3 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠢᠨ᠎ᠡ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠣᠭᠣᠳᠬᠤ ᠭᠠᠵᠠᠷ᠎ᠤᠨ 48 ᠳ᠋ᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ 《ᠮᠥᠩᠭᠡ ᠰᠤᠪᠠᠭ》 APP ᠪᠠ ᠡᠷᠡᠭᠦᠯ ᠮᠡᠨᠳᠦ ᠵᠢᠨ ᠺᠠᠷᠲ ᠵᠡᠷᠭᠡ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠲᠠᠨᠢᠯᠴᠠᠭᠤᠯᠤᠭᠰᠠᠨ ᠵᠶ᠋ᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ ᠡᠭᠦᠰᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠢᠳᠡᠪᠬᠢᠲᠡᠶ᠎ᠪᠠᠷ ᠠᠵᠢᠯᠯᠠᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠡᠯ᠎ᠡ ᠵᠦᠢᠯ᠎ᠤᠨ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠪᠠ᠃
ᠨᠢᠭᠡ᠎ᠳᠤ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠴᠢᠩᠭ᠋ᠠᠳᠬᠠᠵᠤ᠂ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ 〈ᠰᠦᠯᠵᠢᠶᠡᠨ ᠳᠡᠭᠡᠷ᠎ᠡ ᠭᠦᠢᠴᠡᠳᠬᠡᠬᠦ〉᠂
〈ᠤᠷᠢᠳᠴᠢᠯᠠᠨ ᠪᠣᠯᠵᠣᠵᠤ ᠭᠦᠢᠴᠡᠳᠬᠡᠬᠦ〉᠂ 〈ᠰᠢᠦᠳᠠᠨ ᠵᠶ᠋ᠠᠷ ᠭᠦᠢᠴᠡᠳᠬᠡᠬᠦ〉᠎ᠪᠠᠷ ᠳᠠᠮᠵᠢᠭᠤᠯᠤᠨ ᠶᠡᠬᠡ ᠲᠢᠩᠬᠢᠮ᠎ᠳᠤ ᠬᠦᠷᠴᠦ ᠶᠠᠪᠤᠳᠠᠯ ᠭᠦᠢ᠍ᠴᠡᠳᠬᠡᠬᠦ ᠵᠢ ᠪᠠᠭ᠋ᠠᠰᠬᠠᠬᠤ ᠲᠤᠬᠠᠶ ᠰᠠᠨᠠᠭ᠋ᠠᠴᠢᠯᠠᠭ᠎ᠠ ᠵᠢᠨ ᠪᠢᠴᠢᠭ》᠎ᠢ ᠴᠠᠭ ᠲᠤᠬᠠᠶ᠎ᠳᠤᠨᠢ ᠨᠡᠢ᠌ᠲᠡᠯᠡᠵᠦ᠂ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠰᠦᠯᠵᠢᠶᠡᠨ ᠳᠡᠭᠡᠷ᠎ᠡ ᠭᠦᠢᠴᠡᠳᠬᠡᠬᠦ᠂ ᠭᠠᠷ ᠤᠲᠠᠰᠤᠨ ᠳᠡᠭᠡᠷ᠎ᠡ ᠭᠦᠢᠴᠡᠳᠬᠡᠬᠦ ᠵᠢ ᠰᠠᠨᠠᠭ᠋ᠠᠴᠢᠯᠠᠵᠤ᠂ ᠨᠢᠭᠤᠷ ᠵᠣᠯᠭ᠋ᠠᠯ ᠥᠬᠡᠶ᠂ ᠬᠦᠷᠦᠯᠴᠡᠬᠦ ᠴᠢᠬᠤᠯᠠ ᠦᠭᠡᠢ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠠᠬᠢᠭᠤᠯᠤᠨ᠎ᠠ᠃ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠫᠤᠷᠲᠸᠯ ᠰᠦᠯᠵᠢᠶ᠎ᠡ ᠵᠢ ᠥᠭᠡᠷᠡᠴᠢᠯᠡᠨ ᠲᠠᠰ ᠳᠡᠪᠰᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠦᠢᠯᠡᠴᠢᠯᠡᠭᠡᠨ᠎ᠤ ᠲᠤᠰᠬᠠᠶ ᠪᠤᠯᠤᠩ ᠨᠡᠭᠡᠭᠡᠵᠦ᠂ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠡᠨ ᠰᠡᠷᠭᠦᠭᠡᠬᠦ ᠦᠢᠯᠡᠴᠢᠯᠡᠭᠡ᠂ ᠵᠢᠵᠢᠭ ᠪᠢᠴᠢᠯ ᠠᠵᠤ ᠠᠬᠤᠢ᠌ᠯᠠᠯ ᠪᠠ ᠬᠤᠪᠢ ᠵᠢᠨ ᠦᠢᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠢ᠍ᠯᠡᠴᠢᠯᠡᠭᠡ ᠭᠤᠷᠪᠠᠨ ᠦᠢ᠍ᠯᠡᠴᠢᠯᠡᠭᠡᠨ᠎ᠤ ᠲᠣᠭᠤᠷᠢᠭ᠎ᠢ ᠲᠣᠭᠲᠠᠭᠤᠨ ᠵᠶ᠋ᠠᠷ ᠠᠬᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ᠌ᠯᠠᠯ᠎ᠤᠨ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠡᠨ ᠰᠡᠷᠭᠦᠭᠡᠬᠦ᠎ᠳᠤ ᠬᠦᠴᠦᠨ ᠨᠡᠮᠡᠷᠢᠯᠡᠪᠡ᠃ ᠡᠭᠦᠨ᠎ᠠᠴᠠ ᠭᠠᠳᠠᠨ᠎ᠠ᠂ ᠪᠠᠰᠠ ᠣᠷᠣᠨ ᠪᠦᠰᠡ ᠠᠯᠤᠰᠯᠠᠨ ᠨᠡᠢ᠌ᠳᠡᠮ ᠭᠦᠢᠴᠡᠳᠬᠡᠬᠦ ᠪᠠ ᠭᠣᠤᠯ ᠰᠡᠳᠦᠪᠲᠦ ᠬᠤᠷᠠᠮᠠᠯ ᠦᠢ᠍ᠯᠡᠴᠢᠯᠡᠭᠡ ᠵᠢᠨ 2 ᠲᠤᠰᠬᠠᠶ ᠲᠣᠭᠤᠷᠢᠭ ᠭᠠᠷᠭ᠋ᠠᠵᠤ᠂ ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠠᠩᠭ᠋ᠠᠵᠤ᠂ ᠨᠢᠭᠤᠷ ᠵᠣᠯᠭ᠋ᠠᠯ ᠥᠬᠡᠶ ᠬᠢᠨᠠᠨ ᠵᠥᠪᠰᠢᠶᠡᠷᠡᠬᠦ ᠵᠢ ᠶᠡᠬᠡ᠎ᠪᠠᠷ ᠳᠥᠯᠭᠢᠨ ᠠᠬᠢᠭᠤᠯᠪᠠ᠃
ᠬᠣᠶᠠᠷ᠎ᠲᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠯ᠎ᠡ ᠵᠦᠢᠯ᠎ᠤᠨ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ᠎ᠤᠨ ᠠᠮᠤᠷ ᠲᠦᠪᠰᠢᠨ ᠠᠵᠢᠯᠯᠠᠬᠤ ᠵᠢ ᠦᠨᠡᠨ ᠬᠦ᠌ ᠪᠠᠲᠤᠯᠠᠵᠤ᠂ ᠪᠠᠴᠢᠮ ᠪᠤᠰᠤ ᠵᠦᠢᠯᠡᠰ᠎ᠢ ᠬᠣᠢ᠌ᠰᠢᠯᠠᠭᠤᠯᠤᠨ ᠭᠦᠢᠴᠡᠳᠬᠡᠬᠦ᠂ ᠲᠤᠰᠬᠠᠶ ᠨᠡᠪᠲᠡᠷᠡᠬᠦ ᠵᠠᠮ ᠨᠡᠭᠡᠭᠡᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠵᠤ ᠠᠬᠤᠢ᠌ᠯᠠᠯ ᠣᠯᠠᠨ ᠲᠦᠮᠡᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠰᠢᠢ᠍ᠳᠪᠦᠷᠢᠯᠡᠬᠦ᠎ᠳᠤ ᠳᠥᠭᠥᠮ ᠦᠵᠡᠭᠦᠯᠪᠡ᠃
ᠭᠤᠷᠪᠠ᠎ᠳᠤ ᠬᠢᠨᠠᠨ ᠵᠥᠪᠰᠢᠶᠡᠷᠡᠬᠦ ᠦᠢᠯᠡᠴᠢᠯᠡᠭᠡᠨ᠎ᠤ 《ᠠᠮᠠᠯᠠᠯᠲᠠ ᠵᠢᠨ ᠲᠦᠷᠢᠮ》᠎ᠤᠨ ᠥᠭᠡᠷᠡᠴᠢᠯᠡᠯᠲᠡ ᠵᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠵᠡᠷᠭᠡ 10 ᠰᠠᠯᠠᠭ᠎ᠠ ᠮᠥᠴᠢᠷ᠎ᠤᠳ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠡᠷᠡᠭᠰᠡᠬᠦ ᠡᠳ᠋ ᠪᠠᠷᠠᠭ᠎ᠠ ᠵᠢᠨ ᠰᠢᠨ᠎ᠡ᠎ᠪᠠᠷ ᠪᠠᠢ᠌ᠭᠤᠯᠬᠤ ᠲᠥᠷᠥᠯ ᠵᠦᠢᠯ᠎ᠳᠤ 《ᠠᠮᠠᠯᠠᠯᠲᠠ ᠵᠢᠨ ᠳᠦᠷᠢᠮ》᠎ᠤᠨ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠣᠯᠪᠣᠭᠳᠠᠬᠤ ᠬᠡᠰᠡᠭ ᠵᠦᠢᠯ᠎ᠳᠤ ᠤᠷᠢᠳᠠᠪᠠᠷ ᠦᠨᠡᠮᠯᠡᠯ ᠣᠯᠭᠣᠵᠤ ᠳᠠᠷᠠᠭ᠎ᠠ᠎ᠨᠢ ᠬᠢᠨᠠᠨ ᠰᠢᠯᠭ᠋ᠠᠬᠤ ᠵᠢ ᠬᠡᠷᠡᠭᠵᠢᠭᠦᠯᠬᠦ ᠵᠢᠨ ᠬᠠᠮᠲᠤ ᠬᠢᠨᠠᠨ ᠵᠥᠪᠰᠢᠶᠡᠷᠡᠬᠦ ᠭᠣᠭᠴᠣᠭ᠎ᠠ ᠵᠢ ᠤᠯᠠᠮ ᠨᠢᠭᠡ ᠠᠯᠬᠤᠮ ᠴᠣᠮᠬᠠᠳᠬᠠᠨ᠂ ᠠᠵᠢᠯ ᠡᠷᠬᠢᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠠᠵᠤ ᠦᠢᠯᠡᠳᠪᠦᠷᠢ ᠵᠢᠨ ᠲᠥᠷᠥᠯ ᠵᠦᠢᠯ᠎ᠤᠨ ᠣᠶ ᠰᠢᠭᠤᠢ᠌ᠲᠤ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠪᠠ ᠲᠠᠲᠠᠪᠤᠷᠢᠯᠠᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠴᠠᠭ᠎ᠢ ᠤᠤᠯ᠎ᠤᠨ 30 ᠡᠳᠦᠷ ᠪᠠᠢ᠌ᠭᠰᠠᠨ᠎ᠠᠴᠠ᠎ᠨᠢ 20 ᠡᠳᠦᠷ ᠪᠣᠯᠭ᠋ᠠᠨ ᠪᠠᠭ᠋ᠠᠰᠬᠠᠪᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠲᠠᠰᠤᠯᠤᠨ ᠪᠣᠳᠣᠬᠤ᠂ ᠪᠣᠳᠣᠵᠤ ᠣᠯᠭᠣᠬᠤ᠂ ᠨᠥᠭᠴᠢᠭᠰᠡᠳ᠎ᠤᠨ ᠭᠡᠷ ᠪᠦᠯᠢ ᠵᠢᠨ ᠣᠯᠭᠣᠮᠵᠢ ᠵᠡᠷᠭᠡ 3 ᠵᠦᠢᠯᠡᠰ᠎ᠢ ᠭᠦᠢᠴᠡᠳᠬᠡᠬᠦ᠎ᠳᠤ ᠪᠠᠩᠬᠢ ᠵᠢᠨ ᠺᠠᠷᠲ᠎ᠤᠨ ᠬᠠᠭᠤᠯᠪᠤᠷᠢ ᠵᠡᠷᠭᠡ 5 ᠵᠦᠢᠯ᠎ᠤᠨ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠤᠵᠢᠭ ᠴᠢᠨᠠᠷᠲᠠᠶ ᠡᠪᠡᠳᠴᠢᠨ᠎ᠤ ᠬᠠᠮᠢᠶᠠᠷᠤᠯᠲᠠ ᠵᠢᠨ ᠬᠢᠨᠠᠨ ᠵᠥᠪᠰᠢᠶᠡᠷᠡᠬᠦ ᠮᠠᠲ᠋ᠧᠷᠢᠶᠠᠯ᠎ᠢ ᠴᠣᠮᠬᠠᠳᠬᠠᠨ᠂ ᠴᠣᠩᠬᠤᠪᠴᠢ᠎ᠪᠠᠷ ᠬᠢᠨᠠᠨ ᠵᠥᠪᠰᠢᠶᠡᠷᠡᠬᠦ ᠭᠣᠭᠴᠣᠭ᠎ᠠ ᠵᠢ ᠬᠦᠴᠦᠨ ᠥᠬᠡᠶ ᠪᠣᠯᠭ᠋ᠠᠵᠤ᠂ ᠡᠪᠡᠳᠴᠢᠲᠡᠨ ᠰᠢᠭᠤᠳ ᠡᠮ᠎ᠤᠨ ᠳᠡᠯᠭᠡᠭᠦᠷ᠎ᠲᠤ ᠬᠦᠷᠴᠦ ᠨᠥᠬᠥᠴᠡᠯ᠎ᠳᠤ ᠨᠡᠢ᠌ᠴᠡᠬᠦ ᠡᠮ᠎ᠤᠨ ᠵᠦᠢᠯ ᠵᠡᠷᠭᠡ ᠵᠢ ᠬᠤᠳᠠᠯᠳᠤᠨ ᠠᠪᠴᠤ ᠪᠣᠯᠤᠨ᠎ᠠ᠃
ᠳᠥᠷᠪᠡ᠎ᠳᠤ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ ᠵᠢᠨ ᠡᠷᠬᠡ ᠰᠦᠷᠲᠦ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠰᠬᠠᠶ ᠰᠡᠳᠦᠪ ᠭᠠᠷᠭ᠋ᠠᠵᠤ᠂ ᠲᠥᠪ᠎ᠤᠨ ᠪᠠᠢ᠌ᠷᠢᠯᠠᠭᠤᠯᠤᠯᠲᠠ᠂ ᠥᠨᠥᠳᠥᠷ᠎ᠤᠨ ᠠᠩᠬᠠᠷᠤᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠡᠮᠴᠢᠯᠡᠭᠡᠨ᠎ᠤ ᠪᠠᠲᠤᠯᠠᠭ᠎ᠠ ᠵᠡᠷᠭᠡ 10 ᠪᠤᠯᠤᠩ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠡᠯ᠎ᠡ ᠵᠦᠢᠯ᠎ᠤᠨ ᠠᠷᠭ᠎ᠠ ᠬᠡᠮᠵᠢᠶ᠎ᠡ ᠪᠠ ᠬᠠᠮᠢᠶ᠎ᠠ ᠪᠦᠬᠦᠢ ᠮᠡᠳᠡᠭᠡᠯᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠠᠮᠤᠭ᠎ᠤᠨ ᠰᠢᠨ᠎ᠡ ᠪᠠᠢ᠌ᠳᠠᠯ᠎ᠢ ᠴᠠᠭ ᠲᠤᠬᠠᠶ᠎ᠳᠤᠨᠢ ᠨᠡᠢ᠌ᠲᠡᠯᠡᠬᠦ ᠪᠣᠯᠣᠨ᠎ᠠ᠃
3 ᠳ᠋ᠤᠭ᠋ᠠᠷ ᠰᠠᠷ᠎ᠠ ᠵᠢᠨ 13᠎ᠤ ᠡᠳᠦᠷ᠂ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠰᠢᠯᠵᠢᠮᠡᠯ ᠦᠵᠦᠭᠦᠷ᠎ᠤᠨ 《ᠮᠥᠩᠬᠡ ᠰᠤᠪᠠᠭ》 APP ᠵᠢ ᠰᠦᠯᠵᠢᠶᠡᠨ᠎ᠳᠤ ᠲᠤᠷᠰᠢᠨ ᠠᠵᠢᠯᠯᠠᠭᠤᠯᠪᠠ᠃
《ᠮᠥᠩᠬᠡ ᠰᠤᠪᠠᠭ》 APP ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠳᠦᠨ ᠪᠠᠶ᠋ᠢᠭᠤᠯᠤᠭᠰᠠᠨ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠰᠢᠯᠵᠢᠮᠡᠯ ᠦᠵᠦᠭᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤ ᠬᠠᠮᠲᠤ᠎ᠪᠠᠷ ᠪᠠᠢ᠌ᠭᠤᠯᠤᠨ ᠬᠠᠮᠲᠤ᠎ᠪᠠᠷ ᠬᠡᠷᠡᠭᠯᠡᠵᠦ᠂ ᠥᠷᠭᠡᠨ ᠣᠯᠠᠨ ᠲᠦᠮᠡᠨ ᠪᠠ ᠠᠵᠤ ᠠᠬᠤᠶ᠋ᠢᠯᠠᠯ᠎ᠤᠨ ᠠᠵᠢᠯ ᠶᠠᠪᠤᠳᠠᠯ ᠭᠦᠢ᠍ᠴᠡᠳᠬᠡᠬᠦ᠎ᠳᠤ 《ᠨᠢᠭᠡ ᠥᠷᠲᠡᠭᠡ ᠮᠠᠶᠢᠭ》᠎ᠤᠨ ᠠᠯᠠᠭ᠋ᠠᠨ ᠳᠡᠭᠡᠷ᠎ᠡ᠎ᠪᠠᠨ ᠪᠠᠶ᠋ᠢᠴᠠᠭ᠋ᠠᠨ ᠯᠠᠪᠯᠠᠬᠤ᠂ ᠠᠯᠠᠭ᠋ᠠᠨ ᠳᠡᠭᠡᠷ᠎ᠡ᠎ᠪᠠᠨ ᠤᠷᠢᠳᠴᠢᠯᠠᠨ ᠪᠣᠯᠵᠣᠬᠤ᠂ ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ᠂ ᠠᠯᠠᠭ᠋ᠠᠨ ᠳᠡᠭᠡᠷ᠎ᠡ᠎ᠪᠠᠨ ᠦᠨᠡᠯᠡᠬᠦ ᠵᠡᠷᠭᠡ ᠪᠥᠬᠥ ᠴᠤᠪᠤᠷᠠᠯ᠎ᠤᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠨ᠎ᠠ᠃ ᠡᠭᠦᠨ᠎ᠤ ᠬᠠᠮᠲᠤ᠂ 《ᠮᠥᠩᠬᠡ ᠰᠤᠪᠠᠭ》 APP ᠪᠠᠰᠠ ᠰᠦᠢ᠍ᠳᠬᠡᠯ ᠲᠤᠰᠢᠶᠠᠬᠤ᠂ ᠡᠯ᠎ᠡ ᠲᠥᠷᠥᠯ᠎ᠤᠨ ᠪᠠᠶ᠋ᠢᠴᠠᠭ᠋ᠠᠨ ᠯᠠᠪᠯᠠᠬᠤ ᠵᠡᠷᠭᠡ ᠠᠷᠠᠳ᠎ᠲᠤ ᠲᠥᠬᠥᠮ ᠦᠵᠡᠭᠦᠯᠬᠦ ᠣᠯᠠᠨ ᠵᠦᠢ᠍ᠯ᠎ᠤᠨ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠢ ᠬᠡᠷ ᠡᠷᠦᠬᠡ᠎ᠠᠴᠠ᠎ᠨᠢ ᠭᠠᠷᠭ᠋ᠠᠬᠤ ᠥᠬᠡᠶ᠎ᠪᠠᠷ ᠠᠮᠢᠳᠤᠷᠠᠯᠳᠤᠨᠢ ᠲᠥᠬᠥᠮ ᠦᠵᠡᠭᠦᠯᠦᠨ᠎ᠡ᠃
ᠣᠳᠣᠬᠠᠨ᠎ᠳᠤ᠂ 《ᠮᠥᠩᠬᠡ ᠰᠤᠪᠠᠭ》 APP᠎ᠨᠢ ᠨᠢᠭᠡᠨᠲᠡ ᠡᠷᠡᠭᠦᠯ ᠮᠡᠨᠳᠦ ᠵᠢᠨ ᠺᠠᠷᠲ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠂ ᠵᠢᠯᠣᠭᠣᠴᠢ ᠵᠢᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ᠂ ᠣᠷᠣᠭ᠎ᠤᠨ ᠦᠨᠡᠮᠯᠡᠯ᠂ ᠣᠷᠣᠭ ᠰᠠᠯᠬᠤ ᠦᠨᠡᠮᠯᠡᠯ᠂ ᠲᠥᠷᠥᠯᠳ᠋ᠨ ᠵᠢᠨ ᠠᠨᠠᠭ᠋ᠠᠬᠤ ᠤᠬᠠᠭ᠋ᠠᠨ᠎ᠤ ᠭᠡᠷᠡᠴᠢ᠂ ᠡᠵᠡᠩᠨᠡᠯᠲᠡ ᠵᠢᠨ ᠦᠨᠡᠮᠯᠡᠯ ᠵᠡᠷᠭᠡ 8 ᠲᠥᠷᠥᠯ᠎ᠤᠨ ᠡᠯᠧᠺᠲᠷᠣᠨ ᠦᠨᠡᠮᠯᠡᠯ᠎ᠢ ᠭᠤᠶᠤᠴᠢᠯᠠᠨ ᠠᠪᠬᠤ ᠪᠠ ᠭᠠᠷᠭ᠋ᠠᠨ ᠦᠵᠡᠭᠦᠯᠬᠦ ᠵᠢᠴᠢ ᠨᠡᠶ᠋ᠢᠲᠡ ᠵᠢᠨ ᠬᠤᠷᠠᠮᠳᠤᠯᠭ᠎ᠠ ᠵᠢᠨ ᠮᠥᠩᠭᠥ᠂ ᠡᠮᠴᠢᠯᠡᠭᠡᠨ᠎ᠤ ᠳᠠᠭ᠋ᠠᠳᠬᠠᠯ᠂ ᠨᠡᠶ᠋ᠢᠭᠡᠮ᠎ᠤᠨ ᠳᠠᠭ᠋ᠠᠳᠬᠠᠯ ᠵᠡᠷᠭᠡ 55 ᠵᠦᠢ᠍ᠯ᠎ᠤᠨ ᠬᠡᠷᠡᠭᠯᠡᠭᠡᠨ᠎ᠤ ᠳᠠᠪᠲᠠᠮᠵᠢ᠎ᠪᠠᠷ ᠥᠨᠳᠥᠷ ᠥᠪᠡᠷᠮᠢᠴᠡ ᠣᠨᠴᠠᠯᠢᠭᠲᠤ ᠦᠢ᠍ᠯᠡᠴᠢᠯᠡᠭᠡ ᠵᠢ ᠳᠡᠮᠵᠢᠬᠦ ᠪᠣᠯᠪᠠ᠃
ᠥᠪᠡᠷᠲᠡᠭᠡᠨ ᠵᠠᠰᠠᠬᠤ ᠣᠷᠣᠨ᠎ᠤ ᠰᠠᠭᠤᠭ᠋ᠠᠯᠢ ᠠᠷᠠᠳ ᠵᠥᠪᠬᠡᠨ ᠡᠯ᠎ᠡ ᠲᠣᠮᠣ ᠭᠠᠷ ᠤᠲᠠᠰᠤᠨ᠎ᠤ ᠬᠡᠷᠡᠭᠯᠡᠭᠡᠨ᠎ᠤ ᠳᠡᠯᠭᠡᠭᠦᠷ᠎ᠠᠴᠠ 《ᠮᠥᠩᠬᠡ ᠰᠤᠪᠠᠭ》 APP ᠵᠢ ᠪᠠᠭᠤᠯᠭ᠋ᠠᠵᠤ ᠠᠪᠬᠤ ᠪᠤᠶᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠩᠬᠢᠮ᠎ᠳᠤ ᠳᠡᠯᠭᠡᠨ ᠦᠵᠡᠭᠦᠯᠵᠦ ᠪᠠᠢ᠌ᠭ᠎ᠠ ᠬᠣᠶᠠᠷ ᠬᠡᠮᠵᠢᠭᠳᠡᠯᠲᠦ ᠺᠣᠳ᠋᠎ᠢ ᠰᠢᠷᠪᠢᠬᠦ᠎ᠪᠠᠷ ᠳᠠᠮᠵᠢᠨ 《ᠮᠥᠩᠬᠡ ᠰᠤᠪᠠᠭ》᠎ᠢ ᠪᠠᠭᠤᠯᠭ᠋ᠠᠵᠤ ᠠᠪᠬᠤ ᠵᠢᠨ ᠬᠠᠮᠲᠤ ᠳᠠᠩᠰᠠᠯᠠᠭᠤᠯᠬᠤ ᠪᠠ ᠦᠨᠡᠨ ᠨᠡᠷ᠎ᠡ᠎ᠪᠠᠨ ᠭᠡᠷᠡᠴᠢᠯᠡᠭᠰᠡᠨ᠎ᠤ ᠳᠠᠷᠠᠭ᠎ᠠ ᠳᠠᠷᠤᠶ 《ᠮᠥᠩᠬᠡ ᠰᠤᠪᠠᠭ》 APP ᠵᠢᠨ ᠳᠣᠲᠣᠷᠠᠬᠢ ᠡᠯ᠎ᠡ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠮᠵᠢ ᠵᠢ ᠬᠡᠷᠡᠭᠯᠡᠵᠦ ᠪᠣᠯᠤᠨ᠎ᠠ᠃
《ᠮᠥᠩᠬᠡ ᠰᠤᠪᠠᠭ》 APP 《ᠡᠯᠧᠺᠲᠷᠣᠨ ᠺᠠᠷᠲ᠎ᠤᠨ ᠪᠣᠭᠣᠳᠠᠯ》᠎ᠳᠤ ᠨᠢᠭᠡᠨᠲᠡ ᠰᠦᠯᠵᠢᠶᠡᠨ᠎ᠳᠤ ᠤᠷᠤᠭᠰᠠᠨ ᠡᠷᠡᠭᠦᠯ ᠮᠡᠨᠳᠦ ᠵᠢᠨ ᠺᠣᠳ᠋ (ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠡᠯᠸᠺᠲᠷᠣᠨ ᠺᠠᠷᠲ)᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠂ ᠡᠯᠧᠺᠲᠷᠣᠨ ᠵᠢᠯᠣᠭᠣᠴᠢ ᠵᠢᠨ ᠦᠨᠡᠮᠯᠡᠯ᠂ ᠡᠯᠸᠺᠲᠷᠣᠨ ᠲᠡᠷᠭᠡ ᠶᠠᠪᠤᠭᠤᠯᠬᠤ ᠦᠨᠡᠮᠯᠡᠯ᠂ ᠡᠯᠧᠺᠲᠷᠣᠨ ᠣᠷᠣᠭ᠎ᠤᠨ ᠦᠨᠡᠮᠯᠡᠯ᠂ ᠡᠯᠧᠺᠲᠷᠣᠨ ᠲᠥᠷᠥᠯᠳ᠋ᠨ ᠵᠢᠨ ᠠᠨᠠᠭ᠋ᠠᠬᠤ ᠤᠬᠠᠭ᠋ᠠᠨ᠎ᠤ ᠭᠡᠷᠡᠴᠢ᠂ ᠡᠯᠧᠺᠲᠷᠣᠨ ᠡᠵᠡᠩᠨᠡᠯᠲᠡ ᠵᠢᠨ ᠦᠨᠡᠮᠯᠡᠯ ᠵᠡᠷᠭᠡ 8 ᠵᠦᠢ᠍ᠯ᠎ᠤᠨ ᠡᠯᠧᠺᠲᠷᠣᠨ ᠦᠨᠡᠮᠯᠡᠯ᠎ᠨᠢ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠶᠤᠮ᠃
ᠰᠠᠭᠤᠭ᠋ᠠᠯᠢ ᠠᠷᠠᠳ᠎ᠤᠨ ᠠᠵᠢᠯ ᠶᠠᠪᠤᠳᠠᠯ ᠭᠦᠢ᠍ᠴᠡᠳᠬᠡᠬᠦ᠎ᠳᠤ ᠨᠠᠩ ᠲᠥᠬᠥᠮ ᠦᠵᠡᠭᠦᠯᠬᠦ ᠵᠢᠨ ᠲᠥᠯᠥᠭᠡ᠂ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠤ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠡᠯᠧᠺᠲᠷᠣᠨ ᠺᠠᠷᠲ (ᠡᠷᠡᠭᠦᠯ ᠮᠡᠨᠳᠦ ᠵᠢᠨ ᠺᠣᠳ᠋) ᠪᠣᠯ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢᠨ 《ᠨᠡᠪᠲᠡᠷᠡᠬᠦ ᠦᠨᠡᠮᠯᠡᠯ》 ᠮᠥᠨ᠂ ᠡᠭᠦᠨ᠎ᠤ ᠬᠠᠮᠲᠤ ᠪᠠᠰᠠ 《ᠡᠪᠡᠳᠴᠢᠨ ᠦᠵᠡᠭᠦᠯᠬᠦ ᠺᠠᠷᠲ》᠎ᠤᠨ ᠴᠢᠳᠠᠮᠵᠢ ᠵᠢ ᠡᠭᠦᠷᠭᠡᠯᠡᠵᠦ᠂ ᠭᠠᠵᠠᠷ ᠣᠷᠣᠨ ᠠᠯᠤᠰᠯᠠᠨ᠂ ᠡᠮᠨᠡᠯᠭᠡ ᠵᠢᠨ ᠬᠣᠷᠢᠶ᠎ᠠ ᠠᠯᠤᠰᠯᠠᠨ ᠤᠷᠢᠳᠴᠢᠯᠠᠨ ᠪᠣᠯᠵᠣᠵᠤ ᠳ᠋ᠤᠭ᠋ᠠᠷᠯᠠᠬᠤ᠂ ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠯᠲᠠ ᠬᠢᠬᠦ᠂ ᠡᠪᠡᠳᠴᠢᠨ᠎ᠤ ᠵᠢᠱ᠌ᠢᠶ᠎ᠡ ᠵᠢᠨ ᠲᠡᠮᠳᠡᠭᠯᠡᠯ ᠬᠢᠬᠦ᠂ ᠰᠦᠯᠵᠢᠶᠡᠨ ᠳᠡᠭᠡᠷ᠎ᠡ ᠰᠦᠢ᠍ᠳᠬᠡᠯ ᠲᠤᠰᠢᠶᠠᠬᠤ ᠵᠡᠷᠭᠡ ᠦᠢ᠍ᠯᠡᠴᠢᠯᠡᠭᠡ ᠵᠢ ᠪᠡᠶᠡᠯᠡᠭᠦᠯᠵᠦ ᠪᠠᠶ᠋ᠢᠨ᠎ᠠ᠃ ᠡᠯᠧᠺᠲᠷᠣᠨ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠨᠢ ᠰᠠᠭᠤᠭ᠋ᠠᠯᠢ ᠠᠷᠠᠳ᠎ᠢ ᠬᠠᠪᠰᠤᠷᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠰᠦᠯᠵᠢᠶᠡᠨ ᠳᠡᠭᠡᠷ᠎ᠡ ᠺᠣᠳ᠋ ᠰᠢᠷᠪᠢᠬᠦ᠎ᠪᠠᠷ ᠳᠠᠮᠵᠢᠨ ᠬᠠᠮᠢᠶ᠎ᠠ ᠪᠥᠬᠥᠶ ᠵᠠᠷᠤᠳᠠᠯ ᠵᠶ᠋ᠠᠨ ᠳᠥᠯᠥᠵᠦ ᠪᠣᠯᠤᠨ᠎ᠠ᠃
ᠣᠳᠣᠬᠠᠨ᠎ᠳᠤ ᠶᠠᠭ ᠬᠡᠷᠡᠭᠵᠢᠭᠦᠯᠵᠦ ᠪᠠᠶ᠋ᠢᠭ᠎ᠠ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠡᠯᠧᠺᠲᠷᠣᠨ ᠺᠠᠷᠲ (ᠡᠷᠡᠭᠦᠯ ᠮᠡᠨᠳᠦ ᠵᠢᠨ ᠺᠣᠳ᠋)᠎ᠤᠨ ᠬᠠᠮᠢᠶᠠᠷᠤᠯᠲᠠ ᠵᠢᠨ ᠰᠢᠰᠲ᠋ᠧᠮ ᠨᠢᠭᠡᠨᠲᠡ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠠᠪᠴᠠᠩ᠎ᠳᠤ ᠵᠠᠯᠭ᠋ᠠᠨ ᠣᠷᠣᠵᠤ᠂ ᠵᠢᠶᠠᠩᠰᠦ᠂ ᠨᠢᠩᠰᠢᠶᠠ᠂ ᠱᠠᠨᠳᠦ᠋ᠩ᠂ ᠰᠢᠨᠵᠢᠶᠠᠩ᠂ ᠴᠦᠩᠴᠢᠩ᠂ ᠭᠤᠸᠠᠩᠳᠦ᠋ᠩ᠂ ᠲᠢᠶᠠᠨᠵᠢᠨ᠂ ᠬᠠᠶ᠋ᠢᠨᠠᠨ᠂ ᠬᠤᠨᠠᠨ ᠵᠡᠷᠭᠡ ᠮᠤᠵᠢ ᠬᠣᠲᠠ᠎ᠲᠠᠢ ᠬᠠᠷᠢᠯᠴᠠᠨ ᠮᠡᠳᠡᠷᠡᠭᠰᠡᠨ ᠪᠠᠶ᠋ᠢᠨ᠎ᠠ᠃
ᠨᠢᠭᠡ ᠭᠠᠷ ᠤᠲᠠᠰᠤᠨ᠎ᠤ ᠨᠣᠮᠧᠷ ᠵᠶ᠋ᠠᠷ ᠭᠡᠷ᠎ᠲᠤ᠎ᠪᠠᠨ ᠰᠠᠭᠤᠭ᠎ᠠ ᠣᠶᠤᠨᠯᠢᠭ ᠭᠠᠷ ᠤᠲᠠᠰᠤ ᠥᠬᠡᠶ ᠨᠠᠰᠤᠲᠠᠨ᠂ ᠨᠠᠰᠤᠨ᠎ᠳᠤ ᠬᠦᠷᠦᠭᠡᠳᠦᠶ ᠬᠡᠤᠬᠡᠳ᠎ᠲᠤ ᠡᠷᠡᠭᠦᠯ ᠮᠡᠨᠳᠦ ᠵᠢᠨ ᠺᠣᠳ᠋ ᠭᠤᠶᠤᠴᠢᠯᠠᠨ ᠠᠪᠴᠤ ᠥᠭᠴᠦ ᠪᠣᠯᠤᠨ᠎ᠠ᠂ ᠭᠤᠶᠤᠴᠢᠯᠠᠨ ᠠᠪᠬᠤ ᠦᠶ᠎ᠡ᠎ᠳᠤ ᠭᠤᠶᠤᠴᠢᠯᠠᠨ ᠠᠪᠤᠭᠴᠢ᠎ᠳᠤ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢᠨ ᠭᠡᠷᠡᠴᠢᠯᠡᠯ ᠬᠢᠨ᠎ᠡ᠃ ᠡᠷᠡᠭᠦᠯ ᠮᠡᠨᠳᠦ ᠵᠢᠨ ᠺᠣᠳ᠋᠎ᠢ ᠨᠢᠭᠡ ᠯᠡ ᠤᠳᠠᠭ᠎ᠠ ᠭᠤᠶᠤᠴᠢᠯᠠᠨ ᠠᠪᠤᠪᠠᠯ ᠨᠠᠰᠤᠨ ᠲᠤᠷᠰᠢᠳᠠ ᠬᠦᠴᠦᠨ᠎ᠲᠠᠢ᠂ ᠮᠦᠨ ᠴᠦ᠍ ᠰᠠᠭᠤᠭ᠋ᠠᠯᠢ ᠠᠷᠠᠳ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡ ᠬᠠᠩᠭ᠋ᠠᠬᠤ ᠠᠴᠢᠶᠠᠯᠠᠪᠤᠷᠢ ᠪᠣᠯᠤᠨ᠎ᠠ᠂ ᠰᠠᠭᠤᠭ᠋ᠠᠯᠢ ᠠᠷᠠᠳ ᠡᠷᠡᠭᠦᠯ ᠮᠡᠨᠳᠦ ᠵᠢᠨ ᠺᠣᠳ᠋ ᠵᠶ᠋ᠠᠷ ᠵᠶ᠋ᠠᠨ ᠡᠮᠴᠢᠯᠡᠭᠦᠯᠵᠦ ᠪᠣᠯᠬᠤ ᠪᠦᠭᠡᠳ ᠠᠶ᠋ᠢᠮᠠᠭ ᠬᠣᠲᠠ᠂ ᠡᠮᠨᠡᠯᠭᠡ ᠵᠢᠨ ᠬᠣᠷᠢᠶ᠎ᠠ ᠠᠯᠤᠰᠯᠠᠨ ᠨᠡᠶ᠋ᠢᠳᠡᠮ ᠬᠡᠷᠡᠭᠯᠡᠵᠦ
ᠪᠣᠯᠤᠨ᠎ᠠ᠃