
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 10 ᠰᠠᠷ᠎ᠠ ᠵᠢᠨ 20᠎ᠤ ᠡᠳᠦᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠎ᠢ ᠰᠡᠷᠭᠡᠢ᠌ᠯᠡᠬᠦ ᠪᠣᠯᠣᠨ ᠵᠡᠮᠳᠡᠭᠴᠦᠳ᠎ᠢ ᠡᠷᠡᠭᠦᠯᠵᠢᠭᠦᠯᠬᠦ ᠠᠷᠭ᠎ᠠ》 ᠨᠡᠢ᠌ᠲᠡᠯᠡᠭᠳᠡᠭᠰᠡᠨ ᠠᠬᠤᠢ ᠪᠠᠢ᠌ᠳᠠᠯ᠂ ᠭᠣᠣᠯ ᠠᠭᠤᠯᠭ᠎ᠠ ᠪᠣᠯᠣᠨ ᠴᠢᠬᠣᠯᠠ ᠴᠢᠨᠠᠷ ᠵᠡᠷᠭᠡ ᠵᠢ ᠲᠠᠨᠢᠯᠴᠠᠭᠤᠯᠵᠠᠢ᠃
ᠲᠤᠰ ᠠᠷᠭ᠎ᠠ᠎ᠨᠢ ᠶᠡᠷᠦᠩᠬᠡᠢ ᠳᠥᠷᠢᠮ᠂ ᠵᠡᠮᠳᠡᠭ᠎ᠢ ᠰᠡᠷᠭᠡᠢ᠌ᠯᠡᠬᠦ᠂ ᠡᠷᠡᠭᠦᠯᠵᠢᠭᠦᠯᠬᠦ ᠦᠢ᠍ᠯᠡᠴᠢᠯᠡᠭᠡ᠂ ᠪᠠᠲᠤᠯᠠᠬᠤ ᠠᠷᠭ᠎ᠠ᠂ ᠨᠡᠮᠡᠯᠲᠡ ᠳᠥᠷᠢᠮ ᠵᠡᠷᠭᠡ ᠲᠠᠪᠤᠨ ᠲᠠᠯ᠎ᠠ ᠵᠢᠨ ᠠᠭᠤᠯᠭ᠎ᠠ ᠵᠢ ᠪᠠᠭᠲᠠᠭ᠋ᠠᠵᠤ᠂ 2020 ᠣᠨ᠎ᠤ 9 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠡᠢ᠃