨ᠎ᠳᠤ ᠳᠦᠷᠢᠮ᠎ᠢ ᠠᠩᠬ᠎ᠠ ᠪᠠᠢ᠌ᠭᠤᠯᠤᠭᠰᠠᠨ ᠦᠶ᠎ᠡ ᠵᠢᠨ 2.6 ᠲᠦᠮᠡᠨ ᠬᠥᠮᠦᠨ᠎ᠤ 233.2 ᠳᠠᠬᠢᠨ ᠪᠣᠯᠪᠠ; ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 755.2 ᠲᠦᠮᠡ ᠪᠣᠯᠵᠤ᠂ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 98.4%᠎ᠳᠤ ᠬᠦᠷᠴᠦ᠂ 2012 ᠣᠨ᠎ᠳᠤ ᠳᠦᠷᠢᠮ᠎ᠢ ᠪᠦᠷᠢᠨ ᠪᠦᠷᠬᠦᠭᠦᠯᠦᠭᠰᠡᠨ ᠠᠩᠬᠠᠨ᠎ᠤ ᠦᠶ᠎ᠡ ᠵᠢᠨ᠎ᠬᠢ᠎ᠠᠴᠠ 5.6 ᠵᠠᠭᠤᠨ᠎ᠤ ᠴᠡᠭ ᠳᠡᠭᠡᠭᠰᠢᠯᠡᠪᠡ; ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ 22811 ᠡᠷᠦᠬᠡ᠂ 139.8 ᠲᠦᠮᠡᠨ ᠬᠥᠮᠦᠨ ᠣᠷᠣᠯᠴᠠᠵᠤ᠂ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 100%᠎ᠳᠤ ᠬᠦᠷᠪᠡ᠃ ᠡᠭᠦᠨ᠎ᠤ ᠬᠠᠮᠲᠤ᠂ ᠬᠠᠷᠠᠭ᠋ᠠᠯᠵᠠᠯ᠎ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠠᠷᠪᠠᠨ ᠲᠠᠪᠤᠨ ᠵᠢᠯ ᠳᠠᠷᠠᠭ᠋ᠠᠯᠠᠨ ᠨᠡᠮᠡᠭᠳᠡᠭᠦᠯᠵᠦ᠂ ᠬᠥᠮᠥᠨ ᠳᠤᠮᠳᠠᠴᠢ ᠵᠢᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠢᠷᠢ ᠲᠦᠪᠰᠢᠨ᠎ᠢ 1986 ᠣᠨ᠎ᠳᠤ ᠰᠠᠷ᠎ᠠ ᠪᠦᠷᠢ 32 ᠲᠥᠭᠥᠷᠢᠭ ᠪᠠᠢ᠌ᠭᠰᠠᠨ᠎ᠠᠴᠠ᠎ᠨᠢ 2019 ᠣᠨ᠎ᠳᠤ ᠰᠠᠷ᠎ᠠ ᠪᠦᠷᠢ 2613 ᠲᠥᠭᠥᠷᠢᠭ ᠪᠣᠯᠭ᠋ᠠᠨ
ᠳᠡᠭᠡᠭᠰᠢᠯᠡᠭᠦᠯᠪᠡ᠃
ᠣᠯᠠᠨ ᠵᠢᠯ᠎ᠤᠨ ᠲᠤᠷᠰᠢ᠂ ᠮᠠᠨ᠎ᠤ ᠣᠷᠣᠨ ᠪᠥᠬᠥ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠢᠰᠲ᠋ᠧᠮᠵᠢ ᠵᠢ ᠪᠦᠷᠢᠨᠰᠢᠭᠦᠯᠬᠦ᠎ᠪᠠᠷ ᠳᠠᠮᠵᠢᠭᠤᠯᠤᠨ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠴᠢᠷᠮᠠᠢ᠌ᠨ ᠬᠠᠩᠭ᠋ᠠᠪᠠ᠃ 1999 ᠣᠨ᠎ᠳᠤ ᠪᠦᠬᠦ ᠣᠷᠣᠨ᠎ᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠳᠦᠷᠢᠮ᠎ᠤᠨ ᠥᠭᠡᠷᠡᠴᠢᠯᠡᠯᠲᠡ ᠵᠢ ᠥᠷᠨᠢᠭᠦᠯᠦᠭᠰᠡᠨ᠎ᠠᠴᠠ ᠡᠬᠢᠯᠡᠨ᠂ 20 ᠵᠢᠯ᠎ᠤᠨ ᠦᠢᠯᠡᠳᠦᠯᠭᠡ ᠵᠢᠨ ᠰᠦᠪᠡᠭᠴᠢᠯᠡᠯᠲᠡ᠎ᠪᠠᠷ ᠳᠠᠮᠵᠢᠭ᠋ᠠᠳ᠂ ᠡᠳᠦᠭᠡ ᠨᠢᠭᠡᠨᠲᠡ ᠠᠵᠢᠯᠲᠠᠨ ᠠᠵᠢᠯᠴᠢᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠳᠦᠷᠢᠮ ᠵᠶ᠋ᠡᠷ ᠭᠣᠤᠯ ᠴᠣᠭᠴᠠ ᠪᠣᠯᠭ᠋ᠠᠵᠤ᠂ ᠶᠡᠬᠡ ᠲᠣᠭ᠋ᠠᠨ᠎ᠤ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠠᠵᠤ ᠠᠬᠤᠢ᠌ᠯᠠᠯ᠎ᠤᠨ ᠨᠥᠬᠥᠪᠥᠷᠢ ᠡᠮ ᠡᠮᠨᠡᠯᠭᠡ ᠵᠢᠨ ᠳᠠᠭ᠋ᠠᠳᠬᠠᠯ᠂ ᠡᠮ ᠡᠮᠨᠡᠯᠭᠡ ᠵᠢᠨ ᠠᠪᠤᠷᠠᠨ ᠲᠤᠰᠠᠯᠠᠬᠤ ᠳᠦᠷᠢᠮ ᠵᠡᠷᠭᠡ᠎ᠪᠠᠷ ᠨᠥᠬᠥᠪᠥᠷᠢ ᠪᠣᠯᠭ᠋ᠠᠭᠰᠠᠨ ᠣᠯᠠᠨ ᠳᠡᠰ ᠳᠠᠪᠬᠤᠷᠭ᠎ᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠰᠢᠰᠲ᠋ᠧᠮᠵᠢ ᠵᠢ ᠪᠠᠢ᠌ᠭᠤᠯᠵᠤ᠂ ᠪᠦᠬᠦ ᠣᠷᠣᠨ᠎ᠢ ᠬᠠᠮᠤᠷᠤᠭᠰᠠᠨ ᠪᠦᠬᠦ ᠠᠷᠠᠳ᠎ᠤᠨ ᠦᠨᠳᠦᠰᠦᠨ ᠡᠮ ᠡᠮᠨᠡᠯᠭᠡ ᠵᠢᠨ ᠪᠠᠲᠤᠯᠠᠭ᠎ᠠ ᠵᠢᠨ ᠰᠢᠰᠲ᠋ᠧᠮᠵᠢ ᠵᠢ ᠦᠨᠳᠦᠰᠦᠨ᠎ᠳᠡᠭᠡᠨ ᠪᠤᠢ ᠪᠣᠯᠭ᠋ᠠᠪᠠ᠃ 2019 ᠣᠨ᠎ᠤ 8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 2167 ᠲᠦᠮᠡ᠎ᠳᠤ ᠬᠦᠷᠴᠦ᠂ ᠪᠠᠲᠤᠯᠠᠪᠠᠰᠤ ᠵᠣᠬᠢᠬᠤ ᠪᠦᠬᠦᠨ᠎ᠢ ᠪᠠᠲᠤᠯᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠪᠡ᠃
ᠣᠯᠠᠨ ᠵᠢᠯ᠎ᠤᠨ ᠲᠤᠷᠰᠢ᠂ ᠮᠠᠨ᠎ᠤ ᠣᠷᠣᠨ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠢᠵᠠᠭ᠋ᠠᠷ ᠱᠤᠭᠤᠮ᠎ᠢ ᠰᠠᠢ᠌ᠲᠤᠷ ᠪᠠᠲᠤᠯᠠᠪᠠ᠃ 1997 ᠣᠨ᠎ᠳᠤ ᠬᠣᠲᠠ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠳᠦᠷᠢᠮ᠎ᠢ ᠪᠠᠢ᠌ᠭᠤᠯᠤᠨ ᠬᠡᠷᠡᠭᠵᠢᠭᠦᠯᠦᠭᠰᠡᠨ᠎ᠠᠴᠠ ᠡᠬᠢᠯᠡᠨ᠂ ᠮᠠᠨ᠎ᠤ ᠣᠷᠣᠨ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠣᠯᠠᠨ ᠵᠢᠯ᠎ᠤᠨ ᠴᠢᠷᠮᠠᠢ᠌ᠯᠭ᠎ᠠ᠎ᠪᠠᠷ ᠳᠠᠮᠵᠢᠭ᠋ᠠᠳ᠂ ᠣᠳᠣᠬᠠᠨ᠎ᠳᠤ ᠪᠦᠬᠦ ᠣᠷᠣᠨ᠎ᠳᠤ ᠨᠢᠭᠡᠨᠲᠡ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠂ ᠭᠠᠮᠰᠢᠭᠳᠠᠭᠰᠠᠨ ᠬᠥᠮᠦᠰ᠎ᠢ ᠠᠪᠤᠷᠠᠨ ᠲᠤᠰᠠᠯᠠᠬᠤ᠂ ᠡᠮ ᠡᠮᠨᠡᠯᠭᠡ᠎ᠪᠠᠷ ᠠᠪᠤᠷᠠᠨ ᠲᠤᠰᠠᠯᠠᠬᠤ᠂ ᠰᠤᠷᠭ᠋ᠠᠨ ᠬᠥᠮᠦᠵᠢᠯ ᠵᠶ᠋ᠠᠷ ᠲᠡᠩᠬᠡᠷᠡᠭᠦᠯᠦᠨ ᠲᠤᠰᠠᠯᠠᠬᠤ᠂ ᠣᠷᠣᠨ ᠰᠠᠭᠤᠴᠠ᠎ᠪᠠᠷ ᠲᠡᠩᠬᠡᠷᠡᠭᠦᠯᠦᠨ ᠲᠤᠰᠠᠯᠠᠬᠤ᠂ ᠠᠵᠢᠯ ᠣᠯᠭᠣᠯᠲᠠ ᠵᠢᠨ ᠠᠪᠤᠷᠠᠨ ᠲᠤᠰᠠᠯᠠᠬᠤ᠂ ᠲᠦᠷ ᠴᠠᠭ ᠲᠡᠩᠬᠡᠷᠡᠭᠦᠯᠦᠨ ᠲᠤᠰᠠᠯᠠᠬᠤ ᠪᠠ ᠨᠡᠢ᠌ᠭᠡᠮ᠎ᠤᠨ ᠬᠦᠴᠦᠨ ᠣᠷᠣᠯᠴᠠᠬᠤ᠎ᠪᠠᠷ ᠭᠣᠤᠯ ᠠᠭᠤᠯᠭ᠎ᠠ ᠪᠣᠯᠭ᠋ᠠᠭᠰᠠᠨ 《8 + 1》 ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮᠵᠢ ᠵᠢ ᠪᠠᠢ᠌ᠭᠤᠯᠵᠤ᠂ ᠠᠪᠤᠷᠠᠨ ᠲᠤᠰᠠᠯᠠᠬᠤ ᠪᠠᠷᠢᠮᠵᠢᠶ᠎ᠠ ᠲᠠᠰᠤᠷᠠᠯᠲᠠ ᠦᠭᠡᠢ ᠳᠡᠭᠡᠭᠰᠢᠯᠡᠨ᠂ ᠰᠢᠨᠵᠢᠯᠡᠬᠦ ᠤᠬᠠᠭ᠋ᠠᠨᠴᠢᠯᠠᠭᠰᠠᠨ᠂ ᠵᠢᠷᠤᠮᠵᠢᠭᠤᠯᠤᠭᠰᠠᠨ ᠬᠢᠷᠢ ᠲᠦᠪᠰᠢᠨ ᠡᠳᠦᠷ ᠢᠷᠡᠬᠦᠶ᠎ᠡ ᠳᠡᠭᠡᠭᠰᠢᠯᠡᠵᠦ᠂ ᠤᠯᠠᠮᠵᠢᠯᠠᠯᠲᠤ ᠨᠡᠢ᠌ᠭᠡᠮ᠎ᠤᠨ ᠠᠪᠤᠷᠠᠨ ᠲᠤᠰᠠᠯᠠᠬᠤ᠎ᠠᠴᠠ ᠣᠳᠣ ᠦᠶ᠎ᠡ ᠵᠢᠨ ᠨᠡᠢ᠌ᠭᠡᠮ᠎ᠤᠨ ᠠᠪᠤᠷᠠᠨ ᠲᠤᠰᠠᠯᠠᠬᠤ ᠲᠡᠰᠢ ᠲᠡᠦᠬᠡᠲᠦ ᠴᠢᠨᠠᠷᠲᠠᠶ ᠳᠠᠪᠠᠯᠲᠠ ᠵᠢ ᠪᠡᠶᠡᠯᠡᠭᠦᠯᠪᠡ᠃
ᠣᠯᠠᠨ ᠵᠢᠯ᠎ᠤᠨ ᠲᠤᠷᠰᠢ᠂ ᠮᠠᠨ᠎ᠤ ᠣᠷᠣᠨ ᠨᠡᠢ᠌ᠭᠡᠮ᠎ᠤᠨ ᠠᠰᠠᠷᠠᠮᠵᠢ ᠵᠢᠨ ᠬᠥᠭᠵᠢᠯᠲᠡ ᠵᠢ ᠲᠦᠷᠭᠡᠳᠬᠡᠵᠦ᠂ ᠠᠷᠠᠳ ᠲᠦᠮᠡᠨ᠎ᠤ ᠰᠠᠢ᠌ᠨ ᠰᠠᠢ᠍ᠬᠠᠨ ᠠᠮᠢᠳᠤᠷᠠᠯ᠎ᠤᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠪᠠ᠃ 80 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠥᠨᠳᠥᠷ ᠨᠠᠰᠤᠨ᠎ᠤ ᠨᠡᠮᠡᠭᠦᠷᠢ ᠵᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ 100 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠨᠡᠮᠡᠭᠦᠷᠢ ᠵᠢ ᠬᠥᠮᠦᠨ ᠨᠢᠭᠡᠪᠦᠷᠢ ᠰᠠᠷ᠎ᠠ᠎ᠳᠤ 300 ᠲᠥᠭᠥᠷᠢᠭ ᠪᠠᠢ᠌ᠭᠰᠠᠨ᠎ᠠᠴᠠ᠎ᠨᠢ 600 ᠲᠥᠭᠥᠷᠢᠭ ᠪᠣᠯᠭ᠋ᠠᠨ ᠳᠡᠭᠡᠭᠰᠢᠯᠡᠭᠦᠯᠪᠡ; ᠥᠨᠥᠴᠢᠨ ᠵᠡᠮᠳᠡᠭ ᠬᠡᠦᠬᠡᠳ᠎ᠤᠨ ᠦᠨᠳᠦᠰᠦᠨ ᠠᠮᠢᠳᠤᠷᠠᠯ᠎ᠤᠨ ᠰᠤᠪᠢᠯᠠᠯᠲᠠ ᠵᠢᠨ ᠨᠥᠬᠥᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠶᠠᠪᠤᠳᠠᠯ᠎ᠢ ᠠᠷᠠᠳ᠎ᠤᠨ ᠠᠮᠢᠳᠤᠷᠠᠯ᠎ᠤᠨ ᠵᠢᠷᠭᠤᠭ᠋ᠠᠨ ᠵᠦᠢᠯ᠎ᠤᠨ ᠭᠦᠢᠴᠡᠳᠬᠡᠯ ᠲᠣᠭ᠎ᠠ᠎ᠳᠤ ᠣᠷᠣᠭᠤᠯᠵᠤ᠂ 2010 ᠣᠨ᠎ᠠᠴᠠ ᠨᠠᠭ᠋ᠠᠰᠢ ᠥᠨᠥᠴᠢᠨ ᠬᠡᠦᠬᠡᠳ᠎ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠠᠬᠠᠶ᠎ᠪᠠᠷ ᠠᠰᠠᠷᠠᠨ ᠲᠡᠵᠢᠭᠡᠬᠦ ᠪᠠᠷᠢᠮᠵᠢᠶ᠎ᠠ ᠵᠢ ᠤᠷᠢᠳ ᠬᠣᠵᠢᠳ 6 ᠤᠳᠠᠭ᠎ᠠ ᠳᠡᠭᠡᠭᠰᠢᠯᠡᠭᠦᠯᠪᠡ; ᠬᠦᠴᠢᠷᠳᠡᠯᠲᠡᠶ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ ᠪᠣᠯᠤᠨ ᠵᠡᠮᠳᠡᠭ ᠬᠥᠮᠦᠨ᠎ᠢ ᠠᠰᠠᠷᠠᠨ ᠰᠤᠪᠢᠯᠠᠬᠤ ᠨᠥᠬᠥᠪᠥᠷᠢ ᠵᠢᠨ ᠳᠦᠷᠢᠮ᠎ᠢ ᠲᠡᠭᠦᠯᠳᠡᠷᠵᠢᠭᠦᠯᠵᠦ᠂ ᠵᠢᠯ ᠪᠦᠷᠢ ᠳᠤᠮᠳᠠᠴᠢ᠎ᠪᠠᠷ 50 ᠲᠦᠮᠡ ᠰᠢᠬᠠᠮ ᠬᠦᠴᠢᠷᠳᠡᠯᠲᠡᠶ ᠵᠡᠮᠳᠡᠭᠴᠦᠳ ᠪᠣᠯᠤᠨ ᠵᠡᠮᠳᠡᠭ ᠬᠥᠮᠦᠨ᠎ᠳᠤ ᠠᠰᠢᠭ ᠬᠦᠷᠲᠡᠭᠡᠪᠡ᠃