ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠤᠯᠤᠰ᠎ᠤᠨ ᠪᠠᠢ᠌ᠯᠳᠤᠬᠤ ᠪᠣᠳᠣᠯᠭ᠎ᠠ
ᠨᠡᠶ᠋ᠢᠲᠡᠯᠡᠭᠰᠡᠨ ᠴᠠᠭ᠄ 2021-03-02

ᠰᠤᠷᠪᠤᠯᠵᠢᠯᠠᠭᠰᠠᠨ ᠴᠠᠭ᠄
     2021-01-13
ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭ᠋ᠡᠰᠢᠭᠦᠨ᠂ ᠣᠷᠣᠨ ᠪᠦᠰᠡ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠲᠣᠪᠴᠢᠶ᠎ᠠ ᠵᠢᠨ ᠳᠠᠷᠤᠭ᠎ᠠ ᠴᠧᠨ ᠰᠢᠶᠣᠤ ᠪᠧᠶ
ᠰᠤᠷᠪᠤᠯᠵᠢᠯᠠᠭ᠎ᠠ ᠵᠢᠨ ᠲᠣᠪᠴᠢ᠄
      ᠬᠠᠲᠤᠨ ᠭᠣᠣᠯ ᠪᠣᠯ ᠳᠤᠮᠳᠠᠳᠤ ᠵᠢᠨ ᠦᠨᠳᠦᠰᠦᠲᠡᠨ᠎ᠤ ᠡᠬᠡ ᠭᠣᠣᠯ ᠮᠥᠨ᠂ ᠬᠠᠲᠤᠨ ᠭᠣᠣᠯ᠎ᠢ ᠬᠠᠮᠠᠭ᠋ᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠠ ᠥᠨᠢᠳᠡ ᠦᠷᠭᠦᠯᠵᠢᠯᠡᠬᠦ ᠬᠥᠭᠵᠢᠯᠲᠡ᠎ᠳᠤ ᠬᠣᠯᠪᠣᠭᠳᠠᠬᠤ ᠠᠤᠭ᠎ᠠ ᠶᠡᠬᠡ ᠪᠤᠳᠤᠯᠭ᠎ᠠ ᠮᠥᠨ᠃ 2019 ᠣᠨ᠎ᠤ 9 ᠳ᠋ᠦ᠍ᠭᠡᠷ ᠰᠠᠷ᠎ᠠ ᠵᠢᠨ 18᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠶᠠᠷᠢᠯᠴᠠᠭ᠋ᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠡᠨᠡ ᠵᠢᠯ᠎ᠤᠨ 5 ᠳ᠋ᠤᠭ᠋ᠠᠷ ᠰᠠᠷ᠎ᠠ ᠵᠢᠨ 22᠎ᠤᠨ ᠡᠳᠦᠷ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠤ᠎ᠪᠠᠨ᠂ ᠬᠠᠳᠤᠨ ᠭᠣᠣᠯ᠎ᠤᠨ ᠰᠠᠪᠠ ᠭᠠᠵᠠᠷ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢ ᠬᠦᠴᠦᠯᠡᠨ ᠰᠠᠢ᠌ᠲᠤᠷ ᠠᠳᠬᠤᠬᠤ ᠬᠡᠷᠡᠭᠲᠡᠢ ᠭᠡᠵᠦ ᠪᠢᠳᠡᠨ᠎ᠳᠤ ᠬᠦᠰᠡᠯ ᠱᠠᠭ᠋ᠠᠷᠳᠠᠯᠭ᠎ᠠ ᠲᠠᠯᠪᠢᠪᠠ᠃ ᠡᠨᠡ ᠵᠢᠯ᠎ᠤᠨ 8 ᠳ᠋ᠤᠭ᠋ᠠᠷ ᠰᠠᠷ᠎ᠠ ᠵᠢᠨ 31᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ᠎ᠠᠴᠠ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠬᠢᠨᠠᠨ ᠵᠥᠪᠯᠡᠬᠦ ᠦᠶ᠎ᠡ᠎ᠳᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠠᠲᠤᠨ ᠭᠣᠤᠯ ᠳᠠᠭ᠋ᠠᠤ ᠵᠢᠨ ᠡᠯ᠎ᠡ ᠮᠤᠵᠢ ᠣᠷᠣᠨ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠪᠣᠳᠠᠲᠠᠶ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠪᠣᠯᠤᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠲᠦᠷᠭᠡᠳᠬᠡᠨ ᠲᠣᠭᠲᠠᠭ᠋ᠠᠬᠤ ᠪᠠ ᠬᠡᠷᠡᠭᠵᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠢᠯᠡᠳᠲᠡ ᠠᠬᠢᠴᠠ᠎ᠲᠠᠢ ᠪᠣᠯᠭ᠋ᠠᠬᠤ᠎ᠪᠠᠷ ᠴᠢᠷᠮᠠᠢ᠌ᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠡᠨᠡ ᠵᠢᠯ᠎ᠤᠨ 12 ᠳ᠋ᠤᠭ᠋ᠠᠷ ᠰᠠᠷ᠎ᠠ ᠵᠢᠨ 9᠎ᠤ ᠡᠳᠦᠷ᠂ ᠳᠡᠳ᠋ ᠶᠡᠷᠦᠩᠬᠡᠶ ᠰᠠᠢ᠌ᠳ ᠬᠠᠨ ᠵᠧᠩ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠪᠥᠬᠥᠳᠡ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠣᠯᠪᠣᠭᠳᠠᠯ ᠪᠥᠬᠥᠶ ᠠᠵᠢᠯ᠎ᠳᠤ ᠪᠠᠢ᠌ᠷᠢᠯᠠᠭᠤᠯᠤᠯᠲᠠ ᠬᠢᠪᠠ᠃ 12 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠱ᠌ᠢ᠎ᠲᠠᠢ ᠹᠸᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠳᠡᠳ᠋ ᠲᠡᠷᠢᠭᠦᠯᠡᠭᠴᠢ ᠳᠤᠭᠤᠢ᠌ᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠪᠡ᠃ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠡᠷ ᠵᠶ᠋ᠡᠨ ᠲᠥᠯᠥᠪᠵᠢᠭᠦᠯᠵᠦ᠂ ᠥᠪᠡᠷ ᠵᠶ᠋ᠡᠨ ᠠᠬᠢᠭᠤᠯᠤᠭᠰᠠᠨ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠪᠠᠢ᠌ᠵᠤ᠂ ᠥᠪᠥᠷ ᠮᠣᠩᠭᠣᠯ᠎ᠤᠨ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠡᠷ ᠡᠷᠡᠰ ᠭᠤᠢ᠌ᠪᠢᠰᠢ ᠥᠬᠡᠶ ᠵᠠᠮᠨᠠᠬᠤ᠎ᠳᠤ ᠤᠷᠢᠳ ᠡᠮᠦᠨ᠎ᠡ ᠪᠠᠢ᠌ᠭ᠎ᠠ ᠥᠬᠡᠶ ᠴᠢᠬᠤᠯᠠ ᠶᠡᠬᠡ ᠠᠵᠠ ᠲᠣᠬᠢᠶᠠᠯ᠎ᠢ ᠡᠭᠦᠳᠴᠦ ᠥᠭᠴᠡᠶ᠃
ᠰᠤᠷᠪᠤᠯᠵᠢᠯᠠᠭᠰᠠᠨ ᠲᠡᠮᠲᠡᠭᠯᠡᠯ
ᠬᠥᠲᠥᠯᠥᠭᠴᠢ᠄
      ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠣᠰ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ᠃ ᠥᠨᠥᠳᠦᠷ᠂ ᠪᠢᠳᠡ ᠵᠣᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠲᠣᠪᠴᠢᠶ᠎ᠠ ᠵᠢᠨ ᠳᠠᠷᠤᠭ᠎ᠠ ᠴᠧᠨ ᠰᠢᠶᠤᠤ ᠪᠸᠢ ᠵᠢ ᠤᠷᠢᠵᠤ᠂ ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠭᠡᠬᠦ ᠭᠣᠤᠯ ᠰᠡᠳᠦᠪ᠎ᠤᠨ ᠲᠤᠬᠠᠶ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠣᠯ᠎ᠠ᠃ ᠴᠧᠨ ᠲᠣᠪᠴᠢᠶᠠᠨ ᠳᠠᠷᠤᠭ᠎ᠠ ᠵᠢ ᠪᠠᠶᠠᠷᠯᠠᠨ ᠤᠭᠲᠤᠵᠤ ᠪᠠᠢ᠌ᠨ᠎ᠠ!
ᠴᠧᠨ ᠰᠢᠶᠣᠤ ᠪᠧᠢ᠄
      ᠬᠥᠲᠥᠯᠥᠭᠴᠢ ᠰᠠᠢ᠌ᠨ ᠦᠦ! ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 《ᠰᠦᠯᠵᠢᠶᠡᠨ᠎ᠤ ᠰᠤᠷᠪᠤᠯᠵᠢᠯᠠᠭ᠎ᠠ》 ᠪᠤᠯᠤᠩ ᠵᠶ᠋ᠠᠷ ᠳᠠᠮᠵᠢᠭᠤᠯᠤᠨ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠶ ᠪᠠᠢ᠌ᠨ᠎ᠠ᠃
ᠬᠥᠲᠥᠯᠥᠭᠴᠢ᠄
      ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠤ ᠳᠠᠷᠠᠭ᠎ᠠ᠂ ᠨᠠᠮ᠎ᠤᠨ ᠤᠳᠤᠷᠢᠳᠤᠯᠭ᠎ᠠ ᠳᠣᠤᠷ᠎ᠠ᠂ ᠥᠪᠥᠷ ᠮᠣᠩᠭᠣᠯ ᠬᠠᠲᠤᠨ ᠭᠣᠤᠯ᠎ᠢ ᠵᠠᠰᠠᠵᠤ ᠬᠠᠮᠠᠭ᠋ᠠᠯᠠᠬᠤ ᠠᠵᠢᠯ᠎ᠢ ᠶᠡᠬᠡ ᠬᠡᠪᠴᠢᠶ᠎ᠡ᠎ᠪᠠᠷ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠲᠤᠨ ᠭᠣᠤᠯ᠎ᠢ ᠵᠠᠰᠠᠭᠰᠠᠨ ᠠᠭᠤᠤ ᠶᠡᠬᠡ ᠲᠡᠦᠬᠡᠨ᠎ᠳᠤ ᠭᠡᠷᠡᠯ ᠰᠠᠴᠤᠷᠠᠩᠭᠤᠢ ᠬᠠᠭᠤᠳᠠᠰᠤ ᠵᠢ ᠪᠢᠴᠢᠭᠯᠡᠪᠡ᠃ ᠲᠣᠰ ᠬᠤᠭᠤᠴᠠᠭ᠋ᠠᠨ᠎ᠤ ᠪᠤᠯᠤᠩ᠎ᠳᠤ ᠲᠠ ᠤᠷᠢᠳ ᠵᠶ᠋ᠠᠷ ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢᠨ ᠣᠯᠤᠭᠰᠠᠨ ᠠᠬᠢᠴᠠ ᠪᠣᠯᠤᠨ ᠲᠤᠯᠭ᠋ᠠᠷᠠᠵᠤ ᠪᠠᠢ᠌ᠭ᠎ᠠ ᠠᠰᠠᠭᠤᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
ᠴᠧᠨ ᠰᠢᠶᠣᠤ ᠪᠧᠢ᠄
      ᠮᠠᠨ᠎ᠤ ᠣᠷᠣᠨ ᠬᠠᠲᠤᠨ ᠭᠣᠤᠯ᠎ᠤᠨ 《几》 ᠥᠰᠥᠭ᠎ᠤᠨ ᠮᠤᠷᠤᠢ᠌ᠯᠲᠠ ᠵᠢᠨ ᠳᠡᠭᠡᠳᠦ ᠬᠠᠭ᠋ᠠᠰ ᠬᠡᠰᠡᠭ᠎ᠲᠤ ᠣᠷᠣᠰᠢᠵᠤ ᠪᠣᠶ᠂ ᠭᠠᠵᠠᠷ ᠵᠦᠶ ᠵᠢᠨ ᠲᠠᠷᠬᠠᠯᠲᠠ᠎ᠠᠴᠠ ᠦᠵᠡᠪᠡᠯ᠂ ᠬᠠᠲᠤᠨ ᠭᠣᠤᠯ ᠥᠪᠥᠷ ᠮᠣᠩᠭᠣᠯ ᠣᠷᠣᠨ ᠵᠶ᠋ᠠᠷ 843.5 ᠺᠢᠯᠣᠮᠧᠲᠷ ᠤᠷᠤᠰᠤᠨ ᠥᠩᠭᠡᠷᠡᠵᠦ᠂ ᠰᠠᠪᠠ ᠭᠠᠵᠠᠷ᠎ᠤᠨ ᠲᠠᠯᠠᠪᠠᠶ᠎ᠨᠢ 15.2 ᠲᠦᠮᠡᠨ ᠺᠦᠸᠠᠳ᠋ ᠺᠢᠯᠣᠮᠧᠲᠷ ᠪᠣᠢ᠃ ᠠᠮᠢ ᠠᠬᠤᠶ ᠵᠢᠨ ᠴᠢᠳᠠᠮᠵᠢ᠎ᠠᠴᠠ ᠦᠵᠡᠪᠡᠯ᠂ ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠲᠤ ᠲᠠᠯ᠎ᠠ ᠨᠤᠲᠤᠭ᠂ ᠨᠣᠢ᠌ᠲᠠᠨ ᠭᠠᠵᠠᠷ᠂ ᠭᠣᠤᠯ ᠮᠥᠷᠡᠨ᠂ ᠨᠠᠭᠤᠷ ᠴᠥᠭᠥᠷᠥᠮ᠂ ᠡᠯᠡᠰᠦ ᠮᠠᠩᠬ᠎ᠠ᠂ ᠭᠣᠪᠢ ᠵᠡᠷᠭᠡ ᠣᠯᠠᠨ ᠵᠦᠢᠯ᠎ᠤᠨ ᠪᠠᠢ᠌ᠭ᠋ᠠᠯᠢ ᠵᠢᠨ ᠦᠵᠡᠮᠵᠢ ᠵᠢ ᠪᠦᠷᠢᠯᠳᠦᠭᠦᠯᠵᠦ᠂ ᠬᠠᠲᠤᠨ ᠭᠣᠤᠯ᠎ᠤᠨ ᠰᠠᠪᠠ ᠭᠠᠵᠠᠷ᠎ᠤᠨ ᠴᠢᠬᠤᠯᠠ ᠠᠮᠢ ᠠᠬᠤᠶ ᠵᠢᠨ ᠬᠠᠯᠬᠠᠪᠴᠢ ᠪᠣᠯᠤᠨ᠎ᠠ᠃ ᠬᠥᠭᠵᠢᠯᠲᠡ ᠵᠢᠨ ᠪᠠᠢ᠌ᠷᠢ ᠰᠠᠭᠤᠷᠢ᠎ᠠᠴᠠ ᠦᠵᠡᠪᠡᠯ᠂ ᠬᠠᠲᠤᠨ ᠭᠣᠤᠯ᠎ᠤᠨ ᠰᠠᠪᠠ ᠭᠠᠵᠠᠷ᠎ᠨᠢ ᠮᠠᠨ᠎ᠤ ᠣᠷᠣᠨ᠎ᠤ 7 ᠠᠢ᠌ᠮᠠᠭ ᠬᠣᠲᠠ᠎ᠳᠤ ᠬᠣᠯᠪᠣᠭᠳᠠᠵᠤ᠂ ᠪᠠᠢ᠌ᠩᠭᠤ ᠰᠠᠭᠤᠭ᠎ᠠ ᠬᠥᠮᠦᠨ ᠠᠮᠠ᠂ ᠠᠵᠤ ᠠᠬᠤᠶ ᠵᠢᠨ ᠶᠡᠷᠦᠩᠬᠡᠶ ᠬᠡᠮᠵᠢᠶ᠎ᠡ᠎ᠨᠢ ᠲᠣᠰ ᠲᠣᠰ ᠪᠥᠬᠥ ᠣᠷᠣᠨ᠎ᠤ 50 % ᠪᠠ 68 % ᠵᠢ ᠡᠵᠡᠯᠡᠵᠦ᠂ ᠥᠪᠥᠷ ᠮᠣᠩᠭᠣᠯ᠎ᠤᠨ ᠠᠵᠤ ᠠᠬᠤᠶ ᠵᠢᠨ ᠬᠥᠭᠵᠢᠯᠲᠡ ᠵᠢᠨ ᠳᠠᠪᠠᠭᠤᠯᠢᠭ ᠣᠷᠣᠨ ᠪᠦᠰᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠬᠠᠲᠤᠨ ᠭᠣᠤᠯ ᠳᠠᠭ᠋ᠠᠤ ᠵᠢᠨ ᠠᠢ᠌ᠮᠠᠭ ᠬᠣᠲᠠ᠎ᠠᠴᠠ ᠲᠥᠪ ᠪᠠ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠠᠮᠢ ᠠᠬᠤᠶ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠬᠤ᠂ ᠤᠰᠤᠨ ᠠᠰᠢᠭᠯᠠᠯᠲᠠ ᠵᠢᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠬᠤ᠂ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠵᠢ ᠠᠬᠢᠭᠤᠯᠬᠤ᠂ ᠣᠷᠣᠨ ᠪᠦᠰᠡ ᠵᠢᠨ ᠵᠣᠬᠢᠴᠠᠭᠤᠯᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠬᠢᠵᠦ᠂ ᠢᠳᠡᠪᠬᠢᠲᠡᠶ ᠦᠷ᠎ᠡ ᠪᠦᠲᠦᠮᠵᠢ ᠤᠯᠪᠠ᠃ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ᠂ ᠠᠮᠢ ᠠᠬᠤᠶ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠭᠣᠤᠯᠳᠠᠯᠭ᠎ᠠ ᠵᠢᠨ ᠳᠣᠲᠣᠷᠠᠬᠢ ᠭᠣᠤᠯᠳᠠᠯᠭ᠎ᠠ ᠪᠣᠯᠭ᠋ᠠᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠡᠷᠴᠢᠮ᠎ᠢ ᠲᠠᠰᠤᠷᠠᠯᠲᠠ ᠥᠬᠡᠶ ᠴᠢᠩᠭ᠋ᠠᠷᠠᠭᠤᠯᠪᠠ᠃ ᠤᠰᠤ ᠬᠦᠷᠦᠰᠦᠨ᠎ᠤ ᠤᠷᠤᠰᠬᠠᠭᠳᠠᠯ᠎ᠢ ᠵᠠᠰᠠᠬᠤ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ ᠵᠠᠰᠠᠭᠰᠠᠨ ᠲᠠᠯᠠᠪᠠᠶ᠎ᠨᠢ ᠨᠡᠢ᠌ᠲᠡ 5.1 ᠲᠦᠮᠡᠨ ᠺᠦᠸᠠᠳ᠋ ᠺᠢᠯᠣᠮᠧᠲᠷ᠎ᠲᠤ ᠬᠦᠷᠴᠦ᠂ 371 ᠬᠡᠰᠡᠭ ᠵᠢᠵᠢᠭ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ ᠵᠢ ᠬᠡᠷᠡᠭᠵᠢᠭᠦᠯᠪᠡ᠃ ᠤᠢ ᠰᠢᠭᠤᠢ ᠵᠢᠨ ᠪᠦᠷᠬᠦᠴᠡ ᠵᠢᠨ ᠨᠤᠷᠮ᠎ᠠ ᠪᠣᠯᠤᠨ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠬᠡᠮᠵᠢᠢ᠎ᠡ ᠵᠢᠨ 《ᠬᠣᠣᠰ ᠳᠡᠭᠡᠭᠰᠢᠯᠡᠯᠲᠡ》᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠵᠢᠨ 《ᠬᠣᠣᠰ ᠪᠠᠭᠤᠷᠠᠯᠲᠠ》 ᠵᠢ ᠪᠡᠶᠡᠯᠡᠭᠦᠯᠵᠦ᠂ ᠬᠥᠪᠴᠢ ᠡᠯᠡᠰᠦ ᠵᠢᠨ ᠵᠠᠰᠠᠯᠲᠠ ᠵᠢᠨ ᠵᠠᠭᠪᠤᠷ᠎ᠨᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠳᠡᠯᠭᠡᠷᠡᠭᠦᠯᠦᠯᠲᠡ ᠵᠢ ᠣᠯᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠭᠰᠠᠨ ᠨᠤᠷᠮ᠎ᠠ 70%᠎ᠳᠤ ᠬᠦᠷᠴᠦ᠂ ᠶᠡᠷᠦᠩᠬᠡᠢ ᠱᠦᠵᠢ ᠵᠢᠨ ᠭᠦᠢ᠍ᠴᠡᠳ ᠨᠤᠲᠠᠯᠠᠯᠲᠠ ᠵᠢ ᠤᠯᠪᠠ᠃ ᠪᠣᠬᠢᠷᠲᠤᠯ᠎ᠢ ᠵᠠᠰᠠᠬᠤ ᠲᠠᠯ᠎ᠠ᠎ᠪᠠᠷ᠂ ᠤᠰᠤ᠂ ᠠᠭ᠋ᠠᠷ ᠮᠠᠨᠳᠠᠯ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠣᠷᠴᠢᠨ ᠲᠣᠭᠣᠷᠢᠨ᠎ᠤ ᠳᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ ᠰᠢᠢ᠍ᠳᠪᠦᠷᠢᠯᠡᠪᠡ᠃ 2020 ᠣᠨ᠎ᠤ ᠲᠦᠷᠦᠭᠦᠦ 3 ᠤᠯᠠᠷᠢᠯ᠎ᠳᠤ᠂ ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠤᠯᠤᠰ ᠪᠠ ᠣᠷᠣᠨ᠎ᠠᠴᠠ ᠡᠵᠡᠮᠳᠡᠵᠦ ᠪᠠᠢ᠌ᠭ᠎ᠠ ᠭᠠᠵᠠᠷ᠎ᠤᠨ ᠭᠠᠳᠠᠷᠭᠤ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ 33 ᠭᠣᠤᠯ ᠮᠥᠷᠡᠨ᠎ᠤ ᠣᠭᠲᠣᠯᠤᠭ᠋ᠠᠰᠤ᠂Ⅰ~Ⅲ ᠲᠥᠷᠥᠯ᠎ᠤᠨ ᠤᠰᠤᠨ᠎ᠤ ᠴᠢᠨᠠᠷ᠎ᠤᠨ ᠣᠭᠲᠣᠯᠤᠭ᠋ᠠᠰᠤ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 3.6 ᠵᠠᠭᠤᠨ᠎ᠤ ᠴᠡᠭ ᠳᠡᠭᠡᠭᠰᠢᠯᠡᠵᠦ᠂ 9 ᠣᠭᠲᠣᠯᠤᠭ᠋ᠠᠰᠤ ᠵᠢᠨ ᠤᠰᠤᠨ᠎ᠤ ᠴᠢᠨᠠᠷ ᠰᠠᠢ᠌ᠵᠢᠷᠠᠯᠲᠠ᠎ᠲᠠᠢ ᠪᠣᠯᠪᠠ᠃ ᠦᠶᠡᠷ᠎ᠢ ᠰᠡᠷᠭᠡᠢ᠌ᠯᠡᠵᠦ ᠨᠦᠯᠦᠮᠡᠯ᠎ᠢ ᠪᠠᠭ᠋ᠠᠰᠬᠠᠬᠤ ᠲᠠᠯ᠎ᠠ᠎ᠪᠠᠷ᠂ ᠦᠶᠡᠷ᠎ᠢ ᠰᠡᠷᠭᠡᠢ᠌ᠯᠡᠵᠦ ᠨᠦᠯᠦᠮᠡᠯ᠎ᠢ ᠪᠠᠭ᠋ᠠᠰᠬᠠᠬᠤ ᠴᠢᠳᠠᠪᠤᠷᠢ ᠵᠢᠨ ᠪᠠᠢ᠌ᠭᠤᠯᠤᠯᠲᠠ ᠵᠢ ᠥᠴᠦᠬᠡᠨ ᠴᠦ᠍ ᠰᠤᠯᠠᠷᠠᠭᠤᠯᠤᠯ ᠦᠭᠡᠢ ᠴᠢᠩᠭ᠋ᠠᠳᠬᠠᠵᠤ᠂ ᠤᠰᠤ ᠡᠯᠡᠰᠦᠨ᠎ᠤ ᠬᠠᠷᠢᠴᠠᠭ᠎ᠠ ᠵᠢ ᠲᠤᠬᠢᠷᠠᠭᠤᠯᠬᠤ ᠡᠨᠡ ᠬᠦ᠌ ᠵᠠᠩᠭᠢᠯᠠᠭ᠎ᠠ ᠵᠢ ᠴᠢᠩᠭ᠎ᠠ ᠠᠳᠬᠤᠵᠤ᠂ ᠬᠠᠳᠤᠨ ᠭᠣᠣᠯ᠎ᠤᠨ ᠨᠢᠭᠡᠳᠦᠭᠡᠷ ᠬᠤᠭᠤᠴᠠᠭ᠎ᠠ᠂ ᠬᠣᠶᠠᠳᠤᠭ᠋ᠠᠷ ᠬᠤᠭᠤᠴᠠᠭ᠎ᠠ᠂ ᠴᠢᠬᠤᠯᠠ ᠰᠠᠯᠪᠤᠷᠢ ᠤᠷᠤᠰᠬᠠᠯ ᠵᠡᠷᠭᠡ ᠵᠢ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ ᠬᠠᠰᠢᠯᠭ᠎ᠠ ᠳᠠᠯᠠᠩ ᠪᠠᠢ᠌ᠭᠤᠯᠤᠭᠰᠠᠨ ᠶᠡᠷᠦᠩᠬᠡᠢ ᠤᠷᠳᠤ ᠨᠡᠢ᠍ᠢ᠍ᠲᠡ 2616 ᠺᠢᠯᠣᠮᠧᠲᠷ᠎ᠲᠤ ᠬᠦᠷᠴᠦ᠂ ᠬᠠᠳᠤᠨ ᠭᠣᠣᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮᠵᠢ ᠵᠢ ᠦᠨᠳᠦᠰᠦᠨ᠎ᠳᠤ᠎ᠪᠠᠨ ᠪᠠᠢ᠌ᠭᠤᠯᠪᠠ᠃ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠲᠠᠯ᠎ᠠ᠎ᠪᠠᠷ᠂ ᠤᠰᠤᠨ᠎ᠤ ᠡᠬᠢ ᠪᠠᠶᠠᠯᠢᠭ ᠵᠶ᠋ᠠᠷ ᠬᠠᠮᠤᠭ᠎ᠤᠨ ᠴᠢᠩᠭ᠎ᠠ ᠬᠢᠵᠠᠭ᠋ᠠᠷᠯᠠᠯ ᠪᠣᠯᠭ᠋ᠠᠬᠤ ᠵᠢ ᠪᠠᠷᠢᠮᠲᠠᠯᠠᠨ᠂ ᠲᠠᠷᠢᠶᠠᠯᠠᠩ᠂ ᠠᠵᠤ ᠦᠢ᠍ᠯᠡᠳᠪᠦᠷᠢ ᠵᠢ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠪᠠᠷᠢᠯᠭ᠎ᠠ᠂ ᠬᠠᠮᠢᠶᠠᠷᠤᠯᠲᠠ᠎ᠳᠤ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠬᠦ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠃ ᠬᠠᠲᠤᠨ ᠭᠣᠤᠯ᠎ᠤᠨ ᠰᠠᠪᠠ ᠭᠠᠵᠠᠷ᠎ᠤᠨ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ 20 ᠣᠷᠣᠨ᠎ᠤ 18᠎ᠨᠢ ᠨᠢᠭᠡᠨᠲᠡ ᠮᠠᠯᠲᠠᠵᠤ ᠨᠥᠬᠥᠪᠥᠷᠢᠯᠡᠬᠦ ᠵᠢ ᠲᠡᠩᠴᠡᠭᠦᠷᠢᠲᠡᠶ ᠪᠣᠯᠭ᠋ᠠᠭᠰᠠᠨ ᠪᠥᠭᠡᠳ ᠳ᠋ᠤᠭ᠋ᠠᠷ᠎ᠢ᠎ᠨᠢ ᠬᠠᠰᠤᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠶ 1866 ᠲᠦᠮᠡᠨ ᠮᠥ᠍᠎ᠳᠤ ᠬᠦᠷᠴᠦ᠂ ᠲᠦᠮᠡᠨ ᠮᠥ᠍᠎ᠠᠴᠠ ᠳᠡᠭᠡᠭᠰᠢᠬᠢ ᠤᠰᠤᠯᠠᠯᠲᠠ ᠵᠢᠨ ᠣᠷᠣᠨ 69 ᠪᠣᠶ᠃ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠣᠳᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮᠵᠢ ᠵᠢ ᠬᠦᠴᠦᠯᠡᠨ ᠪᠠᠢ᠌ᠭᠤᠯᠪᠠ᠃ ᠲᠠᠷᠢᠶᠠᠯᠠᠩ ᠮᠠᠯ ᠠᠵᠤ ᠠᠬᠤᠶ ᠵᠢᠨ ᠲᠠᠯ᠎ᠠ᠎ᠪᠠᠷ ᠣᠷᠣᠨ ᠪᠦᠰᠡ ᠵᠢᠨ ᠴᠢᠨᠠᠷᠲᠠᠶ ᠣᠨᠴᠠᠯᠢᠭᠲᠤ ᠠᠵᠤ ᠦᠢ᠍ᠯᠡᠰ᠎ᠤᠨ ᠪᠦᠰᠡ ᠪᠣᠯᠤᠨ ᠠᠵᠤ ᠦᠢ᠍ᠯᠡᠰ᠎ᠤᠨ ᠰᠥᠷᠥᠭᠵᠢᠯ᠎ᠢ ᠭᠣᠣᠯᠳᠠᠯᠭ᠎ᠠ᠎ᠲᠠᠢ ᠪᠠᠢ᠌ᠭᠤᠯᠵᠤ᠂ ᠰᠠᠪᠠ ᠭᠠᠵᠠᠷ᠎ᠤᠨ 7 ᠠᠢ᠌ᠮᠠᠭ ᠬᠣᠲᠠ᠎ᠳᠤ ᠤᠯᠤᠰ᠎ᠤᠨ ᠲᠠᠰ᠎ᠤᠨ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ 5 ᠳᠠᠪᠠᠭᠤᠯᠢᠭ ᠣᠷᠣᠨ ᠪᠠᠢ᠌ᠨ᠎ᠠ᠃ ᠡᠨᠡ ᠵᠢᠯ᠎ᠤᠨ 3 ᠳ᠋ᠤᠭ᠋ᠠᠷ ᠤᠯᠠᠷᠢᠯ᠎ᠤᠨ ᠡᠴᠦᠰ ᠪᠣᠯᠲᠠᠯ᠎ᠠ᠂ ᠡᠭᠦᠰᠦᠮᠡᠯ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ ᠵᠢᠨ ᠲᠣᠣᠷ᠎ᠢ ᠨᠢᠭᠡᠲᠦᠭᠦᠯᠵᠦ 2592 ᠲᠦᠮᠡᠨ ᠺᠢᠯᠣᠸᠠᠲ ᠪᠣᠯᠭ᠋ᠠᠨ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠵᠢ 479.6 ᠳ᠋ᠦᠩᠰᠢᠭᠤᠷ ᠺᠢᠯᠣᠸᠠᠲ ᠴᠠᠭ᠎ᠲᠤ ᠬᠦᠷᠦᠭᠦᠯᠦᠨ᠎ᠡ᠃ ᠡᠨᠡ ᠵᠢᠯ᠎ᠤᠨ ᠲᠦᠷᠦᠭᠦᠤ 3 ᠤᠯᠠᠷᠢᠯ᠎ᠳᠤ ᠨᠡᠭᠦᠷᠡᠰᠦ ᠴᠠᠬᠢᠯᠭ᠋ᠠᠨ᠎ᠤ ᠬᠡᠲᠦ ᠳᠣᠤᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ 230 ᠲᠦᠮᠡᠨ ᠺᠢᠯᠣᠸᠠᠲ᠎ᠲᠤ ᠬᠦᠷᠦᠭᠦᠯᠵᠦ᠂ ᠡᠨᠧᠷᠭᠢ ᠠᠷᠪᠢᠯᠠᠬᠤ ᠥᠭᠡᠷᠡᠴᠢᠯᠡᠯᠲᠡ ᠵᠢ 297 ᠲᠦᠮᠡᠨ ᠺᠢᠯᠣᠸᠠᠲ᠎ᠲᠤ ᠬᠦᠷᠦᠭᠦᠯᠦᠨ᠎ᠡ᠃ ᠣᠷᠣᠨ ᠪᠦᠰᠡ ᠵᠢ ᠵᠣᠬᠢᠴᠠᠩᠭᠤᠶ᠎ᠪᠠᠷ ᠬᠥᠭᠵᠢᠭᠦᠯᠬᠦ ᠲᠠᠯ᠎ᠠ᠎ᠪᠠᠷ᠂ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠳᠠ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠨᠡᠢ᠌ᠯᠡᠭᠦᠯᠦᠨ ᠨᠢᠭᠡᠳᠬᠡᠬᠦ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠬᠤᠳᠠ ᠬᠥᠳᠡᠭᠡ ᠵᠢᠨ ᠠᠭᠤᠰᠤᠯᠴᠠᠯ ᠬᠥᠭᠵᠢᠯᠲᠡ ᠵᠢ ᠠᠬᠢᠭᠤᠯᠵᠠᠢ᠃ ᠬᠠᠲᠤᠨ ᠭᠣᠤᠯ ᠳᠠᠭ᠋ᠠᠤ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠬᠡᠮᠵᠢᠶ᠎ᠡ ᠵᠢ ᠤᠤᠯ᠎ᠤᠨ 56 ᠪᠠᠶ᠋ᠢᠭᠰᠠᠨ᠎ᠠᠴᠠ 49 ᠪᠣᠯᠭ᠋ᠠᠨ ᠲᠣᠬᠢᠷᠠᠭᠤᠯᠪᠠ᠃ ᠬᠥᠬᠡᠬᠣᠲᠠ ᠪᠤᠭᠤᠲᠤ ᠦᠬᠠᠢ ᠭᠤᠷᠪᠠᠨ ᠬᠣᠲᠠ ᠵᠢᠨ ᠬᠣᠲᠠ ᠪᠠᠯᠭ᠋ᠠᠰᠤᠵᠢᠯᠲᠠ ᠵᠢᠨ ᠶᠡᠷᠦᠩᠬᠡᠶ ᠨᠣᠷᠮ᠎ᠠ ᠪᠠᠷᠤᠭ 76%᠎ᠳᠤ ᠬᠦᠷᠴᠦ᠂ 《ᠨᠢᠭᠡ ᠪᠦᠰᠡ ᠨᠢᠭᠡ ᠵᠠᠮ》 ᠪᠣᠯᠤᠨ ᠳᠤᠮᠳᠠᠳᠤ ᠣᠷᠣᠰ ᠮᠣᠩᠭᠣᠯ᠎ᠤᠨ ᠠᠵᠤ ᠠᠬᠤᠶ ᠵᠢᠨ ᠬᠣᠩᠭᠢᠯ᠎ᠤᠨ ᠪᠥᠲᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠣᠷᠣᠯᠴᠠᠪᠠ᠃ ᠬᠠᠲᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠲᠠᠯ᠎ᠠ᠎ᠪᠠᠷ᠂ ᠦᠨᠡᠲᠦ ᠲᠡᠦᠬᠡ ᠵᠢᠨ ᠥᠪ᠎ᠢ ᠰᠠᠶ᠋ᠢᠲᠤᠷ ᠰᠠᠬᠢᠨ ᠬᠠᠮᠠᠭ᠋ᠠᠯᠠᠬᠤ ᠵᠢ ᠪᠠᠷᠢᠮᠲᠠᠯᠠᠨ᠂ ᠬᠠᠮᠠᠭ᠋ᠠᠯᠠᠬᠤ ᠪᠠ ᠨᠡᠭᠡᠭᠡᠨ ᠬᠥᠭᠵᠢᠭᠦᠯᠬᠦ ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠰᠣᠶᠣᠯ ᠵᠤᠭ᠋ᠠᠴᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠡᠨᠡ ᠵᠢᠯ᠎ᠤᠨ 3 ᠳ᠋ᠤᠭ᠋ᠠᠷ ᠤᠯᠠᠷᠢᠯ ᠪᠣᠯᠲᠠᠯ᠎ᠠ᠂ 7 ᠠᠶ᠋ᠢᠮᠠᠭ ᠬᠣᠲᠠ᠎ᠳᠤ ᠨᠡᠢ᠌ᠲᠡ ᠤᠯᠤᠰ᠎ᠤᠨ ᠲᠠᠰ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ 62᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ 24᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ 25᠂ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ 210 ᠵᠢ ᠬᠥᠭᠵᠢᠭᠦᠯᠦᠨ ᠪᠠᠢ᠌ᠭᠤᠯᠤᠨ᠎ᠠ᠃ ᠡᠨᠡ ᠵᠢᠯ᠎ᠤᠨ ᠲᠦᠷᠦᠭᠦᠤ 3 ᠤᠯᠠᠷᠢᠯ᠎ᠳᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠢ 0.49 ᠳ᠋ᠦᠩᠰᠢᠭᠤᠷ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠦᠢ᠍ᠯᠡᠰ᠎ᠤᠨ ᠪᠥᠬᠥ ᠣᠷᠣᠯᠭ᠎ᠠ ᠵᠢ 840 ᠳ᠋ᠦᠩᠰᠢᠭᠤᠷ ᠲᠥᠭᠥᠷᠢᠭ ᠬᠦᠷᠭᠡᠨ᠎ᠡ᠃ ᠠᠮᠵᠢᠯᠲᠠ᠎ᠪᠠᠨ ᠣᠯᠵᠤ ᠬᠠᠷᠠᠬᠤ ᠵᠢᠨ ᠬᠠᠮᠲᠤ᠂ ᠬᠠᠳᠤᠨ ᠭᠣᠣᠯ ᠳᠠᠭ᠋ᠠᠤ ᠭᠠᠵᠠᠷ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ᠎ᠳᠤ ᠮᠥᠨ ᠴᠥᠭᠡᠨ ᠪᠤᠰᠤ ᠬᠦᠴᠢᠷᠳᠡᠯ ᠪᠣᠯᠤᠨ ᠠᠰᠠᠭᠤᠳᠠᠯ ᠣᠷᠣᠰᠢᠵᠤ ᠪᠠᠶ᠋ᠢᠬᠤ ᠵᠢ ᠪᠢᠳᠡ ᠰᠡᠷᠭᠡᠭ ᠵᠶ᠋ᠠᠷ ᠲᠠᠨᠢᠵᠤ ᠤᠯᠪᠠ᠃ ᠠᠮᠢ ᠠᠬᠤᠶ ᠵᠢᠨ ᠰᠠᠭᠤᠷᠢ ᠮᠥᠨ ᠯᠡ ᠬᠡᠪᠡᠷᠡᠭ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠡᠭᠦᠷᠭᠡ ᠬᠠᠲᠠᠭᠤ ᠪᠡᠷᠬᠡᠲᠡᠢ᠂ ᠦᠶᠡᠷ᠎ᠢ ᠰᠡᠷᠭᠡᠶ᠋ᠢᠯᠡᠵᠦ ᠨᠥᠯᠥᠮᠡᠯ᠎ᠢ ᠪᠠᠭ᠋ᠠᠰᠬᠠᠬᠤ ᠪᠠᠶ᠋ᠢᠳᠠᠯ ᠬᠦᠨᠳᠦ ᠬᠡᠴᠡᠭᠦᠦ᠂ ᠬᠡᠷᠡᠭᠯᠡᠬᠦ ᠤᠰᠤᠨ᠎ᠤ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠲᠤᠪᠤᠢ᠍ᠢ᠍ᠮ᠎ᠠ᠂ ᠠᠵᠤ ᠦᠢ᠍ᠯᠡᠰ᠎ᠤᠨ ᠪᠦᠲᠦᠴᠡ ᠵᠢᠨ ᠲᠤᠬᠢᠷᠠᠭᠤᠯᠤᠯᠳᠠ ᠤᠳᠠᠭ᠋ᠠᠨ ᠵᠡᠷᠭᠡ ᠠᠰᠠᠭᠤᠳᠠᠯ ᠮᠥᠨ ᠯᠡ ᠣᠷᠣᠰᠢᠭᠰᠠᠭ᠋ᠠᠷ ᠪᠠᠶ᠋ᠢᠨ᠎ᠠ᠃
ᠬᠥᠲᠥᠯᠥᠭᠴᠢ᠄
      ᠶᠡᠷᠦᠩᠬᠡᠶ ᠱᠦᠵᠢ ᠰᠢ ᠵᠢᠨ ᠫᠢᠩ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠲᠤᠨ ᠭᠣᠤᠯ ᠵᠢᠴᠢ ᠥᠪᠥᠷ ᠮᠣᠩᠭᠣᠯ᠎ᠳᠤ ᠣᠯᠠᠨ ᠤᠳᠠᠭ᠎ᠠ ᠠᠵᠢᠯ᠎ᠤᠨ ᠪᠠᠢ᠌ᠴᠠᠭ᠋ᠠᠯᠲᠠ ᠬᠢᠵᠦ᠂ ᠲᠡᠭᠦᠨ᠎ᠤ ᠪᠠᠶ᠋ᠢᠭ᠎ᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠳᠤ ᠣᠯᠠᠨ ᠤᠳᠠᠭ᠎ᠠ ᠣᠷᠣᠯᠴᠠᠨ᠂ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭ᠋ᠠᠪᠤᠷᠢ ᠥᠭᠭᠦᠭᠰᠡᠨ ᠪᠠᠶ᠋ᠢᠨ᠎ᠠ᠃ ᠰᠦᠯᠵᠢᠶᠡᠨ᠎ᠤ ᠠᠨᠳᠠ ᠨᠠᠷ ᠠᠩᠬᠠᠷᠴᠤ ᠪᠠᠢ᠌ᠭ᠎ᠠ᠎ᠨᠢ᠂ ᠮᠠᠨ᠎ᠤ ᠣᠷᠣᠨ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠶᠠᠮᠠᠷ ᠶᠠᠮᠠᠷ ᠠᠵᠢᠯ ᠬᠢᠭᠰᠡᠨ ᠲᠤᠬᠠᠢ ᠰᠦᠯᠵᠢᠶᠡᠨ᠎ᠤ ᠠᠨᠳᠠ ᠨᠠᠷ ᠮᠠᠰᠢ ᠠᠩᠬᠠᠷᠤᠨ ᠬᠠᠯᠠᠮᠵᠢᠯᠠᠵᠤ ᠪᠠᠢ᠌ᠨ᠎ᠠ᠂ ᠡᠨᠡ ᠲᠤᠬᠠᠢ ᠲᠠ ᠪᠣᠳᠠᠲᠠᠢ᠎ᠪᠠᠷ ᠶᠠᠷᠢᠭ᠋ᠠᠳ ᠥᠭᠭᠦᠨ᠎ᠡ ᠦᠦ?
ᠴᠧᠨ ᠰᠢᠶᠤᠤ ᠪᠸᠢ᠄
      ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠡᠷ ᠵᠶ᠋ᠡᠨ ᠤᠬᠠᠭ᠋ᠠᠯᠠᠨ ᠲᠥᠯᠥᠪᠯᠡᠵᠦ᠂ ᠥᠪᠡᠷ ᠵᠶ᠋ᠡᠨ ᠠᠬᠢᠭᠤᠯᠤᠭᠰᠠᠨ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠬᠠᠲᠤᠨ ᠭᠣᠣᠯ᠎ᠢ ᠬᠠᠮᠠᠭ᠋ᠠᠯᠠᠨ ᠬᠥᠭᠵᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠳᠠᠯ᠎ᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ 《ᠲᠦᠷᠪᠡᠨ ᠵᠦᠢ᠍ᠯ᠎ᠤᠨ ᠤᠬᠠᠮᠰᠠᠷ》 ᠵᠶ᠋ᠠᠨ ᠦᠨᠡᠨ ᠬᠦ᠌ ᠴᠢᠩᠭ᠋ᠠᠳᠬᠠᠵᠤ᠂ 《ᠲᠦᠷᠪᠡᠨ ᠲᠥᠷᠥᠯ᠎ᠤᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠭᠦᠢ᠍ᠴᠡᠳᠭᠡᠵᠦ᠂ ᠠᠷᠠᠳ ᠲᠦᠮᠡᠨ ᠵᠶ᠋ᠠᠷ ᠲᠥᠪ ᠪᠣᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠬᠡᠮᠳᠦᠭ ᠠᠭᠤᠯᠠ ᠨᠣᠮᠢᠨ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠨᠣᠯᠵᠢᠬᠤᠨ᠎ᠢ ᠬᠢᠨᠠᠮᠠᠭ᠋ᠠᠢ ᠦᠢ᠍ᠯᠡᠳᠦᠯᠭᠡᠵᠢᠭᠦᠯᠵᠦ᠂ ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠰᠠᠶ᠋ᠢᠲᠤᠷ ᠠᠳᠬᠤᠵᠤ᠂ ᠶᠡᠬᠡ ᠵᠠᠰᠠᠯᠲᠠ ᠵᠢ ᠬᠠᠮᠵᠢᠯᠴᠠᠨ ᠠᠬᠢᠭᠤᠯᠵᠤ᠂ ᠴᠢᠨᠠᠷᠯᠢᠭ ᠵᠶ᠋ᠠᠷ ᠬᠥᠭᠵᠢᠭᠦᠯᠬᠦ ᠥᠨᠳᠥᠷ ᠲᠦᠪᠰᠢᠨ᠎ᠲᠠᠢ ᠬᠠᠮᠠᠭ᠋ᠠᠯᠠᠯᠲᠠ ᠵᠢ ᠪᠡᠶᠡᠯᠡᠭᠦᠯᠵᠦ᠂ ᠥᠨᠳᠥᠷ ᠲᠦᠪᠰᠢᠨ᠎ᠲᠠᠢ ᠬᠠᠮᠠᠭ᠋ᠠᠯᠠᠯᠲᠠ ᠵᠢᠨ ᠶᠠᠪᠤᠴᠠ᠎ᠳᠤ ᠴᠢᠨᠠᠷᠯᠢᠭ ᠬᠥᠭᠵᠢᠯᠲᠡ ᠵᠢ ᠠᠬᠢᠭᠤᠯᠬᠤ᠎ᠪᠠᠷ ᠴᠢᠷᠮᠠᠢ᠌ᠵᠤ ᠪᠠᠢ᠌ᠨ᠎ᠠ᠃ ᠨᠢᠭᠡ᠎ᠳᠤ᠂ ᠴᠠᠭ ᠲᠤᠬᠠᠶ᠎ᠳᠤ᠎ᠨᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠬᠠᠮᠤᠭ᠎ᠤᠨ ᠲᠡᠷᠢᠭᠦᠨ᠎ᠳᠤ ᠪᠠᠶ᠋ᠢᠩᠭᠤ ᠵᠢᠨ ᠬᠣᠷᠢᠶᠠᠨ᠎ᠤ ᠬᠤᠷᠠᠯ᠂ ᠶᠠᠷᠢᠯᠴᠠᠬᠤ ᠬᠤᠷᠠᠯ᠂ ᠤᠨᠤᠯ᠎ᠤᠨ ᠭᠣᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠂ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠲᠤᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠦ᠂ 《ᠡᠮᠦᠨᠡᠬᠢ ᠬᠤᠭᠤᠴᠠᠭ᠋ᠠᠨ᠎ᠤ ᠠᠵᠢᠯ᠎ᠤᠨ ᠬᠤᠪᠢᠶᠠᠷᠢᠯᠠᠯ᠎ᠤᠨ ᠲᠥᠰᠦᠯ》᠎ᠢ ᠲᠣᠭᠲᠠᠭ᠋ᠠᠵᠤ᠂ ᠲᠢᠩᠬᠢᠮ᠎ᠤᠨ ᠬᠣᠭᠣᠷᠣᠨᠳᠣᠬᠢ ᠬᠣᠯᠪᠣᠭ᠋ᠠᠲᠤ ᠬᠤᠷᠠᠯ᠎ᠤᠨ ᠲᠦᠷᠢᠮ᠎ᠢ ᠲᠣᠭᠲᠠᠭ᠋ᠠᠭᠰᠠᠨ᠎ᠤ ᠬᠠᠮᠲᠤ 《2020 ᠣᠨ᠎ᠤ ᠠᠵᠢᠯ᠎ᠤᠨ ᠭᠣᠣᠯᠳᠠᠯᠭ᠎ᠠ》 ᠵᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠠᠴᠠ ᠬᠠᠲᠤᠨ ᠭᠣᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠲᠤᠬᠠᠶ ᠮᠡᠳᠡᠭᠦᠯᠦᠯᠲᠡ ᠵᠢ ᠰᠣᠨᠣᠰᠣᠭᠰᠠᠨ᠎ᠤ ᠬᠠᠮᠲᠤ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠠᠴᠠ ᠪᠠᠶ᠋ᠢᠩᠭᠤ ᠵᠢᠨ ᠬᠣᠷᠢᠶᠠᠨ᠎ᠤ ᠬᠤᠷᠠᠯ ᠬᠤᠷᠠᠯᠳᠤᠭᠤᠯᠤᠨ 《ᠬᠠᠲᠤᠨ ᠭᠣᠤᠯ ᠳᠠᠭ᠋ᠠᠤ ᠭᠠᠵᠠᠷ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ》 ᠲᠤᠬᠠᠶ ᠲᠤᠰᠬᠠᠶ ᠰᠡᠳᠦᠪᠲᠦ ᠵᠥᠪᠯᠡᠯᠭᠡᠨ ᠬᠢᠪᠡ᠃ ᠬᠣᠶᠠᠷ᠎ᠲᠤ᠂ ᠰᠡᠳᠬᠢᠮᠵᠢ ᠠᠷᠭ᠎ᠠ ᠬᠡᠮᠵᠢᠶ᠎ᠡ᠎ᠪᠠᠨ ᠲᠣᠳᠣᠷᠬᠠᠶ ᠪᠣᠯᠭ᠋ᠠᠪᠠ᠃ ᠱ᠌ᠢ᠎ᠲᠠᠢ ᠹᠸᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠬᠠᠳᠤᠨ ᠭᠣᠣᠯ ᠳᠠᠭ᠋ᠠᠤ ᠣᠷᠣᠨ᠎ᠳᠤ ᠤᠯᠠᠨ ᠤᠳᠠᠭ᠎ᠠ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠤᠷᠢᠳ ᠬᠣᠵᠢᠳ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠤᠰᠤᠨ ᠠᠰᠢᠭᠯᠠᠯᠲᠠ ᠵᠢᠨ ᠶᠠᠮᠤᠨ ᠵᠡᠷᠭᠡ ᠤᠯᠤᠰ᠎ᠤᠨ ᠶᠠᠮᠤᠨ ᠵᠥᠪᠯᠡᠯ᠎ᠳᠤ ᠬᠦᠷᠴᠦ ᠳᠡᠮᠵᠢᠬᠦ ᠴᠢᠬᠤᠯᠠᠲᠠᠢ ᠵᠦᠢ᠍ᠯᠡᠰ᠎ᠢ ᠵᠥᠪᠳᠡᠯᠴᠡᠵᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠵᠦᠢ᠍ᠯᠡᠰ᠎ᠢ ᠤᠯᠤᠰ᠎ᠤᠨ ᠲᠥᠯᠥᠪᠵᠢᠭᠦᠯᠭᠡ ᠵᠢᠨ ᠬᠥᠲᠥᠯᠪᠦᠷᠢ᠎ᠳᠤ ᠣᠷᠣᠭᠤᠯᠬᠤ ᠵᠢ ᠠᠬᠢᠭᠤᠯᠪᠠ᠃ ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠨᠢ ᠪᠥᠬᠥ ᠣᠷᠣᠨ᠎ᠳᠤ ᠬᠠᠮᠤᠭ᠎ᠤᠨ ᠲᠦᠷᠦᠭᠦᠨ᠎ᠳᠤ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠬᠦ ᠬᠡᠷᠡᠭᠲᠡᠶ ᠭᠡᠵᠦ ᠳᠤᠷᠠᠳᠤᠨ ᠭᠠᠷᠭ᠋ᠠᠪᠠ᠃ ᠭᠤᠷᠪᠠ᠎ᠳᠤ᠂ ᠠᠵᠢᠯ᠎ᠤᠨ ᠬᠠᠮᠲᠤᠷᠠᠭᠰᠠᠨ ᠬᠦᠴᠦᠨ᠎ᠢ ᠨᠢᠭᠲᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠠᠶ᠋ᠢᠮᠠᠭ ᠬᠣᠲᠠ᠎ᠨᠤᠭᠤᠳ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠯᠠᠪᠳᠠᠭᠤᠨ ᠪᠠᠲᠤᠲᠠᠢ ᠪᠣᠶ ᠪᠣᠯᠭ᠋ᠠᠵᠤ᠂ ᠲᠢᠩᠬᠢᠮ᠎ᠤᠨ ᠬᠣᠭᠣᠷᠣᠨᠳᠣᠬᠢ ᠬᠣᠯᠪᠣᠭ᠋ᠠᠲᠤ ᠬᠤᠷᠠᠯ᠎ᠤᠨ ᠲᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠣᠷᠣᠨ ᠪᠦᠰᠡ ᠠᠯᠤᠰᠯᠠᠭᠰᠠᠨ ᠰᠠᠭᠤᠷᠢ ᠪᠡᠯᠡᠳᠬᠡᠮᠵᠢ ᠵᠢ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠭᠦᠯᠬᠦ᠂ ᠠᠮᠢ ᠠᠬᠤᠶ ᠵᠢᠨ ᠣᠷᠴᠢᠨ ᠲᠣᠭᠣᠷᠢᠨ᠎ᠢ ᠬᠣᠯᠪᠣᠭ᠋ᠠᠯᠠᠨ ᠵᠠᠰᠠᠵᠤ ᠬᠣᠯᠪᠣᠭ᠋ᠠᠯᠠᠨ ᠡᠵᠡᠮᠳᠡᠬᠦ ᠵᠡᠷᠭᠡ ᠴᠢᠬᠤᠯᠠ ᠶᠡᠬᠡ ᠠᠰᠠᠭᠤᠳᠠᠯ᠎ᠢ ᠬᠠᠮᠵᠢᠯᠴᠠᠨ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠲᠥᠯᠥᠪᠵᠢᠭᠦᠯᠭᠡ ᠵᠢᠴᠢ ᠬᠠᠮᠢᠶ᠎ᠠ ᠪᠥᠬᠥᠶ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠲᠣᠭᠲᠠᠭ᠋ᠠᠬᠤ ᠵᠢ ᠠᠬᠢᠭᠤᠯᠵᠤ᠂ ᠭᠣᠤᠯᠳᠠᠯᠭ᠎ᠠ᠎ᠲᠠᠢ ᠡᠭᠦᠷᠭᠡ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠳᠣᠭᠢᠷᠠᠭᠤᠯᠬᠤ᠂ ᠮᠥᠷᠳᠡᠵᠦ ᠰᠢᠮᠳᠠᠭᠤᠯᠤᠨ ᠭᠦᠢ᠍ᠴᠡᠳᠭᠡᠬᠦ ᠵᠢ ᠬᠡᠷᠡᠭᠵᠢᠭᠦᠯᠵᠡᠢ᠃ ᠲᠦᠷᠪᠡ᠎ᠳᠤ᠂ ᠭᠣᠣᠯᠳᠠᠯᠭ᠎ᠠ᠎ᠲᠠᠢ ᠠᠵᠢᠯ᠎ᠢ ᠠᠬᠢᠭᠤᠯᠪᠠ᠃ ᠰᠢ ᠵᠢᠨ ᠫᠢᠩ ᠶᠡᠷᠦᠩᠬᠡᠢ ᠱᠦᠵᠢ ᠵᠢᠨ ᠱᠠᠭ᠋ᠠᠷᠳᠠᠯᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠠᠮᠢ ᠠᠬᠤᠢ ᠵᠢ ᠬᠠᠮᠠᠭ᠋ᠠᠯᠠᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂ ᠡᠬᠢ ᠪᠠᠶᠠᠯᠢᠭ᠎ᠢ ᠠᠷᠪᠢᠯᠠᠬᠤ᠂ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ᠂ ᠰᠣᠶᠣᠯ᠎ᠢ ᠤᠯᠠᠮᠵᠢᠯᠠᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠡᠮᠬᠢ ᠵᠢᠷᠤᠮ᠎ᠲᠠᠢ

ᠠᠬᠢᠭᠤᠯᠵᠠᠢ᠃
ᠬᠥᠲᠥᠯᠥᠭᠴᠢ᠄
      ᠶᠡᠷᠦᠩᠬᠡᠶ ᠱᠦᠵᠢ ᠰᠢ ᠵᠢᠨ ᠫᠢᠩ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠶᠠᠷᠢᠯᠴᠠᠭ᠋ᠠᠨ᠎ᠤ ᠬᠤᠷᠠᠯ ᠳᠡᠭᠡᠷ᠎ᠡ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠳᠥᠯᠭᠢᠨ ᠠᠬᠢᠭᠤᠯᠬᠤ᠎ᠨᠢ ᠨᠢᠭᠡ ᠯᠡ ᠡᠳᠦᠷ᠎ᠲᠤ ᠦᠷ᠎ᠡ ᠪᠦᠲᠦᠮᠵᠢ ᠣᠯᠵᠤ ᠴᠢᠳᠠᠬᠤ ᠪᠢᠰᠢ᠃ ᠠᠯᠤᠰ ᠬᠡᠳᠤ ᠵᠢ ᠲᠥᠯᠥᠪᠵᠢᠭᠦᠯᠬᠦ᠎ᠪᠠᠷ ᠪᠠᠷᠠᠬᠤ ᠦᠭᠡᠢ ᠣᠳᠣᠬᠠᠨ᠎ᠤ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠵᠢᠷᠤᠭ ᠲᠥᠰᠦᠪ᠎ᠢ ᠪᠦᠬᠦ ᠲᠠᠯ᠎ᠠ᠎ᠪᠠᠷ ᠲᠤᠭᠤᠰᠢᠲᠠᠢ ᠵᠢᠷᠤᠭᠯᠠᠵᠤ᠂ ᠬᠣᠶ᠋ᠢᠨ᠎ᠠ ᠬᠣᠶ᠋ᠢᠨ᠎ᠠ᠎ᠠᠴᠠ᠎ᠨᠢ ᠵᠠᠯᠭ᠋ᠠᠨ ᠬᠢᠬᠦ ᠬᠡᠷᠡᠭᠲᠡᠢ ᠭᠡᠵᠡᠢ᠃ ᠮᠠᠨ᠎ᠤ ᠣᠷᠣᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠵᠠᠯᠭ᠋ᠠᠭ᠋ᠠᠳ ᠬᠢᠬᠦ ᠴᠢᠬᠤᠯᠠᠲᠠᠢ ᠶᠠᠮᠠᠷ ᠶᠠᠮᠠᠷ ᠭᠣᠤᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ ᠪᠠᠢ᠌ᠬᠤ ᠪᠣᠶ?
ᠴᠧᠨ ᠰᠢᠶᠤᠤ ᠪᠸᠢ᠄
      ᠳᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠶ᠋ᠢᠯᠠᠩ᠎ᠤᠨ ᠠᠩᠬᠠᠳᠤᠭ᠋ᠠᠷ ᠤᠳᠠᠭ᠋ᠠᠨ᠎ᠤ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ 《ᠬᠠᠮᠠᠭ᠋ᠠᠯᠠᠯᠲᠠ ᠵᠢ ᠬᠥᠨᠳᠦᠳᠬᠡᠵᠦ᠂ ᠵᠠᠰᠠᠯᠲᠠ ᠵᠢ ᠡᠷᠬᠢᠮᠯᠡᠬᠦ》 ᠱᠠᠭ᠋ᠠᠷᠳᠠᠯᠭ᠎ᠠ ᠵᠢ ᠲᠤᠭᠤᠰᠢᠯᠠᠭᠤᠯᠤᠨ᠂ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠂ ᠴᠢᠬᠤᠯᠠ ᠶᠡᠬᠡ ᠲᠥᠷᠥ ᠵᠢᠨ ᠪᠣᠳᠣᠯᠭ᠎ᠠ᠂ ᠴᠢᠬᠤᠯᠠ ᠶᠡᠬᠡ ᠢᠨᠵᠧᠨᠧᠷᠢᠩ᠎ᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠪᠠᠢ᠌ᠷᠢᠯᠠᠭᠤᠯᠵᠤ᠂ ᠨᠢᠭᠡ ᠴᠤᠭᠴᠠᠵᠢᠭᠤᠯᠤᠨ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠬᠠᠷᠠᠯᠲᠠ ᠡᠭᠦᠷᠭᠡ ᠵᠢ ᠪᠣᠳᠠᠲᠠᠶ᠎ᠪᠠᠷ ᠨᠠᠷᠢᠯᠢᠭ ᠠᠳᠬᠤᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠬᠦᠴᠦᠯᠡᠨ ᠰᠠᠶ᠋ᠢᠵᠢᠷᠠᠭᠤᠯᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠤᠨ᠎ᠠ᠃ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠶ᠋ᠢᠯᠠᠩ᠎ᠤᠨ ᠡᠭᠦᠷᠭᠡ ᠬᠠᠷᠢᠭᠤᠴᠠᠯᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠷᠥᠯ ᠵᠦᠢ᠍ᠯ᠎ᠢ ᠠᠬᠢᠭᠤᠯᠬᠤ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠬᠣᠶᠠᠷ᠎ᠲᠤ᠂ ᠡᠨᠡ ᠵᠢᠯ᠎ᠤᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠳᠠᠭᠤᠰᠬᠠᠬᠤ ᠵᠢᠨ ᠬᠠᠮᠲᠤ ᠳᠠᠷᠤᠮᠠᠯᠯᠠᠨ ᠲᠠᠷᠬᠠᠭ᠋ᠠᠵᠤ᠂

《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠡᠷᠡᠭᠵᠢᠭᠦᠯᠬᠦ ᠲᠥᠰᠦᠯ ᠵᠢᠴᠢ ᠠᠮᠢ ᠠᠬᠤᠶ ᠵᠢᠨ ᠬᠠᠮᠠᠭ᠋ᠠᠯᠠᠯᠲᠠ ᠪᠠ ᠰᠡᠷᠭᠦᠭᠡᠯᠲᠡ᠂ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠡᠷᠭᠡ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠲᠦᠷᠭᠡᠳᠬᠡᠨ ᠨᠠᠢ᠌ᠷᠠᠭᠤᠯᠵᠤ ᠵᠣᠬᠢᠶᠠᠨ᠎ᠠ᠃ ᠲᠥᠷᠥᠯ ᠵᠦᠢ᠍ᠯ᠎ᠢ ᠨᠥᠭᠡᠴᠡᠯᠡᠬᠦ ᠪᠠ ᠠᠬᠢᠭᠤᠯᠬᠤ ᠠᠵᠢᠯ᠎ᠢ ᠰᠠᠶ᠋ᠢᠲᠤᠷ ᠬᠢᠨ᠎ᠠ᠃ ᠭᠤᠷᠪᠠ᠎ᠳᠤ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠤᠨ᠎ᠠ᠃ ᠡᠭᠦᠨ᠎ᠳᠤ ᠬᠠᠳᠤᠨ ᠭᠣᠣᠯ ᠳᠠᠭ᠋ᠠᠤ ᠠᠮᠢ ᠠᠬᠤᠶ ᠵᠢᠨ ᠪᠦᠰᠡ ᠵᠢᠨ ᠪᠦᠳᠦᠭᠡᠨ ᠪᠠᠶ᠋ᠢᠭᠤᠯᠤᠯᠲᠠ ᠵᠢ ᠪᠠᠭᠲᠠᠭ᠋ᠠᠭᠰᠠᠨ ᠤᠰᠤ᠂ ᠠᠭ᠋ᠠᠷ ᠮᠠᠨᠳᠠᠯ᠂ ᠬᠥᠷᠥᠰᠥ ᠰᠢᠷᠣᠶ ᠵᠢᠨ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠬᠤ ᠠᠵᠢᠯ᠎ᠢ ᠰᠠᠶ᠋ᠢᠲᠤᠷ ᠠᠳᠬᠤᠵᠤ᠂ ᠦᠶᠡᠷ᠎ᠢ ᠰᠡᠷᠭᠡᠶ᠋ᠢᠯᠡᠨ ᠨᠥᠯᠥᠮᠡᠯ᠎ᠢ ᠪᠠᠭ᠋ᠠᠰᠬᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠦᠷᠪᠡ᠎ᠳᠤ᠂ ᠤᠰᠤ ᠬᠡᠷᠡᠭᠯᠡᠬᠦ ᠠᠷᠭ᠎ᠠ ᠮᠠᠶᠢᠭ᠎ᠢ ᠬᠤᠪᠢᠷᠠᠭᠤᠯᠵᠤ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠬᠠᠮᠤᠭ᠎ᠤᠨ ᠬᠠᠲᠠᠭᠤ ᠲᠦᠷᠢᠮ᠎ᠢ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ ᠵᠶ᠋ᠠᠷ ᠬᠠᠮᠤᠭ᠎ᠤᠨ ᠴᠢᠩᠭ᠎ᠠ ᠬᠢᠵᠠᠭ᠋ᠠᠷᠯᠠᠯ ᠪᠣᠯᠭ᠋ᠠᠵᠤ᠂ ᠤᠰᠤ᠎ᠪᠠᠷ ᠬᠤᠳᠠ ᠵᠢ ᠪᠠᠲᠤᠯᠠᠬᠤ᠂ ᠤᠰᠤ᠎ᠪᠠᠷ ᠭᠠᠵᠠᠷ᠎ᠢ ᠪᠠᠲᠤᠯᠠᠬᠤ᠂ ᠤᠰᠤ᠎ᠪᠠᠷ ᠬᠥᠮᠦᠨ᠎ᠢ ᠪᠠᠲᠤᠯᠠᠬᠤ᠂ ᠤᠰᠤ᠎ᠪᠠᠷ ᠭᠠᠷᠤᠯᠲᠠ ᠵᠢ ᠪᠠᠲᠤᠯᠠᠬᠤ ᠵᠢ ᠪᠠᠷᠢᠮᠲᠠᠯᠠᠵᠤ᠂ ᠤᠰᠤᠨ᠎ᠤ ᠬᠡᠮᠵᠢᠶ᠎ᠡ᠎ᠪᠠᠷ ᠬᠡᠷᠡᠭᠯᠡᠬᠦ᠂ ᠤᠰᠤ ᠠᠷᠪᠢᠯᠠᠬᠤ᠎ᠪᠠᠷ ᠭᠣᠣᠯᠳᠠᠯᠭ᠎ᠠ ᠪᠣᠯᠭ᠋ᠠᠬᠤ ᠪᠠ ᠤᠰᠤ ᠵᠢ ᠭᠣᠣᠯ᠎ᠳᠤ ᠪᠤᠴᠠᠭ᠋ᠠᠬᠤ ᠵᠢ ᠪᠠᠷᠢᠮᠲᠠᠯᠠᠵᠤ᠂ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠥᠮᠦᠨ ᠠᠮᠠ᠂ ᠬᠤᠳᠠ ᠪᠠ ᠠᠵᠤ ᠦᠢ᠍ᠯᠡᠰ᠎ᠤᠨ ᠬᠥᠭᠵᠢᠯᠲᠡ ᠵᠢ ᠵᠦᠢ ᠵᠣᠬᠢᠰᠲᠠᠶ ᠲᠥᠯᠥᠪᠵᠢᠭᠦᠯᠦᠨ᠎ᠡ᠃ ᠲᠠᠪᠤ᠎ᠳᠤ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠪᠠ ᠤᠯᠤᠰ᠎ᠤᠨ ᠳᠣᠲᠣᠭ᠋ᠠᠳᠤ ᠬᠢᠭᠡᠳ ᠣᠯᠠᠨ ᠤᠯᠤᠰ᠎ᠤᠨ ᠳᠠᠪᠬᠤᠷ ᠣᠷᠴᠢᠯ ᠳᠤᠮᠳᠠᠬᠢ ᠪᠠᠶ᠋ᠢᠷᠢ ᠰᠠᠭᠤᠷᠢ ᠪᠠ ᠬᠠᠷᠢᠴᠠᠩᠭᠤᠢ ᠳᠠᠪᠠᠭᠤᠯᠢᠭ᠎ᠢ ᠣᠨᠣᠪᠴᠢᠲᠠᠶ ᠡᠷᠢᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠤᠯᠤᠰ᠎ᠤᠨ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠠᠮᠢ ᠠᠬᠤᠶ ᠵᠢᠨ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠬᠤ ᠵᠢᠨ ᠲᠣᠭᠣᠷᠢᠨ᠎ᠳᠤ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮᠵᠢ ᠵᠢ ᠲᠦᠷᠭᠡᠪᠴᠢᠯᠡᠨ ᠪᠠᠶ᠋ᠢᠭᠤᠯᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ᠎ᠢ ᠲᠦᠷᠭᠡᠪᠴᠢᠯᠡᠨ ᠨᠡᠭᠡᠭᠡᠨ᠎ᠡ᠃ ᠬᠥᠬᠡᠬᠣᠲᠠ ᠪᠤᠭᠤᠲᠤ ᠤᠷᠳᠤᠰ ᠦᠬᠠᠢ ᠵᠢᠨ ᠵᠣᠬᠢᠴᠠᠩᠭᠤᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠬᠠᠳᠤᠨ ᠭᠣᠣᠯ ᠳᠠᠭ᠋ᠠᠤ ᠵᠢᠨ ᠪᠤᠰᠤᠳ ᠮᠤᠵᠢ ᠣᠷᠣᠨ᠎ᠯᠤᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠪᠡᠭᠡᠵᠢᠩ ᠲᠢᠶᠠᠨᠵᠢᠨ ᠡᡁᠸᠪᠸᠢ ᠵᠢᠨ ᠬᠠᠮᠵᠢᠯᠴᠠᠨ ᠬᠥᠭᠵᠢᠯᠲᠡ᠎ᠲᠠᠢ ᠭᠦᠨᠵᠡᠭᠡᠢ ᠵᠣᠯᠭ᠋ᠠᠭᠤᠯᠤᠨ᠎ᠠ᠃ ᠵᠢᠷᠭᠤᠭ᠎ᠠ᠎ᠳᠤ᠂ ᠬᠠᠲᠤᠨ ᠭᠣᠣᠯ᠎ᠤᠨ ᠰᠣᠶᠣᠯ᠎ᠤᠨ ᠰᠢᠰᠲ᠋ᠧᠮ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠬᠠᠲᠤᠨ ᠭᠣᠣᠯ᠎ᠤᠨ ᠰᠣᠶᠣᠯ᠎ᠳᠤ ᠠᠭᠤᠯᠤᠭᠳᠠᠵᠤ ᠪᠠᠶ᠋ᠢᠭ᠎ᠠ ᠴᠠᠭ ᠦᠶ᠎ᠡ ᠵᠢᠨ ᠦᠨ᠎ᠡ ᠦᠷᠲᠡᠭ᠎ᠢ ᠠᠭᠤᠳᠠᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠲᠣᠭᠣᠷᠢᠨ᠎ᠳᠤ᠂ ᠬᠠᠲᠤᠨ ᠭᠣᠣᠯ᠎ᠤᠨ 《几》 ᠦᠰᠦᠭ᠎ᠤᠨ ᠮᠣᠷᠣᠢ᠌ᠯᠲᠠ ᠵᠢᠨ ᠰᠣᠶᠣᠯ᠎ᠤᠨ ᠵᠤᠭ᠋ᠠᠴᠠᠯ᠎ᠤᠨ ᠪᠦᠰᠡ ᠵᠢ ᠴᠢᠨᠠᠷᠯᠢᠭ ᠪᠦᠲᠦᠭᠡᠨ ᠪᠠᠶ᠋ᠢᠭᠤᠯᠤᠨ᠎ᠠ᠃
ᠬᠥᠲᠥᠯᠥᠭᠴᠢ᠄
      ᠬᠠᠮᠤᠭ ᠰᠡᠭᠦᠯ᠎ᠳᠤ᠂ ᠲᠠ ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠲᠠᠨᠢᠯᠴᠠᠭᠤᠯᠤᠨ ᠥᠭᠭᠦᠨ᠎ᠡ ᠦᠦ? ᠴᠧᠨ ᠰᠢᠶᠤᠤ ᠪᠸᠢ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠵᠥᠪᠯᠡᠯ᠎ᠠᠴᠠ ᠲᠦᠷᠦᠭᠦᠯᠡᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠵᠤ ᠪᠠᠢ᠌ᠭ᠋ᠠᠳ ᠮᠠᠨ᠎ᠤ ᠣᠷᠣᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠢᠳᠡᠪᠬᠢᠲᠡᠶ ᠠᠬᠢᠭᠤᠯᠵᠠᠢ᠃ ᠡᠭᠦᠳᠡ᠎ᠪᠠᠨ ᠨᠡᠭᠡᠭᠡᠵᠦ ᠲᠥᠯᠥᠪᠵᠢᠭᠦᠯᠭᠡ ᠨᠠᠢ᠌ᠷᠠᠭᠤᠯᠤᠨ ᠵᠣᠬᠢᠶᠠᠬᠤ ᠵᠢ ᠪᠠᠷᠢᠮᠲᠠᠯᠠᠵᠤ᠂ ᠰᠦᠯᠵᠢᠶᠡᠨ ᠳᠡᠭᠡᠷ᠎ᠡ᠂ ᠪᠢᠴᠢᠭ ᠦᠰᠦᠭ᠎ᠤᠨ ᠬᠡᠯᠪᠡᠷᠢ᠂ ᠶᠠᠷᠢᠯᠴᠠᠭ᠋ᠠᠨ᠎ᠤ ᠬᠤᠷᠠᠯ ᠬᠢᠬᠦ᠂ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠰᠤᠳᠤᠯᠤᠯᠲᠠ ᠬᠢᠬᠦ ᠵᠡᠷᠭᠡ ᠬᠡᠯᠪᠡᠷᠢ ᠵᠢ ᠬᠡᠷᠡᠭᠵᠢᠭᠦᠯᠵᠦ᠂ ᠬᠠᠳᠤᠨ ᠭᠣᠣᠯ ᠳᠠᠭ᠋ᠠᠤ ᠵᠢᠨ ᠠᠶ᠋ᠢᠮᠠᠭ ᠬᠤᠳᠠ ᠪᠠ ᠭᠣᠣᠯᠳᠠᠯᠭ᠎ᠠ᠎ᠲᠠᠢ ᠲᠢᠩᠬᠢᠮ ᠲᠣᠪᠴᠢᠶ᠎ᠠ᠎ᠳᠤ ᠤᠯᠠᠨ ᠤᠳᠠᠭ᠎ᠠ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠬᠢᠪᠡ᠃ ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠰᠤᠳᠤᠯᠤᠨ ᠶᠠᠷᠢᠯᠴᠠᠬᠤ ᠬᠤᠷᠠᠯ᠎ᠢ ᠡᠷᠭᠢᠯᠡᠵᠦ᠂ ᠤᠯᠤᠰ᠎ᠤᠨ ᠲᠠᠰ᠎ᠤᠨ ᠰᠤᠳᠤᠯᠭ᠋ᠠᠨ᠎ᠤ ᠪᠠᠶ᠋ᠢᠭᠤᠯᠤᠮᠵᠢ ᠵᠢ ᠤᠷᠢᠵᠤ ᠲᠥᠯᠥᠪᠵᠢᠭᠦᠯᠭᠡ ᠵᠢᠨ ᠰᠤᠳᠤᠯᠭ᠋ᠠᠨ ᠥᠷᠨᠢᠭᠦᠯᠪᠡ᠃ ᠲᠥᠯᠥᠪᠵᠢᠭᠦᠯᠭᠡ ᠵᠢ ᠰᠤᠳᠤᠯᠤᠨ ᠨᠠᠶ᠋ᠢᠷᠠᠭᠤᠯᠬᠤ ᠶᠠᠪᠤᠴᠠ᠎ᠳᠤ᠂ ᠪᠢᠳᠡ ᠢᠮᠠᠭᠲᠠ ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠪᠠᠷ ᠠᠵᠢᠯᠯᠠᠭ᠋ᠠᠨ᠎ᠤ ᠵᠦᠭᠯᠡᠭᠦᠷ ᠪᠣᠯᠭ᠋ᠠᠵᠤ᠂ ᠲᠥᠪ᠎ᠠᠴᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠵᠢᠨ ᠠᠮᠤᠷ ᠲᠣᠭᠲᠠᠭᠤᠨ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠯᠪᠠᠰᠤᠷᠠᠭᠤᠯᠤᠯᠲᠠ ᠵᠢᠨ ᠰᠠᠭᠤᠷᠢᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ ᠵᠢ ᠪᠠᠢ᠌ᠭᠤᠯᠬᠤ ᠵᠡᠷᠭᠡ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ᠂ ᠤᠯᠤᠰ᠎ᠤᠨ ᠬᠠᠲᠤᠨ ᠭᠣᠣᠯ᠎ᠤᠨ ᠪᠠᠶ᠋ᠢᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠪᠠ ᠥᠪᠥᠷ ᠮᠣᠩᠭᠣᠯ᠎ᠤᠨ ᠪᠣᠳᠠᠲᠤ ᠬᠡᠷᠡᠭᠴᠡᠭᠡ ᠱᠠᠭ᠋ᠠᠷᠳᠠᠯᠭ᠎ᠠ ᠵᠢ ᠣᠷᠭ᠋ᠠᠨᠢᠭ ᠵᠶ᠋ᠠᠷ ᠤᠶᠠᠯᠳᠤᠭᠤᠯᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ᠂ ᠰᠢᠨᠵᠢᠯᠡᠬᠦ ᠤᠬᠠᠭ᠋ᠠᠨᠴᠢ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ᠎ᠢ ᠢᠳᠡᠪᠬᠢᠲᠡᠢ ᠰᠦᠪᠡᠭᠴᠢᠯᠡᠵᠦ᠂ ᠦᠵᠡᠰᠬᠦᠯᠡᠩᠲᠦ ᠰᠠᠶ᠋ᠢᠬᠠᠨ ᠬᠠᠳᠤᠨ ᠭᠣᠣᠯ᠂ ᠠᠮᠤᠷ ᠲᠠᠶ᠋ᠢᠪᠤᠩ ᠬᠠᠳᠤᠨ ᠭᠣᠣᠯ᠂ ᠠᠮᠢᠵᠢᠷᠠᠯ᠎ᠤᠨ ᠬᠦᠴᠦᠨ᠎ᠲᠠᠢ ᠬᠠᠳᠤᠨ ᠭᠣᠣᠯ᠂ ᠠᠭᠤᠰᠤᠯᠴᠠᠭᠰᠠᠨ ᠬᠠᠳᠤᠨ ᠭᠣᠣᠯ᠂ ᠲᠠᠲᠠᠬᠤ ᠬᠦᠴᠦᠨ ᠪᠦᠬᠦᠢ ᠬᠠᠳᠤᠨ ᠭᠣᠣᠯ᠂ ᠵᠣᠯ ᠵᠢᠷᠭ᠋ᠠᠯᠲᠤ ᠬᠠᠳᠤᠨ ᠭᠣᠣᠯ᠎ᠢ ᠪᠦᠳᠦᠭᠡᠨ ᠪᠠᠶ᠋ᠢᠭᠤᠯᠬᠤ ᠶᠡᠷᠦᠩᠬᠡᠢ ᠰᠡᠳᠬᠢᠴᠡ ᠪᠣᠯᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠴᠠᠢ᠃ ᠪᠢᠳᠠ ᠤᠯᠤᠰ᠎ᠤᠨ ᠬᠠᠲᠤᠨ ᠭᠣᠣᠯ᠎ᠤᠨ ᠲᠥᠯᠥᠪᠵᠢᠭᠦᠯᠭᠡ ᠵᠢᠨ ᠬᠥᠲᠥᠯᠪᠦᠷᠢ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠬᠠᠷᠢᠴᠠᠭᠤᠯᠤᠯ ᠪᠣᠯᠭ᠋ᠠᠵᠤ᠂ ᠪᠦᠬᠦ ᠵᠥᠪᠯᠡᠯ᠎ᠤᠨ ᠬᠦᠴᠦᠨ᠎ᠢ ᠲᠥᠪᠯᠡᠷᠡᠭᠦᠯᠵᠦ᠂ ᠨᠡᠶ᠋ᠢᠭᠡᠮ᠎ᠤᠨ ᠡᠬᠢ ᠪᠠᠶᠠᠯᠢᠭ᠎ᠢ ᠳᠠᠢ᠌ᠴᠢᠯᠠᠨ᠂ ᠤᠯᠠᠨ ᠲᠠᠯ᠎ᠠ ᠵᠢᠨ ᠰᠠᠨᠠᠯ᠎ᠢ ᠬᠤᠷᠢᠶᠠᠵᠤ᠂ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢ ᠪᠡᠶᠡᠯᠡᠭᠦᠯᠵᠦ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢᠨ ᠲᠥᠯᠥᠪᠵᠢᠭᠦᠯᠭᠡ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠭᠤᠯᠵᠤ ᠳᠠᠷᠤᠮᠠᠯᠯᠠᠨ ᠲᠠᠷᠬᠠᠭ᠋ᠠᠬᠤ᠎ᠪᠠᠷ ᠴᠢᠷᠮᠠᠶ᠋ᠢᠨ᠎ᠠ᠃
ᠬᠥᠲᠥᠯᠥᠭᠴᠢ᠄
      ᠵᠠ᠂ ᠰᠠᠢ᠌ᠨ ᠪᠣᠯᠣᠯ᠎ᠠ᠃ ᠴᠧᠨ ᠲᠣᠪᠴᠢᠶᠠᠨ ᠳᠠᠷᠤᠭ᠎ᠠ ᠵᠢᠨ ᠬᠦᠯᠢᠴᠡᠩᠭᠦᠢ᠎ᠪᠠᠷ ᠲᠠᠢ᠌ᠯᠤᠮᠵᠢ ᠬᠢᠭᠰᠡᠨ᠎ᠳᠤ ᠶᠡᠬᠡᠳᠡ ᠲᠠᠯᠠᠷᠬᠠᠵᠤ ᠪᠠᠶ᠋ᠢᠬᠤ ᠪᠥᠭᠡᠳ ᠥᠷᠭᠡᠨ ᠣᠯᠠᠨ ᠰᠦᠯᠵᠢᠶᠡᠨ ᠨᠠᠶ᠋ᠢᠵᠠ ᠨᠠᠷ᠎ᠤᠨ ᠢᠳᠡᠪᠬᠢᠲᠡᠶ ᠣᠷᠣᠯᠴᠠᠭᠰᠠᠨ᠎ᠳᠤ   ᠪᠠᠰᠠ ᠶᠡᠬᠡᠳᠡ ᠲᠠᠯᠠᠷᠬᠠᠵᠤ ᠪᠠᠶ᠋ᠢᠨ᠎ᠠ᠃ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠥᠨᠳᠥᠷᠯᠡᠬᠦ ᠪᠣᠯᠣᠯ᠎ᠠ᠂ ᠪᠢᠳᠡ ᠳᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠶ ᠵᠣᠯᠭ᠋ᠠᠶ᠎ᠠ!
ᠴᠧᠨ ᠰᠢᠶᠤᠤ ᠪᠸᠢ᠄
      ᠲᠠ ᠪᠦᠬᠦᠨ᠎ᠳᠤ ᠪᠠᠶᠠᠷᠯᠠᠯ᠎ᠠ᠃ ᠪᠠᠶᠠᠷᠲᠠᠶ!

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ《ᠺᠦᠨᠯᠦ᠋ᠨ 2020》 ᠲᠤᠰᠬᠠᠶ ᠠᠵᠢᠯᠯᠠᠭ᠎ᠠ᠂ 2020 ᠣᠨ᠎ᠤ ᠪᠥᠬᠥ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ᠎ᠤ ᠲᠠᠪᠴᠠᠩ ᠵᠡᠷᠭᠡ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ᠎ᠬᠢᠨ 2020 ᠣᠨ᠎ᠤ ᠬᠥᠬᠡᠬᠣᠲᠠ ᠪᠣᠭᠣᠮᠲᠠ ᠵᠢᠨ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠬᠤ ᠲᠤᠬᠠᠶ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠠᠵᠢᠯ᠎ᠤᠨ ᠨᠡᠶ᠋ᠢᠲᠡᠯᠡᠬᠦ ᠬᠤᠷᠠᠯ ᠬᠤᠷᠠᠯᠳᠤᠭᠤᠯᠵᠠᠢ
 
            