ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠨᠡᠶ᠋ᠢᠲᠡᠯᠡᠬᠦ ᠬᠤᠷᠠᠯ ᠬᠤᠷᠠᠯᠳᠤᠭᠤᠯᠵᠠᠢ
ᠨᠡᠶ᠋ᠢᠲᠡᠯᠡᠭᠰᠡᠨ ᠴᠠᠭ᠄ 2021-03-19

     2 ᠳ᠋ᠤᠭ᠋ᠠᠷ ᠰᠠᠷ᠎ᠠ ᠵᠢᠨ 9᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠨᠡᠶ᠋ᠢᠲᠡᠯᠡᠬᠦ ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠾᠧ ᠵᠢᠶᠧ ᠭᠣᠣᠯ ᠰᠡᠳᠦᠪ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠳ᠋ᠧ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶᠠᠨ᠎ᠤ ᠳᠡᠳ᠋ ᠳᠠᠷᠤᠭ᠎ᠠ ᠵᠢᠶᠠᠩ ᠯᠠᠨ ᠮᠧᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠵᠢᠨ ᠵᠥᠪᠯᠡᠯ᠎ᠤᠨ ᠦᠨ᠎ᠡ ᠬᠠᠩᠰᠢ ᠵᠢᠨ ᠰᠦᠢ᠍ᠳᠬᠡᠯ ᠬᠤᠷᠢᠶᠠᠯᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠳ᠋ᠦ᠋ ᠵᠠᠩ ᠶᠢᠨ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
 
    ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠨᠡᠶ᠋ᠢᠲᠡᠯᠡᠬᠦ ᠬᠤᠷᠠᠯ᠎ᠤᠨ ᠨᠡᠶ᠋ᠢᠲᠡᠯᠡᠬᠦ ᠦᠭᠡ
        ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠾᠧ ᠵᠢᠶᠧ


      ᠡᠩ ᠲᠡᠷᠢᠭᠦᠨ᠎ᠳᠤ᠂ ᠲᠠ ᠪᠦᠬᠦᠨ᠎ᠤ ᠥᠨᠥᠳᠦᠷ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ᠎ᠳᠤ ᠪᠠᠶᠠᠷᠯᠠᠯ᠎ᠠ᠃
      ᠡᠨᠧᠷᠭᠢ ᠵᠢᠨ ᠬᠣᠷᠣᠭᠳᠠᠯ᠎ᠤᠨ ᠶᠡᠷᠦᠩᠬᠡᠶ ᠬᠡᠮᠵᠢᠶ᠎ᠡ ᠪᠣᠯᠤᠨ ᠡᠷᠴᠢ ᠬᠣᠶᠠᠷ᠎ᠢ ᠡᠵᠡᠮᠳᠡᠬᠦ ᠵᠢ ᠪᠡᠶᠡᠯᠡᠭᠦᠯᠬᠦ ᠪᠣᠯ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠣᠬᠢᠷᠲᠤᠯ ᠥᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ ᠠᠬᠢᠭᠤᠯᠬᠤ᠂ ᠡᠨᠧᠷᠭᠢ ᠵᠢᠨ ᠡᠬᠢ ᠪᠠᠶᠠᠯᠢᠭ᠎ᠢ ᠥᠨᠳᠥᠷ ᠦᠷ᠎ᠡ ᠠᠰᠢᠭ᠎ᠲᠠᠢ ᠠᠰᠢᠭᠯᠠᠬᠤ ᠵᠢ ᠴᠢᠩᠭ᠋ᠠᠷᠠᠭᠤᠯᠬᠤ ᠴᠢᠬᠤᠯᠠ ᠲᠥᠷᠢᠮ᠎ᠤᠨ ᠲᠤᠬᠢᠷᠠᠭᠤᠯᠤᠯᠳᠠ ᠪᠣᠯᠬᠤ ᠪᠥᠭᠡᠳ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ᠎ᠳᠤ ᠬᠦᠷᠦᠭᠦᠯᠬᠦ ᠵᠢᠴᠢ ᠨᠡᠭᠦᠷᠡᠰᠦᠲᠥ᠋ᠷᠥᠭᠴᠢ ᠵᠢ ᠪᠠᠷᠠᠭᠳᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠮᠠᠨ᠎ᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠶᠡᠷᠦᠩᠬᠡᠶ ᠬᠡᠮᠵᠢᠶ᠎ᠡ᠂ ᠨᠢᠭᠡᠴᠢ GDP ᠵᠢᠨ ᠡᠨᠧᠷᠭᠢ ᠵᠢᠨ ᠬᠣᠷᠣᠭᠳᠠᠯ᠎ᠤᠨ ᠡᠷᠴᠢ᠎ᠨᠢ ᠴᠥᠮ ᠡᠵᠡᠮᠳᠡᠬᠦ ᠬᠠᠷᠠᠯᠲᠠ᠎ᠪᠠᠨ ᠪᠡᠶᠡᠯᠡᠭᠦᠯᠦᠭᠰᠡᠨ ᠥᠬᠡᠶ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠮᠥᠨ᠂ ᠲᠥᠪ ᠬᠣᠷᠢᠶᠠᠨ᠎ᠠᠴᠠ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠳᠤ ᠨᠡᠩ ᠥᠨᠳᠥᠷ ᠨᠡᠩ ᠴᠢᠩᠭ᠎ᠠ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠮᠠᠨ᠎ᠤ ᠣᠷᠣᠨ ᠤᠯᠤᠰ᠎ᠤᠨ ᠴᠢᠬᠤᠯᠠ ᠡᠨᠧᠷᠭᠢ ᠵᠢᠨ ᠪᠣᠯᠤᠨ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠤᠯᠤᠰ᠎ᠤᠨ ᠰᠠᠭᠤᠷᠢ ᠲᠦᠭᠦᠬᠡᠶ   ᠮᠠᠲ᠋ᠧᠷᠢᠶᠠᠯ᠎ᠤᠨ ᠬᠠᠩᠭ᠋ᠠᠯᠭ᠎ᠠ ᠵᠢ ᠪᠠᠲᠤᠯᠠᠬᠤ᠂ ᠡᠨᠧᠷᠭᠢ ᠵᠢᠨ ᠠᠮᠤᠷ ᠲᠦᠪᠰᠢᠨ ᠪᠣᠯᠤᠨ ᠠᠵᠤ ᠠᠬᠤᠶ ᠵᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠵᠢᠨ ᠵᠡᠷᠭᠡᠴᠡᠪᠡᠷ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ ᠬᠦᠴᠢᠷ ᠠᠰᠠᠭᠤᠳᠠᠯ᠎ᠢ   ᠰᠢᠢ᠍ᠳᠪᠦᠷᠢᠯᠡᠬᠦ ᠪᠣᠯ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢ ᠰᠠᠶ᠋ᠢᠲᠤᠷ ᠡᠬᠢᠯᠡᠭᠦᠯᠬᠦ᠂ ᠵᠠᠩᠭᠢᠯᠠᠭ᠎ᠠ ᠵᠢᠨ ᠴᠠᠭ ᠦᠶ᠎ᠡ᠎ᠳᠤ ᠲᠠᠯᠪᠢᠭᠰᠠᠨ ᠴᠢᠬᠤᠯᠠ ᠡᠭᠦᠷᠭᠡ ᠪᠣᠯᠤᠨ᠎ᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠣᠨᠴᠠᠭ᠋ᠠᠶ᠋ᠢᠯᠠᠨ ᠨᠢᠳᠤᠨᠤᠨ᠎ᠠᠴᠠ ᠨᠠᠰᠢ᠂ ᠠᠯᠢ ᠤᠯᠠᠨ ᠴᠢᠭᠯᠡᠭᠦᠯᠬᠦ ᠴᠢᠨᠠᠷᠲᠠᠢ ᠬᠠᠲᠠᠭᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠮᠠᠨ᠎ᠤ ᠣᠷᠣᠨ᠎ᠤ ᠬᠠᠷᠠᠯᠲᠠ ᠡᠭᠦᠷᠭᠡ᠎ᠪᠠᠨ ᠡᠷᠡᠰ ᠪᠡᠶᠡᠯᠡᠭᠦᠯᠬᠦ ᠢᠲᠡᠭᠡᠯ ᠵᠣᠷᠢᠭ᠎ᠢ ᠢᠯᠡᠷᠡᠭᠦᠯᠪᠡ᠃ ᠳᠣᠤᠷ᠎ᠠ ᠪᠢ ᠣᠶ᠋ᠢᠷ᠎ᠠ ᠵᠢᠨ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠬᠣᠯᠪᠣᠭᠳᠠᠯ ᠪᠥᠬᠥᠶ ᠪᠠᠶ᠋ᠢᠳᠠᠯ᠎ᠢ ᠲᠥᠬᠥᠮ ᠵᠠᠷᠯᠠᠨ ᠮᠡᠳᠡᠭᠳᠡᠶ᠎ᠡ᠃
      ᠨᠢᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠡᠷᠡᠰ ᠵᠣᠷᠢᠭ
      ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠳᠤ ᠬᠠᠨᠳᠤᠭᠤᠯᠤᠨ ᠱ᠌ᠢ᠎ᠲᠠᠢ ᠹᠸᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠣᠯᠠᠨ ᠤᠳᠠᠭ᠎ᠠ ᠵᠢᠭ᠋ᠠᠪᠤᠷᠢ ᠴᠣᠬᠣᠯᠠᠪᠤᠷᠢ ᠥᠭᠴᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠦᠨᠡᠨᠬᠦ ᠳᠡᠭᠡᠭᠰᠢᠯᠡᠭᠦᠯᠵᠦ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤᠨ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠣᠯᠤᠨ ᠡᠷᠴᠢᠮ᠎ᠤᠨ ᠬᠢᠵᠠᠭ᠋ᠠᠷᠯᠠᠯ᠎ᠠᠴᠠ ᠬᠡᠲᠦᠷᠡᠭᠰᠡᠨ ᠰᠤᠷᠭ᠋ᠠᠮᠵᠢ ᠵᠢ ᠭᠦᠨᠵᠡᠭᠡᠢ ᠬᠦᠯᠢᠶᠡᠨ ᠠᠪᠴᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠤᠯᠤᠰ᠎ᠤᠨ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠪᠠᠶ᠋ᠢᠯᠳᠤᠬᠤ ᠪᠤᠳᠤᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠠᠵᠢᠯ᠎ᠤᠨ ᠳᠤᠲᠠᠭᠳᠠᠯ ᠵᠶ᠋ᠠᠨ ᠨᠥᠬᠥᠪᠥᠷᠢᠯᠡᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠲᠡᠷᠡ ᠶᠣᠰᠣᠭ᠋ᠠᠷ᠎ᠨᠢ ᠪᠡᠶᠡᠯᠡᠭᠦᠯᠦᠨ᠎ᠡ᠃ ᠡᠩ ᠲᠡᠷᠢᠭᠦᠨ᠎ᠳᠤ 2021 ᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠠᠷᠠᠯᠲᠠ ᠡᠭᠦᠷᠭᠡ᠂ ᠬᠡᠳᠦᠶ᠋ᠢᠪᠡᠷ ᠣᠳᠣᠬᠠᠨ᠎ᠳᠤ ᠤᠯᠤᠰ᠎ᠠᠴᠠ ᠡᠯ᠎ᠡ ᠮᠤᠵᠢ ᠣᠷᠣᠨ᠎ᠳᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠪᠣᠳᠠᠲᠠᠶ ᠬᠠᠷᠠᠯᠲᠠ ᠵᠢ ᠪᠠᠭᠤᠯᠭ᠋ᠠᠭ᠋ᠠᠳᠤᠶ ᠪᠣᠯᠪᠠᠴᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠵᠣᠷᠢᠯᠭ᠎ᠠ᠎ᠨᠢ ᠲᠣᠳᠣᠷᠬᠠᠢ ᠠᠵᠢᠯᠯᠠᠬᠤ ᠵᠢ ᠦᠨᠡᠨᠬᠦ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠠᠴᠠ ᠨᠢᠳᠤᠨᠤᠨ᠎ᠤ 12 ᠳ᠋ᠤᠭ᠋ᠠᠷ ᠰᠠᠷ᠎ᠠ᠎ᠳᠤ ᠡᠯ᠎ᠡ ᠠᠶ᠋ᠢᠮᠠᠭ ᠬᠣᠲᠠ ᠵᠢᠨ 2021 ᠣᠨ᠎ᠤ ᠡᠨᠧᠷᠭᠢ ᠵᠢᠨ ᠬᠣᠷᠣᠭᠳᠠᠯ᠎ᠤᠨ ᠬᠣᠤᠰ ᠡᠵᠡᠮᠳᠡᠯ᠎ᠤᠨ ᠬᠠᠷᠠᠯᠲᠠ ᠵᠢᠨ ᠡᠭᠦᠷᠭᠡ ᠵᠢ ᠤᠷᠢᠳᠴᠢᠯᠠᠨ ᠪᠠᠭᠤᠯᠭ᠋ᠠᠵᠤ᠂ 2021 ᠣᠨ᠎ᠤ ᠪᠥᠬᠥ ᠣᠷᠣᠨ᠎ᠤ ᠨᠢᠭᠡᠴᠢ ᠭᠠᠵᠠᠷ ᠣᠷᠣᠨ᠎ᠤ   ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠡᠨᠧᠷᠭᠢ ᠵᠢᠨ ᠬᠣᠷᠣᠭᠳᠠᠯ᠎ᠢ 3%᠎ᠪᠠᠷ ᠪᠠᠭᠤᠷᠠᠭᠤᠯᠵᠤ᠂ ᠡᠨᠧᠷᠭᠢ ᠵᠢᠨ ᠬᠣᠷᠣᠭᠳᠠᠯ᠎ᠤᠨ ᠨᠡᠮᠡᠭᠳᠡᠯ᠎ᠤᠨ ᠬᠡᠮᠵᠢᠶ᠎ᠡ ᠵᠢ 500 ᠲᠦᠮᠡᠨ ᠲᠣᠨ ᠪᠠᠷᠢᠮᠵᠢᠶᠠᠲᠤ ᠨᠡᠭᠦᠷᠡᠰᠦᠨ᠎ᠤ ᠳᠣᠲᠣᠷ᠎ᠠ ᠬᠢᠵᠠᠭ᠋ᠠᠷᠯᠠᠬᠤ ᠬᠠᠷᠠᠯᠲᠠ ᠵᠢᠨ ᠡᠭᠦᠷᠭᠡ ᠵᠢ ᠤᠷᠢᠳᠠᠪᠠᠷ ᠲᠣᠭᠲᠠᠭ᠋ᠠᠪᠠ᠃ ᠥᠪᠡᠷᠲᠡᠭᠡᠨ ᠵᠠᠰᠠᠬᠤ ᠣᠷᠣᠨ ᠠᠯᠢ ᠡᠷᠲᠡ᠎ᠠᠴᠠ 2021 ᠣᠨ᠎ᠤ ᠡᠨᠡ ᠬᠣᠶᠠᠷ ᠴᠢᠩᠭ᠎ᠠ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠢ ᠲᠣᠳᠣᠷᠬᠠᠢ ᠲᠣᠭᠲᠠᠭ᠋ᠠᠵᠠᠢ᠂ ᠳᠠᠷᠤᠢ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠠᠷᠠᠯᠲᠠ ᠵᠢᠨ ᠡᠭᠦᠷᠭᠡ ᠵᠢ ᠡᠷᠡᠰ ᠪᠡᠶᠡᠯᠡᠭᠦᠯᠵᠦ᠂ ᠵᠣᠷᠢᠭ ᠰᠢᠭᠤᠳᠤᠨ ᠮᠠᠨ᠎ᠤ ᠣᠷᠣᠨ᠎ᠤ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠎ᠳᠤ ᠳᠤᠬᠢᠷᠠᠭᠤᠯᠤᠯᠳᠠ ᠬᠢᠵᠦ᠂ ᠬᠥᠭᠵᠢᠯᠲᠡ ᠵᠢᠨ ᠬᠥᠳᠡᠯᠭᠡᠬᠦ ᠬᠦᠴᠦᠨ᠎ᠢ ᠬᠤᠪᠢᠷᠠᠭᠤᠯᠵᠤ᠂ ᠠᠵᠤ ᠠᠬᠤᠢ ᠵᠢᠨ ᠶᠠᠰᠤ ᠴᠢᠨᠠᠷ ᠪᠣᠯᠤᠨ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠴᠢᠷᠮᠠᠶ᠋ᠢᠵᠠᠢ᠃
      ᠬᠣᠶᠠᠷ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠭᠣᠤᠯᠳᠠᠯᠭ᠎ᠠ᠎ᠲᠠᠢ ᠠᠷᠭ᠎ᠠ ᠬᠡᠮᠵᠢᠶ᠎ᠡ
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠶᠡᠷᠦᠩᠬᠡᠶ ᠪᠠᠶ᠋ᠢᠷᠢᠯᠠᠭᠤᠯᠤᠯᠲᠠ ᠶᠣᠰᠣᠭ᠋ᠠᠷ᠂ ᠣᠶ᠋ᠢᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠮᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠵᠢᠨ ᠬᠣᠷᠣᠭᠳᠠᠯ᠎ᠤᠨ ᠬᠣᠤᠰ ᠡᠵᠡᠮᠳᠡᠯ᠎ᠤᠨ ᠠᠵᠢᠯ᠎ᠤᠨ ᠲᠣᠭᠣᠷᠢᠨ᠎ᠳᠤ ᠰᠠᠶ᠋ᠢᠨ ᠡᠬᠢᠯᠡᠯᠲᠡ᠎ᠲᠠᠢ ᠪᠣᠯᠵᠣ᠂ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠢᠭᠲᠠ ᠰᠤᠳᠤᠯᠤᠨ ᠲᠣᠭᠲᠠᠭ᠋ᠠᠵᠤ᠂ ᠬᠠᠮᠢᠶ᠎ᠠ ᠪᠥᠬᠥᠶ ᠲᠦᠷᠢᠮ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ 《ᠪᠦᠬᠦᠨ᠎ᠢ ᠬᠠᠮᠤᠷᠤᠭᠰᠠᠨ》 ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠠᠩᠬ᠎ᠠ ᠠᠯᠬᠤᠮ ᠪᠦᠷᠢᠯᠳᠦᠭᠦᠯᠪᠡ᠃ ᠶᠡᠷᠦᠩᠬᠡᠶ ᠰᠡᠳᠬᠢᠴᠡ ᠭᠡᠪᠡᠯ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠢ ᠨᠡᠩ ᠲᠤᠪᠤᠢ᠍ᠢ᠍ᠮ᠎ᠠ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠵᠤ ᠦᠢ᠍ᠯᠡᠰ᠎ᠤᠨ ᠪᠦᠲᠦᠴᠡ ᠪᠠ ᠡᠨᠧᠷᠭᠢ ᠵᠢᠨ ᠰᠤᠷᠪᠤᠯᠵᠢ ᠵᠢᠨ ᠪᠦᠲᠦᠴᠡ ᠵᠢ ᠲᠣᠬᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠨᠧᠷᠭᠢ ᠵᠢᠨ ᠰᠤᠷᠪᠤᠯᠵᠢ ᠵᠢ ᠠᠰᠢᠭᠯᠠᠬᠤ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠡᠨᠧᠷᠭᠢ ᠵᠢᠨ ᠬᠣᠷᠣᠭᠳᠠᠯ᠎ᠤᠨ ᠬᠦᠴᠦᠨ᠎ᠢ ᠴᠢᠩᠭ᠎ᠠ ᠬᠢᠵᠠᠭ᠋ᠠᠷᠯᠠᠵᠤ᠂ ᠡᠨᠧᠷᠭᠢ ᠵᠢᠨ ᠬᠣᠷᠣᠭᠳᠠᠯ᠎ᠤᠨ ᠶᠡᠷᠦᠩᠬᠡᠶ ᠬᠡᠮᠵᠢᠶ᠎ᠡ ᠵᠢᠨ ᠨᠡᠮᠡᠭᠳᠡᠯ᠎ᠤᠨ ᠬᠤᠷᠳᠤᠴᠠ ᠵᠢ ᠵᠦᠢ ᠵᠣᠬᠢᠰᠲᠠᠶ᠎ᠪᠠᠷ ᠬᠢᠵᠠᠭ᠋ᠠᠷᠯᠠᠨ᠎ᠠ᠃ ᠨᠢᠭᠡ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠣᠪᠣᠷ ᠲᠤᠶ᠋ᠢᠯ᠎ᠤᠨ ᠡᠷᠡᠰ ᠰᠢᠭᠤᠷᠬᠠᠶ ᠪᠠᠶ᠋ᠢᠵᠤ᠂ 《ᠬᠠᠲᠠᠭᠤ》 ᠴᠢᠨᠠᠷᠲᠠᠶ ᠠᠷᠭ᠎ᠠ ᠬᠡᠮᠵᠢᠶ᠎ᠡ ᠵᠢ ᠬᠡᠷᠡᠭᠯᠡᠨ᠂ ᠬᠢᠵᠠᠭ᠋ᠠᠷᠯᠠᠬᠤ ᠲᠥᠷᠥᠯ ᠪᠠ ᠬᠣᠴᠣᠷᠤᠩᠭᠤᠶ   ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠨᠧᠷᠭᠢ ᠵᠢᠨ ᠬᠣᠷᠣᠭᠳᠠᠯ ᠶᠡᠬᠡᠲᠡᠶ ᠲᠥᠷᠥᠯ ᠲ᠋ᠣᠤᠷ᠎ᠠ ᠬᠢᠷᠢ ᠬᠡᠮᠵᠢᠶ᠎ᠡ᠎ᠪᠠᠷ ᠳᠠᠪᠬᠤᠷᠳᠠᠭᠤᠯᠤᠨ ᠪᠥᠲᠥᠭᠡᠨ ᠪᠠᠶ᠋ᠢᠭᠤᠯᠬᠤ ᠵᠢ ᠡᠷᠡᠰ ᠬᠣᠷᠢᠭᠯᠠᠨ᠎ᠠ; ᠨᠥᠭᠥᠭᠡ ᠲᠠᠯ᠎ᠠ᠎ᠪᠠᠷ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠯᠠᠪᠳᠠᠭᠤᠨ ᠵᠶ᠋ᠠᠷ ᠬᠡᠷᠡᠭᠵᠢᠭᠦᠯᠬᠦ ᠵᠢ ᠴᠢᠬᠤᠯᠠᠴᠢᠯᠠᠵᠤ᠂ ᠡᠨᠧᠷᠭᠢ ᠵᠢᠨ ᠬᠣᠷᠣᠭᠳᠠᠯ᠎ᠤᠨ ᠬᠦᠴᠦᠨ   ᠵᠦᠢ᠍ᠯ᠎ᠤᠨ   ᠭᠦᠢ᠍ᠴᠡᠳᠭᠡᠯ ᠲᠣᠭ᠎ᠠ ᠵᠢ ᠥᠨᠳᠥᠷ ᠲᠠᠰ ᠳᠠᠰᠢ ᠰᠢᠯᠵᠢᠭᠦᠯᠬᠦ ᠵᠢ ᠵᠦᠢ ᠵᠣᠬᠢᠰᠲᠠᠶ᠎ᠪᠠᠷ ᠬᠥᠲᠥᠯᠥᠨ ᠵᠢᠯᠣᠭᠣᠳᠤᠨ᠎ᠠ᠃
      ᠨᠢᠭᠡ᠎ᠳᠤ᠂ ᠲᠥᠯᠥᠪᠵᠢᠭᠦᠯᠦᠨ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠣᠤᠯᠳᠠᠯᠭ᠎ᠠ᠎ᠲᠠᠢ ᠲᠥᠷᠥᠯ ᠵᠦᠢ᠍ᠯ᠎ᠤᠨ ᠵᠢᠷᠤᠭᠯᠠᠨ ᠲᠥᠯᠥᠪᠯᠡᠭᠰᠡᠨ ᠡᠨᠧᠷᠭᠢ ᠵᠢᠨ ᠬᠣᠷᠣᠭᠳᠠᠯ᠂ ᠠᠰᠢᠭᠯᠠᠯᠲᠠ᠎ᠳᠤ ᠣᠷᠣᠭᠤᠯᠬᠤ ᠴᠠᠭ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠡᠯ᠎ᠡ ᠭᠠᠵᠠᠷ᠎ᠢ ᠵᠢᠯᠣᠭᠣᠳᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢ ᠰᠦᠪᠡᠭᠴᠢᠯᠡᠬᠦ᠂ ᠠᠵᠤ   ᠦᠢ᠍ᠯᠡᠰ᠎ᠢ ᠪᠠᠶ᠋ᠢᠷᠢᠯᠠᠭᠤᠯᠬᠤ᠂ ᠲᠥᠷᠥᠯ   ᠵᠦᠢ᠍ᠯ᠎ᠢ ᠣᠷᠣᠭᠤᠯᠤᠨ ᠠᠪᠴᠢᠷᠠᠬᠤ᠎ᠳᠠᠭᠠᠨ᠂ ᠡᠩ ᠲᠡᠷᠢᠭᠦᠨ᠎ᠳᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠬᠦ ᠬᠠᠲᠠᠭᠤ ᠬᠢᠵᠠᠭ᠋ᠠᠷᠯᠠᠯ᠎ᠢ ᠪᠣᠳᠣᠯᠬᠢᠯᠠᠵᠤ᠂ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠬᠦ ᠰᠢᠨ᠎ᠡ ᠱᠠᠭ᠋ᠠᠷᠳᠠᠯᠭ᠎ᠠ᠎ᠯᠤᠭ᠎ᠠ ᠵᠣᠯᠭ᠋ᠠᠭᠤᠯᠬᠤ ᠵᠢ   ᠭᠦᠢ᠍ᠴᠡᠳ ᠰᠠᠶ᠋ᠢᠲᠤᠷ ᠬᠢᠨ᠎ᠠ᠃
      ᠬᠣᠶᠠᠷ᠎ᠲᠤ᠂ ᠬᠣᠷᠸ᠎ᠠ ᠲᠤᠬᠢᠷᠠᠭᠤᠯᠤᠯ ᠡᠵᠡᠮᠳᠡᠯ᠎ᠢ ᠴᠢᠩᠭ᠋ᠠᠳᠬᠠᠪᠠ᠃ ᠤᠯᠤᠰ᠎ᠤᠨ ᠬᠣᠯᠪᠣᠭᠳᠠᠯ ᠪᠥᠬᠥᠶ ᠴᠠᠬᠢᠯᠭ᠋ᠠᠨ᠎ᠤ ᠦᠨ᠎ᠡ ᠵᠢᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠮᠠᠨ᠎ᠤ ᠣᠷᠣᠨ᠎ᠤ ᠪᠣᠬᠢᠷᠲᠤᠯ ᠥᠬᠡᠶ ᠴᠠᠬᠢᠯᠭ᠋ᠠᠨ᠎ᠤ ᠦᠨ᠎ᠡ ᠵᠢᠨ ᠠᠷᠭ᠎ᠠ ᠬᠡᠮᠵᠢᠶ᠎ᠡ ᠵᠢ ᠳᠣᠭᠢᠷᠠᠭᠤᠯᠤᠨ ᠬᠡᠷᠡᠭᠵᠢᠭᠦᠯᠵᠦ᠂ ᠦᠨ᠎ᠡ ᠬᠠᠩᠰᠢ ᠵᠢᠨ ᠬᠥᠰᠢᠭᠦᠷᠭᠡ ᠵᠢᠨ ᠬᠣᠷᠸ᠎ᠠ ᠲᠣᠬᠢᠷᠠᠭᠤᠯᠤᠯ ᠡᠵᠡᠮᠳᠡᠯ᠎ᠤᠨ ᠠᠷᠭ᠎ᠠ ᠪᠠᠷᠢᠯ ᠵᠶ᠋ᠠᠷ᠂ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠠᠵᠢᠯ ᠲᠥᠷᠥᠯ᠎ᠤᠨ ᠬᠣᠴᠣᠷᠤᠩᠭᠤᠶ   ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠵᠦ ᠭᠠᠷᠭ᠋ᠠᠬᠤ ᠵᠢᠠᠬᠢᠭᠤᠯᠵᠠᠢ᠃
      ᠭᠤᠷᠪᠠ᠎ᠳᠤ᠂ ᠡᠨᠧᠷᠭᠢ ᠬᠡᠷᠡᠭᠯᠡᠬᠦ ᠲᠠᠯ᠎ᠠ᠎ᠪᠠᠷ᠎ᠬᠢ ᠳᠤᠲᠠᠭᠤᠳᠠᠯ᠎ᠢ ᠲᠡᠩᠴᠡᠭᠦᠷᠢᠲᠡᠶ ᠪᠠᠶ᠋ᠢᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ 《ᠨᠢᠭᠡ ᠪᠦᠯᠦᠭ᠎ᠢ ᠬᠢᠵᠠᠭ᠋ᠠᠷᠯᠠᠬᠤ᠂ ᠨᠢᠭᠡ ᠪᠦᠯᠦᠭ᠎ᠢ ᠰᠣᠯᠢᠬᠤ᠂ ᠨᠢᠭᠡ ᠪᠦᠯᠦᠭ᠎ᠢ ᠬᠣᠶ᠋ᠢᠰᠢᠯᠠᠭᠤᠯᠤᠨ ᠪᠠᠶ᠋ᠢᠭᠤᠯᠬᠤ》 ᠪᠣᠳᠠᠲᠠᠶ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠡᠨᠧᠷᠭᠢ ᠬᠡᠷᠡᠭᠯᠡᠬᠦ ᠲᠠᠯ᠎ᠠ᠎ᠪᠠᠷ᠎ᠬᠢ ᠳᠤᠲᠠᠭᠤᠳᠠᠯ᠎ᠢ ᠲᠡᠩᠴᠡᠭᠦᠷᠢᠲᠡᠶ ᠪᠠᠶ᠋ᠢᠯᠭ᠋ᠠᠨ᠎ᠠ᠃ ᠨᠢᠭᠡᠳᠦᠭᠡᠷ᠎ᠲᠤ᠂ ᠡᠨᠧᠷᠭᠢ ᠵᠢᠨ ᠬᠣᠷᠣᠭᠳᠠᠯ ᠶᠡᠬᠡᠲᠡᠶ ᠠᠵᠤ ᠦᠢ᠍ᠯᠡᠰ᠎ᠤᠨ ᠵᠦᠢ᠍ᠯᠡᠰ᠎ᠤᠨ ᠳᠣᠣᠷ᠎ᠠ ᠲᠦᠪᠰᠢᠨ᠎ᠳᠤ ᠳᠠᠪᠬᠤᠷᠳᠠᠭᠤᠯᠤᠨ ᠪᠦᠳᠦᠭᠡᠨ ᠪᠠᠶ᠋ᠢᠭᠤᠯᠬᠤ ᠵᠢ ᠴᠢᠩᠭ᠎ᠠ ᠬᠢᠵᠠᠭ᠋ᠠᠷᠯᠠᠵᠤ᠂ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠠᠵᠤ ᠦᠢ᠍ᠯᠡᠰ᠎ᠤᠨ ᠣᠷᠣᠬᠤ ᠵᠥᠪᠰᠢᠶᠡᠷᠡᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠨᠢᠭᠡ ᠪᠦᠯᠦᠭ ᠵᠦᠢ᠍ᠯᠡᠰ᠎ᠢ ᠪᠦᠲᠦᠮᠵᠢᠲᠡᠶ᠎ᠪᠠᠷ ᠡᠬᠢᠯᠡᠭᠦᠯᠵᠦ᠂ ᠪᠣᠳᠠᠲᠠᠶ ᠲᠦᠷᠦ ᠵᠢᠨ ᠪᠤᠳᠤᠯᠭ᠎ᠠ ᠵᠢ ᠵᠠᠯᠭ᠋ᠠᠯᠳᠤᠭ᠋ᠠᠪᠠᠷ ᠨᠡᠶ᠋ᠢᠲᠡᠯᠡᠨ᠎ᠡ; ᠬᠣᠶᠠᠳᠤᠭ᠋ᠠᠷ᠎ᠲᠤ᠂ ᠠᠵᠤ ᠠᠬᠤᠶ᠋ᠢᠯᠠᠯ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠲᠠᠰ ᠳᠡᠪᠰᠢᠭᠦᠯᠦᠨ ᠥᠭᠡᠷᠡᠴᠢᠯᠡᠵᠦ᠂ ᠡᠨᠧᠷᠭᠢ ᠵᠢᠨ ᠬᠣᠷᠣᠭᠳᠠᠯ ᠶᠡᠬᠡᠲᠡᠶ ᠬᠡᠰᠡᠭ ᠠᠵᠢᠯ ᠲᠥᠷᠥᠯ᠎ᠤᠨ ᠦᠢ᠍ᠯᠡᠳᠪᠦᠷᠢᠯᠡᠬᠦ ᠴᠢᠳᠠᠪᠤᠷᠢ᠎ᠳᠤ ᠠᠳᠠᠯᠢ ᠬ᠋ᠡᠮᠵᠢᠶ᠎ᠡ᠎ᠪᠠᠷ ᠪᠤᠶᠤ ᠬᠡᠮᠵᠢᠶ᠎ᠡ ᠵᠢ᠎ᠨᠢ ᠪᠠᠭ᠋ᠠᠰᠬᠠᠨ ᠰᠣᠯᠢᠬᠤ ᠵᠢ ᠬᠡᠷᠡᠭᠵᠢᠭᠦᠯᠵᠦ᠂ ᠨᠢᠭᠡ ᠪᠦᠯᠦᠭ ᠦᠯᠡᠭᠦᠳᠡᠭᠰᠡᠨ ᠠᠵᠢᠯ ᠲᠥᠷᠥᠯ᠎ᠤᠨ ᠬᠢᠵᠠᠭ᠋ᠠᠷᠯᠠᠬᠤ ᠲᠥᠷᠥᠯ᠎ᠤᠨ ᠠᠵᠤ ᠠᠬᠤᠶ᠋ᠢᠯᠠᠯ (ᠲᠣᠨᠣᠭ ᠲᠥᠬᠥᠭᠡᠷᠦᠮᠵᠢ)᠎ᠤᠨ ᠦᠢ᠍ᠯᠡᠳᠪᠦᠷᠢᠯᠡᠬᠦ ᠴᠢᠳᠠᠪᠤᠷᠢ ᠵᠢ ᠰᠣᠯᠢᠵᠠᠢ᠃ ᠭᠤᠷᠪᠠᠳᠤᠭ᠋ᠠᠷ᠎ᠲᠤ᠂ ᠡᠨᠧᠷᠭᠢ ᠠᠷᠪᠢᠯᠠᠬᠤ ᠬᠢᠨᠠᠨ ᠪᠠᠶ᠋ᠢᠴᠠᠭ᠋ᠠᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠵᠦ᠂ ᠰᠢᠨ᠎ᠡ᠎ᠪᠠᠷ ᠪᠠᠶ᠋ᠢᠭᠤᠯᠬᠤ ᠵᠦᠢ᠍ᠯᠡᠰ᠎ᠢ ᠡᠷᠬᠡᠪᠰᠢ 《ᠬᠣᠶᠠᠷ ᠲᠡᠷᠢᠭᠦᠨ᠎ᠤ᠎ᠬᠢ》᠎ᠳᠤ ᠬᠦᠷᠭᠡᠬᠦ ᠬᠡᠷᠡᠭᠲᠡᠶ᠂ ᠲᠤᠬᠠᠶ᠋ᠢᠯᠠᠪᠠᠯ᠄ ᠤᠷᠠᠨ ᠮᠡᠷᠭᠡᠰᠢᠯ ᠲᠧᠭᠨᠢᠭ ᠮᠡᠷᠭᠡᠵᠢᠯ᠎ᠤᠨ ᠲᠤᠨᠤᠭ ᠲᠥᠬᠥᠭᠡᠷᠦᠮᠵᠢ ᠵᠢ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠬᠡᠮᠵᠢᠶᠡᠨ᠎ᠳᠤ ᠬᠦᠷᠭᠡᠵᠦ᠂ ᠡᠨᠧᠷᠭᠢ ᠵᠢᠨ ᠰᠤᠷᠪᠤᠯᠵᠢ ᠵᠢ ᠠᠰᠢᠭᠯᠠᠬᠤ ᠦᠷ᠎ᠡ ᠪᠦᠲᠦᠭᠡᠯ᠎ᠢ ᠤᠯᠤᠰ᠎ᠤᠨ ᠲᠡᠷᠢᠭᠦᠨ᠎ᠤ ᠪᠠᠷᠢᠮᠵᠢᠶ᠎ᠠ᠎ᠳᠤ ᠬᠦᠷᠭᠡᠬᠦ ᠬᠡᠷᠡᠭᠲᠡᠶ ᠪᠥᠭᠡᠳ ᠪᠠᠶ᠋ᠢᠭᠤᠯᠬᠤ᠎ᠪᠠᠷ ᠪᠠᠶ᠋ᠢᠭ᠎ᠠ ᠵᠦᠢ᠍ᠯᠡᠰ᠎ᠤᠨ ᠡᠨᠧᠷᠭᠢ ᠵᠢᠨ ᠬᠣᠷᠣᠭᠳᠠᠯ᠎ᠤᠨ ᠪᠡᠯᠡ ᠣᠷᠣᠭᠤᠯᠤᠯᠲᠠ᠂ ᠠᠵᠤ ᠠᠬᠤᠶ ᠵᠢᠨ ᠭᠠᠷᠤᠯᠲᠠ᠂ ᠭᠠᠶ᠋ᠢᠯᠢ ᠲᠠᠲᠠᠪᠤᠷᠢ᠂ ᠠᠵᠢᠯ ᠣᠯᠭᠣᠯᠲᠠ ᠵᠡᠷᠭᠡ ᠵᠢ ᠶᠡᠷᠦᠩᠬᠡᠶ᠋ᠢᠯᠡᠨ ᠦᠨᠡᠯᠡᠬᠦ ᠪᠠ ᠥᠷᠢᠰᠥᠯᠳᠦᠭᠦᠯᠦᠨ ᠵᠢᠭᠰᠠᠭ᠋ᠠᠵᠤ᠂ ᠡᠨᠧᠷᠭᠢ ᠵᠢᠨ ᠬᠣᠷᠣᠭᠳᠠᠯ᠎ᠤᠨ ᠭᠠᠷᠤᠯᠲᠠ ᠵᠢᠨ ᠦᠷ᠎ᠡ ᠠᠰᠢᠭ ᠵᠶ᠋ᠠᠷ ᠳᠣᠣᠷ᠎ᠠ ᠵᠦᠢ᠍ᠯᠡᠰ᠎ᠤᠨ 《ᠨᠢᠭᠡ ᠪᠦᠯᠦᠭ᠎ᠢ ᠬᠣᠶ᠋ᠢᠰᠢᠯᠠᠭᠤᠯᠤᠨ ᠪᠠᠶ᠋ᠢᠭᠤᠯᠬᠤ》 ᠬᠡᠷᠡᠭᠲᠡᠶ᠃ ᠳᠡᠭᠡᠷᠡᠬᠢ ᠠᠷᠭ᠎ᠠ ᠬᠡᠮᠵᠢᠶ᠎ᠡ ᠵᠢ ᠶᠡᠷᠦᠩᠬᠡᠶ᠋ᠢᠯᠡᠵᠦ᠂ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠡᠨᠧᠷᠭᠢ ᠬᠡᠷᠡᠭᠯᠡᠬᠦ ᠣᠷᠣᠨ ᠵᠠᠶ ᠵᠢ ᠰᠤᠯᠠᠯᠠᠨ ᠪᠤᠴᠠᠭ᠋ᠠᠨ᠎ᠠ᠃
      ᠲᠦᠷᠪᠡ᠎ᠳᠤ᠂ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠪᠦᠲᠦᠴᠡ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠠᠴᠠ ᠤᠯᠠᠨ ᠵᠦᠢ᠍ᠯ᠎ᠤᠨ ᠡᠨᠧᠷᠭᠢ ᠬᠠᠮᠵᠢᠯᠴᠠᠨ ᠬᠠᠷᠢᠯᠴᠠᠨ ᠨᠥᠬᠥᠪᠥᠷᠢᠯᠡᠬᠦ᠂ ᠶᠡᠷᠦᠩᠬᠡᠶ᠋ᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ ᠡᠨᠧᠷᠬᠢᠢ ᠬᠠᠩᠭ᠋ᠠᠬᠤ ᠠᠷᠭ᠎ᠠ ᠮᠠᠶᠢᠭ᠎ᠢ ᠲᠦᠷᠭᠡᠳᠬᠡᠨ ᠪᠤᠢ ᠪᠣᠯᠭ᠋ᠠᠵᠤ᠂ ᠮᠠᠨ᠎ᠤ ᠣᠷᠣᠨ᠎ᠤ ᠡᠨᠧᠷᠭᠢ ᠵᠢᠨ ᠬᠡᠷᠡᠭᠯᠡᠭᠡᠨ᠎ᠤ ᠪᠦᠲᠦᠴᠡ ᠮᠥᠨ ᠬᠦ᠌ ᠨᠡᠭᠦᠷᠡᠰᠦ᠎ᠪᠠᠷ ᠭᠣᠣᠯ ᠪᠣᠯᠭ᠋ᠠᠵᠤ ᠪᠠᠶ᠋ᠢᠭ᠎ᠠ ᠪᠠᠶ᠋ᠢᠳᠠᠯ᠎ᠢ ᠴᠢᠷᠮᠠᠶ᠋ᠢᠨ ᠬᠤᠪᠢᠷᠠᠭᠤᠯᠵᠤ᠂ ᠲᠡᠬᠢᠨ ᠡᠭᠦᠰᠴᠦ ᠪᠣᠯᠬᠤ ᠡᠨᠧᠷᠬᠢᠢ ᠵᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠦᠨ᠎ᠡ᠃
      ᠲᠠᠪᠤ᠎ᠳᠤ᠂ ᠨᠠᠷᠢᠯᠢᠬ᠍ᠵᠢᠭᠤᠯᠤᠨ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠦᠨ᠎ᠡ᠃ ᠣᠶ᠋ᠢᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠡᠨᠧᠷᠭᠢ ᠵᠢᠨ ᠬᠣᠷᠣᠭᠳᠠᠯ᠎ᠤᠨ ᠲᠥᠰᠦᠪ᠎ᠤᠨ ᠬᠠᠮᠢᠶᠠᠷᠤᠯᠲᠠ ᠵᠢᠨ ᠬᠠᠮᠢᠶ᠎ᠠ ᠥᠪᠡᠷᠲᠡᠭᠡᠨ ᠵᠠᠰᠠᠬᠤ ᠣᠷᠣᠨ᠎ᠤ ᠵᠢᠯ᠎ᠤᠨ ᠶᠡᠷᠦᠩᠬᠡᠶ᠋ᠢᠯᠡᠭᠰᠡᠨ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ 1000 ᠲᠣᠨ ᠪᠠᠷᠢᠮᠵᠢᠶᠠᠲᠤ ᠨᠡᠭᠦᠷᠡᠰᠦ ᠵᠢ ᠳᠠᠪᠠᠭᠰᠠᠨ ᠡᠨᠧᠷᠭᠢ ᠬᠡᠷᠡᠭᠯᠡᠬᠦ ᠨᠢᠭᠡᠴᠡ ᠵᠢ ᠪᠠᠶ᠋ᠢᠭᠤᠯᠵᠤ ᠪᠠᠶ᠋ᠢᠭ᠎ᠠ᠂ ᠪᠠᠶ᠋ᠢᠭᠤᠯᠬᠤ᠎ᠪᠠᠷ ᠪᠠᠶ᠋ᠢᠭ᠎ᠠ ᠣᠨ᠎ᠤ ᠶᠡᠷᠦᠩᠬᠡᠶ᠋ᠢᠯᠡᠭᠰᠡᠨ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ 1000 ᠲᠣᠨ ᠪᠠᠷᠢᠮᠵᠢᠶᠠᠲᠤ ᠨᠡᠭᠦᠷᠡᠰᠦ ᠵᠢᠴᠢ ᠲᠡᠭᠦᠨ᠎ᠠᠴᠠ ᠳᠡᠭᠡᠭᠰᠢᠬᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠪᠦᠬᠦᠨ᠎ᠢ ᠡᠯ᠎ᠡ ᠱᠠᠲᠤᠨ᠎ᠤ ᠡᠨᠧᠷᠭᠢ ᠵᠢᠨ ᠬᠣᠷᠣᠭᠳᠠᠯ᠎ᠤᠨ ᠲᠥᠰᠦᠪ᠎ᠤᠨ ᠬᠠᠮᠢᠶᠠᠷᠤᠯᠲᠠ ᠵᠢᠨ ᠡᠬᠡ ᠳᠠᠩᠰᠠᠨ᠎ᠳᠤ ᠣᠷᠣᠭᠤᠯᠵᠤ᠂ ᠤᠯᠤᠰ᠎ᠠᠴᠠ ᠪᠠᠭᠤᠯᠭ᠋ᠠᠭᠰᠠᠨ ᠡᠨᠧᠷᠭᠢ ᠵᠢᠨ ᠬᠣᠷᠣᠭᠳᠠᠭᠤᠯᠭ᠎ᠠ ᠵᠢᠨ ᠨᠡᠮᠡᠭᠳᠡᠯ᠎ᠤᠨ ᠬᠡᠮᠵᠢᠶ᠎ᠡ ᠵᠢᠨ ᠭᠦᠢ᠍ᠴᠡᠳᠬᠡᠬᠦ ᠲᠣᠭ᠎ᠠ ᠪᠣᠯᠤᠨ ᠡᠨᠧᠷᠭᠢ ᠠᠷᠪᠢᠯᠠᠵᠤ ᠲᠠᠯᠳᠠ ᠬᠦᠴᠦᠨ᠎ᠢ ᠠᠭᠤᠳᠠᠯᠬᠤ᠂ ᠬᠣᠴᠣᠷᠤᠩᠭᠤᠶ ᠪᠠᠶ᠋ᠢᠳᠠᠯ᠎ᠢ ᠭᠡᠭᠡᠭᠳᠡᠭᠦᠯᠬᠦ ᠵᠡᠷᠭᠡ ᠰᠤᠯᠠᠯᠠᠵᠤ ᠭᠠᠷᠭ᠋ᠠᠭᠰᠠᠨ ᠡᠨᠧᠷᠭᠢ ᠬᠡᠷᠡᠭᠯᠡᠬᠦ ᠣᠷᠣᠨ ᠵᠠᠶ ᠵᠢ ᠡᠨᠧᠷᠭᠢ ᠬᠡᠷᠡᠭᠯᠡᠬᠦ ᠲᠥᠰᠦᠪ᠎ᠤᠨ ᠬᠠᠮᠢᠶᠠᠷᠤᠯᠲᠠ᠎ᠳᠤ ᠨᠢᠭᠡᠳᠦᠯᠲᠡᠶ ᠣᠷᠣᠭᠤᠯᠵᠤ᠂ ᠡᠨᠧᠷᠭᠢ ᠵᠢᠨ ᠬᠣᠷᠣᠭᠳᠠᠭᠤᠯᠭ᠎ᠠ ᠵᠢᠨ ᠶᠡᠷᠦᠩᠬᠡᠶ ᠬᠡᠮᠵᠢᠶ᠎ᠡ ᠵᠢᠨ ᠭᠡᠳᠤ ᠲᠦᠷᠭᠡᠨ ᠨᠡᠮᠡᠭᠳᠡᠬᠦ ᠵᠢ ᠬᠢᠵᠠᠭ᠋ᠠᠷᠯᠠᠬᠤ ᠮᠥᠷᠲᠡᠭᠡᠨ ᠪᠠᠰᠠ ᠡᠨᠧᠷᠭᠢ ᠵᠢᠨ ᠬᠣᠷᠣᠭᠳᠠᠭᠤᠯᠭ᠎ᠠ ᠵᠢᠨ ᠡᠷᠴᠢᠮ᠎ᠤᠨ ᠪᠠᠭᠤᠷᠠᠯᠲᠠ ᠵᠢ ᠵᠢᠱ᠌ᠢᠭᠰᠡᠨ ᠬᠠᠷᠠᠯᠲᠠ᠎ᠳᠠᠭᠠᠨ ᠬᠦᠷᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠡᠯ᠎ᠡ ᠭᠠᠵᠠᠷ᠎ᠤᠨ᠎ᠬᠢᠨ᠎ᠤ ᠨᠢᠭᠡᠨᠲᠡ ᠨᠡᠶ᠋ᠢᠲᠡᠯᠡᠭᠰᠡᠨ 《ᠭᠣᠤᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠡ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》 《ᠡᠨᠧᠷᠭᠢ ᠠᠷᠪᠢᠯᠠᠬᠤ ᠲᠠᠯ᠎ᠠ᠎ᠪᠠᠷ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠲᠡᠮᠳᠡᠭᠯᠡᠬᠦ ᠠᠷᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠬᠤ ᠵᠢ ᠰᠢᠮᠳᠠᠭᠤᠯᠵᠤ᠂ ᠠᠵᠤ ᠠᠬᠤᠶ᠋ᠢᠯᠠᠯ᠎ᠤᠨ ᠡᠨᠧᠷᠭᠢ ᠠᠷᠪᠢᠯᠠᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠭᠣᠤᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠡ ᠵᠢᠨ ᠬᠠᠤᠯᠢ ᠲᠣᠭᠲᠠᠭ᠋ᠠᠯ᠎ᠠᠴᠠ ᠵᠥᠷᠢᠴᠡᠨ ᠡᠨᠧᠷᠭᠢ ᠬᠡᠷᠡᠭᠯᠡᠭᠰᠡᠨ   ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠲᠠᠷᠠᠭ᠋ᠠᠴᠢ ᠵᠢᠨ ᠠᠯᠬᠤᠮ᠎ᠳᠤ᠂ ᠡᠨᠧᠷᠭᠢ ᠠᠷᠪᠢᠯᠠᠬᠤ ᠠᠷᠠᠯᠵᠢᠶᠠᠨ᠎ᠤ ᠠᠷᠭ᠎ᠠ ᠵᠡᠷᠭᠡ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠡᠨᠧᠷᠭᠢ ᠵᠢᠨ ᠬᠣᠷᠣᠭᠳᠠᠯ᠎ᠤᠨ ᠬᠣᠤᠰ ᠡᠵᠡᠮᠳᠡᠯ᠎ᠤᠨ ᠬᠠᠮᠢᠶ᠎ᠠ ᠪᠥᠬᠥᠶ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠨᠠᠩ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠡᠵᠡᠮᠳᠡᠯ᠎ᠢ ᠬᠡᠷᠡᠭᠵᠢᠭᠦᠯᠦᠨ᠎ᠡ᠃
      ᠵᠢᠷᠭᠤᠭ᠎ᠠ᠎ᠳᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠬᠡᠷᠡᠭᠵᠢᠭᠦᠯᠦᠨ᠎ᠡ᠃ 2021 ᠣᠨ᠎ᠤ 2 ᠳ᠋ᠤᠭ᠋ᠠᠷ ᠰᠠᠷ᠎ᠠ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠪᠥᠬᠥ ᠣᠷᠣᠨ ᠪᠠ ᠡᠯ᠎ᠡ ᠠᠶ᠋ᠢᠮᠠᠭ ᠬᠣᠲᠠ ᠵᠢᠨ ᠡᠨᠧᠷᠭᠢ ᠵᠢᠨ ᠬᠣᠷᠣᠭᠳᠠᠯ᠎ᠤᠨ ᠬᠣᠤᠰ ᠡᠵᠡᠮᠳᠡᠯ᠎ᠤᠨ ᠬᠠᠷᠠᠯᠲᠠᠲᠤ ᠡᠭᠦᠷᠭᠡ ᠵᠢ ᠪᠡᠶᠡᠯᠡᠭᠦᠯᠦᠭᠰᠡᠨ ᠠᠬᠢᠴᠠ ᠵᠢ ᠰᠠᠷ᠎ᠠ ᠳᠠᠷᠠᠭ᠋ᠠᠯᠠᠨ ᠬᠢᠨᠠᠨ ᠬᠡᠮᠵᠢᠵᠦ᠂ ᠬᠡᠲᠦ ᠡᠵᠡᠮᠳᠡᠯ᠎ᠤᠨ ᠴᠤᠬᠤᠶ᠋ᠢᠯᠲᠠ ᠵᠢ ᠣᠯᠵᠤ ᠮᠡᠳᠡᠪᠡᠯ ᠪᠠᠴᠢᠮ ᠪᠠᠶ᠋ᠢᠳᠠᠯ᠎ᠢ ᠠᠷᠭ᠋ᠠᠴᠠᠬᠤ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠬᠡᠷᠡᠭᠵᠢᠭᠦᠯᠵᠦ᠂ ᠨᠠᠷᠢᠯᠢᠭ ᠣᠨᠣᠴᠠᠲᠠᠶ᠎ᠪᠠᠷ ᠳᠣᠭᠢᠷᠠᠭᠤᠯᠤᠨ ᠡᠵᠡᠮᠳᠡᠬᠦ ᠵᠢ ᠬᠡᠷᠡᠭᠵᠢᠭᠦᠯᠦᠨ᠂ ᠡᠨᠧᠷᠭᠢ ᠵᠢᠨ ᠬᠣᠷᠣᠭᠳᠠᠯ᠎ᠤᠨ ᠬᠣᠤᠰ ᠡᠵᠡᠮᠳᠡᠯ᠎ᠤᠨ ᠬᠠᠷᠠᠯᠲᠠᠲᠤ ᠡᠭᠦᠷᠭᠡ ᠵᠢ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃
      ᠡᠬᠢ ᠪᠠᠶᠠᠯᠢᠭ᠎ᠢ ᠠᠷᠪᠢᠯᠠᠬᠤ ᠬᠡᠯᠪᠡᠷᠢ ᠵᠢᠨ᠂ ᠣᠷᠴᠢᠨ ᠠᠬᠤᠶ ᠨᠥᠬᠥᠷᠰᠡᠭ ᠬᠡᠯᠪᠡᠷᠢ ᠵᠢᠨ ᠨᠡᠶ᠋ᠢᠭᠡᠮ᠎ᠢ ᠪᠦᠳᠦᠭᠡᠨ ᠪᠠᠶ᠋ᠢᠭᠤᠯᠬᠤ ᠪᠣᠯ ᠪᠦᠬᠦ ᠨᠡᠶ᠋ᠢᠭᠡᠮ᠎ᠤᠨ ᠡᠭᠦᠷᠭᠡ ᠪᠠ ᠬᠠᠷᠢᠭᠤᠴᠠᠯᠭ᠎ᠠ ᠮᠥᠨ᠂ ᠡᠨᠧᠷᠭᠢ ᠠᠷᠪᠢᠯᠠᠬᠤ ᠠᠵᠢᠯ᠎ᠨᠢ ᠥᠷᠭᠡᠨ ᠤᠯᠠᠨ ᠨᠡᠶ᠋ᠢᠲᠡ ᠵᠢᠨ ᠣᠷᠣᠯᠴᠠᠭ᠎ᠠ ᠪᠠ ᠳᠡᠮᠵᠢᠯᠭᠡ᠎ᠠᠴᠠ ᠨᠡᠩ ᠰᠠᠯᠵᠤ ᠴᠢᠳᠠᠬᠤ ᠦᠭᠡᠢ ᠶᠤᠮ᠃ ᠰᠣᠨᠢᠨ ᠮᠡᠳᠡᠭᠡᠯᠡᠯ᠎ᠤᠨ ᠠᠵᠢᠯ᠎ᠤᠨ ᠨᠠᠶ᠋ᠢᠵᠠ ᠨᠠᠷ ᠠ᠂ ᠪᠦᠬᠦ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠤᠬᠠᠭᠤᠯᠭ᠎ᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ ᠪᠥᠬᠥ ᠨᠡᠶ᠋ᠢᠭᠡᠮ ᠵᠶ᠋ᠠᠷ ᠵᠶ᠋ᠠᠨ ᠡᠨᠧᠷᠭᠢ ᠠᠷᠪᠢᠯᠠᠬᠤ᠎ᠳᠤ ᠬᠠᠮᠲᠤ᠎ᠪᠠᠷ ᠣᠷᠣᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠵᠤ ᠬᠣᠷᠣᠭᠳᠠᠯ᠎ᠢ ᠪᠠᠭ᠋ᠠᠰᠬᠠᠬᠤ ᠣᠨᠣᠯᠵᠢᠬᠤᠨ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠮᠠᠨ᠎ᠤ ᠣᠷᠣᠨ᠎ᠤ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠶ᠋ᠢᠪᠢᠰᠢ ᠥᠬᠡᠶ ᠵᠠᠮᠨᠠᠬᠤ ᠵᠢ ᠢᠯᠡᠷᠡᠭᠦᠯᠵᠦ᠂ 《ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠪᠥᠲᠥᠭᠡᠨ ᠪᠠᠶ᠋ᠢᠭᠤᠯᠬᠤ》᠎ᠳᠤ ᠰᠢᠨ᠎ᠡ ᠬᠤᠪᠢ ᠨᠡᠮᠡᠷᠢ ᠦᠵᠡᠭᠦᠯᠦᠶ᠎ᠡ᠃


    ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠨᠡᠶ᠋ᠢᠲᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠠᠭᠰᠠᠨ


      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠠᠴᠠ ᠠᠵᠤ ᠦᠢ᠍ᠯᠡᠳᠪᠦᠷᠢ ᠵᠢᠨ ᠬᠦᠷᠢᠶᠡᠨ᠎ᠤ ᠡᠨᠧᠷᠭᠢ ᠵᠢᠨ ᠬᠣᠷᠣᠭᠳᠠᠯ᠎ᠤᠨ 《ᠬᠣᠣᠰ ᠡᠵᠡᠮᠳᠡᠯ》᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ᠎ᠪᠠᠷ ᠲᠥᠯᠥᠪᠯᠡᠵᠦ ᠪᠠᠶ᠋ᠢᠬᠤ ᠪᠤᠢ?
      ᠵᠠᠩ ᠳ᠋ᠧ᠄ ᠪᠢᠳᠡ ᠵᠢᠷᠭᠤᠭ᠋ᠠᠨ ᠲᠠᠯ᠎ᠠ ᠵᠢᠨ ᠠᠷᠭ᠎ᠠ ᠬᠡᠮᠵᠢᠶ᠎ᠡ ᠠᠪᠬᠤ᠎ᠪᠠᠷ ᠪᠡᠯᠡᠳᠬᠡᠵᠦ ᠪᠠᠶ᠋ᠢᠨ᠎ᠠ᠂ ᠡᠭᠦᠨ᠎ᠳᠤ ᠭᠣᠣᠯᠳᠠᠭᠤ᠄ ᠨᠢᠭᠡ᠎ᠳᠤ ᠰᠢᠨ᠎ᠡ᠎ᠪᠠᠷ ᠪᠠᠶ᠋ᠢᠭᠤᠯᠬᠤ ᠵᠦᠢ᠍ᠯᠡᠰ᠎ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ ᠰᠢᠨ᠎ᠡ᠎ᠪᠠᠷ ᠪᠠᠶ᠋ᠢᠭᠤᠯᠬᠤ (ᠥᠭᠡᠷᠡᠴᠢᠯᠡᠵᠦ ᠥᠷᠭᠡᠳᠬᠡᠨ ᠪᠠᠶ᠋ᠢᠭᠤᠯᠬᠤ) ᠲᠥᠷᠥᠯ ᠵᠦᠶᠯ᠎ᠤᠨ ᠨᠢᠭᠡᠴᠢ   ᠦᠢ᠍ᠯᠡᠳᠭᠦᠨ᠎ᠤ ᠡᠨᠧᠷᠭᠢ ᠵᠢᠨ ᠬᠣᠷᠣᠭᠳᠠᠭᠤᠯᠤᠯ᠎ᠢ ᠡᠷᠬᠡᠪᠰᠢ ᠤᠯᠤᠰ᠎ᠤᠨ ᠳᠣᠲᠣᠭ᠋ᠠᠳᠤ ᠵᠢᠨ ᠠᠳᠠᠯᠢ ᠠᠵᠢᠯ ᠲᠥᠷᠥᠯ᠎ᠤᠨ ᠤᠯᠤᠰ᠎ᠤᠨ ᠪᠠᠷᠢᠮᠵᠢᠶ᠎ᠠ ᠵᠢᠨ ᠲᠡᠷᠢᠭᠦᠨ᠎ᠳᠤ ᠪᠠᠶ᠋ᠢᠬᠤ ᠬᠡᠷᠡᠭᠲᠡᠢ; ᠬᠣᠶᠠᠷ᠎ᠲᠤ ᠦᠯᠡᠳᠡᠭᠰᠡᠨ ᠦᠢ᠍ᠯᠡᠳᠪᠦᠷᠢᠯᠡᠯ᠎ᠢ   ᠰᠢᠢ᠍ᠳᠪᠦᠷᠢᠯᠡᠬᠦ ᠴᠢᠳᠠᠪᠤᠷᠢ ᠵᠢᠨ ᠬᠡᠮᠵᠢᠶ᠎ᠡ ᠵᠢ ᠨᠡᠮᠡᠭᠳᠡᠭᠦᠯᠦᠨ᠎ᠡ᠃ ᠭᠣᠤᠯᠳᠠᠯᠭ᠎ᠠ᠎ᠲᠠᠢ ᠠᠵᠢᠯ ᠲᠥᠷᠥᠯ᠎ᠤᠨ ᠤᠯᠤᠰ᠎ᠤᠨ ᠠᠵᠤ   ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠵᠢᠯᠣᠭᠣᠳᠬᠤ ᠭᠠᠷᠴᠠᠭ᠎ᠤᠨ ᠬᠢᠵᠠᠭ᠋ᠠᠷᠯᠠᠬᠤ ᠲᠥᠷᠥᠯ ᠵᠢᠴᠢ ᠲᠡᠭᠦᠨ᠎ᠠᠴᠠ ᠳᠣᠷᠣᠭᠰᠢᠬᠢ ᠦᠢ᠍ᠯᠡᠳᠪᠦᠷᠢᠯᠡᠬᠦ ᠴᠢᠳᠠᠪᠤᠷᠢ ᠵᠢ ᠠᠯᠬᠤᠮ ᠠᠯᠬᠤᠮ ᠵᠶ᠋ᠠᠷ ᠪᠤᠴᠠᠭ᠋ᠠᠨ ᠭᠠᠷᠭ᠋ᠠᠵᠤ᠂ ᠬᠢᠵᠠᠭ᠋ᠠᠷᠯᠠᠬᠤ ᠲᠥᠷᠥᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠠᠳᠠᠯᠢ ᠬᠡᠮᠵᠢᠶ᠎ᠡ᠎ᠪᠠᠷ ᠪᠤᠶᠤ ᠬᠡᠮᠵᠢᠶ᠎ᠡ ᠵᠢ ᠪᠠᠭ᠋ᠠᠰᠬᠠᠨ ᠰᠣᠯᠢᠬᠤ ᠵᠢ ᠬᠡᠷᠡᠭᠵᠢᠭᠦᠯᠦᠨ᠎ᠡ᠃ ᠭᠤᠷᠪᠠ᠎ᠳᠤ ᠡᠨᠧᠷᠭᠢ ᠵᠢᠨ ᠬᠣᠷᠣᠭᠳᠠᠯ ᠶᠡᠬᠡᠲᠡᠶ ᠬᠡᠰᠡᠭ ᠠᠵᠢᠯ ᠲᠦᠷᠦᠯ᠎ᠳᠤ ᠡᠨᠧᠷᠭᠢ ᠵᠢᠨ ᠬᠣᠷᠣᠭᠳᠠᠯ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠦᠨ᠎ᠡ᠃ ᠰᠢᠨ᠎ᠡ᠎ᠪᠠᠷ ᠭᠠᠷᠭ᠋ᠠᠭᠰᠠᠨ ᠬᠡᠦᠷᠡᠰᠦ᠂ ᠴᠠᠬᠢᠯᠠᠭᠤᠷ ᠴᠢᠯᠠᠭᠤ᠂ ᠳᠡᠮᠤᠷ᠎ᠤᠨ ᠬᠠᠶ᠋ᠢᠯᠤᠰᠢ ᠵᠢᠨ ᠲᠦᠷᠦᠯ ᠵᠦᠢ᠍ᠯ ᠵᠡᠷᠭᠡ᠎ᠲᠤ ᠡᠨᠧᠷᠭᠢ ᠵᠢᠨ ᠬᠣᠷᠣᠭᠳᠠᠭᠤᠯᠭ᠎ᠠ ᠵᠢᠨ ᠬᠡᠮᠵᠢᠶ᠎ᠡ ᠵᠢ ᠠᠳᠠᠯᠢ ᠬᠡᠮᠵᠢᠶ᠎ᠡ᠎ᠪᠠᠷ ᠪᠤᠶᠤ ᠬᠡᠮᠵᠢᠶ᠎ᠡ ᠵᠢ᠎ᠨᠢ ᠪᠠᠭ᠋ᠠᠰᠬᠠᠨ ᠰᠣᠯᠢᠬᠤ ᠵᠢ ᠬᠡᠷᠡᠭᠵᠢᠭᠦᠯᠵᠦ᠂ ᠤᠳᠤ ᠪᠠᠶ᠋ᠢᠭ᠎ᠠ ᠡᠨᠧᠷᠭᠢ ᠵᠢᠨ ᠬᠣᠷᠣᠭᠳᠠᠭᠤᠯᠭ᠎ᠠ ᠵᠢᠨ ᠳᠡᠭᠡᠳᠦ ᠬᠢᠵᠠᠭ᠋ᠠᠷ᠎ᠢ ᠳᠠᠪᠠᠭᠤᠯᠵᠤ ᠪᠣᠯᠬᠤ ᠦᠭᠡᠢ᠃ ᠲᠦᠷᠪᠡ᠎ᠳᠤ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠠᠯᠬᠤᠴᠠ ᠵᠢ ᠲᠦᠷᠭᠡᠳᠬᠡᠨ᠎ᠡ᠃ ᠣᠲᠣ ᠵᠢᠨ ᠪᠠᠶ᠋ᠢᠭ᠎ᠠ ᠠᠵᠤ ᠠᠬᠤᠶ᠋ᠢᠯᠠᠯ᠎ᠳᠤ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠵᠦ᠂ ᠥᠭᠡᠷᠡᠴᠢᠯᠡᠭᠰᠡᠨ᠎ᠤ ᠳᠠᠷᠠᠭ᠎ᠠ ᠨᠢᠭᠡᠴᠢ   ᠦᠢ᠍ᠯᠡᠳᠭᠦᠨ᠎ᠤ ᠡᠨᠧᠷᠭᠢ ᠵᠢᠨ ᠬᠣᠷᠣᠭᠳᠠᠯ᠎ᠤᠨ ᠬᠢᠷᠢ ᠬᠡᠮᠵᠢᠶ᠎ᠡ ᠵᠢ ᠤᠯᠤᠰ᠎ᠤᠨ ᠡᠨᠧᠷᠭᠢ ᠵᠢᠨ ᠬᠣᠷᠣᠭᠳᠠᠯ᠎ᠤᠨ ᠪᠠᠷᠢᠮᠵᠢᠶ᠎ᠠ ᠵᠢᠨ ᠲᠡᠷᠢᠭᠦᠨ᠎ᠤ ᠥᠷᠲᠡᠭ᠎ᠳᠤ ᠬᠦᠷᠭᠡᠨ᠎ᠡ; ᠲᠠᠪᠤ᠎ᠳᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠥᠷᠥ ᠵᠢᠨ ᠥᠪᠡᠷᠲᠡᠭᠡᠨ ᠵᠠᠰᠠᠬᠤ ᠣᠷᠣᠨ᠎ᠤ ᠤᠬᠤᠷᠢᠨ ᠭᠠᠷᠬᠤ ᠬᠦᠷᠢᠶ᠎ᠡ ᠬᠡᠪᠴᠢᠶᠡᠨ᠎ᠳᠤ ᠵᠢᠭᠰᠠᠭ᠋ᠠᠨ ᠣᠷᠣᠭᠤᠯᠤᠭᠰᠠᠨ ᠬᠢᠵᠠᠭ᠋ᠠᠷᠯᠠᠬᠤ ᠲᠥᠷᠥᠯ (ᠰᠢᠭᠰᠢᠭᠳᠡᠭᠦᠯᠬᠦ ᠲᠥᠷᠥᠯ)᠎ᠤᠨ ᠦᠢ᠍ᠯᠡᠳᠪᠦᠷᠢᠯᠡᠬᠦ ᠴᠢᠳᠠᠪᠤᠷᠢ ᠵᠢ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶ᠎ᠠ᠎ᠳᠤ ᠣᠷᠣᠯᠴᠠᠭᠤᠯᠵᠤ ᠪᠣᠯᠬᠤ ᠥᠬᠡᠶ᠃ ᠵᠢᠷᠭᠤᠭ᠎ᠠ᠎ᠳᠤ ᠵᠥᠪᠰᠢᠶᠡᠷᠡᠭᠦᠯᠦᠭᠡᠳᠦᠶ᠎ᠪᠠᠷ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠵᠦᠢ᠍ᠯᠡᠰ᠎ᠢ ᠤᠷᠢᠳᠠᠪᠠᠷ ᠪᠠᠶ᠋ᠢᠭᠤᠯᠬᠤ ᠶᠠᠪᠤᠳᠠᠯ᠎ᠢ ᠢᠯᠭ᠋ᠠᠷᠠᠭᠤᠯᠤᠨ ᠴᠡᠭᠴᠡᠯᠡᠨ᠎ᠡ᠃ ᠡᠨᠧᠷᠭᠢ ᠬᠡᠷᠡᠭᠯᠡᠬᠦ ᠲᠥᠰᠦᠪ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ ᠠᠶ᠋ᠢᠮᠠᠭ ᠬᠣᠲᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠰᠢᠮᠳᠠᠭᠤᠯᠤᠨ ᠵᠢᠯᠣᠭᠣᠳᠴᠤ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠬᠤ ᠵᠢᠨ ᠬᠢᠨᠠᠨ ᠪᠠᠶ᠋ᠢᠴᠠᠭ᠋ᠠᠯᠲᠠ ᠵᠢ ᠵᠥᠪᠰᠢᠶᠡᠷᠡᠭᠦᠯᠦᠭᠡᠳᠦᠶ᠎ᠪᠠᠷ ᠤᠷᠢᠳᠠᠪᠠᠷ ᠪᠠᠶ᠋ᠢᠭᠤᠯᠤᠭᠰᠠᠨ᠂ ᠰᠢᠯᠭ᠋ᠠᠨ ᠠᠪᠠᠭ᠋ᠠᠳᠤᠶ᠎ᠪᠠᠷ ᠤᠷᠢᠳᠠᠪᠠᠷ ᠠᠰᠢᠭᠯᠠᠯᠲᠠ᠎ᠳᠤ ᠣᠷᠣᠭᠤᠯᠤᠭᠰᠠᠨ ᠡᠨᠧᠷᠭᠢ ᠶᠡᠬᠡ ᠬᠣᠷᠣᠭᠳᠠᠭᠤᠯᠬᠤ ᠲᠥᠷᠥᠯ ᠵᠦᠢ᠍ᠯ᠎ᠢ ᠲᠥᠪᠯᠡᠷᠡᠭᠦᠯᠦᠨ ᠲᠥᠷᠥᠯ ᠬᠤᠪᠢᠶᠠᠨ ᠢᠯᠭ᠋ᠠᠷᠠᠭᠤᠯᠵᠤ᠂ ᠲᠥᠷᠥᠯ   ᠵᠦᠢ᠍ᠯ᠎ᠤᠨ ᠨᠢᠭᠡᠴᠢ   ᠦᠢ᠍ᠯᠡᠳᠭᠦᠨ᠎ᠤ ᠡᠨᠧᠷᠭᠢ ᠵᠢᠨ ᠬᠣᠷᠣᠭᠳᠠᠭᠤᠯᠤᠯ᠎ᠨᠢ ᠤᠯᠤᠰ᠎ᠤᠨ ᠪᠠᠷᠢᠮᠵᠢᠶ᠎ᠠ ᠵᠢᠨ ᠲᠡᠷᠢᠭᠦᠨ᠎ᠤ ᠬᠡᠮᠵᠢᠭᠳᠡᠯ᠎ᠳᠤ ᠬᠦᠷᠦᠭᠰᠡᠨ ᠡᠰᠡᠬᠦ ᠵᠢ ᠭᠣᠤᠯᠳᠠᠯᠭ᠎ᠠ᠎ᠲᠠᠢ ᠬᠢᠨᠠᠨ ᠪᠠᠶ᠋ᠢᠴᠠᠭ᠋ᠠᠨ᠎ᠠ᠃
      ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄ 《ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ》᠎ᠤᠨ ᠬᠠᠷᠠᠯᠲᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠨᠡᠭᠦᠷᠡᠰᠦ ᠴᠠᠬᠢᠯᠭ᠋ᠠᠨ᠎ᠤ ᠠᠵᠢᠯ ᠲᠥᠷᠥᠯ᠎ᠳᠤ ᠶᠠᠮᠠᠷ ᠶᠠᠮᠠᠷ ᠠᠵᠢᠯ ᠥᠷᠨᠢᠭᠦᠯᠬᠦ᠎ᠪᠠᠷ ᠲᠥᠯᠥᠪᠯᠡᠵᠦ ᠪᠠᠶ᠋ᠢᠬᠤ ᠪᠣᠶ?
      ᠵᠢᠶᠠᠩ ᠯᠠᠨ ᠮᠧᠢ᠄ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠮᠠᠨ᠎ᠤ ᠡᠨᠧᠷᠭᠢ ᠵᠢᠨ ᠰᠤᠷᠪᠤᠯᠵᠢ ᠵᠢᠨ ᠠᠵᠢᠯ ᠲᠦᠷᠦᠯ᠎ᠤᠨ᠎ᠬᠢᠨ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠠᠷᠠᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠡᠭᠦᠷᠡᠰᠦ ᠴᠠᠬᠢᠯᠭ᠋ᠠᠨ᠎ᠤ ᠠᠵᠢᠯ ᠲᠦᠷᠦᠯ᠎ᠤᠨ ᠡᠨᠧᠷᠭᠢ ᠵᠢ ᠠᠷᠪᠢᠯᠠᠨ ᠬᠣᠷᠣᠭᠳᠠᠭᠤᠯᠤᠯ᠎ᠢ ᠪᠠᠭ᠋ᠠᠰᠬᠠᠬᠤ ᠲᠠᠯ᠎ᠠ᠎ᠪᠠᠷ ᠨᠡᠯᠢᠶᠡᠳ ᠢᠯᠡᠳᠲᠡ ᠠᠮᠵᠢᠯᠲᠠ ᠪᠦᠲᠦᠮᠵᠢ ᠤᠯᠪᠠ᠃ ᠨᠢᠭᠡ᠎ᠳᠤ ᠤᠳᠤ ᠵᠢᠨ ᠠᠯᠪᠠᠨ᠎ᠳᠤ ᠪᠠᠶ᠋ᠢᠭ᠎ᠠ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ᠎ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠨᠡᠢ᠍ᠢ᠍ᠳᠡ 90᠂ 3124 ᠲᠦᠮᠡᠨ ᠺᠢᠯᠣᠸᠠᠲ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ ᠤᠯᠤᠰ᠎ᠠᠴᠠ ᠪᠠᠭᠤᠯᠭ᠋ᠠᠭᠰᠠᠨ ᠬᠠᠷᠠᠯᠲᠠ ᠡᠭᠦᠷᠭᠡ ᠵᠢ ᠵᠢᠯ ᠪᠦᠷᠢ ᠴᠥᠮ ᠳᠠᠪᠠᠭᠤᠯᠤᠨ ᠪᠡᠶᠡᠯᠡᠭᠦᠯᠪᠡ᠃ ᠬᠣᠶᠠᠷ᠎ᠲᠤ ᠨᠡᠭᠦᠷᠡᠰᠦ ᠴᠠᠬᠢᠯᠭ᠋ᠠᠨ᠎ᠤ ᠠᠵᠢᠯ ᠲᠥᠷᠥᠯ᠎ᠤᠨ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠡᠮᠬᠢ ᠵᠢᠷᠤᠮ᠎ᠲᠠᠢ᠎ᠪᠠᠷ ᠰᠢᠭᠰᠢᠭᠳᠡᠭᠦᠯᠵᠦ᠂ ᠪᠠᠷᠢᠮᠵᠢᠶ᠎ᠠ᠎ᠳᠤ ᠥᠯᠥ ᠬᠥᠷᠬᠥ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢ ᠨᠡᠶ᠋ᠢᠲᠡ 21 ᠰᠠᠭᠤᠷᠢ᠂ 33.2 ᠲᠦᠮᠡᠨ ᠺᠢᠯᠣᠸᠠᠲ ᠰᠢᠭᠰᠢᠭᠳᠡᠭᠦᠯᠵᠦ᠂ ᠤᠯᠤᠰ᠎ᠠᠴᠠ ᠪᠠᠭᠤᠯᠭ᠋ᠠᠭᠰᠠᠨ ᠬᠠᠷᠠᠯᠲᠠ ᠡᠭᠦᠷᠭᠡ ᠵᠢ ᠵᠢᠯ ᠪᠦᠷᠢ ᠴᠥᠮ ᠪᠡᠶᠡᠯᠡᠭᠦᠯᠪᠡ᠃ ᠭᠤᠷᠪᠠ᠎ᠳᠤ ᠰᠢᠨ᠎ᠡ᠎ᠪᠠᠷ ᠪᠠᠶ᠋ᠢᠭᠤᠯᠬᠤ ᠨᠡᠭᠦᠷᠡᠰᠦ ᠴᠠᠬᠢᠯᠭ᠋ᠠᠨ᠎ᠤ ᠵᠦᠢ᠍ᠯᠡᠰ᠎ᠲᠤ ᠴᠥᠮ ᠪᠠᠭᠲᠠᠭ᠋ᠠᠮᠵᠢ ᠶᠡᠬᠡᠲᠡᠶ᠂ ᠪᠣᠯᠵᠣᠯᠲᠤ ᠲᠣᠭ᠎ᠠ ᠶᠡᠬᠡᠲᠡᠶ᠂ ᠡᠨᠧᠷᠭᠢ ᠵᠢᠨ ᠬᠣᠷᠣᠭᠳᠠᠭᠤᠯᠤᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ ᠥᠨᠳᠥᠷ ᠪᠦᠲᠦᠮᠵᠢᠲᠡᠶ ᠮᠠᠰᠢᠨ ᠴᠣᠭᠴᠠᠯᠠᠪᠤᠷᠢ ᠵᠢ ᠬᠡᠷᠡᠭᠯᠡᠨ᠎ᠡ᠃ ᠳᠡᠭᠡᠷᠡᠬᠢ ᠠᠷᠭ᠎ᠠ ᠬᠡᠮᠵᠢᠶ᠎ᠡ ᠵᠢ ᠠᠪᠬᠤ᠎ᠪᠠᠷ ᠳᠠᠮᠵᠢᠭᠤᠯᠤᠨ᠂ 2020 ᠣᠨ᠎ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠳᠤᠮᠳᠠᠴᠢ ᠴᠠᠬᠢᠯᠭ᠋ᠠᠨ ᠬᠠᠩᠭ᠋ᠠᠬᠤ ᠨᠡᠭᠦᠷᠡᠰᠦᠨ᠎ᠤ ᠬᠣᠷᠣᠭᠳᠠᠯ᠎ᠢ 321 ᠭ᠋ᠷᠠᠮ / ᠺᠢᠯᠣᠸᠠᠲ ᠴᠠᠭ ᠪᠣᠯᠭ᠋ᠠᠨ ᠪᠠᠭᠤᠷᠠᠭᠤᠯᠵᠤ᠂ 2015 ᠣᠨ᠎ᠤ᠎ᠬᠢ᠎ᠠᠴᠠ 16 ᠭ᠋ᠷᠠᠮ / ᠺᠢᠯᠣᠸᠠᠲ ᠴᠠᠭ ᠪᠠᠭᠤᠷᠠᠭᠤᠯᠤᠨ᠎ᠠ᠃
      ᠲᠠᠷᠠᠭ᠋ᠠᠴᠢ ᠵᠢᠨ ᠠᠯᠬᠤᠮ᠎ᠳᠤ᠂ ᠪᠢᠳᠡ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠦᠷᠭᠦᠯᠵᠢᠯᠡᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠭᠦᠷᠡᠰᠦ ᠴᠠᠬᠢᠯᠭ᠋ᠠᠨ᠎ᠤ ᠠᠵᠢᠯ ᠲᠥᠷᠥᠯ᠎ᠤᠨ ᠠᠷᠢᠭᠤᠨ ᠴᠡᠪᠡᠷ ᠥᠨᠳᠥᠷ ᠪᠦᠲᠦᠮᠵᠢᠲᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ᠃ ᠨᠢᠭᠡ᠎ᠳᠤ ᠰᠢᠨ᠎ᠡ᠎ᠪᠠᠷ ᠪᠠᠶ᠋ᠢᠭᠤᠯᠬᠤ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠡᠨᠧᠷᠭᠢ ᠵᠢᠨ ᠠᠰᠢᠭᠯᠠᠮᠵᠢ ᠵᠢᠨ ᠵᠥᠪᠰᠢᠶᠡᠷᠡᠯ᠎ᠤᠨ ᠪᠠᠷᠢᠮᠵᠢᠶ᠎ᠠ ᠵᠢ ᠴᠢᠩᠳᠠᠯᠠᠵᠤ᠂ ᠰᠢᠨ᠎ᠡ᠎ᠪᠠᠷ ᠪᠠᠶ᠋ᠢᠭᠤᠯᠬᠤ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢ ᠵᠠᠷᠴᠢᠮ ᠳᠡᠭᠡᠷ᠎ᠡ᠎ᠪᠠᠨ ᠤᠯᠤᠰ᠎ᠤᠨ ᠳᠣᠲᠣᠭ᠋ᠠᠳᠤ ᠵᠢᠨ ᠠᠭ᠋ᠠᠷ ᠵᠶ᠋ᠠᠷ ᠬᠥᠷᠥᠭᠡᠬᠦ ᠮᠠᠰᠢᠨ᠎ᠤ ᠬᠠᠮᠤᠭ ᠥᠨᠳᠥᠷ ᠪᠠᠷᠢᠮᠵᠢᠶ᠎ᠠ᠎ᠪᠠᠷ ᠪᠠᠶ᠋ᠢᠭᠤᠯᠤᠨ᠎ᠠ᠃ ᠬᠣᠶᠠᠷ᠎ᠲᠤ ᠨᠡᠭᠦᠷᠡᠰᠦ ᠴᠠᠬᠢᠯᠭ᠋ᠠᠨ᠎ᠤ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠭᠡᠭᠡᠭᠳᠡᠭᠦᠯᠬᠦ ᠬᠡᠮᠵᠢᠶ᠎ᠡ ᠵᠢ ᠨᠡᠮᠡᠭᠳᠡᠭᠦᠯᠵᠦ᠂ ᠤᠯᠤᠰ᠎ᠤᠨ ᠨᠡᠭᠦᠷᠡᠰᠦ ᠴᠠᠬᠢᠯᠭ᠋ᠠᠨ᠎ᠤ ᠠᠵᠢᠯ ᠲᠦᠷᠦᠯ᠎ᠤᠨ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠭᠡᠭᠡᠭᠳᠡᠭᠦᠯᠬᠦ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠷᠢᠮᠵᠢᠶ᠎ᠠ᠎ᠳᠤ ᠦᠯᠦ ᠬᠦᠷᠬᠦ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢ ᠤᠯᠤᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠭᠡᠭᠡᠭᠳᠡᠭᠦᠯᠵᠦ ᠬᠠᠭ᠋ᠠᠵᠤ ᠵᠣᠭᠰᠣᠭ᠋ᠠᠨ᠎ᠠ᠃ ᠭᠤᠷᠪᠠ᠎ᠳᠤ ᠦᠯᠡᠳᠡᠭᠡᠯ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠲᠦᠷᠭᠡᠳᠬᠡᠨ ᠬᠡᠷᠡᠭᠵᠢᠭᠦᠯᠵᠦ᠂ ᠰᠢᠭᠰᠢᠭᠳᠡᠭᠦᠯᠬᠦ᠎ᠳᠤ ᠵᠢᠭᠰᠠᠭ᠋ᠠᠨ ᠣᠷᠣᠭᠤᠯᠤᠭᠰᠠᠨ ᠥᠬᠡᠶ ᠮᠠᠰᠢᠨ ᠴᠣᠭᠴᠠᠯᠠᠪᠤᠷᠢ᠎ᠳᠤ᠂   ᠦᠢ᠍ᠯᠡᠳᠪᠦᠷᠢ ᠵᠢᠨ ᠪᠠᠶ᠋ᠢᠳᠠᠯ᠎ᠳᠤᠨᠢ ᠳᠣᠭᠢᠷᠠᠭᠤᠯᠤᠨ᠂ ᠶᠡᠷᠦᠩᠬᠡᠶ᠋ᠢᠯᠡᠭᠰᠡᠨ ᠴᠢᠨᠠᠷᠲᠠᠶ᠂ ᠰᠢᠰᠲ᠋ᠧᠮᠲᠦ ᠴᠢᠨᠠᠷᠲᠠᠶ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠬᠡᠷᠡᠭᠵᠢᠭᠦᠯᠵᠦ᠂ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠨᠡᠭᠦᠷᠡᠰᠦᠨ᠎ᠤ ᠬᠣᠷᠣᠭᠳᠠᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠳᠡᠭᠡᠷᠡᠬᠢ ᠠᠷᠭ᠎ᠠ ᠬᠡᠮᠵᠢᠶ᠎ᠡ ᠵᠢ ᠠᠪᠤᠭᠰᠠᠨ᠎ᠤ ᠳᠠᠷᠠᠭ᠎ᠠ᠂ 2025 ᠣᠨ ᠪᠣᠯᠬᠤ᠎ᠳᠤ᠂ ᠪᠥᠬᠥ ᠣᠷᠣᠨ᠎ᠤ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠳᠤᠮᠳᠠᠴᠢ ᠴᠠᠬᠢᠯᠭ᠋ᠠᠨ ᠬᠠᠩᠭ᠋ᠠᠬᠤ ᠨᠡᠭᠦᠷᠡᠰᠦᠨ᠎ᠤ ᠬᠣᠷᠣᠭᠳᠠᠯ᠎ᠢ ᠤᠯᠤᠰ᠎ᠤᠨ ᠳᠣᠲᠣᠭ᠋ᠠᠳᠤ ᠵᠢᠨ ᠠᠳᠠᠯᠢ ᠲᠥᠷᠥᠯ ᠬᠡᠯᠪᠡᠷᠢ ᠵᠢᠨ ᠮᠠᠰᠢᠨ ᠴᠣᠭᠴᠠᠯᠠᠪᠤᠷᠢ ᠵᠢᠨ ᠲᠡᠷᠢᠭᠦᠨ᠎ᠤ ᠬᠢᠷᠢ ᠬᠡᠮᠵᠢᠶ᠎ᠡ᠎ᠳᠤ ᠬᠦᠷᠭᠡᠨ᠎ᠡ᠃
      ᠵᠥᠩ ᠬᠣᠩ ᠰᠦᠯᠵᠢᠶᠡᠨ᠎ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠬᠡᠷᠬᠢᠨ ᠴᠠᠬᠢᠯᠭ᠋ᠠᠨ ᠬᠦᠴᠦᠨ᠎ᠤ ᠦᠨ᠎ᠡ ᠬᠠᠩᠰᠢ ᠵᠢᠨ ᠬᠥᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠡᠨᠧᠷᠭᠢ ᠵᠢᠨ ᠬᠣᠷᠣᠭᠳᠠᠯ ᠶᠡᠬᠡᠲᠡᠶ ᠠᠵᠢᠯ ᠲᠥᠷᠥᠯ᠎ᠤᠨ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠳᠥᠯᠭᠢᠨ ᠠᠬᠢᠭᠤᠯᠵᠤ᠂ ᠬᠣᠴᠣᠷᠤᠩᠭᠤᠶ ᠵᠢ ᠰᠢᠭᠰᠢᠭᠳᠡᠭᠦᠯᠦᠨ᠂ ᠠᠵᠤ   ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠠᠬᠢᠭᠤᠯᠬᠤ ᠪᠣᠶ?
      ᠳ᠋ᠦ᠋ ᠵᠠᠩ ᠶᠢᠨ᠄ ᠥᠪᠡᠷᠲᠡᠭᠡᠨ ᠵᠠᠰᠠᠬᠤ ᠣᠷᠣᠨ᠎ᠠᠴᠠ ᠡᠨᠧᠷᠭᠢ ᠵᠢᠨ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠵᠢᠨ ᠬᠣᠷᠣᠭᠳᠠᠯ ᠶᠡᠬᠡᠲᠡᠶ ᠠᠵᠢᠯ ᠲᠥᠷᠥᠯ᠎ᠤᠨ ᠬᠠᠷᠠᠭ᠋ᠠᠯᠵᠠᠯ᠎ᠤᠨ ᠲᠥᠷᠥᠯ᠎ᠤᠨ ᠴᠠᠬᠢᠯᠭ᠋ᠠᠨ᠎ᠤ ᠦᠨ᠎ᠡ ᠵᠢᠴᠢ ᠪᠤᠰᠤᠳ ᠡᠯ᠎ᠡ ᠵᠦᠢ᠍ᠯ᠎ᠤᠨ ᠵᠦᠶ ᠵᠣᠬᠢᠰ ᠥᠬᠡᠶ ᠦᠨ᠎ᠡ ᠬᠠᠩᠰᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠢᠯᠭ᠋ᠠᠷᠠᠭᠤᠯᠤᠨ ᠬᠦᠴᠦᠨ ᠥᠬᠡᠶ ᠪᠣᠯᠭ᠋ᠠᠵᠤ᠂ ᠵᠥᠷᠢᠶᠡᠲᠦ ᠴᠠᠬᠢᠯᠭ᠋ᠠᠨ᠎ᠤ ᠦᠨ᠎ᠡ᠂ ᠵᠠᠯᠬᠠᠭ᠋ᠠᠬᠤ ᠴᠢᠨᠠᠷᠲᠠᠶ ᠴᠠᠬᠢᠯᠭ᠋ᠠᠨ᠎ᠤ ᠦᠨ᠎ᠡ ᠵᠢ ᠴᠢᠩᠭ᠎ᠠ ᠬᠡᠷᠡᠭᠵᠢᠭᠦᠯᠦᠨ᠂ ᠡᠨᠧᠷᠭᠢ ᠵᠢᠨ ᠬᠣᠷᠣᠭᠳᠠᠯ ᠶᠡᠬᠡᠲᠡᠶ ᠠᠵᠢᠯ ᠲᠥᠷᠥᠯ᠎ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠠᠬᠢᠭᠤᠯᠵᠤ᠂ ᠬᠣᠴᠣᠷᠤᠩᠭᠤᠶ ᠵᠢ ᠰᠢᠭᠰᠢᠭᠳᠡᠭᠦᠯᠦᠨ᠂ ᠠᠵᠤ   ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ ᠵᠢᠨ ᠰᠢᠯᠢᠳᠡᠭᠵᠢᠨ ᠲᠠᠰ ᠳᠡᠪᠰᠢᠬᠦ ᠵᠢ ᠠᠬᠢᠭᠤᠯᠤᠨ᠎ᠠ᠃
      ᠨᠢᠭᠡ᠎ᠳᠤ᠂ 2021 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠡᠬᠢᠯᠡᠨ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠴᠠᠬᠢᠯᠭ᠋ᠠᠨ ᠵᠠᠳᠠᠯᠤᠯ᠎ᠤᠨ ᠬᠥᠩᠭᠡᠨ ᠴᠠᠭ᠋ᠠᠨ᠎ᠤ ᠠᠵᠢᠯ ᠲᠥᠷᠥᠯ᠎ᠤᠨ ᠦᠨᠳᠦᠰᠦᠨ ᠴᠠᠬᠢᠯᠭ᠋ᠠᠨ᠎ᠤ ᠰᠦᠶᠳᠬᠡᠯ᠎ᠢ ᠺᠢᠯᠣᠸᠠᠲ ᠴᠠᠭ ᠪᠦᠷᠢ᠎ᠳᠤ 3.39 ᠬᠤᠪᠢ ᠵᠢᠨ ᠴᠠᠬᠢᠯᠭ᠋ᠠᠨ᠎ᠤ ᠦᠨ᠎ᠡ᠎ᠪᠠᠷ ᠨᠤᠭᠤᠯᠤᠨ ᠪᠤᠳᠤᠬᠤ ᠲᠥᠷᠥ ᠵᠢᠨ ᠪᠣᠳᠣᠯᠭ᠎ᠠ ᠵᠢ ᠬᠦᠴᠦᠨ ᠥᠬᠡᠶ ᠪᠣᠯᠭ᠋ᠠᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠬᠢᠯᠭ᠋ᠠᠨ ᠲᠣᠤᠷ᠎ᠤᠨ ᠲᠣᠩᠭᠣᠷᠤᠤ ᠱᠠᠲᠤᠯᠢᠭ ᠴᠠᠬᠢᠯᠭ᠋ᠠᠨ ᠳᠠᠮᠵᠢᠭᠤᠯᠵᠤ ᠲᠦᠭᠡᠭᠡᠬᠦ ᠦᠨ᠎ᠡ ᠵᠢᠨ ᠲᠥᠷᠥ ᠵᠢᠨ ᠪᠣᠳᠣᠯᠭ᠎ᠠ ᠵᠢ ᠤᠰᠠᠳᠬᠠᠨ᠎ᠠ᠃
      ᠬᠣᠶᠠᠷ᠎ᠲᠤ 2021 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠡᠬᠢᠯᠡᠨ᠂ ᠥᠪᠡᠷ᠎ᠲᠡᠭᠡᠨ ᠪᠡᠯᠡᠳᠬᠡᠭᠰᠡᠨ ᠴᠠᠬᠢᠯᠭ᠋ᠠᠨ ᠦᠢ᠍ᠯᠡᠳᠪᠦᠷᠢ᠎ᠨᠢ ᠥᠪᠡᠷᠲᠡᠭᠡᠨ ᠬᠡᠷᠡᠭᠯᠡᠬᠦ ᠴᠠᠬᠢᠯᠭ᠋ᠠᠨ ᠬᠡᠷᠡᠭᠯᠡᠬᠦ ᠬᠡᠮᠵᠢᠶ᠎ᠡ᠎ᠪᠠᠷ ᠲᠥᠷᠥ ᠵᠢᠨ ᠪᠣᠳᠣᠯᠭ᠎ᠠ ᠵᠢᠨ ᠴᠢᠨᠠᠷᠲᠠᠶ ᠰᠣᠯᠪᠢᠴᠠᠯ᠎ᠤᠨ ᠨᠥᠬᠥᠪᠥᠷᠢ ᠲᠤᠰᠢᠶᠠᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠲᠣᠤᠷ᠎ᠤᠨ ᠲᠠᠲᠠᠪᠤᠷᠢᠯᠠᠬᠤ ᠪᠠᠷᠢᠮᠵᠢᠶ᠎ᠠ᠎ᠨᠢ ᠲᠣᠰ ᠲᠣᠰ ᠺᠢᠯᠣᠸᠠᠲ ᠴᠠᠭ ᠪᠦᠷᠢ᠎ᠳᠤ 0.01 ᠲᠥᠭᠥᠷᠢᠭ᠂ 0.02 ᠲᠥᠭᠥᠷᠢᠭ (ᠭᠠᠶ᠋ᠢᠯᠢ ᠪᠠᠭᠲᠠᠨ᠎ᠠ) ᠪᠣᠯᠤᠨ᠎ᠠ᠃
      ᠭᠤᠷᠪᠠ᠎ᠳᠤ ᠴᠠᠬᠢᠯᠭ᠋ᠠᠨ ᠵᠠᠳᠠᠯᠤᠯ᠎ᠤᠨ ᠬᠥᠩᠭᠡᠨᠴᠠᠭ᠋ᠠᠨ᠂ ᠱᠦᠢ᠍ᠨᠢ᠂ ᠪᠤᠯᠤᠳ ᠲᠡᠮᠦᠷ᠎ᠤᠨ ᠠᠵᠢᠯ ᠲᠦᠷᠦᠯ᠎ᠳᠤ ᠴᠠᠬᠢᠯᠭ᠋ᠠᠨ᠎ᠤ ᠱᠠᠲᠤᠯᠢᠭ ᠦᠨ᠎ᠡ ᠵᠢᠨ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ 2021 ᠣᠨ᠎ᠤ ᠡᠨᠧᠷᠭᠢ ᠵᠢᠨ ᠬᠣᠷᠣᠭᠳᠠᠯ᠎ᠤᠨ ᠪᠠᠷᠢᠮᠵᠢᠶ᠎ᠠ ᠪᠠ ᠦᠨ᠎ᠡ ᠨᠡᠮᠡᠬᠦ ᠪᠠᠷᠢᠮᠵᠢᠶ᠎ᠠ ᠵᠢ ᠤᠯᠤᠰ᠎ᠤᠨ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃ 2022᠂ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠵᠤ   ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ᠎ᠤᠳ ᠡᠨᠧᠷᠭᠢ ᠵᠢᠨ ᠬᠣᠷᠣᠭᠳᠠᠯ᠎ᠤᠨ ᠨᠠᠩ ᠴᠢᠩᠭ᠎ᠠ ᠪᠠᠷᠢᠮᠵᠢᠶ᠎ᠠ ᠵᠢ ᠰᠤᠳᠤᠯᠤᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠦᠨ᠎ᠡ ᠨᠡᠮᠡᠬᠦ ᠪᠠᠷᠢᠮᠵᠢᠶ᠎ᠠ ᠵᠢ ᠲᠣᠳᠣᠷᠬᠠᠶ᠋ᠢᠯᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠢᠷᠢ ᠬᠡᠮᠵᠢᠶ᠎ᠡ ᠵᠢᠨ ᠰᠠᠭᠤᠷᠢᠨ ᠳᠡᠭᠡᠷ᠎ᠡ ᠲᠣᠰ ᠲᠣᠰ 30%᠂ 50%᠎ᠪᠠᠷ ᠳᠡᠭᠡᠭᠰᠢᠯᠡᠭᠦᠯᠦᠨ᠎ᠡ᠃
      ᠲᠦᠷᠪᠡ᠎ᠳᠤ ᠤᠯᠤᠰ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ ᠴᠠᠬᠢᠯᠭ᠋ᠠᠨ ᠵᠠᠳᠠᠯᠤᠯ᠎ᠤᠨ ᠬᠦᠩᠭᠡᠨ ᠴᠠᠭ᠋ᠠᠨ᠂ ᠲᠡᠮᠦᠷ᠎ᠤᠨ ᠬᠠᠶ᠋ᠢᠯᠤᠰᠢ᠂ ᠴᠠᠬᠢᠯᠠᠭᠤᠷ ᠴᠢᠯᠠᠭᠤ᠂ ᠢᠳᠡᠮᠡᠬᠡᠶ ᠬᠤᠵᠢᠷ᠂ ᠱᠦᠢ᠍ᠨᠢ᠂ ᠪᠤᠯᠤᠳ ᠲᠡᠮᠤᠷ᠂ ᠰᠢᠷ᠎ᠠ ᠹᠣᠰᠹᠣᠷ᠂ ᠴᠠᠶ᠋ᠢᠷ ᠪᠣᠯᠪᠠᠰᠤᠷᠠᠭᠤᠯᠬᠤ ᠵᠡᠷᠭᠡ 8 ᠠᠵᠢᠯ ᠲᠦᠷᠦᠯ᠎ᠳᠤ ᠵᠥᠷᠢᠶᠡᠲᠦ ᠴᠠᠬᠢᠯᠭ᠋ᠠᠨ᠎ᠤ ᠦᠨ᠎ᠡ ᠵᠢᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠨ᠎ᠡ᠃ 2021 ᠣᠨ᠎ᠤ ᠲᠠᠲᠠᠪᠤᠷᠢᠯᠠᠬᠤ ᠪᠠᠷᠢᠮᠵᠢᠶ᠎ᠠ᠎ᠨᠢ ᠬᠢᠵᠠᠭ᠋ᠠᠷᠯᠠᠬᠤ ᠲᠥᠷᠥᠯ᠎ᠤᠨ ᠺᠢᠯᠣᠸᠠᠲ ᠴᠠᠭ ᠪᠦᠷᠢ᠎ᠳᠤ 0.1 ᠲᠥᠭᠥᠷᠢᠭ᠂ ᠰᠢᠭᠰᠢᠭᠳᠡᠭᠦᠯᠬᠦ ᠲᠥᠷᠥᠯ᠎ᠤᠨ ᠺᠢᠯᠣᠸᠠᠲ ᠴᠠᠭ ᠪᠦᠷᠢ᠎ᠳᠤ 0.3 ᠲᠥᠭᠥᠷᠢᠭ (ᠱᠦᠶᠨᠢ ᠺᠢᠯᠣᠸᠠᠲ ᠴᠠᠭ ᠪᠦᠷᠢ᠎ᠳᠤ 0.4 ᠲᠥᠭᠥᠷᠢᠭ᠂ ᠪᠣᠯᠣᠳ ᠲᠡᠮᠦᠷ ᠺᠢᠯᠣᠸᠠᠲ ᠴᠠᠭ ᠪᠦᠷᠢ᠎ᠳᠤ 0.5 ᠲᠥᠭᠥᠷᠢᠭ)᠂ 2022᠂ 2023 ᠣᠨ᠎ᠤ ᠵᠥᠷᠢᠶᠡᠲᠦ ᠴᠠᠬᠢᠯᠭ᠋ᠠᠨ᠎ᠤ ᠦᠨ᠎ᠡ ᠵᠢᠨ ᠦᠨ᠎ᠡ ᠨᠡᠮᠡᠬᠦ ᠪᠠᠷᠢᠮᠵᠢᠶ᠎ᠠ ᠵᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠢᠷᠢ ᠬᠡᠮᠵᠢᠶ᠎ᠡ ᠵᠢᠨ ᠰᠠᠭᠤᠷᠢᠨ ᠳᠡᠭᠡᠷ᠎ᠡ ᠲᠣᠰ ᠲᠣᠰ 30%᠂ 50%᠎ᠪᠠᠷ ᠳᠡᠭᠡᠭᠰᠢᠯᠡᠭᠦᠯᠦᠨ᠎ᠡ᠃

ᠢᠷᠡᠯᠲᠡ᠄ ᠥᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠩᠬᠠᠳᠠᠭᠴᠢ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ》᠂ 《ᠠᠷᠠᠳ ᠲᠦᠮᠡᠨ᠎ᠳᠤ ᠮᠡᠳᠡᠭᠦᠯᠬᠦ》 ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠭᠤᠷᠪᠠᠳᠤᠭ᠋ᠠᠷ ᠲᠠᠯᠠᠪᠠᠶ ᠵᠢ ᠬᠤᠷᠠᠯᠳᠤᠭᠤᠯᠪᠠ
ᠠᠷᠭ᠎ᠠ ᠬᠡᠮᠵᠢᠶ᠎ᠡ᠎ᠪᠠᠨ ᠴᠢᠩᠭ᠋ᠠᠳᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠶ᠎ᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2021 ᠣᠨ᠎ᠤ ᠥᠪᠥᠷ ᠮᠣᠩᠭᠣᠯ᠎ᠤᠨ ᠬᠠᠪᠤᠷ᠎ᠤᠨ ᠤᠯᠠᠷᠢᠯ᠎ᠤᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠴᠠᠭ ᠠᠭᠤᠷ᠎ᠤᠨ ᠨᠦᠬᠦᠴᠡᠯ᠎ᠤᠨ ᠰᠣᠨᠢᠨ ᠮᠡᠳᠡᠭᠡ ᠨᠡᠢ᠌ᠳᠡᠯᠡᠬᠦ ᠬᠤᠷᠠᠯ ᠬᠤᠷᠠᠯᠳᠣᠭᠣᠯᠪᠠ
2021 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠲᠠᠢ᠌ᠯᠤᠮᠵᠢ
 
            