ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠡᠮᠦᠨ᠎ᠡ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠠᠵᠤ ᠠᠬᠤᠢ ᠲᠣᠭᠲᠠᠭᠤᠨ ᠵᠶ᠋ᠠᠷ ᠬᠥᠭᠵᠢᠪᠡ
ᠨᠡᠶ᠋ᠢᠲᠡᠯᠡᠭᠰᠡᠨ ᠴᠠᠭ᠄ 2020-10-21


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 10 ᠰᠠᠷ᠎ᠠ ᠵᠢᠨ 20᠎ᠤ ᠡᠳᠦᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ 2020 ᠣᠨ᠎ᠤ ᠡᠮᠦᠨ᠎ᠡ ᠭᠤᠷᠪᠠᠨ ᠤᠯᠠᠷᠢᠯ᠎ᠳᠤ᠂ ᠪᠦᠬᠦ ᠣᠷᠣᠨ᠎ᠤ ᠠᠵᠤ ᠠᠬᠤᠢ ᠲᠣᠭᠲᠠᠭᠤᠨ ᠵᠶ᠋ᠠᠷ ᠰᠡᠷᠭᠦᠵᠦ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠪᠠ 《ᠵᠢᠷᠭᠤᠭ᠎ᠠ ᠵᠢ ᠪᠠᠲᠤᠯᠠᠬᠤ》 ᠦᠷ᠎ᠡ ᠪᠦᠲᠦᠮᠵᠢ ᠢᠯᠡᠷᠬᠡᠢ ᠪᠠᠢ᠌ᠨ᠎ᠠ ᠭᠡᠵᠡᠢ᠃
     2020 ᠣᠨ᠎ᠤ ᠡᠮᠦᠨ᠎ᠡ ᠭᠤᠷᠪᠠᠨ ᠤᠯᠠᠷᠢᠯ᠎ᠳᠤ᠂ ᠮᠠᠨ᠎ᠤ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 12320.0 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1.9%᠎ᠪᠠᠷ ᠪᠠᠭᠤᠷᠠᠵᠤ᠂ ᠡᠭᠦᠨ᠎ᠳᠤ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 740.3 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭ᠋ᠠᠨ᠎ᠤ᠎ᠬᠢ᠎ᠠᠴᠠ 0.2% ᠵᠶ᠋ᠡᠷ ᠨᠡᠮᠡᠭᠳᠡᠨ᠂ ᠬᠣᠶᠠᠳᠣᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 5152.6 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭ᠋ᠠᠨ᠎ᠤ᠎ᠬᠢ᠎ᠠᠴᠠ 0.9%᠎ᠪᠠᠷ ᠪᠠᠭᠤᠷᠠᠵᠤ᠂ ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 6427.2 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭ᠋ᠠᠨ᠎ᠤ᠎ᠬᠢ᠎ᠠᠴᠠ 3.0% ᠵᠶ᠋ᠡᠷ ᠪᠠᠭᠤᠷᠠᠵᠠᠢ᠃

                                   

ᠢᠷᠡᠯᠲᠡ᠄ ᠥᠪᠥᠷ ᠮᠣᠩᠭᠣᠯ᠎ᠤᠨ ᠮᠣᠩᠭᠣᠯ ᠣᠳᠣᠨ ᠲᠸᠯᠸᠢᠰ
          
ᠬᠠᠮᠢᠶ᠎ᠡ ᠪᠦᠬᠦᠢ ᠰᠣᠨᠢᠨ
ᠦᠪᠦᠷ ᠮᠣᠩᠭᠣᠯ ᠬᠣᠶᠠᠷ ᠵᠦᠢ᠍ᠯ᠎ᠤᠨ ᠴᠢᠬᠣᠯᠠ ᠠᠵᠤ ᠦᠢ᠍ᠯᠡᠰᠵᠢᠯᠲᠡ ᠵᠢᠨ ᠦᠷ᠎ᠡ ᠪᠦᠲᠦᠭᠡᠯ ᠣᠯᠣᠭᠰᠠᠨ ᠪᠦᠭᠡᠳ ᠠᠵᠤ ᠦᠢ᠍ᠯᠡᠰᠵᠢᠯᠲᠡ ᠵᠢ ᠪᠡᠶᠡᠯᠡᠭᠦᠯᠪᠡ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠠᠯᠠᠱ᠌ᠠ ᠠᠢ᠌ᠮᠠᠭ᠎ᠤᠨ ᠲᠤᠰᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠶᠠᠪᠤᠭᠳᠠᠪᠠ
ᠮᠠᠨ᠎ᠤ ᠣᠷᠣᠨ ᠳᠤᠮᠳᠠ ᠪᠠ ᠤᠷᠲᠤ ᠬᠤᠭᠤᠴᠠᠭ᠋ᠠᠨ᠎ᠤ ᠵᠠᠯᠠᠭᠤᠴᠤᠳ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠨᠡᠢ᠌ᠲᠡᠯᠡᠪᠡ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠣᠷᠳᠣᠨ 《13·5》 ᠵᠢᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠢ ᠨᠡᠢ᠌ᠭᠡᠮᠴᠢᠯᠡᠨ ᠬᠠᠮᠢᠶᠠᠷᠬᠤ ᠠᠵᠢᠯ᠎ᠤᠨ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
 
            