1 ᠳ᠋ᠦ᠍ᠭᠡᠷ ᠰᠠᠷ᠎ᠠ ᠵᠢᠨ 13᠎ᠤ ᠡᠳᠦᠷ᠂ 2020 ᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠪᠡᠶᠡᠯᠡᠭᠦᠯᠦᠭᠰᠡᠨ ᠪᠠᠢ᠌ᠳᠠᠯ᠎ᠤᠨ ᠲᠤᠬᠠᠶ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ 2020 ᠣᠨ᠎ᠳᠤ ᠮᠠᠨ᠎ᠤ ᠣᠷᠣᠨ ᠠᠷᠭ᠎ᠠ ᠪᠦᠬᠦᠨ᠎ᠢ ᠰᠦᠪᠡᠭᠴᠢᠯᠡᠨ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠥᠷᠭᠡᠳᠬᠡᠵᠦ᠂ ᠪᠥᠬᠥ ᠣᠷᠣᠨ᠎ᠤ ᠬᠣᠲᠠ ᠪᠠᠯᠭ᠋ᠠᠰᠤ ᠵᠢᠨ ᠰᠢᠨ᠎ᠡ᠎ᠪᠠᠷ ᠠᠵᠢᠯ ᠣᠯᠤᠭᠰᠠᠨ ᠬᠦᠮᠦᠨ
23.22 ᠲᠦᠮᠡ ᠨᠡᠮᠡᠭᠳᠡᠵᠦ᠂ ᠣᠨ᠎ᠤ ᠬᠠᠷᠠᠯᠲᠠ᠎ᠪᠠᠨ 105.5 %᠎ᠪᠠᠷ ᠪᠡᠶᠡᠯᠡᠭᠦᠯᠪᠡ᠃ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ 3.8 % ᠪᠣᠯᠵᠤ᠂ ᠣᠨ᠎ᠤ ᠬᠢᠵᠠᠭ᠋ᠠᠷᠯᠠᠬᠤ ᠬᠠᠷᠠᠯᠲᠠ᠎ᠠᠴᠠ 0.7 ᠵᠠᠭᠤᠨ᠎ᠤ ᠴᠡᠭ ᠳᠣᠤᠷ᠎ᠠ ᠪᠣᠯᠵᠤ᠂ ᠪᠥᠬᠥ ᠣᠷᠣᠨ᠎ᠤ ᠠᠵᠢᠯ ᠣᠯᠭᠣᠯᠲᠠ ᠵᠢᠨ ᠪᠠᠢ᠌ᠳᠠᠯ ᠶᠡᠷᠦᠩᠬᠡᠶ᠎ᠳᠤ᠎ᠪᠠᠨ ᠲᠣᠭᠲᠠᠭᠤᠨ ᠪᠠᠢ᠌ᠵᠤ᠂ ᠵᠢᠱ᠌ᠢᠯᠲᠡ᠎ᠠᠴᠠ ᠰᠠᠢ᠌ᠨ ᠪᠣᠯᠪᠠ᠃
2020 ᠣᠨ᠎ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠨᠢ ᠠᠵᠢᠯ ᠣᠯᠭᠤᠯᠲᠠ ᠵᠢᠨ ᠠᠵᠢᠯ᠎ᠳᠤ ᠤᠷᠢᠳ ᠡᠮᠦᠨ᠎ᠡ ᠪᠠᠢ᠌ᠭ᠎ᠠ ᠦᠭᠡᠢ ᠥᠷᠢᠰᠥᠯᠳᠦᠭᠡᠨ ᠠᠪᠴᠢᠷᠠᠪᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ ᠵᠢ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠪᠣᠯᠭ᠋ᠠᠨ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠠᠷᠤᠭ᠋ᠠᠰᠤ ᠵᠢ ᠬᠥᠩᠭᠡᠯᠡᠬᠦ᠂ ᠠᠵᠢᠯ᠎ᠤᠨ ᠪᠠᠢ᠌ᠷᠢ ᠵᠢ ᠲᠣᠭᠲᠠᠭᠤᠨ ᠪᠠᠢ᠌ᠯᠭ᠋ᠠᠬᠤ᠂ ᠠᠵᠢᠯ ᠣᠯᠭᠣᠯᠲᠠ ᠵᠢ ᠥᠷᠭᠡᠳᠬᠡᠬᠦ ᠵᠢ ᠵᠡᠷᠭᠡ᠎ᠪᠠᠷ ᠪᠠᠷᠢᠮᠲᠠᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ 20 ᠵᠤᠷᠪᠤᠰ᠂ ᠬᠢᠵᠢᠭ᠎ᠤᠨ ᠪᠠᠢ᠌ᠳᠠᠯ᠎ᠤᠨ ᠨᠦᠯᠦᠭᠡ ᠵᠢ ᠠᠷᠭ᠋ᠠᠴᠠᠭ᠋ᠠᠬᠤ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠵᠢ ᠴᠢᠩᠭ᠋ᠠᠳᠬᠠᠬᠤ 28 ᠵᠣᠷᠪᠤᠰ ᠵᠶ᠋ᠠᠷ ᠶᠡᠷᠦᠩᠬᠡᠢ ᠬᠦᠲᠦᠯᠪᠦᠷᠢ ᠪᠣᠯᠭ᠋ᠠᠵᠤ᠂ ᠠᠵᠢᠯ ᠣᠯᠭᠣᠯᠲᠠ ᠵᠢᠨ ᠦᠢᠯᠡᠴᠢᠯᠡᠭᠡ᠂ ᠠᠵᠢᠯ ᠠᠯᠳᠠᠭᠰᠠᠨ ᠳᠠᠭ᠋ᠠᠳᠬᠠᠯ ᠵᠶ᠋ᠠᠷ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠪᠤᠴᠠᠭ᠋ᠠᠵᠤ ᠠᠵᠢᠯ ᠣᠯᠭᠤᠬᠤ᠂ ᠬᠦᠴᠦ ᠶᠠᠪᠤᠭᠴᠢ ᠮᠠᠯᠴᠢᠨ ᠲᠠᠷᠢᠶᠠᠴᠢᠨ᠎ᠢ ᠵᠣᠬᠢᠶᠠᠨ ᠪᠠᠢ᠌ᠭᠤᠯᠤᠨ ᠠᠵᠢᠯ᠎ᠤᠨ ᠪᠠᠢ᠌ᠷᠢ᠎ᠳᠤ᠎ᠨᠢ ᠪᠤᠴᠠᠭ᠋ᠠᠨ ᠠᠵᠢᠯ ᠰᠡᠷᠭᠦᠭᠡᠬᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠵᠣᠷᠢᠭᠵᠢᠭᠤᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠣᠴᠢᠭᠤᠯᠤᠨ ᠠᠵᠢᠯᠯᠠᠭᠤᠯᠬᠤ ᠵᠡᠷᠭᠡ ᠵᠢ ᠴᠢᠩᠭ᠋ᠠᠳᠬᠠᠬᠤ᠎ᠪᠠᠷ ᠭᠠᠷᠳᠠᠯ ᠪᠣᠯᠭ᠋ᠠᠭᠰᠠᠨ ᠰᠢᠷᠢᠰ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢᠴᠢ ᠠᠵᠢᠯ ᠤᠯᠭᠤᠯᠲᠠ᠎ᠳᠤ ᠦᠢ᠍ᠯᠡᠴᠢᠯᠡᠬᠦ ᠵᠢ ᠴᠢᠩᠭ᠋ᠠᠷᠠᠭᠤᠯᠤᠨ᠂ ᠠᠵᠢᠯ ᠣᠯᠭᠣᠬᠤ ᠦᠢᠯᠡᠰ ᠴᠣᠭᠴᠠᠯᠠᠬᠤ ᠦᠢᠯᠡᠴᠢᠯᠡᠭᠡᠨ᠎ᠤ ᠪᠡᠷᠬᠡ ᠰᠡᠳᠦᠪ᠎ᠢ ᠰᠢᠢᠳᠪᠦᠷᠢᠯᠡᠬᠦ ᠤᠯᠠᠷᠢᠯ᠎ᠤᠨ ᠠᠵᠢᠯᠯᠠᠭ᠎ᠠ ᠵᠢ ᠦᠷᠨᠢᠭᠦᠯᠵᠦ᠂ ᠪᠥᠬᠥ ᠣᠷᠣᠨ᠎ᠳᠤ ᠡᠯ᠎ᠡ ᠲᠥᠷᠥᠯ᠎ᠤᠨ ᠠᠵᠢᠯᠲᠠᠨ ᠡᠯᠰᠡᠬᠦ ᠴᠤᠭᠯᠠᠭ᠋ᠠᠨ᠎ᠢ ᠨᠡᠢ᠌ᠲᠡ 596 ᠲᠠᠯᠠᠪᠠᠶ ᠡᠷᠭᠢᠯᠡᠪᠡ᠃ 12 ᠳ᠋ᠤᠭ᠋ᠠᠷ ᠰᠠᠷ᠎ᠠ ᠵᠢᠨ ᠡᠴᠦᠰ ᠪᠣᠯᠲᠠᠯ᠎ᠠ᠂ 13.96 ᠲᠦᠮᠡᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠤᠭᠰᠠᠨ ᠪᠤᠶᠤ ᠠᠵᠢᠯ ᠣᠯᠭᠣᠬᠤ ᠬᠠᠨᠳᠤᠰᠢ ᠵᠢ ᠨᠠᠢ᠌ᠳᠠᠪᠤᠷᠢᠵᠢᠭᠤᠯᠵᠤ᠂ ᠣᠨ᠎ᠤ ᠲᠦᠯᠦᠪᠯᠡᠭᠡ᠎ᠪᠠᠨ 107 %᠎ᠪᠠᠷ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ᠎ᠤ 248.2 ᠲᠦᠮᠡᠨ ᠬᠥᠳᠡᠯᠮᠦᠷᠢ ᠬᠦᠴᠦᠨ᠎ᠢ ᠰᠢᠯᠵᠢᠭᠦᠯᠦᠨ ᠠᠵᠢᠯ ᠣᠯᠭᠣᠵᠤ᠂ ᠣᠨ᠎ᠤ ᠬᠠᠷᠠᠯᠲᠠᠲᠤ ᠡᠭᠦᠷᠭᠡ᠎ᠪᠠᠨ 101 %᠎ᠪᠠᠷ ᠪᠡᠶᠡᠯᠡᠭᠦᠯᠪᠡ᠃ ᠠᠵᠢᠯ ᠤᠯᠬᠤ᠎ᠳᠤ ᠬᠦᠴᠢᠷᠲᠡᠢ 7.38 ᠲᠦᠮᠡᠨ ᠬᠦᠮᠦᠰ᠎ᠲᠤ ᠠᠵᠢᠯ ᠣᠯᠭᠣᠵᠤ᠂ ᠣᠨ᠎ᠤ ᠲᠥᠯᠥᠪᠯᠡᠭᠡ᠎ᠪᠠᠨ 147.6 %᠎ᠪᠠᠷ ᠪᠡᠶᠡᠯᠡᠭᠦᠯᠪᠡ᠃ ᠠᠵᠢᠯ ᠠᠯᠳᠠᠭᠰᠠᠨ 10.45 ᠲᠦᠮᠡᠨ ᠬᠦᠮᠦᠨ᠎ᠳᠤ ᠳᠠᠬᠢᠨ ᠠᠵᠢᠯ ᠣᠯᠭᠣᠵᠤ᠂ ᠣᠨ᠎ᠤ ᠲᠥᠯᠥᠪᠯᠡᠭᠡ᠎ᠪᠠᠨ 209 %᠎ᠪᠠᠷ ᠪᠡᠶᠡᠯᠡᠭᠦᠯᠪᠡ᠃
ᠡᠭᠦᠨ᠎ᠤ ᠬᠠᠮᠲᠤ᠂ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ᠎ᠢ ᠱᠠᠲᠤᠴᠢ ᠴᠢᠨᠠᠷᠲᠠᠶ᠎ᠪᠠᠷ ᠬᠠᠰᠤᠵᠤ ᠬᠡᠯᠲᠦᠷᠢᠭᠦᠯᠦᠨ ᠬᠣᠢ᠌ᠰᠢᠯᠠᠭᠤᠯᠬᠤ᠂ ᠠᠵᠢᠯ ᠠᠯᠳᠠᠭᠰᠠᠨ ᠳᠠᠭ᠋ᠠᠳᠬᠠᠯ ᠵᠶ᠋ᠠᠷ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠪᠤᠴᠠᠭ᠋ᠠᠵᠤ ᠠᠵᠢᠯ ᠣᠯᠭᠤᠬᠤ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠪᠥᠬᠥ ᠬᠦᠴᠦᠨ ᠵᠶ᠋ᠠᠷ ᠵᠶ᠋ᠠᠨ ᠠᠵᠤ ᠠᠬᠤᠢ᠌ᠯᠠᠯ᠎ᠢ ᠲᠣᠭᠲᠠᠪᠤᠷᠢᠵᠢᠭᠤᠯᠤᠨ᠂ ᠠᠵᠢᠯ ᠣᠯᠭᠣᠯᠲᠠ ᠵᠢ ᠲᠣᠭᠲᠠᠪᠤᠷᠢᠵᠢᠭᠤᠯᠪᠠ᠃ ᠪᠥᠬᠥ ᠵᠢᠯ᠎ᠳᠤ ᠨᠠᠰᠤᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ ᠪᠠ ᠠᠵᠢᠯ ᠠᠯᠳᠠᠭᠰᠠᠨ ᠳᠠᠭ᠋ᠠᠳᠬᠠᠯ ᠵᠡᠷᠭᠡ ᠭᠤᠷᠪᠠᠨ ᠵᠦᠢᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠨᠢᠭᠡᠴᠢ ᠵᠢᠨ ᠲᠤᠰᠢᠶᠠᠬᠤ ᠰᠦᠢᠳᠬᠡᠯ᠎ᠢ 158.1 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠦᠨ᠂ 7.1 ᠲᠦᠮᠡᠨ ᠠᠵᠤ ᠠᠬᠤᠢ᠌ᠯᠠᠯ᠎ᠳᠤ ᠠᠰᠢᠭ ᠬᠦᠷᠲᠡᠭᠡᠪᠡ᠃ 2.44 ᠲᠦᠮᠡᠨ ᠡᠷᠦᠬᠡ ᠠᠵᠤ ᠠᠬᠤᠢ᠌ᠯᠠᠯ᠎ᠳᠤ ᠠᠵᠢᠯ ᠠᠯᠳᠠᠭᠰᠠᠨ ᠳᠠᠭ᠋ᠠᠳᠬᠠᠯ᠎ᠤᠨ ᠰᠦᠢ᠍ᠳᠬᠡᠯ᠎ᠢ ᠨᠡᠢ᠌ᠲᠡ 18.8 ᠳ᠋ᠦᠩᠰᠢᠭᠤᠷ ᠲᠥᠭᠥᠷᠢᠭ ᠪᠤᠴᠠᠭ᠋ᠠᠨ ᠥᠭᠴᠦ᠂ 171.8 ᠲᠦᠮᠡᠨ ᠠᠵᠢᠯᠴᠢᠨ᠎ᠳᠤ ᠠᠰᠢᠭ ᠬᠦᠷᠲᠡᠭᠡᠪᠡ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠲᠥᠷᠥ ᠵᠢᠨ ᠪᠣᠳᠣᠯᠭ᠎ᠠ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ᠂ ᠪᠣᠯᠪᠠᠰᠤᠷᠠᠭᠤᠯᠤᠯ᠎ᠤᠨ ᠨᠦᠬᠦᠪᠦᠷᠢ ᠵᠢᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠰᠦᠯᠵᠢᠶᠡᠨ ᠳᠡᠭᠡᠷᠡᠬᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠲᠠᠪᠴᠠᠩ 199 ᠵᠢ ᠨᠡᠭᠡᠭᠡᠵᠦ᠂ ᠨᠦᠬᠦᠪᠦᠷᠢ ᠵᠢᠨ ᠴᠢᠨᠠᠷᠲᠠᠶ ᠪᠣᠯᠪᠠᠰᠤᠷᠠᠭᠤᠯᠤᠯ᠎ᠢ 81.3 ᠲᠦᠮᠡᠨ ᠬᠦᠮᠦᠨ ᠤᠳᠠᠭ᠎ᠠ ᠪᠡᠶᠡᠯᠡᠭᠦᠯᠦᠨ᠂ ᠨᠦᠬᠦᠪᠦᠷᠢ ᠵᠢᠨ ᠪᠠᠯᠠ ᠮᠥᠩᠭᠥ ᠵᠢ 9.98 ᠳ᠋ᠦᠩᠰᠢᠭᠤᠷ ᠲᠥᠭᠥᠷᠢᠭ ᠰᠠᠯᠭ᠋ᠠᠨ ᠥᠭᠴᠦ᠂ ᠪᠥᠬᠥ ᠵᠢᠯ᠎ᠳᠤ 25 ᠲᠦᠮᠡᠨ ᠬᠥᠮᠦᠨ ᠤᠳᠠᠭ᠎ᠠ ᠪᠡᠶᠡᠯᠡᠭᠦᠯᠬᠦ ᠬᠠᠷᠠᠯᠲᠠᠲᠤ ᠡᠭᠦᠷᠭᠡ᠎ᠪᠠᠨ 325.2 % ᠵᠶ᠋ᠠᠷ ᠪᠡᠶᠡᠯᠡᠭᠦᠯᠪᠡ᠃