ᠰᠤᠷᠪᠤᠯᠵᠢᠯᠠᠭᠰᠠᠨ ᠴᠠᠭ᠄
2021 — 02 — 09
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠰᠤᠳᠤᠯᠬᠤ ᠲᠠᠰᠤᠭ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠡᠷᠬᠢᠯᠡᠭᠴᠢ ᠯᠸᠢ ᠵᠢᠶ ᠫᠸᠩ
ᠰᠤᠷᠪᠤᠯᠵᠢᠯᠠᠭ᠎ᠠ ᠵᠢᠨ ᠲᠣᠪᠴᠢ᠄
ᠵᠢᠯ ᠪᠦᠷᠢ ᠵᠢᠨ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠨᠢ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠩᠬᠠᠷᠤᠯ᠎ᠢ ᠥᠷᠭᠡᠨ ᠵᠶ᠋ᠠᠷ ᠲᠠᠲᠠᠵᠤ᠂ ᠢᠯᠠᠩᠭᠤᠶ᠎ᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠨᠢ ᠨᠠᠩ ᠴᠤ᠌ ᠣᠯᠠᠨ᠎ᠤ ᠠᠩᠬᠠᠷᠬᠤ ᠲᠥᠪᠯᠡᠷᠡᠯ ᠴᠡᠭ ᠪᠣᠯᠵᠣ ᠪᠠᠶ᠋ᠢᠨ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠲᠤᠬᠠᠢ ᠲᠠ ᠪᠦᠬᠦᠨ᠎ᠳᠤ ᠨᠡᠩ ᠪᠦᠬᠦ ᠲᠠᠯ᠎ᠠ᠎ᠪᠠᠷ᠂ ᠨᠡᠩ ᠭᠦᠨᠵᠡᠭᠡᠢ ᠣᠢ᠌ᠯᠠᠭ᠋ᠠᠭᠤᠯᠬᠤ ᠵᠢᠨ ᠲᠥᠯᠥᠭᠡ᠂ ᠪᠢᠳᠡ ᠵᠣᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠰᠤᠳᠤᠯᠬᠤ ᠲᠠᠰᠤᠭ᠎ᠤᠨ ᠯᠸᠢ ᠵᠢᠢ ᠫᠸᠩ ᠳᠡᠳ᠋ ᠡᠷᠬᠢᠯᠡᠭᠴᠢ ᠵᠢ ᠤᠷᠢᠵᠤ᠂ ᠲᠡᠭᠦᠨ ᠵᠶ᠋ᠡᠷ 2021 ᠣᠨ᠎ᠤ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠤᠯᠠᠨ᠎ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃
ᠰᠤᠷᠪᠤᠯᠵᠢᠯᠠᠭᠰᠠᠨ ᠲᠡᠮᠳᠡᠭᠯᠡᠯ
ᠬᠥᠲᠥᠯᠥᠭᠴᠢ᠄ ᠰᠦᠯᠵᠢᠶᠡᠨ᠎ᠤ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠦᠦ! ᠲᠣᠰ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠴᠢᠨᠢ ᠪᠠᠶᠠᠷᠯᠠᠨ ᠤᠭᠲᠤᠵᠤ ᠪᠠᠢ᠌ᠨ᠎ᠠ᠃ ᠵᠢᠯ ᠪᠦᠷᠢ ᠵᠢᠨ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠨᠢ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠩᠬᠠᠷᠤᠯ᠎ᠢ ᠥᠷᠭᠡᠨ ᠵᠶ᠋ᠠᠷ ᠲᠠᠲᠠᠵᠤ᠂ ᠢᠯᠠᠩᠭᠤᠶ᠎ᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠨᠢ ᠨᠠᠩ ᠴᠤ᠌ ᠣᠯᠠᠨ᠎ᠤ ᠠᠩᠬᠠᠷᠬᠤ ᠲᠥᠪᠯᠡᠷᠡᠯ ᠴᠡᠭ ᠪᠣᠯᠵᠣ ᠪᠠᠶ᠋ᠢᠨ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠲᠤᠬᠠᠢ ᠲᠠ ᠪᠦᠬᠦᠨ᠎ᠳᠤ ᠨᠡᠩ ᠪᠦᠬᠦ ᠲᠠᠯ᠎ᠠ᠎ᠪᠠᠷ᠂ ᠨᠡᠩ ᠭᠦᠨᠵᠡᠭᠡᠢ ᠣᠢ᠌ᠯᠠᠭ᠋ᠠᠭᠤᠯᠬᠤ ᠵᠢᠨ ᠲᠥᠯᠥᠭᠡ᠂ ᠪᠢᠳᠡ ᠵᠣᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠰᠤᠳᠤᠯᠬᠤ ᠲᠠᠰᠤᠭ᠎ᠤᠨ ᠯᠸᠢ ᠵᠢᠢ ᠫᠸᠩ ᠳᠡᠳ᠋ ᠡᠷᠬᠢᠯᠡᠭᠴᠢ ᠵᠢ ᠤᠷᠢᠵᠤ᠂ ᠲᠡᠭᠦᠨ ᠵᠶ᠋ᠡᠷ 2021 ᠣᠨ᠎ᠤ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠤᠯᠠᠨ᠎ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ ᠯᠧᠢ ᠡᠷᠬᠢᠯᠡᠭᠴᠢ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
ᠯᠸᠢ ᠵᠢᠶ ᠫᠸᠩ᠄
ᠬᠥᠲᠥᠯᠥᠭᠴᠢ ᠰᠠᠶ᠋ᠢᠨ ᠦᠦ᠂ ᠰᠦᠯᠵᠢᠶᠡᠨ᠎ᠤ ᠠᠨᠳᠠ ᠨᠠᠷ ᠰᠠᠶ᠋ᠢᠨ ᠦᠦ!
ᠬᠥᠲᠥᠯᠥᠭᠴᠢ᠄
ᠣᠯᠠᠨ᠎ᠤ ᠮᠡᠳᠡᠭᠡᠵᠢ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠰᠠᠶ᠋ᠢᠲᠤᠷ ᠲᠤᠭᠤᠷᠪᠢᠬᠤ᠎ᠨᠢ ᠡᠯ᠎ᠡ ᠲᠠᠯ᠎ᠠ ᠵᠢᠨ ᠬᠠᠮᠲᠤ ᠵᠢᠨ ᠲᠠᠨᠢᠯᠲᠠ ᠪᠠ ᠬᠦᠴᠦᠨ ᠴᠢᠳᠠᠯ᠎ᠢ ᠨᠢᠭᠲᠠᠷᠠᠭᠤᠯᠬᠤ᠎ᠳᠤ ᠴᠢᠬᠤᠯᠠ ᠦᠢ᠍ᠯᠡᠳᠦᠯ᠎ᠲᠠᠢ ᠶᠤᠮ᠃ ᠲᠠ ᠪᠢᠳᠡᠨ᠎ᠳᠤ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠲᠤᠭᠤᠷᠪᠢᠭᠰᠠᠨ ᠶᠠᠪᠤᠴᠠ ᠵᠢᠴᠢ ᠢᠯᠡᠳᠬᠡᠯ᠎ᠤᠨ ᠪᠣᠷᠣ ᠲᠥᠰᠥᠪ᠎ᠢ ᠲᠠᠨᠢᠯᠴᠠᠭᠤᠯᠤᠭ᠋ᠠᠳ ᠥᠭᠭᠦᠨ᠎ᠡ ᠦᠦ? ᠭᠣᠣᠯ ᠠᠭᠤᠯᠭ᠎ᠠ᠎ᠨᠢ ᠶᠠᠮᠠᠷ ᠣᠨᠴᠠᠯᠢᠭ᠎ᠲᠠᠢ ᠪᠤᠶ?
ᠯᠸᠢ ᠵᠢᠶ ᠫᠸᠩ᠄
ᠰᠠᠶᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠪᠦ᠋ ᠰᠢᠶᠤᠤ ᠯᠢᠨ᠎ᠤ ᠬᠢᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠵᠦ ᠪᠠᠲᠤᠯᠠᠪᠠ᠃ ᠡᠨᠡ ᠬᠦ᠌ ᠢᠯᠡᠳᠬᠡᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ ᠵᠢᠴᠢ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠭᠰᠡᠨ ᠵᠶ᠋ᠠᠷ ᠪᠠᠷᠠᠬᠤ ᠥᠬᠡᠶ᠂ 《13 · 5》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠣᠯᠤᠭᠰᠠᠨ ᠠᠮᠵᠢᠯᠲᠠ ᠪᠦᠲᠦᠮᠵᠢ ᠵᠢ ᠰᠢᠰᠲ᠋ᠧᠮ᠎ᠲᠠᠢ ᠳ᠋ᠦᠩᠨᠡᠭᠰᠡᠨ᠎ᠤ ᠬᠠᠮᠲᠤ 《14 · 5》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠣᠤᠯ ᠬᠠᠷᠠᠯᠲᠠ ᠡᠭᠦᠷᠭᠡ ᠪᠠ 2021 ᠣᠨ᠎ᠤ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠡ᠃ ᠡᠨᠡ᠎ᠨᠢ ᠡᠨᠡ ᠵᠢᠯ ᠴᠢᠨᠠᠭᠰᠢᠯᠠᠪᠠᠯ ᠬᠣᠶ᠋ᠢᠰᠢᠳᠠ ᠵᠢᠨ ᠲᠠᠪᠤᠨ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠳᠤ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 2021 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠲᠤᠭᠤᠷᠪᠢᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠦ᠋ ᠰᠢᠶᠤᠤ ᠯᠢᠨ ᠲᠡᠷᠢᠭᠦᠯᠡᠭᠴᠢ ᠵᠢᠨ ᠱᠠᠭ᠋ᠠᠷᠳᠠᠯᠭ᠎ᠠ ᠶᠣᠰᠣᠭ᠋ᠠᠷ᠂ ᠨᠢᠳᠤᠨᠤᠨ᠎ᠤ 10 ᠰᠠᠷ᠎ᠠ ᠵᠢᠨ ᠳᠤᠮᠳᠠᠴᠢ᠎ᠪᠠᠷ᠂ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠶ᠋ᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠰᠤᠳᠤᠯᠭ᠋ᠠᠨ᠎ᠤ ᠲᠠᠰᠤᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠬᠠᠷᠢᠭᠤᠴᠠᠯᠭ᠋ᠠᠲᠠᠨ ᠵᠶ᠋ᠠᠷ ᠭᠡᠰᠢᠭᠦᠨ ᠪᠣᠯᠭ᠋ᠠᠭᠰᠠᠨ ᠢᠯᠡᠳᠬᠡᠯ ᠲᠤᠭᠤᠷᠪᠢᠬᠤ ᠳᠤᠭᠤᠶ᠋ᠢᠯᠠᠩ᠎ᠢ ᠪᠠᠶ᠋ᠢᠭᠤᠯᠵᠤ᠂ ᠲᠤᠭᠤᠷᠪᠢᠬᠤ ᠠᠵᠢᠯ᠎ᠤᠨ ᠨᠠᠷᠢᠨ ᠲᠥᠰᠦᠯ᠎ᠢ ᠲᠣᠭᠲᠠᠭ᠋ᠠᠭᠰᠠᠨ ᠪᠠᠶ᠋ᠢᠨ᠎ᠠ᠃ ᠲᠤᠭᠤᠷᠪᠢᠨ ᠪᠢᠴᠢᠬᠦ ᠶᠠᠪᠤᠴᠠ᠎ᠳᠤ᠂ ᠪᠦ᠋ ᠰᠢᠶᠤᠤ ᠯᠢᠨ ᠲᠡᠷᠢᠭᠦᠯᠡᠭᠴᠢ ᠥᠪᠡᠷ᠎ᠤᠨ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂ ᠢᠯᠡᠳᠬᠡᠯ᠎ᠢ ᠲᠤᠭᠤᠷᠪᠢᠨ ᠪᠢᠴᠢᠬᠦ ᠠᠵᠢᠯ᠎ᠳᠤ ᠮᠠᠰᠢ ᠤᠯᠠᠨ ᠪᠣᠳᠠᠲᠠᠢ ᠱᠠᠭ᠋ᠠᠷᠳᠠᠯᠭ᠎ᠠ ᠳᠤᠷᠠᠳᠴᠤ᠂ ᠬᠠᠮᠤᠭ᠎ᠤᠨ ᠡᠴᠦᠰ᠎ᠲᠤ ᠥᠪᠡᠷ ᠵᠶ᠋ᠠᠨ ᠢᠯᠡᠳᠭᠡᠯ᠎ᠢ ᠬᠢᠨᠠᠨ ᠲᠣᠭᠲᠠᠭ᠋ᠠᠪᠠ᠃ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠤᠳᠠᠭ᠎ᠠ ᠲᠤᠭᠤᠷᠪᠢᠨ ᠪᠢᠴᠢᠬᠦ ᠳᠤᠭᠤᠶ᠋ᠢᠯᠠᠩ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠨᠥᠬᠥᠳ᠎ᠢ ᠵᠣᠬᠢᠶᠠᠨ ᠪᠠᠶ᠋ᠢᠭᠤᠯᠤᠨ ᠢᠯᠡᠳᠬᠡᠯ᠎ᠢ ᠨᠠᠷᠢᠨ ᠬᠢᠨᠠᠮᠠᠭ᠋ᠠᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠡᠳ᠋ ᠲᠡᠷᠢᠭᠦᠯᠡᠭᠴᠢ ᠴᠥᠮ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶᠡᠨ᠎ᠤ ᠠᠵᠢᠯ᠎ᠲᠠᠢ᠎ᠪᠠᠨ ᠤᠶᠠᠯᠳᠤᠭᠤᠯᠤᠨ ᠲᠤᠰᠬᠠᠢ ᠰᠡᠳᠦᠪᠲᠦ ᠮᠠᠲ᠋ᠧᠷᠢᠶᠠᠯ ᠬᠠᠩᠭ᠋ᠠᠪᠠ᠃ ᠢᠯᠡᠳᠬᠡᠯ᠎ᠢ ᠲᠤᠭᠤᠷᠪᠢᠬᠤ᠎ᠨᠢ ᠳᠥᠭᠥᠮᠬᠡᠨ ᠡᠬᠡ ᠪᠢᠴᠢᠭ᠎ᠢ ᠲᠤᠭᠤᠷᠪᠢᠬᠤ ᠪᠠ ᠲᠠᠬᠢᠨ ᠳᠠᠪᠲᠠᠨ ᠲᠤᠩᠭ᠋ᠠᠨ ᠪᠣᠳᠣᠯᠬᠢᠯᠠᠬᠤ ᠶᠠᠪᠤᠴᠠ ᠲᠡᠳᠦᠢ ᠪᠢᠰᠢ᠂ ᠬᠠᠷᠢᠨ ᠠᠷᠠᠳ᠎ᠤᠨ ᠰᠡᠳᠬᠢᠯ᠎ᠳᠤ ᠣᠶ᠋ᠢᠷᠠᠲᠤᠭᠰᠠᠨ᠂ ᠠᠷᠠᠳ᠎ᠤᠨ ᠰᠠᠨᠠᠭ᠎ᠠ ᠵᠢ ᠨᠢᠭᠲᠠᠷᠠᠭᠤᠯᠤᠭᠰᠠᠨ᠂ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠲᠠᠨᠢᠯᠲᠠ ᠵᠢ ᠨᠢᠭᠡᠳᠬᠡᠭᠰᠡᠨ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ ᠵᠢᠨ ᠬᠦᠰᠡᠯ ᠰᠠᠨᠠᠭ᠎ᠠ ᠵᠢ ᠢᠯᠡᠷᠡᠭᠦᠯᠦᠭᠰᠡᠨ ᠴᠢᠬᠤᠯᠠ ᠠᠵᠢᠯ ᠪᠣᠯᠤᠨ᠎ᠠ᠂ ᠲᠡᠷᠡ᠎ᠨᠢ ᠦᠨᠡᠨ᠎ᠳᠤ᠎ᠪᠠᠨ ᠵᠠᠰᠠᠭ᠎ᠤᠨ ᠣᠷᠳᠣᠨ᠎ᠤ ᠠᠵᠢᠯ᠎ᠤᠨ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢᠨ ᠲᠥᠪᠯᠡᠷᠡᠩᠭᠦᠢ ᠢᠯᠡᠷᠡᠯ ᠪᠣᠯᠤᠨ᠎ᠠ᠃ ᠢᠯᠡᠳᠬᠡᠯ᠎ᠢ ᠲᠤᠭᠤᠷᠪᠢᠨ ᠪᠢᠴᠢᠬᠦ ᠶᠠᠪᠤᠴᠠ᠎ᠳᠤ᠂ ᠪᠢᠳᠡ ᠤᠷᠢᠳ ᠬᠣᠵᠢᠳ 9 ᠠᠶ᠋ᠢᠮᠠᠭ ᠬᠤᠳᠠ᠂ 20 ᠰᠠᠯᠠᠭ᠎ᠠ ᠮᠥᠴᠢᠷ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠠᠳᠠᠯᠢ ᠪᠤᠰᠤ ᠲᠡᠰ ᠳᠠᠪᠬᠤᠷᠭ᠎ᠠ ᠵᠢᠨ ᠶᠠᠷᠢᠯᠴᠠᠬᠤ ᠬᠤᠷᠠᠯ᠎ᠢ 40 ᠰᠢᠬᠠᠮ ᠤᠳᠠᠭ᠎ᠠ ᠬᠤᠷᠠᠯᠳᠤᠭᠤᠯᠵᠤ᠂ ᠡᠯ᠎ᠡ ᠭᠠᠵᠠᠷ ᠣᠷᠣᠨ᠂ ᠡᠯ᠎ᠡ ᠹᠷᠣᠨᠲ᠎ᠤᠨ ᠨᠥᠬᠥᠳ᠎ᠲᠠᠢ ᠰᠠᠨᠠᠯ ᠵᠶ᠋ᠠᠨ ᠭᠦᠢ᠍ᠴᠡᠳ ᠰᠣᠯᠢᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ ᠵᠢ ᠰᠣᠨᠣᠰᠴᠤ᠂ ᠬᠠᠮᠤᠭ᠎ᠤᠨ ᠠᠩᠬᠠᠨ᠎ᠤ ᠪᠠᠢ᠌ᠳᠠᠯ᠎ᠢ ᠭᠦᠢ᠍ᠴᠡᠳ ᠡᠵᠡᠮᠰᠢᠵᠦ᠂ ᠦᠨᠳᠦᠰᠦᠨ ᠱᠠᠳᠤ ᠪᠠ ᠤᠯᠠᠨ ᠲᠦᠮᠡᠨ᠎ᠤ ᠬᠦᠰᠡᠯ ᠰᠠᠨᠠᠭ᠎ᠠ ᠵᠢ ᠢᠯᠡᠳᠬᠡᠯ᠎ᠳᠤ ᠦᠨᠡᠨ ᠪᠣᠳᠠᠲᠠᠢ ᠢᠯᠡᠷᠡᠭᠦᠯᠬᠦ᠎ᠪᠠᠷ ᠴᠢᠷᠮᠠᠶ᠋ᠢᠪᠠ᠃ ᠢᠯᠡᠳᠬᠡᠯ᠎ᠤᠨ ᠡᠭᠡ ᠨᠤᠤᠷᠠᠭ ᠪᠦᠷᠢᠯᠳᠦᠭᠰᠡᠨ᠎ᠤ ᠲᠠᠷᠠᠭ᠎ᠠ᠂ ᠪᠢᠳᠡ ᠤᠷᠢᠳ ᠬᠣᠵᠢᠳ ᠡᠯ᠎ᠡ ᠠᠶ᠋ᠢᠮᠠᠭ ᠬᠤᠳᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠦᠷᠦ ᠵᠢᠨ ᠵᠥᠪᠯᠡᠯᠭᠡᠨ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠨᠠᠮ ᠪᠦᠯᠦᠭ᠎ᠤᠨ ᠪᠤᠰᠤ ᠬᠥᠮᠦᠰ ᠵᠢᠴᠢ ᠵᠠᠰᠠᠭ᠎ᠤᠨ ᠣᠷᠳᠣᠨ᠎ᠤ ᠵᠥᠪᠯᠡᠭᠴᠢ᠂ ᠰᠣᠶᠣᠯ ᠲᠡᠦᠬᠡ ᠵᠢᠨ ᠣᠷᠳᠣᠨ᠎ᠤ ᠠᠵᠢᠯᠳᠠᠨ᠎ᠤ ᠰᠠᠨᠠᠯ᠎ᠢ ᠬᠤᠷᠢᠶᠠᠵᠤ᠂ ᠨᠡᠢ᠍ᠢ᠍ᠳᠡ 449 ᠵᠤᠷᠪᠤᠰ ᠰᠠᠨᠠᠯ ᠰᠠᠨᠠᠭᠤᠯᠭ᠎ᠠ ᠵᠢ ᠲᠣᠰᠴᠤ᠂ ᠲᠤᠭᠤᠷᠪᠢᠨ ᠪᠢᠴᠢᠬᠦ ᠳᠤᠭᠤᠶ᠋ᠢᠯᠠᠩ᠎ᠤᠨ᠎ᠬᠢᠨ ᠭᠦᠢ᠍ᠴᠡᠳ ᠰᠢᠩᠭᠡᠭᠡᠨ ᠠᠪᠤᠪᠠ᠃ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠬᠤᠷᠠᠯᠳᠤᠭᠰᠠᠨ᠎ᠤ ᠳᠠᠷᠠᠭ᠎ᠠ᠂ ᠪᠢᠳᠡ ᠪᠠᠰᠠ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ ᠢᠯᠡᠳᠬᠡᠯ᠎ᠳᠤ ᠵᠠᠰᠠᠪᠤᠷᠢ ᠣᠷᠣᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠤᠷᠢᠳ ᠬᠣᠵᠢᠳ ᠬᠤᠷᠠᠯ ᠬᠤᠷᠠᠯᠳᠤᠭᠤᠯᠵᠤ᠂ ᠢᠯᠡᠳᠬᠡᠯ᠎ᠢ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠬᠤᠭᠤᠴᠠᠭ᠋ᠠᠨ᠎ᠳᠤ᠂ ᠪᠢᠳᠡ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠶᠠᠷᠢᠯᠴᠠᠭᠰᠠᠨ ᠰᠠᠨᠠᠯ᠎ᠢ ᠥᠷᠭᠡᠨ ᠵᠶ᠋ᠠᠷ ᠰᠣᠨᠣᠰᠴᠤ᠂ ᠢᠯᠡᠳᠬᠡᠯ᠎ᠳᠤ ᠬᠠᠮᠤᠭ᠎ᠤᠨ ᠡᠴᠦᠰ᠎ᠤᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠵᠶ᠋ᠠᠷ ᠰᠤᠳᠤᠯᠤᠯᠲᠠ ᠬᠢᠯᠭᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠳᠡᠪᠰᠢᠭᠦᠯᠵᠦ ᠪᠠᠲᠤᠯᠠᠭᠤᠯᠤᠭᠰᠠᠨ᠎ᠤ ᠳᠠᠷᠠᠭ᠎ᠠ᠂ ᠣᠲᠣ ᠵᠢᠨ ᠢᠯᠡᠳᠬᠡᠯ᠎ᠤᠨ ᠨᠣᠤᠷᠠᠭ᠎ᠢ ᠪᠦᠷᠢᠯᠳᠦᠭᠦᠯᠦᠭᠰᠡᠨ ᠪᠥᠭᠡᠳ ᠵᠠᠭᠤᠴᠢᠯᠠᠭᠤᠷ ᠵᠶ᠋ᠠᠷ ᠳᠠᠮᠵᠢᠭᠤᠯᠤᠨ ᠨᠡᠶ᠋ᠢᠭᠡᠮ᠎ᠳᠤ ᠨᠡᠶ᠋ᠢᠲᠡᠯᠡᠪᠡ᠃ ᠭᠣᠣᠯ ᠠᠭᠤᠯᠭ᠎ᠠ᠎ᠠᠴᠠ᠎ᠨᠢ ᠠᠪᠴᠤ ᠦᠵᠡᠪᠡᠯ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠭᠣᠣᠯᠳᠠᠭᠤ ᠲᠦᠷᠪᠡᠨ ᠬᠡᠰᠡᠭ᠎ᠲᠤ ᠬᠤᠪᠢᠶᠠᠨ᠎ᠠ᠃ ᠨᠢᠭᠡᠳᠦᠭᠡᠷ ᠬᠡᠰᠡᠭ᠄ 2020 ᠣᠨ ᠵᠢᠴᠢ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠷᠭᠢᠴᠡᠭᠦᠯᠦᠯ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ᠂ ᠨᠡᠮᠡᠭᠳᠡᠯ᠎ᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠪᠠᠲᠤᠯᠠᠬᠤ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢᠨ ᠣᠷᠴᠢᠨ ᠲᠣᠭᠣᠷᠢᠨ᠂ ᠥᠭᠡᠷᠡᠴᠢᠯᠡᠯᠲᠡ ᠨᠡᠭᠡᠭᠡᠯᠳᠡ ᠬᠢᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠡᠷᠭᠡ ᠨᠠᠢ᠍ᠮᠠᠨ ᠲᠠᠯ᠎ᠠ᠎ᠠᠴᠠ ᠥᠩᠭᠡᠷᠡᠭᠰᠡᠨ ᠨᠢᠭᠡ ᠵᠢᠯ᠎ᠤᠨ ᠠᠵᠢᠯ᠎ᠢ ᠡᠮᠬᠢᠯᠡᠪᠡ᠃ ᠠᠵᠤ ᠠᠬᠤᠶ ᠵᠢᠨ ᠬᠥᠭᠵᠢᠯᠲᠡ ᠵᠢᠨ ᠶᠠᠰᠤ ᠴᠢᠨᠠᠷ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠭᠰᠡᠨ᠂ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠤᠯᠲᠠ᠎ᠳᠤ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠣᠯᠣᠭᠰᠠᠨ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠢᠯᠡᠳᠲᠡ ᠪᠣᠯᠣᠭᠰᠠᠨ᠂ ᠰᠠᠭᠤᠷᠢ ᠪᠡᠯᠡᠳᠬᠡᠮᠵᠢ ᠵᠢᠨ ᠪᠠᠲᠤᠯᠠᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠤᠭᠰᠠᠨ᠂ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠵᠡᠷᠭᠡ ᠲᠠᠪᠤᠨ ᠲᠠᠯ᠎ᠠ᠎ᠠᠴᠠ ᠥᠩᠭᠡᠷᠡᠭᠰᠡᠨ ᠲᠠᠪᠤᠨ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠳᠤᠮᠳᠠᠬᠢ ᠲᠣᠪᠣᠶ᠋ᠢᠮ᠎ᠠ ᠠᠮᠵᠢᠯᠲᠠ ᠪᠦᠲᠦᠮᠵᠢ ᠵᠢ ᠰᠢᠰᠲ᠋ᠧᠮ᠎ᠲᠠᠢ ᠳ᠋ᠦᠩᠨᠡᠭᠰᠡᠨ ᠪᠠᠶ᠋ᠢᠨ᠎ᠠ᠃ ᠡᠭᠦᠨ᠎ᠤ ᠵᠡᠷᠭᠡᠴᠡᠭᠡ᠎ᠪᠠᠷ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠴᠢ ᠵᠠᠰᠠᠭ᠎ᠤᠨ ᠣᠷᠳᠣᠨ᠎ᠤ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠵᠢ ᠵᠠᠳᠠᠯᠤᠨ ᠵᠢᠭ᠋ᠠᠵᠤ ᠭᠠᠷᠭ᠋ᠠᠵᠠᠶ᠃ ᠬᠣᠶᠠᠳᠤᠭ᠋ᠠᠷ ᠬᠡᠰᠡᠭ᠄ 《14·5》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠤᠯ ᠬᠠᠷᠠᠯᠲᠠ ᠡᠭᠦᠷᠭᠡ᠃ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠰᠠᠨᠠᠭᠤᠯᠭ᠎ᠠ》 ᠵᠢ ᠦᠨᠳᠦᠰᠦᠯᠡᠨ᠂ ᠬᠣᠶ᠋ᠢᠰᠢᠳᠠ ᠵᠢᠨ ᠲᠠᠪᠤᠨ ᠵᠢᠯ᠎ᠤᠨ ᠭᠣᠣᠯ ᠬᠠᠷᠠᠯᠲᠠ ᠡᠭᠦᠷᠭᠡ ᠵᠢ ᠳᠤᠷᠠᠳᠤᠨ ᠭᠠᠷᠭ᠋ᠠᠪᠠ᠃ ᠭᠤᠷᠪᠠᠳᠤᠭ᠋ᠠᠷ ᠬᠡᠰᠡᠭ᠄ 2021 ᠣᠨ᠎ᠤ ᠠᠵᠢᠯ᠎ᠤᠨ ᠲᠣᠬᠢᠷᠠᠭᠤᠯᠤᠯᠲᠠ᠃ ᠨᠢᠭᠡ᠎ᠳᠤ᠂ 2021 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠵᠢ ᠳᠤᠷᠠᠳᠤᠨ ᠭᠠᠷᠭ᠋ᠠᠪᠠ᠃ ᠬᠣᠶᠠᠷ᠎ᠲᠤ᠂ ᠶᠢᠰᠦᠨ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠢ ᠪᠠᠶ᠋ᠢᠷᠢᠯᠠᠭᠤᠯᠵᠤ᠂ ᠡᠭᠦᠨ᠎ᠳᠤ ᠭᠣᠣᠯᠳᠠᠭᠤ᠄ ᠠᠵᠤ ᠠᠬᠤᠶ ᠵᠢᠨ ᠲᠣᠭᠲᠠᠭᠤᠨ ᠨᠡᠮᠡᠭᠳᠡᠯ᠎ᠢ ᠪᠦᠬᠦ ᠬᠦᠴᠦᠨ ᠵᠶ᠋ᠠᠷ ᠠᠬᠢᠭᠤᠯᠵᠤ᠂ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠥᠷᠲᠡᠭ᠎ᠤᠨ ᠬᠡᠯᠬᠢᠶ᠎ᠡ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠤᠨ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠨᠠᠩ ᠶᠡᠬᠡ ᠡᠷᠴᠢᠮ᠎ᠲᠠᠢ᠎ᠪᠠᠷ ᠠᠬᠢᠭᠤᠯᠤᠨ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠵᠤ᠂ ᠪᠣᠯᠪᠠᠰᠤᠨ ᠥᠪᠥᠷ ᠮᠣᠩᠭᠣᠯ᠎ᠤᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠤᠨ᠂ ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠨ᠎ᠠ᠃ ᠳᠥᠷᠪᠡᠳᠦᠭᠡᠷ ᠬᠡᠰᠡᠭ᠄ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠦᠷᠭᠦᠯᠵᠢᠯᠡᠨ ᠡᠨᠡ ᠲᠠᠯ᠎ᠠ ᠵᠢᠨ ᠠᠭᠤᠯᠭ᠎ᠠ ᠵᠢ ᠠᠰᠲᠤᠨᠢ ᠨᠢᠭᠡ ᠬᠡᠰᠡᠭ ᠪᠣᠯᠭ᠋ᠠᠨ ᠲᠣᠭ᠋ᠠᠴᠢᠨ ᠥᠭᠦᠯᠡᠵᠦ᠂ ᠤᠯᠤᠰ ᠲᠦᠷᠦ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠠᠶ᠋ᠢᠭᠤᠯᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠪᠠᠷᠢᠮᠲᠠᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠥᠬᠥᠷᠡᠰᠢ ᠦᠭᠡᠢ ᠡᠰᠡᠷᠭᠦᠴᠡᠨ ᠲᠡᠪᠴᠢᠬᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ᠂ ᠭᠠᠮᠨᠠᠵᠤ ᠠᠮᠢᠳᠤᠷᠠᠬᠤ ᠵᠢ ᠪᠠᠷᠢᠮᠲᠠᠯᠠᠬᠤ ᠵᠡᠷᠭᠡ ᠲᠠᠯ᠎ᠠ᠎ᠠᠴᠠ ᠰᠢᠨ᠎ᠡ ᠨᠢᠭᠡ ᠵᠢᠯ᠎ᠳᠤ ᠵᠠᠰᠠᠭ᠎ᠤᠨ ᠣᠷᠳᠣᠨ᠎ᠤ ᠵᠠᠰᠠᠯᠲᠠ ᠵᠢᠨ ᠴᠢᠳᠠᠪᠤᠷᠢ ᠪᠠ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠴᠢᠷᠮᠠᠶ᠋ᠢᠨ ᠪᠠᠶ᠋ᠢᠭᠤᠯᠬᠤ ᠵᠡᠷᠭᠡ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠬᠥᠲᠥᠯᠥᠭᠴᠢ᠄
ᠥᠩᠭᠡᠷᠡᠭᠰᠡᠨ ᠨᠢᠭᠡ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠳᠤ ᠶᠠᠮᠠᠷ ᠶᠠᠮᠠᠷ ᠭᠣᠤᠯ ᠠᠮᠵᠢᠯᠲᠠ ᠣᠯᠤᠭᠰᠠᠨ᠎ᠢ ᠰᠦᠯᠵᠢᠶᠡᠨ᠎ᠤ ᠠᠨᠳᠠ ᠨᠠᠷ᠎ᠲᠠᠢ ᠬᠤᠪᠢᠶᠠᠯᠴᠠᠨ᠎ᠠ ᠦᠦ? ᠡᠭᠦᠨ᠎ᠤ ᠬᠠᠮᠲᠤ 2020 ᠣᠨ ᠪᠣᠯ 《13 · 5》᠎ᠤᠨ ᠲᠥᠯᠥᠪᠵᠢᠭᠦᠯᠭᠡ ᠵᠢᠨ ᠰᠢᠪᠲᠤᠷᠠᠭ᠋ᠠᠨᠤ ᠵᠢᠯ ᠪᠣᠯᠤᠨ᠎ᠠ᠂ ᠮᠠᠨ᠎ᠤ ᠣᠷᠣᠨ᠎ᠤ ᠥᠩᠭᠡᠷᠡᠭᠰᠡᠨ ᠲᠠᠪᠤᠨ ᠵᠢᠯ᠎ᠤᠨ ᠬᠥᠭᠵᠢᠯᠲᠡ ᠵᠢᠨ ᠳᠤᠮᠳᠠᠬᠢ ᠬᠢᠯᠠᠰ ᠴᠡᠭ᠎ᠢ ᠲᠠᠨᠢᠯᠴᠠᠭᠤᠯᠤᠨ᠎ᠠ ᠦᠦ?
ᠯᠸᠢ ᠵᠢᠶ ᠫᠸᠩ᠄
2020 ᠣᠨ᠎ᠳᠤ᠂ ᠲᠤᠶ᠋ᠢᠯ᠎ᠤᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠳᠠᠯ᠎ᠤᠨ ᠡᠮᠦᠨ᠎ᠡ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠶ ᠲᠠᠭ᠋ᠠᠷᠢᠯᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠠᠷᠠᠯᠲᠠ ᠡᠭᠦᠷᠭᠡ᠎ᠲᠠᠢ ᠨᠢᠭᠲᠠ ᠤᠶᠠᠯᠳᠤᠭᠤᠯᠤᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠶ ᠲᠥᠯᠥᠪᠯᠡᠵᠦ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠨᠠᠶ᠋ᠢᠳᠠᠪᠤᠷᠢᠵᠢᠭᠤᠯᠤᠨ᠂ ᠪᠥᠬᠥ ᠣᠷᠣᠨ᠎ᠤ ᠠᠵᠤ ᠠᠬᠤᠶ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠬᠦ ᠪᠠᠢ᠌ᠳᠠᠯ᠎ᠳᠤ ᠣᠷᠣᠵᠤ᠂ ᠨᠡᠶ᠋ᠢᠭᠡᠮ᠎ᠤᠨ ᠶᠡᠬᠡ ᠲᠠᠯ᠎ᠠ ᠵᠢ ᠡᠶ᠎ᠡ ᠵᠣᠬᠢᠴᠠᠯ᠎ᠲᠠᠢ ᠪᠥᠭᠡᠳ ᠠᠮᠤᠷ ᠲᠣᠭᠲᠠᠭᠤᠨ ᠪᠠᠶ᠋ᠢᠯᠭ᠋ᠠᠵᠤ᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠵᠢᠨ ᠬᠠᠭᠤᠳᠠᠰᠤ ᠲᠤᠰᠢᠶᠠᠭᠰᠠᠨ ᠪᠠᠶ᠋ᠢᠨ᠎ᠠ᠃ 2020 ᠣᠨ᠎ᠤ ᠠᠮᠵᠢᠯᠲᠠ ᠪᠦᠲᠦᠮᠵᠢ᠎ᠨᠢ ᠭᠣᠤᠯᠳᠠᠭᠤ ᠨᠠᠢ᠍ᠮᠠᠨ ᠲᠠᠯ᠎ᠠ᠎ᠪᠠᠷ ᠢᠯᠡᠷᠡᠵᠦ ᠪᠣᠶ᠄ ᠨᠢᠭᠡ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠲᠠᠯ᠎ᠠ᠎ᠪᠠᠷ ᠴᠢᠬᠤᠯᠠ ᠶᠡᠬᠡ ᠦᠷ᠎ᠡ ᠪᠦᠲᠦᠭᠡᠯ ᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠴᠢᠬᠤᠯᠠ ᠶᠡᠬᠡ ᠭᠡᠨᠡᠳᠲᠡ ᠵᠢᠨ ᠬᠡᠷᠡᠭ᠎ᠤᠨ ᠨᠢᠭᠡᠳᠦᠭᠡᠷ ᠳᠡᠰ᠎ᠤᠨ ᠤᠷᠢᠶᠠᠯᠠᠭ᠎ᠠ ᠵᠢ ᠴᠠᠭ ᠲᠤᠬᠠᠢᠳᠤᠨᠢ ᠡᠬᠢᠯᠡᠭᠦᠯᠵᠦ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ᠂ ᠤᠯᠠᠨ ᠵᠶ᠋ᠠᠷ ᠵᠶ᠋ᠠᠨ ᠰᠡᠷᠭᠡᠶ᠋ᠢᠯᠡᠵᠦ ᠤᠯᠠᠨ ᠵᠶ᠋ᠠᠷ ᠵᠶ᠋ᠠᠨ ᠡᠵᠡᠮᠳᠡᠬᠦ ᠰᠡᠷᠭᠡᠶ᠋ᠢᠯᠡᠨ ᠡᠵᠡᠮᠳᠡᠬᠦ ᠲᠣᠭᠲᠠᠯᠴᠠᠭ᠎ᠠ ᠵᠢ ᠦᠳᠲᠡᠷ ᠲᠦᠷᠭᠡᠨ ᠪᠠᠶ᠋ᠢᠭᠤᠯᠵᠤ᠂ 55 ᠡᠳᠦᠷ᠎ᠤᠨ ᠴᠠᠭ ᠵᠠᠷᠤᠴᠠᠭᠤᠯᠵᠤ ᠪᠠᠢ᠌ᠭ᠋ᠠᠳ ᠲᠤᠬᠠᠢ ᠵᠢᠨ ᠭᠠᠵᠠᠷ᠎ᠤᠨ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠵᠢ ᠠᠩᠬ᠎ᠠ ᠤᠳᠠᠭ᠎ᠠ ᠲᠡᠭ ᠪᠣᠯᠭ᠋ᠠᠬᠤ ᠵᠢ ᠪᠡᠶᠡᠯᠡᠭᠦᠯᠵᠦ᠂ ᠪᠦᠬᠦ ᠤᠯᠤᠰ᠎ᠤᠨ ᠬᠡᠪᠴᠢᠶ᠎ᠡ᠎ᠠᠴᠠ ᠠᠪᠴᠤ ᠦᠵᠡᠪᠡᠯ ᠬᠡᠷᠡᠭᠯᠡᠭᠰᠡᠨ ᠴᠠᠭ᠎ᠨᠢ ᠨᠡᠯᠢᠶᠡᠳ ᠣᠬᠣᠷ ᠶᠤᠮ᠃ ᠡᠭᠦᠨ᠎ᠤ ᠬᠠᠮᠲᠤ᠂ ᠨᠡᠶ᠋ᠢᠰᠯᠡᠯ᠎ᠤᠨ ᠨᠢᠰᠬᠡᠯ᠎ᠤᠨ ᠪᠠᠭᠤᠳᠠᠯ᠎ᠠᠴᠠ ᠬᠤᠪᠢᠶᠠᠷᠢᠯᠠᠨ ᠶᠠᠪᠤᠭᠤᠯᠤᠭᠰᠠᠨ ᠣᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠬᠠᠭᠤᠷᠠᠶ ᠵᠠᠮ᠎ᠤᠨ ᠬᠢᠯᠢ ᠵᠢᠨ ᠪᠣᠭᠣᠮᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ᠂ ᠬᠢᠯᠢ ᠵᠢᠨ ᠭᠠᠳᠠᠨ᠎ᠠ᠎ᠠᠴᠠ ᠥᠷᠥᠵᠤ ᠢᠷᠡᠭᠰᠡᠨ ᠡᠪᠡᠳᠴᠢᠨ᠎ᠤ ᠵᠢᠱ᠌ᠢᠶ᠎ᠡ ᠵᠢᠨ 《ᠡᠪᠡᠳᠴᠢᠨ ᠵᠶ᠋ᠠᠷ ᠨᠠᠰᠤ ᠪᠠᠷᠠᠭᠰᠠᠨ ᠬᠥᠮᠦᠨ ᠥᠬᠡᠶ》 《ᠲᠠᠷᠬᠠᠭ᠋ᠠᠭᠰᠠᠨ ᠬᠥᠮᠦᠨ ᠥᠬᠡᠶ》 《ᠭᠠᠳᠠᠭᠰᠢ ᠭᠠᠷᠭ᠋ᠠᠭᠰᠠᠨ ᠬᠥᠮᠦᠨ ᠥᠬᠡᠶ》 ᠪᠠᠶ᠋ᠢᠬᠤ ᠵᠢ ᠪᠡᠶᠡᠯᠡᠭᠦᠯᠵᠠᠢ᠃ ᠨᠠᠮᠤᠷ ᠡᠪᠦᠯ᠎ᠤᠨ ᠤᠯᠠᠷᠢᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠨᠠᠷᠢᠨ ᠨᠢᠮᠪᠠᠶ ᠲᠣᠬᠢᠷᠠᠭᠤᠯᠤᠨ ᠪᠠᠶ᠋ᠢᠷᠢᠯᠠᠭᠤᠯᠵᠤ᠂ 11 ᠳ᠋ᠦ᠍ᠭᠡᠷ ᠰᠠᠷ᠎ᠠ᠎ᠳᠤ ᠮᠠᠨᠵᠤᠤᠷ ᠬᠣᠲᠠ᠎ᠳᠠᠬᠢ ᠭᠠᠳᠠᠨ᠎ᠠ᠎ᠠᠴᠠ ᠣᠷᠣᠵᠤ ᠢᠷᠡᠭᠰᠡᠨ ᠬᠢᠵᠢᠭ᠎ᠤᠨ ᠪᠠᠶ᠋ᠢᠳᠠᠯ᠎ᠢ ᠣᠨᠣᠪᠴᠢᠲᠠᠶ ᠪᠥᠭᠡᠳ ᠪᠦᠲᠦᠮᠵᠢᠲᠡᠶ᠎ᠪᠠᠷ ᠰᠢᠢ᠍ᠳᠪᠦᠷᠢᠯᠡᠪᠡ᠃ ᠣᠳᠣᠬᠠᠨ᠎ᠳᠤ᠂ ᠡᠷᠬᠢᠨ ᠲᠣᠭᠣᠷᠢᠨ᠎ᠤ ᠬᠡᠰᠡᠭ ᠮᠤᠵᠢ ᠣᠷᠣᠨ᠎ᠤ ᠬᠢᠵᠢᠭ᠎ᠤᠨ ᠪᠠᠶ᠋ᠢᠳᠠᠯ ᠲᠠᠰᠤᠷᠠᠯᠲᠠ ᠥᠬᠡᠶ ᠨᠡᠮᠡᠭᠳᠡᠵᠦ ᠪᠠᠶ᠋ᠢᠭ᠎ᠠ ᠪᠠᠶ᠋ᠢᠳᠠᠯ ᠳᠣᠤᠷ᠎ᠠ᠂ ᠮᠠᠨ᠎ᠤ ᠣᠷᠣᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠪᠠᠶ᠋ᠢᠳᠠᠯ ᠵᠶ᠋ᠠᠨ ᠦᠷᠭᠦᠯᠵᠢᠯᠡᠨ ᠪᠠᠲᠤᠯᠠᠵᠤ ᠪᠠᠶ᠋ᠢᠨ᠎ᠠ᠂ ᠡᠨᠡ ᠪᠣᠯ ᠮᠠᠰᠢ ᠬᠢᠯᠪᠠᠷ ᠪᠤᠰᠤ ᠶᠠᠪᠤᠳᠠᠯ ᠶᠤᠮ᠃ ᠬᠣᠶᠠᠷ᠎ᠲᠤ᠂ ᠨᠡᠮᠡᠭᠳᠡᠯ᠎ᠢ ᠲᠣᠭᠲᠠᠪᠤᠷᠢᠵᠢᠭᠤᠯᠵᠤ ᠠᠵᠢᠯ ᠣᠯᠭᠣᠯᠲᠠ ᠵᠢ ᠪᠠᠲᠤᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠬᠢᠵᠢᠭ᠎ᠤᠨ ᠪᠠᠶ᠋ᠢᠳᠠᠯ᠎ᠢ ᠡᠵᠡᠮᠳᠡᠭᠰᠡᠨ᠎ᠤ ᠳᠠᠷᠠᠭ᠎ᠠ᠂ ᠮᠠᠨ᠎ᠤ ᠣᠷᠣᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠪᠥᠬᠥ ᠬᠦᠴᠦᠨ ᠵᠶ᠋ᠠᠷ ᠠᠬᠢᠭᠤᠯᠵᠤ᠂ ᠭᠣᠣᠯᠳᠠᠯᠭ᠎ᠠ᠎ᠲᠠᠢ᠎ᠪᠠᠷ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠪᠠᠲᠤᠯᠠᠨ᠂ ᠠᠵᠢᠯ ᠣᠯᠭᠣᠯᠲᠠ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠤᠯᠤᠰ᠎ᠤᠨ ᠡᠯ᠎ᠡ ᠵᠦᠢ᠍ᠯ᠎ᠤᠨ ᠠᠵᠤ ᠠᠬᠤᠶ᠋ᠢᠯᠠᠯ᠎ᠢ ᠳᠡᠮᠵᠢᠨ ᠬᠦᠴᠢᠷᠳᠡᠯ᠎ᠢ ᠰᠢᠢ᠍ᠳᠪᠦᠷᠢᠯᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ᠎ᠤ ᠬᠠᠮᠲᠤ᠂ ᠠᠯᠢ ᠣᠯᠠᠨ ᠢᠵᠢ ᠪᠦᠷᠢᠨ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠬᠦᠴᠢᠷᠳᠡᠯ᠎ᠢ ᠪᠦᠲᠦᠮᠵᠢᠲᠡᠶ ᠨᠠᠮᠳᠠᠭᠤᠯᠤᠭᠰᠠᠨ᠎ᠠᠴᠠ᠂ ᠪᠥᠬᠥ ᠵᠢᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠲᠣᠭ᠎ᠠ ᠬᠡᠮᠵᠢᠶ᠎ᠡ 7.2% ᠵᠶ᠋ᠠᠷ ᠨᠡᠮᠡᠭᠳᠡᠪᠡ᠃ ᠭᠣᠣᠯᠳᠠᠯᠭ᠎ᠠ᠎ᠲᠠᠢ ᠠᠵᠢᠯ ᠲᠦᠷᠦᠯ᠂ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠠᠵᠢᠯ ᠣᠯᠭᠣᠯᠲᠠ ᠵᠢᠨ ᠬᠠᠩᠭ᠋ᠠᠯᠭ᠎ᠠ ᠬᠡᠷᠡᠭᠴᠡᠭᠡ ᠵᠢ ᠨᠠᠷᠢᠯᠢᠭ ᠣᠨᠣᠴᠠᠲᠠᠶ᠎ᠪᠠᠷ ᠵᠣᠯᠭ᠋ᠠᠭᠤᠯᠬᠤ ᠵᠢ ᠠᠬᠢᠭᠤᠯᠤᠨ᠂ ᠠᠮᠢᠳᠤᠯᠢᠭ ᠵᠶ᠋ᠠᠷ ᠠᠵᠢᠯ ᠣᠯᠭᠣᠬᠤ ᠵᠢ ᠳᠡᠮᠵᠢᠵᠦ᠂ ᠪᠦᠬᠦ ᠵᠢᠯ᠎ᠤᠨ ᠬᠤᠳᠠ ᠪᠠᠯᠭ᠋ᠠᠰᠤᠨ᠎ᠤ ᠠᠵᠢᠯ ᠣᠯᠭᠣᠯᠲᠠ᠎ᠳᠤ 23.2 ᠲᠦᠮᠡᠨ ᠬᠥᠮᠦᠨ ᠰᠢᠨ᠎ᠡ᠎ᠪᠠᠷ ᠨᠡᠮᠡᠭᠳᠡᠭᠦᠯᠵᠦ᠂ ᠵᠢᠯ᠎ᠤᠨ ᠡᠬᠢᠨ᠎ᠳᠤ ᠲᠣᠭᠲᠠᠭ᠋ᠠᠭᠰᠠᠨ ᠬᠠᠷᠠᠯᠲᠠ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠡᠯ᠎ᠡ ᠲᠠᠯ᠎ᠠ ᠵᠢᠨ ᠴᠢᠷᠮᠠᠶ᠋ᠢᠯᠭ᠎ᠠ᠎ᠪᠠᠷ ᠳᠠᠮᠵᠢᠨ᠂ ᠪᠥᠬᠥ ᠣᠷᠣᠨ᠎ᠤ ᠭᠣᠤᠯ ᠪᠣᠯᠬᠤ ᠠᠵᠤ ᠠᠬᠤᠶ ᠵᠢᠨ ᠭᠦᠢ᠍ᠴᠡᠳᠬᠡᠯ ᠲᠣᠭ᠎ᠠ ᠤᠯᠠᠷᠢᠯ ᠳᠠᠷᠠᠭ᠋ᠠᠯᠠᠨ ᠳᠡᠭᠡᠭᠰᠢᠯᠡᠵᠦ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠰᠥᠭᠡᠷᠭᠦ ᠪᠠᠶ᠋ᠢᠭᠰᠠᠨ᠎ᠠᠴᠠ᠎ᠪᠠᠨ ᠡᠶᠡᠷᠭᠦ ᠪᠣᠯᠵᠤ᠂ ᠠᠵᠤ ᠠᠬᠤᠶ ᠵᠢᠨ ᠰᠡᠷᠭᠦᠯᠲᠡ ᠵᠢᠨ ᠪᠠᠶ᠋ᠢᠳᠠᠯ ᠦᠷᠭᠦᠯᠵᠢᠯᠡᠨ ᠪᠡᠬᠢᠵᠢᠪᠡ᠃ ᠭᠤᠷᠪᠠ᠎ᠳᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠰᠢᠨ᠎ᠡ ᠠᠯᠬᠤᠮ᠎ᠢ ᠠᠯᠬᠤᠪᠠ᠃ ᠥᠩᠭᠡᠷᠡᠭᠰᠡᠨ ᠨᠢᠭᠡ ᠵᠢᠯ᠎ᠳᠤ᠂ ᠪᠢᠳᠡ ᠨᠡᠮᠡᠭᠳᠡᠯ᠎ᠢ ᠲᠣᠭᠲᠠᠪᠤᠷᠢᠵᠢᠭᠤᠯᠬᠤ ᠵᠢᠨ ᠬᠠᠮᠲᠤ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠴᠢᠷᠮᠠᠶ᠋ᠢᠨ ᠠᠬᠢᠭᠤᠯᠵᠤ᠂ ᠠᠵᠤ ᠠᠬᠤᠢ᠎ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠢᠨ᠎ᠡ ᠬᠥᠳᠡᠯᠭᠡᠬᠦ ᠬᠦᠴᠦᠨ ᠲᠦᠷᠭᠡᠨ ᠵᠶ᠋ᠠᠷ ᠪᠣᠶ᠋ᠢᠵᠢᠪᠠ᠃ ᠪᠥᠬᠥ ᠣᠷᠣᠨ᠎ᠤ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠲᠣᠭᠲᠠᠭ᠋ᠠᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠠᠬᠢ ᠡᠵᠡᠯᠡᠬᠦ ᠬᠤᠪᠢ ᠵᠢᠨ ᠵᠢᠩ᠎ᠢ 63.6%᠎ᠳᠤ ᠬᠦᠷᠦᠭᠦᠯᠵᠦ᠂ ᠬᠣᠪᠣᠷ ᠰᠢᠷᠣᠶ ᠵᠢᠨ ᠲᠦᠭᠦᠬᠡᠶ ᠮᠠᠲ᠋ᠧᠷᠢᠶᠠᠯ᠎ᠢ ᠲᠤᠬᠠᠶ ᠵᠢᠨ ᠭᠠᠵᠠᠷ᠎ᠲᠤᠨᠢ ᠪᠣᠯᠪᠠᠰᠤᠷᠠᠭᠤᠯᠬᠤ ᠨᠣᠷᠮ᠎ᠠ 70%᠎ᠳᠤ ᠬᠦᠷᠪᠡ᠃ ᠡᠭᠦᠰᠦᠮᠡᠯ ᠡᠨᠧᠷᠭᠢ ᠵᠢᠨ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ᠎ᠨᠢ ᠪᠥᠬᠥ ᠣᠷᠣᠨ᠎ᠤ ᠶᠡᠷᠦᠩᠬᠡᠶ ᠮᠠᠰᠢᠨ ᠴᠣᠭᠴᠠᠯᠠᠪᠤᠷᠢ ᠵᠢᠨ 36% ᠵᠢ ᠡᠵᠡᠯᠡᠵᠦ᠂ ᠰᠢᠨ᠎ᠡ ᠡᠨᠧᠷᠭᠢ ᠵᠢᠨ ᠬᠡᠷᠡᠭᠯᠡᠭᠡᠨ᠎ᠤ ᠬᠠᠷᠢᠴᠠᠯ᠎ᠨᠢ 17%᠎ᠳᠤ ᠬᠥᠷᠪᠡ᠃ ᠳ᠋ᠠᠢ᠌ᠲ᠋ᠠ ᠵᠢᠨ ᠲᠥᠪ᠎ᠤᠨ ᠮᠠᠰᠢᠨ ᠴᠣᠭᠴᠠᠯᠠᠪᠤᠷᠢ ᠵᠢᠨ ᠴᠢᠳᠠᠪᠤᠷᠢ 120 ᠲᠦᠮᠡᠨ ᠮᠠᠰᠢᠨ᠎ᠢ ᠳᠠᠪᠠᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 1 ᠮᠢᠩᠭ᠎ᠠ ᠵᠢ ᠳᠠᠪᠠᠪᠠ᠃ ᠳᠥᠷᠪᠡ᠎ᠳᠤ᠂ ᠭᠤᠷᠪᠠᠨ ᠶᠡᠬᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠳᠤ ᠰᠢᠢ᠍ᠳᠪᠦᠷᠢᠯᠡᠬᠦ ᠴᠢᠨᠠᠷᠲᠠᠶ ᠦᠷ᠎ᠡ ᠪᠦᠲᠦᠮᠵᠢ ᠤᠯᠪᠠ᠃ ᠣᠨᠣᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠲᠠᠯ᠎ᠠ᠎ᠪᠠᠷ᠂ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠪᠦᠬᠦ ᠵᠢᠯ᠎ᠳᠤ 112.3 ᠳ᠋ᠦᠩᠰᠢᠭᠤᠷ ᠲᠥᠭᠥᠷᠢᠭ᠎ᠤᠨ ᠶᠠᠳᠠᠭᠤ ᠵᠢ ᠲᠡᠳᠬᠦᠬᠦ ᠪᠡᠯᠡ ᠮᠥᠩᠭᠥ ᠵᠢ ᠣᠷᠣᠭᠤᠯᠵᠤ᠂ 6751 ᠶᠠᠳᠠᠭᠤ ᠵᠢ ᠲᠡᠳᠬᠦᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠦᠯᠡᠳᠡᠭᠰᠡᠨ 1.6 ᠲᠦᠮᠡᠨ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠬᠦᠨᠳᠦ ᠶᠡᠬᠡ ᠲᠦᠭᠰᠢᠭᠦᠷᠢ ᠵᠢ ᠨᠠᠮᠳᠠᠭ᠋ᠠᠨ ᠰᠢᠢ᠍ᠳᠪᠦᠷᠢᠯᠡᠬᠦ ᠲᠠᠯ᠎ᠠ᠎ᠪᠠᠷ᠂ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ ᠨᠠᠮᠳᠠᠭ᠋ᠠᠬᠤ ᠣᠨ᠎ᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠳᠤᠮᠳᠠ ᠵᠢᠵᠢᠭ ᠪᠠᠩᠬᠢ ᠵᠢᠨ ᠬᠥᠷᠥᠩᠭᠡ ᠵᠢᠨ ᠨᠥᠬᠥᠪᠥᠷᠢ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ 85 ᠳ᠋ᠦᠩᠰᠢᠭᠤᠷ ᠲᠥᠭᠥᠷᠢᠭ ᠲᠠᠷᠬᠠᠭ᠋ᠠᠵᠤ᠂ ᠪᠥᠬᠥ ᠣᠷᠣᠨ᠎ᠤ ᠡᠷᠡᠭᠦᠯ ᠪᠤᠰᠤ ᠵᠢᠭᠡᠯᠡᠯᠭᠡ ᠵᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠵᠢ ᠵᠡᠷᠭᠡ᠎ᠪᠡᠷ ᠪᠠᠭᠤᠷᠠᠭᠤᠯᠬᠤ ᠵᠢ ᠪᠡᠶᠡᠯᠡᠭᠦᠯᠪᠡ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠠᠯ᠎ᠠ᠎ᠪᠠᠷ᠂ 《ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠴᠡᠭᠴᠡᠯᠡᠨ ᠵᠠᠰᠠᠬᠤ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠵᠦ᠂ ᠪᠥᠬᠥ ᠣᠷᠣᠨ᠎ᠤ ᠠᠭ᠋ᠠᠷ᠎ᠤᠨ ᠪᠠᠢ᠌ᠳᠠᠯ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 90.8%᠎ᠳᠤ ᠬᠦᠷᠴᠦ᠂ ᠤᠯᠤᠰ᠎ᠤᠨ ᠰᠢᠯᠭ᠋ᠠᠨ ᠬᠢᠨᠠᠬᠤ ᠬᠠᠷᠠᠯᠲᠠ ᠵᠢᠨ 1.7 ᠵᠠᠭᠤᠨ᠎ᠤ ᠴᠡᠭ᠎ᠠᠴᠠ ᠳᠠᠪᠠᠭᠤᠯᠢᠭ ᠪᠣᠯᠪᠠ᠃ ᠭᠠᠵᠠᠷ ᠳᠡᠭᠡᠷᠡᠬᠢ ᠤᠰᠤᠨ᠎ᠤ ᠰᠢᠯᠢᠳᠡᠭ ᠤᠰᠤᠨ ᠴᠣᠭᠴᠠ ᠵᠢᠨ ᠬᠠᠷᠢᠴᠠᠯ 69.2%᠎ᠲᠤ ᠬᠦᠷᠴᠦ᠂ ᠤᠯᠤᠰ᠎ᠤᠨ ᠬᠢᠨᠠᠨ ᠰᠢᠯᠭ᠋ᠠᠬᠤ ᠬᠠᠷᠠᠯᠲᠠ ᠵᠢᠨ 9.6 ᠵᠠᠭᠤᠨ᠎ᠤ ᠴᠡᠭ᠎ᠠᠴᠠ ᠳᠠᠪᠠᠭᠤᠯᠢᠭ ᠪᠣᠯᠪᠠ᠃ 《ᠬᠦᠯᠦᠨ ᠨᠠᠭᠤᠷ ᠤᠯᠠᠭ᠋ᠠᠨᠰᠤᠬᠠᠢ ᠨᠠᠭᠤᠷ ᠲᠠᠢ᠌ᠭ᠎ᠠ ᠨᠠᠭᠤᠷ》᠎ᠤᠨ ᠤᠰᠤᠨ᠎ᠤ ᠴᠢᠨᠠᠷ ᠪᠠ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠠᠶ᠋ᠢᠵᠢᠷᠠᠭᠤᠯᠪᠠ᠃ ᠲᠠᠪᠤ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠠᠬᠢᠭᠤᠯᠪᠠ᠃ 356 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠶ᠋ᠢᠭᠤᠯᠵᠤ᠂ 12.2 ᠲᠦᠮᠡᠨ ᠮᠥ᠍ ᠬᠤᠵᠢᠷᠰᠢᠭᠰᠠᠨ ᠲᠠᠷᠢᠶᠠᠨ ᠭᠠᠵᠠᠷ᠎ᠢ ᠰᠠᠢ᠌ᠵᠢᠷᠠᠭᠤᠯᠪᠠ᠃ ᠪᠦᠬᠦ ᠣᠷᠣᠨ᠎ᠤ ᠠᠮᠤ ᠪᠤᠳᠠᠭ᠋ᠠᠨ᠎ᠤ ᠤᠨᠠᠯᠲᠠ 732.8 ᠳ᠋ᠦᠩᠰᠢᠭᠤᠷ ᠵᠢᠩ᠎ᠳᠤ ᠬᠦᠷᠴᠦ᠂ 《ᠠᠷᠪᠠᠨ ᠳᠣᠯᠣᠭ᠋ᠠᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠪᠡ᠃᠃ ᠮᠢᠬᠠᠨ᠎ᠤ ᠲᠥᠷᠥᠯ᠎ᠤᠨ ᠭᠠᠷᠤᠯᠲᠠ 260.7 ᠲᠦᠮᠡᠨ ᠲᠣᠨ᠎ᠳᠤ ᠬᠦᠷᠴᠦ᠂ 《ᠠᠷᠪᠠᠨ ᠵᠢᠷᠭᠤᠭ᠎ᠠ ᠵᠢᠯ ᠳᠠᠷᠠᠭ᠋ᠠᠯᠠᠨ ᠲᠣᠭᠲᠠᠭᠤᠨ ᠪᠠᠢ᠌ᠬᠤ》 ᠵᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ᠎ᠤᠨ ᠢᠳᠡᠰᠢᠨ᠎ᠤ ᠬᠣᠨᠢ ᠪᠠ ᠨᠡᠷᠡᠨ ᠬᠤᠸᠠᠷ ᠤᠯᠤᠰ᠎ᠤᠨ ᠲᠠᠰ᠎ᠤᠨ ᠳᠠᠪᠠᠭᠤᠯᠢᠭ ᠤᠨᠴᠠᠯᠢᠭᠳᠤ ᠬᠣᠶᠠᠷ ᠠᠵᠤ ᠦᠢ᠍ᠯᠡᠰ᠎ᠤᠨ ᠰᠦᠷᠦᠭᠵᠢᠯ᠎ᠢ ᠰᠢᠨ᠎ᠡ᠎ᠪᠠᠷ ᠡᠭᠦᠳᠦᠨ ᠪᠠᠶ᠋ᠢᠭᠤᠯᠵᠤ᠂ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠦᠷ᠎ᠡ ᠵᠢᠨ ᠦᠢ᠍ᠯᠡᠰ᠎ᠢ ᠬᠥᠭᠵᠢᠭᠦᠯᠬᠦ ᠵᠡᠷᠭᠡ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠦᠨ᠂ 《ᠲᠡᠭᠷᠢ ᠵᠢᠨ ᠬᠡᠰᠢᠭᠲᠦ ᠪᠣᠷᠣᠲᠣᠬᠣᠶ》᠎ᠨᠢ ᠳᠤᠮᠳᠠᠳᠤ ᠤᠯᠤᠰ᠎ᠤᠨ ᠣᠷᠣᠨ ᠪᠦᠰᠡ ᠵᠢᠨ ᠲᠠᠷᠢᠶᠠᠯᠠᠩ᠎ᠤᠨ ᠳᠦᠷᠢ ᠲᠥᠷᠬᠦ ᠵᠢᠨ ᠨᠠᠷᠠᠲᠤ ᠲᠥᠷᠥᠯ ᠲᠡᠮᠳᠡᠭᠲᠦ ᠵᠢᠨ ᠲᠡᠷᠢᠭᠦᠨ ᠪᠠᠢ᠌ᠷᠢ᠎ᠳᠤ ᠣᠷᠣᠵᠤ᠂ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ ᠢᠳᠡᠪᠬᠢᠲᠡᠶ ᠠᠬᠢᠴᠠ᠎ᠲᠠᠢ ᠪᠣᠯᠪᠠ᠃ ᠡᠭᠦᠨ᠎ᠤ ᠬᠠᠮᠲᠤ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ᠎ᠤ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠡᠷᠭᠡ ᠲᠠᠯ᠎ᠠ᠎ᠪᠠᠷ ᠴᠤ᠌ ᠢᠳᠡᠪᠬᠢᠲᠡᠶ ᠦᠷ᠎ᠡ ᠪᠦᠲᠦᠮᠵᠢ ᠤᠯᠪᠠ᠃ ᠵᠢᠠᠷᠭᠤᠭᠠᠳᠤ᠂ ᠠᠮᠢ ᠠᠬᠤᠶ ᠵᠢᠨ ᠣᠷᠴᠢᠨ ᠲᠣᠭᠣᠷᠢᠨ ᠦᠷᠭᠦᠯᠵᠢᠯᠡᠨ ᠰᠠᠶ᠋ᠢᠵᠢᠷᠠᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠠ 《ᠭᠤᠷᠪᠠᠨ ᠱᠤᠭᠤᠮ ᠨᠢᠭᠡ ᠬᠠᠭᠤᠳᠠᠰᠤ》 ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠥ ᠣᠷᠣᠨ᠎ᠤ 50%᠎ᠠᠴᠠ ᠳᠡᠭᠡᠭᠰᠢᠬᠢ ᠤᠯᠤᠰ᠎ᠤᠨ ᠭᠠᠵᠠᠷ ᠰᠢᠷᠣᠶ ᠵᠢ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠠᠩᠬ᠎ᠠ ᠠᠯᠬᠤᠮ ᠬᠤᠪᠢᠶᠠᠷᠢᠯᠠᠨ ᠣᠷᠣᠭᠤᠯᠪᠠ᠃ ᠪᠥᠬᠥ ᠵᠢᠯ᠎ᠤᠨ ᠣᠢ᠌ᠵᠢᠭᠤᠯᠤᠯᠲᠠ ᠬᠢᠬᠦ᠂ ᠡᠪᠡᠰᠦ ᠳᠠᠷᠢᠬᠤ᠂ ᠬᠥᠷᠥᠰᠥ ᠰᠢᠷᠣᠶ ᠵᠢᠨ ᠤᠷᠤᠰᠬᠠᠭᠳᠠᠯ᠎ᠢ ᠶᠡᠷᠦᠩᠬᠡᠶ᠋ᠢᠯᠡᠨ ᠵᠠᠰᠠᠬᠤ ᠣᠨ᠎ᠤ ᠡᠭᠦᠷᠭᠡ ᠵᠢ ᠲᠣᠰ ᠲᠣᠰ 101.6%᠂ 112.5% ᠪᠠ 106.8%᠎ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ 5 ᠨᠤᠭᠤ ᠭᠠᠵᠠᠷ᠎ᠤᠨ ᠴᠡᠴᠡᠷᠯᠢᠭ ᠪᠠ 5 ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠢᠵᠠᠭ᠋ᠠᠷᠯᠠᠬᠤ ᠬᠠᠮᠠᠭ᠋ᠠᠯᠠᠯᠲᠠ ᠵᠢᠨ ᠣᠷᠣᠨ᠎ᠢ ᠰᠢᠨ᠎ᠡ᠎ᠪᠠᠷ ᠪᠠᠶ᠋ᠢᠭᠤᠯᠪᠠ᠃ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠶ ᠵᠢᠨ ᠤᠷᠤᠰᠬᠠᠭᠳᠠᠯ᠎ᠢ ᠶᠡᠷᠦᠩᠬᠡᠶ᠋ᠢᠯᠡᠨ ᠵᠠᠰᠠᠬᠤ᠂ ᠨᠤᠭᠤ ᠭᠠᠵᠠᠷ᠎ᠤᠨ ᠠᠮᠢ ᠠᠬᠤᠶ ᠵᠢ ᠰᠡᠷᠭᠦᠭᠡᠬᠦ ᠪᠠ ᠤᠰᠤᠨ᠎ᠤ ᠰᠤᠷᠪᠤᠯᠵᠢ ᠵᠢ ᠬᠠᠳᠠᠭ᠋ᠠᠯᠠᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠪᠡ᠃ ᠳᠣᠯᠣᠭ᠎ᠠ᠎ᠳᠤ᠂ ᠥᠭᠡᠷᠡᠴᠢᠯᠡᠯᠲᠡ ᠨᠡᠭᠡᠭᠡᠯᠳᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠪᠡ᠃ ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠤᠯᠳᠠᠯᠭ᠎ᠠ ᠪᠣᠯᠭ᠋ᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠪᠡ᠃ ᠠᠵᠤ ᠠᠬᠤᠶ᠋ᠢᠯᠠᠯ᠎ᠤᠨ ᠪᠠᠢ᠌ᠭᠤᠯᠤᠨ ᠡᠷᠭᠢᠯᠡᠬᠦ ᠴᠠᠭ᠎ᠢ 3 ᠠᠵᠢᠯᠯᠠᠬᠤ ᠡᠳᠦᠷ᠎ᠤᠨ ᠳᠣᠲᠣᠷ᠎ᠠ ᠪᠣᠯᠭ᠋ᠠᠨ ᠪᠣᠭᠣᠨᠢᠰᠬᠠᠵᠤ᠂ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ ᠵᠢᠨ ᠲᠥᠷᠥᠯ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ 75 ᠠᠵᠢᠯᠯᠠᠬᠤ ᠡᠳᠦᠷ᠎ᠤᠨ ᠳᠣᠲᠣᠷ᠎ᠠ ᠪᠣᠯᠭ᠋ᠠᠨ ᠪᠣᠭᠣᠨᠢᠰᠬᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠵᠢ ᠳᠡᠮᠵᠢᠬᠦ 24 ᠵᠦᠢ᠍ᠯ᠎ᠤᠨ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠵᠡᠯᠡᠬᠦ ᠬᠠᠷᠢᠴᠠᠯ᠎ᠢ 97.4%᠎ᠳᠤ ᠬᠦᠷᠦᠭᠦᠯᠪᠡ᠃ ᠭᠠᠳᠠᠭ᠋ᠠᠳᠤ ᠠᠷᠠᠯᠵᠢᠶ᠎ᠠ ᠵᠢ ᠲᠣᠭᠲᠠᠭᠤᠨ ᠪᠠᠢ᠌ᠯᠭ᠋ᠠᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠪᠣᠭᠣᠮᠲᠠ᠎ᠪᠠᠷ ᠥᠩᠭᠡᠷᠡᠬᠦ ᠴᠠᠭ᠎ᠢ ᠪᠠᠭ᠋ᠠᠰᠬᠠᠨ᠂ ᠪᠣᠭᠣᠮᠲᠠ᠎ᠪᠠᠷ ᠥᠩᠭᠡᠷᠡᠬᠦ ᠥᠪᠡᠷ᠎ᠤᠨ ᠥᠷᠲᠡᠭ᠎ᠢ ᠪᠠᠭᠤᠷᠠᠭᠤᠯᠪᠠ᠃ ᠮᠠᠨ᠎ᠤ ᠣᠷᠣᠨ᠎ᠠᠴᠠ ᠡᠬᠢᠯᠡᠨ ᠮᠣᠷᠳᠠᠵᠤ ᠳᠤᠮᠳᠠᠳᠤ ᠧᠦ᠋ᠷᠣᠫᠠ ᠬᠦᠷᠬᠦ ᠵᠢᠰᠢᠶᠠᠨ᠎ᠤ ᠭᠠᠯᠲᠤ ᠲᠡᠷᠭᠡ 15.4%᠎ᠪᠠᠷ ᠨᠡᠮᠡᠭᠳᠡᠵᠦ᠂ ᠪᠤᠴᠠᠬᠤ ᠡᠭᠡᠯᠵᠢ ᠵᠢᠨ ᠪᠠᠷᠠᠭ᠋ᠠᠨ᠎ᠤ ᠲᠥᠷᠥᠯ ᠵᠦᠢ᠍ᠯ ᠲᠠᠰᠤᠷᠠᠯᠲᠠ ᠥᠬᠡᠶ ᠨᠡᠮᠡᠭᠳᠡᠪᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠲᠤᠷᠰᠢᠯᠲᠠ ᠵᠢᠨ ᠲᠣᠭᠣᠷᠢᠭ᠂ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ ᠵᠡᠷᠭᠡ ᠨᠢᠭᠡ ᠪᠦᠯᠦᠭ ᠨᠡᠭᠡᠭᠡᠯᠲᠡᠲᠦ ᠲᠠᠪᠴᠠᠩ᠎ᠤᠨ ᠠᠴᠢᠶᠠᠯᠠᠪᠤᠷᠢ ᠵᠢ ᠠᠰᠢᠭᠯᠠᠯᠲᠠ᠎ᠳᠤ ᠣᠷᠣᠭᠤᠯᠤᠨ ᠠᠵᠢᠯᠯᠠᠭᠤᠯᠪᠠ᠃ ᠨᠠᠢ᠍ᠮᠠ᠎ᠳᠤ᠂ ᠠᠷᠠᠳ᠎ᠤᠨ ᠠᠮᠢᠳᠤᠷᠠᠯ ᠬᠦᠴᠦᠨ ᠪᠦᠬᠦᠢ ᠪᠠᠲᠤᠯᠠᠭ᠎ᠠ᠎ᠲᠠᠢ ᠪᠣᠯᠪᠠ᠃ ᠤᠯᠡᠠ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ᠂ ᠬᠠᠮᠤᠭ᠎ᠤᠨ ᠰᠢᠭᠤᠳ᠂ ᠬᠠᠮᠤᠭ᠎ᠤᠨ ᠪᠣᠳᠠᠲᠠᠶ ᠠᠰᠢᠭ ᠲᠤᠰᠠ ᠵᠢᠨ ᠠᠰᠠᠭᠤᠳᠠᠯ᠎ᠢ ᠠᠳᠬᠤᠵᠤ᠂ ᠤᠴᠢᠷ ᠶᠠᠪᠤᠳᠠᠯ᠎ᠢ ᠨᠢᠭᠡᠳ ᠨᠢᠭᠡ᠎ᠪᠠᠷ ᠰᠢᠢ᠍ᠳᠪᠦᠷᠢᠯᠡᠵᠦ᠂ ᠵᠢᠯ ᠳᠠᠷᠠᠭ᠋ᠠᠯᠠᠨ ᠬᠢᠪᠡ᠃ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠯᠡᠬᠦ ᠵᠢ ᠪᠡᠶᠡᠯᠡᠭᠦᠯᠵᠦ᠂ ᠠᠵᠢᠯ᠎ᠠᠴᠠ᠎ᠪᠠᠨ ᠠᠮᠠᠷᠠᠭᠰᠠᠳ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠣᠯᠭᠣᠮᠵᠢ ᠵᠢ ᠬᠥᠮᠦᠨ ᠳᠤᠮᠳᠠᠴᠢ᠎ᠪᠠᠷ 147.3 ᠲᠥᠭᠥᠷᠢᠭ ᠨᠡᠮᠡᠭᠳᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ 3.9%᠎ᠪᠠᠷ ᠳᠡᠭᠡᠭᠰᠢᠯᠡᠭᠦᠯᠵᠦ᠂ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠡᠳ᠋᠎ᠤᠨ ᠵᠠᠰᠠᠭ᠎ᠤᠨ ᠨᠥᠬᠥᠪᠦᠷᠢ ᠵᠢ ᠬᠥᠮᠥᠨ ᠳᠤᠮᠳᠠᠴᠢ᠎ᠪᠠᠷ 30 ᠲᠥᠭᠥᠷᠢᠭ ᠨᠡᠮᠡᠭᠳᠡᠭᠦᠯᠪᠡ᠃ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠬᠡᠤᠬᠡᠳ᠎ᠤᠨ ᠴᠡᠴᠡᠷᠯᠢᠭ᠎ᠤᠨ ᠪᠦᠷᠬᠦᠴᠡ ᠵᠢᠨ ᠨᠣᠷᠮ᠎ᠠ ᠵᠢ 85.5%᠎ᠳᠤ ᠬᠦᠷᠭᠡᠵᠦ᠂ ᠬᠡᠤᠬᠡᠳ᠎ᠤᠨ ᠴᠡᠴᠡᠷᠯᠢᠭ᠎ᠲᠤ ᠣᠷᠣᠬᠤ᠎ᠳᠤ ᠬᠦᠴᠢᠷᠲᠡᠶ ᠠᠰᠠᠭᠤᠳᠠᠯ᠎ᠢ ᠠᠩᠬ᠎ᠠ ᠠᠯᠬᠤᠮ ᠨᠠᠮᠳᠠᠭᠤᠯᠪᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠯᠤᠰ ᠵᠠᠶ ᠵᠢᠨ ᠡᠮᠴᠢᠯᠡᠭᠡ ᠵᠢᠨ ᠰᠢᠰᠲ᠋ᠧᠮ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠪᠡ᠃ ᠭᠡᠷ ᠪᠠᠶ᠋ᠢᠰᠢᠩ ᠭᠠᠵᠠᠷ ᠬᠦᠷᠦᠩᠭᠡ ᠵᠢᠨ ᠲᠡᠦᠬᠡᠨ᠎ᠠᠴᠠ ᠦᠯᠡᠳᠡᠭᠳᠡᠵᠦ ᠢᠷᠡᠭᠰᠡᠨ 2776 ᠲᠥᠷᠥᠯ ᠵᠦᠢ᠍ᠯ᠂ 133.4 ᠲᠦᠮᠡᠨ ᠭᠡᠷ ᠪᠠᠢ᠌ᠰᠢᠩ᠎ᠤᠨ ᠠᠰᠠᠭᠤᠳᠠᠯ᠎ᠢ ᠰᠢᠢ᠍ᠳᠪᠦᠷᠢᠯᠡᠪᠡ᠃ ᠠᠷᠠᠳ᠎ᠤᠨ ᠠᠮᠢᠳᠤᠷᠠᠯ᠎ᠤᠨ ᠡᠲᠡᠭᠡᠷ ᠠᠷᠭ᠎ᠠ ᠬᠡᠮᠵᠢᠶ᠎ᠡ᠎ᠨᠢ ᠣᠯᠠᠨ ᠲᠦᠮᠡᠨ᠎ᠳᠤ ᠬᠤᠪᠢᠷᠠᠯᠲᠠ ᠵᠢ ᠮᠡᠳᠡᠭᠦᠯᠵᠦ᠂ ᠪᠣᠳᠠᠲᠤ ᠠᠰᠢᠭ ᠲᠤᠰᠠ ᠬᠦᠷᠲᠡᠭᠡᠭᠰᠡᠨ ᠪᠠᠶ᠋ᠢᠨ᠎ᠠ᠃ 2020 ᠣᠨ ᠪᠣᠯ 《13·5》᠎ᠤᠨ ᠲᠥᠯᠥᠪᠵᠢᠭᠦᠯᠭᠡ ᠵᠢᠨ ᠰᠢᠪᠲᠤᠷᠠᠭ᠋ᠠᠨᠤ ᠵᠢᠯ ᠪᠣᠯᠤᠨ᠎ᠠ᠃ ᠪᠦᠬᠦ ᠣᠷᠣᠨ ᠳᠠᠶᠠᠭ᠋ᠠᠷ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ᠂ 《13·5》 ᠤᠨ ᠲᠥᠯᠥᠪᠵᠢᠭᠦᠯᠭᠡ᠎ᠳᠤ ᠲᠣᠭᠲᠠᠭ᠋ᠠᠭᠰᠠᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠤᠯᠬᠤ᠎ᠳᠤ ᠰᠢᠢ᠍ᠳᠪᠦᠷᠢᠯᠡᠬᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠡᠨᠡ᠎ᠨᠢ ᠭᠣᠣᠯᠳᠠᠭᠤ ᠲᠠᠪᠤᠨ ᠲᠠᠯ᠎ᠠ᠎ᠪᠠᠷ ᠢᠯᠡᠷᠡᠵᠦ ᠪᠠᠶ᠋ᠢᠨ᠎ᠠ᠄ ᠨᠢᠭᠡ᠎ᠳᠤ᠂ ᠠᠵᠤ ᠠᠬᠤᠶ ᠵᠢᠨ ᠬᠥᠭᠵᠢᠯᠲᠡ ᠵᠢᠨ ᠶᠠᠰᠤ ᠴᠢᠨᠠᠷ ᠲᠣᠭᠲᠠᠭᠤᠨ ᠵᠶ᠋ᠠᠷ ᠳᠡᠭᠡᠭᠰᠢᠯᠡᠪᠡ᠃ ᠬᠥᠮᠦᠨ ᠳᠤᠮᠳᠠᠴᠢ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 1 ᠲᠦᠮᠡᠨ ᠳ᠋ᠣᠯᠯᠠᠷ᠎ᠢ ᠳᠠᠪᠠᠵᠤ᠂ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠤᠷᠮ᠎ᠠ᠎ᠨᠢ 64.1%᠎ᠳᠤ ᠬᠦᠷᠪᠡ᠃ ᠡᠳ᠋᠎ᠤᠨ ᠵᠠᠰᠠᠭ᠎ᠤᠨ ᠣᠷᠣᠯᠭ᠎ᠠ ᠵᠢᠨ ᠶᠠᠰᠤ ᠴᠢᠨᠠᠷ ᠮᠡᠳᠡᠭᠳᠡᠬᠦᠶ᠋ᠢᠴᠡ ᠳᠡᠭᠡᠭᠰᠢᠯᠡᠵᠦ᠂ ᠭᠠᠶ᠋ᠢᠯᠢ ᠲᠠᠲᠠᠪᠤᠷᠢ ᠵᠢᠨ ᠣᠷᠣᠯᠭ᠎ᠠ ᠵᠢᠨ ᠡᠵᠡᠯᠡᠬᠦ ᠬᠠᠷᠢᠴᠠᠯ᠎ᠨᠢ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠵᠢᠭᠰᠠᠭ᠋ᠠᠭᠳᠠᠪᠠ᠃ ᠠᠵᠤ ᠦᠢ᠍ᠯᠡᠰ᠎ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠨᠡᠭᠦᠷᠡᠰᠦ᠂ ᠪᠤᠯᠤᠳ ᠲᠡᠮᠦᠷ᠎ᠤᠨ ᠦᠢ᠍ᠯᠡᠳᠪᠦᠷᠢᠯᠡᠬᠦ ᠴᠢᠳᠠᠮᠵᠢ ᠵᠢ ᠦᠭᠡᠢ᠌ᠰᠬᠡᠬᠦ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠤᠳᠤ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠠᠵᠤ ᠠᠬᠤᠶ᠂ ᠲᠣᠭ᠋ᠠᠴᠢᠯᠠᠭᠰᠠᠨ ᠠᠵᠤ ᠠᠬᠤᠶ᠂ ᠬᠤᠷᠠᠯ ᠦᠵᠡᠰᠬᠦᠯᠡᠩ᠎ᠤᠨ ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭ᠋ᠠᠨ᠎ᠤ ᠭᠦᠢ᠍ᠯᠭᠡᠭᠡ᠂ ᠤᠳᠤ ᠦᠶ᠎ᠡ ᠵᠢᠨ ᠮᠥᠩᠭᠥᠨ ᠭᠦᠢ᠍ᠯᠭᠡᠭᠡ ᠵᠡᠷᠭᠡ ᠲᠦᠷᠭᠡᠪᠴᠢᠯᠡᠨ ᠬᠥᠭᠵᠢᠪᠡ᠃ ᠬᠣᠶᠠᠷ᠎ᠲᠤ᠂ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠬᠤ ᠠᠵᠢᠯ ᠲᠡᠦᠬᠡᠲᠦ ᠴᠢᠨᠠᠷᠲᠠᠶ ᠠᠮᠵᠢᠯᠲᠠ ᠤᠯᠪᠠ᠃ ᠲᠠᠪᠤᠨ ᠵᠢᠯ᠎ᠤᠨ ᠲᠤᠷᠰᠢ᠂ ᠨᠡᠢ᠍ᠢ᠍ᠳᠡ 80.2 ᠲᠦᠮᠡᠨ ᠬᠥᠮᠦᠨ᠎ᠢ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠵᠢ ᠪᠡᠶᠡᠯᠡᠭᠦᠯᠵᠦ᠂ ᠳᠠᠩᠰᠠ ᠺᠠᠷᠲ᠎ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠣᠰᠢᠭᠤ ᠰᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠣᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠣᠷᠣᠨ ᠪᠦᠰᠡ ᠵᠢᠨ ᠴᠢᠨᠠᠷᠲᠠᠢ ᠪᠦᠬᠦᠯᠢ ᠴᠣᠭᠴᠠ᠎ᠪᠠᠷ ᠵᠶ᠋ᠠᠨ ᠶᠠᠳᠠᠭᠤ ᠬᠦᠴᠢᠷᠳᠡᠯᠲᠡᠢ ᠪᠠᠢ᠌ᠭᠰᠠᠨ ᠠᠰᠠᠭᠤᠳᠠᠯ ᠲᠡᠦᠬᠡᠲᠦ ᠴᠢᠨᠠᠷᠲᠠᠢ ᠰᠢᠢ᠍ᠳᠪᠦᠷᠢᠯᠡᠯᠲᠡ ᠣᠯᠪᠠ᠃ ᠭᠤᠷᠪᠠ᠎ᠳᠤ᠂ ᠠᠮᠢ ᠠᠬᠤᠶ ᠵᠢᠨ ᠣᠷᠴᠢ᠊ ᠲᠣᠭᠣᠷᠢᠨ᠎ᠤ ᠬᠠᠮᠠᠭ᠋ᠠᠯᠠᠯᠲᠠ ᠪᠠ ᠪᠦᠳᠦᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠣᠶ ᠰᠢᠭᠤᠶ ᠵᠢᠨ ᠪᠥᠲᠥᠭᠡᠨ ᠪᠠᠶ᠋ᠢᠭᠤᠯᠤᠯᠲᠠ᠂ ᠨᠤᠲᠤᠭ ᠪᠡᠯᠴᠢᠭᠡᠷ᠎ᠤᠨ ᠪᠥᠲᠥᠭᠡᠨ ᠪᠠᠶ᠋ᠢᠭᠤᠯᠤᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠵᠠᠰᠠᠭᠰᠠᠨ ᠲᠠᠯᠠᠪᠠᠶ᠎ᠨᠢ ᠴᠥᠮ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ ᠪᠠ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠨᠢ 《ᠬᠣᠤᠰ ᠳᠡᠭᠡᠭᠰᠢᠯᠡᠯᠲᠡ》 ᠵᠢ ᠪᠡᠶᠡᠯᠡᠭᠦᠯᠵᠦ᠂ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠲᠠᠯᠠᠪᠠᠶ 《ᠬᠣᠤᠰ ᠬᠠᠰᠤᠭᠳᠠᠯ》᠎ᠢ ᠪᠡᠶᠡᠯᠡᠭᠦᠯᠪᠡ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠷᠭᠤᠭᠤᠯᠤᠨ ᠪᠣᠳᠣᠭᠰᠠᠨ ᠵᠶ᠋ᠠᠷ᠂ 2019 ᠣᠨ᠎ᠤ ᠪᠥᠬᠥ ᠣᠷᠣᠨ᠎ᠤ ᠠᠮᠢ ᠠᠬᠤᠶ ᠵᠢᠨ ᠪᠦᠲᠦᠭᠡᠭᠳᠡᠬᠦᠨ᠎ᠤ ᠥᠷᠲᠡᠭ (GEP) 4.48 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ GDP ᠵᠢᠨ 2.6 ᠳᠠᠬᠢᠨ ᠪᠠᠢ᠌ᠵᠤ᠂ 2015 ᠣᠨ᠎ᠤ᠎ᠬᠢ᠎ᠠᠴᠠ 13.75%᠎ᠪᠠᠷ ᠨᠡᠮᠡᠭᠳᠡᠵᠡᠶ᠂ ᠡᠨᠡ᠎ᠨᠢ ᠮᠠᠨ᠎ᠤ ᠣᠷᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ᠎ᠢ ᠬᠠᠷᠠᠭᠤᠯᠵᠤ ᠪᠠᠶ᠋ᠢᠨ᠎ᠠ᠃ ᠲᠦᠷᠪᠡ᠎ᠳᠤ᠂ ᠰᠠᠭᠤᠷᠢ ᠪᠡᠯᠡᠳᠬᠡᠮᠵᠢ ᠵᠢᠨ ᠪᠠᠲᠤᠯᠠᠭ᠎ᠠ ᠵᠢᠨ ᠴᠢᠳᠠᠪᠤᠷᠢ ᠤᠯᠠᠮ ᠨᠢᠭᠡ ᠠᠯᠬᠤᠮ ᠴᠢᠩᠭ᠋ᠠᠷᠠᠪᠠ᠃ 404 ᠺᠢᠯᠣᠮᠧᠲᠷ ᠳᠡᠭᠡᠳᠦ ᠬᠤᠷᠳᠤ ᠵᠢᠨ ᠲᠡᠮᠦᠷ ᠵᠠᠮ᠎ᠢ ᠪᠠᠶ᠋ᠢᠭᠤᠯᠤᠨ ᠳᠠᠭᠤᠰᠬᠠᠵᠤ᠂ ᠪᠦᠬᠦ ᠤᠯᠤᠰ᠎ᠤᠨ ᠳᠡᠭᠡᠳᠦ ᠬᠤᠷᠳᠤ ᠵᠢᠨ ᠲᠡᠮᠦᠷ ᠵᠠᠮ᠎ᠤᠨ ᠲᠣᠣᠷ᠎ᠲᠤ ᠵᠠᠯᠭ᠋ᠠᠨ ᠣᠷᠣᠭᠤᠯᠪᠠ᠃ ᠪᠥᠬᠥ ᠣᠷᠣᠨ᠎ᠤ ᠪᠣᠶ ᠪᠥᠬᠥᠶ ᠬᠣᠰᠢᠭᠤ ᠰᠢᠶᠠᠨ (ᠬᠣᠲᠠ ᠲᠣᠭᠣᠷᠢᠭ)᠎ᠳᠤ ᠳᠡᠭᠡᠳᠦ ᠵᠡᠷᠭᠡᠯᠡᠯ᠎ᠤᠨ ᠵᠠᠰᠠᠮᠠᠯ ᠵᠠᠮ᠎ᠢ ᠨᠡᠪᠲᠡᠷᠡᠭᠦᠯᠵᠦ᠂ ᠪᠣᠶ ᠪᠥᠬᠥᠶ ᠰᠤᠮᠤ ᠰᠢᠶᠠᠩ ᠪᠠᠯᠭ᠋ᠠᠰᠤ ᠪᠣᠯᠤᠨ ᠨᠥᠬᠥᠴᠡᠯ᠎ᠲᠠᠢ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠣᠨ᠎ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠪᠡ᠃ 40 ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠲᠠᠢ ᠪᠣᠯᠵᠤ᠂ ᠶᠡᠷᠦᠩᠬᠡᠶ᠋ᠢᠯᠡᠭᠰᠡᠨ ᠪᠣᠰᠣᠭ᠎ᠠ ᠴᠣᠭᠴᠠᠲᠤ ᠵᠠᠮ ᠲᠡᠭᠡᠭᠡᠪᠦᠷᠢ ᠵᠢᠨ ᠲᠣᠣᠷ ᠰᠦᠯᠵᠢᠶ᠎ᠡ ᠦᠨᠳᠦᠰᠦᠨ᠎ᠳᠤ᠎ᠪᠠᠨ ᠪᠦᠷᠢᠯᠳᠦᠪᠡ᠃ ᠬᠠᠲᠤᠨ ᠭᠣᠣᠯ᠎ᠤᠨ ᠬᠣᠶᠠᠳᠤᠭ᠋ᠠᠷ ᠬᠤᠭᠤᠴᠠᠭ᠋ᠠᠨ᠎ᠤ ᠦᠶᠡᠷ᠎ᠢ ᠰᠡᠷᠭᠡᠶ᠋ᠢᠯᠡᠬᠦ ᠢᠨᠵᠧᠨᠧᠷᠢᠩ᠂ ᠯᠢᠶᠣᠤᠾᠧ ᠭᠣᠣᠯ᠂ ᠨᠤᠨ ᠮᠥᠷᠡᠨ᠎ᠤ ᠭᠣᠣᠯ ᠤᠷᠤᠰᠬᠠᠯ᠎ᠢ ᠵᠠᠰᠠᠬᠤ ᠢᠨᠵᠧᠨᠧᠷᠢᠩ ᠵᠡᠷᠭᠡ ᠤᠰᠤᠨ ᠠᠰᠢᠭᠯᠠᠯᠲᠠ ᠵᠢᠨ ᠴᠢᠬᠤᠯᠠ ᠶᠡᠬᠡ ᠲᠥᠷᠥᠯ ᠵᠦᠢ᠍ᠯ᠎ᠢ ᠵᠠᠯᠭ᠋ᠠᠭ᠎ᠠ᠎ᠪᠠᠷ ᠪᠠᠶ᠋ᠢᠭᠤᠯᠵᠤ ᠳᠠᠭᠤᠰᠬᠠᠭᠰᠠᠨ ᠪᠥᠭᠡᠳ ᠦᠷ᠎ᠡ ᠠᠰᠢᠭ᠎ᠢ᠎ᠨᠢ ᠪᠠᠳᠠᠷᠠᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭ᠋ᠠᠨ ᠬᠦᠴᠦᠨ᠎ᠢ ᠭᠠᠳᠠᠭᠰᠢ ᠳᠠᠮᠵᠢᠭᠤᠯᠬᠤ 5 ᠨᠡᠪᠲᠡᠷᠡᠬᠦ ᠵᠠᠮ᠎ᠢ ᠰᠢᠨ᠎ᠡ᠎ᠪᠠᠷ ᠪᠠᠶ᠋ᠢᠭᠤᠯᠵᠤ᠂ ᠴᠠᠬᠢᠯᠭ᠋ᠠᠨ ᠭᠠᠷᠭ᠋ᠠᠬᠤ ᠬᠡᠮᠵᠢᠶ᠎ᠡ ᠪᠠ ᠴᠠᠬᠢᠯᠭ᠋ᠠᠨ᠎ᠢ ᠭᠠᠳᠠᠭᠰᠢ ᠳᠠᠮᠵᠢᠭᠤᠯᠬᠤ ᠬᠡᠮᠵᠢᠶ᠎ᠡ ᠴᠥᠮ ᠪᠦᠬᠦ ᠤᠯᠤᠰ᠎ᠤᠨ ᠲᠡᠷᠢᠭᠦᠨ᠎ᠳᠤ ᠣᠷᠣᠪᠠ᠃ ᠲᠠᠪᠤ᠎ᠳᠤ᠂ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ᠎ᠤᠨ ᠠᠮᠢᠳᠤᠷᠠᠯ᠎ᠤᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠨ᠂ ᠬᠤᠳᠠ ᠪᠠᠯᠭ᠋ᠠᠰᠤᠨ᠎ᠤ ᠠᠵᠢᠯ ᠣᠯᠭᠣᠯᠲᠠ ᠲᠣᠭᠲᠠᠭᠤᠨ ᠵᠶ᠋ᠠᠷ ᠨᠡᠮᠡᠭᠳᠡᠵᠦ᠂ ᠪᠦᠬᠦ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ ᠪᠣᠯᠬᠤᠢ᠌ᠴᠠ ᠣᠷᠣᠯᠭ᠎ᠠ ᠠᠯᠬᠤᠮ ᠠᠯᠬᠤᠮ ᠵᠶ᠋ᠠᠷ ᠳᠡᠭᠡᠭᠰᠢᠯᠡᠨ᠂ ᠬᠤᠳᠠ ᠬᠥᠳᠡᠭᠡ ᠵᠢ ᠬᠠᠮᠤᠷᠤᠭᠰᠠᠨ ᠨᠡᠶ᠋ᠢᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠦᠨᠳᠦᠰᠦᠨ᠎ᠳᠤ᠎ᠪᠠᠨ ᠪᠦᠷᠢᠯᠳᠦᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠲᠠᠰᠤᠷᠠᠯᠳᠠ ᠦᠭᠡᠢ ᠲᠡᠭᠦᠯᠳᠡᠷᠵᠢᠨ᠂ ᠰᠤᠷᠭ᠋ᠠᠨ ᠬᠥᠮᠦᠵᠢᠯ᠂ ᠡᠮᠴᠢᠯᠡᠭᠡ᠂ ᠰᠣᠶᠣᠯ᠂ ᠪᠡᠶ᠎ᠡ ᠵᠢᠨ ᠲᠠᠮᠢᠷ ᠵᠡᠷᠭᠡ ᠦᠢ᠍ᠯᠡᠰ ᠰᠢᠨ᠎ᠡ ᠲᠠᠪᠰᠢᠯᠳᠠ᠎ᠲᠠᠢ ᠪᠣᠯᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠨᠥᠬᠥᠴᠡᠯ ᠶᠡᠬᠡ ᠬᠡᠮᠵᠢᠶ᠎ᠡ᠎ᠪᠠᠷ ᠰᠠᠢ᠌ᠵᠢᠷᠠᠵᠤ᠂ ᠠᠷᠠᠳ ᠤᠯᠠᠨ᠎ᠤ ᠬᠦᠷᠲᠡᠭᠡᠮᠵᠢᠲᠦ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠠᠮ ᠨᠢᠭᠡ ᠠᠯᠬᠤᠮ ᠨᠡᠮᠡᠭᠳᠡᠪᠡ᠃
ᠬᠥᠲᠥᠯᠥᠭᠴᠢ᠄
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠨᠡ ᠵᠢᠯ᠎ᠤᠨ ᠠᠵᠢᠯ᠎ᠢ ᠪᠠᠶ᠋ᠢᠷᠢᠯᠠᠭᠤᠯᠬᠤ᠎ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ? ᠪᠢᠳᠡᠨ᠎ᠳᠤ 《ᠭᠣᠤᠯᠳᠠᠯᠭ᠎ᠠ》 ᠵᠢ᠎ᠨᠢ ᠶᠠᠷᠢᠭ᠋ᠠᠳ ᠥᠭᠭᠦᠨ᠎ᠡ ᠦᠦ?
ᠯᠸᠢ ᠵᠢᠶ ᠫᠸᠩ᠄
2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠮᠥᠨ᠂ ᠪᠠᠰᠠ ᠴᠤ᠌ 《14·5》᠎ᠤᠨ ᠲᠥᠯᠥᠪᠵᠢᠭᠦᠯᠭᠡ ᠵᠢ ᠬᠡᠷᠡᠭᠵᠢᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠨ᠎ᠤ ᠵᠢᠯ ᠮᠥᠨ᠂ ᠰᠠᠢ᠌ᠲᠤᠷ ᠡᠬᠢᠯᠡᠭᠦᠯᠵᠦ᠂ ᠲᠦᠷᠦᠭᠦᠴᠢ ᠵᠢᠨ ᠠᠯᠬᠤᠮ ᠵᠶ᠋ᠠᠨ ᠰᠠᠢ᠌ᠨ ᠠᠯᠬᠤᠬᠤ᠎ᠨᠢ ᠲᠤᠶ᠋ᠢᠯ᠎ᠤᠨ ᠴᠢᠬᠤᠯᠠ ᠶᠤᠮ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠨᠡ ᠵᠢᠯ᠎ᠤᠨ ᠠᠵᠤ ᠠᠬᠤᠶ ᠵᠢᠨ ᠨᠡᠮᠡᠭᠳᠡᠯ᠎ᠤᠨ ᠵᠢᠱ᠌ᠢᠭᠰᠡᠨ ᠬᠠᠷᠠᠯᠲᠠ ᠵᠢ 6% ᠣᠷᠴᠢᠮ ᠵᠶ᠋ᠠᠷ ᠲᠣᠭᠲᠠᠭ᠋ᠠᠨ᠂ ᠬᠤᠳᠠ ᠪᠠᠯᠭ᠋ᠠᠰᠤᠨ᠎ᠤ ᠪᠠᠶ᠋ᠢᠴᠠᠭ᠋ᠠᠯᠲᠠ ᠬᠢᠭᠰᠡᠨ ᠠᠵᠢᠯ ᠠᠯᠳᠠᠯᠲᠠ ᠵᠢᠨ ᠨᠤᠷᠮ᠎ᠠ ᠵᠢ 6% ᠣᠷᠴᠢᠮ ᠵᠶ᠋ᠠᠷ ᠲᠣᠭᠲᠠᠭ᠋ᠠᠵᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠥᠯᠲᠡ ᠵᠢᠨ ᠬᠡᠮᠵᠢᠶ᠎ᠡ ᠵᠢ 3% ᠣᠷᠴᠢᠮ ᠵᠶ᠋ᠠᠷ ᠨᠡᠮᠡᠭᠳᠡᠭᠦᠯᠵᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠦᠨ᠂ ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠤᠨ ᠡᠨᠧᠷᠭᠢ ᠵᠢᠨ ᠬᠣᠷᠣᠭᠳᠠᠯ᠎ᠢ 3%᠎ᠪᠠᠷ ᠪᠠᠭᠤᠷᠠᠭᠤᠯᠵᠤ᠂ ᠭᠣᠣᠯ ᠪᠣᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠦᠷᠭᠦᠯᠵᠢᠯᠡᠨ ᠪᠠᠭᠤᠷᠠᠭᠤᠯᠵᠤ᠂ ᠠᠮᠤ ᠪᠤᠳᠠᠭ᠋ᠠᠨ᠎ᠤ ᠤᠨᠠᠯᠲᠠ ᠵᠢ 700 ᠳ᠋ᠦᠩᠰᠢᠭᠤᠷ ᠵᠢᠩ᠎ᠠᠴᠠ ᠳᠡᠭᠡᠭᠰᠢ ᠪᠠᠢ᠌ᠬᠤ ᠵᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠡᠲᠡᠭᠡᠷ ᠬᠠᠷᠠᠯᠲᠠ ᠵᠢ ᠲᠣᠭᠲᠠᠭ᠋ᠠᠬᠤ᠎ᠳᠤ᠎ᠪᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠭᠦᠢ᠍ᠴᠡᠳ ᠲᠤᠭᠤᠰᠢᠯᠠᠭᠤᠯᠵᠤ᠂ ᠴᠢᠨᠠᠷᠯᠢᠭ ᠬᠥᠭᠵᠢᠯᠲᠡ ᠵᠢᠨ ᠱᠠᠭ᠋ᠠᠷᠳᠠᠯᠭ᠎ᠠ ᠵᠢ ᠢᠯᠡᠷᠡᠭᠦᠯᠦᠭᠰᠡᠨ᠎ᠤ ᠬᠠᠮᠲᠤ 《14·5》᠎ᠤᠨ ᠲᠥᠯᠥᠪᠵᠢᠭᠦᠯᠭᠡ᠎ᠲᠠᠢ ᠵᠣᠯᠭ᠋ᠠᠭᠤᠯᠵᠤ᠂ ᠬᠡᠷᠡᠭᠴᠡᠭᠡ ᠪᠠ ᠪᠣᠯᠤᠯᠴᠠᠭ᠎ᠠ ᠵᠢ ᠬᠠᠮᠲᠤᠳᠤᠨᠢ ᠬᠠᠷᠠᠭ᠋ᠠᠯᠵᠠᠵᠤ᠂ ᠢᠳᠡᠪᠬᠢᠲᠡᠶ ᠪᠥᠭᠡᠳ ᠯᠠᠪᠳᠠᠭᠤᠨ ᠪᠠᠲᠤᠲᠠᠶ ᠪᠠᠢ᠌ᠳᠠᠭ᠃ 6% ᠣᠷᠴᠢᠮ᠎ᠤᠨ ᠠᠵᠤ ᠠᠬᠤᠶ ᠵᠢᠨ ᠨᠡᠮᠡᠭᠳᠡᠯ᠎ᠤᠨ ᠵᠢᠱ᠌ᠢᠭᠰᠡᠨ ᠬᠠᠷᠠᠯᠲᠠ ᠵᠢ ᠲᠣᠭᠲᠠᠭ᠋ᠠᠬᠤ᠎ᠳᠤ ᠭᠣᠣᠯᠳᠠᠭᠤ ᠨᠢᠳᠤᠨᠤᠨ᠎ᠤ ᠰᠠᠭᠤᠷᠢ ᠲᠣᠭ᠎ᠠ ᠨᠡᠯᠢᠶᠡᠳ ᠳᠣᠣᠷ᠎ᠠ ᠪᠠᠶ᠋ᠢᠬᠤ ᠵᠢ ᠪᠣᠳᠣᠯᠬᠢᠯᠠᠵᠤ᠂ ᠡᠨᠡ ᠵᠢᠯ ᠪᠢᠳᠡ ᠠᠵᠤ ᠠᠬᠤᠶ ᠵᠢᠨ ᠰᠡᠷᠭᠦᠯᠲᠡ ᠵᠢᠨ ᠴᠢᠨᠠᠷᠲᠠᠶ ᠨᠡᠮᠡᠭᠳᠡᠯ᠎ᠤᠨ ᠬᠠᠨᠳᠤᠰᠢ ᠵᠢ ᠦᠷᠭᠦᠯᠵᠢᠯᠡᠨ ᠪᠡᠬᠢᠵᠢᠭᠦᠯᠵᠦ᠂ 6% ᠵᠢᠨ ᠨᠡᠮᠡᠭᠳᠡᠯ᠎ᠤᠨ ᠬᠤᠷᠳᠤᠴᠠᠳᠤ ᠨᠡᠯᠢᠶᠡᠳ ᠰᠠᠢ᠍ᠢ᠍ᠨ ᠲᠤᠯᠭ᠋ᠠᠭᠤᠷᠢᠯᠠᠬᠤ ᠨᠥᠬᠥᠴᠡᠯ᠎ᠲᠠᠢ ᠪᠣᠯᠭ᠋ᠠᠨ᠎ᠠ᠃ 2021 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠭᠣᠣᠯᠳᠠᠭᠤ ᠶᠢᠰᠦᠨ ᠵᠦᠢ᠍ᠯ᠎ᠤᠨ ᠠᠵᠢᠯ᠎ᠢ ᠪᠠᠶ᠋ᠢᠷᠢᠯᠠᠭᠤᠯᠵᠠᠶ᠄ ᠨᠢᠭᠡᠳᠦᠭᠡᠷ ᠭᠣᠣᠯᠳᠠᠯᠭ᠎ᠠ᠎ᠲᠠᠢ ᠠᠵᠢᠯ ᠪᠣᠯ ᠠᠵᠤ ᠠᠬᠤᠶ ᠵᠢᠨ ᠲᠣᠭᠲᠠᠭᠤᠨ ᠨᠡᠮᠡᠭᠳᠡᠯ᠎ᠢ ᠪᠦᠬᠦ ᠬᠦᠴᠦᠨ ᠵᠶ᠋ᠠᠷ ᠠᠬᠢᠭᠤᠯᠬᠤ ᠶᠠᠪᠤᠳᠠᠯ ᠪᠣᠯᠤᠨ᠎ᠠ᠃ ᠣᠳᠣᠬᠠᠨ᠎ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠮᠥᠨ ᠬᠦ᠌ ᠬᠦᠨᠳᠦ ᠬᠡᠴᠡᠭᠦᠦ ᠪᠠᠶ᠋ᠢᠵᠤ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠬᠦ ᠨᠠᠵᠠᠭ᠋ᠠᠶ ᠨᠥᠯᠥᠭᠡ ᠮᠥᠨ ᠴᠦ᠍ ᠪᠦᠷᠢᠮᠦᠰᠦᠨ ᠠᠷᠢᠯᠭ᠋ᠠᠭ᠋ᠠᠳᠤᠶ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠡᠯ᠎ᠡ ᠵᠦᠢ᠍ᠯ᠎ᠤᠨ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠪᠣᠳᠠᠲᠤ ᠴᠣᠭᠴᠠᠲᠤ ᠠᠵᠤ ᠠᠬᠤᠶ ᠵᠢᠨ ᠬᠥᠭᠵᠢᠯᠲᠡ ᠵᠢ ᠳᠡᠮᠵᠢᠵᠦ᠂ ᠬᠡᠷᠡᠭᠯᠡᠭᠡ ᠪᠠ ᠪᠦᠲᠦᠮᠵᠢᠲᠡᠶ ᠪᠠᠯᠠ ᠲᠣᠬᠢᠷᠠᠭᠤᠯᠤᠯᠲᠠ ᠵᠢ ᠢᠳᠡᠪᠬᠢᠲᠡᠶ ᠥᠷᠭᠡᠳᠬᠡᠨ᠂ ᠣᠯᠠᠨ ᠳᠠᠪᠬᠤᠷ ᠳᠠᠶ᠋ᠢᠴᠢᠯᠠᠯᠲᠠ ᠵᠢ ᠪᠣᠶ ᠪᠣᠯᠭ᠋ᠠᠨ᠎ᠠ᠃ ᠵᠢᠱ᠌ᠢᠶᠡᠯᠡᠪᠡᠯ᠂ ᠬᠡᠷᠡᠭᠯᠡᠭᠡ ᠵᠢ ᠥᠷᠭᠡᠳᠬᠡᠬᠦ ᠵᠢ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠰᠠᠶ᠋ᠢᠵᠢᠷᠠᠭᠤᠯᠬᠤ᠎ᠲᠠᠢ ᠤᠶᠠᠯᠳᠤᠭᠤᠯᠵᠤ᠂ ᠪᠣᠳᠠᠲᠤ ᠴᠣᠭᠴᠠᠲᠤ ᠬᠤᠳᠠᠯᠳᠤᠭ᠋ᠠᠨ᠎ᠤ ᠦᠢ᠍ᠯᠡᠰ᠎ᠤᠨ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠮᠡᠳᠡᠭᠡ ᠵᠠᠩᠭᠢ ᠵᠢᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠵᠢ ᠪᠣᠶ᠋ᠢᠵᠢᠭᠤᠯᠵᠤ᠂ ᠤᠯᠠᠨ ᠨᠡᠶ᠋ᠢᠲᠡ ᠵᠢᠨ ᠬᠡᠷᠡᠭᠯᠡᠭᠡ ᠵᠢ ᠵᠦᠢ ᠵᠣᠬᠢᠰᠲᠠᠶ᠎ᠪᠠᠷ ᠨᠡᠮᠡᠭᠳᠡᠭᠦᠯᠦᠨ᠎ᠡ᠃ ᠡᠭᠦᠨ᠎ᠤ ᠬᠠᠮᠲᠤ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠣᠲᠠ ᠵᠢᠨ ᠶᠠᠪᠤᠳᠠᠯ᠎ᠤᠨ ᠢᠨᠵᠧᠨᠧᠷᠢᠩ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠬᠡ ᠲᠥᠷᠥᠯ ᠵᠦᠢ᠍ᠯ᠎ᠢ ᠬᠡᠷᠡᠭᠵᠢᠭᠦᠯᠵᠦ᠂ ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠲᠣᠭᠲᠠᠯᠴᠠᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ 5G ᠰᠠᠭᠤᠷᠢ ᠥᠷᠲᠡᠭᠡ᠂ ᠴᠠᠬᠢᠯᠭ᠋ᠠᠨ ᠴᠡᠨᠡᠭᠯᠡᠬᠦ ᠪᠠᠭ᠋ᠠᠨ᠎ᠠ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠢᠨ᠎ᠡ᠎ᠪᠠᠷ ᠪᠣᠶ ᠪᠣᠯᠤᠭᠰᠠᠨ ᠰᠠᠭᠤᠷᠢ ᠲᠥᠬᠥᠭᠡᠷᠦᠮᠵᠢ ᠵᠢ ᠰᠢᠰᠲ᠋ᠧᠮ᠎ᠲᠠᠢ ᠪᠠᠶ᠋ᠢᠷᠢᠰᠢᠭᠤᠯᠵᠤ᠂ ᠬᠣᠲᠠ ᠵᠢ ᠰᠢᠨᠡᠳᠬᠡᠬᠦ ᠠᠵᠢᠯᠯᠠᠭ᠎ᠠ ᠵᠡᠷᠭᠡ ᠵᠢ ᠬᠡᠷᠡᠭᠵᠢᠭᠦᠯᠦᠨ᠎ᠡ᠃ ᠬᠣᠶᠠᠳᠤᠭ᠋ᠠᠷ ᠭᠣᠤᠯᠳᠠᠯᠭ᠎ᠠ᠎ᠲᠠᠢ ᠠᠵᠢᠯ ᠪᠣᠯ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠎ᠡ᠃ ᠰᠢ ᠵᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ᠎ᠳᠤ᠎ᠪᠠᠨ᠂ ᠬᠡᠳᠦᠢ ᠬᠥᠭᠵᠢᠯᠲᠡ᠎ᠪᠠᠷ ᠠᠨᠠᠶ ᠭᠠᠵᠠᠷ ᠣᠷᠣᠨ᠎ᠨᠢ ᠲᠡᠳᠦᠢ ᠢᠯᠡᠭᠦᠦ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠨᠢ ᠴᠢᠬᠤᠯᠠᠲᠠᠢ ᠶᠤᠮ ᠭᠡᠵᠡᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠨᠢᠮᠭᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶ᠋ᠢᠭ᠎ᠠ ᠣᠳᠣᠬᠢ ᠪᠠᠶ᠋ᠢᠳᠠᠯ᠎ᠳᠤ ᠴᠢᠭᠯᠡᠭᠦᠯᠦᠨ᠂ ᠪᠢᠳᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠣᠯᠭ᠋ᠠᠬᠤ ᠵᠢ ᠪᠠᠷᠢᠮᠲᠠᠯᠠᠵᠤ᠂ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠢᠯᠡᠳᠬᠡᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠶᠡᠬᠡ ᠬᠡᠪᠴᠢᠶᠡᠨ᠎ᠤ ᠡᠨᠧᠷᠭᠢ ᠬᠠᠳᠠᠭ᠋ᠠᠯᠠᠭᠳᠠᠴᠠ᠂ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠪᠦᠯᠦᠭ ᠤᠯᠤᠰ᠎ᠤᠨ ᠲᠡᠰ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠢᠨᠵᠧᠨᠧᠷᠢᠩ᠎ᠤᠨ ᠰᠤᠳᠤᠯᠭ᠋ᠠᠨ᠎ᠤ ᠲᠥᠪ᠂ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ ᠪᠠ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠶ᠋ᠢᠭᠤᠯᠤᠨ᠎ᠠ ᠭᠡᠵᠦ ᠳᠤᠷᠠᠳᠴᠠᠢ᠃ ᠠᠵᠤ ᠠᠬᠤᠶ᠋ᠢᠯᠠᠯ ᠪᠣᠯ ᠰᠢᠨ᠎ᠡ ᠵᠢ ᠡᠭᠦᠳᠬᠦ ᠣᠷᠣᠭᠤᠯᠤᠯᠲᠠ ᠪᠠ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠭᠣᠣᠯ ᠬᠦᠴᠦᠨ ᠮᠥᠨ᠃ ᠪᠢᠳᠡ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠡᠯ᠎ᠡ ᠲᠦᠷᠦᠯ᠎ᠤᠨ ᠴᠢᠬᠤᠯᠠ ᠬᠦᠴᠦᠨ ᠵᠦᠢ᠍ᠯ᠎ᠢ ᠠᠵᠤ ᠠᠬᠤᠶ᠋ᠢᠯᠠᠯ ᠵᠦᠭ ᠲᠥᠪᠯᠡᠷᠡᠭᠦᠯᠬᠦ ᠵᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠪᠣᠶ᠋ᠢᠵᠢᠭᠤᠯᠤᠨ᠂ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠤᠮᠳᠠ ᠳᠤᠤᠷᠠᠳᠤ ᠬᠡᠰᠡᠭ᠂ ᠲᠤᠮᠤ ᠳᠤᠮᠳᠠ ᠵᠢᠵᠢᠭ ᠠᠵᠤ ᠠᠬᠤᠶ᠋ᠢᠯᠠᠯ᠎ᠤᠨ ᠠᠭᠤᠰᠤᠯᠴᠠᠨ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠲᠦᠷᠭᠡᠳᠬᠡᠨ᠎ᠡ᠃ ᠭᠤᠷᠪᠠᠳᠤᠭ᠋ᠠᠷ ᠭᠣᠣᠯᠳᠠᠯᠭ᠎ᠠ᠎ᠲᠠᠢ ᠠᠵᠢᠯ ᠪᠣᠯ ᠠᠵᠤ ᠦᠢ᠍ᠯᠡᠰ᠎ᠤᠨ ᠬᠡᠯᠬᠢᠶ᠎ᠡ ᠪᠠ ᠦᠷᠳᠡᠭ᠎ᠤᠨ ᠬᠡᠯᠬᠢᠶ᠎ᠡ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠠᠵᠢᠯ᠎ᠤᠨ ᠪᠠᠢ᠌ᠴᠠᠭ᠋ᠠᠯᠲᠠ ᠬᠢᠬᠦ᠎ᠳᠤ᠎ᠪᠠᠨ᠂ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠠᠵᠤ ᠦᠢ᠍ᠯᠡᠰ᠎ᠤᠨ ᠬᠡᠯᠬᠢᠶ᠎ᠡ ᠵᠢᠨ ᠳᠤᠤᠷᠠᠳᠤ ᠤᠷᠤᠰᠬᠠᠯ ᠲᠡᠢ᠌ᠰᠢ᠎ᠪᠠᠨ ᠲᠡᠯᠡᠵᠦ᠂ ᠦᠷᠳᠡᠭ᠎ᠤᠨ ᠬᠡᠯᠬᠢᠶ᠎ᠡ ᠵᠢᠨ ᠳᠤᠮᠳᠠ ᠳᠡᠭᠡᠳᠦ ᠲᠦᠪᠰᠢᠨ ᠲᠡᠢ᠌ᠰᠢ᠎ᠪᠠᠨ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠡᠨᠡ ᠵᠢᠯ᠂ ᠪᠢᠳᠡ ᠤᠯᠠᠮᠵᠢᠯᠠᠯᠲᠤ ᠠᠵᠤ ᠦᠢ᠍ᠯᠡᠰ᠎ᠢ ᠳᠡᠭᠡᠳᠦ ᠲᠠᠰ᠂ ᠤᠶᠤᠨᠴᠢᠯᠠᠯᠲᠠ᠂ ᠪᠣᠬᠢᠷᠲᠤᠯ ᠥᠬᠡᠶ ᠪᠣᠯᠭ᠋ᠠᠨ ᠥᠭᠡᠷᠡᠴᠢᠯᠡᠨ ᠲᠠᠰ ᠳᠡᠪᠰᠢᠭᠦᠯᠬᠦ ᠵᠢ ᠲᠦᠷᠭᠡᠳᠬᠡᠵᠦ᠂ ᠨᠠᠷᠢᠯᠢᠭ ᠭᠦᠨᠵᠡᠭᠡᠶ ᠡᠳ᠋ᠰᠢᠭᠦᠯᠬᠦ ᠵᠢ ᠶᠡᠬᠡ᠎ᠪᠠᠷ ᠬᠥᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ᠃ ᠵᠢᠱ᠌ᠢᠶᠡᠯᠡᠪᠡᠯ᠂ ᠤᠳᠤ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠠᠵᠤ ᠠᠬᠤᠶ ᠵᠢᠨ ᠲᠠᠯ᠎ᠠ᠎ᠪᠠᠷ᠂ ᠨᠡᠭᠦᠷᠡᠰᠦ ᠵᠢ ᠠᠶᠤᠯᠭᠦᠶ ᠪᠥᠭᠡᠳ ᠥᠨᠳᠥᠷ ᠪᠦᠲᠦᠮᠵᠢᠲᠡᠶ᠎ᠪᠠᠷ ᠨᠡᠭᠡᠭᠡᠨ ᠮᠠᠯᠲᠠᠬᠤ ᠪᠠ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠬᠦᠴᠦᠯᠡᠨ ᠠᠬᠢᠭᠤᠯᠵᠤ᠂ 《ᠴᠠᠬᠢᠯᠭ᠋ᠠᠨ ᠴᠤᠷᠪᠤᠯᠵᠢ᠂ ᠴᠠᠬᠢᠯᠭ᠋ᠠᠨ ᠲᠣᠣᠷ᠂ ᠴᠠᠬᠢᠯᠭ᠋ᠠᠨ ᠳᠠᠭ᠋ᠠᠭ᠋ᠠᠴᠠ᠂ ᠴᠠᠬᠢᠯᠭ᠋ᠠᠨ ᠬᠠᠳᠠᠭ᠋ᠠᠭᠯᠠᠭᠳᠠᠴᠠ》᠂ 《ᠭᠠᠯ ᠰᠠᠯᠬᠢ ᠭᠡᠷᠡᠯ᠎ᠢ ᠨᠥᠭᠡᠴᠡᠯᠡᠬᠦ》 ᠵᠢ ᠨᠢᠭᠡ ᠴᠤᠭᠴᠠᠵᠢᠭᠤᠯᠤᠨ ᠬᠥᠭᠵᠢᠭᠦᠯᠬᠦ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠵᠢᠨ ᠠᠵᠤ ᠠᠬᠤᠶ ᠵᠢ ᠬᠥᠭᠵᠢᠭᠦᠯᠦᠨ᠎ᠡ᠃ ᠲᠣᠭ᠋ᠠᠴᠢᠯᠠᠭᠰᠠᠨ ᠠᠵᠤ ᠠᠬᠤᠢ ᠵᠢᠨ ᠲᠠᠯ᠎ᠠ᠎ᠪᠠᠷ᠂ ᠪᠢᠳᠠ ᠲᠣᠭ᠋ᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠᠲᠤ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠮᠠᠨ᠎ᠤ ᠣᠷᠣᠨ᠎ᠤ ᠳ᠋ᠠᠶ᠋ᠢᠲ᠋ᠠ ᠵᠢᠨ ᠲᠥᠪ᠎ᠤᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠪᠦᠬᠦ ᠤᠯᠤᠰ᠎ᠲᠤ ᠲᠡᠷᠢᠭᠦᠯᠡᠵᠦ ᠪᠠᠶ᠋ᠢᠭ᠎ᠠ ᠪᠣᠯᠪᠠᠴᠤ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠬᠠᠷᠢᠴᠠᠩᠭᠤᠢ᠎ᠪᠠᠷ ᠬᠣᠴᠣᠷᠤᠩᠭᠤᠢ ᠪᠠᠶ᠋ᠢᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠡᠭᠦᠨ᠎ᠤ ᠵᠡᠷᠭᠡᠴᠡᠭᠡ᠎ᠪᠠᠷ᠂ ᠪᠢᠳᠠ ᠪᠦᠬᠦ ᠠᠵᠤ ᠦᠢ᠍ᠯᠡᠰ᠎ᠤᠨ ᠬᠡᠯᠬᠢᠶ᠎ᠡ᠎ᠪᠠᠷ ᠬᠣᠪᠣᠷ ᠰᠢᠷᠣᠢ ᠵᠢᠨ ᠠᠵᠤ ᠦᠢ᠍ᠯᠡᠰ᠎ᠢ ᠳᠡᠮᠵᠢᠨ ᠪᠣᠰᠬᠠᠵᠤ᠂ ᠳᠡᠭᠡᠳᠦ ᠵᠡᠷᠭᠡᠯᠡᠯ᠎ᠤᠨ ᠲᠡᠮᠦᠷᠯᠢᠭ᠂ ᠪᠠᠯ ᠴᠢᠯᠠᠭᠤᠨ ᠠᠯᠺᠸᠨ᠂ ᠳᠡᠭᠡᠳᠦ ᠴᠢᠳᠠᠪᠬᠢᠳᠦ ᠰᠢᠷᠬᠡᠭᠯᠢᠭ ᠵᠡᠷᠭᠡ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠬᠥᠭᠵᠢᠭᠦᠯᠵᠦ᠂ ᠤᠳᠤ ᠦᠶ᠎ᠡ ᠵᠢᠨ ᠪᠠᠷᠠᠭ᠋ᠠᠨ᠎ᠤ ᠭᠦᠢ᠍ᠯᠭᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠰᠢᠯᠭ᠋ᠠᠨ ᠪᠠᠶ᠋ᠢᠴᠠᠭ᠋ᠠᠵᠤ ᠭᠡᠷᠡᠴᠢᠯᠡᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠵᠡᠷᠭᠡ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃ ᠳᠥᠷᠪᠡᠳᠦᠭᠡᠷ ᠭᠣᠣᠯᠳᠠᠯᠭ᠎ᠠ᠎ᠲᠠᠢ ᠠᠵᠢᠯ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠶᠠᠪᠤᠳᠠᠯ ᠪᠣᠯᠤᠨ᠎ᠠ᠃ ᠮᠠᠨ᠎ᠤ ᠣᠷᠣᠨ ᠪᠣᠯ ᠪᠥᠬᠥ ᠤᠯᠤᠰ᠎ᠤᠨ ᠠᠮᠤ ᠪᠤᠳᠠᠭ᠋ᠠᠨ᠎ᠤ ᠭᠣᠤᠯ ᠭᠠᠷᠤᠯᠲᠠ ᠵᠢᠨ 13 ᠮᠤᠵᠢ ᠣᠷᠣᠨ ᠪᠠ ᠠᠮᠤ ᠪᠤᠳᠠᠭ᠎ᠠ ᠵᠢ ᠭᠠᠳᠠᠭᠰᠢ ᠭᠠᠷᠭ᠋ᠠᠬᠤ 6 ᠮᠤᠵᠢ ᠣᠷᠣᠨ᠎ᠤ ᠨᠢᠭᠡ ᠪᠣᠯᠤᠨ᠎ᠠ᠃ 2018 ᠣᠨ᠎ᠠᠴᠠ ᠡᠬᠢᠯᠡᠨ᠂ ᠠᠮᠤ ᠪᠤᠳᠠᠭ᠋ᠠᠨ᠎ᠤ ᠵᠢᠯ᠎ᠤᠨ ᠤᠨᠠᠯᠲᠠ 700 ᠳ᠋ᠦᠩᠰᠢᠭᠤᠷ ᠵᠢᠩ᠎ᠢ ᠳᠠᠪᠠᠵᠤ᠂ ᠵᠢᠯ ᠪᠦᠷᠢ ᠪᠠᠷᠤᠭ 450 ᠳ᠋ᠦᠩᠰᠢᠭᠤᠷ ᠵᠢᠩ ᠠᠮᠤ ᠪᠤᠳᠠᠭ᠎ᠠ ᠵᠢᠴᠢ ᠪᠦᠲᠦᠭᠡᠭᠳᠡᠬᠦᠨ᠎ᠢ ᠣᠷᠣᠨ᠎ᠤ ᠭᠠᠳᠠᠨ᠎ᠠ ᠭᠠᠷᠭ᠋ᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠡᠨᠡ ᠵᠢᠯ ᠮᠠᠨ᠎ᠤ ᠣᠷᠣᠨ 459 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠦᠷᠭᠦᠯᠵᠢᠯᠡᠨ ᠰᠢᠨ᠎ᠡ᠎ᠪᠠᠷ ᠪᠠᠶ᠋ᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ᠎ᠢ ᠰᠠᠶ᠋ᠢᠵᠢᠷᠠᠭᠤᠯᠬᠤ ᠪᠠ ᠬᠠᠷ᠎ᠠ ᠬᠥᠷᠥᠰᠥ ᠵᠢ ᠬᠠᠮᠠᠭ᠋ᠠᠯᠠᠬᠤ ᠴᠢᠨᠠᠷᠲᠠᠶ ᠲᠠᠷᠢᠶᠠᠯᠠᠭ᠎ᠠ ᠵᠢ ᠥᠷᠨᠢᠭᠦᠯᠵᠦ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ》 ᠪᠣᠯᠭ᠋ᠠᠬᠤ ᠵᠢ ᠡᠷᠡᠰ ᠬᠣᠷᠢᠭᠯᠠᠵᠤ᠂ 《ᠠᠮᠤ ᠪᠤᠳᠠᠭ᠋ᠠᠨ᠎ᠤ ᠪᠤᠰᠤ》 ᠪᠣᠯᠭ᠋ᠠᠬᠤ ᠵᠢ ᠰᠡᠷᠭᠡᠶ᠋ᠢᠯᠡᠨ᠎ᠡ᠃ ᠰᠦ ᠰᠠᠭ᠋ᠠᠯᠢ ᠵᠢᠨ ᠦᠢ᠍ᠯᠡᠰ ᠪᠣᠯ ᠥᠪᠥᠷ ᠮᠣᠩᠭᠣᠯ᠎ᠤᠨ ᠳᠠᠪᠠᠭᠤᠯᠢᠭ ᠠᠵᠤ ᠦᠢ᠍ᠯᠡᠰ ᠮᠥᠨ᠂ ᠰᠠᠭ᠋ᠠᠯᠢ ᠵᠢᠨ ᠦᠨᠢᠶ᠎ᠡ ᠵᠢᠨ ᠲᠣᠭ᠎ᠠ ᠬᠡᠮᠵᠢᠶ᠎ᠡ᠂ ᠲᠦᠭᠦᠬᠡᠶ ᠰᠦ ᠵᠢᠨ ᠭᠠᠷᠤᠯᠲᠠ ᠪᠠ ᠴᠠᠭ᠋ᠠᠨ ᠢᠳᠡᠭᠡᠨ᠎ᠤ ᠭᠠᠷᠤᠯᠲᠠ᠎ᠨᠢ ᠴᠥᠮ ᠪᠥᠬᠥ ᠤᠯᠤᠰ᠎ᠲᠤ ᠲᠡᠷᠢᠭᠦᠯᠡᠵᠦ ᠪᠠᠶ᠋ᠢᠨ᠎ᠠ᠃ ᠮᠠᠨ᠎ᠤ ᠣᠷᠣᠨ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠭᠦᠨᠵᠡᠭᠡᠶ ᠠᠬᠢᠭᠤᠯᠵᠤ᠂ ᠬᠣᠯᠢᠮᠠᠭ ᠥᠮᠴᠢᠯᠡᠯ᠎ᠤᠨ ᠲᠦᠷᠢᠮ᠎ᠤᠨ ᠬᠡᠯᠪᠡᠷᠢ᠎ᠪᠠᠷ ᠰᠦ ᠵᠢᠨ ᠢᠷᠡᠯᠲᠡ ᠵᠢᠨ ᠰᠠᠭᠤᠷᠢᠨ ᠭᠠᠵᠠᠷ ᠪᠠ ᠮᠠᠯᠵᠢᠯ᠎ᠤᠨ ᠲᠠᠯᠠᠪᠠᠶ ᠪᠠᠶ᠋ᠢᠭᠤᠯᠬᠤ ᠵᠢ ᠵᠣᠷᠢᠭᠵᠢᠭᠤᠯᠤᠨ᠂ ᠤᠯᠠᠮᠵᠢᠯᠠᠯᠲᠤ ᠴᠠᠭ᠋ᠠᠨ ᠢᠳᠡᠭᠡᠨ᠎ᠤ ᠠᠵᠤ ᠦᠶ᠋ᠢᠯᠡᠰᠵᠢᠭᠰᠡᠨ᠂ ᠨᠠᠷᠠᠲᠤ ᠲᠥᠷᠥᠯ ᠲᠡᠮᠳᠡᠭᠵᠢᠭᠰᠡᠨ ᠬᠥᠭᠵᠢᠯᠲᠡ ᠵᠢ ᠳᠡᠮᠵᠢᠨ᠎ᠡ᠃ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠠ ᠲᠣᠨᠣᠭ ᠲᠥᠬᠥᠭᠡᠷᠦᠮᠵᠢ ᠵᠢᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠪᠥᠬᠥ ᠶᠠᠪᠤᠴᠠ ᠵᠢᠨ ᠮᠠᠰᠢᠨᠴᠢᠯᠠᠯᠲᠠ ᠵᠢ ᠠᠬᠢᠭᠤᠯᠤᠨ᠂ ᠡᠭᠦᠯᠳᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠵᠤ᠂ ᠡᠭᠦᠯᠳᠡᠷ ᠪᠣᠶ᠋ᠢᠵᠢᠭᠤᠯᠬᠤ ᠵᠢᠨ ᠰᠢᠨ᠎ᠡ ᠡᠭᠦᠳᠦᠯᠲᠡ᠂ ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠥᠪ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠪᠢᠳᠡ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠴᠡᠭ᠎ᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ᠎ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ᠎ᠤ ᠪᠠᠶᠠᠵᠢᠨ ᠴᠢᠨᠡᠭᠡᠯᠢᠭᠵᠢᠬᠦ ᠵᠢ ᠠᠬᠢᠭᠤᠯᠤᠨ᠎ᠠ᠃ ᠲᠠᠪᠤᠳᠤᠭ᠋ᠠᠷ ᠭᠣᠣᠯᠳᠠᠯᠭ᠎ᠠ᠎ᠲᠠᠢ ᠠᠵᠢᠯ ᠪᠣᠯ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠶᠠᠪᠤᠳᠠᠯ ᠪᠣᠯᠤᠨ᠎ᠠ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠵᠢᠨ ᠫᠢᠩ ᠥᠪᠡᠷ ᠵᠶ᠋ᠠᠨ ᠲᠥᠯᠥᠪᠵᠢᠭᠦᠯᠵᠦ ᠥᠪᠡᠷ ᠵᠶ᠋ᠠᠨ ᠪᠠᠶ᠋ᠢᠷᠢᠯᠠᠭᠤᠯᠤᠭᠰᠠᠨ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠪᠣᠯᠤᠨ᠎ᠠ᠃ ᠮᠠᠨ᠎ᠤ ᠥᠪᠡᠷᠲᠡᠭᠡᠨ ᠵᠠᠰᠠᠬᠤ ᠣᠷᠣᠨ᠎ᠳᠤ ᠠᠪᠴᠤ ᠬᠡᠯᠡᠪᠡᠯ᠂ ᠪᠥᠬᠥ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠡᠷᠬᠡᠪᠰᠢ ᠰᠠᠶ᠋ᠢᠲᠤᠷ ᠡᠭᠦᠷᠭᠡᠯᠡᠬᠦ ᠬᠡᠷᠡᠭᠲᠡᠶ ᠤᠯᠤᠰ ᠲᠥᠷᠥ ᠵᠢᠨ ᠬᠠᠷᠢᠭᠤᠴᠠᠯᠭ᠎ᠠ ᠪᠣᠯᠬᠤ᠎ᠪᠠᠷ ᠪᠠᠷᠠᠬᠤ ᠥᠬᠡᠶ᠂ ᠴᠢᠨᠠᠷᠯᠢᠭ ᠬᠥᠭᠵᠢᠯᠲᠡ ᠵᠢ ᠳᠥᠯᠭᠢᠨ ᠠᠬᠢᠭᠤᠯᠬᠤ ᠴᠢᠬᠤᠯᠠ ᠶᠡᠬᠡ ᠠᠵᠠ ᠲᠣᠬᠢᠶᠠᠯ ᠮᠥᠨ᠃ ᠡᠶ᠋ᠢᠮᠦ᠎ᠠᠴᠠ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠨᠡ ᠲᠠᠯ᠎ᠠ ᠵᠢᠨ ᠠᠭᠤᠯᠭ᠎ᠠ ᠵᠢ ᠠᠰᠲᠤᠨᠢ ᠨᠢᠭᠡ ᠬᠡᠰᠡᠭ᠎ᠲᠤ ᠵᠢᠭᠰᠠᠭ᠋ᠠᠵᠤ ᠪᠠᠶ᠋ᠢᠷᠢᠯᠠᠭᠤᠯᠪᠠ᠃ ᠮᠠᠨ᠎ᠤ ᠣᠷᠣᠨ ᠬᠠᠲᠤᠨ ᠭᠣᠤᠯ᠎ᠤᠨ ᠳᠡᠭᠡᠳᠦ ᠳᠣᠤᠷᠠᠳᠤ ᠤᠷᠤᠰᠬᠠᠯ᠂ ᠭᠣᠤᠯ ᠰᠠᠯᠪᠤᠷᠢ ᠤᠷᠤᠰᠬᠠᠯ᠂ ᠵᠡᠭᠦᠨ ᠪᠠᠷᠠᠭᠤᠨ ᠡᠷᠭᠢ ᠵᠢ ᠵᠣᠬᠢᠴᠠᠭᠤᠯᠤᠨ ᠵᠠᠰᠠᠬᠤ ᠵᠢ ᠴᠢᠩᠭ᠋ᠠᠳᠬᠠᠵᠤ᠂ ᠭᠣᠤᠯ᠎ᠤᠨ ᠵᠠᠮ ᠪᠠ ᠡᠷᠭᠢ ᠵᠢᠨ ᠱᠤᠭᠤᠮ᠎ᠢ 《ᠳᠤᠷ᠎ᠠ᠎ᠪᠠᠷ ᠡᠵᠡᠯᠡᠬᠦ》 《ᠳᠤᠷ᠎ᠠ᠎ᠪᠠᠷ ᠪᠠᠶ᠋ᠢᠭᠤᠯᠬᠤ》 ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠭᠣᠤᠯᠳᠠᠯᠭ᠎ᠠ᠎ᠲᠠᠢ ᠣᠷᠣᠨ ᠪᠦᠰᠡ ᠵᠢᠨ ᠬᠥᠷᠥᠰᠥ ᠰᠢᠷᠣᠶ ᠵᠢᠨ ᠤᠷᠤᠰᠬᠠᠭᠳᠠᠯ᠎ᠢ ᠶᠡᠷᠦᠩᠬᠡᠶ᠋ᠢᠯᠡᠨ ᠵᠠᠰᠠᠬᠤ ᠡᠷᠴᠢᠮ᠎ᠢ ᠴᠢᠩᠭ᠋ᠠᠷᠠᠭᠤᠯᠤᠨ᠂ ᠬᠠᠲᠤᠨ ᠭᠣᠤᠯ ᠳᠠᠭ᠋ᠠᠤ ᠭᠠᠵᠠᠷ ᠣᠷᠣᠨ᠎ᠤ ᠣᠷᠴᠢᠨ ᠲᠣᠭᠣᠷᠢᠨ᠎ᠤ ᠪᠣᠬᠢᠷᠲᠤᠯ᠎ᠢ ᠰᠢᠰᠲ᠋ᠧᠮ᠎ᠲᠠᠢ ᠵᠠᠰᠠᠬᠤ ᠪᠠ ᠠᠭᠤᠷᠬᠠᠶ ᠵᠢᠨ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠷᠠᠭᠤᠯᠤᠨ᠎ᠠ᠃ ᠮᠠᠨ᠎ᠤ ᠣᠷᠣᠨ᠎ᠤ ᠬᠠᠲᠤᠨ ᠭᠣᠤᠯ ᠳᠠᠭ᠋ᠠᠤ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠲᠣᠪᠣᠶ᠋ᠢᠮ᠎ᠠ ᠪᠠᠶ᠋ᠢᠵᠤ᠂ ᠠᠵᠤ ᠠᠬᠤᠶ ᠵᠢ ᠬᠥᠭᠵᠢᠭᠦᠯᠬᠦ᠎ᠳᠤ ᠡᠷᠬᠡᠪᠰᠢ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠡᠨᠡ ᠬᠦ᠌ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠵᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠤᠨ᠂ ᠤᠰᠤ ᠵᠢ ᠠᠷᠪᠢᠯᠠᠵᠤ ᠤᠰᠤ ᠵᠢ ᠬᠢᠵᠠᠭ᠋ᠠᠷᠯᠠᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ ᠪᠥᠭᠡᠳ ᠦᠷ᠎ᠡ ᠠᠰᠢᠭ ᠵᠶ᠋ᠠᠷ ᠳᠣᠤᠷ᠎ᠠ ᠪᠠᠶ᠋ᠢᠭᠰᠠᠨ᠎ᠠᠴᠠ ᠠᠷᠪᠢᠯᠠᠨ ᠡᠷᠴᠢᠮᠵᠢᠭᠦᠯᠬᠦ ᠲᠡᠢ᠌ᠰᠢ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢᠨ ᠰᠣᠯᠢᠭᠳᠠᠯ᠎ᠢ ᠲᠦᠷᠭᠡᠳᠬᠡᠵᠦ᠂ ᠨᠡᠭᠦᠷᠡᠰᠦᠨ᠎ᠤ ᠪᠤᠰᠤ ᠠᠵᠤ ᠦᠢ᠍ᠯᠡᠰ᠂ ᠡᠬᠢ ᠪᠠᠶᠠᠯᠢᠭ᠎ᠤᠨ ᠪᠤᠰᠤ ᠬᠡᠯᠪᠡᠷᠢ ᠵᠢᠨ ᠠᠵᠤ ᠦᠢ᠍ᠯᠡᠰ᠂ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠢ ᠬᠦᠴᠦᠯᠡᠨ ᠪᠣᠶ᠋ᠢᠵᠢᠭᠤᠯᠵᠤ᠂ ᠬᠠᠲᠤᠨ ᠭᠣᠣᠯ ᠳᠠᠭ᠋ᠠᠤ ᠭᠠᠵᠠᠷ ᠣᠷᠣᠨ᠎ᠤ ᠭᠣᠣᠯᠯᠠᠬᠤ ᠬᠤᠳᠠ ᠪᠠ ᠬᠤᠳᠠ ᠵᠢᠨ ᠰᠥᠷᠥᠭᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ᠃ ᠡᠭᠦᠨ᠎ᠤ ᠬᠠᠮᠲᠤ᠂ ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠬᠤ᠂ ᠤᠯᠠᠮᠵᠢᠯᠠᠬᠤ ᠪᠠ ᠪᠠᠳᠠᠷᠠᠭᠤᠯᠬᠤ ᠴᠢᠬᠤᠯᠠ ᠶᠡᠬᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠬᠠᠲᠤᠨ ᠭᠣᠤᠯ᠎ᠤᠨ ᠰᠣᠶᠣᠯ᠎ᠤᠨ ᠴᠠᠭ ᠦᠶ᠎ᠡ ᠵᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ 《ᠬᠠᠲᠤᠨ ᠭᠣᠤᠯ᠎ᠤᠨ ᠥᠯᠢᠭᠡᠷ》᠎ᠢ ᠰᠠᠶ᠋ᠢᠲᠤᠷ ᠶᠠᠷᠢᠵᠤ᠂ ᠰᠣᠶᠣᠯ᠎ᠤᠨ ᠡᠬᠢ ᠪᠠᠶᠠᠯᠢᠭ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠣᠷᠭ᠋ᠠᠨᠢᠭ ᠠᠭᠤᠰᠤᠯᠴᠠᠯ᠎ᠢ ᠠᠬᠢᠭᠤᠯᠤᠨ᠂ ᠣᠯᠠᠨ ᠤᠯᠤᠰ᠎ᠲᠤ ᠨᠥᠯᠥᠭᠡᠯᠡᠬᠦ ᠬᠦᠴᠦᠨ ᠪᠥᠬᠥᠶ ᠬᠠᠲᠤᠨ ᠭᠣᠤᠯ᠎ᠤᠨ 《几》 ᠥᠰᠥᠭ᠎ᠤᠨ ᠮᠣᠷᠣᠢ᠌ᠯᠲᠠ ᠵᠢᠨ ᠰᠣᠶᠣᠯ᠎ᠤᠨ ᠵᠢᠭᠤᠯᠴᠢᠯᠠᠯ᠎ᠤᠨ ᠪᠦᠰᠡ ᠵᠢ ᠪᠣᠶ ᠪᠣᠯᠭ᠋ᠠᠨ᠎ᠠ᠃ ᠵᠢᠷᠭᠤᠳᠤᠭ᠋ᠠᠷ ᠭᠣᠣᠯᠳᠠᠯᠭ᠎ᠠ᠎ᠲᠠᠢ ᠠᠵᠢᠯ ᠪᠣᠯ ᠥᠭᠡᠷᠡᠴᠢᠯᠡᠯᠲᠡ ᠨᠡᠭᠡᠭᠡᠯᠳᠡ ᠵᠢ ᠨᠡᠩ ᠶᠡᠬᠡ ᠡᠷᠴᠢᠮ᠎ᠲᠠᠢ᠎ᠪᠠᠷ ᠠᠬᠢᠭᠤᠯᠬᠤ ᠶᠠᠪᠤᠳᠠᠯ ᠪᠣᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠦᠷᠭᠦᠯᠵᠢᠯᠡᠨ ᠲᠥᠪ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠨᠡᠭᠡᠭᠡᠯᠲᠡ ᠵᠢ ᠥᠷᠭᠡᠳᠬᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠥᠭᠡᠷᠡᠴᠢᠯᠡᠯᠲᠡ ᠬᠢᠬᠦ ᠲᠠᠯ᠎ᠠ᠎ᠪᠠᠷ᠂ ᠭᠣᠣᠯᠳᠠᠭᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠬᠦᠴᠦᠯᠡᠨ ᠪᠤᠶ ᠪᠣᠯᠭ᠋ᠠᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠠᠵᠤ ᠠᠬᠤᠶ᠋ᠢᠯᠠᠯ᠎ᠤᠨ ᠲᠠᠨᠭ᠌ᠰᠠᠨ ᠵᠣᠭᠣᠰ᠎ᠢ ᠥᠷᠢᠲᠦᠵᠦ ᠤᠳᠠᠭ᠋ᠠᠰᠢᠷᠠᠭᠤᠯᠬᠤ᠎ᠠᠴᠠ ᠰᠡᠷᠭᠡᠶ᠋ᠢᠯᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠮᠥᠩᠭᠥᠨ ᠭᠦᠢ᠍ᠯᠭᠡᠭᠡᠨ ᠵᠶ᠋ᠠᠷ ᠪᠣᠳᠠᠲᠤ ᠴᠣᠭᠴᠠᠲᠤ ᠠᠵᠤ ᠠᠬᠤᠶ ᠵᠢ ᠪᠦᠲᠦᠮᠵᠢᠲᠡᠶ ᠳᠡᠮᠵᠢᠬᠦ ᠪᠠᠶ᠋ᠢᠭᠤᠯᠤᠯ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠰᠢᠰᠲ᠋ᠧᠮᠲᠦ᠊ᠨ ᠴᠢᠨᠠᠷᠲᠠᠶ ᠲᠦᠭᠰᠢᠭᠦᠷᠢ ᠦᠯᠦ ᠭᠠᠷᠭ᠋ᠠᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠨᠡᠭᠡᠭᠡᠯᠳᠡ ᠬᠢᠬᠦ ᠲᠠᠯ᠎ᠠ᠎ᠪᠠᠷ᠂ ᠪᠦᠬᠦ ᠲᠠᠯ᠎ᠠ ᠵᠢᠨ ᠪᠣᠭᠣᠮᠲᠠ ᠵᠢᠨ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠨᠡᠪᠲᠡᠷᠡᠬᠦ ᠵᠠᠮ᠎ᠤᠨ ᠠᠵᠤ ᠠᠬᠤᠢ ᠵᠢ ᠪᠣᠳᠠᠲᠠᠶ᠋ᠢᠵᠢᠭᠰᠠᠨ ᠠᠵᠤ ᠠᠬᠤᠢ ᠲᠡᠢ᠌ᠰᠢ ᠬᠤᠪᠢᠷᠠᠭᠤᠯᠬᠤ ᠵᠢ ᠠᠬᠢᠭᠤᠯᠤᠨ᠎ᠠ᠃ ᠮᠠᠨᠵᠤᠤᠷ ᠵᠡᠷᠭᠡ ᠤᠯᠤᠰ᠎ᠤᠨ ᠭᠣᠤᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ᠎ᠤ ᠰᠢᠨ᠎ᠡ ᠵᠢ ᠡᠭᠦᠳᠦᠨ ᠬᠥᠭᠵᠢᠬᠦ ᠵᠢ ᠬᠦᠴᠦᠯᠡᠨ ᠠᠬᠢᠭᠤᠯᠵᠤ᠂ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠳᠣᠯᠣᠳᠤᠭ᠋ᠠᠷ ᠭᠣᠣᠯᠳᠠᠯᠭ᠎ᠠ᠎ᠲᠠᠢ ᠠᠵᠢᠯ ᠪᠣᠯ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠶᠠᠪᠤᠳᠠᠯ ᠪᠣᠯᠤᠨ᠎ᠠ᠃ 《13 · 5》᠎ᠤᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠣᠯ᠎ᠤᠨ ᠠᠮᠢ ᠠᠬᠤᠶ ᠵᠢᠨ ᠣᠷᠴᠢᠨ ᠲᠣᠭᠣᠷᠢᠨ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠪᠡᠶᠡᠯᠡᠭᠦᠯᠵᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠪᠠᠶ᠋ᠢᠳᠠᠯ ᠢᠯᠡᠷᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠰᠠᠶ᠋ᠢᠲᠤᠷ ᠰᠠᠬᠢᠨ ᠬᠠᠮᠠᠭ᠋ᠠᠯᠠᠬᠤ᠎ᠪᠠᠷ ᠪᠣᠢ᠃ ᠡᠭᠦᠨ᠎ᠳᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠬᠦ᠂ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠂ ᠤᠢ ᠰᠢᠭᠤᠢ ᠵᠢᠨ ᠳᠠᠷᠤᠭ᠎ᠠ ᠨᠤᠲᠤᠭ ᠪᠡᠯᠴᠢᠭᠡᠷ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠵᠤ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠠᠬᠢᠭᠤᠯᠬᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ ᠵᠡᠷᠭᠡ ᠪᠠᠭᠲᠠᠨ᠎ᠠ᠃ ᠪᠠᠰᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠨᠠᠷᠢᠯᠢᠭᠵᠢᠭᠤᠯᠤᠭᠰᠠᠨ ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠬᠦᠬᠡ ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠦᠷ᠎ᠡ ᠪᠦᠲᠦᠭᠡᠯ᠎ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠤᠷᠬᠢᠯ᠎ᠠᠴᠠ ᠳᠣᠷᠣᠭᠰᠢᠯᠠᠭᠤᠯᠬᠤ ᠬᠠᠷᠠᠯᠲᠠ ᠪᠣᠯᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠥᠯᠥ ᠭᠠᠳᠠᠭᠰᠢᠯᠠᠭᠤᠯᠬᠤ ᠬᠦᠰᠡᠯ ᠪᠣᠳᠣᠯ ᠪᠣᠯ ᠮᠠᠨ᠎ᠤ ᠤᠯᠤᠰ᠎ᠤᠨ ᠳᠡᠯᠡᠬᠡᠢ ᠨᠡᠶ᠋ᠢᠭᠡᠮ᠎ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠮᠠᠨ᠎ᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠡᠭᠦᠷᠭᠡ ᠬᠠᠲᠠᠭᠤ ᠪᠡᠷᠬᠡ ᠪᠠᠶ᠋ᠢᠨ᠎ᠠ᠂ ᠡᠨᠡ ᠵᠢᠯ ᠡᠨᠧᠷᠭᠢ ᠵᠢ ᠠᠷᠪᠢᠯᠠᠨ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠪᠠᠭ᠋ᠠᠰᠬᠠᠬᠤ ᠵᠢ ᠵᠣᠬᠢᠴᠠᠭᠤᠯᠤᠨ ᠠᠬᠢᠭᠤᠯᠵᠤ᠂ ᠨᠢᠭᠡᠨᠲᠡ ᠪᠠᠶ᠋ᠢᠭ᠎ᠠ ᠪᠠ ᠰᠢᠨ᠎ᠡ᠎ᠪᠠᠷ ᠪᠠᠢ᠌ᠭᠤᠯᠤᠭᠰᠠᠨ ᠲᠦᠷᠦᠯ ᠵᠦᠢ᠍ᠯ᠎ᠢ ᠤᠯᠤᠰ᠎ᠤᠨ ᠡᠨᠧᠷᠭᠢ ᠵᠢᠨ ᠬᠣᠷᠣᠭᠳᠠᠭᠤᠯᠭ᠎ᠠ ᠵᠢᠨ ᠲᠡᠷᠢᠭᠦᠨ᠎ᠤ ᠪᠠᠷᠢᠮᠵᠢᠶ᠎ᠠ᠎ᠳᠤ ᠬᠦᠷᠭᠡᠬᠦ ᠵᠢ ᠠᠬᠢᠭᠤᠯᠵᠤ᠂ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠬᠦᠳᠦᠯᠥᠨ ᠳᠠᠭ᠋ᠠᠭᠤᠯᠬᠤ ᠬᠡᠷᠡᠭᠲᠡᠢ᠃ ᠨᠠᠢ᠍ᠮᠠᠳᠤᠭ᠋ᠠᠷ ᠭᠣᠣᠯᠳᠠᠯᠭ᠎ᠠ᠎ᠲᠠᠢ ᠠᠵᠢᠯ ᠪᠣᠯ ᠪᠣᠯᠪᠠᠰᠤᠨ ᠥᠪᠥᠷ ᠮᠣᠩᠭᠣᠯ᠎ᠤᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠬᠤ ᠶᠠᠪᠤᠳᠠᠯ ᠪᠣᠯᠤᠨ᠎ᠠ᠃ ᠨᠡᠶ᠋ᠢᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠵᠤ᠂ ᠡᠭᠡ ᠣᠷᠣᠨᠴᠢ ᠦᠵᠡᠯ᠎ᠤᠨ ᠬᠥᠮᠦᠵᠢᠯ ᠪᠠ ᠠᠷᠠᠳ ᠢᠷᠭᠡᠳ᠎ᠤᠨ ᠶᠣᠰᠣ ᠮᠣᠷᠠᠯ᠎ᠤᠨ ᠪᠠᠶ᠋ᠢᠭᠤᠯᠤᠯᠲᠠ ᠵᠢ ᠭᠦᠨᠵᠡᠭᠡᠶ ᠥᠷᠨᠢᠭᠦᠯᠦᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠬᠤᠪᠢᠰᠬᠠᠯᠲᠤ ᠰᠣᠶᠣᠯ᠎ᠢ ᠵᠠᠯᠭ᠋ᠠᠮᠵᠢᠯᠠᠨ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠬᠦᠷᠲᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠵᠤ ᠲᠤᠪᠤᠢ᠍ᠢ᠍ᠯᠭ᠋ᠠᠨᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢᠨ ᠪᠠᠶᠠᠷ ᠪᠡᠯᠭᠡᠯᠡᠬᠦ ᠴᠢᠬᠤᠯᠠ ᠶᠡᠬᠡ ᠴᠠᠭ ᠵᠠᠩᠭᠢᠶᠠᠰᠤ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠥᠷᠨᠢᠭᠦᠯᠵᠦ᠂ ᠤᠳᠤ ᠦᠶ᠎ᠡ ᠵᠢᠨ ᠰᠣᠶᠣᠯ᠎ᠤᠨ ᠠᠵᠤ ᠦᠢ᠍ᠯᠡᠰ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠶᠢᠰᠦᠳᠦᠭᠡᠷ ᠭᠣᠣᠯᠳᠠᠯᠭ᠎ᠠ᠎ᠲᠠᠢ ᠠᠵᠢᠯ ᠪᠣᠯ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠪᠠ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠨ᠎ᠠ᠃ ᠠᠷᠠᠳ᠎ᠤᠨ ᠠᠮᠢᠳᠤᠷᠠᠯ᠎ᠤᠨ ᠪᠤᠶᠠᠨ ᠬᠡᠰᠢᠭ᠎ᠢ ᠨᠡᠮᠡᠭᠳᠡᠭᠦᠯᠬᠦ ᠪᠣᠯ ᠬᠥᠭᠵᠢᠯᠲᠡ ᠵᠢᠨ ᠦᠨᠳᠦᠰᠦᠨ ᠵᠣᠷᠢᠯᠭ᠎ᠠ ᠮᠥᠨ᠃ ᠡᠨᠡ ᠵᠢᠯ ᠮᠠᠨ᠎ᠤ ᠣᠷᠣᠨ᠎ᠤ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡ᠂ ᠰᠤᠷᠭ᠋ᠠᠨ ᠬᠥᠮᠦᠵᠢᠯ᠂ ᠨᠡᠶ᠋ᠢᠭᠡᠮ᠎ᠤᠨ ᠵᠠᠰᠠᠯᠲᠠ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ᠎ᠠᠴᠠ ᠡᠭᠦᠰᠦᠨ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠯᠠᠨ ᠲᠠᠰ ᠳᠠᠪᠬᠤᠷᠭ᠎ᠠ᠂ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠵᠤ᠂ ᠠᠷᠠᠳ ᠣᠯᠠᠨ᠎ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ᠎ᠢ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠢ᠂ ᠨᠠᠩ ᠦᠷᠭᠦᠯᠵᠢᠯᠡᠬᠦᠶ᠋ᠢᠴᠡ ᠪᠣᠯᠭ᠋ᠠᠨ᠎ᠠ᠃ ᠤᠢ᠍ᠢ᠍ᠷ᠎ᠠ ᠵᠢᠨ ᠬᠤᠭᠤᠴᠠᠭ᠋ᠠᠨ᠎ᠳᠤ ᠤᠯᠤᠰ᠎ᠤᠨ ᠳᠣᠲᠣᠭ᠋ᠠᠳᠤ ᠵᠢᠨ ᠤᠯᠠᠨ ᠭᠠᠵᠠᠷ᠎ᠲᠤ ᠵᠠᠯᠭ᠋ᠠᠭ᠎ᠠ᠎ᠪᠠᠷ ᠲᠥᠪᠯᠡᠷᠡᠯ᠎ᠤᠨ ᠴᠢᠨᠠᠷᠲᠠᠢ ᠬᠢᠵᠢᠭ᠎ᠤᠨ ᠪᠠᠶ᠋ᠢᠳᠠᠯ ᠡᠭᠦᠰᠴᠦ᠂ ᠶᠡᠷᠦᠩᠬᠡᠢ᠎ᠳᠤ᠎ᠨᠢ ᠠᠪᠴᠤ ᠦᠵᠡᠪᠡᠯ ᠰᠡᠷᠭᠡᠶ᠋ᠢᠯᠡᠨ ᠡᠵᠡᠮᠳᠡᠬᠦ ᠪᠠᠶ᠋ᠢᠳᠠᠯ ᠮᠥᠨ ᠴᠦ᠍ ᠬᠦᠨᠳᠦ ᠬᠡᠴᠡᠭᠦᠦ ᠪᠠᠶ᠋ᠢᠨ᠎ᠠ᠃ 2021 ᠣᠨ᠎ᠳᠤ ᠪᠢᠳᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠪᠠᠢ᠌ᠩᠭᠤ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠣᠷᠢᠨ᠎ᠢ ᠵᠡᠷᠭᠡ᠎ᠪᠠᠷ ᠰᠡᠷᠭᠡᠶ᠋ᠢᠯᠡᠬᠦ ᠵᠢ ᠪᠠᠷᠢᠮᠲᠠᠯᠠᠵᠤ᠂ 《ᠭᠠᠳᠠᠭ᠋ᠠᠳᠤ᠎ᠠᠴᠠ ᠣᠷᠣᠵᠤ ᠢᠷᠡᠬᠦ ᠵᠢ ᠰᠡᠷᠭᠡᠶ᠋ᠢᠯᠡᠬᠦ᠂ ᠳᠣᠲᠣᠭ᠋ᠠᠳᠤ᠎ᠳᠤ ᠲᠠᠬᠢᠨ ᠰᠡᠷᠭᠦᠬᠦ ᠵᠢ ᠰᠡᠷᠭᠡᠶ᠋ᠢᠯᠡᠬᠦ》 ᠵᠢ ᠰᠠᠶ᠋ᠢᠲᠤᠷ ᠠᠳᠬᠤᠬᠤ ᠬᠡᠷᠡᠭᠲᠡᠢ᠃ ᠨᠡᠶ᠋ᠢᠰᠯᠡᠯ᠎ᠤᠨ ᠨᠢᠰᠬᠡᠯ᠎ᠤᠨ ᠪᠠᠭᠤᠳᠠᠯ᠎ᠤᠨ ᠣᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠬᠤᠪᠢᠶᠠᠷᠢᠯᠠᠨ ᠰᠢᠢ᠍ᠳᠪᠦᠷᠢᠯᠡᠬᠦ᠂ ᠬᠢᠯᠢ ᠵᠢᠨ ᠪᠣᠭᠣᠮᠲᠠ ᠵᠢ ᠰᠡᠷᠭᠡᠶ᠋ᠢᠯᠡᠨ ᠡᠵᠡᠮᠳᠡᠬᠦ᠂ ᠨᠡᠶ᠋ᠢᠭᠡᠮ ᠲᠣᠭᠣᠷᠢᠭ᠎ᠢ ᠲᠣᠤᠷᠵᠢᠭᠤᠯᠤᠨ ᠬᠠᠮᠢᠶᠠᠷᠬᠤ ᠪᠠ ᠸᠠᠺᠼᠢᠨ᠎ᠤ ᠲᠠᠷᠢᠯᠭ᠎ᠠ ᠳᠠᠷᠢᠬᠤ ᠵᠡᠷᠭᠡ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠭᠣᠤᠯᠳᠠᠯᠭ᠎ᠠ ᠵᠢᠨ ᠳᠣᠲᠣᠷᠠᠬᠢ ᠭᠣᠤᠯᠳᠠᠯᠭ᠎ᠠ ᠪᠣᠯᠭ᠋ᠠᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
ᠬᠥᠲᠥᠯᠥᠭᠴᠢ᠄
2021 ᠣᠨ ᠪᠣᠯ 《14·5》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠪᠣᠯᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ᠎ᠤᠨ ᠠᠮᠢᠳᠤᠷᠠᠯ᠎ᠤᠨ ᠶᠠᠮᠠᠷ ᠶᠠᠮᠠᠷ ᠪᠣᠳᠠᠲᠠᠢ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ᠎ᠪᠠᠷ ᠪᠡᠯᠡᠳᠬᠡᠵᠦ ᠪᠠᠶ᠋ᠢᠬᠤ ᠪᠤᠢ?
ᠯᠸᠢ ᠵᠢᠶ ᠫᠸᠩ᠄
ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠠᠬᠢ ᠠᠷᠠᠳ᠎ᠤᠨ ᠠᠮᠢᠳᠤᠷᠠᠯ᠎ᠲᠠᠢ ᠬᠣᠯᠪᠣᠭᠳᠠᠬᠤ ᠠᠭᠤᠯᠭ᠎ᠠ᠎ᠨᠢ ᠮᠥᠨ ᠯᠡ ᠬᠠᠮᠤᠭ᠎ᠤᠨ ᠶᠡᠬᠡ ᠬᠠᠭᠤᠳᠠᠰᠤ ᠬᠡᠮᠵᠢᠶ᠎ᠡ ᠵᠢ ᠡᠵᠡᠯᠡᠭᠰᠡᠨ ᠶᠤᠮ᠂ ᠡᠨᠡ᠎ᠨᠢ ᠵᠠᠰᠠᠭ᠎ᠤᠨ ᠣᠷᠳᠣᠨ᠎ᠠᠴᠠ ᠠᠷᠠᠳ᠎ᠤᠨ ᠠᠮᠢᠳᠤᠷᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠷᠠᠳ ᠤᠯᠠᠨ᠎ᠤ ᠬᠦᠰᠡᠯ ᠡᠷᠡᠮᠡᠯᠵᠡᠯ ᠪᠠ ᠬᠦᠰᠡᠯ ᠱᠠᠭ᠋ᠠᠷᠳᠠᠯᠭ᠎ᠠ᠎ᠳᠤ ᠨᠡᠩ ᠢᠯᠡᠭᠦᠦ ᠠᠩᠬᠠᠷᠤᠯ ᠵᠶ᠋ᠡᠨ ᠬᠠᠨᠳᠤᠭᠤᠯᠵᠤ ᠪᠠ ᠬᠠᠷᠢᠭᠤᠯᠲᠠ ᠥᠭᠭᠦᠭᠰᠡᠨ᠎ᠢ ᠭᠦᠢ᠍ᠴᠡᠳ ᠬᠠᠷᠠᠭᠤᠯᠵᠤ ᠪᠠᠶ᠋ᠢᠨ᠎ᠠ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠬᠤ ᠬᠥᠭᠵᠢᠯᠲᠡ ᠵᠢᠨ ᠦᠵᠡᠯ ᠰᠠᠨᠠᠭ᠎ᠠ᠎ᠨᠢ ᠴᠤ᠌ ᠮᠠᠨ᠎ᠤ ᠣᠷᠣᠨ᠎ᠤ 《14·5》 ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠳᠠᠬᠤ ᠪᠣᠯᠤᠨ᠎ᠠ᠃ ᠡᠩ ᠲᠡᠷᠢᠭᠦᠨ᠎ᠳᠤ ᠠᠵᠢᠯ ᠣᠯᠭᠣᠯᠲᠠ ᠵᠢᠨ ᠲᠤᠬᠠᠶ ᠶᠠᠷᠢᠶ᠎ᠠ᠃ ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠤᠶᠤᠲᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠠᠴᠠ ᠬᠠᠯᠠᠭᠳᠠᠭᠰᠠᠳ᠂ ᠠᠵᠢᠯ ᠤᠯᠬᠤ᠎ᠳᠤ ᠬᠦᠴᠢᠷᠲᠡᠶ ᠬᠥᠮᠦᠰ ᠵᠡᠷᠭᠡ ᠭᠣᠤᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠦᠷᠭᠦᠯᠵᠢᠯᠡᠨ ᠰᠠᠶ᠋ᠢᠲᠤᠷ ᠠᠳᠬᠤᠨ᠎ᠠ᠂ ᠡᠲᠡᠭᠡᠷ ᠬᠦᠮᠦᠰ᠎ᠤᠨ ᠠᠵᠢᠯ ᠣᠯᠭᠣᠯᠲᠠ ᠵᠢᠨ ᠠᠰᠠᠭᠤᠳᠠᠯ᠎ᠢ ᠰᠢᠢ᠍ᠳᠪᠦᠷᠢᠯᠡᠴᠢᠬᠡᠪᠡᠯ᠂ ᠪᠥᠬᠥ ᠣᠷᠣᠨ᠎ᠤ ᠠᠵᠢᠯ ᠣᠯᠭᠣᠯᠲᠠ ᠵᠢᠨ ᠦᠨᠳᠦᠰᠦᠨ ᠪᠠᠶ᠋ᠢᠳᠠᠯ ᠴᠤ᠌ ᠬᠠᠷᠢᠴᠠᠩᠭᠤᠶ᠎ᠪᠠᠷ ᠲᠣᠭᠲᠠᠭᠤᠨ ᠪᠣᠯᠤᠨ᠎ᠠ᠃ ᠠᠵᠤ ᠠᠬᠤᠶ᠋ᠢᠯᠠᠯ᠎ᠢ ᠳᠡᠮᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠠᠵᠢᠯᠯᠠᠭ᠎ᠠ ᠪᠠ ᠲᠤᠬᠠᠢ᠌ᠯᠠᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠣᠤᠯᠳᠠᠯᠭ᠎ᠠ᠎ᠲᠠᠢ ᠬᠡᠷᠡᠭᠵᠢᠭᠦᠯᠵᠦ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠪᠠ ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠭᠣᠬᠤ ᠵᠢ ᠳᠡᠮᠵᠢᠨ᠎ᠡ᠂ ᠡᠨᠡ ᠪᠣᠯ ᠬᠢᠵᠢᠭ᠎ᠤᠨ ᠪᠠᠶ᠋ᠢᠳᠠᠯ᠎ᠤᠨ ᠲᠠᠭ᠋ᠠᠷᠢᠯᠲᠠ ᠵᠢᠨ ᠨᠥᠯᠥᠭᠡ ᠵᠢ ᠠᠷᠢᠯᠭ᠋ᠠᠬᠤ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠥᠷᠭᠡᠳᠬᠡᠬᠦ ᠵᠢᠨ ᠴᠢᠬᠤᠯᠠ ᠠᠷᠭ᠎ᠠ ᠬᠡᠮᠵᠢᠶ᠎ᠡ ᠮᠥᠨ᠃ ᠪᠠᠰᠠ ᠠᠵᠢᠯ ᠣᠯᠭᠣᠯᠲᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠬᠦᠯᠵᠤ᠂ ᠰᠦᠯᠵᠢᠶᠡᠨ᠎ᠤ ᠭᠠᠳᠠᠨᠠᠬᠢ ᠪᠠ ᠰᠦᠯᠵᠢᠶᠡᠨ ᠳᠡᠭᠡᠷᠡᠬᠢ ᠦᠢ᠍ᠯᠡᠴᠢᠯᠡᠭᠡ ᠵᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠵᠢ ᠠᠬᠢᠭᠤᠯᠵᠤ᠂ ᠨᠡᠶ᠋ᠢᠭᠡᠮ᠎ᠤᠨ ᠠᠵᠢᠯ ᠡᠷᠢᠬᠦ᠂ ᠠᠵᠢᠯᠲᠠᠨ ᠤᠷᠢᠬᠤ᠂ ᠦᠢ᠍ᠯᠡᠰ ᠪᠤᠰᠬᠠᠬᠤ ᠵᠡᠷᠭᠡ ᠤᠯᠠᠨ ᠲᠠᠯ᠎ᠠ ᠵᠢᠨ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠡᠷᠡᠭᠦᠯ ᠡᠩᠬᠡ ᠥᠪᠥᠷ ᠮᠣᠩᠭᠣᠯ᠎ᠢ ᠪᠥᠲᠥᠭᠡᠨ ᠪᠠᠶ᠋ᠢᠭᠤᠯᠬᠤ ᠲᠠᠯ᠎ᠠ᠎ᠪᠠᠷ᠃ ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠳᠤ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠵᠢ ᠰᠢᠢ᠍ᠳᠪᠦᠷᠢᠯᠡᠬᠦ᠎ᠠᠴᠠ ᠭᠠᠷᠳᠠᠵᠤ᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠣᠭᠲᠠᠯᠴᠠᠭ᠋ᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠭᠲᠠᠯᠴᠠᠭ᠎ᠠ ᠵᠢ ᠪᠦᠷᠢᠨᠰᠢᠬᠦᠯᠵᠦ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ᠎ᠤ ᠬᠠᠮᠲᠤ᠂ ᠣᠲᠣ ᠦᠶ᠎ᠡ ᠵᠢᠨ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠲᠦᠷᠢᠮ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠦᠷᠭᠡᠳᠬᠡᠨ᠂ ᠨᠡᠶ᠋ᠢᠭᠡᠮ᠎ᠤᠨ ᠬᠦᠴᠦᠨ᠎ᠠᠴᠠ ᠡᠮᠨᠡᠯᠭᠡ ᠵᠢᠨ ᠬᠣᠷᠢᠶ᠎ᠠ ᠡᠷᠭᠢᠯᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠢᠲᠠᠳ ᠡᠮ ᠡᠮᠨᠡᠯᠭᠡ᠂ ᠮᠣᠩᠭᠣᠯ ᠡᠮ ᠡᠮᠨᠡᠯᠭᠡ ᠵᠢᠨ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠵᠢ ᠠᠬᠢᠭᠤᠯᠤᠨ᠂ ᠡᠮᠴᠢᠯᠡᠭᠡᠨ᠎ᠤ ᠦᠢ᠍ᠯᠡᠴᠢᠯᠡᠭᠡ ᠵᠢᠨ ᠴᠢᠳᠠᠪᠤᠷᠢ᠂ ᠶᠠᠰᠤ ᠴᠢᠨᠠᠷ ᠪᠠ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠠᠯᠠᠭᠤᠴᠤᠳ ᠪᠠᠭ᠋ᠠᠴᠤᠳ᠎ᠤᠨ ᠨᠢᠳᠦᠨ ᠬᠠᠷᠠᠭᠠ᠊ᠶ ᠵᠢᠨ ᠡᠷᠡᠭᠦᠯ ᠮᠡᠨᠳᠦ᠎ᠳᠠᠬᠢ ᠠᠩᠬᠠᠷᠤᠯ ᠵᠶ᠋ᠠᠨ ᠴᠢᠩᠭ᠋ᠠᠷᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠤᠯᠲᠠ ᠪᠠ ᠪᠥᠬᠥ ᠠᠷᠠᠳ᠎ᠤᠨ ᠡᠷᠡᠭᠦᠯ ᠮᠡᠨᠳᠦ ᠵᠢ ᠠᠭᠤᠰᠤᠯᠴᠠᠭᠤᠯᠤᠨ ᠬᠥᠭᠵᠢᠭᠦᠯᠬᠦ ᠵᠢ ᠶᠡᠬᠡ᠎ᠪᠠᠷ ᠠᠬᠢᠭᠤᠯᠤᠨ᠎ᠠ᠃ ᠨᠡᠶ᠋ᠢᠭᠡᠮ᠎ᠤᠨ ᠪᠠᠲᠤᠯᠠᠭ᠎ᠠ ᠵᠢᠨ ᠲᠠᠯ᠎ᠠ᠎ᠪᠠᠷ᠃ ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠨᠠᠰᠤᠵᠢᠯ᠎ᠤᠨ ᠠᠰᠠᠷᠠᠮᠵᠢ ᠵᠢᠨ ᠰᠠᠭᠤᠷᠢ ᠮᠥᠩᠭᠥ ᠪᠠ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠠᠵᠢᠯ ᠠᠯᠳᠠᠭᠰᠠᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠨᠢᠭᠡᠳᠦᠯᠲᠡᠶ ᠲᠥᠯᠥᠪᠯᠡᠬᠦ ᠵᠢ ᠠᠬᠢᠭᠤᠯᠵᠤ᠂ ᠰᠢᠨ᠎ᠡ ᠴᠠᠭ᠎ᠤᠨ ᠪᠠᠶ᠋ᠢᠳᠠᠯ ᠳᠣᠤᠷᠠᠬᠢ ᠠᠮᠢᠳᠤᠯᠢᠭ ᠵᠶ᠋ᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠵᠢᠨ ᠪᠠᠶ᠋ᠢᠳᠠᠯ᠎ᠤᠨ ᠠᠵᠢᠯ ᠬᠢᠭᠰᠡᠳ᠂ ᠡᠷᠦᠬᠡ᠎ᠠᠴᠠ᠎ᠪᠠᠨ ᠰᠠᠯᠵᠤ ᠭᠠᠳᠠᠨ᠎ᠠ ᠬᠦᠴᠦ ᠶᠠᠪᠤᠭᠰᠠᠳ ᠵᠡᠷᠭᠡ ᠬᠦᠮᠦᠰ᠎ᠤᠨ ᠳᠠᠭ᠋ᠠᠳᠬᠠᠯ᠎ᠳᠤ ᠣᠷᠣᠯᠴᠠᠬᠤ ᠠᠰᠠᠭᠤᠳᠠᠯ᠎ᠢ ᠭᠣᠤᠯᠳᠠᠯᠭ᠎ᠠ᠎ᠲᠠᠢ ᠰᠠᠶ᠋ᠢᠲᠤᠷ ᠰᠢᠢ᠍ᠳᠪᠦᠷᠢᠯᠡᠨ᠎ᠡ᠃ ᠬᠦᠨᠳᠦ ᠡᠪᠡᠳᠴᠢᠨ᠂ ᠣᠨᠴᠠ ᠶᠡᠬᠡ ᠡᠪᠡᠳᠴᠢᠨ ᠡᠮᠭᠡᠭ᠎ᠤᠨ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠪᠦᠷᠢᠨᠰᠢᠬᠦᠯᠵᠤ᠂ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢ ᠨᠠᠶ᠋ᠢᠳᠠᠪᠤᠷᠢᠵᠢᠭᠤᠯᠵᠤ᠂ ᠠᠷᠠᠳ ᠤᠯᠠᠨ᠎ᠳᠤ ᠨᠡᠩ ᠤᠯᠠᠨ ᠪᠣᠳᠠᠲᠤ ᠠᠰᠢᠭ ᠪᠠ ᠲᠦᠬᠦᠮ ᠦᠵᠡᠭᠦᠯᠦᠨ᠎ᠡ᠃ ᠠᠮᠢᠳᠤᠷᠠᠯ᠎ᠨᠢ ᠬᠦᠴᠢᠷᠳᠡᠯᠲᠡᠶ ᠠᠵᠢᠯ ᠠᠯᠳᠠᠭᠰᠠᠳ ᠵᠢᠴᠢ ᠬᠡᠷ ᠪᠦᠯᠢ ᠵᠢᠨ᠎ᠬᠢᠨ ᠴᠠᠭ ᠲᠤᠬᠠᠶ᠎ᠳᠤᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠ ᠲᠦᠷ ᠴᠠᠭ᠎ᠤᠨ ᠠᠪᠤᠷᠠᠨ ᠲᠤᠰᠠᠯᠠᠯᠲᠠ ᠵᠡᠷᠭᠡ ᠵᠢᠨ ᠬᠡᠪᠴᠢᠶᠡᠨ᠎ᠳᠤ ᠣᠷᠣᠭᠤᠯᠵᠤ᠂ ᠣᠯᠠᠨ ᠲᠦᠮᠡᠨ᠎ᠤ ᠭᠡᠨᠡᠳᠲᠡ ᠵᠢᠨ ᠴᠢᠨᠠᠷᠲᠠᠶ᠂ ᠲᠤᠯᠭ᠋ᠠᠮ ᠴᠢᠨᠠᠷᠲᠠᠶ᠂ ᠲᠦᠷ ᠴᠠᠭ᠎ᠤᠨ ᠴᠢᠨᠠᠷᠲᠠᠶ ᠠᠮᠢᠳᠤᠷᠠᠯ᠎ᠤᠨ ᠬᠦᠴᠢᠷᠳᠡᠯ᠎ᠢ ᠰᠠᠶ᠋ᠢᠲᠤᠷ ᠰᠢᠢ᠍ᠳᠪᠦᠷᠢᠯᠡᠨ᠎ᠡ᠃ ᠨᠠᠰᠤᠵᠢᠯ᠎ᠤᠨ ᠠᠰᠠᠷᠠᠮᠵᠢ᠂ ᠬᠡᠤᠬᠡᠳ ᠰᠠᠭ᠋ᠠᠲᠠᠭᠤᠯᠤᠨ ᠬᠦᠮᠦᠵᠢᠭᠦᠯᠬᠦ ᠦᠢ᠍ᠯᠡᠴᠢᠯᠡᠭᠡᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ 《ᠨᠢᠭᠡ ᠨᠠᠰᠤᠲᠠᠨ ᠨᠢᠭᠡ ᠨᠢᠯᠬ᠎ᠠ》 ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ᠃ ᠰᠤᠷᠭ᠋ᠠᠨ ᠬᠥᠮᠦᠵᠢᠯ᠎ᠤᠨ ᠲᠠᠯ᠎ᠠ᠎ᠪᠠᠷ᠃ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠬᠡᠦᠬᠡᠳ᠎ᠤᠨ ᠴᠡᠴᠡᠷᠯᠢᠭ᠎ᠢ ᠦᠷᠭᠦᠯᠵᠢᠯᠡᠨ ᠶᠡᠬᠡ᠎ᠪᠠᠷ ᠬᠥᠭᠵᠢᠭᠦᠯᠵᠦ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷ ᠪᠠ ᠲᠦᠭᠡᠮᠡᠯ ᠬᠠᠷᠠᠭ᠋ᠠᠯᠵᠠᠯ᠎ᠤᠨ ᠴᠢᠨᠠᠷ᠎ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ᠎ᠪᠠᠷ ᠲᠡᠩᠴᠡᠭᠦᠷᠢᠰᠢᠭᠦᠯᠬᠦ ᠪᠠ ᠬᠣᠲᠠ ᠬᠥᠳᠡᠭᠡ ᠵᠢ ᠨᠢᠭᠡ ᠴᠤᠭᠴᠠᠵᠢᠭᠤᠯᠬᠤ ᠵᠢ ᠠᠬᠢᠭᠤᠯᠵᠤ᠂ 《ᠢᠯᠡ᠎ᠪᠠᠷ ᠰᠣᠷᠣᠭᠴᠢ ᠡᠯᠰᠡᠵᠦ᠂ ᠢᠯᠡ᠎ᠪᠠᠷ ᠠᠩᠭᠢ ᠬᠤᠪᠢᠶᠠᠬᠤ》 ᠲᠥᠷᠥ ᠵᠢᠨ ᠪᠣᠳᠣᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠬᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠳᠡᠮᠵᠢᠬᠦ ᠠᠷᠭ᠎ᠠ ᠬᠡᠮᠵᠢᠶ᠎ᠡ ᠵᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠶᠠᠰᠤ ᠴᠢᠨᠠᠷ᠎ᠢ ᠲᠠᠰᠤᠷᠠᠯᠲᠠ ᠦᠭᠡᠢ ᠰᠠᠢ᠌ᠵᠢᠷᠠᠭᠤᠯᠤᠨ᠎ᠠ᠃ 《ᠶᠠᠮᠤᠨ ᠣᠷᠣᠨ ᠬᠠᠮᠲᠤᠷᠠᠨ ᠪᠠᠶ᠋ᠢᠭᠤᠯᠬᠤ》 ᠬᠡᠯᠡᠯᠴᠡᠭᠡᠷ᠎ᠢ ᠨᠠᠶ᠋ᠢᠳᠠᠪᠤᠷᠢᠵᠢᠭᠤᠯᠤᠨ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠡᠷᠭᠡ ᠶᠡᠬᠡ ᠳᠡᠭᠡᠳᠦ ᠰᠤᠷᠭ᠋ᠠᠭᠤᠯᠢ ᠵᠢᠨ 《ᠬᠣᠤᠰ ᠲᠡᠷᠢᠭᠦᠨ》᠎ᠤ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠶᠡᠬᠡ ᠬᠦᠴᠦ ᠣᠷᠣᠭᠤᠯᠵᠤ ᠪᠠᠶ᠋ᠢᠭ᠋ᠠᠳ ᠥᠪᠡᠷ᠎ᠤᠨ ᠴᠢᠳᠠᠪᠤᠷᠢᠲᠠᠨ ᠵᠶ᠋ᠠᠨ ᠰᠠᠶ᠋ᠢᠲᠤᠷ ᠬᠥᠮᠦᠵᠢᠭᠦᠯᠦᠨ᠎ᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠪᠠ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠨ᠎ᠠ᠃ ᠣᠷᠣᠨ ᠰᠠᠭᠤᠴᠠ ᠵᠢᠨ ᠪᠠᠲᠤᠯᠠᠭ᠎ᠠ ᠵᠢᠨ ᠲᠠᠯ᠎ᠠ᠎ᠪᠠᠷ᠃ ᠦᠷᠭᠦᠯᠵᠢᠯᠡᠨ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠵᠠᠰᠠᠬᠤ᠎ᠪᠠᠷ ᠭᠠᠷᠳᠠᠴᠠ ᠪᠣᠯᠭ᠋ᠠᠨ ᠬᠤᠳᠠ ᠵᠢᠨ ᠰᠢᠨᠡᠴᠢᠯᠡᠯᠲᠡ ᠵᠢ ᠠᠬᠢᠭᠤᠯᠤᠨ ᠥᠷᠨᠢᠭᠦᠯᠵᠦ᠂ ᠬᠤᠳᠠ ᠵᠢᠨ ᠠᠷᠠᠳ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠶᠠᠰᠤ ᠴᠢᠨᠠᠷ᠎ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠡᠭᠦᠨ᠎ᠤ ᠬᠠᠮᠲᠤ᠂ ᠬᠣᠲᠠ ᠵᠢᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠰᠡᠢ᠌ᠮᠡᠬᠡᠢ ᠬᠣᠲᠠ᠂ ᠤᠶᠤᠨᠲᠤ ᠬᠣᠲᠠ ᠵᠢ ᠪᠥᠲᠥᠭᠡᠨ ᠪᠠᠶ᠋ᠢᠭᠤᠯᠤᠨ᠎ᠠ᠃ ᠬᠦᠴᠢᠷᠳᠡᠯᠲᠡᠶ ᠤᠯᠠᠨ ᠲᠦᠮᠡᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠲᠦᠷᠦ ᠵᠢᠨ ᠪᠤᠳᠤᠯᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠵᠢ ᠵᠣᠷᠢᠭᠵᠢᠭᠤᠯᠵᠤ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠬᠠᠩᠭ᠋ᠠᠯᠭ᠎ᠠ ᠵᠢ ᠥᠷᠭᠡᠳᠬᠡᠨ᠎ᠡ᠃
ᠬᠥᠲᠥᠯᠥᠭᠴᠢ᠄
ᠣᠳᠣᠬᠠᠨ᠎ᠳᠤ᠂ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠶᠠᠮᠠᠷ ᠪᠠᠶ᠋ᠢᠳᠠᠯ ᠲᠤᠯᠭ᠋ᠠᠷᠠᠵᠤ ᠪᠠᠶ᠋ᠢᠬᠤ ᠪᠣᠶ? ᠶᠠᠮᠠᠷ ᠶᠠᠮᠠᠷ ᠬᠦᠴᠢᠷᠳᠡᠯ ᠪᠠ ᠠᠰᠠᠭᠤᠳᠠᠯ᠎ᠳᠤ ᠲᠤᠯᠭ᠋ᠠᠷᠠᠭᠰᠠᠨ ᠪᠤᠢ? ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠶᠠᠮᠠᠷ ᠶᠠᠮᠠᠷ ᠮᠠᠭ᠋ᠠᠳᠯᠠᠯᠲᠠ ᠭᠠᠷᠭ᠋ᠠᠭᠰᠠᠨ ᠪᠣᠶ?
ᠯᠸᠢ ᠵᠢᠶ ᠫᠸᠩ᠄
ᠡᠨᠡ ᠵᠢᠯ᠎ᠤᠨ ᠪᠢᠳᠡᠨ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶ᠋ᠢᠨ᠎ᠠ᠃ ᠳᠡᠯᠡᠬᠡᠢ ᠳ᠋ᠠᠬᠢᠨ ᠶᠠᠭ ᠵᠠᠭᠤᠨ ᠵᠢᠯ᠎ᠳᠤ ᠭᠠᠷᠤᠭ᠎ᠠ ᠦᠭᠡᠢ ᠶᠡᠬᠡ ᠬᠤᠪᠢᠰᠤᠯᠲᠠ ᠵᠢ ᠥᠩᠭᠡᠷᠡᠭᠡᠵᠦ᠂ ᠠᠵᠤ ᠠᠬᠤᠢ ᠵᠢᠨ ᠳᠡᠯᠡᠬᠡᠶ᠋ᠢᠵᠢᠯᠲᠡ ᠰᠥᠷᠭᠡᠦ ᠤᠷᠤᠰᠬᠠᠯ᠎ᠳᠤ ᠤᠴᠠᠷᠠᠵᠤ᠂ ᠰᠡᠷᠭᠦᠯᠲᠡ ᠲᠣᠭᠲᠠᠭᠤᠨ ᠪᠤᠰᠤ ᠪᠥᠭᠡᠳ ᠲᠡᠩᠴᠡᠭᠦᠷᠢ ᠦᠭᠡᠢ ᠪᠠᠶ᠋ᠢᠵᠤ᠂ ᠬᠢᠵᠢᠭ᠎ᠤᠨ ᠪᠠᠢ᠌ᠳᠠᠯ᠎ᠤᠨ ᠬᠤᠪᠢᠷᠠᠯᠲᠠ ᠪᠣᠯᠤᠨ ᠭᠠᠳᠠᠭ᠋ᠠᠳᠤ ᠣᠷᠴᠢᠨ ᠲᠣᠭᠣᠷᠢᠨ᠎ᠳᠤ ᠮᠠᠰᠢ ᠤᠯᠠᠨ ᠲᠣᠭᠲᠠᠪᠤᠷᠢ ᠦᠭᠡᠢ ᠰᠢᠨᠵᠢ ᠴᠢᠨᠠᠷ ᠣᠷᠣᠰᠢᠵᠤ ᠪᠠᠶ᠋ᠢᠨ᠎ᠠ᠃ ᠮᠠᠨ᠎ᠤ ᠤᠯᠤᠰ᠎ᠤᠨ ᠠᠵᠤ ᠠᠬᠤᠶ ᠵᠢᠨ ᠰᠡᠷᠭᠦᠯᠲᠡ ᠵᠢᠨ ᠰᠠᠭᠤᠷᠢ ᠬᠠᠷᠠᠬᠠᠨ ᠪᠠᠲᠤ ᠪᠡᠬᠢ ᠪᠣᠯᠣᠭ᠋ᠠᠳᠤᠢ᠂ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠠᠰᠠᠭᠤᠳᠠᠯ ᠮᠥᠨ ᠯᠡ ᠲᠤᠪᠤᠢ᠍ᠢ᠍ᠮ᠎ᠠ ᠪᠠᠶ᠋ᠢᠵᠤ᠂ ᠬᠢᠵᠢᠭ᠎ᠤᠨ ᠪᠠᠶ᠋ᠢᠳᠠᠯ᠎ᠤᠨ ᠨᠥᠯᠥᠭᠡ ᠮᠥᠨ ᠯᠡ ᠦᠷᠭᠦᠯᠵᠢᠯᠡᠵᠦ᠂ ᠡᠯ᠎ᠡ ᠲᠦᠷᠦᠯ᠎ᠤᠨ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶ᠋ᠢᠨ᠎ᠠ᠃ ᠮᠠᠨ᠎ᠤ ᠣᠷᠣᠨ᠎ᠤ ᠠᠵᠤ ᠠᠬᠤᠶ ᠵᠢᠨ ᠰᠡᠷᠭᠦᠯᠲᠡ ᠵᠢᠨ ᠬᠥᠳᠡᠯᠭᠡᠬᠦ ᠬᠦᠴᠦᠨ ᠨᠡᠯᠢᠶᠡᠳ ᠪᠠᠭᠤᠷᠠᠶ ᠪᠠᠶ᠋ᠢᠵᠤ᠂ ᠰᠡᠷᠭᠦᠯᠲᠡ ᠵᠢᠨ ᠬᠤᠷᠳᠤᠴᠠ ᠬᠠᠷᠢᠴᠠᠩᠭᠤᠶ᠎ᠪᠠᠷ ᠤᠳᠠᠭ᠋ᠠᠨ ᠪᠠᠶ᠋ᠢᠨ᠎ᠠ᠃ ᠵᠠᠷᠢᠮ ᠤᠷᠳᠤ ᠬᠤᠭᠤᠴᠠᠭ᠎ᠠ᠎ᠪᠠᠷ ᠣᠷᠣᠰᠢᠭᠰᠠᠭ᠋ᠠᠷ ᠢᠷᠡᠭᠰᠡᠨ ᠭᠦᠨ ᠲᠡᠰ ᠳᠠᠪᠬᠤᠷᠭ᠎ᠠ ᠵᠢᠨ ᠪᠦᠲᠦᠴᠡ ᠵᠢᠨ ᠴᠢᠨᠠᠷᠲᠠᠢ ᠠᠰᠠᠭᠤᠳᠠᠯ ᠪᠣᠯᠤᠨ ᠪᠠᠶ᠋ᠢᠭᠤᠯᠤᠮᠵᠢ ᠵᠢᠨ ᠴᠢᠨᠠᠷᠲᠠᠢ ᠵᠥᠷᠢᠴᠡᠯ᠎ᠢ ᠬᠠᠷᠠᠬᠠᠨ ᠰᠢᠢ᠍ᠳᠪᠦᠷᠢᠯᠡᠭᠡᠳᠦᠢ ᠪᠠᠢ᠌ᠵᠤ᠂ ᠢᠯᠠᠩᠭᠤᠶ᠎ᠠ ᠤᠯᠠᠮᠵᠢᠯᠠᠯᠲᠤ ᠬᠥᠭᠵᠢᠯᠲᠡ ᠵᠢᠨ ᠠᠷᠭ᠎ᠠ ᠵᠠᠮ᠎ᠳᠠᠬᠢ ᠲᠦᠰᠢᠭᠯᠡᠯ᠂ ᠠᠵᠤ ᠦᠢ᠍ᠯᠡᠰ᠎ᠤᠨ ᠪᠦᠲᠦᠴᠡ᠎ᠳᠠᠬᠢ ᠲᠦᠰᠢᠭᠯᠡᠯ᠂ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ᠂ ᠡᠬᠢ ᠪᠠᠶᠠᠯᠢᠭ ᠣᠷᠴᠢᠨ ᠲᠣᠭᠣᠷᠢᠨ᠎ᠤ ᠬᠢᠵᠠᠭ᠋ᠠᠷᠯᠠᠯ ᠵᠡᠷᠭᠡ᠎ᠨᠢ ᠲᠥᠪᠯᠡᠷᠡᠨ ᠮᠦᠷᠭᠦᠯᠳᠦᠵᠦ᠂ ᠮᠠᠨ᠎ᠤ ᠣᠷᠣᠨ᠎ᠤ ᠠᠵᠤ ᠠᠬᠤᠢ ᠵᠢᠨ ᠦᠷᠭᠦᠯᠵᠢᠯᠡᠨ ᠰᠡᠷᠭᠦᠬᠦ ᠪᠠ ᠴᠢᠨᠠᠷᠯᠢᠭ ᠵᠶ᠋ᠡᠷ ᠬᠥᠭᠵᠢᠬᠦ ᠵᠢ ᠬᠢᠵᠠᠭ᠋ᠠᠷᠯᠠᠨ ᠨᠥᠯᠥᠭᠡᠯᠡᠵᠦ ᠪᠠᠶ᠋ᠢᠨ᠎ᠠ᠃ ᠣᠳᠣᠬᠠᠨ᠎ᠳᠤ᠂ ᠮᠠᠨ᠎ᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠮᠠᠰᠢ ᠤᠯᠠᠨ ᠬᠦᠴᠢᠷᠳᠡᠯ ᠪᠠ ᠠᠰᠠᠭᠤᠳᠠᠯ ᠲᠤᠯᠭ᠋ᠠᠷᠠᠵᠤ᠂ ᠪᠦ᠋ ᠰᠢᠶᠤᠤ ᠯᠢᠨ ᠲᠡᠷᠢᠭᠦᠯᠡᠭᠴᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠎ᠪᠠᠨ ᠳ᠋ᠦᠩᠨᠡᠯᠲᠡ ᠬᠢᠵᠡᠢ᠃ ᠡᠭᠦᠨ᠎ᠳᠤ ᠭᠣᠣᠯᠳᠠᠭᠤ᠄ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠬᠤ ᠠᠰᠠᠭᠤᠳᠠᠯ ᠲᠤᠪᠤᠢ᠍ᠢ᠍ᠮ᠎ᠠ ᠪᠠᠢ᠌ᠨ᠎ᠠ; ᠡᠨᠧᠷᠭᠢ ᠵᠢᠨ ᠬᠣᠷᠣᠭᠳᠠᠭᠤᠯᠤᠯ᠎ᠤᠨ ᠶᠡᠷᠦᠩᠬᠡᠶ ᠬᠡᠮᠵᠢᠶ᠎ᠡ ᠪᠠ ᠡᠨᠧᠷᠭᠢ ᠵᠢᠨ ᠬᠣᠷᠣᠭᠳᠠᠭᠤᠯᠤᠯ᠎ᠤᠨ ᠬᠦᠴᠦᠯᠡᠴᠡ᠎ᠨᠢ ᠬᠢᠵᠠᠭ᠋ᠠᠷᠯᠠᠬᠤ ᠬᠠᠷᠠᠯᠲᠠ᠎ᠪᠠᠨ ᠪᠡᠶᠡᠯᠡᠭᠦᠯᠵᠦ ᠴᠢᠳᠠᠭ᠎ᠠ ᠦᠭᠡᠢ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠳᠠᠷᠤᠯᠲᠠ ᠨᠡᠯᠢᠶᠡᠳ ᠶᠡᠬᠡ ᠪᠠᠶ᠋ᠢᠨ᠎ᠠ; ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠳᠤ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠠᠵᠤ ᠠᠬᠤᠶ᠋ᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠡᠵᠡᠩᠨᠡᠯᠲᠡ ᠬᠦᠴᠢᠷᠳᠡᠯ᠎ᠲᠠᠢ ᠪᠠᠶ᠋ᠢᠨ᠎ᠠ; ᠬᠡᠰᠡᠭ ᠭᠠᠵᠠᠷ ᠣᠷᠣᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠲᠤᠪᠤᠢ᠍ᠢ᠍ᠮ᠎ᠠ ᠪᠠᠶ᠋ᠢᠵᠤ᠂ ᠨᠡᠶ᠋ᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠳᠤᠲᠠᠭᠤᠳᠠᠯ ᠣᠷᠣᠰᠢᠵᠤ ᠪᠠᠢ᠌ᠨ᠎ᠠ; ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ ᠪᠠᠶ᠋ᠢᠬᠤ ᠵᠡᠷᠭᠡ ᠪᠣᠯᠤᠨ᠎ᠠ᠃ ᠡᠭᠦᠨ᠎ᠤ ᠬᠠᠮᠲᠤ᠂ ᠣᠳᠣᠬᠠᠨ᠎ᠳᠤ ᠮᠠᠨ᠎ᠤ ᠤᠯᠤᠰ᠎ᠤᠨ ᠬᠥᠭᠵᠢᠯᠲᠡ ᠮᠥᠨ ᠬᠦ᠌ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠠᠵᠠ ᠲᠣᠬᠢᠶᠠᠯᠳᠤ ᠬᠤᠭᠤᠴᠠᠭ᠋ᠠᠨ᠎ᠳᠤ ᠣᠷᠣᠰᠢᠵᠤ᠂ ᠠᠵᠤ ᠠᠬᠤᠢ ᠲᠣᠭᠲᠠᠭᠤᠨ᠎ᠤ ᠳᠤᠮᠳᠠ ᠰᠠᠶ᠋ᠢᠵᠢᠷᠠᠬᠤ᠂ ᠤᠷᠳᠤ ᠬᠤᠭᠤᠴᠠᠭ᠎ᠠ᠎ᠪᠠᠷ ᠰᠠᠶ᠋ᠢᠵᠢᠷᠠᠬᠤ ᠦᠨᠳᠦᠰᠦᠨ ᠪᠠᠶ᠋ᠢᠳᠠᠯ ᠬᠤᠪᠢᠷᠠᠭ᠎ᠠ ᠦᠭᠡᠢ᠂ 2020 ᠣᠨ᠎ᠳᠤ ᠮᠠᠨ᠎ᠤ ᠤᠯᠤᠰ ᠪᠣᠯ ᠪᠦᠬᠦ ᠪᠥᠮᠪᠥᠷᠴᠡᠭ᠎ᠤᠨ ᠴᠤᠷ᠎ᠤᠨ ᠭᠠᠭᠴᠠ ᠠᠵᠤ ᠠᠬᠤᠢ ᠵᠢᠨ ᠡᠶᠡᠷᠭᠦ ᠨᠡᠮᠡᠭᠳᠡᠯ᠎ᠢ ᠪᠡᠶᠡᠯᠡᠭᠦᠯᠦᠭᠰᠡᠨ ᠭᠣᠣᠯ ᠠᠵᠤ ᠠᠬᠤᠢ ᠵᠢᠨ ᠴᠣᠭᠴᠠ ᠪᠠᠢ᠌ᠵᠤ᠂ ᠴᠠᠭ ᠪᠠ ᠪᠠᠶ᠋ᠢᠳᠠᠯ ᠮᠠᠨ᠎ᠤ ᠲᠠᠯ᠎ᠠ᠎ᠳᠤ ᠪᠠᠶ᠋ᠢᠨ᠎ᠠ᠂ ᠡᠨᠡ ᠪᠣᠯ ᠮᠠᠨ᠎ᠤ ᠲᠣᠭᠲᠠᠯ ᠬᠦᠴᠦᠨ ᠪᠠ ᠢᠳᠡ ᠬᠦᠴᠦᠨ ᠮᠥᠨ᠂ ᠪᠠᠰᠠ ᠴᠤ᠌ ᠮᠠᠨ᠎ᠤ ᠡᠷᠡᠰ ᠵᠣᠷᠢᠭ ᠪᠠ ᠢᠲᠡᠭᠡᠯ ᠵᠣᠷᠢᠭ ᠮᠥᠨ ᠭᠡᠳᠡᠭ᠎ᠢ ᠪᠢᠳᠡ ᠪᠠᠰᠠ ᠲᠠᠨᠢᠵᠤ ᠮᠡᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠥᠭᠵᠢᠯᠲᠡ ᠵᠢᠨ ᠵᠢᠮ᠎ᠡ ᠶᠣᠰᠣ ᠵᠢ ᠭᠦᠨᠵᠡᠭᠡᠶ ᠲᠠᠨᠢᠨ ᠡᠵᠡᠮᠳᠡᠵᠦ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠨ᠂ ᠡᠷᠬᠡᠪᠰᠢ ᠢᠯᠠᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠠᠵᠠ ᠲᠣᠬᠢᠶᠠᠯ᠎ᠢ ᠡᠵᠡᠮᠳᠡᠨ᠂ ᠥᠷᠢᠰᠥᠯᠳᠦᠭᠡᠨ᠎ᠢ ᠠᠷᠭ᠋ᠠᠴᠠᠭ᠋ᠠᠵᠤ᠂ ᠠᠰᠠᠭᠤᠳᠠᠯ᠎ᠳᠤ ᠵᠥᠪ ᠵᠶ᠋ᠠᠷ ᠬᠠᠨᠳᠤᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠪᠥᠬᠥ ᠬᠦᠴᠦᠨ ᠵᠶ᠋ᠠᠷ ᠵᠶ᠋ᠠᠨ ᠡᠯ᠎ᠡ ᠵᠦᠢ᠍ᠯ᠎ᠤᠨ ᠠᠵᠢᠯ ᠵᠶ᠋ᠠᠨ ᠰᠠᠶ᠋ᠢᠲᠤᠷ ᠬᠢᠬᠦ ᠬᠡᠷᠡᠭᠲᠡᠢ᠃
ᠬᠥᠲᠥᠯᠥᠭᠴᠢ᠄
ᠲᠤᠭᠤᠷᠪᠢᠨ ᠪᠢᠴᠢᠬᠦ ᠳᠤᠭᠤᠶ᠋ᠢᠯᠠᠩ᠎ᠤᠨ ᠭᠣᠣᠯ ᠭᠡᠰᠢᠭᠦᠨ ᠪᠣᠯᠤᠭᠰᠠᠨ᠎ᠤ ᠬᠤᠪᠢ᠎ᠳᠤ᠂ ᠲᠠᠨ᠎ᠤ ᠦᠵᠡᠬᠦ᠎ᠪᠠᠷ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠣᠢ᠌ᠯᠠᠭ᠋ᠠᠵᠤ᠂ 2021 ᠣᠨ᠎ᠤ ᠠᠵᠢᠯ᠎ᠢ ᠰᠠᠶ᠋ᠢᠲᠤᠷ ᠬᠢᠬᠦ᠎ᠳᠤ ᠡᠵᠡᠮᠳᠡᠬᠦ ᠴᠢᠬᠤᠯᠠᠲᠠᠢ ᠴᠢᠭᠯᠡᠯ ᠪᠣᠯᠤᠨ ᠭᠣᠣᠯᠳᠠᠯᠭ᠎ᠠ᠎ᠨᠢ ᠶᠠᠭᠤ ᠪᠤᠢ?
ᠯᠸᠢ ᠵᠢᠶ ᠫᠸᠩ᠄
ᠡᠨᠡ ᠵᠢᠯ ᠪᠣᠯ 《14·5》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠮᠥᠨ᠂ ᠮᠥᠨ ᠴᠤ᠌ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠦᠭᠰᠡᠨ ᠠᠩᠬᠠᠨ᠎ᠤ ᠵᠢᠯ ᠪᠣᠯᠬᠤ᠎ᠪᠠᠷ ᠪᠠᠷᠠᠬᠤ ᠦᠭᠡᠢ᠂ ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠤᠭᠲᠤᠬᠤ ᠪᠣᠯᠤᠨ᠎ᠠ ᠭᠡᠵᠦ ᠪᠢ ᠳᠡᠭᠡᠷ᠎ᠡ ᠳᠤᠷᠠᠳᠴᠤ ᠥᠩᠭᠡᠷᠡᠭᠰᠡᠨ ᠪᠢᠯᠡ᠃ ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ᠎ᠨᠢ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠂ ᠡᠭᠦᠨ᠎ᠳᠤ ᠭᠣᠣᠯᠳᠠᠭᠤ ᠳᠣᠣᠷᠠᠬᠢ ᠲᠠᠪᠤᠨ ᠲᠠᠯ᠎ᠠ ᠵᠢ ᠰᠠᠶ᠋ᠢᠲᠤᠷ ᠡᠵᠡᠮᠳᠡᠬᠦ ᠬᠡᠷᠡᠭᠲᠡᠶ᠄ ᠨᠢᠭᠡ᠎ᠳᠤ᠂ ᠰᠢᠨ᠎ᠡ ᠬᠥᠭᠵᠢᠯᠲᠡ ᠵᠢᠨ ᠱᠠᠳᠤ ᠦᠶ᠎ᠡ ᠵᠢ ᠣᠨᠣᠪᠴᠢᠲᠠᠶ ᠡᠵᠡᠮᠳᠡᠨ᠎ᠡ᠃ ᠬᠤᠪᠢᠰᠤᠩᠭᠤᠢ ᠰᠡᠳᠬᠢᠬᠦᠢ᠎ᠪᠠᠷ ᠰᠢᠨ᠎ᠡ ᠬᠥᠭᠵᠢᠯᠲᠡ ᠵᠢᠨ ᠱᠠᠲᠤᠨ᠎ᠳᠠᠬᠢ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ᠎ᠳᠤ ᠬᠠᠨᠳᠤᠵᠤ᠂ ᠠᠵᠠ ᠲᠣᠬᠢᠶᠠᠯ᠎ᠤᠨ ᠤᠬᠠᠮᠰᠠᠷ ᠪᠣᠯᠤᠨ ᠠᠶᠤᠯ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠬᠤᠪᠢᠷᠠᠯᠲᠠ ᠵᠢ ᠣᠨᠣᠪᠴᠢᠲᠠᠢ ᠲᠠᠨᠢᠬᠤ᠂ ᠰᠢᠨᠵᠢᠯᠡᠬᠦ ᠤᠬᠠᠭ᠋ᠠᠨᠴᠢ᠎ᠪᠠᠷ ᠬᠤᠪᠢᠷᠠᠯᠲᠠ ᠵᠢ ᠠᠷᠭ᠋ᠠᠴᠠᠭ᠋ᠠᠬᠤ ᠪᠠ ᠰᠠᠨᠠᠭ᠋ᠠᠴᠢᠯᠠᠭ᠎ᠠ᠎ᠠᠴᠠ᠎ᠪᠠᠨ ᠰᠢᠨᠡᠴᠢᠯᠡᠯᠲᠡ ᠬᠢᠵᠦ᠂ ᠬᠢᠮᠤᠷᠠᠯ᠎ᠤᠨ ᠳᠤᠮᠳᠠ ᠠᠵᠠ ᠲᠣᠬᠢᠶᠠᠯ᠎ᠢ ᠲᠠᠨᠢᠨ ᠮᠡᠳᠡᠵᠦ᠂ ᠬᠤᠪᠢᠷᠠᠯᠲᠠ ᠵᠢᠨ ᠳᠤᠮᠳᠠ ᠴᠢᠳᠠᠮᠠᠭ᠋ᠠᠢ᠎ᠪᠠᠷ ᠰᠢᠨ᠎ᠡ ᠪᠠᠶ᠋ᠢᠳᠠᠯ᠎ᠢ ᠨᠡᠭᠡᠭᠡᠬᠦ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠪᠦᠬᠦᠯᠢ ᠴᠣᠭᠴᠠ ᠪᠠ ᠭᠣᠤᠯᠳᠠᠯᠭ᠎ᠠ ᠵᠢ ᠨᠢᠭᠡᠳᠦᠯᠲᠡᠶ ᠲᠥᠯᠥᠪᠯᠡᠨ᠂ ᠣᠳᠣᠬᠠᠨ᠎ᠤ ᠪᠠᠢ᠌ᠳᠠᠯ ᠪᠠ ᠠᠯᠤᠰ ᠬᠡᠲᠦ ᠵᠢᠨ ᠲᠥᠯᠥᠪᠯᠡᠭᠡ ᠵᠢ ᠬᠠᠮᠲᠤᠳᠤᠨᠢ ᠬᠠᠷᠠᠭ᠋ᠠᠯᠵᠠᠵᠤ᠂ ᠨᠠᠶ᠋ᠢᠳᠠᠪᠤᠷᠢᠵᠢᠭᠤᠯᠤᠯᠲᠠ ᠵᠢ ᠪᠥᠬᠥ ᠬᠦᠴᠦᠨ ᠵᠶ᠋ᠠᠷ ᠰᠠᠶ᠋ᠢᠲᠤᠷ ᠠᠳᠬᠤᠵᠤ᠂ ᠪᠥᠬᠥ ᠣᠷᠣᠨ᠎ᠤ ᠠᠵᠤ ᠠᠬᠤᠶ ᠵᠢᠨ ᠲᠣᠭᠲᠠᠭᠤᠨ ᠨᠡᠮᠡᠭᠳᠡᠯ᠎ᠢ ᠬᠦᠴᠦᠯᠡᠨ ᠠᠬᠢᠭᠤᠯᠵᠤ᠂ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ 《14·5》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠴᠢᠨᠠᠷᠯᠢᠭ ᠬᠥᠭᠵᠢᠯᠲᠡ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠰᠠᠶ᠋ᠢᠨ ᠡᠬᠢᠯᠡᠯᠲᠡ᠎ᠲᠠᠢ ᠪᠣᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠣᠶᠠᠷ᠎ᠲᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ᠎ᠠ᠃ ᠰᠢ ᠵᠢᠨ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠣᠶ᠋ᠢᠯᠠᠭ᠋ᠠᠵᠤ᠂ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠬᠥᠭᠵᠢᠯᠲᠡ ᠵᠢᠨ ᠣᠨᠣᠯᠵᠢᠬᠤᠨ᠂ ᠬᠥᠭᠵᠢᠯᠲᠡ ᠵᠢᠨ ᠠᠷᠭ᠎ᠠ ᠵᠠᠮ᠂ ᠬᠥᠭᠵᠢᠯᠲᠡ ᠵᠢᠨ ᠠᠷᠭ᠎ᠠ ᠬᠡᠯᠪᠡᠷᠢ᠂ ᠬᠥᠭᠵᠢᠯᠲᠡ ᠵᠢᠨ ᠬᠠᠷᠠᠯᠲᠠ᠎ᠠᠴᠠ ᠶᠡᠷᠦᠩᠬᠡᠢ ᠱᠦᠵᠢ ᠵᠢᠨ ᠱᠠᠭ᠋ᠠᠷᠳᠠᠯᠭ᠎ᠠ᠎ᠲᠠᠢ ᠪᠦᠬᠦ ᠲᠠᠯ᠎ᠠ᠎ᠪᠠᠷ ᠬᠠᠷᠭᠤᠭᠤᠯᠤᠯᠲᠠ ᠬᠠᠷᠢᠴᠠᠭᠤᠯᠤᠯ ᠬᠢᠵᠦ᠂ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢᠨ ᠪᠦᠳᠦᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠨᠡᠶ᠋ᠢᠴᠡᠭᠰᠡᠨ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠭᠰᠡᠨ᠂ ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠶ᠋ᠢᠪᠢᠰᠢ ᠦᠭᠡᠢ ᠵᠠᠮᠨᠠᠨ᠎ᠠ᠃ ᠭᠤᠷᠪᠠ᠎ᠳᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠨ ᠠᠵᠢᠯ ᠵᠶ᠋ᠠᠨ ᠥᠷᠨᠢᠭᠦᠯᠦᠨ᠎ᠡ᠃ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡᠢ ᠪᠠᠷᠢᠮᠲᠠᠯᠠᠵᠤ᠂ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠬᠠᠮᠢᠶᠠᠷᠤᠯᠲᠠ ᠵᠢ ᠴᠢᠬᠤᠯᠠᠴᠢᠯᠠᠨ ᠴᠢᠩᠭ᠋ᠠᠳᠬᠠᠵᠤ᠂ ᠲᠦᠭᠵᠢᠷᠡᠯ᠎ᠢ ᠨᠡᠪᠲᠡᠷᠡᠭᠦᠯᠦᠨ᠂ ᠳᠤᠲᠠᠭᠤᠳᠠᠯ᠎ᠢ ᠨᠥᠬᠥᠪᠥᠷᠢᠯᠡᠵᠦ᠂ ᠦᠢ᠍ᠯᠡᠳᠪᠦᠷᠢᠯᠡᠯ᠂ ᠬᠤᠪᠢᠶᠠᠷᠢᠯᠠᠯᠲᠠ᠂ ᠭᠦᠢ᠍ᠯᠭᠡᠭᠡ᠂ ᠬᠡᠷᠡᠭᠯᠡᠭᠡᠨ ᠵᠡᠷᠭᠡ ᠡᠯ᠎ᠡ ᠭᠣᠭᠴᠣᠭ᠎ᠠ ᠵᠢ ᠨᠡᠪᠲᠡᠷᠡᠭᠦᠯᠵᠦ᠂ ᠴᠢᠨᠠᠷ ᠰᠠᠶ᠋ᠢᠲᠠᠢ ᠦᠢ᠍ᠯᠡᠳᠬᠦᠨ᠎ᠤ ᠬᠠᠩᠭ᠋ᠠᠯᠭ᠎ᠠ ᠵᠢ ᠨᠡᠮᠡᠭᠳᠡᠭᠦᠯᠬᠦ᠂ ᠤᠳᠤ ᠦᠶ᠎ᠡ ᠵᠢᠨ ᠭᠦᠢ᠍ᠯᠭᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ᠂ ᠪᠡᠯᠡ ᠣᠷᠣᠭᠤᠯᠤᠯᠲᠠ ᠪᠠ ᠬᠡᠷᠡᠭᠯᠡᠭᠡ ᠵᠢᠨ ᠣᠷᠣᠨ ᠵᠠᠢ ᠵᠢ ᠥᠷᠭᠡᠳᠬᠡᠬᠦ ᠵᠡᠷᠭᠡ ᠵᠠᠩᠭᠢᠯᠠᠭ᠎ᠠ ᠵᠢᠨ ᠴᠡᠭ ᠳᠡᠭᠡᠷ᠎ᠡ ᠬᠦᠴᠦᠯᠡᠵᠦ᠂ ᠬᠡᠷᠡᠭᠴᠡᠭᠡ᠎ᠪᠠᠷ ᠬᠠᠩᠭ᠋ᠠᠯᠭ᠎ᠠ ᠵᠢ ᠳᠠᠶ᠋ᠢᠴᠢᠯᠠᠬᠤ᠂ ᠬᠠᠩᠭ᠋ᠠᠯᠭ᠎ᠠ᠎ᠪᠠᠷ ᠬᠡᠷᠡᠭᠴᠡᠭᠡ ᠵᠢ ᠡᠭᠦᠳᠬᠦ ᠥᠨᠳᠥᠷ ᠬᠢᠷᠢ ᠲᠦᠪᠰᠢᠨ᠎ᠤ ᠬᠥᠳᠡᠯᠦᠩᠭᠦᠢ ᠲᠡᠩᠴᠡᠭᠦᠷᠢ ᠵᠢ ᠪᠦᠷᠢᠯᠳᠦᠭᠦᠯᠵᠦ᠂ ᠤᠯᠤᠰ᠎ᠤᠨ ᠳᠣᠲᠣᠭ᠋ᠠᠳᠤ ᠵᠢᠨ ᠲᠤᠮᠤ ᠵᠠᠬ᠎ᠠ ᠳᠡᠯᠭᠡᠭᠦᠷ ᠪᠠ ᠤᠯᠤᠰ᠎ᠤᠨ ᠳᠣᠲᠣᠭ᠋ᠠᠳᠤ᠂ ᠤᠯᠠᠨ ᠤᠯᠤᠰ᠎ᠤᠨ ᠬᠣᠣᠰ ᠣᠷᠴᠢᠯ᠎ᠳᠤ ᠨᠡᠩ ᠰᠠᠢ᠍ᠢ᠍ᠨ ᠠᠭᠤᠰᠤᠯᠴᠠᠨ᠎ᠠ᠃ ᠲᠦᠷᠪᠡ᠎ᠳᠤ᠂ ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠎ᠠ᠃ ᠠᠷᠠᠳ ᠲᠦᠮᠡᠨ᠎ᠤ ᠪᠤᠶᠠᠨ ᠬᠡᠰᠢᠭ᠎ᠢ ᠨᠡᠮᠡᠭᠳᠡᠭᠦᠯᠬᠦ ᠪᠠ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠪᠠᠷ ᠠᠯᠢᠪᠠ ᠠᠵᠢᠯ᠎ᠤᠨ ᠵᠶ᠋ᠠᠨ ᠡᠭᠦᠰᠭᠡᠯ ᠲᠡᠭᠦᠰᠬᠡᠯ ᠪᠣᠯᠭ᠋ᠠᠵᠤ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠶ᠋ᠢᠵᠢᠷᠠᠭᠤᠯᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ᠂ ᠢᠯᠠᠩᠭᠤᠶ᠎ᠠ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠨᠠᠰᠤᠵᠢᠯ᠎ᠤᠨ ᠠᠰᠠᠷᠠᠮᠵᠢ᠂ ᠡᠮᠴᠢᠯᠡᠭᠡ᠂ ᠨᠡᠶ᠋ᠢᠭᠡᠮ᠎ᠤᠨ ᠪᠠᠲᠤᠯᠠᠭ᠎ᠠ ᠵᠡᠷᠭᠡ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠠᠷᠠᠳ ᠤᠯᠠᠨ᠎ᠢ ᠦᠨᠡᠨ ᠪᠣᠳᠠᠲᠤ ᠬᠦᠷᠲᠡᠭᠡᠮᠵᠢᠲᠦ ᠲᠦᠷᠦᠭᠳᠡᠯ᠎ᠲᠠᠢ ᠪᠣᠯᠭ᠋ᠠᠨ᠎ᠠ᠃ ᠲᠠᠪᠤ᠎ᠳᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠨ᠎ᠡ᠃ ᠠᠮᠤᠷ ᠲᠦᠪᠰᠢᠨ ᠬᠥᠭᠵᠢᠯᠲᠡ ᠵᠢ ᠬᠥᠭᠵᠢᠯᠲᠡ ᠵᠢᠨ ᠡᠯ᠎ᠡ ᠬᠦᠷᠢᠶᠡᠨ᠎ᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠵᠣᠪᠠᠨᠢᠬᠤᠢ ᠤᠬᠠᠮᠰᠠᠷ ᠵᠶ᠋ᠠᠨ ᠴᠢᠩᠭ᠋ᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠡᠯ᠎ᠡ ᠲᠦᠷᠦᠯ᠎ᠤᠨ ᠬᠦᠨᠳᠦ ᠶᠡᠬᠡ ᠠᠶᠤᠯ ᠲᠦᠭᠰᠢᠭᠦᠷᠢ ᠵᠢᠨ ᠳᠠᠯᠳᠠ ᠭᠡᠮ᠎ᠢ ᠢᠷᠡᠯᠲᠡ᠎ᠠᠴᠠ᠎ᠨᠢ ᠰᠡᠷᠭᠡᠶ᠋ᠢᠯᠡᠨ ᠨᠠᠮᠳᠠᠭ᠋ᠠᠵᠤ᠂ ᠠᠰᠠᠭᠤᠳᠠᠯ᠎ᠢ ᠰᠣᠶᠣᠭ᠋ᠠᠯᠠᠯᠤᠨ ᠦᠶ᠎ᠡ᠂ ᠭᠠᠮᠰᠢᠭ ᠪᠣᠯᠣᠨ ᠪᠦᠷᠢᠯᠳᠦᠬᠦ᠎ᠠᠴᠠ ᠡᠮᠦᠨ᠎ᠡ ᠦᠨᠡᠨ ᠬᠦ᠌ ᠰᠢᠢ᠍ᠳᠪᠦᠷᠢᠯᠡᠵᠦ᠂ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃
ᠬᠥᠲᠥᠯᠥᠭᠴᠢ᠄
ᠯᠸᠢ ᠡᠷᠬᠢᠯᠡᠭᠴᠢ ᠵᠢᠨ ᠨᠠᠷᠢᠯᠢᠭ ᠲᠠᠶ᠋ᠢᠯᠪᠤᠷᠢᠯᠠᠭᠰᠠᠨ᠎ᠳᠤ ᠪᠠᠶᠠᠷᠯᠠᠯ᠎ᠠ᠂ 2021 ᠣᠨ᠎ᠤ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠲᠤᠬᠠᠶ ᠬᠠᠮᠢᠶ᠎ᠠ ᠪᠥᠬᠥᠶ ᠶᠠᠷᠢᠶᠠᠨ᠎ᠤ ᠰᠡᠳᠦᠪ ᠮᠥᠨ ᠬᠦ᠌ ᠮᠠᠰᠢ ᠣᠯᠠᠨ ᠪᠠᠶ᠋ᠢᠨ᠎ᠠ᠂ ᠭᠡᠪᠡᠴᠦ ᠴᠠᠭ᠎ᠤᠨ ᠬᠠᠷᠠᠭ᠎ᠠ᠎ᠠᠴᠠ ᠪᠣᠯᠵᠣ᠂ ᠥᠨᠥᠳᠦᠷ᠎ᠤᠨ ᠰᠤᠷᠪᠤᠯᠵᠢᠯᠠᠭ᠎ᠠ ᠡᠨᠳᠡ ᠬᠥᠷᠥᠭᠡᠳ ᠥᠨᠳᠥᠷᠯᠡᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ᠎ᠤ ᠠᠨᠳᠠ ᠨᠠᠷ᠎ᠲᠠᠢ᠎ᠪᠠᠨ ᠶᠠᠷᠢᠯᠴᠠᠬᠤ ᠵᠠᠪᠰᠢᠶᠠᠨ᠎ᠲᠠᠢ ᠪᠣᠯᠬᠤ ᠵᠢ ᠬᠦᠰᠡᠵᠦ ᠪᠠᠶ᠋ᠢᠨ᠎ᠠ᠃ ᠥᠷᠭᠡᠨ ᠤᠯᠠᠨ ᠰᠦᠯᠵᠢᠶᠡᠨ ᠠᠨᠳᠠ ᠨᠠᠷ᠎ᠤᠨ ᠲᠤᠰ ᠤᠳᠠᠭ᠋ᠠᠨ᠎ᠤ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠭᠰᠡᠨ᠎ᠳᠤ ᠪᠠᠶᠠᠷᠯᠠᠯ᠎ᠠ! ᠪᠠᠶᠠᠷᠲᠠᠢ!
ᠯᠸᠢ ᠵᠢᠶ ᠫᠸᠩ᠄
ᠪᠠᠶᠠᠷᠲᠠᠶ!