ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠬᠤ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-11-11


      9 ᠳ᠋ᠦ᠍ᠭᠡᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠬᠤ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠸᠩ ᠭᠣᠣᠯ ᠰᠡᠳᠦᠪᠲᠦ ᠨᠡᠢ᠌ᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠢᠶᠠ ᠷᠦᠩ ᠬᠤᠸᠠ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


      ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠬᠤ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠡᠬᠢᠯᠠᠯᠲᠡ ᠵᠢᠨ ᠦᠭᠡ


      ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ     ᠫᠠᠨ ᡁᠢ ᠹᠸᠩ
      ᠶᠠᠭᠤᠨ᠎ᠤ ᠡᠮᠦᠨ᠎ᠡ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠪᠠ ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭᠴᠢ ᠨᠠᠷ᠎ᠤᠨ ᠣᠷᠳᠣ ᠬᠤᠭᠤᠴᠠᠭ᠋ᠠᠨ᠎ᠤ ᠲᠤᠷᠰᠢ ᠲᠣᠭ᠎ᠠ ᠪᠦᠷᠢᠳᠬᠡᠯ᠎ᠤᠨ ᠠᠵᠢᠯ᠎ᠳᠤ ᠳᠡᠭᠡᠳᠦ ᠬᠡᠮᠵᠢᠶ᠎ᠡ᠎ᠪᠠᠷ ᠠᠩᠬᠠᠷᠤᠯ ᠲᠠᠯᠪᠢᠵᠤ ᠪᠠᠶ᠋ᠢᠭ᠎ᠠ ᠪᠠ ᠬᠦᠴᠦᠲᠡᠶ ᠳᠡᠮᠵᠢᠯᠭᠡ ᠦᠵᠡᠭᠦᠯᠦᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠃ ᠪᠠᠰᠠ ᠲᠣᠰ ᠤᠳᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠵᠶ᠋ᠠᠷ ᠳᠠᠮᠵᠢᠨ᠂ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠬᠦᠴᠦᠲᠡᠶ ᠤᠬᠠᠭᠤᠯᠭ᠎ᠠ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠣᠶ᠋ᠢᠯᠠᠭ᠋ᠠᠯᠲᠠ ᠳᠡᠮᠵᠢᠯᠭᠡ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠠᠵᠢᠯ᠎ᠢ ᠠᠬᠢᠭᠤᠯᠬᠤ ᠨᠠᠩ ᠶᠡᠬᠡ ᠦᠷ᠎ᠡ ᠪᠦᠲᠦᠮᠵᠢ ᠤᠯᠬᠤ ᠵᠢ ᠬᠦᠰᠡᠵᠦ ᠪᠠᠶ᠋ᠢᠨ᠎ᠠ᠃
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠲᠣᠭ᠎ᠠ ᠪᠦᠷᠢᠳᠬᠡᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠵᠢᠨ ᠫᠢᠩ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠪᠡ᠃ 2015 ᠣᠨ᠎ᠠᠴᠠ ᠣᠲᠣ ᠪᠣᠯᠲᠠᠯ᠎ᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠤᠷᠢᠳ ᠬᠣᠵᠢᠳ 《ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠎ᠢ ᠳᠡᠭᠡᠭᠰᠢᠯᠡᠭᠦᠯᠬᠦ ᠲᠤᠬᠠᠶ ᠰᠠᠨᠠᠯ》 《ᠲᠣᠭ᠎ᠠ ᠪᠦᠷᠢᠳᠬᠡᠯ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠬᠠᠷᠢᠭᠤᠴᠠᠯᠭ᠋ᠠᠲᠠᠨ᠎ᠳᠤ ᠰᠢᠢ᠍ᠳᠬᠡᠯ ᠥᠭᠴᠦ ᠰᠢᠢ᠍ᠳᠪᠦᠷᠢᠯᠡᠬᠦ ᠰᠠᠨᠠᠭᠤᠯᠭ᠎ᠠ ᠵᠢᠨ ᠠᠷᠭ᠎ᠠ》 《ᠲᠣᠭ᠎ᠠ ᠪᠦᠷᠢᠳᠬᠡᠯ᠎ᠤᠨ ᠬᠤᠳᠠᠯ ᠵᠣᠬᠢᠶᠠᠨ ᠬᠠᠭᠤᠷᠮᠠᠭ ᠦᠢ᠍ᠯᠡᠳᠬᠦ ᠵᠢ ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠠᠭ᠋ᠠᠯ》 ᠵᠡᠷᠭᠡ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠶ 8 ᠴᠢᠬᠤᠯᠠ ᠪᠢᠴᠢᠭ ᠮᠠᠲ᠋ᠧᠷᠢᠶᠠᠯ᠎ᠢ ᠨᠡᠶ᠋ᠢᠲᠡᠯᠡᠪᠡ᠃ ᠣᠶ᠋ᠢᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠬᠣᠷᠢᠨ ᠨᠢᠭᠡᠳᠦᠭᠡᠷ ᠤᠳᠠᠭ᠋ᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠵᠢᠨ ᠦᠢ᠍ᠯᠡᠳᠦᠯ᠎ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃ ᠡᠳᠡᠭᠡᠷ᠎ᠨᠢ ᠴᠥᠮ ᠨᠠᠮ᠎ᠤᠨ ᠲᠥᠪ ᠬᠣᠷᠢᠶᠠᠨ᠎ᠤ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠵᠶ᠋ᠠᠷ ᠵᠣᠬᠢᠶᠠᠨ ᠬᠠᠭᠤᠷᠮᠠᠭ ᠦᠢ᠍ᠯᠡᠳᠬᠦ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠬᠡᠬᠦ ᠢᠯᠡ ᠲᠣᠳᠣ ᠣᠪᠣᠷ ᠪᠠ ᠡᠷᠡᠰ ᠪᠠᠲᠤ ᠵᠣᠷᠢᠭ᠎ᠢ ᠢᠯᠡᠷᠡᠭᠦᠯᠵᠦ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠎ᠢ ᠳᠡᠭᠡᠭᠰᠢᠯᠡᠭᠦᠯᠬᠦ᠂ ᠲᠣᠭ᠎ᠠ ᠪᠦᠷᠢᠳᠬᠡᠯ᠎ᠤᠨ ᠠᠵᠢᠯ᠎ᠤᠨ ᠤᠯᠤᠰ᠎ᠤᠨ ᠬᠣᠷᠸ᠎ᠠ ᠲᠣᠬᠢᠷᠠᠭᠤᠯᠤᠯᠲᠠ ᠪᠠ ᠰᠢᠢ᠍ᠳᠪᠦᠷᠢᠲᠦ ᠪᠤᠳᠤᠯᠭ᠎ᠠ ᠵᠢᠨ ᠬᠠᠮᠢᠶᠠᠷᠤᠯᠲᠠ᠎ᠳᠤ ᠨᠡᠩ ᠰᠠᠶ᠋ᠢᠲᠤᠷ ᠦᠢ᠍ᠯᠡᠴᠢᠯᠡᠬᠦ ᠵᠢ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭ᠋ᠠᠵᠤ᠂ ᠰᠢᠨᠵᠢᠯᠡᠬᠦ ᠤᠬᠠᠭ᠋ᠠᠨᠴᠢ ᠵᠢᠷᠤᠮᠯᠠᠯ ᠬᠠᠩᠭ᠋ᠠᠭᠰᠠᠨ ᠪᠠᠶ᠋ᠢᠨ᠎ᠠ᠃
      ᠣᠶ᠋ᠢᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ ᠵᠢᠨ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠳᠤᠮᠳᠠ᠂ ᠲᠣᠭ᠎ᠠ ᠪᠦᠷᠢᠳᠬᠡᠯ᠎ᠤᠨ ᠠᠵᠢᠯ᠎ᠢ ᠠᠳᠬᠤᠬᠤ ᠪᠠ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠠᠳᠬᠤᠬᠤ᠎ᠳᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢ ᠠᠳᠬᠤᠬᠤ ᠬᠡᠷᠡᠭᠲᠡᠢ ᠭᠡᠳᠡᠭ ᠦᠵᠡᠯ ᠤᠬᠠᠮᠰᠠᠷ᠎ᠢ ᠤᠯᠠᠮ ᠨᠢᠭᠡ ᠠᠯᠬᠤᠮ ᠪᠣᠶ ᠪᠣᠯᠭ᠋ᠠᠵᠤ᠂ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠬᠣᠷᠢᠶ᠎ᠠ ᠵᠢᠨ ᠬᠤᠷᠠᠯ᠂ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠢ ᠬᠤᠷᠠᠯᠳᠤᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠲᠣᠭ᠎ᠠ ᠪᠦᠷᠢᠳᠬᠡᠯ᠎ᠤᠨ ᠥᠭᠡᠷᠡᠴᠢᠯᠡᠯᠲᠡ ᠬᠥᠭᠵᠢᠯᠲᠡ ᠵᠢᠨ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠪᠣᠳᠠᠲᠠᠶ ᠱᠠᠭ᠋ᠠᠷᠳᠠᠯᠭ᠎ᠠ ᠳᠤᠷᠠᠳᠪᠠ᠃ 2020 ᠣᠨ᠎ᠤ 5 ᠳ᠋ᠤᠭ᠋ᠠᠷ ᠰᠠᠷ᠎ᠠ ᠵᠢᠨ 17᠎ᠤ ᠡᠳᠦᠷ ᠪᠠ 2021 ᠣᠨ᠎ᠤ 7 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠰᠤᠮᠤ ᠰᠢᠶᠠᠩ ᠪᠠᠯᠭ᠋ᠠᠰᠤ ᠵᠢᠨ ᠲᠣᠭ᠎ᠠ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠬᠤ ᠲᠤᠬᠠᠶ ᠰᠠᠨᠠᠯ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠰᠢᠭᠤ ᠰᠢᠶᠠᠨ᠂ ᠰᠠᠯᠠᠭ᠎ᠠ ᠮᠥᠴᠢᠷ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠬᠤ ᠬᠠᠮᠢᠶᠠᠷᠤᠯᠲᠠ ᠵᠢᠨ ᠠᠷᠭ᠎ᠠ》 ᠵᠢ ᠲᠤᠰ ᠲᠤᠰ ᠳᠠᠷᠤᠮᠠᠯᠯᠠᠨ ᠲᠠᠷᠬᠠᠭ᠋ᠠᠵᠤ᠂ 《ᠰᠠᠨᠠᠯ》 ᠪᠠ 《ᠬᠠᠮᠢᠶᠠᠷᠤᠯᠲᠠ ᠵᠢᠨ ᠠᠷᠭ᠎ᠠ》᠎ᠨᠢ ᠪᠥᠬᠥ ᠣᠷᠣᠨ᠎ᠤ ᠲᠠᠪᠤᠨ ᠬᠦᠷᠢᠶᠡᠨ ᠴᠠᠷᠠᠭ᠋ᠠᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ 《ᠰᠢᠵᠢᠷ ᠠᠯᠲᠠᠨ》 ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠪᠠ᠃
      ᠲᠣᠭ᠎ᠠ ᠪᠦᠷᠢᠳᠬᠡᠯ᠎ᠤᠨ ᠡᠬᠢ ᠰᠤᠷᠪᠤᠯᠵᠢ ᠵᠢᠨ ᠲᠣᠭ᠎ᠠ ᠪᠠᠷᠢᠮᠲᠠ ᠵᠢ ᠤᠯᠠᠮ ᠨᠢᠭᠡ ᠠᠯᠬᠤᠮ ᠦᠨᠡᠨ ᠪᠣᠳᠠᠲᠠᠶ ᠪᠥᠭᠡᠳ ᠣᠨᠣᠪᠴᠢᠲᠠᠶ ᠪᠣᠯᠭ᠋ᠠᠬᠤ ᠵᠢᠨ ᠲᠤᠰᠠᠳᠠ᠂ 《ᠰᠠᠨᠠᠯ》 ᠪᠣᠯᠤᠨ 《ᠬᠠᠮᠢᠶᠠᠷᠤᠯᠲᠠ ᠵᠢᠨ ᠠᠷᠭ᠎ᠠ》 ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 2021 ᠣᠨ᠎ᠤ 6 ᠳ᠋ᠤᠭ᠋ᠠᠷ ᠰᠠᠷ᠎ᠠ ᠵᠢᠨ 3᠎ᠤ ᠡᠳᠦᠷ ᠳᠠᠷᠤᠮᠠᠯᠯᠠᠨ ᠲᠠᠷᠬᠠᠭ᠋ᠠᠭᠰᠠᠨ 《ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》᠎ᠤᠨ ᠵᠣᠷᠢᠭ ᠰᠠᠨᠠᠭ᠎ᠠ ᠪᠠ ᠠᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 《ᠬᠡᠷᠡᠭᠵᠢᠭᠦᠯᠵᠦ ᠳᠡᠶ᠋ᠢᠯᠬᠦ᠂ ᠪᠠᠶ᠋ᠢᠴᠠᠭ᠋ᠠᠵᠤ ᠳᠡᠶ᠋ᠢᠯᠬᠦ》 ᠵᠠᠷᠴᠢᠮ ᠶᠣᠰᠣᠭ᠋ᠠᠷ᠂ 9 ᠳ᠋ᠦ᠍ᠭᠡᠷ ᠰᠠᠷ᠎ᠠ᠎ᠳᠤ ᠲᠠᠪᠤᠨ ᠬᠦᠷᠢᠶ᠎ᠡ ᠴᠠᠷᠠᠭ᠎ᠠ ᠵᠢᠨ ᠲᠣᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠢᠵᠢ ᠪᠥᠷᠢᠳᠦᠭᠦᠯᠦᠨ ᠲᠣᠭᠲᠠᠭ᠋ᠠᠬᠤ ᠵᠢᠨ ᠬᠠᠮᠲᠤ ᠲᠡᠭᠦᠯᠳᠡᠷᠵᠢᠭᠦᠯᠵᠦ᠂ ᠪᠥᠬᠥ ᠣᠷᠣᠨ᠎ᠤ ᠲᠣᠭ᠎ᠠ ᠪᠦᠷᠢᠳᠬᠡᠯ᠎ᠤᠨ ᠰᠢᠰᠲ᠋ᠧᠮ᠎ᠤᠨ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ᠎ᠳᠤ ᠣᠯᠠᠨ ᠵᠦᠢ᠍ᠯ᠎ᠤᠨ ᠪᠣᠳᠠᠲᠠᠶ ᠨᠠᠢ᠌ᠳᠠᠪᠤᠷᠢᠵᠢᠭᠤᠯᠤᠰᠢᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
      ᠨᠢᠭᠡ᠂ 《ᠰᠠᠨᠠᠯ》 ᠬᠢᠭᠡᠳ ᠲᠥᠬᠥᠷᠵᠢᠭᠦᠯᠬᠦ ᠪᠠᠷᠢᠮᠵᠢᠶ᠎ᠠ ᠵᠢᠨ ᠲᠤᠬᠠᠶ
     《ᠰᠠᠨᠠᠯ》᠎ᠳᠤ ᠰᠤᠮᠤ ᠰᠢᠶᠠᠩ ᠪᠠᠯᠭ᠋ᠠᠰᠤᠨ᠎ᠤ ᠲᠣᠭ᠎ᠠ ᠪᠦᠷᠢᠳᠬᠡᠯ᠎ᠳᠤ ᠴᠢᠭᠯᠡᠭᠦᠯᠦᠨ 《ᠨᠠᠢ᠍ᠮᠠ ᠵᠢ ᠲᠡᠭᠦᠯᠳᠡᠷᠵᠢᠭᠦᠯᠵᠦ ᠨᠠᠢ᠍ᠮᠠ ᠵᠢ ᠪᠣᠯᠭ᠋ᠠᠬᠤ》 ᠠᠵᠢᠯ᠎ᠤᠨ ᠬᠠᠷᠠᠯᠲᠠ ᠵᠢ ᠳᠤᠷᠠᠳᠪᠠ᠂ ᠲᠤᠬᠠᠶ᠋ᠢᠯᠠᠪᠠᠯ ᠣᠷᠣᠨ ᠲᠣᠭ᠎ᠠ᠎ᠲᠠᠢ᠂ ᠠᠵᠢᠯᠳᠠᠨ᠎ᠲᠠᠢ᠂ ᠵᠠᠷᠤᠳᠠᠯ᠎ᠲᠠᠢ᠂ ᠲᠠᠯᠠᠪᠤᠷ᠎ᠲᠠᠢ᠂ ᠪᠡᠯᠡᠳᠬᠡᠮᠵᠢ᠎ᠲᠠᠢ᠂ ᠲᠣᠣᠷ ᠰᠦᠯᠵᠢᠶ᠎ᠡ᠎ᠲᠠᠢ᠂ ᠲᠦᠷᠢᠮ᠎ᠲᠠᠢ᠂ ᠪᠣᠯᠪᠠᠰᠤᠷᠠᠯ᠎ᠲᠠᠢ ᠪᠠᠢ᠌ᠬᠤ ᠪᠠ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢ ᠳᠦᠷᠢᠮᠵᠢᠭᠦᠯᠬᠦ᠂ ᠲᠣᠭ᠎ᠠ ᠪᠦᠷᠢᠳᠬᠡᠯ᠎ᠤᠨ ᠠᠵᠢᠯᠲᠠᠨ᠎ᠢ ᠲᠤᠰᠬᠠᠢ᠌ᠵᠢᠭᠤᠯᠬᠤ᠂ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠪᠠᠷᠢᠮᠵᠢᠶᠠᠵᠢᠭᠤᠯᠬᠤ᠂ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠡᠯᠸᠺᠲᠷᠣᠨᠴᠢᠯᠠᠬᠦ᠂ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠲᠠᠩᠰᠠ ᠡᠪᠬᠡᠮᠡᠯᠵᠢᠭᠦᠯᠬᠦ᠂ ᠲᠣᠭ᠎ᠠ ᠪᠦᠷᠢᠳᠬᠡᠯ᠎ᠤᠨ ᠠᠵᠢᠯ᠎ᠢ ᠬᠠᠤᠯᠢᠵᠢᠭᠤᠯᠬᠤ᠂ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠰᠦᠯᠵᠢᠶᠡᠵᠢᠭᠦᠯᠬᠦ᠂ ᠲᠣᠭ᠎ᠠ ᠪᠦᠷᠢᠳᠬᠡᠯ᠎ᠤᠨ ᠤᠬᠠᠭᠤᠯᠭ᠎ᠠ ᠵᠢ ᠪᠠᠢ᠌ᠩᠭᠤᠵᠢᠭᠤᠯᠤᠬᠤ ᠬᠠᠷᠠᠯᠲᠠ ᠪᠣᠯᠣᠨ᠎ᠠ᠃ ᠲᠣᠭ᠎ᠠ ᠪᠦᠷᠢᠳᠬᠡᠯ᠎ᠤᠨ ᠲᠤᠰᠢᠶᠠᠯ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠲᠣᠭ᠎ᠠ ᠪᠦᠷᠢᠳᠬᠡᠯ᠎ᠤᠨ ᠬᠦᠴᠦᠨ᠎ᠢ ᠲᠣᠬᠢᠷᠠᠭᠤᠯᠬᠤ᠂ ᠠᠵᠢᠯ᠎ᠤᠨ ᠨᠥᠬᠥᠴᠡᠯ᠎ᠢ ᠰᠠᠶ᠋ᠢᠵᠢᠷᠠᠭᠤᠯᠬᠤ᠂ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢ ᠠᠬᠢᠭᠤᠯᠬᠤ᠂ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠠᠤᠯᠢ ᠶᠣᠰᠣᠭ᠋ᠠᠷ ᠲᠣᠭ᠋ᠠᠯᠠᠨ ᠪᠦᠷᠢᠳᠬᠡᠬᠦ ᠡᠷᠴᠢᠮ᠎ᠢ ᠴᠢᠩᠭ᠋ᠠᠷᠠᠭᠤᠯᠬᠤ᠂ ᠠᠵᠢᠯᠳᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠵᠡᠷᠭᠡ 7 ᠲᠠᠯ᠎ᠠ᠎ᠠᠴᠠ ᠠᠵᠢᠯ᠎ᠤᠨ ᠠᠷᠭ᠎ᠠ ᠬᠡᠮᠵᠢᠶ᠎ᠡ ᠪᠠ ᠪᠣᠳᠠᠲᠠᠶ ᠡᠭᠦᠷᠭᠡ ᠵᠢ ᠨᠠᠷᠢᠯᠢᠬ᠍ᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 16 ᠵᠦᠢ᠍ᠯ 34 ᠵᠤᠷᠪᠤᠰ ᠵᠢᠷᠤᠮᠵᠢᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠢᠵᠢ ᠪᠥᠷᠢᠳᠦᠭᠦᠯᠦᠨ ᠲᠣᠭᠲᠠᠭ᠋ᠠᠪᠠ᠃
     2018 ᠣᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠰᠤᠮᠤ ᠰᠢᠶᠠᠩ ᠪᠠᠯᠭ᠋ᠠᠰᠤᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠎ᠠ ᠠᠩᠬᠠᠷᠴᠤ᠂ 《ᠡᠴᠦᠰ᠎ᠲᠤ᠎ᠨᠢ ᠲᠤᠯᠲᠠᠯ᠎ᠠ ᠴᠢᠩᠭ᠋ᠠᠳᠬᠠᠬᠤ᠂ ᠤᠳᠠᠭ᠋ᠠᠨ ᠳᠠᠭ᠋ᠠᠭ᠋ᠠᠮᠠᠭ᠋ᠠᠢ ᠠᠳᠬᠤᠬᠤ》ᠵᠢ ᠪᠠᠷᠢᠮᠲᠠᠯᠠᠵᠤ᠂ ᠣᠳᠣᠬᠠᠨ᠎ᠳᠤ 《ᠨᠠᠢ᠍ᠮᠠ ᠵᠢ ᠲᠡᠭᠦᠯᠳᠡᠷᠵᠢᠭᠦᠯᠵᠦ ᠨᠠᠢ᠍ᠮᠠ ᠵᠢ ᠪᠣᠯᠭ᠋ᠠᠬᠤ》 ᠠᠵᠢᠯ᠎ᠢ ᠨᠢᠭᠡᠨᠲᠡ ᠪᠠᠶ᠋ᠢᠩᠭᠤᠵᠢᠭᠤᠯᠬᠤ᠂ ᠨᠠᠷᠢᠯᠢᠬ᠍ᠵᠢᠭᠤᠯᠤᠨ ᠠᠬᠢᠭᠤᠯᠬᠤ ᠰᠢᠨ᠎ᠡ ᠱᠠᠲᠤᠨ᠎ᠳᠤ ᠤᠷᠤᠭᠰᠠᠨ ᠪᠠᠶ᠋ᠢᠨ᠎ᠠ᠃ ᠨᠢᠭᠡ᠎ᠳᠤ᠂ ᠰᠤᠮᠤ ᠰᠢᠶᠠᠩ ᠪᠠᠯᠭ᠋ᠠᠰᠤᠨ᠎ᠤ ᠲᠣᠭ᠎ᠠ ᠪᠦᠷᠢᠳᠬᠡᠯ᠎ᠳᠤ ᠰᠢᠨ᠎ᠡ ᠡᠭᠦᠷᠭᠡ ᠬᠠᠷᠢᠭᠤᠴᠠᠯᠭ᠎ᠠ ᠣᠯᠭᠣᠵᠤ᠂ ᠴᠢᠬᠤᠯᠠ ᠶᠡᠬᠡ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠨᠡᠶ᠋ᠢᠳᠡᠮ ᠪᠠᠶ᠋ᠢᠴᠠᠭ᠋ᠠᠯᠲᠠ᠂ 《ᠰᠢᠶᠠᠩ᠎ᠤᠨ ᠺᠠᠷᠲ᠂ ᠲᠣᠰᠬᠣᠨ᠎ᠤ ᠺᠠᠷᠲ》᠎ᠤᠨ ᠲᠠᠭᠯᠠᠨ ᠮᠡᠳᠡᠭᠦᠯᠦᠯᠲᠡ (ᠰᠢᠶᠠᠩ ᠪᠠᠯᠭ᠋ᠠᠰᠤ ᠪᠣᠯᠤᠨ ᠲᠣᠰᠬᠣᠨ᠎ᠤ ᠨᠡᠶ᠋ᠢᠭᠡᠮ᠎ᠤᠨ ᠠᠵᠤ ᠠᠬᠤᠶ ᠵᠢᠨ ᠦᠨᠳᠦᠰᠦᠨ ᠪᠠᠶ᠋ᠢᠳᠠᠯ᠎ᠤᠨ ᠲᠣᠭ᠎ᠠ ᠪᠦᠷᠢᠳᠬᠡᠯ᠎ᠤᠨ

ᠬᠦᠰᠦᠨᠦᠭᠲᠦ)᠂ ᠨᠡᠷᠡᠰ᠎ᠤᠨ ᠬᠥᠮᠥᠷᠭᠡ ᠵᠢᠨ ᠬᠠᠮᠠᠭ᠋ᠠᠯᠠᠯᠲᠠ (ᠮᠠᠨ᠎ᠤ ᠤᠯᠤᠰ᠎ᠤᠨ ᠬᠢᠯᠢ ᠳᠣᠲᠣᠷ᠎ᠠ ᠠᠵᠤ ᠠᠬᠤᠶ ᠪᠠ ᠨᠡᠶ᠋ᠢᠭᠡᠮ᠎ᠤᠨ ᠠᠵᠢᠯᠯᠠᠭ᠎ᠠ ᠬᠢᠵᠦ ᠪᠠᠶ᠋ᠢᠭ᠎ᠠ ᠪᠣᠶ ᠪᠥᠬᠥᠶ ᠬᠠᠤᠯᠢ ᠵᠢᠨ ᠡᠷᠬᠡᠲᠡᠨ᠎ᠤ ᠨᠢᠭᠡᠴᠢ᠂ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠢ ᠵᠢᠨ ᠦᠨᠳᠦᠰᠦᠨ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢᠨ ᠳ᠋ᠠᠶ᠋ᠢᠲ᠋ᠠ ᠬᠥᠮᠥᠷᠭᠡ ᠵᠢ ᠵᠢᠭ᠋ᠠᠵᠤ ᠪᠣᠶ)᠂ ᠵᠣᠨ᠎ᠤ ᠤᠯᠠᠷᠢᠯ᠎ᠤᠨ ᠮᠠᠯ ᠠᠵᠤ ᠠᠬᠤᠶ ᠵᠢᠨ ᠪᠠᠶ᠋ᠢᠴᠠᠭ᠋ᠠᠯᠲᠠ᠂ ᠲᠠᠷᠢᠶᠠᠯᠠᠩ ᠮᠠᠯ ᠠᠵᠤ ᠠᠬᠤᠶ ᠵᠢᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠪᠠ ᠬᠡᠪᠴᠢᠶ᠎ᠡ (ᠬᠢᠵᠠᠭ᠋ᠠᠷ ᠲᠣᠭ᠎ᠠ)᠎ᠠᠴᠠ ᠳᠣᠷᠣᠭᠰᠢᠬᠢ ᠨᠢᠭᠡᠴᠢ ᠵᠢᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠣᠷᠣᠯᠠᠨ ᠮᠡᠳᠡᠭᠦᠯᠬᠦ᠂ ᠱᠠᠭ᠋ᠠᠷᠳᠠᠨ ᠮᠡᠳᠡᠭᠦᠯᠬᠦ᠂ ᠬᠢᠨᠠᠨ ᠬᠠᠷᠭᠤᠭᠤᠯᠬᠤ ᠵᠡᠷᠭᠡ ᠠᠵᠢᠯ᠎ᠢ ᠰᠤᠮᠤ ᠰᠢᠶᠠᠩ ᠪᠠᠯᠭ᠋ᠠᠰᠤ ᠵᠢᠨ ᠱᠠᠲᠤᠨ᠎ᠳᠤ ᠬᠦᠷᠲᠡᠯ᠎ᠡ ᠦᠷᠭᠦᠯᠵᠢᠯᠡᠭᠦᠯᠪᠡ᠃ ᠡᠭᠦᠨ᠎ᠤ ᠬᠠᠮᠲᠤ᠂ ᠨᠥᠬᠥᠴᠡᠯ᠎ᠲᠠᠢ ᠭᠠᠴᠠᠭ᠎ᠠ ᠲᠣᠰᠬᠣᠨ᠎ᠤ 《ᠲᠣᠰᠬᠣᠨ᠎ᠤ ᠺᠠᠷᠲ》᠂ ᠵᠣᠨ᠎ᠤ ᠤᠯᠠᠷᠢᠯ᠎ᠤᠨ ᠮᠠᠯ ᠠᠵᠤ ᠠᠬᠤᠶ ᠵᠢᠨ ᠪᠠᠶ᠋ᠢᠴᠠᠭ᠋ᠠᠯᠲᠠ ᠪᠠ ᠲᠠᠷᠢᠶᠠᠯᠠᠩ ᠮᠠᠯ ᠠᠵᠤ ᠠᠬᠤᠶ ᠵᠢᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠡᠯᠸᠺᠲᠷᠤᠨᠴᠢᠯᠠᠬᠦ ᠵᠢ ᠪᠡᠶᠡᠯᠡᠭᠦᠯᠬᠦ ᠵᠢ ᠵᠣᠷᠢᠭᠵᠢᠭᠤᠯᠵᠤ᠂ ᠡᠬᠢ ᠡᠭᠦᠰᠦᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠪᠠ᠃ ᠬᠣᠶᠠᠷ᠎ᠲᠤ᠂ ᠲᠣᠭ᠎ᠠ ᠪᠦᠷᠢᠳᠬᠡᠯ᠎ᠤᠨ 《ᠨᠢᠭᠡ ᠵᠢᠷᠤᠭ》᠎ᠤᠨ ᠶᠡᠷᠦᠩᠬᠡᠶ᠋ᠢᠯᠡᠭᠰᠡᠨ ᠬᠡᠷᠡᠭᠯᠡᠭᠡᠨ᠎ᠤ ᠵᠠᠳᠠᠯᠤᠯᠲᠠ ᠵᠢᠨ ᠲᠠᠪᠴᠠᠩ ᠳᠡᠭᠡᠷ᠎ᠡ 《ᠨᠢᠭᠡ ᠰᠢᠶᠠᠩ ᠪᠠᠯᠭ᠋ᠠᠰᠤ ᠨᠢᠭᠡ ᠲᠠᠩᠰᠠ ᠡᠪᠬᠡᠮᠡᠯ》᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠠᠰᠢᠭᠯᠠᠨ᠂ ᠪᠥᠬᠥ ᠣᠷᠣᠨ᠎ᠤ ᠰᠤᠮᠤ ᠰᠢᠶᠠᠩ ᠪᠠᠯᠭ᠋ᠠᠰᠤ ᠵᠢᠨ ᠲᠣᠭ᠎ᠠ ᠪᠦᠷᠢᠳᠬᠡᠯ᠎ᠤᠨ 《ᠨᠠᠢ᠍ᠮᠠ ᠵᠢ ᠲᠡᠭᠦᠯᠳᠡᠷᠵᠢᠭᠦᠯᠵᠦ ᠨᠠᠢ᠍ᠮᠠ ᠵᠢ ᠪᠣᠯᠭ᠋ᠠᠬᠤ》 ᠵᠢ ᠠᠬᠢᠭᠤᠯᠤᠭᠰᠠᠨ ᠪᠠᠶ᠋ᠢᠳᠠᠯ᠎ᠢ ᠰᠢᠭᠤᠳ ᠪᠥᠭᠡᠳ ᠬᠥᠳᠡᠯᠦᠩᠭᠦᠶ᠎ᠪᠠᠷ ᠡᠵᠡᠮᠰᠢᠪᠡ; ᠪᠥᠬᠥ ᠣᠷᠣᠨ᠎ᠤ 1161 ᠰᠤᠮᠤ ᠰᠢᠶᠠᠩ ᠪᠠᠯᠭ᠋ᠠᠰᠤ

(ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠴᠢ ᠲᠣᠭ᠎ᠠ ᠪᠦᠷᠢᠳᠬᠡᠯ᠎ᠤᠨ ᠲᠠᠯ᠎ᠠ᠎ᠪᠠᠷ ᠰᠢᠶᠠᠩ ᠪᠠᠯᠭ᠋ᠠᠰᠤᠨ᠎ᠤ ᠱᠠᠲᠤ᠎ᠲᠠᠢ ᠠᠳᠠᠯᠢ᠎ᠪᠠᠷ ᠦᠵᠡᠵᠦ ᠪᠠᠶ᠋ᠢᠭ᠎ᠠ ᠨᠢᠭᠡᠴᠢ ᠵᠢᠨ ᠲᠣᠭ᠎ᠠ ᠪᠦᠷᠢᠳᠬᠡᠯ᠎ᠤᠨ ᠠᠵᠢᠯ᠎ᠤᠨ ᠬᠦᠴᠦᠨ᠎ᠢ ᠲᠠᠰᠤᠷᠠᠯᠲᠠ ᠥᠬᠡᠶ ᠴᠢᠩᠭ᠋ᠠᠷᠠᠭᠤᠯᠵᠤ᠂ ᠣᠲᠣ ᠪᠣᠯᠲᠠᠯ᠎ᠠ᠂ ᠪᠥᠬᠥ ᠣᠷᠣᠨ᠎ᠳᠤ ᠨᠡᠶ᠋ᠢᠲᠡ 1930 ᠭᠠᠷᠤᠶ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠰᠢᠶᠠᠩ ᠪᠠᠯᠭ᠋ᠠᠰᠤᠨ᠎ᠤ ᠲᠣᠭ᠎ᠠ ᠪᠦᠷᠢᠳᠬᠡᠯ᠎ᠤᠨ ᠠᠵᠢᠯᠲᠠᠨ᠎ᠲᠠᠢ᠂ ᠳᠤᠮᠳᠠᠴᠢ ᠨᠠᠰᠤ᠎ᠨᠢ 37 ᠪᠠᠶ᠋ᠢᠵᠤ᠂ ᠺᠣᠮᠫᠢᠦ᠋ᠲ᠋ᠧᠷ᠂ ᠲᠣᠭ᠎ᠠ ᠪᠦᠷᠢᠳᠬᠡᠯ᠎ᠤᠨ ᠲᠤᠰᠬᠠᠶ ᠰᠦᠯᠵᠢᠶ᠎ᠡ ᠵᠡᠷᠭᠡ ᠠᠵᠢᠯᠯᠠᠬᠤ ᠨᠥᠬᠥᠴᠡᠯ᠎ᠢ᠎ᠨᠢ ᠦᠷᠭᠦᠯᠵᠢᠯᠡᠨ ᠰᠠᠢ᠌ᠵᠢᠷᠠᠭᠤᠯᠪᠠ; 2021 ᠣᠨ᠎ᠤ ᠪᠥᠬᠥ ᠣᠷᠣᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠬᠤᠷᠠᠯ ᠳᠡᠭᠡᠷ᠎ᠡ᠂ ᠲᠦᠷᠦᠭᠦᠤ ᠪᠦᠯᠦᠭ᠎ᠤᠨ 《ᠨᠠᠢ᠍ᠮᠠ ᠵᠢ ᠲᠡᠭᠦᠯᠳᠡᠷᠵᠢᠭᠦᠯᠵᠦ ᠨᠠᠢ᠍ᠮᠠ ᠵᠢ ᠪᠣᠯᠭ᠋ᠠᠬᠤ》 ᠵᠢ ᠠᠬᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠣᠭᠰᠠᠨ 39 ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢ ᠨᠡᠶ᠋ᠢᠲᠡᠯᠡᠨ ᠰᠠᠢ᠌ᠰᠢᠶᠠᠭᠰᠠᠨ᠎ᠤ ᠬᠠᠮᠲᠤ᠂ ᠳᠠᠷᠠᠭ᠋ᠠᠴᠢ ᠵᠢᠨ ᠠᠯᠬᠤᠮ᠎ᠤᠨ ᠵᠢᠷᠤᠮᠵᠢᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ᠎ᠪᠠᠷ ᠢᠯᠡᠳᠲᠡ ᠪᠠᠶ᠋ᠢᠭ᠎ᠠ ᠰᠢᠶᠠᠩ ᠪᠠᠯᠭ᠋ᠠᠰᠤ ᠵᠢ ᠨᠡᠶ᠋ᠢᠲᠡᠯᠡᠨ ᠰᠠᠢ᠌ᠰᠢᠶᠠᠬᠤ ᠵᠢ ᠪᠠᠢ᠌ᠩᠭᠤᠵᠢᠭᠤᠯᠤᠨ᠎ᠠ᠃ ᠭᠤᠷᠪᠠ᠎ᠳᠤ᠂ 2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ ᠠᠬᠢᠭᠤᠯᠬᠤ ᠠᠵᠢᠯ᠎ᠤᠨ ᠠᠷᠭ᠎ᠠ ᠬᠢᠳᠡᠯ ᠪᠠ ᠨᠡᠶ᠋ᠢᠲᠡᠯᠢᠭ ᠲᠤᠷᠰᠢᠯᠭ᠎ᠠ ᠵᠢ ᠪᠥᠬᠥ ᠤᠯᠤᠰ᠎ᠤᠨ ᠲᠣᠭ᠎ᠠ ᠪᠦᠷᠢᠳᠬᠡᠯ᠎ᠤᠨ ᠰᠢᠰᠲ᠋ᠧᠮ᠎ᠳᠤ ᠥᠷᠭᠡᠨ ᠵᠶ᠋ᠠᠷ ᠰᠣᠯᠢᠯᠴᠠᠨ ᠳᠡᠯᠭᠡᠷᠡᠭᠦᠯᠦᠭᠰᠡᠨ᠎ᠤ ᠬᠠᠮᠲᠤ ᠤᠢ᠍ᠢ᠍ᠷ᠎ᠠ ᠵᠢᠨ ᠵᠢᠯ᠎ᠠᠴᠠ ᠨᠠᠭ᠋ᠠᠰᠢᠬᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠵᠠᠷᠯᠠᠨ ᠮᠡᠳᠡᠭᠡᠯᠡᠭᠰᠡᠨ ᠲᠤᠬᠠᠶ᠋ᠢᠯᠠᠭᠰᠠᠨ ᠠᠵᠢᠯ᠎ᠤᠨ ᠬᠢᠨᠠᠨ ᠰᠢᠯᠭ᠋ᠠᠷᠠᠭᠤᠯᠤᠯᠲᠠ᠎ᠳᠤ ᠮᠠᠨ᠎ᠤ ᠣᠷᠣᠨ᠎ᠤ ᠤᠯᠠᠨ ᠵᠦᠢ᠍ᠯ᠎ᠤᠨ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ ᠰᠢᠯᠢᠳᠡᠭ ᠪᠦᠲᠦᠮᠵᠢ ᠣᠯᠵᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠡᠶ᠋ᠢᠳᠡᠮ᠎ᠤᠨ ᠨᠣᠲᠠᠯᠠᠯᠲᠠ ᠵᠢ ᠣᠯᠪᠠ᠂ ᠡᠨᠡ᠎ᠨᠢ ᠪᠠᠰᠠ ᠴᠦ᠍ ᠦᠨᠳᠦᠰᠦᠨ ᠱᠠᠲᠤᠨ᠎ᠤ ᠰᠠᠭᠤᠷᠢ ᠠᠵᠢᠯ᠎ᠢ ᠠᠳᠬᠤᠭᠰᠠᠨ ᠬᠠᠮᠤᠭ᠎ᠤᠨ ᠶᠡᠬᠡ ᠦᠷ᠎ᠡ ᠪᠦᠲᠦᠮᠵᠢ ᠪᠣᠯᠤᠨ᠎ᠠ᠃
      ᠬᠣᠶᠠᠷ᠂ 《ᠬᠠᠮᠢᠶᠠᠷᠤᠯᠲᠠ ᠵᠢᠨ ᠠᠷᠭ᠎ᠠ》 ᠵᠢᠴᠢ ᠲᠦᠬᠦᠷᠵᠢᠭᠦᠯᠬᠦ ᠪᠠᠷᠢᠮᠵᠢᠶ᠎ᠠ ᠵᠢᠨ ᠲᠤᠬᠠᠶ
      ᠬᠣᠰᠢᠭᠤ ᠰᠢᠶᠠᠨ᠎ᠤ ᠱᠠᠲᠤᠨ᠎ᠤ ᠲᠣᠭ᠎ᠠ ᠪᠦᠷᠢᠳᠬᠡᠯ᠎ᠳᠤ ᠴᠢᠭᠯᠡᠭᠦᠯᠦᠨ 《ᠲᠠᠪᠤ ᠵᠢ ᠵᠢᠷᠤᠮᠵᠢᠭᠤᠯᠵᠤ ᠳᠥᠷᠪᠡ ᠵᠢ ᠳᠡᠭᠡᠭᠰᠢᠯᠡᠭᠦᠯᠬᠦ》 ᠠᠵᠢᠯ᠎ᠤᠨ ᠬᠠᠷᠠᠯᠲᠠ ᠵᠢ ᠳᠤᠷᠠᠳᠪᠠ᠂ ᠲᠤᠬᠠᠶ᠋ᠢᠯᠠᠪᠠᠯ ᠲᠣᠭ᠎ᠠ ᠪᠦᠷᠢᠳᠬᠡᠯ᠎ᠤᠨ ᠠᠵᠢᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠲᠣᠭ᠎ᠠ ᠪᠠᠷᠢᠮᠲᠠ ᠭᠠᠷᠭ᠋ᠠᠬᠤ ᠴᠤᠪᠤᠷᠠᠯ᠎ᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠪᠣᠯᠪᠠᠰᠤᠷᠠᠯ ᠬᠥᠮᠦᠵᠢᠯ᠎ᠢ ᠵᠢᠷᠤᠮᠵᠢᠭᠤᠯᠬᠤ᠎ᠤ᠂ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠨᠡᠶ᠋ᠢᠲᠡᠯᠡᠬᠦ ᠵᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠲᠣᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠮᠡᠳᠡᠭᠡ ᠵᠠᠩᠭᠢ ᠵᠢᠨ ᠮᠡᠷᠭᠡᠵᠢᠯ ᠵᠶ᠋ᠠᠷ ᠲᠤᠯᠭ᠋ᠠᠭᠤᠷᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 9 ᠵᠦᠢ᠍ᠯ 27 ᠵᠤᠷᠪᠤᠰ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠢᠵᠢ ᠪᠥᠷᠢᠳᠦᠭᠦᠯᠦᠨ ᠲᠣᠭᠲᠠᠭ᠋ᠠᠪᠠ᠃
     2020 ᠣᠨ᠎ᠤ 9 ᠳ᠋ᠦ᠍ᠭᠡᠷ ᠰᠠᠷ᠎ᠠ᠎ᠳᠤ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 12 ᠳ᠋ᠤᠭ᠋ᠠᠷ ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠮᠠᠨ᠎ᠤ ᠣᠷᠣᠨ᠎ᠳᠤ ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠢ᠌ᠴᠠᠭ᠋ᠠᠯᠲᠠ ᠥᠷᠨᠢᠭᠦᠯᠪᠡ᠃ 2021 ᠣᠨ᠎ᠤ 3 ᠳ᠋ᠤᠭ᠋ᠠᠷ ᠰᠠᠷ᠎ᠠ᠎ᠳᠤ᠂ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠰᠢᠮᠳᠠᠭᠤᠯᠤᠨ ᠪᠠᠶ᠋ᠢᠴᠠᠭ᠋ᠠᠭᠰᠠᠨ ᠰᠠᠨᠠᠯ ᠵᠶ᠋ᠡᠨ ᠬᠠᠷᠢᠭᠤ ᠲᠤᠰᠬᠠᠭᠰᠠᠨ ᠰᠠᠨᠠᠯ᠎ᠳᠤ᠎ᠪᠠᠨ᠂ ᠬᠣᠰᠢᠭᠤ ᠰᠢᠶᠠᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠲᠠᠯ᠎ᠠ᠎ᠪᠠᠷ ᠡᠳᠦᠶ ᠲᠡᠳᠦᠶ ᠠᠰᠠᠭᠤᠳᠠᠯ ᠣᠷᠣᠰᠢᠵᠤ ᠪᠠᠶ᠋ᠢᠨ᠎ᠠ ᠭᠡᠵᠦ ᠲᠣᠳᠣᠷᠬᠠᠶ ᠵᠢᠭ᠋ᠠᠵᠤ ᠭᠠᠷᠭ᠋ᠠᠪᠠ᠃ ᠣᠳᠣᠬᠠᠨ᠎ᠳᠤ ᠪᠢᠳᠡ ᠶᠠᠭ ᠬᠣᠰᠢᠭᠤ ᠰᠢᠶᠠᠨ᠎ᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠨ ᠪᠠᠶ᠋ᠢᠴᠠᠭ᠋ᠠᠯᠲᠠ ᠬᠢᠬᠦ ᠠᠵᠢᠯ᠎ᠤᠨ ᠬᠦᠴᠦᠨ᠎ᠢ ᠭᠦᠢ᠍ᠴᠡᠳ ᠳᠣᠭᠢᠷᠠᠭᠤᠯᠤᠨ ᠴᠢᠩᠭ᠋ᠠᠳᠬᠠᠬᠤ᠂ ᠬᠣᠰᠢᠭᠤ ᠰᠢᠶᠠᠨ᠎ᠤ ᠲᠣᠭ᠎ᠠ ᠪᠦᠷᠢᠳᠬᠡᠯ᠎ᠤᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠬᠤ ᠵᠡᠷᠭᠡ ᠠᠷᠭ᠎ᠠ ᠮᠠᠶᠢᠭ ᠵᠶ᠋ᠠᠷ ᠠᠰᠠᠭᠤᠳᠠᠯ᠎ᠢ ᠰᠢᠢ᠍ᠳᠪᠦᠷᠢᠯᠡᠵᠦ ᠪᠠᠶ᠋ᠢᠨ᠎ᠠ᠃
      ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠳᠤ ᠴᠢᠭᠯᠡᠭᠦᠯᠦᠨ 《ᠵᠢᠷᠭᠤᠭ᠎ᠠ ᠵᠢ ᠵᠢᠷᠤᠮᠵᠢᠭᠤᠯᠵᠤ ᠲᠠᠪᠤ ᠵᠢ ᠴᠢᠩᠭ᠋ᠠᠳᠬᠠᠬᠤ》 ᠠᠵᠢᠯ᠎ᠤᠨ ᠬᠠᠷᠠᠯᠲᠠ ᠵᠢ ᠳᠤᠷᠠᠳᠪᠠ᠂ ᠲᠤᠬᠠᠶ᠋ᠢᠯᠠᠪᠠᠯ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠵᠢᠷᠤᠭ ᠲᠥᠯᠥᠪᠯᠡᠭᠡ ᠵᠢ ᠵᠢᠷᠤᠮᠵᠢᠭᠤᠯᠬᠤ᠂ ᠪᠠᠶ᠋ᠢᠴᠠᠭ᠋ᠠᠯᠲᠠ ᠵᠢᠨ ᠵᠦᠢ᠍ᠯᠡᠰ᠎ᠤᠨ ᠬᠢᠨᠠᠯᠲᠠ ᠵᠥᠪᠰᠢᠶᠡᠷᠡᠯ᠎ᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠢᠷᠤᠮᠵᠢᠭᠤᠯᠬᠤ᠂ ᠲᠣᠭ᠎ᠠ ᠪᠠᠷᠢᠮᠲᠠ ᠵᠢ ᠨᠡᠶ᠋ᠢᠲᠡᠯᠡᠬᠦ ᠠᠭᠤᠯᠭ᠎ᠠ ᠵᠢ ᠵᠢᠷᠤᠮᠵᠢᠭᠤᠯᠬᠤ᠂ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠬᠤ᠂ ᠨᠡᠷᠡᠰ᠎ᠤᠨ ᠵᠢᠭᠰᠠᠭ᠋ᠠᠯᠲᠠ ᠵᠢᠨ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠲᠣᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠶᠠᠰᠤ ᠴᠢᠨᠠᠷ᠎ᠢ ᠦᠨᠡᠯᠡᠨ ᠵᠢᠱ᠌ᠢᠵᠦ ᠰᠢᠯᠭ᠋ᠠᠨ ᠬᠤᠷᠢᠶᠠᠵᠤ ᠠᠪᠬᠤ ᠵᠢ ᠴᠢᠩᠭ᠋ᠠᠳᠬᠠᠬᠤ᠂ ᠮᠡᠳᠡᠭᠡ ᠵᠠᠩᠭᠢ ᠵᠢᠨ ᠮᠡᠷᠭᠡᠵᠢᠯ ᠵᠶ᠋ᠠᠷ ᠲᠤᠯᠭ᠋ᠠᠭᠤᠷᠢᠯᠠᠬᠤ ᠵᠢ ᠴᠢᠩᠭ᠋ᠠᠳᠬᠠᠬᠤ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 11 ᠵᠦᠢ᠍ᠯ 21 ᠵᠤᠷᠪᠤᠰ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠢᠵᠢ ᠪᠥᠷᠢᠳᠦᠭᠦᠯᠦᠨ ᠲᠣᠭᠲᠠᠭ᠋ᠠᠪᠠ᠃
     《ᠬᠠᠮᠢᠶᠠᠷᠤᠯᠲᠠ ᠵᠢᠨ ᠠᠷᠭ᠎ᠠ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠣᠭ᠎ᠠ ᠪᠠᠷᠢᠮᠲᠠ ᠴᠤᠭᠯᠠᠭᠤᠯᠬᠤ᠂ ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠪᠠ ᠶᠠᠰᠤ ᠴᠢᠨᠠᠷ᠎ᠢ ᠡᠵᠡᠮᠳᠡᠬᠦ ᠵᠡᠷᠭᠡ ᠠᠵᠢᠯ᠎ᠤᠨ ᠴᠤᠪᠤᠷᠠᠯ᠎ᠢ ᠴᠢᠩᠭ᠎ᠠ ᠵᠢᠷᠤᠮᠵᠢᠭᠤᠯᠬᠤ ᠬᠡᠷᠡᠭᠲᠡᠶ; ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠣᠭᠲᠠᠭ᠋ᠠᠭᠰᠠᠨ 《ᠰᠠᠯᠠᠭ᠎ᠠ ᠮᠥᠴᠢᠷ᠎ᠤᠨ ᠶᠡᠷᠦᠩᠬᠡᠶ᠋ᠢᠯᠡᠭᠰᠡᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠦᠷᠢᠮ》᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠪᠠᠰᠠ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠬᠤ᠂ 《ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠭᠠᠷ ᠠᠪᠤᠯᠭ᠎ᠠ》 ᠵᠢ ᠳᠠᠷᠤᠮᠠᠯᠯᠠᠨ ᠲᠠᠷᠬᠠᠭ᠋ᠠᠬᠤ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠢᠯᠭ᠋ᠠᠷᠠᠭᠤᠯᠤᠨ ᠪᠠᠢ᠌ᠴᠠᠭ᠋ᠠᠬᠤ ᠪᠠ ᠥᠪᠡᠷ᠎ᠢ᠎ᠪᠠᠨ ᠪᠠᠶ᠋ᠢᠴᠠᠭ᠋ᠠᠬᠤ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠬᠦ ᠵᠡᠷᠭᠡ ᠠᠷᠭ᠎ᠠ ᠮᠠᠶᠢᠭ ᠵᠶ᠋ᠡᠷ ᠰᠠᠯᠠᠭ᠎ᠠ ᠮᠥᠴᠢᠷ᠎ᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠲᠣᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠤᠨ ᠰᠠᠶ᠋ᠢᠲᠤᠷ ᠬᠢᠯᠭᠡᠪᠡ᠃
      ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠳᠤ ᠴᠢᠭᠯᠡᠭᠦᠯᠦᠨ 《ᠭᠤᠷᠪᠠ ᠵᠢ ᠵᠢᠷᠤᠮᠵᠢᠭᠤᠯᠵᠤ ᠬᠣᠶᠠᠷ᠎ᠢ ᠳᠡᠭᠡᠭᠰᠢᠯᠡᠭᠦᠯᠬᠦ》 ᠠᠵᠢᠯ᠎ᠤᠨ ᠬᠠᠷᠠᠯᠲᠠ ᠵᠢ ᠳᠤᠷᠠᠳᠪᠠ᠂ ᠲᠤᠬᠠᠶ᠋ᠢᠯᠠᠪᠠᠯ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠡᠭᠦᠷᠭᠡ ᠬᠠᠷᠢᠭᠤᠴᠠᠯᠭ᠎ᠠ ᠵᠢ ᠵᠢᠷᠤᠮᠵᠢᠭᠤᠯᠬᠤ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠴᠤᠪᠤᠷᠠᠯ᠎ᠢ ᠵᠢᠷᠤᠮᠵᠢᠭᠤᠯᠬᠤ᠂ ᠬᠠᠤᠯᠢ ᠶᠣᠰᠣᠭ᠋ᠠᠷ ᠲᠣᠭ᠎ᠠ ᠪᠦᠷᠢᠳᠬᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠂ ᠲᠣᠭ᠎ᠠ ᠪᠦᠷᠢᠳᠬᠡᠯ᠎ᠤᠨ ᠠᠵᠢᠯ᠎ᠤᠨ ᠰᠢᠯᠭ᠋ᠠᠨ ᠬᠢᠨᠠᠬᠤ ᠡᠷᠴᠢᠮ᠎ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 5 ᠵᠦᠢ᠍ᠯ 16 ᠵᠤᠷᠪᠤᠰ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠢᠵᠢ ᠪᠥᠷᠢᠳᠦᠭᠦᠯᠦᠨ ᠲᠣᠭᠲᠠᠭ᠋ᠠᠪᠠ᠃
     2021 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ 《ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠳᠦᠷᠢᠮ》᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠵᠥᠪᠰᠢᠶᠡᠷᠡᠯ᠎ᠢ ᠣᠯᠣᠭᠰᠠᠨ᠎ᠠᠴᠠ ᠨᠠᠭ᠋ᠠᠰᠢ᠂ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ ᠵᠢᠩᠬᠢᠨᠢ᠎ᠪᠠᠷ ᠡᠬᠢᠯᠡᠵᠦ᠂ ᠣᠳᠣᠬᠠᠨ᠎ᠳᠤ ᠶᠠᠭ ᠭᠤᠷᠪᠠᠨ ᠠᠯᠬᠤᠮ ᠬᠤᠪᠢᠶᠠᠨ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠳᠣᠲᠣᠷᠠᠬᠢ 58 ᠠᠵᠤ ᠠᠬᠤᠶ᠋ᠢᠯᠠᠯ᠎ᠳᠤ ᠤᠯᠠᠷᠢᠯ᠎ᠤᠨ ᠲᠣᠭ᠎ᠠ ᠪᠦᠷᠢᠳᠬᠡᠯ᠎ᠤᠨ ᠬᠢᠨᠠᠨ ᠰᠢᠨᠵᠢᠯᠡᠯᠲᠡ ᠬᠢᠵᠦ ᠪᠠᠶ᠋ᠢᠨ᠎ᠠ᠃ ᠬᠠᠮᠢᠶ᠎ᠠ ᠪᠥᠬᠥᠶ ᠲᠣᠭ᠎ᠠ ᠪᠠᠷᠢᠮᠲᠠ ᠪᠠ ᠵᠠᠳᠠᠯᠤᠨ ᠲᠠᠶ᠋ᠢᠯᠪᠤᠷᠢᠯᠠᠬᠤ ᠠᠵᠢᠯ᠎ᠢ ᠴᠤ᠌ ᠴᠠᠭ ᠲᠤᠬᠠᠢ᠎ᠳᠤ᠎ᠨᠢ ᠳᠣᠭᠢᠷᠠᠭᠤᠯᠤᠨ ᠨᠡᠶ᠋ᠢᠲᠡᠯᠡᠵᠦ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠲᠣᠭ᠎ᠠ ᠪᠦᠷᠢᠳᠬᠡᠯ᠎ᠤᠨ ᠬᠦᠴᠦᠨ ᠨᠡᠮᠡᠷᠢᠯᠡᠵᠦ ᠪᠤᠢ᠃
      ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠳᠤ ᠴᠢᠭᠯᠡᠭᠦᠯᠦᠨ 《ᠭᠤᠷᠪᠠ ᠵᠢ ᠵᠢᠷᠤᠮᠵᠢᠭᠤᠯᠵᠤ ᠳᠥᠷᠪᠡ ᠵᠢ ᠴᠢᠩᠭ᠋ᠠᠷᠠᠭᠤᠯᠬᠤ》 ᠠᠵᠢᠯ᠎ᠤᠨ ᠬᠠᠷᠠᠯᠲᠠ ᠵᠢ ᠳᠤᠷᠠᠳᠪᠠ᠂ ᠲᠤᠬᠠᠶ᠋ᠢᠯᠠᠪᠠᠯ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯᠯᠠᠭ᠎ᠠ ᠵᠢ ᠵᠢᠷᠤᠮᠵᠢᠭᠤᠯᠬᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯᠲᠠᠨ᠎ᠤ ᠪᠣᠯᠪᠠᠰᠤᠷᠠᠭᠤᠯᠤᠯ᠎ᠢ ᠵᠢᠷᠤᠮᠵᠢᠭᠤᠯᠬᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠋ᠠᠳᠬᠠᠬᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠳᠬᠠᠬᠤ᠂ ᠠᠵᠤ ᠠᠬᠤᠢ᠌ᠯᠠᠯ᠎ᠤᠨ ᠲᠣᠭ᠎ᠠ ᠪᠦᠷᠢᠳᠬᠡᠯ᠎ᠤᠨ ᠱᠠᠩᠨᠠᠨ ᠵᠠᠯᠬᠠᠭ᠋ᠠᠬᠤ ᠳᠦᠷᠢᠮ᠎ᠢ ᠴᠢᠩᠭ᠋ᠠᠳᠬᠠᠬᠤ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 7 ᠵᠦᠢ᠍ᠯ 18 ᠵᠤᠷᠪᠤᠰ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠢᠵᠢ ᠪᠥᠷᠢᠳᠦᠭᠦᠯᠦᠨ ᠲᠣᠭᠲᠠᠭ᠋ᠠᠪᠠ᠃
      ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠠᠵᠢᠯ᠎ᠤᠨ ᠭᠣᠤᠯ ᠠᠭᠤᠯᠭ᠎ᠠ ᠪᠣᠯ 《ᠤᠷᠢᠳ ᠵᠶ᠋ᠠᠷ ᠡᠬᠡ ᠲᠠᠩᠰᠠ ᠭᠠᠷᠭ᠋ᠠᠵᠤ ᠳᠠᠷᠠᠭ᠎ᠠ᠎ᠨᠢ ᠮᠡᠳᠡᠭᠦᠯᠦᠯᠲᠡ ᠵᠢᠨ ᠬᠦᠰᠦᠨᠦᠭᠲᠦ ᠵᠣᠬᠢᠶᠠᠬᠤ》 ᠵᠠᠷᠴᠢᠮ᠎ᠢ ᠴᠢᠩᠭ᠎ᠠ ᠵᠢᠷᠤᠮᠯᠠᠨ᠂ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠪᠦᠷᠢᠨ ᠪᠦᠲᠦᠨ ᠡᠬᠡ ᠲᠠᠩᠰᠠ ᠵᠢ ᠪᠠᠶ᠋ᠢᠭᠤᠯᠬᠤ ᠶᠠᠪᠤᠳᠠᠯ ᠪᠣᠯᠤᠨ᠎ᠠ᠃ ᠡᠭᠦᠨ᠎ᠠᠴᠠ ᠭᠠᠳᠠᠨ᠎ᠠ᠂ 《ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯᠲᠠᠨ᠎ᠢ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠭᠰᠠᠨ ᠲᠤᠬᠠᠶ᠋ᠢᠯᠠᠭᠰᠠᠨ ᠠᠵᠢᠯ ᠪᠠ ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠣᠯᠪᠠᠰᠤᠷᠠᠯ᠎ᠳᠤ ᠣᠷᠣᠯᠴᠠᠭᠤᠯᠵᠤ᠂ ᠲᠣᠭ᠎ᠠ ᠪᠦᠷᠢᠳᠬᠡᠯ᠎ᠤᠨ ᠠᠵᠢᠯᠲᠠᠨ᠎ᠳᠤ ᠲᠣᠬᠢᠷᠠᠭᠤᠯᠤᠯᠲᠠ ᠬᠢᠵᠦ ᠬᠤᠪᠢᠷᠠᠯᠲᠠ ᠭᠠᠷᠬᠤ ᠦᠶ᠎ᠡ᠎ᠳᠤ ᠪᠠᠰᠠ ᠴᠠᠭ ᠲᠤᠬᠠᠶ᠎ᠳᠤ᠎ᠨᠢ ᠳᠡᠩᠰᠡᠯᠡᠨ ᠲᠡᠮᠳᠡᠭᠯᠡᠬᠦ ᠬᠡᠷᠡᠭᠲᠡᠶ᠃ ᠣᠲᠣ ᠪᠣᠯᠲᠠᠯ᠎ᠠ᠂ ᠪᠥᠬᠥ ᠣᠷᠣᠨ᠎ᠤ 《ᠳᠥᠷᠪᠡ ᠵᠢ ᠬᠥᠭᠵᠢᠭᠦᠯᠬᠦ》 ᠠᠵᠤ ᠠᠬᠤᠶ᠋ᠢᠯᠠᠯ (ᠲᠣᠭ᠎ᠠ ᠪᠦᠷᠢᠳᠬᠡᠯ᠎ᠤᠨ ᠲᠠᠯ᠎ᠠ᠎ᠪᠠᠷ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠂ ᠬᠢᠷᠢ ᠬᠡᠮ᠎ᠤᠨ ᠲᠠᠰ᠎ᠨᠢ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠪᠠ ᠬᠣᠭᠣᠯᠠ ᠬᠣᠨᠣᠭ᠎ᠤᠨ ᠠᠵᠤ ᠠᠬᠤᠶ᠋ᠢᠯᠠᠯ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ)᠎ᠨᠢ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠦᠨᠳᠦᠰᠦᠨ᠎ᠳᠤ᠎ᠪᠠᠨ ᠵᠢᠷᠤᠮᠵᠢᠭᠤᠯᠤᠨ ᠪᠠᠶ᠋ᠢᠭᠤᠯᠵᠤ᠂ 《ᠲᠣᠭ᠎ᠠ ᠪᠦᠷᠢᠳᠬᠡᠯ᠎ᠨᠢ ᠦᠨᠳᠦᠰᠦ ᠪᠠᠷᠢᠮᠲᠠ᠎ᠲᠠᠢ᠂ ᠪᠠᠶ᠋ᠢᠴᠠᠭ᠋ᠠᠬᠤ᠎ᠳᠤ ᠦᠨᠳᠦᠰᠦ ᠪᠠᠷᠢᠮᠲᠠ᠎ᠲᠠᠢ》 ᠪᠠᠶ᠋ᠢᠬᠤ ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠡᠬᠢ ᠡᠭᠦᠰᠦᠯ᠎ᠤᠨ ᠲᠣᠭ᠎ᠠ ᠪᠠᠷᠢᠮᠲᠠ ᠵᠢᠨ ᠨᠡᠬᠡᠮᠵᠢᠯᠡᠬᠦ ᠴᠢᠨᠠᠷ᠂ ᠬᠠᠷᠢᠴᠠᠭᠤᠯᠬᠤ ᠴᠢᠨᠠᠷ᠂ ᠵᠣᠬᠢᠴᠠᠩᠭᠤᠢ ᠴᠢᠨᠠᠷ᠎ᠨᠢ ᠴᠦ᠍ ᠤᠯᠠᠮ᠎ᠠᠴᠠ ᠤᠯᠠᠮ ᠰᠠᠶ᠋ᠢᠨ ᠪᠣᠯᠵᠣ ᠪᠠᠶ᠋ᠢᠨ᠎ᠠ᠃
      ᠲᠠᠷᠠᠭ᠋ᠠᠴᠢ ᠵᠢᠨ ᠠᠯᠬᠤᠮ᠎ᠳᠤ᠂ ᠪᠢᠳᠡ ᠲᠥᠷᠥᠯ ᠬᠤᠪᠢᠶᠠᠨ ᠵᠢᠯᠣᠭᠣᠳᠬᠤ ᠵᠢ ᠪᠠᠷᠢᠮᠲᠠᠯᠠᠵᠤ᠂ ᠬᠠᠮᠵᠢᠯᠴᠠᠨ ᠨᠡᠪᠲᠡᠷᠡᠯᠴᠡᠬᠦ ᠵᠢ ᠴᠢᠩᠭ᠋ᠠᠳᠬᠠᠵᠤ᠂ ᠲᠠᠪᠤᠨ ᠬᠦᠷᠢᠶ᠎ᠡ ᠴᠠᠷᠠᠭ᠋ᠠᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠠᠵᠢᠯ᠎ᠢ ᠵᠡᠷᠭᠡ᠎ᠳᠤ᠎ᠨᠢ ᠭᠦᠨᠵᠡᠭᠡᠶ ᠠᠬᠢᠭᠤᠯᠵᠤ᠂ ᠲᠣᠭ᠎ᠠ ᠪᠦᠷᠢᠳᠬᠡᠯ᠎ᠤᠨ ᠡᠬᠢ ᠡᠭᠦᠰᠦᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠷᠭᠦᠯᠵᠢᠯᠡᠨ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷᠯᠢᠭ ᠬᠥᠭᠵᠢᠯᠲᠡ᠎ᠳᠤ ᠲᠣᠭ᠎ᠠ ᠪᠦᠷᠢᠳᠬᠡᠯ᠎ᠤᠨ ᠬᠦᠴᠦᠨ ᠴᠢᠳᠠᠯ᠎ᠢ ᠲᠠᠰᠤᠷᠠᠯᠲᠠ ᠥᠬᠡᠶ ᠨᠡᠮᠡᠷᠢᠯᠡᠨ᠎ᠡ᠃


      ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ ᠪᠠᠢ᠌ᠳᠠᠯ


      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠬᠣᠰᠢᠭᠤ ᠰᠢᠶᠠᠨ᠎ᠤ ᠲᠣᠭ᠎ᠠ ᠪᠦᠷᠢᠳᠬᠡᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠠᠵᠢᠯ᠎ᠢ ᠰᠢᠮᠳᠠᠭᠤᠯᠤᠨ ᠵᠢᠯᠣᠭᠣᠳᠬᠤ᠎ᠳᠤ᠎ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?
      ᠰᠢᠶᠠ ᠷᠦᠩ ᠬᠤᠸᠠ᠄ ᠭᠣᠤᠯᠳᠠᠭᠤ ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠨ ᠬᠢᠨᠠᠯᠲᠠ ᠪᠠᠶ᠋ᠢᠴᠠᠭ᠋ᠠᠯᠲᠠ ᠬᠢᠬᠦ᠎ᠳᠤ ᠲᠦᠰᠢᠭᠯᠡᠨ ᠠᠵᠢᠯ ᠵᠶ᠋ᠠᠨ ᠥᠷᠨᠢᠭᠦᠯᠪᠡ᠃ 2018 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠨᠢᠭᠡ ᠵᠢᠯ᠎ᠤᠨ ᠳᠣᠲᠣᠷ᠎ᠠ 12 ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ᠎ᠳᠤ 《ᠪᠦᠬᠦᠨ᠎ᠢ ᠬᠠᠮᠤᠷᠬᠤ》 ᠬᠠᠷᠠᠯᠲᠠ ᠡᠭᠦᠷᠭᠡ ᠵᠢ ᠪᠡᠶᠡᠯᠡᠭᠦᠯᠬᠦ ᠬᠡᠷᠡᠭᠲᠡᠶ ᠭᠡᠵᠦ ᠠᠩᠬ᠎ᠠ ᠤᠳᠠᠭ᠎ᠠ ᠳᠤᠷᠠᠳᠤᠨ ᠭᠠᠷᠭ᠋ᠠᠪᠠ᠃ 3 ᠵᠢᠯ᠎ᠤᠨ ᠲᠤᠷᠰᠢ᠂ ᠡᠨᠡ ᠬᠦ᠌ ᠬᠠᠷᠠᠯᠲᠠ ᠵᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ᠂ ᠲᠣᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠬᠤ᠂ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ ᠵᠢ ᠬᠠᠮᠤᠷᠤᠭᠰᠠᠨ 《ᠭᠤᠷᠪᠠ ᠵᠢ ᠨᠢᠭᠡ ᠴᠣᠭᠴᠠᠵᠢᠭᠤᠯᠤᠭᠰᠠᠨ》 ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠠᠭᠪᠤᠷ ᠪᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠶ᠋ᠠᠷ ᠲᠦᠷᠦᠭᠦᠯᠡᠭᠦᠯᠦᠭᠰᠡᠨ᠂ ᠲᠤᠰᠬᠠᠶ ᠮᠡᠷᠭᠡᠵᠢᠯ᠎ᠤᠨ ᠡᠩᠨᠡᠭᠡ ᠳᠠᠭ᠋ᠠᠵᠤ ᠤᠷᠤᠭᠰᠢᠯᠠᠭᠰᠠᠨ᠂ ᠦᠨᠳᠦᠰᠦᠨ ᠱᠠᠲᠤ ᠬᠠᠷᠢᠯᠴᠠᠨ ᠬᠣᠯᠪᠣᠭ᠋ᠠᠯᠠᠭᠰᠠᠨ ᠪᠥᠬᠥ ᠠᠵᠢᠯᠲᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠳᠤ ᠣᠷᠣᠯᠴᠠᠬᠤ ᠲᠣᠭᠲᠠᠴᠠ ᠵᠢ ᠪᠠᠶ᠋ᠢᠭᠤᠯᠪᠠ᠃
      ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠲᠠᠢ ᠨᠢᠭᠡᠳᠬᠡᠨ᠂ ᠬᠣᠰᠢᠭᠤ ᠰᠢᠶᠠᠨ᠎ᠤ ᠲᠣᠭ᠎ᠠ ᠪᠦᠷᠢᠳᠬᠡᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠬᠣᠰᠢᠭᠤ ᠰᠢᠶᠠᠨ᠎ᠤ ᠱᠠᠲᠤᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ 27 ᠵᠤᠷᠪᠤᠰ ᠪᠣᠳᠠᠲᠠᠶ ᠪᠠᠷᠢᠮᠵᠢᠶ᠎ᠠ ᠵᠢ ᠪᠦᠬᠦᠨ᠎ᠢ ᠤᠳᠠᠭ᠎ᠠ ᠪᠦᠷᠢ ᠵᠢᠨ ᠥᠷᠨᠢᠭᠦᠯᠬᠦ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠪᠠᠶ᠋ᠢᠴᠠᠭ᠋ᠠᠯᠲᠠ ᠬᠢᠬᠦ᠎ᠳᠤ ᠵᠠᠪᠠᠯ ᠪᠠᠶ᠋ᠢᠴᠠᠭ᠋ᠠᠬᠤ ᠠᠭᠤᠯᠭ᠎ᠠ᠎ᠳᠤ ᠣᠷᠣᠭᠤᠯᠵᠠᠶ᠃ ᠬᠣᠰᠢᠭᠤ ᠰᠢᠶᠠᠨ᠎ᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠪᠠᠢ᠌ᠭᠤᠯᠤᠯᠲᠠ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠶ᠋ᠢᠭᠤᠯᠤᠯᠲᠠ᠂ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠠᠵᠢᠯᠲᠠᠨ᠎ᠤ ᠪᠣᠯᠪᠠᠰᠤᠷᠠᠯ ᠵᠡᠷᠭᠡ ᠪᠠᠶ᠋ᠢᠳᠠᠯ᠎ᠢ ᠭᠣᠤᠯᠳᠠᠯᠭ᠎ᠠ᠎ᠲᠠᠢ ᠠᠩᠬᠠᠷᠬᠤ ᠵᠢᠨ ᠬᠠᠮᠲᠤ ᠪᠠᠢ᠌ᠩᠭᠤᠵᠢᠭᠰᠠᠨ ᠮᠡᠳᠡᠭᠡᠯᠡᠯ ᠰᠠᠨᠠᠭᠤᠯᠤᠮᠵᠢ᠂ ᠪᠠᠢ᠌ᠩᠭᠤᠵᠢᠭᠰᠠᠨ ᠰᠢᠮᠳᠠᠭᠤᠯᠤᠨ ᠪᠠᠢ᠌ᠴᠠᠭ᠋ᠠᠯᠲᠠ ᠵᠢ ᠬᠡᠷᠡᠭᠵᠢᠭᠦᠯᠦᠪᠡ᠃ ᠵᠢᠱ᠌ᠢᠶᠡᠯᠡᠪᠡᠯ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠬᠢᠷᠢ ᠬᠡᠮ᠎ᠲᠠᠢ ᠠᠵᠢᠯᠲᠠᠨ᠎ᠢ ᠠᠳᠠᠭ᠎ᠲᠤ᠎ᠪᠠᠨ 2᠎ᠠᠴᠠ ᠳᠡᠭᠡᠭᠰᠢ ᠲᠣᠬᠢᠷᠠᠭᠤᠯᠵᠤ᠂ 1 ᠵᠢᠯ᠎ᠤᠨ ᠳᠣᠲᠣᠷ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠣᠭ᠎ᠠ ᠪᠦᠷᠢᠳᠬᠡᠯ᠎ᠤᠨ ᠠᠵᠢᠯᠲᠠᠨ᠎ᠤ᠎ᠪᠠᠨ ᠪᠣᠯᠪᠠᠰᠤᠷᠠᠯ᠎ᠢ ᠪᠦᠬᠦᠨ᠎ᠢ ᠪᠦᠷᠬᠦᠭᠦᠯᠵᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠎ᠨᠢ ᠳᠡᠭᠡᠳᠦ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠭᠰᠠᠨ ᠮᠡᠳᠡᠯᠭᠡ᠎ᠪᠠᠨ ᠰᠢᠨᠡᠳᠬᠡᠬᠦ ᠪᠣᠯᠪᠠᠰᠤᠷᠠᠯ᠎ᠳᠤ ᠵᠢᠯ ᠪᠦᠷᠢ ᠠᠳᠠᠭ᠎ᠲᠤ᠎ᠪᠠᠨ 1 ᠤᠳᠠᠭ᠎ᠠ ᠣᠷᠣᠯᠴᠠᠬᠤ ᠬᠡᠷᠡᠭᠲᠡᠢ ᠵᠡᠷᠭᠡ ᠪᠣᠯ ᠴᠥᠮ ᠴᠢᠩᠭ᠎ᠠ ᠬᠢᠵᠠᠭ᠋ᠠᠷᠯᠠᠯ ᠪᠣᠯᠤᠨ᠎ᠠ᠃
      ᠵᠥᠩ ᠾᠦᠩ ᠰᠦᠯᠵᠢᠶᠡᠨ᠎ᠤ ᠰᠤᠷᠪᠤᠯᠵᠢᠯᠠᠭᠴᠢ᠄ ᠰᠠᠶᠢᠬᠠᠨ ᠨᠡᠶ᠋ᠢᠲᠡᠯᠡᠭᠰᠡᠨ ᠡᠬᠢᠯᠡᠯᠲᠡ ᠵᠢᠨ ᠦᠭᠡᠨ᠎ᠳᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠶ ᠶᠠᠷᠢᠬᠤ᠎ᠳᠤ᠎ᠪᠠᠨ᠂ ᠣᠳᠣᠬᠠᠨ᠎ᠳᠤ ᠡᠨᠡ ᠬᠦ᠌ ᠠᠵᠢᠯ᠎ᠢ ᠶᠠᠭ ᠭᠤᠷᠪᠠᠨ ᠠᠯᠬᠤᠮ ᠬᠤᠪᠢᠶᠠᠵᠤ ᠶᠠᠪᠤᠭᠳᠠᠭᠤᠯᠵᠤ ᠪᠠᠶ᠋ᠢᠨ᠎ᠠ ᠭᠡᠵᠡᠢ᠂ ᠨᠠᠷᠢᠨ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠰᠢᠶᠠ ᠷᠦᠩ ᠬᠤᠸᠠ᠄ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ᠎ᠢ ᠬᠦᠴᠦᠲᠡᠶ ᠪᠥᠭᠡᠳ ᠡᠮᠬᠢ ᠳᠢᠭᠯᠢᠮ᠎ᠲᠠᠢ ᠥᠷᠨᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠠᠵᠢᠯ᠎ᠤᠨ ᠲᠤᠰᠬᠠᠶ ᠠᠩᠭᠢ ᠵᠢ ᠵᠣᠬᠢᠶᠠᠨ ᠪᠠᠢ᠌ᠭᠤᠯᠵᠤ᠂ ᠲᠤᠰᠬᠠᠶ ᠠᠵᠢᠯᠲᠠᠨ ᠵᠶ᠋ᠠᠷ ᠲᠣᠰ ᠠᠵᠢᠯ᠎ᠢ ᠠᠬᠢᠭᠤᠯᠤᠨ ᠨᠠᠶ᠋ᠢᠳᠠᠪᠤᠷᠢᠵᠢᠭᠤᠯᠬᠤ ᠵᠢ ᠬᠠᠷᠢᠴᠠᠭᠤᠯᠵᠤ ᠪᠤᠢ᠃ ᠡᠭᠦᠨ᠎ᠳᠤ ᠨᠡᠶ᠋ᠢᠲᠡ ᠭᠤᠷᠪᠠᠨ ᠠᠯᠬᠤᠮ ᠬᠤᠪᠢᠶᠠᠨ᠎ᠠ᠄ ᠨᠢᠭᠡᠳᠦᠭᠡᠷ ᠠᠯᠬᠤᠮ᠎ᠳᠤ᠂ 15 ᠬᠦᠷᠢᠶᠡᠯᠡᠩ ᠲᠣᠭᠣᠷᠢᠭ᠎ᠤᠨ ᠳᠣᠲᠣᠷ᠎ᠠ ᠥᠷᠨᠢᠭᠦᠯᠵᠦ᠂ 15 ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠶ᠋ᠢᠯᠠᠯ᠎ᠤᠨ ᠦᠨᠳᠦᠰᠦᠨ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠭᠰᠠᠨ ᠰᠠᠭᠤᠷᠢᠨ ᠳᠡᠭᠡᠷ᠎ᠡ᠂ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠬᠦ᠎ᠪᠠᠷ ᠳᠡᠮᠵᠢᠨ᠂ ᠬᠣᠶᠠᠳᠤᠭ᠋ᠠᠷ ᠤᠯᠠᠷᠢᠯ᠎ᠳᠤ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠲᠤᠷᠰᠢᠨ ᠲᠠᠭᠯᠠᠵᠤ ᠲᠤᠷᠰᠢᠨ ᠮᠡᠳᠡᠭᠦᠯᠦᠭᠰᠡᠨ᠎ᠤ ᠦᠷ᠎ᠡ ᠳ᠋ᠦᠩ᠎ᠨᠢ ᠵᠢᠱ᠌ᠢᠭᠰᠡᠨ ᠦᠷ᠎ᠡ ᠪᠦᠲᠦᠮᠵᠢ᠎ᠳᠤ ᠬᠥᠷᠪᠡ᠃ ᠬᠣᠶᠠᠳᠤᠭ᠋ᠠᠷ ᠠᠯᠬᠤᠮ᠎ᠳᠤ᠂ 15 ᠬᠦᠷᠢᠶᠡᠯᠡᠩ ᠲᠣᠭᠣᠷᠢᠭ᠎ᠤᠨ ᠲᠤᠷᠰᠢᠨ ᠲᠠᠭᠯᠠᠵᠤ ᠲᠤᠷᠰᠢᠨ ᠮᠡᠳᠡᠭᠦᠯᠦᠭᠰᠡᠨ ᠠᠵᠢᠯ᠎ᠤᠨ ᠲᠤᠷᠰᠢᠯᠭ᠎ᠠ ᠵᠢ ᠭᠦᠢ᠍ᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ ᠪᠠᠰᠠ ᠪᠤᠰᠤᠳ 17 ᠬᠦᠷᠢᠶᠡᠯᠡᠩ ᠲᠣᠭᠣᠷᠢᠭ᠎ᠤᠨ ᠠᠵᠤ ᠠᠬᠤᠶ᠋ᠢᠯᠠᠯ᠎ᠤᠨ ᠨᠠᠷᠢᠨ ᠪᠠᠶ᠋ᠢᠳᠠᠯ᠎ᠢ ᠣᠶ᠋ᠢᠯᠠᠭ᠋ᠠᠬᠤ ᠠᠵᠢᠯ᠎ᠢ ᠪᠡᠶᠡᠯᠡᠭᠦᠯᠪᠡ᠃ ᠥᠨᠥᠳᠦᠷ᠂ ᠬᠣᠯᠪᠣᠭᠳᠠᠯ ᠪᠥᠬᠥᠶ ᠲᠣᠭ᠎ᠠ ᠪᠦᠷᠢᠳᠬᠡᠯ᠎ᠤᠨ ᠠᠵᠢᠯᠲᠠᠳ᠎ᠲᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠬᠢᠵᠦ ᠪᠠᠶ᠋ᠢᠨ᠎ᠠ᠃ 10 ᠳ᠋ᠤᠭ᠋ᠠᠷ ᠰᠠᠷ᠎ᠠ᠎ᠳᠤ ᠡᠨᠡ ᠬᠦ᠌ 32 ᠬᠦᠷᠢᠶᠡᠯᠡᠩ ᠲᠣᠭᠣᠷᠢᠭ᠎ᠲᠤ ᠭᠤᠷᠪᠠᠳᠤᠭ᠋ᠠᠷ ᠤᠯᠠᠷᠢᠯ᠎ᠤᠨ ᠲᠤᠷᠰᠢᠨ ᠲᠠᠭᠯᠠᠵᠤ ᠲᠤᠷᠰᠢᠨ ᠮᠡᠳᠡᠭᠦᠯᠬᠦ ᠠᠵᠢᠯ᠎ᠢ ᠥᠷᠨᠢᠭᠦᠯᠬᠦ᠎ᠪᠠᠷ ᠪᠠᠶ᠋ᠢᠨ᠎ᠠ᠃ ᠭᠤᠷᠪᠠᠳᠤᠭ᠋ᠠᠷ ᠠᠯᠬᠤᠮ᠎ᠳᠤ᠂ ᠵᠢᠯ᠎ᠤᠨ ᠡᠴᠦᠰ᠎ᠠᠴᠠ ᠡᠮᠦᠨ᠎ᠡ ᠪᠥᠬᠥ ᠣᠷᠣᠨ᠎ᠤ 58 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠬᠦ᠎ᠪᠠᠷ ᠲᠥᠯᠥᠪᠯᠡᠵᠦ ᠪᠣᠶ᠃
      ᠶᠠᠷᠢᠶᠠᠨ ᠥᠬᠡᠶ᠂ ᠲᠤᠷᠰᠢᠨ ᠲᠠᠭᠯᠠᠵᠤ ᠲᠤᠷᠰᠢᠨ ᠮᠡᠳᠡᠭᠦᠯᠬᠦ ᠶᠠᠪᠤᠴᠠ᠎ᠳᠤ᠂ ᠪᠢᠳᠡ 《ᠨᠢᠭᠡ ᠰᠢᠶᠠᠩ ᠪᠠᠯᠭ᠋ᠠᠰᠤ ᠨᠢᠭᠡ ᠲᠠᠩᠰᠠ ᠡᠪᠬᠡᠮᠡᠯ》᠎ᠤᠨ ᠠᠷᠭ᠎ᠠ ᠬᠢᠳᠡᠯ ᠵᠶ᠋ᠠᠷ ᠲᠣᠯᠢ ᠪᠣᠯᠭ᠋ᠠᠵᠤ᠂ ᠪᠠᠰᠠ 《ᠨᠢᠭᠡ ᠬᠦᠷᠢᠶᠡᠯᠡᠩ ᠲᠣᠭᠣᠷᠢᠭ ᠨᠢᠭᠡ ᠲᠠᠩᠰᠠ ᠡᠪᠬᠡᠮᠡᠯ》᠎ᠢ ᠵᠡᠷᠭᠡ᠎ᠳᠤ᠎ᠨᠢ ᠪᠠᠶ᠋ᠢᠭᠤᠯᠵᠤ᠂ ᠬᠦᠷᠢᠶᠡᠯᠡᠩ ᠲᠣᠭᠣᠷᠢᠭ ᠨᠢᠭᠡᠪᠦᠷᠢ ᠵᠢᠨ ᠲᠣᠭ᠎ᠠ ᠪᠦᠷᠢᠳᠬᠡᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠪᠠᠶ᠋ᠢᠳᠠᠯ᠎ᠢ ᠬᠥᠳᠡᠯᠦᠩᠭᠦᠶ᠎ᠪᠠᠷ ᠰᠢᠨᠡᠳᠬᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢ ᠠᠳᠬᠤᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠎ᠠ ᠪᠣᠳᠠᠲᠠᠶ᠋ᠢᠵᠢᠭᠤᠯᠪᠠ᠃
      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ 《ᠬᠠᠮᠢᠶᠠᠷᠤᠯᠲᠠ ᠵᠢᠨ ᠠᠷᠭ᠎ᠠ》᠎ᠳᠤ ᠠᠵᠤ ᠠᠬᠤᠶ᠋ᠢᠯᠠᠯ᠎ᠤᠳ

《ᠤᠷᠢᠳ ᠵᠶ᠋ᠠᠷ ᠡᠬᠡ ᠲᠠᠩᠰᠠ ᠪᠠᠢ᠌ᠭᠤᠯᠵᠤ ᠳᠠᠷᠠᠭ᠎ᠠ᠎ᠨᠢ ᠮᠡᠳᠡᠭᠦᠯᠦᠯᠲᠡ ᠵᠢᠨ ᠬᠦᠰᠦᠨᠦᠭᠲᠦ ᠲᠠᠭᠯᠠᠬᠤ》 ᠵᠠᠷᠴᠢᠮ ᠶᠣᠰᠣᠭ᠋ᠠᠷ᠂ ᠨᠢᠭᠡᠳᠦᠯᠲᠡᠶ ᠵᠢᠷᠤᠮᠵᠢᠭᠰᠠᠨ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠭᠠᠷᠭ᠋ᠠᠬᠤ ᠬᠡᠷᠡᠭᠲᠡᠶ ᠭᠡᠵᠦ ᠲᠣᠭᠲᠠᠭ᠋ᠠᠪᠠ᠃ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠪᠠᠶ᠋ᠢᠭᠤᠯᠬᠤ ᠵᠢᠨ ᠠᠴᠢ ᠬᠣᠯᠪᠣᠭᠳᠠᠯ᠎ᠨᠢ ᠶᠠᠭᠤ ᠪᠣᠶ?
      ᠫᠠᠨ ᡁᠢ ᠹᠸᠩ᠄ ᠨᠢᠭᠡᠳᠦᠭᠡᠷ᠎ᠲᠤ᠂ ᠴᠢᠬᠤᠯᠠ ᠴᠢᠨᠠᠷ᠎ᠤᠨ ᠲᠠᠯ᠎ᠠ᠎ᠠᠴᠠ ᠠᠪᠴᠤ ᠬᠡᠯᠡᠪᠡᠯ᠂ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠪᠣᠯ ᠠᠵᠤ ᠠᠬᠤᠶ᠋ᠢᠯᠠᠯ᠎ᠤᠨ ᠠᠩᠬᠠᠨ᠎ᠤ ᠲᠡᠮᠳᠡᠭᠯᠡᠯ ᠪᠠ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠬᠣᠯᠪᠣᠵᠤ ᠪᠠᠢ᠌ᠭ᠎ᠠ ᠬᠥᠭᠥᠷᠭᠡ ᠮᠥᠨ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯ᠎ᠤᠨ ᠡᠬᠢ ᠡᠭᠦᠰᠦᠯ᠎ᠤᠨ ᠲᠣᠭ᠎ᠠ ᠪᠠᠷᠢᠮᠲᠠ ᠵᠢᠨ ᠨᠢᠭᠡᠳᠦᠭᠡᠷ ᠪᠣᠭᠣᠮᠲᠠ ᠮᠥᠨ᠃ ᠡᠶ᠋ᠢᠮᠦ᠎ᠠᠴᠠ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠪᠠᠶ᠋ᠢᠭᠤᠯᠤᠨ ᠲᠡᠭᠦᠯᠳᠡᠷᠵᠢᠭᠦᠯᠬᠦ᠎ᠨᠢ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠰᠠᠭᠤᠷᠢ ᠵᠢ ᠪᠡᠬᠢᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠪᠢᠳᠡ ᠢᠮᠠᠭᠲᠠ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠲᠣᠭ᠎ᠠ ᠪᠦᠷᠢᠳᠬᠡᠯ᠎ᠤᠨ ᠠᠵᠢᠯ᠎ᠤᠨ ᠡᠭᠦᠰᠦᠯᠲᠡ ᠪᠠ ᠵᠣᠭᠰᠣᠯᠲᠠ ᠪᠣᠯᠭ᠋ᠠᠵᠤ᠂ ᠡᠬᠢ ᠡᠭᠦᠰᠦᠯ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢᠨ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠶ᠃
      ᠬᠣᠶᠠᠳᠤᠭ᠋ᠠᠷ᠎ᠲᠤ᠂ ᠵᠠᠪᠠᠯ ᠭᠦᠢ᠍ᠴᠡᠳᠬᠡᠬᠦ ᠴᠢᠨᠠᠷ᠎ᠤᠨ ᠲᠠᠯ᠎ᠠ᠎ᠠᠴᠠ ᠠᠪᠴᠤ ᠬᠡᠯᠡᠪᠡᠯ᠂ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠪᠠᠶ᠋ᠢᠭᠤᠯᠤᠨ ᠪᠦᠷᠢᠨᠰᠢᠬᠦᠯᠬᠦ ᠪᠣᠯ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠬᠠᠨᠳᠤᠰᠢ᠎ᠲᠠᠢ ᠵᠣᠬᠢᠴᠠᠯᠳᠤᠭᠤᠯᠵᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠶᠠᠪᠤᠴᠠ ᠵᠢ ᠵᠢᠷᠤᠮᠵᠢᠭᠤᠯᠬᠤ ᠴᠢᠬᠤᠯᠠ ᠠᠷᠭ᠎ᠠ ᠪᠠᠷᠢᠯ ᠮᠥᠨ᠃ ᠡᠨᠡ᠎ᠨᠢ ᠲᠠᠷᠠᠬᠠᠶ ᠪᠤᠲᠠᠷᠬᠠᠶ ᠠᠩᠬᠠᠨ᠎ᠤ ᠲᠡᠮᠳᠡᠭᠯᠡᠯ᠎ᠢ ᠮᠡᠳᠡᠭᠡ ᠵᠠᠩᠭᠢᠵᠢᠭᠤᠯᠤᠨ ᠴᠤᠭᠯᠠᠭᠤᠯᠬᠤ᠂ ᠡᠮᠬᠢᠯᠡᠨ ᠨᠡᠶ᠋ᠢᠯᠡᠭᠦᠯᠵᠦ ᠪᠤᠳᠤᠬᠤ ᠪᠠ ᠬᠠᠷᠢᠴᠠᠭᠤᠯᠤᠨ ᠵᠠᠳᠠᠯᠬᠤ᠎ᠳᠤ ᠠᠰᠢᠭᠲᠠᠶ ᠪᠠᠶ᠋ᠢᠵᠤ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠬᠤ ᠵᠢᠨ ᠬᠠᠮᠲᠤ᠂ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠪᠠᠶ᠋ᠢᠭᠤᠯᠬᠤ᠎ᠨᠢ ᠮᠠᠲ᠋ᠧᠷᠢᠶᠠᠯ᠎ᠢ ᠰᠢᠰᠲ᠋ᠧᠮᠵᠢᠭᠦᠯᠬᠦ ᠪᠠ ᠡᠮᠬᠢ ᠵᠢᠷᠤᠮ᠎ᠲᠠᠢ ᠪᠣᠯᠭ᠋ᠠᠬᠤ᠎ᠳᠤ ᠠᠰᠢᠭᠲᠠᠶ ᠪᠠᠢ᠌ᠳᠠᠭ᠃ ᠪᠠᠰᠠ ᠲᠣᠭ᠎ᠠ ᠪᠦᠷᠢᠳᠬᠡᠯ᠎ᠤᠨ ᠠᠵᠢᠯᠲᠠᠨ᠎ᠤ ᠲᠣᠬᠢᠷᠠᠭᠤᠯᠤᠯᠲᠠ᠂ ᠠᠵᠢᠯ ᠰᠢᠯᠵᠢᠭᠰᠡᠨ᠎ᠠᠴᠠ ᠪᠣᠯᠤᠭᠰᠠᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠴᠤᠭᠯᠠᠭᠤᠯᠤᠨ ᠬᠠᠮᠢᠶᠠᠷᠬᠤ ᠲᠠᠯ᠎ᠠ ᠵᠢᠨ ᠠᠰᠠᠭᠤᠳᠠᠯ᠎ᠢ ᠰᠢᠢ᠍ᠳᠪᠦᠷᠢᠯᠡᠵᠦ ᠪᠣᠯᠬᠤ ᠪᠥᠭᠡᠳ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠪᠥᠬᠥ ᠴᠤᠪᠤᠷᠠᠯ᠎ᠢ ᠬᠠᠳᠠᠭ᠋ᠠᠯᠠᠵᠤ ᠪᠣᠯᠬᠤ᠂ ᠳᠡᠯᠭᠡᠨ ᠦᠵᠡᠭᠦᠯᠵᠦ ᠪᠣᠯᠬᠤ ᠪᠠ ᠮᠥᠷᠳᠡᠵᠦ ᠪᠣᠯᠬᠤ ᠵᠢ ᠪᠡᠶᠡᠯᠡᠭᠦᠯᠬᠦ ᠵᠢᠨ ᠴᠢᠬᠤᠯᠠ ᠰᠠᠭᠤᠷᠢ ᠪᠣᠯᠤᠨ᠎ᠠ᠃
      ᠭᠤᠷᠪᠠᠳᠤᠭ᠋ᠠᠷ᠎ᠲᠤ᠂ ᠪᠣᠯᠤᠮᠵᠢᠲᠤ ᠴᠢᠨᠠᠷ᠎ᠤᠨ ᠲᠠᠯ᠎ᠠ᠎ᠠᠴᠠ ᠠᠪᠴᠤ ᠬᠡᠯᠡᠪᠡᠯ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ 2021 ᠣᠨ᠎ᠤ 6 ᠳ᠋ᠤᠭ᠋ᠠᠷ ᠰᠠᠷ᠎ᠠ ᠵᠢᠨ 2᠎ᠤᠨ ᠡᠳᠦᠷ 《ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢᠨ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢᠨ ᠠᠵᠢᠯ᠎ᠳᠤ ᠪᠥᠬᠥ ᠲᠠᠯ᠎ᠠ ᠵᠢᠨ ᠰᠢᠰᠲ᠋ᠧᠮ᠎ᠲᠠᠢ ᠦᠵᠦ ᠳᠠᠪᠬᠤᠷᠭ᠎ᠠ ᠵᠢᠨ ᠵᠢᠷᠤᠭ ᠲᠥᠯᠥᠪᠯᠡᠭᠡ ᠬᠢᠭᠰᠡᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠳᠠᠩᠰᠠ ᠵᠢ ᠪᠦᠬᠦ ᠲᠠᠯ᠎ᠠ᠎ᠪᠠᠷ ᠠᠬᠢᠭᠤᠯᠬᠤ ᠠᠵᠢᠯ᠎ᠤᠨ ᠰᠡᠳᠬᠢᠮᠵᠢ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠰᠡᠳᠬᠢᠮᠵᠢ᠎ᠲᠠᠢ ᠭᠠᠷᠤᠯ ᠨᠢᠭᠡᠲᠡᠢ ᠪᠠᠢ᠌ᠵᠤ᠂ ᠤᠷᠢᠳ ᠬᠣᠵᠢᠳ 《ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠪᠦᠷᠢᠨᠰᠢᠭᠦᠯᠬᠦ ᠲᠤᠬᠠᠶ ᠮᠡᠳᠡᠭᠳᠡᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 《ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠪᠠᠶ᠋ᠢᠭᠤᠯᠬᠤ ᠠᠵᠢᠯ᠎ᠤᠨ ᠬᠢᠨᠠᠨ ᠰᠢᠯᠭ᠋ᠠᠬᠤ ᠠᠷᠭ᠎ᠠ》 ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠪᠠ᠃ ᠡᠭᠦᠨ᠎ᠤ ᠬᠠᠮᠲᠤ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠪᠠᠶ᠋ᠢᠭᠤᠯᠤᠭᠰᠠᠨ ᠪᠠᠶ᠋ᠢᠳᠠᠯ᠎ᠢ ᠤᠳᠠᠭ᠎ᠠ ᠪᠦᠷᠢ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠪᠠᠶ᠋ᠢᠴᠠᠭ᠋ᠠᠯᠲᠠ ᠬᠢᠬᠦ᠎ᠳᠤ ᠵᠠᠪᠠᠯ ᠪᠠᠶ᠋ᠢᠴᠠᠭ᠋ᠠᠬᠤ ᠠᠭᠤᠯᠭ᠎ᠠ᠎ᠳᠤ ᠣᠷᠣᠭᠤᠯᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠬᠠᠮᠢᠶᠠᠷᠤᠨ ᠡᠵᠡᠮᠳᠡᠬᠦ ᠪᠣᠭᠣᠮᠲᠠ ᠵᠢ ᠤᠯᠠᠮ ᠨᠢᠭᠡ ᠠᠯᠬᠤᠮ ᠤᠷᠤᠭᠰᠢᠯᠠᠭᠤᠯᠵᠤ᠂ ᠡᠴᠦᠰ᠎ᠤᠨ ᠵᠣᠷᠢᠯᠭ᠎ᠠ᠎ᠨᠢ ᠳᠠᠷᠤᠶ ᠲᠣᠭ᠎ᠠ ᠪᠦᠷᠢᠳᠬᠡᠯ᠎ᠤᠨ ᠡᠬᠢ ᠡᠭᠦᠰᠦᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠵᠢᠨ ᠲᠥᠯᠥᠭᠡ ᠶᠤᠮ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2021 ᠣᠨ᠎ᠤ ᠪᠥᠬᠥ ᠣᠷᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠶ ᠵᠢᠨ ᠡᠷᠭᠢᠯᠲᠡ ᠵᠢᠨ ᠪᠠᠢ᠌ᠳᠠᠯ᠎ᠤᠨ ᠲᠤᠬᠠᠶ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2023 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯᠯᠠᠭ᠋ᠠᠨ᠎ᠤ ᠪᠠᠶ᠋ᠢᠳᠠᠯ ᠵᠢᠴᠢ ᠮᠥᠩᠭᠥᠨ ᠭᠦᠢ᠍ᠯᠭᠡᠭᠡᠨ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠡᠮᠵᠢᠵᠦ ᠪᠠᠶ᠋ᠢᠭ᠎ᠠ ᠪᠠᠶ᠋ᠢᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠬᠣᠶᠠᠷ ᠶᠡᠬᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
 
            