
1 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ᠎ᠬᠢᠨ 2020 ᠣᠨ᠎ᠤ ᠬᠥᠬᠡᠬᠣᠲᠠ ᠪᠣᠭᠣᠮᠲᠠ ᠵᠢᠨ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠬᠤ ᠲᠤᠬᠠᠶ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ᠃ ᠬᠥᠬᠡᠬᠣᠲᠠ ᠪᠣᠭᠣᠮᠲᠠ ᠵᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠪᠣᠭᠣᠮᠲᠠ ᠵᠢᠨ ᠳᠠᠷᠤᠭ᠎ᠠ ᠸᠠᠩ ᠵᠢᠩ᠎ᠠᠴᠠ ᠭᠣᠤᠯ ᠰᠡᠳᠦᠪ᠎ᠢ ᠨᠡᠢ᠌ᠲᠡᠯᠡᠵᠦ᠂ ᠬᠥᠬᠡᠬᠣᠲᠠ ᠪᠣᠭᠣᠮᠲᠠ ᠵᠢᠨ ᠲᠣᠭ᠎ᠠ ᠪᠦᠷᠢᠳᠬᠡᠯ᠎ᠤᠨ ᠵᠠᠳᠠᠯᠤᠯᠲᠠ ᠵᠢᠨ ᠭᠠᠵᠠᠷ᠎ᠤᠨ ᠳᠠᠷᠤᠭ᠎ᠠ ᠵᠢᠶᠤᠤ ᡁᠢ ᠵᠢᠶᠦ᠋ᠨ᠂ ᠬᠥᠬᠡᠬᠣᠲᠠ ᠪᠣᠭᠣᠮᠲᠠ ᠵᠢᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠢᠳᠡᠭᠡᠨ᠎ᠤ ᠠᠮᠤᠷ ᠲᠦᠪᠰᠢᠨ᠎ᠤ ᠭᠠᠵᠠᠷ᠎ᠤᠨ ᠳᠠᠷᠤᠭ᠎ᠠ ᠯᠢ ᠾᠧᠩ ᠯᠢᠶᠠᠩ᠂ ᠬᠥᠬᠡᠬᠣᠲᠠ ᠪᠣᠭᠣᠮᠲᠠ ᠵᠢᠨ ᠠᠵᠤ ᠠᠬᠤᠢ᠌ᠯᠠᠯ᠎ᠤᠨ ᠬᠠᠮᠢᠶᠠᠷᠤᠯᠲᠠ ᠪᠠ ᠪᠠᠢ᠌ᠴᠠᠭ᠋ᠠᠨ ᠰᠢᠢᠳᠪᠦᠷᠢᠯᠡᠬᠦ ᠭᠠᠵᠠᠷ᠎ᠤᠨ ᠳᠠᠷᠤᠭ᠎ᠠ ᠰᠦ᠍ ᠴᠢᠩ᠂ ᠬᠥᠬᠡᠬᠣᠲᠠ ᠪᠣᠭᠣᠮᠲᠠ ᠵᠢᠨ ᠶᠡᠷᠦᠩᠬᠡᠢ᠌ᠯᠡᠭᠰᠡᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠳᠡᠳ᠋ ᠳᠠᠷᠤᠭ᠎ᠠ ᠯᠢᠦ ᠮᠢᠩ ᠴᠢᠠᠴᠠ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
2020 ᠣᠨ᠎ᠤ ᠬᠥᠬᠡᠬᠣᠲᠠ ᠪᠣᠭᠣᠮᠲᠠ ᠵᠢᠨ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠬᠤ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷᠡᠬᠢ ᠨᠡᠢ᠌ᠲᠡᠯᠡᠭᠰᠡᠨ ᠦᠭᠡ
ᠬᠥᠬᠡᠬᠣᠲᠠ ᠪᠣᠭᠣᠮᠲᠠ ᠵᠢᠨ ᠨᠠᠮ᠎ᠤᠨ ᠬᠣᠷᠢᠶᠠᠨ᠎ᠤ ᠭᠡᠰᠢᠭᠦᠨ᠂ ᠪᠣᠭᠣᠮᠲᠠ ᠵᠢᠨ ᠳᠡᠳ᠋ ᠳᠠᠷᠤᠭ᠎ᠠ ᠸᠠᠩ ᠵᠢᠩ
ᠳᠣᠤᠷ᠎ᠠ ᠪᠢ ᠣᠯᠠᠨ᠎ᠳᠤ ᠥᠩᠭᠡᠷᠡᠭᠰᠡᠨ ᠨᠢᠭᠡ ᠵᠢᠯ᠎ᠤᠨ ᠲᠤᠷᠰᠢᠬᠢ ᠬᠥᠬᠡᠬᠣᠲᠠ ᠪᠣᠭᠣᠮᠲᠠ ᠵᠢᠨ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠨᠡᠭᠡᠭᠡᠯᠲᠡᠳᠤ ᠦᠢᠯᠡᠴᠢᠯᠡᠬᠦ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠵᠢ ᠮᠡᠳᠡᠭᠦᠯᠦᠶ᠎ᠡ᠃
2020 ᠣᠨ᠎ᠳᠤ᠂ ᠬᠥᠬᠡᠬᠣᠲᠠ ᠪᠣᠭᠣᠮᠲᠠ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠠᠰᠠᠭ᠎ᠤᠨ ᠣᠷᠳᠣᠨ ᠪᠣᠯᠤᠨ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠦᠨᠳᠦ ᠬᠡᠴᠡᠭᠦᠦ ᠪᠠᠢ᠌ᠳᠠᠯ᠎ᠤᠨ ᠡᠮᠦᠨ᠎ᠡ᠂ ᠠᠯᠢ ᠣᠯᠠᠨ ᠬᠦᠴᠢᠷ ᠪᠡᠷᠬᠡᠰᠢᠶᠡᠯ᠎ᠢ ᠢᠯᠠᠨ ᠳᠠᠪᠠᠬᠤ ᠡᠭᠦᠷᠭᠡ ᠵᠢᠨ ᠡᠮᠦᠨ᠎ᠡ᠂ ᠰᠡᠳᠬᠢᠯ ᠨᠢᠭᠡᠳᠦᠨ ᠬᠦᠴᠦ᠎ᠪᠠᠨ ᠬᠠᠮᠳᠤᠳᠬᠠᠵᠤ᠂ ᠴᠢᠩᠭ᠎ᠠ ᠨᠢᠮᠪᠠᠶ ᠰᠡᠷᠭᠡᠢ᠌ᠯᠡᠨ ᠡᠵᠡᠮᠳᠡᠵᠦ᠂ ᠪᠣᠭᠣᠮᠲᠠ ᠵᠢᠨ ᠪᠥᠬᠥ ᠬᠦᠴᠦᠨ ᠵᠶ᠋ᠡᠷ ᠪᠣᠭᠣᠮᠲᠠ ᠭᠠᠷᠠᠮ᠎ᠤᠨ ᠬᠢᠵᠢᠭ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠨ᠂ ᠨᠡᠢ᠌ᠰᠯᠡᠯ᠎ᠤᠨ ᠨᠢᠰᠬᠡᠯ᠎ᠤᠨ ᠪᠠᠭᠤᠳᠠᠯ᠎ᠤᠨ ᠬᠤᠪᠢᠶᠠᠷᠢᠯᠠᠨ ᠪᠠᠭᠤᠯᠭ᠋ᠠᠬᠤ ᠡᠭᠡᠯᠵᠢ ᠵᠢᠨ ᠨᠢᠰᠬᠡᠯ᠎ᠤᠨ ᠵᠢᠭ᠋ᠠᠨ ᠲᠣᠭᠲᠠᠭ᠋ᠠᠭᠰᠠᠨ ᠬᠢᠯᠢ᠎ᠳᠤ ᠣᠷᠣᠬᠤ ᠨᠢᠭᠡᠳᠦᠭᠡᠷ ᠴᠡᠭ᠎ᠤᠨ ᠪᠣᠭᠣᠮᠲᠠ ᠵᠢᠨ ᠬᠢᠵᠢᠭ ᠪᠠᠢ᠌ᠴᠠᠭ᠋ᠠᠵᠤ ᠰᠢᠢᠳᠪᠦᠷᠢᠯᠡᠬᠦ ᠠᠵᠢᠯ᠎ᠢ ᠡᠷᠡᠰ ᠡᠭᠦᠷᠭᠡᠯᠡᠵᠦ᠂ ᠳᠤᠮᠳᠠᠳᠤ ᠮᠣᠩᠭᠣᠯ᠎ᠤᠨ ᠬᠠᠭᠤᠷᠠᠶ ᠵᠠᠮ᠎ᠤᠨ ᠪᠣᠭᠣᠮᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠥᠷᠨᠢᠭᠦᠯᠬᠦ ᠵᠢ ᠴᠢᠩᠭ᠎ᠠ ᠬᠦᠯᠢᠶᠡᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠨᠢᠭᠡᠳᠦᠭᠡᠷ ᠪᠠᠢ᠌ᠷᠢ ᠪᠠ ᠨᠢᠭᠡᠳᠦᠭᠡᠷ ᠬᠠᠷᠠᠭᠤᠯᠢ ᠪᠠᠲᠤ ᠰᠠᠬᠢᠵᠦ᠂ ᠬᠠᠭᠤᠷᠠᠶ ᠵᠠᠮ᠎ᠤᠨ ᠪᠣᠭᠣᠮᠲᠠ᠎ᠳᠤ 《ᠭᠠᠳᠠᠭᠰᠢ ᠭᠠᠷᠭ᠋ᠠᠬᠤ ᠥᠬᠡᠶ》᠂ 《ᠳᠣᠲᠤᠭᠰᠢ ᠣᠷᠣᠭᠤᠯᠬᠤ ᠥᠬᠡᠶ》᠂ ᠠᠭ᠋ᠠᠷ᠎ᠤᠨ ᠠᠶᠠᠯᠠᠯ᠎ᠤᠨ ᠪᠣᠭᠣᠮᠲᠠ ᠵᠢᠨ 《ᠪᠠᠢ᠌ᠴᠠᠭ᠋ᠠᠯᠲᠠ᠎ᠠᠴᠠ ᠬᠣᠴᠤᠷᠬᠤ ᠦᠭᠡᠢ》 《ᠲᠠᠷᠬᠠᠭ᠋ᠠᠬᠤ ᠦᠭᠡᠢ》 ᠪᠠᠢ᠌ᠬᠤ ᠵᠢ ᠡᠷᠡᠰ ᠪᠠᠲᠤᠯᠠᠪᠠ᠃ ᠨᠠᠷᠢᠨ ᠪᠤᠳᠤᠯᠢᠶᠠᠨᠲᠠᠶ ᠭᠠᠳᠠᠭ᠋ᠠᠳᠤ ᠠᠷᠠᠯᠵᠢᠶᠠᠨ᠎ᠤ ᠪᠠᠢ᠌ᠳᠠᠯ᠎ᠤᠨ ᠡᠮᠦᠨ᠎ᠡ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠰᠠᠢ᠌ᠲᠤᠷ ᠬᠢᠵᠦ᠂ ᠪᠣᠭᠣᠮᠲᠠ ᠵᠢᠨ ᠡᠭᠦᠷᠭᠡ ᠴᠢᠳᠠᠪᠬᠢ᠎ᠪᠠᠨ ᠢᠳᠡᠪᠬᠢᠲᠡᠶ ᠭᠦᠢᠴᠡᠳᠬᠡᠵᠦ᠂ ᠲᠤᠬᠠᠢ᠌ᠯᠠᠭᠰᠠᠨ ᠠᠵᠢᠯ᠎ᠤᠨ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠪᠠ᠃ ᠭᠡᠬᠦ᠎ᠳᠤ᠂ ᠬᠢᠵᠢᠭ᠎ᠤᠨ ᠨᠥᠯᠥᠭᠡ᠎ᠠᠴᠠ ᠪᠣᠯᠵᠣ᠂ 2020 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ (ᠦᠪᠦᠷ ᠮᠣᠩᠭᠤᠯ ᠭᠡᠵᠦ ᠲᠣᠪᠴᠢᠯᠠᠨ᠎ᠠ)᠎ᠤ ᠭᠠᠳᠠᠭ᠋ᠠᠳᠤ ᠠᠷᠠᠯᠵᠢᠶᠠᠨ᠎ᠤ ᠣᠷᠣᠭᠤᠯᠤᠯᠲᠠ ᠭᠠᠷᠭ᠋ᠠᠯᠲᠠ ᠵᠢᠨ ᠥᠷᠲᠡᠭ᠎ᠨᠢ 1043.3 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ (ᠳᠣᠷᠣᠭᠰᠢ ᠠᠳᠠᠯᠢ)
4.9%᠎ᠪᠠᠷ ᠪᠠᠭᠤᠷᠠᠪᠠ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ᠎ᠨᠢ 349.1 ᠳ᠋ᠦᠩᠰᠢᠭᠤᠷ ᠲᠥᠭᠥᠷᠢᠭ᠎ᠲᠤ ᠬᠦᠷᠴᠦ᠂ 7.4%᠎ᠪᠠᠷ ᠪᠠᠭᠤᠷᠠᠪᠠ; ᠭᠠᠳᠠᠭ᠋ᠠᠳᠤ ᠣᠷᠣᠭᠤᠯᠤᠯᠲᠠ᠎ᠨᠢ 694.2 ᠳ᠋ᠦᠩᠰᠢᠭᠤᠷ ᠲᠥᠭᠥᠷᠢᠭ᠎ᠲᠤ ᠬᠦᠷᠴᠦ᠂ 3.7%᠎ᠪᠠᠷ ᠪᠠᠭᠤᠷᠠᠪᠠ᠃ ᠶᠡᠷᠦᠩᠬᠡᠶ᠎ᠳᠤᠨᠢ ᠠᠪᠴᠤ ᠦᠵᠡᠪᠡᠯ ᠥᠪᠥᠷ ᠮᠣᠩᠭᠣᠯ᠎ᠤᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠥᠷᠲᠡᠭ᠎ᠤᠨ ᠪᠠᠭᠤᠷᠠᠯᠲᠠ ᠵᠢᠨ ᠬᠡᠮᠵᠢᠶ᠎ᠡ ᠠᠯᠬᠤᠮ ᠠᠯᠬᠤᠮ ᠵᠶ᠋ᠠᠷ ᠪᠠᠭ᠋ᠠᠰᠴᠤ᠂ 2020 ᠣᠨ᠎ᠤ 12 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠎ᠨᠢ 97.3 ᠳ᠋ᠦᠩᠰᠢᠭᠤᠷ ᠲᠥᠭᠥᠷᠢᠭ᠎ᠲᠤ ᠬᠦᠷᠴᠦ᠂ 3.6%᠎ᠪᠠᠷ ᠨᠡᠮᠡᠭᠳᠡᠪᠡ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ᠎ᠨᠢ 33.7 ᠳ᠋ᠦᠩᠰᠢᠭᠤᠷ ᠲᠥᠭᠥᠷᠢᠭ᠎ᠲᠤ ᠬᠦᠷᠴᠦ᠂ 19.2% ᠵᠶ᠋ᠠᠷ ᠪᠠᠭᠤᠷᠠᠪᠠ; ᠭᠠᠳᠠᠭ᠋ᠠᠳᠤ ᠣᠷᠣᠭᠤᠯᠤᠯᠲᠠ᠎ᠨᠢ 63.6 ᠳ᠋ᠦᠩᠰᠢᠭᠤᠷ ᠲᠥᠭᠥᠷᠢᠭ᠎ᠲᠤ ᠬᠦᠷᠴᠦ᠂ 21.7%᠎ᠪᠠᠷ ᠨᠡᠮᠡᠭᠳᠡᠪᠡ᠃
ᠨᠢᠭᠡ᠂ ᠭᠠᠳᠠᠭ᠋ᠠᠳᠤ ᠠᠷᠠᠯᠵᠢᠶ᠎ᠠ᠎ᠳᠤ ᠦᠢ᠍ᠯᠡᠴᠢᠯᠡᠬᠦ ᠲᠦᠷᠦ ᠵᠢᠨ ᠪᠤᠳᠤᠯᠭ᠎ᠠ ᠵᠢᠨ 《ᠬᠠᠮ ᠠᠷᠭ᠎ᠠ ᠬᠡᠮᠵᠢᠶ᠎ᠡ》 ᠵᠢ ᠰᠠᠢ᠌ᠲᠤᠷ ᠬᠡᠷᠡᠭᠵᠢᠭᠦᠯᠬᠦ
ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠵᠢ ᠨᠢᠭᠲᠠᠷᠠᠭᠤᠯᠤᠨ ᠨᠡᠢ᠌ᠲᠡᠯᠡᠪᠡ᠃ ᠡᠨᠡ ᠵᠢᠯ᠎ᠠᠴᠠ ᠨᠠᠭ᠋ᠠᠰᠢ᠂ ᠬᠥᠬᠡᠬᠣᠲᠠ ᠪᠣᠭᠣᠮᠲᠠ᠎ᠨᠢ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠠᠵᠤ ᠠᠬᠤᠢ᠌ᠯᠠᠯ᠎ᠤᠨ ᠠᠰᠠᠭᠤᠳᠠᠯ ᠪᠠ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠨᠠᠷᠢᠯᠢᠭ ᠣᠨᠣᠴᠠᠲᠠᠶ᠎ᠪᠠᠷ ᠬᠠᠪᠰᠤᠷᠤᠨ ᠲᠡᠳᠬᠦᠵᠦ᠂ ᠡᠯ᠎ᠡ ᠲᠥᠷᠥᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠢᠭᠲᠠᠷᠠᠭᠤᠯᠤᠨ ᠨᠡᠢ᠌ᠲᠡᠯᠡᠵᠦ᠂ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠬᠡᠮᠵᠢᠶ᠎ᠡ》 ᠵᠢ ᠰᠠᠢ᠌ᠲᠤᠷ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠨᠠᠷᠢᠯᠢᠭᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠪᠠ᠃ ᠬᠣᠶᠠᠷ ᠱᠠᠲᠤᠨ᠎ᠤ ᠨᠠᠮ᠎ᠤᠨ ᠬᠣᠷᠢᠶᠠᠨ᠎ᠤ ᠭᠡᠰᠢᠭᠦᠨ ᠲᠦᠷᠦᠭᠦᠯᠡᠨ ᠬᠠᠷᠢᠯᠴᠠᠬᠤ ᠠᠵᠤ ᠠᠬᠤᠢ᠌ᠯᠠᠯ᠎ᠤᠨ ᠵᠣᠬᠢᠴᠠᠭᠤᠯᠤᠭᠴᠢ ᠵᠢᠨ ᠲᠣᠭᠲᠠᠴᠠ ᠵᠢ ᠪᠠᠢ᠌ᠭᠤᠯᠪᠠ᠃ ᠪᠤᠭᠤᠮᠲᠠ ᠵᠢᠨ ᠨᠠᠮ᠎ᠤᠨ ᠬᠣᠷᠢᠢ᠎ᠠ ᠲᠦᠷᠦᠭᠦᠯᠡᠨ ᠰᠠᠨᠠᠭ᠋ᠠᠴᠢᠯᠠᠭ᠎ᠠ᠎ᠠᠴᠠ᠎ᠪᠠᠨ ᠪᠠᠢ᠌ᠴᠠᠭ᠋ᠠᠨ ᠰᠤᠳᠤᠯᠤᠯᠲᠠ ᠬᠢᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠠᠵᠤ ᠠᠬᠤᠢ᠌ᠯᠠᠯ᠎ᠤᠨ ᠰᠠᠨᠠᠯ ᠰᠠᠨᠠᠭᠤᠯᠭ᠎ᠠ ᠵᠢ ᠴᠠᠭ ᠲᠤᠬᠠᠢᠳᠤᠨᠢ ᠰᠣᠨᠣᠰᠪᠠ᠃
《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠪᠠ᠃ ᠪᠣᠭᠣᠮᠲᠠ ᠵᠢᠨ ᠣᠷᠣᠨ᠎ᠤ ᠭᠣᠤᠯᠳᠠᠯᠭ᠎ᠠ᠎ᠲᠠᠢ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠨᠡᠷᠡᠰ᠎ᠢ ᠡᠮᠬᠢᠯᠡᠨ ᠳᠢᠭᠯᠡᠵᠦ᠂ ᠭᠣᠤᠯᠳᠠᠯᠭ᠎ᠠ᠎ᠲᠠᠢ ᠠᠵᠤ ᠠᠬᠤᠢ᠌ᠯᠠᠯ᠎ᠳᠤ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠡᠬᠡ ᠲᠠᠩᠰᠠ ᠪᠠᠢ᠌ᠭᠤᠯᠵᠤ᠂ 112 ᠭᠣᠤᠯᠳᠠᠯᠭ᠎ᠠ᠎ᠲᠠᠢ ᠠᠵᠤ ᠠᠬᠤᠢ᠌ᠯᠠᠯ᠎ᠢ 《ᠴᠡᠭ ᠬᠠᠷᠠᠭ᠋ᠠᠯᠵᠠᠭᠤᠯᠤᠨ》 ᠣᠨᠣᠪᠴᠢᠲᠠᠶ᠎ᠪᠠᠷ ᠬᠠᠪᠰᠤᠷᠤᠨ ᠲᠡᠳᠬᠦᠵᠦ ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢᠯᠡᠳᠦᠯ᠎ᠢ ᠴᠢᠩᠭ᠋ᠠᠷᠠᠭᠤᠯᠤᠨ᠂ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠵᠠᠬ᠎ᠠ ᠳᠡᠯᠭᠡᠭᠦᠷ᠎ᠢ ᠨᠡᠭᠡᠭᠡᠬᠦ᠎ᠳᠤ ᠬᠦᠴᠦᠨ ᠨᠡᠮᠡᠷᠢᠯᠡᠵᠦ᠂ ᠨᠢᠭᠡ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ᠂ ᠨᠢᠭᠡ ᠲᠥᠷᠥᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠨᠢᠭᠡ ᠲᠠᠯ᠎ᠠ ᠵᠢᠨ ᠠᠵᠤ ᠠᠬᠤᠶ ᠵᠢ ᠳᠠᠢ᠌ᠴᠢᠯᠠᠬᠤ ᠦᠢᠯᠡᠴᠢᠯᠡᠭᠡᠨ᠎ᠤ ᠦᠷ᠎ᠡ ᠪᠦᠲᠦᠮᠵᠢ ᠵᠢ ᠪᠣᠶ ᠪᠣᠯᠭ᠋ᠠᠪᠠ᠃
ᠠᠵᠤ ᠠᠬᠤᠢ᠌ᠯᠠᠯ᠎ᠤᠨ ᠲᠤᠰᠬᠠᠭᠰᠠᠨ 《ᠠᠰᠠᠭᠤᠳᠠᠯ᠎ᠢ ᠦᠭᠡᠢ᠌ᠰᠬᠡᠬᠦ》 ᠲᠦᠷᠢᠮ᠎ᠢ ᠬᠡᠷᠡᠭᠵᠢᠭᠦᠯᠪᠡ᠃ ᠠᠵᠤ ᠠᠬᠤᠢ᠌ᠯᠠᠯ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ᠂ ᠠᠰᠠᠭᠤᠳᠠᠯ᠎ᠢ ᠴᠤᠭᠯᠠᠭᠤᠯᠤᠨ ᠰᠢᠢᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ ᠪᠠ ᠬᠦᠴᠢᠷᠳᠡᠯ᠎ᠢ ᠥᠷᠭᠡᠨ ᠵᠶ᠋ᠡᠷ ᠴᠤᠭᠯᠠᠭᠤᠯᠵᠤ᠂ ᠲᠤᠬᠠᠢ᠌ᠯᠠᠭᠰᠠᠨ ᠠᠵᠢᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠭ᠋ᠠᠭ᠋ᠠᠯᠭ᠋ᠠᠨ ᠲᠦᠷᠦᠭᠦᠯᠡᠨ ᠨᠠᠢ᠌ᠳᠠᠪᠤᠷᠢᠵᠢᠭᠤᠯᠵᠤ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠤ ᠬᠦᠴᠦᠨ ᠨᠡᠮᠡᠷᠢᠯᠡᠪᠡ᠃
ᠬᠣᠶᠠᠷ᠂ ᠭᠠᠳᠠᠭ᠋ᠠᠳᠤ ᠨᠡᠭᠡᠭᠡᠯᠲᠡ ᠵᠢᠨ ᠲᠠᠪᠴᠠᠩ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ
ᠬᠥᠬᠡᠬᠣᠲᠠ᠂ ᠣᠷᠳᠣᠰ᠎ᠤᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠲᠦᠷᠭᠡᠨ ᠬᠥᠭᠵᠢᠯᠲᠡ ᠵᠢᠨ ᠵᠠᠮ᠎ᠳᠤ ᠣᠷᠣᠬᠤ ᠵᠢ ᠠᠬᠢᠭᠤᠯᠪᠠ᠃ 14 ᠵᠦᠢᠯ᠎ᠤᠨ ᠠᠵᠢᠯ᠎ᠤᠨ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠳᠡᠮᠵᠢᠬᠦ ᠠᠵᠢᠯ᠎ᠤᠨ ᠲᠣᠭᠲᠠᠴᠠ ᠪᠠ ᠬᠡᠷᠡᠭᠵᠢᠭᠦᠯᠬᠦ ᠨᠠᠷᠢᠨ ᠲᠦᠷᠢᠮ ᠨᠡᠢ᠌ᠲᠡᠯᠡᠬᠦ ᠵᠢ ᠠᠬᠢᠭᠤᠯᠪᠠ᠃ 2020 ᠣᠨ᠎ᠳᠤ᠂ ᠬᠥᠬᠡᠬᠣᠲᠠ ᠵᠢᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠂ ᠣᠷᠳᠣᠰ᠎ᠤᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠶ ᠥᠷᠲᠡᠭ᠎ᠨᠢ ᠲᠣᠰ ᠲᠣᠰ 9.3 ᠳ᠋ᠦᠩᠰᠢᠭᠤᠷ ᠲᠥᠭᠥᠷᠢᠭ᠂ 4.1 ᠳ᠋ᠦᠩᠰᠢᠭᠤᠷ ᠲᠥᠭᠥᠷᠢᠭ᠎ᠲᠤ ᠬᠦᠷᠴᠦ᠂ ᠲᠣᠰ ᠲᠣᠰ ᠨᠢᠳᠤᠨᠤᠨ᠎ᠤ 6.8 ᠳᠠᠬᠢᠨ᠂ 161.4 ᠳᠠᠬᠢᠨ ᠪᠣᠯᠪᠠ; ᠳᠣᠯᠣᠳᠤᠭ᠋ᠠᠷ ᠰᠤᠮᠤ᠎ᠳᠠᠬᠢ ᠭᠠᠢ᠌ᠯᠢ ᠪᠠᠲᠤᠯᠠᠬᠤ ᠪᠠᠷᠠᠭ᠎ᠠ ᠭᠦᠢᠯᠭᠡᠭᠡᠨ᠎ᠤ ᠲᠥᠪ (B ᠬᠡᠯᠪᠡᠷᠢ)᠎ᠤᠨ ᠠᠩᠬᠠᠨ᠎ᠤ ᠵᠢᠯ᠎ᠤᠨ ᠠᠵᠢᠯᠯᠠᠭ᠋ᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠥᠷᠲᠡᠭ᠎ᠨᠢ ᠨᠢᠭᠡᠨᠲᠡ 2.01 ᠳ᠋ᠦᠩᠰᠢᠭᠤᠷ ᠲᠥᠭᠥᠷᠢᠭ᠎ᠲᠤ ᠬᠦᠷᠪᠡ᠃
ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠰᠢᠨ᠎ᠡ ᠠᠷᠠᠯᠵᠢᠶᠠᠨ᠎ᠤ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢ ᠶᠡᠬᠡᠪᠡᠷ ᠳᠡᠮᠵᠢᠪᠡ᠃ ᠳᠤᠮᠳᠠᠳᠤ ᠤᠯᠤᠰ (ᠬᠥᠬᠡᠬᠣᠲᠠ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠢ᠌ᠯᠡᠭᠰᠡᠨ ᠲᠤᠷᠰᠢᠯᠲᠠ ᠵᠢᠨ ᠲᠣᠭᠣᠷᠢᠭ᠎ᠤᠨ ᠬᠠᠮᠲᠤᠷᠠᠭᠰᠠᠨ ᠬᠤᠷᠠᠯ᠎ᠤᠨ ᠲᠦᠷᠢᠮ᠎ᠢ ᠪᠠᠢ᠌ᠭᠤᠯᠬᠤ ᠵᠢ ᠠᠬᠢᠭᠤᠯᠵᠤ᠂ ᠪᠣᠭᠣᠮᠲᠠ ᠵᠢᠨ ᠣᠷᠣᠨ᠎ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠢ᠌ᠯᠢ ᠪᠠᠲᠤᠯᠠᠬᠤ ᠪᠠ ᠰᠢᠭᠤᠳ ᠬᠤᠳᠠᠯᠳᠤᠨ ᠠᠪᠬᠤ ᠲᠤᠬᠠᠢ᠌ᠯᠠᠭᠰᠠᠨ ᠠᠵᠢᠯ᠎ᠤᠨ ᠵᠥᠭᠡᠯᠡᠨ ᠬᠠᠲᠠᠭᠤ ᠬᠡᠷᠡᠭᠰᠡᠯ᠎ᠤᠨ ᠰᠢᠰᠲ᠋ᠧᠮ᠎ᠢ ᠪᠦᠬᠦᠨ᠎ᠢ ᠤᠷᠤᠭᠰᠢᠲᠠᠶ ᠨᠡᠪᠲᠡᠷᠡᠭᠦᠯᠪᠡ᠃ 2020 ᠣᠨ᠎ᠳᠤ᠂ ᠬᠥᠬᠡᠬᠣᠲᠠ ᠪᠣᠭᠣᠮᠲᠠ᠎ᠠᠴᠠ ᠭᠠᠳᠠᠭ᠋ᠠᠳᠤ᠎ᠠᠴᠠ ᠣᠷᠣᠭᠤᠯᠤᠭᠰᠠᠨ ᠰᠦᠯᠵᠢᠶ᠎ᠡ᠎ᠪᠠᠷ ᠬᠤᠳᠠᠯᠳᠤᠨ ᠠᠪᠤᠭᠰᠠᠨ ᠭᠠᠢ᠌ᠯᠢ ᠪᠠᠲᠤᠯᠠᠬᠤ ᠪᠠᠷᠠᠭ᠎ᠠ ᠵᠢ ᠨᠡᠢ᠌ᠲᠡ 332 ᠪᠢᠯᠧᠲ᠂ ᠡᠩ᠎ᠤᠨ ᠭᠠᠳᠠᠭ᠋ᠠᠳᠤ᠎ᠳᠤ ᠭᠠᠷᠭ᠋ᠠᠬᠤ ᠪᠠᠷᠠᠭ᠎ᠠ ᠵᠢ ᠵᠢᠵᠢᠭᠯᠡᠨ ᠬᠤᠳᠠᠯᠳᠤᠬᠤ᠎ᠳᠤ ᠨᠡᠢ᠌ᠲᠡ 3.13 ᠲᠦᠮᠡᠨ ᠪᠢᠯᠧᠲ ᠬᠢᠨᠠᠨ ᠬᠠᠮᠢᠶᠠᠷᠪᠠ᠃
ᠪᠣᠭᠣᠮᠲᠠ ᠵᠢᠨ ᠨᠡᠭᠡᠭᠡᠯᠲᠡ ᠵᠢᠨ ᠲᠠᠰ ᠳᠠᠪᠬᠤᠷᠭ᠎ᠠ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃ ᠥᠯᠵᠡᠶ ᠪᠣᠭᠣᠮᠲᠠ ᠲᠦᠷ ᠴᠠᠭ ᠨᠡᠭᠡᠭᠡᠬᠦ ᠵᠥᠪᠰᠢᠶᠡᠷᠡᠯ ᠣᠯᠵᠤ᠂ ᠠᠯᠠᠱ᠌ᠠ ᠪᠣᠭᠣᠮᠲᠠ ᠵᠢᠩᠬᠢᠨᠢ᠎ᠪᠠᠷ ᠫᠠᠢ᠌ᠰᠠ ᠡᠯᠭᠦᠪᠡ᠃ ᠬᠥᠬᠡᠬᠣᠲᠠ ᠵᠢᠨ ᠠᠭ᠋ᠠᠷ᠎ᠤᠨ ᠠᠶᠠᠯᠠᠯ᠎ᠤᠨ ᠪᠣᠭᠣᠮᠲᠠ᠂ ᠤᠷᠳᠤᠰ᠎ᠤᠨ ᠠᠭ᠋ᠠᠷ᠎ᠤᠨ ᠠᠶᠠᠯᠠᠯ᠎ᠤᠨ ᠪᠣᠭᠣᠮᠲᠠ ᠵᠢᠨ ᠵᠢᠮᠢᠰ᠂ ᠮᠥᠰᠥᠯᠢᠭ ᠰᠢᠨ᠎ᠡ ᠰᠣᠷᠭᠤᠭ ᠤᠰᠤᠨ ᠭᠠᠷᠤᠯᠲᠠ ᠵᠡᠷᠭᠡ ᠭᠠᠳᠠᠭ᠋ᠠᠳᠤ ᠣᠷᠤᠭᠤᠯᠤᠯᠲᠠ ᠵᠢᠨ ᠵᠢᠭ᠋ᠠᠨ ᠲᠣᠭᠲᠠᠭ᠋ᠠᠭᠰᠠᠨ ᠬᠢᠨᠠᠨ ᠬᠠᠮᠢᠶᠠᠷᠬᠤ ᠭᠠᠵᠠᠷ ᠭᠤᠶᠤᠴᠢᠯᠠᠨ ᠮᠡᠳᠡᠭᠦᠯᠬᠦ ᠵᠢ ᠳᠡᠮᠵᠢᠪᠡ᠃ ᠡᠷᠢᠶᠡᠨ ᠬᠣᠲᠠ ᠵᠢᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠲᠣᠭᠣᠷᠢᠭ᠎ᠤᠨ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ ᠡᠳ᠋ᠰᠢᠭᠦᠯᠬᠦ ᠲᠤᠬᠠᠢ᠌ᠯᠠᠭᠰᠠᠨ ᠠᠵᠢᠯ ᠥᠷᠨᠢᠭᠦᠯᠬᠦ ᠵᠢ ᠳᠡᠮᠵᠢᠪᠡ᠃
ᠭᠤᠷᠪᠠ᠂ ᠬᠢᠨᠠᠨ ᠬᠠᠮᠢᠶᠠᠷᠴᠤ ᠪᠣᠭᠣᠮᠲᠠ᠎ᠪᠠᠷ ᠥᠩᠭᠡᠷᠡᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ
ᠪᠣᠭᠣᠮᠲᠠ ᠵᠢᠨ ᠠᠭᠤᠷᠬᠠᠶ ᠵᠢᠨ ᠡᠨᠧᠷᠭᠢ ᠵᠢᠨ ᠦᠢᠯᠡᠳᠬᠦᠨ᠎ᠤ ᠭᠠᠳᠠᠭ᠋ᠠᠳᠤ ᠣᠷᠤᠭᠤᠯᠤᠯᠲᠠ ᠵᠢᠨ ᠬᠤᠷᠳᠤᠴᠠ ᠵᠢ ᠳᠡᠭᠡᠭᠰᠢᠯᠡᠭᠦᠯᠦᠨ ᠬᠡᠮᠵᠢᠶ᠎ᠡ ᠵᠢ ᠨᠡᠮᠡᠭᠳᠡᠭᠦᠯᠬᠦ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠵᠤ ᠬᠠᠭᠤᠷᠠᠶ ᠵᠠᠮ᠎ᠤᠨ ᠪᠣᠭᠣᠮᠲᠠ᠎ᠪᠠᠷ ᠥᠩᠭᠡᠷᠡᠬᠦ᠎ᠳᠤ ᠥᠨᠳᠦᠷ ᠪᠦᠲᠦᠮᠵᠢ᠎ᠲᠠᠢ ᠰᠠᠭ᠋ᠠᠳ ᠦᠭᠡᠢ ᠨᠡᠪᠲᠡᠷᠡᠬᠦ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠵᠤ᠂ ᠠᠵᠤ ᠦᠢᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠪᠠᠲᠤᠯᠠᠪᠠ᠃ ᠪᠣᠭᠣᠮᠲᠠ ᠥᠩᠭᠡᠷᠡᠬᠦ ᠴᠠᠭ᠎ᠢ ᠤᠷᠲᠤᠳᠬᠠᠵᠤ᠂ ᠬᠡᠰᠡᠭ ᠪᠣᠭᠣᠮᠲᠠ ᠵᠢᠨ ᠲᠤᠬᠠᠶ ᠵᠢᠨ ᠲᠠᠯᠠᠪᠠᠶ ᠵᠢᠨ ᠠᠵᠢᠯᠯᠠᠬᠤ ᠴᠠᠭ᠎ᠢ ᠤᠤᠯ᠎ᠤᠨ ᠥᠷᠯᠦᠭᠡᠨᠤ ᠨᠠᠢ᠍ᠮᠠᠨ ᠴᠠᠭ᠎ᠠᠴᠠ ᠣᠷᠣᠶ ᠵᠢᠨ ᠨᠠᠢ᠍ᠮᠠᠨ ᠴᠠᠭ
(8᠄ 00 - 20᠄ 00) ᠪᠠᠢ᠌ᠭᠰᠠᠨ᠎ᠠᠴᠠ᠎ᠨᠢ ᠥᠷᠯᠥᠭᠡᠨ᠎ᠤ ᠨᠠᠢ᠍ᠮᠠᠨ ᠴᠠᠭ᠎ᠠᠴᠠ ᠣᠷᠣᠶ ᠵᠢᠨ ᠠᠷᠪᠠᠨ ᠴᠠᠭ (8᠄ 00 - 22᠄ 00) ᠪᠣᠯᠭ᠋ᠠᠨ ᠤᠷᠲᠤᠳᠬᠠᠬᠤ ᠵᠢᠨ ᠬᠠᠮᠲᠤ᠂ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠪᠣᠭᠣᠮᠲᠠ ᠬᠠᠭ᠋ᠠᠬᠤ ᠴᠠᠭ᠎ᠢ ᠳᠠᠬᠢᠨ ᠵᠣᠬᠢᠬᠤ ᠬᠡᠮᠵᠢᠶ᠎ᠡ᠎ᠪᠠᠷ ᠤᠷᠲᠤᠳᠬᠠᠵᠤ᠂ ᠬᠢᠯᠢ᠎ᠠᠴᠠ ᠭᠠᠷᠬᠤ ᠲᠡᠷᠭᠡ ᠬᠥᠰᠬᠡ ᠵᠢ ᠠᠯᠢ ᠴᠢᠳᠠᠬᠤ᠎ᠪᠠᠷ ᠲᠠᠯᠪᠢᠬᠤ ᠵᠢ ᠪᠠᠲᠤᠯᠠᠪᠠ᠃ ᠠᠵᠢᠯᠯᠠᠬᠤ ᠴᠤᠪᠤᠷᠠᠯ᠎ᠢ 《ᠠᠯᠢ ᠴᠢᠳᠠᠬᠤ᠎ᠪᠠᠷ ᠲᠥᠷᠭᠡᠳᠬᠡᠵᠦ》᠂ ᠡᠷᠡᠭᠦᠯ ᠬᠠᠮᠠᠭ᠋ᠠᠯᠠᠯ᠎ᠤᠨ ᠬᠢᠵᠢᠭ ᠪᠠᠢ᠌ᠴᠠᠭ᠋ᠠᠬᠤ ᠴᠤᠪᠤᠷᠠᠯ᠎ᠢ ᠪᠥᠬᠥ ᠲᠠᠯ᠎ᠠ᠎ᠪᠠᠷ ᠰᠢᠯᠢᠳᠡᠭᠵᠢᠭᠦᠯᠦᠨ᠂ ᠤᠶᠤᠨᠲᠦ ᠪᠤᠭᠤᠮᠲᠠ᠎ᠪᠠᠷ ᠠᠦ᠋ᠲ᠋ᠣ᠋᠎ᠪᠠᠷ ᠰᠢᠯᠭ᠋ᠠᠨ ᠥᠩᠭᠡᠷᠡᠭᠦᠯᠬᠦ ᠬᠠᠷᠢᠴᠠᠯ᠎ᠢ ᠳᠡᠭᠡᠭᠰᠢᠯᠡᠭᠦᠯᠵᠦ᠂ ᠪᠠᠢ᠌ᠴᠠᠭ᠋ᠠᠯᠲᠠ᠎ᠳᠤ ᠬᠣᠯᠪᠣᠭᠳᠠᠭᠰᠠᠨ ᠪᠠᠷᠠᠭ᠎ᠠ ᠵᠢ ᠪᠠᠢ᠌ᠴᠠᠭ᠋ᠠᠨ ᠰᠢᠯᠭ᠋ᠠᠬᠤ ᠴᠠᠭ᠎ᠢ ᠵᠦᠶ ᠵᠣᠬᠢᠰᠲᠠᠶ ᠪᠣᠭᠤᠨᠢᠰᠬᠠᠪᠠ᠃ 8 - 12 ᠳ᠋ᠤᠭ᠋ᠠᠷ ᠰᠠᠷ᠎ᠠ᠎ᠳᠤ᠂ ᠬᠥᠬᠡᠬᠣᠲᠠ ᠪᠣᠭᠣᠮᠲᠠ ᠵᠢᠨ ᠣᠷᠤᠨ᠎ᠤ ᠵᠠᠰᠠᠮᠠᠯ ᠵᠠᠮ᠎ᠤᠨ ᠪᠣᠭᠣᠮᠲᠠ᠎ᠪᠠᠷ ᠣᠷᠣᠭᠤᠯᠵᠤ ᠭᠠᠷᠭ᠋ᠠᠭᠰᠠᠨ ᠪᠠᠷᠠᠭ᠋ᠠᠨ᠎ᠤ ᠬᠡᠮᠵᠢᠶ᠎ᠡ᠎ᠨᠢ 1761.3 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.7%᠎ᠪᠠᠷ ᠨᠡᠮᠡᠭᠳᠡᠪᠡ᠃
ᠲᠤᠬᠠᠢ᠌ᠯᠠᠭᠰᠠᠨ ᠠᠵᠢᠯ᠎ᠤᠨ ᠥᠭᠡᠷᠡᠴᠢᠯᠡᠯᠲᠡ ᠵᠢ ᠭᠦᠨᠵᠡᠭᠡᠢ ᠲᠦᠯᠬᠢᠨ ᠠᠬᠢᠭᠤᠯᠪᠠ᠃ 《ᠤᠷᠢᠳᠴᠢᠯᠠᠨ ᠭᠤᠶᠤᠴᠢᠯᠠᠨ ᠮᠡᠳᠡᠭᠦᠯᠵᠦ᠂ ᠪᠣᠭᠣᠮᠲᠠ ᠵᠢ ᠰᠢᠯᠭ᠋ᠠᠨ ᠥᠩᠭᠡᠷᠡᠭᠦᠯᠬᠦ》 ᠪᠠᠷᠠᠭ᠋ᠠᠨ᠎ᠤ ᠲᠡᠭᠡᠭᠡᠪᠦᠷᠢ ᠵᠢᠨ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠴᠢᠨᠠᠷ ᠰᠠᠢ᠌ᠲᠠᠶ ᠠᠵᠢᠯᠯᠠᠭᠤᠯᠵᠤ᠂ ᠪᠣᠭᠣᠮᠲᠠ ᠵᠢᠨ ᠣᠷᠣᠨ᠎ᠤ ᠪᠠᠷᠠᠭ᠋ᠠᠨ᠎ᠤ ᠲᠡᠭᠡᠭᠡᠪᠦᠷᠢ ᠵᠢᠨ ᠨᠡᠪᠲᠡᠷᠡᠬᠦ ᠵᠠᠮ᠎ᠢ ᠴᠥᠮ ᠵᠢᠵᠢᠭᠦᠷᠴᠢᠨ ᠥᠬᠡᠶ᠎ᠪᠠᠷ ᠠᠦ᠋ᠲ᠋ᠣ᠋᠎ᠪᠠᠷ ᠰᠢᠯᠭ᠋ᠠᠨ ᠥᠩᠭᠡᠷᠡᠭᠦᠯᠬᠦ ᠪᠣᠯᠭ᠋ᠠᠪᠠ᠃ 5 ᠵᠠᠰᠠᠮᠠᠯ ᠵᠠᠮ᠎ᠤᠨ ᠪᠣᠭᠣᠮᠲᠠ ᠵᠢᠨ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠨᠡᠪᠲᠡᠷᠡᠬᠦ ᠵᠠᠮ ᠪᠦᠬᠦᠨ᠎ᠳᠤ ᠤᠶᠤᠨᠲᠤ ᠪᠣᠭᠤᠮᠲᠠ ᠪᠠᠢ᠌ᠭᠤᠯᠪᠠ᠃ 《ᠲᠤᠬᠠᠢ᠌ᠯᠠᠭᠰᠠᠨ ᠠᠵᠢᠯ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ 2020 ᠣᠨ᠎ᠤ ᠪᠣᠷᠣ ᠲᠥᠯᠥᠪ᠎ᠤᠨ ᠲᠥᠰᠦᠯ》᠎ᠢ ᠨᠠᠢ᠌ᠳᠠᠪᠤᠷᠢᠵᠢᠭᠤᠯᠵᠤ᠂ 《ᠬᠣᠶᠠᠷ ᠠᠯᠬᠤᠮ ᠵᠶ᠋ᠠᠷ ᠭᠤᠶᠤᠴᠢᠯᠠᠨ ᠮᠡᠳᠡᠭᠦᠯᠬᠦ》 ᠪᠣᠭᠣᠮᠲᠠ ᠥᠩᠭᠡᠷᠡᠬᠦ ᠵᠠᠭᠪᠤᠷ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠠᠵᠤ ᠠᠬᠤᠢ᠌ᠯᠠᠯ᠎ᠤᠨ ᠭᠤᠶᠤᠴᠢᠯᠠᠨ ᠮᠡᠳᠡᠭᠦᠯᠬᠦ ᠴᠠᠭ᠎ᠢ ᠪᠠᠭ᠋ᠠᠰᠬᠠᠨ᠂ ᠡᠳ᠋ ᠪᠠᠷᠠᠭ᠎ᠠ ᠵᠢᠨ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠣᠶᠠᠷ ᠠᠯᠬᠤᠮ ᠵᠶ᠋ᠠᠷ ᠭᠤᠶᠤᠴᠢᠯᠠᠨ ᠮᠡᠳᠡᠭᠦᠯᠵᠦ ᠪᠣᠭᠣᠮᠲᠠ᠎ᠪᠠᠷ ᠥᠩᠭᠡᠷᠡᠬᠦ ᠵᠠᠭᠪᠤᠷ᠎ᠤᠨ ᠬᠡᠷᠡᠭᠯᠡᠭᠡᠨ᠎ᠤ ᠨᠣᠷᠮ᠎ᠠ ᠵᠢ 16%᠎ᠠᠴᠠ ᠳᠠᠪᠠᠭᠤᠯᠪᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠦᠢᠯᠡᠴᠢᠯᠡᠭᠡ ᠵᠢ ᠰᠢᠯᠢᠳᠡᠭᠵᠢᠭᠦᠯᠵᠦ᠂ 《ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢᠳᠪᠦᠷᠢᠯᠡᠬᠦ》 《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》 ᠵᠢ ᠪᠡᠶᠡᠯᠡᠭᠦᠯᠬᠦ ᠵᠢ ᠠᠬᠢᠭᠤᠯᠵᠤ᠂ ᠣᠯᠠᠨ ᠤᠯᠤᠰ᠎ᠤᠨ ᠠᠷᠠᠯᠵᠢᠶᠠᠨ᠎ᠤ 《ᠳᠠᠩ ᠭᠠᠭᠴᠠ ᠴᠣᠩᠬᠤᠪᠴᠢ》 ᠵᠢᠨ ᠭᠣᠤᠯ ᠪᠣᠯᠬᠤ ᠲᠤᠬᠠᠢ᠌ᠯᠠᠭᠰᠠᠨ ᠠᠵᠢᠯ᠎ᠤᠨ ᠬᠡᠷᠡᠭᠯᠡᠭᠡᠨ᠎ᠤ ᠨᠣᠷᠮ᠎ᠠ ᠵᠢ 100%᠎ᠪᠠᠷ ᠪᠠᠲᠤᠯᠠᠪᠠ᠃ 《ᠡᠭᠦᠳᠡᠨ᠎ᠳᠤ ᠬᠥᠷᠬᠥ》 ᠲᠡᠭᠡᠭᠡᠪᠦᠷᠢ ᠵᠢᠨ ᠰᠢᠭᠤᠳ ᠨᠡᠪᠲᠡᠷᠡᠬᠦ ᠲᠡᠷᠭᠡ TIR (ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠨᠡᠢ᠌ᠲᠡ ᠵᠢᠨ ᠭᠡᠷ᠎ᠡ) ᠵᠢᠨ ᠲᠤᠬᠠᠢ᠌ᠯᠠᠭᠰᠠᠨ ᠠᠵᠢᠯ ᠲᠦᠷᠭᠡᠨ ᠬᠥᠭᠵᠢᠵᠦ᠂ ᠡᠷᠢᠶᠡᠨ ᠬᠣᠲᠠ ᠵᠢᠨ ᠵᠠᠰᠠᠮᠠᠯ ᠵᠠᠮ᠎ᠤᠨ ᠪᠣᠭᠣᠮᠲᠠ ᠪᠥᠬᠥ ᠵᠢᠯ᠎ᠳᠤ TIR ᠲᠡᠭᠡᠭᠡᠪᠦᠷᠢ ᠵᠢᠨ ᠲᠤᠬᠠᠢ᠌ᠯᠠᠭᠰᠠᠨ ᠠᠵᠢᠯ᠎ᠢ ᠨᠡᠢ᠌ᠲᠡ 781 ᠪᠢᠯᠧᠲ ᠭᠦᠢᠴᠡᠳᠬᠡᠵᠦ᠂ ᠡᠭᠦᠨ᠎ᠳᠤ᠂ ᠬᠢᠯᠢ᠎ᠪᠠᠷ ᠣᠷᠣᠭᠤᠯᠬᠤ ᠲᠤᠬᠠᠢ᠌ᠯᠠᠭᠰᠠᠨ ᠠᠵᠢᠯ 773 ᠪᠢᠯᠧᠲ ᠪᠠᠢ᠌ᠵᠤ᠂ ᠪᠥᠬᠥ ᠤᠯᠤᠰ᠎ᠤᠨ ᠨᠢᠭᠡᠳᠦᠭᠡᠷ᠎ᠲᠤ ᠣᠷᠣᠪᠠ᠃
《ᠳᠤᠮᠳᠠᠳᠤ ᠵᠶ᠋ᠡᠷ ᠨᠡᠪᠲᠡᠷᠡᠬᠦ ᠵᠠᠮ》᠎ᠤᠨ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢᠨ ᠲᠦᠷᠭᠡᠨ ᠨᠡᠮᠡᠭᠳᠡᠯ᠎ᠢ ᠪᠠᠲᠤᠯᠠᠬᠤ᠎ᠳᠤ ᠬᠦᠴᠦᠨ ᠨᠡᠮᠡᠷᠢᠯᠡᠪᠡ᠃ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢᠨ ᠬᠥᠭᠵᠢᠯᠲᠡ ᠵᠢ ᠳᠡᠮᠵᠢᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ 《ᠬᠥᠬᠡᠬᠣᠲᠠ ᠪᠣᠭᠣᠮᠲᠠ ᠵᠢᠨ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢᠨ ᠬᠥᠭᠵᠢᠯᠲᠡ ᠵᠢ ᠳᠡᠮᠵᠢᠬᠦ 22 ᠵᠤᠷᠪᠤᠰ ᠠᠷᠭ᠎ᠠ ᠬᠡᠮᠵᠢᠶ᠎ᠡ》 ᠵᠢ ᠲᠣᠭᠲᠠᠭ᠋ᠠᠵᠤ᠂ ᠡᠷᠢᠶᠡᠨ ᠬᠣᠲᠠ ᠵᠢᠨ ᠲᠡᠮᠦᠷ ᠵᠠᠮ᠎ᠤᠨ ᠪᠣᠭᠣᠮᠲᠠ ᠵᠢᠨ ᠪᠣᠭᠣᠮᠲᠠ᠎ᠪᠠᠷ ᠥᠩᠭᠡᠷᠡᠬᠦ ᠬᠦᠴᠦᠨ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠥ ᠵᠢᠯ᠎ᠳᠤ ᠡᠷᠢᠶᠡᠨ ᠬᠣᠲᠠ ᠵᠢᠨ ᠲᠡᠮᠦᠷ ᠵᠠᠮ᠎ᠤᠨ ᠪᠣᠭᠣᠮᠲᠠ᠎ᠪᠠᠷ ᠳᠡᠮᠵᠢᠨ 2384 ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢ ᠬᠢᠯᠢ᠎ᠪᠠᠷ ᠣᠷᠣᠭᠤᠯᠵᠤ ᠭᠠᠷᠭ᠋ᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 60%᠎ᠪᠠᠷ ᠨᠡᠮᠡᠭᠳᠡᠵᠦ᠂ ᠴᠢᠩᠭᠡᠯᠢᠭ᠎ᠤᠨ ᠳᠦᠭᠦᠷᠡᠩ ᠠᠴᠢᠶ᠎ᠠ ᠵᠢᠨ ᠨᠣᠷᠮ᠎ᠠ᠎ᠨᠢ 99.54%᠎ᠳᠤ ᠬᠥᠷᠪᠡ᠃ 《ᠳᠤᠮᠳᠠᠳᠤ᠎ᠪᠠᠷ ᠨᠡᠪᠲᠡᠷᠡᠬᠦ ᠵᠠᠮ》᠎ᠤᠨ ᠡᠷᠢᠶᠡᠨ ᠬᠣᠲᠠ ᠵᠢᠨ ᠪᠣᠭᠣᠮᠲᠠ ᠵᠢᠨ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡᠨ᠎ᠤ ᠨᠡᠮᠡᠭᠳᠡᠯ᠎ᠤᠨ ᠨᠣᠷᠮ᠎ᠠ᠎ᠨᠢ ᠭᠤᠷᠪᠠᠨ ᠨᠡᠪᠲᠡᠷᠡᠬᠦ ᠵᠠᠮ᠎ᠤᠨ ᠳᠥᠷᠪᠡᠨ ᠶᠡᠬᠡ ᠪᠣᠭᠣᠮᠲᠠ (ᠬᠤᠷᠭᠤᠰ᠂ ᠠᠯᠠᠱ᠌ᠠ᠂ ᠡᠷᠢᠶᠡᠨ ᠬᠣᠲᠠ᠂ ᠮᠠᠨᠵᠤᠤᠷ) ᠵᠢᠨ ᠲᠡᠷᠢᠭᠦᠨ᠎ᠳᠤ ᠣᠷᠣᠵᠤ᠂ ᠬᠣᠭᠣᠰᠣᠨ ᠬᠠᠢ᠌ᠷᠴᠠᠭ᠎ᠤᠨ ᠨᠣᠷᠮ᠎ᠠ ᠶᠡᠬᠡ᠎ᠪᠠᠷ ᠪᠠᠭᠤᠷᠠᠪᠠ᠃
ᠳᠥᠷᠪᠡ᠂ ᠪᠣᠭᠣᠮᠲᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠬᠦᠴᠦᠯᠡᠨ ᠰᠢᠯᠢᠳᠡᠭᠵᠢᠭᠦᠯᠬᠦ
ᠪᠣᠭᠣᠮᠲᠠ᠎ᠪᠠᠷ ᠥᠩᠭᠡᠷᠡᠬᠦ ᠴᠠᠭ᠎ᠤᠨ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠪᠡ᠃ ᠠᠵᠤ ᠠᠬᠤᠢ᠌ᠯᠠᠯ᠎ᠤᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠭᠤᠶᠤᠴᠢᠯᠠᠨ ᠮᠡᠳᠡᠭᠦᠯᠬᠦ ᠭᠣᠭᠴᠣᠭ᠎ᠠ᠎ᠳᠤ ᠭᠡᠷ᠎ᠡ ᠲᠤᠰᠢᠶᠠᠬᠤ᠂ ᠬᠠᠢ᠌ᠷᠴᠠᠭᠯᠠᠬᠤ ᠬᠠᠭᠤᠳᠠᠰᠤ ᠵᠡᠷᠭᠡ ᠳᠠᠭ᠋ᠠᠯᠳᠤᠭᠤᠯᠤᠯ ᠬᠠᠭᠤᠳᠠᠰᠤ ᠪᠠᠷᠢᠮᠲᠠ ᠵᠡᠷᠭᠡ ᠵᠢ ᠥᠯᠥ ᠲᠤᠰᠢᠶᠠᠵᠤ ᠪᠣᠭᠣᠮᠲᠠ᠎ᠪᠠᠷ ᠥᠩᠭᠡᠷᠡᠭᠦᠯᠬᠦ ᠵᠢ ᠳᠥᠭᠥᠮᠴᠢᠯᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠪᠠ᠃ 2020 ᠣᠨ᠎ᠤ 12 ᠳ᠋ᠤᠭ᠋ᠠᠷ ᠰᠠᠷ᠎ᠠ᠎ᠳᠤ᠂ ᠬᠥᠬᠡᠬᠣᠲᠠ ᠪᠣᠭᠣᠮᠲᠠ ᠵᠢᠨ ᠭᠠᠳᠠᠭ᠋ᠠᠳᠤ ᠣᠷᠤᠭᠤᠯᠤᠯᠲᠠ ᠵᠢᠨ ᠪᠣᠭᠣᠮᠲᠠ᠎ᠪᠠᠷ ᠥᠩᠭᠡᠷᠡᠬᠦ ᠪᠦᠬᠦᠯᠢ ᠴᠣᠭᠴᠠ ᠵᠢᠨ ᠴᠠᠭ᠎ᠨᠢ 29.55 ᠴᠠᠭ ᠪᠠᠢ᠌ᠵᠤ᠂ 2017 ᠣᠨ᠎ᠤ᠎ᠬᠢ᠎ᠲᠠᠢ ᠬᠠᠷᠢᠴᠠᠭᠤᠯᠪᠠᠯ 80.11%᠎ᠪᠠᠷ ᠪᠠᠭ᠋ᠠᠰᠪᠠ᠃ ᠭᠠᠳᠠᠭ᠋ᠠᠳᠤ ᠭᠠᠷᠭ᠋ᠠᠯᠲᠠ ᠵᠢᠨ ᠪᠣᠭᠣᠮᠲᠠ᠎ᠪᠠᠷ ᠥᠩᠭᠡᠷᠡᠬᠦ ᠪᠦᠬᠦᠯᠢ ᠴᠣᠭᠴᠠ ᠵᠢᠨ ᠴᠠᠭ᠎ᠨᠢ 0.37 ᠴᠠᠭ ᠪᠠᠢ᠌ᠵᠤ᠂ 2017 ᠣᠨ᠎ᠤ᠎ᠬᠢ᠎ᠲᠠᠢ ᠬᠠᠷᠢᠴᠠᠭᠤᠯᠪᠠᠯ 80.11%᠎ᠪᠠᠷ ᠪᠠᠭ᠋ᠠᠰᠴᠤ᠂ 50%᠎ᠪᠠᠷ ᠪᠠᠭ᠋ᠠᠰᠬᠠᠬᠤ ᠠᠵᠢᠯ᠎ᠤᠨ ᠬᠠᠷᠠᠯᠲᠠ᠎ᠪᠠᠨ ᠴᠢᠨᠠᠷ ᠰᠠᠢ᠌ᠲᠠᠶ ᠥᠨᠳᠥᠷ ᠪᠦᠲᠦᠮᠵᠢᠲᠡᠶ ᠪᠡᠶᠡᠯᠡᠭᠦᠯᠪᠡ᠃
《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠂ ᠭᠡᠷᠡᠴᠢ ᠦᠨᠡᠮᠯᠡᠯ᠎ᠢ ᠰᠠᠯᠭ᠋ᠠᠬᠤ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ ᠬᠠᠭᠤᠳᠠᠰᠤ ᠦᠨᠡᠮᠯᠡᠯ᠎ᠢ ᠴᠣᠮᠬᠠᠳᠬᠠᠵᠤ᠂ ᠠᠵᠤ ᠠᠬᠤᠢ᠌ᠯᠠᠯ᠎ᠤᠨ ᠳᠠᠩᠰᠠᠯᠠᠭᠤᠯᠤᠨ ᠲᠡᠮᠳᠡᠭᠯᠡᠭᠦᠯᠬᠦ ᠵᠢ ᠭᠦᠢ᠍ᠴᠡᠳᠬᠡᠬᠦ ᠴᠠᠭ ᠬᠤᠭᠤᠴᠠᠭ᠎ᠠ ᠵᠢ ᠪᠣᠭᠣᠨᠢᠰᠬᠠᠵᠤ᠂ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ 《ᠣᠯᠠᠨ ᠦᠨᠡᠮᠯᠡᠯ᠎ᠢ ᠨᠡᠢ᠌ᠯᠡᠭᠦᠯᠦᠨ ᠨᠢᠭᠡ ᠪᠣᠯᠭ᠋ᠠᠬᠤ》 ᠵᠢ ᠬᠡᠷᠡᠭᠵᠢᠭᠦᠯᠵᠦ᠂ ᠪᠣᠭᠣᠮᠲᠠ ᠵᠢᠨ ᠣᠷᠣᠨ᠎ᠤ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠲᠣᠭ᠎ᠠ 2016 ᠣᠨ᠎ᠤ ᠡᠴᠦᠰ᠎ᠲᠤ 4138 ᠪᠠᠢ᠌ᠭᠰᠠᠨ᠎ᠠᠴᠠ᠎ᠪᠠᠨ ᠣᠳᠣ 8348 ᠪᠣᠯᠵᠤ ᠨᠡᠮᠡᠭᠳᠡᠨ᠂ ᠵᠢᠯ ᠪᠦᠷᠢ ᠳᠤᠮᠳᠠᠴᠢ᠎ᠪᠠᠷ 20% ᠨᠡᠮᠡᠭᠳᠡᠵᠦ᠂ ᠡᠭᠦᠨ᠎ᠳᠤ 2020 ᠣᠨ᠎ᠳᠤ 974 ᠰᠢᠨ᠎ᠡ᠎ᠪᠠᠷ ᠨᠡᠮᠡᠭᠳᠡᠪᠡ᠃ ᠭᠠᠳᠠᠭ᠋ᠠᠳᠤ᠎ᠳᠤ ᠭᠠᠷᠭ᠋ᠠᠬᠤ ᠢᠳᠡᠭᠡᠨ ᠦᠢᠯᠡᠳᠪᠦᠷᠢᠯᠡᠬᠦ ᠠᠵᠤ ᠠᠬᠤᠢ᠌ᠯᠠᠯ᠎ᠢ ᠬᠢᠨᠠᠨ ᠵᠥᠪᠰᠢᠶᠡᠷᠡᠬᠦ ᠪᠠᠢ᠌ᠭᠰᠠᠨ᠎ᠠᠴᠠ ᠳᠠᠩᠰᠠᠯᠠᠬᠤ ᠪᠣᠯᠭ᠋ᠠᠨ ᠥᠭᠡᠷᠡᠴᠢᠯᠡᠵᠦ᠂ ᠠᠵᠤ ᠠᠬᠤᠢ᠌ᠯᠠᠯ᠎ᠤᠨ ᠭᠤᠶᠤᠴᠢᠯᠠᠯ᠎ᠢ 20 ᠠᠵᠢᠯᠯᠠᠬᠤ ᠡᠳᠦᠷ ᠪᠠᠢ᠌ᠭᠰᠠᠨ᠎ᠠᠴᠠ ᠲᠣᠰ ᠡᠳᠦᠷ᠎ᠲᠤ᠎ᠪᠠᠨ ᠭᠦᠢᠴᠡᠳᠬᠡᠵᠦ ᠳᠠᠭᠤᠰᠬᠠᠬᠤ ᠪᠣᠯᠭ᠋ᠠᠨ ᠪᠠᠭ᠋ᠠᠰᠬᠠᠵᠤ᠂ ᠵᠢᠯ᠎ᠤᠨ ᠳᠣᠲᠣᠷ᠎ᠠ ᠭᠠᠳᠠᠭ᠋ᠠᠳᠤ᠎ᠳᠤ ᠭᠠᠷᠭ᠋ᠠᠬᠤ ᠢᠳᠡᠭᠡᠨ ᠦᠢᠯᠡᠳᠪᠦᠷᠢᠯᠡᠬᠦ ᠠᠵᠤ ᠠᠬᠤᠢ᠌ᠯᠠᠯ᠎ᠢ 154 ᠰᠢᠨ᠎ᠡ᠎ᠪᠠᠷ ᠨᠡᠮᠡᠭᠳᠡᠭᠦᠯᠵᠦ᠂ 2019 ᠣᠨ᠎ᠤ ᠪᠥᠬᠥ ᠵᠢᠯ᠎ᠤᠨ ᠰᠢᠨ᠎ᠡ᠎ᠪᠠᠷ ᠨᠡᠮᠡᠭᠳᠡᠭᠰᠡᠨ ᠬᠡᠮᠵᠢᠶᠡᠨ᠎ᠤ 3.3 ᠳᠠᠬᠢᠨ ᠪᠣᠯᠪᠠ᠃
ᠳᠥᠭᠥᠮᠴᠢᠯᠡᠭᠰᠡᠨ ᠥᠭᠡᠷᠡᠴᠢᠯᠡᠯᠲᠡ᠎ᠨᠢ ᠠᠵᠤ ᠠᠬᠤᠢ᠌ᠯᠠᠯ᠎ᠤᠨ ᠬᠥᠭᠵᠢᠯᠲᠡ᠎ᠳᠤ ᠡᠨᠧᠷᠭᠢ ᠣᠯᠭᠤᠪᠠ᠃ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠥᠪᠡᠷ᠎ᠤᠨ ᠥᠷᠲᠡᠭ᠎ᠢ ᠪᠠᠭᠤᠷᠠᠭᠤᠯᠵᠤ᠂ ᠣᠷᠣᠰ᠎ᠤᠨ ᠮᠣᠳᠣᠨ ᠮᠠᠲ᠋ᠧᠷᠢᠶᠠᠯ᠎ᠢ ᠭᠠᠳᠠᠭ᠋ᠠᠳᠤ᠎ᠠᠴᠠ ᠣᠷᠣᠭᠤᠯᠬᠤ᠎ᠳᠤ᠂ ᠣᠨᠴᠠ ᠲᠣᠭᠲᠠᠭᠰᠠᠨ ᠮᠣᠳᠣᠨ᠎ᠤ ᠲᠥᠷᠥᠯ᠎ᠠᠴᠠ ᠪᠤᠰᠤᠳ᠎ᠨᠢ ᠳᠠᠭᠢᠵᠤ ᠤᠭ ᠭᠠᠷᠤᠯᠲᠠ ᠵᠢᠨ ᠭᠠᠵᠠᠷ᠎ᠤᠨ ᠦᠨᠡᠮᠯᠡᠯ ᠬᠠᠩᠭ᠋ᠠᠬᠤ ᠵᠢ ᠱᠠᠭ᠋ᠠᠷᠳᠠᠬᠤ ᠥᠬᠡᠶ ᠪᠣᠯᠵᠣ᠂ ᠠᠵᠤ ᠠᠬᠤᠢ᠌ᠯᠠᠯ᠎ᠤᠨ ᠲᠡᠷᠭᠡ ᠪᠦᠷᠢ᠎ᠳᠤ 100 ᠰᠢᠬᠠᠮ ᠲᠥᠭᠥᠷᠢᠭ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠠᠷᠪᠢᠯᠠᠵᠤ᠂ 2020 ᠣᠨ᠎ᠳᠤ ᠠᠵᠤ ᠠᠬᠤᠢ᠌ᠯᠠᠯ᠎ᠤᠨ ᠥᠪᠡᠷ᠎ᠤᠨ ᠥᠷᠲᠡᠭ᠎ᠢ ᠨᠡᠢ᠌ᠲᠡ 200 ᠲᠦᠮᠡᠨ ᠲᠥᠭᠥᠷᠢᠭ ᠠᠷᠪᠢᠯᠠᠪᠠ᠃ ᠣᠬ ᠭᠠᠷᠤᠯᠲᠠ ᠵᠢᠨ ᠭᠠᠵᠠᠷ᠎ᠤᠨ ᠦᠨᠡᠮᠯᠡᠯ᠎ᠢ ᠥᠪᠡᠰᠦᠪᠡᠨ ᠳᠠᠷᠤᠮᠠᠯᠯᠠᠬᠤ ᠪᠠ
《ᠬᠣᠶᠠᠷ ᠦᠨᠡᠮᠯᠡᠯ᠎ᠢ ᠨᠢᠭᠡᠳᠬᠡᠬᠦ》 ᠥᠭᠡᠷᠡᠴᠢᠯᠡᠯᠲᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠣᠬ ᠭᠠᠷᠤᠯᠲᠠ ᠵᠢᠨ ᠭᠠᠵᠠᠷ᠎ᠤᠨ ᠦᠨᠡᠮᠯᠡᠯ᠎ᠢ ᠣᠶᠤᠨᠴᠢ᠎ᠪᠠᠷ ᠬᠢᠨᠠᠨ ᠬᠠᠷᠭᠤᠭᠤᠯᠬᠤ ᠵᠢ ᠪᠡᠶᠡᠯᠡᠭᠦᠯᠵᠦ᠂ 2020 ᠣᠨ᠎ᠳᠤ ᠣᠬ ᠭᠠᠷᠤᠯᠲᠠ ᠵᠢᠨ ᠭᠠᠵᠠᠷ᠎ᠤᠨ ᠦᠨᠡᠮᠯᠡᠯ᠎ᠢ ᠨᠡᠢ᠍ᠢ᠍ᠳᠡ 1.12 ᠲᠦᠮᠡᠨ ᠬᠤᠪᠢ ᠣᠯᠭᠣᠵᠤ᠂ ᠭᠠᠳᠠᠭ᠋ᠠᠳᠤ᠎ᠳᠤ ᠭᠠᠷᠭ᠋ᠠᠬᠤ ᠠᠵᠤ ᠠᠬᠤᠢ᠌ᠯᠠᠯ᠎ᠢ ᠬᠠᠪᠰᠤᠷᠤᠨ ᠭᠠᠳᠠᠭ᠋ᠠᠳᠤ᠎ᠠᠴᠠ ᠣᠷᠣᠭᠤᠯᠬᠤ ᠤᠯᠤᠰ᠎ᠤᠨ ᠪᠣᠭᠣᠮᠲᠠ ᠵᠢᠨ ᠭᠠᠢ᠌ᠯᠢ ᠵᠢᠨ 2378 ᠲᠦᠮᠡᠨ ᠳ᠋ᠣᠯᠯᠠᠷ᠎ᠤᠨ ᠬᠠᠷᠠᠭ᠋ᠠᠯᠵᠠᠯ᠎ᠢ ᠬᠦᠷᠲᠡᠭᠡᠪᠡ᠃ ᠢᠲᠡᠭᠡᠮᠵᠢ ᠵᠢᠨ ᠰᠢᠰᠲᠸᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠪᠣᠭᠣᠮᠲᠠ ᠵᠢᠨ ᠣᠷᠣᠨ᠎ᠳᠤ AEO ᠭᠡᠷᠡᠴᠢᠯᠡᠯ᠎ᠤᠨ ᠠᠵᠤ ᠠᠬᠤᠢ᠌ᠯᠠᠯ᠎ᠢ 1᠂ ᠧᠦ᠋ᠷᠣᠫᠠ ᠵᠢᠨ ᠬᠣᠯᠪᠣᠭ᠋ᠠᠨ᠎ᠤ ᠠᠯᠪᠠᠨ᠎ᠠᠴᠠ ᠳᠠᠩᠰᠠᠯᠠᠭᠤᠯᠤᠭᠰᠠᠨ ᠭᠠᠳᠠᠭ᠋ᠠᠳᠤ᠎ᠳᠤ ᠭᠠᠷᠭ᠋ᠠᠬᠤ ᠢᠳᠡᠭᠡᠨ᠎ᠤ ᠠᠵᠤ ᠠᠬᠤᠢ᠌ᠯᠠᠯ 1 ᠵᠢ ᠰᠢᠨ᠎ᠡ᠎ᠪᠠᠷ ᠨᠡᠮᠡᠭᠳᠡᠭᠦᠯᠵᠦ᠂ ᠣᠳᠣ ᠪᠠᠢ᠌ᠭ᠎ᠠ 21 AEO ᠠᠵᠤ ᠠᠬᠤᠢ᠌ᠯᠠᠯ᠎ᠤᠨ ᠭᠠᠳᠠᠭ᠋ᠠᠳᠤ ᠠᠷᠠᠯᠵᠢᠶᠠᠨ᠎ᠤ ᠲᠣᠭ᠎ᠠ ᠪᠣᠯᠤᠨ ᠭᠠᠢ᠌ᠯᠢ ᠲᠤᠰᠢᠶᠠᠭᠰᠠᠨ ᠲᠣᠭ᠎ᠠ᠎ᠨᠢ ᠪᠣᠭᠣᠮᠲᠠ ᠵᠢᠨ ᠣᠷᠣᠨ᠎ᠤ ᠶᠡᠷᠦᠩᠬᠡᠶ ᠬᠡᠮᠵᠢᠶ᠎ᠡ ᠵᠢᠨ ᠪᠠᠷᠤᠭ 40% ᠵᠢ ᠡᠵᠡᠯᠡᠪᠡ᠃
ᠲᠠᠪᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠎ᠳᠤ ᠬᠦᠴᠦᠨ ᠨᠡᠮᠡᠷᠢᠯᠡᠬᠦ
ᠠᠷᠭ᠎ᠠ ᠬᠡᠮᠵᠢᠶ᠎ᠡ ᠲᠣᠭᠲᠠᠭ᠋ᠠᠵᠤ ᠪᠣᠬᠢᠷᠲᠤᠯ ᠥᠬᠡᠶ ᠮᠠᠯ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢ ᠦᠷᠭᠦᠯᠵᠢᠯᠡᠨ ᠥᠷᠭᠡᠳᠬᠡᠬᠦ᠎ᠳᠤ ᠬᠦᠴᠦᠨ ᠨᠡᠮᠡᠷᠢᠯᠡᠪᠡ᠃ ᠡᠷᠢᠶᠡᠨ ᠬᠣᠲᠠ ᠵᠢᠨ ᠪᠣᠭᠣᠮᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠭᠣᠮᠲᠠ᠎ᠪᠠᠷ ᠲᠦᠷᠭᠡᠨ ᠥᠩᠭᠡᠷᠡᠬᠦ ᠰᠠᠭ᠋ᠠᠳ ᠥᠬᠡᠶ ᠨᠡᠪᠲᠡᠷᠡᠬᠦ ᠵᠠᠮ᠎ᠢ ᠬᠦᠴᠦᠲᠡᠶ ᠪᠠᠲᠤᠯᠠᠵᠤ᠂ ᠰᠢᠨ᠎ᠡ ᠰᠣᠷᠭᠣᠭ ᠵᠢᠮᠢᠰ ᠢᠳᠡᠰᠢᠨ ᠨᠣᠭᠣᠭ᠎ᠠ ᠵᠢ ᠮᠣᠩᠭᠣᠯ ᠣᠷᠣᠰ᠎ᠲᠤ ᠭᠠᠷᠭ᠋ᠠᠬᠤ ᠵᠢ ᠠᠬᠢᠭᠤᠯᠵᠤ᠂ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠠᠬᠢ 《ᠭᠤᠷᠪᠠᠨ ᠲᠡᠷᠢᠭᠦᠨ ᠬᠣᠶᠠᠷ ᠪᠣᠯᠵᠣᠬᠤ》 ᠵᠢ ᠳᠡᠮᠵᠢᠬᠦ ᠠᠷᠭ᠎ᠠ ᠬᠡᠮᠵᠢᠶ᠎ᠡ ᠵᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠪᠥᠬᠥ ᠵᠢᠯ᠎ᠳᠤ ᠡᠷᠢᠶᠡᠨ ᠬᠣᠲᠠ ᠵᠢᠨ ᠪᠣᠭᠣᠮᠲᠠ᠎ᠪᠠᠷ ᠳᠡᠮᠵᠢᠨ 9.7 ᠲᠦᠮᠡᠨ ᠲᠣᠨ ᠵᠢᠮᠢᠰ ᠢᠳᠡᠰᠢᠨ ᠨᠣᠭᠣᠭ᠎ᠠ ᠭᠠᠷᠭ᠋ᠠᠵᠤ᠂ ᠪᠠᠷᠠᠭ᠋ᠠᠨ᠎ᠤ ᠥᠷᠲᠡᠭ᠎ᠨᠢ 1.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 5.74%᠂ 12.44%᠎ᠪᠠᠷ ᠨᠡᠮᠡᠭᠳᠡᠪᠡ᠃ ᠪᠠᠶᠠᠨᠨᠠᠭᠤᠷ ᠬᠣᠲᠠ ᠵᠢᠨ 《ᠲᠩᠷᠢ ᠵᠢᠨ ᠬᠡᠰᠢᠭᠲᠦ ᠪᠣᠷᠣᠲᠣᠬᠣᠶ》 ᠵᠢᠨ ᠨᠠᠷᠠᠲᠤ ᠲᠡᠮᠳᠡᠭᠲᠦ ᠵᠢ ᠡᠭᠦᠳᠬᠦ ᠵᠢ ᠢᠳᠡᠪᠬᠢᠲᠡᠶ ᠳᠡᠮᠵᠢᠪᠡ᠃ ᠨᠠᠷᠠᠲᠤ ᠲᠡᠮᠳᠡᠭᠲᠦ ᠵᠢ ᠦᠨᠡᠯᠡᠬᠦ ᠵᠢᠴᠢ ᠪᠣᠢ᠌ᠵᠢᠭᠤᠯᠬᠤ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ 2020 ᠣᠨ᠎ᠳᠤ ᠲᠣᠰ ᠬᠣᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ᠎ᠨᠢ 38.5 ᠳ᠋ᠦᠩᠰᠢᠭᠤᠷ ᠲᠥᠭᠥᠷᠢᠭ᠎ᠲᠤ ᠬᠦᠷᠴᠦ (ᠭᠣᠤᠯᠳᠠᠭᠤ ᠨᠡᠷᠡᠨ ᠬᠤᠸᠠᠷ᠎ᠤᠨ ᠦᠷ᠎ᠡ ᠪᠠ ᠯᠠᠩᠭᠤᠸᠠ ᠵᠢᠨ ᠦᠷ᠎ᠡ᠂ ᠤᠰᠤ ᠥᠬᠡᠢ᠌ᠳᠡᠭᠦᠯᠦᠭᠰᠡᠨ ᠢᠳᠡᠰᠢᠨ ᠨᠣᠭᠣᠭ᠎ᠠ᠂ ᠲᠥᠪᠡᠳ ᠬᠠᠰᠢ ᠵᠢᠨ ᠪᠦᠲᠦᠭᠡᠭᠳᠡᠬᠦᠨ ᠵᠡᠷᠭᠡ ᠪᠣᠯᠤᠨ᠎ᠠ)᠂ ᠠᠳᠠᠯᠢ ᠬᠤᠭᠤᠴᠠᠭ᠋ᠠᠨ᠎ᠤ᠎ᠬᠢ᠎ᠠᠴᠠ 7.9%᠎ᠪᠠᠷ ᠨᠡᠮᠡᠭᠳᠡᠪᠡ᠃
ᠡᠯ᠎ᠡ ᠵᠦᠢ᠍ᠯ᠎ᠤᠨ ᠭᠠᠢ᠌ᠯᠢ ᠬᠠᠰᠤᠵᠤ ᠬᠡᠯᠲᠦᠷᠢᠭᠦᠯᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠪᠡ᠃ ᠪᠥᠬᠥ ᠵᠢᠯ᠎ᠳᠤ ᠡᠯ᠎ᠡ ᠲᠥᠷᠥᠯ᠎ᠤᠨ ᠭᠠᠢ᠌ᠯᠢ ᠬᠠᠰᠤᠵᠤ ᠭᠡᠯᠳᠦᠷᠢᠭᠦᠯᠦᠭᠰᠡᠨ ᠭᠡᠷᠡᠴᠢ ᠪᠠᠷᠢᠮᠲᠠ ᠵᠢ 2633 ᠬᠤᠪᠢ ᠭᠦᠢᠴᠡᠳᠬᠡᠵᠦ᠂ ᠬᠢᠨᠠᠨ ᠵᠥᠪᠰᠢᠶᠡᠷᠡᠭᠰᠡᠨ ᠪᠠᠷᠠᠭ᠋ᠠᠨ᠎ᠤ ᠥᠷᠲᠡᠭ᠎ᠨᠢ 2.97 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10%᠎ᠪᠠᠷ ᠨᠡᠮᠡᠭᠳᠡᠨ᠂ ᠭᠠᠢ᠌ᠯᠢ ᠵᠢᠨ ᠵᠣᠭᠣᠰ᠎ᠢ 2.54 ᠳ᠋ᠦᠩᠰᠢᠭᠤᠷ ᠲᠥᠭᠥᠷᠢᠭ ᠬᠠᠰᠤᠵᠤ ᠭᠡᠯᠳᠦᠷᠢᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 14.41%᠎ᠪᠠᠷ ᠨᠡᠮᠡᠭᠳᠡᠪᠡ᠃ ᠪᠣᠭᠣᠮᠲᠠ ᠵᠢᠨ ᠣᠷᠣᠨ᠎ᠤ ᠠᠮᠸᠷᠢᠺᠡ᠎ᠠᠴᠠ ᠪᠣᠭᠣᠮᠲᠠ ᠵᠢᠨ ᠭᠠᠢ᠌ᠯᠢ ᠨᠡᠮᠡᠵᠦ ᠲᠠᠲᠠᠪᠤᠷᠢᠯᠠᠬᠤ ᠲᠠᠸᠠᠷ᠎ᠤᠨ ᠭᠠᠢ᠌ᠯᠢ ᠨᠡᠮᠡᠵᠦ ᠥᠯᠥ ᠲᠠᠲᠠᠪᠤᠷᠢᠯᠠᠬᠤ ᠨᠠᠷᠢᠨ ᠬᠠᠭᠤᠳᠠᠰᠤ ᠵᠢᠨ ᠭᠠᠢ᠌ᠯᠢ ᠪᠤᠴᠠᠭ᠋ᠠᠬᠤ ᠠᠵᠢᠯ᠎ᠢ ᠢᠳᠡᠪᠬᠢᠲᠡᠶ ᠠᠬᠢᠭᠤᠯᠵᠤ᠂ 207.49 ᠲᠦᠮᠡᠨ ᠲᠥᠭᠥᠷᠢᠭ᠎ᠤᠨ ᠭᠠᠢ᠌ᠯᠢ ᠪᠤᠴᠠᠭ᠋ᠠᠬᠤ ᠵᠢ ᠭᠦᠢᠴᠡᠳᠬᠡᠪᠡ᠃
ᠵᠢᠷᠭᠤᠭ᠎ᠠ᠂ ᠬᠢᠯᠢ ᠬᠢᠵᠠᠭ᠋ᠠᠷ᠎ᠤᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ
ᠪᠣᠭᠣᠮᠲᠠ ᠵᠢᠨ ᠬᠢᠵᠢᠭ ᠪᠠᠢ᠌ᠴᠠᠭ᠋ᠠᠬᠤ ᠰᠡᠷᠭᠡᠢ᠌ᠯᠡᠯᠲᠡ ᠵᠢᠨ ᠱᠤᠭᠤᠮ᠎ᠢ ᠡᠷᠡᠰ ᠪᠠᠲᠤ ᠪᠠᠢ᠌ᠭᠤᠯᠪᠠ᠃ ᠨᠠᠮ᠎ᠤᠨ ᠲᠥᠪ ᠬᠣᠷᠢᠢ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠠᠰᠠᠭ᠎ᠤᠨ ᠣᠷᠳᠣᠨ᠂ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠨᠠᠮ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠥᠨᠳᠥᠷ ᠪᠦᠲᠦᠮᠵᠢᠲᠡᠢ ᠨᠠᠢ᠌ᠳᠠᠪᠤᠷᠢᠵᠢᠭᠤᠯᠵᠤ᠂ ᠣᠷᠣᠨ ᠨᠤᠲᠤᠭ᠎ᠤᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠡᠯ᠎ᠡ ᠵᠦᠢ᠍ᠯ᠎ᠤᠨ ᠰᠡᠷᠭᠡᠢ᠌ᠯᠡᠨ ᠡᠵᠡᠮᠳᠡᠬᠦ ᠠᠵᠢᠯ᠎ᠢ ᠪᠣᠳᠠᠲᠠᠢ ᠨᠠᠷᠢᠯᠢᠭ ᠠᠳᠬᠤᠵᠤ᠂ ᠬᠠᠭᠤᠷᠠᠢ ᠵᠠᠮ ᠪᠠ ᠠᠭ᠋ᠠᠷ᠎ᠤᠨ ᠠᠶᠠᠯᠠᠯ ᠬᠣᠶᠠᠷ ᠵᠠᠮ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠪᠡ᠃ ᠪᠣᠭᠣᠮᠲᠠ ᠵᠢᠨ ᠠᠮᠢᠲᠠᠨ ᠤᠷᠭᠤᠮᠠᠯ᠎ᠤᠨ ᠬᠢᠵᠢᠭ ᠪᠠᠢ᠌ᠴᠠᠭ᠋ᠠᠵᠤ ᠰᠡᠷᠭᠡᠢ᠌ᠯᠡᠬᠦ ᠱᠤᠭᠤᠮ᠎ᠢ ᠡᠷᠡᠰ ᠪᠠᠲᠤ ᠪᠡᠬᠢᠵᠢᠭᠦᠯᠵᠦ᠂ 《ᠬᠢᠯᠢ ᠵᠢᠨ ᠭᠠᠳᠠᠨᠠᠬᠢ ᠬᠢᠵᠢᠭ ᠥᠬᠡᠶ ᠣᠷᠣᠨ᠎ᠢ ᠣᠷᠣᠨ ᠪᠦᠰᠡᠵᠢᠭᠦᠯᠬᠦ + ᠠᠮᠢᠳᠤ ᠪᠣᠳᠠᠰ᠎ᠤᠨ ᠠᠶᠤᠯᠭᠦᠢ ᠨᠡᠪᠲᠡᠷᠡᠬᠦ ᠵᠠᠮ + ᠬᠢᠯᠢ ᠵᠢᠨ ᠪᠣᠭᠣᠮᠲᠠ ᠵᠢ ᠵᠢᠭ᠋ᠠᠨ ᠲᠣᠭᠲᠠᠭ᠋ᠠᠵᠤ ᠡᠳ᠋ᠰᠢᠭᠦᠯᠬᠦ》 ᠬᠠᠭᠤᠷᠠᠶ ᠵᠠᠮ ᠵᠶ᠋ᠠᠷ ᠬᠢᠯᠢ᠎ᠳᠤ ᠣᠷᠣᠭᠤᠯᠬᠤ ᠠᠮᠢᠲᠠᠨ ᠤᠷᠭᠤᠮᠠᠯ᠎ᠤᠨ ᠪᠥᠬᠥ ᠬᠡᠯᠬᠢᠶᠡᠨ᠎ᠤ ᠬᠢᠵᠢᠭ ᠪᠠᠢ᠌ᠴᠠᠭ᠋ᠠᠵᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠵᠢ ᠪᠠᠳᠠᠷᠠᠭᠤᠯᠵᠤ᠂ ᠪᠣᠭᠣᠮᠲᠠ ᠵᠢᠨ ᠠᠮᠢᠲᠠᠨ ᠤᠷᠭᠤᠮᠠᠯ᠎ᠤᠨ ᠬᠦᠨᠳᠦ ᠶᠡᠬᠡ ᠬᠢᠵᠢᠭ᠎ᠤᠨ ᠪᠠᠢ᠌ᠳᠠᠯ᠎ᠢ ᠣᠷᠤᠭᠤᠯᠬᠤ ᠪᠠ ᠭᠠᠳᠠᠭᠰᠢ ᠭᠠᠷᠬᠤ ᠵᠢ ᠪᠥᠬᠥ ᠬᠦᠴᠦᠨ ᠵᠶ᠋ᠡᠷ ᠰᠡᠷᠭᠡᠢ᠌ᠯᠡᠨ ᠬᠣᠷᠢᠭᠯᠠᠪᠠ᠃
ᠨᠢᠭᠤᠴᠠ᠎ᠪᠠᠷ ᠠᠷᠠᠯᠵᠢᠶᠠᠯᠠᠬᠤ᠎ᠳᠤ ᠴᠢᠩᠭ᠎ᠠ ᠴᠣᠬᠢᠯᠲᠠ ᠥᠭᠬᠦ ᠪᠠᠢ᠌ᠳᠠᠯ᠎ᠢ ᠢᠮᠠᠭᠲᠠ ᠪᠠᠲᠤᠯᠠᠪᠠ᠃ ᠪᠥᠬᠥ ᠵᠢᠯ᠎ᠳᠤ 24 ᠡᠷᠡᠭᠦᠦ ᠵᠢᠨ ᠬᠡᠷᠡᠭ᠎ᠢ ᠬᠡᠷᠡᠭ ᠪᠣᠯᠭ᠋ᠠᠨ ᠳᠡᠩᠰᠡᠯᠡᠵᠦ ᠲᠤᠷᠰᠢᠨ ᠪᠠᠢ᠌ᠴᠠᠭ᠋ᠠᠵᠤ᠂ 80 ᠵᠠᠰᠠᠭ ᠵᠠᠬᠢᠷᠭ᠋ᠠᠨ᠎ᠤ ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ 463.08 ᠲᠦᠮᠡᠨ ᠲᠥᠭᠥᠷᠢᠭ᠎ᠤᠨ ᠭᠠᠢ᠌ᠯᠢ᠎ᠠᠴᠠ ᠵᠠᠢ᠌ᠯᠠᠭᠰᠠᠨ ᠰᠡᠵᠢᠭᠯᠡᠯᠲᠡᠶ ᠪᠠᠢ᠌ᠨ᠎ᠠ᠃ ᠨᠢᠭᠤᠴᠠ᠎ᠪᠠᠷ ᠠᠷᠠᠯᠵᠢᠶᠠᠯᠠᠭᠰᠠᠨ ᠬᠢᠵᠢᠭᠲᠦ ᠣᠷᠣᠨ᠎ᠤ ᠬᠥᠯᠳᠡᠭᠦᠦ ᠪᠣᠳᠠᠰ᠎ᠤᠨ ᠬᠡᠷᠡᠭ᠎ᠢ 2 ᠤᠳᠠᠭ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ (ᠶᠠᠰᠤᠨ᠎ᠤ ᠬᠠᠶᠠᠭᠳᠠᠮᠠᠯ ᠮᠠᠲ᠋ᠧᠷᠢᠶᠠᠯ)᠎ᠤᠨ ᠬᠡᠷᠡᠭ᠎ᠢ 1 ᠤᠳᠠᠭ᠎ᠠ᠂ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠡᠳ᠋ ᠪᠠᠷᠠᠭ᠎ᠠ ᠵᠢ ᠴᠠᠭ᠋ᠠᠵᠠᠯᠠᠭᠰᠠᠨ ᠬᠡᠷᠡᠭ᠎ᠢ 2 ᠤᠳᠠᠭ᠎ᠠ ᠢᠯᠡᠷᠡᠭᠦᠯᠪᠡ; ᠰᠤᠮᠤ ᠳᠠᠷᠢ ᠵᠢ ᠨᠢᠭᠤᠴᠠ᠎ᠪᠠᠷ ᠠᠷᠠᠯᠵᠢᠶᠠᠯᠠᠭᠰᠠᠨ ᠬᠡᠷᠡᠭ᠎ᠢ 2 ᠤᠳᠠᠭ᠎ᠠ᠂ ᠬᠣᠤᠷᠲᠤ ᠡᠳ᠋᠎ᠢ ᠭᠤᠪᠢᠭᠤᠯᠵᠤ ᠬᠢᠯᠢ᠎ᠪᠠᠷ ᠣᠷᠣᠭᠤᠯᠤᠭᠰᠠᠨ ᠬᠡᠷᠡᠭ᠎ᠢ 14 ᠤᠳᠠᠭ᠎ᠠ ᠢᠯᠡᠷᠡᠭᠦᠯᠪᠡ᠃
2020 ᠣᠨ᠎ᠤ ᠬᠥᠬᠡᠬᠣᠲᠠ ᠵᠢᠨ ᠪᠣᠭᠣᠮᠲᠠ ᠵᠢᠨ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠬᠤ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ 2020 ᠣᠨ᠎ᠤ ᠥᠪᠡᠷᠲᠡᠭᠡᠨ ᠵᠠᠰᠠᠬᠤ ᠣᠷᠣᠨ᠎ᠤ ᠭᠣᠤᠯ ᠪᠣᠯᠬᠤ ᠠᠷᠠᠯᠵᠢᠶᠠᠨ᠎ᠤ ᠬᠠᠨᠢᠲᠠᠨ ᠮᠣᠩᠭᠣᠯ᠂ ᠣᠷᠣᠰ᠎ᠤᠨ ᠭᠠᠳᠠᠭ᠋ᠠᠳᠤ ᠠᠷᠠᠯᠵᠢᠶᠠᠨ᠎ᠤ ᠪᠠᠢ᠌ᠳᠠᠯ ᠵᠢᠴᠢ 2021 ᠣᠨ᠎ᠳᠤ ᠲᠤᠯᠭ᠋ᠠᠷᠠᠬᠤ ᠮᠡᠳᠡᠬᠦ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
ᠵᠢᠶᠤᠤ ᡁᠢ ᠵᠢᠶᠦ᠋ᠨ᠄ ᠮᠠᠨ᠎ᠤ ᠣᠷᠣᠨ᠎ᠨᠢ ᠤᠯᠤᠰ᠎ᠤᠨ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ ᠪᠣᠯᠤᠭᠰᠠᠨ᠎ᠤ ᠬᠤᠪᠢ᠎ᠳᠤ᠂ ᠭᠠᠵᠠᠷ ᠣᠷᠣᠨ᠎ᠤ ᠣᠷᠣᠨ ᠪᠠᠢ᠌ᠷᠢ ᠵᠢᠨ ᠳᠠᠪᠠᠭᠤᠯᠢᠭ ᠢᠯᠡᠳᠲᠡ ᠪᠠᠢ᠌ᠵᠤ᠂ ᠮᠣᠩᠭᠣᠯ᠂ ᠣᠷᠣᠰ ᠪᠣᠯ ᠮᠠᠨ᠎ᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠣᠤᠯ ᠪᠣᠯᠬᠤ ᠠᠷᠠᠯᠵᠢᠶᠠᠨ᠎ᠤ ᠬᠠᠨᠢᠲᠠᠨ ᠤᠯᠤᠰ ᠪᠣᠯᠤᠭᠰᠠᠭ᠋ᠠᠷ ᠢᠷᠡᠵᠡᠶ᠂ 2020 ᠣᠨ᠎ᠳᠤ ᠬᠢᠵᠢᠭ᠎ᠤᠨ ᠪᠠᠢ᠌ᠳᠠᠯ ᠪᠣᠯᠤᠨ ᠭᠠᠳᠠᠭ᠋ᠠᠳᠤ ᠠᠷᠠᠯᠵᠢᠶᠠᠨ᠎ᠤ ᠪᠠᠢ᠌ᠳᠠᠯ ᠬᠦᠨᠳᠦ ᠨᠣᠴᠢᠲᠠᠶ ᠵᠡᠷᠭᠡ ᠬᠦᠴᠦᠨ ᠵᠦᠢᠯ᠎ᠤᠨ ᠨᠥᠯᠥᠭᠡ᠎ᠠᠴᠠ ᠪᠣᠯᠵᠣ᠂ ᠥᠪᠡᠷᠲᠡᠭᠡᠨ ᠵᠠᠰᠠᠬᠤ ᠣᠷᠣᠨ᠎ᠤ ᠮᠣᠩᠭᠣᠯ ᠤᠯᠤᠰ᠎ᠲᠠᠬᠢ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠎ᠨᠢ 276.5 ᠳ᠋ᠦᠩᠰᠢᠭᠤᠷ ᠲᠥᠭᠥᠷᠢᠭ᠎ᠲᠤ ᠬᠦᠷᠴᠦ᠂ 21.6%᠎ᠪᠠᠷ ᠪᠠᠭᠤᠷᠠᠪᠠ; ᠣᠷᠣᠰ᠎ᠯᠤᠭ᠎ᠠ ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠎ᠨᠢ 175.5 ᠳ᠋ᠦᠩᠰᠢᠭᠤᠷ ᠲᠥᠭᠥᠷᠢᠭ᠎ᠲᠤ ᠬᠦᠷᠴᠦ᠂ 5.4%᠎ᠪᠠᠷ ᠪᠠᠭᠤᠷᠠᠪᠠ; ᠮᠣᠩᠭᠣᠯ ᠣᠷᠣᠰ᠎ᠯᠤᠭ᠎ᠠ ᠵᠢᠨ ᠠᠷᠠᠯᠵᠢᠶ᠎ᠠ ᠪᠥᠬᠥ ᠣᠷᠣᠨ᠎ᠤ ᠭᠠᠳᠠᠭ᠋ᠠᠳᠤ ᠠᠷᠠᠯᠵᠢᠶᠠᠨ᠎ᠤ ᠶᠡᠷᠦᠩᠬᠡᠶ ᠥᠷᠲᠡᠭ᠎ᠤᠨ 43.3% ᠵᠢ ᠡᠵᠡᠯᠡᠪᠡ᠃ ᠡᠭᠦᠨ᠎ᠳᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠣᠯ ᠮᠠᠨ᠎ᠤ ᠣᠷᠣᠨ᠎ᠤ ᠮᠣᠩᠭᠣᠯ᠂ ᠣᠷᠣᠰ᠎ᠯᠤᠭ᠎ᠠ ᠵᠢᠨ ᠠᠷᠠᠯᠵᠢᠶᠠᠨ᠎ᠤ ᠭᠣᠤᠯ ᠬᠦᠴᠦᠨ ᠮᠥᠨ᠂ ᠮᠣᠩᠭᠣᠯ ᠣᠷᠣᠰ᠎ᠯᠤᠭ᠎ᠠ ᠵᠢᠨ ᠠᠷᠠᠯᠵᠢᠶᠠᠨ᠎ᠤ 92%᠎ᠢ ᠡᠵᠡᠯᠡᠵᠦ ᠪᠣᠢ; ᠠᠷᠠᠯᠵᠢᠶᠠᠨ᠎ᠤ ᠠᠷᠭ᠎ᠠ ᠮᠠᠶᠢᠭ᠎ᠨᠢ ᠬᠢᠯᠢ ᠵᠢᠨ ᠪᠠᠭ᠎ᠠ ᠬᠡᠮᠵᠢᠶᠡᠨ᠎ᠤ ᠠᠷᠠᠯᠵᠢᠶ᠎ᠠ ᠪᠠ ᠡᠩ᠎ᠤᠨ ᠠᠷᠠᠯᠵᠢᠶ᠎ᠠ᠎ᠪᠠᠷ ᠭᠣᠤᠯᠯᠠᠵᠤ᠂ ᠬᠣᠶᠠᠭᠤᠯᠠ᠎ᠪᠠᠨ 80.3% ᠵᠢ ᠡᠵᠡᠯᠡᠨ᠎ᠡ᠃ ᠭᠠᠳᠠᠭ᠋ᠠᠳᠤ᠎ᠠᠴᠠ ᠣᠷᠣᠭᠤᠯᠬᠤ ᠲᠠᠸᠠᠷ ᠪᠣᠯ ᠭᠣᠣᠯᠳᠠᠭᠤ ᠨᠡᠭᠦᠷᠡᠰᠦ᠂ ᠵᠡᠰ᠎ᠤᠨ ᠬᠦᠳᠡᠷ᠂ ᠮᠣᠳᠣᠨ ᠮᠠᠲ᠋ᠧᠷᠢᠶᠠᠯ ᠵᠡᠷᠭᠡ ᠲᠠᠸᠠᠷ ᠪᠣᠯᠤᠨ᠎ᠠ; ᠭᠠᠳᠠᠭ᠋ᠠᠳᠤ᠎ᠳᠤ ᠭᠠᠷᠭ᠋ᠠᠬᠤ᠎ᠨᠢ ᠭᠣᠣᠯᠳᠠᠭᠤ ᠲᠠᠷᠢᠶᠠᠯᠠᠩ᠎ᠤᠨ ᠪᠦᠲᠦᠭᠡᠭᠳᠡᠬᠦᠨ᠂ ᠪᠤᠯᠤᠳ ᠮᠠᠲ᠋ᠧᠷᠢᠶᠠᠯ᠂ ᠬᠤᠪᠴᠠᠰᠤ ᠬᠤᠨᠠᠷ ᠵᠡᠷᠭᠡ ᠲᠠᠸᠠᠷ ᠪᠣᠯᠤᠨ᠎ᠠ᠃
ᠪᠥᠬᠥ ᠪᠥᠮᠪᠥᠷᠴᠡᠭ᠎ᠤᠨ ᠠᠵᠤ ᠠᠬᠤᠶ ᠤᠷᠤᠭᠤᠳᠠᠵᠤ᠂ ᠭᠠᠳᠠᠭ᠋ᠠᠳᠤ ᠠᠷᠠᠯᠵᠢᠶᠠᠨ᠎ᠤ ᠪᠠᠢ᠌ᠳᠠᠯ ᠬᠦᠨᠳᠦ ᠨᠣᠴᠢᠲᠠᠶ ᠨᠥᠯᠥᠭᠡᠯᠡᠭᠳᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠲᠣᠭᠲᠠᠪᠤᠷᠢ ᠥᠬᠡᠶ ᠴᠢᠨᠠᠷ᠎ᠠᠴᠠ ᠪᠣᠯᠵᠣ᠂ 2021 ᠣᠨ᠎ᠳᠤ ᠮᠠᠨ᠎ᠤ ᠣᠷᠣᠨ᠎ᠤ ᠮᠣᠩᠭᠣᠯ ᠣᠷᠣᠰ᠎ᠯᠤᠭ᠎ᠠ ᠵᠢᠨ ᠠᠷᠠᠯᠵᠢᠶ᠎ᠠ ᠮᠥᠨ ᠬᠦ᠌ ᠨᠡᠯᠢᠶᠡᠳ ᠶᠡᠬᠡ ᠳᠠᠷᠤᠯᠲᠠ᠎ᠳᠤ ᠲᠤᠯᠭ᠋ᠠᠷᠠᠵᠤ ᠪᠠᠢ᠌ᠨ᠎ᠠ᠂ 《ᠨᠢᠭᠡ ᠪᠦᠰᠡ ᠨᠢᠭᠡ ᠵᠠᠮ》 ᠪᠣᠯᠤᠨ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠦᠷᠭᠦᠯᠵᠢᠯᠡᠨ ᠰᠠᠢ᠌ᠵᠢᠷᠠᠬᠤ ᠵᠢ ᠳᠠᠭ᠋ᠠᠯᠳᠤᠨ᠂ 2021 ᠣᠨ᠎ᠳᠤ ᠮᠠᠨ᠎ᠤ ᠣᠷᠣᠨ᠎ᠤ ᠮᠣᠩᠭᠣᠯ᠂ ᠣᠷᠣᠰ᠎ᠯᠤᠭ᠎ᠠ ᠵᠢᠨ ᠭᠠᠳᠠᠭ᠋ᠠᠳᠤ ᠠᠷᠠᠯᠵᠢᠶ᠎ᠠ ᠨᠡᠮᠡᠭᠳᠡᠬᠦ ᠪᠣᠯᠤᠮᠵᠢ᠎ᠲᠠᠢ ᠪᠠᠢ᠌ᠨ᠎ᠠ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠬᠥᠬᠡᠬᠣᠲᠠ ᠪᠣᠭᠣᠮᠲᠠ ᠵᠢᠨ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠠᠷᠭ᠎ᠠ᠎ᠪᠠᠷ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠬᠢᠵᠢᠭ᠎ᠤᠨ ᠨᠥᠯᠥᠭᠡ ᠵᠢ ᠠᠷᠭ᠋ᠠᠴᠠᠭ᠋ᠠᠬᠤ ᠵᠢ ᠳᠡᠮᠵᠢᠵᠦ᠂ ᠭᠠᠳᠠᠭ᠋ᠠᠳᠤ ᠠᠷᠠᠯᠵᠢᠶᠠᠨ᠎ᠤ ᠬᠥᠭᠵᠢᠯᠲᠡ᠎ᠳᠤ ᠬᠦᠴᠦᠨ ᠨᠡᠮᠡᠷᠢᠯᠡᠭᠰᠡᠨ ᠦᠷ᠎ᠡ ᠪᠦᠲᠦᠮᠵᠢ᠎ᠨᠢ ᠶᠠᠮᠠᠷ ᠵᠡᠷᠭᠡ ᠪᠣᠶ?
ᠯᠢᠦ ᠮᠢᠩ ᠴᠢ᠄ ᠰᠤᠷᠪᠤᠯᠵᠢᠯᠠᠭᠴᠢ ᠵᠢᠨ ᠠᠰᠠᠭᠤᠭᠰᠠᠨ᠎ᠳᠤ ᠪᠠᠶᠠᠷᠯᠠᠯ᠎ᠠ᠂ ᠡᠨᠡ ᠠᠰᠠᠭᠤᠯᠲᠠ ᠵᠢ ᠪᠢ ᠬᠠᠷᠢᠭᠤᠯᠤᠶ᠎ᠠ᠃
ᠮᠠᠨ᠎ᠤ ᠣᠷᠣᠨ᠎ᠤ ᠪᠣᠭᠤᠮᠲᠠ᠎ᠨᠢ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠪᠣᠭᠣᠮᠲᠠ ᠵᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠣᠷᠴᠢᠯ᠎ᠤᠨ ᠠᠭᠤᠯᠵᠠᠷ᠎ᠤᠨ ᠬᠦᠢᠰᠦ ᠪᠣᠯᠬᠤ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠬᠢᠵᠢᠭ᠎ᠤᠨ ᠪᠠᠢ᠌ᠳᠠᠯ᠎ᠤᠨ ᠨᠥᠯᠥᠭᠡ ᠵᠢ ᠢᠯᠡᠨ ᠳᠠᠪᠠᠵᠤ᠂ ᠡᠭᠦᠷᠭᠡ ᠴᠢᠳᠠᠪᠬᠢ ᠵᠢᠨ ᠦᠢᠯᠡᠳᠦᠯ ᠵᠶ᠋ᠡᠨ ᠭᠦᠢᠴᠡᠳ ᠪᠠᠳᠠᠷᠠᠭᠤᠯᠤᠨ᠂ ᠪᠣᠭᠣᠮᠲᠠ᠎ᠪᠠᠷ ᠥᠩᠭᠡᠷᠡᠬᠦ ᠠᠵᠢᠯ᠎ᠤᠨ ᠴᠤᠪᠤᠷᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠠᠵᠤ ᠦᠢᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠢ᠌ᠬᠤ ᠵᠢ ᠪᠠᠲᠤᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠡᠷᠭᠢᠯᠲᠡ ᠵᠢ ᠰᠠᠭ᠋ᠠᠳ ᠥᠬᠡᠶ ᠨᠡᠪᠲᠡᠷᠡᠭᠦᠯᠦᠨ᠂ ᠭᠠᠳᠠᠭ᠋ᠠᠳᠤ ᠠᠷᠠᠯᠵᠢᠶᠠᠨ᠎ᠤ ᠬᠥᠭᠵᠢᠯᠲᠡ᠎ᠳᠤ ᠨᠡᠯᠢᠶᠡᠳ ᠰᠠᠢ᠌ᠨ ᠦᠷ᠎ᠡ ᠪᠦᠲᠦᠮᠵᠢ ᠤᠯᠬᠤ᠎ᠳᠤ ᠬᠦᠴᠦᠨ ᠨᠡᠮᠡᠷᠢᠯᠡᠪᠡ᠃ ᠡᠭᠦᠨ᠎ᠳᠤ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠪᠣᠯ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠠᠶᠢ ᠵᠢᠨ ᠳᠡᠳ᠋ ᠪᠣᠭᠣᠮᠲᠠ ᠵᠢᠨ ᠳᠠᠷᠤᠭ᠎ᠠ ᠸᠠᠩ ᠵᠢᠩ᠎ᠠᠴᠠ ᠬᠠᠮᠢᠶ᠎ᠠ ᠪᠦᠬᠦᠢ ᠦᠨᠳᠦᠰᠦᠨ ᠪᠠᠢ᠌ᠳᠠᠯ᠎ᠢ ᠨᠢᠭᠡᠨᠲᠡ ᠲᠠᠨᠢᠯᠴᠠᠭᠤᠯᠪᠠ᠂ ᠡᠭᠦᠨ᠎ᠳᠤ ᠶᠡᠷᠦᠩᠬᠡᠢ ᠪᠣᠭᠣᠮᠲᠠ ᠪᠣᠯᠤᠨ ᠬᠠᠷᠢᠶ᠎ᠠ ᠪᠣᠭᠣᠮᠲᠠ ᠬᠣᠶᠠᠷ ᠱᠠᠲᠤᠨ᠎ᠤ ᠨᠠᠮ᠎ᠤᠨ ᠬᠣᠷᠢᠶᠠᠨ᠎ᠤ ᠭᠡᠰᠢᠭᠦᠨ᠎ᠤ ᠲᠦᠷᠦᠭᠦᠯᠡᠨ ᠬᠠᠷᠢᠯᠴᠠᠬᠤ ᠠᠵᠤ ᠠᠬᠤᠢ᠌ᠯᠠᠯ᠎ᠤᠨ ᠵᠣᠬᠢᠴᠠᠭᠤᠯᠤᠭᠴᠢ ᠵᠢᠨ ᠲᠣᠭᠲᠠᠴᠠ ᠵᠢ ᠪᠣᠳᠠᠲᠠᠢ᠎ᠪᠠᠷ ᠪᠠᠢ᠌ᠭᠤᠯᠪᠠ; ᠭᠣᠤᠯᠳᠠᠯᠭ᠎ᠠ᠎ᠲᠠᠢ ᠠᠵᠤ ᠠᠬᠤᠢ᠌ᠯᠠᠯ᠎ᠳᠤ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠵᠢᠨ ᠬᠠᠮᠲᠤ ᠡᠬᠡ ᠲᠠᠩᠰᠠ ᠪᠠᠢ᠌ᠭᠤᠯᠵᠤ᠂ ᠠᠵᠤ ᠠᠬᠤᠢ᠌ᠯᠠᠯ᠎ᠤᠨ ᠲᠤᠰᠬᠠᠯ ᠴᠢᠩᠭ᠎ᠠ ᠪᠠᠢ᠌ᠭ᠎ᠠ ᠡᠮᠵᠡᠭ ᠭᠠᠵᠠᠷ᠂ ᠬᠦᠴᠢᠷ ᠭᠠᠵᠠᠷ᠂ ᠲᠦᠭᠵᠢᠷᠡᠯ᠎ᠲᠠᠢ ᠭᠠᠵᠠᠷ᠎ᠢ ᠣᠨᠣᠪᠴᠢᠲᠠᠶ ᠡᠷᠢᠵᠦ᠂ ᠨᠢᠳᠤᠨᠤᠨ᠎ᠳᠤ᠂ 112 ᠭᠣᠣᠯᠳᠠᠯᠭ᠎ᠠ᠎ᠲᠠᠢ ᠠᠵᠤ ᠠᠬᠤᠢ᠌ᠯᠠᠯ᠎ᠢ 《ᠴᠡᠭ ᠬᠠᠷᠠᠭ᠋ᠠᠯᠵᠠᠭᠤᠯᠤᠨ》 ᠣᠨᠣᠪᠴᠢᠲᠠᠶ᠎ᠪᠠᠷ ᠬᠠᠪᠰᠤᠷᠤᠨ ᠲᠡᠳᠬᠦᠪᠡ᠃ ᠣᠳᠣᠬᠠᠨ᠎ᠳᠤ ᠲᠣᠰ ᠲᠥᠷᠥ ᠵᠢᠨ ᠪᠣᠳᠣᠯᠭ᠎ᠠ᠎ᠨᠢ ᠠᠵᠤ ᠠᠬᠤᠢ᠌ᠯᠠᠯ᠎ᠤᠨ ᠬᠢᠵᠢᠭ᠎ᠤᠨ ᠨᠥᠯᠥᠭᠡ ᠵᠢ ᠠᠷᠭ᠋ᠠᠴᠠᠭ᠋ᠠᠬᠤ᠂ ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢ ᠲᠣᠭᠲᠠᠪᠤᠷᠢᠵᠢᠭᠤᠯᠬᠤ᠎ᠳᠤ ᠨᠡᠯᠢᠶᠡᠳ ᠰᠠᠢ᠌ᠨ ᠦᠢᠯᠡᠳᠦᠯ ᠦᠵᠡᠭᠦᠯᠪᠡ᠃
ᠡᠬᠢ ᠪᠠᠶᠠᠯᠢᠭ᠎ᠤᠨ ᠲᠥᠷᠥᠯ᠎ᠤᠨ ᠲᠠᠸᠠᠷ᠎ᠢ ᠭᠠᠳᠠᠭ᠋ᠠᠳᠤ᠎ᠠᠴᠠ ᠣᠷᠣᠭᠤᠯᠬᠤ ᠵᠢ ᠥᠷᠭᠡᠳᠬᠡᠬᠦ ᠵᠢ ᠳᠡᠮᠵᠢᠵᠦ᠂ ᠡᠴᠦᠰ᠎ᠤᠨ ᠠᠵᠤ ᠦᠢᠯᠡᠰ᠎ᠤᠨ ᠬᠡᠯᠬᠢᠶ᠎ᠡ ᠵᠢᠨ ᠲᠣᠭᠲᠠᠭᠤᠨ ᠪᠠᠢ᠌ᠬᠤ ᠵᠢ ᠪᠠᠲᠤᠯᠠᠬᠤ ᠲᠠᠯ᠎ᠠ᠎ᠪᠠᠷ᠃ ᠠᠵᠤ ᠠᠬᠤᠢ᠌ᠯᠠᠯ᠎ᠤᠨ ᠦᠢᠯᠡᠳᠪᠦᠷᠢ ᠵᠢᠨ ᠲᠠᠰᠤᠭ᠎ᠤᠨ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠦᠢᠯᠡᠳᠪᠦᠷᠢᠯᠡᠯ᠎ᠤᠨ ᠪᠠᠢ᠌ᠳᠠᠯ᠎ᠢ ᠪᠠᠢ᠌ᠴᠠᠭ᠋ᠠᠨ ᠰᠤᠳᠤᠯᠵᠤ᠂ ᠲᠦᠭᠦᠬᠡᠶ ᠮᠠᠲ᠋ᠧᠷᠢᠶᠠᠯ᠎ᠢ ᠭᠠᠳᠠᠭ᠋ᠠᠳᠤ᠎ᠠᠴᠠ ᠣᠷᠣᠭᠤᠯᠬᠤ᠂ ᠪᠠᠷᠠᠭ᠋ᠠᠨ᠎ᠤ ᠭᠦᠢᠯᠭᠡᠭᠡ ᠵᠢᠨ ᠲᠡᠭᠡᠭᠡᠪᠦᠷᠢ᠂ ᠪᠠᠯᠠ ᠮᠥᠩᠭᠥ ᠵᠢᠨ ᠡᠷᠭᠢᠯᠲᠡ᠎ᠳᠤ ᠲᠤᠯᠭ᠋ᠠᠷᠠᠵᠤ ᠪᠠᠢ᠌ᠭ᠎ᠠ ᠠᠰᠠᠭᠤᠳᠠᠯ᠎ᠢ ᠣᠢ᠌ᠯᠠᠭ᠋ᠠᠵᠤ᠂ ᠠᠵᠤ ᠠᠬᠤᠢ᠌ᠯᠠᠯ᠎ᠳᠤ ᠣᠨᠴᠠᠯᠢᠭᠲᠤ ᠬᠢᠨᠠᠯᠲᠠ ᠬᠠᠮᠢᠶᠠᠷᠤᠯᠲᠠ ᠵᠢᠨ ᠲᠥᠰᠦᠯ᠎ᠢ ᠲᠣᠭᠲᠠᠭ᠋ᠠᠵᠤ ᠥᠭᠭᠦᠪᠡ᠃ ᠵᠢᠱ᠌ᠢᠶᠡᠯᠡᠪᠡᠯ ᠪᠤᠭᠤᠲᠤ ᠵᠢᠨ ᠬᠤᠸᠠ ᠳ᠋ᠢᠩ ᠵᠡᠰ᠎ᠤᠨ ᠦᠢᠯᠡᠰ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠪᠣᠯ ᠭᠠᠳᠠᠭ᠋ᠠᠳᠤ᠎ᠠᠴᠠ ᠣᠷᠣᠭᠤᠯᠤᠭᠰᠠᠨ ᠵᠡᠰ᠎ᠤᠨ ᠨᠠᠷᠢᠯᠢᠭ ᠬᠦᠳᠡᠷ ᠵᠶ᠋ᠡᠷ ᠭᠣᠤᠯ ᠲᠦᠭᠦᠬᠡᠶ ᠮᠠᠲ᠋ᠧᠷᠢᠶᠠᠯ ᠪᠣᠯᠭ᠋ᠠᠭᠰᠠᠨ ᠵᠡᠰ ᠬᠠᠢ᠌ᠯᠤᠭᠤᠯᠬᠤ ᠠᠵᠤ ᠠᠬᠤᠢ᠌ᠯᠠᠯ ᠪᠣᠯᠤᠨ᠎ᠠ᠃ ᠬᠢᠵᠢᠭ᠎ᠤᠨ ᠪᠠᠢ᠌ᠳᠠᠯ ᠭᠠᠷᠤᠭᠰᠠᠨ᠎ᠤ ᠳᠠᠷᠠᠭ᠎ᠠ᠂ ᠠᠵᠤ ᠠᠬᠤᠢ᠌ᠯᠠᠯ᠎ᠤᠨ ᠲᠦᠭᠦᠬᠡᠶ ᠮᠠᠲ᠋ᠧᠷᠢᠶᠠᠯ᠎ᠢ ᠭᠠᠳᠠᠭ᠋ᠠᠳᠤ᠎ᠠᠴᠠ ᠣᠷᠣᠭᠤᠯᠬᠤ᠎ᠳᠤ ᠬᠦᠴᠢᠷᠳᠡᠯ ᠲᠤᠯᠭ᠋ᠠᠷᠠᠵᠤ᠂ ᠦᠢᠯᠡᠳᠪᠦᠷᠢᠯᠡᠬᠦ᠎ᠪᠠᠨ ᠵᠣᠭᠰᠣᠪᠠᠯ᠂ ᠲᠣᠨᠣᠭ ᠲᠥᠬᠥᠭᠡᠷᠦᠮᠵᠢ ᠵᠢ ᠬᠠᠮᠠᠭ᠋ᠠᠯᠠᠬᠤ᠂ ᠪᠡᠯᠡ ᠮᠥᠩᠭᠥ ᠵᠢ ᠡᠷᠭᠢᠯᠳᠦᠭᠦᠯᠬᠦ᠂ ᠡᠴᠦᠰ᠎ᠤᠨ ᠪᠣᠷᠣᠯᠠᠭᠤᠯᠭ᠎ᠠ ᠵᠡᠷᠭᠡ ᠡᠯ᠎ᠡ ᠲᠠᠯ᠎ᠠ᠎ᠳᠤ ᠮᠠᠰᠢ ᠶᠡᠬᠡ ᠬᠣᠬᠢᠷᠠᠯ ᠭᠠᠷᠴᠤ᠂ ᠦᠢᠯᠡᠳᠪᠦᠷᠢᠯᠡᠬᠦ᠎ᠪᠠᠨ ᠵᠣᠭᠰᠣᠪᠠᠯ ᠨᠢᠭᠡ ᠤᠳᠠᠭ᠎ᠠ᠎ᠳᠤ ᠭᠤᠷᠪᠠ ᠳᠥᠷᠪᠡᠨ ᠵᠠᠭᠤᠨ ᠲᠦᠮᠡᠨ ᠲᠥᠭᠥᠷᠢᠭ᠎ᠤᠨ ᠬᠣᠬᠢᠷᠠᠯ ᠭᠠᠷᠬᠤ ᠪᠣᠯᠤᠨ᠎ᠠ᠃ ᠠᠵᠤ ᠠᠬᠤᠢ᠌ᠯᠠᠯ᠎ᠤᠨ ᠬᠦᠴᠢᠷᠳᠡᠯ᠎ᠢ ᠣᠢ᠌ᠯᠠᠭ᠋ᠠᠭᠰᠠᠨ᠎ᠤ ᠳᠠᠷᠠᠭ᠎ᠠ᠂ ᠬᠥᠬᠡᠬᠣᠲᠠ ᠪᠣᠭᠣᠮᠲᠠ᠎ᠳᠤ ᠬᠠᠷᠢᠶᠠᠯᠠᠭᠳᠠᠬᠤ ᠪᠤᠭᠤᠲᠤ ᠵᠢᠨ ᠪᠣᠭᠣᠮᠲᠠ᠎ᠳᠤ ᠪᠠᠢ᠌ᠴᠠᠭ᠋ᠠᠨ ᠰᠢᠯᠭ᠋ᠠᠬᠤ ᠭᠠᠪᠰᠢᠭ᠋ᠠᠶ ᠠᠩᠭᠢ ᠪᠠᠢ᠌ᠭᠤᠯᠵᠤ᠂ 《ᠴᠠᠭ ᠨᠡᠮᠡᠵᠦ ᠠᠵᠢᠯᠯᠠᠬᠤ ᠵᠢ ᠪᠣᠯᠵᠤᠵᠤ ᠪᠠᠷᠢᠨ ᠳᠠᠷᠤᠶ ᠪᠠᠢ᠌ᠴᠠᠭ᠋ᠠᠬᠤ》 ᠲᠦᠷᠢᠮ᠎ᠢ ᠬᠡᠷᠡᠭᠵᠢᠭᠦᠯᠵᠦ᠂ ᠲᠤᠬᠠᠶ ᠵᠢᠨ ᠲᠠᠯᠠᠪᠠᠶ ᠵᠢᠨ ᠲᠣᠭᠣᠰᠣ ᠶᠡᠬᠡ᠂ ᠱᠤᠤᠭᠢᠶᠠᠨ ᠦᠨᠳᠦᠷ ᠵᠡᠷᠭᠡ ᠨᠠᠷᠢᠨ ᠪᠤᠳᠤᠯᠢᠶᠠᠨᠲᠠᠶ ᠠᠵᠢᠯᠯᠠᠬᠤ ᠣᠷᠴᠢᠨ ᠨᠥᠬᠥᠴᠡᠯ᠎ᠢ ᠢᠯᠡᠨ ᠳᠠᠪᠠᠵᠤ᠂ ᠲᠦᠭᠦᠬᠡᠶ ᠮᠠᠲ᠋ᠧᠷᠢᠶᠠᠯ᠎ᠢ ᠴᠠᠭ ᠲᠤᠬᠠᠶ᠎ᠳᠤᠨᠢ ᠪᠠᠢ᠌ᠴᠠᠭ᠋ᠠᠬᠤ᠂ ᠥᠯᠢᠭᠡᠷ ᠡᠳ᠋᠎ᠢ ᠴᠠᠭ ᠲᠤᠬᠠᠶ᠎ᠳᠤᠨᠢ ᠬᠦᠷᠭᠡᠬᠦ ᠪᠠ ᠪᠠᠢ᠌ᠴᠠᠭ᠋ᠠᠬᠤ ᠵᠢ ᠪᠡᠶᠡᠯᠡᠭᠦᠯᠵᠦ᠂ ᠪᠦᠯᠦᠭ ᠪᠦᠷᠢ ᠵᠢᠨ ᠡᠳ᠋ ᠪᠠᠷᠠᠭ᠎ᠠ ᠵᠢ ᠪᠠᠢ᠌ᠴᠠᠭ᠋ᠠᠨ ᠰᠢᠯᠭ᠋ᠠᠬᠤ ᠦᠶᠡᠯᠡᠯ᠎ᠤᠨ ᠬᠤᠭᠤᠴᠠᠭ᠎ᠠ ᠵᠢ ᠨᠢᠭᠡ ᠭᠠᠷᠠᠭ᠎ᠤᠨ ᠳᠣᠲᠣᠷ᠎ᠠ ᠪᠣᠯᠭ᠋ᠠᠨ ᠪᠣᠭᠣᠨᠢᠰᠬᠠᠵᠤ᠂ ᠵᠡᠰ᠎ᠤᠨ ᠨᠠᠷᠢᠯᠢᠭ ᠬᠦᠳᠡᠷ᠎ᠤᠨ ᠲᠦᠭᠦᠬᠡᠶ ᠮᠠᠲ᠋ᠧᠷᠢᠶᠠᠯ᠎ᠢ ᠴᠠᠭ ᠲᠤᠬᠠᠶ᠎ᠳᠤᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠵᠢ ᠪᠠᠲᠤᠯᠠᠪᠠ᠃ 2020 ᠣᠨ᠎ᠳᠤ ᠲᠣᠰ ᠠᠵᠤ ᠠᠬᠤᠢ᠌ᠯᠠᠯ᠎ᠤᠨ ᠭᠠᠳᠠᠭ᠋ᠠᠳᠤ᠎ᠠᠴᠠ ᠣᠷᠣᠭᠤᠯᠤᠭᠰᠠᠨ ᠲᠦᠭᠦᠬᠡᠶ ᠮᠠᠲ᠋ᠧᠷᠢᠶᠠᠯ᠎ᠢ 47.41 ᠲᠦᠮᠡᠨ ᠲᠣᠨ ᠪᠠᠲᠤᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 37.90%᠎ᠪᠠᠷ ᠨᠡᠮᠡᠭᠳᠡᠪᠡ᠃
ᠠᠵᠤ ᠠᠬᠤᠢ᠌ᠯᠠᠯ᠎ᠤᠨ ᠬᠢᠵᠢᠭ᠎ᠤᠨ ᠪᠠᠢ᠌ᠳᠠᠯ᠎ᠤᠨ ᠨᠥᠯᠥᠭᠡ ᠵᠢ ᠠᠷᠭ᠋ᠠᠴᠠᠭ᠋ᠠᠬᠤ᠎ᠳᠤ ᠬᠦᠴᠦᠨ ᠨᠡᠮᠡᠷᠢᠯᠡᠬᠦ᠂ ᠭᠠᠳᠠᠭ᠋ᠠᠳᠤ᠎ᠳᠠᠬᠢ ᠵᠠᠬ᠎ᠠ ᠳᠡᠯᠭᠡᠭᠦᠷ᠎ᠢ ᠥᠷᠭᠡᠳᠬᠡᠬᠦ ᠲᠠᠯ᠎ᠠ᠎ᠪᠠᠷ᠃ ᠮᠠᠨ᠎ᠤ ᠣᠷᠣᠨ᠎ᠤ ᠪᠤᠭᠤᠮᠲᠠ᠎ᠨᠢ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠠᠵᠤ ᠠᠬᠤᠢ᠌ᠯᠠᠯ᠎ᠯᠤᠭ᠎ᠠ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠢᠳᠡᠪᠬᠢᠲᠡᠢ ᠴᠢᠩᠭ᠋ᠠᠳᠬᠠᠵᠤ᠂ ᠠᠵᠤ ᠠᠬᠤᠢ᠌ᠯᠠᠯ᠎ᠳᠤ ᠣᠷᠣᠰᠢᠵᠤ ᠪᠠᠢ᠌ᠭ᠎ᠠ ᠬᠦᠴᠢᠷᠳᠡᠯ᠎ᠢ ᠴᠠᠭ ᠲᠤᠬᠠᠢᠳᠤᠨᠢ ᠵᠣᠬᠢᠴᠠᠭᠤᠯᠤᠨ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠎ᠳᠤ ᠬᠦᠴᠦᠨ ᠨᠡᠮᠡᠷᠢᠯᠡᠪᠡ᠃ ᠵᠢᠱ᠌ᠢᠶᠡᠯᠡᠪᠡᠯ᠂ ᠬᠥᠬᠡᠬᠣᠲᠠ ᠪᠣᠭᠣᠮᠲᠠ᠎ᠳᠤ ᠬᠠᠷᠢᠶᠠᠯᠠᠭᠳᠠᠬᠤ ᠦᠬᠠᠶ ᠪᠣᠭᠣᠮᠲᠠ ᠵᠢᠨ᠎ᠬᠢᠨ ᠨᠠᠮ᠎ᠤᠨ ᠪᠠᠢ᠌ᠭᠤᠯᠤᠯᠲᠠ ᠵᠢᠨ ᠳᠠᠢ᠌ᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠠᠭ᠋ᠠᠨᠮᠥ᠋ᠴᠢᠷ᠎ᠤᠨ ᠠᠶᠤᠯᠲᠠᠶ ᠬᠢᠮᠢ ᠵᠢᠨ ᠪᠣᠳᠠᠰ᠎ᠤᠨ ᠬᠢᠨᠠᠯᠲᠠ ᠬᠠᠮᠢᠶᠠᠷᠤᠯᠲᠠ ᠵᠢᠨ ᠪᠠᠭ᠎ᠠ ᠬᠤᠪᠢᠶᠠᠷᠢ ᠠᠩᠭᠢ ᠵᠢ ᠵᠣᠬᠢᠶᠠᠨ ᠪᠠᠢ᠌ᠭᠤᠯᠵᠤ᠂ ᠬᠢᠨᠠᠯᠲᠠ ᠬᠠᠮᠢᠶᠠᠷᠤᠯᠲᠠ ᠵᠢᠨ ᠨᠢᠭᠡᠳᠦᠭᠡᠷ ᠹᠷᠣᠨᠲ᠎ᠤᠨ ᠬᠥᠮᠦᠰ᠎ᠨᠢ ᠴᠥᠮ ᠨᠠᠮ᠎ᠤᠨ ᠭᠡᠰᠢᠭᠦᠨ ᠪᠠᠢ᠌ᠵᠤ᠂ ᠨᠠᠮ᠎ᠤᠨ ᠭᠡᠰᠢᠭᠦᠨ᠎ᠤ ᠬᠣᠰᠢᠭᠤᠴᠢ ᠵᠢᠨ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠠᠭ ᠨᠡᠮᠡᠵᠦ ᠠᠵᠢᠯᠯᠠᠨ᠂ ᠬᠢᠵᠢᠭ᠎ᠤᠨ ᠪᠠᠢ᠌ᠳᠠᠯ ᠵᠡᠷᠭᠡ ᠨᠥᠯᠥᠭᠡ ᠵᠢ ᠢᠯᠡᠨ ᠳᠠᠪᠠᠵᠤ᠂ ᠬᠠᠮᠤᠭ ᠲᠡᠷᠢᠭᠦᠨ᠎ᠳᠤ ᠦᠢᠯᠡᠳᠪᠦᠷᠢ᠎ᠳᠤ ᠣᠴᠢᠵᠤ ᠬᠢᠨᠠᠯᠲᠠ ᠬᠠᠮᠢᠶᠠᠷᠤᠯᠲᠠ ᠬᠢᠵᠦ᠂ ᠠᠵᠤ ᠠᠬᠤᠢ᠌ᠯᠠᠯ᠎ᠤᠨ ᠪᠣᠭᠣᠮᠲᠠ᠎ᠪᠠᠷ ᠥᠩᠭᠡᠷᠡᠬᠦ ᠴᠠᠭ᠎ᠢ ᠠᠷᠪᠢᠯᠠᠵᠤ᠂ ᠥᠪᠥᠷ ᠮᠣᠩᠭᠣᠯ᠎ᠤᠨ ᠯᠠᠨ᠎ᠲᠠᠢ ᠨᠠᠲᠷᠢ ᠵᠢᠨ ᠦᠢᠯᠡᠰ᠎ᠤᠨ ᠬᠢᠵᠠᠭ᠋ᠠᠷᠲᠤ ᠺᠣᠮᠫᠠᠨᠢ ᠵᠢ ᠵᠢᠯᠣᠭᠣᠳᠤᠨ ᠬᠠᠪᠰᠤᠷᠴᠤ ᠪᠠᠢ᠌ᠭ᠋ᠠᠳ ᠭᠠᠳᠠᠭ᠋ᠠᠳᠤ ᠵᠢᠨ ᠮᠡᠷᠭᠡᠵᠢᠯ᠎ᠤᠨ ᠴᠢᠨᠠᠷᠲᠠᠶ ᠠᠷᠠᠯᠵᠢᠶᠠᠨ᠎ᠤ ᠠᠷᠭ᠎ᠠ ᠬᠡᠮᠵᠢᠶ᠎ᠡ ᠵᠢ ᠢᠳᠡᠪᠬᠢᠲᠡᠶ ᠠᠷᠭ᠋ᠠᠴᠠᠭ᠋ᠠᠵᠤ᠂ ᠡᠵᠡᠩᠨᠡᠯᠲᠡ ᠵᠢᠨ ᠠᠷᠭ᠎ᠠ ᠪᠣᠳᠣᠯᠭ᠎ᠠ᠎ᠪᠠᠨ ᠴᠠᠭ ᠲᠤᠬᠠᠶ᠎ᠳᠤᠨᠢ ᠲᠣᠬᠢᠷᠠᠭᠤᠯᠵᠤ᠂ ᠲᠣᠰ ᠺᠣᠮᠫᠠᠨᠢ ᠵᠢᠨ ᠲᠡᠮᠦᠷᠯᠢᠭ ᠨᠠᠲᠷᠢ ᠵᠢᠨ ᠭᠠᠳᠠᠭ᠋ᠠᠳᠤ ᠭᠠᠷᠭ᠋ᠠᠯᠲᠠ ᠵᠢ ᠪᠥᠬᠥ ᠤᠯᠤᠰ᠎ᠲᠤ ᠲᠡᠷᠢᠭᠦᠯᠡᠭᠦᠯᠵᠦ᠂ 2020 ᠣᠨ᠎ᠳᠤ 1.35 ᠲᠦᠮᠡᠨ ᠲᠣᠨ ᠭᠠᠳᠠᠭ᠋ᠠᠳᠤ᠎ᠳᠤ ᠭᠠᠷᠭ᠋ᠠᠪᠠ᠃
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄ ᠬᠥᠬᠡᠬᠣᠲᠠ ᠪᠣᠭᠣᠮᠲᠠ ᠵᠢᠨ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠬᠦᠷᠢᠶᠡᠨ᠎ᠳᠤ ᠬᠤᠳᠠᠯᠳᠤᠭ᠋ᠠᠨ᠎ᠤ ᠶᠠᠪᠤᠳᠠᠯ᠎ᠤᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠭᠣᠤᠯ ᠴᠣᠭᠴᠠ ᠵᠢᠨ ᠲᠣᠭᠲᠠᠭᠤᠨ ᠬᠥᠭᠵᠢᠯᠲᠡ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ?
ᠰᠦ᠍ ᠴᠢᠩ᠄ ᠡᠨᠡ ᠠᠰᠠᠭᠤᠯᠲᠠ ᠵᠢ ᠪᠢ ᠬᠠᠷᠢᠭᠤᠯᠤᠶ᠎ᠠ᠃ 2020 ᠣᠨ᠎ᠠᠴᠠ ᠨᠠᠭ᠋ᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠠᠵᠢᠯ᠎ᠳᠤ ᠦᠵᠡᠭᠦᠯᠦᠭᠰᠡᠨ ᠬᠦᠨᠳᠦ ᠨᠣᠴᠢᠲᠠᠶ ᠠᠰᠢᠭ ᠥᠬᠡᠶ ᠨᠥᠯᠥᠭᠡ ᠵᠢᠨ ᠡᠮᠦᠨ᠎ᠡ᠂ ᠬᠥᠬᠡᠬᠣᠲᠠ ᠪᠣᠭᠣᠮᠲᠠ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠠᠵᠤ ᠠᠬᠤᠢ᠌ᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠲᠠᠯ᠎ᠠ᠎ᠠᠴᠠ ᠭᠠᠷᠳᠠᠵᠤ᠂ ᠠᠵᠤ ᠠᠬᠤᠢ᠌ᠯᠠᠯ᠎ᠤᠨ ᠳᠡᠩᠰᠡᠯᠡᠨ ᠲᠡᠮᠳᠡᠭᠯᠡᠬᠦ ᠭᠠᠷᠳᠠᠮ᠎ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠬᠦᠲᠦᠴᠢ ᠠᠵᠤ ᠠᠬᠤᠢ᠌ᠯᠠᠯ᠎ᠢ ᠶᠡᠬᠡ᠎ᠪᠠᠷ ᠪᠣᠢ᠌ᠵᠢᠭᠤᠯᠵᠤ᠂ ᠭᠣᠤᠯᠳᠠᠯᠭ᠎ᠠ᠎ᠲᠠᠢ ᠲᠠᠸᠠᠷ᠎ᠤᠨ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠵᠢᠷᠭᠤᠭ᠎ᠠ ᠵᠢ ᠲᠣᠭᠲᠠᠪᠤᠷᠢᠵᠢᠭᠤᠯᠬᠤ》 《ᠵᠢᠷᠭᠤᠭ᠎ᠠ ᠵᠢ ᠪᠠᠲᠤᠯᠠᠬᠤ》 ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠪᠠ᠄
ᠨᠢᠭᠡ᠂ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠤᠨ ᠳᠦᠷᠢᠮ᠎ᠤᠨ ᠴᠢᠨᠠᠷᠲᠠᠢ ᠠᠷᠠᠯᠵᠢᠶᠠᠨ᠎ᠤ ᠥᠪᠡᠷ᠎ᠤᠨ ᠥᠷᠲᠡᠭ᠎ᠢ ᠦᠷᠭᠦᠯᠵᠢᠯᠡᠨ ᠪᠠᠭᠤᠷᠠᠭᠤᠯᠪᠠ
《ᠣᠯᠠᠨ ᠦᠨᠡᠮᠯᠡᠯ᠎ᠢ ᠨᠡᠢ᠌ᠯᠡᠭᠦᠯᠦᠨ ᠨᠢᠭᠡ ᠪᠣᠯᠭ᠋ᠠᠬᠤ》᠂ ᠭᠡᠷᠡᠴᠢ ᠦᠨᠡᠮᠯᠡᠯ᠎ᠢ ᠰᠠᠯᠭ᠋ᠠᠬᠤ ᠵᠢ ᠪᠦᠷᠢᠨ ᠪᠦᠷᠬᠦᠭᠦᠯᠬᠦ ᠵᠡᠷᠭᠡ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠭᠠᠳᠠᠭ᠋ᠠᠳᠤ ᠠᠷᠠᠯᠵᠢᠶᠠᠨ᠎ᠤ ᠭᠣᠣᠯ ᠴᠣᠭᠴᠠ ᠵᠢᠨ ᠲᠣᠭ᠎ᠠ ᠬᠡᠮᠵᠢᠶ᠎ᠡ ᠵᠢᠨ ᠲᠣᠭᠲᠠᠭᠤᠨ ᠴᠢᠨᠠᠷ᠎ᠤᠨ ᠨᠡᠮᠡᠭᠳᠡᠯ᠎ᠢ ᠠᠬᠢᠭᠤᠯᠪᠠ᠃ ᠠᠵᠤ ᠠᠬᠤᠢ᠌ᠯᠠᠯ᠎ᠤᠨ ᠳᠠᠩᠰᠠᠯᠠᠨ ᠲᠡᠮᠳᠡᠭᠯᠡᠬᠦ ᠭᠠᠷᠳᠠᠮ᠎ᠢ ᠰᠢᠯᠢᠳᠡᠭᠵᠢᠭᠦᠯᠵᠦ᠂ ᠬᠢᠷᠢ ᠴᠢᠳᠠᠮᠵᠢ᠎ᠲᠠᠢ ᠠᠵᠤ ᠠᠬᠤᠢ᠌ᠯᠠᠯ᠎ᠤᠨ ᠳᠠᠩᠰᠠᠯᠠᠨ ᠲᠡᠮᠳᠡᠭᠯᠡᠬᠦ ᠵᠢ ᠪᠦᠬᠦᠨ᠎ᠢ 《ᠢᠨᠲ᠋ᠧᠷ ᠰᠦᠯᠵᠢᠶ᠎ᠡ + ᠪᠣᠭᠣᠮᠲᠠ》᠎ᠪᠠᠷ ᠳᠠᠮᠵᠢᠨ ᠰᠦᠯᠵᠢᠶᠡᠨ ᠳᠡᠭᠡᠷ᠎ᠡ ᠭᠦᠢ᠍ᠴᠡᠳᠬᠡᠵᠦ᠂ ᠲᠣᠭ᠎ᠠ ᠪᠠᠷᠢᠮᠲᠠ ᠵᠢ ᠬᠠᠷᠢᠯᠴᠠᠨ ᠬᠣᠯᠪᠣᠵᠤ ᠬᠠᠷᠢᠯᠴᠠᠨ ᠨᠡᠪᠲᠡᠷᠡᠭᠦᠯᠬᠦ᠎ᠪᠠᠷ ᠳᠠᠮᠵᠢᠨ᠂ ᠠᠵᠤ ᠠᠬᠤᠢ᠌ᠯᠠᠯ᠎ᠤᠨ ᠳᠠᠩᠰᠠᠯᠠᠨ ᠲᠡᠮᠳᠡᠭᠯᠡᠬᠦ ᠴᠠᠭ ᠬᠤᠭᠤᠴᠠᠭ᠎ᠠ ᠵᠢ 《ᠰᠸᠺᠦ᠋ᠨ᠋ᠳ᠋ ᠵᠶ᠋ᠡᠷ ᠭᠦᠢ᠍ᠴᠡᠳᠬᠡᠬᠦ》 ᠵᠢ ᠪᠡᠶᠡᠯᠡᠭᠦᠯᠵᠦ᠂ ᠭᠠᠳᠠᠭ᠋ᠠᠳᠤ ᠠᠷᠠᠯᠵᠢᠶ᠎ᠠ ᠵᠢᠨ ᠭᠣᠣᠯ ᠴᠣᠭᠴᠠ ᠵᠢᠨ ᠶᠡᠬᠡ ᠬᠡᠮᠵᠢᠶ᠎ᠡ᠎ᠪᠠᠷ ᠨᠡᠮᠡᠭᠳᠡᠬᠦ ᠵᠢ ᠬᠦᠴᠦᠯᠡᠨ ᠠᠬᠢᠭᠤᠯᠪᠠ; ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠡᠷᠡᠭᠴᠡᠭᠡ᠎ᠲᠠᠢ ᠤᠶᠠᠯᠳᠤᠭᠤᠯᠤᠨ᠂ ᠳᠤᠲᠠᠭᠤᠳᠠᠯ ᠵᠶ᠋ᠠᠨ ᠠᠭᠤᠴᠢᠯᠠᠨ ᠭᠥᠯᠢᠶᠡᠨ ᠠᠪᠴᠤ ᠰᠢᠢᠳᠪᠦᠷᠢᠯᠡᠬᠦ᠂ ᠭᠠᠷᠳᠠᠮ ᠨᠥᠬᠥᠨ ᠭᠦᠢᠴᠡᠳᠬᠡᠬᠦ ᠵᠡᠷᠭᠡ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠡᠮᠴᠢᠯᠡᠭᠡᠨ᠎ᠤ ᠡᠳ᠋ ᠪᠣᠳᠠᠰ᠎ᠤᠨ ᠠᠵᠤ ᠠᠬᠤᠢ᠌ᠯᠠᠯ᠎ᠳᠤ ᠪᠦᠬᠦᠯᠢ ᠡᠳᠦᠷ ᠵᠶ᠋ᠡᠷ ᠪᠣᠯᠵᠣᠨ ᠳᠠᠩᠰᠠᠯᠠᠭᠤᠯᠬᠤ ᠵᠢ ᠬᠡᠷᠡᠭᠵᠢᠭᠦᠯᠦᠨ᠂ ᠭᠣᠤᠯᠳᠠᠯᠭ᠎ᠠ᠎ᠲᠠᠢ ᠡᠳ᠋ ᠪᠣᠳᠠᠰ᠎ᠤᠨ ᠪᠣᠭᠣᠮᠲᠠ᠎ᠪᠠᠷ ᠲᠦᠷᠭᠡᠨ ᠥᠩᠭᠡᠷᠡᠬᠦ ᠵᠢ ᠪᠠᠲᠤᠯᠠᠵᠤ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠪᠠ; ᠭᠠᠳᠠᠭ᠋ᠠᠳᠤ᠎ᠳᠤ ᠭᠠᠷᠭ᠋ᠠᠬᠤ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠦᠴᠦᠨ ᠦᠭᠡᠶ ᠪᠣᠯᠭ᠋ᠠᠵᠤ᠂ ᠪᠣᠭᠣᠮᠲᠠ᠎ᠳᠤ ᠮᠡᠳᠡᠭᠦᠯᠬᠦ ᠠᠵᠤ ᠠᠬᠤᠢ᠌ᠯᠠᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠤᠬᠠᠢ᠌ᠯᠠᠭᠰᠠᠨ ᠠᠵᠢᠯ᠎ᠢ ᠳᠠᠩᠰᠠᠯᠠᠭᠤᠯᠬᠤ ᠴᠤᠪᠤᠷᠠᠯ ᠵᠶ᠋ᠠᠷ ᠯᠠᠪᠯᠠᠯᠲᠠ ᠪᠣᠯᠭ᠋ᠠᠨ ᠭᠦᠢ᠍ᠴᠡᠳᠬᠡᠵᠦ᠂ ᠪᠤᠶ ᠪᠦᠬᠦᠢ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨᠢ ᠴᠥᠮ ᠲᠤᠰ ᠡᠳᠦᠷᠲᠤᠨᠢ ᠭᠦᠢ᠍ᠴᠡᠳᠬᠡᠬᠦ᠂ ᠨᠢᠭᠡ ᠤᠳᠠᠭ᠎ᠠ᠎ᠳᠤ ᠭᠦᠢ᠍ᠴᠡᠳᠬᠡᠬᠦ ᠵᠢ ᠪᠡᠶᠡᠯᠡᠭᠦᠯᠵᠦ᠂ ᠪᠣᠭᠣᠮᠲᠠ ᠵᠢᠨ ᠣᠷᠣᠨ᠎ᠤ ᠭᠠᠳᠠᠭ᠋ᠠᠳᠤ᠎ᠳᠤ ᠭᠠᠷᠭ᠋ᠠᠬᠤ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ ᠨᠡᠢ᠌ᠲᠡ 360 ᠡᠷᠦᠬᠡ᠎ᠳᠤ ᠬᠦᠷᠴᠦ᠂ ᠤᠯᠤᠰ᠎ᠤᠨ ᠭᠠᠳᠠᠭ᠋ᠠᠳᠤ ᠵᠢᠨ ᠠᠯᠪᠠᠨ᠎ᠤ ᠲᠠᠯ᠎ᠠ ᠵᠢᠨ ᠳᠠᠩᠰᠠᠯᠠᠭᠤᠯᠤᠭᠰᠠᠨ ᠴᠢᠨᠠᠷ ᠰᠠᠢ᠌ᠲᠠᠶ ᠠᠵᠤ ᠠᠬᠤᠢ᠌ᠯᠠᠯ 11᠎ᠳᠤ ᠬᠦᠷᠴᠦ᠂ ᠭᠠᠳᠠᠭ᠋ᠠᠳᠤ᠎ᠳᠤ ᠭᠠᠷᠭ᠋ᠠᠬᠤ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ ᠬᠡᠮᠵᠢᠶ᠎ᠡ ᠲᠦᠷᠭᠡᠨ ᠨᠡᠮᠡᠭᠳᠡᠭᠰᠡᠨ᠎ᠨᠢ ᠪᠣᠭᠣᠮᠲᠠ ᠵᠢᠨ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ᠂ ᠢᠳᠡᠭᠡᠨ᠎ᠤ ᠭᠠᠳᠠᠭ᠋ᠠᠳᠤ ᠭᠠᠷᠭ᠋ᠠᠯᠲᠠ ᠵᠢᠨ ᠪᠠᠢ᠌ᠳᠠᠯ᠎ᠢ ᠰᠥᠷᠥᠨ ᠨᠡᠮᠡᠭᠳᠡᠬᠦ ᠵᠢ ᠪᠦᠲᠦᠮᠵᠢᠲᠡᠶ ᠳᠠᠢ᠌ᠴᠢᠯᠠᠪᠠ᠃ (ᠭᠠᠳᠠᠭ᠋ᠠᠳᠤ᠎ᠳᠤ ᠭᠠᠷᠭ᠋ᠠᠭᠰᠠᠨ᠎ᠨᠢ 61.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 13.9% ᠨᠡᠮᠡᠭᠳᠡᠪᠡ)᠃ ᠭᠠᠳᠠᠭ᠋ᠠᠳᠤ ᠠᠷᠠᠯᠵᠢᠶᠠᠨ᠎ᠤ ᠭᠣᠤᠯ ᠴᠣᠭᠴᠠ ᠵᠢᠨ ᠲᠦᠷᠭᠡᠨ ᠨᠡᠮᠡᠭᠳᠡᠯ᠎ᠢ ᠪᠠᠲᠤᠯᠠᠬᠤ ᠵᠢᠨ ᠬᠠᠮᠲᠤ᠂ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠬᠦᠷᠢᠶᠡᠨ᠎ᠳᠤ ᠪᠠᠰᠠ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠣᠭᠣᠮᠲᠠ᠎ᠳᠤ ᠮᠡᠳᠡᠭᠦᠯᠬᠦ ᠨᠢᠭᠡᠴᠢ ᠵᠢᠨ ᠳᠠᠩᠰᠠᠯᠠᠭᠤᠯᠵᠤ ᠵᠢᠷᠤᠮᠵᠢᠭᠤᠯᠬᠤ ᠲᠤᠰᠬᠠᠶ ᠪᠠᠢ᠌ᠴᠠᠭ᠋ᠠᠯᠲᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ 300 ᠦᠬᠦᠰᠢᠷᠡᠮᠡᠯ ᠠᠵᠤ ᠠᠬᠤᠢ᠌ᠯᠠᠯ᠎ᠢ ᠴᠡᠪᠡᠷᠯᠡᠵᠦ᠂ 200 ᠭᠠᠷᠤᠶ ᠠᠵᠤ ᠠᠬᠤᠢ᠌ᠯᠠᠯ᠎ᠢ ᠵᠢᠷᠤᠮᠵᠢᠭᠤᠯᠤᠨ ᠰᠠᠢ᠌ᠵᠢᠷᠠᠭᠤᠯᠵᠤ᠂ 16 ᠠᠵᠤ ᠠᠬᠤᠢ᠌ᠯᠠᠯ᠎ᠤᠨ ᠢᠲᠡᠭᠡᠮᠵᠢ ᠠᠯᠳᠠᠭᠰᠠᠨ ᠪᠠᠢ᠌ᠳᠠᠯ᠎ᠳᠤ ᠲᠣᠬᠢᠷᠠᠭᠤᠯᠤᠯᠲᠠ ᠬᠢᠵᠦ᠂ ᠪᠣᠭᠣᠮᠲᠠ ᠵᠢᠨ ᠭᠠᠳᠠᠭ᠋ᠠᠳᠤ ᠠᠷᠠᠯᠵᠢᠶᠠᠨ᠎ᠤ ᠣᠷᠴᠢᠨ ᠨᠥᠬᠥᠴᠡᠯ᠎ᠢ ᠪᠦᠲᠦᠮᠵᠢᠲᠡᠶ ᠴᠡᠪᠡᠷᠰᠢᠭᠦᠯᠪᠡ᠃
ᠬᠣᠶᠠᠷ᠂ ᠲᠥᠷᠥ ᠵᠢᠨ ᠪᠣᠳᠣᠯᠭ᠎ᠠ᠎ᠪᠠᠷ ᠲᠡᠳᠬᠦᠬᠦ ᠵᠢ ᠴᠢᠩᠭ᠋ᠠᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠬᠥᠲᠥᠴᠢ ᠠᠵᠤ ᠠᠬᠤᠢ᠌ᠯᠠᠯ᠎ᠤᠨ ᠲᠣᠭᠲᠠᠭᠤᠨ ᠡᠵᠡᠩᠨᠡᠯᠲᠡ ᠵᠢ ᠲᠡᠳᠬᠦᠬᠦ
ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠬᠤᠷᠠᠯ ᠵᠶ᠋ᠠᠷ ᠠᠴᠢᠶᠠᠯᠠᠪᠤᠷᠢ ᠪᠣᠯᠭ᠋ᠠᠵᠤ᠂ ᠲᠥᠷᠥ ᠵᠢᠨ ᠪᠣᠳᠣᠯᠭ᠎ᠠ ᠵᠢ ᠳᠡᠯᠭᠡᠷᠡᠭᠦᠯᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠭᠠᠳᠠᠭ᠋ᠠᠳᠤ ᠠᠷᠠᠯᠵᠢᠶᠠᠨ᠎ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠰᠠᠢ᠌ᠵᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠷᠠᠯᠵᠢᠶ᠎ᠠ ᠵᠢ ᠠᠬᠢᠭᠤᠯᠬᠤ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠨᠢᠭᠡᠴᠢ᠎ᠲᠠᠢ ᠬᠠᠮᠲᠤᠷᠠᠨ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠬᠤᠷᠠᠯ᠎ᠢ ᠥᠷᠨᠢᠭᠦᠯᠵᠦ᠂ 300 ᠭᠠᠷᠤᠶ ᠠᠵᠤ ᠠᠬᠤᠢ᠌ᠯᠠᠯ᠎ᠢ ᠬᠠᠮᠤᠷᠪᠠ; ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠲᠤᠰᠬᠠᠶ ᠰᠡᠳᠦᠪᠲᠦ ᠭᠠᠢ᠌ᠯᠢ ᠪᠠᠲᠤᠯᠠᠬᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢ ᠢᠳᠡᠪᠬᠢᠲᠡᠶ ᠠᠬᠢᠭᠤᠯᠵᠤ᠂ ᠬᠥᠬᠡᠬᠣᠲᠠ᠂ ᠣᠷᠳᠣᠰ 2 ᠶᠡᠷᠦᠩᠬᠡᠢ᠌ᠯᠡᠭᠰᠡᠨ ᠳᠠᠭ᠋ᠠᠳᠬᠠᠯ᠎ᠤᠨ ᠣᠷᠣᠨ᠎ᠤ ᠳᠠᠩᠰᠠᠯᠠᠭᠤᠯᠤᠭᠰᠠᠨ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ ᠨᠢᠭᠡᠨᠲᠡ 58 ᠪᠣᠯᠵᠣ᠂ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠲᠤᠬᠠᠢ᠌ᠯᠠᠭᠰᠠᠨ ᠠᠵᠢᠯ᠎ᠤᠨ ᠬᠡᠮᠵᠢᠶ᠎ᠡ᠂ ᠥᠷᠲᠡᠭ ᠶᠡᠬᠡ᠎ᠪᠠᠷ ᠨᠡᠮᠡᠭᠳᠡᠪᠡ; ᠠᠵᠤ ᠠᠬᠤᠢ᠌ᠯᠠᠯ᠎ᠤᠨ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ 3 ᠤᠳᠠᠭ᠋ᠠᠨ᠎ᠤ ᠲᠤᠰᠬᠠᠶ ᠰᠡᠳᠦᠪᠲᠦ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠠᠢ᠌ᠯᠪᠤᠷᠢᠯᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠤ ᠠᠬᠤᠢ᠌ᠯᠠᠯ᠎ᠢ ᠬᠠᠪᠰᠤᠷᠤᠨ ᠠᠵᠢᠯ ᠲᠥᠷᠥᠯ᠎ᠤᠨ ᠴᠢᠨᠠᠷᠲᠠᠶ ᠬᠦᠴᠢᠷ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠬᠦ ᠪᠠ ᠰᠢᠢᠳᠪᠦᠷᠢᠯᠡᠵᠦ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠪᠠᠳᠠᠷᠠᠭᠤᠯᠵᠤ᠂ ᠪᠥᠬᠥ ᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠬᠦ ᠲᠤᠬᠠᠢ᠌ᠯᠠᠭᠰᠠᠨ ᠠᠵᠢᠯ᠎ᠢ 8 ᠤᠳᠠᠭ᠎ᠠ ᠭᠦᠢᠴᠡᠳᠬᠡᠪᠡ᠃
ᠭᠠᠳᠠᠭ᠋ᠠᠳᠤ ᠠᠷᠠᠯᠵᠢᠶᠠᠨ᠎ᠤ ᠬᠦᠲᠦᠴᠢ ᠠᠵᠤ ᠠᠬᠤᠢ᠌ᠯᠠᠯ᠎ᠢ ᠪᠠᠢ᠌ᠭᠤᠯᠬᠤ᠎ᠪᠠᠷ ᠭᠣᠣᠯᠳᠠᠭᠤᠯᠵᠤ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠢᠲᠡᠭᠡᠮᠵᠢ ᠵᠢ ᠪᠣᠢ᠌ᠵᠢᠭᠤᠯᠬᠤ ᠵᠢ ᠢᠳᠡᠪᠬᠢᠲᠡᠢ ᠠᠬᠢᠭᠤᠯᠪᠠ᠃ ᠪᠣᠭᠣᠮᠲᠠ ᠵᠢᠨ ᠣᠷᠣᠨ᠎ᠤ 《ᠨᠢᠭᠡ ᠪᠦᠰᠡ ᠨᠢᠭᠡ ᠵᠠᠮ》 ᠳᠠᠭ᠋ᠠᠤ ᠵᠢᠨ 30 ᠭᠠᠷᠤᠶ ᠤᠯᠤᠰ᠎ᠤᠨ ᠭᠣᠤᠯᠳᠠᠯᠭ᠎ᠠ᠎ᠲᠠᠢ ᠠᠷᠠᠯᠵᠢᠶᠠᠨ᠎ᠤ ᠠᠵᠤ ᠠᠬᠤᠢ᠌ᠯᠠᠯ᠎ᠳᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠨᠢᠭᠡᠳ ᠨᠢᠭᠡ᠎ᠪᠠᠷ ᠥᠷᠨᠢᠭᠦᠯᠵᠦ᠂ ᠠᠵᠤ ᠠᠬᠤᠢ᠌ᠯᠠᠯ᠎ᠢ ᠬᠠᠪᠰᠤᠷᠤᠨ ᠭᠡᠷᠡᠴᠢᠯᠡᠯ᠎ᠤᠨ ᠠᠵᠤ ᠠᠬᠤᠢ᠌ᠯᠠᠯ᠎ᠤᠨ ᠪᠠᠷᠢᠮᠵᠢᠶ᠎ᠠ᠎ᠪᠠᠷ ᠬᠠᠷᠭᠤᠭᠤᠯᠤᠨ ᠳᠣᠲᠣᠭ᠋ᠠᠳᠤ ᠵᠢᠨ ᠬᠠᠮᠢᠶᠠᠷᠤᠯᠲᠠ ᠵᠢ᠎ᠨᠢ ᠲᠡᠭᠦᠯᠳᠡᠷᠵᠢᠭᠦᠯᠵᠦ᠂ 10 ᠠᠵᠤ ᠠᠬᠤᠢ᠌ᠯᠠᠯ᠎ᠨᠢ ᠭᠡᠷᠡᠴᠢᠯᠡᠯ᠎ᠤᠨ ᠬᠦᠰᠡᠯ ᠰᠠᠨᠠᠭ᠎ᠠ᠎ᠪᠠᠨ ᠢᠯᠡᠳᠬᠡᠵᠦ᠂ 2020 ᠣᠨ᠎ᠳᠤ 1 AEO (《ᠭᠡᠷᠡᠴᠢᠯᠡᠯ᠎ᠤᠨ ᠡᠵᠡᠩᠨᠡᠭᠴᠢ》 ᠰᠢᠨ᠎ᠡ᠎ᠪᠠᠷ ᠨᠡᠮᠡᠭᠳᠡᠵᠦ᠂ ᠬᠠᠷᠢᠯᠴᠠᠨ ᠮᠡᠳᠡᠷᠡᠬᠦ ᠬᠡᠯᠡᠯᠴᠡᠭᠡᠷ ᠲᠣᠭᠲᠠᠭᠰᠠᠨ᠎ᠤ ᠳᠠᠷᠠᠭ᠎ᠠ ᠬᠣᠶᠠᠷ ᠲᠠᠯ᠎ᠠ᠎ᠪᠠᠷ ᠵᠶ᠋ᠠᠨ ᠴᠥᠮ ᠮᠡᠳᠡᠷᠡᠵᠦ᠂ ᠣᠳᠣᠬᠠᠨ᠎ᠳᠤ ᠳᠤᠮᠳᠠᠳᠤ ᠤᠯᠤᠰ᠎ᠨᠢ ᠨᠢᠭᠡᠨᠲᠡ 42 ᠤᠯᠤᠰ᠂ ᠭᠠᠵᠠᠷ ᠣᠷᠣᠨ᠎ᠤ ᠪᠣᠭᠣᠮᠲᠠ᠎ᠲᠠᠢ ᠬᠠᠷᠢᠯᠴᠠᠨ ᠮᠡᠳᠡᠷᠡᠬᠦ ᠬᠡᠯᠡᠯᠴᠡᠭᠡᠷ᠎ᠲᠤ ᠭᠠᠷᠤᠨ ᠥᠰᠥᠭ ᠵᠢᠷᠤᠪᠠ) ᠠᠵᠤ ᠠᠬᠤᠢ᠌ᠯᠠᠯ᠂ ᠪᠣᠭᠣᠮᠲᠠ ᠵᠢᠨ ᠣᠷᠣᠨ᠎ᠤ 21 AEO ᠠᠵᠤ ᠠᠬᠤᠢ᠌ᠯᠠᠯ᠎ᠤᠨ ᠭᠠᠳᠠᠭ᠋ᠠᠳᠤ ᠠᠷᠠᠯᠵᠢᠶᠠᠨ᠎ᠤ ᠲᠣᠭ᠎ᠠ ᠵᠢᠨ ᠡᠵᠡᠯᠡᠬᠦ ᠬᠠᠷᠢᠴᠠᠯ᠎ᠨᠢ 40% ᠰᠢᠬᠠᠮ ᠪᠣᠯᠵᠠᠶ; AEO ᠵᠢᠨ ᠠᠵᠤ ᠠᠬᠤᠢ᠌ᠯᠠᠯ᠎ᠤᠨ ᠰᠦᠷᠦᠭᠵᠢᠯ᠎ᠤᠨ ᠪᠠᠭᠲᠠᠭ᠋ᠠᠮᠵᠢ ᠵᠢ ᠥᠷᠭᠡᠳᠬᠡᠬᠦ ᠵᠢ ᠠᠬᠢᠭᠤᠯᠬᠤ ᠵᠢᠨ ᠬᠠᠮᠲᠤ᠂ AEO ᠵᠢᠨ ᠠᠵᠤ ᠠᠬᠤᠢ᠌ᠯᠠᠯ᠎ᠤᠨ ᠪᠣᠭᠣᠮᠲᠠ᠎ᠪᠠᠷ ᠥᠩᠭᠡᠷᠡᠬᠦ᠎ᠳᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠵᠢᠨ ᠡᠷᠴᠢᠮ᠎ᠢ ᠭᠣᠤᠯᠳᠠᠯᠭ᠎ᠠ᠎ᠲᠠᠢ ᠠᠬᠢᠭᠤᠯᠵᠤ᠂ 《ᠬᠥᠬᠡᠬᠣᠲᠠ ᠪᠣᠭᠣᠮᠲᠠ᠎ᠠᠴᠠ AEO ᠵᠢᠨ ᠠᠵᠤ ᠠᠬᠤᠢ᠌ᠯᠠᠯ᠎ᠤᠨ ᠪᠣᠭᠣᠮᠲᠠ᠎ᠪᠠᠷ ᠥᠩᠭᠡᠷᠡᠬᠦ᠎ᠳᠤ ᠳᠡᠮᠵᠢᠯᠭᠡ ᠥᠭᠬᠦ᠎ᠳᠤ ᠲᠥᠬᠥᠮ ᠦᠵᠡᠭᠦᠯᠬᠦ ᠠᠷᠪᠠᠨ ᠵᠢᠷᠭᠤᠭ᠋ᠠᠨ ᠵᠦᠢᠯ᠎ᠤᠨ ᠠᠷᠭ᠎ᠠ ᠬᠡᠮᠵᠢᠶ᠎ᠡ》 ᠵᠢ ᠲᠣᠭᠲᠠᠭ᠋ᠠᠵᠤ᠂ ᠭᠣᠤᠯᠳᠠᠯᠭ᠎ᠠ᠎ᠲᠠᠢ ᠲᠡᠳᠬᠦᠬᠦ᠂ ᠤᠷᠢᠳᠠᠪᠠᠷ ᠪᠣᠭᠣᠮᠲᠠ᠎ᠪᠠᠷ ᠥᠩᠭᠡᠷᠡᠬᠦ᠂ ᠥᠭᠡᠷᠡᠴᠢᠯᠡᠯᠲᠡ ᠵᠢᠨ ᠲᠤᠷᠰᠢᠯᠲᠠ ᠬᠢᠬᠦ ᠵᠡᠷᠭᠡ ᠶᠢᠰᠦᠨ ᠬᠦᠷᠢᠶ᠎ᠡ ᠴᠠᠷᠠᠭ᠎ᠠ ᠵᠢ ᠬᠠᠮᠤᠷᠴᠤ᠂ ᠳᠡᠭᠡᠳᠦ ᠲᠠᠰ᠎ᠤᠨ ᠭᠡᠷᠡᠴᠢᠯᠡᠯ᠎ᠤᠨ ᠠᠵᠤ ᠠᠬᠤᠢ᠌ᠯᠠᠯ᠎ᠳᠤ ᠠᠵᠤ ᠠᠬᠤᠢ᠌ᠯᠠᠯ᠎ᠤᠨ ᠵᠣᠬᠢᠴᠠᠭᠤᠯᠤᠭᠴᠢ ᠲᠣᠬᠢᠷᠠᠭᠤᠯᠵᠤ᠂ ᠪᠥᠬᠥ ᠵᠢᠯ᠎ᠳᠤ ᠢᠯᠢ ᠪᠦᠯᠦᠭᠯᠡᠯ᠂ ᠤᠮᠠᠷᠠᠲᠤ ᠵᠢᠨ ᠮᠠᠰᠢᠨ ᠲᠡᠷᠭᠡᠨ᠎ᠤ ᠺᠣᠮᠫᠠᠨᠢ ᠵᠡᠷᠭᠡ ᠪᠣᠭᠣᠮᠲᠠ ᠵᠢᠨ ᠳᠣᠲᠣᠷ᠎ᠠ ᠭᠠᠳᠠᠨᠠᠬᠢ ᠳᠡᠭᠡᠳᠦ ᠲᠠᠰ᠎ᠤᠨ ᠭᠡᠷᠡᠴᠢᠯᠡᠯ᠎ᠤᠨ ᠠᠵᠤ ᠠᠬᠤᠢ᠌ᠯᠠᠯ᠎ᠢ ᠬᠠᠪᠰᠤᠷᠤᠨ ᠪᠣᠭᠣᠮᠲᠠ᠎ᠪᠠᠷ ᠥᠩᠭᠡᠷᠡᠬᠦ᠎ᠳᠤ ᠬᠦᠴᠢᠷᠲᠡᠶ ᠠᠰᠠᠭᠤᠳᠠᠯ᠎ᠢ 4 ᠤᠳᠠᠭ᠎ᠠ ᠰᠢᠢᠳᠪᠦᠷᠢᠯᠡᠵᠦ᠂ AEO ᠵᠢᠨ ᠠᠵᠤ ᠠᠬᠤᠢ᠌ᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠣᠯᠠᠨ ᠬᠡᠯᠪᠡᠷᠢ᠎ᠪᠠᠷ ᠠᠬᠢᠭᠤᠯᠵᠤ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠭᠠᠳᠠᠭ᠋ᠠᠳᠤ ᠠᠷᠠᠯᠵᠢᠶᠠᠨ᠎ᠤ ᠦᠨᠳᠦᠰᠦᠨ ᠪᠠᠢ᠌ᠳᠠᠯ᠎ᠢ ᠲᠣᠭᠲᠠᠭᠤᠨ ᠪᠠᠢ᠌ᠯᠭ᠋ᠠᠬᠤ᠎ᠪᠠᠷ ᠳᠠᠮᠵᠢᠭᠤᠯᠤᠨ᠂ ᠪᠣᠭᠣᠮᠲᠠ ᠵᠢᠨ ᠣᠷᠣᠨ᠎ᠤ ᠭᠠᠳᠠᠭ᠋ᠠᠳᠤ ᠠᠷᠠᠯᠵᠢᠶᠠᠨ᠎ᠤ ᠲᠣᠭ᠎ᠠ ᠵᠢ ᠦᠨᠳᠦᠰᠦᠨ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠪᠠ᠃
ᠭᠤᠷᠪᠠ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠠᠵᠤ ᠠᠬᠤᠢ᠌ᠯᠠᠯ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠦᠢᠯᠡᠴᠢᠯᠡᠭᠡᠨ᠎ᠤ ᠠᠷᠭ᠎ᠠ ᠪᠠᠷᠢᠯ᠎ᠤᠨ ᠰᠢᠨ᠎ᠡ ᠵᠢ ᠡᠭᠦᠳᠴᠦ ᠠᠭᠤᠷᠬᠠᠶ ᠵᠢᠨ ᠡᠨᠧᠷᠭᠢ ᠵᠢᠨ ᠦᠢᠯᠡᠳᠬᠦᠨ᠎ᠤ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠠᠬᠢᠭᠤᠯᠬᠤ
ᠠᠭᠤᠷᠬᠠᠶ ᠵᠢᠨ ᠡᠨᠧᠷᠭᠢ ᠵᠢᠨ ᠦᠢ᠍ᠯᠡᠳᠬᠦᠨ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠭᠣᠤᠯᠳᠠᠯᠭ᠎ᠠ᠎ᠲᠠᠢ ᠲᠠᠸᠠᠷ ᠪᠣᠯᠤᠨ᠎ᠠ᠂ ᠬᠢᠵᠢᠭ᠎ᠤᠨ ᠪᠠᠢ᠌ᠳᠠᠯ᠎ᠤᠨ ᠨᠥᠯᠥᠭᠡ᠎ᠠᠴᠠ ᠡᠬᠢᠨ᠎ᠤ ᠪᠠ ᠡᠴᠦᠰ᠎ᠤᠨ ᠠᠵᠢᠯ ᠡᠬᠢᠯᠡᠬᠦ ᠬᠢᠵᠠᠭ᠋ᠠᠷᠯᠠᠯ᠎ᠠᠴᠠ ᠪᠣᠯᠵᠣ᠂ ᠭᠠᠳᠠᠭ᠋ᠠᠳᠤ᠎ᠠᠴᠠ ᠣᠷᠣᠭᠤᠯᠬᠤ ᠬᠡᠮᠵᠢᠶ᠎ᠡ᠎ᠨᠢ ᠲᠡᠢ᠌ᠮᠦ ᠰᠠᠢ᠌ᠨ ᠪᠢᠰᠢ᠃ ᠬᠥᠬᠡᠬᠣᠲᠠ ᠪᠣᠭᠣᠮᠲᠠ᠎ᠨᠢ ᠪᠣᠭᠣᠮᠲᠠ ᠵᠢᠨ ᠣᠷᠣᠨ᠎ᠤ ᠬᠠᠮᠤᠭ᠎ᠤᠨ ᠲᠣᠮᠣ ᠵᠡᠰ᠎ᠤᠨ ᠨᠠᠷᠢᠯᠢᠭ ᠬᠦᠳᠡᠷ᠎ᠢ ᠭᠠᠳᠠᠭ᠋ᠠᠳᠤ᠎ᠠᠴᠠ ᠣᠷᠣᠭᠤᠯᠬᠤ ᠠᠵᠤ ᠠᠬᠤᠢ᠌ᠯᠠᠯ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠭᠠᠳᠠᠭ᠋ᠠᠳᠤ᠎ᠠᠴᠠ ᠣᠷᠣᠭᠤᠯᠬᠤ ᠵᠢᠴᠢ ᠬᠢᠨᠠᠨ ᠬᠠᠮᠢᠶᠠᠷᠬᠤ ᠲᠠᠯ᠎ᠠ᠎ᠪᠠᠷ ᠣᠷᠣᠰᠢᠵᠤ ᠪᠠᠢ᠌ᠭ᠎ᠠ ᠬᠦᠴᠢᠷ ᠠᠰᠠᠭᠤᠳᠠᠯ᠎ᠢ ᠣᠢ᠌ᠯᠠᠭ᠋ᠠᠵᠤ᠂ ᠭᠠᠢ᠌ᠯᠢ ᠪᠠᠲᠤᠯᠠᠬᠤ ᠲᠤᠬᠠᠢ᠌ᠯᠠᠭᠰᠠᠨ ᠠᠵᠢᠯ᠎ᠤᠨ ᠡᠭᠦᠷᠭᠡ ᠴᠢᠳᠠᠪᠤᠷᠢ᠎ᠪᠠᠨ ᠪᠠᠳᠠᠷᠠᠭᠤᠯᠤᠨ᠂ ᠣᠯᠠᠨ ᠤᠯᠤᠰ᠎ᠤᠨ ᠬᠦᠳᠡᠷ᠎ᠤᠨ ᠭᠠᠢ᠌ᠯᠢ ᠪᠠᠲᠤᠯᠠᠬᠤ ᠲᠠᠯᠠᠪᠤᠷ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠲᠦᠷᠦᠭᠦᠯᠡᠨ ᠠᠬᠢᠭᠤᠯᠵᠤ᠂ ᠠᠵᠤ ᠠᠬᠤᠢ᠌ᠯᠠᠯ᠎ᠢ ᠬᠠᠪᠰᠤᠷᠴᠤ ᠬᠠᠮᠢᠶᠠᠷᠤᠯᠲᠠ ᠵᠢᠨ ᠰᠢᠰᠲ᠋ᠧᠮ᠎ᠢ ᠨᠡᠭᠡᠭᠡᠨ ᠬᠥᠭᠵᠢᠭᠦᠯᠬᠦ᠂ ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠵᠠᠰᠠᠮᠠᠯ ᠵᠠᠮ᠎ᠤᠨ ᠪᠣᠭᠣᠮᠲᠠ ᠵᠢᠨ ᠭᠠᠢ᠌ᠯᠢ ᠪᠠᠲᠤᠯᠠᠬᠤ ᠭᠠᠳᠠᠭ᠋ᠠᠳᠤ᠎ᠠᠴᠠ ᠣᠷᠣᠭᠤᠯᠬᠤ ᠵᠡᠰ᠎ᠤᠨ ᠨᠠᠷᠢᠯᠢᠭ ᠬᠦᠳᠡᠷ᠎ᠢ ᠬᠢᠨᠠᠨ ᠬᠠᠮᠢᠶᠠᠷᠬᠤ ᠲᠥᠰᠦᠯ᠎ᠢ ᠲᠣᠭᠲᠠᠭ᠋ᠠᠵᠤ᠂ ᠭᠠᠢ᠌ᠯᠢ ᠪᠠᠲᠤᠯᠠᠬᠤ ᠲᠤᠬᠠᠢ᠌ᠯᠠᠭᠰᠠᠨ ᠠᠵᠢᠯ᠎ᠤᠨ ᠳᠠᠪᠠᠭᠤᠯᠢᠭ᠎ᠢ ᠪᠦᠲᠦᠮᠵᠢᠲᠡᠶ ᠪᠠᠳᠠᠷᠠᠭᠤᠯᠬᠤ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠪᠠᠯᠠ ᠮᠥᠩᠭᠥ ᠵᠢᠨ ᠳᠠᠷᠤᠯᠲᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭᠤᠷᠠᠭᠤᠯᠵᠤ᠂ ᠠᠭᠤᠷᠬᠠᠶ ᠵᠢᠨ ᠡᠨᠧᠷᠭᠢ ᠵᠢᠨ ᠦᠢᠯᠡᠳᠬᠦᠨ᠎ᠤ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠪᠠ᠃ ᠪᠥᠬᠥ ᠵᠢᠯ᠎ᠳᠤ ᠪᠣᠭᠣᠮᠲᠠ ᠵᠢᠨ ᠣᠷᠣᠨ᠎ᠤ ᠭᠠᠢ᠌ᠯᠢ ᠪᠠᠲᠤᠯᠠᠬᠤ ᠭᠠᠳᠠᠭ᠋ᠠᠳᠤ᠎ᠠᠴᠠ ᠣᠷᠣᠭᠤᠯᠤᠭᠰᠠᠨ ᠵᠡᠰ᠎ᠤᠨ ᠨᠠᠷᠢᠯᠢᠭ ᠬᠦᠳᠡᠷ 76 ᠲᠦᠮᠡᠨ ᠲᠣᠨ ᠰᠢᠬᠠᠮ ᠪᠣᠯᠵᠣ᠂ ᠬᠢᠵᠢᠭ᠎ᠤᠨ ᠠᠰᠢᠭ ᠥᠬᠡᠶ ᠨᠥᠯᠦᠭᠡᠨᠤ ᠪᠠᠢ᠌ᠳᠠᠯ ᠳᠣᠤᠷ᠎ᠠ᠂ ᠭᠠᠳᠠᠭ᠋ᠠᠳᠤ᠎ᠠᠴᠠ ᠣᠷᠣᠭᠤᠯᠤᠭᠰᠠᠨ ᠬᠡᠮᠵᠢᠶ᠎ᠡ᠎ᠨᠢ ᠨᠢᠳᠤᠨᠤᠨ᠎ᠤ᠎ᠬᠢ᠎ᠲᠠᠢ ᠲᠡᠩᠴᠡᠵᠦ᠂ ᠭᠣᠤᠯᠳᠠᠯᠭ᠎ᠠ᠎ᠲᠠᠢ ᠲᠠᠸᠠᠷ᠎ᠤᠨ ᠭᠠᠳᠠᠭ᠋ᠠᠳᠤ᠎ᠠᠴᠠ ᠣᠷᠣᠭᠤᠯᠬᠤ ᠬᠦᠷᠢᠶᠡᠨ᠎ᠳᠠᠬᠢ ᠬᠠᠩᠭ᠋ᠠᠯᠭ᠎ᠠ ᠵᠢᠨ ᠬᠡᠯᠬᠢᠶ᠎ᠡ᠎ᠨᠢ ᠦᠨᠳᠦᠰᠦᠨ᠎ᠳᠤ᠎ᠪᠠᠨ ᠲᠣᠭᠲᠠᠭᠤᠨ ᠪᠠᠢ᠌ᠪᠠ᠃
ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠨᠢ ᠣᠷᠣᠰ᠂ ᠮᠣᠩᠭᠣᠯ᠎ᠲᠠᠢ ᠬᠥᠷᠰᠢᠯᠡᠵᠦ᠂ ᠥᠪᠡᠷᠮᠢᠴᠡ ᠳᠠᠪᠠᠭᠤᠯᠢᠭ᠎ᠲᠠᠢ ᠶᠤᠮ᠂ ᠬᠥᠬᠡᠬᠣᠲᠠ ᠪᠣᠭᠣᠮᠲᠠ ᠵᠢᠨ ᠣᠷᠣᠰ ᠮᠣᠩᠭᠣᠯ᠎ᠳᠠᠬᠢ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠢᠳᠡᠭᠡᠨ᠎ᠤ ᠶᠡᠷᠦᠩᠬᠡᠶ ᠪᠠᠢ᠌ᠳᠠᠯ ᠵᠢᠴᠢ ᠶᠠᠮᠠᠷ ᠶᠠᠮᠠᠷ ᠬᠠᠨᠳᠤᠯᠭ᠋ᠠᠲᠤ ᠴᠢᠨᠠᠷᠲᠠᠶ ᠨᠡᠮᠡᠭᠳᠡᠯ᠎ᠢ ᠪᠠᠲᠤᠯᠠᠬᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠭᠰᠠᠨ ᠲᠤᠬᠠᠶ ᠲᠠᠨᠢᠯᠴᠠᠭᠤᠯᠤᠭ᠋ᠠᠳ ᠥᠭᠭᠦᠨ᠎ᠡ ᠦᠦ᠂ ᠪᠠᠶᠠᠷᠯᠠᠯ᠎ᠠ!
ᠯᠢ ᠾᠧᠩ ᠯᠢᠶᠠᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 2020 ᠣᠨ᠎ᠳᠤ ᠮᠠᠨ᠎ᠤ ᠪᠣᠭᠣᠮᠲᠠ ᠨᠡᠢ᠌ᠲᠡ 70.8 ᠳ᠋ᠦᠩᠰᠢᠭᠤᠷ ᠲᠥᠭᠥᠷᠢᠭ᠎ᠤᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠢᠳᠡᠭᠡᠨ᠎ᠤ ᠵᠦᠢᠯ᠎ᠢ ᠬᠢᠨᠠᠨ ᠬᠠᠮᠢᠶᠠᠷᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 8.8%᠎ᠪᠠᠷ ᠨᠡᠮᠡᠭᠳᠡᠵᠦ᠂ ᠣᠷᠣᠰ ᠮᠣᠩᠭᠣᠯ᠎ᠯᠤᠭ᠎ᠠ ᠵᠢᠨ ᠣᠷᠤᠭᠤᠯᠤᠯᠲᠠ ᠭᠠᠷᠭ᠋ᠠᠯᠲᠠ ᠵᠢᠨ ᠢᠳᠡᠭᠡᠨ᠎ᠤ ᠵᠦᠢᠯ 10.51 ᠳ᠋ᠦᠩᠰᠢᠭᠤᠷ ᠲᠥᠭᠥᠷᠢᠭ᠎ᠲᠤ ᠬᠦᠷᠴᠦ᠂ ᠠᠷᠠᠯᠵᠢᠶᠠᠨ᠎ᠤ ᠶᠡᠷᠦᠩᠬᠡᠶ ᠲᠣᠭ᠋ᠠᠨ᠎ᠤ 14.84% ᠵᠢ ᠡᠵᠡᠯᠡᠪᠡ᠂ ᠡᠭᠦᠨ᠎ᠳᠤ ᠣᠷᠣᠰ ᠮᠣᠩᠭᠣᠯ᠎ᠳᠤ ᠭᠠᠷᠭ᠋ᠠᠭᠰᠠᠨ ᠢᠳᠡᠭᠡᠨ᠎ᠤ ᠵᠦᠢᠯ 2.09 ᠳ᠋ᠦᠩᠰᠢᠭᠤᠷ ᠲᠥᠭᠥᠷᠢᠭ᠎ᠲᠤ ᠬᠦᠷᠴᠦ᠂ ᠪᠠᠢ᠌ᠳᠠᠯ᠎ᠢ ᠰᠥᠷᠴᠦ 100.96%᠎ᠪᠠᠷ ᠶᠡᠬᠡ᠎ᠪᠠᠷ ᠨᠡᠮᠡᠭᠳᠡᠵᠦ᠂ ᠭᠣᠤᠯ ᠪᠣᠯᠬᠤ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠢᠳᠡᠭᠡᠨ᠎ᠤ ᠵᠦᠢᠯ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠴᠥᠮ ᠠᠳᠠᠯᠢ ᠪᠤᠰᠤ ᠬᠡᠮᠵᠢᠶ᠎ᠡ᠎ᠪᠠᠷ ᠨᠡᠮᠡᠭᠳᠡᠵᠦ᠂ ᠶᠡᠷᠦᠩᠬᠡᠶ᠎ᠳᠤ᠎ᠪᠠᠨ ᠲᠣᠭᠲᠠᠭᠤᠨ ᠪᠥᠭᠡᠳ ᠰᠠᠢ᠌ᠵᠢᠷᠠᠬᠤ ᠪᠠᠢ᠌ᠳᠠᠯ ᠢᠯᠡᠷᠡᠪᠡ᠂ ᠵᠢᠱ᠌ᠢᠶᠡᠯᠡᠪᠡᠯ ᠮᠣᠩᠭᠣᠯ ᠤᠯᠤᠰ᠎ᠤᠨ ᠪᠤᠯᠭᠤᠭᠰᠠᠨ ᠮᠢᠬᠠᠨ᠎ᠤ ᠲᠥᠷᠥᠯ᠎ᠤᠨ ᠪᠦᠲᠦᠭᠡᠭᠳᠡᠬᠦᠨ᠎ᠢ 3.48 ᠳ᠋ᠦᠩᠰᠢᠭᠤᠷ ᠲᠥᠭᠥᠷᠢᠭ ᠣᠷᠣᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 27.01%᠎ᠪᠠᠷ ᠨᠡᠮᠡᠭᠳᠡᠪᠡ᠂ ᠣᠷᠣᠰ᠎ᠲᠤ ᠦᠷ᠎ᠡ ᠵᠢᠨ ᠴᠦᠮ᠎ᠡ ᠵᠢᠨ ᠲᠥᠷᠥᠯ᠎ᠢ 1.17 ᠳ᠋ᠦᠩᠰᠢᠭᠤᠷ ᠲᠥᠭᠥᠷᠢᠭ ᠭᠠᠷᠭ᠋ᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 333.33%᠎ᠪᠠᠷ ᠨᠡᠮᠡᠭᠳᠡᠪᠡ᠂ ᠮᠣᠩᠭᠣᠯ ᠤᠯᠤᠰ᠎ᠳᠤ ᠢᠳᠡᠰᠢᠨ ᠨᠣᠭᠣᠭ᠎ᠠ 0.82 ᠳ᠋ᠦᠩᠰᠢᠭᠤᠷ ᠲᠥᠭᠥᠷᠢᠭ ᠭᠠᠷᠭ᠋ᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.49%᠎ᠪᠠᠷ ᠨᠡᠮᠡᠭᠳᠡᠪᠡ᠃
ᠨᠢᠭᠡ᠎ᠳᠤ᠂ ᠭᠠᠳᠠᠭ᠋ᠠᠳᠤ᠎ᠠᠴᠠ ᠣᠷᠣᠭᠤᠯᠬᠤ ᠢᠳᠡᠭᠡᠨ᠎ᠤ ᠲᠥᠷᠥᠯ ᠵᠦᠢᠯ᠎ᠢ ᠢᠳᠡᠪᠬᠢᠲᠡᠶ᠎ᠪᠠᠷ ᠥᠷᠭᠡᠳᠬᠡᠪᠡ᠃ ᠡᠭᠦᠷᠭᠡ ᠴᠢᠳᠠᠪᠤᠷᠢ ᠵᠢᠨ ᠳᠠᠪᠠᠭᠤᠯᠢᠭ ᠵᠶ᠋ᠠᠨ ᠪᠠᠳᠠᠷᠠᠭᠤᠯᠤᠨ᠂ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡ ᠬᠠᠩᠭ᠋ᠠᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠠᠰᠠᠭᠤᠳᠠᠯ᠎ᠢ ᠲᠤᠢ᠌ᠯ᠎ᠤᠨ ᠣᠨᠣᠪᠴᠢᠲᠠᠶ᠎ᠪᠠᠷ ᠰᠢᠢᠳᠪᠦᠷᠢᠯᠡᠵᠦ᠂ ᠵᠢᠭ᠋ᠠᠨ ᠲᠣᠭᠲᠠᠭ᠋ᠠᠭᠰᠠᠨ ᠡᠯᠳᠡᠪ ᠠᠮᠤ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠪᠦᠷᠢᠳᠬᠡᠨ ᠳᠠᠩᠰᠠᠯᠠᠬᠤ ᠴᠤᠪᠤᠷᠠᠯ᠎ᠢ ᠰᠢᠯᠢᠳᠡᠭᠵᠢᠭᠦᠯᠦᠨ᠂ 2020 ᠣᠨ᠎ᠳᠤ 6 ᠵᠢᠭ᠋ᠠᠨ ᠲᠣᠭᠲᠠᠭ᠋ᠠᠭᠰᠠᠨ ᠠᠵᠤ ᠠᠬᠤᠢ᠌ᠯᠠᠯ᠎ᠢ ᠰᠢᠨ᠎ᠡ᠎ᠪᠠᠷ ᠨᠡᠮᠡᠭᠳᠡᠭᠦᠯᠵᠦ᠂ ᠮᠣᠩᠭᠣᠯ ᠤᠯᠤᠰ᠎ᠤᠨ ᠪᠣᠯᠭᠣᠭᠰᠠᠨ ᠮᠢᠬᠠᠨ᠎ᠤ ᠲᠥᠷᠥᠯ᠎ᠢ ᠭᠠᠳᠠᠭ᠋ᠠᠳᠤ᠎ᠠᠴᠠ ᠣᠷᠣᠭᠤᠯᠬᠤ᠎ᠠᠴᠠ ᠭᠠᠳᠠᠨ᠎ᠠ᠂ ᠡᠷᠢᠶᠡᠨ ᠬᠣᠲᠠ ᠵᠢᠨ ᠪᠣᠭᠣᠮᠲᠠ ᠵᠢᠨ ᠵᠠᠰᠠᠮᠠᠯ ᠵᠠᠮ᠎ᠤᠨ ᠪᠣᠭᠣᠮᠲᠠ᠎ᠪᠠᠷ ᠳᠡᠮᠵᠢᠨ ᠣᠷᠣᠰ᠎ᠤᠨ ᠲᠠᠬᠢᠶᠠᠨ ᠮᠢᠬᠠᠨ᠎ᠤ ᠪᠦᠲᠦᠭᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠵᠢ ᠰᠢᠨ᠎ᠡ᠎ᠪᠠᠷ ᠨᠡᠮᠡᠭᠳᠡᠭᠦᠯᠦᠭᠰᠡᠨ ᠪᠦᠭᠡᠳ ᠮᠣᠩᠭᠣᠯ ᠤᠯᠤᠰ᠎ᠤᠨ ᠪᠣᠭᠣᠳᠠᠶ ᠵᠢᠨ ᠭᠤᠯᠢᠷ᠂ ᠬᠠᠷ᠎ᠠ ᠪᠣᠭᠣᠳᠠᠶ ᠵᠢᠨ ᠭᠤᠯᠢᠷᠢ ᠵᠥᠪᠰᠢᠶᠡᠷᠡᠨ ᠣᠷᠣᠭᠤᠯᠬᠤ ᠵᠢ ᠪᠡᠶᠡᠯᠡᠭᠦᠯᠵᠦ᠂ ᠭᠠᠳᠠᠭ᠋ᠠᠳᠤ᠎ᠠᠴᠠ ᠣᠷᠣᠭᠤᠯᠤᠭᠰᠠᠨ ᠢᠳᠡᠭᠡᠨ᠎ᠤ ᠲᠥᠷᠥᠯ ᠵᠦᠢᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃
ᠬᠣᠶᠠᠷ᠎ᠲᠤ᠂ ᠢᠳᠡᠭᠡᠨ᠎ᠤ ᠬᠠᠮᠢᠶᠠᠷᠤᠯᠲᠠ ᠵᠢᠨ ᠰᠢᠰᠲ᠋ᠧᠮ᠎ᠤᠨ ᠰᠤᠳᠤᠯᠭ᠋ᠠᠨ᠎ᠢ ᠴᠢᠩᠭ᠋ᠠᠳᠬᠠᠵᠤ᠂ ᠮᠠᠨ᠎ᠤ ᠣᠷᠣᠨ᠎ᠤ ᠪᠣᠭᠣᠮᠲᠠ ᠵᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠮᠣᠩᠭᠣᠯ᠎ᠤᠨ ᠢᠳᠡᠭᠡᠨ᠎ᠤ ᠬᠠᠮᠢᠶ᠎ᠠ ᠪᠥᠬᠥᠶ 4 ᠪᠦᠯᠦᠭ ᠬᠠᠤᠯᠢ ᠴᠠᠭ᠋ᠠᠵᠠ᠂ 41 ᠵᠦᠢᠯ᠎ᠤᠨ ᠪᠠᠷᠢᠮᠵᠢᠶ᠎ᠠ ᠵᠢ ᠴᠤᠭᠯᠠᠭᠤᠯᠤᠨ ᠣᠷᠴᠢᠭᠤᠯᠵᠤ᠂ 35 ᠲᠦᠮᠡᠨ ᠥᠰᠥᠭ᠎ᠤᠨ ᠮᠠᠲ᠋ᠧᠷᠢᠶᠠᠯ᠎ᠢ ᠪᠦᠷᠢᠯᠳᠦᠭᠦᠯᠵᠦ᠂ ᠬᠣᠶᠠᠷ ᠲᠠᠯ᠎ᠠ ᠵᠢᠨ ᠪᠠᠷᠢᠮᠵᠢᠶ᠎ᠠ ᠵᠢ ᠬᠠᠷᠢᠴᠠᠭᠤᠯᠤᠨ ᠵᠠᠳᠠᠯᠵᠤ᠂ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠠᠵᠤ ᠠᠬᠤᠢ᠌ᠯᠠᠯ᠎ᠤᠨ ᠮᠡᠷᠭᠡᠵᠢᠯ᠎ᠤᠨ ᠴᠢᠨᠠᠷᠲᠠᠶ ᠠᠷᠠᠯᠵᠢᠶᠠᠨ᠎ᠤ ᠠᠷᠭ᠎ᠠ ᠬᠡᠮᠵᠢᠶ᠎ᠡ ᠵᠢᠨ ᠲᠦᠭᠰᠢᠭᠦᠷᠢ᠎ᠠᠴᠠ ᠵᠦᠶ ᠵᠣᠬᠢᠰᠲᠠᠶ ᠵᠠᠢ᠌ᠯᠠᠬᠤ ᠵᠢ ᠣᠨᠣᠪᠴᠢᠲᠠᠶ ᠵᠢᠯᠣᠭᠣᠳᠪᠠ᠃
ᠭᠤᠷᠪᠠ᠎ᠳᠤ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ᠎ᠢ ᠤᠯᠠᠮ ᠨᠢᠭᠡ ᠠᠯᠬᠤᠮ ᠳᠥᠭᠥᠮᠴᠢᠯᠡᠵᠦ᠂ ᠬᠢᠯᠢ᠎ᠪᠠᠷ ᠣᠷᠣᠭᠤᠯᠬᠤ ᠠᠮᠢᠲᠠᠨ ᠤᠷᠭᠤᠮᠠᠯ᠎ᠤᠨ ᠢᠷᠡᠯᠲᠡ ᠵᠢᠨ ᠴᠢᠨᠠᠷᠲᠠᠶ ᠢᠳᠡᠭᠡᠨ᠎ᠤ ᠬᠢᠵᠢᠭ ᠪᠠᠢ᠌ᠴᠠᠭ᠋ᠠᠵᠤ ᠬᠢᠨᠠᠨ ᠵᠥᠪᠰᠢᠶᠡᠷᠡᠬᠦ ᠵᠢ ᠲᠦᠷᠭᠡᠳᠬᠡᠨ ᠭᠦᠢᠴᠡᠳᠬᠡᠵᠦ᠂ 100%᠎ᠪᠠᠷ ᠴᠠᠭ᠋ᠠᠰᠤ ᠬᠡᠷᠡᠭᠯᠡᠬᠦ ᠥᠬᠡᠶ᠎ᠪᠠᠷ ᠭᠦᠢᠴᠡᠳᠬᠡᠬᠦ ᠵᠢ ᠬᠡᠷᠡᠭᠵᠢᠭᠦᠯᠵᠦ᠂ ᠬᠢᠵᠢᠭ ᠪᠠᠢ᠌ᠴᠠᠭ᠋ᠠᠵᠤ ᠬᠢᠨᠠᠨ ᠵᠥᠪᠰᠢᠶᠡᠷᠡᠬᠦ ᠴᠠᠭ᠎ᠢ 1/5᠎ᠪᠠᠷ ᠪᠣᠭᠤᠨᠢᠰᠬᠠᠪᠠ᠃ ᠢᠳᠡᠭᠡᠨ᠎ᠤ ᠵᠦᠢᠯ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢᠨ ᠲᠤᠰᠬᠠᠶ ᠠᠩᠭᠢ ᠵᠢ ᠪᠠᠢ᠌ᠭᠤᠯᠤᠨ ᠥᠷᠭᠡᠳᠬᠡᠵᠦ᠂ ᠭᠠᠳᠠᠭ᠋ᠠᠳᠤ᠎ᠳᠤ ᠭᠠᠷᠭ᠋ᠠᠬᠤ ᠢᠳᠡᠰᠢᠨ ᠨᠣᠭᠣᠭ᠎ᠠ᠂ ᠦᠷ᠎ᠡ ᠵᠢᠨ ᠴᠥᠮ᠎ᠡ ᠵᠢᠨ ᠲᠥᠷᠥᠯ ᠵᠡᠷᠭᠡ ᠶᠡᠬᠡ ᠬᠡᠮᠵᠢᠶᠡᠨ᠎ᠤ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠳᠤ 《ᠤᠷᠢᠳᠠᠪᠠᠷ ᠬᠠᠭᠤᠳᠠᠰᠤ ᠲᠣᠰᠬᠤ᠂ ᠤᠷᠢᠳᠠᠪᠠᠷ ᠪᠠᠢ᠌ᠴᠠᠭ᠋ᠠᠨ ᠰᠢᠯᠭ᠋ᠠᠬᠤ᠂ ᠤᠷᠢᠳᠠᠪᠠᠷ ᠪᠠᠢ᠌ᠴᠠᠭ᠋ᠠᠨ ᠰᠢᠯᠭ᠋ᠠᠬᠤ᠂ ᠤᠷᠢᠳᠠᠪᠠᠷ ᠭᠡᠷᠡᠴᠢ ᠭᠠᠷᠭ᠋ᠠᠬᠤ᠂ ᠤᠷᠢᠳᠠᠪᠠᠷ ᠶᠠᠪᠤᠭᠤᠯᠬᠤ》 ᠵᠢ ᠬᠡᠷᠡᠭᠵᠢᠭᠦᠯᠵᠦ᠂ ᠪᠣᠭᠣᠮᠲᠠ᠎ᠪᠠᠷ ᠥᠩᠭᠡᠷᠡᠬᠦ ᠵᠢ ᠳᠥᠭᠥᠮᠴᠢᠯᠡᠬᠦ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠳᠥᠷᠪᠡ᠎ᠳᠤ᠂ ᠨᠡᠮᠡᠭᠳᠡᠯ᠎ᠤᠨ ᠰᠢᠨ᠎ᠡ ᠬᠥᠳᠡᠯᠭᠡᠬᠦ ᠡᠨᠧᠷᠭᠢ ᠵᠢ ᠢᠳᠡᠪᠬᠢᠲᠡᠶ ᠪᠣᠢ᠌ᠵᠢᠭᠤᠯᠵᠤ᠂ ᠡᠷᠢᠶᠡᠨ ᠬᠣᠲᠠ ᠵᠢᠨ ᠲᠡᠮᠦᠷ ᠵᠠᠮ᠎ᠤᠨ ᠪᠣᠭᠣᠮᠲᠠ ᠵᠢᠨ ᠵᠢᠭ᠋ᠠᠨ ᠲᠣᠭᠲᠠᠭ᠋ᠠᠭᠰᠠᠨ ᠠᠮᠤ ᠪᠤᠳᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠲᠠᠯᠠᠪᠤᠷ ᠭᠠᠵᠠᠷ ᠪᠠ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢᠨ ᠳᠤᠮᠳᠠᠳᠤ᠎ᠪᠠᠷ ᠨᠡᠪᠲᠡᠷᠡᠬᠦ ᠵᠠᠮ᠎ᠤᠨ ᠳᠠᠪᠠᠭᠤᠯᠢᠭ᠎ᠢ ᠢᠳᠡᠪᠬᠢᠲᠡᠶ ᠪᠣᠢ᠌ᠵᠢᠭᠤᠯᠵᠤ᠂ 《ᠬᠣᠶᠠᠷ ᠠᠯᠬᠤᠮ ᠵᠶ᠋ᠠᠷ ᠭᠤᠶᠤᠴᠢᠯᠠᠨ ᠮᠡᠳᠡᠭᠦᠯᠬᠦ》 ᠵᠢ ᠭᠦᠨᠵᠡᠭᠡᠶ ᠠᠬᠢᠭᠤᠯᠵᠤ᠂ ᠬᠢᠯᠢ᠎ᠪᠠᠷ ᠣᠷᠣᠭᠤᠯᠬᠤ ᠤᠷᠭᠤᠮᠠᠯ᠎ᠤᠨ ᠢᠷᠡᠯᠲᠡ ᠵᠢᠨ ᠴᠢᠨᠠᠷᠲᠠᠶ ᠢᠳᠡᠭᠡᠨ᠎ᠢ ᠭᠤᠶᠤᠴᠢᠯᠠᠨ ᠮᠡᠳᠡᠭᠦᠯᠬᠦ᠂ ᠪᠠᠢ᠌ᠴᠠᠭ᠋ᠠᠨ ᠰᠢᠯᠭ᠋ᠠᠬᠤ ᠵᠢᠴᠢ ᠲᠠᠯᠪᠢᠵᠤ ᠶᠠᠪᠤᠭᠤᠯᠬᠤ ᠴᠤᠪᠤᠷᠠᠯ᠎ᠢ ᠰᠢᠯᠢᠳᠡᠭᠵᠢᠭᠦᠯᠵᠦ᠂ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠬᠢᠭᠡᠳ ᠲᠡᠮᠦᠷ ᠵᠠᠮ᠎ᠤᠨ ᠠᠵᠢᠯᠯᠠᠭ᠋ᠠᠨ᠎ᠢ ᠵᠠᠪᠰᠠᠷ ᠥᠬᠡᠶ ᠵᠣᠯᠭ᠋ᠠᠭᠤᠯᠬᠤ ᠵᠢ ᠪᠡᠶᠡᠯᠡᠭᠦᠯᠵᠦ᠂ 2020 ᠣᠨ᠎ᠳᠤ ᠪᠥᠬᠥ ᠵᠢᠯ᠎ᠳᠤ 10 ᠴᠤᠪᠤᠭ᠎ᠠ᠂ 1.31 ᠲᠦᠮᠡᠨ ᠲᠣᠨ ᠣᠷᠣᠰ᠎ᠤᠨ ᠬᠣᠰᠢᠭᠤ ᠪᠤᠳᠠᠭ᠎ᠠ᠂ ᠶᠠᠮᠠ ᠵᠢᠨ ᠦᠷ᠎ᠡ ᠵᠢ ᠬᠢᠯᠢ᠎ᠪᠠᠷ ᠣᠷᠣᠭᠤᠯᠵᠤ᠂ ᠠᠳᠠᠯᠢ ᠲᠥᠷᠥᠯ᠎ᠤᠨ ᠦᠢᠯᠡᠳᠬᠦᠨ᠎ᠢ ᠭᠠᠳᠠᠭ᠋ᠠᠳᠤ᠎ᠠᠴᠠ ᠣᠷᠣᠭᠤᠯᠬᠤ ᠶᠡᠷᠦᠩᠬᠡᠶ ᠬᠡᠮᠵᠢᠶ᠎ᠡ ᠵᠢᠨ 14.64% ᠵᠢ ᠡᠵᠡᠯᠡᠵᠦ᠂ ᠲᠣᠰ ᠬᠦᠷᠢᠶᠡᠨ᠎ᠤ ᠴᠣ᠋ ᠰᠢᠨ᠎ᠡ ᠰᠢᠪᠲᠤᠯᠤᠯᠲᠠ ᠵᠢ ᠪᠡᠶᠡᠯᠡᠭᠦᠯᠪᠡ᠃