ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠠᠵᠢᠯ᠎ᠤᠨ ᠲᠣᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠡᠶ᠋ᠢᠲᠡᠯᠡᠭᠰᠡᠨ ᠴᠠᠭ᠄ 2020-01-09

     1 ᠳ᠋ᠦ᠍ᠭᠡᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ 2019 ᠣᠨ᠎ᠠᠴᠠ ᠨᠠᠭ᠋ᠠᠰᠢᠬᠢ ᠪᠥᠬᠥ ᠣᠷᠣᠨ᠎ᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠭᠰᠠᠨ ᠠᠵᠢᠯ᠎ᠤᠨ ᠪᠠᠢ᠌ᠳᠠᠯ᠎ᠢ ᠨᠡᠪᠲᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠪᠤᠤ ᠵᠧᠨ ᠢᠦᠢ ᠭᠣᠤᠯ ᠰᠡᠳᠦᠪ᠎ᠢ ᠨᠡᠢ᠌ᠲᠡᠯᠡᠪᠡ᠃
      ᠠᠷᠠᠳ᠎ᠤᠨ ᠠᠮᠢᠳᠤᠷᠠᠯ ᠠᠷᠠᠳ᠎ᠤᠨ ᠰᠡᠳᠬᠢᠯ᠎ᠯᠤᠭ᠎ᠠ ᠬᠣᠯᠪᠣᠯᠳᠤᠵᠤ᠂ ᠠᠷᠠᠳ᠎ᠤᠨ ᠰᠡᠳᠬᠢᠯ ᠪᠣᠯ ᠬᠠᠮᠤᠭ᠎ᠤᠨ ᠶᠡᠬᠡ ᠤᠯᠤᠰ ᠲᠥᠷᠥ ᠮᠥᠨ᠃ 2019 ᠣᠨ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ ᠪᠣᠯᠤᠨ ᠲᠥᠪ᠎ᠤᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠷᠠᠳ ᠲᠦᠮᠡᠨ ᠵᠶ᠋ᠡᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠣᠶ ᠪᠣᠯᠭ᠋ᠠᠵᠤ᠂ ᠠᠷᠠᠳ ᠣᠯᠠᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠶ ᠠᠰᠢᠭ ᠲᠤᠰᠠ ᠵᠢᠨ ᠠᠰᠠᠭᠤᠳᠠᠯ᠎ᠢ ᠰᠢᠢᠳᠪᠦᠷᠢᠯᠡᠬᠦ᠎ᠠᠴᠠ ᠭᠠᠷᠳᠠᠨ᠂ ᠡᠯ᠎ᠡ ᠵᠦᠢᠯ᠎ᠤᠨ ᠠᠷᠠᠳ᠎ᠤᠨ ᠠᠮᠢᠳᠤᠷᠠᠯ᠎ᠤᠨ ᠠᠵᠢᠯ᠎ᠢ ᠦᠷᠭᠦᠯᠵᠢᠯᠡᠨ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠬᠦ ᠳᠡᠭᠡᠷ᠎ᠡ ᠦᠨᠡᠨ ᠬᠦ᠌ ᠢᠯᠡᠷᠡᠭᠦᠯᠪᠡ᠃
      ᠪᠤᠤ ᠵᠧᠨ ᠢᠦᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠬᠦ᠂ ᠠᠵᠢᠯ ᠣᠯᠭᠣᠯᠲᠠ ᠭᠡᠬᠦ ᠡᠨᠡᠬᠦ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠠᠵᠢᠯ᠎ᠢ ᠰᠠᠢ᠌ᠲᠤᠷ ᠠᠳᠬᠤᠬᠤ᠂ ᠨᠡᠢ᠌ᠭᠡᠮ᠎ᠤᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠠᠷᠠᠳ ᠣᠯᠠᠨ᠎ᠳᠤ ᠲᠠᠭ᠋ᠠᠯᠠᠭᠳᠠᠭᠰᠠᠨ ᠰᠤᠷᠭ᠋ᠠᠨ ᠬᠥᠮᠦᠵᠢᠯ᠎ᠢ ᠴᠢᠷᠮᠠᠢ᠌ᠨ ᠰᠠᠢ᠌ᠲᠤᠷ ᠡᠷᠬᠢᠯᠡᠬᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢᠯᠡᠴᠢᠯᠡᠭᠡᠨ᠎ᠤ ᠴᠢᠳᠠᠪᠤᠷᠢ ᠵᠢ ᠪᠦᠬᠦ ᠬᠦᠴᠦ᠎ᠪᠠᠷ ᠵᠶ᠋ᠡᠨ ᠳᠡᠭᠡᠭᠰᠢᠯᠡᠭᠦᠯᠬᠦ᠂ ᠣᠯᠠᠨ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠬᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠰᠢᠯᠢᠳᠡᠭᠵᠢᠭᠦᠯᠬᠦ᠂ ᠣᠯᠠᠨ ᠲᠦᠮᠡᠨ᠎ᠳᠤ ᠡᠶ᠎ᠡ ᠵᠣᠬᠢᠴᠠᠩᠭᠤᠶ ᠠᠮᠤᠷ ᠲᠦᠪᠰᠢᠨ ᠣᠷᠴᠢᠨ ᠲᠣᠭᠣᠷᠢᠨ᠎ᠢ ᠴᠢᠷᠮᠠᠢ᠌ᠨ ᠡᠭᠦᠳᠴᠦ ᠥᠭᠬᠦ ᠵᠡᠷᠭᠡ ᠨᠠᠢᠮᠠᠨ ᠲᠠᠯ᠎ᠠ ᠵᠢᠨ ᠲᠣᠭᠣᠷᠢᠨ᠎ᠳᠤ᠂ ᠪᠦᠬᠦ ᠣᠷᠣᠨ᠎ᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠠᠵᠢᠯ᠎ᠤᠨ ᠠᠷᠭ᠎ᠠ ᠬᠡᠮᠵᠢᠶ᠎ᠡ᠂ ᠭᠢᠯᠠᠰ ᠴᠡᠭ ᠪᠣᠯᠤᠨ ᠦᠷ᠎ᠡ ᠪᠦᠲᠦᠮᠵᠢ ᠵᠢ ᠶᠡᠷᠦᠩᠬᠡᠶ᠎ᠳᠤᠨᠢ ᠲᠠᠨᠢᠯᠴᠠᠭᠤᠯᠪᠠ᠃
      ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠵᠡᠷᠭᠡ ᠨᠢᠭᠡᠴᠢ ᠵᠢᠨ ᠬᠠᠷᠢᠭᠤᠴᠠᠯᠭ᠋ᠠᠲᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠎ᠢ ᠰᠡᠷᠭᠡᠢ᠌ᠯᠡᠬᠦ ᠪᠣᠯᠣᠨ ᠵᠡᠮᠳᠡᠭᠴᠦᠳ᠎ᠢ ᠡᠷᠡᠭᠦᠯᠵᠢᠭᠦᠯᠬᠦ ᠠᠷᠭ᠎ᠠ》 ᠵᠢᠨ ᠲᠤᠬᠠᠢ ᠣᠢ᠌ᠯᠠᠭ᠋ᠠᠶ᠎ᠠ
ᠡᠮᠦᠨ᠎ᠡ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠠᠵᠤ ᠠᠬᠤᠢ ᠲᠣᠭᠲᠠᠭᠤᠨ ᠵᠶ᠋ᠠᠷ ᠬᠥᠭᠵᠢᠪᠡ
ᠦᠪᠦᠷ ᠮᠣᠩᠭᠣᠯ ᠬᠣᠶᠠᠷ ᠵᠦᠢ᠍ᠯ᠎ᠤᠨ ᠴᠢᠬᠣᠯᠠ ᠠᠵᠤ ᠦᠢ᠍ᠯᠡᠰᠵᠢᠯᠲᠡ ᠵᠢᠨ ᠦᠷ᠎ᠡ ᠪᠦᠲᠦᠭᠡᠯ ᠣᠯᠣᠭᠰᠠᠨ ᠪᠦᠭᠡᠳ ᠠᠵᠤ ᠦᠢ᠍ᠯᠡᠰᠵᠢᠯᠲᠡ ᠵᠢ ᠪᠡᠶᠡᠯᠡᠭᠦᠯᠪᠡ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠠᠯᠠᠱ᠌ᠠ ᠠᠢ᠌ᠮᠠᠭ᠎ᠤᠨ ᠲᠤᠰᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠶᠠᠪᠤᠭᠳᠠᠪᠠ
ᠮᠠᠨ᠎ᠤ ᠣᠷᠣᠨ ᠳᠤᠮᠳᠠ ᠪᠠ ᠤᠷᠲᠤ ᠬᠤᠭᠤᠴᠠᠭ᠋ᠠᠨ᠎ᠤ ᠵᠠᠯᠠᠭᠤᠴᠤᠳ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠨᠡᠢ᠌ᠲᠡᠯᠡᠪᠡ
 
            