ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ ᠤᠯᠠᠷᠢᠭᠤᠯᠤᠨ ᠪᠤᠳᠠᠲᠠᠢ᠌ᠵᠢᠭᠤᠯᠪᠠ
ᠨᠡᠶ᠋ᠢᠲᠡᠯᠡᠭᠰᠡᠨ ᠴᠠᠭ᠄ 2020-01-06

      ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠬᠤᠷᠠᠯᠳᠤᠭᠤᠯᠤᠭᠰᠠᠨ 《ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠡᠷᠡᠰ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠶᠡᠬᠡᠪᠡᠷ ᠠᠬᠢᠭᠤᠯᠬᠤ》 ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠡᠷ᠂ ᠣᠢ᠌ᠷ᠎ᠠ ᠵᠢᠨ ᠵᠢᠯ᠎ᠳᠤ᠂ ᠮᠠᠨ᠎ᠤ ᠣᠷᠣᠨ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ ᠵᠶ᠋ᠡᠷ ᠭᠠᠷᠳᠠᠴᠠ ᠪᠣᠯᠭ᠋ᠠᠵᠤ᠂ ᠨᠢᠭᠡ ᠪᠦᠯᠦᠭ ᠭᠣᠤᠯᠳᠠᠯᠭ᠎ᠠ᠎ᠲᠠᠢ ᠠᠵᠤ ᠦᠢᠯᠡᠰ ᠪᠠ ᠳᠠᠪᠠᠭᠤᠯᠢᠭ ᠣᠨᠴᠠᠯᠢᠭᠲᠤ ᠬᠦᠷᠢᠶᠡᠨ᠎ᠳᠠᠬᠢ ᠲᠡᠷᠢᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ ᠤᠯᠠᠷᠢᠭᠤᠯᠤᠨ ᠪᠤᠳᠠᠲᠠᠢ᠌ᠵᠢᠭᠤᠯᠬᠤ ᠵᠢ ᠬᠥᠲᠥᠯᠦᠨ ᠵᠢᠯᠣᠭᠣᠳᠴᠤ ᠳᠥᠯᠭᠢᠨ ᠠᠬᠢᠭᠤᠯᠪᠠ᠂ ᠵᠠᠷᠢᠮ᠎ᠨᠢ ᠨᠢᠭᠡᠨᠲᠡ ᠮᠠᠨ᠎ᠤ ᠣᠷᠣᠨ᠎ᠤ ᠠᠵᠤ ᠠᠬᠤᠶ ᠵᠢᠨ ᠪᠦᠲᠦᠴᠡ ᠵᠢᠨ ᠲᠣᠬᠢᠷᠠᠭᠤᠯᠤᠯᠲᠠ ᠬᠢᠭᠡᠳ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠬᠥᠳᠡᠯᠭᠡᠭᠦᠷ ᠪᠣᠯᠤᠭᠰᠠᠨ ᠪᠠᠢ᠌ᠨ᠎ᠠ᠃
      ᠲᠠᠨᠢᠯᠴᠠᠭᠤᠯᠤᠭᠰᠠᠨ ᠵᠶ᠋ᠠᠷ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠠᠵᠤ ᠠᠬᠤᠶ᠎ᠲᠠᠢ ᠵᠣᠯᠭ᠋ᠠᠭᠤᠯᠬᠤ᠂ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠠᠵᠤ ᠦᠢᠯᠡᠰ᠎ᠲᠠᠢ ᠵᠣᠯᠭ᠋ᠠᠭᠤᠯᠬᠤ᠂ ᠰᠢᠨ᠎ᠡ ᠡᠭᠦᠳᠦᠯᠲᠡ ᠵᠢᠨ ᠲᠥᠷᠥᠯ ᠵᠦᠢᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ᠎ᠲᠠᠢ ᠵᠣᠯᠭ᠋ᠠᠭᠤᠯᠬᠤ᠂ ᠰᠤᠳᠤᠯᠤᠨ ᠨᠡᠭᠡᠭᠡᠬᠦ ᠬᠥᠮᠦᠰ᠎ᠤᠨ ᠰᠢᠨ᠎ᠡ ᠡᠭᠦᠳᠦᠯᠲᠡ ᠵᠢᠨ ᠬᠥᠳᠡᠯᠮᠦᠷᠢ ᠵᠢ ᠲᠡᠭᠦᠨ᠎ᠤ ᠠᠰᠢᠭ ᠣᠯᠵᠠᠪᠤᠷᠢ᠎ᠲᠠᠢ ᠵᠣᠯᠭ᠋ᠠᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠢ ᠰᠢᠰᠲ᠋ᠧᠮ᠎ᠲᠠᠢ ᠥᠷᠭᠦᠯᠵᠢᠯᠡᠨ ᠠᠬᠢᠭᠤᠯᠵᠤ᠂ ᠪᠠᠶᠠᠷᠯᠠᠭᠤᠰᠢᠲᠠᠶ ᠠᠮᠵᠢᠯᠲᠠ ᠣᠯᠤᠭᠰᠠᠨ ᠪᠠᠢ᠌ᠨ᠎ᠠ᠃ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ ᠤᠯᠠᠷᠢᠭᠤᠯᠤᠨ ᠪᠤᠳᠠᠲᠠᠢ᠌ᠵᠢᠭᠤᠯᠪᠠ᠃ ᠵᠢᠱ᠌ᠢᠶᠡᠯᠡᠪᠡᠯ᠄   ᠵᠦᠩ ᠸᠸᠢ ᠡᠨᠧᠷᠭᠢ᠎ᠨᠢ ᠤᠷᠳᠤᠰ ᠬᠤᠳᠠ ᠵᠢᠨ ᠲᠠᠩ ᠵᠢᠶᠠ ᠬᠤᠢ ᠠᠭᠤᠷᠬᠠᠢ ᠵᠢᠨ ᠣᠷᠣᠨ᠎ᠳᠤ ᠮᠠᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠳᠥᠷᠪᠡᠳᠦᠭᠡᠷ ᠦᠶ᠎ᠡ ᠵᠢᠨ ᠨᠡᠭᠦᠷᠡᠰᠦ ᠵᠢ ᠭᠠᠵᠠᠷ ᠳᠣᠣᠷ᠎ᠠ ᠬᠡᠢ᠌ᠵᠢᠭᠦᠯᠬᠦ ᠮᠡᠷᠭᠡᠵᠢᠯ᠎ᠢ ᠤᠯᠠᠷᠢᠭᠤᠯᠵᠤ᠂ ᠣᠳᠣᠬᠠᠨ᠎ᠤ ᠳᠡᠯᠡᠬᠡᠢ ᠳᠡᠭᠡᠷᠡᠬᠢ ᠴᠤᠷ᠎ᠤᠨ ᠭᠠᠭᠴᠠ ᠠᠵᠢᠯᠯᠠᠵᠤ ᠪᠠᠢ᠌ᠭ᠎ᠠ ᠠᠦ᠋ᠲ᠋ᠣᠴᠢᠯᠠᠭᠰᠠᠨ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠵᠠᠳᠠᠯᠤᠯᠲᠠ ᠬᠢᠬᠦ ᠵᠢ ᠪᠡᠶᠡᠯᠡᠭᠦᠯᠵᠦ᠂ ᠦᠷᠭᠦᠯᠵᠢᠯᠡᠨ ᠲᠣᠭᠲᠠᠭᠤᠨ ᠵᠶ᠋ᠠᠷ ᠦᠢ᠍ᠯᠡᠳᠪᠦᠷᠢᠯᠡᠵᠦ ᠳᠡᠢ᠌ᠯᠬᠦ ᠨᠡᠭᠦᠷᠡᠰᠦ ᠵᠢ ᠭᠠᠵᠠᠷ ᠳᠣᠣᠷ᠎ᠠ ᠬᠡᠢ᠌ᠵᠢᠭᠦᠯᠬᠦ ᠮᠡᠷᠭᠡᠵᠢᠯ᠎ᠤᠨ ᠠᠵᠤ ᠦᠢ᠍ᠯᠡᠳᠪᠦᠷᠢᠵᠢᠯᠲᠡ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠢ ᠪᠠᠢ᠌ᠭᠤᠯᠵᠤ᠂ ᠲᠤᠰ ᠬᠦᠷᠢᠶᠡᠨ᠎ᠳᠤ᠎ᠪᠠᠨ ᠳᠡᠯᠡᠬᠡᠢ ᠵᠢᠨ ᠲᠡᠷᠢᠭᠦᠨ᠎ᠤ ᠲᠦᠪᠰᠢᠨ᠎ᠢ ᠲᠥᠯᠥᠭᠡᠯᠡᠪᠡ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠤᠭᠤᠲᠤ᠎ᠳᠠᠬᠢ ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠲᠥᠪ᠎ᠨᠢ ᠪᠤᠭᠤᠲᠤ ᠬᠣᠲᠠ᠎ᠳᠤ ᠳᠡᠯᠡᠬᠡᠶ ᠵᠢᠨ ᠠᠩᠬᠠᠳᠠᠭᠴᠢ ᠵᠤᠷᠪᠤᠰ ᠬᠣᠪᠣᠷ ᠰᠢᠷᠣᠶ ᠵᠢᠨ ᠬᠦᠬᠦᠷᠲᠦ ᠨᠢᠭᠡᠳᠪᠦᠷᠢ ᠵᠢᠨ ᠪᠤᠳᠤᠭ ᠣᠷᠣᠭᠤᠯᠬᠤ ᠡᠳ᠋᠎ᠤᠨ ᠵᠠᠯᠭ᠋ᠠᠯᠳᠤᠭᠤᠯᠤᠭᠰᠠᠨ ᠨᠦᠬᠡᠨ ᠵᠣᠭᠤᠷᠢ ᠵᠢᠨ ᠦᠢᠯᠡᠳᠪᠦᠷᠢᠯᠡᠯ᠎ᠤᠨ ᠱᠤᠭᠤᠮ᠎ᠢ ᠪᠠᠢ᠌ᠭᠤᠯᠵᠤ᠂ ᠬᠣᠪᠣᠷ ᠰᠢᠷᠣᠶ ᠵᠢᠨ ᠪᠤᠳᠤᠭ ᠣᠷᠣᠭᠤᠯᠬᠤ ᠡᠳ᠋᠎ᠤᠨ ᠬᠡᠷᠡᠭᠯᠡᠭᠡᠨ᠎ᠤ ᠠᠷᠪᠠᠭ᠋ᠠᠳ ᠦᠢᠯᠡᠳᠬᠦᠨ᠎ᠢ ᠰᠤᠳᠤᠯᠤᠨ ᠦᠢᠯᠡᠳᠪᠡ; ᠥᠪᠥᠷ ᠮᠣᠩᠭᠣᠯ᠎ᠤᠨ ᠰᠢᠶᠠᠨ ᠬᠣᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠳᠡᠯᠡᠬᠡᠶ ᠵᠢᠨ ᠠᠩᠬᠠᠨ᠎ᠤ ᠡᠭᠦᠳᠦᠯᠲᠡ᠂ ᠤᠯᠤᠰ᠎ᠤᠨ ᠨᠢᠭᠤᠴᠠ ᠪᠣᠳᠣᠯᠲᠠ ᠵᠢᠨ 《ᠮᠸᠩ ᠰᠢᠨ》 ᠰᠢᠷᠢᠰ ᠦᠢᠯᠡᠳᠬᠦᠨ; ᠦᠬᠠᠶ ᠵᠢᠨ ᠬᠢᠮᠢ ᠵᠢᠨ ᠠᠵᠤ ᠦᠢᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠤᠰᠤᠲᠥ᠋ᠷᠥᠭᠴᠢ ᠡᠨᠧᠷᠭᠢ ᠵᠢ ᠤᠯᠠᠷᠢᠭᠤᠯᠬᠤ ᠲᠥᠷᠥᠯ ᠵᠦᠢᠯ᠎ᠨᠢ ᠦᠬᠠᠶ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠵᠢ ᠪᠠᠢ᠌ᠭᠤᠯᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠣᠭᠣᠳᠬᠤ ᠭᠠᠵᠠᠷ᠎ᠤᠨ 48 ᠳ᠋ᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ 《ᠮᠥᠩᠭᠡ ᠰᠤᠪᠠᠭ》 APP ᠪᠠ ᠡᠷᠡᠭᠦᠯ ᠮᠡᠨᠳᠦ ᠵᠢᠨ ᠺᠠᠷᠲ ᠵᠡᠷᠭᠡ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠤᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠨ᠎ᠡ ᠠᠷᠭ᠎ᠠ ᠬᠡᠮᠵᠢᠶ᠎ᠡ᠎ᠳᠤ ᠲᠠᠢ᠌ᠯᠤᠮᠵᠢ ᠬᠢᠪᠡ
ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠠᠴᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠠᠯᠤᠰ ᠬᠡᠳᠦ ᠵᠢᠨ ᠠᠷᠭ᠎ᠠ ᠪᠣᠳᠣᠯᠭ᠎ᠠ ᠵᠢ ᠲᠠᠨᠢᠯᠴᠠᠭᠤᠯᠪᠠ
ᠬᠤᠪᠢ ᠬᠥᠮᠥᠨ᠎ᠤ ᠣᠯᠵᠠᠪᠤᠷᠢ ᠵᠢᠨ ᠭᠠᠢ᠌ᠯᠢ ᠵᠢᠨ ᠰᠢᠨ᠎ᠡ ᠬᠠᠤᠯᠢ ᠵᠢᠨ ᠵᠢᠷᠭᠤᠭ᠋ᠠᠨ ᠬᠠᠯᠠᠮᠰᠢᠯ ᠠᠰᠠᠭᠤᠳᠠᠯ᠎ᠳᠤ ᠡᠷᠬᠡ ᠰᠦᠷᠲᠦ ᠰᠠᠯᠠᠭ᠎ᠠ ᠮᠥᠴᠢᠷ᠎ᠤᠳ ᠡᠨᠡ ᠮᠡᠲᠦ ᠬᠠᠷᠢᠭᠤᠯᠲᠠ ᠥᠭᠪᠡ
ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠬᠣᠳᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠵᠠᠰᠠᠯᠲᠠ ᠵᠢ ᠴᠢᠩᠭ᠋ᠠᠷᠠᠭᠤᠯᠬᠤ ᠪᠠ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠦᠷᠦ ᠵᠢᠨ ᠪᠤᠳᠤᠯᠭ᠎ᠠ ᠵᠢᠨ ᠲᠤᠬᠠᠢ ᠵᠣᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
 
            