ᠰᠤᠷᠪᠤᠯᠵᠢᠯᠠᠭᠰᠠᠨ ᠴᠠᠭ᠄ 2021 ᠣᠨ 3 ᠳ᠋ᠤᠭ᠋ᠠᠷ ᠰᠠᠷ᠎ᠠ ᠵᠢᠨ 10᠎ᠤ ᠡᠳᠦᠷ
ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ
ᠠᠭᠤᠯᠭ᠎ᠠ ᠵᠢᠨ ᠲᠣᠪᠴᠢ
ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠪᠣᠯ ᠬᠥᠭᠵᠢᠯᠲᠡ ᠵᠢᠨ ᠣᠷᠴᠢᠨ ᠨᠥᠬᠥᠴᠡᠯ᠎ᠤᠨ ᠴᠢᠬᠤᠯᠠ ᠠᠭᠤᠯᠭ᠎ᠠ ᠮᠥᠨ᠂ ᠨᠢᠭᠡ ᠭᠠᠵᠠᠷ ᠣᠷᠣᠨ᠎ᠤ ᠠᠵᠤ ᠠᠬᠤᠢ ᠵᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠢ᠌ᠯᠡᠭᠰᠡᠨ ᠦᠷᠢᠰᠦᠯᠳᠦᠬᠦ ᠬᠦᠴᠦᠨ᠎ᠤ ᠲᠥᠪᠯᠡᠷᠡᠩᠭᠦᠢ ᠢᠯᠡᠷᠡᠯ ᠶᠤᠮ᠃ ᠮᠠᠨ᠎ᠤ ᠤᠯᠤᠰ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠦᠨ ᠠᠭᠢᠬᠤ᠂ ᠪᠥᠬᠥ ᠲᠠᠯ᠎ᠠ᠎ᠪᠠᠷ ᠨᠡᠭᠡᠭᠡᠯᠲᠡ ᠬᠢᠬᠦ ᠪᠠᠢ᠌ᠷᠢᠰᠢᠯ᠎ᠤᠨ ᠦᠷᠭᠦᠯᠵᠢᠯᠡᠨ ᠪᠦᠷᠢᠨᠰᠢᠬᠦ ᠵᠢᠴᠢ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠲᠠᠰᠤᠷᠠᠯᠲᠠ ᠥᠬᠡᠶ ᠬᠥᠭᠵᠢᠬᠦ ᠵᠢ ᠳᠠᠭ᠋ᠠᠯᠳᠤᠨ᠂ ᠠᠵᠤ ᠠᠬᠤᠶ ᠨᠡᠢ᠌ᠭᠡᠮ᠎ᠤᠨ ᠬᠥᠭᠵᠢᠯᠲᠡ ᠳᠤᠮᠳᠠ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠤᠨ ᠰᠠᠭᠤᠷᠢ ᠪᠣᠯᠬᠤ ᠪᠠᠢ᠌ᠷᠢ ᠰᠠᠭᠤᠷᠢ ᠪᠠ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠥᠷᠢᠰᠥᠯᠳᠦᠭᠡᠨ ᠳᠤᠮᠳᠠ ᠲᠤᠯᠭ᠋ᠠᠭᠤᠷᠢᠯᠠᠬᠤ ᠦᠢᠯᠡᠳᠦᠯ᠎ᠨᠢ ᠡᠳᠦᠷ ᠢᠷᠡᠬᠦᠶ᠎ᠡ ᠲᠣᠪᠣᠢ᠌ᠮ᠎ᠠ ᠪᠣᠯᠵᠣ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠬᠤ ᠪᠠ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠶᠡᠬᠡ᠎ᠪᠠᠷ ᠠᠭᠢᠭᠤᠯᠤᠨ᠂ 《ᠮᠥᠩᠬᠡ ᠰᠤᠪᠠᠭ ᠵᠶ᠋ᠠᠷ ᠭᠦᠢᠴᠡᠳᠬᠡᠬᠦ · ᠨᠢᠭᠡ ᠰᠦᠯᠵᠢᠶ᠎ᠡ᠎ᠪᠠᠷ ᠭᠦᠢᠴᠡᠳᠬᠡᠬᠦ᠂ ᠠᠯᠠᠭ᠋ᠠᠨ ᠳᠡᠭᠡᠷ᠎ᠡ ᠭᠦᠢᠴᠡᠳᠬᠡᠬᠦ᠂ ᠨᠢᠭᠡ ᠯᠠ ᠤᠳᠠᠭ᠎ᠠ᠎ᠳᠤ ᠭᠦᠢᠴᠡᠳᠬᠡᠬᠦ᠂ ᠲᠠᠨ᠎ᠳᠤ ᠬᠠᠪᠰᠤᠷᠤᠨ ᠭᠦᠢᠴᠡᠳᠬᠡᠬᠦ》 ᠵᠡᠷᠭᠡ ᠠᠯᠢ ᠣᠯᠠᠨ ᠠᠵᠢᠯ᠎ᠤᠨ ᠬᠡᠷᠡᠭᠵᠢᠭᠦᠯᠬᠦ ᠲᠥᠰᠦᠯᠤᠳᠢ ᠲᠣᠭᠲᠠᠭ᠋ᠠᠨ ᠨᠡᠢ᠌ᠲᠡᠯᠡᠭᠡᠳ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠭᠢᠭᠤᠯᠤᠭᠰᠠᠨ ᠪᠠᠢ᠌ᠨ᠎ᠠ᠃
ᠬᠥᠲᠥᠯᠥᠭᠴᠢ 2021 - 03109᠄ 00
ᠰᠦᠯᠵᠢᠶᠡᠨ᠎ᠤ ᠠᠨᠳᠠ ᠨᠠᠷ ᠲᠠ ᠪᠦᠬᠦᠨ ᠰᠠᠢ᠌ᠨ ᠪᠠᠢ᠌ᠵᠠᠭ᠋ᠠᠨ᠎ᠠ ᠤᠤ! ᠲᠣᠰ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠴᠢᠨᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩᠢ ᠤᠷᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠲᠡᠭᠡᠭᠰᠢᠯᠡᠭᠦᠯᠦᠶ᠎ᠡ ᠭᠡᠬᠦ ᠰᠡᠳᠦᠪ ᠵᠶ᠋ᠠᠷ ᠣᠯᠠᠨ᠎ᠲᠠᠢ ᠶᠠᠷᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠶ ᠪᠠᠢ᠌ᠨ᠎ᠠ᠃ ᠪᠣᠤ ᠲᠣᠪᠴᠢᠶᠠᠨ ᠳᠠᠷᠤᠭ᠎ᠠ ᠵᠢ ᠪᠠᠶᠠᠷᠯᠠᠨ ᠤᠭᠲᠤᠵᠤ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 00
ᠬᠥᠲᠥᠯᠥᠭᠴᠢ ᠪᠠ ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠲᠠ ᠣᠯᠠᠨ᠎ᠲᠠᠢ᠎ᠪᠠᠨ ᠶᠠᠷᠢᠯᠴᠠᠬᠤ ᠪᠣᠯᠤᠭᠰᠠᠨ᠎ᠳᠤ᠎ᠪᠠᠨ ᠶᠡᠬᠡ ᠪᠠᠶᠠᠷᠲᠠᠢ ᠪᠠᠢ᠌ᠨ᠎ᠠ᠃
ᠬᠥᠲᠥᠯᠥᠭᠴᠢ 2021 - 03109᠄ 00
ᠬᠤᠳᠠᠯᠳᠤᠭ᠎ᠠ ᠡᠵᠡᠩᠨᠡᠬᠦ ᠰᠠᠢ᠍ᠢ᠍ᠨ ᠰᠠᠢ᠌ᠬᠠᠨ ᠣᠷᠴᠢᠨ ᠨᠥᠬᠥᠴᠡᠯ ᠪᠣᠯ ᠦᠢ᠍ᠯᠡᠳᠪᠦᠷᠢᠯᠡᠯ᠎ᠤᠨ ᠬᠦᠴᠦᠨ᠂ ᠦᠷᠢᠰᠦᠯᠳᠦᠬᠦ ᠬᠦᠴᠦᠨ᠂ ᠵᠥᠭᠡᠯᠡᠨ ᠪᠣᠳᠠᠲᠤ ᠬᠦᠴᠦᠨ ᠮᠥᠨ᠂ ᠲᠡᠷᠡ᠎ᠨᠢ ᠠᠵᠤ ᠠᠬᠤᠢ ᠨᠡᠢ᠌ᠭᠡᠮ᠎ᠤᠨ ᠡᠷᠡᠭᠦᠯ ᠵᠶ᠋ᠡᠷ ᠬᠥᠭᠵᠢᠬᠦ᠎ᠲᠠᠢ ᠰᠢᠭᠤᠳ ᠬᠣᠯᠪᠣᠭᠳᠠᠵᠤ ᠪᠠᠢ᠌ᠳᠠᠭ᠃ ᠴᠠᠭ᠋ᠠᠨ ᠰᠠᠷ᠎ᠠ ᠵᠢᠨ ᠳᠠᠷᠠᠭ᠎ᠠ ᠠᠵᠢᠯ᠎ᠳᠤ ᠭᠠᠷᠤᠭᠰᠠᠨ ᠠᠩᠬᠠᠨ᠎ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠥ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠤᠯᠤᠰ ᠲᠥᠷᠥ ᠵᠢᠨ ᠠᠮᠢ ᠠᠬᠤᠶ ᠵᠢ ᠴᠡᠪᠡᠷᠰᠢᠭᠦᠯᠬᠦ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠡᠨᠡ ᠵᠢᠯ ᠭᠣᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 01
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠨᠢᠭᠡᠨ ᠲᠣᠮᠤ ᠶᠠᠪᠤᠳᠠᠯ ᠪᠣᠯᠭ᠋ᠠᠨ ᠠᠳᠬᠤᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢ᠌ᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠥᠬᠥ ᠬᠦᠴᠦᠨ ᠵᠶ᠋ᠡᠷ ᠵᠶ᠋ᠡᠨ ᠴᠣᠭᠴᠠᠯᠠᠵᠤ ᠪᠤᠢ᠃ 2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠬᠡᠪ ᠵᠶ᠋ᠡᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ 《ᠮᠥᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠶ ᠪᠣᠶ ᠪᠣᠯᠭ᠋ᠠᠵᠤ᠂ 《ᠨᠢᠭᠡ ᠰᠦᠯᠵᠢᠶ᠎ᠡ᠎ᠪᠠᠷ ᠭᠦᠢᠴᠡᠳᠬᠡᠬᠦ᠂ ᠠᠯᠠᠭ᠋ᠠᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ᠎ᠳᠤ ᠭᠦᠢᠴᠡᠳᠬᠡᠬᠦ᠂ ᠲᠠᠨ᠎ᠳᠤ ᠬᠠᠪᠰᠤᠷᠤᠨ ᠭᠦᠢᠴᠡᠳᠬᠡᠬᠦ》 4 ᠵᠦᠢᠯ᠎ᠤᠨ ᠭᠣᠤᠯᠳᠠᠯᠭ᠎ᠠ᠎ᠲᠠᠢ ᠠᠵᠢᠯ ᠵᠶ᠋ᠠᠷ ᠭᠠᠷᠳᠠᠴᠠ ᠪᠣᠯᠭ᠋ᠠᠵᠤ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠭᠦᠨᠵᠡᠭᠡᠶ ᠠᠬᠢᠭᠤᠯᠵᠤ᠂ ᠨᠠᠷᠢᠯᠢᠭ ᠦᠢᠯᠡᠴᠢᠯᠡᠭᠡ᠎ᠪᠠᠨ ᠨᠢᠭᠲᠠ᠎ᠠᠴᠠ ᠨᠢᠭᠲᠠ ᠰᠠᠢ᠌ᠲᠤᠷ ᠬᠢᠵᠦ᠂ ᠡᠷᠬᠡ ᠲᠡᠭᠰᠢ ᠢᠯᠡ ᠲᠣᠳᠣ᠂ ᠲᠥᠪ ᠭᠣᠤᠯᠴᠢ ᠥᠨᠳᠥᠷ ᠪᠦᠲᠦᠮᠵᠢᠲᠡᠶ᠂ ᠦᠨᠡᠨᠴᠢ ᠢᠲᠡᠭᠡᠮᠵᠢᠲᠡᠶ᠎ᠪᠠᠷ ᠬᠠᠤᠯᠢ ᠵᠢ ᠰᠠᠬᠢᠬᠤ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠪᠥᠬᠥ ᠬᠦᠴᠦᠨ ᠵᠶ᠋ᠡᠷ ᠵᠶ᠋ᠡᠨ ᠪᠣᠶ ᠪᠣᠯᠭ᠋ᠠᠨ᠎ᠠ᠃
ᠬᠥᠲᠥᠯᠥᠭᠴᠢ 2021 - 03109᠄ 01
ᠮᠡᠳᠡᠭᠡ ᠵᠠᠩᠭᠢ ᠵᠢᠨ ᠮᠡᠷᠭᠡᠵᠢᠯ᠎ᠤᠨ ᠦᠳᠲᠡᠷ ᠲᠦᠷᠭᠡᠨ ᠬᠥᠭᠵᠢᠯᠲᠡ ᠵᠢ ᠲᠠᠭ᠋ᠠᠯᠳᠤᠨ᠂ ᠤᠯᠠᠨ ᠲᠦᠮᠡᠨ᠎ᠤ ᠠᠵᠤ ᠠᠬᠤᠢ᠌ᠯᠠᠯ᠎ᠤᠨ ᠠᠵᠢᠯ ᠶᠠᠪᠤᠳᠠᠯ ᠡᠷᠬᠢᠯᠡᠬᠦ ᠠᠷᠭ᠎ᠠ ᠮᠠᠶᠢᠭ᠎ᠲᠤ ᠴᠤ᠌ ᠮᠠᠰᠢ ᠶᠡᠬᠡ ᠬᠤᠪᠢᠷᠠᠯᠲᠠ ᠭᠠᠷᠴᠤ᠂ ᠦᠢ᠍ᠯᠡᠴᠢᠯᠡᠭᠡᠨ᠎ᠤ ᠬᠡᠯᠪᠡᠷᠢ᠎ᠨᠢ ᠨᠡᠩ ᠤᠯᠠᠨ ᠡᠰᠢᠴᠢᠯᠡᠭᠰᠡᠨ᠂ ᠳᠥᠭᠥᠮᠴᠢᠯᠡᠭᠰᠡᠨ ᠪᠠ ᠤᠶᠤᠨᠴᠢᠯᠠᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠠᠴᠠ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠵᠢ ᠠᠬᠢᠭᠤᠯᠬᠤ ᠲᠠᠯ᠎ᠠ᠎ᠪᠠᠷ᠂ ᠢᠯᠠᠩᠭᠤᠶ᠎ᠠ ᠰᠦᠯᠵᠢᠶᠡᠨ ᠳᠡᠭᠡᠷᠡᠬᠢ 《ᠨᠢᠭᠡ ᠰᠦᠯᠵᠢᠶ᠎ᠡ》᠂ ᠰᠦᠯᠵᠢᠶᠡᠨ ᠭᠠᠳᠠᠨᠠᠬᠢ 《ᠨᠢᠭᠡ ᠴᠣᠩᠬᠣᠪᠴᠢ》 ᠵᠢᠨ ᠦᠢᠯᠡᠴᠢᠯᠡᠭᠡ ᠵᠢᠨ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 02
ᠣᠢ᠌ᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2018 ᠣᠨ᠎ᠳᠤ᠂ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠵᠢᠨ ᠲᠠᠪᠴᠠᠩ᠎ᠢ ᠰᠦᠯᠵᠢᠶᠡᠨ ᠳᠡᠭᠡᠷ᠎ᠡ ᠭᠠᠷᠭ᠋ᠠᠪᠠ; 2019 ᠣᠨ᠎ᠳᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠨᠢᠭᠡᠳᠦᠯᠲᠡᠶ ᠡᠭᠦᠳᠡ ᠡᠷᠦᠬᠡ ᠵᠢ ᠨᠢᠭᠡᠳᠦᠭᠦᠯᠬᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠤᠨ ᠬᠥᠮᠥᠷᠭᠡ ᠵᠢ ᠨᠢᠭᠡᠳᠦᠭᠦᠯᠬᠦ᠂ ᠪᠡᠶ᠎ᠡ ᠵᠢᠨ ᠭᠠᠷᠤᠯ᠎ᠤᠨ ᠭᠡᠷᠡᠴᠢᠯᠡᠯ᠎ᠢ ᠨᠢᠭᠡᠳᠦᠭᠦᠯᠬᠦ᠂ ᠡᠯᠧᠺᠲᠷᠣᠨ ᠦᠨᠡᠮᠯᠡᠯ᠎ᠤᠨ ᠬᠥᠮᠥᠷᠭᠡ ᠵᠢ ᠨᠢᠭᠡᠳᠦᠭᠦᠯᠬᠦ᠂ ᠡᠯᠧᠺᠲᠷᠣᠨ ᠲᠠᠮᠠᠭ᠎ᠠ ᠵᠢ ᠨᠢᠭᠡᠲᠦᠭᠦᠯᠬᠦ ᠵᠢ ᠪᠡᠶᠡᠯᠡᠭᠦᠯᠵᠦ᠂ ᠤᠯᠠᠮ ᠨᠢᠭᠡ ᠠᠯᠬᠤᠮ ᠡᠷᠴᠢᠮᠵᠢᠭᠦᠯᠪᠡ; 2020 ᠣᠨ᠎ᠳᠤ ᠤᠴᠢᠷ ᠶᠠᠪᠤᠳᠠᠯ᠎ᠢ ᠨᠠᠷᠢᠯᠢᠭᠵᠢᠭᠤᠯᠤᠨ ᠡᠮᠬᠢᠯᠡᠬᠦ ᠪᠠ ᠰᠠᠯᠠᠭ᠎ᠠ ᠮᠥᠴᠢᠷ᠎ᠤᠳ ᠬᠢᠨᠠᠨ ᠵᠥᠪᠰᠢᠶᠡᠷᠡᠬᠦ ᠰᠢᠰᠲ᠋ᠧᠮ᠎ᠢ ᠴᠡᠭᠴᠡᠯᠡᠨ ᠪᠠᠢ᠌ᠭᠤᠯᠵᠤ ᠠᠵᠢᠯ ᠵᠶ᠋ᠠᠨ ᠵᠣᠯᠭ᠋ᠠᠭᠤᠯᠬᠤ ᠵᠢ ᠥᠷᠨᠢᠭᠦᠯᠵᠦ᠂ ᠮᠠᠰᠢ ᠰᠠᠢ᠌ᠨ ᠰᠠᠭᠤᠷᠢ᠎ᠲᠠᠢ ᠪᠣᠯᠵᠠᠢ᠃ ᠡᠨᠡ ᠤᠳᠠᠭ᠎ᠠ ᠨᠡᠢ᠌ᠲᠡᠯᠡᠭᠰᠡᠨ 《ᠨᠢᠭᠡ ᠰᠦᠯᠵᠢᠶ᠎ᠡ᠎ᠪᠠᠷ ᠭᠦᠢᠴᠡᠳᠬᠡᠬᠦ》 ᠬᠡᠷᠡᠭᠵᠢᠭᠦᠯᠬᠦ ᠲᠥᠰᠦᠯ ᠪᠣᠯ ᠳᠠᠷᠤᠶ ᠵᠢᠷᠤᠮᠵᠢᠭᠤᠯᠤᠭᠰᠠᠨ ᠦᠢᠯᠡᠴᠢᠯᠡᠭᠡ ᠬᠢᠬᠦ ᠪᠠᠷᠢᠮᠵᠢᠶ᠎ᠠ ᠵᠢ ᠬᠡᠷᠡᠭᠯᠡᠬᠦ᠂ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠬᠢᠨᠠᠨ ᠵᠥᠪᠰᠢᠶᠡᠷᠡᠬᠦ ᠰᠢᠰᠲ᠋ᠧᠮ᠎ᠢ ᠨᠡᠪᠲᠡᠷᠡᠭᠦᠯᠬᠦ᠂ 《ᠶᠡᠷᠦᠩᠬᠡᠢ᠌ᠯᠡᠭᠰᠡᠨ ᠨᠢᠭᠡ ᠴᠣᠩᠬᠣᠪᠴᠢ᠎ᠪᠠᠷ ᠭᠥᠯᠢᠶᠡᠨ ᠠᠪᠴᠤ ᠭᠦᠢ᠍ᠴᠡᠳᠭᠡᠬᠦ》 ᠰᠢᠰᠲ᠋ᠧᠮ᠎ᠤᠨ ᠬᠡᠷᠡᠭᠯᠡᠯᠲᠡ ᠵᠢ ᠳᠡᠯᠭᠡᠷᠡᠭᠦᠯᠬᠦ᠂ ᠨᠢᠭᠡᠳᠦᠯᠲᠡᠶ ᠲᠤᠯᠭ᠋ᠠᠭᠤᠷᠢᠯᠠᠬᠤ ᠰᠢᠰᠲ᠋ᠧᠮ᠎ᠢ ᠪᠡᠬᠢᠵᠢᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠠᠭᠤᠰᠤᠯᠴᠠᠭᠤᠯᠬᠤ ᠵᠡᠷᠭᠡ ᠬᠠᠮ ᠠᠷᠭ᠎ᠠ ᠬᠡᠮᠵᠢᠶ᠎ᠡ ᠵᠢ ᠠᠪᠬᠤ᠎ᠪᠠᠷ ᠳᠠᠮᠵᠢᠭᠤᠯᠤᠨ᠂ ᠠᠵᠤ ᠠᠬᠤᠢ᠌ᠯᠠᠯ ᠣᠯᠠᠨ ᠲᠦᠮᠡᠨ᠎ᠤ ᠠᠩᠬᠠᠷᠴᠤ ᠪᠠᠢ᠌ᠭ᠎ᠠ ᠥᠨᠳᠥᠷ ᠲᠠᠪᠳᠠᠮᠵᠢᠳᠤ ᠦᠢᠯᠡᠴᠢᠯᠡᠭᠡᠨ᠎ᠤ ᠠᠭᠤᠯᠭ᠎ᠠ ᠵᠢ ᠰᠦᠯᠵᠢᠶᠡᠨ ᠳᠡᠭᠡᠷ᠎ᠡ ᠭᠦᠢ᠍ᠴᠡᠳᠬᠡᠵᠦ ᠪᠠᠢ᠌ᠭᠰᠠᠨ᠎ᠢ ᠰᠦᠯᠵᠢᠶᠡᠨ ᠳᠡᠭᠡᠷ᠎ᠡ ᠳᠦᠭᠦᠮ ᠭᠦᠢᠴᠡᠳᠬᠡᠬᠦ᠂ ᠰᠦᠯᠵᠢᠶᠡᠨ ᠳᠡᠭᠡᠷ᠎ᠡ ᠠᠮᠠᠷᠬᠠᠨ ᠭᠦᠢᠴᠡᠳᠬᠡᠬᠦ ᠲᠡᠢ᠌ᠰᠢ ᠬᠤᠪᠢᠷᠠᠭᠤᠯᠬᠤ ᠶᠠᠪᠤᠳᠠᠯ ᠪᠣᠯᠤᠨ᠎ᠠ᠃ ᠰᠦᠯᠵᠢᠶᠡᠨ᠎ᠠᠴᠠ ᠭᠠᠳᠠᠨ᠎ᠠ ᠶᠡᠬᠡ ᠲᠢᠩᠬᠢᠮ᠎ᠳᠤ᠂ ᠡᠯ᠎ᠡ ᠰᠠᠯᠠᠭ᠎ᠠ ᠮᠥᠴᠢᠷ᠎ᠲᠤ ᠲᠠᠷᠬᠠᠵᠤ ᠪᠠᠢ᠌ᠭ᠎ᠠ ᠦᠢᠯᠡᠴᠢᠯᠡᠭᠡᠨ᠎ᠤ ᠴᠣᠩᠬᠤᠪᠴᠢ ᠵᠢ ᠠᠯᠬᠤᠮ ᠠᠯᠬᠤᠮ ᠵᠶ᠋ᠠᠷ ᠡᠮᠬᠢᠯᠡᠨ ᠨᠡᠢ᠌ᠯᠡᠭᠦᠯᠵᠦ ᠶᠡᠷᠦᠩᠬᠡᠢ᠌ᠯᠡᠨ ᠭᠥᠯᠢᠶᠡᠨ ᠠᠪᠴᠤ ᠭᠦᠢ᠍ᠴᠡᠳᠭᠡᠬᠦ ᠴᠣᠩᠬᠤᠪᠴᠢ ᠪᠣᠯᠭ᠋ᠠᠨ᠂ 《ᠡᠮᠦᠨ᠎ᠡ ᠲᠠᠪᠴᠠᠩ᠎ᠳᠤ ᠶᠡᠷᠦᠩᠬᠡᠢ᠌ᠯᠡᠨ ᠭᠥᠯᠢᠶᠡᠨ ᠠᠪᠴᠤ᠂ ᠠᠷᠤ ᠲᠠᠪᠴᠠᠩ᠎ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠢ᠌ᠯᠡᠭᠰᠡᠨ ᠴᠣᠩᠬᠤᠪᠴᠢ᠎ᠪᠠᠷ ᠪᠢᠴᠢᠭ ᠮᠠᠲ᠋ᠧᠷᠢᠶᠠᠯ ᠭᠠᠷᠭ᠋ᠠᠬᠤ》 ᠦᠢᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ᠎ᠢ 《ᠣᠯᠠᠨ ᠡᠭᠦᠳᠡ᠎ᠪᠠᠷ ᠭᠦᠶᠦᠵᠦ》 ᠪᠠᠢ᠌ᠭᠰᠠᠨ᠎ᠠᠴᠠ᠎ᠨᠢ 《ᠨᠢᠭᠡ ᠡᠭᠦᠳᠡ᠎ᠪᠠᠷ ᠭᠦᠶᠦᠬᠦ》 ᠪᠣᠯᠭ᠋ᠠᠨ ᠬᠤᠪᠢᠷᠠᠭᠤᠯᠵᠤ᠂ 《ᠰᠠᠯᠠᠭ᠎ᠠ ᠮᠥᠴᠢᠷ᠎ᠢ ᠡᠷᠢᠬᠦ》 ᠪᠠᠢ᠌ᠭᠰᠠᠨ᠎ᠠᠴᠠ᠎ᠨᠢ 《ᠵᠠᠰᠠᠭ᠎ᠤᠨ ᠣᠷᠳᠣᠨ᠎ᠢ ᠡᠷᠢᠬᠦ》 ᠪᠣᠯᠭ᠋ᠠᠨ ᠬᠤᠪᠢᠷᠠᠭᠤᠯᠤᠨ᠎ᠠ᠃
ᠬᠥᠲᠥᠯᠥᠭᠴᠢ 2021 - 03109᠄ 03
《ᠮᠥᠩᠬᠡ ᠰᠤᠪᠠᠭ》 APP᠎ᠢ ᠰᠦᠯᠵᠢᠶᠡᠨ᠎ᠳᠤ ᠭᠠᠷᠭ᠋ᠠᠭᠰᠠᠨ᠎ᠠᠴᠠ ᠨᠠᠭ᠋ᠠᠰᠢ᠂ ᠮᠠᠨ᠎ᠤ ᠣᠷᠤᠨ᠎ᠤ ᠨᠡᠢ᠌ᠭᠡᠮ᠎ᠤᠨ ᠡᠯ᠎ᠡ ᠡᠲᠡᠭᠡᠳᠤᠬᠢᠨᠤ ᠠᠩᠬᠠᠷᠤᠯ᠎ᠢ ᠳᠠᠲᠠᠵᠠᠢ᠃ ᠡᠭᠦᠨ᠎ᠠᠴᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠢᠨ᠎ᠡ ᠮᠡᠳᠡᠭᠡ ᠵᠢᠭᠤᠴᠢᠯᠠᠭᠤᠷ᠎ᠤᠨ ᠬᠣᠵᠢᠭᠤ ᠳᠠᠪᠠᠭᠤᠯᠢᠭ᠎ᠢ ᠮᠡᠳᠡᠵᠦ ᠪᠣᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠠᠷᠭ᠎ᠠ ᠮᠠᠶᠢᠭ᠎ᠢ ᠲᠠᠰᠤᠷᠠᠯᠲᠠ ᠦᠭᠡᠢ ᠥᠷᠭᠡᠵᠢᠭᠦᠯᠵᠦ 《ᠰᠦᠯᠵᠢᠶᠠᠨ ᠭᠠᠳᠠᠨ᠎ᠠ》᠎ᠠᠴᠠ 《ᠰᠦᠯᠵᠢᠶᠡᠨ ᠳᠡᠭᠡᠷ᠎ᠡ》 ᠳᠠᠬᠢᠨ
《ᠠᠯᠠᠭ᠋ᠠᠨ ᠳᠡᠭᠡᠷ᠎ᠡ》 ᠭᠦᠢ᠍ᠴᠡᠳᠭᠡᠬᠦ ᠶᠠᠪᠤᠴᠠ᠎ᠳᠤ 《ᠮᠥᠩᠬᠡ ᠰᠤᠪᠠᠭ》 APP᠎ᠨᠢ ᠠᠵᠤ ᠠᠬᠤᠢ᠌ᠯᠠᠯ ᠠᠷᠠᠳ ᠲᠦᠮᠡᠨ᠎ᠳᠤ ᠬᠡᠷᠬᠢᠨ ᠳᠦᠭᠦᠮ ᠦᠵᠡᠭᠦᠯᠦᠭᠰᠡᠨ ᠪᠤᠢ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 03
《ᠮᠥᠩᠬᠡ ᠰᠤᠪᠠᠭ》 APP᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠲᠣᠭ᠋ᠠᠴᠢᠯᠠᠬᠤ ᠬᠡᠯᠪᠡᠷᠢ ᠪᠣᠯᠭ᠋ᠠᠭᠰᠠᠨ ᠦᠢᠯᠡᠳᠦᠯᠭᠡ ᠵᠢᠨ ᠴᠢᠬᠤᠯᠠ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ᠂ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ᠎ᠤᠨ ᠪᠦᠲᠦᠮᠵᠢᠲᠡᠶ ᠤᠷᠲᠤᠳᠬᠠᠯ ᠪᠣᠯᠵᠠᠢ᠂ 《ᠠᠯᠠᠭ᠋ᠠᠨ ᠳᠡᠭᠡᠷ᠎ᠡ ᠭᠦᠢᠴᠡᠳᠬᠡᠬᠦ》 ᠬᠡᠷᠡᠭᠵᠢᠭᠦᠯᠬᠦ ᠲᠥᠰᠦᠯ᠎ᠢ ᠨᠡᠢ᠌ᠲᠡᠯᠡᠭᠰᠡᠨ᠎ᠤ ᠵᠣᠷᠢᠯᠭ᠎ᠠ᠎ᠨᠢ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠴᠢᠳᠠᠪᠤᠷᠢ ᠵᠢᠴᠢ ᠳᠥᠭᠥᠮᠴᠢᠯᠡᠯᠲᠡ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠦᠭᠡ ᠶᠤᠮ᠃ 2020 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ 《ᠮᠥᠩᠬᠡ ᠰᠤᠪᠠᠭ》 APP ᠵᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠭ᠋ᠠᠳ᠂ 12 ᠠᠢ᠌ᠮᠠᠭ ᠬᠣᠲᠠ᠂ 103 ᠬᠣᠰᠢᠭᠤ ᠰᠢᠶᠠᠨ (ᠬᠣᠲᠠ᠂ ᠲᠣᠭᠣᠷᠢᠭ)᠎ᠳᠤ 《ᠰᠦᠯᠵᠢᠶᠡᠨ ᠳᠡᠭᠡᠷᠡᠬᠢ ᠴᠣᠩᠬᠤᠪᠴᠢ》 ᠵᠢ ᠨᠡᠭᠡᠭᠡᠨ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ 《ᠭᠤᠷᠪᠠᠨ ᠱᠠᠲᠤ》 ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠡᠷᠡᠭᠯᠡᠬᠦ ᠵᠢ ᠪᠡᠶᠡᠯᠡᠭᠦᠯᠵᠡᠢ᠃ ᠰᠦᠯᠵᠢᠶᠡᠨ᠎ᠳᠤ ᠭᠠᠷᠭ᠋ᠠᠭᠰᠠᠨ᠎ᠤ 10 ᠰᠠᠷ᠎ᠠ ᠵᠢᠨ ᠳᠠᠷᠠᠭ᠎ᠠ᠂ 《ᠮᠥᠩᠬᠡ ᠰᠤᠪᠠᠭ》 APP᠎ᠳᠤ ᠳᠠᠩᠰᠠᠯᠠᠭᠤᠯᠤᠭᠰᠠᠨ ᠬᠡᠷᠡᠭᠯᠡᠭᠴᠢ ᠡᠷᠦᠬᠡ 410 ᠲᠦᠮᠡ᠎ᠳᠤ ᠬᠦᠷᠴᠦ᠂ ᠠᠰᠢᠭᠯᠠᠭᠰᠠᠨ ᠬᠡᠷᠡᠭᠯᠡᠭᠴᠢ ᠵᠢᠨ ᠲᠣᠭ᠎ᠠ ᠨᠡᠢ᠌ᠲᠡ 7000 ᠭᠠᠷᠤᠶ ᠲᠦᠮᠡ ᠵᠢ ᠳᠠᠪᠠᠵᠤ᠂ ᠡᠷᠡᠭᠦᠯ ᠮᠡᠨᠳᠦ ᠵᠢᠨ ᠺᠣᠳ᠋᠎ᠢ 4800 ᠲᠦᠮᠡᠨ ᠤᠳᠠᠭ᠎ᠠ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ 5000 ᠭᠠᠷᠤᠶ ᠰᠠᠯᠠᠭ᠎ᠠ ᠮᠥᠴᠢᠷ᠎ᠤᠨ 10 ᠲᠦᠮᠡᠨ ᠵᠦᠢᠯ᠎ᠤᠨ ᠬᠡᠷᠡᠭ ᠤᠴᠢᠷ᠎ᠤᠨ ᠴᠤᠪᠤᠷᠠᠯ᠎ᠤᠨ ᠠᠬᠢᠴᠠ ᠵᠢ ᠪᠠᠢ᠌ᠴᠠᠭ᠋ᠠᠨ ᠯᠠᠪᠯᠠᠬᠤ᠂ ᠯᠠᠪᠯᠠᠵᠤ ᠦᠨᠡᠯᠡᠬᠦ ᠦᠢᠯᠡᠴᠢᠯᠡᠭᠡ ᠵᠢ ᠪᠡᠶᠡᠯᠡᠭᠦᠯᠵᠦ᠂ 573 ᠲᠥᠷᠦᠯ᠎ᠤᠨ ᠣᠨᠴᠠᠯᠢᠭᠲᠤ ᠬᠡᠷᠡᠭᠯᠡᠭᠡᠨᠨᠦᠭᠦᠳᠢ ᠵᠠᠯᠭ᠋ᠠᠨ ᠣᠷᠣᠭᠤᠯᠵᠤ᠂ ᠡᠷᠡᠭᠦᠯ ᠮᠡᠨᠳᠦ ᠵᠢᠨ ᠺᠠᠷᠲ᠂ ᠨᠡᠢ᠌ᠭᠡᠮ᠎ᠤᠨ ᠪᠠᠲᠤᠯᠠᠭ᠎ᠠ ᠵᠢᠨ ᠺᠠᠷᠲ᠂ ᠵᠢᠯᠣᠭᠣᠴᠢ ᠵᠢᠨ ᠦᠨᠡᠮᠯᠡᠯ ᠵᠡᠷᠭᠡ 16 ᠲᠥᠷᠥᠯ᠎ᠤᠨ ᠡᠯᠧᠺᠲᠷᠣᠨ ᠦᠨᠡᠮᠯᠡᠯ᠎ᠤᠨ ᠬᠡᠷᠡᠭᠯᠡᠯᠲᠡᠨᠦᠭᠦᠳᠢ ᠳᠡᠮᠵᠢᠪᠡ᠃ ᠲᠠᠷᠠᠭ᠋ᠠᠴᠢ ᠵᠢᠨ ᠠᠯᠬᠤᠮ᠎ᠳᠤ᠂ 《ᠮᠥᠩᠬᠡ ᠰᠤᠪᠠᠭ》 APP᠎ᠨᠢ ᠠᠵᠤ ᠠᠬᠤᠢ᠌ᠯᠠᠯ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠦᠷᠭᠦᠯᠵᠢᠯᠡᠨ ᠰᠠᠭᠤᠷᠢᠯᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠡᠷᠭᠡ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠬᠠᠮᠤᠷᠬᠤ ᠬᠡᠪᠴᠢᠶ᠎ᠡ᠎ᠪᠠᠷ ᠥᠷᠭᠡᠨ᠂ ᠬᠡᠷᠡᠭᠯᠡᠭᠡᠨ᠎ᠤ ᠳᠠᠪᠲᠠᠮᠵᠢ᠎ᠪᠠᠷ ᠥᠨᠳᠥᠷ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠰᠢᠯᠵᠢᠭᠡ ᠦᠵᠦᠭᠦᠷ ᠳᠠᠰᠢ ᠤᠷᠲᠤᠳᠬᠠᠬᠤ ᠵᠢ ᠢᠳᠡᠪᠬᠢᠲᠡᠶ ᠠᠬᠢᠭᠤᠯᠵᠤ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ 《ᠠᠯᠠᠭ᠋ᠠᠨ ᠳᠡᠭᠡᠷ᠎ᠡ ᠭᠦᠢᠴᠡᠳᠬᠡᠬᠦ》᠂ 《ᠬᠣᠷᠤᠭᠤᠪᠠᠷ ᠭᠦᠢᠴᠡᠳᠬᠡᠬᠦ》 ᠵᠢ ᠪᠡᠶᠡᠯᠡᠭᠦᠯᠵᠦ᠂ 《ᠮᠥᠩᠬᠡ ᠰᠤᠪᠠᠭ》 APP ᠵᠢ ᠠᠵᠤ ᠠᠬᠤᠢ᠌ᠯᠠᠯ ᠣᠯᠠᠨ ᠲᠦᠮᠡᠨ᠎ᠤ 《ᠦᠵᠡᠬᠦ᠎ᠳᠤ ᠡᠪᠲᠡᠢ ᠬᠡᠷᠡᠭᠯᠡᠬᠦ᠎ᠳᠤ ᠳᠦᠭᠦᠮ᠂ ᠦᠷᠭᠦᠯᠵᠢ ᠦᠵᠡᠨ ᠪᠠᠢ᠌ᠩᠭᠤ ᠠᠰᠢᠭᠯᠠᠳᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠢᠯᠵᠢᠮᠡᠯ ᠲᠠᠪᠴᠠᠩ ᠪᠣᠯᠭ᠋ᠠᠨ᠎ᠠ᠃
ᠬᠥᠲᠥᠯᠥᠭᠴᠢ 2021 - 03109᠄ 05
ᠲᠠᠨ᠎ᠤ ᠰᠠᠶᠢ ᠵᠢᠨ ᠳᠤᠷᠠᠳᠤᠭᠰᠠᠨ 《ᠮᠥᠩᠬᠡ ᠰᠤᠪᠠᠭ ᠵᠶ᠋ᠡᠷ ᠬᠦᠢ᠍ᠴᠡᠳᠭᠡᠬᠦ · ᠨᠢᠭᠡ ᠯᠠ ᠤᠳᠠᠭ᠎ᠠ᠎ᠳᠤ ᠭᠦᠢ᠍ᠴᠡᠳᠭᠡᠬᠦ》 ᠭᠡᠳᠡᠭ᠎ᠨᠢ ᠪᠣᠳᠠᠲᠠᠶ ᠶᠠᠭᠤ ᠵᠢ ᠵᠢᠭ᠋ᠠᠵᠤ ᠪᠠᠢ᠌ᠬᠤ ᠪᠤᠢ? ᠡᠨᠡ ᠤᠳᠠᠭ᠎ᠠ᠂ ᠥᠪᠡᠷᠲᠡᠭᠡᠨ ᠵᠠᠰᠠᠬᠤ ᠣᠷᠣᠨ᠎ᠠᠴᠠ ᠨᠡᠢ᠌ᠲᠡᠯᠡᠭᠰᠡᠨ 《〈ᠮᠥᠩᠬᠡ ᠰᠤᠪᠠᠭ〉᠎ᠤᠨ ᠨᠢᠭᠡ ᠯᠡ ᠤᠳᠠᠭ᠎ᠠ᠎ᠳᠤ ᠭᠦᠢᠴᠡᠳᠬᠡᠬᠦ》 ᠠᠵᠢᠯ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠲᠥᠰᠦᠯ》᠎ᠳᠤ ᠴᠥᠮ ᠶᠠᠮᠠᠷ ᠶᠠᠮᠠᠷ ᠣᠨᠴᠠᠯᠢᠭ ᠪᠠ ᠬᠢᠯᠠᠰ ᠴᠡᠭ ᠪᠠᠢ᠌ᠬᠤ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 05
《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠭᠡᠳᠡᠭ᠎ᠢ ᠣᠢ᠌ᠯᠠᠭ᠋ᠠᠮᠵᠢᠲᠠᠶᠪᠠᠷ ᠬᠡᠯᠡᠪᠡᠯ᠂ ᠣᠯᠠᠨ ᠰᠠᠯᠠᠭ᠎ᠠ ᠮᠥᠴᠢᠷ᠎ᠤᠨ ᠰᠢᠢᠳᠪᠦᠷᠢᠯᠡᠬᠦ 《ᠨᠢᠭᠡ ᠯᠡ ᠤᠴᠢᠷ ᠶᠠᠪᠤᠳᠠᠯ》᠎ᠢ ᠣᠯᠠᠨ ᠲᠦᠮᠡᠨ᠎ᠤ ᠨᠢᠳᠦᠨ᠎ᠳᠤ ᠦᠵᠡᠭᠳᠡᠬᠦ 《ᠨᠢᠭᠡ ᠯᠡ ᠶᠠᠪᠤᠳᠠᠯ》 ᠪᠣᠯᠭ᠋ᠠᠨ ᠲᠥᠪᠯᠡᠷᠡᠭᠦᠯᠵᠦ᠂ 《ᠨᠢᠭᠡ ᠯᠡ ᠤᠳᠠᠭ᠎ᠠ ᠮᠡᠳᠡᠭᠦᠯᠬᠦ᠂ ᠨᠢᠭᠡ ᠯᠡ ᠢᠵᠢ ᠬᠦᠰᠦᠨᠦᠭ᠂ ᠨᠢᠭᠡ ᠯᠡ ᠤᠳᠠᠭ᠎ᠠ᠎ᠳᠤ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠬᠠᠮᠲᠤᠷᠠᠨ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠵᠦ ᠳᠠᠭᠤᠰᠬᠠᠬᠤ᠂ ᠨᠢᠭᠡ ᠯᠡ ᠴᠣᠩᠬᠤᠪᠴᠢ᠎ᠪᠠᠷ ᠦᠨᠡᠮᠯᠡᠯ ᠣᠯᠭᠣᠬᠤ》 ᠪᠢᠲᠡᠭᠦᠦ ᠴᠠᠭ᠋ᠠᠷᠢᠭ᠎ᠤᠨ ᠵᠠᠭᠪᠤᠷ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠤᠴᠢᠷ ᠶᠠᠪᠤᠳᠠᠯ ᠭᠦᠢ᠍ᠴᠡᠳᠬᠡᠯᠭᠡᠬᠦ ᠣᠯᠠᠨ ᠲᠦᠮᠡᠨ᠎ᠳᠤ ᠢᠵᠢ ᠦᠢᠯᠡᠴᠢᠯᠡᠭᠡ᠂ ᠭᠣᠤᠯ ᠰᠡᠳᠦᠪᠲᠦ ᠦᠢᠯᠡᠴᠢᠯᠡᠭᠡ ᠬᠠᠩᠭ᠋ᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢᠨ ᠵᠦᠢᠯᠡᠰ᠎ᠢ 《ᠣᠯᠠᠨ ᠲᠠᠯ᠎ᠠ᠎ᠠᠴᠠ ᠬᠠᠮᠢᠶᠠᠷᠬᠤ》 ᠵᠢ 《ᠲᠥᠪᠯᠡᠷᠡᠭᠦᠯᠦᠨ ᠭᠦᠢ᠍ᠴᠡᠳᠬᠡᠬᠦ》 ᠪᠣᠯᠭ᠋ᠠᠨ ᠬᠤᠪᠢᠷᠠᠭᠤᠯᠵᠤ᠂ ᠠᠵᠤ ᠠᠬᠤᠢ᠌ᠯᠠᠯ ᠣᠯᠠᠨ ᠲᠦᠮᠡᠨ᠎ᠤ 《ᠣᠯᠠᠨ ᠤᠳᠠᠭ᠎ᠠ ᠭᠦᠶᠦᠬᠦ》 ᠵᠢ 《ᠨᠢᠭᠡ ᠯᠡ ᠤᠳᠠᠭ᠎ᠠ᠎ᠳᠤ ᠭᠦᠢᠴᠡᠳᠬᠡᠬᠦ》 ᠪᠣᠯᠭ᠋ᠠᠬᠤ ᠵᠢ ᠬᠡᠯᠡᠨ᠎ᠡ᠃ 《ᠨᠢᠭᠡ ᠯᠡ ᠤᠳᠠᠭ᠎ᠠ᠎ᠳᠤ ᠭᠦᠢᠴᠡᠳᠬᠡᠬᠦ》 ᠠᠵᠢᠯ᠎ᠤᠨ ᠬᠡᠷᠡᠭᠵᠢᠭᠦᠯᠬᠦ ᠲᠥᠰᠦᠯ᠎ᠳᠤ 3 ᠭᠣᠤᠯ ᠠᠵᠢᠯ ᠪᠣᠶ᠃ ᠨᠢᠭᠡ᠎ᠳᠤ ᠥᠪᠡᠷᠲᠡᠭᠡᠨ ᠵᠠᠰᠠᠬᠤ ᠣᠷᠣᠨ 《ᠨᠢᠭᠡ ᠶᠠᠪᠤᠳᠠᠯ》᠎ᠤᠨ ᠵᠦᠢᠯᠡᠰ᠎ᠤᠨ ᠨᠠᠷᠢᠨ ᠬᠠᠭᠤᠳᠠᠰᠤ ᠵᠢ ᠨᠢᠭᠡᠳᠦᠯᠲᠡᠶ ᠡᠮᠬᠢᠯᠡᠨ ᠳᠢᠭᠯᠡᠨ᠎ᠡ᠃ ᠡᠯ᠎ᠡ ᠭᠠᠵᠠᠷ᠎ᠤᠨ᠎ᠬᠢᠨ ᠳᠠᠬᠢᠨ ᠳᠠᠪᠲᠠᠨ ᠡᠮᠬᠢᠯᠡᠬᠦ᠎ᠠᠴᠠ ᠵᠠᠢ᠌ᠯᠠᠰᠬᠢᠵᠦ᠂ ᠦᠨᠳᠦᠰᠦᠨ ᠱᠠᠲᠤᠨ᠎ᠤ ᠠᠵᠢᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠡᠯ᠎ᠡ ᠭᠠᠵᠠᠷ᠎ᠤᠨ᠎ᠬᠢᠨ᠎ᠤ 《ᠨᠢᠭᠡ ᠯᠡ ᠤᠳᠠᠭ᠎ᠠ᠎ᠳᠤ ᠭᠦᠢᠴᠡᠳᠬᠡᠬᠦ》 ᠵᠢ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠠᠷ ᠪᠡᠶᠡᠯᠡᠭᠦᠯᠬᠦ ᠵᠢ ᠠᠭᠢᠭᠤᠯᠤᠨ᠎ᠠ᠃ ᠬᠣᠶᠠᠷ᠎ᠲᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ᠎ᠢ ᠨᠢᠭᠡᠳᠦᠯᠲᠡᠶ ᠨᠠᠢ᠌ᠷᠠᠭᠤᠯᠤᠨ ᠵᠣᠬᠢᠶᠠᠨ᠎ᠠ᠃ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ᠎ᠢ ᠪᠦᠷᠢᠯᠳᠦᠭᠦᠯᠵᠦ᠂ ᠡᠯ᠎ᠡ ᠭᠠᠵᠠᠷ᠎ᠤᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠬᠦᠴᠦᠨ ᠵᠦᠢ᠍ᠯ᠎ᠨᠢ ᠨᠢᠭᠡᠳᠦᠯ ᠦᠭᠡᠶ᠂ ᠮᠡᠳᠡᠭᠳᠡᠭᠰᠡᠨ᠎ᠨᠢ ᠪᠣᠳᠠᠲᠠᠢ᠌ᠵᠢᠭᠰᠠᠨ ᠦᠭᠡᠶ᠂ ᠮᠠᠲ᠋ᠧᠷᠢᠶᠠᠯ᠎ᠢ ᠳᠠᠪᠬᠤᠷᠳᠠᠭᠤᠯᠤᠨ ᠲᠤᠰᠢᠶᠠᠭᠰᠠᠨ᠂ ᠠᠵᠢᠯ ᠶᠠᠪᠤᠳᠠᠯ ᠭᠦᠢ᠍ᠴᠡᠳᠬᠡᠬᠦ ᠭᠣᠭᠴᠣᠭ᠎ᠠ ᠣᠯᠠᠨ ᠪᠠᠢ᠌ᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠨ᠎ᠡ᠃ ᠭᠤᠷᠪᠠ᠎ᠳᠤ ᠣᠷᠣᠨ ᠨᠤᠲᠤᠭ᠎ᠤᠨ ᠪᠠᠷᠢᠮᠵᠢᠶ᠎ᠠ ᠵᠢ ᠨᠢᠭᠡᠳᠦᠯᠲᠡᠶ ᠲᠣᠭᠲᠠᠭ᠋ᠠᠨ᠎ᠠ᠃ ᠡᠯ᠎ᠡ ᠭᠠᠵᠠᠷ᠎ᠤᠨ 《ᠨᠢᠭᠡ ᠯᠡ ᠤᠳᠠᠭ᠎ᠠ᠎ᠳᠤ ᠭᠦᠢᠴᠡᠳᠬᠡᠬᠦ》 ᠠᠵᠢᠯ᠎ᠢ ᠠᠯᠢ ᠴᠢᠳᠠᠬᠤ᠎ᠪᠠᠷ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠬᠥᠲᠥᠯᠥᠭᠴᠢ 2021 - 03109᠄ 06
ᠥᠪᠡᠷᠲᠡᠭᠡᠨ ᠵᠠᠰᠠᠬᠤ ᠣᠷᠣᠨ 《ᠮᠥᠩᠬᠡ ᠰᠤᠪᠠᠭ ᠲᠠᠨ᠎ᠢ ᠬᠠᠪᠰᠤᠷᠤᠨ ᠭᠦᠢᠴᠡᠳᠬᠡᠬᠦ》 ᠠᠵᠢᠯ᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠨᠡᠢ᠌ᠲᠡᠯᠡᠵᠦ᠂ ᠭᠣᠤᠯᠳᠠᠭᠤ ᠠᠵᠤ ᠠᠬᠤᠢ᠌ᠯᠠᠯ ᠪᠠ ᠣᠯᠠᠨ ᠲᠦᠮᠡᠨ᠎ᠢ ᠬᠠᠪᠰᠤᠷᠤᠨ ᠶᠠᠮᠠᠷ ᠠᠰᠠᠭᠤᠳᠠᠯ᠎ᠢ ᠰᠢᠢᠳᠪᠦᠷᠢᠯᠡᠵᠦ ᠥᠭᠬᠦ ᠭᠡᠰᠡᠨ ᠪᠣᠶ? ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠶᠠᠮᠠᠷ ᠶᠠᠮᠠᠷ ᠭᠠᠵᠠᠷ ᠣᠷᠣᠨ᠎ᠳᠤ 《ᠮᠥᠩᠬᠡ ᠰᠤᠪᠠᠭ》 ᠦᠢᠯᠡᠴᠢᠯᠡᠭᠡ ᠵᠢ ᠨᠢᠭᠡᠨᠲᠡ ᠥᠷᠨᠢᠭᠦᠯᠦᠭᠰᠡᠨ ᠪᠣᠶ? ᠪᠣᠳᠠᠲᠠᠶ ᠶᠠᠮᠠᠷ ᠲᠥᠷᠥᠯ ᠵᠦᠢᠯ᠎ᠢ ᠣᠷᠣᠯᠠᠨ ᠭᠦᠢᠴᠡᠳᠬᠡᠵᠦ ᠬᠠᠪᠰᠤᠷᠤᠨ ᠭᠦᠢ᠍ᠴᠡᠳᠬᠡᠵᠦ ᠪᠠᠢ᠌ᠬᠤ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 07
《ᠲᠠᠨ᠎ᠢ ᠬᠠᠪᠰᠤᠷᠴᠤ ᠭᠦᠢᠴᠡᠳᠬᠡᠬᠦ》 ᠭᠡᠳᠡᠭ᠎ᠨᠢ ᠠᠵᠤ ᠠᠬᠤᠢ᠌ᠯᠠᠯ᠎ᠤᠨ ᠪᠠᠯᠠ ᠣᠷᠤᠭᠤᠯᠬᠤ ᠲᠥᠷᠥᠯ ᠵᠦᠢᠯ᠎ᠤᠳ᠎ᠢ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠵᠢ ᠵᠢᠭ᠋ᠠᠵᠤ ᠪᠠᠢ᠌ᠨ᠎ᠠ᠃ ᠪᠢᠳᠠ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠲᠤᠰᠬᠠᠢ ᠣᠷᠣᠯᠠᠨ ᠭᠦᠢ᠍ᠴᠡᠳᠬᠡᠬᠦ ᠡᠩᠨᠡᠭᠡ ᠲᠤᠬᠢᠷᠠᠭᠤᠯᠵᠤ᠂ ᠲᠤᠰᠬᠠᠢ ᠴᠤᠩᠬᠤᠪᠴᠢ ᠲᠤᠬᠢᠷᠠᠭᠤᠯᠵᠤ᠂ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠭᠤᠶᠤᠴᠢᠯᠠᠭᠴᠢ᠎ᠳᠤ ᠲᠦᠷᠦ ᠵᠢᠨ ᠪᠤᠳᠤᠯᠭ᠎ᠠ ᠵᠢᠨ ᠯᠠᠪᠯᠠᠭ᠎ᠠ ᠥᠭᠬᠦ᠂ ᠵᠣᠬᠢᠴᠠᠭᠤᠯᠤᠨ ᠠᠬᠢᠭᠤᠯᠬᠤ᠂ ᠬᠠᠮᠵᠢᠨ ᠭᠦᠢ᠍ᠴᠡᠳᠬᠡᠵᠦ ᠬᠠᠪᠰᠤᠷᠤᠨ ᠭᠦᠢ᠍ᠴᠡᠳᠬᠡᠬᠦ ᠵᠡᠷᠭᠡ ᠦᠢ᠍ᠯᠡᠴᠢᠯᠡᠭᠡ ᠬᠠᠩᠭ᠋ᠠᠵᠤ᠂ ᠲᠦᠷᠦᠯ ᠵᠦᠢ᠍ᠯ ᠡᠷᠲᠡᠬᠡᠨ ᠲᠣᠭᠲᠠᠭ᠋ᠠᠬᠤ᠂ ᠠᠵᠢᠯ ᠡᠷᠲᠡᠬᠡᠨ ᠡᠬᠢᠯᠡᠭᠦᠯᠬᠦ᠂ ᠠᠰᠢᠭᠯᠠᠯᠲᠠ᠎ᠳᠤ ᠡᠷᠲᠡᠬᠡᠨ ᠣᠷᠣᠭᠤᠯᠬᠤ ᠵᠢ ᠠᠬᠢᠭᠤᠯᠤᠨ᠎ᠠ᠃ 《ᠲᠠᠨ᠎ᠢ ᠬᠠᠪᠰᠤᠷᠤᠨ ᠭᠦᠢᠴᠡᠳᠬᠡᠬᠦ》 ᠵᠢᠨ ᠬᠡᠷᠡᠭᠵᠢᠭᠦᠯᠬᠦ ᠬᠡᠪᠴᠢᠶ᠎ᠡ ᠪᠣᠯ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠵᠢᠴᠢ ᠬᠠᠤᠯᠢ ᠶᠣᠰᠣᠭ᠋ᠠᠷ ᠪᠠᠢ᠌ᠭᠤᠯᠤᠭᠳᠠᠭᠰᠠᠨ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ (ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠲᠣᠭᠣᠷᠢᠭ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠪᠠᠷᠠᠭ᠋ᠠᠨ᠎ᠤ ᠭᠦᠢᠯᠭᠡᠭᠡᠨ᠎ᠤ ᠬᠦᠷᠢᠶᠡᠯᠡᠩ ᠲᠣᠭᠣᠷᠢᠭ ᠵᠡᠷᠭᠡ ᠵᠢ ᠪᠠᠭᠲᠠᠭ᠋ᠠᠨ᠎ᠠ) ᠪᠣᠯᠤᠨ᠎ᠠ᠃ ᠣᠷᠣᠯᠠᠨ ᠭᠦᠢ᠍ᠴᠡᠳᠬᠡᠵᠦ ᠬᠠᠪᠰᠤᠷᠤᠨ ᠭᠦᠢ᠍ᠴᠡᠳᠬᠡᠬᠦ ᠲᠥᠷᠥᠯ ᠵᠦᠢ᠍ᠯ᠎ᠳᠤ ᠭᠣᠣᠯᠴᠠᠭᠤ ᠭᠤᠷᠪᠠᠨ ᠲᠥᠷᠦᠯ᠎ᠢ ᠪᠠᠭᠲᠠᠨ᠎ᠠ᠄ ᠨᠢᠭᠡ᠎ᠳᠤ ᠰᠢᠶᠠᠨ᠎ᠤ ᠱᠠᠲᠤ ᠪᠠ ᠲᠡᠭᠦᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠭᠣᠣᠯᠳᠠᠯᠭ᠎ᠠ᠎ᠲᠠᠢ ᠪᠡᠯᠡ ᠣᠷᠣᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ; ᠬᠣᠶᠠᠷ᠎ᠲᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠬᠡ ᠲᠥᠷᠥᠯ ᠵᠦᠢ᠍ᠯ; ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠂ ᠤᠯᠤᠰ᠎ᠠᠴᠠ ᠵᠣᠷᠢᠭᠵᠢᠭᠤᠯᠬᠤ ᠲᠥᠷᠥᠯ ᠵᠦᠢ᠍ᠯ ᠵᠡᠷᠭᠡ ᠪᠠᠯᠠ ᠣᠷᠣᠭᠤᠯᠤᠯᠲᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠤᠨ᠎ᠠ᠃ ᠪᠠᠯᠠ ᠣᠷᠣᠭᠤᠯᠤᠯᠲᠠ ᠵᠢᠨ ᠲᠥᠷᠥᠯ ᠵᠦᠢᠯ᠎ᠢ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨᠢ 《ᠱᠠᠲᠤ ᠬᠤᠪᠢᠶᠠᠨ ᠭᠦᠢᠴᠡᠳᠬᠡᠬᠦ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ᠎ᠪᠡᠷ ᠭᠦᠢᠴᠡᠳᠬᠡᠬᠦ》 ᠠᠷᠭ᠎ᠠ ᠵᠢ ᠬᠡᠷᠡᠭᠯᠡᠨ᠎ᠡ᠃ ᠰᠦᠯᠵᠢᠶᠡᠨ ᠭᠠᠳᠠᠨ᠎ᠠ ᠭᠤᠷᠪᠠᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ᠎ᠳᠤ ᠲᠦᠰᠢᠭᠯᠡᠨ 《ᠲᠠᠨ᠎ᠢ ᠬᠠᠪᠰᠤᠷᠤᠨ ᠭᠦᠢᠴᠡᠳᠬᠡᠬᠦ》 ᠴᠣᠩᠬᠤᠪᠴᠢ ᠭᠠᠷᠭ᠋ᠠᠵᠤ᠂ ᠰᠦᠯᠵᠢᠶᠡᠨ ᠳᠡᠭᠡᠷ᠎ᠡ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠦᠯᠵᠢᠶ᠎ᠡ᠂ 《ᠮᠥᠩᠬᠡ ᠰᠤᠪᠠᠭ》 ᠰᠢᠯᠵᠢᠮᠡᠯ ᠦᠵᠦᠭᠦᠷ᠂ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠯᠠᠮᠰᠢᠯ ᠤᠲᠠᠰᠤ᠎ᠳᠤ ᠲᠦᠰᠢᠭᠯᠡᠨ 《ᠲᠠᠨ᠎ᠢ ᠬᠠᠪᠰᠤᠷᠤᠨ ᠭᠦᠢᠴᠡᠳᠬᠡᠬᠦ》 ᠲᠤᠰᠬᠠᠶ ᠪᠤᠯᠤᠩ ᠭᠠᠷᠭ᠋ᠠᠵᠤ᠂ ᠭᠤᠶᠤᠴᠢᠯᠠᠭᠴᠢ᠎ᠳᠤ ᠵᠥᠪᠯᠡᠯᠭᠡ ᠥᠭᠬᠦ᠂ ᠵᠢᠯᠣᠭᠣᠳᠬᠤ᠂ ᠵᠣᠬᠢᠴᠠᠭᠤᠯᠬᠤ ᠪᠠ ᠳᠠᠭ᠋ᠠᠭᠤᠯᠤᠨ ᠭᠦᠢᠴᠡᠳᠬᠡᠬᠦ ᠵᠡᠷᠭᠡ ᠪᠥᠬᠥ ᠲᠠᠯ᠎ᠠ ᠵᠢᠨ ᠦᠢᠯᠡᠴᠢᠯᠡᠭᠡ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ 22 ᠦᠢᠯᠡᠴᠢᠯᠡᠭᠡᠨ᠎ᠤ ᠵᠦᠢᠯᠡᠰ᠎ᠢ ᠨᠢᠭᠡᠳᠦᠯᠲᠡᠶ ᠡᠮᠬᠢᠯᠡᠨ ᠨᠡᠢ᠌ᠲᠡᠯᠡᠵᠦ᠂ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠵᠢᠷᠤᠮᠵᠢᠭᠤᠯᠤᠨ᠂ ᠴᠤᠪᠤᠷᠠᠯ ᠵᠢᠷᠤᠭ᠎ᠤᠨ ᠵᠢᠱ᠌ᠢᠶ᠎ᠡ ᠦᠵᠡᠭᠦᠯᠬᠦ ᠪᠢᠴᠢᠭ ᠬᠠᠷ᠎ᠠ᠂ ᠭᠤᠶᠤᠴᠢᠯᠠᠯ᠎ᠤᠨ ᠬᠦᠰᠦᠨᠦᠭᠲᠦ᠂ ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ ᠵᠡᠷᠭᠡ ᠴᠢᠬᠤᠯᠠ ᠮᠠᠲ᠋ᠧᠷᠢᠶᠠᠯ᠎ᠤᠳ᠎ᠢ ᠳᠠᠷᠤᠮᠠᠯᠯᠠᠨ ᠲᠠᠷᠬᠠᠭ᠋ᠠᠵᠤ᠂ ᠭᠤᠶᠤᠴᠢᠯᠠᠬᠤ᠎ᠠᠴᠠ ᠭᠦᠢᠴᠡᠳᠬᠡᠬᠦ ᠬᠦᠷᠲᠡᠯᠡᠬᠢ ᠪᠥᠬᠥ ᠴᠤᠪᠤᠷᠠᠯ᠎ᠢ ᠬᠠᠮᠤᠷᠬᠤ ᠵᠢ ᠪᠡᠶᠡᠯᠡᠭᠦᠯᠦᠨ᠂ ᠲᠥᠷᠥᠯ ᠵᠦᠢᠯ᠎ᠤᠳ᠎ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃ ᠤᠢ᠍ᠢ᠍ᠷ᠎ᠠ ᠵᠢᠨ ᠵᠢᠯ᠎ᠤᠳ᠎ᠤᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠣᠯ ᠨᠢᠭᠡ ᠤᠳᠠᠭ᠎ᠠ ᠵᠢᠨ ᠭᠦᠨᠵᠡᠭᠡᠢ ᠪᠠᠢ᠌ᠭᠤᠯᠤᠮᠵᠢ ᠵᠢᠨ ᠥᠭᠡᠷᠡᠴᠢᠯᠡᠯᠲᠡ ᠪᠠ ᠳᠦᠷᠢᠮ᠎ᠤᠨ ᠰᠢᠨ᠎ᠡ ᠡᠭᠦᠳᠦᠯᠲᠡ ᠮᠥᠨ᠂ ᠨᠢᠭᠡ ᠵᠦᠢ᠍ᠯ᠎ᠤᠨ ᠰᠠᠭᠤᠷᠢ ᠵᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠂ ᠡᠭᠦᠷᠭᠡ ᠬᠦᠨᠳᠦ ᠵᠠᠮ ᠬᠤᠯᠠ ᠪᠠᠢ᠌ᠨ᠎ᠠ᠂ ᠭᠠᠭᠴᠠ ᠬᠦ᠌ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠳᠦᠷᠢᠮ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭᠵᠢᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠡᠳᠦᠷ ᠳᠤᠳᠤᠮ᠎ᠤᠨ ᠠᠵᠢᠯ᠎ᠤᠳ᠎ᠤᠨ ᠡᠯ᠎ᠡ ᠲᠠᠯ᠎ᠠ᠎ᠳᠤ ᠨᠠᠢ᠌ᠳᠠᠪᠤᠷᠢᠵᠢᠭᠤᠯᠪᠠᠯ ᠰᠠᠶᠢ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠢᠳᠡᠪᠬᠢᠲᠡᠢ ᠬᠦᠴᠦᠨ ᠴᠢᠳᠠᠯ ᠵᠶ᠋ᠠᠨ ᠡᠷᠭᠦᠵᠦ ᠴᠢᠳᠠᠨ᠎ᠠ ᠭᠡᠳᠡᠭ᠎ᠢ ᠪᠢᠳᠠ ᠦᠨᠡᠨ ᠬᠦ᠌ ᠣᠢ᠌ᠯᠠᠭ᠋ᠠᠵᠤ ᠮᠡᠳᠡᠯ᠎ᠡ᠃
ᠬᠥᠲᠥᠯᠥᠭᠴᠢ 2021 - 03109᠄ 09
ᠵᠠ᠂ ᠪᠣᠤ ᠲᠣᠪᠴᠢᠶᠠᠨ ᠳᠠᠷᠤᠭ᠎ᠠ ᠵᠢᠨ ᠬᠦᠯᠢᠴᠡᠩᠭᠦᠶ᠎ᠪᠠᠷ ᠲᠠᠢ᠌ᠯᠤᠮᠵᠢ ᠬᠢᠭᠰᠡᠨ᠎ᠳᠤ ᠪᠠᠶᠠᠷᠯᠠᠯ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠣᠰ ᠬᠤᠭᠤᠴᠠᠭ᠋ᠠᠨ᠎ᠤ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠪᠠᠶᠠᠷᠯᠠᠯ᠎ᠠ! ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠢᠷᠭ᠋ᠠᠵᠤ ᠪᠠᠢ᠌ᠨ᠎ᠠ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ !
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 09
ᠪᠠᠶᠠᠷᠲᠠᠶ!