1 ᠳ᠋ᠦ᠍ᠭᠡᠷ ᠰᠠᠷ᠎ᠠ ᠵᠢᠨ 19᠎ᠤ ᠡᠳᠦᠷ᠎ᠤᠨ ᠦᠳᠡ ᠵᠢᠨ ᠬᠣᠢ᠌ᠨ᠎ᠠ᠂ ᠥᠪᠦᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠲᠣᠪᠴᠢᠶ᠎ᠠ 《ᠥᠪᠦᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠠᠮᠵᠢᠯᠲᠠ》 ᠬᠡᠮᠡᠬᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠤᠨ᠂
《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠥᠪᠦᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠭᠦᠭᠵᠢᠯᠲᠡ ᠵᠢᠨ ᠬᠣᠯᠪᠤᠭᠳᠠᠯ ᠪᠦᠬᠦᠢ ᠪᠠᠢ᠌ᠳᠠᠯ᠎ᠢ ᠨᠡᠢ᠌ᠲᠡᠯᠡᠪᠡ᠃
ᠣᠢ᠌ᠯᠠᠭ᠋ᠠᠭᠰᠠᠨ ᠵᠶ᠋ᠠᠷ᠂ 2018 ᠣᠨ᠎ᠳᠤ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠶᠡᠷᠦᠩᠬᠡᠶ ᠬᠡᠪᠴᠢᠶ᠎ᠡ (ᠶᠡᠷᠦᠩᠬᠡᠶ ᠭᠠᠷᠤᠯᠲᠠ)᠎ᠨᠢ 319 ᠳ᠋ᠦᠩᠰᠢᠭᠤᠷ ᠲᠥᠭᠥᠷᠢᠭ᠂ ᠨᠡᠮᠡᠭᠳᠡᠯ ᠥᠷᠲᠡᠭ ᠨᠢ145 ᠳ᠋ᠦᠩᠰᠢᠭᠤᠷ ᠲᠥᠭᠥᠷᠢᠭ᠎ᠲᠤ ᠬᠦᠷᠴᠦ᠂ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠲᠠᠬᠢ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠨᠡᠮᠡᠭᠳᠡᠯ ᠥᠷᠲᠡᠭ᠎ᠤᠨ ᠡᠵᠡᠯᠡᠬᠦ ᠬᠤᠪᠢ ᠵᠢᠨ ᠵᠢᠩ 0.9%᠎ᠳᠤ ᠬᠦᠷᠴᠦ ᠪᠠᠢ᠌ᠭᠰᠠᠨ ᠵᠶ᠋ᠠᠨ᠂ 2020 ᠣᠨ᠎ᠤ ᠡᠴᠦᠰ ᠪᠣᠯᠬᠤ᠎ᠳᠤ 1% ᠣᠷᠴᠢᠮ᠎ᠳᠤ ᠬᠦᠷᠴᠡᠢ᠃ ᠪᠡᠶ᠎ᠡ ᠵᠢᠨ ᠲᠠᠮᠢᠷ ᠪᠠ ᠵᠢᠭᠤᠯᠴᠢᠯᠠᠯ᠎ᠤᠨ ᠠᠭᠤᠰᠤᠯᠴᠠᠯ᠂ ᠪᠡᠶ᠎ᠡ ᠵᠢᠨ ᠲᠠᠮᠢᠷ ᠪᠠ ᠡᠮᠴᠢᠯᠡᠭᠡᠨ᠎ᠤ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠡᠢ᠃ ᠥᠪᠥᠷ ᠮᠣᠩᠭᠣᠯ᠎ᠤᠨ ᠮᠣᠷᠢᠨ ᠤᠷᠤᠯᠳᠤᠭ᠋ᠠᠨ᠎ᠤ ᠲᠠᠯᠠᠪᠠᠶ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠦᠨᠡᠯᠡᠭᠳᠡᠨ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠡᠮᠨᠡᠯᠭᠡ ᠵᠢᠨ ᠬᠣᠷᠢᠶ᠎ᠠ ᠵᠢ ᠪᠠᠢ᠌ᠭᠤᠯᠤᠭᠰᠠᠨ᠎ᠤ ᠬᠠᠮᠲᠤ ᠡᠷᠡᠭᠦᠯ ᠵᠶ᠋ᠡᠷ ᠬᠥᠭᠵᠢᠪᠡ᠃ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ 1᠂ ᠵᠢᠱ᠌ᠢᠶ᠎ᠡ ᠦᠵᠡᠭᠦᠯᠬᠦ ᠨᠢᠭᠡᠴᠢ 2᠂ ᠵᠢᠱ᠌ᠢᠶ᠎ᠡ ᠦᠵᠡᠭᠦᠯᠬᠦ ᠲᠥᠷᠥᠯ ᠵᠦᠢᠯ 4 ᠵᠢ ᠪᠠᠢ᠌ᠭᠤᠯᠤᠯᠠ᠃ ᠣᠷᠣᠨ ᠪᠦᠰᠡ ᠵᠢᠨ 《ᠮᠠᠰᠢᠨ ᠲᠡᠷᠭᠡ》᠂ 《ᠮᠣᠷᠢᠨ ᠮᠡᠷᠭᠡᠵᠢᠯ》᠂ 《ᠮᠥᠰᠥ ᠴᠠᠰᠤ》᠂
《ᠨᠠᠭ᠋ᠠᠳᠤᠮ》 ᠵᠡᠷᠭᠡ ᠲᠡᠮᠳᠡᠭᠲᠦ ᠤᠷᠤᠯᠳᠤᠭ᠋ᠠᠨ ᠦᠨᠳᠦᠰᠦᠨ᠎ᠳᠡᠭᠡᠨ ᠪᠦᠷᠢᠯᠳᠦᠵᠦ᠂ ᠥᠪᠥᠷ ᠮᠣᠩᠭᠣᠯ᠎ᠤᠨ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠨᠠᠢ᠌ᠷ᠂ ᠬᠡᠭᠡᠷᠡᠯᠡᠭᠴᠢ e ᠪᠦᠯᠦᠭ · ᠠᠯᠠᠱ᠌ᠠ ᠵᠢᠨ ᠪᠠᠭ᠋ᠠᠲᠤᠷᠴᠤᠳ᠎ᠤᠨ ᠴᠤᠭᠯᠠᠭ᠋ᠠᠨ ᠵᠡᠷᠭᠡ ᠦᠨᠳᠦᠰᠦᠲᠡᠨ᠎ᠤ ᠣᠨᠴᠠᠯᠢᠭᠲᠤ ᠤᠷᠤᠯᠳᠤᠭ᠋ᠠᠨ᠎ᠤ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠥᠷᠭᠡᠵᠢᠵᠦ ᠪᠠᠢ᠌ᠨ᠎ᠠ᠃ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠵᠢ ᠨᠡᠢ᠌ᠲᠡ 267.25 ᠳ᠋ᠦᠩᠰᠢᠭᠤᠷ ᠲᠥᠭᠥᠷᠢᠭ ᠪᠣᠷᠣᠯᠠᠭᠤᠯᠵᠤ᠂ ᠨᠡᠢ᠌ᠲᠡ ᠵᠢᠨ ᠠᠰᠠᠷᠠᠮᠵᠢ ᠵᠢᠨ ᠮᠥᠩᠭᠥ ᠵᠢ 68.78 ᠳ᠋ᠦᠩᠰᠢᠭᠤᠷ ᠲᠥᠭᠥᠷᠢᠭ ᠴᠤᠭᠯᠠᠭᠤᠯᠤᠭ᠋ᠠᠳ᠂ 《ᠠᠷᠪᠠᠨ ᠬᠣᠶᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠤ᠎ᠬᠢ᠎ᠠᠴᠠ ᠲᠣᠰ ᠪᠦᠷᠢ 122% ᠪᠠ 105%᠎ᠪᠠᠷ ᠨᠡᠮᠡᠭᠳᠡᠵᠡᠢ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠠᠪᠬᠤ ᠭᠣᠤᠯ ᠠᠷᠭ᠎ᠠ ᠬᠡᠮᠵᠢᠶ᠎ᠡ ᠪᠣᠯ᠄ ᠨᠢᠭᠡ᠎ᠳᠤ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠶᠡᠬᠡ᠎ᠪᠠᠷ ᠪᠣᠢ᠌ᠵᠢᠭᠤᠯᠤᠨ᠂ ᠤᠷᠤᠯᠳᠤᠭ᠋ᠠᠨ᠎ᠤ ᠠᠵᠢᠯᠯᠠᠭ᠎ᠠ ᠵᠢ ᠳᠠᠭ᠋ᠠᠭ᠋ᠠᠨ ᠡᠷᠬᠢᠯᠡᠬᠦ ᠡᠷᠬᠡ ᠪᠣᠯᠤᠨ ᠲᠠᠯᠠᠪᠤᠷ ᠣᠷᠳᠣᠨ᠎ᠤ ᠡᠵᠡᠩᠨᠡᠯᠲᠡ ᠵᠢᠨ ᠡᠷᠬᠡ ᠵᠢ ᠦᠮᠴᠢᠯᠡᠯ᠎ᠤᠨ ᠡᠷᠬᠡ ᠵᠢ ᠠᠷᠠᠯᠵᠢᠶᠠᠯᠠᠬᠤ ᠲᠠᠪᠴᠠᠩ ᠵᠶ᠋ᠠᠷ ᠳᠠᠮᠵᠢᠭᠤᠯᠤᠨ ᠢᠯᠡ᠎ᠪᠠᠷ ᠠᠷᠠᠯᠵᠢᠶᠠᠯᠠᠬᠤ ᠵᠢ ᠵᠣᠷᠢᠭᠵᠢᠭᠤᠯᠵᠤ᠂ ᠣᠯᠠᠨ ᠨᠡᠢ᠌ᠲᠡ ᠵᠢᠨ ᠦᠢ᠍ᠯᠡᠴᠢᠯᠡᠭᠡ ᠬᠠᠩᠭ᠋ᠠᠬᠤ᠎ᠳᠤ ᠣᠯᠠᠨ ᠡᠰᠢᠵᠢᠭᠰᠡᠨ ᠬᠥᠭᠵᠢᠯᠲᠡ ᠵᠢᠨ ᠪᠠᠢ᠌ᠷᠢᠰᠢᠯ᠎ᠢ ᠪᠤᠢ ᠪᠣᠯᠭ᠋ᠠᠬᠤ ᠵᠢ ᠠᠭᠢᠭᠤᠯᠤᠨ᠎ᠠ᠃ ᠬᠣᠶᠠᠷ᠎ᠲᠤ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠠᠬᠢᠭᠤᠯᠵᠤ᠂ ᠡᠯ᠎ᠡ ᠭᠠᠵᠠᠷ ᠣᠷᠣᠨ ᠲᠡᠦᠬᠡ᠂ ᠰᠣᠶᠣᠯ᠂ ᠣᠷᠴᠢᠨ ᠠᠬᠤᠢ ᠪᠠ ᠠᠭᠤᠷ ᠠᠮᠢᠰᠬᠤᠯ ᠵᠡᠷᠭᠡ ᠨᠥᠭᠦᠴᠡᠯᠤᠳᠢ ᠤᠶᠠᠯᠳᠤᠭᠤᠯᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠪᠠᠢ᠌ᠷᠢᠰᠢᠭᠤᠯᠤᠯ ᠵᠶ᠋ᠠᠨ ᠲᠤᠬᠢᠷᠠᠭᠤᠯᠬᠤ ᠵᠢ᠎ᠨᠢ ᠲᠡᠮᠵᠢᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ᠂ ᠠᠵᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠭᠤᠷᠪᠠ᠎ᠳᠤ ᠡᠯ᠎ᠡ ᠭᠠᠵᠠᠷ ᠣᠷᠣᠨ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ᠎ᠤᠨ ᠪᠣᠳᠠᠰ᠎ᠤᠨ ᠪᠤᠰᠤ ᠲᠥᠷᠦᠯ ᠵᠦᠢ᠍ᠯ᠎ᠢ ᠠᠭᠤᠳᠠᠯᠤᠨ ᠳᠡᠯᠭᠡᠷᠡᠭᠦᠯᠬᠦᠢ᠎ᠨᠢ ᠳᠡᠮᠵᠢᠵᠦ᠂ ᠤᠷᠤᠯᠳᠤᠭ᠋ᠠᠨ᠎ᠤ ᠶᠠᠪᠤᠳᠠᠯ᠎ᠤᠨ ᠡᠬᠢ ᠪᠠᠶᠠᠯᠢᠭ᠎ᠢ ᠬᠣᠰᠢᠭᠤ ᠰᠢᠶᠠᠨ (ᠬᠣᠲᠠ᠂ ᠲᠣᠭᠣᠷᠢᠭ) ᠲᠡᠢ᠌ᠰᠢ ᠤᠷᠲᠤᠳᠬᠠᠨ ᠥᠷᠭᠡᠳᠬᠡᠬᠦ ᠵᠢ ᠠᠬᠢᠭᠤᠯᠤᠨ᠎ᠠ᠃ ᠳᠥᠷᠪᠡ᠎ᠳᠤ ᠡᠯ᠎ᠡ ᠭᠠᠵᠠᠷ᠎ᠤᠨ᠎ᠬᠢᠨ᠎ᠤ ᠣᠯᠠᠨ ᠨᠡᠢ᠌ᠲᠡ ᠵᠢᠨ ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠵᠢᠨ 《ᠴᠢᠳᠠᠮᠵᠢ ᠵᠢ ᠥᠭᠡᠷᠡᠴᠢᠯᠡᠨ᠂ ᠲᠣᠭᠲᠠᠴᠠ ᠵᠢ ᠥᠭᠡᠷᠡᠴᠢᠯᠡᠬᠦ》 ᠢᠨᠵᠧᠨᠧᠷᠢᠩ᠎ᠢ ᠲᠦᠯᠬᠢᠨ ᠠᠬᠢᠭᠤᠯᠬᠤ ᠵᠢ᠎ᠨᠢ ᠵᠣᠷᠢᠭᠵᠢᠭᠤᠯᠵᠤ᠂ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠵᠢᠨ ᠡᠬᠢ ᠪᠠᠶᠠᠯᠢᠭ᠎ᠢ ᠰᠢᠯᠢᠳᠡᠭᠵᠢᠭᠦᠯᠦᠨ ᠡᠮᠬᠢᠯᠡᠨ᠎ᠡ᠃ ᠲᠠᠪᠤ᠎ᠳᠤ ᠣᠶᠤᠨᠴᠢ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠬᠥᠭᠵᠢᠯᠲᠡ ᠵᠢ ᠳᠥᠯᠭᠢᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠠᠢ᠌ᠵᠢᠷᠠᠭᠤᠯᠤᠭ᠋ᠠᠳ᠂ ᠡᠯ᠎ᠡ ᠭᠠᠵᠠᠷ᠎ᠤᠨ᠎ᠬᠢᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠪᠠ ᠲᠣᠨᠣᠭ ᠲᠥᠬᠥᠭᠡᠷᠦᠮᠵᠢ ᠰᠤᠳᠤᠯᠤᠨ ᠨᠡᠭᠡᠭᠡᠵᠦ ᠦᠢᠯᠡᠳᠬᠦ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ ᠵᠢ ᠵᠣᠷᠢᠭᠵᠢᠭᠤᠯᠵᠤ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ᠂ ᠤᠨᠴᠠᠯᠢᠭᠳᠤ ᠠᠵᠤ ᠦᠢᠯᠡᠰ᠎ᠤᠨ ᠨᠡᠷᠡᠲᠦ ᠲᠡᠮᠳᠡᠭ᠎ᠢ ᠪᠣᠢ᠌ᠵᠢᠭᠤᠯᠤᠨ᠎ᠠ᠃ ᠵᠢᠷᠭᠤᠭ᠎ᠠ᠎ᠳᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠪᠦᠯᠦᠭᠯᠡᠯ ᠪᠠᠢ᠌ᠭᠤᠯᠬᠤ ᠵᠢ ᠲᠦᠯᠬᠢᠨ ᠠᠬᠢᠭᠤᠯᠵᠤ᠂ ᠣᠷᠣᠨ ᠪᠦᠰᠡ ᠬᠠᠮᠲᠤᠷᠠᠨ ᠬᠥᠳᠡᠯᠦᠯᠴᠡᠬᠦ ᠵᠢ ᠪᠣᠶ ᠪᠣᠯᠭ᠋ᠠᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠨᠡᠮᠡᠭᠳᠡᠭᠦᠯᠦᠨ᠎ᠡ᠃