1 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ《ᠺᠦᠨᠯᠦ᠋ᠨ 2020》 ᠲᠤᠰᠬᠠᠶ ᠠᠵᠢᠯᠯᠠᠭ᠎ᠠ᠂ 2020 ᠣᠨ᠎ᠤ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠵᠡᠷᠭᠡ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠳᠡᠩᠨᠡᠨ ᠪᠠᠢ᠌ᠴᠠᠭ᠋ᠠᠯᠲᠠ ᠵᠢᠨ ᠶᠡᠷᠦᠩᠬᠡᠶ ᠠᠩᠭᠢ ᠵᠢᠨ ᠳᠠᠷᠤᠭ᠎ᠠ ᠵᠣᠣ ᠢᠦ᠋ᠶ ᠾᠧ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠡᠳ᠋ ᠳᠠᠷᠤᠭ᠎ᠠ ᠹᠸᠩ ᠬᠤ᠌᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠣᠷᠣᠵᠤ ᠭᠠᠷᠬᠤ ᠵᠢ ᠬᠠᠮᠢᠶᠠᠷᠬᠤ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ᠎ᠤ ᠶᠠᠪᠤᠳᠠᠯ᠎ᠤᠨ ᠲᠤᠰᠬᠠᠶ ᠲᠤᠰᠢᠶᠠᠯᠲᠠᠨ ᠬᠤᠤ ᠰᠧ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠢᠭᠤᠴᠠ ᠮᠡᠳᠡᠭᠡᠨ᠎ᠤ ᠵᠢᠯᠣᠭᠣᠳᠬᠤ ᠲᠥᠪ᠎ᠤᠨ ᠭᠥᠯᠢᠶᠡᠨ ᠠᠪᠴᠤ ᠰᠢᠢᠳᠪᠦᠷᠢᠯᠡᠬᠦ ᠴᠠᠭᠳᠠᠭ᠎ᠠ ᠵᠢᠨ ᠵᠢᠯᠣᠭᠣᠳᠬᠤ ᠰᠠᠯᠪᠤᠷᠢ ᠠᠩᠭᠢ ᠵᠢᠨ ᠳᠠᠷᠤᠭ᠎ᠠ ᠸᠸᠨ ᠦ ᠵᠢᠦᠸᠠᠨ ᠬᠠᠮᠢᠶ᠎ᠠ ᠪᠥᠬᠥᠶ ᠪᠠᠢ᠌ᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠭᠣᠤᠯᠳᠠᠯᠭ᠎ᠠ᠎ᠲᠠᠢ ᠴᠡᠭᠴᠡᠯᠡᠨ ᠵᠠᠰᠠᠬᠤ ᠪᠠ ᠡᠬᠢ ᠡᠭᠦᠰᠦᠯ᠎ᠠᠴᠠ᠎ᠨᠢ ᠵᠠᠰᠠᠬᠤ ᠵᠢ ᠳᠣᠪᠣᠢ᠌ᠯᠭ᠋ᠠᠵᠤ᠂ ᠢᠳᠡᠭᠡᠨ ᠤᠮᠳᠠᠭ᠋ᠠᠨ
ᠡᠮ ᠲᠠᠩ᠎ᠤᠨ ᠬᠦᠷᠢᠶᠡᠨ ᠳᠠᠬᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠶ᠎ᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠢᠳᠡᠭᠡᠨ ᠪᠠ ᠡᠮ᠎ᠤᠨ ᠣᠷᠴᠢᠨ
ᠲᠣᠭᠣᠷᠢᠨ᠎ᠤ ᠳᠡᠩᠨᠡᠨ ᠪᠠᠢ᠌ᠴᠠᠭ᠋ᠠᠬᠤ ᠶᠡᠷᠦᠩᠬᠡᠶ ᠠᠩᠭᠢ ᠵᠢᠨ ᠳᠠᠷᠤᠭ᠎ᠠ ᠵᠣᠣ ᠢᠦ᠋ᠶ ᠾᠧ
2020 ᠣᠨ᠎ᠠᠴᠠ ᠨᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠳᠡᠩᠨᠡᠨ ᠪᠠᠢ᠌ᠴᠠᠭ᠋ᠠᠬᠤ ᠰᠠᠯᠠᠭ᠎ᠠ ᠮᠥᠴᠢᠷ᠎ᠤᠳ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠡᠭᠦᠷᠭᠡ ᠬᠠᠷᠢᠭᠤᠴᠠᠯᠭ᠎ᠠ ᠵᠢᠨ ᠲᠣᠭᠣᠷᠢᠨ᠎ᠳᠤ᠂《ᠺᠦᠨᠯᠦ᠋ᠨ》᠎ᠤ ᠰᠢᠷᠢᠰ ᠲᠤᠰᠬᠠᠶ ᠠᠵᠢᠯᠯᠠᠭ᠎ᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠣᠤᠯᠳᠠᠯᠭ᠎ᠠ᠎ᠲᠠᠢ ᠴᠡᠭᠴᠡᠯᠡᠨ ᠵᠠᠰᠠᠬᠤ ᠪᠠ ᠡᠬᠢ ᠡᠭᠦᠰᠦᠯ᠎ᠠᠴᠠ᠎ᠨᠢ ᠵᠠᠰᠠᠬᠤ ᠵᠢ ᠳᠣᠪᠣᠢ᠌ᠯᠭ᠋ᠠᠨ᠂ ᠬᠡᠷᠡᠭ ᠢᠯᠡᠷᠡᠭᠦᠯᠵᠦ ᠪᠣᠭᠣᠮᠲᠠ ᠰᠢᠪᠲᠤᠯᠬᠤ ᠵᠢ ᠪᠥᠬᠥ ᠬᠦᠴᠦᠨ ᠵᠶ᠋ᠡᠷ ᠴᠢᠩᠭ᠋ᠠᠷᠠᠭᠤᠯᠵᠤ᠂ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂《ᠬᠣᠶᠠᠷ ᠬᠠᠯᠬᠠᠪᠴᠢ》ᠵᠢᠨ ᠦᠨᠡᠨᠴᠢ ᠬᠠᠮᠠᠭ᠋ᠠᠯᠠᠭᠴᠢ ᠵᠢ ᠡᠷᠡᠰ ᠰᠠᠢ᠌ᠲᠤᠷ ᠬᠢᠪᠠ᠃
2020 ᠣᠨ᠎ᠳᠤ᠂《ᠺᠦᠨᠯᠦ᠋ᠨ 2020》ᠲᠤᠰᠬᠠᠶ ᠠᠵᠢᠯᠯᠠᠭ᠎ᠠ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠢ ᠨᠡᠢ᠌ᠲᠡ 1591 ᠢᠯᠡᠷᠡᠭᠦᠯᠵᠦ᠂ 34 ᠡᠪᠰᠡᠯ ᠪᠦᠯᠦᠭ᠎ᠢ ᠰᠦᠢᠷᠡᠭᠦᠯᠵᠦ᠂ 47 ᠡᠭᠦᠷ᠎ᠢ ᠠᠷᠢᠯᠭ᠋ᠠᠵᠤ᠂ 2329 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠥᠷᠲᠡᠭ᠎ᠨᠢ ᠪᠠᠷᠤᠭ 49 . 65 ᠳ᠋ᠦᠩᠰᠢᠭᠤᠷ ᠲᠥᠭᠥᠷᠢᠭ᠎ᠲᠤ ᠬᠦᠷᠴᠡᠶ᠃
ᠡᠭᠦᠨ᠎ᠳᠤ᠂《ᠺᠦᠨᠯᠦ᠋ᠨ 1 ᠳ᠋ᠦ᠍ᠭᠡᠷ ᠲᠣᠭ᠋ᠠᠲᠤ》ᠢᠳᠡᠭᠡᠨ᠎ᠤ ᠠᠮᠤᠷ ᠲᠦᠪᠰᠢᠨ᠎ᠳᠤ ᠬᠣᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠨᠡᠢ᠌ᠲᠡ 125 ᠬᠡᠷᠡᠭ᠎ᠢ ᠢᠯᠡᠷᠡᠭᠦᠯᠵᠦ᠂ 5 ᠡᠪᠰᠡᠯ ᠪᠦᠯᠦᠭ᠎ᠢ ᠰᠦᠢᠷᠡᠭᠦᠯᠵᠦ᠂ 13 ᠡᠭᠦᠷ᠎ᠢ ᠠᠷᠢᠯᠭ᠋ᠠᠵᠤ᠂ 227 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠶᠡᠷᠦᠩᠬᠡᠶ ᠥᠷᠲᠡᠭ᠎ᠨᠢ ᠪᠠᠷᠤᠭ 2 . 95 ᠳ᠋ᠦᠩᠰᠢᠭᠤᠷ ᠲᠥᠭᠥᠷᠢᠭ᠎ᠲᠤ ᠬᠦᠷᠴᠡᠶ᠃ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠸᠠᠩ ᠣᠪᠣᠭᠲᠤ ᠵᠡᠷᠭᠡ ᠠᠮᠢᠲᠠᠨ ᠤᠷᠭᠤᠮᠠᠯ᠎ᠤᠨ ᠬᠢᠵᠢᠭ᠎ᠢ ᠰᠡᠷᠭᠡᠢ᠌ᠯᠡᠬᠦ ᠵᠢ ᠬᠠᠷᠰᠢᠯᠠᠭᠰᠠᠨ ᠬᠡᠷᠡᠭ᠎ᠢ ᠳᠡᠩᠨᠡᠨ ᠢᠯᠡᠷᠡᠭᠦᠯᠵᠦ᠂ 8 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠥᠪᠥᠷ ᠮᠣᠩᠭᠣᠯ᠂ ᠵᠢᠶᠠᠩᠰᠦ᠂ ᠱᠠᠨᠳᠦ᠋ᠩ᠂ ᠱᠠᠩᠬᠠᠶ ᠳᠥᠷᠪᠡᠨ ᠮᠤᠵᠢ (ᠣᠷᠣᠨ ᠬᠣᠲᠠ)᠎ᠳᠤ ᠬᠣᠯᠪᠣᠭᠳᠠᠭᠰᠠᠨ ᠰᠢᠯᠭ᠋ᠠᠨ ᠪᠠᠢ᠌ᠴᠠᠭ᠋ᠠᠵᠤ ᠬᠢᠵᠢᠭ ᠪᠠᠢ᠌ᠴᠠᠭ᠋ᠠᠬᠤ᠎ᠳᠤ ᠬᠢᠷᠢ ᠲᠡᠩᠴᠡᠭᠰᠡᠨ ᠭᠡᠷᠡᠴᠢ ᠵᠢ ᠬᠠᠭᠤᠷᠮᠠᠭᠯᠠᠨ ᠵᠣᠬᠢᠶᠠᠵᠤ ᠮᠤᠵᠢ ᠠᠯᠤᠰᠯᠠᠨ ᠠᠮᠢᠳᠤ ᠭᠠᠬᠠᠶ ᠵᠢ ᠬᠠᠤᠯᠢ ᠪᠤᠰᠤ᠎ᠪᠠᠷ ᠫᠠᠨᠽᠠᠯᠠᠭᠰᠠᠨ ᠶᠠᠯᠠᠲᠤ ᠠᠵᠢᠯᠯᠠᠭ᠎ᠠ ᠵᠢᠨ ᠬᠡᠯᠬᠢᠶ᠎ᠡ ᠵᠢ ᠲᠤᠢ᠌ᠯᠪᠤᠷᠢᠲᠠᠶ ᠠᠷᠢᠯᠭ᠋ᠠᠪᠠ᠃ ᠲᠤᠰ ᠬᠡᠷᠡᠭ᠎ᠲᠤ᠂ ᠶᠠᠯ᠎ᠠ ᠬᠢᠭᠰᠡᠨ ᠰᠡᠵᠢᠭᠳᠡᠨ ᠠᠮᠢᠲᠠᠨ᠎ᠤ ᠬᠢᠵᠢᠭ᠎ᠤᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠵᠣᠬᠢᠶᠠᠵᠤ᠂《ᠠᠮᠢᠲᠠᠨ᠎ᠤ ᠬᠢᠵᠢᠭ᠎ᠤᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠭᠡᠷᠡᠴᠢ》ᠵᠢ 140 ᠬᠤᠪᠢ ᠬᠠᠭᠤᠷᠮᠠᠭᠯᠠᠨ ᠵᠣᠬᠢᠶᠠᠵᠤ᠂ 15602 ᠭᠠᠬᠠᠶ᠎ᠳᠤ ᠬᠣᠯᠪᠣᠭᠳᠠᠵᠠᠶ᠃
《ᠺᠦᠨᠯᠦ᠋ᠨ 2 ᠳ᠋ᠤᠭ᠋ᠠᠷ》᠎ᠤᠨ ᠡᠮ᠎ᠤᠨ ᠵᠦᠢᠯ᠎ᠤᠨ ᠠᠮᠤᠷ ᠲᠦᠪᠰᠢᠨ᠎ᠳᠤ ᠬᠣᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠨᠡᠢ᠌ᠲᠡ 25 ᠬᠡᠷᠡᠭ᠎ᠢ ᠢᠯᠡᠷᠡᠭᠦᠯᠵᠦ᠂ 28 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠶᠡᠷᠦᠩᠬᠡᠶ ᠥᠷᠲᠡᠭ᠎ᠨᠢ ᠪᠠᠷᠤᠭ 1412 ᠲᠦᠮᠡᠨ ᠲᠥᠭᠥᠷᠢᠭ᠎ᠲᠤ ᠬᠦᠷᠴᠡᠶ᠃ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ《503》ᠵᠢᠨ ᠬᠠᠭᠤᠷᠮᠠᠭ ᠮᠠᠭᠤ ᠲᠠᠷᠢᠶᠠᠨ ᠡᠮ ᠦᠢᠯᠡᠳᠪᠦᠷᠢᠯᠡᠵᠦ ᠪᠣᠷᠣᠯᠠᠭᠤᠯᠤᠭᠰᠠᠨ ᠬᠡᠷᠡᠭ᠎ᠢ ᠳᠡᠩᠨᠡᠨ ᠢᠯᠡᠷᠡᠭᠦᠯᠵᠦ᠂ 22 ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 1000 ᠭᠠᠷᠤᠶ ᠲᠦᠮᠡᠨ ᠲᠥᠭᠥᠷᠢᠭ᠎ᠲᠤ ᠬᠦᠷᠴᠦ᠂ 10 ᠮᠤᠵᠢ ᠵᠢᠨ 24 ᠭᠠᠵᠠᠷ᠎ᠲᠤ ᠬᠠᠭᠤᠷᠮᠠᠭ ᠮᠠᠭᠤ ᠲᠠᠷᠢᠶᠠᠨ ᠡᠮ ᠣᠺᠲ᠋ᠠ ᠬᠦᠬᠦᠷ ᠹᠣᠰᠹᠣᠷ ᠦᠢᠯᠡᠳᠪᠦᠷᠢᠯᠡᠵᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠵᠢᠨ ᠬᠡᠯᠬᠢᠶ᠎ᠡ ᠵᠢ ᠲᠤᠢ᠌ᠯᠪᠤᠷᠢᠲᠠᠶ ᠲᠡᠰᠦᠯᠪᠡ᠃
《ᠺᠦᠨᠯᠦ᠋ᠨ 3 ᠳ᠋ᠤᠭ᠋ᠠᠷ》ᠠᠮᠢ ᠠᠬᠤᠶ ᠣᠷᠴᠢᠨ ᠲᠣᠭᠣᠷᠢᠨ᠎ᠤ ᠡᠬᠢ ᠪᠠᠶᠠᠯᠢᠭ᠎ᠢ ᠡᠪᠳᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠨᠡᠢ᠌ᠲᠡ 1175 ᠬᠡᠷᠡᠭ᠎ᠢ ᠢᠯᠡᠷᠡᠭᠦᠯᠵᠦ᠂ 20 ᠡᠪᠰᠡᠯ ᠪᠦᠯᠦᠭ᠎ᠢ ᠰᠦᠢᠷᠡᠭᠦᠯᠵᠦ᠂ 22 ᠡᠭᠦᠷ᠎ᠢ ᠠᠷᠢᠯᠭ᠋ᠠᠵᠤ᠂ 1616 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠶᠡᠷᠦᠩᠬᠡᠶ ᠥᠷᠲᠡᠭ᠎ᠨᠢ ᠪᠠᠷᠤᠭ 45 . 85 ᠳ᠋ᠦᠩᠰᠢᠭᠤᠷ ᠲᠥᠭᠥᠷᠢᠭ᠎ᠲᠤ ᠬᠦᠷᠴᠡᠶ᠃ ᠬᠥᠯᠥᠨ ᠪᠣᠢ᠌ᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠾᠧ ᠮᠥ᠍ ᠶᠠᠩ ᠭᠤᠸᠠᠩ ᠠᠮᠢ ᠠᠬᠤᠶ ᠵᠢᠨ ᠲᠠᠷᠢᠶᠠᠯᠠᠩ᠎ᠤᠨ ᠬᠢᠵᠠᠭ᠋ᠠᠷᠲᠤ ᠺᠣᠮᠫᠠᠨᠢ ᠵᠢᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠬᠡᠷᠡᠭ᠎ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ 10 ᠬᠥᠮᠦᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠲᠠᠷᠢᠶᠠᠯᠠᠩ᠎ᠳᠤ ᠬᠡᠷᠡᠭᠯᠡᠬᠦ ᠭᠠᠵᠠᠷ ᠨᠡᠢ᠌ᠲᠡ 34920 ᠮᠥ᠍ ᠪᠠᠢ᠌ᠨ᠎ᠠ; ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠨᠢᠭᠡᠨ ᠬᠠᠤᠯᠢ ᠪᠤᠰᠤ᠎ᠪᠠᠷ ᠠᠯᠲᠠ ᠮᠠᠯᠲᠠᠭᠰᠠᠨ ᠣᠨᠴᠠ ᠶᠡᠬᠡ ᠬᠡᠷᠡᠭ᠎ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ ᠡᠲᠡᠭᠡᠳ ᠰᠢᠢᠸ ᠣᠪᠣᠭᠲᠤ ᠵᠢᠨ ᠪᠦᠯᠦᠭᠯᠡᠯ ᠣᠷᠳᠣ ᠬᠤᠭᠤᠴᠠᠭ᠎ᠠ᠎ᠪᠠᠷ ᠬᠦᠷᠬᠢᠵᠢᠨ ᠠᠭᠤᠷᠬᠠᠶ ᠵᠢᠨ ᠲᠣᠭᠣᠷᠢᠭ᠎ᠲᠤ ᠡᠭᠦᠷᠯᠡᠨ ᠬᠠᠤᠯᠢ ᠪᠤᠰᠤ᠎ᠪᠠᠷ ᠠᠯᠲᠠ ᠮᠠᠯᠲᠠᠵᠤ᠂ ᠪᠤᠭᠤᠲᠤ ᠬᠣᠲᠠ᠎ᠳᠤ ᠬᠢᠮᠳᠠ᠎ᠪᠠᠷ ᠪᠣᠷᠣᠯᠠᠭᠤᠯᠵᠤ᠂ ᠪᠣᠷᠣᠯᠠᠭᠤᠯᠤᠭᠰᠠᠨ ᠵᠣᠭᠣᠰ᠎ᠤᠨ ᠲᠣᠭ᠎ᠠ᠎ᠨᠢ ᠨᠡᠢ᠌ᠲᠡ 2000 ᠭᠠᠷᠤᠶ ᠲᠦᠮᠡᠨ ᠲᠥᠭᠥᠷᠢᠭ᠎ᠲᠤ ᠬᠦᠷᠴᠡᠶ; ᠬᠢᠩᠭ᠋ᠠᠨ ᠠᠢ᠌ᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠲᠠᠨ ᠣᠪᠣᠭᠲᠤ ᠵᠡᠷᠭᠡ ᠬᠥᠮᠦᠰ᠎ᠤᠨ ᠣᠷᠴᠢᠨ ᠠᠬᠤᠶ ᠵᠢ ᠪᠣᠬᠢᠷᠲᠤᠭᠤᠯᠤᠭᠰᠠᠨ ᠰᠡᠵᠢᠭᠯᠡᠯᠲᠡᠶ ᠬᠡᠷᠡᠭ᠎ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ 600 ᠭᠠᠷᠤᠶ ᠲᠣᠨ ᠬᠠᠶᠠᠭᠳᠠᠮᠠᠯ ᠲᠤᠭᠤᠯᠭ᠋ᠠᠨ ᠬᠦᠴᠢᠯ᠎ᠤᠨ ᠬᠡᠯᠬᠢᠶ᠎ᠡ ᠳ᠋ᠢᠶᠠᠨ ᡂᠢ ᠵᠢ ᠬᠠᠤᠯᠢ ᠪᠤᠰᠤ᠎ᠪᠠᠷ ᠵᠠᠳᠠᠯᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 3000 ᠭᠠᠷᠤᠶ ᠲᠦᠮᠡᠨ ᠲᠥᠭᠥᠷᠢᠭ᠎ᠲᠤ ᠬᠦᠷᠴᠡᠶ᠃
《ᠺᠦᠨᠯᠦ᠋ᠨ 4 ᠳ᠋ᠦ᠍ᠭᠡᠷ》ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠦᠨ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠨᠡᠢ᠌ᠲᠡ 26 ᠬᠡᠷᠡᠭ᠎ᠢ ᠢᠯᠡᠷᠡᠭᠦᠯᠵᠦ᠂ 6 ᠡᠪᠰᠡᠯ ᠪᠦᠯᠦᠭ᠎ᠢ ᠪᠣᠳᠠ ᠨᠢᠷᠭᠡᠵᠦ᠂ 11 ᠡᠭᠦᠷ᠎ᠢ᠎ᠨᠢ ᠠᠷᠢᠯᠭ᠋ᠠᠵᠤ᠂ 101 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠶᠡᠷᠦᠩᠬᠡᠶ ᠥᠷᠲᠡᠭ᠎ᠨᠢ ᠪᠠᠷᠤᠭ 3881 ᠲᠦᠮᠡᠨ ᠲᠥᠭᠥᠷᠢᠭ᠎ᠲᠤ ᠬᠦᠷᠴᠡᠶ᠃ ᠬᠥᠯᠥᠨ ᠪᠣᠢ᠌ᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠠᠩ ᠣᠪᠣᠭᠲᠤ ᠵᠡᠷᠭᠡ ᠬᠥᠮᠦᠰ᠎ᠤᠨ ᠬᠠᠤᠯᠢ ᠪᠤᠰᠤ᠎ᠪᠠᠷ ᠬᠠᠭᠤᠷᠮᠠᠭ ᠲᠠᠮᠠᠬᠢ ᠠᠷᠠᠯᠵᠢᠶᠠᠯᠠᠭᠰᠠᠨ ᠬᠡᠷᠡᠭ᠎ᠢ ᠢᠯᠡᠷᠡᠭᠦᠯᠵᠦ᠂ 2 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 500 ᠭᠠᠷᠤᠶ ᠶᠠᠩᠵᠤᠤᠷ ᠲᠠᠮᠠᠬᠢ ᠵᠢᠴᠢ 3 ᠬᠡᠷᠡᠭ᠎ᠤᠨ ᠲᠡᠮᠳᠡᠭᠯᠡᠯ᠎ᠤᠨ ᠺᠣᠮᠫᠢᠦ᠋ᠲ᠋ᠧᠷ᠎ᠢ ᠬᠤᠷᠢᠶᠠᠮᠵᠢᠯᠠᠪᠠ᠃ ᠲᠤᠰ ᠬᠡᠷᠡᠭ᠎ᠢ ᠪᠣᠷᠣᠯᠠᠭᠤᠯᠤᠭᠰᠠᠨ ᠭᠠᠵᠠᠷ ᠣᠷᠣᠨ᠎ᠨᠢ ᠵᠢᠶᠠᠩᠰᠦ ᠭᠤᠸᠠᠩᠰᠢ ᠰᠧᠴᠤᠸᠠᠨ ᠵᠡᠷᠭᠡ 6 ᠮᠤᠵᠢ ᠵᠢᠨ 10 ᠭᠠᠷᠤᠶ ᠰᠢᠶᠠᠨ᠎ᠳᠤ ᠬᠣᠯᠪᠣᠭᠳᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 690 ᠭᠠᠷᠤᠶ ᠲᠦᠮᠡᠨ ᠲᠥᠭᠥᠷᠢᠭ᠎ᠲᠤ ᠬᠦᠷᠴᠡᠶ᠃
《ᠺᠦᠨᠯᠦ᠋ᠨ 5 ᠳ᠋ᠤᠭ᠋ᠠᠷ》ᠬᠡᠭᠡᠷ᠎ᠡ ᠵᠢᠨ ᠠᠮᠢᠲᠠᠨ᠎ᠳᠤ ᠬᠣᠯᠪᠣᠭᠳᠠᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠨᠡᠢ᠌ᠲᠡ 240 ᠡᠷᠡᠭᠦᠦ ᠵᠢᠨ ᠬᠡᠷᠡᠭ᠎ᠢ ᠢᠯᠡᠷᠡᠭᠦᠯᠵᠦ᠂ 3 ᠡᠪᠰᠡᠯ ᠪᠦᠯᠦᠭ᠎ᠢ ᠰᠦᠢᠷᠡᠭᠦᠯᠵᠦ᠂ 1 ᠡᠭᠦᠷ᠎ᠢ ᠡᠪᠳᠡᠵᠦ᠂ 357 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 4841 ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠵᠤ᠂ 2790 ᠺᠢᠯᠣᠭ᠌ᠷᠠᠮ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠬᠣᠷᠢᠶᠠᠨ ᠠᠪᠴᠤ᠂ ᠬᠡᠷᠡᠭ᠎ᠲᠤ ᠬᠣᠯᠪᠣᠭᠳᠠᠭᠰᠠᠨ ᠥᠷᠲᠡᠭ᠎ᠨᠢ 3235 ᠲᠦᠮᠡᠨ ᠲᠥᠭᠥᠷᠢᠭ᠎ᠲᠤ ᠬᠦᠷᠴᠡᠶ᠃
ᠮᠠᠨ᠎ᠤ ᠠᠪᠤᠭᠰᠠᠨ ᠭᠣᠣᠯ ᠠᠷᠭ᠎ᠠ ᠬᠡᠮᠵᠢᠢ᠎ᠡ ᠭᠡᠪᠡᠯ᠄
ᠨᠢᠭᠡ᠎ᠳᠤ᠂ ᠲᠤᠰᠬᠠᠶ ᠠᠵᠢᠯᠯᠠᠭ᠎ᠠ ᠵᠢ ᠥᠨᠳᠥᠷ ᠵᠣᠭᠰᠣᠴᠠ᠎ᠠᠴᠠ ᠲᠥᠯᠥᠪᠵᠢᠭᠦᠯᠵᠦ᠂ ᠪᠥᠬᠥ ᠲᠠᠯ᠎ᠠ᠎ᠪᠠᠷ ᠪᠠᠢ᠌ᠷᠢᠯᠠᠭᠤᠯᠤᠨ ᠠᠬᠢᠭᠤᠯᠬᠤ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ 《ᠺᠦᠨᠯᠦ᠋ᠨ 2020》 ᠲᠤᠰᠬᠠᠶ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂《ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ〈ᠺᠦᠨᠯᠦ᠋ᠨ 2020〉ᠲᠤᠰᠬᠠᠶ ᠠᠵᠢᠯᠯᠠᠭ᠎ᠠ ᠵᠢᠨ ᠠᠵᠢᠯ᠎ᠤᠨ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂
《ᠢᠳᠡᠭᠡᠨ᠎ᠤ ᠵᠦᠢᠯ᠂ ᠡᠮ᠎ᠤᠨ ᠵᠦᠢᠯ᠂ ᠣᠷᠴᠢᠨ ᠲᠣᠭᠣᠷᠢᠨ᠎ᠤ ᠡᠬᠢ ᠪᠠᠶᠠᠯᠢᠭ᠂ ᠮᠡᠳᠡᠯᠭᠡ ᠵᠢᠨ ᠥᠮᠴᠢᠯᠡᠯ᠎ᠤᠨ ᠡᠷᠬᠡ᠂ ᠬᠡᠭᠡᠷ᠎ᠡ ᠵᠢᠨ ᠠᠮᠢᠲᠠᠨ ᠤᠷᠭᠤᠮᠠᠯ》ᠵᠡᠷᠭᠡ 5 ᠲᠠᠯ᠎ᠠ ᠵᠢᠨ ᠴᠣᠬᠢᠯᠲᠠ ᠥᠭᠬᠦ ᠭᠣᠤᠯᠳᠠᠯᠭ᠎ᠠ ᠵᠢ ᠲᠣᠳᠣᠷᠬᠠᠢ᠌ᠯᠠᠵᠤ᠂ ᠨᠢᠭᠡ ᠬᠦᠷᠢᠶᠡᠨ᠎ᠳᠤ ᠨᠢᠭᠡ ᠭᠣᠤᠯᠳᠠᠯᠭ᠎ᠠ᠂ ᠨᠢᠭᠡ ᠬᠠᠷᠠᠯᠲᠠ᠎ᠪᠠᠷ ᠪᠡᠶᠡᠯᠡᠭᠦᠯᠬᠦ ᠵᠢ ᠪᠡᠶᠡᠯᠡᠭᠦᠯᠵᠦ᠂ ᠴᠣᠬᠢᠯᠲᠠ ᠥᠭᠬᠦ ᠠᠵᠢᠯ᠎ᠤᠨ ᠬᠠᠨᠳᠤᠯᠭ᠋ᠠᠲᠤ ᠴᠢᠨᠠᠷ ᠪᠠ ᠣᠨᠣᠪᠴᠢᠲᠤ ᠴᠢᠨᠠᠷ᠎ᠢ ᠴᠢᠩᠭ᠋ᠠᠳᠬᠠᠪᠠ᠃ ᠪᠣᠳᠠᠲᠤ ᠴᠣᠭᠴᠠᠵᠢᠭᠤᠯᠤᠭᠰᠠᠨ ᠠᠵᠢᠯᠯᠠᠭ᠋ᠠᠨ᠎ᠤ
《ᠲᠤᠰᠬᠠᠶ ᠵᠦᠢᠯ᠎ᠤᠨ ᠠᠯᠪᠠᠨ ᠬᠡᠷ》᠎ᠢ ᠵᠣᠬᠢᠶᠠᠨ ᠪᠠᠢ᠌ᠭᠤᠯᠵᠤ᠂ ᠬᠢᠨᠠᠨ ᠵᠢᠯᠣᠭᠣᠳᠴᠤ ᠠᠬᠢᠭᠤᠯᠬᠤ᠂ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ᠂ ᠰᠢᠯᠭ᠋ᠠᠨ ᠬᠢᠨᠠᠵᠤ ᠦᠨᠡᠯᠡᠨ ᠵᠢᠱ᠌ᠢᠬᠦ᠂ ᠬᠣᠯᠪᠣᠭ᠋ᠠᠯᠠᠨ ᠬᠠᠮᠵᠢᠯᠴᠠᠬᠤ᠂ ᠤᠬᠠᠭᠤᠯᠤᠨ ᠳᠠᠢ᠌ᠴᠢᠯᠠᠬᠤ ᠲᠠᠪᠤ ᠵᠢ ᠨᠢᠭᠡ ᠴᠣᠭᠴᠠᠵᠢᠭᠤᠯᠤᠭᠰᠠᠨ ᠠᠵᠢᠯ᠎ᠤᠨ ᠲᠣᠭᠲᠠᠴᠠ ᠵᠢ ᠪᠠᠢ᠌ᠭᠤᠯᠵᠤ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠂ ᠬᠠᠷᠢᠭᠤᠴᠠᠯᠭ᠎ᠠ ᠵᠢ ᠬᠥᠮᠦᠨ ᠪᠦᠬᠦᠨ᠎ᠳᠤ ᠨᠠᠢ᠌ᠳᠠᠪᠤᠷᠢᠵᠢᠭᠤᠯᠵᠤ᠂ ᠳᠡᠭᠡᠳᠦ ᠳᠣᠤᠷᠠᠳᠤ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ ᠪᠣᠭᠣᠮᠲᠠ ᠰᠢᠪᠲᠤᠯᠬᠤ᠂ ᠵᠠᠪᠰᠠᠷ ᠥᠬᠡᠶ ᠨᠡᠪᠲᠡᠷᠡᠯᠴᠡᠨ ᠵᠣᠯᠭ᠋ᠠᠭᠤᠯᠬᠤ᠂ ᠰᠠᠯᠠᠭ᠎ᠠ ᠮᠥᠴᠢᠷ ᠬᠠᠮᠵᠢᠯᠴᠠᠨ ᠪᠠᠢ᠌ᠯᠳᠤᠬᠤ ᠰᠠᠢ᠌ᠨ ᠰᠠᠢ᠌ᠬᠠᠨ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠵᠤ᠂ ᠳᠠᠪᠠᠭᠤᠯᠢᠭ ᠴᠠᠭᠳᠠᠭ᠋ᠠᠨ᠎ᠤ ᠬᠦᠴᠦᠨ᠎ᠢ ᠲᠥᠪᠯᠡᠷᠡᠭᠦᠯᠦᠨ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂《ᠺᠦᠨᠯᠦ᠋ᠨ 2020》ᠲᠤᠰᠬᠠᠶ ᠠᠵᠢᠯᠯᠠᠭ᠎ᠠ ᠵᠢᠨ ᠡᠨᠡ ᠬᠦ᠌ ᠬᠠᠲᠠᠭᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠤᠯᠪᠠ᠃
ᠬᠣᠶᠠᠷ᠎ᠲᠤ᠂ ᠣᠯᠠᠨ ᠰᠠᠯᠠᠭ᠎ᠠ ᠮᠥᠴᠢᠷ ᠬᠠᠮᠵᠢᠯᠴᠠᠵᠤ᠂ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠴᠡᠭᠴᠡᠯᠡᠨ ᠵᠠᠰᠠᠬᠤ ᠵᠢ ᠬᠠᠮᠲᠤᠷᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠯᠤᠭ᠎ᠠ ᠦᠷᠭᠦᠯᠵᠢᠯᠡᠨ ᠴᠢᠩᠭ᠋ᠠᠳᠬᠠᠨ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠨᠠᠪᠴᠢᠨ ᠲᠠᠮᠠᠬᠢᠨ᠎ᠤ ᠲᠣᠪᠴᠢᠶ᠎ᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠮᠵᠢᠯᠴᠠᠭ᠎ᠠ᠂ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠵᠢ ᠥᠷᠨᠢᠭᠦᠯᠪᠡ᠂ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠰᠢᠨ᠎ᠤ《ᠳᠥᠷᠪᠡᠨ ᠬᠠᠮᠤᠭ᠎ᠤᠨ ᠴᠢᠩᠭ᠎ᠠ》ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠲᠤᠰᠬᠠᠶ ᠠᠵᠢᠯᠯᠠᠭ᠎ᠠ᠂ 2020 ᠣᠨ᠎ᠤ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠢᠳᠡᠭᠡᠨ᠎ᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠬᠣᠭᠣᠯᠠᠨ ᠰᠢᠷᠡᠭᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠲᠤᠰᠬᠠᠶ ᠠᠵᠢᠯᠯᠠᠭ᠎ᠠ᠂ ᠲᠠᠮᠠᠬᠢ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ᠂ ᠲᠠᠷᠢᠶᠠᠯᠠᠩ᠎ᠤᠨ ᠬᠡᠷᠡᠭᠰᠡᠯ᠎ᠤᠨ ᠬᠠᠭᠤᠷᠮᠠᠭ᠎ᠲᠤ ᠴᠣᠬᠢᠯᠲᠠ ᠥᠭᠬᠦ ᠲᠤᠰᠬᠠᠶ ᠠᠵᠢᠯᠯᠠᠭ᠎ᠠ᠂ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠶ ᠠᠵᠢᠯᠯᠠᠭ᠎ᠠ᠂ ᠭᠠᠳᠠᠭ᠋ᠠᠳᠤ᠎ᠠᠴᠠ ᠣᠷᠣᠭᠤᠯᠤᠭᠰᠠᠨ ᠢᠳᠡᠭᠡᠨ᠎ᠢ《ᠤᠯᠤᠰ᠎ᠤᠨ ᠡᠭᠦᠳᠡ᠎ᠪᠠᠨ ᠰᠠᠬᠢᠨ ᠬᠠᠮᠠᠭ᠋ᠠᠯᠠᠬᠤ》ᠠᠵᠢᠯᠯᠠᠭ᠎ᠠ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠤᠰᠬᠠᠶ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠡᠷᠭᠡ ᠠᠯᠢ ᠣᠯᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠪᠠᠢ᠌ᠩᠭᠤᠵᠢᠭᠤᠯᠤᠨ ᠴᠣᠬᠢᠯᠲᠠ ᠥᠭᠬᠦ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ᠎ᠤ ᠠᠩᠬᠠᠷᠴᠤ ᠪᠠᠢ᠌ᠭ᠎ᠠ᠂ ᠨᠡᠢ᠌ᠭᠡᠮ᠎ᠤᠨ ᠲᠤᠰᠬᠠᠯ ᠴᠢᠩᠭ᠎ᠠ ᠪᠠᠢ᠌ᠭ᠎ᠠ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠢ᠌ᠳᠠᠯ᠎ᠢ ᠢᠮᠠᠭᠲᠠ ᠪᠠᠲᠤᠯᠠᠬᠤ ᠵᠢᠨ ᠬᠠᠮᠲᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠲᠤᠷᠰᠢᠨ ᠪᠠᠢ᠌ᠴᠠᠭ᠋ᠠᠵᠤ ᠬᠡᠷᠡᠭ ᠰᠢᠢᠳᠪᠦᠷᠢᠯᠡᠬᠦ ᠶᠠᠪᠤᠴᠠ᠎ᠳᠤ ᠢᠯᠡᠷᠡᠭᠦᠯᠦᠭᠰᠡᠨ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠢ ᠴᠠᠭ ᠲᠤᠬᠠᠶ᠎ᠳᠤᠨᠢ ᠬᠠᠷᠢᠭᠤ ᠲᠤᠰᠬᠠᠵᠤ᠂ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ ᠪᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠷᠢᠶᠡᠨ᠎ᠳᠠᠬᠢ ᠡᠬᠢ ᠡᠭᠦᠰᠦᠯ᠎ᠠᠴᠠ᠎ᠨᠢ ᠵᠠᠰᠠᠬᠤ ᠵᠢ ᠢᠳᠡᠪᠬᠢᠲᠡᠶ ᠠᠬᠢᠭᠤᠯᠵᠤ᠂ ᠬᠠᠮᠲᠤᠷᠠᠨ ᠴᠣᠬᠢᠯᠲᠠ ᠥᠭᠴᠦ ᠬᠠᠮᠲᠤᠷᠠᠨ ᠬᠥᠳᠡᠯᠦᠯᠴᠡᠬᠦ᠂ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ ᠠᠵᠢᠯ᠎ᠤᠨ ᠰᠢᠨ᠎ᠡ ᠪᠠᠢ᠌ᠷᠢᠰᠢᠯ᠎ᠢ ᠦᠨᠡᠨ ᠬᠦ᠌ ᠪᠣᠶ ᠪᠣᠯᠭ᠋ᠠᠬᠤ ᠵᠢ ᠪᠠᠢ᠌ᠷᠢᠯᠠᠭᠤᠯᠪᠠ᠃
ᠭᠤᠷᠪᠠ᠎ᠳᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠤᠬᠠᠭᠤᠯᠤᠨ ᠳᠠᠢ᠌ᠴᠢᠯᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠶ᠃ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠰᠢᠨ᠎ᠤ ᠠᠯᠪᠠᠨ ᠬᠡᠷ ᠵᠡᠷᠭᠡ ᠰᠠᠯᠠᠭ᠎ᠠ ᠮᠥᠴᠢᠷ᠎ᠤᠨ ᠨᠢᠭᠡᠳᠦᠯᠲᠡᠶ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠲᠠᠩᠨᠠᠯᠲᠠ ᠵᠢᠨ ᠶᠡᠷᠦᠩᠬᠡᠶ ᠠᠩᠭᠢ ᠵᠢᠨ᠎ᠬᠢᠨ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠲᠠᠩᠨᠠᠯᠲᠠ ᠵᠢᠨ ᠰᠠᠯᠠᠭ᠎ᠠ ᠮᠥᠴᠢᠷ᠎ᠢ ᠢᠳᠡᠪᠬᠢᠲᠡᠶ ᠪᠠᠢ᠌ᠷᠢᠯᠠᠭᠤᠯᠵᠤ ᠢᠳᠡᠭᠡᠨ᠎ᠤ ᠠᠮᠤᠷ ᠲᠦᠪᠰᠢᠨ᠎ᠤ ᠶᠠᠰᠤ ᠴᠢᠨᠠᠷ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ᠂ 2020 ᠣᠨ᠎ᠤ ᠢᠳᠡᠭᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢᠴᠢ
《ᠺᠦᠨᠯᠦ᠋ᠨ 2020》ᠲᠤᠰᠬᠠᠶ ᠠᠵᠢᠯᠯᠠᠭ᠎ᠠ ᠵᠢᠨ ᠬᠡᠷᠡᠭ᠎ᠲᠤ ᠬᠣᠯᠪᠣᠭᠳᠠᠭᠰᠠᠨ ᠡᠳ᠋ ᠪᠣᠳᠠᠰ᠎ᠢ ᠤᠰᠠᠳᠬᠠᠬᠤ ᠵᠡᠷᠭᠡ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠪᠡ᠃ ᠠᠵᠢᠯᠯᠠᠭ᠎ᠠ᠎ᠨᠢ ᠭᠣᠤᠯᠳᠠᠭᠤ《ᠰᠦᠯᠵᠢᠶ᠎ᠡ + ᠵᠠᠭᠤᠴᠢᠯᠠᠭᠤᠷ》᠂《ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ》(ᠰᠦᠯᠵᠢᠶᠡᠨ ᠳᠡᠭᠡᠷᠡᠬᠢ᠎ᠪᠠᠷ ᠭᠣᠤᠯ ᠪᠣᠯᠭ᠋ᠠᠬᠤ) ᠠᠷᠭ᠎ᠠ ᠮᠠᠶᠢᠭ ᠵᠶ᠋ᠠᠷ ᠶᠠᠪᠤᠭᠳᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ ᠤᠬᠠᠭᠤᠯᠭ᠎ᠠ ᠵᠢᠨ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠢᠭᠡᠴᠡ ᠵᠢ ᠢᠳᠡᠪᠬᠢᠲᠡᠶ᠎ᠪᠠᠷ ᠵᠣᠬᠢᠴᠠᠭᠤᠯᠤᠨ ᠰᠢᠨ᠎ᠡ ᠵᠠᠭᠤᠴᠢᠯᠠᠭᠤᠷ᠎ᠤᠨ ᠳᠠᠪᠠᠭᠤᠯᠢᠭ᠎ᠢ ᠪᠠᠳᠠᠷᠠᠭᠤᠯᠵᠤ᠂ ᠤᠬᠠᠭᠤᠯᠭ᠎ᠠ ᠭᠥᠯᠢᠶᠡᠨ ᠠᠪᠤᠭᠴᠢᠳ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠨ᠎ᠡ᠃ ᠰᠣᠩᠭᠣᠳᠠᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠬᠦ᠂ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ᠂ ᠶᠠᠯᠠᠲᠤ ᠠᠵᠢᠯᠯᠠᠭ᠎ᠠ ᠵᠢ ᠰᠦᠷᠳᠡᠭᠦᠯᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠬᠡᠷᠡᠭ᠎ᠢ ᠳᠡᠩᠨᠡᠨ ᠢᠯᠡᠷᠡᠭᠦᠯᠦᠭᠰᠡᠨ ᠪᠠᠢ᠌ᠳᠠᠯ᠎ᠢ ᠨᠡᠢ᠌ᠭᠡᠮ ᠳᠠᠶᠠᠭ᠋ᠠᠷ᠎ᠲᠤ ᠳᠡᠯᠭᠡᠨ ᠦᠵᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠢᠳᠡᠭᠡᠨ ᠪᠠ ᠡᠮ᠎ᠤᠨ ᠵᠦᠢᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠬᠡᠭᠡᠷ᠎ᠡ ᠵᠢᠨ ᠠᠮᠢᠲᠠᠨ᠎ᠤ ᠬᠦᠷᠢᠶᠡᠨ᠎ᠳᠠᠬᠢ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠡᠰ ᠵᠣᠷᠢᠭ ᠪᠠ ᠲᠣᠪᠣᠢ᠌ᠮ᠎ᠠ ᠦᠷ᠎ᠡ ᠪᠦᠲᠦᠭᠡᠯ᠎ᠢ ᠭᠦᠢᠴᠡᠳ ᠢᠯᠡᠷᠡᠭᠦᠯᠵᠦ᠂ ᠣᠯᠠᠨ ᠲᠦᠮᠡᠨ᠎ᠢ ᠢᠳᠡᠪᠬᠢᠲᠡᠶ᠎ᠪᠠᠷ ᠰᠡᠷᠡᠮᠵᠢᠯᠡᠭᠦᠯᠦᠨ ᠬᠥᠮᠦᠵᠢᠭᠦᠯᠬᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠦᠴᠦᠲᠡᠶ ᠰᠦᠷᠳᠡᠭᠦᠯᠬᠦ ᠰᠠᠢ᠌ᠨ ᠦᠷ᠎ᠡ ᠪᠦᠲᠦᠮᠵᠢ ᠤᠯᠪᠠ᠃
ᠣᠶ ᠰᠢᠭᠤᠶ᠎ᠳᠤ ᠬᠣᠯᠪᠣᠭᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ
ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠶ ᠵᠢᠨ ᠠᠮᠤᠷ ᠲᠦᠪᠰᠢᠨ ᠢ ᠡᠷᠡᠰ ᠬᠠᠮᠠᠭ᠋ᠠᠯᠠᠶ᠎ᠠ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠣᠨ ᠣᠢ ᠰᠢᠭᠤᠶ ᠵᠢᠨ
ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠡᠳ᠋ ᠳᠠᠷᠤᠭ᠎ᠠ ᠹᠧᠩ ᠬᠤ᠌
2020 ᠣᠨ ᠪᠣᠯ ᠪᠥᠬᠥ ᠤᠯᠤᠰ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠵᠢᠨ ᠵᠢᠯ ᠮᠥᠨ᠂ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠠᠢ᠌ᠭᠤᠯᠤᠯ᠎ᠤᠨ ᠲᠣᠬᠢᠷᠠᠭᠤᠯᠤᠯᠲᠠ ᠵᠢ ᠤᠷᠤᠭᠰᠢᠲᠠᠶ ᠪᠡᠶᠡᠯᠡᠭᠦᠯᠪᠡ᠃ ᠲᠡᠦᠬᠡ ᠵᠢᠨ ᠰᠢᠨ᠎ᠡ ᠭᠠᠷᠤᠭ᠎ᠠ᠎ᠳᠤ ᠵᠣᠭᠰᠣᠵᠤ᠂ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠯᠤᠰ ᠲᠥᠷᠥ᠎ᠪᠠᠷ ᠴᠠᠭᠳᠠᠭ᠎ᠠ ᠪᠠᠢ᠌ᠭᠤᠯᠬᠤ᠂ ᠴᠠᠭᠳᠠᠭ᠎ᠠ ᠵᠢ ᠴᠢᠩᠭ᠎ᠠ ᠵᠠᠰᠠᠬᠤ ᠵᠢ ᠪᠠᠷᠢᠮᠲᠠᠯᠠᠵᠤ᠂《ᠳᠥᠷᠪᠡᠨ ᠨᠢᠭᠡᠳᠦᠭᠡᠷ》᠎ᠢ ᠬᠢᠴᠢᠶᠡᠩᠭᠦᠢ᠌ᠯᠡᠨ ᠰᠠᠬᠢᠵᠤ᠂ ᠭᠣᠤᠯ ᠬᠠᠷᠢᠭᠤᠴᠠᠯᠭ᠎ᠠ ᠭᠣᠤᠯ ᠠᠵᠢᠯ᠎ᠤᠨ ᠲᠣᠭᠣᠷᠢᠨ᠎ᠳᠤ᠂ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠣᠯᠠᠨ ᠲᠥᠷᠥᠯ᠎ᠤᠨ ᠴᠠᠭᠳᠠᠭ᠋ᠠᠨ᠎ᠤ ᠬᠠᠮᠲᠤᠷᠠᠨ ᠪᠠᠢ᠌ᠯᠳᠤᠵᠤ᠂《ᠲᠤᠰᠬᠠᠢ᠌ᠵᠢᠭᠰᠠᠨ ᠲᠤᠷᠰᠢᠨ ᠪᠠᠢ᠌ᠴᠠᠭ᠋ᠠᠯᠲᠠ᠂ ᠬᠡᠪᠴᠢᠶᠡᠵᠢᠭᠰᠡᠨ ᠴᠣᠬᠢᠯᠲᠠ᠂ ᠲᠤᠭ᠋ᠠᠵᠢᠭᠤᠯᠤᠭᠰᠠᠨ ᠲᠤᠯᠭ᠋ᠠᠭᠤᠷᠢᠯᠠᠯ》᠎ᠤᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠠᠢ᠌ᠭᠤᠯᠵᠤ᠂ ᠣᠶ ᠰᠢᠭᠤᠶ ᠨᠤᠲᠤᠭ ᠪᠡᠯᠴᠢᠭᠡᠷ ᠪᠣᠯᠤᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠡᠪᠳᠡᠵᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠦᠴᠦᠲᠡᠶ ᠲᠠᠭ᠋ᠠᠷᠢᠯᠲᠠ ᠶᠠᠪᠤᠭᠤᠯᠪᠠ᠃ 2020 ᠣᠨ᠎ᠳᠤ᠂ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠯ᠎ᠡ ᠲᠥᠷᠥᠯ᠎ᠤᠨ ᠬᠡᠷᠡᠭ᠎ᠢ ᠨᠡᠢ᠌ᠲᠡ 12567 ᠭᠥᠯᠢᠶᠡᠨ ᠠᠪᠴᠤ ᠰᠢᠢᠳᠪᠦᠷᠢᠯᠡᠨ᠂ ᠡᠷᠡᠭᠦᠦ ᠵᠢᠨ ᠬᠡᠷᠡᠭ᠎ᠢ 1316 ᠵᠢ ᠳᠡᠩᠨᠡᠨ ᠰᠢᠢᠳᠪᠦᠷᠢᠯᠡᠪᠡ᠃
ᠣᠢ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠠᠯ᠎ᠠ᠎ᠪᠠᠷ᠄ ᠪᠥᠬᠥ ᠣᠷᠣᠨ᠎ᠤ ᠡᠯ᠎ᠡ ᠱᠠᠲᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠣᠶ ᠰᠢᠭᠤᠶ ᠨᠤᠲᠤᠭ ᠪᠡᠯᠴᠢᠭᠡᠷ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠣᠨᠴᠠᠯᠢᠭ᠎ᠢ ᠦᠨᠳᠦᠰᠦᠯᠡᠨ᠂ ᠬᠠᠤᠯᠢ ᠬᠡᠷᠡᠭᠵᠢᠭᠦᠯᠦᠯᠲᠡ ᠵᠢᠨ ᠬᠣᠯᠪᠣᠭ᠋ᠠᠯᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠲᠣᠮᠢᠯᠠᠭᠰᠠᠨ ᠰᠠᠯᠪᠤᠷᠢ ᠵᠢᠨ ᠠᠮᠤᠷ᠎ᠢ ᠬᠠᠮᠠᠭ᠋ᠠᠯᠠᠬᠤ ᠵᠢᠨ ᠰᠡᠷᠭᠡᠢ᠌ᠯᠡᠨ ᠡᠵᠡᠮᠳᠡᠬᠦ《ᠲᠣᠤᠷᠵᠢᠭᠤᠯᠤᠭᠰᠠᠨ》ᠳᠠᠭ᠋ᠠᠭ᠋ᠠᠴᠢᠯᠠᠯᠲᠠ ᠵᠢᠨ ᠬᠡᠰᠡᠭ ᠵᠶ᠋ᠡᠷ ᠬᠠᠮᠢᠶᠠᠷᠤᠨ ᠡᠵᠡᠮᠳᠡᠬᠦ ᠦᠢᠯᠡᠳᠦᠯ᠎ᠢ ᠭᠦᠢᠴᠡᠳ ᠪᠠᠳᠠᠷᠠᠭᠤᠯᠤᠨ᠂ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠢ᠌ᠭᠤᠯᠤᠨ ᠬᠠᠷᠢᠶᠠᠲᠤ ᠣᠷᠣᠨ᠎ᠤ ᠰᠢᠶᠠᠩ ᠪᠠᠯᠭ᠋ᠠᠰᠤ ᠠᠢ᠌ᠯ ᠲᠣᠰᠬᠣᠨ᠂ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠴᠢ ᠲᠠᠷᠢᠶᠠᠯᠠᠩ ᠮᠠᠯᠵᠢᠯ᠎ᠤᠨ ᠲᠠᠯᠠᠪᠠᠶ ᠵᠢᠨ ᠴᠢᠬ᠎ᠲᠤ ᠭᠦᠨᠵᠡᠭᠡᠢ᠌ᠷᠡᠨ ᠤᠬᠠᠭᠤᠯᠭ᠎ᠠ ᠬᠥᠮᠦᠵᠢᠯ ᠥᠷᠨᠢᠭᠦᠯᠵᠦ᠂ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠥᠷᠭᠡᠨ ᠵᠶ᠋ᠡᠷ ᠳᠠᠢ᠌ᠴᠢᠯᠠᠨ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠬᠠᠨᠳᠤᠰᠢ ᠵᠢ ᠬᠢᠨᠠᠮᠠᠭ᠋ᠠᠶ ᠵᠠᠳᠠᠯᠤᠨ ᠰᠤᠳᠤᠯᠤᠨ ᠮᠠᠭ᠋ᠠᠳᠯᠠᠵᠤ᠂ ᠴᠢᠭᠯᠡᠭᠦᠯᠦᠯᠲᠦ ᠴᠢᠨᠠᠷᠲᠠᠶ᠎ᠪᠠᠷ ᠣᠷᠣᠨ ᠪᠦᠰᠡ ᠵᠢᠨ ᠴᠢᠨᠠᠷᠲᠠᠶ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠦᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠦᠲᠦᠮᠵᠢᠲᠡᠶ ᠬᠣᠷᠢᠭᠯᠠᠪᠠ᠃ ᠪᠥᠬᠥ ᠵᠢᠯ᠎ᠳᠤ ᠣᠶ ᠰᠢᠭᠤᠶ᠎ᠳᠤ ᠬᠣᠯᠪᠣᠭᠳᠠᠭᠰᠠᠨ 12229 ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ ᠡᠭᠦᠨ᠎ᠳᠤ ᠡᠷᠡᠭᠦᠦ ᠵᠢᠨ ᠬᠡᠷᠡᠭ 1139 ᠪᠠᠢ᠌ᠵᠤ᠂ 1504 ᠪᠣᠰᠣᠭ᠎ᠠ ᠳᠥᠷᠪᠡᠯᠵᠢᠨ ᠮᠧᠲᠷ ᠣᠶ ᠮᠣᠳᠣᠨ᠎ᠤ ᠨᠥᠭᠡᠴᠡ᠂ 2 . 8 ᠲᠦᠮᠡᠨ ᠮᠥ᠍ ᠣᠢ᠌ᠲᠤ ᠭᠠᠵᠠᠷ᠎ᠢ ᠬᠣᠷᠢᠶᠠᠨ ᠠᠪᠴᠤ᠂ ᠬᠠᠤᠯᠢ ᠵᠢ ᠵᠥᠷᠢᠴᠡᠵᠦ ᠶᠠᠯ᠎ᠠ ᠬᠢᠭᠰᠡᠨ 5871 ᠬᠥᠮᠦᠨ᠎ᠢ ᠰᠢᠢᠳᠪᠦᠷᠢᠯᠡᠵᠦ᠂ ᠬᠡᠷᠡᠭ᠎ᠲᠤ ᠬᠣᠯᠪᠣᠭᠳᠠᠭᠰᠠᠨ ᠦᠨ᠎ᠡ ᠥᠷᠲᠡᠭ᠎ᠨᠢ 5 . 2 ᠳ᠋ᠦᠩᠰᠢᠭᠤᠷ ᠲᠥᠭᠥᠷᠢᠭ᠎ᠲᠤ ᠬᠦᠷᠴᠡᠶ᠃ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠣᠢ᠌ᠲᠤ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠬᠡᠷᠡᠭ᠎ᠢ ᠢᠯᠡᠷᠡᠭᠦᠯᠵᠦ᠂ ᠬᠡᠷᠡᠭ᠎ᠲᠤ ᠬᠣᠯᠪᠣᠭᠳᠠᠭᠰᠠᠨ ᠣᠢ᠌ᠲᠤ ᠭᠠᠵᠠᠷ᠎ᠤᠨ ᠲᠠᠯᠠᠪᠠᠶ 739 ᠮᠥ᠍᠎ᠳᠤ ᠬᠦᠷᠴᠡᠶ᠃ ᠲᠦᠩᠯᠢᠶᠣᠤ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠣᠶ ᠮᠣᠳᠣ ᠵᠢ ᠳᠤᠷ᠎ᠠ᠎ᠪᠠᠷ ᠵᠶ᠋ᠠᠨ ᠣᠭᠲᠣᠯᠤᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠴᠢᠩᠭ᠎ᠠ ᠰᠢᠳᠬᠡᠵᠦ᠂ ᠣᠶ ᠮᠣᠳᠣ ᠵᠢ ᠳᠤᠷ᠎ᠠ᠎ᠪᠠᠷ ᠵᠶ᠋ᠠᠨ ᠣᠭᠲᠣᠯᠤᠭᠰᠠᠨ ᠨᠢᠭᠡᠨ ᠬᠦᠨᠳᠦ ᠣᠨᠴᠠ ᠶᠡᠬᠡ ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ ᠣᠶ ᠮᠣᠳᠣᠨ᠎ᠤ ᠨᠥᠭᠡᠴᠡ ᠵᠢ 817 ᠪᠣᠰᠣᠭ᠎ᠠ ᠳᠥᠷᠪᠡᠯᠵᠢᠨ ᠮᠧᠲᠷ ᠬᠣᠷᠢᠶᠠᠨ ᠠᠪᠴᠠᠶ᠃ ᠬᠥᠯᠥᠨ ᠪᠣᠢ᠌ᠷ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠡᠮ᠎ᠳᠤ ᠣᠷᠣᠬᠤ ᠬᠡᠭᠡᠷ᠎ᠡ ᠵᠢᠨ ᠤᠷᠭᠤᠮᠠᠯ᠎ᠢ ᠬᠠᠮᠠᠭ᠋ᠠᠯᠠᠬᠤ᠎ᠪᠠᠷ ᠭᠣᠤᠯᠳᠠᠯᠭ᠎ᠠ ᠪᠣᠯᠭ᠋ᠠᠵᠤ᠂ ᠡᠮ᠎ᠳᠤ ᠣᠷᠣᠬᠤ ᠬᠡᠭᠡᠷ᠎ᠡ ᠵᠢᠨ ᠤᠷᠭᠤᠮᠠᠯ᠎ᠢ ᠬᠤᠯᠠᠭ᠋ᠠᠢ᠌ᠯᠠᠨ ᠮᠠᠯᠲᠠᠬᠤ᠂ ᠬᠤᠳᠠᠯᠳᠤᠨ ᠠᠪᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠬᠡᠭᠡᠷ᠎ᠡ ᠵᠢᠨ ᠤᠷᠭᠤᠮᠠᠯ᠎ᠢ ᠨᠡᠢ᠌ᠲᠡ 1 . 3 ᠲᠦᠮᠡ ᠭᠠᠷᠤᠶ ᠺᠢᠯᠣᠭ᠌ᠷᠠᠮ ᠬᠣᠷᠢᠶᠠᠨ ᠠᠪᠴᠠᠶ᠃
ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠠᠯ᠎ᠠ᠎ᠪᠠᠷ᠄ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠢᠭᠤᠳ ᠤᠳᠤᠷᠢᠳᠤᠯᠭ᠎ᠠ ᠪᠠ ᠵᠢᠯᠣᠭᠣᠳᠣᠯᠭ᠎ᠠ ᠳᠣᠤᠷ᠎ᠠ᠂ ᠡᠯ᠎ᠡ ᠭᠠᠵᠠᠷ᠎ᠤᠨ᠎ᠬᠢᠨ《ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ》ᠪᠠ《ᠺᠦᠨᠯᠦ᠋ᠨ 2020》ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠪᠠ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ᠂ ᠠᠵᠢᠯ᠎ᠤᠨ ᠲᠤᠰᠬᠠᠶ ᠠᠩᠭᠢ ᠪᠠᠢ᠌ᠭᠤᠯᠬᠤ᠂ ᠴᠠᠭᠳᠠᠭ᠋ᠠᠨ᠎ᠤ ᠲᠥᠷᠥᠯ᠎ᠤᠨ ᠬᠠᠮᠵᠢᠯᠴᠠᠭ᠎ᠠ ᠵᠢ ᠨᠢᠭᠲᠠᠷᠠᠭᠤᠯᠬᠤ᠂ ᠴᠣᠬᠢᠯᠲᠠ ᠥᠭᠬᠦ ᠡᠷᠴᠢᠮ᠎ᠢ ᠳᠡᠭᠡᠭᠰᠢᠯᠡᠭᠦᠯᠬᠦ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠳᠤᠷ᠎ᠠ᠎ᠪᠠᠷ ᠵᠶ᠋ᠠᠨ ᠠᠩᠨᠠᠬᠤ᠂ ᠵᠠᠬ᠎ᠠ ᠳᠡᠯᠭᠡᠭᠦᠷ ᠵᠶ᠋ᠡᠷ ᠠᠷᠠᠯᠵᠢᠶᠠᠯᠠᠬᠤ᠂ ᠲᠡᠭᠡᠭᠡᠪᠦᠷᠢᠯᠡᠨ ᠬᠦᠷᠭᠡᠬᠦ᠂ ᠦᠵᠦᠭᠦᠷ᠎ᠤᠨ ᠬᠡᠷᠡᠭᠯᠡᠭᠡᠨ ᠵᠡᠷᠭᠡ ᠳᠥᠷᠪᠡᠨ ᠰᠡᠷᠭᠡᠢ᠌ᠯᠡᠯᠲᠡ ᠵᠢᠨ ᠱᠤᠭᠤᠮ᠎ᠢ ᠴᠢᠩᠭ᠎ᠠ ᠰᠠᠬᠢᠵᠤ᠂ ᠬᠠᠤᠯᠢ ᠪᠤᠰᠤ᠎ᠪᠠᠷ ᠠᠩᠨᠠᠬᠤ᠂ ᠬᠠᠤᠯᠢ ᠪᠤᠰᠤ᠎ᠪᠠᠷ ᠬᠥᠮᠦᠨ᠎ᠤ ᠬᠦᠴᠦ᠎ᠪᠠᠷ ᠦᠷᠡᠵᠢᠭᠦᠯᠦᠨ ᠪᠣᠢ᠌ᠵᠢᠭᠤᠯᠬᠤ᠂ ᠬᠠᠤᠯᠢ ᠪᠤᠰᠤ᠎ᠪᠠᠷ ᠠᠷᠠᠯᠵᠢᠶᠠᠯᠠᠬᠤ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠲᠡᠭᠡᠭᠡᠪᠦᠷᠢᠯᠡᠬᠦ ᠳᠥᠷᠪᠡᠨ ᠲᠥᠷᠥᠯ᠎ᠤᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠰᠤᠷᠪᠤᠯᠵᠢᠯᠠᠨ ᠪᠠᠢ᠌ᠴᠠᠭ᠋ᠠᠬᠤ᠂ ᠰᠦᠯᠵᠢᠶᠡᠨ᠎ᠤ ᠠᠷᠠᠯᠵᠢᠶᠠᠨ᠎ᠤ ᠲᠠᠪᠴᠠᠩ ᠵᠶ᠋ᠠᠷ ᠳᠠᠮᠵᠢᠨ ᠡᠯ᠎ᠡ ᠲᠥᠷᠥᠯ᠎ᠤᠨ ᠮᠡᠳᠡᠭᠡ ᠵᠠᠩᠭᠢ ᠵᠢ ᠬᠢᠨᠠᠨ ᠬᠡᠮᠵᠢᠵᠦ᠂ ᠰᠤᠳᠤᠯᠤᠨ ᠮᠠᠭ᠋ᠠᠳᠯᠠᠵᠤ᠂ ᠶᠡᠬᠡ ᠬᠡᠷᠡᠭ᠎ᠤᠨ ᠪᠣᠭᠣᠮᠲᠠ ᠰᠢᠪᠲᠤᠯᠬᠤ ᠵᠢ ᠴᠢᠩᠭ᠎ᠠ ᠠᠳᠬᠤᠵᠤ᠂ ᠲᠤᠰᠬᠠᠶ ᠠᠵᠢᠯᠯᠠᠭ᠎ᠠ ᠢᠯᠡᠳᠲᠡ ᠠᠮᠵᠢᠯᠲᠠ ᠣᠯᠪᠠ᠃ ᠡᠯ᠎ᠡ ᠲᠥᠷᠥᠯ᠎ᠤᠨ ᠬᠡᠭᠡᠷ᠎ᠡ ᠵᠢᠨ ᠠᠮᠢᠲᠠᠨ᠎ᠤ ᠬᠡᠷᠡᠭ᠎ᠢ ᠨᠡᠢ᠌ᠲᠡ 338 ᠪᠠᠢ᠌ᠴᠠᠭ᠋ᠠᠨ ᠰᠢᠢᠳᠪᠦᠷᠢᠯᠡᠵᠦ᠂ ᠡᠭᠦᠨ᠎ᠳᠤ ᠡᠷᠡᠭᠦᠦ ᠵᠢᠨ ᠬᠡᠷᠡᠭ 177 ᠪᠠᠢ᠌ᠵᠤ᠂ 5899 ᠬᠡᠭᠡᠷ᠎ᠡ ᠵᠢᠨ ᠠᠮᠢᠲᠠᠨ᠎ᠢ ᠬᠣᠷᠢᠶᠠᠨ ᠠᠪᠴᠤ᠂ 3856 ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠬᠣᠷᠢᠶᠠᠨ ᠠᠪᠴᠤ᠂ 6 . 5 ᠺᠢᠯᠣᠭ᠌ᠷᠠᠮ ᠵᠠᠭ᠋ᠠᠨ᠎ᠤ ᠰᠣᠶᠣᠭ᠎ᠠ ᠵᠢᠨ ᠪᠦᠲᠦᠭᠡᠭᠳᠡᠬᠦᠨ᠎ᠢ ᠬᠣᠷᠢᠶᠠᠨ ᠠᠪᠴᠤ᠂ ᠬᠠᠤᠯᠢ ᠵᠢ ᠵᠥᠷᠢᠴᠡᠵᠦ ᠶᠠᠯ᠎ᠠ ᠬᠢᠭᠰᠡᠨ 416 ᠬᠥᠮᠦᠨ᠎ᠳᠤ ᠴᠣᠬᠢᠯᠲᠠ ᠥᠭᠴᠦ ᠰᠢᠢᠳᠪᠦᠷᠢᠯᠡᠪᠡ᠃
ᠣᠢ ᠰᠢᠭᠤᠶ ᠨᠤᠲᠤᠭ ᠪᠡᠯᠴᠢᠭᠡᠷ᠎ᠤᠨ ᠬᠠᠤᠯᠢ᠎ᠠᠴᠠ ᠵᠥᠷᠢᠴᠡᠨ ᠭᠠᠯ ᠬᠡᠷᠡᠭᠯᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠲᠠᠯ᠎ᠠ᠎ᠪᠠᠷ᠄ 2020 ᠣᠨ᠎ᠠᠴᠠ ᠨᠠᠭ᠋ᠠᠰᠢ᠂ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠥᠬᠥ ᠤᠯᠤᠰ᠎ᠤᠨ《ᠬᠣᠶᠠᠷ ᠬᠤᠷᠠᠯ》᠂《ᠬᠠᠩᠰᠢ ᠵᠢᠨ ᠡᠳᠦᠷ》᠂《ᠤᠯᠤᠰ᠎ᠤᠨ ᠪᠠᠶᠠᠷ》ᠵᠡᠷᠭᠡ ᠴᠢᠬᠤᠯᠠ ᠴᠠᠭ ᠬᠤᠭᠤᠴᠠᠭ᠋ᠠᠨ᠎ᠤ ᠵᠠᠩᠭᠢᠶᠠᠰᠤ ᠵᠢ ᠴᠢᠩᠭ᠎ᠠ ᠠᠩᠬᠠᠷᠴᠤ᠂ ᠳᠡᠭᠡᠳᠦ ᠲᠠᠰ᠎ᠤᠨ ᠦᠢᠯᠡᠴᠢᠯᠡᠭᠡ ᠵᠢ ᠦᠷᠭᠦᠯᠵᠢᠯᠡᠨ ᠡᠬᠢᠯᠡᠭᠦᠯᠵᠦ᠂ ᠰᠢᠭᠤᠢ᠌ᠲᠤ ᠣᠷᠣᠨ᠎ᠤ ᠮᠠᠯᠵᠢᠬᠤ ᠣᠷᠣᠨ᠎ᠤ ᠴᠢᠬᠤᠯᠠ ᠪᠣᠭᠣᠮᠲᠠ᠂ ᠣᠶ ᠰᠢᠭᠤᠶ ᠵᠢᠨ ᠴᠡᠴᠡᠷᠯᠢᠭ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠵᠡᠷᠭᠡ ᠭᠣᠤᠯᠳᠠᠯᠭ᠎ᠠ᠎ᠲᠠᠢ ᠭᠠᠵᠠᠷ ᠣᠷᠣᠨ ᠵᠶ᠋ᠠᠷ ᠴᠠᠭᠳᠠᠨ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠭᠠᠯ᠎ᠤᠨ ᠭᠠᠮᠰᠢᠭ᠎ᠤᠨ ᠬᠡᠮ ᠰᠣᠭᠣᠭ᠎ᠢ ᠴᠠᠭ ᠲᠤᠬᠠᠶ᠎ᠳᠤᠨᠢ ᠠᠷᠢᠯᠭ᠋ᠠᠵᠤ᠂ ᠰᠢᠭᠤᠢ᠌ᠲᠤ ᠣᠷᠣᠨ᠎ᠤ ᠨᠡᠢ᠌ᠭᠡᠮ᠎ᠤᠨ ᠡᠮᠬᠢ ᠳᠢᠭᠯᠢᠮ᠎ᠤᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠪᠠ᠃ ᠡᠯ᠎ᠡ ᠠᠢ᠌ᠮᠠᠭ ᠬᠣᠲᠠ ᠴᠥᠮ 《ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠨ ᠰᠢᠢᠳᠪᠦᠷᠢᠯᠡᠬᠦ ᠲᠥᠰᠦᠯ》᠎ᠢ ᠲᠣᠭᠲᠠᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠠᠯᠬᠤᠮ ᠠᠯᠬᠤᠮ ᠵᠶ᠋ᠠᠷ ᠳᠦᠷᠢᠮᠵᠢᠭᠦᠯᠦᠨ ᠵᠢᠷᠤᠮᠵᠢᠭᠤᠯᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠪᠠᠰᠠ ᠪᠠᠴᠢᠮ ᠪᠠᠢ᠌ᠳᠠᠯ᠎ᠢ ᠠᠷᠭ᠋ᠠᠴᠠᠬᠤ ᠲᠥᠰᠦᠯ᠎ᠲᠠᠢ ᠤᠶᠠᠯᠳᠤᠭᠤᠯᠤᠨ᠂ ᠬᠠᠮᠲᠤᠷᠠᠨ ᠪᠠᠴᠢᠮ ᠪᠠᠢ᠌ᠳᠠᠯ᠎ᠢ ᠠᠷᠭ᠋ᠠᠴᠠᠬᠤ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠪᠠᠴᠢᠮ ᠪᠠᠢ᠌ᠳᠠᠯ᠎ᠢ ᠠᠷᠭ᠋ᠠᠴᠠᠬᠤ ᠪᠣᠳᠠᠲᠤ ᠪᠠᠢ᠌ᠯᠳᠤᠭ᠋ᠠᠨ᠎ᠤ ᠰᠣᠷᠢᠯᠲᠠ ᠵᠢ ᠵᠠᠯᠭ᠋ᠠᠭ᠎ᠠ᠎ᠪᠠᠷ ᠥᠷᠨᠢᠭᠦᠯᠵᠦ᠂ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠳᠣᠪᠣᠢ᠌ᠯᠭ᠋ᠠᠨ᠂ ᠪᠠᠴᠢᠮ ᠪᠠᠢ᠌ᠳᠠᠯ᠎ᠢ ᠠᠷᠭ᠋ᠠᠴᠠᠬᠤ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠦᠨᠡᠨ ᠬᠦ᠌ ᠪᠣᠳᠠᠲᠠᠶ ᠭᠠᠵᠠᠷ᠎ᠲᠤᠨᠢ ᠨᠠᠢ᠌ᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠭᠠᠯ ᠭᠠᠷᠤᠭᠰᠠᠨ ᠭᠠᠵᠠᠷ᠎ᠢ ᠰᠡᠷᠭᠡᠢ᠌ᠯᠡᠬᠦ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ᠂ ᠠᠮᠤᠷ᠎ᠢ ᠬᠠᠮᠠᠭ᠋ᠠᠯᠠᠬᠤ ᠪᠠ ᠭᠠᠯ ᠭᠠᠷᠤᠭᠰᠠᠨ ᠬᠡᠷᠡᠭ᠎ᠢ ᠲᠠᠩᠨᠠᠨ ᠢᠯᠡᠷᠡᠭᠦᠯᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃ ᠡᠯ᠎ᠡ ᠱᠠᠲᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠭᠣᠣᠯ ᠤᠳᠤᠷᠢᠳᠤᠯᠭ᠎ᠠ ᠪᠡᠶ᠎ᠡ᠎ᠪᠠᠷ ᠵᠶ᠋ᠡᠨ ᠲᠦᠷᠦᠭᠦᠯᠡᠨ᠂ ᠲᠤᠬᠠᠶ ᠵᠢᠨ ᠭᠠᠵᠠᠷ᠎ᠲᠤᠨᠢ ᠵᠢᠯᠣᠭᠣᠳᠴᠤ᠂ ᠦᠨᠳᠦᠰᠦᠨ ᠱᠠᠲᠤ ᠪᠣᠯᠤᠨ ᠨᠢᠭᠡᠳᠦᠭᠡᠷ ᠹᠷᠣᠨᠲ᠎ᠲᠤ ᠢᠳᠡᠪᠬᠢᠲᠡᠶ᠎ᠪᠠᠷ ᠭᠦᠨᠵᠡᠭᠡᠢ᠌ᠷᠡᠨ ᠭᠠᠯ᠎ᠤᠨ ᠠᠶᠤᠯ᠎ᠤᠨ ᠬᠡᠷᠡᠭ᠎ᠢ ᠰᠡᠷᠭᠡᠢ᠌ᠯᠡᠨ ᠰᠢᠢᠳᠪᠦᠷᠢᠯᠡᠬᠦ ᠠᠵᠢᠯ᠎ᠢ ᠵᠢᠯᠣᠭᠣᠳᠬᠤ ᠬᠡᠷᠡᠭᠲᠡᠶ᠃ ᠶᠠᠪᠤᠭᠳᠠᠭᠤᠰᠢᠲᠠᠶ ᠠᠵᠢᠯ ᠵᠶ᠋ᠠᠷ ᠳᠠᠮᠵᠢᠭᠤᠯᠤᠨ᠂ ᠭᠠᠯ᠎ᠤᠨ ᠭᠠᠮᠰᠢᠭ᠎ᠤᠨ ᠬᠡᠷᠡᠭ᠎ᠢ ᠶᠡᠷᠦᠩᠬᠡᠢ᠌ᠯᠡᠨ ᠪᠠᠢ᠌ᠴᠠᠭ᠋ᠠᠨ ᠰᠢᠢᠳᠪᠦᠷᠢᠯᠡᠬᠦ ᠨᠣᠷᠮ᠎ᠠ ᠵᠢ ᠢᠯᠡᠳᠲᠡ ᠳᠡᠭᠡᠭᠰᠢᠯᠡᠭᠦᠯᠵᠦ᠂ ᠭᠠᠯ᠎ᠤᠨ ᠭᠠᠮᠰᠢᠭ᠎ᠤᠨ ᠡᠷᠡᠭᠦᠦ ᠵᠢᠨ ᠬᠡᠷᠡᠭ᠎ᠤᠨ ᠲᠣᠭ᠎ᠠ ᠢᠯᠡᠳᠲᠡ ᠪᠠᠭᠤᠷᠠᠭᠰᠠᠨ ᠪᠠᠶᠠᠷᠯᠠᠭᠤᠰᠢᠲᠠᠶ ᠪᠠᠢ᠌ᠳᠠᠯ᠎ᠢ ᠪᠡᠶᠡᠯᠡᠭᠦᠯᠪᠡ᠃ 2020 ᠣᠨ᠎ᠳᠤ᠂ ᠡᠯ᠎ᠡ ᠭᠠᠵᠠᠷ᠎ᠤᠨ᠎ᠬᠢᠨ ᠭᠠᠯ ᠲᠦᠢᠮᠡᠷ᠎ᠲᠤ ᠬᠣᠯᠪᠣᠭᠳᠠᠭᠰᠠᠨ ᠨᠡᠢ᠌ᠲᠡ 3161 ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ 2819 ᠬᠥᠮᠦᠨ ᠤᠳᠠᠭ᠎ᠠ ᠵᠢᠨ ᠵᠠᠰᠠᠭ ᠵᠠᠬᠢᠷᠭ᠋ᠠᠨ᠎ᠤ ᠰᠢᠳᠬᠡᠯ ᠥᠭᠴᠦ᠂ ᠠᠮᠤᠷ᠎ᠢ ᠬᠠᠮᠠᠭ᠋ᠠᠯᠠᠬᠤ᠎ᠪᠠᠷ 209 ᠬᠥᠮᠦᠨ᠎ᠢ ᠲᠦᠷ ᠬᠣᠷᠢᠵᠤ᠂ ᠭᠠᠯ ᠠᠯᠳᠠᠭᠰᠠᠨ 115 ᠡᠷᠡᠭᠦᠦ ᠵᠢᠨ ᠬᠡᠷᠡᠭ᠎ᠢ ᠢᠯᠡᠷᠡᠭᠦᠯᠵᠦ᠂ ᠬᠠᠤᠯᠢ ᠵᠢ ᠵᠥᠷᠢᠴᠡᠵᠦ ᠶᠠᠯ᠎ᠠ ᠬᠢᠭᠰᠡᠨ 118 ᠬᠥᠮᠦᠨ᠎ᠳᠤ ᠴᠣᠬᠢᠯᠲᠠ ᠥᠭᠴᠦ ᠰᠢᠢᠳᠪᠦᠷᠢᠯᠡᠨ᠂ ᠬᠦᠨᠳᠦ ᠣᠨᠴᠠ ᠶᠡᠬᠡ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠤᠨ ᠠᠶᠤᠯ ᠪᠠ ᠬᠥᠮᠦᠨ ᠬᠠᠷ᠎ᠠ ᠥᠭᠦᠵᠦ ᠰᠢᠷᠬᠠᠲᠤᠭᠰᠠᠨ ᠡᠨᠳᠡᠯ᠎ᠢ ᠪᠦᠲᠦᠮᠵᠢᠲᠡᠶ ᠬᠣᠷᠢᠭᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠡᠬᠡ ᠤᠯᠤᠰ᠎ᠤᠨ ᠤᠮᠠᠷᠠᠲᠤ ᠬᠢᠯᠢ ᠵᠢᠨ ᠠᠮᠢ ᠠᠬᠤᠶ ᠵᠢᠨ ᠬᠠᠯᠬᠠᠪᠴᠢ ᠵᠢᠨ ᠠᠮᠤᠷ ᠲᠦᠪᠰᠢᠨ᠎ᠢ ᠬᠦᠴᠦᠲᠡᠶ ᠪᠠᠲᠤᠯᠠᠪᠠ᠃
ᠨᠣᠭᠣᠭ᠋ᠠᠨ ᠥᠩᠭᠡ ᠪᠣᠯ ᠥᠪᠥᠷ ᠮᠣᠩᠭᠣᠯ᠎ᠤᠨ ᠳᠡᠪᠢᠰᠬᠡᠷ ᠥᠩᠭᠡ ᠪᠠ ᠦᠨ᠎ᠡ ᠥᠷᠲᠡᠭ ᠮᠥᠨ᠂ ᠠᠮᠢ ᠠᠬᠤᠶ ᠪᠣᠯ ᠥᠪᠥᠷ ᠮᠣᠩᠭᠣᠯ᠎ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ᠃ ᠬᠣᠢ᠌ᠰᠢᠳᠠ᠂ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂
《ᠠᠷᠪᠠᠨ ᠵᠢᠷᠭᠤᠭ᠋ᠠᠨ ᠥᠰᠥᠭ》᠎ᠤᠨ ᠶᠡᠷᠦᠩᠬᠡᠶ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠥᠪᠥᠷ ᠮᠣᠩᠭᠣᠯ᠎ᠤᠨ ᠠᠮᠢ ᠠᠬᠤᠶ ᠵᠢᠨ ᠠᠮᠤᠷ ᠲᠦᠪᠰᠢᠨ᠎ᠢ ᠰᠠᠢ᠌ᠲᠤᠷ ᠰᠠᠬᠢᠨ ᠬᠠᠮᠠᠭ᠋ᠠᠯᠠᠵᠤ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠣᠷᠳᠣ ᠴᠠᠭ᠋ᠠᠨ ᠬᠡᠷᠡᠮ᠎ᠢ ᠪᠠᠲᠤ ᠴᠣᠭᠴᠠᠯᠠᠨ᠎ᠠ᠃
110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠪᠣᠯᠤᠨ ᠨᠡᠢ᠌ᠭᠡᠮ᠎ᠤᠨ ᠦᠢᠯᠡᠴᠢᠯᠡᠭᠡᠨ᠎ᠤ ᠲᠠᠪᠴᠠᠩ᠎ᠢ ᠵᠥᠪ ᠣᠨᠣᠪᠴᠢᠲᠠᠶ ᠵᠦᠶ ᠵᠣᠬᠢᠰᠲᠠᠶ
ᠬᠡᠷᠡᠭᠯᠡᠵᠦ ᠣᠯᠠᠨ ᠲᠦᠮᠡᠨ᠎ᠤ ᠠᠮᠤᠷ ᠲᠦᠪᠰᠢᠨ᠎ᠤ ᠲᠥᠷᠥᠭᠳᠡᠯ ᠬᠠᠨᠤᠮᠵᠢ ᠵᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠢᠭᠤᠴᠠ ᠮᠡᠳᠡᠭᠡᠨ᠎ᠤ ᠵᠢᠯᠣᠭᠣᠳᠬᠤ
ᠲᠥᠪ᠎ᠤᠨ ᠴᠠᠭᠳᠠᠭ᠋ᠠᠨ᠎ᠤ ᠵᠢᠯᠣᠭᠣᠳᠬᠤ ᠰᠠᠯᠪᠤᠷᠢ ᠠᠩᠭᠢ ᠵᠢᠨ ᠳᠠᠷᠤᠭ᠎ᠠ ᠸᠸᠨ ᠡᠦ ᠵᠢᠤᠸᠠᠨ
2020 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 110 ᠰᠡᠷᠡᠮᠵᠢ ᠵᠢᠨ ᠳᠣᠬᠢᠶ᠎ᠠ ᠵᠢ ᠭᠥᠯᠢᠶᠡᠨ ᠠᠪᠴᠤ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 110 ᠪᠠᠴᠢᠮ ᠪᠠᠢ᠌ᠳᠠᠯ᠎ᠢ ᠠᠷᠭ᠋ᠠᠴᠠᠭ᠋ᠠᠨ ᠭᠡᠨᠡᠳᠲᠡ ᠵᠢᠨ ᠬᠡᠷᠡᠭ᠎ᠢ ᠰᠢᠢᠳᠪᠦᠷᠢᠯᠡᠬᠦ
《ᠬᠥᠨᠳᠡᠭᠦᠷ》᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ《ᠬᠥᠭᠥᠷᠭᠡᠨ ᠪᠡᠬᠢᠯᠡᠯᠲᠡ》᠂ ᠠᠮᠤᠷ᠎ᠢ ᠬᠠᠮᠠᠭ᠋ᠠᠯᠠᠬᠤ ᠰᠡᠷᠭᠡᠢ᠌ᠯᠡᠨ ᠡᠵᠡᠮᠳᠡᠬᠦ《ᠮᠡᠳᠡᠭᠡ ᠵᠠᠩᠭᠢ ᠵᠢᠨ ᠢᠷᠡᠯᠲᠡ》᠂ ᠠᠷᠠᠳ ᠣᠯᠠᠨ᠎ᠤ《ᠬᠠᠮᠠᠭ᠋ᠠᠯᠠᠭᠴᠢ》ᠵᠢᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠪᠠ᠃ ᠵᠢᠯ᠎ᠤᠨ ᠳᠣᠲᠣᠷ᠎ᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠣᠯᠠᠨ ᠲᠦᠮᠡᠨ᠎ᠤ ᠲᠦᠭᠰᠢᠭᠦᠷᠢ ᠮᠡᠳᠡᠭᠦᠯᠦᠯᠲᠡ ᠵᠢ ᠨᠡᠢ᠌ᠲᠡ 5214654 ᠲᠤᠰᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 10 . 27 %᠎ᠪᠠᠷ ᠨᠡᠮᠡᠭᠳᠡᠪᠡ; ᠬᠦᠴᠦᠨ᠎ᠲᠠᠢ ᠴᠠᠭᠳᠠᠭ᠋ᠠᠨ᠎ᠤ ᠪᠠᠢ᠌ᠳᠠᠯ 1598769᠂ ᠠᠳᠠᠯᠢ ᠬᠤᠭᠤᠴᠠᠭ᠋ᠠᠨ᠎ᠤ᠎ᠬᠢ᠎ᠠᠴᠠ 6 . 74 %᠎ᠪᠠᠷ ᠳᠡᠭᠡᠭᠰᠢᠯᠡᠪᠡ; ᠡᠷᠡᠭᠦᠦ ᠵᠢᠨ ᠬᠡᠷᠡᠭ᠎ᠤᠨ ᠲᠥᠷᠥᠯ᠎ᠤᠨ ᠴᠠᠭᠳᠠᠭ᠎ᠠ᠎ᠳᠤ ᠮᠡᠳᠡᠭᠦᠯᠦᠭᠰᠡᠨ ᠬᠡᠷᠡᠭ 50533 ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 26 . 39 %᠎ᠪᠠᠷ ᠪᠠᠭᠤᠷᠠᠵᠤ᠂ ᠠᠮᠤᠷ᠎ᠢ ᠬᠠᠮᠠᠭ᠋ᠠᠯᠠᠬᠤ ᠲᠥᠷᠥᠯ᠎ᠤᠨ ᠴᠠᠭᠳᠠᠭ᠎ᠠ᠎ᠳᠤ ᠮᠡᠳᠡᠭᠦᠯᠦᠭᠰᠡᠨ ᠬᠡᠷᠡᠭ 392538 ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 8 . 41 %᠎ᠪᠠᠷ ᠪᠠᠭᠤᠷᠠᠵᠤ᠂ ᠵᠠᠮ ᠬᠠᠷᠢᠯᠴᠠᠭ᠋ᠠᠨ᠎ᠤ ᠲᠥᠷᠥᠯ᠎ᠤᠨ ᠴᠠᠭᠳᠠᠭ᠎ᠠ᠎ᠳᠤ ᠮᠡᠳᠡᠭᠦᠯᠦᠭᠰᠡᠨ ᠬᠡᠷᠡᠭ 426390 ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2 . 29 %᠎ᠪᠠᠷ ᠪᠠᠭᠤᠷᠠᠵᠤ᠂ ᠡᠯ᠎ᠡ ᠲᠥᠷᠥᠯ᠎ᠤᠨ ᠬᠡᠷᠡᠭ ᠶᠡᠷᠦᠩᠬᠡᠶ᠎ᠳᠡᠭᠡᠨ ᠪᠠᠭᠤᠷᠠᠬᠤ ᠬᠠᠨᠳᠤᠰᠢ᠎ᠲᠠᠢ ᠪᠣᠯᠵᠣ᠂ ᠨᠡᠢ᠌ᠭᠡᠮ᠎ᠤᠨ ᠠᠮᠤᠷ ᠲᠦᠪᠰᠢᠨ᠎ᠢ ᠲᠣᠭᠲᠠᠭᠤᠨ ᠵᠶ᠋ᠠᠷ ᠡᠵᠡᠮᠳᠡᠵᠦ ᠳᠡᠢ᠌ᠯᠬᠦ᠂ ᠣᠯᠠᠨ ᠲᠦᠮᠡᠨ᠎ᠤ ᠠᠮᠤᠷ ᠲᠦᠪᠰᠢᠨ᠎ᠤ ᠲᠥᠷᠥᠭᠳᠡᠯ ᠢᠯᠡᠳᠲᠡ ᠳᠡᠭᠡᠭᠰᠢᠯᠡᠪᠡ᠃
110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠬᠢᠭᠡᠳ ᠬᠠᠮᠢᠶ᠎ᠠ ᠪᠥᠬᠥᠶ ᠨᠡᠢ᠌ᠭᠡᠮ᠎ᠤᠨ ᠦᠢᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠵᠢ ᠤᠯᠠᠮ ᠨᠢᠭᠡ ᠠᠯᠬᠤᠮ ᠲᠣᠳᠣᠷᠬᠠᠢ᠌ᠯᠠᠬᠤ ᠵᠢᠨ ᠲᠥᠯᠥᠭᠡ᠂ ᠪᠢᠳᠡ ᠡᠨᠡ ᠬᠦ᠌ ᠲᠣᠬᠢᠶᠠᠯ᠎ᠢ ᠠᠰᠢᠭᠯᠠᠨ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠲᠦᠭᠰᠢᠭᠦᠷᠢ ᠮᠡᠳᠡᠭᠦᠯᠬᠦ ᠬᠡᠪᠴᠢᠶ᠎ᠡ᠂ ᠪᠠᠴᠢᠮ ᠲᠤᠰᠠᠯᠠᠮᠵᠢ ᠭᠤᠶᠤᠴᠢᠯᠠᠬᠤ ᠬᠡᠪᠴᠢᠶ᠎ᠡ᠂ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠵᠢᠴᠢ 12345 ᠨᠡᠢ᠌ᠭᠡᠮ᠎ᠤᠨ ᠦᠢᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠬᠢᠭᠡᠳ 12348 ᠬᠠᠤᠯᠢ ᠴᠠᠭ᠋ᠠᠵᠠ ᠵᠢᠨ ᠬᠠᠯᠠᠮᠰᠢᠯ ᠤᠲᠠᠰᠤᠨ᠎ᠤ ᠲᠠᠪᠴᠠᠩ᠎ᠤᠨ ᠬᠠᠮᠲᠤᠷᠠᠨ ᠬᠥᠳᠡᠯᠦᠯᠴᠡᠬᠦ ᠬᠡᠪᠴᠢᠶ᠎ᠡ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠬᠢᠭᠡᠳ《ᠥᠨᠥᠳᠦᠷ᠎ᠤᠨ ᠲᠦᠷᠦᠭᠦᠦ ᠵᠤᠷᠪᠤᠰ》᠎ᠤᠨ ᠬᠠᠮᠲᠤᠷᠠᠯᠴᠠᠭ᠋ᠠᠨ᠎ᠤ ᠨᠡᠢ᠌ᠲᠡ ᠵᠢᠨ ᠠᠰᠠᠷᠠᠮᠵᠢ ᠵᠢᠨ ᠬᠥᠮᠦᠨ ᠡᠷᠢᠬᠦ ᠬᠡᠪᠴᠢᠶ᠎ᠡ ᠵᠢ ᠵᠠᠭᠤᠴᠢᠯᠠᠭᠤᠷ᠎ᠲᠤ ᠣᠨᠴᠠᠯᠠᠨ ᠨᠡᠢ᠌ᠲᠡᠯᠡᠪᠡ᠂ ᠥᠷᠭᠡᠨ ᠣᠯᠠᠨ ᠲᠦᠮᠡᠨ ᠵᠥᠪ ᠣᠨᠣᠪᠴᠢᠲᠠᠶ ᠬᠡᠷᠡᠭᠯᠡᠬᠦ ᠵᠢ ᠬᠦᠰᠡᠵᠦ ᠪᠠᠢ᠌ᠨ᠎ᠠ᠃
ᠨᠢᠭᠡ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠄
(ᠨᠢᠭᠡ) 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠲᠦᠭᠰᠢᠭᠦᠷᠢ ᠮᠡᠳᠡᠭᠦᠯᠬᠦ ᠵᠢ ᠬᠦᠯᠢᠶᠡᠨ ᠠᠪᠬᠤ ᠬᠦᠷᠢᠶ᠎ᠡ ᠬᠡᠪᠴᠢᠶ᠎ᠡ᠄
1 . ᠡᠷᠡᠭᠦᠦ ᠵᠢᠨ ᠬᠡᠷᠡᠭ᠎ᠤᠨ ᠲᠥᠷᠥᠯ᠎ᠤᠨ ᠴᠠᠭᠳᠠᠭ᠋ᠠᠨ᠎ᠤ ᠪᠠᠢ᠌ᠳᠠᠯ
2 . ᠠᠮᠤᠷ᠎ᠢ ᠬᠠᠮᠠᠭ᠋ᠠᠯᠠᠬᠤ ᠲᠥᠷᠥᠯ᠎ᠤᠨ ᠴᠠᠭᠳᠠᠭ᠋ᠠᠨ᠎ᠤ ᠪᠠᠢ᠌ᠳᠠᠯ
3 . ᠵᠠᠮ ᠬᠠᠷᠢᠯᠴᠠᠭ᠋ᠠᠨ᠎ᠤ ᠲᠥᠷᠥᠯ᠎ᠤᠨ ᠴᠠᠭᠳᠠᠭ᠋ᠠᠨ᠎ᠤ ᠪᠠᠢ᠌ᠳᠠᠯ
4 . ᠬᠥᠮᠦᠨ᠎ᠤ ᠪᠡᠶ᠎ᠡ᠂ ᠡᠳ᠋ ᠬᠦᠷᠦᠨᠭᠭᠡ ᠵᠢᠨ ᠠᠮᠤᠷ ᠲᠦᠪᠰᠢᠨ ᠪᠤᠶᠤ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠢ ᠰᠦᠷᠳᠡᠭᠦᠯᠬᠦ ᠬᠠᠮᠲᠤᠯᠢᠭ᠎ᠤᠨ ᠴᠢᠨᠠᠷᠲᠠᠢ ᠬᠡᠷᠡᠭ
5 . ᠠᠮᠤᠷ᠎ᠢ ᠬᠠᠮᠠᠭ᠋ᠠᠯᠠᠬᠤ ᠭᠠᠶ ᠭᠠᠮᠰᠢᠭ᠎ᠤᠨ ᠡᠨᠳᠡᠯ᠎ᠤᠨ ᠲᠥᠷᠥᠯ᠎ᠤᠨ ᠴᠠᠭᠳᠠᠭ᠋ᠠᠨ᠎ᠤ ᠪᠠᠢ᠌ᠳᠠᠯ
6 . ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠰᠢᠢ᠍ᠳᠪᠦᠷᠢᠯᠡᠬᠦ ᠴᠢᠬᠤᠯᠠᠲᠠᠢ ᠪᠤᠰᠤᠳ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠲᠠᠢ ᠬᠣᠯᠪᠣᠭᠳᠠᠬᠤ ᠲᠦᠭᠰᠢᠭᠦᠷᠢ ᠮᠡᠳᠡᠭᠡᠯᠡᠬᠦ
(ᠬᠣᠶᠠᠷ) 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠪᠠᠴᠢᠮ ᠲᠤᠰᠠᠯᠠᠮᠵᠢ ᠭᠤᠶᠤᠴᠢᠯᠠᠬᠤ ᠬᠦᠷᠢᠶ᠎ᠡ ᠬᠡᠪᠴᠢᠶ᠎ᠡ᠄
1 . ᠤᠰᠤᠨ᠎ᠳᠤ ᠴᠠᠴᠠᠬᠤ᠂ ᠠᠰᠠᠷ᠎ᠠᠴᠠ ᠤᠨᠠᠬᠤ᠂ ᠪᠡᠶ᠎ᠡ᠎ᠪᠠᠨ ᠬᠣᠣᠷᠯᠠᠬᠤ ᠵᠡᠷᠭᠡ ᠬᠥᠮᠦᠨ᠎ᠤ ᠪᠡᠶ᠎ᠡ ᠵᠢᠨ ᠠᠮᠤᠷ ᠲᠦᠪᠰᠢᠨ᠎ᠳᠤ ᠠᠶᠤᠯ ᠤᠴᠠᠷᠠᠭᠤᠯᠬᠤ ᠵᠢᠴᠢ ᠣᠯᠠᠨ ᠨᠡᠢ᠌ᠲᠡ ᠪᠤᠰᠤᠳ ᠠᠶᠤᠯ ᠲᠦᠭᠰᠢᠭᠦᠷᠢ᠎ᠳᠤ ᠤᠴᠠᠷᠠᠵᠤ᠂ ᠲᠤᠰᠠᠯᠠᠮᠵᠢ ᠦᠭᠡᠢ ᠭᠠᠭᠴᠠᠭ᠋ᠠᠷᠳᠠᠭᠰᠠᠨ ᠪᠠᠢ᠌ᠳᠠᠯ᠎ᠳᠤ ᠣᠷᠣᠭ᠋ᠠᠳ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠢ ᠵᠦᠢᠯᠡᠰ᠃
2 . ᠨᠠᠰᠤᠲᠠᠢ᠌ᠴᠤᠳ᠂ ᠬᠡᠦᠬᠡᠳ ᠵᠢᠴᠢ ᠣᠶᠣᠨ᠎ᠤ ᠰᠠᠭ᠋ᠠᠳ᠎ᠲᠠᠢ ᠬᠥᠮᠦᠰ᠂ ᠣᠶᠣᠨ ᠮᠡᠳᠡᠷᠡᠯ᠎ᠤᠨ ᠰᠠᠭ᠋ᠠᠳ᠎ᠲᠠᠢ ᠡᠪᠡᠳᠴᠢᠲᠡᠨ ᠵᠡᠷᠭᠡ ᠦᠢ᠍ᠯᠡ ᠠᠵᠢᠯᠯᠠᠭ᠎ᠠ ᠵᠢᠨ ᠴᠢᠳᠠᠪᠤᠷᠢ᠎ᠲᠠᠢ᠂ ᠢᠯᠭ᠋ᠠᠨ ᠲᠠᠨᠢᠬᠤ ᠴᠢᠳᠠᠪᠤᠷᠢ᠎ᠪᠠᠷ ᠠᠨᠠᠢ ᠬᠥᠮᠦᠰ᠎ᠤᠨ ᠲᠥᠭᠡᠷᠢᠵᠦ ᠭᠡᠭᠡᠭᠳᠡᠭᠰᠡᠨᠢ ᠣᠯᠵᠤ ᠮᠡᠳᠡᠭᠡᠳ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠪᠠᠷ ᠵᠣᠬᠢᠬᠤ ᠬᠡᠪᠴᠢᠶᠡᠨ ᠳᠣᠲᠣᠷ᠎ᠠ ᠲᠦᠷᠭᠡᠨ ᠬᠠᠪᠰᠤᠷᠤᠭᠤᠯᠤᠨ ᠡᠷᠢᠭᠦᠯᠬᠦ ᠴᠢᠬᠤᠯᠠᠲᠠᠢ ᠵᠦᠢᠯᠡᠰ᠃
3 . ᠤᠰᠤ᠂ ᠴᠠᠬᠢᠯᠭ᠋ᠠᠨ᠂ ᠲᠣᠰᠣ᠂ ᠬᠡᠢ᠂ ᠢᠯᠴᠢ ᠵᠡᠷᠭᠡ᠎ᠳᠤ ᠬᠣᠯᠪᠣᠭᠳᠠᠭᠰᠠᠨ ᠣᠯᠠᠨ ᠨᠡᠢ᠌ᠲᠡ ᠵᠢᠨ ᠲᠥᠬᠥᠭᠡᠷᠦᠮᠵᠢ᠎ᠳᠤ ᠲᠦᠭᠰᠢᠭᠦᠷᠢᠲᠦ ᠪᠠᠢ᠌ᠳᠠᠯ ᠭᠠᠷᠴᠤ᠂ ᠣᠯᠠᠨ ᠨᠡᠢ᠌ᠲᠡ ᠵᠢᠨ ᠠᠮᠤᠷ ᠲᠦᠪᠰᠢᠨ᠂ ᠬᠥᠮᠦᠨ᠎ᠤ ᠪᠡᠶ᠎ᠡ ᠪᠤᠶᠤ ᠡᠳ᠋ ᠬᠥᠷᠥᠩᠭᠡ ᠵᠢᠨ ᠠᠮᠤᠷ ᠲᠦᠪᠰᠢᠨ᠎ᠳᠤ ᠠᠶᠤᠯ ᠬᠥᠨᠥᠭᠡᠯ ᠤᠴᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠤᠷᠢᠳ ᠵᠶ᠋ᠠᠷ ᠪᠠᠴᠢᠮ ᠰᠢᠢ᠍ᠳᠪᠦᠷᠢᠯᠡᠬᠦ ᠴᠢᠬᠤᠯᠠᠲᠠᠢ ᠵᠦᠢᠯᠡᠰ᠃
4 . ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ᠎ᠤ ᠤᠷᠤᠰᠬᠠᠯ ᠵᠡᠷᠭᠡ ᠪᠠᠢ᠌ᠭ᠋ᠠᠯᠢ ᠵᠢᠨ ᠭᠠᠮᠰᠢᠭ᠎ᠤᠨ ᠠᠶᠤᠯᠲᠤ ᠪᠠᠢ᠌ᠳᠠᠯ ᠡᠭᠦᠰᠴᠦ᠂ ᠣᠯᠠᠨ ᠨᠡᠢ᠌ᠲᠡ ᠵᠢᠨ ᠠᠮᠤᠷ ᠲᠦᠪᠰᠢᠨ᠂ ᠬᠥᠮᠦᠨ᠎ᠤ ᠪᠡᠶ᠎ᠡ ᠪᠤᠶᠤ ᠡᠳ᠋ ᠬᠥᠷᠥᠩᠭᠡ ᠵᠢᠨ ᠠᠮᠤᠷ ᠲᠦᠪᠰᠢᠨ ᠪᠠ ᠦᠢᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠰᠦᠷᠳᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠠᠴᠢᠮ ᠰᠢᠢᠳᠪᠦᠷᠢᠯᠡᠯᠲᠡ᠎ᠳᠤ ᠣᠷᠣᠯᠴᠠᠬᠤ ᠴᠢᠬᠤᠯᠠᠲᠠᠶ ᠵᠦᠢᠯᠡᠰ᠃
5 . ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠰᠢᠢᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ ᠵᠦᠢᠯᠡᠰ᠃
(ᠭᠤᠷᠪᠠ) 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠵᠠᠭ᠋ᠠᠯᠳᠤᠯᠭ᠎ᠠ ᠵᠢ ᠬᠦᠯᠢᠶᠡᠨ ᠠᠪᠬᠤ ᠬᠡᠪᠴᠢᠶ᠎ᠡ᠄ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠴᠢ ᠠᠷᠠᠳ᠎ᠤᠨ ᠴᠠᠭᠳᠠᠭ᠎ᠠ ᠵᠢᠨ ᠶᠠᠭ ᠭᠠᠷᠴᠤ ᠪᠠᠢ᠌ᠭ᠎ᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ》 《ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠰᠢᠮᠳᠠᠭᠤᠯᠤᠨ ᠪᠠᠢ᠌ᠴᠠᠭ᠋ᠠᠬᠤ ᠳᠦᠷᠢᠮ》 《ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠰᠠᠬᠢᠯᠭ᠎ᠠ ᠪᠠᠲᠤ ᠵᠢᠨ ᠳᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠠᠷᠠᠳ᠎ᠤᠨ ᠴᠠᠭᠳᠠᠭ᠎ᠠ ᠵᠢᠨ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠵᠦ᠂ ᠬᠠᠤᠯᠢ᠎ᠠᠴᠠ ᠵᠥᠷᠢᠴᠡᠨ ᠡᠷᠬᠡ ᠲᠤᠰᠢᠶᠠᠯ ᠵᠶ᠋ᠠᠨ ᠬᠡᠷᠡᠭᠵᠢᠭᠦᠯᠵᠦ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠶ᠂ ᠡᠯ᠎ᠡ ᠵᠦᠢ᠍ᠯ᠎ᠤᠨ ᠬᠠᠤᠯᠢ ᠬᠡᠷᠡᠭᠵᠢᠭᠦᠯᠬᠦ᠂ ᠦᠢ᠍ᠯᠡᠴᠢᠯᠡᠬᠦ᠂ ᠵᠣᠬᠢᠶᠠᠨ ᠪᠠᠢ᠌ᠭᠤᠯᠬᠤ᠂ ᠬᠠᠮᠢᠶᠠᠷᠬᠤ ᠳᠦᠷᠢᠮ᠎ᠢ ᠵᠢᠷᠤᠮᠯᠠᠬᠤ ᠦᠭᠡᠶ ᠪᠠ ᠡᠷᠬᠢᠯᠡᠭᠰᠡᠨ ᠠᠵᠢᠯ᠎ᠤᠨ ᠶᠣᠰᠣ ᠮᠣᠷᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠃
ᠬᠣᠶᠠᠷ᠂ 12345 ᠨᠡᠢ᠌ᠭᠡᠮ᠎ᠤᠨ ᠦᠢᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠄
12345 ᠲᠠᠪᠴᠠᠩ ᠪᠣᠯ ᠬᠣᠲᠠ ᠵᠢᠨ ᠵᠠᠰᠠᠭ᠎ᠤᠨ ᠣᠷᠳᠣᠨ᠎ᠤ ᠨᠡᠢ᠌ᠭᠡᠮ᠎ᠤᠨ ᠲᠤᠰᠠᠯᠠᠮᠵᠢ ᠭᠤᠶᠤᠴᠢᠯᠠᠬᠤ ᠦᠢᠯᠡᠴᠢᠯᠡᠭᠡᠨ᠎ᠤ ᠲᠠᠪᠴᠠᠩ ᠪᠠᠢ᠌ᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠣᠯᠠᠨ ᠨᠡᠢ᠌ᠲᠡ ᠵᠢᠨ ᠦᠢᠯᠡᠴᠢᠯᠡᠭᠡᠨ᠎ᠤ ᠰᠠᠯᠠᠭ᠎ᠠ ᠮᠥᠴᠢᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠭᠦᠢᠴᠡᠳᠬᠡᠬᠦ ᠲᠠᠰ ᠳᠠᠷᠠᠭ᠋ᠠᠯᠠᠯ ᠪᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠵᠡᠷᠭᠡ ᠠᠰᠠᠭᠤᠳᠠᠯ᠎ᠳᠤ ᠬᠣᠯᠪᠣᠭᠳᠠᠭᠰᠠᠨ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ ᠪᠣᠯᠤᠨ᠎ᠠ; ᠬᠣᠲᠠ ᠵᠢᠨ ᠠᠷᠠᠳ᠎ᠤᠨ ᠠᠮᠢᠳᠤᠷᠠᠯ᠂ ᠦᠢᠯᠡᠳᠪᠦᠷᠢᠯᠡᠯ᠎ᠤᠨ ᠳᠤᠮᠳᠠ ᠲᠤᠯᠭ᠋ᠠᠷᠠᠭᠰᠠᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠪᠠ ᠣᠯᠠᠨ ᠨᠡᠢ᠌ᠲᠡ ᠵᠢᠨ ᠦᠢᠯᠡᠴᠢᠯᠡᠭᠡ᠎ᠳᠤ ᠬᠠᠷᠢᠶᠠᠯᠠᠭᠳᠠᠬᠤ ᠯᠠᠪᠯᠠᠯᠭ᠎ᠠ᠂ ᠲᠤᠰᠠᠯᠠᠮᠵᠢ ᠭᠤᠶᠤᠴᠢᠯᠠᠬᠤ ᠵᠡᠷᠭᠡ ᠡᠯ᠎ᠡ ᠲᠥᠷᠥᠯ᠎ᠤᠨ ᠴᠠᠭᠳᠠᠭ᠋ᠠᠨ᠎ᠤ ᠶᠠᠪᠤᠳᠠᠯ᠎ᠤᠨ ᠪᠤᠰᠤ ᠯᠠᠪᠯᠠᠯᠭ᠎ᠠ᠂ ᠵᠠᠭ᠋ᠠᠯᠳᠤᠯᠭ᠎ᠠ᠂ ᠲᠤᠰᠠᠯᠠᠮᠵᠢ ᠭᠤᠶᠤᠴᠢᠯᠠᠬᠤ ᠲᠥᠷᠥᠯ ᠵᠡᠷᠭᠡ ᠵᠦᠢᠯᠡᠰ᠃
ᠭᠤᠷᠪᠠ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠪᠣᠯᠤᠨ 12348 ᠬᠠᠤᠯᠢ ᠴᠠᠭ᠋ᠠᠵᠠ ᠵᠢᠨ ᠬᠠᠯᠠᠮᠰᠢᠯ ᠤᠲᠠᠰᠤᠨ᠎ᠤ ᠲᠠᠪᠴᠠᠩ᠎ᠤᠨ ᠬᠠᠮᠲᠤᠷᠠᠨ ᠬᠥᠳᠡᠯᠦᠯᠴᠡᠬᠦ ᠬᠡᠪᠴᠢᠶ᠎ᠡ ᠄
《12348》ᠪᠣᠯ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠤᠯᠭ᠎ᠠ᠎ᠠᠴᠠ ᠪᠦᠬᠦ ᠣᠷᠣᠨ᠎ᠤ ᠠᠷᠠᠳ ᠣᠯᠠᠨ᠎ᠳᠤ ᠬᠠᠨᠳᠤᠭᠤᠯᠤᠭᠰᠠᠨ ᠬᠠᠤᠯᠢ ᠴᠠᠭ᠋ᠠᠵᠠ ᠵᠢᠨ ᠯᠠᠪᠯᠠᠯᠭ᠎ᠠ ᠵᠢᠨ ᠦᠢ᠍ᠯᠡᠴᠢᠯᠡᠭᠡᠨ᠎ᠤ ᠲᠤᠰᠬᠠᠶ ᠳ᠋᠊ ᠢᠶᠠᠩᠬᠤᠸᠠ ᠪᠣᠯᠤᠨ᠎ᠠ᠂ 7 × 24 ᠴᠠᠭ᠎ᠤᠨ ᠠᠵᠢᠯ᠎ᠤᠨ ᠭᠣᠣᠯ ᠡᠭᠦᠷᠭᠡ ᠴᠢᠳᠠᠪᠤᠷᠢ᠎ᠨᠢ ᠪᠣᠯ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠯᠠᠪᠯᠠᠯᠭ᠎ᠠ ᠵᠢ ᠬᠦᠯᠢᠶᠡᠨ ᠠᠪᠴᠤ᠂ ᠠᠷᠠᠳ᠎ᠤᠨ ᠬᠣᠭᠣᠷᠣᠨᠳᠣᠬᠢ ᠵᠢᠭᠤᠷᠠᠯᠳᠤᠭ᠋ᠠᠨ᠎ᠢ ᠡᠶᠡᠳᠡᠭᠦᠯᠦᠨ ᠰᠢᠢᠳᠪᠦᠷᠢᠯᠡᠬᠦ᠎ᠳᠤ ᠬᠠᠮᠵᠢᠯᠴᠠᠵᠤ᠂ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠲᠤᠰᠬᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠤᠶᠤᠴᠢᠯᠠᠯ᠎ᠢ ᠵᠢᠯᠣᠭᠣᠳᠬᠤ ᠪᠠ ᠬᠦᠯᠢᠶᠡᠨ ᠠᠪᠬᠤ ᠶᠠᠪᠤᠳᠠᠯ ᠪᠣᠯᠤᠨ᠎ᠠ᠃《110》ᠲᠦᠭᠰᠢᠭᠦᠷᠢ ᠮᠡᠳᠡᠭᠡᠯᠡᠬᠦ ᠦᠢᠯᠡᠴᠢᠯᠡᠭᠡᠨ᠎ᠤ ᠲᠠᠪᠴᠠᠩ᠎ᠨᠢ ᠣᠷᠣᠭ ᠬᠤᠷᠢᠮ᠂ ᠬᠡᠷ ᠪᠦᠯᠢ᠂ ᠬᠥᠷᠰᠢ ᠵᠡᠷᠭᠡᠯᠡᠳᠡᠭᠡ᠂ ᠭᠡᠷ᠎ᠡ᠂ ᠥᠷᠢ ᠥᠭᠴᠡᠭᠡ᠂ ᠬᠥᠳᠡᠯᠮᠦᠷᠢ ᠵᠢᠨ ᠪᠠᠲᠤᠯᠠᠭ᠎ᠠ᠂ ᠡᠳ᠋ ᠬᠥᠷᠥᠩᠭᠡ ᠵᠠᠯᠭ᠋ᠠᠮᠵᠢᠯᠠᠬᠤ᠂ ᠠᠷᠠᠳ᠎ᠤᠨ ᠡᠶᠡᠳᠡᠭᠦᠯᠭᠡ ᠵᠡᠷᠭᠡ ᠵᠢᠭᠤᠷᠠᠯᠳᠤᠭ᠋ᠠᠨ᠎ᠤ ᠲᠥᠷᠥᠯ᠎ᠤᠨ ᠴᠠᠭᠳᠠᠭ᠋ᠠᠨ᠎ᠤ ᠶᠠᠪᠤᠳᠠᠯ᠎ᠤᠨ ᠪᠤᠰᠤ ᠲᠦᠭᠰᠢᠭᠦᠷᠢ ᠮᠡᠳᠡᠭᠡᠯᠡᠬᠦ ᠵᠢ ᠭᠤᠶᠤᠴᠢᠯᠠᠬᠤ ᠵᠢᠴᠢ ᠠᠯᠪᠠᠨ ᠭᠡᠷᠡᠴᠢᠯᠡᠭᠡ ᠬᠢᠬᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ᠂ ᠠᠷᠠᠳ᠎ᠤᠨ ᠡᠶᠡᠳᠡᠭᠦᠯᠭᠡ ᠬᠢᠬᠦ ᠵᠡᠷᠭᠡ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠲᠤᠬᠠᠢ᠌ᠯᠠᠭᠰᠠᠨ ᠠᠵᠢᠯ᠎ᠳᠤ ᠬᠣᠯᠪᠣᠭᠳᠠᠭᠰᠠᠨ ᠭᠤᠶᠤᠴᠢᠯᠠᠯ᠎ᠢ ᠭᠥᠯᠢᠶᠡᠨ ᠠᠪᠴᠤ᠂ ᠣᠯᠠᠨ ᠲᠦᠮᠡᠨ᠎ᠢ ᠬᠥᠲᠥᠯᠦᠨ ᠵᠢᠯᠣᠭᠣᠳᠴᠤ ᠪᠠᠢ᠌ᠭ᠋ᠠᠳ《12348》ᠬᠠᠯᠠᠮᠰᠢᠯ ᠤᠲᠠᠰᠤ ᠵᠢ ᠤᠲᠠᠰᠤᠳᠠᠭᠤᠯᠤᠨ ᠠᠰᠠᠭᠤᠨ ᠯᠠᠪᠯᠠᠭᠤᠯᠵᠤ ᠰᠢᠢᠳᠪᠦᠷᠢᠯᠡᠭᠦᠯᠦᠨ᠎ᠡ᠃《12348》ᠬᠠᠯᠠᠮᠰᠢᠯ ᠤᠲᠠᠰᠤ᠎ᠨᠢ ᠣᠯᠠᠨ ᠲᠦᠮᠡᠨ᠎ᠤ ᠵᠢᠭᠤᠷᠠᠯᠳᠤᠭ᠋ᠠᠨ᠎ᠢ ᠰᠢᠢᠳᠪᠦᠷᠢᠯᠡᠵᠦ ᠲᠤᠰᠠᠯᠠᠮᠵᠢ ᠭᠤᠶᠤᠴᠢᠯᠠᠬᠤ ᠦᠶ᠎ᠡ᠎ᠳᠤ᠂ ᠡᠵᠡᠮᠰᠢᠵᠦ ᠪᠠᠢ᠌ᠭ᠎ᠠ ᠠᠷᠠᠳ ᠢᠷᠭᠡᠳ᠎ᠤᠨ ᠪᠡᠶ᠎ᠡ ᠮᠠᠬᠠᠪᠣᠳ᠂ ᠡᠳ᠋ ᠬᠥᠷᠥᠩᠭᠡ ᠵᠢᠨ ᠠᠮᠤᠷ ᠲᠦᠪᠰᠢᠨ᠎ᠳᠤ ᠬᠣᠤᠷ ᠬᠥᠨᠥᠭᠡᠯ ᠤᠴᠠᠷᠠᠭᠤᠯᠵᠤ ᠮᠡᠳᠡᠬᠦ᠂ ᠨᠡᠢ᠌ᠭᠡᠮ᠎ᠤᠨ ᠣᠯᠠᠨ ᠨᠡᠢ᠌ᠲᠡ ᠵᠢᠨ ᠡᠮᠬᠢ ᠵᠢᠷᠤᠮ᠎ᠢ ᠰᠠᠮᠠᠭᠤᠷᠠᠭᠤᠯᠵᠤ ᠮᠡᠳᠡᠬᠦ ᠵᠡᠷᠭᠡ ᠲᠠᠯ᠎ᠠ᠎ᠪᠠᠷ ᠲᠤᠰᠠᠯᠠᠮᠵᠢ ᠭᠤᠶᠤᠴᠢᠯᠠᠵᠤ᠂ ᠣᠯᠠᠨ ᠲᠦᠮᠡᠨ᠎ᠢ ᠴᠠᠭ ᠲᠤᠬᠠᠶ᠎ᠳᠤᠨᠢ ᠬᠥᠲᠥᠯᠥᠨ ᠵᠢᠯᠣᠭᠣᠳᠴᠤ ᠪᠠᠢ᠌ᠭ᠋ᠠᠳ 《110》 ᠵᠢᠨ ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ᠎ᠳᠤ ᠤᠲᠠᠰᠤᠳᠠᠭᠤᠯᠤᠨ ᠰᠢᠢᠳᠪᠦᠷᠢᠯᠡᠭᠦᠯᠬᠦ ᠬᠡᠷᠡᠭᠲᠡᠶ᠃
ᠳᠥᠷᠪᠡ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠪᠣᠯᠤᠨ《ᠥᠨᠥᠳᠦᠷ᠎ᠤᠨ ᠲᠡᠷᠢᠭᠦᠨ ᠵᠤᠷᠪᠤᠰ》᠎ᠤᠨ ᠬᠠᠮᠲᠤᠷᠠᠯᠴᠠᠭ᠋ᠠᠨ᠎ᠤ ᠨᠡᠢ᠌ᠲᠡ ᠵᠢᠨ ᠠᠰᠠᠷᠠᠮᠵᠢ ᠵᠢᠨ ᠬᠥᠮᠦᠨ ᠡᠷᠢᠬᠦ ᠬᠡᠪᠴᠢᠶ᠎ᠡ ᠄
ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ 60 ᠨᠠᠰᠤᠨ᠎ᠠᠴᠠ ᠳᠡᠭᠡᠭᠰᠢᠬᠢ ᠨᠠᠰᠤᠲᠠᠨ᠂ 18 ᠨᠠᠰᠤᠨ᠎ᠠᠴᠠ ᠳᠣᠷᠣᠭᠰᠢᠬᠢ ᠨᠠᠰᠤᠨ᠎ᠳᠤ ᠥᠯᠥ ᠬᠦᠷᠦᠭᠰᠡᠳ᠂ ᠣᠶᠤᠨ ᠤᠬᠠᠭ᠋ᠠᠨ ᠪᠤᠶᠤ ᠣᠶᠤᠨ ᠮᠡᠳᠡᠷᠡᠯ᠎ᠤᠨ ᠰᠠᠭ᠋ᠠᠳ᠎ᠲᠠᠢ ᠨᠠᠰᠤᠨ᠎ᠳᠤ ᠬᠦᠷᠦᠭᠰᠡᠳ᠎ᠲᠤ ᠨᠡᠢ᠌ᠴᠡᠬᠦ ᠪᠥᠭᠡᠳ ᠡᠨᠡ ᠭᠤᠷᠪᠠᠨ ᠲᠥᠷᠥᠯ᠎ᠤᠨ ᠬᠥᠮᠦᠨ᠎ᠤ ᠲᠥᠭᠡᠷᠢᠭᠰᠡᠨ ᠴᠠᠭ᠎ᠨᠢ ᠴᠥᠮ ᠭᠤᠷᠪᠠᠨ ᠰᠠᠷ᠎ᠠ ᠵᠢᠨ ᠳᠣᠲᠣᠷᠠᠬᠢ ᠲᠥᠭᠡᠷᠢᠭᠰᠡᠨ ᠬᠥᠮᠦᠰ᠎ᠢ《ᠥᠨᠥᠳᠦᠷ᠎ᠤᠨ ᠲᠡᠷᠢᠭᠦᠨ ᠵᠤᠷᠪᠤᠰ》᠎ᠤᠨ ᠬᠥᠮᠦᠨ ᠡᠷᠢᠬᠦ ᠠᠵᠢᠯᠲᠠᠨ᠎ᠳᠤ ᠬᠦᠷᠭᠡᠵᠦ᠂ ᠭᠠᠵᠠᠷ ᠵᠦᠶ ᠵᠢᠨ ᠨᠠᠷᠢᠯᠢᠭ ᠣᠨᠣᠴᠠᠲᠠᠶ ᠣᠷᠣᠨ ᠪᠠᠢ᠌ᠷᠢ ᠵᠢᠨ ᠰᠤᠮᠤᠨ ᠴᠣᠩᠬᠣ ᠵᠢᠨ ᠮᠡᠷᠭᠡᠵᠢᠯ᠎ᠳᠡᠭᠡᠨ ᠲᠦᠰᠢᠭᠯᠡᠨ᠂ ᠲᠥᠭᠡᠷᠢᠭᠰᠡᠨ ᠨᠠᠰᠤᠲᠠᠨ᠂ ᠬᠡᠦᠬᠡᠳ ᠵᠢᠴᠢ ᠣᠶᠤᠨ ᠤᠬᠠᠭ᠋ᠠᠨ ᠣᠶᠤᠨ ᠮᠡᠳᠡᠷᠡᠯ᠎ᠤᠨ ᠰᠠᠭ᠋ᠠᠳ᠎ᠲᠠᠢ ᠬᠥᠮᠦᠰ᠎ᠤᠨ ᠬᠣᠯᠪᠣᠭᠳᠠᠯ ᠪᠥᠬᠥᠶ ᠮᠡᠳᠡᠭᠡ ᠵᠠᠩᠭᠢ ᠵᠢ ᠲᠥᠭᠡᠷᠢᠭᠰᠡᠨ ᠭᠠᠵᠠᠷ᠎ᠤᠨ ᠣᠢ᠌ᠷ᠎ᠠ ᠬᠠᠪᠢ ᠵᠢᠨ ᠥᠨᠥᠳᠦᠷ᠎ᠤᠨ ᠲᠡᠷᠢᠭᠦᠨ ᠵᠤᠷᠪᠤᠰ᠎ᠤᠨ ᠬᠡᠷᠡᠭᠯᠡᠭᠴᠢ᠎ᠳᠤ ᠬᠦᠷᠭᠡᠬᠦ ᠪᠣᠯᠤᠨ᠎ᠠ᠃ 2020 ᠣᠨ᠎ᠳᠤ ᠨᠡᠢ᠌ᠲᠡ 26 ᠰᠤᠮᠤᠨ ᠴᠣᠩᠬᠣ ᠵᠢ ᠨᠡᠢ᠌ᠲᠡᠯᠡᠵᠦ᠂ ᠵᠥᠪᠬᠡᠨ 1 ᠬᠥᠮᠦᠨ᠎ᠢ ᠡᠷᠢᠵᠦ ᠣᠯᠤᠭᠰᠠᠨ ᠥᠬᠡᠶ᠃
2021 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠨᠡᠢ᠌ᠭᠡᠮ᠎ᠤᠨ ᠲᠣᠭᠲᠠᠭᠤᠨ᠎ᠤ ᠶᠡᠬᠡ ᠲᠠᠯ᠎ᠠ ᠵᠢ ᠬᠠᠮᠠᠭ᠋ᠠᠯᠠᠬᠤ ᠵᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠣᠭ ᠰᠠᠨᠠᠭ᠎ᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠴᠠᠭᠳᠠᠭ᠋ᠠᠨ᠎ᠤ ᠶᠠᠪᠤᠳᠠᠯ᠎ᠤᠨ ᠠᠷᠠᠳ᠎ᠤᠨ ᠰᠠᠨᠠᠭ᠎ᠠ ᠵᠢᠨ ᠲᠣᠭᠣᠷᠢᠨ᠎ᠳᠤ ᠰᠢᠯᠵᠢᠬᠦ ᠵᠢ ᠪᠠᠷᠢᠮᠲᠠᠯᠠᠨ᠂ ᠠᠷᠠᠳ ᠣᠯᠠᠨ᠎ᠤ ᠰᠢᠨ᠎ᠡ ᠴᠠᠭ ᠦᠶ᠎ᠡ ᠵᠢᠨ ᠰᠠᠢ᠌ᠨ ᠰᠠᠢ᠌ᠬᠠᠨ ᠠᠮᠢᠳᠤᠷᠠᠯ᠎ᠢ ᠰᠠᠬᠢᠨ ᠬᠠᠮᠠᠭ᠋ᠠᠯᠠᠬᠤ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠠᠷᠠᠳ ᠣᠯᠠᠨ᠎ᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠬᠦ᠎ᠪᠠᠷ ᠡᠭᠦᠷᠢᠳᠡ ᠵᠢᠨ ᠬᠥᠭᠡᠭᠡᠴᠡᠯᠳᠦᠯ ᠵᠶ᠋ᠡᠨ ᠪᠣᠯᠭ᠋ᠠᠵᠤ᠂ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠳᠤ ᠵᠣᠬᠢᠴᠠᠭᠤᠯᠤᠨ᠂ ᠣᠯᠠᠨ ᠲᠦᠮᠡᠨ᠎ᠤ ᠰᠠᠨᠠᠭ᠋ᠠᠰᠢᠷᠠᠵᠤ ᠪᠠᠢ᠌ᠭ᠎ᠠ᠂ ᠠᠶᠤᠵᠤ ᠪᠠᠢ᠌ᠭ᠎ᠠ᠂ ᠬᠡᠷᠡᠭᠰᠡᠵᠦ ᠪᠠᠢ᠌ᠭ᠎ᠠ᠂ ᠬᠦᠰᠡᠵᠦ ᠪᠠᠢ᠌ᠭ᠎ᠠ ᠵᠦᠢ᠍ᠯ᠎ᠳᠤ ᠠᠩᠬᠠᠷᠤᠯ ᠵᠶ᠋ᠠᠨ ᠬᠠᠨᠳᠤᠭᠤᠯᠵᠤ᠂ ᠲᠣᠭᠣᠷᠢᠨ ᠴᠠᠭᠳᠠᠬᠤ᠂ ᠭᠥᠯᠢᠶᠡᠨ ᠠᠪᠴᠤ ᠰᠢᠢᠳᠪᠦᠷᠢᠯᠡᠬᠦ ᠪᠠ ᠰᠡᠷᠡᠮᠵᠢᠯᠡᠨ ᠰᠡᠷᠭᠡᠢ᠌ᠯᠡᠬᠦ᠎ᠠᠴᠠ ᠭᠠᠷᠳᠠᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠪᠠᠭ᠎ᠠ ᠬᠡᠷᠡᠭ᠂ ᠪᠠᠭ᠎ᠠ ᠶᠠᠪᠤᠳᠠᠯ᠂ ᠪᠠᠭ᠎ᠠ ᠶᠠᠪᠤᠳᠠᠯ ᠃
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ
ᠲᠣᠪᠴᠢᠶ᠎ᠠ《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠣᠶᠤᠨᠴᠢᠯᠠᠭᠰᠠᠨ
ᠪᠦᠷᠢᠨ ᠠᠦ᠋ᠲ᠋ᠣ᠋ ᠪᠠᠷ ᠬᠢᠯᠢ ᠪᠠᠷ ᠣᠷᠣᠵᠤ ᠭᠠᠷᠬᠤ ᠣᠶᠤᠨᠴᠢ ᠲᠢᠩᠬᠢᠮ ᠢ ᠪᠠᠢ᠌ᠭᠤᠯᠪᠠ
ᠥᠪᠡᠷᠲᠡᠭᠡᠨ ᠵᠠᠰᠠᠬᠤ ᠣᠷᠣᠨ ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ
ᠬᠠᠮᠢᠶᠠᠷᠤᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ᠎ᠤ ᠶᠠᠪᠤᠳᠠᠯ᠎ᠤᠨ ᠲᠤᠰᠬᠠᠶ ᠲᠤᠰᠢᠶᠠᠯᠲᠠᠨ ᠬᠤᠤ ᠰᠧ
ᠠᠷᠠᠳ ᠲᠦᠮᠡᠨ ᠵᠶ᠋ᠡᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠦᠢᠯᠡᠳᠦᠯᠭᠡᠵᠢᠭᠦᠯᠵᠦ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠳᠤᠷᠠᠳᠤᠭᠰᠠᠨ 《ᠨᠢᠭᠡᠯᠡ ᠤᠳᠠᠭ᠎ᠠ ᠭᠦᠶᠦᠬᠦ》 ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠣᠷᠣᠵᠤ ᠭᠠᠷᠬᠤ ᠵᠢ ᠬᠠᠮᠢᠶᠠᠷᠬᠤ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠲᠤ ᠣᠶᠤᠨᠴᠢᠯᠠᠭᠰᠠᠨ᠂ ᠥᠪᠡᠰᠦᠪᠡᠨ ᠦᠢᠯᠡᠴᠢᠯᠡᠬᠦ ᠬᠢᠯᠢ᠎ᠪᠠᠷ ᠣᠷᠣᠵᠤ ᠭᠠᠷᠬᠤ ᠣᠶᠤᠨᠴᠢ ᠲᠢᠩᠬᠢᠮ᠎ᠢ ᠪᠠᠢ᠌ᠭᠤᠯᠪᠠ᠃ ᠬᠢᠯᠢ᠎ᠪᠠᠷ ᠭᠠᠷᠴᠤ ᠣᠷᠣᠬᠤ ᠤᠶᠤᠨᠲᠤ ᠶᠡᠬᠡ ᠲᠢᠩᠬᠢᠮ᠎ᠳᠤ ᠣᠶᠤᠨᠴᠢ ᠦᠢᠯᠡᠴᠢᠯᠡᠭᠡᠨ᠎ᠤ ᠲᠣᠭᠣᠷᠢᠭ᠂ ᠣᠶᠤᠨᠴᠢ ᠭᠦᠢᠴᠡᠳᠬᠡᠬᠦ ᠲᠣᠭᠣᠷᠢᠭ ᠪᠠ ᠣᠶᠤᠨᠴᠢ ᠬᠢᠨᠠᠨ ᠰᠢᠯᠭ᠋ᠠᠬᠤ ᠲᠣᠭᠣᠷᠢᠭ ᠵᠡᠷᠭᠡ ᠭᠤᠷᠪᠠᠨ ᠣᠷᠣᠨ ᠪᠦᠰᠡ ᠵᠢ ᠳᠣᠭᠢᠷᠠᠭᠤᠯᠵᠤ᠂ ᠬᠥᠲᠥᠯᠥᠨ ᠵᠢᠯᠣᠭᠣᠳᠬᠤ᠂ ᠬᠦᠰᠦᠨᠦᠭ ᠲᠠᠭᠯᠠᠬᠤ᠂ ᠬᠡᠷᠡᠯ ᠵᠢᠷᠤᠭ ᠠᠪᠬᠤ᠂ ᠠᠮᠢᠳᠤ ᠪᠣᠳᠠᠰ᠎ᠤᠨ ᠮᠡᠳᠡᠭᠡ ᠵᠠᠩᠭᠢ ᠴᠤᠭᠯᠠᠭᠤᠯᠬᠤ᠂ ᠰᠦᠢᠳᠬᠡᠯ ᠲᠤᠰᠢᠶᠠᠬᠤ ᠵᠡᠷᠭᠡ ᠲᠤᠬᠠᠢ᠌ᠯᠠᠭᠰᠠᠨ ᠠᠵᠢᠯ᠎ᠢ ᠨᠢᠭᠡ ᠴᠣᠭᠴᠠᠵᠢᠭᠤᠯᠵᠤ᠂ ᠣᠯᠠᠨ ᠲᠦᠮᠡᠨ᠎ᠤ ᠬᠢᠯᠢ᠎ᠪᠠᠷ ᠭᠠᠷᠴᠤ ᠣᠷᠣᠬᠤ ᠭᠡᠷᠡᠴᠢ ᠦᠨᠡᠮᠯᠡᠯ ᠭᠦᠢᠴᠡᠳᠬᠡᠬᠦ᠎ᠳᠤ 《ᠨᠢᠭᠡ ᠥᠷᠲᠡᠭᠡ ᠮᠠᠶᠢᠭ》᠎ᠤᠨ ᠦᠢᠯᠡᠴᠢᠯᠡᠭᠡ ᠬᠠᠩᠭ᠋ᠠᠨ᠎ᠠ᠃
ᠬᠢᠯᠢ᠎ᠪᠠᠷ ᠣᠷᠣᠵᠤ ᠭᠠᠷᠬᠤ ᠤᠶᠤᠨᠲᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ (ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠲᠣᠭ᠋ᠠᠲᠤ)᠎ᠤᠨ 13 ᠳ᠋ᠤᠭ᠋ᠠᠷ ᠳᠠᠪᠬᠤᠷᠭ᠎ᠠ ᠵᠢᠨ ᠵᠡᠭᠦᠨ ᠲᠠᠯ᠎ᠠ᠎ᠳᠤ ᠪᠠᠢ᠌ᠷᠢᠯᠠᠵᠤ᠂ 70 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠶ᠎ᠲᠠᠢ᠂ 2020 ᠣᠨ᠎ᠤ 11 ᠳ᠋ᠦ᠍ᠭᠡᠷ ᠰᠠᠷ᠎ᠠ ᠵᠢᠨ 27᠎ᠤ ᠡᠳᠦᠷ ᠪᠥᠲᠥᠭᠡᠨ ᠪᠠᠢ᠌ᠭᠤᠯᠵᠤ ᠳᠠᠭᠤᠰᠬᠠᠭ᠋ᠠᠳ᠂ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠠᠰᠢᠭᠯᠠᠯᠲᠠ᠎ᠳᠤ ᠣᠷᠣᠪᠠ᠃
ᠨᠢᠭᠡ᠂ ᠭᠥᠯᠢᠶᠡᠨ ᠠᠪᠴᠤ ᠭᠦᠢᠴᠡᠳᠬᠡᠬᠦ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠄ ᠳᠤᠮᠳᠠᠳᠤ ᠤᠯᠤᠰ᠎ᠤᠨ ᠠᠷᠠᠳ ᠢᠷᠭᠡᠨ᠎ᠤ ᠡᠩ᠎ᠤᠨ ᠫᠠᠰᠫᠣᠷᠲ᠂ ᠰᠢᠶᠠᠩᠭ᠋ᠠᠩ ᠣᠣᠮᠧᠨ᠎ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠲᠠᠢ᠌ᠸᠠᠨ᠎ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ᠂ ᠬᠤᠭᠤᠴᠠᠭ᠎ᠠ᠎ᠨᠢ ᠥᠩᠭᠡᠷᠡᠭᠡᠳ ᠳᠠᠬᠢᠨ ᠠᠪᠬᠤ᠂ ᠰᠣᠯᠢᠵᠤ ᠣᠯᠭᠣᠬᠤ᠂ ᠨᠥᠬᠥᠵᠦ ᠣᠯᠭᠣᠬᠤ᠂ ᠴᠣᠬᠣᠯᠠᠪᠤᠷᠢᠯᠠᠬᠤ᠃
ᠭᠦᠢᠴᠡᠳᠬᠡᠬᠦ ᠡᠲᠡᠭᠡᠳ᠎ᠨᠢ ᠪᠦᠬᠦᠯᠢ 16 ᠨᠠᠰᠤᠨ᠎ᠠᠴᠠ ᠳᠣᠷᠣᠭᠰᠢᠬᠢ ᠨᠠᠰᠤᠨ᠎ᠳᠤ ᠥᠯᠥ ᠭᠦᠷᠦᠭᠰᠡᠳ᠂ ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ ᠪᠠ ᠲᠥᠷᠥ ᠵᠢᠨ ᠠᠵᠢᠯᠲᠠᠨ᠎ᠠᠴᠠ ᠭᠠᠳᠠᠨᠠᠬᠢ ᠳᠤᠮᠳᠠᠳᠤ ᠤᠯᠤᠰ᠎ᠤᠨ ᠪᠤᠰᠤᠳ ᠠᠷᠠᠳ ᠢᠷᠭᠡᠨ ᠪᠣᠯᠤᠨ᠎ᠠ᠃
ᠬᠣᠶᠠᠷ᠂ ᠭᠥᠯᠢᠶᠡᠨ ᠠᠪᠴᠤ ᠭᠦᠢᠴᠡᠳᠬᠡᠬᠦ ᠲᠤᠬᠠᠢ᠌ᠯᠠᠭᠰᠠᠨ ᠠᠵᠢᠯ᠎ᠤᠨ ᠶᠠᠪᠤᠴᠠ᠄ ᠬᠢᠯᠢ᠎ᠪᠠᠷ ᠭᠠᠷᠴᠤ ᠣᠷᠣᠬᠤ ᠤᠶᠤᠨᠲᠤ ᠶᠡᠬᠡ ᠲᠢᠩᠬᠢᠮ᠎ᠳᠤ ᠣᠶᠤᠨᠴᠢ ᠬᠥᠲᠥᠯᠥᠨ ᠵᠢᠯᠣᠭᠣᠳᠬᠤ ᠦᠢᠯᠡᠴᠢᠯᠡᠭᠡᠨ᠎ᠤ ᠲᠣᠭᠣᠷᠢᠭ᠂ ᠣᠶᠤᠨᠴᠢ ᠭᠦᠢᠴᠡᠳᠬᠡᠬᠦ ᠲᠣᠭᠣᠷᠢᠭ ᠪᠠ ᠣᠶᠤᠨᠴᠢ ᠬᠢᠨᠠᠨ ᠰᠢᠯᠭ᠋ᠠᠬᠤ ᠲᠣᠭᠣᠷᠢᠭ ᠭᠡᠬᠦ ᠭᠤᠷᠪᠠᠨ ᠣᠷᠣᠨ ᠲᠣᠭᠣᠷᠢᠭ ᠭᠠᠷᠭ᠋ᠠᠪᠠ᠃
1. ᠭᠤᠶᠤᠴᠢᠯᠠᠭᠴᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠡᠨ ᠠᠪᠴᠤ ᠣᠶᠤᠨᠴᠢ᠎ᠪᠠᠷ ᠬᠥᠲᠥᠯᠥᠨ ᠵᠢᠯᠣᠭᠣᠳᠬᠤ ᠲᠣᠭᠣᠷᠢᠭ᠎ᠲᠤ ᠬᠦᠷᠴᠦ᠂ ᠣᠶᠤᠨᠴᠢ᠎ᠪᠠᠷ ᠬᠥᠲᠥᠯᠥᠨ ᠵᠢᠯᠣᠭᠣᠳᠬᠤ ᠰᠢᠰᠲ᠋ᠧᠮ ᠵᠶ᠋ᠡᠷ ᠳᠠᠮᠵᠢᠭᠤᠯᠤᠨ ᠥᠪᠡᠰᠦᠪᠡᠨ ᠭᠦᠢᠴᠡᠳᠬᠡᠬᠦ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠤ ᠨᠡᠢ᠌ᠴᠡᠬᠦ ᠡᠰᠡᠬᠦ ᠵᠢ ᠮᠠᠭ᠋ᠠᠳᠯᠠᠨ᠎ᠠ᠃
2. ᠥᠪᠡᠰᠦᠪᠡᠨ ᠭᠦᠢᠴᠡᠳᠬᠡᠬᠦ ᠲᠤᠬᠠᠢ᠌ᠯᠠᠭᠰᠠᠨ ᠠᠵᠢᠯ᠎ᠳᠤ ᠨᠡᠢ᠌ᠴᠡᠬᠦ ᠭᠤᠶᠤᠴᠢᠯᠠᠭᠴᠢ ᠬᠠᠭ᠋ᠠᠯᠲᠠ ᠵᠢᠨ ᠠᠮᠠᠰᠠᠷ ᠵᠶ᠋ᠠᠷ ᠳᠡᠮᠵᠢᠨ ᠣᠶᠤᠨᠴᠢ ᠭᠦᠢᠴᠡᠳᠬᠡᠬᠦ ᠲᠣᠭᠣᠷᠢᠭ᠎ᠲᠤ ᠣᠷᠣᠵᠤ᠂ ᠥᠪᠡᠰᠦᠪᠡᠨ ᠭᠦᠢᠴᠡᠳᠬᠡᠬᠦ ᠨᠢᠭᠡ ᠴᠣᠭᠴᠠᠲᠤ ᠮᠠᠰᠢᠨ ᠳᠡᠭᠡᠷ᠎ᠡ ᠳᠣᠤᠷᠠᠬᠢ 9 ᠵᠦᠢᠯ᠎ᠤᠨ ᠠᠭᠤᠯᠭ᠎ᠠ ᠵᠢ ᠪᠡᠶᠡᠯᠡᠭᠦᠯᠦᠨ᠎ᠡ᠄ ᠦᠨᠡᠮᠯᠡᠯ ᠭᠦᠢᠴᠡᠳᠬᠡᠬᠦ ᠲᠥᠷᠥᠯ ᠵᠦᠢᠯ᠎ᠢ ᠬᠠᠷᠭᠤᠭᠤᠯᠬᠤ᠂ ᠦᠨᠡᠮᠯᠡᠯ ᠦᠢᠯᠡᠳᠬᠦ ᠬᠡᠷᠡᠯ ᠵᠢᠷᠤᠭ᠎ᠢ ᠰᠡᠭᠦᠳᠡᠷᠯᠡᠬᠦ᠂ ᠬᠤᠷᠤᠭᠤᠨ ᠣᠷᠣᠮ᠎ᠢ ᠴᠤᠭᠯᠠᠭᠤᠯᠬᠤ᠂ ᠣᠪᠣᠭ ᠨᠡᠷ᠎ᠡ ᠵᠢᠴᠢ ᠠᠪᠢᠶ᠎ᠠ ᠵᠢ ᠬᠠᠷᠭᠤᠭᠤᠯᠬᠤ᠂ ᠴᠣᠬᠣᠯᠠᠪᠤᠷᠢ ᠵᠢ ᠰᠣᠩᠭᠣᠬᠤ᠂ ᠪᠠᠴᠢᠮ ᠬᠠᠷᠢᠯᠴᠠᠬᠤ ᠬᠥᠮᠦᠨ᠎ᠢ ᠣᠷᠣᠭᠤᠯᠬᠤ᠂ ᠲᠦᠷᠭᠡᠨ ᠢᠯᠡᠭᠡᠯᠲᠡ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠭᠤᠶᠤᠴᠢᠯᠠᠯ᠎ᠤᠨ ᠮᠡᠳᠡᠭᠡ ᠵᠠᠩᠭᠢ ᠵᠢ ᠨᠤᠲᠠᠯᠠᠬᠤ᠂ ᠭᠠᠷᠤᠨ ᠥᠰᠥᠭ ᠵᠢᠷᠤᠬᠤ ᠵᠡᠷᠭᠡ ᠵᠢ ᠪᠠᠭᠲᠠᠭ᠋ᠠᠨ᠎ᠠ᠃
3. ᠣᠶᠤᠨᠴᠢ ᠭᠦᠢᠴᠡᠳᠬᠡᠬᠦ ᠲᠣᠭᠣᠷᠢᠭ ᠤᠨ ᠲᠤᠬᠠᠢ᠌ᠯᠠᠭᠰᠠᠨ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠭᠤᠶᠤᠴᠢᠯᠠᠭᠴᠢ ᠣᠶᠤᠨᠴᠢ ᠬᠢᠨᠠᠨ ᠰᠢᠯᠭ᠋ᠠᠬᠤ ᠲᠣᠭᠣᠷᠢᠭ᠎ᠲᠤ ᠬᠦᠷᠴᠦ᠂ ᠠᠷᠠᠳ᠎ᠤᠨ ᠴᠠᠭᠳᠠᠭ᠎ᠠ ᠭᠤᠶᠤᠴᠢᠯᠠᠭᠴᠢ᠎ᠲᠠᠢ ᠠᠭᠤᠯᠵᠠᠵᠤ᠂ ᠣᠶᠤᠨᠴᠢ ᠬᠢᠨᠠᠨ ᠰᠢᠯᠭ᠋ᠠᠬᠤ ᠰᠢᠰᠲ᠋ᠧᠮ ᠵᠶ᠋ᠡᠷ ᠳᠠᠮᠵᠢᠭᠤᠯᠤᠨ ᠬᠣᠶᠠᠳᠠᠬᠢ ᠤᠳᠠᠭ᠎ᠠ ᠬᠤᠷᠤᠭᠤᠨ ᠣᠷᠣᠮ ᠴᠤᠭᠯᠠᠭᠤᠯᠵᠤ᠂ ᠲᠤᠬᠠᠶ ᠵᠢᠨ ᠲᠠᠯᠠᠪᠤᠷ᠎ᠲᠤ ᠬᠥᠮᠦᠨ᠎ᠤ ᠬᠥᠷᠥᠭ᠎ᠢ ᠬᠠᠷᠭᠤᠭᠤᠯᠵᠤ᠂ ᠬᠢᠨᠠᠨ ᠰᠢᠯᠭ᠋ᠠᠬᠤ ᠰᠢᠰᠲ᠋ᠧᠮ᠎ᠢ ᠪᠠᠲᠤᠯᠠᠭᠰᠠᠨ᠎ᠤ ᠳᠠᠷᠠᠭ᠎ᠠ᠂ ᠭᠤᠶᠤᠴᠢᠯᠠᠭᠴᠢ᠎ᠠᠴᠠ ᠰᠦᠢᠳᠬᠡᠯ ᠲᠤᠰᠢᠶᠠᠵᠤ᠂ ᠭᠦᠢᠴᠡᠳᠬᠡᠵᠦ ᠳᠠᠭᠤᠰᠬᠠᠨ᠎ᠠ᠃
ᠡᠯᠧᠺᠳ᠋ᠷᠣᠨ ᠪᠦᠲᠦᠭᠡᠭᠳᠡᠬᠦᠨ᠎ᠢ ᠪᠣᠯᠪᠠᠰᠤᠷᠠᠩᠭᠤᠶ ᠠᠵᠢᠯᠯᠠᠭᠤᠯᠬᠤ ᠭᠤᠶᠤᠴᠢᠯᠠᠭᠴᠢ᠂ ᠥᠪᠡᠷ ᠵᠶ᠋ᠡᠷ ᠬᠦᠯᠢᠶᠡᠨ ᠠᠪᠴᠤ ᠰᠢᠢᠳᠪᠦᠷᠢᠯᠡᠬᠦ ᠴᠠᠭ᠎ᠨᠢ 5 ᠮᠢᠨᠦ᠋ᠲ ᠣᠷᠴᠢᠮ; ᠡᠯᠧᠺᠲᠷᠣᠨ ᠦᠢᠯᠡᠳᠬᠦᠨ᠎ᠨᠢ ᠨᠡᠯᠢᠶᠡᠳ ᠲᠠᠨᠢᠯ ᠪᠤᠰᠤ ᠭᠤᠶᠤᠴᠢᠯᠠᠭᠴᠢ ᠵᠢᠨ ᠥᠪᠡᠰᠦᠪᠡᠨ ᠭᠥᠯᠢᠶᠡᠨ ᠠᠪᠴᠤ ᠰᠢᠢᠳᠪᠦᠷᠢᠯᠡᠬᠦ ᠴᠠᠭ᠎ᠨᠢ 10᠎ᠠᠴᠠ 15 ᠮᠢᠨᠦ᠋ᠲ ᠣᠷᠴᠢᠮ ᠪᠠᠢ᠌ᠳᠠᠭ᠃
ᠭᠤᠷᠪᠠ᠂ ᠰᠦᠢᠳᠬᠡᠯ ᠲᠤᠰᠢᠶᠠᠬᠤ ᠠᠷᠭ᠎ᠠ ᠮᠠᠶᠢᠭ᠄ ᠸᠢᠴᠠᠲ᠂ ᠲᠣᠭ᠋ᠠᠴᠠᠭ᠎ᠠ ᠡᠷᠳᠡᠨᠢ ᠬᠣᠶᠠᠷ ᠬᠡᠮᠵᠢᠯᠳᠦ ᠺᠣᠳ᠋᠎ᠢ ᠰᠢᠷᠪᠢᠬᠦ᠂ ᠪᠠᠩᠬᠢ ᠵᠢᠨ ᠺᠠᠷᠲ ᠵᠶ᠋ᠠᠷ ᠲᠣᠭ᠋ᠠᠴᠠᠭ᠎ᠠ ᠬᠢᠬᠦ ᠪᠠ ᠪᠡᠯᠡᠨ ᠵᠣᠭᠣᠰ ᠵᠶ᠋ᠠᠷ ᠲᠣᠭ᠋ᠠᠴᠠᠭ᠎ᠠ ᠬᠢᠬᠦ ᠳᠥᠷᠪᠡᠨ ᠵᠦᠢᠯ᠎ᠤᠨ ᠠᠷᠭ᠎ᠠ ᠮᠠᠶᠢᠭ᠎ᠨᠢ ᠴᠥᠮ ᠰᠦᠢᠳᠬᠡᠯ ᠲᠤᠰᠢᠶᠠᠬᠤ ᠵᠢ ᠪᠡᠶᠡᠯᠡᠭᠦᠯᠵᠦ ᠪᠣᠯᠤᠨ᠎ᠠ᠃
ᠣᠯᠠᠨ ᠲᠦᠮᠡᠨ ᠥᠪᠡᠰᠦᠪᠡᠨ ᠭᠥᠯᠢᠶᠡᠨ ᠠᠪᠴᠤ ᠭᠦᠢᠴᠡᠳᠬᠡᠬᠦ᠎ᠳᠤ ᠬᠡᠷᠡᠭᠰᠡᠬᠦ ᠲᠤᠬᠠᠢ᠌ᠯᠠᠭᠰᠠᠨ ᠠᠵᠢᠯ ᠵᠶ᠋ᠠᠷ ᠳᠠᠮᠵᠢᠭᠤᠯᠤᠨ᠂ ᠣᠶᠤᠨᠴᠢᠯᠠᠭᠰᠠᠨ ᠡᠮᠦᠨ᠎ᠡ ᠦᠵᠦᠭᠦᠷ᠎ᠤᠨ ᠲᠣᠭ᠎ᠠ ᠪᠠᠷᠢᠮᠲᠠ ᠵᠢ ᠴᠤᠭᠯᠠᠭᠤᠯᠬᠤ᠂ ᠠᠷᠤ ᠲᠠᠪᠴᠠᠩ᠎ᠤᠨ ᠲᠣᠭ᠎ᠠ ᠪᠠᠷᠢᠮᠲᠠ ᠵᠢ ᠵᠠᠰᠠᠬᠤ᠂ ᠭᠠᠳᠠᠷ ᠲᠠᠯ᠎ᠠ ᠵᠢᠨ ᠰᠢᠰᠲ᠋ᠧᠮ᠎ᠯᠦᠭᠡ ᠬᠣᠯᠪᠣᠭ᠋ᠠᠯᠠᠨ ᠬᠥᠳᠡᠯᠦᠯᠴᠡᠬᠦ᠎ᠪᠠᠷ ᠳᠠᠮᠵᠢᠭᠤᠯᠤᠨ᠂ ᠤᠯᠠᠮᠵᠢᠯᠠᠯᠲᠤ ᠴᠣᠩᠬᠤᠪᠴᠢ᠎ᠪᠠᠷ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠳᠣᠤᠷᠠᠬᠢ ᠴᠠᠭ᠋ᠠᠰᠤᠨ ᠮᠠᠲ᠋ᠧᠷᠢᠶᠠᠯ ᠣᠯᠠᠨ᠂ ᠮᠡᠳᠡᠭᠡ ᠵᠠᠩᠭᠢ ᠵᠢ ᠬᠠᠷᠭᠤᠭᠤᠯᠤᠨ ᠪᠠᠢ᠌ᠴᠠᠭ᠋ᠠᠬᠤ᠎ᠳᠤ ᠠᠮᠠᠷᠬᠠᠨ ᠠᠯᠳᠠᠭ᠎ᠠ ᠪᠤᠷᠤᠭᠤ ᠭᠠᠷᠬᠤ᠂ ᠲᠣᠭ᠎ᠠ ᠪᠠᠷᠢᠮᠲᠠ ᠵᠢ ᠰᠢᠯᠵᠢᠭᠦᠯᠬᠦ ᠦᠷ᠎ᠡ ᠪᠦᠲᠦᠮᠵᠢ᠎ᠪᠠᠷ ᠳᠣᠤᠷ᠎ᠠ ᠪᠠᠢ᠌ᠭ᠎ᠠ ᠬᠦᠴᠢᠷᠳᠡᠯ᠎ᠢ ᠪᠦᠲᠦᠮᠵᠢᠲᠡᠶ ᠬᠤᠪᠢᠷᠠᠭᠤᠯᠵᠤ᠂ ᠴᠠᠭᠳᠠᠭ᠋ᠠᠨ᠎ᠤ ᠬᠦᠴᠦᠨ᠎ᠢ ᠪᠦᠲᠦᠮᠵᠢᠲᠡᠶ ᠴᠢᠯᠥᠭᠡᠯᠡᠭᠰᠡᠨ ᠵᠶ᠋ᠡᠷ ᠪᠠᠷᠠᠬᠤ ᠥᠬᠡᠶ᠂ ᠪᠠᠰᠠ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠬᠡᠬᠦ᠎ᠳᠤ ᠲᠥᠬᠥᠮ ᠦᠵᠡᠭᠦᠯᠪᠡ᠃ ᠤᠶᠤᠨᠲᠤ ᠦᠵᠦᠭᠦᠷ ᠲᠥᠬᠥᠭᠡᠷᠦᠮᠵᠢ᠎ᠨᠢ ᠪᠦᠲᠦᠮᠵᠢᠲᠡᠶ ᠡᠮᠬᠢᠯᠡᠨ ᠨᠡᠢ᠌ᠯᠡᠭᠦᠯᠵᠦ ᠬᠥᠲᠥᠯᠥᠨ ᠵᠢᠯᠣᠭᠣᠳᠬᠤ᠂ ᠬᠦᠰᠦᠨᠦᠭᠲᠦ ᠲᠠᠭᠯᠠᠬᠤ᠂ ᠬᠡᠷᠡᠯ ᠵᠢᠷᠤᠭ ᠲᠠᠲᠠᠬᠤ᠂ ᠠᠮᠢᠳᠤ ᠪᠣᠳᠠᠰ᠎ᠤᠨ ᠮᠡᠳᠡᠭᠡ ᠵᠠᠩᠭᠢ ᠴᠤᠭᠯᠠᠭᠤᠯᠬᠤ (ᠬᠤᠷᠤᠭᠤᠨ ᠣᠷᠣᠮ ᠵᠢᠴᠢ ᠭᠠᠷᠤᠨ ᠥᠰᠥᠭ ᠵᠢᠷᠤᠬᠤ)᠂ ᠰᠦᠢᠳᠬᠡᠯ ᠲᠤᠰᠢᠶᠠᠬᠤ᠂ ᠲᠦᠷᠭᠡᠨ ᠬᠦᠷᠭᠡᠯᠲᠡ ᠵᠡᠷᠭᠡ ᠲᠤᠬᠠᠢ᠌ᠯᠠᠭᠰᠠᠨ ᠠᠵᠢᠯ᠎ᠢ ᠡᠮᠬᠢᠯᠡᠨ ᠨᠡᠢ᠌ᠯᠡᠭᠦᠯᠵᠦ᠂《ᠨᠢᠭᠡ ᠥᠷᠲᠡᠭᠡ᠎ᠳᠤ ᠭᠦᠢᠴᠡᠳᠬᠡᠬᠦ》᠂《ᠨᠢᠭᠡ ᠰᠢᠷᠡᠭᠡ ᠵᠢ ᠪᠦᠷᠢᠨ ᠭᠦᠢᠴᠡᠳᠬᠡᠬᠦ》 ᠵᠢ ᠪᠡᠶᠡᠯᠡᠭᠦᠯᠬᠦ ᠵᠢ ᠠᠬᠢᠭᠤᠯᠬᠤ᠎ᠨᠢ ᠭᠤᠶᠤᠴᠢᠯᠠᠭᠴᠢ ᠵᠢᠨ ᠦᠢᠯᠡᠴᠢᠯᠡᠭᠡᠨ᠎ᠤ ᠲᠢᠩᠬᠢᠮ᠎ᠳᠤ ᠣᠯᠠᠨ ᠤᠳᠠᠭ᠎ᠠ ᠮᠥᠷᠯᠡᠬᠦ᠂ ᠣᠯᠠᠨ ᠴᠣᠩᠬᠤᠪᠴᠢ᠎ᠪᠠᠷ ᠭᠦᠶᠦᠬᠦ᠂ ᠬᠦᠯᠢᠶᠡᠬᠦ ᠴᠠᠭ᠎ᠨᠢ ᠣᠷᠳᠣ ᠪᠠᠢ᠌ᠬᠤ ᠠᠰᠠᠭᠤᠳᠠᠯ᠎ᠢ ᠰᠢᠢᠳᠪᠦᠷᠢᠯᠡᠵᠦ᠂ ᠬᠠᠮᠤᠭ᠎ᠤᠨ ᠶᠡᠬᠡ ᠬᠡᠮᠵᠢᠶ᠎ᠡ᠎ᠪᠠᠷ ᠠᠷᠠᠳ᠎ᠲᠤ ᠲᠥᠬᠥᠮ ᠦᠵᠡᠭᠦᠯᠵᠦ ᠠᠰᠢᠭ ᠬᠦᠷᠲᠡᠭᠡᠬᠦ ᠪᠣᠯᠤᠨ᠎ᠠ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠲᠣᠪᠴᠢᠶ᠎ᠠ《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠠᠷᠠᠯᠵᠢᠶ᠎ᠠ ᠡᠵᠡᠩᠨᠡᠬᠦ ᠣᠷᠴᠢᠨ᠎ᠢ ᠰᠢᠯᠢᠳᠡᠭᠵᠢᠭᠦᠯᠬᠦ ᠲᠤᠬᠠᠶ ᠡᠯ᠎ᠡ ᠵᠦᠢᠯ᠎ᠤᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠦᠷᠭᠦᠯᠵᠢᠯᠡᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠠᠷᠠᠳ ᠲᠦᠮᠡᠨ᠎ᠳᠤ ᠦᠢᠯᠡᠴᠢᠯᠡᠬᠦ ᠬᠠᠤᠯᠢ ᠬᠡᠷᠡᠭᠵᠢᠭᠦᠯᠬᠦ ᠣᠢ᠌ᠯᠠᠭ᠋ᠠᠭᠳᠠᠬᠤᠨ᠎ᠢ ᠶᠡᠬᠡ᠎ᠪᠠᠷ ᠪᠠᠳᠠᠷᠠᠭᠤᠯᠵᠤ᠂ ᠬᠢᠯᠢ᠎ᠪᠠᠷ ᠣᠷᠣᠵᠤ ᠭᠠᠷᠬᠤ ᠦᠨᠡᠮᠯᠡᠯ᠎ᠢ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ᠎ᠤᠨ ᠰᠢᠨ᠎ᠡ ᠵᠢ ᠡᠭᠦᠳᠦᠨ ᠬᠥᠭᠵᠢᠭᠦᠯᠬᠦ᠎ᠪᠠᠷ ᠴᠢᠷᠮᠠᠢ᠌ᠵᠤ᠂ ᠣᠯᠠᠨ ᠲᠦᠮᠡᠨ᠎ᠳᠤ ᠨᠠᠩ ᠴᠢᠨᠠᠷ ᠰᠠᠢ᠌ᠲᠠᠶ ᠳᠥᠭᠥᠮ ᠳᠥᠲᠡ ᠦᠢᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ ᠵᠣᠯ ᠵᠢᠷᠭ᠋ᠠᠯᠲᠤ ᠲᠥᠷᠥᠭᠳᠡᠯ᠂ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
《ᠺᠦᠨᠯᠦ᠋ᠨ 2020》ᠲᠤᠰᠬᠠᠶ ᠠᠵᠢᠯᠯᠠᠭ᠎ᠠ᠂ 2020 ᠣᠨ᠎ᠤ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ
ᠬᠠᠮᠠᠭ᠋ᠠᠯᠠᠬᠤ ᠠᠵᠢᠯ ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠵᠡᠷᠭᠡ ᠠᠵᠢᠯ ᠤᠨ ᠰᠣᠨᠢᠨ ᠮᠡᠳᠡᠭᠡ
ᠨᠡᠢ᠌ᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠳᠤᠮᠳᠠᠳᠤ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠰᠣᠨᠢᠨ᠎ᠤ ᠰᠤᠷᠪᠤᠯᠵᠢᠯᠠᠭᠴᠢ᠄ ᠲᠠᠷᠠᠭ᠋ᠠᠴᠢ ᠵᠢᠨ ᠠᠯᠬᠤᠮ᠎ᠳᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠢᠳᠡᠭᠡᠨ ᠪᠠ ᠡᠮ᠎ᠤᠨ ᠵᠦᠢᠯᠡᠰ᠎ᠢ ᠲᠣᠭᠣᠷᠢᠨ ᠳᠡᠩᠨᠡᠨ ᠪᠠᠢ᠌ᠴᠠᠭ᠋ᠠᠬᠤ ᠶᠡᠷᠦᠩᠬᠡᠶ ᠠᠩᠭᠢ 《ᠺᠦᠨᠯᠦ᠋ᠨᠤ ᠠᠵᠢᠯᠯᠠᠭ᠎ᠠ》 ᠵᠢᠨ ᠦᠷ᠎ᠡ ᠪᠦᠲᠦᠭᠡᠯ᠎ᠢ ᠬᠡᠷᠬᠢᠨ ᠥᠷᠭᠡᠳᠬᠡᠬᠦ ᠲᠤᠬᠠᠶ ᠶᠠᠮᠠᠷ ᠶᠠᠮᠠᠷ ᠠᠩᠬ᠎ᠠ ᠠᠯᠬᠤᠮ᠎ᠤᠨ ᠪᠣᠳᠣᠯ ᠪᠠ ᠲᠥᠯᠥᠪᠯᠡᠭᠡ ᠪᠠᠢ᠌ᠬᠤ ᠪᠣᠶ?
ᠵᠣᠣ ᠢᠦ᠋ᠶ ᠾᠧ᠄ ᠲᠠᠷᠠᠭ᠋ᠠᠴᠢ ᠵᠢᠨ ᠠᠯᠬᠤᠮ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠢ᠌ᠳᠠᠯ᠎ᠢ ᠦᠷᠭᠦᠯᠵᠢᠯᠡᠨ ᠪᠠᠲᠤᠯᠠᠨ᠎ᠠ᠂ ᠨᠢᠭᠡ᠎ᠳᠤ ᠡᠬᠢ ᠡᠭᠦᠰᠦᠯ᠎ᠠᠴᠠ᠎ᠨᠢ ᠪᠠᠢ᠌ᠴᠠᠭ᠋ᠠᠬᠤ᠂ ᠲᠣᠤᠷ ᠰᠦᠯᠵᠢᠶ᠎ᠡ ᠵᠢ ᠲᠠᠰᠤᠯᠬᠤ᠂ ᠬᠡᠯᠬᠢᠶ᠎ᠡ ᠵᠢ ᠮᠠᠯᠲᠠᠬᠤ᠂ ᠡᠭᠦᠷ᠎ᠢ ᠠᠷᠢᠯᠭ᠋ᠠᠬᠤ᠂ ᠪᠠᠯᠠ ᠮᠥᠩᠭᠥ ᠲᠤᠰᠢᠶᠠᠬᠤ᠂ ᠪᠦᠯᠦᠭᠯᠡᠯ᠎ᠳᠤ ᠴᠣᠬᠢᠯᠲᠠ ᠥᠭᠬᠦ ᠵᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠭᠦᠨᠵᠡᠭᠡᠶ ᠠᠭᠤᠳᠠᠯᠵᠤ᠂ ᠲᠤᠢ᠌ᠯᠪᠤᠷᠢᠲᠠᠶ ᠪᠠᠢ᠌ᠴᠠᠭ᠋ᠠᠵᠤ᠂ ᠴᠣᠬᠢᠯᠲᠠ ᠥᠭᠭᠦᠨ᠎ᠡ᠃ ᠬᠣᠶᠠᠷ᠎ᠲᠤ ᠬᠣᠯᠪᠣᠭᠳᠠᠯ ᠪᠦᠬᠦᠢ ᠤᠬᠠᠭᠤᠯᠭ᠎ᠠ ᠵᠢᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢᠨ ᠪᠣᠷᠣ ᠲᠥᠯᠥᠪ᠎ᠤᠨ ᠳᠣᠲᠣᠷ᠎ᠠ᠂ ᠤᠬᠠᠭᠤᠯᠭ᠎ᠠ ᠵᠢᠨ ᠠᠵᠢᠯᠯᠠᠭ᠎ᠠ ᠵᠢ ᠬᠠᠮᠤᠭ᠎ᠤᠨ ᠶᠡᠬᠡ ᠬᠡᠪᠴᠢᠶ᠎ᠡ᠂ ᠬᠠᠮᠤᠭ᠎ᠤᠨ ᠴᠢᠩᠭ᠎ᠠ ᠰᠦᠷ ᠬᠦᠴᠦᠨ ᠵᠶ᠋ᠡᠷ ᠥᠷᠨᠢᠭᠦᠯᠵᠦ᠂ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠢ᠌ᠳᠠᠯ᠎ᠢ ᠪᠣᠶ ᠪᠣᠯᠭ᠋ᠠᠬᠤ ᠬᠡᠷᠡᠭᠲᠡᠶ᠃ ᠭᠤᠷᠪᠠ᠎ᠳᠤ᠂ ᠬᠠᠮᠵᠢᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠠᠢ᠌ᠴᠠᠭ᠋ᠠᠬᠤ ᠰᠢᠭᠦᠬᠦ ᠪᠠᠢ᠌ᠭᠤᠯᠭ᠎ᠠ᠎ᠯᠤᠭ᠎ᠠ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠲᠦᠷᠭᠡᠨ ᠲᠠᠩᠨᠠᠬᠤ᠂ ᠲᠦᠷᠭᠡᠨ ᠵᠠᠭ᠋ᠠᠯᠳᠤᠬᠤ᠂ ᠲᠦᠷᠭᠡᠨ ᠲᠠᠰᠤᠯᠬᠤ ᠵᠢ ᠪᠡᠶᠡᠯᠡᠭᠦᠯᠪᠡ᠃ ᠳᠥᠷᠪᠡ᠎ᠳᠤ ᠲᠤᠰᠬᠠᠶ ᠠᠷᠭ᠎ᠠ ᠪᠠᠷᠢᠯ᠎ᠢ ᠬᠡᠷᠡᠭᠯᠡᠬᠦ ᠵᠢ ᠴᠢᠩᠭ᠋ᠠᠷᠠᠭᠤᠯᠵᠤ᠂ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠡᠬᠢ ᠡᠭᠦᠰᠦᠯ᠎ᠠᠴᠠ᠎ᠨᠢ ᠰᠡᠷᠭᠡᠢ᠌ᠯᠡᠬᠦ᠂ ᠵᠠᠰᠠᠬᠤ ᠵᠢ ᠠᠳᠬᠤᠬᠤ ᠬᠡᠷᠡᠭᠲᠡᠶ᠃ ᠡᠴᠦᠰ᠎ᠲᠤ᠂ ᠴᠣᠬᠢᠬᠤ᠂ ᠰᠡᠷᠭᠡᠢ᠌ᠯᠡᠬᠦ᠂ ᠬᠠᠮᠢᠶᠠᠷᠬᠤ᠂ ᠡᠵᠡᠮᠳᠡᠬᠦ ᠣᠯᠠᠨ ᠵᠦᠢᠯ᠎ᠤᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠴᠣᠬᠢᠯᠲᠠ ᠥᠭᠭᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠢᠳᠡᠭᠡᠨ ᠪᠠ ᠡᠮ᠎ᠤᠨ ᠵᠦᠢᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠬᠡᠭᠡᠷ᠎ᠡ ᠵᠢᠨ ᠠᠮᠢᠲᠠᠨ ᠤᠷᠭᠤᠮᠠᠯ ᠵᠡᠷᠭᠡ ᠬᠠᠮᠢᠶ᠎ᠠ ᠪᠥᠬᠥᠶ ᠬᠦᠷᠢᠶᠡᠨ᠎ᠳᠠᠬᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠳᠠᠬᠢᠨ ᠡᠭᠦᠰᠬᠦ ᠵᠢ ᠴᠢᠩᠭ᠎ᠠ ᠰᠡᠷᠭᠡᠢ᠌ᠯᠡᠪᠡ᠃ ᠲᠠᠷᠠᠭ᠋ᠠᠴᠢ ᠵᠢᠨ ᠠᠵᠢᠯ᠎ᠤᠨ ᠳᠤᠮᠳᠠ᠂ ᠪᠢᠳᠡ ᠬᠣᠢ᠌ᠷᠭᠣᠰᠢᠬᠤ ᠥᠬᠡᠶ᠂ ᠰᠤᠯᠠᠷᠠᠬᠤ ᠥᠬᠡᠶ ᠪᠠᠢ᠌ᠵᠤ᠂ ᠰᠢᠨ᠎ᠡ ᠵᠢ ᠡᠭᠦᠳᠦᠨ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ ᠮᠠᠨ᠎ᠤ ᠣᠷᠣᠨ᠎ᠤ ᠣᠨᠴᠠᠯᠢᠭ ᠵᠶ᠋ᠠᠨ ᠪᠠᠳᠠᠷᠠᠭᠤᠯᠤᠨ᠎ᠠ᠃
ᠡᠨᠳᠡ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠤ ᠳᠣᠲᠣᠭ᠋ᠠᠳᠤ ᠵᠢ ᠬᠠᠮᠠᠭ᠋ᠠᠯᠠᠬᠤ ᠢᠳᠡᠭᠡᠨ ᠪᠠ ᠡᠮ᠎ᠤᠨ ᠵᠦᠢᠯᠡᠰ᠎ᠤᠨ ᠣᠷᠴᠢᠨ ᠲᠣᠭᠣᠷᠢᠨ᠎ᠤ ᠳᠡᠩᠨᠡᠨ ᠪᠠᠢ᠌ᠴᠠᠭ᠋ᠠᠬᠤ ᠠᠵᠢᠯ᠎ᠢ ᠣᠯᠠᠨ ᠵᠢᠯ ᠳᠡᠮᠵᠢᠭᠰᠡᠨ᠎ᠳᠤ ᠴᠦ᠍ ᠲᠠᠯᠠᠷᠬᠠᠵᠤ ᠪᠠᠢ᠌ᠨ᠎ᠠ᠂ ᠪᠠᠰᠠ ᠪᠢᠳᠡᠨ᠎ᠤ ᠬᠠᠮᠲᠤ᠎ᠪᠠᠷ ᠭᠠᠷ ᠬᠣᠯᠪᠣᠯᠴᠠᠨ ᠠᠷᠠᠳ ᠣᠯᠠᠨ᠎ᠳᠤ ᠨᠠᠩ ᠡᠷᠡᠭᠦᠯ ᠰᠠᠷᠠᠭᠤᠯ ᠢᠳᠡᠭᠡᠨ ᠪᠠ ᠡᠮ᠎ᠤᠨ ᠵᠦᠢᠯᠡᠰ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ ᠵᠢ ᠬᠦᠰᠡᠵᠦ ᠪᠠᠢ᠌ᠨ᠎ᠠ᠃ ᠣᠯᠠᠨ᠎ᠳᠤ ᠪᠠᠶᠠᠷᠯᠠᠯ᠎ᠠ!
ᠥᠪᠥᠷ ᠮᠣᠩᠭᠣᠯ᠎ᠤᠨ ᠬᠠᠤᠯᠢ ᠲᠦᠷᠢᠮ᠎ᠤᠨ ᠰᠣᠨᠢᠨ᠎ᠤ ᠰᠤᠷᠪᠤᠯᠵᠢᠯᠠᠭᠴᠢ᠄ ᠮᠠᠨ᠎ᠤ ᠣᠷᠣᠨ᠎ᠳᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ ᠡᠯᠪᠡᠭ ᠪᠥᠭᠡᠳ ᠨᠡᠭᠦᠳᠡᠯ᠎ᠤᠨ ᠰᠢᠪᠠᠭᠤᠳ᠎ᠤᠨ ᠨᠡᠭᠦᠳᠡᠯᠯᠡᠬᠦ ᠴᠢᠬᠤᠯᠠ ᠵᠠᠮ ᠪᠣᠯᠤᠨ᠎ᠠ᠃ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠬᠦ᠎ᠳᠤ ᠴᠣᠬᠢᠯᠲᠠ ᠥᠭᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ?
ᠹᠧᠩ ᠬᠤ᠌᠄ ᠥᠪᠥᠷ ᠮᠣᠩᠭᠣᠯ᠎ᠤᠨ ᠪᠠᠢ᠌ᠭ᠋ᠠᠯᠢ ᠵᠢᠨ ᠭᠠᠵᠠᠷ ᠵᠦᠶ ᠵᠢᠨ ᠣᠷᠴᠢᠨ ᠲᠣᠭᠣᠷᠢᠨ᠎ᠤ ᠲᠥᠷᠥᠯ ᠵᠦᠢᠯ ᠣᠯᠠᠨ ᠶᠠᠩᠵᠤ ᠵᠢᠨ ᠪᠠᠢ᠌ᠵᠤ᠂ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠤᠨ ᠲᠥᠷᠥᠯ ᠵᠦᠢᠯ ᠮᠠᠰᠢ ᠡᠯᠪᠡᠭ ᠪᠠᠢ᠌ᠳᠠᠭ᠃ ᠣᠲᠣ ᠬᠠᠭᠤᠷᠠᠶ ᠵᠢᠨ ᠰᠡᠭᠡᠷᠲᠡᠨ 613 ᠵᠦᠢᠯ ᠪᠠᠢ᠌ᠵᠤ᠂ ᠡᠭᠦᠨ᠎ᠳᠤ ᠤᠯᠤᠰ᠎ᠤᠨ ᠨᠢᠭᠡᠳᠦᠭᠡᠷ ᠳᠡᠰ᠂ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ 115 ᠵᠦᠢᠯ ᠪᠠᠢ᠌ᠵᠤ᠂ ᠣᠯᠠᠨ ᠤᠯᠤᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠬᠣᠯᠪᠣᠭ᠎ᠠ᠂ ᠮᠥᠬᠥᠬᠦ ᠰᠢᠬᠠᠭᠰᠠᠨ ᠬᠡᠭᠡᠷ᠎ᠡ ᠵᠢᠨ ᠠᠮᠢᠲᠠᠨ᠎ᠤ ᠣᠯᠠᠨ ᠤᠯᠤᠰ᠎ᠤᠨ ᠠᠷᠠᠯᠵᠢᠶᠠᠨ᠎ᠤ ᠨᠡᠢ᠌ᠲᠡ ᠵᠢᠨ ᠭᠡᠷ᠎ᠡ᠎ᠳᠤ ᠵᠢᠭᠰᠠᠭ᠋ᠠᠭᠳᠠᠭᠰᠠᠨ᠎ᠨᠢ 150 ᠵᠦᠢᠯ ᠪᠠᠢ᠌ᠵᠤ᠂ ᠳᠤᠮᠳᠠᠳᠤ ᠤᠯᠤᠰ᠎ᠤᠨ ᠮᠥᠬᠥᠬᠦ ᠰᠢᠬᠠᠭᠰᠠᠨ ᠤᠯᠠᠭ᠋ᠠᠨ ᠭᠠᠳᠠᠷᠳᠤ ᠪᠢᠴᠢᠭ᠎ᠲᠤ ᠵᠢᠭᠰᠠᠭ᠋ᠠᠭᠳᠠᠭᠰᠠᠨ᠎ᠨᠢ 184 ᠵᠦᠢᠯ ᠪᠠᠢ᠌ᠨ᠎ᠠ᠃ ᠡᠭᠦᠨ᠎ᠤ ᠬᠠᠮᠲᠤ᠂ ᠥᠪᠥᠷ ᠮᠣᠩᠭᠣᠯ ᠴᠤ᠌ ᠮᠠᠨ᠎ᠤ ᠤᠯᠤᠰ᠎ᠤᠨ ᠤᠮᠠᠷᠠᠲᠤ ᠵᠢᠨ ᠨᠡᠭᠦᠳᠡᠯ᠎ᠤᠨ ᠰᠢᠪᠠᠭᠤ ᠵᠢᠨ ᠨᠡᠭᠦᠳᠡᠯᠯᠡᠬᠦ ᠴᠢᠬᠤᠯᠠ ᠵᠠᠮ ᠪᠠᠢ᠌ᠵᠤ᠂ ᠵᠢᠯ ᠪᠦᠷᠢ ᠵᠢᠨ ᠬᠠᠪᠤᠷ ᠨᠠᠮᠤᠷ ᠬᠣᠶᠠᠷ ᠤᠯᠠᠷᠢᠯ᠎ᠳᠤ ᠶᠡᠬᠡ ᠬᠡᠮᠵᠢᠶᠡᠨ᠎ᠤ ᠨᠡᠭᠦᠳᠡᠯ᠎ᠤᠨ ᠰᠢᠪᠠᠭᠤ ᠡᠨᠳᠡ ᠨᠡᠭᠦᠳᠡᠯᠯᠡᠨ ᠦᠷᠡᠵᠢᠳᠡᠭ᠃
2020 ᠣᠨ᠎ᠳᠤ᠂ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠪᠥᠬᠥ ᠣᠷᠣᠨ᠎ᠳᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ 《ᠺᠦᠨᠯᠦ᠋ᠨ 2020》 ᠲᠤᠰᠬᠠᠶ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ᠃ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠣᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠵᠢ ᠠᠪᠴᠠᠶ᠄ ᠨᠢᠭᠡ᠎ᠳᠤ ᠴᠠᠭᠳᠠᠨ ᠬᠠᠮᠠᠭ᠋ᠠᠯᠠᠵᠤ ᠴᠠᠭᠳᠠᠨ ᠪᠠᠢ᠌ᠴᠠᠭ᠋ᠠᠬᠤ᠎ᠪᠠᠨ ᠴᠢᠩᠭ᠋ᠠᠳᠬᠠᠪᠠ᠃ ᠬᠡᠭᠡᠷ᠎ᠡ ᠵᠢᠨ ᠠᠮᠢᠲᠠᠨ᠎ᠤ ᠰᠦᠷᠦᠭᠯᠡᠯ᠎ᠤᠨ ᠣᠷᠣᠨ ᠪᠦᠰᠡ ᠵᠢ ᠴᠡᠪᠡᠷᠯᠡᠨ ᠠᠩᠨᠠᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠩ᠎ᠤᠨ ᠫᠤᠤ ᠠᠩ᠎ᠤᠨ ᠪᠠᠭ᠋ᠠᠵᠢ ᠵᠢ ᠪᠠᠢ᠌ᠴᠠᠭ᠋ᠠᠨ ᠢᠯᠭ᠋ᠠᠷᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠂ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠲᠤᠰᠬᠠᠶ ᠠᠵᠢᠯᠯᠠᠭ᠎ᠠ ᠳᠤᠮᠳᠠ᠂ ᠨᠡᠭᠦᠳᠡᠯ᠎ᠤᠨ ᠰᠢᠪᠠᠭᠤᠳ᠎ᠤᠨ ᠨᠡᠭᠦᠳᠡᠯᠯᠡᠬᠦ ᠵᠠᠮ ᠪᠠ ᠣᠷᠣᠰᠢᠨ ᠠᠮᠢᠳᠤᠷᠠᠬᠤ ᠭᠠᠵᠠᠷ᠎ᠢ ᠭᠣᠤᠯᠳᠠᠯᠭ᠎ᠠ᠎ᠲᠠᠢ ᠲᠣᠭᠣᠷᠢᠨ ᠪᠠᠢ᠌ᠴᠠᠭ᠋ᠠᠵᠤ᠂ ᠬᠠᠤᠯᠢ ᠪᠤᠰᠤ᠎ᠪᠠᠷ ᠠᠩᠨᠠᠬᠤ᠂ ᠬᠠᠤᠯᠢ ᠪᠤᠰᠤ᠎ᠪᠠᠷ ᠠᠩᠨᠠᠬᠤ ᠦᠢᠯᠡ ᠠᠵᠢᠯᠯᠠᠭ᠎ᠠ ᠵᠢ ᠡᠬᠢ ᠡᠭᠦᠰᠦᠯ᠎ᠠᠴᠠ᠎ᠨᠢ ᠬᠣᠷᠢᠭᠯᠠᠨ ᠵᠣᠭᠰᠣᠭ᠋ᠠᠬᠤ ᠬᠡᠷᠡᠭᠲᠡᠶ᠃ ᠬᠣᠶᠠᠷ᠎ᠲᠤ ᠬᠠᠤᠯᠢ ᠪᠤᠰᠤ ᠲᠡᠭᠡᠭᠡᠪᠦᠷᠢ ᠵᠢᠨ ᠠᠷᠭ᠎ᠠ ᠵᠠᠮ᠎ᠢ ᠲᠠᠰᠤᠯᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠦᠳᠠᠨ ᠵᠶ᠋ᠠᠷ ᠢᠯᠡᠭᠡᠨ ᠬᠦᠷᠭᠡᠬᠦ ᠵᠡᠷᠭᠡ ᠰᠠᠯᠠᠭ᠎ᠠ ᠮᠥᠴᠢᠷ᠎ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠳᠬᠠᠵᠤ᠂ ᠲᠡᠭᠡᠭᠡᠪᠦᠷᠢᠯᠡᠨ ᠢᠯᠡᠭᠡᠨ ᠬᠦᠷᠭᠡᠬᠦ ᠰᠡᠷᠭᠡᠢ᠌ᠯᠡᠯᠲᠡ ᠵᠢᠨ ᠱᠤᠭᠤᠮ᠎ᠢ ᠴᠢᠩᠭ᠎ᠠ ᠰᠠᠬᠢᠬᠤ ᠬᠡᠷᠡᠭᠲᠡᠶ᠃ ᠢᠯᠠᠩᠭᠤᠶ᠎ᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠂ ᠮᠠᠨ᠎ᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠠᠰᠠᠮᠠᠯ ᠵᠠᠮ᠎ᠤᠨ ᠰᠦᠢᠳᠬᠡᠯ ᠬᠤᠷᠢᠶᠠᠬᠤ ᠥᠷᠲᠡᠭᠡ ᠵᠢᠨ ᠣᠷᠣᠵᠤ ᠭᠠᠷᠬᠤ ᠭᠠᠵᠠᠷ ᠪᠠ ᠰᠢᠭᠤᠢ᠌ᠲᠤ ᠣᠷᠣᠨ᠎ᠤ ᠵᠠᠮ ᠬᠠᠷᠢᠯᠴᠠᠭ᠋ᠠᠨ᠎ᠤ ᠴᠢᠬᠤᠯᠠ ᠵᠠᠮ ᠵᠡᠷᠭᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠣᠭᠣᠮᠲᠠ᠎ᠳᠤ ᠴᠠᠭᠳᠠᠭ᠋ᠠᠨ᠎ᠤ ᠬᠦᠴᠦᠨ᠎ᠢ ᠪᠠᠢ᠌ᠷᠢᠯᠠᠭᠤᠯᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠵᠢ ᠪᠠᠢ᠌ᠴᠠᠭ᠋ᠠᠵᠤ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠪᠴᠤ ᠶᠠᠪᠤᠬᠤ᠂ ᠲᠡᠭᠡᠭᠡᠪᠦᠷᠢᠯᠡᠬᠦ ᠦᠢᠯᠡ ᠠᠵᠢᠯᠯᠠᠭ᠎ᠠ᠎ᠳᠤ ᠴᠣᠬᠢᠯᠲᠠ ᠥᠭᠪᠡ᠃ᠭᠤᠷᠪᠠ᠎ᠳᠤ ᠰᠦᠪᠡᠭᠴᠢ ᠵᠢᠨ ᠢᠷᠡᠯᠲᠡ ᠵᠢ ᠥᠷᠭᠡᠨ ᠵᠶ᠋ᠡᠷ ᠨᠡᠭᠡᠭᠡᠨ᠎ᠡ᠃ ᠴᠣᠬᠢᠯᠲᠠ ᠥᠭᠬᠦ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠪᠠᠢ᠌ᠳᠠᠯ᠎ᠢ ᠭᠦᠨᠵᠡᠭᠡᠶ ᠤᠢ᠌ᠯᠠᠭ᠋ᠠᠨ ᠵᠢᠭᠰᠠᠭ᠋ᠠᠨ ᠪᠠᠢ᠌ᠴᠠᠭ᠋ᠠᠵᠤ᠂ ᠴᠠᠭᠳᠠᠭ᠋ᠠᠨ᠎ᠤ ᠲᠥᠷᠥᠯ᠎ᠤᠨ ᠬᠠᠮᠵᠢᠯᠴᠠᠭ᠎ᠠ ᠵᠢ ᠨᠢᠭᠲᠠᠷᠠᠭᠤᠯᠵᠤ᠂ ᠰᠦᠯᠵᠢᠶᠡᠨ᠎ᠤ ᠠᠷᠠᠯᠵᠢᠶᠠᠨ᠎ᠤ ᠲᠠᠪᠴᠠᠩ᠎ᠤᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠣᠯᠪᠣᠭᠳᠠᠯ ᠪᠥᠬᠥᠶ ᠨᠢᠭᠤᠴᠠ ᠮᠡᠳᠡᠭᠡ ᠵᠢᠨ ᠰᠦᠪᠡᠭᠴᠢ ᠵᠢ ᠴᠤᠭᠯᠠᠭᠤᠯᠤᠨ ᠡᠮᠬᠢᠯᠡᠵᠦ᠂ ᠡᠯ᠎ᠡ ᠲᠥᠷᠥᠯ᠎ᠤᠨ ᠮᠡᠳᠡᠭᠡ ᠵᠠᠩᠭᠢ ᠵᠢ ᠨᠠᠷᠢᠨ ᠨᠢᠮᠪᠠᠶ ᠰᠤᠳᠤᠯᠤᠨ ᠮᠠᠭ᠋ᠠᠳᠯᠠᠵᠤ᠂ ᠱᠤᠭᠤᠮ ᠶᠣᠰᠣᠭ᠋ᠠᠷ ᠭᠦᠨᠵᠡᠭᠡᠶ ᠠᠭᠤᠳᠠᠯᠵᠤ᠂ ᠲᠣᠮᠣ ᠬᠡᠷᠡᠭ᠎ᠤᠨ ᠪᠣᠭᠣᠮᠲᠠ ᠰᠢᠪᠲᠤᠯᠬᠤ ᠵᠢ ᠴᠢᠩᠭ᠎ᠠ ᠠᠳᠬᠤᠨ᠎ᠠ᠃ ᠳᠥᠷᠪᠡ᠎ᠳᠤ ᠬᠠᠤᠯᠢ ᠪᠤᠰᠤ᠎ᠪᠠᠷ ᠡᠵᠡᠩᠨᠡᠵᠦ ᠡᠳᠰᠢᠭᠦᠯᠦᠨ ᠠᠰᠢᠭᠯᠠᠬᠤ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠬᠤ ᠬᠡᠷᠡᠭᠲᠡᠶ᠃ ᠮᠠᠨ᠎ᠤ ᠣᠷᠣᠨ᠎ᠤ ᠡᠯ᠎ᠡ ᠱᠠᠲᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠬᠣᠯᠪᠣᠭ᠋ᠠᠲᠤ ᠵᠠᠬ᠎ᠠ ᠳᠡᠯᠭᠡᠭᠦᠷ᠎ᠤᠨ ᠬᠢᠨᠠᠯᠲᠠ ᠲᠠᠯᠪᠢᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠡᠳ᠋ᠰᠢᠭᠦᠯᠬᠦ ᠬᠡᠭᠡᠷ᠎ᠡ ᠵᠢᠨ ᠠᠮᠢᠲᠠᠨ᠎ᠢ ᠡᠵᠡᠩᠨᠡᠵᠦ ᠪᠠᠢ᠌ᠭ᠎ᠠ ᠭᠣᠤᠯᠳᠠᠯᠭ᠎ᠠ᠎ᠲᠠᠢ ᠲᠠᠯᠠᠪᠤᠷ ᠪᠠ ᠬᠡᠭᠡᠷ᠎ᠡ ᠵᠢᠨ ᠠᠮᠢᠲᠠᠨ᠎ᠢ ᠳᠠᠰᠬᠠᠨ ᠲᠡᠵᠢᠭᠡᠵᠦ ᠦᠷᠡᠵᠢᠭᠦᠯᠬᠦ ᠲᠠᠯᠠᠪᠤᠷ ᠭᠠᠵᠠᠷ᠎ᠢ ᠤᠢ᠌ᠯᠠᠭ᠋ᠠᠨ ᠵᠢᠭᠰᠠᠭ᠋ᠠᠵᠤ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠡᠵᠡᠩᠨᠡᠨ ᠠᠰᠢᠭᠯᠠᠵᠤ ᠪᠠᠢ᠌ᠭ᠎ᠠ ᠲᠠᠯᠠᠪᠤᠷ ᠭᠠᠵᠠᠷ᠎ᠢ ᠪᠠᠢ᠌ᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ᠂ ᠰᠢᠳᠬᠡᠨ ᠲᠣᠷᠭ᠋ᠠᠬᠤ᠂ ᠬᠦᠴᠦᠨ ᠥᠬᠡᠶ ᠪᠣᠯᠭ᠋ᠠᠬᠤ ᠬᠡᠷᠡᠭᠲᠡᠶ ᠶᠠᠯᠠᠳᠤ ᠬᠦᠷᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ᠲᠠᠪᠤ᠎ᠳᠤ ᠶᠠᠷᠢᠶ᠎ᠠ ᠬᠡᠯᠡᠯᠴᠡᠭᠡᠨ᠎ᠤ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠬᠡᠭᠡᠷ᠎ᠡ ᠵᠢᠨ ᠠᠮᠢᠲᠠᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠢᠨ ᠬᠠᠮᠲᠤ᠂ ᠪᠥᠬᠥ ᠣᠷᠣᠨ᠎ᠤ ᠡᠯ᠎ᠡ ᠱᠠᠲᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠤᠢ᠌ᠯ᠎ᠤᠨ ᠣᠨᠣᠪᠴᠢᠲᠠᠶ᠎ᠪᠠᠷ ᠬᠠᠤᠯᠢ ᠲᠦᠭᠡᠮᠡᠯᠵᠢᠭᠦᠯᠬᠦ ᠵᠢ ᠢᠳᠡᠪᠬᠢᠲᠡᠶ ᠥᠷᠨᠢᠭᠦᠯᠪᠡ᠃ ᠴᠠᠭᠳᠠᠭ᠋ᠠᠨ᠎ᠤ ᠵᠠᠭᠤᠴᠢᠯᠠᠭᠤᠷ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠲᠡᠷᠭᠡᠨ ᠥᠷᠲᠡᠭᠡ᠂ ᠠᠭᠤᠳᠠᠮ ᠲᠠᠯᠠᠪᠠᠶ ᠵᠡᠷᠭᠡ ᠬᠥᠮᠦᠨ ᠠᠮᠠ ᠲᠥᠪᠯᠡᠷᠡᠭᠰᠡᠨ ᠲᠠᠯᠠᠪᠤᠷ ᠭᠠᠵᠠᠷ ᠵᠢᠴᠢ ᠨᠡᠭᠦᠳᠡᠯ᠎ᠤᠨ ᠰᠢᠪᠠᠭᠤ ᠲᠥᠪᠯᠡᠷᠡᠭᠰᠡᠨ ᠠᠵᠢᠯᠯᠠᠭ᠎ᠠ ᠵᠢᠨ ᠣᠷᠣᠨ᠎ᠳᠤ ᠤᠷᠢᠶ᠎ᠠ ᠯᠣᠽᠦ᠋ᠩ ᠡᠯᠭᠦᠵᠦ᠂ ᠤᠬᠠᠭᠤᠯᠭ᠎ᠠ ᠵᠢᠨ ᠡᠳ᠋ ᠲᠠᠷᠬᠠᠭ᠋ᠠᠨ᠂ ᠬᠥᠳᠡᠭᠡ ᠪᠠᠭᠤᠭᠰᠠᠨ ᠠᠢ᠌ᠯ ᠲᠣᠰᠬᠣᠨ᠂ ᠨᠡᠢ᠌ᠭᠡᠮ ᠲᠣᠭᠣᠷᠢᠭ᠎ᠲᠤ ᠣᠷᠣᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠬᠡᠷᠡᠭ ᠵᠶ᠋ᠡᠷ ᠬᠠᠤᠯᠢ ᠴᠠᠭ᠋ᠠᠵᠠ ᠵᠢ ᠲᠠᠢ᠌ᠯᠪᠤᠷᠢᠯᠠᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠳᠡᠯᠡᠬᠡᠶ ᠳᠠᠬᠢᠨ ᠲᠡᠢ᠌ᠮᠦ ᠶᠡᠬᠡ᠂ ᠴᠢ ᠥᠬᠡᠶ ᠪᠠᠢ᠌ᠵᠤ ᠪᠣᠯᠬᠤ ᠥᠬᠡᠶ》 ᠭᠡᠬᠦ ᠵᠡᠷᠭᠡ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠣᠬᠣᠷ ᠸᠢᠳᠢᠣ᠋ ᠵᠢ 3 ᠦᠢᠯᠡᠳᠴᠦ᠂ ᠥᠪᠥᠷ ᠮᠣᠩᠭᠣᠯ᠎ᠤᠨ ᠣᠳᠣᠨ ᠲᠧᠯᠸᠢᠰ᠂ ᠰᠣᠨᠢᠨ ᠮᠡᠳᠡᠭᠡᠨ᠎ᠤ ᠶᠡᠷᠦᠩᠬᠡᠢ᠌ᠯᠡᠭᠰᠡᠨ ᠰᠤᠪᠠᠭ ᠵᠶ᠋ᠠᠷ ᠵᠠᠯᠭ᠋ᠠᠭ᠎ᠠ᠎ᠪᠠᠷ ᠨᠡᠪᠲᠡᠷᠡᠭᠦᠯᠵᠦ᠂ ᠥᠷᠭᠡᠨ ᠣᠯᠠᠨ ᠠᠷᠠᠳ ᠲᠦᠮᠡᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠮᠰᠠᠷᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠤᠬᠠᠭᠤᠯᠭ᠎ᠠ ᠬᠥᠮᠦᠵᠢᠯ ᠵᠶ᠋ᠡᠷ ᠳᠠᠮᠵᠢᠨ᠂ ᠮᠠᠰᠢ ᠤᠯᠠᠨ ᠤᠯᠠᠨ ᠲᠦᠮᠡᠨ ᠬᠡᠭᠡᠷ᠎ᠡ ᠵᠢᠨ ᠠᠮᠢᠳᠠᠨ᠎ᠢ ᠠᠪᠤᠷᠠᠨ ᠲᠤᠰᠠᠯᠠᠬᠤ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠬᠥᠮᠦᠨ ᠪᠣᠯᠤᠨ ᠬᠡᠭᠡᠷ᠎ᠡ ᠵᠢᠨ ᠠᠮᠢᠳᠠᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠬᠥᠮᠦᠰ᠎ᠤᠨ ᠰᠡᠳᠬᠢᠯ᠎ᠢ ᠬᠥᠳᠡᠯᠭᠡᠮ᠎ᠡ ᠦᠢ᠍ᠯᠡ ᠠᠵᠢᠯᠯᠠᠭ᠎ᠠ ᠮᠠᠨ᠎ᠤ ᠳᠡᠷᠭᠡᠳᠡ ᠡᠭᠦᠰᠴᠦ᠂ ᠡᠯ᠎ᠡ ᠵᠦᠢ᠍ᠯ᠎ᠤᠨ ᠵᠠᠭᠤᠴᠢᠯᠠᠭᠤᠷ᠎ᠲᠤ ᠢᠯᠡᠷᠡᠪᠡ᠃ 2020 ᠣᠨ᠎ᠳᠤ᠂ ᠴᠠᠭᠳᠠᠭ᠎ᠠ ᠠᠷᠠᠳ ᠬᠣᠯᠪᠣᠭ᠋ᠠᠯᠠᠨ 1886 ᠭᠠᠷᠤᠢ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠪᠠ᠃
ᠣᠯᠠᠨ ᠵᠢᠯ᠎ᠤᠨ ᠲᠤᠷᠰᠢ᠂ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠢ᠌ᠳᠠᠯ ᠵᠶ᠋ᠠᠨ ᠢᠮᠠᠭᠲᠠ ᠪᠠᠲᠤᠯᠠᠵᠤ᠂《ᠬᠠᠪᠤᠷ᠎ᠤᠨ ᠠᠶᠤᠩᠭ᠎ᠠ》᠂《ᠨᠣᠭᠣᠭ᠋ᠠᠨ ᠰᠡᠯᠡᠮ᠎ᠡ》᠂《ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ》᠂
《ᠬᠠᠢ᠌ᠷᠠᠭᠤᠴᠠᠶ ᠵᠢ ᠬᠠᠮᠠᠭ᠋ᠠᠯᠠᠬᠤ》ᠵᠡᠷᠭᠡ ᠣᠷᠣᠨ ᠪᠦᠰᠡ ᠵᠢᠨ ᠴᠢᠨᠠᠷᠲᠠᠶ᠂ ᠤᠯᠠᠷᠢᠯ᠎ᠤᠨ ᠴᠢᠨᠠᠷᠲᠠᠶ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠡᠭᠡᠷ᠎ᠡ ᠵᠢᠨ ᠠᠮᠢᠲᠠᠨ ᠵᠢᠴᠢ ᠲᠡᠭᠦᠨ᠎ᠤ ᠪᠦᠲᠦᠭᠡᠭᠳᠡᠬᠦᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠡᠬᠡ ᠬᠡᠮᠵᠢᠶᠡᠨ᠎ᠤ ᠶᠠᠯᠠᠲᠤ ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ ᠬᠡᠷᠡᠭ᠎ᠢ ᠵᠢᠯ ᠳᠠᠷᠠᠭ᠋ᠠᠯᠠᠨ ᠪᠠᠭ᠋ᠠᠰᠬᠠᠵᠤ᠂ ᠪᠥᠬᠥ ᠣᠷᠣᠨ᠎ᠤ ᠬᠡᠭᠡᠷ᠎ᠡ ᠵᠢᠨ ᠠᠮᠢᠲᠠᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠦᠲᠦᠮᠵᠢᠲᠡᠶ ᠬᠣᠷᠢᠭᠯᠠᠪᠠ᠃ 2017 ᠣᠨ᠎ᠠᠴᠠ ᠣᠲᠣ ᠪᠣᠯᠲᠠᠯ᠎ᠠ᠂ ᠪᠥᠬᠥ ᠣᠷᠣᠨ᠎ᠳᠤ ᠬᠢᠯᠢ᠎ᠪᠠᠷ ᠥᠩᠭᠡᠷᠡᠬᠦ ᠨᠡᠭᠦᠳᠡᠯ᠎ᠤᠨ ᠰᠢᠪᠠᠭᠤ ᠵᠢ ᠠᠯᠠᠭᠰᠠᠨ ᠬᠡᠷᠡᠭ ᠭᠠᠷᠤᠭᠰᠠᠨ ᠥᠬᠡᠶ᠃ ᠳᠣᠤᠷ᠎ᠠ ᠪᠢ ᠣᠯᠠᠨ᠎ᠳᠤ 2020 ᠣᠨ᠎ᠳᠤ ᠪᠠᠢ᠌ᠴᠠᠭ᠋ᠠᠨ ᠰᠢᠢᠳᠪᠦᠷᠢᠯᠡᠭᠰᠡᠨ ᠬᠣᠶᠠᠷ ᠨᠡᠢ᠌ᠲᠡᠯᠢᠭ ᠬᠡᠷᠡᠭ᠎ᠢ ᠲᠠᠨᠢᠯᠴᠠᠭᠤᠯᠤᠶ᠎ᠠ᠃
ᠰᠢᠯᠢ ᠵᠢᠨ ᠭᠣᠤᠯ ᠠᠢ᠌ᠮᠠᠭ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠲᠣᠤᠷ ᠰᠦᠯᠵᠢᠶ᠎ᠡ ᠵᠢ ᠠᠰᠢᠭᠯᠠᠨ ᠬᠣᠪᠣᠷ ᠨᠠᠨᠳᠢᠨ᠂ ᠮᠥᠬᠥᠬᠦ ᠰᠢᠬᠠᠭᠰᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠬᠠᠤᠯᠢ ᠪᠤᠰᠤ᠎ᠪᠠᠷ ᠬᠤᠳᠠᠯᠳᠤᠨ ᠠᠪᠤᠭᠰᠠᠨ᠂ ᠫᠠᠨᠽᠠᠯᠠᠭᠰᠠᠨ ᠰᠢᠷᠢᠰ ᠬᠡᠷᠡᠭ᠎ᠢ ᠠᠮᠵᠢᠯᠲᠠ᠎ᠲᠠᠶ ᠢᠯᠡᠷᠡᠭᠦᠯᠪᠡ᠃ ᠬᠡᠷᠡᠭ ᠰᠢᠢᠳᠪᠦᠷᠢᠯᠡᠬᠦ ᠠᠷᠠᠳ᠎ᠤᠨ ᠴᠠᠭᠳᠠᠭ᠎ᠠ ᠡᠯ᠎ᠡ ᠭᠠᠵᠠᠷ᠎ᠲᠤ ᠬᠦᠷᠴᠦ᠂ ᠡᠳᠦᠷ ᠰᠥᠨᠢ ᠥᠬᠡᠶ ᠠᠶᠠᠯᠠᠨ᠂ 6 ᠲᠦᠮᠡ ᠭᠠᠷᠤᠶ ᠺᠢᠯᠣᠮᠧᠲᠷ ᠠᠶᠠᠯᠠᠵᠤ᠂ 18 ᠮᠤᠵᠢ ᠣᠷᠣᠨ᠂ 52 ᠬᠣᠰᠢᠭᠤ ᠰᠢᠶᠠᠨ ᠬᠣᠲᠠ᠎ᠳᠤ ᠬᠦᠷᠴᠦ᠂ ᠨᠠᠷᠢᠨ ᠨᠢᠮᠪᠠᠶ ᠪᠠᠢ᠌ᠴᠠᠭ᠋ᠠᠨ ᠭᠡᠷᠡᠴᠢ ᠠᠪᠬᠤ᠎ᠪᠠᠷ ᠳᠡᠮᠵᠢᠨ᠂ ᠪᠥᠬᠥ ᠤᠯᠤᠰ᠎ᠢ ᠬᠠᠮᠤᠷᠤᠭᠰᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠬᠠᠤᠯᠢ ᠪᠤᠰᠤ᠎ᠪᠠᠷ ᠫᠠᠨᠽᠠᠯᠠᠬᠤ ᠶᠠᠯᠠᠲᠤ ᠠᠵᠢᠯᠯᠠᠭ᠎ᠠ ᠵᠢᠨ ᠲᠣᠤᠷ ᠰᠦᠯᠵᠢᠶ᠎ᠡ ᠵᠢ ᠨᠢᠭᠡ ᠯᠡ ᠳᠡᠭᠡᠷ᠎ᠡ ᠡᠪᠳᠡᠪᠡ᠃ ᠣᠳᠣᠬᠠᠨ᠎ᠳᠤ᠂ ᠲᠣᠰ ᠬᠡᠷᠡᠭ᠎ᠲᠤ ᠨᠢᠭᠡᠨᠲᠡ 21 ᠬᠥᠮᠦᠨ᠎ᠳᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠪᠠᠢ᠌ᠴᠠᠭ᠋ᠠᠬᠤ ᠪᠠᠢ᠌ᠭᠤᠯᠤᠯᠭ᠎ᠠ 5 ᠬᠥᠮᠦᠨ᠎ᠢ ᠪᠠᠷᠢᠪᠴᠢᠯᠠᠬᠤ ᠵᠢ ᠵᠥᠪᠰᠢᠶᠡᠷᠡᠵᠦ᠂ ᠤᠮᠠᠷᠠᠲᠤ ᠵᠢᠨ ᠪᠥᠬᠥᠩ᠎ᠤᠨ ᠡᠪᠡᠷ᠂ ᠲᠥᠪᠡᠳ ᠪᠥᠬᠥᠩ᠎ᠤᠨ ᠡᠪᠡᠷ᠂ ᠵᠡᠭᠡᠷ᠎ᠡ ᠵᠢᠨ ᠡᠪᠡᠷ ᠵᠡᠷᠭᠡ ᠤᠯᠤᠰ᠎ᠤᠨ ᠭᠣᠤᠯᠳᠠᠯᠭ᠎ᠠ᠎ᠲᠠᠢ ᠬᠠᠮᠠᠭ᠋ᠠᠯᠠᠬᠤ ᠬᠣᠪᠣᠷ ᠴᠤᠬᠠᠭ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ 3300 ᠭᠠᠷᠤᠶ ᠬᠤᠪᠢ᠂ ᠬᠡᠷᠡᠭ᠎ᠲᠤ ᠬᠣᠯᠪᠣᠭᠳᠠᠭᠰᠠᠨ ᠪᠣᠳᠠᠰ᠎ᠤᠨ ᠥᠷᠲᠡᠭ 5000 ᠭᠠᠷᠤᠶ ᠲᠦᠮᠡᠨ ᠲᠥᠭᠥᠷᠢᠭ᠎ᠢ ᠪᠠᠢ᠌ᠴᠠᠭ᠋ᠠᠨ ᠭᠠᠷᠭ᠋ᠠᠵᠠᠶ᠃ ᠬᠡᠷᠡᠭ᠎ᠲᠤ ᠬᠣᠯᠪᠣᠭᠳᠠᠭᠰᠠᠨ ᠭᠠᠵᠠᠷ ᠣᠷᠣᠨ ᠥᠷᠭᠡᠨ᠂ ᠬᠥᠮᠦᠨ ᠬᠠᠷ᠎ᠠ ᠣᠯᠠᠨ᠂ ᠬᠡᠷᠡᠭ᠎ᠲᠤ ᠬᠣᠯᠪᠣᠭᠳᠠᠭᠰᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠤ ᠲᠣᠭ᠎ᠠ ᠬᠡᠮᠵᠢᠶ᠎ᠡ ᠶᠡᠬᠡ᠂ ᠦᠨ᠎ᠡ ᠥᠷᠲᠡᠭ ᠥᠨᠳᠥᠷ ᠪᠠᠢ᠌ᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠣᠢ᠌ᠷ᠎ᠠ ᠵᠢᠨ ᠵᠢᠯ᠎ᠳᠤ ᠪᠠᠢ᠌ᠴᠠᠭ᠋ᠠᠨ ᠰᠢᠢᠳᠪᠦᠷᠢᠯᠡᠭᠰᠡᠨ ᠰᠦᠯᠵᠢᠶᠡᠨ᠎ᠤ ᠲᠠᠪᠴᠠᠩ᠎ᠢ ᠠᠰᠢᠭᠯᠠᠨ ᠬᠡᠭᠡᠷ᠎ᠡ ᠵᠢᠨ ᠠᠮᠢᠲᠠᠨ᠎ᠤ ᠪᠦᠲᠦᠭᠡᠭᠳᠡᠬᠦᠨ᠎ᠢ ᠫᠠᠨᠽᠠᠯᠠᠭᠰᠠᠨ ᠨᠥᠯᠥᠭᠡ᠎ᠪᠠᠷ ᠬᠠᠮᠤᠭ᠎ᠤᠨ ᠶᠡᠬᠡ ᠬᠡᠷᠡᠭ ᠪᠣᠯᠤᠨ᠎ᠠ᠃
ᠣᠷᠳᠣᠰ ᠬᠣᠲᠠ ᠵᠢᠨ ᠬᠠᠩᠭᠢᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ《528》ᠬᠡᠭᠡᠷ᠎ᠡ ᠵᠢᠨ ᠲᠠᠤᠯᠠᠶ ᠵᠢ ᠬᠠᠤᠯᠢ ᠪᠤᠰᠤ᠎ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ᠎ᠢ ᠢᠯᠡᠷᠡᠭᠦᠯᠪᠡ᠃ ᠮᠣᠩᠭᠣᠯ ᠬᠡᠭᠡᠷ᠎ᠡ ᠵᠢᠨ ᠲᠠᠤᠯᠠᠶ ᠵᠢᠨ ᠪᠣᠳᠠᠭ᠋ᠠᠯᠢ ᠪᠡᠶ᠎ᠡ᠎ᠨᠢ ᠠᠮᠢᠳᠤᠯᠢᠭ᠂ ᠬᠤᠷᠳᠤᠨ ᠭᠦᠶᠦᠳᠡᠭ ᠣᠨᠴᠠᠯᠢᠭ᠎ᠨᠢ ᠣᠷᠳᠣᠰ᠎ᠤᠨ ᠥᠨᠳᠥᠷᠯᠢᠭ᠎ᠲᠤ ᠨᠠᠩ ᠲᠣᠪᠣᠢ᠍ᠮ᠎ᠠ ᠢᠯᠡᠷᠡᠵᠦ ᠪᠠᠢ᠍ᠨ᠎ᠠ᠃ ᠵᠠᠷᠢᠮ ᠬᠠᠤᠯᠢ ᠪᠤᠰᠤ ᠡᠲᠡᠭᠡᠳ ᠬᠡᠭᠡᠷ᠎ᠡ ᠵᠢᠨ ᠲᠠᠤᠯᠠᠶ ᠵᠢᠨ ᠠᠮᠢᠳᠤ ᠪᠡᠶ᠎ᠡ ᠵᠢ ᠬᠤᠳᠠᠯᠳᠤᠨ ᠠᠪᠴᠤ ᠭᠠᠳᠠᠷ ᠮᠤᠵᠢ᠎ᠳᠤ ᠫᠠᠨᠽᠠᠯᠠᠨ ᠵᠥᠭᠡᠭᠡᠪᠦᠷᠢᠯᠡᠵᠦ᠂ ᠨᠢᠭᠤᠴᠠ ᠵᠣᠭᠣᠰ ᠨᠠᠭ᠋ᠠᠳᠬᠤ ᠵᠠᠬ᠎ᠠ ᠳᠡᠯᠭᠡᠭᠦᠷ᠎ᠲᠤ ᠣᠷᠣᠵᠤ᠂ ᠶᠡᠬᠡ ᠠᠰᠢᠭ ᠬᠣᠨᠵᠢᠪᠣᠷᠢ ᠣᠯᠵᠤ ᠪᠠᠢ᠌ᠨ᠎ᠠ᠃ ᠣᠷᠳᠣᠰ ᠬᠣᠲᠠ ᠵᠢᠨ ᠬᠠᠩᠭᠢᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠰᠦᠪᠡᠭᠴᠢ ᠵᠢ ᠭᠦᠨ ᠠᠭᠤᠳᠠᠯᠵᠤ᠂ ᠮᠣᠩᠭᠣᠯ ᠬᠡᠭᠡᠷ᠎ᠡ ᠵᠢᠨ ᠲᠠᠤᠯᠠᠶ ᠵᠢ ᠬᠠᠤᠯᠢ ᠪᠤᠰᠤ᠎ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ᠎ᠢ 6 ᠢᠯᠡᠷᠡᠭᠦᠯᠪᠡ᠃ ᠡᠭᠦᠨ᠎ᠳᠤ᠂ ᠣᠨᠴᠠ ᠶᠡᠬᠡ ᠬᠡᠷᠡᠭ 1 ᠪᠠᠢ᠌ᠵᠤ᠂ ᠨᠡᠢ᠌ᠲᠡ 261 ᠮᠣᠩᠭᠣᠯ ᠬᠡᠭᠡᠷ᠎ᠡ ᠵᠢᠨ ᠲᠠᠤᠯᠠᠶ ᠵᠢᠨ ᠠᠮᠢᠳᠤ ᠪᠡᠶ᠎ᠡ᠂ 2 ᠥᠭᠦᠭᠰᠡᠨ ᠪᠡᠶ᠎ᠡ ᠵᠢ ᠬᠣᠷᠢᠶᠠᠨ ᠠᠪᠴᠤ᠂ 12 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠲᠤᠬᠠᠶ ᠵᠢᠨ ᠭᠠᠵᠠᠷ᠎ᠠᠴᠠ ᠣᠷᠳᠣ ᠬᠤᠭᠤᠴᠠᠭ᠎ᠠ᠎ᠪᠠᠷ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ᠂ ᠫᠠᠨᠽᠠᠯᠠᠬᠤ ᠶᠠᠯᠠᠲᠤ ᠪᠦᠯᠬᠦᠮ᠎ᠢ ᠴᠣᠬᠢᠨ ᠤᠨᠠᠭ᠋ᠠᠵᠤ᠂《ᠨᠢᠭᠡ ᠵᠢ᠎ᠨᠢ ᠪᠠᠷᠢᠵᠤ ᠨᠢᠭᠡ ᠵᠢ᠎ᠨᠢ ᠴᠣᠬᠢᠬᠤ᠂ ᠨᠢᠭᠡ ᠵᠢ᠎ᠨᠢ ᠢᠯᠡᠷᠡᠭᠦᠯᠵᠦ ᠨᠢᠭᠡ ᠵᠢ᠎ᠨᠢ ᠳᠠᠭ᠋ᠠᠭᠤᠯᠬᠤ》ᠬᠠᠷᠠᠯᠲᠠ ᠵᠢ ᠪᠡᠶᠡᠯᠡᠭᠦᠯᠪᠡ᠃