12 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠦᠬᠡᠬᠣᠲᠠ᠎ᠳᠤ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ ᠢ ᠨᠡᠢ᠌ᠭᠡᠮᠴᠢᠯᠡᠨ ᠬᠠᠮᠢᠶᠠᠷᠬᠤ ᠠᠵᠢᠯ᠎ᠤᠨ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ᠎ᠤ ᠥᠭᠦᠯᠡᠭᠴᠢ ᠾᠧ ᠢᠦᠢ ᠴᠦᠨ ᠮᠠᠨ᠎ᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ᠎ᠤᠨ ᠪᠠᠢ᠌ᠳᠠᠯ᠎ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠦᠬᠦᠢ ᠬᠥᠮᠦᠰ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠲᠠᠨᠢᠯᠴᠠᠭᠤᠯᠤᠭᠰᠠᠨ ᠵᠶ᠋ᠠᠷ᠂ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ ᠪᠣᠯ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠨᠡᠢ᠌ᠭᠡᠮ᠎ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠵᠢ ᠰᠠᠯᠭ᠋ᠠᠬᠤ ᠪᠠ ᠲᠡᠦᠬᠡᠨ ᠦᠯᠡᠳᠡᠭᠳᠡᠯ ᠠᠰᠠᠭᠤᠳᠠᠯ᠎ᠢ ᠰᠢᠢᠳᠪᠦᠷᠢᠯᠡᠬᠦ ᠡᠴᠦᠰ᠎ᠤᠨ ᠨᠢᠭᠡᠨ ᠥᠭᠡᠷᠡᠴᠢᠯᠡᠯᠲᠡ ᠵᠢᠨ ᠡᠭᠦᠷᠭᠡ ᠮᠥᠨ᠂ ᠪᠠᠰᠠ ᠴᠤ᠌ ᠰᠢᠢ᠍ᠳᠪᠦᠷᠢᠯᠡᠬᠦ᠎ᠳᠤ ᠬᠠᠮᠤᠭ᠎ᠤᠨ ᠬᠦᠴᠢᠷᠲᠡᠶ ᠶᠠᠪᠤᠳᠠᠯ ᠮᠥᠨ᠂ ᠨᠠᠩ ᠴᠤ᠌ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠨᠡᠢ᠌ᠭᠡᠮ᠎ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠵᠢ ᠰᠠᠯᠭ᠋ᠠᠬᠤ ᠪᠠ ᠲᠡᠦᠬᠡᠨ ᠦᠯᠡᠳᠡᠭᠳᠡᠯ ᠠᠰᠠᠭᠤᠳᠠᠯ᠎ᠢ ᠰᠢᠢᠳᠪᠦᠷᠢᠯᠡᠬᠦ ᠵᠢᠨ ᠴᠢᠬᠤᠯᠠ ᠠᠭᠤᠯᠭ᠎ᠠ ᠪᠣᠯᠣᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 2019 ᠣᠨ᠎ᠤ 3 ᠳ᠋ᠤᠭ᠋ᠠᠷ ᠰᠠᠷ᠎ᠠ᠎ᠳᠤ 《ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠲᠤᠬᠠᠶ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠣ ᠣᠷᠣᠨ᠎ᠤ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠲᠦᠷᠦᠭᠦᠯᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠡᠷᠭᠡ 7 ᠰᠠᠯᠠᠭ᠎ᠠ ᠮᠥᠴᠢᠷ᠎ᠲᠠᠢ ᠬᠠᠮᠲᠤᠷᠠᠨ᠂ ᠲᠥᠪ᠎ᠤᠨ ᠱᠠᠭ᠋ᠠᠷᠳᠠᠯᠭ᠎ᠠ ᠶᠣᠰᠣᠭ᠋ᠠᠷ᠂ ᠪᠠᠢ᠌ᠳᠠᠯ᠎ᠢ ᠣᠢ᠌ᠯᠠᠭ᠋ᠠᠨ ᠪᠠᠢ᠌ᠴᠠᠭ᠋ᠠᠬᠤ᠂ ᠪᠠᠢ᠌ᠴᠠᠭ᠋ᠠᠨ ᠰᠤᠳᠤᠯᠵᠤ ᠨᠤᠲᠠᠯᠠᠬᠤ᠂ ᠲᠥᠰᠦᠯ ᠨᠡᠢ᠌ᠲᠡᠯᠡᠬᠦ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠰᠢᠮᠳᠠᠭᠤᠯᠤᠨ ᠦᠷᠨᠢᠭᠦᠯᠬᠦ ᠬᠡᠷᠡᠭᠲᠡᠢ ᠭᠡᠵᠦ ᠲᠣᠭᠲᠠᠭ᠋ᠠᠭ᠋ᠠᠳ᠂ ᠮᠠᠨ᠎ᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠦᠨ ᠠᠬᠢᠭᠤᠯᠪᠠ᠃
ᠠᠩᠬ᠎ᠠ ᠠᠯᠬᠤᠮ᠎ᠤᠨ ᠪᠦᠷᠢᠳᠬᠡᠯ᠎ᠠᠴᠠ ᠦᠵᠡᠪᠡᠯ᠂ 2018 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠨᠡᠢ᠌ᠭᠡᠮᠴᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠦᠭᠡᠳᠦᠶ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ ᠪᠠᠷᠤᠭ 30 ᠲᠦᠮᠡᠨ ᠬᠥᠮᠥᠨ ᠪᠠᠢ᠌ᠪᠠ᠂ ᠡᠭᠦᠨ᠎ᠳᠤ᠄ ᠣᠷᠣᠨ᠎ᠤ ᠰᠢᠭᠤᠳ ᠬᠠᠷᠢᠶ᠎ᠠ ᠠᠵᠤ ᠠᠬᠤᠢ᠌ᠯᠠᠯ᠎ᠤᠨ ᠪᠠᠷᠤᠭ 18 ᠲᠦᠮᠡᠨ ᠬᠥᠮᠥᠨ᠂ ᠠᠢ᠌ᠮᠠᠭ ᠬᠣᠲᠠ ᠵᠢᠨ ᠠᠵᠤ ᠠᠬᠤᠢ᠌ᠯᠠᠯ᠎ᠤᠨ ᠪᠠᠷᠤᠭ 3 ᠲᠦᠮᠡᠨ ᠬᠥᠮᠥᠨ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠠᠵᠤ ᠠᠬᠤᠢ᠌ᠯᠠᠯ᠎ᠤᠨ ᠪᠠᠷᠤᠭ 9 ᠲᠦᠮᠡᠨ ᠬᠥᠮᠥᠨ ᠪᠤᠢ᠃ 2019 ᠣᠨ᠎ᠤ 8 ᠳ᠋ᠤᠭ᠋ᠠᠷ ᠰᠠᠷ᠎ᠠ᠎ᠳᠤ ᠨᠡᠢ᠌ᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ᠎ᠤᠨ ᠲᠥᠰᠦᠯ》᠎ᠳᠤ᠂ 2019 ᠣᠨ᠎ᠤ 9 ᠳ᠋ᠦ᠍ᠭᠡᠷ ᠰᠠᠷ᠎ᠠ ᠵᠢᠨ ᠡᠴᠦᠰ ᠪᠠ 2020 ᠣᠨ᠎ᠤ 3 ᠳ᠋ᠤᠭ᠋ᠠᠷ ᠰᠠᠷ᠎ᠠ ᠵᠢᠨ ᠡᠴᠦᠰ᠂ 6 ᠳ᠋ᠤᠭ᠋ᠠᠷ ᠰᠠᠷ᠎ᠠ ᠵᠢᠨ ᠡᠴᠦᠰ᠂ 10 ᠳ᠋ᠤᠭ᠋ᠠᠷ ᠰᠠᠷ᠎ᠠ ᠵᠢᠨ ᠡᠴᠦᠰ ᠵᠡᠷᠭᠡ ᠳᠥᠷᠪᠡᠨ ᠵᠠᠩᠭᠢᠯᠠᠭ᠎ᠠ ᠵᠢᠨ ᠴᠠᠭ᠎ᠲᠤ᠂ ᠡᠯ᠎ᠡ ᠠᠢ᠌ᠮᠠᠭ ᠬᠣᠲᠠ ᠵᠢᠨ ᠪᠤᠳᠠᠲᠠᠢ ᠬᠡᠷᠡᠭᠵᠢᠭᠦᠯᠬᠦ ᠠᠷᠭ᠎ᠠ ᠪᠠ ᠠᠵᠤ ᠠᠬᠤᠢ᠌ᠯᠠᠯ᠎ᠤᠨ ᠰᠢᠯᠵᠢᠭᠦᠯᠦᠨ ᠲᠤᠰᠢᠶᠠᠬᠤ ᠲᠥᠰᠦᠯ᠎ᠢ ᠲᠣᠭᠲᠠᠭ᠋ᠠᠬᠤ᠂ ᠰᠢᠯᠵᠢᠭᠦᠯᠦᠨ ᠲᠤᠰᠢᠶᠠᠬᠤ ᠵᠥᠪᠳᠡᠯᠴᠡᠭᠡᠷ ᠲᠣᠭᠲᠠᠬᠤ᠂ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ ᠪᠠ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠴᠠᠭ᠎ᠠ ᠵᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠵᠢ ᠬᠤᠪᠢᠶᠠᠷᠢᠯᠠᠨ ᠰᠢᠯᠵᠢᠭᠦᠯᠬᠦ ᠵᠡᠷᠭᠡ ᠠᠵᠢᠯ᠎ᠢ ᠲᠣᠰ ᠲᠣᠰ ᠪᠡᠶᠡᠯᠡᠭᠦᠯᠵᠦ᠂ 2020 ᠣᠨ᠎ᠤ ᠵᠢᠯ᠎ᠤᠨ ᠡᠴᠦᠰ᠎ᠠᠴᠠ ᠡᠮᠦᠨ᠎ᠡ ᠡᠨᠡ ᠬᠦ᠌ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ᠂ ᠪᠠᠢ᠌ᠳᠠᠯ᠎ᠢ ᠮᠡᠳᠡᠭᠳᠡᠬᠦ ᠲᠣᠭᠲᠠᠴᠠ᠂ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ ᠲᠣᠭᠲᠠᠴᠠ᠂ ᠵᠣᠯᠭ᠋ᠠᠯᠳᠤᠭᠤᠯᠤᠨ ᠦᠢᠯᠡᠴᠢᠯᠡᠬᠦ ᠲᠣᠭᠲᠠᠴᠠ ᠵᠡᠷᠭᠡ ᠳᠥᠷᠪᠡᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢ ᠲᠦᠷᠭᠡᠨ ᠠᠬᠢᠭᠤᠯᠬᠤ᠎ᠪᠠᠷ ᠳᠠᠮᠵᠢᠭᠤᠯᠤᠨ ᠡᠯ᠎ᠡ ᠵᠦᠢᠯ᠎ᠤᠨ ᠠᠵᠢᠯ᠎ᠢ ᠲᠣᠭᠲᠠᠭᠤᠨ ᠵᠶ᠋ᠠᠷ ᠡᠬᠢᠯᠡᠭᠦᠯᠬᠦ ᠪᠠ ᠵᠣᠬᠢᠴᠠᠩᠭᠤᠶ᠎ᠪᠠᠷ ᠠᠬᠢᠭᠤᠯᠬᠤ ᠵᠢ ᠦᠨᠡᠨ ᠬᠦ᠌ ᠪᠠᠲᠤᠯᠠᠪᠠ᠃